ᠡᠯ᠎ᠡ ᠠᠢᠮᠠᠭ ᠬᠣᠲᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ ᠂ ᠪᠡᠶ᠎ᠡ᠎ᠶᠢᠨ ᠲᠠᠮᠢᠷ᠎ᠤᠨ ᠲᠣᠪᠴᠢᠶ᠎ᠠ ᠂ ᠮᠠᠨᠵᠤᠤᠷ ᠬᠣᠲᠠ ᠂ ᠡᠷᠢᠶᠡᠨ ᠬᠣᠲᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ ᠂ ᠪᠡᠶ᠎ᠡ᠎ᠶᠢᠨ ᠲᠠᠮᠢᠷ᠎ᠤᠨ ᠲᠣᠪᠴᠢᠶ᠎ᠠ ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠡᠯᠲᠡᠰ ᠂ ᠬᠣᠷᠢᠶ᠎ᠠ᠂ ᠠᠯᠪᠠᠨ ᠭᠡᠷ ᠂ ᠲᠢᠩᠬᠢᠮ ᠂ ᠲᠣᠪᠴᠢᠶ᠎ᠠ᠎ᠶᠢᠨ ᠠᠵᠢᠯᠲᠠᠨ᠎ᠤ ᠶᠠᠪᠤᠳᠠᠯ ( ᠺᠠᠳ᠋ᠷ )᠎ᠤᠨ ᠭᠠᠵᠠᠷ ᠂ ᠡᠯ᠎ᠡ ᠲᠣᠮᠣ᠌ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ( ᠠᠵᠢᠯᠲᠠᠨ᠎ᠤ ᠶᠠᠪᠤᠳᠠᠯ )᠎ᠤᠨ ᠰᠠᠯᠠᠭ᠎ᠠ ᠮᠥᠴᠢᠷ᠎ᠲᠦ᠄
《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶᠢᠨ ᠲᠠᠮᠢᠷ᠎ᠤᠨ ᠴᠤᠪᠤᠷᠠᠯ᠎ᠤᠨ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠭ᠍ᠴᠢ᠎ᠶᠢᠨ ᠮᠡᠷᠭᠡᠵᠢᠯ᠎ᠦᠨ ᠴᠣᠯᠠ᠎ᠶᠢ ᠬᠢᠨᠠᠨ ᠲᠣᠭᠲᠠᠭᠠᠬᠤ ᠨᠥᠬᠥᠴᠡᠯ ( ᠲᠤᠷᠰᠢᠨ ᠬᠡᠷᠡᠭᠵᠢᠭᠦᠯᠬᠦ ) 》᠎ᠢ ᠡᠳᠦᠭᠡ ᠲᠠᠨᠠᠷ᠎ᠲᠤ ᠳᠠᠷᠤᠮᠠᠯᠯᠠᠨ ᠶᠠᠪᠤᠭᠤᠯᠤᠯ᠎ᠠ ᠂ ᠵᠢᠷᠤᠮᠯᠠᠨ ᠬᠡᠷᠡᠭᠵᠢᠭᠦᠯᠲᠦᠭᠡᠢ ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶᠢᠨ ᠲᠠᠮᠢᠷ᠎ᠤᠨ ᠴᠤᠪᠤᠷᠠᠯ᠎ᠤᠨ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠭ᠍ᠴᠢ᠎ᠶᠢᠨ ᠮᠡᠷᠭᠡᠵᠢᠯ᠎ᠦᠨ ᠴᠣᠯᠠ᠎ᠶᠢ ᠬᠢᠨᠠᠨ ᠲᠣᠭᠲᠠᠭᠠᠬᠤ ᠨᠥᠬᠥᠴᠡᠯ ( ᠲᠤᠷᠰᠢᠨ ᠬᠡᠷᠡᠭᠵᠢᠭᠦᠯᠬᠦ )
ᠨᠢᠭᠡᠳᠦᠭᠡᠷ ᠪᠦᠯᠦᠭ ᠶᠡᠷᠦᠩᠬᠡᠢ ᠳᠦᠷᠢᠮ
ᠨᠢᠭᠡᠳᠦᠭᠡᠷ ᠵᠦᠢᠯ 《 ᠮᠡᠷᠭᠡᠵᠢᠯ᠎ᠦᠨ ᠴᠣᠯᠠ᠎ᠶᠢᠨ ᠳᠦᠷᠢᠮ᠎ᠦᠨ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠦᠨ ᠰᠠᠨᠠᠯ 》 ᠂ 《 ᠪᠡᠶ᠎ᠡ᠎ᠶᠢᠨ ᠲᠠᠮᠢᠷ᠎ᠤᠨ ᠲᠤᠰᠬᠠᠢ ᠮᠡᠷᠭᠡᠵᠢᠯ᠎ᠦᠨ ᠠᠵᠢᠯᠲᠠᠨ᠎ᠤ ᠮᠡᠷᠭᠡᠵᠢᠯ᠎ᠦᠨ ᠴᠣᠯᠠ᠎ᠶᠢᠨ ᠳᠦᠷᠢᠮ᠎ᠦᠨ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ ᠲᠤᠬᠠᠢ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ᠎ᠤ ᠰᠠᠨᠠᠯ 》 ( ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ ᠲᠠᠷᠬᠠᠭᠠᠭᠰᠠᠨ [ 2020 ] 76 ᠳ᠋ᠤᠭᠠᠷ ᠲᠣᠭᠠᠲᠤ ) ᠂ 《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠦᠨ 〈 ᠮᠡᠷᠭᠡᠵᠢᠯ᠎ᠦᠨ ᠴᠣᠯᠠ᠎ᠶᠢᠨ ᠳᠦᠷᠢᠮ᠎ᠦᠨ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ ᠲᠤᠬᠠᠢ ᠬᠡᠷᠡᠭᠵᠢᠭᠦᠯᠬᠦ ᠰᠠᠨᠠᠯ〉᠎ᠢ ᠳᠠᠷᠤᠮᠠᠯᠯᠠᠨ ᠲᠠᠷᠬᠠᠭᠠᠬᠤ ᠮᠡᠳᠡᠭᠳᠡᠯ》 ᠪᠠ 《 ᠮᠡᠷᠭᠡᠵᠢᠯ᠎ᠦᠨ ᠴᠣᠯᠠ ᠰᠢᠯᠭᠠᠷᠠᠭᠤᠯᠬᠤ ᠠᠵᠢᠯ᠎ᠢ ᠤᠯᠠᠮ ᠨᠢᠭᠡ ᠠᠯᠬᠤᠮ ᠰᠠᠢᠲᠤᠷ ᠬᠢᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠎ᠦᠨ ᠮᠡᠳᠡᠭᠳᠡᠯ 》 ( ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠎ᠦᠨ ᠲᠠᠷᠬᠠᠭᠠᠭᠰᠠᠨ [ 2022 ] 60 ᠳ᠋ᠤᠭᠠᠷ ᠲᠣᠭᠠᠲᠤ ) ᠵᠡᠷᠭᠡ ᠪᠢᠴᠢᠭ ᠮᠠᠲᠧᠷᠢᠶᠠᠯ᠎ᠤᠨ ᠵᠣᠷᠢᠭ᠋ ᠰᠠᠨᠠᠭ᠎ᠠ᠎ᠶᠢ ᠦᠨᠳᠦᠰᠦᠯᠡᠵᠦ ᠂ ᠴᠢᠳᠠᠪᠤᠷᠢᠲᠠᠨ᠎ᠢ ᠦᠨᠡᠯᠡᠬᠦ᠎ᠶᠢᠨ ᠬᠥᠲᠥᠯᠥᠨ ᠳᠠᠭᠠᠭᠤᠯᠬᠤ ᠦᠢᠯᠡᠳᠦᠯ᠎ᠢ ᠰᠠᠢᠲᠤᠷ ᠪᠠᠳᠠᠷᠠᠭᠤᠯᠵᠤ ᠂ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠬᠤ ᠴᠢᠳᠠᠪᠤᠷᠢᠲᠠᠨ᠎ᠢ ᠰᠢᠨᠵᠢᠯᠡᠬᠦ ᠤᠬᠠᠭᠠᠨᠴᠢ᠎ᠪᠠᠷ᠂ ᠪᠤᠰᠤᠳᠴᠢ᠎ᠪᠠᠷ᠂ ᠲᠥᠪ ᠭᠣᠥᠯᠴᠢ᠎ᠪᠠᠷ ᠦᠨᠡᠯᠡᠵᠦ ᠂ ᠮᠡᠷᠭᠡᠵᠢᠯ᠎ᠦᠨ ᠴᠣᠯᠠ ᠬᠢᠨᠠᠨ ᠲᠣᠭᠲᠠᠭᠠᠬᠤ ᠠᠵᠢᠯ᠎ᠢ ᠳᠦᠷᠢᠮᠵᠢᠭᠦᠯᠬᠦ ᠂ ᠵᠢᠷᠤᠮᠵᠢᠭᠤᠯᠬᠤ ᠂ ᠰᠢᠨᠵᠢᠯᠡᠬᠦ ᠤᠬᠠᠭᠠᠨᠴᠢᠯᠠᠬᠤ᠎ᠶᠢ ᠠᠬᠢᠭᠤᠯᠬᠤ᠎ᠶᠢᠨ ᠲᠤᠰᠠᠳᠠ ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠤᠨ᠂ ᠲᠣᠰ ᠬᠢᠨᠠᠨ ᠲᠣᠭᠲᠠᠭᠠᠬᠤ ᠨᠥᠬᠥᠴᠡᠯ᠎ᠢ ᠲᠣᠭᠲᠠᠭᠠᠪᠠ᠃
ᠬᠣᠶᠠᠳᠤᠭᠠᠷ ᠵᠦᠢᠯ ᠲᠣᠰ ᠬᠢᠨᠠᠨ ᠲᠣᠭᠲᠠᠭᠠᠬᠤ ᠨᠥᠬᠥᠴᠡᠯ᠎ᠢ ᠪᠥᠬᠥ ᠣᠷᠣᠨ᠎ᠤ ᠡᠯ᠎ᠡ ᠱᠠᠲᠤᠨ᠎ᠤ ᠡᠯ᠎ᠡ ᠲᠥᠷᠥᠯ᠎ᠦᠨ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ ᠂ ᠨᠡᠢᠭᠡᠮ᠎ᠦᠨ ᠵᠣᠬᠢᠶᠠᠨ ᠪᠠᠢᠭᠤᠯᠤᠯᠲᠠ ᠂ ᠬᠤᠪᠢ᠎ᠶᠢᠨ ᠠᠵᠤ ᠠᠬᠤᠢ᠎ᠶᠢᠨ ᠵᠣᠬᠢᠶᠠᠨ ᠪᠠᠢᠭᠤᠯᠤᠯᠲᠠ᠎ᠳᠠᠬᠢ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠴᠢᠨᠠᠷᠲᠠᠢ ᠭᠡᠮᠲᠦᠯ ᠪᠠ ᠡᠪᠡᠳᠴᠢᠨ ᠡᠮᠭᠡᠭ᠎ᠢ ᠰᠡᠷᠭᠡᠢᠯᠡᠬᠦ᠂ ᠦᠨᠡᠯᠡᠨ ᠵᠢᠱ᠌ᠢᠬᠦ ᠂ ᠲᠦᠷᠭᠡᠨ ᠠᠪᠤᠷᠠᠬᠤ ᠂ ᠡᠮᠨᠡᠨ ᠵᠠᠰᠠᠬᠤ ᠂ ᠡᠷᠡᠭᠦᠯᠵᠢᠭᠦᠯᠬᠦ ᠵᠡᠷᠭᠡ ᠠᠵᠢᠯ᠎ᠢ ᠡᠷᠭᠢᠯᠡᠨ ᠬᠢᠵᠦ ᠪᠠᠢᠭ᠎ᠠ ᠲᠤᠰᠬᠠᠢ ᠮᠡᠷᠭᠡᠵᠢᠯ᠎ᠦᠨ ᠠᠵᠢᠯᠲᠠᠨ᠎ᠳᠤ ᠬᠡᠷᠡᠭᠯᠡᠨ᠎ᠡ ᠃
ᠭᠤᠷᠪᠠᠳᠤᠭᠠᠷ ᠵᠦᠢᠯ ᠲᠣᠰ ᠬᠢᠨᠠᠨ ᠲᠣᠭᠲᠠᠭᠠᠬᠤ ᠨᠥᠬᠥᠴᠡᠯ ᠨᠢ ᠶᠣᠰᠣ᠌ ᠮᠣᠷᠠᠯ ᠂ ᠴᠢᠳᠠᠪᠤᠷᠢ ᠪᠠ ᠠᠵᠢᠯ᠎ᠤᠨ ᠠᠮᠵᠢᠯᠲᠠ᠎ᠶᠢ ᠦᠨᠡᠯᠡᠬᠦ ᠤᠳᠤᠷᠢᠳᠤᠮᠵᠢ᠎ᠶᠢ ᠳᠣᠪᠣᠶ᠋ᠢᠯᠭᠠᠵᠤ ᠂ ᠠᠵᠢᠯ ᠮᠡᠷᠭᠡᠵᠢᠯ᠎ᠦᠨ ᠶᠣᠰᠣ᠌ ᠮᠣᠷᠠᠯ᠎ᠢ ᠦᠨᠡᠯᠡᠬᠦ ᠶᠢ ᠲᠡᠷᠢᠭᠦᠨ ᠪᠠᠢᠷᠢᠨ᠎ᠳᠤ ᠲᠠᠯᠪᠢᠬᠤ᠎ᠶᠢ ᠪᠠᠷᠢᠮᠲᠠᠯᠠᠨ ᠂ ᠬᠠᠤᠯᠢ᠎ᠠᠴᠠ ᠵᠥᠷᠢᠴᠡᠭᠰᠡᠨ ᠂ ᠢᠲᠡᠭᠡᠯ ᠠᠯᠳᠠᠭᠰᠠᠨ ᠪᠠ ᠡᠷᠳᠡᠮ ᠰᠢᠨᠵᠢᠯᠡᠭᠡᠨ᠎ᠦ ᠲᠥᠪ ᠪᠤᠰᠤ ᠬᠥᠮᠥᠰ᠎ᠢ ᠬᠢᠨᠠᠨ ᠲᠣᠭᠲᠠᠭᠠᠬᠤ ᠳᠤᠮᠳᠠ ᠨᠢᠭᠡ ᠪᠢᠯᠧᠲ᠎ᠢᠶᠡᠷ ᠦᠭᠡᠢᠰᠭᠡᠬᠦ᠎ᠶᠢ ᠬᠡᠷᠡᠭᠵᠢᠭᠦᠯᠵᠦ ᠂ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠭ᠍ᠴᠢ᠎ᠶᠢ ᠵᠣᠷᠢᠭ᠍ᠵᠢᠭᠤᠯᠤᠨ ᠠᠵᠢᠯ ᠮᠡᠷᠭᠡᠵᠢᠯ᠎ᠦᠨ ᠶᠣᠰᠣ᠌ ᠮᠣᠷᠠᠯ᠎ᠤᠨ ᠰᠠᠬᠢᠯᠭ᠎ᠠ᠎ᠶᠢ ᠳᠡᠭᠡᠭᠰᠢᠯᠡᠭᠦᠯᠦᠨ᠎ᠡ ᠃ ᠴᠢᠳᠠᠪᠤᠷᠢᠲᠠᠨ᠎ᠤ ᠲᠤᠰᠬᠠᠢ ᠮᠡᠷᠭᠡᠵᠢᠯ᠎ᠦᠨ ᠴᠢᠨᠠᠷ ᠂ ᠰᠢᠨ᠎ᠡ᠎ᠶᠢ ᠡᠭᠦᠳᠬᠦ ᠴᠢᠨᠠᠷ ᠪᠠ ᠪᠣᠳᠠᠲᠠᠢ ᠬᠤᠪᠢ ᠨᠡᠮᠡᠷᠢ᠎ᠶᠢ ᠰᠢᠯᠭᠠᠨ ᠪᠠᠢᠴᠠᠭᠠᠬᠤ᠎ᠶᠢ ᠴᠢᠬᠤᠯᠠᠴᠢᠯᠠᠵᠤ ᠂ ᠰᠤᠷᠤᠯᠭ᠎ᠠ᠎ᠶᠢᠨ ᠨᠠᠮᠲᠠᠷ ᠂ ᠬᠢᠷᠢ ᠬᠡᠮ ᠂ ᠥᠭᠦᠯᠡᠯ ᠂ ᠱᠠᠩᠨᠠᠯ᠎ᠤᠨ ᠵᠦᠢᠯ᠎ᠢ ᠯᠡ ᠡᠷᠬᠢᠮᠯᠡᠬᠦ ᠬᠡᠯᠪᠡᠷᠢᠯ᠎ᠢ ᠲᠡᠪᠴᠢᠨ᠎ᠡ ᠃
ᠳᠥᠷᠪᠡᠳᠦᠭᠡᠷ ᠵᠦᠢᠯ ᠪᠡᠶ᠎ᠡ᠎ᠶᠢᠨ ᠲᠠᠮᠢᠷ᠎ᠤᠨ ᠴᠤᠪᠤᠷᠠᠯ᠎ᠤᠨ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠭ᠍ᠴᠢ᠎ᠶᠢᠨ ᠲᠤᠰᠬᠠᠢ ᠮᠡᠷᠭᠡᠵᠢᠯ᠎ᠦᠨ ᠠᠵᠢᠯᠲᠠᠨ᠎ᠤ ᠮᠡᠷᠭᠡᠵᠢᠯ᠎ᠦᠨ ᠴᠣᠯᠠ᠎ᠶᠢ ᠵᠢᠩᠬᠢᠨᠢ ᠳᠡᠭᠡᠳᠦ ᠵᠡᠷᠭᠡ ᠂ ᠳᠡᠳ᠋ ᠳᠡᠭᠡᠳᠦ ᠵᠡᠷᠭᠡ ᠂ ᠳᠤᠮᠳᠠ ᠵᠡᠷᠭᠡ ᠪᠠ ᠠᠩᠬ᠎ᠠ ᠵᠡᠷᠭᠡ ᠭᠡᠵᠦ ᠲᠣᠬᠢᠷᠠᠭᠤᠯᠤᠨ᠎ᠠ ᠂ ᠬᠠᠷᠠᠭᠠᠯᠵᠠᠭᠰᠠᠨ ᠮᠡᠷᠭᠡᠵᠢᠯ᠎ᠦᠨ ᠴᠣᠯᠠ᠎ᠶᠢᠨ ᠨᠡᠷᠡᠢᠳᠦᠯ ᠨᠢ ᠲᠠᠰ ᠳᠠᠷᠠᠭᠠᠯᠠᠨ ᠵᠢᠩᠬᠢᠨᠢ ᠳᠡᠭᠡᠳᠦ ᠵᠡᠷᠭᠡ᠎ᠶᠢᠨ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠭ᠍ᠴᠢ ᠂ ᠳᠡᠭᠡᠳᠦ ᠵᠡᠷᠭᠡ᠎ᠶᠢᠨ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠭ᠍ᠴᠢ ᠂ ᠳᠤᠮᠳᠠ ᠵᠡᠷᠭᠡ᠎ᠶᠢᠨ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠭ᠍ᠴᠢ ᠂ ᠠᠩᠬ᠎ᠠ ᠵᠡᠷᠭᠡ᠎ᠶᠢᠨ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠭ᠍ᠴᠢ ᠪᠣᠯᠣᠨ᠎ᠠ ᠃ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠭ᠍ᠴᠢ᠎ᠶᠢᠨ ᠲᠤᠰᠬᠠᠢ ᠮᠡᠷᠭᠡᠵᠢᠯ᠎ᠦᠨ ᠠᠵᠢᠯᠲᠠᠨ᠎ᠤ ᠮᠡᠷᠭᠡᠵᠢᠯ᠎ᠦᠨ ᠴᠣᠯᠠ ᠬᠢᠭᠡᠳ ᠠᠵᠢᠯ ᠦᠢᠯᠡᠰ᠎ᠦᠨ ᠨᠢᠭᠡᠴᠢ᠎ᠶᠢᠨ ᠲᠤᠰᠬᠠᠢ ᠮᠡᠷᠭᠡᠵᠢᠯ᠎ᠦᠨ ᠠᠵᠢᠯ᠎ᠤᠨ ᠪᠠᠢᠷᠢ᠎ᠶᠢᠨ ᠲᠣᠬᠢᠷᠠᠭᠤᠯᠤᠯᠲᠠ᠎ᠶᠢ ᠬᠠᠷᠢᠯᠴᠠᠨ ᠵᠣᠯᠭᠠᠭᠤᠯᠵᠤ ᠂ ᠵᠢᠩᠬᠢᠨᠢ ᠳᠡᠭᠡᠳᠦ ᠵᠡᠷᠭᠡ ᠨᠢ ᠲᠤᠰᠬᠠᠢ ᠮᠡᠷᠭᠡᠵᠢᠯ᠎ᠦᠨ ᠠᠵᠢᠯ᠎ᠤᠨ ᠪᠠᠢᠷᠢ᠎ᠶᠢᠨ ᠨᠢᠭᠡ᠎ᠡᠴᠡ ᠳᠥᠷᠪᠡᠳᠦᠭᠡᠷ ᠳᠡᠰ ᠲᠠᠢ ᠬᠠᠷᠠᠭᠠᠯᠵᠠᠵᠤ ᠂ ᠳᠡᠳ᠋ ᠳᠡᠭᠡᠳᠦ ᠵᠡᠷᠭᠡ ᠨᠢ ᠲᠤᠰᠬᠠᠢ ᠮᠡᠷᠭᠡᠵᠢᠯ᠎ᠦᠨ ᠠᠵᠢᠯ᠎ᠤᠨ ᠪᠠᠢᠷᠢ᠎ᠶᠢᠨ ᠲᠠᠪᠤ᠎ᠠᠴᠠ ᠳᠣᠯᠣᠳᠤᠭᠠᠷ ᠳᠡᠰ ᠲᠠᠢ ᠬᠠᠷᠠᠭᠠᠯᠵᠠᠵᠤ ᠂ ᠳᠤᠮᠳᠠ ᠵᠡᠷᠭᠡ ᠨᠢ ᠲᠤᠰᠬᠠᠢ ᠮᠡᠷᠭᠡᠵᠢᠯ᠎ᠦᠨ ᠠᠵᠢᠯ᠎ᠤᠨ ᠪᠠᠢᠷᠢ᠎ᠶᠢᠨ ᠨᠠᠢ᠍ᠮᠠ᠎ᠠᠴᠠ ᠠᠷᠪᠠᠳᠤᠭᠠᠷ ᠳᠡᠰ ᠲᠠᠢ ᠬᠠᠷᠠᠭᠠᠯᠵᠠᠵᠤ ᠂ ᠠᠩᠬ᠎ᠠ ᠵᠡᠷᠭᠡ ᠨᠢ ᠲᠤᠰᠬᠠᠢ ᠮᠡᠷᠭᠡᠵᠢᠯ᠎ᠦᠨ ᠠᠵᠢᠯ᠎ᠤᠨ ᠪᠠᠢᠷᠢ᠎ᠶᠢᠨ ᠠᠷᠪᠠᠨ ᠨᠢᠭᠡ᠎ᠡᠴᠡ ᠠᠷᠪᠠᠨ ᠭᠤᠷᠪᠠᠳᠤᠭᠠᠷ ᠳᠡᠰ ᠲᠠᠢ ᠲᠣᠰ ᠲᠣᠰ ᠬᠠᠷᠠᠭᠠᠯᠵᠠᠨ᠎ᠠ ᠃
ᠲᠠᠪᠤᠳᠤᠭᠠᠷ ᠵᠦᠢᠯ ᠳᠡᠭᠡᠳᠦ ᠮᠡᠷᠭᠡᠵᠢᠯ᠎ᠦᠨ ᠴᠢᠳᠠᠪᠤᠷᠢᠲᠠᠨ ᠪᠠ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠭ᠍ᠴᠢ᠎ᠶᠢᠨ ᠲᠤᠰᠬᠠᠢ ᠮᠡᠷᠭᠡᠵᠢᠯ᠎ᠦᠨ ᠴᠢᠳᠠᠪᠤᠷᠢᠲᠠᠨ᠎ᠤ ᠠᠵᠢᠯ ᠮᠡᠷᠭᠡᠵᠢᠯ᠎ᠦᠨ ᠬᠥᠭᠵᠢᠯᠲᠡ᠎ᠶᠢᠨ ᠵᠠᠮ᠎ᠢ ᠨᠡᠪᠲᠡᠷᠡᠭᠦᠯᠦᠨ᠎ᠡ᠃ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠭ᠍ᠴᠢ᠎ᠶᠢᠨ ᠬᠠᠮᠢᠶ᠎ᠠ ᠪᠦᠬᠦᠢ ᠬᠦᠷᠢᠶ᠎ᠡ ᠴᠠᠷᠠᠭ᠎ᠠ᠎ᠳᠤ ᠮᠡᠷᠭᠡᠵᠢᠯ ᠤᠷ᠎ᠠ ᠴᠢᠳᠠᠪᠤᠷᠢ᠎ᠶᠢᠨ ᠠᠵᠢᠯ ᠬᠢᠵᠦ ᠪᠠᠢᠭ᠎ᠠ ᠳᠡᠭᠡᠳᠦ ᠮᠡᠷᠭᠡᠵᠢᠯ᠎ᠦᠨ ᠴᠢᠳᠠᠪᠤᠷᠢᠲᠠᠨ ᠂ ᠵᠣᠬᠢᠬᠤ ᠨᠥᠬᠥᠴᠡᠯ᠎ᠳᠦ ᠨᠡᠢᠴᠡᠪᠡᠯ ᠂ ᠲᠣᠰ ᠲᠤᠰᠬᠠᠢ ᠮᠡᠷᠭᠡᠵᠢᠯ᠎ᠦᠨ ᠮᠡᠷᠭᠡᠵᠢᠯ᠎ᠦᠨ ᠴᠣᠯᠠ᠎ᠶᠢᠨ ᠰᠢᠯᠭᠠᠷᠠᠭᠤᠯᠤᠯᠲᠠ᠎ᠳᠤ ᠣᠷᠣᠯᠴᠠᠵᠤ ᠪᠣᠯᠣᠨ᠎ᠠ ᠃
ᠵᠢᠷᠭᠤᠳᠤᠭᠠᠷ ᠵᠦᠢᠯ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠭ᠍ᠴᠢ᠎ᠶᠢᠨ ᠲᠤᠰᠬᠠᠢ ᠮᠡᠷᠭᠡᠵᠢᠯ᠎ᠦᠨ ᠠᠵᠢᠯᠲᠠᠨ᠎ᠤ ᠮᠡᠷᠭᠡᠵᠢᠯ᠎ᠦᠨ ᠴᠣᠯᠠ᠎ᠶᠢ ᠵᠣᠬᠢᠬᠤ ᠬᠢᠨᠠᠨ ᠲᠣᠭᠲᠠᠭᠠᠬᠤ ᠺᠣᠮᠢᠰ᠎ᠠᠴᠠ ᠬᠢᠨᠠᠨ ᠲᠣᠭᠲᠠᠭᠠᠬᠤ᠎ᠪᠠᠷ ᠳᠡᠮᠵᠢᠨ ᠂ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ᠎ᠡᠴᠡ ᠬᠢᠨᠠᠨ ᠬᠠᠷᠭᠤᠭᠤᠯᠵᠤ ᠳᠠᠩᠰᠠᠯᠠᠭᠰᠠᠨ᠎ᠤ ᠲᠠᠷᠠᠭ᠎ᠠ ᠰᠠᠶᠢ ᠣᠯᠭᠣᠨ᠎ᠠ ᠃
ᠬᠣᠶᠠᠳᠤᠭᠠᠷ ᠪᠦᠯᠦᠭ ᠭᠤᠶᠤᠴᠢᠯᠠᠨ ᠮᠡᠳᠡᠭᠦᠯᠬᠦ ᠦᠨᠳᠦᠰᠦᠨ ᠨᠥᠬᠥᠴᠡᠯ
ᠳᠣᠯᠣᠳᠤᠭᠠᠷ ᠵᠦᠢᠯ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠭ᠍ᠴᠢ᠎ᠶᠢᠨ ᠮᠡᠷᠭᠡᠵᠢᠯ᠎ᠦᠨ ᠴᠣᠯᠠ ᠣᠯᠬᠤ᠎ᠪᠠᠷ ᠭᠤᠶᠤᠴᠢᠯᠠᠨ ᠮᠡᠳᠡᠭᠦᠯᠦᠭᠰᠡᠨ ᠬᠥᠮᠥᠰ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶᠢ ᠬᠦᠷᠢᠶᠡᠯᠡᠵᠦ᠂ ᠡᠬᠡ ᠤᠯᠤᠰ᠎ᠢᠶᠠᠨ ᠬᠠᠢᠷᠠᠯᠠᠵᠤ᠂ ᠪᠦᠬᠦᠳᠠ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠨ ᠬᠠᠤᠯᠢ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ᠎ᠢ ᠵᠢᠷᠤᠮᠯᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠣᠣᠯ ᠰᠢᠵᠢᠮ ᠪᠣᠯᠭᠠᠬᠤ᠎ᠶᠢ ᠪᠠᠷᠢᠮᠲᠠᠯᠠᠵᠤ᠂ ᠨᠡᠢᠭᠡᠮ ᠵᠢᠷᠤᠮ᠎ᠤᠨ ᠭᠣᠣᠯᠯᠠᠭ᠍ᠴᠢ ᠦᠷᠳᠡᠭ᠎ᠦᠨ ᠦᠵᠡᠯᠲᠡ᠎ᠶᠢ ᠦᠢᠯᠡᠳᠦᠯᠭᠡᠵᠢᠭᠦᠯᠦᠨ᠎ᠡ ᠃ ᠰᠠᠢᠨ ᠰᠠᠢᠬᠠᠨ ᠠᠵᠢᠯ ᠮᠡᠷᠭᠡᠵᠢᠯ᠎ᠦᠨ ᠶᠣᠰᠣ᠌ ᠮᠣᠷᠠᠯ ᠪᠠ ᠠᠵᠢᠯ ᠦᠢᠯᠡᠰ᠎ᠢᠶᠡᠨ ᠳᠡᠭᠡᠳᠦᠯᠡᠬᠦ ᠵᠣᠷᠢᠭ᠋ ᠰᠠᠨᠠᠭ᠎ᠠ᠎ᠲᠠᠢ ᠪᠠᠢᠵᠤ᠂ ᠣᠪᠣᠷ ᠰᠤᠷᠲᠠᠯ ᠨᠢ ᠲᠥᠪ ᠪᠠᠢᠬᠤ ᠬᠡᠷᠡᠭᠲᠡᠢ ; ᠲᠤᠬᠠᠢᠯᠠᠭᠰᠠᠨ ᠠᠵᠢᠯ᠎ᠢᠶᠠᠨ ᠬᠠᠢᠷᠠᠯᠠᠵᠤ ᠂ ᠵᠣᠬᠢᠬᠤ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠭ᠍ᠴᠢ᠎ᠶᠢᠨ ᠲᠤᠰᠬᠠᠢ ᠮᠡᠷᠭᠡᠵᠢᠯ᠎ᠦᠨ ᠮᠡᠳᠡᠯᠭᠡ ᠪᠠ ᠲᠤᠬᠠᠢᠯᠠᠭᠰᠠᠨ ᠠᠵᠢᠯ᠎ᠤᠨ ᠤᠷ᠎ᠠ ᠴᠢᠳᠠᠪᠤᠷᠢ᠎ᠲᠠᠢ ᠪᠠᠢᠵᠤ ᠂ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶᠢᠨ ᠲᠠᠮᠢᠷ᠎ᠤᠨ ᠦᠢᠯᠡᠰ ᠪᠠ ᠠᠵᠤ ᠠᠬᠤᠢ ᠨᠡᠢᠭᠡᠮ᠎ᠦᠨ ᠬᠥᠭᠵᠢᠯᠲᠡ᠎ᠳᠦ ᠢᠳᠡᠪᠬᠢᠲᠡᠢ᠎ᠪᠡᠷ ᠦᠢᠯᠡᠴᠢᠯᠡᠬᠦ ᠬᠡᠷᠡᠭᠲᠡᠢ ᠃
ᠨᠠᠢ᠍ᠮᠠᠳᠤᠭᠠᠷ ᠵᠦᠢᠯ ᠣᠲᠣ᠌᠎ᠶᠢᠨ ᠲᠤᠰᠢᠶᠠᠯ᠎ᠳᠤ ᠭᠠᠷᠤᠭᠰᠠᠨ᠎ᠠᠴᠠ ᠨᠠᠭᠠᠰᠢᠬᠢ ᠣᠢᠷ᠎ᠠ᠎ᠶᠢᠨ 3 ᠵᠢᠯ᠎ᠦᠨ ᠣᠨ᠎ᠤ ᠬᠢᠨᠠᠨ ᠰᠢᠯᠭᠠᠯᠲᠠ᠎ᠳᠤ ᠬᠢᠷᠢ ᠲᠡᠩᠴᠡᠭᠰᠡᠨ ( ᠲᠤᠰᠢᠶᠠᠯ᠎ᠳᠠᠭᠠᠨ ᠲᠡᠩᠴᠡᠭᠰᠡᠨ ) ᠵᠢᠴᠢ ᠲᠡᠭᠦᠨ᠎ᠡᠴᠡ ᠳᠡᠭᠡᠭᠰᠢ ᠪᠠᠢᠵᠤ ᠂ ᠥᠪᠡᠷᠲᠡᠭᠡᠨ ᠵᠠᠰᠠᠬᠤ ᠣᠷᠣᠨ᠎ᠤ ᠦᠷᠭᠦᠯᠵᠢᠯᠡᠭᠰᠡᠨ ᠰᠤᠷᠭᠠᠨ ᠬᠥᠮᠦᠵᠢᠯ᠎ᠦᠨ ᠬᠣᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠬᠠᠷᠠᠭᠠᠯᠵᠠᠭᠰᠠᠨ ᠦᠷᠭᠦᠯᠵᠢᠯᠡᠭᠰᠡᠨ ᠰᠤᠷᠭᠠᠨ ᠬᠥᠮᠦᠵᠢᠯ ᠪᠠ ᠬᠠᠮᠢᠶ᠎ᠠ ᠪᠦᠬᠦᠢ ᠪᠣᠯᠪᠠᠰᠤᠷᠠᠯ᠎ᠳᠤ ᠣᠷᠣᠯᠴᠠᠭᠰᠠᠨ ᠪᠠᠢᠬᠤ ᠬᠡᠷᠡᠭᠲᠡᠢ ᠃
ᠶᠢᠰᠦᠳᠦᠭᠡᠷ ᠵᠦᠢᠯ ᠰᠤᠷᠤᠯᠭ᠎ᠠ᠎ᠶᠢᠨ ᠨᠠᠮᠲᠠᠷ ( ᠡᠷᠳᠡᠮ᠎ᠦᠨ ᠴᠣᠯᠠ )᠂ ᠬᠢᠷᠢ ᠬᠡᠮ᠎ᠦᠨ ᠨᠥᠬᠥᠴᠡᠯ
ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠭ᠍ᠴᠢ᠎ᠶᠢᠨ ᠮᠡᠷᠭᠡᠵᠢᠯ᠎ᠦᠨ ᠴᠣᠯᠠ᠎ᠶᠢ ᠭᠤᠶᠤᠴᠢᠯᠠᠨ ᠮᠡᠳᠡᠭᠦᠯᠦᠭᠰᠡᠳ ᠨᠢ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠠᠨᠠᠭᠠᠬᠤ ᠤᠬᠠᠭᠠᠨ ᠂ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠯᠲᠠ ᠂ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠡᠷᠡᠭᠦᠯᠵᠢᠯ ᠂ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠪᠣᠯᠪᠠᠰᠤᠷᠠᠯ ᠂ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠢᠨᠵᠢᠯᠡᠬᠦ ᠤᠬᠠᠭᠠᠨ ᠪᠤᠶᠤ ᠠᠨᠠᠭᠠᠬᠤ ᠤᠬᠠᠭᠠᠨ ᠂ ᠡᠷᠡᠭᠦᠯᠵᠢᠯ᠎ᠦᠨ ᠤᠬᠠᠭᠠᠨ ᠵᠡᠷᠭᠡ ᠬᠠᠮᠢᠶ᠎ᠠ ᠪᠦᠬᠦᠢ ᠲᠤᠰᠬᠠᠢ ᠮᠡᠷᠭᠡᠵᠢᠯ ᠪᠤᠶᠤ ᠴᠢᠭᠯᠡᠯ᠎ᠢ ᠪᠦᠷᠢᠯᠳᠦᠭᠦᠯᠦᠭᠰᠡᠨ ᠪᠠᠢᠬᠤ ᠬᠡᠷᠡᠭᠲᠡᠢ ᠃
( ᠨᠢᠭᠡ ) ᠵᠢᠩᠬᠢᠨᠢ ᠳᠡᠭᠡᠳᠦ ᠵᠡᠷᠭᠡ᠎ᠶᠢᠨ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠭ᠍ᠴᠢ᠎ᠶᠢᠨ ᠮᠡᠷᠭᠡᠵᠢᠯ᠎ᠦᠨ ᠴᠣᠯᠠ᠎ᠶᠢ ᠭᠤᠶᠤᠴᠢᠯᠠᠨ ᠮᠡᠳᠡᠭᠦᠯᠬᠦ᠎ᠳᠦ ᠡᠷᠬᠡᠪᠰᠢ ᠪᠦᠷᠢᠯᠳᠦᠭᠦᠯᠬᠦ ᠴᠢᠬᠤᠯᠠᠲᠠᠢ ᠨᠥᠬᠥᠴᠡᠯ᠄
ᠳᠡᠭᠡᠳᠦ ᠵᠡᠷᠭᠡ᠎ᠶᠢᠨ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠭ᠍ᠴᠢ᠎ᠶᠢᠨ ᠮᠡᠷᠭᠡᠵᠢᠯ᠎ᠦᠨ ᠴᠣᠯᠠ ᠣᠯᠣᠭᠰᠠᠨ ᠪᠥᠭᠡᠳ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠬᠤ ᠲᠤᠰᠬᠠᠢ ᠮᠡᠷᠭᠡᠵᠢᠯ᠎ᠦᠨ ᠠᠵᠢᠯ ᠬᠢᠭᠡᠳ ᠪᠦᠬᠦᠯᠢ 5 ᠵᠢᠯ ᠪᠣᠯᠣᠭᠰᠠᠨ ᠃
( ᠬᠣᠶᠠᠷ ) ᠳᠡᠭᠡᠳᠦ ᠵᠡᠷᠭᠡ᠎ᠶᠢᠨ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠭ᠍ᠴᠢ᠎ᠶᠢᠨ ᠮᠡᠷᠭᠡᠵᠢᠯ᠎ᠦᠨ ᠴᠣᠯᠠ᠎ᠶᠢ ᠮᠡᠳᠡᠭᠦᠯᠬᠦ᠎ᠳᠦ ᠡᠷᠬᠡᠪᠰᠢ ᠳᠣᠣᠷ᠎ᠠ ᠵᠢᠭ᠍ᠰᠠᠭᠠᠭᠰᠠᠨ ᠨᠥᠬᠥᠴᠡᠯ᠎ᠦᠳ᠎ᠦᠨ ᠨᠢᠭᠡ᠎ᠶᠢ ᠪᠦᠷᠢᠯᠳᠦᠭᠦᠯᠦᠭᠰᠡᠨ ᠪᠠᠢᠬᠤ ᠬᠡᠷᠡᠭᠲᠡᠢ᠄
1. ᠳ᠋ᠣᠺᠲ᠋ᠣᠷ ᠴᠣᠯᠠ᠎ᠲᠠᠢ ᠪᠠᠢᠪᠠᠯ ᠂ ᠳᠤᠮᠳᠠ ᠵᠡᠷᠭᠡ᠎ᠶᠢᠨ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠭ᠍ᠴᠢ᠎ᠶᠢᠨ ᠮᠡᠷᠭᠡᠵᠢᠯ᠎ᠦᠨ ᠴᠣᠯᠠ ᠣᠯᠣᠭᠰᠠᠨ ᠪᠥᠭᠡᠳ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠬᠤ ᠲᠤᠰᠬᠠᠢ ᠮᠡᠷᠭᠡᠵᠢᠯ᠎ᠦᠨ ᠠᠵᠢᠯ᠎ᠢ ᠪᠦᠬᠦᠯᠢ 2 ᠵᠢᠯ ᠬᠢᠭᠰᠡᠨ ᠪᠠᠢᠬᠤ ᠬᠡᠷᠡᠭᠲᠡᠢ ᠃
2. ᠳᠤᠮᠳᠠ ᠵᠡᠷᠭᠡ᠎ᠶᠢᠨ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠭ᠍ᠴᠢ᠎ᠶᠢᠨ ᠮᠡᠷᠭᠡᠵᠢᠯ᠎ᠦᠨ ᠴᠣᠯᠠ ᠣᠯᠣᠭᠰᠠᠨ᠎ᠤ ᠲᠡᠷᠡᠭ᠎ᠠ᠂ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠬᠤ ᠲᠤᠰᠬᠠᠢ ᠮᠡᠷᠭᠡᠵᠢᠯ᠎ᠦᠨ ᠠᠵᠢᠯ᠎ᠢ ᠬᠢᠭᠡᠳ ᠪᠦᠬᠦᠯᠢ 5 ᠵᠢᠯ ᠪᠣᠯᠤᠭᠰᠠᠨ᠃
( ᠭᠤᠷᠪᠠ ) ᠳᠤᠮᠳᠠ ᠵᠡᠷᠭᠡ᠎ᠶᠢᠨ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠭ᠍ᠴᠢ᠎ᠶᠢᠨ ᠮᠡᠷᠭᠡᠵᠢᠯ᠎ᠦᠨ ᠴᠣᠯᠠ᠎ᠶᠢ ᠮᠡᠳᠡᠭᠦᠯᠬᠦ᠎ᠳᠦ ᠡᠷᠬᠡᠪᠰᠢ ᠳᠣᠣᠷ᠎ᠠ ᠵᠢᠭ᠍ᠰᠠᠭᠠᠭᠰᠠᠨ ᠨᠥᠬᠥᠴᠡᠯ᠎ᠦᠳ᠎ᠦᠨ ᠨᠢᠭᠡ᠎ᠶᠢ ᠪᠦᠷᠢᠯᠳᠦᠭᠦᠯᠦᠭᠰᠡᠨ ᠪᠠᠢᠬᠤ ᠬᠡᠷᠡᠭᠲᠡᠢ᠄
1. ᠳ᠋ᠣᠺᠲ᠋ᠣᠷ ᠴᠣᠯᠠ᠎ᠲᠠᠢ ᠪᠠᠢᠬᠤ᠃
2. ᠮᠠᠰᠲᠧᠷ ᠴᠣᠯᠠ᠎ᠲᠠᠢ ᠂ ᠠᠩᠬ᠎ᠠ ᠵᠡᠷᠭᠡ᠎ᠶᠢᠨ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠭ᠍ᠴᠢ᠎ᠶᠢᠨ ᠮᠡᠷᠭᠡᠵᠢᠯ᠎ᠦᠨ ᠴᠣᠯᠠ ᠣᠯᠣᠭᠰᠠᠨ ᠪᠥᠭᠡᠳ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠯᠲᠠ᠎ᠶᠢᠨ ᠲᠤᠰᠬᠠᠢ ᠮᠡᠷᠭᠡᠵᠢᠯ᠎ᠦᠨ ᠠᠵᠢᠯ᠎ᠢ ᠪᠦᠬᠦᠯᠢ 2 ᠵᠢᠯ ᠬᠢᠭᠰᠡᠨ ᠪᠠᠢᠬᠤ ᠃
3. ᠶᠡᠬᠡ ᠰᠤᠷᠭᠠᠭᠤᠯᠢ᠎ᠶᠢᠨ ᠵᠢᠩᠬᠢᠨᠢ ᠠᠩᠭᠢ᠎ᠶᠢᠨ ᠰᠤᠷᠤᠯᠭ᠎ᠠ᠎ᠶᠢᠨ ᠨᠠᠮᠲᠠᠷ᠎ᠲᠠᠢ ᠪᠤᠶᠤ ᠣᠶᠤᠲᠠᠨ᠎ᠤ ᠴᠣᠯᠠ᠎ᠲᠠᠢ ᠂ ᠠᠩᠬ᠎ᠠ ᠵᠡᠷᠭᠡ᠎ᠶᠢᠨ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠭ᠍ᠴᠢ᠎ᠶᠢᠨ ᠮᠡᠷᠭᠡᠵᠢᠯ᠎ᠦᠨ ᠴᠣᠯᠠ ᠣᠯᠣᠭᠰᠠᠨ ᠪᠥᠭᠡᠳ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠭ᠍ᠴᠢ᠎ᠶᠢᠨ ᠲᠤᠰᠬᠠᠢ ᠮᠡᠷᠭᠡᠵᠢᠯ᠎ᠦᠨ ᠠᠵᠢᠯ᠎ᠢ ᠪᠦᠬᠦᠯᠢ 4 ᠵᠢᠯ ᠬᠢᠭᠰᠡᠨ ᠪᠠᠢᠬᠤ᠃
4. ᠶᠡᠬᠡ ᠰᠤᠷᠭᠠᠭᠤᠯᠢ᠎ᠶᠢᠨ ᠲᠤᠰᠬᠠᠢ ᠮᠡᠷᠭᠡᠵᠢᠯ᠎ᠦᠨ ᠰᠤᠷᠤᠯᠭ᠎ᠠ᠎ᠶᠢᠨ ᠨᠠᠮᠲᠠᠷ᠎ᠲᠠᠢ ᠂ ᠠᠩᠬ᠎ᠠ ᠵᠡᠷᠭᠡ᠎ᠶᠢᠨ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠭ᠍ᠴᠢ᠎ᠶᠢᠨ ᠮᠡᠷᠭᠡᠵᠢᠯ᠎ᠦᠨ ᠴᠣᠯᠠ ᠣᠯᠣᠭᠰᠠᠨ ᠪᠥᠭᠡᠳ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠬᠤ ᠲᠤᠰᠬᠠᠢ ᠮᠡᠷᠭᠡᠵᠢᠯ᠎ᠦᠨ ᠠᠵᠢᠯ᠎ᠢ ᠪᠦᠬᠦᠯᠢ 5 ᠵᠢᠯ ᠬᠢᠭᠰᠡᠨ ᠪᠠᠢᠬᠤ ᠃
( ᠳᠥᠷᠪᠡ ) ᠠᠩᠬ᠎ᠠ ᠵᠡᠷᠭᠡ᠎ᠶᠢᠨ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠭ᠍ᠴᠢ᠎ᠶᠢᠨ ᠮᠡᠷᠭᠡᠵᠢᠯ᠎ᠦᠨ ᠴᠣᠯᠠ᠎ᠶᠢ ᠮᠡᠳᠡᠭᠦᠯᠬᠦ᠎ᠳᠦ ᠡᠷᠬᠡᠪᠰᠢ ᠳᠣᠣᠷ᠎ᠠ ᠵᠢᠭ᠍ᠰᠠᠭᠠᠭᠰᠠᠨ ᠨᠥᠬᠥᠴᠡᠯ᠎ᠦᠳ᠎ᠦᠨ ᠨᠢᠭᠡ᠎ᠶᠢ ᠪᠦᠷᠢᠯᠳᠦᠭᠦᠯᠦᠭᠰᠡᠨ ᠪᠠᠢᠬᠤ ᠬᠡᠷᠡᠭᠲᠡᠢ᠄
1. ᠮᠠᠰᠲᠧᠷ ᠴᠣᠯᠠ᠎ᠲᠠᠢ ᠪᠠᠢᠬᠤ᠃
2. ᠶᠡᠬᠡ ᠰᠤᠷᠭᠠᠭᠤᠯᠢ᠎ᠶᠢᠨ ᠵᠢᠩᠬᠢᠨᠢ ᠠᠩᠭᠢ᠎ᠶᠢᠨ ᠰᠤᠷᠤᠯᠭ᠎ᠠ᠎ᠶᠢᠨ ᠨᠠᠮᠲᠠᠷ᠎ᠲᠠᠢ ᠪᠤᠶᠤ ᠣᠶᠤᠲᠠᠨ᠎ᠤ ᠴᠣᠯᠠ᠎ᠲᠠᠢ ᠂ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠭ᠍ᠴᠢ᠎ᠶᠢᠨ ᠠᠵᠢᠯ᠎ᠢ ᠪᠦᠬᠦᠯᠢ 1 ᠵᠢᠯ ᠬᠢᠭᠰᠡᠨ ᠪᠠᠢᠬᠤ ᠃
3. ᠶᠡᠬᠡ ᠰᠤᠷᠭᠠᠭᠤᠯᠢ᠎ᠶᠢᠨ ᠲᠤᠰᠬᠠᠢ ᠮᠡᠷᠭᠡᠵᠢᠯ᠎ᠦᠨ ᠰᠤᠷᠤᠯᠭ᠎ᠠ᠎ᠶᠢᠨ ᠨᠠᠮᠲᠠᠷ᠎ᠲᠠᠢ ᠂ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠭ᠍ᠴᠢ᠎ᠶᠢᠨ ᠠᠵᠢᠯ᠎ᠢ ᠪᠦᠬᠦᠯᠢ 2 ᠵᠢᠯ ᠬᠢᠭᠰᠡᠨ ᠪᠠᠢᠬᠤ ᠃
ᠭᠤᠷᠪᠠᠳᠤᠭᠠᠷ ᠪᠦᠯᠦᠭ ᠴᠢᠳᠠᠪᠤᠷᠢ ᠪᠠ ᠠᠵᠢᠯ᠎ᠤᠨ ᠠᠮᠵᠢᠯᠲᠠ᠎ᠶᠢᠨ ᠨᠥᠬᠥᠴᠡᠯ
ᠠᠷᠪᠠᠳᠤᠭᠠᠷ ᠵᠦᠢᠯ ᠭᠤᠶᠤᠴᠢᠯᠠᠨ ᠮᠡᠳᠡᠭᠦᠯᠬᠦ ᠠᠵᠢᠯᠲᠠᠨ ᠬᠣᠶᠠᠳᠤᠭᠠᠷ ᠪᠦᠯᠦᠭ᠎ᠲᠦ ᠲᠣᠭᠲᠠᠭᠠᠭᠰᠠᠨ ᠦᠨᠳᠦᠰᠦᠨ ᠨᠥᠬᠥᠴᠡᠯ᠎ᠢ ᠪᠦᠷᠢᠳᠦᠭᠦᠯᠬᠦ᠎ᠡᠴᠡ ᠭᠠᠳᠠᠨ᠎ᠠ ᠂ ᠪᠠᠰᠠ ᠳᠣᠣᠷᠠᠬᠢ ᠮᠡᠲᠦ ᠵᠣᠬᠢᠬᠤ ᠴᠢᠳᠠᠪᠤᠷᠢ ᠪᠠ ᠠᠵᠢᠯ᠎ᠤᠨ ᠪᠦᠲᠦᠮᠵᠢ᠎ᠶᠢᠨ ᠨᠥᠬᠥᠴᠡᠯ᠎ᠳᠦ ᠬᠦᠷᠦᠭᠰᠡᠨ ᠪᠠᠢᠬᠤ ᠬᠡᠷᠡᠭᠲᠡᠢ ᠃
ᠠᠷᠪᠠᠨ ᠨᠢᠭᠡᠳᠦᠭᠡᠷ ᠵᠦᠢᠯ ᠵᠢᠩᠬᠢᠨᠢ ᠳᠡᠭᠡᠳᠦ ᠵᠡᠷᠭᠡ᠎ᠶᠢᠨ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠭ᠍ᠴᠢ
( ᠨᠢᠭᠡ ) ᠲᠤᠰᠬᠠᠢ ᠮᠡᠷᠭᠡᠵᠢᠯ᠎ᠦᠨ ᠤᠨᠤᠯ᠎ᠤᠨ ᠬᠢᠷᠢ ᠬᠡᠮᠵᠢᠶ᠎ᠡ
ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠬᠤ ᠬᠦᠷᠢᠶ᠎ᠡ ᠴᠠᠷᠠᠭ᠎ᠠ᠎ᠶᠢᠨ ᠲᠤᠰᠬᠠᠢ ᠮᠡᠷᠭᠡᠵᠢᠯ᠎ᠦᠨ ᠣᠨᠣᠯ ᠪᠠ ᠮᠡᠳᠡᠯᠭᠡ᠎ᠶᠢ ᠰᠢᠰᠲᠧᠮ᠎ᠲᠠᠢ ᠡᠵᠡᠮᠰᠢᠵᠦ ᠂ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠬᠤ ᠬᠦᠷᠢᠶ᠎ᠡ ᠴᠠᠷᠠᠭ᠎ᠠ᠎ᠶᠢᠨ ᠤᠯᠤᠰ᠎ᠤᠨ ᠳᠣᠲᠣᠭᠠᠳᠤ ᠭᠠᠳᠠᠭᠠᠳᠤ᠎ᠶᠢᠨ ᠣᠳᠣᠬᠢ ᠪᠠᠢᠳᠠᠯ ᠪᠠ ᠬᠥᠭᠵᠢᠯᠲᠡ᠎ᠶᠢᠨ ᠬᠠᠨᠳᠤᠰᠢ᠎ᠶᠢ ᠳᠡᠭᠡᠳᠦ ᠬᠡᠮᠵᠢᠶ᠎ᠡ᠎ᠪᠡᠷ ᠣᠢᠯᠠᠭᠠᠵᠤ ᠂ ᠤᠯᠤᠰ᠎ᠤᠨ ᠳᠣᠲᠣᠭᠠᠳᠤ ᠭᠠᠳᠠᠭᠠᠳᠤ᠎ᠶᠢᠨ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠬᠤ ᠬᠦᠷᠢᠶ᠎ᠡ ᠴᠠᠷᠠᠭ᠎ᠠ᠎ᠶᠢᠨ ᠬᠣᠰᠢᠭᠤᠷᠠᠯ ᠮᠡᠷᠭᠡᠵᠢᠯ᠎ᠦᠨ ᠠᠷᠭ᠎ᠠ ᠪᠠᠷᠢᠯ ᠪᠠ ᠠᠷᠭ᠎ᠠ᠎ᠶᠢ ᠪᠥᠬᠥ ᠲᠠᠯ᠎ᠠ᠎ᠪᠠᠷ ᠡᠵᠡᠮᠰᠢᠨ ᠂ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠬᠤ ᠠᠵᠢᠯ᠎ᠢ ᠭᠦᠨᠵᠡᠭᠡᠢ ᠰᠤᠳᠤᠯᠵᠤ ᠂ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠬᠤ ᠬᠦᠷᠢᠶ᠎ᠡ ᠬᠡᠪᠴᠢᠶᠡᠨ᠎ᠳᠦ ᠨᠡᠯᠢᠶᠡᠳ ᠴᠢᠩᠭ᠎ᠠ ᠨᠥᠯᠥᠭᠡᠯᠡᠬᠦ ᠬᠦᠴᠦᠨ ᠪᠠ ᠤᠳᠤᠷᠢᠳᠤᠨ ᠵᠢᠱ᠌ᠢᠶ᠎ᠡ ᠦᠵᠡᠬᠦᠯᠬᠦ ᠦᠢᠯᠡᠳᠦᠯ ᠲᠠᠢ ᠪᠠᠢᠬᠤ ᠃
( ᠬᠣᠶᠠᠷ ) ᠠᠵᠢᠯ᠎ᠤᠨ ᠴᠢᠳᠠᠪᠤᠷᠢ
ᠳᠡᠭᠡᠳᠦ ᠵᠡᠷᠭᠡ᠎ᠡᠴᠡ ᠳᠣᠷᠣᠭ᠍ᠰᠢᠬᠢ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠭ᠍ᠴᠢ᠎ᠶᠢ ᠬᠥᠮᠥᠵᠢᠭᠦᠯᠬᠦ ᠪᠠ ᠵᠢᠯᠤᠭᠣᠳᠬᠤ ᠴᠢᠳᠠᠪᠤᠷᠢ᠎ᠲᠠᠢ ᠪᠠᠢᠬᠤ ᠃ ᠣᠷᠳᠣ᠌ ᠬᠤᠭᠤᠴᠠᠭ᠎ᠠ᠎ᠪᠠᠷ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠬᠤ ᠠᠵᠢᠯ ᠬᠢᠵᠦ ᠂ ᠲᠣᠰ ᠲᠤᠰᠬᠠᠢ ᠮᠡᠷᠭᠡᠵᠢᠯ᠎ᠦᠨ ᠴᠢᠬᠤᠯᠠ ᠶᠡᠬᠡ ᠮᠡᠷᠭᠡᠵᠢᠯ᠎ᠦᠨ ᠠᠰᠠᠭᠤᠳᠠᠯ᠎ᠢ ᠰᠢᠢᠳᠪᠦᠷᠢᠯᠡᠵᠦ ᠂ ᠬᠦᠴᠢᠷ ᠶᠡᠬᠡᠲᠡᠢ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠬᠤ ᠡᠭᠦᠷᠭᠡ᠎ᠶᠢ ᠪᠡᠶᠡᠯᠡᠭᠦᠯᠵᠦ ᠂ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠢᠷᠬ᠎ᠠ ᠰᠣᠷᠪᠢ᠂ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠡᠪᠡᠳᠴᠢᠨ᠎ᠦ ᠰᠡᠷᠭᠡᠢᠯᠡᠯᠲᠡ᠎ᠶᠢᠨ ᠠᠵᠢᠯ᠎ᠳᠤ ᠵᠠᠩᠭᠢᠯᠠᠭ᠎ᠠ᠎ᠶᠢᠨ ᠦᠢᠯᠡᠳᠦᠯ ᠦᠵᠡᠭᠦᠯᠵᠦ ᠴᠢᠳᠠᠬᠤ ᠃
( ᠭᠤᠷᠪᠠ ) ᠠᠵᠢᠯ᠎ᠤᠨ ᠠᠮᠵᠢᠯᠲᠠ ᠪᠦᠲᠦᠮᠵᠢ ᠬᠢᠭᠡᠳ ᠦᠷ᠎ᠡ ᠪᠦᠲᠦᠭᠡᠯ
ᠳᠡᠭᠡᠳᠦ ᠵᠡᠷᠭᠡ᠎ᠶᠢᠨ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠭ᠍ᠴᠢ᠎ᠶᠢᠨ ᠮᠡᠷᠭᠡᠵᠢᠯ᠎ᠦᠨ ᠴᠣᠯᠠ ᠣᠯᠣᠭᠰᠠᠨ᠎ᠠᠴᠠ ᠨᠠᠭᠠᠰᠢ᠂ ᠳᠣᠣᠷᠠᠬᠢ ᠨᠥᠬᠥᠴᠡᠯ᠎ᠢ ᠪᠦᠷᠢᠳᠦᠭᠦᠯᠦᠨ᠎ᠡ᠄
1. ᠨᠡᠶ᠋ᠢᠲᠡ 800 ᠡᠴᠡ ᠳᠡᠭᠡᠭᠰᠢ ᠠᠩᠭᠢ ᠪᠠᠭᠤᠬᠤ ᠨᠢᠭᠡᠴᠢ᠎ᠶᠢᠨ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠯᠲᠠ᠎ᠶᠢᠨ ᠠᠵᠢᠯ᠎ᠤᠨ ᠬᠡᠮᠵᠢᠶ᠎ᠡ᠎ᠶᠢ ᠪᠡᠶᠡᠯᠡᠭᠦᠯᠦᠭᠰᠡᠨ ᠪᠠᠢᠬᠤ ᠃
2. ᠪᠡᠶ᠎ᠡ᠎ᠪᠡᠨ ᠳᠠᠭᠠᠭᠠᠭᠰᠠᠨ ᠪᠤᠶᠤ ᠨᠢᠭᠡᠳᠦᠭᠡᠷ ᠵᠣᠬᠢᠶᠠᠭ᠍ᠴᠢ ( ᠮᠡᠳᠡᠭᠡᠯᠡᠯ᠎ᠦᠨ ᠵᠣᠬᠢᠶᠠᠭ᠍ᠴᠢ )᠎ᠶᠢᠨ ᠬᠤᠪᠢ᠎ᠪᠠᠷ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠯᠲᠠ᠎ᠶᠢᠨ ᠲᠠᠯ᠎ᠠ᠎ᠪᠠᠷ ᠬᠢ 2 ᠵᠣᠬᠢᠶᠠᠯ᠎ᠠᠴᠠ ᠳᠡᠭᠡᠭᠰᠢ ᠥᠭᠦᠯᠡᠯ ( ᠵᠣᠬᠢᠶᠠᠯ ᠪᠦᠷᠢ ᠨᠢ 3000 ᠦᠰᠦᠭ᠎ᠡᠴᠡ ᠳᠡᠭᠡᠭᠰᠢ ᠪᠥᠭᠡᠳ ᠨᠠᠭᠠᠲᠤ ᠵᠠᠬ᠎ᠠ᠎ᠳᠠᠭᠠᠨ 1 ᠵᠣᠬᠢᠶᠠᠯ᠎ᠢ ᠭᠣᠣᠯ ᠰᠡᠳᠬᠦᠯ᠎ᠳᠦ ᠨᠡᠢᠲᠡᠯᠡᠭᠰᠡᠨ ) ᠨᠡᠢᠲᠡᠯᠡᠭᠰᠡᠨ᠂ ᠡᠰᠡᠬᠦᠯ᠎ᠡ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠯᠲᠠ᠎ᠶᠢᠨ ᠲᠠᠯ᠎ᠠ᠎ᠪᠠᠷ ᠬᠢ ᠪᠤᠰᠤᠳ ᠲᠥᠯᠥᠭᠡᠯᠡᠬᠦ ᠴᠢᠨᠠᠷᠲᠠᠢ ᠦᠷ᠎ᠡ ᠪᠦᠲᠦᠭᠡᠯ᠎ᠢ 2 ᠵᠦᠢᠯ᠎ᠡᠴᠡ ᠳᠡᠭᠡᠭᠰᠢ ᠢᠯᠡ᠎ᠪᠡᠷ ᠨᠡᠢᠲᠡᠯᠡᠭᠰᠡᠨ᠃
3. 5 ᠤᠳᠠᠭ᠎ᠠ᠎ᠠᠴᠠ ᠳᠡᠭᠡᠭᠰᠢ ᠬᠦᠴᠢᠷ ᠶᠡᠬᠡᠲᠡᠢ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠬᠤ ᠡᠭᠦᠷᠭᠡ᠎ᠶᠢ ᠪᠡᠶ᠎ᠡ᠎ᠪᠡᠨ ᠳᠠᠭᠠᠭᠠᠨ ᠪᠡᠶᠡᠯᠡᠭᠦᠯᠦᠭᠰᠡᠨ ᠪᠤᠶᠤ ᠡᠷᠭᠢᠯᠡᠬᠦ᠎ᠶᠢᠨ ᠬᠠᠮᠲᠤ 5 ᠬᠤᠪᠢ ᠨᠡᠢᠲᠡᠯᠢᠭ ᠮᠠᠳᠠᠭ᠎ᠲᠠᠢ ᠬᠡᠷᠡᠭ᠎ᠦᠨ ᠵᠢᠱ᠌ᠢᠶ᠎ᠡ ᠬᠠᠩᠭᠠᠭᠰᠠᠨ ᠃
4. 2 ᠵᠢᠯ᠎ᠡᠴᠡ ᠳᠡᠭᠡᠭᠰᠢ ᠲᠠᠮᠢᠷᠴᠢᠨ᠎ᠢ ᠪᠠᠲᠤᠯᠠᠬᠤ ᠪᠤᠶᠤ 2 ᠵᠢᠯ᠎ᠡᠴᠡ ᠳᠡᠭᠡᠭᠰᠢ ᠲᠠᠮᠢᠷᠴᠢᠨ᠎ᠢ ᠬᠦᠷᠭᠡᠭᠰᠡᠨ᠎ᠦ ᠳᠠᠷᠠᠭᠠᠬᠢ 4 ᠵᠢᠯ᠎ᠦᠨ ᠳᠣᠲᠣᠷ᠎ᠠ ᠳᠣᠣᠷᠠᠬᠢ ᠮᠡᠲᠦ ᠬᠢᠷᠢ ᠪᠦᠲᠦᠮᠵᠢ᠎ᠶᠢᠨ ᠨᠢᠭᠡ᠎ᠶᠢ ᠣᠯᠣᠭᠰᠠᠨ ᠪᠠᠢᠬᠤ᠄
( 1 ) 1 ᠬᠥᠮᠥᠨ ᠤᠳᠠᠭ᠎ᠠ ᠣᠯᠢᠮᠫᠢᠺ᠎ᠤᠨ ᠲᠠᠮᠢᠷ᠎ᠤᠨ ᠴᠤᠭᠯᠠᠭᠠᠨ ᠪᠤᠶᠤ ᠳᠡᠯᠡᠬᠡᠢ᠎ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ᠂ ᠳᠡᠯᠡᠬᠡᠢ᠎ᠶᠢᠨ ᠬᠤᠨᠳᠠᠭᠠᠲᠤ ᠤᠷᠤᠯᠳᠤᠭᠠᠨ ( ᠰᠢᠢᠳᠪᠦᠷᠢᠲᠦ ᠤᠷᠤᠯᠳᠤᠭᠠᠨ )᠎ᠤ ᠲᠦᠷᠦᠭᠦᠦ ᠭᠤᠷᠪᠠ᠎ᠳᠤ ᠣᠷᠣᠭᠰᠠᠨ ;
( 2 ) 2 ᠬᠥᠮᠥᠨ ᠤᠳᠠᠭ᠎ᠠ ᠣᠯᠢᠮᠫᠢᠺ᠎ᠤᠨ ᠪᠡᠶ᠎ᠡ᠎ᠶᠢᠨ ᠲᠠᠮᠢᠷ᠎ᠤᠨ ᠴᠤᠭᠯᠠᠭᠠᠨ ᠪᠤᠶᠤ ᠳᠡᠯᠡᠬᠡᠢ᠎ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ᠂ ᠳᠡᠯᠡᠬᠡᠢ᠎ᠶᠢᠨ ᠬᠤᠨᠳᠠᠭᠠᠲᠤ ᠤᠷᠤᠯᠳᠤᠭᠠᠨ ( ᠶᠡᠷᠦᠩᠬᠡᠢ ᠰᠢᠢᠳᠪᠦᠷᠢᠲᠦ ᠤᠷᠤᠯᠳᠤᠭᠠᠨ )᠎ᠳᠤ ᠳᠥᠷᠪᠡ᠎ᠡᠴᠡ ᠨᠠᠢ᠍ᠮᠠᠳᠤᠭᠠᠷ᠎ᠲᠤ ᠣᠷᠣᠭᠰᠠᠨ ;
( 3 ) 3 ᠬᠥᠮᠥᠨ ᠤᠳᠠᠭ᠎ᠠ ᠠᠽᠢᠶ᠎ᠠ ᠲᠢᠪ᠎ᠦᠨ ᠪᠡᠶ᠎ᠡ᠎ᠶᠢᠨ ᠲᠠᠮᠢᠷ᠎ᠤᠨ ᠴᠤᠭᠯᠠᠭᠠᠨ ᠪᠤᠶᠤ ᠪᠥᠬᠥ ᠤᠯᠤᠰ᠎ᠤᠨ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠡᠮᠦᠨ᠎ᠡ ᠭᠤᠷᠪᠠ᠎ᠳᠤ ᠣᠷᠣᠭᠰᠠᠨ ᠃
ᠠᠷᠪᠠᠨ ᠬᠣᠶᠠᠳᠤᠭᠠᠷ ᠵᠦᠢᠯ ᠳᠡᠭᠡᠳᠦ ᠵᠡᠷᠭᠡ᠎ᠶᠢᠨ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠭ᠍ᠴᠢ
( ᠨᠢᠭᠡ ) ᠲᠤᠰᠬᠠᠢ ᠮᠡᠷᠭᠡᠵᠢᠯ᠎ᠦᠨ ᠤᠨᠤᠯ᠎ᠤᠨ ᠬᠢᠷᠢ ᠬᠡᠮᠵᠢᠶ᠎ᠡ
ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠬᠤ ᠬᠦᠷᠢᠶ᠎ᠡ ᠴᠠᠷᠠᠭ᠎ᠠ᠎ᠶᠢᠨ ᠲᠤᠰᠬᠠᠢ ᠮᠡᠷᠭᠡᠵᠢᠯ᠎ᠦᠨ ᠣᠨᠣᠯ ᠪᠠ ᠮᠡᠳᠡᠯᠭᠡ᠎ᠶᠢ ᠨᠡᠯᠢᠶᠡᠳ ᠰᠢᠰᠲᠧᠮ᠎ᠲᠠᠢ ᠡᠵᠡᠮᠰᠢᠵᠦ ᠂ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠬᠤ ᠬᠦᠷᠢᠶ᠎ᠡ ᠴᠠᠷᠠᠭ᠎ᠠ᠎ᠶᠢᠨ ᠤᠯᠤᠰ᠎ᠤᠨ ᠳᠣᠲᠣᠭᠠᠳᠤ ᠭᠠᠳᠠᠭᠠᠳᠤ᠎ᠶᠢᠨ ᠣᠳᠣᠬᠢ ᠪᠠᠢᠳᠠᠯ ᠪᠠ ᠬᠥᠭᠵᠢᠯᠲᠡ᠎ᠶᠢᠨ ᠬᠠᠨᠳᠤᠰᠢ᠎ᠶᠢ ᠰᠠᠢᠨ ᠮᠡᠳᠡᠵᠦ ᠂ ᠤᠯᠤᠰ᠎ᠤᠨ ᠳᠣᠲᠣᠭᠠᠳᠤ ᠭᠠᠳᠠᠭᠠᠳᠤ᠎ᠶᠢᠨ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠬᠤ ᠬᠦᠷᠢᠶ᠎ᠡ ᠴᠠᠷᠠᠭ᠎ᠠ᠎ᠶᠢᠨ ᠬᠣᠰᠢᠭᠤᠷᠠᠯ ᠮᠡᠷᠭᠡᠵᠢᠯ᠎ᠦᠨ ᠠᠷᠭ᠎ᠠ ᠪᠠᠷᠢᠯ ᠪᠠ ᠠᠷᠭ᠎ᠠ᠎ᠶᠢ ᠡᠵᠡᠮᠰᠢᠵᠦ ᠂ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠬᠤ ᠠᠵᠢᠯ᠎ᠢ ᠨᠡᠯᠢᠶᠡᠳ ᠭᠦᠨᠵᠡᠭᠡᠢ ᠰᠤᠳᠤᠯᠤᠭᠰᠠᠨ ᠃
( ᠬᠣᠶᠠᠷ ) ᠠᠵᠢᠯ᠎ᠤᠨ ᠴᠢᠳᠠᠪᠤᠷᠢ
ᠳᠤᠮᠳᠠ ᠵᠡᠷᠭᠡ᠎ᠡᠴᠡ ᠳᠣᠷᠣᠭ᠍ᠰᠢᠬᠢ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠭ᠍ᠴᠢ᠎ᠶᠢ ᠬᠥᠮᠥᠵᠢᠭᠦᠯᠬᠦ ᠪᠠ ᠵᠢᠯᠤᠭᠣᠳᠬᠤ ᠴᠢᠳᠠᠪᠤᠷᠢ᠎ᠲᠠᠢ ᠃ ᠣᠷᠳᠣ᠌ ᠬᠤᠭᠤᠴᠠᠭ᠎ᠠ᠎ᠪᠠᠷ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠬᠤ ᠠᠵᠢᠯ᠎ᠢ ᠬᠢᠵᠦ ᠂ ᠲᠣᠰ ᠲᠤᠰᠬᠠᠢ ᠮᠡᠷᠭᠡᠵᠢᠯ᠎ᠦᠨ ᠲᠦᠪᠡᠭ ᠪᠤᠳᠤᠯᠢᠶᠠᠨᠲᠠᠢ ᠮᠡᠷᠭᠡᠵᠢᠯ᠎ᠦᠨ ᠠᠰᠠᠭᠤᠳᠠᠯ᠎ᠢ ᠰᠢᠢᠳᠪᠦᠷᠢᠯᠡᠵᠦ ᠂ ᠬᠦᠴᠢᠷ ᠶᠡᠬᠡᠲᠡᠢ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠬᠤ ᠡᠭᠦᠷᠭᠡ᠎ᠶᠢ ᠪᠡᠶᠡᠯᠡᠭᠦᠯᠵᠦ ᠂ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠢᠷᠬ᠎ᠠ ᠰᠣᠷᠪᠢ ᠂ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠡᠪᠡᠳᠴᠢᠨ ᠡᠮᠭᠡᠭ᠎ᠦᠨ ᠰᠡᠷᠭᠡᠢᠯᠡᠯᠲᠡ᠎ᠶᠢᠨ ᠠᠵᠢᠯ᠎ᠳᠤ ᠴᠢᠬᠤᠯᠠ ᠦᠢᠯᠡᠳᠦᠯ ᠦᠵᠡᠭᠦᠯᠵᠦ ᠴᠢᠳᠠᠬᠤ ᠃
( ᠭᠤᠷᠪᠠ ) ᠠᠵᠢᠯ᠎ᠤᠨ ᠠᠮᠵᠢᠯᠲᠠ ᠪᠦᠲᠦᠮᠵᠢ ᠬᠢᠭᠡᠳ ᠦᠷ᠎ᠡ ᠪᠦᠲᠦᠭᠡᠯ
ᠳᠤᠮᠳᠠ ᠵᠡᠷᠭᠡ᠎ᠶᠢᠨ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠭ᠍ᠴᠢ᠎ᠶᠢᠨ ᠮᠡᠷᠭᠡᠵᠢᠯ᠎ᠦᠨ ᠴᠣᠯᠠ᠎ᠶᠢ ᠣᠯᠣᠭᠰᠠᠨ᠎ᠠᠴᠠ ᠨᠠᠭᠠᠰᠢ᠂ ᠳᠣᠣᠷᠠᠬᠢ ᠨᠥᠬᠥᠴᠡᠯ᠎ᠦᠳ᠎ᠢ ᠪᠦᠷᠢᠳᠦᠭᠦᠯᠦᠭᠰᠡᠨ ᠪᠠᠢᠬᠤ ᠬᠡᠷᠡᠭᠲᠡᠢ ᠄
1. ᠨᠡᠶ᠋ᠢᠲᠡ 500 ᠡᠴᠡ ᠳᠡᠭᠡᠭᠰᠢ ᠠᠩᠭᠢ ᠪᠠᠭᠤᠬᠤ ᠨᠢᠭᠡᠴᠢ᠎ᠶᠢᠨ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠯᠲᠠ᠎ᠶᠢᠨ ᠠᠵᠢᠯ᠎ᠤᠨ ᠬᠡᠮᠵᠢᠶ᠎ᠡ᠎ᠶᠢ ᠪᠡᠶᠡᠯᠡᠭᠦᠯᠦᠭᠰᠡᠨ ᠪᠠᠢᠬᠤ ᠃
2. ᠪᠡᠶ᠎ᠡ᠎ᠪᠡᠨ ᠳᠠᠭᠠᠭᠠᠭᠰᠠᠨ ᠪᠤᠶᠤ ᠨᠢᠭᠡᠳᠦᠭᠡᠷ ᠵᠣᠬᠢᠶᠠᠭ᠍ᠴᠢ ( ᠮᠡᠳᠡᠭᠡᠯᠡᠯ᠎ᠦᠨ ᠵᠣᠬᠢᠶᠠᠭ᠍ᠴᠢ )᠎ᠶᠢᠨ ᠬᠤᠪᠢ᠎ᠪᠠᠷ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠯᠲᠠ ᠵᠡᠷᠭᠡ ᠬᠣᠯᠪᠣᠭᠳᠠᠯ ᠪᠦᠬᠦᠢ ᠲᠠᠯ᠎ᠠ᠎ᠶᠢᠨ 2 ᠥᠭᠦᠯᠡᠯ ᠨᠡᠢᠲᠡᠯᠡᠭᠰᠡᠨ᠂ ᠡᠰᠡᠬᠦᠯ᠎ᠡ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠯᠲᠠ᠎ᠶᠢᠨ ᠲᠠᠯ᠎ᠠ᠎ᠶᠢᠨ 2 ᠵᠦᠢᠯ᠎ᠡᠴᠡ ᠳᠡᠭᠡᠭᠰᠢ ᠲᠥᠯᠥᠭᠡᠯᠡᠬᠦ ᠴᠢᠨᠠᠷᠲᠠᠢ ᠦᠷ᠎ᠡ ᠪᠦᠲᠦᠭᠡᠯ᠎ᠢ ᠢᠯᠡ᠎ᠪᠡᠷ ᠨᠡᠢᠲᠡᠯᠡᠭᠰᠡᠨ᠃
3. 3 ᠤᠳᠠᠭ᠎ᠠ᠎ᠠᠴᠠ ᠳᠡᠭᠡᠭᠰᠢ ᠬᠦᠴᠢᠷ ᠶᠡᠬᠡᠲᠡᠢ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠬᠤ ᠡᠭᠦᠷᠭᠡ᠎ᠶᠢ ᠪᠡᠶ᠎ᠡ᠎ᠪᠡᠨ ᠳᠠᠭᠠᠭᠠᠬᠤ ᠪᠤᠶᠤ ᠡᠷᠭᠢᠯᠡᠨ ᠪᠡᠶᠡᠯᠡᠭᠦᠯᠬᠦ᠎ᠶᠢᠨ ᠬᠠᠮᠲᠤ 3 ᠬᠤᠪᠢ ᠨᠡᠢᠲᠡᠯᠢᠭ ᠮᠠᠳᠠᠭ᠎ᠲᠠᠢ ᠬᠡᠷᠡᠭ᠎ᠦᠨ ᠵᠢᠱ᠌ᠢᠶ᠎ᠡ ᠬᠠᠩᠭᠠᠭᠰᠠᠨ ᠃
4. 2 ᠵᠢᠯ᠎ᠡᠴᠡ ᠳᠡᠭᠡᠭᠰᠢ ᠲᠠᠮᠢᠷᠴᠢᠨ᠎ᠢ ᠪᠠᠲᠤᠯᠠᠬᠤ ᠪᠤᠶᠤ 2 ᠵᠢᠯ᠎ᠡᠴᠡ ᠳᠡᠭᠡᠭᠰᠢ ᠲᠠᠮᠢᠷᠴᠢᠨ᠎ᠢ ᠬᠦᠷᠭᠡᠭᠰᠡᠨ᠎ᠦ ᠳᠠᠷᠠᠭᠠᠬᠢ 4 ᠵᠢᠯ᠎ᠦᠨ ᠳᠣᠲᠣᠷ᠎ᠠ ᠳᠣᠣᠷᠠᠬᠢ ᠮᠡᠲᠦ ᠬᠢᠷᠢ ᠪᠦᠲᠦᠮᠵᠢ᠎ᠶᠢᠨ ᠨᠢᠭᠡ᠎ᠶᠢ ᠣᠯᠣᠭᠰᠠᠨ ᠪᠠᠢᠬᠤ᠄
( 1 ) 1 ᠬᠥᠮᠥᠨ ᠤᠳᠠᠭ᠎ᠠ ᠣᠯᠢᠮᠫᠢᠺ᠎ᠤᠨ ᠪᠡᠶ᠎ᠡ᠎ᠶᠢᠨ ᠲᠠᠮᠢᠷ᠎ᠤᠨ ᠴᠤᠭᠯᠠᠭᠠᠨ ᠪᠤᠶᠤ ᠳᠡᠯᠡᠬᠡᠢ᠎ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ᠂ ᠳᠡᠯᠡᠬᠡᠢ᠎ᠶᠢᠨ ᠬᠤᠨᠳᠠᠭᠠᠲᠤ ᠤᠷᠤᠯᠳᠤᠭᠠᠨ ( ᠰᠢᠢᠳᠪᠦᠷᠢᠲᠦ ᠤᠷᠤᠯᠳᠤᠭᠠᠨ )᠎ᠳᠤ ᠳᠥᠷᠪᠡ᠎ᠡᠴᠡ ᠨᠠᠢ᠍ᠮᠠᠳᠤᠭᠠᠷ ᠨᠡᠷᠡᠰ᠎ᠲᠦ ᠣᠷᠣᠭᠰᠠᠨ ;
( 2 ) 2 ᠬᠥᠮᠥᠨ ᠤᠳᠠᠭ᠎ᠠ ᠠᠽᠢᠶ᠎ᠠ ᠲᠢᠪ᠎ᠦᠨ ᠪᠡᠶ᠎ᠡ᠎ᠶᠢᠨ ᠲᠠᠮᠢᠷ᠎ᠤᠨ ᠴᠤᠭᠯᠠᠭᠠᠨ ᠪᠤᠶᠤ ᠪᠥᠬᠥ ᠤᠯᠤᠰ᠎ᠤᠨ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠡᠮᠦᠨ᠎ᠡ ᠭᠤᠷᠪᠠ᠎ᠳᠤ ᠣᠷᠣᠭᠰᠠᠨ ;
( 3 )2 ᠬᠥᠮᠥᠨ ᠤᠳᠠᠭ᠎ᠠ ᠠᠽᠢᠶ᠎ᠠ ᠲᠢᠪ᠎ᠦᠨ ᠮᠠᠩᠯᠠᠢ ᠰᠢᠯᠭᠠᠷᠠᠭᠤᠯᠬᠤ ᠤᠷᠤᠯᠳᠤᠭᠠᠨ᠂ ᠠᠽᠢᠶ᠎ᠠ ᠲᠢᠪ᠎ᠦᠨ ᠬᠤᠨᠳᠠᠭᠠᠲᠤ ᠤᠷᠤᠯᠳᠤᠭᠠᠨ ( ᠰᠢᠢᠳᠪᠦᠷᠢᠲᠦ ᠤᠷᠤᠯᠳᠤᠭᠠᠨ ) ᠪᠤᠶᠤ ᠪᠦᠬᠦ ᠤᠯᠤᠰ᠎ᠤᠨ ᠥᠨᠳᠥᠷ ᠬᠢᠷᠢ ᠲᠦᠪᠰᠢᠨ ᠪᠦᠬᠦᠢ ᠤᠷᠤᠯᠳᠤᠭᠠᠨ᠎ᠳᠤ ᠮᠠᠩᠯᠠᠢᠯᠠᠭᠰᠠᠨ᠃
ᠠᠷᠪᠠᠨ ᠭᠤᠷᠪᠠᠳᠤᠭᠠᠷ ᠵᠦᠢᠯ ᠳᠤᠮᠳᠠ ᠵᠡᠷᠭᠡ᠎ᠶᠢᠨ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠭ᠍ᠴᠢ
( ᠨᠢᠭᠡ ) ᠲᠤᠰᠬᠠᠢ ᠮᠡᠷᠭᠡᠵᠢᠯ᠎ᠦᠨ ᠤᠨᠤᠯ᠎ᠤᠨ ᠬᠢᠷᠢ ᠬᠡᠮᠵᠢᠶ᠎ᠡ
ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠯᠲᠠ᠎ᠶᠢᠨ ᠬᠦᠷᠢᠶ᠎ᠡ ᠴᠠᠷᠠᠭ᠎ᠠ᠎ᠶᠢᠨ ᠲᠤᠰᠬᠠᠢ ᠮᠡᠷᠭᠡᠵᠢᠯ᠎ᠦᠨ ᠣᠨᠣᠯ ᠪᠠ ᠮᠡᠳᠡᠯᠭᠡ᠎ᠶᠢ ᠡᠵᠡᠮᠰᠢᠵᠦ ᠂ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠬᠠᠮᠠᠭᠠᠯᠠᠯᠲᠠ᠎ᠶᠢᠨ ᠬᠦᠷᠢᠶ᠎ᠡ ᠴᠠᠷᠠᠭ᠎ᠠ᠎ᠶᠢᠨ ᠤᠯᠤᠰ᠎ᠤᠨ ᠳᠣᠲᠣᠭᠠᠳᠤ ᠭᠠᠳᠠᠭᠠᠳᠤ᠎ᠶᠢᠨ ᠣᠳᠣᠬᠢ ᠪᠠᠢᠳᠠᠯ ᠪᠠ ᠬᠥᠭᠵᠢᠯᠲᠡ᠎ᠶᠢᠨ ᠬᠠᠨᠳᠤᠰᠢ᠎ᠶᠢ ᠰᠠᠢᠨ ᠣᠢᠯᠠᠭᠠᠬᠤ᠃
( ᠬᠣᠶᠠᠷ ) ᠠᠵᠢᠯ᠎ᠤᠨ ᠴᠢᠳᠠᠪᠤᠷᠢ
ᠠᠩᠬ᠎ᠠ ᠵᠡᠷᠭᠡ᠎ᠶᠢᠨ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠭ᠍ᠴᠢ᠎ᠶᠢ ᠬᠥᠮᠥᠵᠢᠭᠦᠯᠬᠦ ᠪᠠ ᠵᠢᠯᠤᠭᠣᠳᠬᠤ ᠴᠢᠳᠠᠪᠤᠷᠢ᠎ᠲᠠᠢ ᠃ ᠨᠡᠯᠢᠶᠡᠳ ᠬᠦᠴᠢᠷ᠎ᠲᠠᠢ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠯᠲᠠ᠎ᠶᠢᠨ ᠡᠭᠦᠷᠭᠡ᠎ᠶᠢ ᠪᠡᠶᠡᠯᠡᠭᠦᠯᠵᠦ ᠲᠡᠢᠯᠬᠦ ᠃
( ᠭᠤᠷᠪᠠ ) ᠠᠵᠢᠯ᠎ᠤᠨ ᠠᠮᠵᠢᠯᠲᠠ ᠪᠦᠲᠦᠮᠵᠢ ᠬᠢᠭᠡᠳ ᠦᠷ᠎ᠡ ᠪᠦᠲᠦᠭᠡᠯ
ᠳ᠋ᠣᠺᠲ᠋ᠣᠷ ᠴᠣᠯᠠ ᠣᠯᠣᠭᠰᠠᠳ ᠰᠢᠭᠤᠳ ᠮᠡᠳᠡᠭᠦᠯᠵᠦ ᠪᠣᠯᠣᠨ᠎ᠠ᠂ ᠪᠤᠰᠤᠳ ᠬᠥᠮᠥᠰ ᠠᠩᠬ᠎ᠠ ᠵᠡᠷᠭᠡ᠎ᠶᠢᠨ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠭ᠍ᠴᠢ᠎ᠶᠢᠨ ᠮᠡᠷᠭᠡᠵᠢᠯ᠎ᠦᠨ ᠴᠣᠯᠠ ᠣᠯᠣᠭᠰᠠᠨ᠎ᠠᠴᠠ ᠨᠠᠭᠠᠰᠢ᠂ ᠳᠣᠣᠷᠠᠬᠢ ᠨᠥᠬᠥᠴᠡᠯ᠎ᠢ ᠪᠦᠷᠢᠳᠦᠭᠦᠯᠦᠭᠰᠡᠨ ᠪᠠᠢᠬᠤ ᠬᠡᠷᠡᠭᠲᠡᠢ᠄
1. ᠨᠡᠶ᠋ᠢᠲᠡ 300 ᠠᠴᠠ ᠳᠡᠭᠡᠭᠰᠢ ᠠᠩᠭᠢ ᠪᠠᠭᠤᠬᠤ ᠨᠢᠭᠡᠴᠢ᠎ᠶᠢᠨ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠬᠤ ᠠᠵᠢᠯ᠎ᠤᠨ ᠬᠡᠮᠵᠢᠶ᠎ᠡ᠎ᠶᠢ ᠪᠡᠶᠡᠯᠡᠭᠦᠯᠦᠭᠰᠡᠨ ᠪᠠᠢᠬᠤ ᠃
2. 1 ᠬᠤᠪᠢ ᠪᠡᠶ᠎ᠡ᠎ᠪᠡᠨ ᠳᠠᠭᠠᠭᠠᠵᠤ ᠪᠡᠶᠡᠯᠡᠭᠦᠯᠦᠭᠰᠡᠨ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠯᠲᠠ᠎ᠶᠢᠨ ᠨᠡᠢᠲᠡᠯᠢᠭ ᠮᠠᠳᠠᠭ᠎ᠲᠠᠢ ᠬᠡᠷᠡᠭ᠎ᠦᠨ ᠵᠢᠱ᠌ᠢᠶ᠎ᠡ ᠬᠠᠩᠭᠠᠭᠰᠠᠨ᠃
3. 2 ᠵᠢᠯ᠎ᠡᠴᠡ ᠳᠡᠭᠡᠭᠰᠢ ᠲᠠᠮᠢᠷᠴᠢᠨ᠎ᠢ ᠪᠠᠲᠤᠯᠠᠬᠤ ᠪᠤᠶᠤ 2 ᠵᠢᠯ᠎ᠡᠴᠡ ᠳᠡᠭᠡᠭᠰᠢ ᠲᠠᠮᠢᠷᠴᠢᠨ᠎ᠢ ᠬᠦᠷᠭᠡᠭᠰᠡᠨ᠎ᠦ ᠳᠠᠷᠠᠭᠠᠬᠢ 4 ᠵᠢᠯ᠎ᠦᠨ ᠳᠣᠲᠣᠷ᠎ᠠ ᠳᠣᠣᠷᠠᠬᠢ ᠬᠢᠷᠢ ᠪᠦᠲᠦᠮᠵᠢ᠎ᠶᠢᠨ ᠨᠢᠭᠡ᠎ᠶᠢ ᠣᠯᠣᠭᠰᠠᠨ ᠪᠠᠢᠬᠤ ᠬᠡᠷᠡᠭᠲᠡᠢ ᠄
( 1 ) 1 ᠬᠥᠮᠥᠨ ᠤᠳᠠᠭ᠎ᠠ ᠪᠥᠬᠥ ᠤᠯᠤᠰ᠎ᠤᠨ ᠥᠨᠳᠥᠷ ᠬᠢᠷᠢ ᠲᠦᠪᠰᠢᠨ ᠪᠦᠬᠦᠢ ᠤᠷᠤᠯᠳᠤᠭᠠᠨ᠎ᠳᠤ ᠡᠮᠦᠨ᠎ᠡ ᠭᠤᠷᠪᠠ᠎ᠳᠤ ᠣᠷᠣᠭᠰᠠᠨ ;
( 2 ) 2 ᠬᠥᠮᠥᠨ ᠤᠳᠠᠭ᠎ᠠ ᠪᠥᠬᠥ ᠤᠯᠤᠰ᠎ᠤᠨ ᠥᠨᠳᠥᠷ ᠬᠢᠷᠢ ᠲᠦᠪᠰᠢᠨ ᠪᠦᠬᠦᠢ ᠤᠷᠤᠯᠳᠤᠭᠠᠨ᠎ᠳᠤ ᠳᠥᠷᠪᠡ᠎ᠡᠴᠡ ᠵᠢᠷᠭᠤᠳᠤᠭᠠᠷ᠎ᠲᠤ ᠣᠷᠣᠭᠰᠠᠨ ;
( 3 ) 5 ᠬᠥᠮᠥᠨ ᠤᠳᠠᠭ᠎ᠠ ᠪᠥᠬᠥ ᠣᠷᠣᠨ᠎ᠤ ᠲᠠᠮᠢᠷ᠎ᠤᠨ ᠴᠤᠭᠯᠠᠭᠠᠨ᠎ᠳᠤ ᠮᠠᠩᠯᠠᠢᠯᠠᠭᠰᠠᠨ ᠃
ᠠᠷᠪᠠᠨ ᠳᠥᠷᠪᠡᠳᠦᠭᠡᠷ ᠵᠦᠢᠯ ᠠᠩᠬ᠎ᠠ ᠵᠡᠷᠭᠡ᠎ᠶᠢᠨ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠭ᠍ᠴᠢ
( ᠨᠢᠭᠡ ) ᠲᠤᠰᠬᠠᠢ ᠮᠡᠷᠭᠡᠵᠢᠯ᠎ᠦᠨ ᠤᠨᠤᠯ᠎ᠤᠨ ᠬᠢᠷᠢ ᠬᠡᠮᠵᠢᠶ᠎ᠡ
ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠯᠲᠠ᠎ᠶᠢᠨ ᠰᠠᠭᠤᠷᠢ ᠤᠨᠤᠯ ᠪᠠ ᠲᠤᠰᠬᠠᠢ ᠮᠡᠷᠭᠡᠵᠢᠯ᠎ᠦᠨ ᠮᠡᠳᠡᠯᠭᠡ᠎ᠶᠢ ᠦᠨᠳᠦᠰᠦᠨ᠎ᠳᠡᠭᠡᠨ ᠡᠵᠡᠮᠰᠢᠵᠦ᠂ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠯᠲᠠ᠎ᠶᠢᠨ ᠬᠦᠷᠢᠶᠡᠨ᠎ᠳᠡᠬᠢ ᠤᠯᠤᠰ᠎ᠤᠨ ᠳᠣᠲᠣᠭᠠᠳᠤ ᠭᠠᠳᠠᠭᠠᠳᠤ᠎ᠶᠢᠨ ᠣᠳᠣᠬᠢ ᠪᠠᠢᠳᠠᠯ ᠪᠠ ᠬᠥᠭᠵᠢᠯᠲᠡ᠎ᠶᠢᠨ ᠬᠠᠨᠳᠤᠰᠢ᠎ᠶᠢ ᠣᠢᠯᠠᠭᠠᠬᠤ ᠃
( ᠬᠣᠶᠠᠷ ) ᠠᠵᠢᠯ᠎ᠤᠨ ᠴᠢᠳᠠᠪᠤᠷᠢ
ᠡᠳᠦᠷ ᠲᠤᠲᠤᠮ᠎ᠤᠨ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠯᠲᠠ᠎ᠶᠢᠨ ᠡᠭᠦᠷᠭᠡ᠎ᠶᠢ ᠪᠡᠶᠡᠯᠡᠭᠦᠯᠵᠦ᠂ ᠡᠩ᠎ᠦᠨ ᠬᠦᠴᠢᠷ᠎ᠲᠠᠢ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠯᠲᠠ᠎ᠶᠢᠨ ᠠᠵᠢᠯ᠎ᠢ ᠬᠢᠵᠦ ᠲᠡᠢᠯᠬᠦ ᠃
ᠳᠥᠷᠪᠡᠳᠦᠭᠡᠷ ᠪᠦᠯᠦᠭ ᠳᠠᠭᠠᠯᠳᠤᠭᠤᠯᠤᠭᠰᠠᠨ ᠳᠦᠷᠢᠮ
ᠠᠷᠪᠠᠨ ᠲᠠᠪᠤᠳᠤᠭᠠᠷ ᠵᠦᠢᠯ ᠲᠣᠰ ᠬᠢᠨᠠᠨ ᠲᠣᠭᠲᠠᠭᠠᠬᠤ ᠨᠥᠬᠥᠴᠡᠯ᠎ᠳᠦ ᠬᠣᠯᠪᠣᠭᠳᠠᠬᠤ ᠠᠵᠢᠯ᠎ᠤᠨ ᠴᠢᠳᠠᠪᠤᠷᠢ ᠂ ᠠᠵᠢᠯ᠎ᠤᠨ ᠠᠮᠵᠢᠯᠲᠠ ᠪᠦᠲᠦᠮᠵᠢ ᠂ ᠲᠥᠯᠥᠭᠡᠯᠡᠬᠦ ᠴᠢᠨᠠᠷᠲᠠᠢ ᠦᠷ᠎ᠡ ᠪᠦᠲᠦᠭᠡᠯ ᠵᠡᠷᠭᠡ ᠨᠢ ᠴᠥᠮ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠭ᠍ᠴᠢ᠎ᠶᠢᠨ ᠲᠤᠰᠬᠠᠢ ᠮᠡᠷᠭᠡᠵᠢᠯ ᠯᠦ᠍ᠭᠡ ᠬᠣᠯᠪᠣᠭ᠎ᠠ᠎ᠲᠠᠢ ᠪᠠᠢᠬᠤ ᠬᠡᠷᠡᠭᠲᠡᠢ ᠪᠥᠭᠡᠳ ᠣᠲᠣ᠌᠎ᠶᠢᠨ ᠲᠤᠰᠢᠶᠠᠯ᠎ᠤᠨ ᠴᠣᠯᠠ᠎ᠪᠠᠷ ᠦᠨᠡᠯᠡᠭᠳᠡᠭᠰᠡᠨ᠎ᠡᠴᠡ ᠨᠠᠭᠠᠰᠢ ᠣᠯᠣᠭᠰᠠᠨ ᠪᠥᠭᠡᠳ ᠵᠣᠬᠢᠬᠤ ᠭᠡᠷᠡᠴᠢ ᠮᠠᠲᠧᠷᠢᠶᠠᠯ᠎ᠢᠶᠠᠨ ᠬᠠᠩᠭᠠᠬᠤ ᠬᠡᠷᠡᠭᠲᠡᠢ ᠃
ᠠᠷᠪᠠᠨ ᠵᠢᠷᠭᠤᠳᠤᠭᠠᠷ ᠵᠦᠢᠯ ᠲᠤᠰ ᠬᠢᠨᠠᠨ ᠲᠣᠭᠲᠠᠭᠠᠬᠤ ᠨᠥᠬᠥᠴᠡᠯ᠎ᠳᠡᠬᠢ ᠬᠣᠯᠪᠣᠭᠳᠠᠯ ᠪᠦᠬᠦᠢ ᠦᠭᠡ ᠬᠡᠯᠡᠯᠭᠡ ᠪᠤᠶᠤ ᠤᠬᠠᠭᠳᠠᠬᠤᠨ᠎ᠤ ᠲᠤᠬᠠᠢ ᠲᠤᠰᠬᠠᠢ ᠲᠠᠢᠯᠪᠤᠷᠢᠯᠠᠯᠲᠠ᠄
( ᠨᠢᠭᠡ ) 《 ᠪᠡᠶ᠎ᠡ᠎ᠶᠢᠨ ᠲᠠᠮᠢᠷ᠎ᠤᠨ ᠠᠩᠭᠢ 》 ᠭᠡᠳᠡᠭ ᠨᠢ ᠡᠯ᠎ᠡ ᠱᠠᠲᠤᠨ᠎ᠤ ᠪᠡᠶ᠎ᠡ᠎ᠶᠢᠨ ᠲᠠᠮᠢᠷ᠎ᠤᠨ ᠰᠠᠯᠠᠭ᠎ᠠ ᠮᠥᠴᠢᠷ᠂ ᠺᠯᠦ᠋ᠪ᠂ ᠰᠤᠷᠭᠠᠭᠤᠯᠢ ᠵᠡᠷᠭᠡ᠎ᠶᠢᠨ ᠵᠣᠬᠢᠶᠠᠨ ᠪᠠᠢᠭᠤᠯᠵᠤ ᠬᠠᠮᠢᠶᠠᠷᠴᠤ ᠪᠠᠢᠭ᠎ᠠ ᠪᠡᠶ᠎ᠡ᠎ᠶᠢᠨ ᠲᠠᠮᠢᠷ᠎ᠤᠨ ᠠᠩᠭᠢ᠎ᠶᠢ ᠬᠡᠯᠡᠵᠦ ᠪᠠᠢᠨ᠎ᠠ᠃
( ᠬᠣᠶᠠᠷ ) 《 1 ᠠᠩᠭᠢ᠎ᠠᠴᠠ ᠪᠠᠭᠤᠬᠤ ᠨᠢᠭᠡᠴᠢ 》 ᠭᠡᠳᠡᠭ ᠨᠢ ᠠᠩᠭᠢ᠎ᠶᠢ ᠳᠠᠭᠠᠵᠤ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠦ ᠰᠡᠷᠭᠡᠢᠯᠡᠨ ᠬᠠᠮᠠᠭᠠᠯᠠᠬᠤ ᠠᠵᠢᠯ᠎ᠢ ᠬᠠᠭᠠᠰ ᠡᠳᠦᠷ ᠥᠷᠨᠢᠭᠦᠯᠬᠦ᠎ᠶᠢ ᠵᠢᠭᠠᠵᠤ ᠪᠣᠶ ( ᠪᠤᠶᠤ ᠪᠦᠬᠦᠯᠢ 4 ᠴᠠᠭ)᠃
( ᠭᠤᠷᠪᠠ ) 《 ᠭᠣᠣᠯᠯᠠᠬᠤ ᠬᠤᠭᠤᠴᠠᠭᠠᠲᠤ ᠰᠡᠳᠬᠦᠯ 》 ᠭᠡᠳᠡᠭ ᠪᠣᠯ ᠨᠠᠨᠵᠢᠩ ᠶᠡᠬᠡ ᠰᠤᠷᠭᠠᠭᠤᠯᠢ᠎ᠶᠢᠨ ᠬᠢᠲᠠᠳ ᠬᠡᠯᠡᠨ᠎ᠦ ᠨᠡᠢᠭᠡᠮ᠎ᠦᠨ ᠰᠢᠨᠵᠢᠯᠡᠬᠦ ᠤᠬᠠᠭᠠᠨ᠎ᠤ ᠡᠰᠢ ᠲᠠᠲᠠᠭᠰᠠᠨ ᠬᠡᠯᠡᠨ᠎ᠦ ᠳ᠋ᠠᠢᠲ᠋ᠠ ᠬᠥᠮᠥᠷᠭᠡ ( CSSCI )᠎ᠳᠦ ᠣᠷᠣᠭᠤᠯᠤᠭᠰᠠᠨ ᠬᠤᠭᠤᠴᠠᠭᠠᠲᠤ ᠰᠡᠳᠬᠦᠯ᠂ ᠪᠡᠭᠡᠵᠢᠩ ᠶᠡᠬᠡ ᠰᠤᠷᠭᠠᠭᠤᠯᠢ᠎ᠶᠢᠨ ᠨᠣᠮ᠎ᠤᠨ ᠰᠠᠩ᠎ᠤᠨ ᠬᠡᠪᠯᠡᠭᠦᠯᠦᠭᠰᠡᠨ 《 ᠬᠢᠲᠠᠳ ᠬᠡᠯᠡᠨ᠎ᠦ ᠭᠣᠣᠯᠯᠠᠬᠤ ᠬᠤᠭᠤᠴᠠᠭᠠᠲᠤ ᠰᠡᠳᠬᠦᠯ᠎ᠦᠨ ᠴᠢᠬᠤᠯᠠ ᠭᠠᠷᠴᠠᠭ᠎ᠤᠨ ᠶᠡᠷᠦᠩᠬᠡᠢ ᠲᠠᠢᠯᠪᠤᠷᠢ 》᠎ᠳᠤ ᠣᠷᠣᠭᠤᠯᠤᠭᠰᠠᠨ ᠬᠤᠭᠤᠴᠠᠭᠠᠲᠤ ᠰᠡᠳᠬᠦᠯ ᠪᠠ ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠤᠯᠤᠰ᠎ᠤᠨ ᠰᠢᠨᠵᠢᠯᠡᠬᠦ ᠤᠬᠠᠭᠠᠨ᠎ᠤ ᠨᠣᠮ᠎ᠤᠨ ᠰᠠᠩ᠎ᠤᠨ ᠨᠡᠢᠲᠡᠯᠡᠭᠰᠡᠨ ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨ᠎ᠤ ᠡᠰᠢ ᠲᠠᠲᠠᠭᠰᠠᠨ ᠬᠡᠯᠡᠨ᠎ᠦ ᠳ᠋ᠠᠢᠲ᠋ᠠ ᠬᠥᠮᠥᠷᠭᠡ ( CSCD )᠎ᠳᠦ ᠣᠷᠣᠭᠤᠯᠤᠭᠰᠠᠨ ᠬᠤᠭᠤᠴᠠᠭᠠᠲᠤ ᠰᠡᠳᠬᠦᠯ᠎ᠢ ᠬᠡᠯᠡᠵᠦ ᠪᠠᠢᠨ᠎ᠠ᠃
( ᠳᠥᠷᠪᠡ ) 《 ᠳᠡᠭᠡᠭᠰᠢ 》᠂ 《 ᠳᠣᠭᠣᠭ᠍ᠰᠢ 》 ᠭᠡᠳᠡᠭ᠎ᠲᠦ ᠴᠥᠮ ᠲᠤᠰ ᠱᠠᠲᠤ ᠪᠤᠶᠤ ᠲᠤᠰ ᠲᠣᠭ᠎ᠠ᠎ᠶᠢ ᠪᠠᠭᠲᠠᠭᠠᠨ᠎ᠠ᠃
( ᠲᠠᠪᠤ ) 《 ᠵᠢᠯ 》 ᠭᠡᠳᠡᠭ ᠨᠢ ᠴᠥᠮ ᠵᠢᠯ᠎ᠦᠨ ᠤᠢ᠎ᠶᠢ ᠬᠡᠯᠡᠵᠦ ᠪᠣᠢ᠃
( ᠵᠢᠷᠭᠤᠭ᠎ᠠ ) ᠵᠢᠭ᠍ᠰᠠᠭᠠᠭᠰᠠᠨ ᠪᠡᠶ᠎ᠡ᠎ᠶᠢᠨ ᠲᠠᠮᠢᠷ᠎ᠤᠨ ᠤᠷᠤᠯᠳᠤᠭᠠᠨ᠎ᠤ ᠬᠢᠷᠢ ᠪᠦᠲᠦᠮᠵᠢ ᠭᠡᠳᠡᠭ ᠨᠢ ᠴᠥᠮ ᠤᠷᠤᠯᠳᠤᠭᠠᠨ᠎ᠤ ᠪᠡᠶ᠎ᠡ᠎ᠶᠢᠨ ᠲᠠᠮᠢᠷ᠎ᠤᠨ ᠲᠥᠷᠥᠯ ᠵᠦᠢᠯ᠎ᠦᠨ ᠬᠢᠷᠢ ᠪᠦᠲᠦᠮᠵᠢ᠎ᠶᠢ ᠵᠢᠭᠠᠵᠤ ᠪᠣᠶ ᠂ ᠡᠭᠦᠨ᠎ᠳᠦ ᠵᠣᠨ᠎ᠤ ᠤᠯᠠᠷᠢᠯ᠎ᠤᠨ ᠲᠥᠷᠥᠯ ᠵᠦᠢᠯ ᠪᠠ ᠡᠪᠦᠯ᠎ᠦᠨ ᠤᠯᠠᠷᠢᠯ᠎ᠤᠨ ᠲᠥᠷᠥᠯ ᠵᠦᠢᠯ ᠪᠠᠭᠲᠠᠨ᠎ᠠ ᠃
( ᠳᠣᠯᠣᠭ᠎ᠠ ) 《 ᠬᠢᠷᠢ ᠪᠦᠲᠦᠮᠵᠢ 》 ᠶᠢ ᠭᠤᠶᠤᠴᠢᠯᠠᠨ ᠮᠡᠳᠡᠭᠦᠯᠦᠭᠴᠢ᠎ᠶᠢᠨ ᠬᠠᠩᠭᠠᠭᠰᠠᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠨ ᠳᠠᠷᠤᠮᠠᠯᠯᠠᠨ ᠲᠠᠷᠬᠠᠭᠠᠭᠰᠠᠨ ᠭᠡᠷᠡᠴᠢᠯᠡᠯ᠎ᠦᠨ ᠪᠢᠴᠢᠭ ᠮᠠᠲᠧᠷᠢᠶᠠᠯ ᠪᠤᠶᠤ ᠦᠨᠡᠮᠯᠡᠯ᠎ᠢᠶᠡᠷ ᠦᠨᠳᠦᠰᠦᠯᠡᠯ ᠪᠣᠯᠭᠠᠨ᠎ᠠ ᠂ ᠡᠰᠡᠬᠦᠯ᠎ᠡ ᠪᠠᠢᠭ᠎ᠠ ᠨᠢᠭᠡᠴᠢ ᠪᠤᠶᠤ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠲᠤᠬᠠᠢᠯᠠᠭᠰᠠᠨ ᠠᠵᠢᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠦᠨ ᠭᠠᠷᠭᠠᠭᠰᠠᠨ ᠪᠢᠴᠢᠭᠯᠡᠭᠰᠡᠨ ᠭᠡᠷᠡᠴᠢᠯᠡᠬᠦ ᠮᠠᠲᠧᠷᠢᠶᠠᠯ᠎ᠢᠶᠠᠨ ᠬᠠᠩᠭᠠᠬᠤ ᠬᠡᠷᠡᠭᠲᠡᠢ᠃
( ᠨᠠᠢ᠍ᠮᠠ ) 《 ᠲᠥᠯᠥᠭᠡᠯᠡᠬᠦ ᠴᠢᠨᠠᠷᠲᠠᠢ ᠦᠷ᠎ᠡ ᠪᠦᠲᠦᠭᠡᠯ 》᠎ᠳᠤ ᠠᠢᠮᠠᠭ ᠬᠣᠲᠠ ( ᠲᠢᠩᠬᠢᠮ ᠲᠣᠪᠴᠢᠶ᠎ᠠ )᠎ᠶᠢᠨ ᠱᠠᠲᠤᠨ᠎ᠠᠴᠠ ᠳᠡᠭᠡᠭᠰᠢᠬᠢ ᠰᠤᠳᠤᠯᠭᠠᠨ᠎ᠤ ᠰᠡᠳᠦᠪ ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠲᠥᠷᠥᠯ ᠵᠦᠢᠯ ᠂ ᠡᠭᠦᠳᠦᠯᠲᠡ᠎ᠶᠢᠨ ᠲᠤᠰᠬᠠᠢ ᠠᠰᠢᠭ᠋ ᠵᠡᠷᠭᠡ᠎ᠶᠢ ᠪᠠᠭᠲᠠᠭᠠᠨ᠎ᠠ ᠃
ᠠᠷᠪᠠᠨ ᠳᠣᠯᠣᠳᠤᠭᠠᠷ ᠵᠦᠢᠯ ᠭᠤᠶᠤᠴᠢᠯᠠᠨ ᠮᠡᠳᠡᠭᠦᠯᠦᠭᠴᠢ ᠭᠡᠷᠡᠴᠢ ᠦᠨᠡᠮᠯᠡᠯ᠎ᠢ ᠬᠠᠭᠤᠷᠮᠠᠭᠯᠠᠨ ᠵᠣᠬᠢᠶᠠᠭᠰᠠᠨ ᠂ ᠥᠭᠡᠷᠡᠲᠦᠭᠦᠯᠦᠨ ᠵᠣᠬᠢᠶᠠᠭᠰᠠᠨ ᠵᠡᠷᠭᠡ ᠪᠠᠢᠳᠠᠯ ᠣᠷᠣᠰᠢᠵᠤ ᠂ ᠡᠰᠡᠬᠦᠯ᠎ᠡ ᠬᠤᠳᠠᠯ ᠬᠡᠯᠡᠵᠦ ᠬᠠᠭᠤᠷᠮᠠᠭ᠎ᠢᠶᠠᠷ ᠵᠣᠬᠢᠶᠠᠭᠰᠠᠨ ᠂ ᠠᠷᠭ᠎ᠠ ᠵᠠᠯᠢ ᠬᠡᠷᠡᠭᠯᠡᠨ ᠠᠮᠢᠨ᠎ᠳᠠᠭᠠᠨ ᠲᠠᠲᠠᠭᠰᠠᠨ ᠪᠤᠰᠤᠳ ᠦᠶ᠋ᠯᠡ ᠠᠵᠢᠯᠯᠠᠭ᠎ᠠ᠎ᠲᠠᠢ ᠪᠠᠢᠪᠠᠯ ᠂ ᠬᠢᠨᠠᠨ ᠲᠣᠭᠲᠠᠭᠠᠬᠤ ᠬᠢᠷᠢ ᠬᠡᠮ᠎ᠢ ᠨᠢ ᠬᠦᠴᠦᠨ ᠦᠭᠡᠢ ᠪᠣᠯᠭᠠᠵᠤ ᠂ ᠬᠢᠨᠠᠨ ᠲᠣᠭᠲᠠᠭᠠᠬᠤ᠎ᠳᠤ ᠨᠢᠭᠡᠨᠲᠡ ᠬᠢᠷᠢ ᠲᠡᠩᠴᠡᠭᠰᠡᠨ ᠬᠥᠮᠥᠰ᠎ᠦᠨ ᠮᠡᠷᠭᠡᠵᠢᠯ᠎ᠦᠨ ᠴᠣᠯᠠ᠎ᠶᠢ ᠨᠢ ᠬᠦᠴᠦᠨ ᠦᠭᠡᠢ ᠪᠣᠯᠭᠠᠵᠤ ᠂ ᠦᠨᠡᠮᠯᠡᠯ ᠣᠯᠭᠣᠭᠰᠠᠨ ᠪᠠᠢᠭᠤᠯᠭ᠎ᠠ᠎ᠠᠴᠠ ᠮᠡᠷᠭᠡᠵᠢᠯ᠎ᠦᠨ ᠴᠣᠯᠠ᠎ᠶᠢᠨ ᠦᠨᠡᠮᠯᠡᠯ᠎ᠢ ᠨᠢ ᠬᠣᠷᠢᠶᠠᠨ ᠠᠪᠬᠤ᠎ᠶᠢᠨ ᠬᠠᠮᠲᠤ ᠳᠠᠷᠠᠭ᠎ᠠ ᠵᠢᠯ᠎ᠡᠴᠡ ᠨᠢ ᠡᠬᠢᠯᠡᠨ 3 ᠵᠢᠯ᠎ᠦᠨ ᠳᠣᠲᠣᠷ᠎ᠠ ᠵᠣᠬᠢᠬᠤ ᠮᠡᠷᠭᠡᠵᠢᠯ᠎ᠦᠨ ᠴᠣᠯᠠ ᠬᠢᠨᠠᠨ ᠲᠣᠭᠲᠠᠭᠠᠯᠭᠠᠬᠤ᠎ᠪᠠᠷ ᠮᠡᠳᠡᠭᠦᠯᠵᠦ ᠪᠣᠯᠬᠤ ᠦᠭᠡᠢ ᠃
ᠠᠷᠪᠠᠨ ᠨᠠᠢ᠍ᠮᠠᠳᠤᠭᠠᠷ ᠵᠦᠢᠯ ᠭᠤᠶᠤᠴᠢᠯᠠᠨ ᠮᠡᠳᠡᠭᠦᠯᠦᠭᠴᠢ ᠨᠢ ᠲᠣᠰ ᠬᠢᠨᠠᠨ ᠲᠣᠭᠲᠠᠭᠠᠬᠤ ᠨᠥᠬᠥᠴᠡᠯ᠎ᠳᠦ ᠲᠣᠳᠣᠷᠬᠠᠢᠯᠠᠭᠰᠠᠨ ᠱᠠᠭᠠᠷᠳᠠᠯᠭ᠎ᠠ᠎ᠳᠤ ᠨᠡᠢᠴᠡᠬᠦ᠎ᠡᠴᠡ ᠭᠠᠳᠠᠨ᠎ᠠ ᠂ ᠪᠠᠰᠠ ᠬᠢᠨᠠᠨ ᠲᠣᠭᠲᠠᠭᠠᠬᠤ᠎ᠪᠠᠷ ᠮᠡᠳᠡᠭᠦᠯᠬᠦ ᠣᠨ᠎ᠤ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠦᠨ ᠴᠣᠯᠠ᠎ᠶᠢᠨ ᠠᠵᠢᠯ᠎ᠤᠨ ᠲᠣᠬᠢᠷᠠᠭᠤᠯᠤᠯᠲᠠ᠎ᠶᠢᠨ ᠬᠣᠯᠪᠣᠭᠳᠠᠯ ᠪᠦᠬᠦᠢ ᠲᠣᠭᠲᠠᠭᠠᠯ᠎ᠳᠤ ᠨᠡᠢᠴᠡᠭᠰᠡᠨ ᠪᠠᠢᠬᠤ ᠬᠡᠷᠡᠭᠲᠡᠢ ᠂ ᠲᠣᠰ ᠬᠢᠨᠠᠨ ᠲᠣᠭᠲᠠᠭᠠᠬᠤ ᠨᠥᠬᠥᠴᠡᠯ᠎ᠦᠨ ᠬᠠᠮᠢᠶ᠎ᠠ ᠪᠦᠬᠦᠢ ᠵᠦᠢᠯ ᠵᠤᠷᠪᠤᠰ᠎ᠤᠨ ᠲᠤᠬᠠᠢ ᠬᠢᠨᠠᠨ ᠲᠣᠭᠲᠠᠭᠠᠬᠤ ᠣᠨ᠎ᠤ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠦᠨ ᠴᠣᠯᠠ᠎ᠶᠢᠨ ᠠᠵᠢᠯ᠎ᠤᠨ ᠲᠣᠬᠢᠷᠠᠭᠤᠯᠤᠯᠲᠠ᠎ᠳᠤ ᠠᠰᠲᠠᠭᠠᠨ ᠲᠣᠭᠲᠠᠭᠠᠯ᠎ᠲᠠᠢ ᠪᠠᠢᠪᠠᠯ ᠂ ᠲᠡᠷᠡ ᠲᠣᠭᠲᠠᠭᠠᠯ᠎ᠢ ᠳᠠᠭᠠᠬᠤ ᠬᠡᠷᠡᠭᠲᠡᠢ ᠃
ᠠᠷᠪᠠ ᠶᠢᠰᠦᠳᠦᠭᠡᠷ ᠵᠦᠢᠯ ᠲᠣᠰ ᠬᠢᠨᠠᠨ ᠲᠣᠭᠲᠠᠭᠠᠬᠤ ᠨᠥᠬᠥᠴᠡᠯ᠎ᠢ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ ᠂ ᠪᠡᠶ᠎ᠡ᠎ᠶᠢᠨ ᠲᠠᠮᠢᠷ᠎ᠤᠨ ᠲᠣᠪᠴᠢᠶ᠎ᠠ᠎ᠠᠴᠠ ᠲᠣᠰ ᠲᠣᠰ᠎ᠤᠨ ᠡᠭᠦᠷᠭᠡ ᠬᠠᠷᠢᠭᠤᠴᠠᠯᠭ᠎ᠠ ᠶᠣᠰᠣᠭᠠᠷ ᠬᠠᠷᠢᠭᠤᠴᠠᠨ ᠲᠠᠢᠯᠪᠤᠷᠢᠯᠠᠨ᠎ᠠ ᠃
ᠬᠣᠷᠢᠳᠤᠭᠠᠷ ᠵᠦᠢᠯ ᠲᠤᠰ ᠬᠢᠨᠠᠨ ᠲᠣᠭᠲᠠᠭᠠᠬᠤ ᠨᠥᠬᠥᠴᠡᠯ᠎ᠢ ᠳᠠᠷᠤᠮᠠᠯᠯᠠᠨ ᠲᠠᠷᠬᠠᠭᠠᠭᠰᠠᠨ ᠡᠳᠦᠷ᠎ᠡᠴᠡ ᠡᠬᠢᠯᠡᠵᠦ ᠬᠡᠷᠡᠭᠵᠢᠭᠦᠯᠦᠨ᠎ᠡ᠃