ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠢᠯᠡ ᠵᠠᠰᠠᠭ   -   ᠪᠢᠴᠢᠭ ᠮᠠᠲ᠋ᠧᠷᠢᠶᠠᠯ
2024 ᠣᠨ᠎ᠤ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠣᠷᠣᠭᠤᠯᠤᠨ ᠠᠪᠴᠢᠷᠠᠭᠰᠠᠨ ᠴᠢᠳᠠᠪᠤᠷᠢᠲᠠᠨ᠎ᠤ ᠡᠷᠳᠡᠮ ᠰᠢᠨᠵᠢᠯᠡᠭᠡᠨ᠎ᠤ ᠳᠡᠮᠵᠢᠯᠭᠡ ᠵᠢ ᠭᠤᠶᠤᠴᠢᠯᠠᠨ ᠮᠡᠳᠡᠭᠦᠯᠬᠦ ᠠᠵᠢᠯ ᠥᠷᠨᠢᠭᠦᠯᠬᠦ ᠲᠤᠬᠠᠢ ᠮᠡᠳᠡᠭᠳᠡᠯ
ᠨᠡᠶ᠋ᠢᠲᠡᠯᠡᠭᠰᠡᠨ ᠴᠠᠭ᠄ 2025-02-19

ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠰᠢᠭᠤᠳ ᠬᠠᠷᠢᠶ᠎ᠠ ᠠᠵᠢᠯ ᠦᠢ᠍ᠯᠡᠰ᠎ᠤᠨ ᠨᠢᠭᠡᠴᠢ᠂ ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠲᠥᠪ᠎ᠤᠨ ᠡᠷᠳᠡᠮ ᠰᠢᠨᠵᠢᠯᠡᠭᠡᠨ᠎ᠤ ᠪᠠᠢ᠌ᠭᠤᠯᠤᠮᠵᠢ᠎ᠳᠤ᠄
      《〈ᠰᠣᠳᠣᠨ ᠴᠢᠳᠠᠪᠤᠷᠢᠲᠠᠨ ᠵᠶ᠋ᠠᠷ ᠥᠪᠥᠷ ᠮᠣᠩᠭᠣᠯ ᠵᠶ᠋ᠠᠨ ᠬᠥᠭᠵᠢᠭᠦᠯᠬᠦ〉 ᠢᠨᠵᠧᠨᠧᠷᠢᠩ᠎ᠤᠨ ᠲᠥᠷᠥ ᠵᠢᠨ ᠪᠣᠳᠣᠯᠭ᠎ᠠ᠎ᠨᠤᠭᠤᠳ᠎ᠢ ᠬᠡᠷᠡᠭᠵᠢᠭᠦᠯᠬᠦ ᠲᠤᠬᠠᠢ ᠰᠠᠨᠠᠯ》 (ᠥᠪᠥᠷ ᠨᠠᠮ ᠠᠯᠪᠠᠨ ᠲᠠᠷᠬᠠᠭ᠋ᠠᠭᠰᠠᠨ [2024] 18 ᠳ᠋ᠤᠭ᠋ᠠᠷ ᠲᠣᠭ᠋ᠠᠲᠤ᠂ ᠳᠣᠷᠣᠭᠰᠢ 《ᠰᠠᠨᠠᠯ》 ᠭᠡᠵᠦ ᠲᠣᠪᠴᠢᠯᠠᠨ᠎ᠠ)᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ᠂ ᠡᠳᠦᠭᠡ 2024 ᠣᠨ᠎ᠤ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠣᠷᠣᠭᠤᠯᠤᠨ ᠠᠪᠴᠢᠷᠠᠭᠰᠠᠨ ᠴᠢᠳᠠᠪᠤᠷᠢᠲᠠᠨ᠎ᠤ ᠡᠷᠳᠡᠮ ᠰᠢᠨᠵᠢᠯᠡᠭᠡᠨ᠎ᠤ ᠳᠡᠮᠵᠢᠯᠭᠡ ᠵᠢ ᠭᠤᠶᠤᠴᠢᠯᠠᠨ ᠮᠡᠳᠡᠭᠦᠯᠬᠦ ᠠᠵᠢᠯ᠎ᠢ ᠳᠣᠣᠷᠠᠬᠢ ᠮᠡᠲᠦ ᠮᠡᠳᠡᠭᠳᠡᠪᠡ᠃
      ᠨᠢᠭᠡ᠂ ᠭᠤᠶᠤᠴᠢᠯᠠᠨ ᠮᠡᠳᠡᠭᠦᠯᠬᠦ ᠡᠲᠡᠭᠡᠳ
      ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠠᠵᠢᠯ ᠦᠢ᠍ᠯᠡᠰ᠎ᠤᠨ ᠨᠢᠭᠡᠴᠢ᠂ ᠰᠠᠯᠠᠭ᠎ᠠ ᠮᠥᠴᠢᠷ᠎ᠤᠨ ᠬᠠᠷᠢᠶ᠎ᠠ ᠠᠵᠢᠯ ᠦᠢ᠍ᠯᠡᠰ᠎ᠤᠨ ᠨᠢᠭᠡᠴᠢ᠂ ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠲᠥᠪ᠎ᠤᠨ ᠠᠵᠢᠯ ᠦᠢ᠍ᠯᠡᠰ᠎ᠤᠨ ᠨᠢᠭᠡᠴᠢ 2024 ᠣᠨ᠎ᠤ 《ᠰᠠᠭ᠋ᠠᠳ ᠦᠭᠡᠢ ᠨᠡᠪᠲᠡᠷᠡᠬᠦ ᠵᠠᠮ》 ᠵᠶ᠋ᠠᠷ ᠳᠡᠮᠵᠢᠨ᠂ ᠢᠯᠡ᠎ᠪᠠᠷ ᠤᠷᠢᠨ ᠬᠡᠷᠡᠭᠯᠡᠭᠰᠡᠨ ᠪᠠ ᠣᠷᠣᠨ᠎ᠤ ᠭᠠᠳᠠᠨ᠎ᠠ᠎ᠠᠴᠠ ᠰᠢᠯᠵᠢᠭᠦᠯᠦᠨ ᠣᠷᠣᠭᠤᠯᠵᠤ ᠠᠪᠴᠢᠷᠠᠭᠰᠠᠨ ᠳ᠋ᠣᠺᠲ᠋ᠣᠷ ᠵᠢᠴᠢ ᠲᠡᠭᠦᠨ᠎ᠠᠴᠠ ᠳᠡᠭᠡᠭᠰᠢᠬᠢ ᠳᠡᠭᠡᠳᠦ ᠲᠠᠰ᠎ᠤᠨ ᠴᠢᠳᠠᠪᠤᠷᠢᠲᠠᠨ᠎ᠤ ᠳᠣᠲᠣᠷ᠎ᠠ᠂ 《ᠰᠠᠨᠠᠯ》᠎ᠳᠤ ᠲᠣᠭᠲᠠᠭ᠋ᠠᠭᠰᠠᠨ ᠴᠢᠳᠠᠪᠤᠷᠢᠲᠠᠨ ᠣᠷᠣᠭᠤᠯᠬᠤ ᠬᠡᠪᠴᠢᠶᠡᠨ᠎ᠳᠤ ᠨᠡᠶ᠋ᠢᠴᠡᠬᠦ ᠪᠥᠭᠡᠳ ᠠᠵᠢᠯ᠎ᠳᠤ ᠣᠷᠣᠬᠤ ᠭᠠᠷᠳᠠᠮ᠎ᠢ ᠵᠢᠩᠬᠢᠨᠢ᠎ᠪᠠᠷ ᠭᠦᠢ᠍ᠴᠡᠳᠬᠡᠵᠦ᠂ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠠᠴᠠ ᠮᠠᠭ᠋ᠠᠳᠯᠠᠨ ᠲᠣᠭᠲᠠᠭ᠋ᠠᠭᠰᠠᠨ ᠲᠠᠪᠤᠳᠤᠭ᠋ᠠᠷ᠂ ᠵᠢᠷᠭᠤᠳᠤᠭ᠋ᠠᠷ ᠲᠥᠷᠥᠯ᠎ᠤᠨ ᠴᠢᠳᠠᠪᠤᠷᠢᠲᠠᠨ᠃
      ᠬᠣᠶᠠᠷ᠂ ᠭᠤᠶᠤᠴᠢᠯᠠᠨ ᠮᠡᠳᠡᠭᠦᠯᠬᠦ ᠲᠠᠰ ᠳᠠᠷᠠᠭ᠋ᠠᠯᠠᠯ
      (ᠨᠢᠭᠡ) ᠵᠣᠬᠢᠶᠠᠨ ᠪᠠᠢ᠌ᠭᠤᠯᠵᠤ ᠭᠤᠶᠤᠴᠢᠯᠠᠨ ᠮᠡᠳᠡᠭᠦᠯᠬᠦ᠃ ᠥᠪᠡᠷᠲᠡᠭᠡᠨ ᠵᠠᠰᠠᠬᠤ ᠣᠷᠣᠨ᠎ᠤ ᠡᠯ᠎ᠡ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠨᠢᠭᠡᠴᠢ᠎ᠨᠦᠭᠦᠳ ᠨᠥᠬᠥᠴᠡᠯ᠎ᠳᠤ ᠨᠡᠶ᠋ᠢᠴᠡᠬᠦ ᠳᠡᠭᠡᠳᠦ ᠲᠠᠰ ᠳᠠᠪᠬᠤᠷᠭ᠎ᠠ ᠵᠢᠨ ᠴᠢᠳᠠᠪᠤᠷᠢᠲᠠᠨ᠎ᠢ ᠵᠣᠬᠢᠶᠠᠨ ᠪᠠᠢ᠌ᠭᠤᠯᠤᠨ ᠲᠠᠨᠢᠯᠴᠠᠭᠤᠯᠵᠤ ᠡᠷᠳᠡᠮ ᠰᠢᠨᠵᠢᠯᠡᠭᠡᠨ᠎ᠤ ᠳᠡᠮᠵᠢᠯᠭᠡ ᠵᠢ ᠭᠤᠶᠤᠴᠢᠯᠠᠨ ᠮᠡᠳᠡᠭᠦᠯᠬᠦ᠎ᠳᠤ ᠣᠷᠣᠯᠴᠠᠭᠤᠯᠬᠤ ᠵᠢᠨ ᠬᠠᠮᠲᠤ ᠳᠣᠣᠷᠠᠬᠢ ᠮᠠᠲ᠋ᠧᠷᠢᠶᠠᠯ᠎ᠤᠳ᠎ᠢ ᠲᠤᠰᠢᠶᠠᠨ᠎ᠠ᠄
      1. ᠭᠤᠶᠤᠴᠢᠯᠠᠨ ᠮᠡᠳᠡᠭᠦᠯᠬᠦ ᠪᠢᠴᠢᠭ᠃ ᠬᠤᠪᠢ ᠬᠥᠮᠥᠨ ᠮᠡᠳᠡᠭᠦᠯᠦᠭᠰᠡᠨ ᠰᠠᠭᠤᠷᠢᠨ ᠳᠡᠭᠡᠷ᠎ᠡ᠂ ᠡᠯ᠎ᠡ ᠲᠠᠨᠢᠯᠴᠠᠭᠤᠯᠬᠤ ᠨᠢᠭᠡᠴᠢ᠎ᠨᠢ ᠭᠤᠶᠤᠴᠢᠯᠠᠨ ᠮᠡᠳᠡᠭᠦᠯᠬᠦ ᠮᠠᠲ᠋ᠧᠷᠢᠶᠠᠯ᠎ᠢ ᠨᠠᠷᠢᠨ ᠬᠢᠨᠠᠮᠠᠭ᠋ᠠᠢ ᠬᠢᠨᠠᠨ ᠬᠠᠷᠭᠤᠭᠤᠯᠵᠤ᠂ ᠲᠠᠨᠢᠯᠴᠠᠭᠤᠯᠬᠤ ᠠᠯᠪᠠᠨ ᠪᠢᠴᠢᠭ ᠭᠠᠷᠭ᠋ᠠᠬᠤ ᠵᠢᠨ ᠬᠠᠮᠲᠤ᠂ ᠭᠤᠶᠤᠴᠢᠯᠠᠨ ᠮᠡᠳᠡᠭᠦᠯᠬᠦ ᠠᠵᠢᠯ᠎ᠤᠨ ᠬᠠᠷᠢᠯᠴᠠᠬᠤ ᠬᠥᠮᠥᠨ᠂ ᠬᠠᠷᠢᠯᠴᠠᠬᠤ ᠤᠲᠠᠰᠤ ᠵᠢ ᠲᠣᠳᠣᠷᠬᠠᠢ᠌ᠯᠠᠬᠤ ᠬᠡᠷᠡᠭᠲᠡᠶ᠃
      2. 《2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠣᠷᠣᠭᠤᠯᠤᠨ ᠠᠪᠴᠢᠷᠠᠭᠰᠠᠨ ᠴᠢᠳᠠᠪᠤᠷᠢᠲᠠᠨ᠎ᠤ ᠡᠷᠳᠡᠮ ᠰᠢᠨᠵᠢᠯᠡᠭᠡᠨ᠎ᠤ ᠳᠡᠮᠵᠢᠯᠭᠡ ᠵᠢ ᠭᠤᠶᠤᠴᠢᠯᠠᠨ ᠮᠡᠳᠡᠭᠦᠯᠬᠦ ᠬᠦᠰᠦᠨᠦᠭᠲᠦ》 (ᠳᠠᠭ᠋ᠠᠯᠳᠤᠭᠤᠯᠤᠯ 1) ᠵᠢᠴᠢ ᠬᠠᠮᠢᠶ᠎ᠠ ᠪᠦᠬᠦᠢ ᠭᠡᠷᠡᠴᠢᠯᠡᠬᠦ ᠮᠠᠲ᠋ᠧᠷᠢᠶᠠᠯ᠃
      3. 《2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠣᠷᠣᠭᠤᠯᠤᠨ ᠠᠪᠴᠢᠷᠠᠭᠰᠠᠨ ᠴᠢᠳᠠᠪᠤᠷᠢᠲᠠᠨ᠎ᠤ ᠡᠷᠳᠡᠮ ᠰᠢᠨᠵᠢᠯᠡᠭᠡᠨ᠎ᠤ ᠳᠡᠮᠵᠢᠯᠭᠡ ᠵᠢ ᠭᠤᠶᠤᠴᠢᠯᠠᠨ ᠮᠡᠳᠡᠭᠦᠯᠬᠦ ᠬᠤᠷᠢᠶᠠᠩᠭᠤᠢ ᠬᠦᠰᠦᠨᠦᠭᠲᠦ》 (ᠳᠠᠭ᠋ᠠᠯᠳᠤᠭᠤᠯᠤᠯ 2)᠃
      (ᠬᠣᠶᠠᠷ) ᠲᠤᠰᠬᠠᠢ ᠮᠡᠷᠭᠡᠵᠢᠯᠲᠡᠨ᠎ᠠᠴᠠ ᠬᠢᠨᠠᠨ ᠲᠣᠭᠲᠠᠭ᠋ᠠᠨ᠎ᠠ᠃ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠠᠴᠠ ᠲᠤᠰᠬᠠᠢ ᠮᠡᠷᠭᠡᠵᠢᠯᠲᠡᠨ᠎ᠤ ᠦᠨᠡᠯᠡᠨ ᠬᠢᠨᠠᠬᠤ ᠺᠣᠮᠢᠰ᠎ᠢ ᠵᠣᠬᠢᠶᠠᠨ ᠪᠠᠢ᠌ᠭᠤᠯᠵᠤ᠂ ᠭᠤᠶᠤᠴᠢᠯᠠᠨ ᠮᠡᠳᠡᠭᠦᠯᠦᠭᠰᠡᠳ᠎ᠲᠤ ᠶᠡᠷᠦᠩᠬᠡᠢ᠌ᠯᠡᠭᠰᠡᠨ ᠦᠨᠡᠯᠡᠯᠲᠡ ᠬᠢᠵᠦ᠂ ᠰᠣᠩᠭᠣᠭᠳᠠᠭᠰᠠᠳ ᠵᠢᠴᠢ ᠡᠷᠳᠡᠮ ᠰᠢᠨᠵᠢᠯᠡᠭᠡᠨ᠎ᠢ ᠳᠡᠮᠵᠢᠬᠦ ᠪᠡᠯᠡ ᠮᠥᠩᠭᠥ ᠵᠢᠨ ᠲᠣᠭ᠎ᠠ ᠬᠡᠮᠵᠢᠶ᠎ᠡ ᠵᠢ ᠲᠣᠳᠣᠷᠬᠠᠢ᠌ᠯᠠᠨ᠎ᠠ᠃
      (ᠭᠤᠷᠪᠠ) ᠢᠯᠡ ᠨᠡᠢ᠌ᠲᠡᠯᠡᠵᠦ ᠲᠣᠭᠲᠠᠭ᠋ᠠᠨ᠎ᠠ᠃ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠠᠯᠪᠠᠨ᠎ᠤ ᠰᠦᠯᠵᠢᠶ᠎ᠡ᠎ᠳᠤ ᠢᠯᠡ ᠨᠡᠢ᠌ᠲᠡᠯᠡᠵᠦ᠂ ᠢᠯᠡ ᠨᠡᠢ᠌ᠲᠡᠯᠡᠬᠦ ᠬᠤᠭᠤᠴᠠᠭ᠎ᠠ᠎ᠨᠢ 5 ᠠᠵᠢᠯᠯᠠᠬᠤ ᠡᠳᠦᠷ ᠪᠣᠯᠣᠨ᠎ᠠ᠃ ᠢᠯᠡ ᠨᠡᠢ᠌ᠲᠡᠯᠡᠭᠰᠡᠨ᠎ᠤ ᠳᠠᠷᠠᠭ᠎ᠠ᠂ ᠳᠡᠮᠵᠢᠬᠦ ᠬᠥᠮᠥᠰ᠎ᠢ ᠲᠣᠭᠲᠠᠭ᠋ᠠᠬᠤ ᠵᠢᠨ ᠬᠠᠮᠲᠤ ᠬᠥᠮᠥᠨ ᠬᠡᠷᠡᠭᠯᠡᠬᠦ ᠨᠢᠭᠡᠴᠢ᠎ᠳᠤ ᠡᠷᠳᠡᠮ ᠰᠢᠨᠵᠢᠯᠡᠭᠡᠨ᠎ᠤ ᠳᠡᠮᠵᠢᠯᠭᠡ ᠵᠢᠨ ᠵᠠᠷᠤᠳᠠᠯ᠎ᠢ ᠰᠢᠯᠵᠢᠭᠦᠯᠦᠨ ᠥᠭᠭᠦᠨ᠎ᠡ᠃
      ᠭᠤᠷᠪᠠ᠂ ᠬᠣᠯᠪᠣᠭᠳᠠᠯ ᠪᠦᠬᠦᠢ ᠱᠠᠭ᠋ᠠᠷᠳᠠᠯᠭ᠎ᠠ
      ᠡᠯ᠎ᠡ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠨᠢᠭᠡᠴᠢ᠎ᠨᠦᠭᠦᠳ ᠡᠷᠬᠡᠪᠰᠢ 2025 ᠣᠨ᠎ᠤ 2 ᠳ᠋ᠤᠭ᠋ᠠᠷ ᠰᠠᠷ᠎ᠠ ᠵᠢᠨ 28᠎ᠤ ᠡᠳᠦᠷ᠎ᠠᠴᠠ ᠡᠮᠦᠨ᠎ᠡ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠵᠶ᠋ᠠᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠳᠤ ᠢᠯᠡᠭᠡᠬᠦ ᠵᠢᠨ ᠬᠠᠮᠲᠤ ᠳᠠᠭ᠋ᠠᠯᠳᠤᠭᠤᠯᠤᠯ 1᠂ ᠳᠠᠭ᠋ᠠᠯᠳᠤᠭᠤᠯᠤᠯ 2᠎ᠤᠨ ᠡᠯᠧᠺᠲᠷᠣᠨ ᠬᠡᠪᠯᠡᠯ᠎ᠢ ᠡᠯᠧᠺᠲᠷᠣᠨ ᠰᠢᠤᠳᠠᠨ᠎ᠤ ᠬᠠᠢ᠌ᠷᠴᠠᠭ᠎ᠲᠤ ᠢᠯᠡᠭᠡᠬᠦ ᠬᠡᠷᠡᠭᠲᠡᠶ (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠰᠦᠯᠵᠢᠶ᠎ᠡ ᠵᠢᠨ 《ᠬᠠᠷᠢᠯᠴᠠᠨ ᠰᠣᠯᠢᠯᠴᠠᠬᠤ — ᠪᠠᠭᠤᠯᠭ᠋ᠠᠬᠤ ᠲᠥᠪ — ᠡᠯ᠎ᠡ ᠲᠥᠷᠥᠯ᠎ᠤᠨ ᠬᠦᠰᠦᠨᠦᠭᠲᠦ》᠎ᠠᠴᠠ ᠪᠠᠭᠤᠯᠭ᠋ᠠᠵᠤ ᠠᠪᠤᠨ᠎ᠠ)᠃
      ᠲᠥᠷᠥ ᠵᠢᠨ ᠪᠣᠳᠣᠯᠭ᠎ᠠ ᠵᠢᠨ ᠯᠠᠪᠯᠠᠭ᠎ᠠ᠄ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ᠎ᠢ ᠨᠡᠭᠡᠭᠡᠨ ᠬᠥᠭᠵᠢᠭᠦᠯᠬᠦ ᠭᠠᠵᠠᠷ  ᠵᠠᠩ ᠯᠢ ᠬᠣᠢ  ᠭᠥᠸᠧ ᠰᠢᠨ ᠳ᠋ᠢ
      ᠬᠠᠷᠢᠯᠴᠠᠬᠤ ᠤᠲᠠᠰᠤ᠄ (0471) 6946229 (0471) 6965638
      ᠮᠠᠲ᠋ᠧᠷᠢᠶᠠᠯ ᠭᠥᠯᠢᠶᠡᠨ ᠠᠪᠬᠤ᠄ ᠥᠪᠡᠷᠲᠡᠭᠡᠨ ᠵᠠᠰᠠᠬᠤ ᠣᠷᠣᠨ᠎ᠤ ᠠᠵᠢᠯᠲᠠᠨ᠎ᠤ ᠶᠠᠪᠤᠳᠠᠯ ᠴᠢᠳᠠᠪᠤᠷᠢᠲᠠᠨ᠎ᠤ ᠤᠯᠠᠨ ᠨᠠᠢ᠌ᠳᠠ ᠵᠢᠨ ᠦᠢ᠍ᠯᠡᠴᠢᠯᠡᠭᠡᠨ᠎ᠤ ᠲᠥᠪ  ᠵᠠᠩ ᠢ ᠹᠧᠢ
      ᠬᠠᠷᠢᠯᠴᠠᠬᠤ ᠤᠲᠠᠰᠤ᠄ (0471) 6964026
      ᠢᠮᠧᠯ᠄ 314078339@qq.com
      ᠰᠢᠤᠳᠠᠨ ᠬᠠᠶᠢᠭ᠄ ᠥᠪᠥᠷ ᠮᠣᠩᠭᠣᠯ᠎ᠤᠨ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠤᠯᠤᠰ᠎ᠤᠨ ᠶᠡᠬᠡ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠦᠷᠢᠶᠡᠯᠡᠩ᠎ᠤᠨ 8 ᠳ᠋ᠤᠭ᠋ᠠᠷ ᠨᠣᠮᠧᠷᠲᠤ ᠠᠰᠠᠷ᠎ᠤᠨ 609 ᠦᠷᠦᠭᠡ
      ᠳᠠᠭ᠋ᠠᠯᠳᠤᠭᠤᠯᠤᠯ᠄ 1.2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠣᠷᠣᠭᠤᠯᠤᠨ ᠠᠪᠴᠢᠷᠠᠭᠰᠠᠨ ᠴᠢᠳᠠᠪᠤᠷᠢᠲᠠᠨ᠎ᠤ ᠡᠷᠳᠡᠮ ᠰᠢᠨᠵᠢᠯᠡᠭᠡᠨ᠎ᠤ ᠳᠡᠮᠵᠢᠯᠭᠡ ᠵᠢ ᠭᠤᠶᠤᠴᠢᠯᠠᠨ ᠮᠡᠳᠡᠭᠦᠯᠬᠦ ᠬᠦᠰᠦᠨᠦᠭᠲᠦ
      2. 2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠣᠷᠣᠭᠤᠯᠤᠨ ᠠᠪᠴᠢᠷᠠᠭᠰᠠᠨ ᠴᠢᠳᠠᠪᠤᠷᠢᠲᠠᠨ᠎ᠤ ᠡᠷᠳᠡᠮ ᠰᠢᠨᠵᠢᠯᠡᠭᠡᠨ᠎ᠤ ᠳᠡᠮᠵᠢᠯᠭᠡ ᠵᠢ ᠭᠤᠶᠤᠴᠢᠯᠠᠨ ᠮᠡᠳᠡᠭᠦᠯᠬᠦ ᠬᠤᠷᠢᠶᠠᠩᠭᠤᠢ ᠬᠦᠰᠦᠨᠦᠭᠲᠦ


               ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ

               ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ
                            2025 ᠣᠨ᠎ᠤ 1 ᠰᠠᠷ᠎ᠠ ᠵᠢᠨ 23᠎ᠤ ᠡᠳᠦᠷ

ᠢᠷᠡᠯᠲᠡ᠄ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            