ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠎ᠶᠢᠨ ᠠᠯᠪᠠᠨ ᠲᠤᠩᠬᠠᠭ ( ᠲᠠᠪᠢᠨ ᠨᠠᠢ᠍ᠮᠠᠳᠤᠭᠠᠷ ᠲᠣᠭᠠᠲᠤ )
ᠨᠡᠶ᠋ᠢᠲᠡᠯᠡᠭᠰᠡᠨ ᠴᠠᠭ᠄ 2025-07-24

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠎ᠶᠢᠨ ᠠᠯᠪᠠᠨ ᠲᠤᠩᠬᠠᠭ
                          ᠲᠠᠪᠢᠨ ᠨᠠᠢ᠍ᠮᠠᠳᠤᠭᠠᠷ ᠲᠣᠭᠠᠲᠤ


      2025 ᠣᠨ᠎ᠤ 7 ᠰᠠᠷ᠎ᠠ᠎ᠶᠢᠨ 24᠎ᠦ ᠡᠳᠦᠷ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠎ᠶᠢᠨ ᠠᠷᠪᠠᠨ ᠨᠠᠢ᠍ᠮᠠᠳᠤᠭᠠᠷ ᠬᠤᠷᠠᠯᠳᠤᠭᠠᠨ᠎ᠠᠴᠠ 《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠪᠠᠲᠤᠯᠠᠭ᠎ᠠ᠎ᠶᠢᠨ ᠺᠠᠷᠲ᠎ᠤᠨ ᠰᠠᠭᠤᠭᠠᠯᠢ ᠠᠷᠠᠳ᠎ᠤᠨ ᠦᠢᠯᠡᠴᠢᠯᠡᠭᠡᠨ᠎ᠦ ᠪᠦᠷᠢᠨ ᠴᠢᠳᠠᠮᠵᠢᠲᠤ ᠺᠠᠷᠲ᠎ᠤᠨ ᠳᠦᠷᠢᠮ 》᠎ᠢ ᠪᠠᠲᠤᠯᠠᠵᠤ ᠂ ᠣᠲᠣ᠌ ᠨᠡᠢᠲᠡᠯᠡᠪᠡ ᠂ 2025 ᠣᠨ᠎ᠤ 9 ᠰᠠᠷ᠎ᠠ᠎ᠶᠢᠨ 1᠎ᠦ ᠡᠳᠦᠷ᠎ᠡᠴᠡ ᠡᠬᠢᠯᠡᠵᠦ ᠬᠡᠷᠡᠭᠵᠢᠭᠦᠯᠦᠨ᠎ᠡ ᠃
                        ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ
                                     2025᠎ᠤ 7 ᠰᠠᠷ᠎ᠠ᠎ᠶᠢᠨ 24᠎ᠦ ᠡᠳᠦᠷ


      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠪᠠᠲᠤᠯᠠᠭ᠎ᠠ᠎ᠶᠢᠨ ᠺᠠᠷᠲ᠎ᠤᠨ ᠰᠠᠭᠤᠭᠠᠯᠢ ᠠᠷᠠᠳ᠎ᠤᠨ ᠦᠢᠯᠡᠴᠢᠯᠡᠭᠡᠨ᠎ᠦ ᠪᠦᠷᠢᠨ ᠴᠢᠳᠠᠮᠵᠢᠲᠤ ᠺᠠᠷᠲ᠎ᠤᠨ ᠳᠦᠷᠢᠮ
                  ( 2025 ᠣᠨ᠎ᠤ 7 ᠰᠠᠷ᠎ᠠ᠎ᠶᠢᠨ 24᠎ᠦ ᠡᠳᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠎ᠶᠢᠨ ᠠᠷᠪᠠᠨ ᠨᠠᠢ᠍ᠮᠠᠳᠤᠭᠠᠷ ᠤᠳᠠᠭᠠᠨ᠎ᠤ ᠬᠤᠷᠠᠯᠳᠤᠭᠠᠨ᠎ᠢᠶᠠᠷ ᠪᠠᠲᠤᠯᠠᠪᠠ )


      ᠨᠢᠭᠡᠳᠦᠭᠡᠷ ᠵᠦᠢᠯ  ᠨᠡᠢᠭᠡᠮ᠎ᠦᠨ ᠪᠠᠲᠤᠯᠠᠭ᠎ᠠ᠎ᠶᠢᠨ ᠺᠠᠷᠲ᠎ᠤᠨ ᠰᠠᠭᠤᠭᠠᠯᠢ ᠠᠷᠠᠳ᠎ᠤᠨ ᠦᠢᠯᠡᠴᠢᠯᠡᠭᠡᠨ᠎ᠦ ᠪᠦᠷᠢᠨ ᠴᠢᠳᠠᠮᠵᠢᠲᠤ ᠺᠠᠷᠲ᠎ᠤᠨ ᠪᠦᠲᠦᠭᠡᠨ ᠪᠠᠢᠭᠤᠯᠤᠯᠲᠠ᠎ᠶᠢ ᠠᠬᠢᠭᠤᠯᠵᠤ ᠂ ᠠᠷᠠᠳ᠎ᠲᠤ ᠲᠥᠬᠥᠮ ᠦᠵᠡᠭᠦᠯᠬᠦ ᠦᠢᠯᠡᠴᠢᠯᠡᠭᠡᠨ᠎ᠦ ᠬᠢᠷᠢ ᠬᠡᠮᠵᠢᠶ᠎ᠡ᠎ᠶᠢ ᠳᠡᠭᠡᠭᠰᠢᠯᠡᠭᠦᠯᠦᠨ ᠂ ᠣᠯᠠᠨ ᠨᠡᠶ᠋ᠢᠲᠡ᠎ᠶᠢᠨ ᠦᠢᠯᠡᠴᠢᠯᠡᠭᠡᠨ᠎ᠦ ᠴᠢᠳᠠᠪᠤᠷᠢ᠎ᠶᠢ ᠨᠡᠮᠡᠭᠳᠡᠭᠦᠯᠵᠦ ᠂ ᠠᠷᠠᠳ᠎ᠤᠨ ᠠᠮᠢᠳᠤᠷᠠᠯ᠎ᠤᠨ ᠦᠢᠯᠡᠴᠢᠯᠡᠭᠡᠨ᠎ᠦ ᠬᠦᠴᠦᠨ ᠴᠢᠳᠠᠪᠤᠷᠢ᠎ᠶᠢ ᠴᠢᠩᠭᠠᠷᠠᠭᠤᠯᠬᠤ᠎ᠶᠢᠨ ᠲᠤᠰᠠᠳᠠ ᠂ ᠤᠯᠤᠰ᠎ᠤᠨ ᠬᠣᠯᠪᠣᠭᠳᠠᠯ ᠪᠦᠬᠦᠢ ᠬᠠᠤᠯᠢ ᠴᠠᠭᠠᠵᠠ ᠂ ᠬᠠᠤᠯᠢ ᠲᠣᠭᠲᠠᠭᠠᠯ᠎ᠢ ᠦᠨᠳᠦᠰᠦᠯᠡᠨ ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠵᠤ ᠂ ᠲᠣᠰ ᠳᠦᠷᠢᠮ᠎ᠢ ᠲᠣᠭᠲᠠᠭᠠᠪᠠ ᠃
      ᠬᠣᠶᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭᠠᠨ᠎ᠤ ᠣᠷᠣᠨ᠎ᠤ ᠳᠣᠲᠣᠷᠠᠬᠢ ᠨᠡᠢᠭᠡᠮ᠎ᠦᠨ ᠪᠠᠲᠤᠯᠠᠭ᠎ᠠ᠎ᠶᠢᠨ ᠺᠠᠷᠲ᠎ᠤᠨ ᠰᠠᠭᠤᠭᠠᠯᠢ ᠠᠷᠠᠳ᠎ᠤᠨ ᠦᠢᠯᠡᠴᠢᠯᠡᠭᠡᠨ᠎ᠦ ᠪᠦᠷᠢᠨ ᠴᠢᠳᠠᠮᠵᠢᠲᠤ ᠺᠠᠷᠲ᠎ᠤᠨ ᠦᠢᠯᠡᠴᠢᠯᠡᠭᠡᠨ᠎ᠦ ᠬᠠᠮᠢᠶᠠᠷᠤᠯᠲᠠ ᠵᠡᠷᠭᠡ᠎ᠳᠦ ᠬᠣᠯᠪᠣᠭᠳᠠᠬᠤ ᠠᠵᠢᠯᠯᠠᠭ᠎ᠠ᠎ᠳᠤ ᠲᠣᠰ ᠳᠦᠷᠢᠮ᠎ᠢ ᠬᠡᠷᠡᠭᠯᠡᠨ᠎ᠡ᠃
      ᠭᠤᠷᠪᠠᠳᠤᠭᠠᠷ ᠵᠦᠢᠯ  ᠲᠣᠰ ᠳᠦᠷᠢᠮ᠎ᠳᠦ ᠬᠡᠯᠡᠵᠦ ᠪᠠᠢᠭ᠎ᠠ ᠨᠡᠢᠭᠡᠮ᠎ᠦᠨ ᠪᠠᠲᠤᠯᠠᠭ᠎ᠠ᠎ᠶᠢᠨ ᠺᠠᠷᠲ᠎ᠤᠨ ᠰᠠᠭᠤᠭᠠᠯᠢ ᠠᠷᠠᠳ᠎ᠤᠨ ᠦᠢᠯᠡᠴᠢᠯᠡᠭᠡᠨ᠎ᠦ ᠪᠦᠷᠢᠨ ᠴᠢᠳᠠᠮᠵᠢᠲᠤ ᠺᠠᠷᠲ ( ᠳᠣᠷᠣᠭ᠍ᠰᠢ ᠪᠦᠷᠢᠨ ᠴᠢᠳᠠᠮᠵᠢᠲᠤ ᠺᠠᠷᠲ ᠭᠡᠵᠦ ᠲᠣᠪᠴᠢᠯᠠᠨ᠎ᠠ ) ᠭᠡᠳᠡᠭ ᠨᠢ ᠨᠡᠢᠭᠡᠮ᠎ᠦᠨ ᠪᠠᠲᠤᠯᠠᠭ᠎ᠠ᠎ᠶᠢᠨ ᠺᠠᠷᠲ᠎ᠢᠶᠠᠷ ᠠᠴᠢᠶᠠᠯᠠᠪᠤᠷᠢ ᠪᠣᠯᠭᠠᠵᠤ ᠂ ᠪᠡᠶ᠎ᠡ᠎ᠶᠢᠨ ᠬᠢᠷᠢ ᠬᠡᠮ᠎ᠢ ᠢᠯᠭᠠᠨ ᠲᠠᠨᠢᠬᠤ ᠂ ᠪᠡᠯᠡ ᠮᠥᠩᠭᠥ ᠣᠯᠭᠣᠬᠤ ᠂ ᠲᠣᠭᠠᠴᠠᠭ᠎ᠠ ᠬᠢᠵᠦ ᠳ᠋ᠦᠩᠨᠡᠨ ᠪᠤᠳᠤᠬᠤ ᠵᠡᠷᠭᠡ ᠴᠢᠳᠠᠮᠵᠢ᠎ᠶᠢ ᠬᠤᠷᠠᠮᠳᠤᠭᠤᠯᠤᠨ ᠂ ᠺᠠᠷᠲ ᠡᠵᠡᠮᠰᠢᠭᠴᠢ ᠨᠡᠢᠭᠡᠮ᠎ᠦᠨ ᠪᠠᠲᠤᠯᠠᠭ᠎ᠠ᠎ᠶᠢᠨ ᠺᠠᠷᠲ᠎ᠢᠶᠠᠷ᠎ᠢᠶᠠᠨ ᠣᠷᠣᠨ ᠪᠦᠰᠡ ᠂ ᠬᠦᠷᠢᠶ᠎ᠡ ᠬᠡᠪᠴᠢᠶ᠎ᠡ ᠠᠯᠤᠰᠯᠠᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠪᠠ ᠣᠯᠠᠨ ᠨᠡᠶ᠋ᠢᠲᠡ᠎ᠶᠢᠨ ᠦᠢᠯᠡᠴᠢᠯᠡᠭᠡ᠎ᠶᠢ ᠭᠥᠷᠳᠡᠬᠦ᠎ᠶᠢ ᠪᠡᠶᠡᠯᠡᠭᠦᠯᠵᠦ ᠂ ᠨᠡᠢᠭᠡᠮ᠎ᠦᠨ ᠠᠮᠢᠳᠤᠷᠠᠯ᠎ᠳᠤ ᠣᠷᠣᠯᠴᠠᠵᠤ ᠂ ᠨᠢᠭᠡ ᠺᠠᠷᠲ᠎ᠢ ᠨᠡᠢᠳᠡᠮ ᠳ᠋ᠤᠨᠢ ᠬᠡᠷᠡᠭᠯᠡᠬᠦ᠎ᠶᠢ ᠪᠡᠶᠡᠯᠡᠭᠦᠯᠬᠦ᠎ᠶᠢ ᠵᠢᠭᠠᠵᠤ ᠪᠣᠶ ᠃
ᠨᠡᠢᠭᠡᠮ᠎ᠦᠨ ᠪᠠᠲᠤᠯᠠᠭ᠎ᠠ᠎ᠶᠢᠨ ᠺᠠᠷᠲ᠎ᠲᠤ ᠪᠣᠳᠠᠲᠤ ᠴᠣᠭᠴᠠ᠎ᠶᠢᠨ ᠨᠡᠢᠭᠡᠮ᠎ᠦᠨ ᠪᠠᠲᠤᠯᠠᠭ᠎ᠠ᠎ᠶᠢᠨ ᠺᠠᠷᠲ ᠪᠠ ᠡᠯᠧᠺᠲᠷᠣᠨ ᠨᠡᠢᠭᠡᠮ᠎ᠦᠨ ᠪᠠᠲᠤᠯᠠᠭ᠎ᠠ᠎ᠶᠢᠨ ᠺᠠᠷᠲ᠎ᠢ ᠪᠠᠭᠲᠠᠭᠠᠨ᠎ᠠ ᠃ ᠡᠯᠧᠺᠲᠷᠣᠨ ᠺᠠᠷᠲ ᠨᠢ ᠪᠣᠳᠠᠲᠤ ᠴᠣᠭᠴᠠ᠎ᠶᠢᠨ ᠨᠡᠢᠭᠡᠮ᠎ᠦᠨ ᠪᠠᠲᠤᠯᠠᠭ᠎ᠠ᠎ᠶᠢᠨ ᠺᠠᠷᠲ᠎ᠲᠠᠢ ᠠᠳᠠᠯᠢᠬᠠᠨ ᠬᠦᠴᠦᠨ᠎ᠲᠠᠢ᠃
      ᠳᠥᠷᠪᠡᠳᠦᠭᠡᠷ ᠵᠦᠢᠯ  ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭᠠᠨ᠎ᠤ ᠣᠷᠣᠨ᠎ᠤ ᠳᠣᠲᠣᠷ᠎ᠠ ᠰᠠᠭᠤᠷᠢᠰᠢᠭ᠍ᠰᠠᠨ᠂ ᠠᠵᠢᠯ ᠣᠯᠣᠭᠰᠠᠨ᠂ ᠨᠡᠢᠭᠡᠮ᠎ᠤᠨ ᠳᠠᠭᠠᠳᠬᠠᠯ᠎ᠳᠤ ᠣᠷᠣᠯᠴᠠᠭᠰᠠᠨ᠂ ᠤᠯᠠᠨ ᠨᠡᠶ᠋ᠢᠲᠡ᠎ᠶᠢᠨ ᠦᠢᠯᠡᠴᠢᠯᠡᠭᠡᠨ᠎ᠢ ᠬᠦᠷᠲᠡᠵᠦ ᠪᠠᠢᠭ᠎ᠠ ᠬᠤᠪᠢ ᠬᠥᠮᠥᠨ ᠲᠣᠭᠲᠠᠭᠠᠯ ᠶᠣᠰᠣᠭᠠᠷ ᠨᠡᠢᠭᠡᠮ᠎ᠤᠨ ᠪᠠᠲᠤᠯᠠᠭ᠎ᠠ᠎ᠶᠢᠨ ᠺᠠᠷᠲ ᠭᠤᠶᠤᠴᠢᠯᠠᠨ ᠠᠪᠴᠤ ᠪᠣᠯᠣᠨ᠎ᠠ᠃
ᠨᠡᠢᠭᠡᠮ᠎ᠦᠨ ᠪᠠᠲᠤᠯᠠᠭ᠎ᠠ᠎ᠶᠢᠨ ᠺᠠᠷᠲ᠎ᠢ ᠲᠠᠷᠬᠠᠭᠠᠬᠤ᠂ ᠦᠢᠯᠡᠳᠬᠦ᠂ ᠬᠡᠷᠡᠭᠯᠡᠬᠦ ᠵᠡᠷᠭᠡ᠎ᠶᠢ ᠤᠯᠤᠰ᠎ᠤᠨ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃
      ᠲᠠᠪᠤᠳᠤᠭᠠᠷ ᠵᠦᠢᠯ  ᠪᠦᠷᠢᠨ ᠴᠢᠳᠠᠮᠵᠢᠲᠤ ᠺᠠᠷᠲ᠎ᠤᠨ ᠦᠢᠯᠡᠴᠢᠯᠡᠭᠡᠨ᠎ᠦ ᠬᠠᠮᠢᠶᠠᠷᠤᠯᠲᠠ᠎ᠶᠢᠨ ᠠᠵᠢᠯ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶᠢ ᠪᠠᠷᠢᠮᠲᠠᠯᠠᠨ ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠦᠵᠡᠯ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠣᠣᠯ ᠰᠢᠵᠢᠮ ᠪᠣᠯᠭᠠᠵᠤ ᠂ ᠨᠢᠭᠡᠳᠦᠯᠲᠡᠢ ᠵᠢᠷᠤᠮᠵᠢᠭᠤᠯᠬᠤ ᠂ ᠬᠠᠮᠵᠢᠯᠴᠠᠨ ᠬᠠᠮᠲᠤ᠎ᠪᠠᠷ ᠡᠳ᠋ᠯᠡᠬᠦ ᠂ ᠲᠥᠪᠯᠡᠷᠡᠭᠦᠯᠦᠨ ᠨᠡᠢᠯᠡᠭᠦᠯᠬᠦ ᠂ ᠥᠨᠳᠥᠷ ᠦᠷ᠎ᠡ ᠪᠦᠲᠦᠮᠵᠢᠲᠡᠶ᠎ᠪᠡᠷ ᠠᠷᠠᠳ᠎ᠲᠤ ᠲᠥᠬᠥᠮ ᠦᠵᠡᠭᠦᠯᠬᠦ ᠂ ᠠᠮᠤᠷ ᠲᠦᠪᠰᠢᠨ᠎ᠢ ᠪᠠᠲᠤᠯᠠᠬᠤ ᠵᠠᠷᠴᠢᠮ᠎ᠢ ᠵᠢᠷᠤᠮᠯᠠᠬᠤ ᠬᠡᠷᠡᠭᠲᠡᠢ᠃
      ᠵᠢᠷᠭᠤᠳᠤᠭᠠᠷ ᠵᠦᠢᠯ  ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠪᠦᠷᠢᠨ ᠴᠢᠳᠠᠮᠵᠢᠲᠤ ᠺᠠᠷᠲ᠎ᠤᠨ ᠦᠢᠯᠡᠴᠢᠯᠡᠭᠡᠨ᠎ᠦ ᠬᠠᠮᠢᠶᠠᠷᠤᠯᠲᠠ᠎ᠶᠢᠨ ᠠᠵᠢᠯ᠎ᠤᠨ ᠤᠳᠤᠷᠢᠳᠤᠯᠭ᠎ᠠ᠎ᠪᠠᠨ ᠴᠢᠩᠭᠠᠳᠬᠠᠵᠤ ᠂ ᠲᠡᠭᠦᠨ᠎ᠢ ᠲᠣᠰ ᠭᠠᠵᠠᠷ ᠣᠷᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ ᠲᠥᠯᠦᠪᠵᠢᠭᠦᠯᠭᠡ᠎ᠳᠦ ᠣᠷᠣᠭᠤᠯᠤᠨ ᠂ ᠵᠣᠬᠢᠴᠠᠭᠤᠯᠤᠨ ᠠᠬᠢᠭᠤᠯᠬᠤ ᠲᠣᠭᠲᠠᠴᠠ᠎ᠶᠢ ᠪᠠᠢᠭᠤᠯᠵᠤ ᠂ ᠬᠠᠮᠢᠶ᠎ᠠ ᠪᠦᠬᠦᠢ ᠠᠵᠢᠯ᠎ᠤᠨ ᠡᠭᠦᠷᠭᠡ᠎ᠶᠢ ᠱᠠᠯᠠᠪᠳᠠᠭᠤᠯᠤᠨ ᠨᠠᠢᠳᠠᠪᠤᠷᠢᠵᠢᠭᠤᠯᠬᠤ ᠬᠡᠷᠡᠭᠲᠡᠢ ᠃
ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠦᠳ ᠲᠣᠰ ᠵᠠᠰᠠᠭ ᠵᠠᠬᠢᠷᠭᠠᠨ᠎ᠤ ᠬᠡᠪᠴᠢᠶᠡᠨ᠎ᠳᠠᠬᠢ ᠪᠦᠷᠢᠨ ᠴᠢᠳᠠᠮᠵᠢᠲᠤ ᠺᠠᠷᠲ᠎ᠤᠨ ᠦᠢᠯᠡᠴᠢᠯᠡᠭᠡᠨ᠎ᠦ ᠬᠠᠮᠢᠶᠠᠷᠤᠯᠲᠠ᠎ᠶᠢᠨ ᠠᠵᠢᠯ᠎ᠢ ᠬᠠᠷᠢᠭᠤᠴᠠᠨ᠎ᠠ ᠃
ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠂ ᠳᠣᠲᠣᠭᠠᠳᠤ᠎ᠶᠢ ᠬᠠᠮᠠᠭᠠᠯᠠᠬᠤ ᠂ ᠡᠷᠡᠭᠦᠯ ᠬᠠᠮᠠᠭᠠᠯᠠᠯ ᠡᠷᠡᠭᠦᠯ ᠮᠡᠨᠳᠦ ᠂ ᠡᠮᠴᠢᠯᠡᠭᠡᠨ᠎ᠦ ᠪᠠᠲᠤᠯᠠᠭ᠎ᠠ ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ ᠬᠢᠭᠡᠳ ᠲᠣᠭ᠎ᠠ ᠪᠠᠷᠢᠮᠲᠠ᠎ᠶᠢᠨ ᠬᠠᠮᠢᠶᠠᠷᠤᠯᠲᠠ ᠂ ᠮᠥᠩᠭᠥᠨ ᠭᠦᠢᠯᠭᠡᠭᠡᠨ᠎ᠦ ᠬᠠᠮᠢᠶᠠᠷᠤᠯᠲᠠ ᠂ ᠲᠠᠷᠢᠶᠠᠯᠠᠩ ᠮᠠᠯ ᠠᠵᠤ ᠠᠬᠤᠢ ᠂ ᠣᠶ ᠰᠢᠭᠤᠢ ᠪᠠ ᠨᠤᠲᠤᠭ ᠪᠡᠯᠴᠢᠭᠡᠷ ᠂ ᠵᠠᠮ ᠬᠠᠷᠢᠯᠴᠠᠭ᠎ᠠ ᠲᠡᠭᠡᠭᠡᠪᠦᠷᠢ ᠂ ᠰᠣᠶᠣᠯ ᠪᠠ ᠵᠢᠭᠤᠯᠴᠢᠯᠠᠯ ᠂ ᠠᠷᠠᠳ᠎ᠤᠨ ᠶᠠᠪᠤᠳᠠᠯ ᠂ ᠰᠤᠷᠭᠠᠨ ᠬᠥᠮᠦᠵᠢᠯ ᠂ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ ᠂ ᠵᠡᠮᠳᠡᠭᠴᠦᠳ᠎ᠦᠨ ᠬᠣᠯᠪᠣᠭᠠᠲᠤ ᠬᠤᠷᠠᠯ ᠵᠡᠷᠭᠡ ᠰᠠᠯᠠᠭ᠎ᠠ ᠮᠥᠴᠢᠷ ᠪᠠ ᠨᠢᠭᠡᠴᠢ᠎ᠨᠦᠭᠦᠳ ᠲᠣᠰ ᠲᠣᠰ᠎ᠤᠨ ᠡᠭᠦᠷᠭᠡ ᠬᠠᠷᠢᠭᠤᠴᠠᠯᠭ᠎ᠠ᠎ᠶᠢᠨ᠎ᠢᠶᠠᠨ ᠶᠣᠰᠣᠭᠠᠷ ᠪᠦᠷᠢᠨ ᠴᠢᠳᠠᠮᠵᠢᠲᠤ ᠺᠠᠷᠲ᠎ᠤᠨ ᠲᠤᠬᠠᠢᠯᠠᠭᠰᠠᠨ ᠠᠵᠢᠯ᠎ᠤᠨ ᠬᠡᠷᠡᠭᠯᠡᠭᠡᠨ ᠂ ᠮᠡᠷᠭᠡᠵᠢᠯ᠎ᠦᠨ ᠲᠤᠯᠭᠠᠭᠤᠷᠢᠯᠠᠯ ᠪᠠ ᠦᠢᠯᠡᠴᠢᠯᠡᠭᠡᠨ᠎ᠦ ᠪᠠᠲᠤᠯᠠᠭ᠎ᠠ ᠵᠡᠷᠭᠡ ᠬᠠᠮᠢᠶ᠎ᠠ ᠪᠦᠬᠦᠢ ᠠᠵᠢᠯ᠎ᠢ ᠰᠠᠢᠲᠤᠷ ᠬᠢᠬᠦ ᠬᠡᠷᠡᠭᠲᠡᠢ ᠃
      ᠳᠣᠯᠣᠳᠤᠭᠠᠷ ᠵᠦᠢᠯ  ᠪᠦᠷᠢᠨ ᠴᠢᠳᠠᠮᠵᠢᠲᠤ ᠺᠠᠷᠲ᠎ᠤᠨ ᠬᠡᠷᠡᠭᠯᠡᠯᠲᠡ᠎ᠳᠤ ᠭᠠᠷᠴᠠᠭ᠎ᠤᠨ ᠬᠠᠮᠢᠶᠠᠷᠤᠯᠲᠠ᠎ᠶᠢ ᠬᠡᠷᠡᠭᠵᠢᠭᠦᠯᠦᠨ᠎ᠡ᠃ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠨᠡᠢᠭᠡᠮ᠎ᠦᠨ ᠪᠠᠲᠤᠯᠠᠭ᠎ᠠ᠎ᠶᠢᠨ ᠺᠠᠷᠲ ᠬᠡᠷᠡᠭᠯᠡᠬᠦ᠎ᠶᠢ ᠳᠡᠮᠵᠢᠬᠦ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ ᠂ ᠣᠯᠠᠨ ᠨᠡᠶ᠋ᠢᠲᠡ᠎ᠶᠢᠨ ᠦᠢᠯᠡᠴᠢᠯᠡᠭᠡᠨ ᠵᠡᠷᠭᠡ ᠵᠦᠢᠯᠡᠰ᠎ᠢ ᠪᠦᠷᠢᠨ ᠴᠢᠳᠠᠮᠵᠢᠲᠤ ᠺᠠᠷᠲ᠎ᠤᠨ ᠬᠡᠷᠡᠭᠯᠡᠬᠦ ᠵᠦᠢᠯᠡᠰ᠎ᠦᠨ ᠭᠠᠷᠴᠠᠭ᠎ᠲᠤ ᠵᠢᠭ᠍ᠰᠠᠭᠠᠨ ᠣᠷᠣᠭᠤᠯᠤᠨ᠎ᠠ ᠃ ᠪᠤᠰᠤᠳ ᠬᠦᠷᠢᠶᠡᠨ᠎ᠳᠦ ᠨᠡᠢᠭᠡᠮ᠎ᠦᠨ ᠪᠠᠲᠤᠯᠠᠭ᠎ᠠ᠎ᠶᠢᠨ ᠺᠠᠷᠲ ᠬᠡᠷᠡᠭᠯᠡᠬᠦ᠎ᠳᠦ ᠲᠣᠬᠢᠷᠠᠮᠵᠢᠲᠠᠢ ᠪᠠᠢᠪᠠᠯ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠳ ᠵᠣᠬᠢᠴᠠᠭᠤᠯᠭ᠎ᠠ᠎ᠪᠠᠨ ᠴᠢᠩᠭᠠᠳᠬᠠᠵᠤ᠂ ᠭᠠᠷᠴᠠᠭ᠎ᠲᠤ ᠣᠷᠣᠭᠤᠯᠬᠤ᠎ᠶᠢ ᠴᠠᠭ ᠲᠤᠬᠠᠢ ᠳ᠋ᠤᠨᠢ ᠲᠦᠯᠬᠢᠨ ᠠᠬᠢᠭᠤᠯᠬᠤ ᠬᠡᠷᠡᠭᠲᠡᠢ᠃
      ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠦᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠥᠪᠡᠷᠲᠡᠭᠡᠨ ᠵᠠᠰᠠᠬᠤ ᠣᠷᠣᠨ᠎ᠤ ᠪᠦᠷᠢᠨ ᠴᠢᠳᠠᠮᠵᠢᠲᠤ ᠺᠠᠷᠲ᠎ᠤᠨ ᠬᠡᠷᠡᠭᠯᠡᠭᠡᠨ᠎ᠦ ᠵᠦᠢᠯᠡᠰ᠎ᠦᠨ ᠭᠠᠷᠴᠠᠭ᠎ᠢ ᠨᠠᠢᠷᠠᠭᠤᠯᠤᠨ ᠵᠣᠬᠢᠶᠠᠵᠤ ᠂ ᠬᠡᠷᠡᠭᠯᠡᠭᠡᠨ᠎ᠦ ᠠᠬᠤᠢ ᠪᠠᠢᠳᠠᠯ ᠂ ᠬᠡᠷᠡᠭᠯᠡᠭᠡᠨ᠎ᠦ ᠲᠠᠯᠠᠪᠤᠷ ᠵᠡᠷᠭᠡ᠎ᠶᠢ ᠲᠣᠳᠣᠷᠬᠠᠢᠯᠠᠨ ᠂ ᠬᠥᠳᠡᠯᠦᠩᠭᠦᠢ ᠬᠠᠮᠢᠶᠠᠷᠤᠯᠲᠠ ᠬᠢᠬᠦ᠎ᠶᠢᠨ ᠬᠠᠮᠲᠤ ᠨᠡᠢᠭᠡᠮ᠎ᠳᠦ ᠢᠯᠡ ᠨᠡᠢᠲᠡᠯᠡᠨ᠎ᠡ ᠃ ᠠᠢᠮᠠᠭ᠎ᠤᠨ ᠵᠠᠬᠢᠷᠭ᠎ᠠ ᠂ ᠲᠣᠭᠣᠷᠢᠭ᠋᠎ᠲᠠᠢ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ᠎ᠤ ᠪᠦᠷᠢᠨ ᠴᠢᠳᠠᠮᠵᠢᠲᠤ ᠺᠠᠷᠲ᠎ᠤᠨ ᠬᠡᠷᠡᠭᠯᠡᠭᠡᠨ᠎ᠦ ᠵᠦᠢᠯᠡᠰ᠎ᠦᠨ ᠭᠠᠷᠴᠠᠭ᠎ᠤᠨ ᠰᠠᠭᠤᠷᠢᠨ ᠳᠡᠭᠡᠷ᠎ᠡ ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠲᠣᠰ ᠭᠠᠵᠠᠷ ᠣᠷᠣᠨ᠎ᠤ ᠪᠣᠳᠠᠲᠠᠢ᠎ᠲᠠᠢ᠎ᠪᠠᠨ ᠤᠶᠠᠯᠳᠤᠭᠤᠯᠤᠨ ᠲᠣᠰ ᠵᠠᠰᠠᠭ ᠵᠠᠬᠢᠷᠭᠠᠨ᠎ᠤ ᠣᠷᠣᠨ᠎ᠤ ᠪᠦᠷᠢᠨ ᠴᠢᠳᠠᠮᠵᠢᠲᠤ ᠺᠠᠷᠲ᠎ᠤᠨ ᠬᠡᠷᠡᠭᠯᠡᠭᠡᠨ᠎ᠦ ᠵᠦᠢᠯᠡᠰ᠎ᠤᠨ ᠭᠠᠷᠴᠠᠭ᠎ᠢ ᠨᠠᠢᠷᠠᠭᠤᠯᠤᠨ ᠵᠣᠬᠢᠶᠠᠵᠤ ᠪᠣᠯᠣᠨ᠎ᠠ᠃
      ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠳ ᠪᠦᠷᠢᠨ ᠴᠢᠳᠠᠮᠵᠢᠲᠤ ᠺᠠᠷᠲ᠎ᠤᠨ ᠬᠡᠷᠡᠭᠯᠡᠭᠡᠨ᠎ᠦ ᠵᠦᠢᠯᠡᠰ᠎ᠦᠨ ᠭᠠᠷᠴᠠᠭ᠎ᠤᠨ ᠶᠣᠰᠣᠭᠠᠷ ᠬᠡᠷᠡᠭᠯᠡᠭᠡ ᠥᠷᠨᠢᠭᠦᠯᠵᠦ ᠂ ᠦᠢᠯᠡᠴᠢᠯᠡᠭᠡ ᠬᠠᠩᠭᠠᠬᠤ ᠬᠡᠷᠡᠭᠲᠡᠢ ᠃ ᠤᠯᠤᠰ ᠪᠠ ᠥᠪᠡᠷᠲᠡᠭᠡᠨ ᠵᠠᠰᠠᠬᠤ ᠣᠷᠣᠨ᠎ᠠᠴᠠ ᠨᠡᠢᠭᠡᠮ᠎ᠦᠨ ᠪᠠᠲᠤᠯᠠᠭ᠎ᠠ᠎ᠶᠢᠨ ᠺᠠᠷᠲ ᠬᠡᠷᠡᠭᠯᠡᠬᠦ ᠬᠡᠷᠡᠭᠲᠡᠢ ᠭᠡᠵᠦ ᠲᠣᠭᠲᠠᠭᠠᠭᠰᠠᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠂ ᠣᠯᠠᠨ ᠨᠡᠶ᠋ᠢᠲᠡ᠎ᠶᠢᠨ ᠦᠢᠯᠡᠴᠢᠯᠡᠭᠡᠨ᠎ᠦ ᠬᠦᠷᠢᠶ᠎ᠡ ᠴᠠᠷᠠᠭ᠎ᠠ᠎ᠳᠤ ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠡᠴᠡ ᠴᠢᠳᠠᠮᠵᠢ ᠨᠢ ᠳᠠᠪᠬᠤᠷᠳᠠᠭᠰᠠᠨ ᠺᠠᠷᠲ ᠂ ᠦᠨᠡᠮᠯᠡᠯ ᠪᠤᠶᠤ ᠡᠯᠧᠺᠲᠷᠣᠨ ᠬᠣᠶᠠᠷ ᠬᠡᠮᠵᠢᠯᠲᠦ ᠺᠣᠳ᠋᠎ᠢ ᠳᠠᠭᠢᠵᠤ ᠣᠯᠭᠣᠬᠤ ᠦᠭᠡᠢ ᠃ ᠤᠯᠤᠰ᠎ᠠᠴᠠ ᠠᠰᠲᠠᠭᠠᠨ ᠲᠣᠭᠲᠠᠭᠠᠯ᠎ᠲᠠᠢ ᠪᠠᠢᠪᠠᠯ᠂ ᠨᠡᠢᠭᠡᠮ᠎ᠦᠨ ᠪᠠᠲᠤᠯᠠᠭ᠎ᠠ᠎ᠶᠢᠨ ᠺᠠᠷᠲ᠎ᠲᠠᠢ ᠠᠭᠤᠰᠤᠯᠴᠠᠭᠤᠯᠤᠨ ᠬᠡᠷᠡᠭᠯᠡᠬᠦ᠎ᠶᠢ ᠲᠦᠯᠬᠢᠨ ᠠᠬᠢᠭᠤᠯᠵᠤ᠂ ᠨᠡᠢᠭᠡᠮ᠎ᠦᠨ ᠪᠠᠲᠤᠯᠠᠭ᠎ᠠ᠎ᠶᠢᠨ ᠺᠠᠷᠲ᠎ᠤᠨ ᠬᠣᠯᠪᠣᠭᠳᠠᠯ ᠪᠦᠬᠦᠢ ᠦᠢᠯᠡᠴᠢᠯᠡᠭᠡᠨ᠎ᠦ ᠴᠢᠳᠠᠮᠵᠢ᠎ᠶᠢ ᠨᠡᠮᠡᠬᠦ᠎ᠶᠢ ᠳᠡᠮᠵᠢᠬᠦ ᠬᠡᠷᠡᠭᠲᠡᠢ᠃
      ᠨᠠᠢ᠍ᠮᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ ᠨᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠂ ᠪᠥᠬᠥ ᠣᠷᠣᠨ᠎ᠤ ᠨᠢᠭᠡᠳᠦᠯᠲᠡᠢ ᠲᠣᠭ᠎ᠠ ᠪᠠᠷᠢᠮᠲᠠ᠎ᠶᠢ ᠬᠠᠮᠲᠤ᠎ᠪᠠᠷ ᠭᠥᠷᠳᠡᠵᠦ ᠰᠣᠯᠢᠯᠴᠠᠬᠤ ᠲᠠᠪᠴᠠᠩ ᠵᠢᠴᠢ ᠪᠦᠷᠢᠨ ᠴᠢᠳᠠᠮᠵᠢᠲᠤ ᠺᠠᠷᠲ᠎ᠤᠨ ᠲᠠᠪᠴᠠᠩ᠎ᠳᠤ ᠲᠦᠰᠢᠭᠯᠡᠨ ᠂ ᠪᠦᠷᠢᠨ ᠴᠢᠳᠠᠮᠵᠢᠲᠤ ᠺᠠᠷᠲ᠎ᠤᠨ ᠲᠣᠭ᠎ᠠ ᠪᠠᠷᠢᠮᠲᠠ᠎ᠶᠢ ᠬᠠᠮᠲᠤ᠎ᠪᠠᠷ ᠭᠥᠷᠳᠡᠬᠦ ᠲᠣᠭᠲᠠᠴᠠ᠎ᠶᠢ ᠪᠠᠢᠭᠤᠯᠵᠤ ᠂ ᠲᠤᠬᠠᠢᠯᠠᠭᠰᠠᠨ ᠠᠵᠢᠯ᠎ᠤᠨ ᠬᠠᠮᠵᠢᠯᠴᠠᠭ᠎ᠠ ᠪᠠ ᠬᠡᠷᠡᠭᠯᠡᠭᠡᠨ᠎ᠦ ᠠᠬᠤᠢ ᠪᠠᠢᠳᠠᠯ᠎ᠤᠨ ᠪᠠᠢᠭᠤᠯᠤᠯᠲᠠ᠎ᠶᠢ ᠲᠦᠯᠬᠢᠨ ᠠᠬᠢᠭᠤᠯᠬᠤ ᠬᠡᠷᠡᠭᠲᠡᠢ ᠃
      ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ ᠬᠢᠭᠡᠳ ᠲᠣᠭ᠎ᠠ ᠪᠠᠷᠢᠮᠲᠠ᠎ᠶᠢᠨ ᠬᠠᠮᠢᠶᠠᠷᠤᠯᠲᠠ᠎ᠶᠢᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠦᠳ ᠣᠯᠠᠨ ᠨᠡᠶ᠋ᠢᠲᠡ᠎ᠶᠢᠨ ᠲᠣᠭ᠎ᠠ ᠪᠠᠷᠢᠮᠲᠠ᠎ᠶᠢᠨ ᠡᠬᠢ ᠪᠠᠶᠠᠯᠢᠭ᠋᠎ᠢ ᠨᠡᠭᠡᠭᠡᠨ ᠠᠰᠢᠭ᠍ᠯᠠᠵᠤ ᠂ ᠪᠦᠷᠢᠨ ᠴᠢᠳᠠᠮᠵᠢᠲᠤ ᠺᠠᠷᠲ᠎ᠤᠨ ᠦᠢᠯᠡᠴᠢᠯᠡᠭᠡᠨ᠎ᠦ ᠬᠠᠮᠢᠶᠠᠷᠤᠯᠲᠠ᠎ᠳᠤ ᠲᠣᠭ᠎ᠠ ᠪᠠᠷᠢᠮᠲᠠ᠎ᠶᠢᠨ ᠳᠡᠮᠵᠢᠯᠭᠡ ᠬᠠᠩᠭᠠᠵᠤ ᠂ ᠪᠦᠷᠢᠨ ᠴᠢᠳᠠᠮᠵᠢᠲᠤ ᠺᠠᠷᠲ᠎ᠤᠨ ᠲᠠᠪᠴᠠᠩ᠎ᠤᠨ ᠲᠣᠭ᠎ᠠ ᠪᠠᠷᠢᠮᠲᠠ ᠯᠤᠭ᠎ᠠ ᠬᠠᠷᠢᠯᠴᠠᠨ ᠬᠣᠯᠪᠣᠭᠠᠯᠠᠵᠤ ᠬᠠᠷᠢᠯᠴᠠᠨ ᠨᠡᠪᠲᠡᠷᠡᠯᠴᠡᠬᠦ ᠂ ᠴᠠᠭ ᠲᠤᠬᠠᠢ ᠳ᠋ᠤᠨᠢ ᠬᠠᠮᠲᠤ᠎ᠪᠠᠷ ᠡᠳ᠋ᠯᠡᠬᠦ᠎ᠶᠢ ᠲᠦᠯᠬᠢᠨ ᠠᠬᠢᠭᠤᠯᠬᠤ ᠬᠡᠷᠡᠭᠲᠡᠢ᠃
      ᠬᠣᠯᠪᠣᠭᠳᠠᠯ ᠪᠦᠬᠦᠢ ᠲᠦᠷᠦ᠎ᠶᠢᠨ ᠪᠠᠢᠭᠤᠯᠭ᠎ᠠ᠂ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ᠂ ᠠᠷᠠᠳ᠎ᠤᠨ ᠪᠦᠯᠬᠦᠮ᠂ ᠨᠡᠢᠭᠡᠮ᠎ᠦᠨ ᠵᠣᠬᠢᠶᠠᠨ ᠪᠠᠢᠭᠤᠯᠤᠯᠲᠠ᠎ᠨᠤᠭᠤᠳ ᠪᠦᠷᠢᠨ ᠴᠢᠳᠠᠮᠵᠢᠲᠤ ᠺᠠᠷᠲ᠎ᠤᠨ ᠦᠢᠯᠡᠴᠢᠯᠡᠭᠡ ᠬᠠᠮᠢᠶᠠᠷᠤᠯᠲᠠ᠎ᠳᠤ ᠮᠡᠳᠡᠭᠡ ᠵᠠᠩᠭᠢ᠎ᠶᠢᠨ ᠰᠢᠰᠲᠧᠮ᠎ᠢ ᠵᠣᠯᠭᠠᠭᠤᠯᠬᠤ ᠪᠠ ᠲᠤᠬᠠᠢᠯᠠᠭᠰᠠᠨ ᠠᠵᠢᠯ᠎ᠤᠨ ᠲᠣᠭ᠎ᠠ ᠪᠠᠷᠢᠮᠲᠠ᠎ᠶᠢᠨ ᠳᠡᠮᠵᠢᠯᠭᠡ᠎ᠶᠢ ᠬᠠᠤᠯᠢ ᠶᠣᠰᠣᠭᠠᠷ ᠬᠠᠩᠭᠠᠬᠤ ᠬᠡᠷᠡᠭᠲᠡᠢ᠃
      ᠶᠢᠰᠦᠳᠦᠭᠡᠷ ᠵᠦᠢᠯ  ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ᠋ ᠪᠠ ᠨᠡᠢᠭᠡᠮ᠎ᠤᠨ ᠪᠠᠲᠤᠯᠠᠭ᠎ᠠ᠎ᠶᠢᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠨᠤᠭᠤᠳ ᠤᠯᠤᠰ᠎ᠤᠨ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ᠂ ᠨᠡᠢᠭᠡᠮ᠎ᠤᠨ ᠪᠠᠲᠤᠯᠠᠭ᠎ᠠ᠎ᠶᠢᠨ ᠺᠠᠷᠲ᠎ᠤᠨ ᠲᠤᠬᠠᠢᠯᠠᠭᠰᠠᠨ ᠠᠵᠢᠯ᠎ᠢ ᠡᠷᠬᠢᠯᠡᠨ ᠭᠦᠢᠴᠡᠳᠬᠡᠬᠦ ᠳᠦᠷᠢᠮ᠎ᠢ ᠨᠠᠢᠷᠠᠭᠤᠯᠤᠨ ᠵᠣᠬᠢᠶᠠᠵᠤ᠂ ᠭᠦᠢᠴᠡᠳᠬᠡᠬᠦ ᠶᠠᠪᠤᠴᠠ᠎ᠶᠢ ᠵᠢᠷᠤᠮᠵᠢᠭᠤᠯᠤᠨ᠂ ᠦᠢᠯᠡᠴᠢᠯᠡᠭᠡᠨ᠎ᠤ ᠪᠠᠷᠢᠮᠵᠢᠶ᠎ᠠ᠎ᠶᠢ ᠨᠢᠭᠡᠳᠬᠡᠬᠦ ᠬᠡᠷᠡᠭᠲᠡᠢ᠃
      ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠦᠳ ᠨᠡᠢᠭᠡᠮ᠎ᠦᠨ ᠪᠠᠲᠤᠯᠠᠭ᠎ᠠ᠎ᠶᠢᠨ ᠺᠠᠷᠲ᠎ᠢ ᠭᠦᠢᠴᠡᠳᠬᠡᠬᠦ ᠵᠦᠭᠯᠡᠭᠦᠷ ᠂ ᠦᠢᠯᠡᠴᠢᠯᠡᠭᠡᠨ᠎ᠦ ᠲᠣᠣᠷ ᠴᠡᠭ ᠵᠡᠷᠭᠡ ᠮᠡᠳᠡᠭᠡ ᠵᠠᠩᠭᠢ᠎ᠶᠢ ᠢᠯᠡ ᠪᠣᠯᠭᠠᠵᠤ ᠂ ᠭᠤᠶᠤᠴᠢᠯᠠᠨ ᠠᠪᠬᠤ ᠂ ᠭᠡᠭᠡᠭᠰᠡᠨ᠎ᠢᠶᠡᠨ ᠮᠡᠳᠡᠭᠦᠯᠬᠦ ᠂ ᠨᠥᠬᠥᠵᠦ ᠰᠣᠯᠢᠬᠤ ᠂ ᠬᠦᠴᠦᠨ ᠦᠭᠡᠢ ᠪᠣᠯᠭᠠᠬᠤ ᠵᠡᠷᠭᠡ ᠦᠢᠯᠡᠴᠢᠯᠡᠭᠡᠨ᠎ᠢ ᠣᠯᠠᠨ ᠠᠷᠭ᠎ᠠ ᠵᠠᠮ᠎ᠢᠶᠠᠷ ᠬᠠᠩᠭᠠᠬᠤ ᠬᠡᠷᠡᠭᠲᠡᠢ᠃
      ᠨᠡᠢᠭᠡᠮ᠎ᠦᠨ ᠪᠠᠲᠤᠯᠠᠭ᠎ᠠ᠎ᠶᠢᠨ ᠺᠠᠷᠲ᠎ᠤᠨ ᠲᠤᠬᠠᠢᠯᠠᠭᠰᠠᠨ ᠠᠵᠢᠯ᠎ᠢ ᠵᠠᠰᠠᠭ᠎ᠤᠨ ᠣᠷᠳᠣᠨ᠎ᠤ ᠰᠦᠯᠵᠢᠶ᠎ᠡ ᠂ ᠰᠢᠯᠵᠢᠮᠡᠯ ᠰᠢᠯᠵᠢᠶ᠎ᠡ ᠂ ᠥᠪᠡᠰᠦᠪᠡᠨ ᠦᠢᠯᠡᠴᠢᠯᠡᠬᠦ ᠰᠢᠯᠵᠢᠶ᠎ᠡ ᠵᠢᠴᠢ ᠭᠠᠷᠲᠠᠨ ᠭᠦᠢᠴᠡᠳᠬᠡᠬᠦ ᠴᠣᠩᠬᠣᠪᠴᠢ ᠵᠡᠷᠭᠡ ᠠᠷᠭ᠎ᠠ ᠵᠠᠮ᠎ᠢᠶᠠᠷ ᠭᠦᠢᠴᠡᠳᠬᠡᠵᠦ ᠪᠣᠯᠣᠨ᠎ᠠ ᠃
      ᠠᠷᠪᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠬᠢᠭᠡᠳ ᠬᠥᠮᠥᠨ᠎ᠤ ᠬᠦᠴᠦᠨ᠎ᠤ ᠡᠬᠢ ᠪᠠᠶᠠᠯᠢᠭ᠋ ᠪᠠ ᠨᠡᠢᠭᠡᠮ᠎ᠤᠨ ᠪᠠᠲᠤᠯᠠᠭ᠎ᠠ ᠵᠡᠷᠭᠡ ᠰᠠᠯᠠᠭ᠎ᠠ ᠮᠥᠴᠢᠷ᠎ᠤᠳ ᠠᠵᠤ ᠠᠬᠤᠢ ᠨᠡᠢᠭᠡᠮ᠎ᠤᠨ ᠬᠥᠭᠵᠢᠯᠲᠡ᠂ ᠬᠥᠮᠥᠰ᠎ᠦᠨ ᠰᠢᠯᠵᠢᠯᠲᠡ ᠵᠡᠷᠭᠡ ᠬᠦᠴᠦᠨ ᠵᠦᠢᠯ᠎ᠲᠠᠢ ᠤᠶᠠᠯᠳᠤᠭᠤᠯᠤᠨ᠂ ᠬᠠᠮᠢᠶ᠎ᠠ ᠪᠦᠬᠦᠢ ᠮᠤᠵᠢ᠂ ᠣᠷᠣᠨ᠂ ᠬᠤᠳᠠ ᠯᠤᠭ᠎ᠠ ᠪᠦᠷᠢᠨ ᠴᠢᠳᠠᠮᠵᠢᠲᠤ ᠺᠠᠷᠲ᠎ᠤᠨ ᠠᠵᠢᠯ᠎ᠤᠨ ᠰᠣᠯᠢᠯᠴᠠᠭ᠎ᠠ ᠬᠢᠭᠡᠳ ᠬᠣᠷᠰᠢᠯᠴᠠᠭ᠎ᠠ᠎ᠪᠠᠨ ᠴᠢᠩᠭᠠᠳᠬᠠᠵᠤ᠂ ᠪᠦᠷᠢᠨ ᠴᠢᠳᠠᠮᠵᠢᠲᠤ ᠺᠠᠷᠲ᠎ᠢ ᠮᠤᠵᠢ ᠠᠯᠤᠰᠯᠠᠨ ᠬᠡᠷᠡᠭᠯᠡᠬᠦ᠎ᠶᠢ ᠲᠦᠯᠬᠢᠨ ᠠᠬᠢᠭᠤᠯᠬᠤ ᠬᠡᠷᠡᠭᠲᠡᠢ᠃
      ᠠᠷᠪᠠᠨ ᠨᠢᠭᠡᠳᠦᠭᠡᠷ ᠵᠦᠢᠯ ᠺᠠᠷᠲ ᠡᠵᠡᠮᠰᠢᠭᠴᠢ ᠨᠢ ᠨᠡᠢᠭᠡᠮ᠎ᠦᠨ ᠪᠠᠲᠤᠯᠠᠭ᠎ᠠ᠎ᠶᠢᠨ ᠺᠠᠷᠲ᠎ᠢᠶᠠᠷ᠎ᠢᠶᠠᠨ ᠠᠵᠢᠯ ᠣᠯᠵᠤ ᠦᠢᠯᠡᠰ ᠪᠣᠰᠬᠠᠬᠤ᠂ ᠬᠥᠳᠡᠯᠮᠦᠷᠢ᠎ᠶᠢᠨ ᠬᠠᠷᠢᠴᠠᠭ᠎ᠠ᠂ ᠴᠢᠳᠠᠪᠤᠷᠢᠲᠠᠨ ᠠᠵᠢᠯᠲᠠᠨ᠎ᠤ ᠶᠠᠪᠤᠳᠠᠯ᠂ ᠨᠡᠢᠭᠡᠮ᠎ᠦᠨ ᠳᠠᠭᠠᠳᠬᠠᠯ ᠵᠡᠷᠭᠡ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠤᠬᠠᠢᠯᠠᠭᠰᠠᠨ ᠠᠵᠢᠯ᠎ᠢ ᠭᠦᠢᠴᠡᠳᠬᠡᠵᠦ ᠪᠣᠯᠣᠨ᠎ᠠ᠃
      ᠠᠷᠪᠠᠨ ᠬᠣᠶᠠᠳᠤᠭᠠᠷ ᠵᠦᠢᠯ ᠺᠠᠷᠲ ᠡᠵᠡᠮᠰᠢᠭᠴᠢ ᠨᠢ ᠲᠣᠭᠲᠠᠭᠠᠯ ᠶᠣᠰᠣᠭᠠᠷ ᠨᠡᠢᠭᠡᠮ᠎ᠦᠨ ᠪᠠᠲᠤᠯᠠᠭ᠎ᠠ᠎ᠶᠢᠨ ᠺᠠᠷᠲ᠎ᠢᠶᠠᠷ᠎ᠢᠶᠠᠨ ᠳ᠋ᠤᠭᠠᠷᠯᠠᠬᠤ᠂ ᠣᠨᠣᠰᠢᠯᠠᠨ ᠡᠮᠨᠡᠬᠦ᠂ ᠡᠮᠨᠡᠯᠭᠡ᠎ᠳᠦ ᠰᠠᠭᠤᠬᠤ᠂ ᠡᠮ ᠬᠤᠳᠠᠯᠳᠤᠨ ᠠᠪᠬᠤ᠂ ᠳ᠋ᠦᠩᠨᠡᠨ ᠪᠤᠳᠤᠬᠤ᠂ ᠰᠦᠢᠳᠬᠡᠯ ᠲᠤᠰᠢᠶᠠᠬᠤ ᠵᠡᠷᠭᠡ ᠡᠮ ᠡᠮᠨᠡᠯᠭᠡ ᠡᠷᠡᠭᠦᠯ ᠮᠡᠨᠳᠤ ᠬᠢᠭᠡᠳ ᠡᠮ ᠡᠮᠨᠡᠯᠭᠡ᠎ᠶᠢᠨ ᠪᠠᠲᠤᠯᠠᠭ᠎ᠠ᠎ᠶᠢᠨ ᠲᠤᠬᠠᠢᠯᠠᠭᠰᠠᠨ ᠠᠵᠢᠯ᠎ᠢ ᠭᠦᠢᠴᠡᠳᠬᠡᠵᠦ ᠪᠣᠯᠣᠨ᠎ᠠ᠃
      ᠠᠷᠪᠠᠨ ᠭᠤᠷᠪᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ᠎ᠠᠴᠠ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠨ ᠡᠭᠦᠷᠭᠡ ᠬᠠᠷᠢᠭᠤᠴᠠᠯᠭ᠎ᠠ ᠶᠣᠰᠣᠭᠠᠷ ᠺᠠᠷᠲ ᠡᠵᠡᠮᠰᠢᠭᠴᠢ᠎ᠳᠦ ᠳᠣᠣᠷᠠᠬᠢ ᠮᠡᠲᠦ ᠪᠦᠷᠢᠨ ᠴᠢᠳᠠᠮᠵᠢᠲᠤ ᠺᠠᠷᠲ᠎ᠤᠨ ᠬᠡᠷᠡᠭᠯᠡᠭᠡᠨ᠎ᠦ ᠦᠢᠯᠡᠴᠢᠯᠡᠭᠡ ᠬᠠᠩᠭᠠᠬᠤ᠎ᠶᠢ ᠳᠡᠮᠵᠢᠨ᠎ᠡ ᠄
      ( ᠨᠢᠭᠡ ) ᠵᠠᠮ ᠬᠠᠷᠢᠯᠴᠠᠭᠠᠨ᠎ᠤ ᠦᠢᠯᠡᠴᠢᠯᠡᠭᠡᠨ᠎ᠦ ᠴᠢᠳᠠᠮᠵᠢ᠎ᠶᠢ ᠨᠢᠭᠡᠨᠲᠡ ᠠᠴᠢᠶᠠᠯᠠᠭᠰᠠᠨ ᠨᠡᠢᠭᠡᠮ᠎ᠦᠨ ᠪᠠᠲᠤᠯᠠᠭ᠎ᠠ᠎ᠶᠢᠨ ᠺᠠᠷᠲ᠎ᠢ ᠬᠡᠷᠡᠭᠯᠡᠵᠦ᠂ ᠨᠡᠶ᠋ᠢᠲᠡ᠎ᠶᠢᠨ ᠮᠠᠰᠢᠨ ᠲᠡᠷᠭᠡ᠂ ᠵᠢᠮᠳᠤ ᠵᠠᠮ ᠬᠠᠷᠢᠯᠴᠠᠭ᠎ᠠ ᠵᠡᠷᠭᠡ ᠤᠯᠠᠨ ᠨᠡᠶ᠋ᠢᠲᠡ᠎ᠶᠢᠨ ᠵᠠᠮ ᠬᠠᠷᠢᠯᠴᠠᠭᠠᠨ᠎ᠤ ᠪᠠᠭᠠᠵᠢ᠎ᠳᠤ ᠰᠠᠭᠤᠬᠤ ;
      ( ᠬᠣᠶᠠᠷ ) ᠨᠡᠢᠭᠡᠮ᠎ᠦᠨ ᠪᠠᠲᠤᠯᠠᠭ᠎ᠠ᠎ᠶᠢᠨ ᠺᠠᠷᠲ᠎ᠢ ᠬᠡᠷᠡᠭᠯᠡᠨ ᠬᠡᠷᠡᠭᠯᠡᠭᠡᠨ᠎ᠦ ᠵᠦᠢᠯᠡᠰ᠎ᠦᠨ ᠭᠠᠷᠴᠠᠭ᠎ᠲᠤ ᠵᠢᠭ᠍ᠰᠠᠭᠠᠭᠳᠠᠭᠰᠠᠨ ᠨᠣᠮ᠎ᠤᠨ ᠰᠠᠩ ᠂ ᠰᠢᠨᠵᠢᠯᠡᠬᠦ ᠤᠬᠠᠭᠠᠨ ᠮᠡᠷᠭᠡᠵᠢᠯ᠎ᠦᠨ ᠣᠷᠳᠣᠨ ᠂ ᠮᠦᠽᠧᠢ ᠂ ᠦᠵᠡᠮᠵᠢ᠎ᠶᠢᠨ ᠣᠷᠣᠨ ᠂ ᠪᠡᠶ᠎ᠡ᠎ᠶᠢᠨ ᠲᠠᠮᠢᠷ᠎ᠤᠨ ᠲᠠᠯᠠᠪᠤᠷ ᠣᠷᠳᠣᠨ ᠵᠡᠷᠭᠡ ᠲᠠᠯᠠᠪᠤᠷ ᠭᠠᠵᠠᠷ᠎ᠲᠤ ᠲᠥᠬᠥᠮ ᠦᠵᠡᠭᠦᠯᠬᠦ ᠦᠢᠯᠡᠴᠢᠯᠡᠭᠡ ᠬᠦᠷᠲᠡᠭᠡᠨ᠎ᠡ ;
      ( ᠭᠤᠷᠪᠠ ) ᠪᠦᠷᠢᠨ ᠴᠢᠳᠠᠮᠵᠢᠲᠤ ᠺᠠᠷᠲ᠎ᠤᠨ ᠬᠡᠷᠡᠭᠯᠡᠭᠡᠨ᠎ᠦ ᠵᠦᠢᠯᠡᠰ᠎ᠦᠨ ᠭᠠᠷᠴᠠᠭ᠎ᠲᠤ ᠵᠢᠭ᠍ᠰᠠᠭᠠᠨ ᠣᠷᠣᠭᠤᠯᠤᠭᠰᠠᠨ ᠪᠤᠰᠤᠳ ᠦᠢᠯᠡᠴᠢᠯᠡᠭᠡᠨ᠎ᠦ ᠵᠦᠢᠯᠡᠰ ᠃
      ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠰᠠᠯᠠᠭ᠎ᠠ ᠮᠥᠴᠢᠷ᠎ᠦᠳ ᠤᠯᠤᠰ᠎ᠤᠨ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠪᠦᠷᠢᠨ ᠴᠢᠳᠠᠮᠵᠢᠲᠤ ᠺᠠᠷᠲ᠎ᠢ ᠲᠡᠮᠦᠷ ᠵᠠᠮ ᠂ ᠠᠷᠠᠳ᠎ᠤᠨ ᠠᠭᠠᠷ᠎ᠤᠨ ᠲᠡᠭᠡᠭᠡᠪᠦᠷᠢ ᠵᠡᠷᠭᠡ ᠬᠦᠷᠢᠶ᠎ᠡ ᠴᠠᠷᠠᠭ᠎ᠠ᠎ᠳᠤ ᠬᠡᠷᠡᠭᠯᠡᠬᠦ᠎ᠶᠢ ᠲᠦᠯᠬᠢᠨ ᠠᠬᠢᠭᠤᠯᠤᠨ᠎ᠠ᠃
      ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠳ ᠨᠠᠰᠤᠲᠠᠢᠴᠤᠳ᠎ᠤᠨ ᠬᠠᠷᠠᠭᠠᠯᠵᠠᠯ᠎ᠤᠨ ᠦᠨᠡᠮᠯᠡᠯ ᠂ ᠵᠡᠮᠳᠡᠭᠴᠦᠳ᠎ᠦᠨ ᠦᠨᠡᠮᠯᠡᠯ᠎ᠦᠨ ᠴᠢᠳᠠᠮᠵᠢ ᠵᠡᠷᠭᠡ᠎ᠶᠢ ᠨᠡᠢᠭᠡᠮ᠎ᠦᠨ ᠪᠠᠲᠤᠯᠠᠭ᠎ᠠ᠎ᠶᠢᠨ ᠺᠠᠷᠲ᠎ᠲᠤ ᠨᠡᠮᠡᠵᠦ ᠣᠷᠣᠭᠤᠯᠬᠤ᠎ᠶᠢ ᠠᠬᠢᠭᠤᠯᠵᠤ ᠂ ᠬᠠᠮᠢᠶ᠎ᠠ ᠪᠦᠬᠦᠢ ᠬᠥᠮᠥᠰ᠎ᠦᠨ ᠨᠡᠢᠭᠡᠮ᠎ᠦᠨ ᠪᠠᠲᠤᠯᠠᠭ᠎ᠠ᠎ᠶᠢᠨ ᠺᠠᠷᠲ᠎ᠢᠶᠠᠷ᠎ᠢᠶᠠᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠂ ᠣᠯᠠᠨ ᠨᠡᠶ᠋ᠢᠲᠡ᠎ᠶᠢᠨ ᠦᠢᠯᠡᠴᠢᠯᠡᠭᠡᠨ᠎ᠦ ᠬᠦᠷᠢᠶᠡᠨ᠎ᠳᠦ ᠣᠯᠭᠣᠮᠵᠢ ᠬᠠᠷᠠᠭᠠᠯᠵᠠᠯ ᠭᠥᠷᠳᠡᠬᠦ᠎ᠳᠦ ᠲᠥᠬᠥᠮ ᠦᠵᠡᠭᠦᠯᠦᠨ᠎ᠡ ᠃
      ᠠᠷᠪᠠᠨ ᠳᠥᠷᠪᠡᠳᠦᠭᠡᠷ ᠵᠦᠢᠯ  ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠬᠢᠭᠡᠳ ᠲᠡᠭᠦᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠨᠤᠭᠤᠳ ᠠᠷᠠᠳ᠎ᠲᠤ ᠠᠰᠢᠭ᠋ ᠬᠦᠷᠲᠡᠭᠡᠬᠦ ᠲᠠᠷᠢᠶᠠᠴᠢᠳ᠎ᠲᠤ ᠠᠰᠢᠭ᠋ ᠬᠦᠷᠲᠡᠭᠡᠬᠦ ᠡᠳ᠋᠎ᠦᠨ ᠵᠠᠰᠠᠭ᠎ᠤᠨ ᠨᠥᠬᠥᠪᠦᠷᠢ᠂ ᠨᠡᠢᠭᠡᠮ᠎ᠤᠨ ᠳᠠᠭᠠᠳᠬᠠᠯ᠎ᠤᠨ ᠣᠯᠭᠣᠮᠵᠢ ᠵᠡᠷᠭᠡ᠎ᠶᠢ ᠨᠡᠢᠭᠡᠮ᠎ᠤᠨ ᠪᠠᠲᠤᠯᠠᠭ᠎ᠠ᠎ᠶᠢᠨ ᠺᠠᠷᠲ᠎ᠢᠶᠠᠷ ᠨᠢᠭᠡᠳᠦᠯᠲᠡᠢ ᠣᠯᠭᠣᠬᠤ ᠬᠡᠷᠡᠭᠲᠡᠢ᠃
      ᠨᠥᠬᠥᠴᠡᠯ᠎ᠲᠠᠢ ᠭᠠᠵᠠᠷ ᠣᠷᠣᠨ᠎ᠤ ᠴᠠᠯᠢᠩ ᠣᠯᠭᠣᠮᠵᠢ ᠂ ᠬᠤᠪᠢ ᠬᠥᠮᠥᠨ᠎ᠦ ᠭᠠᠷᠭᠠᠨ ᠠᠪᠬᠤ᠎ᠪᠠᠷ ᠭᠤᠶᠤᠴᠢᠯᠠᠭᠰᠠᠨ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ ᠂ ᠤᠯᠤᠰ᠎ᠤᠨ ᠰᠤᠷᠤᠯᠭ᠎ᠠ᠎ᠶᠢᠨ ᠱᠠᠩᠨᠠᠯ᠎ᠤᠨ ᠮᠥᠩᠭᠥ ᠪᠠ ᠰᠤᠷᠤᠯᠭ᠎ᠠ᠎ᠶᠢᠨ ᠲᠡᠳᠬᠦᠮᠵᠢ᠎ᠶᠢᠨ ᠮᠥᠩᠭᠥ ᠵᠡᠷᠭᠡ᠎ᠶᠢ ᠨᠡᠢᠭᠡᠮ᠎ᠦᠨ ᠪᠠᠲᠤᠯᠠᠭ᠎ᠠ᠎ᠶᠢᠨ ᠺᠠᠷᠲ᠎ᠢᠶᠠᠷ ᠣᠯᠭᠣᠬᠤ᠎ᠶᠢ ᠵᠣᠷᠢᠭ᠍ᠵᠢᠭᠤᠯᠤᠨ᠎ᠠ᠃
      ᠠᠷᠪᠠᠨ ᠲᠠᠪᠤᠳᠤᠭᠠᠷ ᠵᠦᠢᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠬᠢᠭᠡᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠨᠡᠢᠭᠡᠮ᠎ᠤᠨ ᠬᠢᠨ᠎ᠤ ᠣᠷᠣᠯᠴᠠᠬᠤ ᠲᠣᠭᠲᠠᠴᠠ᠎ᠶᠢ ᠪᠠᠢᠭᠤᠯᠤᠨ᠂ ᠠᠵᠤ ᠠᠬᠤᠢᠯᠠᠯ ᠠᠵᠢᠯ ᠦᠢᠯᠡᠰ᠎ᠤᠨ ᠨᠢᠭᠡᠴᠢ᠂ ᠨᠡᠢᠭᠡᠮ᠎ᠤᠨ ᠵᠣᠬᠢᠶᠠᠨ ᠪᠠᠢᠭᠤᠯᠤᠯᠲᠠ᠎ᠶᠢ ᠬᠥᠲᠥᠯᠥᠨ ᠵᠢᠯᠤᠭᠣᠳᠴᠤ ᠪᠠᠢᠭᠠᠳ ᠪᠦᠷᠢᠨ ᠴᠢᠳᠠᠮᠵᠢᠲᠤ ᠺᠠᠷᠲ᠎ᠤᠨ ᠪᠦᠲᠦᠭᠡᠨ ᠪᠠᠢᠭᠤᠯᠤᠯᠲᠠ᠎ᠳᠤ ᠣᠷᠣᠯᠴᠠᠭᠤᠯᠵᠤ᠂ ᠪᠡᠯᠡ ᠮᠥᠩᠭᠥ ᠣᠷᠣᠭᠤᠯᠤᠨ ᠰᠠᠭᠤᠷᠢ ᠪᠡᠯᠡᠳᠬᠡᠮᠵᠢ᠎ᠶᠢᠨ ᠪᠦᠲᠦᠭᠡᠨ ᠪᠠᠢᠭᠤᠯᠤᠯᠲᠠ᠂ ᠦᠢᠯᠡᠴᠢᠯᠡᠭᠡᠨ᠎ᠤ ᠪᠠᠲᠤᠯᠠᠭ᠎ᠠ᠂ ᠤᠬᠠᠭᠤᠯᠤᠨ ᠳᠡᠯᠭᠡᠷᠡᠭᠦᠯᠬᠦ ᠵᠡᠷᠭᠡ᠎ᠶᠢ ᠥᠷᠨᠢᠭᠦᠯᠵᠦ᠂ ᠪᠦᠷᠢᠨ ᠴᠢᠳᠠᠮᠵᠢᠲᠤ ᠺᠠᠷᠲ᠎ᠢ ᠰᠤᠷᠭᠠᠭᠤᠯᠢ᠎ᠶᠢᠨ ᠬᠦᠷᠢᠶ᠎ᠡ᠂ ᠠᠵᠤ ᠠᠬᠤᠢᠯᠠᠯ᠂ ᠬᠦᠷᠢᠶᠡᠯᠡᠩ ᠲᠣᠭᠣᠷᠢᠭ᠋ ᠪᠣᠯᠣᠨ ᠨᠡᠢᠭᠡᠮ ᠲᠣᠭᠣᠷᠢᠭ᠋ ᠵᠡᠷᠭᠡ᠎ᠳᠤ ᠬᠡᠷᠡᠭᠯᠡᠬᠦ᠎ᠶᠢ ᠲᠦᠯᠬᠢᠨ ᠠᠬᠢᠭᠤᠯᠵᠤ ᠪᠣᠯᠣᠨ᠎ᠠ᠃
      ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ ᠂ ᠠᠷᠠᠳ᠎ᠤᠨ ᠪᠦᠯᠬᠦᠮ ᠂ ᠨᠡᠢᠭᠡᠮ᠎ᠦᠨ ᠵᠣᠬᠢᠶᠠᠨ ᠪᠠᠢᠭᠤᠯᠤᠯᠲᠠ᠎ᠶᠢᠨ ᠪᠦᠷᠢᠨ ᠴᠢᠳᠠᠮᠵᠢᠲᠤ ᠺᠠᠷᠲ᠎ᠤᠨ ᠬᠡᠷᠡᠭᠯᠡᠭᠡᠨ᠎ᠦ ᠬᠦᠷᠢᠶ᠎ᠡ ᠴᠠᠷᠠᠭ᠎ᠠ᠎ᠶᠢ ᠥᠷᠭᠡᠳᠬᠡᠬᠦ᠎ᠶᠢ ᠵᠣᠷᠢᠭ᠍ᠵᠢᠭᠤᠯᠵᠤ ᠂ ᠠᠷᠠᠳ᠎ᠲᠤ ᠲᠥᠬᠥᠮ ᠦᠵᠡᠭᠦᠯᠬᠦ ᠦᠢᠯᠡᠴᠢᠯᠡᠭᠡ ᠂ ᠠᠷᠠᠳ᠎ᠲᠤ ᠠᠰᠢᠭ᠋ ᠬᠦᠷᠲᠡᠭᠡᠬᠦ ᠬᠡᠷᠡᠭᠯᠡᠭᠡ᠎ᠶᠢ ᠥᠷᠨᠢᠭᠦᠯᠦᠨ᠎ᠡ᠃
      ᠠᠷᠪᠠᠨ ᠵᠢᠷᠭᠤᠳᠤᠭᠠᠷ ᠵᠦᠢᠯ  ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ ᠵᠡᠷᠭᠡ ᠰᠠᠯᠠᠭ᠎ᠠ ᠮᠥᠴᠢᠷ᠎ᠦᠳ ᠨᠡᠢᠭᠡᠮ᠎ᠦᠨ ᠪᠠᠲᠤᠯᠠᠭ᠎ᠠ᠎ᠶᠢᠨ ᠺᠠᠷᠲ᠎ᠤᠨ ᠴᠢᠳᠠᠮᠵᠢ ᠂ ᠬᠡᠷᠡᠭᠯᠡᠭᠡᠨ᠎ᠦ ᠠᠬᠤᠢ ᠪᠠᠢᠳᠠᠯ ᠂ ᠺᠠᠷᠲ ᠬᠡᠷᠡᠭᠯᠡᠬᠦ ᠵᠢᠷᠤᠮᠵᠢᠯ ᠪᠠ ᠦᠢᠯᠡᠴᠢᠯᠡᠭᠡᠨ᠎ᠦ ᠳᠦᠷᠢᠮ ᠵᠡᠷᠭᠡ᠎ᠳᠦ ᠤᠬᠠᠭᠤᠯᠭ᠎ᠠ ᠥᠷᠨᠢᠭᠦᠯᠵᠦ ᠂ ᠺᠠᠷᠲ ᠬᠡᠷᠡᠭᠯᠡᠬᠦ ᠮᠡᠳᠡᠯᠭᠡ᠎ᠶᠢ ᠲᠦᠭᠡᠮᠡᠯᠵᠢᠭᠦᠯᠦᠨ ᠂ ᠺᠠᠷᠲ ᠬᠡᠷᠡᠭᠯᠡᠬᠦ ᠦᠶ᠋ᠯᠡ ᠠᠵᠢᠯᠯᠠᠭ᠎ᠠ᠎ᠶᠢ ᠵᠢᠷᠤᠮᠵᠢᠭᠤᠯᠬᠤ ᠬᠡᠷᠡᠭᠲᠡᠢ ᠃
      ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ ᠰᠡᠳᠬᠦᠯ᠂ ᠰᠦᠯᠵᠢᠶ᠎ᠡ ᠵᠡᠷᠭᠡ ᠰᠣᠨᠢᠨ ᠮᠡᠳᠡᠭᠡ᠎ᠤ ᠵᠠᠭᠤᠴᠢᠯᠠᠭᠤᠷ᠎ᠤᠳ ᠪᠦᠷᠢᠨ ᠴᠢᠳᠠᠮᠵᠢᠲᠤ ᠺᠠᠷᠲ᠎ᠤᠨ ᠦᠢᠯᠡᠴᠢᠯᠡᠭᠡᠨ᠎ᠤ ᠬᠠᠮᠢᠶᠠᠷᠤᠯᠲᠠ ᠵᠡᠷᠭᠡ ᠠᠵᠢᠯᠯᠠᠭ᠎ᠠ᠎ᠶᠢᠨ ᠨᠡᠶ᠋ᠢᠲᠡ᠎ᠶᠢᠨ ᠠᠰᠠᠷᠠᠮᠵᠢ᠎ᠶᠢᠨ ᠤᠬᠠᠭᠤᠯᠭ᠎ᠠ᠎ᠶᠢ ᠥᠷᠨᠢᠭᠦᠯᠵᠦ᠂ ᠺᠠᠷᠲ ᠬᠡᠷᠡᠭᠯᠡᠬᠦ ᠰᠠᠢᠨ ᠰᠠᠢᠬᠠᠨ ᠣᠷᠴᠢᠨ ᠲᠣᠭᠣᠷᠢᠨ᠎ᠢ ᠪᠤᠢ ᠪᠣᠯᠭᠠᠬᠤ ᠬᠡᠷᠡᠭᠲᠡᠢ᠃
      ᠠᠷᠪᠠᠨ ᠳᠣᠯᠣᠳᠤᠭᠠᠷ ᠵᠦᠢᠯ  ᠨᠡᠢᠭᠡᠮ᠎ᠤᠨ ᠪᠠᠲᠤᠯᠠᠭ᠎ᠠ᠎ᠶᠢᠨ ᠺᠠᠷᠲ᠎ᠤᠨ ᠬᠤᠷᠰᠢᠭ᠍ᠰᠠᠨ ᠮᠥᠩᠭᠥᠨ ᠭᠦᠢᠯᠭᠡᠭᠡᠨ᠎ᠤ ᠪᠠᠢᠭᠤᠯᠤᠮᠵᠢ᠎ᠨᠤᠭᠤᠳ ᠨᠡᠢᠭᠡᠮ᠎ᠤᠨ ᠪᠠᠲᠤᠯᠠᠭ᠎ᠠ᠎ᠶᠢᠨ ᠺᠠᠷᠲ᠎ᠤᠨ ᠮᠥᠩᠭᠥᠨ ᠭᠦᠢᠯᠭᠡᠭᠡᠨ᠎ᠤ ᠴᠢᠳᠠᠮᠵᠢ᠎ᠶᠢᠨ ᠦᠢᠯᠡᠴᠢᠯᠡᠭᠡᠨ ᠪᠠ ᠪᠠᠲᠤᠯᠠᠭ᠎ᠠ᠎ᠶᠢ ᠬᠠᠷᠢᠭᠤᠴᠠᠵᠤ᠂ ᠬᠠᠮᠢᠶ᠎ᠠ ᠪᠦᠬᠦᠢ ᠠᠵᠢᠯ᠎ᠢ ᠬᠠᠮᠵᠢᠯᠴᠠᠨ ᠰᠠᠢᠲᠤᠷ ᠬᠢᠨ᠎ᠡ᠃
      ᠺᠠᠷᠲ ᠡᠵᠡᠮᠰᠢᠭᠴᠢ ᠨᠢ ᠬᠤᠷᠰᠢᠭ᠍ᠰᠠᠨ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠶᠢᠨ ᠳᠣᠲᠣᠷ᠎ᠠ᠎ᠠᠴᠠ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠶᠢ ᠰᠠᠢᠨ ᠳᠤᠷ᠎ᠠ᠎ᠠᠴᠠ᠎ᠪᠠᠨ ᠰᠣᠩᠭᠣᠬᠤ ᠪᠤᠶᠤ ᠰᠣᠯᠢᠵᠤ ᠪᠣᠯᠣᠨ᠎ᠠ᠃
      ᠨᠡᠢᠭᠡᠮ᠎ᠦᠨ ᠪᠠᠲᠤᠯᠠᠭ᠎ᠠ᠎ᠶᠢᠨ ᠺᠠᠷᠲ᠎ᠤᠨ ᠬᠤᠷᠰᠢᠭ᠍ᠰᠠᠨ ᠮᠥᠩᠭᠥᠨ ᠭᠦᠢᠯᠭᠡᠭᠡᠨ᠎ᠦ ᠪᠠᠢᠭᠤᠯᠤᠮᠵᠢ ᠨᠢ ᠡᠷᠬᠡ ᠣᠯᠭᠣᠵᠤ ᠣᠷᠣᠯᠠᠨ ᠭᠦᠢᠴᠡᠳᠬᠡᠬᠦ ᠂ ᠭᠡᠷ ᠲᠦ᠍ᠨᠢ ᠬᠦᠷᠴᠦ ᠦᠢᠯᠡᠴᠢᠯᠡᠬᠦ ᠵᠡᠷᠭᠡ ᠠᠷᠭ᠎ᠠ ᠮᠠᠶᠢᠭ᠋᠎ᠢ ᠠᠪᠴᠤ ᠪᠠᠢᠭᠠᠳ ᠨᠠᠰᠤᠲᠠᠢᠴᠤᠳ ᠂ ᠵᠡᠮᠳᠡᠭᠴᠦᠳ ᠵᠡᠷᠭᠡ ᠣᠨᠴᠠᠭᠠᠢ ᠬᠠᠮᠲᠤ ᠤᠯᠠᠨ᠎ᠳᠤ ᠲᠥᠬᠥᠮ ᠦᠵᠡᠭᠦᠯᠬᠦ ᠦᠢᠯᠡᠴᠢᠯᠡᠭᠡ ᠬᠠᠩᠭᠠᠵᠤ ᠪᠣᠯᠣᠨ᠎ᠠ ᠃
      ᠠᠷᠪᠠᠨ ᠨᠠᠢ᠍ᠮᠠᠳᠤᠭᠠᠷ ᠵᠦᠢᠯ ᠨᠡᠢᠭᠡᠮ᠎ᠦᠨ ᠪᠠᠲᠤᠯᠠᠭ᠎ᠠ᠎ᠶᠢᠨ ᠺᠠᠷᠲ᠎ᠢᠶᠠᠷ ᠵᠠᠰᠠᠭ᠎ᠤᠨ ᠶᠠᠪᠤᠳᠠᠯ᠎ᠤᠨ ᠦᠢᠯᠡᠴᠢᠯᠡᠭᠡ᠂ ᠤᠯᠠᠨ ᠨᠡᠶ᠋ᠢᠲᠡ᠎ᠶᠢᠨ ᠦᠢᠯᠡᠴᠢᠯᠡᠭᠡ ᠵᠡᠷᠭᠡ ᠵᠦᠢᠯᠡᠰ᠎ᠢ ᠭᠦᠢᠴᠡᠳᠬᠡᠬᠦ ᠦᠶ᠎ᠡ᠎ᠶᠢᠨ ᠪᠡᠶ᠎ᠡ ᠬᠡᠮ᠎ᠢ ᠭᠡᠷᠡᠴᠢᠯᠡᠬᠦ᠎ᠳᠦ ᠬᠡᠷᠡᠭᠯᠡᠬᠦ ᠬᠦᠴᠦᠨ ᠪᠦᠬᠦᠢ ᠪᠡᠶ᠎ᠡ ᠬᠡᠮ᠎ᠦᠨ ᠭᠡᠷᠡᠴᠢ ᠪᠠᠷᠢᠮᠲᠠ ᠪᠣᠯᠭᠠᠵᠤ ᠪᠣᠯᠣᠨ᠎ᠠ᠃ ᠬᠠᠤᠯᠢ ᠴᠠᠭᠠᠵᠠ᠂ ᠵᠠᠰᠠᠭ ᠵᠠᠬᠢᠷᠭᠠᠨ᠎ᠤ ᠬᠠᠤᠯᠢ ᠲᠣᠭᠲᠠᠭᠠᠯ᠎ᠳᠤ ᠠᠰᠲᠠᠭᠠᠨ ᠲᠣᠭᠲᠠᠭᠠᠯ᠎ᠲᠠᠢ ᠨᠢ ᠡᠭᠦᠨ᠎ᠳᠦ ᠪᠠᠭᠲᠠᠬᠤ ᠦᠭᠡᠢ᠃
      ᠺᠠᠷᠲ ᠡᠵᠡᠮᠰᠢᠭᠴᠢ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠵᠡᠷᠭᠡ ᠬᠡᠷᠡᠭ ᠶᠠᠪᠤᠳᠠᠯ᠎ᠢ ᠭᠦᠢᠴᠡᠳᠬᠡᠬᠦ᠎ᠳᠦ ᠂ ᠬᠣᠯᠪᠣᠭᠳᠠᠯ ᠪᠦᠬᠦᠢ ᠰᠠᠯᠠᠭ᠎ᠠ ᠮᠥᠴᠢᠷ ᠵᠠᠰᠠᠭ᠎ᠤᠨ ᠶᠠᠪᠤᠳᠠᠯ᠎ᠤᠨ ᠲᠠᠪᠴᠠᠩ᠎ᠳᠤ ᠲᠦᠰᠢᠭᠯᠡᠨ ᠮᠡᠳᠡᠭᠡ ᠵᠠᠩᠭᠢ ᠣᠯᠵᠤ ᠳᠡᠶ᠋ᠢᠯᠬᠦ᠎ᠳᠦ ᠭᠦᠷᠪᠡᠯ ᠂ ᠳᠠᠬᠢᠨ ᠺᠠᠷᠲ ᠡᠵᠡᠮᠰᠢᠭᠴᠢ᠎ᠪᠡᠷ ᠪᠣᠳᠠᠲᠤ ᠴᠣᠭᠴᠠ᠎ᠶᠢᠨ ᠦᠨᠡᠮᠯᠡᠯ ᠪᠤᠶᠤ ᠴᠠᠭᠠᠰᠤᠨ ᠮᠠᠲᠧᠷᠢᠶᠠᠯ᠎ᠤᠨ ᠮᠠᠲᠧᠷᠢᠶᠠᠯ ᠬᠠᠩᠭᠠᠯᠭᠠᠬᠤ᠎ᠪᠠᠷ ᠱᠠᠭᠠᠷᠳᠠᠵᠤ ᠪᠣᠯᠬᠤ ᠦᠭᠡᠢ ᠃
      ᠠᠷᠪᠠ ᠶᠢᠰᠦᠳᠦᠭᠡᠷ ᠵᠦᠢᠯ  ᠪᠦᠷᠢᠨ ᠴᠢᠳᠠᠮᠵᠢᠲᠤ ᠺᠠᠷᠲ᠎ᠤᠨ ᠬᠡᠷᠡᠭᠯᠡᠭᠡᠨ᠎ᠦ ᠲᠠᠯᠠᠪᠤᠷ ᠭᠠᠵᠠᠷ ᠵᠢᠴᠢ ᠦᠢᠯᠡᠴᠢᠯᠡᠭᠡᠨ᠎ᠦ ᠲᠣᠣᠷ ᠴᠡᠭ᠎ᠲᠤ ᠨᠢᠭᠡᠳᠦᠯᠲᠡᠢ ᠢᠯᠭᠠᠬᠤ ᠲᠡᠮᠳᠡᠭ᠎ᠢ ᠬᠡᠷᠡᠭᠯᠡᠵᠦ ᠂ ᠨᠡᠢᠭᠡᠮ᠎ᠦᠨ ᠪᠠᠲᠤᠯᠠᠭ᠎ᠠ᠎ᠶᠢᠨ ᠺᠠᠷᠲ᠎ᠢ ᠤᠩᠰᠢᠵᠤ ᠪᠢᠴᠢᠬᠦ ᠂ ᠺᠣᠳ᠋ ᠰᠢᠷᠪᠢᠬᠦ ᠰᠢᠯᠵᠢᠶ᠎ᠡ ᠵᠡᠷᠭᠡ ᠦᠢᠯᠡᠴᠢᠯᠡᠭᠡᠨ᠎ᠦ ᠪᠡᠯᠡᠳᠬᠡᠮᠵᠢ᠎ᠶᠢ ᠲᠣᠬᠢᠷᠠᠭᠤᠯᠤᠨ ᠂ ᠲᠥᠬᠥᠮ ᠦᠵᠡᠭᠦᠯᠬᠦ ᠦᠢᠯᠡᠴᠢᠯᠡᠭᠡᠨ ᠬᠠᠩᠭᠠᠬᠤ ᠬᠡᠷᠡᠭᠲᠡᠢ᠃
      ᠪᠦᠷᠢᠨ ᠴᠢᠳᠠᠮᠵᠢᠲᠤ ᠺᠠᠷᠲ᠎ᠤᠨ ᠬᠡᠷᠡᠭᠯᠡᠭᠡᠨ᠎ᠦ ᠲᠠᠯᠠᠪᠤᠷ ᠭᠠᠵᠠᠷ ᠨᠢ ᠬᠠᠷᠰᠢ ᠰᠠᠭᠠᠳ ᠦᠭᠡᠢ ᠪᠡᠯᠡᠳᠬᠡᠮᠵᠢ᠎ᠶᠢᠨ ᠪᠦᠲᠦᠭᠡᠨ ᠪᠠᠢᠭᠤᠯᠤᠯᠲᠠ᠎ᠶᠢ ᠬᠠᠤᠯᠢ ᠶᠣᠰᠣᠭᠠᠷ ᠴᠢᠩᠭᠠᠳᠬᠠᠵᠤ ᠂ ᠨᠠᠰᠤᠲᠠᠢᠴᠤᠳ ᠂ ᠵᠡᠮᠳᠡᠭᠴᠦᠳ ᠵᠡᠷᠭᠡ ᠣᠨᠴᠠᠭᠠᠢ ᠬᠥᠮᠥᠰ᠎ᠲᠤ ᠲᠥᠬᠥᠮ ᠦᠵᠡᠭᠦᠯᠬᠦ ᠬᠡᠷᠡᠭᠲᠡᠢ᠃
      ᠬᠣᠷᠢᠳᠤᠭᠠᠷ ᠵᠦᠢᠯ  ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ ᠵᠡᠷᠭᠡ ᠰᠠᠯᠠᠭ᠎ᠠ ᠮᠥᠴᠢᠷ ᠵᠢᠴᠢ ᠬᠤᠷᠰᠢᠭ᠍ᠰᠠᠨ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠨᠤᠭᠤᠳ ᠪᠦᠷᠢᠨ ᠴᠢᠳᠠᠮᠵᠢᠲᠤ ᠺᠠᠷᠲ᠎ᠤᠨ ᠰᠦᠯᠵᠢᠶᠡᠨ᠎ᠡᠴᠡ ᠭᠠᠳᠠᠭᠤᠷᠬᠢ ᠬᠡᠷᠡᠭᠯᠡᠬᠦ ᠲᠠᠯᠠᠪᠤᠷ ᠭᠠᠵᠠᠷ ᠂ ᠰᠦᠯᠵᠢᠶᠡᠨ ᠳᠡᠭᠡᠷᠡᠬᠢ ᠦᠢᠯᠡᠴᠢᠯᠡᠭᠡᠨ᠎ᠦ ᠲᠠᠪᠴᠠᠩ ᠪᠠ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠠᠷᠠᠳ᠎ᠲᠤ ᠲᠥᠬᠥᠮ ᠦᠵᠡᠭᠦᠯᠬᠦ ᠬᠠᠯᠠᠮᠰᠢᠯ ᠤᠲᠠᠰᠤ ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠺᠠᠷᠲ ᠬᠡᠷᠡᠭᠯᠡᠬᠦ ᠯᠠᠪᠯᠠᠯᠭ᠎ᠠ ᠂ ᠦᠢᠯᠡᠴᠢᠯᠡᠭᠡ᠎ᠶᠢ ᠬᠥᠲᠥᠯᠥᠨ ᠵᠢᠯᠤᠭᠣᠳᠬᠤ ᠪᠠ ᠵᠠᠭᠠᠯᠳᠤᠯᠭ᠎ᠠ᠎ᠶᠢ ᠭᠥᠯᠢᠶᠡᠨ ᠠᠪᠴᠤ ᠰᠢᠢᠳᠪᠦᠷᠢᠯᠡᠬᠦ ᠵᠡᠷᠭᠡ ᠦᠢᠯᠡᠴᠢᠯᠡᠭᠡ᠎ᠶᠢ ᠬᠠᠩᠭᠠᠵᠤ ᠂ ᠬᠠᠷᠢᠭᠤ ᠲᠤᠰᠬᠠᠬᠤ ᠲᠣᠭᠲᠠᠴᠠ᠎ᠶᠢ ᠲᠡᠭᠦᠯᠳᠡᠷᠵᠢᠭᠦᠯᠦᠨ ᠂ ᠨᠡᠢᠭᠡᠮ᠎ᠦᠨ ᠬᠢᠨᠠᠯᠲᠠ᠎ᠶᠢ ᠬᠦᠯᠢᠶᠡᠨ᠎ᠡ ᠃
      ᠬᠣᠷᠢᠨ ᠨᠢᠭᠡᠳᠦᠭᠡᠷ ᠵᠦᠢᠯ  ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠦᠳ ᠳᠣᠲᠣᠭᠠᠳᠤ᠎ᠶᠢ ᠬᠠᠮᠠᠭᠠᠯᠠᠬᠤ ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠬᠢᠭᠡᠳ ᠲᠣᠭ᠎ᠠ ᠪᠠᠷᠢᠮᠲᠠ᠎ᠶᠢᠨ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠮᠡᠳᠡᠭᠡ ᠵᠠᠩᠭᠢ᠎ᠶᠢᠨ ᠪᠦᠷᠢᠨ ᠴᠢᠳᠠᠮᠵᠢᠲᠤ ᠺᠠᠷᠲ᠎ᠤᠨ ᠪᠥᠬᠥ ᠶᠠᠪᠤᠴᠠ᠎ᠶᠢᠨ ᠠᠮᠤᠷ ᠲᠦᠪᠰᠢᠨ᠎ᠦ ᠬᠠᠮᠢᠶᠠᠷᠤᠯᠲᠠ ᠪᠠ ᠭᠣᠣᠯᠳᠠᠯᠭ᠎ᠠ᠎ᠲᠠᠢ ᠬᠦᠷᠢᠶ᠎ᠡ ᠴᠠᠷᠠᠭ᠎ᠠ᠎ᠶᠢᠨ ᠠᠮᠤᠷ ᠲᠦᠪᠰᠢᠨ᠎ᠦ ᠪᠠᠢᠴᠠᠭᠠᠯᠲᠠ ᠂ ᠲᠦᠭᠰᠢᠭᠦᠷᠢ᠎ᠶᠢᠨ ᠬᠢᠨᠠᠨ ᠬᠡᠮᠵᠢᠯᠲᠡ᠎ᠶᠢ ᠴᠢᠩᠭᠠᠳᠬᠠᠵᠤ ᠂ ᠭᠡᠨᠡᠳᠲᠡ᠎ᠶᠢᠨ ᠬᠡᠷᠡᠭ᠎ᠦᠨ ᠪᠠᠴᠢᠮ ᠪᠠᠢᠳᠠᠯ᠎ᠢ ᠠᠷᠭᠠᠴᠠᠨ ᠰᠢᠢᠳᠪᠦᠷᠢᠯᠡᠬᠦ ᠲᠣᠭᠲᠠᠴᠠ᠎ᠶᠢ ᠪᠠᠢᠭᠤᠯᠤᠨ ᠂ ᠲᠣᠭ᠎ᠠ ᠪᠠᠷᠢᠮᠲᠠ᠎ᠶᠢᠨ ᠠᠮᠤᠷ ᠲᠦᠪᠰᠢᠨ ᠪᠠ ᠰᠦᠯᠵᠢᠶᠡᠨ᠎ᠦ ᠦᠢᠯᠡᠴᠢᠯᠡᠭᠡ ᠬᠠᠮᠢᠶᠠᠷᠤᠯᠲᠠ᠎ᠶᠢᠨ ᠳᠤᠮᠳᠠ ᠣᠯᠣᠭᠰᠠᠨ ᠬᠤᠪᠢ ᠬᠥᠮᠥᠨ᠎ᠦ ᠨᠢᠭᠤᠴᠠ᠂ ᠬᠤᠪᠢ ᠬᠥᠮᠥᠨ᠎ᠦ ᠮᠡᠳᠡᠭᠡ ᠵᠠᠩᠭᠢ᠂ ᠬᠤᠳᠠᠯᠳᠤᠭᠠᠨ᠎ᠤ ᠨᠢᠭᠤᠴᠠ ᠵᠡᠷᠭᠡ᠎ᠳᠦ ᠬᠠᠤᠯᠢ ᠶᠣᠰᠣᠭᠠᠷ ᠬᠠᠮᠠᠭᠠᠯᠠᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠂ ᠵᠠᠳᠠᠷᠠᠭᠤᠯᠬᠤ ᠪᠤᠶᠤ ᠬᠠᠤᠯᠢ᠎ᠶᠢ ᠵᠥᠷᠢᠴᠡᠨ ᠬᠡᠷᠡᠭᠯᠡᠵᠦ ᠪᠣᠯᠬᠤ ᠦᠭᠡᠢ᠃
      ᠬᠣᠷᠢᠨ ᠬᠣᠶᠠᠳᠤᠭᠠᠷ ᠵᠦᠢᠯ  ᠲᠤᠰ ᠳᠦᠷᠢᠮ᠎ᠤᠨ ᠲᠣᠭᠲᠠᠭᠠᠯ᠎ᠠᠴᠠ ᠵᠥᠷᠢᠴᠡᠭᠰᠡᠨ ᠥᠢᠯᠡ ᠠᠵᠢᠯᠯᠠᠭ᠎ᠠ᠎ᠶᠢ ᠤᠯᠤᠰ᠎ᠤᠨ ᠬᠣᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠎ᠳᠤ ᠨᠢᠭᠡᠨᠲᠡ ᠪᠣᠳᠠᠲᠠᠢ ᠰᠢᠢᠳᠬᠡᠨ᠎ᠡ ᠲᠣᠷᠭᠠᠬᠤ ᠲᠣᠭᠲᠠᠭᠠᠯ ᠭᠠᠷᠭᠠᠭᠰᠠᠨ ᠪᠣᠯ ᠲᠡᠷᠡ ᠲᠣᠭᠲᠠᠭᠠᠯ᠎ᠢ ᠵᠢᠷᠤᠮᠯᠠᠨ᠎ᠠ᠃
      ᠬᠣᠷᠢᠨ ᠭᠤᠷᠪᠠᠳᠤᠭᠠᠷ ᠵᠦᠢᠯ  ᠲᠤᠰ ᠳᠦᠷᠢᠮ᠎ᠤᠨ ᠲᠣᠭᠲᠠᠭᠠᠯ᠎ᠠᠴᠠ ᠵᠥᠷᠢᠴᠡᠵᠦ᠂ ᠳᠣᠣᠷᠠᠬᠢ ᠪᠠᠢᠳᠠᠯ᠎ᠤᠨ ᠨᠢᠭᠡ ᠨᠢ ᠪᠠᠢᠪᠠᠯ᠂ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ᠋ ᠪᠠ ᠨᠡᠢᠭᠡᠮ᠎ᠤᠨ ᠪᠠᠲᠤᠯᠠᠭ᠎ᠠ᠎ᠶᠢᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠡᠴᠡ ᠵᠠᠷᠯᠢᠭ᠍ᠳᠠᠵᠤ ᠪᠠᠢᠭᠠᠳ ᠵᠠᠯᠠᠷᠠᠭᠤᠯᠤᠭᠤᠯᠤᠨ᠎ᠠ ; ᠠᠮᠤᠷ᠎ᠢ ᠬᠠᠮᠠᠭᠠᠯᠠᠬᠤ ᠠᠵᠢᠯ᠎ᠤᠨ ᠬᠠᠮᠢᠶᠠᠷᠤᠯᠲᠠ᠎ᠶᠢ ᠵᠥᠷᠢᠴᠡᠭᠰᠡᠨ ᠠᠵᠢᠯᠯᠠᠭ᠎ᠠ ᠪᠣᠯᠵᠤ ᠪᠦᠷᠢᠯᠳᠦᠭᠰᠡᠨ ᠪᠠᠢᠪᠠᠯ᠂ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ᠎ᠠᠴᠠ ᠬᠠᠤᠯᠢ ᠶᠣᠰᠣᠭᠠᠷ ᠰᠢᠢᠳᠬᠡᠨ᠎ᠡ ; ᠶᠠᠯ᠎ᠠ ᠪᠣᠯᠵᠤ ᠪᠦᠷᠢᠯᠳᠦᠭᠰᠡᠨ ᠪᠠᠢᠪᠠᠯ᠂ ᠬᠠᠤᠯᠢ ᠶᠣᠰᠣᠭᠠᠷ ᠡᠷᠡᠭᠦᠦ᠎ᠶᠢᠨ ᠬᠠᠷᠢᠭᠤᠴᠠᠯᠭ᠎ᠠ ᠨᠡᠬᠡᠮᠵᠢᠯᠡᠨ᠎ᠡ᠄
      ( ᠨᠢᠭᠡ ) ᠨᠡᠢᠭᠡᠮ᠎ᠦᠨ ᠪᠠᠲᠤᠯᠠᠭ᠎ᠠ᠎ᠶᠢᠨ ᠺᠠᠷᠲ᠎ᠢ ᠲᠦᠷᠢᠶᠡᠰᠦᠯᠡᠭᠦᠯᠬᠦ᠂ ᠵᠢᠭᠡᠯᠡᠭᠦᠯᠬᠦ᠂ ᠬᠤᠳᠠᠯᠳᠤᠭᠠᠯᠠᠬᠤ ;
      ( ᠬᠣᠶᠠᠷ ) ᠪᠤᠰᠤᠳ᠎ᠤᠨ ᠨᠡᠢᠭᠡᠮ᠎ᠦᠨ ᠪᠠᠲᠤᠯᠠᠭ᠎ᠠ᠎ᠶᠢᠨ ᠺᠠᠷᠲ᠎ᠢ ᠬᠠᠭᠤᠷᠮᠠᠭᠯᠠᠨ ᠠᠪᠬᠤ᠂ ᠬᠠᠭᠤᠷᠮᠠᠭᠯᠠᠨ ᠬᠡᠷᠡᠭᠯᠡᠬᠦ᠂ ᠬᠤᠯᠠᠭᠠᠢᠯᠠᠨ ᠬᠡᠷᠡᠭᠯᠡᠬᠦ᠂ ᠮᠡᠬᠡᠯᠡᠨ ᠠᠪᠬᠤ᠂ ᠳᠤᠮᠳᠠ᠎ᠠᠴᠠ ᠨᠢ ᠦᠯᠡᠳᠡᠭᠡᠬᠦ᠂ ᠬᠠᠤᠯᠢ ᠪᠤᠰᠤ᠎ᠪᠠᠷ ᠳᠠᠷᠤᠵᠤ ᠠᠪᠬᠤ ;
      ( ᠭᠤᠷᠪᠠ ) ᠨᠡᠢᠭᠡᠮ᠎ᠦᠨ ᠪᠠᠲᠤᠯᠠᠭ᠎ᠠ᠎ᠶᠢᠨ ᠺᠠᠷᠲ᠎ᠢ ᠬᠠᠭᠤᠷᠮᠠᠭᠯᠠᠨ ᠵᠣᠬᠢᠶᠠᠬᠤ᠂ ᠥᠭᠡᠷᠡᠲᠦᠭᠦᠯᠦᠨ ᠵᠣᠬᠢᠶᠠᠬᠤ᠂ ᠡᠰᠡᠬᠦᠯ᠎ᠡ ᠬᠠᠭᠤᠷᠮᠠᠭᠯᠠᠨ ᠵᠣᠬᠢᠶᠠᠭᠰᠠᠨ᠂ ᠥᠭᠡᠷᠡᠲᠦᠭᠦᠯᠦᠨ ᠵᠣᠬᠢᠶᠠᠭᠰᠠᠨ ᠨᠡᠢᠭᠡᠮ᠎ᠦᠨ ᠪᠠᠲᠤᠯᠠᠭ᠎ᠠ᠎ᠶᠢᠨ ᠺᠠᠷᠲ᠎ᠢ ᠬᠤᠳᠠᠯᠳᠤᠭᠠᠯᠠᠬᠤ᠂ ᠬᠡᠷᠡᠭᠯᠡᠬᠦ᠃
      ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠦᠳ ᠲᠣᠭᠲᠠᠭᠠᠯ ᠶᠣᠰᠣᠭᠠᠷ ᠡᠮᠦᠨᠡᠬᠢ ᠵᠤᠷᠪᠤᠰ᠎ᠤᠨ ᠬᠣᠯᠪᠣᠭᠳᠠᠯ ᠪᠦᠬᠦᠢ ᠰᠢᠢᠳᠬᠡᠯ᠎ᠦᠨ ᠮᠡᠳᠡᠭᠡ ᠵᠠᠩᠭᠢ᠎ᠶᠢ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠢᠲᠡᠭᠡᠮᠵᠢ᠎ᠶᠢᠨ ᠮᠡᠳᠡᠭᠡ ᠵᠠᠩᠭᠢ᠎ᠶᠢᠨ ᠲᠠᠪᠴᠠᠩ᠎ᠳᠤ ᠡᠮᠬᠢᠯᠡᠨ ᠴᠤᠭᠯᠠᠭᠤᠯᠵᠤ ᠂ ᠬᠠᠤᠯᠢ ᠶᠣᠰᠣᠭᠠᠷ ᠢᠲᠡᠭᠡᠯ ᠠᠯᠳᠠᠭᠰᠠᠳ᠎ᠢᠶᠠᠷ ᠵᠠᠯᠬᠠᠭᠠᠨ ᠴᠡᠭᠡᠷᠯᠡᠭᠦᠯᠦᠨ᠎ᠡ ᠃
      ᠬᠣᠷᠢᠨ ᠳᠥᠷᠪᠡᠳᠦᠭᠡᠷ ᠵᠦᠢᠯ  ᠲᠤᠰ ᠳᠦᠷᠢᠮ᠎ᠦᠨ ᠲᠣᠭᠲᠠᠭᠠᠯ᠎ᠠᠴᠠ ᠵᠥᠷᠢᠴᠡᠵᠦ ᠂ ᠤᠯᠠᠨ ᠨᠡᠶ᠋ᠢᠲᠡ᠎ᠶᠢᠨ ᠦᠢᠯᠡᠴᠢᠯᠡᠭᠡᠨ᠎ᠦ ᠡᠭᠦᠷᠭᠡ ᠴᠢᠳᠠᠪᠤᠷᠢ᠎ᠶᠢ ᠭᠦᠢᠴᠡᠳᠬᠡᠵᠦ ᠪᠠᠢᠭ᠎ᠠ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ᠂ ᠨᠡᠢᠭᠡᠮ᠎ᠦᠨ ᠵᠣᠬᠢᠶᠠᠨ ᠪᠠᠢᠭᠤᠯᠤᠯᠲᠠ ᠵᠢᠴᠢ ᠲᠡᠭᠦᠨ᠎ᠦ ᠠᠵᠢᠯᠲᠠᠨ ᠨᠡᠢᠭᠡᠮ᠎ᠦᠨ ᠪᠠᠲᠤᠯᠠᠭ᠎ᠠ᠎ᠶᠢᠨ ᠺᠠᠷᠲ᠎ᠤᠨ ᠲᠣᠭ᠎ᠠ ᠪᠠᠷᠢᠮᠲᠠ᠎ᠶᠢ ᠵᠠᠳᠠᠷᠠᠭᠤᠯᠤᠭᠰᠠᠨ᠂ ᠬᠠᠤᠯᠢ᠎ᠶᠢ ᠵᠥᠷᠢᠴᠡᠨ ᠬᠡᠷᠡᠭᠯᠡᠭᠰᠡᠨ ᠪᠤᠶᠤ ᠺᠠᠷᠲ ᠡᠵᠡᠮᠰᠢᠭᠴᠢ᠎ᠶᠢᠨ ᠠᠰᠢᠭ᠋ ᠲᠤᠰᠠ᠎ᠳᠤ ᠬᠠᠯᠳᠠᠭᠰᠠᠨ ᠪᠤᠰᠤᠳ ᠦᠢᠯᠡ ᠠᠵᠢᠯᠯᠠᠭ᠎ᠠ᠎ᠲᠠᠢ ᠪᠠᠢᠪᠠᠯ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠡᠴᠡ ᠵᠠᠷᠯᠢᠭ᠍ᠳᠠᠨ ᠵᠠᠯᠠᠷᠠᠭᠤᠯᠤᠭᠤᠯᠬᠤ᠎ᠶᠢᠨ ᠬᠠᠮᠲᠤ ᠰᠢᠭᠤᠳ ᠬᠠᠷᠢᠭᠤᠴᠠᠵᠤ ᠪᠠᠢᠭ᠎ᠠ ᠡᠷᠬᠢᠯᠡᠨ ᠬᠠᠮᠢᠶᠠᠷᠬᠤ ᠬᠥᠮᠥᠨ ᠪᠠ ᠰᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠥᠨ᠎ᠳᠦ ᠬᠠᠤᠯᠢ ᠶᠣᠰᠣᠭᠠᠷ ᠰᠢᠢᠳᠬᠡᠯ ᠥᠭᠭᠦᠨ᠎ᠡ ; ᠠᠮᠤᠷ᠎ᠢ ᠬᠠᠮᠠᠭᠠᠯᠠᠬᠤ ᠠᠵᠢᠯ᠎ᠤᠨ ᠬᠠᠮᠢᠶᠠᠷᠤᠯᠲᠠ᠎ᠶᠢ ᠵᠥᠷᠢᠴᠡᠭᠰᠡᠨ ᠠᠵᠢᠯᠯᠠᠭ᠎ᠠ ᠪᠣᠯᠵᠤ ᠪᠦᠷᠢᠯᠳᠦᠭᠰᠡᠨ ᠪᠠᠢᠪᠠᠯ᠂ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ᠎ᠠᠴᠠ ᠬᠠᠤᠯᠢ ᠶᠣᠰᠣᠭᠠᠷ ᠰᠢᠢᠳᠬᠡᠨ᠎ᠡ ; ᠶᠠᠯ᠎ᠠ ᠪᠣᠯᠵᠤ ᠪᠦᠷᠢᠯᠳᠦᠭᠰᠡᠨ ᠪᠠᠢᠪᠠᠯ ᠬᠠᠤᠯᠢ ᠶᠣᠰᠣᠭᠠᠷ ᠡᠷᠡᠭᠦᠦ᠎ᠶᠢᠨ ᠬᠠᠷᠢᠭᠤᠴᠠᠯᠭ᠎ᠠ ᠨᠡᠬᠡᠮᠵᠢᠯᠡᠨ᠎ᠡ᠃
      ᠬᠣᠷᠢᠨ ᠲᠠᠪᠤᠳᠤᠭᠠᠷ ᠵᠦᠢᠯ ᠪᠦᠷᠢᠨ ᠴᠢᠳᠠᠮᠵᠢᠲᠤ ᠺᠠᠷᠲ᠎ᠤᠨ ᠦᠢᠯᠡᠴᠢᠯᠡᠭᠡᠨ᠎ᠦ ᠬᠠᠮᠢᠶᠠᠷᠤᠯᠲᠠ᠎ᠶᠢᠨ ᠠᠵᠢᠯ᠎ᠤᠨ ᠳᠤᠮᠳᠠ ᠲᠤᠰᠢᠶᠠᠯ ᠬᠠᠷᠢᠭᠤᠴᠠᠯᠭ᠎ᠠ᠎ᠪᠠᠨ ᠣᠮᠲᠣᠭᠠᠢᠯᠠᠭᠰᠠᠨ᠂ ᠡᠷᠬᠡ ᠲᠤᠰᠢᠶᠠᠯ᠎ᠢᠶᠠᠨ ᠳᠤᠷ᠎ᠠ᠎ᠪᠠᠷ᠎ᠢᠶᠠᠨ ᠬᠡᠷᠡᠭᠯᠡᠭᠰᠡᠨ᠂ ᠬᠤᠪᠢ᠎ᠶᠢᠨ ᠨᠠᠢᠷ ᠬᠠᠷᠠᠵᠤ ᠬᠠᠤᠯᠢ ᠶᠣᠰᠣ᠌᠎ᠶᠢ ᠵᠥᠷᠢᠴᠡᠭᠰᠡᠨ ᠪᠠᠢᠪᠠᠯ᠂ ᠰᠢᠭᠤᠳ ᠬᠠᠷᠢᠭᠤᠴᠠᠵᠤ ᠪᠠᠢᠭ᠎ᠠ ᠡᠷᠬᠢᠯᠡᠨ ᠬᠠᠮᠢᠶᠠᠷᠬᠤ ᠬᠥᠮᠥᠨ ᠪᠠ ᠰᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠥᠨ᠎ᠳᠦ ᠬᠠᠤᠯᠢ ᠶᠣᠰᠣᠭᠠᠷ ᠰᠢᠢᠳᠬᠡᠯ ᠥᠭᠭᠦᠨ᠎ᠡ ; ᠶᠠᠯ᠎ᠠ ᠪᠣᠯᠵᠤ ᠪᠦᠷᠢᠯᠳᠦᠭᠰᠡᠨ ᠪᠠᠢᠪᠠᠯ ᠬᠠᠤᠯᠢ ᠶᠣᠰᠣᠭᠠᠷ ᠡᠷᠡᠭᠦᠦ᠎ᠶᠢᠨ ᠬᠠᠷᠢᠭᠤᠴᠠᠯᠭ᠎ᠠ ᠨᠡᠬᠡᠮᠵᠢᠯᠡᠨ᠎ᠡ᠃
      ᠬᠣᠷᠢᠨ ᠵᠢᠷᠭᠤᠳᠤᠭᠠᠷ ᠵᠦᠢᠯ ᠲᠤᠰ ᠳᠦᠷᠢᠮ᠎ᠢ 2025 ᠣᠨ᠎ᠤ 9 ᠰᠠᠷ᠎ᠠ᠎ᠶᠢᠨ 1᠎ᠦ ᠡᠳᠦᠷ᠎ᠡᠴᠡ ᠡᠬᠢᠯᠡᠵᠦ ᠬᠡᠷᠡᠭᠵᠢᠭᠦᠯᠦᠨ᠎ᠡ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠋ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠲᠢᠩᠬᠢᠮ
          
ᠬᠠᠮᠢᠶ᠎ᠡ ᠪᠦᠬᠦᠢ ᠰᠣᠨᠢᠨ
 
            