ᠤᠯᠤᠰ᠎ᠤᠨ ᠪᠠᠢ᠌ᠯᠳᠤᠬᠤ ᠪᠣᠳᠣᠯᠭ᠎ᠠ ᠵᠢᠨ ᠬᠡᠷᠡᠭᠴᠡᠭᠡ᠎ᠳᠤ ᠦᠢ᠍ᠯᠡᠴᠢᠯᠡᠵᠦ᠂ ᠠᠵᠤ ᠠᠬᠤᠢ ᠨᠡᠢ᠌ᠭᠡᠮ᠎ᠤᠨ ᠬᠥᠭᠵᠢᠯᠲᠡ ᠵᠢ ᠠᠬᠢᠭᠤᠯᠬᠤ᠎ᠳᠤ ᠴᠢᠳᠠᠪᠤᠷᠢᠲᠠᠨ ᠪᠣᠯ ᠵᠠᠩᠭᠢᠯᠠᠭ᠎ᠠ ᠪᠣᠯᠣᠨ᠎ᠠ᠃ ᠶᠡᠷᠦᠩᠬᠡᠢ ᠱᠦᠵᠢ ᠰᠢ ᠵᠢᠨ ᠫᠢᠩ ᠪᠦᠬᠦ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠭᠤᠷᠪᠠᠳᠤᠭ᠋ᠠᠷ ᠬᠤᠷᠠᠯᠳᠤᠭ᠋ᠠᠨ᠎ᠳᠤ ᠣᠷᠣᠯᠴᠠᠭᠰᠠᠨ ᠳᠤᠮᠳᠠᠳᠤ ᠤᠯᠤᠰ᠎ᠤᠨ ᠠᠷᠠᠳᠴᠢᠯᠠᠭᠰᠠᠨ ᠬᠣᠯᠪᠣᠭ᠎ᠠ᠂ ᠠᠷᠠᠳᠴᠢᠯᠠᠯ ᠵᠶ᠋ᠠᠷ ᠠᠬᠢᠭᠤᠯᠬᠤ ᠬᠤᠷᠠᠯ᠂ ᠰᠤᠷᠭ᠋ᠠᠨ ᠬᠥᠮᠦᠵᠢᠯ᠎ᠤᠨ ᠡᠲᠡᠭᠡᠳ᠎ᠤᠨ ᠭᠡᠰᠢᠭᠦᠳ᠎ᠢ ᠪᠣᠯᠭᠣᠭ᠋ᠠᠨ ᠦᠵᠡᠬᠦ᠎ᠳᠡᠭᠡᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠬᠦ ᠪᠠ ᠴᠢᠳᠠᠪᠤᠷᠢᠲᠠᠨ᠎ᠢ ᠪᠡᠶ᠎ᠡ᠎ᠪᠠᠨ ᠳᠠᠭ᠋ᠠᠭ᠋ᠠᠵᠤ ᠬᠥᠮᠥᠵᠢᠭᠦᠯᠬᠦ ᠰᠠᠢ᠍ᠢ᠍ᠨ ᠨᠥᠬᠥᠴᠡᠯᠳᠦᠯ᠎ᠢ ᠪᠡᠶᠡᠯᠡᠭᠦᠯᠬᠦ᠎ᠳᠤ ᠰᠤᠷᠭ᠋ᠠᠨ ᠬᠥᠮᠦᠵᠢᠯ᠎ᠨᠢ ᠤᠳᠤᠷᠢᠳᠤᠮᠵᠢ ᠵᠢᠨ ᠴᠢᠨᠠᠷᠲᠠᠢ᠂ ᠰᠠᠭᠤᠷᠢ ᠴᠢᠨᠠᠷᠲᠠᠢ ᠲᠤᠯᠭ᠋ᠠᠭᠤᠷᠢᠯᠠᠬᠤ ᠦᠢ᠍ᠯᠡᠳᠦᠯ ᠵᠶ᠋ᠡᠨ ᠤᠯᠠᠮ ᠨᠢᠭᠡ ᠠᠯᠬᠤᠮ ᠪᠠᠳᠠᠷᠠᠭᠤᠯᠬᠤ ᠬᠡᠷᠡᠭᠲᠡᠶ᠃ ᠴᠢᠳᠠᠪᠤᠷᠢᠲᠠᠨ᠎ᠢ ᠬᠥᠮᠥᠵᠢᠭᠦᠯᠬᠦ ᠬᠢᠭᠡᠳ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠬᠡᠷᠡᠭᠴᠡᠭᠡ ᠵᠢ ᠵᠣᠬᠢᠴᠠᠭᠤᠯᠬᠤ ᠲᠣᠭᠲᠠᠴᠠ ᠵᠢ ᠲᠡᠭᠦᠯᠳᠡᠷᠵᠢᠭᠦᠯᠵᠦ᠂ ᠴᠢᠳᠠᠪᠤᠷᠢᠲᠠᠨ᠎ᠢ ᠪᠡᠶ᠎ᠡ᠎ᠪᠠᠨ ᠳᠠᠭ᠋ᠠᠭ᠋ᠠᠵᠤ ᠬᠥᠮᠥᠵᠢᠭᠦᠯᠬᠦ ᠶᠠᠰᠤ ᠴᠢᠨᠠᠷ ᠦᠷ᠎ᠡ ᠪᠦᠲᠦᠮᠵᠢ ᠵᠢ ᠳᠡᠭᠡᠭᠰᠢᠯᠡᠭᠦᠯᠬᠦ ᠬᠡᠷᠡᠭᠲᠡᠶ ᠭᠡᠵᠦ ᠵᠢᠭ᠋ᠠᠵᠤ ᠭᠠᠷᠭ᠋ᠠᠪᠠ᠃
ᠣᠳᠣᠬᠠᠨ᠎ᠳᠤ᠂ ᠮᠠᠨ᠎ᠤ ᠤᠯᠤᠰ ᠶᠠᠭ ᠠᠵᠤ ᠠᠬᠤᠢ ᠵᠢᠨ ᠬᠡᠯᠪᠡᠷᠢ ᠵᠢ ᠬᠤᠪᠢᠷᠠᠭᠤᠯᠤᠨ ᠲᠡᠰ ᠳᠡᠪᠰᠢᠭᠦᠯᠬᠦ ᠵᠠᠩᠭᠢᠯᠠᠭ᠎ᠠ ᠵᠢᠨ ᠴᠠᠭ ᠦᠶ᠎ᠡ᠎ᠳᠤ ᠣᠷᠣᠰᠢᠵᠤ᠂ ᠴᠢᠳᠠᠪᠤᠷᠢᠲᠠᠨ᠎ᠤ ᠬᠠᠩᠭ᠋ᠠᠯᠭ᠎ᠠ ᠪᠣᠯᠣᠨ ᠬᠡᠷᠡᠭᠴᠡᠭᠡ ᠵᠢᠨ ᠬᠣᠭᠤᠷᠤᠨᠳᠤᠬᠢ ᠪᠦᠲᠦᠴᠡ ᠵᠢᠨ ᠴᠢᠨᠠᠷᠲᠠᠢ ᠵᠥᠷᠢᠴᠡᠯ ᠡᠳᠦᠷ ᠢᠷᠡᠬᠦᠶ᠎ᠡ ᠲᠣᠪᠣᠢ᠌ᠮ᠎ᠠ ᠪᠣᠯᠵᠤ᠂ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢ ᠬᠢᠵᠠᠭ᠋ᠠᠷᠯᠠᠵᠤ ᠪᠠᠶ᠋ᠢᠬᠤ᠎ᠪᠠᠷ ᠪᠠᠷᠠᠬᠤ ᠦᠭᠡᠢ ᠪᠠᠰᠠ ᠬᠥᠮᠥᠨ ᠨᠢᠭᠡᠪᠦᠷᠢ ᠵᠢᠨ ᠠᠵᠢᠯ ᠮᠡᠷᠭᠡᠵᠢᠯ᠎ᠤᠨ ᠬᠥᠭᠵᠢᠯᠲᠡ ᠪᠣᠯᠣᠨ ᠠᠮᠢᠳᠤᠷᠠᠬᠤᠢ ᠵᠢᠨ ᠥᠷᠲᠡᠭ᠎ᠤᠨ ᠪᠡᠶᠡᠯᠡᠭᠳᠡᠬᠦ ᠵᠢ ᠨᠥᠯᠥᠭᠡᠯᠡᠵᠦ ᠪᠠᠢ᠌ᠨ᠎ᠠ᠃ ᠡᠭᠦᠨ᠎ᠤ ᠬᠠᠮᠲᠤ᠂ ᠰᠢᠨ᠎ᠡ ᠨᠢᠭᠡᠨ ᠡᠭᠡᠯᠵᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠤᠪᠢᠰᠬᠠᠯ ᠪᠠ ᠠᠵᠤ ᠦᠢ᠍ᠯᠡᠰ᠎ᠤᠨ ᠬᠤᠪᠢᠰᠤᠯᠲᠠ᠎ᠳᠤ ᠬᠠᠷᠢᠯᠴᠠᠨ ᠠᠬᠢᠭᠤᠯᠬᠤ᠂ ᠬᠠᠷᠢᠯᠴᠠᠨ ᠤᠷᠢᠲᠠᠯ ᠪᠣᠯᠭ᠋ᠠᠬᠤ᠂ ᠬᠠᠷᠢᠯᠴᠠᠨ ᠰᠣᠯᠪᠢᠴᠠᠬᠤ᠂ ᠲᠦᠷᠭᠡᠨ ᠵᠶ᠋ᠡᠷ ᠳᠠᠪᠬᠤᠴᠠᠬᠤ ᠣᠨᠴᠠᠯᠢᠭ ᠢᠯᠡᠷᠡᠵᠦ᠂ ᠪᠠᠰᠠ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠬᠥᠭᠵᠢᠯᠲᠡ ᠵᠢᠨ ᠬᠠᠨᠳᠤᠰᠢ ᠵᠢ ᠰᠢᠨᠵᠢᠯᠡᠬᠦ ᠤᠬᠠᠭ᠋ᠠᠨᠴᠢ᠎ᠪᠠᠷ ᠰᠤᠳᠤᠯᠤᠨ ᠮᠠᠭ᠋ᠠᠳᠯᠠᠵᠤ᠂ ᠬᠡᠪ ᠴᠢᠨᠠᠷ᠎ᠨᠢ ᠰᠢᠯᠢᠳᠡᠭ᠂ ᠶᠡᠷᠦᠩᠬᠡᠢ ᠬᠡᠮᠵᠢᠶ᠎ᠡ᠎ᠨᠢ ᠭᠦᠢ᠍ᠴᠡᠳ᠂ ᠪᠦᠲᠦᠴᠡ᠎ᠨᠢ ᠰᠢᠯᠢᠳᠡᠭᠵᠢᠭᠰᠡᠨ᠂ ᠲᠠᠷᠬᠠᠯᠲᠠ᠎ᠨᠢ ᠵᠦᠢ ᠵᠣᠬᠢᠰᠲᠠᠢ ᠣᠳᠣᠬᠢᠴᠢᠯᠠᠭᠰᠠᠨ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠰᠢᠰᠲ᠋ᠧᠮ᠎ᠢ ᠲᠦᠷᠭᠡᠪᠴᠢᠯᠡᠨ ᠪᠤᠢ ᠪᠣᠯᠭ᠋ᠠᠬᠤ ᠵᠢ ᠱᠠᠭ᠋ᠠᠷᠳᠠᠵᠤ ᠪᠠᠢ᠌ᠨ᠎ᠠ᠃ ᠡᠢ᠌ᠮᠦ᠎ᠠᠴᠠ ᠡᠷᠬᠡᠪᠰᠢ ᠴᠠᠭ᠎ᠤᠨ ᠪᠠᠶ᠋ᠢᠳᠠᠯ᠎ᠢ ᠦᠨᠳᠦᠰᠦᠯᠡᠨ ᠬᠤᠪᠢᠷᠠᠭᠤᠯᠵᠤ᠂ ᠪᠠᠶ᠋ᠢᠳᠠᠯ᠎ᠢ᠎ᠲᠠᠭᠠᠨ ᠠᠵᠢᠯᠯᠠᠵᠤ᠂ ᠪᠦᠬᠦ ᠤᠯᠤᠰ᠎ᠲᠤ ᠬᠠᠨᠳᠤᠨ᠂ ᠢᠷᠡᠭᠡᠳᠦᠢ᠎ᠳᠤ ᠬᠠᠨᠳᠤᠵᠤ᠂ ᠴᠢᠳᠠᠪᠤᠷᠢᠲᠠᠨ᠎ᠢ ᠬᠥᠮᠥᠵᠢᠭᠦᠯᠬᠦ ᠠᠵᠢᠯ᠎ᠢ ᠨᠢᠭᠡᠳᠦᠯᠲᠡᠢ ᠲᠥᠯᠥᠪᠯᠡᠨ ᠰᠦᠪᠡᠭᠴᠢᠯᠡᠵᠦ᠂ ᠴᠢᠳᠠᠪᠤᠷᠢᠲᠠᠨ᠎ᠢ ᠬᠥᠮᠥᠵᠢᠭᠦᠯᠬᠦ ᠪᠠ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠬᠡᠷᠡᠭᠴᠡᠭᠡ ᠵᠢ ᠶᠡᠷᠦᠩᠬᠡᠢ᠎ᠳᠤ᠎ᠨᠢ ᠲᠣᠬᠢᠷᠠᠭᠤᠯᠬᠤ ᠬᠡᠷᠡᠭᠲᠡᠶ᠃
ᠴᠢᠳᠠᠪᠤᠷᠢᠲᠠᠨ᠎ᠢ ᠬᠥᠮᠥᠵᠢᠭᠦᠯᠬᠦ᠎ᠳᠤ ᠡᠪᠳᠡᠬᠦ ᠪᠠᠢ᠌ᠭᠤᠯᠬᠤ ᠵᠢ ᠵᠡᠷᠭᠡ᠎ᠪᠠᠷ ᠠᠳᠬᠤᠬᠤ ᠵᠢ ᠪᠠᠷᠢᠮᠲᠠᠯᠠᠬᠤ ᠬᠡᠷᠡᠭᠲᠡᠶ᠃ ᠣᠢ᠌ᠷ᠎ᠠ ᠵᠢᠨ ᠨᠢᠭᠡ ᠬᠤᠭᠤᠴᠠᠭ᠋ᠠᠨ᠎ᠳᠤ᠂ ᠬᠡᠰᠡᠭ ᠶᠡᠬᠡ ᠳᠡᠭᠡᠳᠦ ᠰᠤᠷᠭ᠋ᠠᠭᠤᠯᠢ ᠲᠤᠰᠬᠠᠢ ᠮᠡᠷᠭᠡᠵᠢᠯ᠎ᠤᠨ ᠪᠠᠢ᠌ᠷᠢᠰᠢᠯ ᠵᠶ᠋ᠠᠨ ᠱᠠᠯᠠᠪᠳᠠᠨ ᠲᠣᠬᠢᠷᠠᠭᠤᠯᠵᠤ᠂ ᠵᠠᠷᠢᠮ ᠤᠯᠠᠮᠵᠢᠯᠠᠯᠲᠤ ᠲᠤᠰᠬᠠᠢ ᠮᠡᠷᠭᠡᠵᠢᠯ᠎ᠤᠨ ᠲᠣᠭ᠎ᠠ ᠴᠥᠭᠡᠷᠡᠵᠦ᠂ ᠨᠠᠩ ᠤᠯᠠᠨ ᠰᠢᠨ᠎ᠡ᠎ᠪᠠᠷ ᠬᠥᠭᠵᠢᠭᠰᠡᠨ ᠲᠤᠰᠬᠠᠢ ᠮᠡᠷᠭᠡᠵᠢᠯ᠎ᠢ ᠰᠣᠷᠣᠭᠴᠢ ᠡᠯᠰᠡᠬᠦ ᠭᠠᠷᠴᠠᠭ᠎ᠲᠤ ᠣᠷᠣᠭᠤᠯᠪᠠ᠂ ᠡᠨᠡ ᠪᠣᠯ ᠰᠤᠷᠭ᠋ᠠᠨ ᠬᠥᠮᠦᠵᠢᠯ᠎ᠤᠨ ᠬᠦᠷᠢᠶᠡᠨ᠎ᠳᠠᠬᠢ ᠴᠠᠭ ᠦᠶ᠎ᠡ ᠵᠢᠨ ᠬᠠᠨᠳᠤᠰᠢ ᠵᠢ ᠭᠦᠨᠵᠡᠭᠡᠢ ᠡᠵᠡᠮᠳᠡᠵᠦ ᠪᠠᠶ᠋ᠢᠭ᠋ᠠᠳ ᠭᠠᠷᠭ᠋ᠠᠭᠰᠠᠨ ᠪᠣᠳᠠᠲᠠᠢ ᠵᠢ ᠡᠷᠬᠢᠮᠯᠡᠭᠰᠡᠨ ᠠᠷᠭ᠎ᠠ ᠬᠡᠮᠵᠢᠶ᠎ᠡ ᠮᠥᠨ᠃ ᠢᠷᠡᠭᠡᠳᠦᠢ᠎ᠳᠤ ᠰᠢᠨᠵᠢᠯᠡᠭᠡᠨ᠎ᠤ ᠰᠠᠯᠠᠭ᠎ᠠ ᠲᠤᠰᠬᠠᠢ ᠮᠡᠷᠭᠡᠵᠢᠯ᠎ᠢ ᠬᠥᠳᠡᠯᠦᠩᠭᠦᠢ᠎ᠪᠠᠷ ᠲᠣᠬᠢᠷᠠᠭᠤᠯᠬᠤ ᠱᠠᠭ᠋ᠠᠷᠳᠠᠯᠭ᠎ᠠ ᠶᠣᠰᠣᠭ᠋ᠠᠷ᠂ ᠵᠢᠩᠬᠢᠨᠢ ᠠᠩᠭᠢ ᠵᠢᠨ ᠲᠤᠰᠬᠠᠢ ᠮᠡᠷᠭᠡᠵᠢᠯ᠎ᠤᠨ ᠪᠠᠢ᠌ᠭᠤᠯᠤᠯᠲᠠ ᠪᠣᠯᠣᠨ ᠤᠯᠤᠰ᠎ᠤᠨ ᠪᠠᠢ᠌ᠯᠳᠤᠬᠤ ᠪᠣᠳᠣᠯᠭ᠎ᠠ ᠵᠢᠨ ᠪᠠᠴᠢᠮ ᠬᠡᠷᠡᠭᠴᠡᠭᠡᠨ᠎ᠤ ᠲᠣᠬᠢᠷᠠᠭᠤᠯᠤᠯᠲᠠ ᠵᠢᠨ ᠬᠡᠮᠵᠢᠶ᠎ᠡ ᠵᠢ ᠳᠡᠭᠡᠭᠰᠢᠯᠡᠭᠦᠯᠵᠦ᠂ ᠶᠡᠬᠡ ᠳᠡᠭᠡᠳᠦ ᠰᠤᠷᠭ᠋ᠠᠭᠤᠯᠢ ᠢᠯᠠᠩᠭᠤᠶ᠎ᠠ ᠣᠷᠣᠨ ᠨᠤᠲᠤᠭ᠎ᠤᠨ ᠳᠡᠭᠡᠳᠦ ᠰᠤᠷᠭ᠋ᠠᠭᠤᠯᠢ ᠵᠢᠨ ᠲᠤᠰᠬᠠᠢ ᠮᠡᠷᠭᠡᠵᠢᠯ᠎ᠤᠨ ᠪᠠᠢ᠌ᠭᠤᠯᠤᠯᠲᠠ ᠪᠣᠯᠣᠨ ᠣᠷᠣᠨ ᠪᠦᠰᠡ ᠵᠢᠨ ᠬᠥᠭᠵᠢᠯᠲᠡ ᠵᠢᠨ ᠲᠣᠬᠢᠷᠠᠭᠤᠯᠤᠯᠲᠠ ᠵᠢᠨ ᠬᠡᠮᠵᠢᠶ᠎ᠡ ᠵᠢ ᠳᠡᠭᠡᠭᠰᠢᠯᠡᠭᠦᠯᠵᠦ᠂ ᠵᠢᠩᠬᠢᠨᠢ ᠠᠩᠭᠢ ᠵᠢᠨ ᠲᠤᠰᠬᠠᠢ ᠮᠡᠷᠭᠡᠵᠢᠯ᠎ᠤᠨ ᠪᠠᠢ᠌ᠭᠤᠯᠤᠯᠲᠠ ᠪᠣᠯᠣᠨ ᠰᠤᠷᠤᠭᠴᠢᠳ᠎ᠤᠨ ᠪᠦᠬᠦ ᠲᠠᠯ᠎ᠠ ᠵᠢᠨ ᠬᠥᠭᠵᠢᠯᠲᠡ ᠵᠢᠨ ᠲᠣᠬᠢᠷᠠᠭᠤᠯᠤᠯᠲᠠ ᠵᠢᠨ ᠬᠡᠮᠵᠢᠶ᠎ᠡ ᠵᠢ ᠳᠡᠭᠡᠭᠰᠢᠯᠡᠭᠦᠯᠬᠦ ᠬᠡᠷᠡᠭᠲᠡᠶ᠃ ᠡᠭᠦᠨ᠎ᠤ ᠬᠠᠮᠲᠤ ᠪᠠᠰᠠ ᠰᠤᠷᠭ᠋ᠠᠭᠤᠯᠢ ᠵᠢᠨ ᠬᠦᠷᠢᠶᠡᠨ᠎ᠤ ᠠᠵᠢᠯ ᠣᠯᠭᠣᠯᠲᠠ ᠵᠢᠨ ᠦᠢ᠍ᠯᠡᠴᠢᠯᠡᠭᠡ ᠵᠢ ᠰᠠᠶ᠋ᠢᠲᠤᠷ ᠬᠢᠵᠦ᠂ ᠦᠢ᠍ᠯᠡᠳᠪᠦᠷᠢᠯᠡᠯ ᠪᠠ ᠵᠢᠭ᠋ᠠᠨ ᠰᠤᠷᠭ᠋ᠠᠯᠲᠠ ᠵᠢ ᠠᠭᠤᠰᠤᠯᠴᠠᠭᠤᠯᠬᠤ ᠰᠢᠨ᠎ᠡ ᠵᠠᠭᠪᠤᠷ᠎ᠢ ᠬᠠᠮᠲᠤ᠎ᠪᠠᠷ ᠡᠭᠦᠳᠴᠦ᠂ ᠳᠠᠳᠤᠯᠭ᠎ᠠ ᠪᠣᠯᠪᠠᠰᠤᠷᠠᠯ᠎ᠤᠨ ᠠᠵᠠ ᠲᠣᠬᠢᠶᠠᠯ᠎ᠢ ᠭᠦᠢ᠍ᠴᠡᠳ ᠬᠠᠩᠭ᠋ᠠᠵᠤ᠂ ᠰᠤᠷᠭ᠋ᠠᠭᠤᠯᠢ᠎ᠳᠤ ᠪᠠᠢ᠌ᠭ᠎ᠠ ᠣᠶᠤᠲᠠᠳ᠎ᠤᠨ ᠢᠷᠡᠭᠡᠳᠦᠢ᠎ᠳᠤ ᠠᠵᠢᠯ᠎ᠤᠨ ᠪᠠᠶ᠋ᠢᠷᠢ᠎ᠳᠠᠭᠠᠨ ᠲᠦᠷᠭᠡᠨ ᠵᠣᠬᠢᠴᠠᠬᠤ ᠴᠢᠳᠠᠪᠤᠷᠢ ᠵᠢ ᠳᠡᠭᠡᠭᠰᠢᠯᠡᠭᠦᠯᠬᠦ ᠬᠡᠷᠡᠭᠲᠡᠢ᠃
ᠴᠢᠳᠠᠪᠤᠷᠢᠲᠠᠨ᠎ᠢ ᠬᠥᠮᠥᠵᠢᠭᠦᠯᠬᠦ᠎ᠳᠤ ᠰᠢᠰᠲ᠋ᠧᠮ᠎ᠤᠨ ᠴᠤᠭᠯᠠᠷᠠᠯ᠎ᠢ ᠪᠠᠷᠢᠮᠲᠠᠯᠠᠬᠤ ᠬᠡᠷᠡᠭᠲᠡᠢ᠃ ᠬᠣᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠢ ᠲᠣᠭᠲᠠᠭ᠋ᠠᠬᠤ᠎ᠳᠠᠭᠠᠨ ᠪᠠᠷᠠᠯᠠᠯᠳᠤ ᠴᠢᠨᠠᠷ ᠪᠠ ᠪᠣᠳᠠᠲᠤ ᠪᠦᠲᠦᠮᠵᠢᠲᠦ ᠴᠢᠨᠠᠷ᠎ᠢ ᠴᠢᠬᠤᠯᠠᠴᠢᠯᠠᠵᠤ᠂ ᠣᠳᠣᠬᠠᠨ᠎ᠤ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠪᠣᠳᠠᠲᠤ ᠬᠡᠷᠡᠭᠴᠡᠭᠡ ᠪᠠ ᠢᠷᠡᠭᠡᠳᠦᠢ ᠵᠢᠨ ᠬᠠᠨᠳᠤᠰᠢ᠎ᠳᠤ ᠰᠠᠭᠤᠷᠢᠯᠠᠬᠤ ᠬᠡᠷᠡᠭᠲᠡᠶ ᠮᠥᠷᠲᠡᠭᠡᠨ ᠪᠠᠰᠠ ᠴᠢᠳᠠᠪᠤᠷᠢᠲᠠᠨ᠎ᠤ ᠲᠤᠰ ᠪᠡᠶ᠎ᠡ ᠵᠢᠨ ᠦᠰᠦᠨ ᠪᠣᠶ᠋ᠢᠵᠢᠬᠤ ᠵᠢᠮ᠎ᠡ ᠶᠣᠰᠣ ᠪᠠ ᠬᠥᠭᠵᠢᠯᠲᠡ ᠵᠢᠨ ᠬᠡᠷᠡᠭᠴᠡᠭᠡ ᠵᠢ ᠬᠠᠮᠲᠤᠳᠤᠨᠢ ᠬᠠᠷᠠᠭ᠋ᠠᠯᠵᠠᠬᠤ ᠬᠡᠷᠡᠭᠲᠡᠶ᠃ ᠣᠳᠣᠬᠠᠨ᠎ᠳᠤ᠂ ᠮᠠᠨ᠎ᠤ ᠤᠯᠤᠰ᠎ᠤᠨ ᠤᠷ᠎ᠠ ᠮᠡᠷᠭᠡᠵᠢᠯ᠎ᠤᠨ ᠴᠢᠳᠠᠪᠤᠷᠢᠲᠠᠨ᠎ᠤ ᠶᠡᠷᠦᠩᠬᠡᠢ ᠬᠡᠮᠵᠢᠶ᠎ᠡ ᠨᠢᠭᠡᠨᠲᠡ 2 ᠳ᠋ᠦᠩᠰᠢᠭᠤᠷ᠎ᠢ ᠳᠠᠪᠠᠵᠤ᠂ ᠡᠭᠦᠨ᠎ᠤ ᠳᠣᠲᠣᠷᠠᠬᠢ ᠨᠡᠯᠢᠶᠡᠳ ᠲᠣᠭ᠋ᠠᠨ᠎ᠤ ᠬᠥᠳᠡᠯᠮᠦᠷᠢᠴᠢᠳ᠎ᠲᠤ 《ᠴᠠᠬᠢᠯᠭ᠋ᠠᠨ ᠴᠡᠨᠡᠭᠯᠡᠵᠦ ᠦᠷᠭᠦᠯᠵᠢᠯᠡᠨ ᠠᠶᠠᠯᠠᠬᠤ》᠎ᠠᠴᠠ ᠲᠣᠭ᠋ᠠᠴᠢᠯᠠᠭᠰᠠᠨ ᠬᠡᠯᠪᠡᠷᠢ ᠵᠢᠨ ᠬᠠᠮ ᠬᠡᠯᠪᠡᠷᠢ ᠵᠢᠨ ᠴᠢᠳᠠᠪᠤᠷᠢᠲᠠᠨ ᠲᠡᠢ᠌ᠰᠢ ᠬᠡᠯᠪᠡᠷᠢ᠎ᠪᠠᠨ ᠬᠤᠪᠢᠷᠠᠭᠤᠯᠬᠤ ᠲᠤᠯᠭ᠋ᠠᠮ᠎ᠠ ᠱᠠᠭ᠋ᠠᠷᠳᠠᠯᠭ᠎ᠠ ᠲᠠᠢ ᠪᠠᠢ᠌ᠵᠤ᠂ ᠲᠡᠷᠢᠭᠦᠨ᠎ᠤ ᠦᠢ᠍ᠯᠡᠳᠬᠦ ᠦᠢ᠍ᠯᠡᠰ᠂ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠂ ᠲᠣᠭ᠋ᠠᠴᠢᠯᠠᠭᠰᠠᠨ ᠠᠵᠤ ᠠᠬᠤᠢ᠂ ᠨᠠᠰᠤᠵᠢᠯ᠎ᠤᠨ ᠠᠰᠠᠷᠠᠮᠵᠢ ᠵᠢᠨ ᠨᠠᠶ᠋ᠢᠳᠠᠨ ᠬᠥᠮᠥᠵᠢᠭᠦᠯᠬᠦ ᠵᠡᠷᠭᠡ ᠭᠣᠣᠯᠳᠠᠯᠭ᠎ᠠ᠎ᠲᠠᠢ ᠬᠦᠷᠢᠶᠡᠨ᠎ᠤ ᠬᠡᠷᠡᠭᠴᠡᠭᠡ ᠱᠠᠭ᠋ᠠᠷᠳᠠᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠦᠷᠭᠦᠯᠵᠢᠯᠡᠭᠰᠡᠨ ᠰᠤᠷᠭ᠋ᠠᠨ ᠬᠥᠮᠦᠵᠢᠯ ᠪᠠ ᠨᠠᠰᠤᠨ ᠲᠤᠷᠰᠢᠲᠠ ᠰᠤᠷᠤᠯᠴᠠᠬᠤ ᠰᠢᠰᠲ᠋ᠧᠮ᠎ᠤᠨ ᠪᠠᠢ᠌ᠭᠤᠯᠤᠯᠲᠠ ᠵᠢ ᠴᠢᠩᠭ᠋ᠠᠳᠬᠠᠵᠤ᠂ ᠶᠡᠬᠡ ᠬᠡᠪᠴᠢᠶᠡᠨ᠎ᠤ ᠮᠡᠳᠡᠯᠭᠡ ᠵᠢᠨ ᠰᠢᠨᠡᠴᠢᠯᠡᠯᠲᠡ ᠵᠢᠨ ᠠᠷᠭ᠎ᠠ ᠬᠡᠮᠵᠢᠶ᠎ᠡ ᠵᠢ ᠠᠬᠢᠭᠤᠯᠵᠤ᠂ ᠨᠡᠢ᠌ᠭᠡᠮ᠎ᠤᠨ ᠬᠦᠴᠦᠨ᠎ᠢ ᠳᠠᠢ᠌ᠴᠢᠯᠠᠬᠤ ᠪᠠ ᠲᠦᠰᠢᠭᠯᠡᠵᠦ ᠪᠠᠶ᠋ᠢᠭ᠋ᠠᠳ ᠬᠠᠮᠲᠤ᠎ᠪᠠᠷ ᠬᠦᠴᠦᠯᠡᠵᠦ᠂ ᠤᠷ᠎ᠠ ᠮᠡᠷᠭᠡᠵᠢᠯᠲᠦ ᠴᠢᠳᠠᠪᠤᠷᠢᠲᠠᠨ᠎ᠢ ᠬᠥᠮᠥᠵᠢᠭᠦᠯᠬᠦ ᠶᠠᠰᠤ ᠴᠢᠨᠠᠷ᠎ᠤᠨ ᠳᠡᠭᠡᠭᠰᠢᠯᠡᠯᠲᠡ ᠵᠢ ᠲᠦᠷᠭᠡᠳᠬᠡᠬᠦ ᠵᠢ ᠠᠬᠢᠭᠤᠯᠬᠤ ᠬᠡᠷᠡᠭᠲᠡᠢ᠃
ᠴᠢᠳᠠᠪᠤᠷᠢᠲᠠᠨ ᠬᠥᠮᠥᠵᠢᠭᠦᠯᠬᠦ᠎ᠳᠡᠭᠡᠨ ᠵᠠᠮ ᠨᠡᠭᠡᠭᠡᠨ ᠰᠢᠨ᠎ᠡ ᠵᠢ ᠡᠭᠦᠳᠬᠦ ᠵᠢ ᠪᠠᠷᠢᠮᠲᠠᠯᠠᠬᠤ ᠬᠡᠷᠡᠭᠲᠡᠶ᠃ ᠣᠢ᠌ᠷ᠎ᠠ ᠵᠢᠨ ᠵᠢᠯ᠎ᠤᠳ᠎ᠲᠤ᠂ ᠤᠷ᠎ᠠ ᠮᠡᠷᠭᠡᠵᠢᠯᠲᠦ ᠴᠢᠳᠠᠪᠤᠷᠢᠲᠠᠨ᠎ᠤ ᠠᠵᠢᠯ ᠮᠡᠷᠭᠡᠵᠢᠯ᠎ᠤᠨ ᠳᠡᠭᠡᠭᠰᠢᠯᠡᠯᠲᠡ ᠵᠢᠨ ᠵᠠᠮ ᠰᠠᠭ᠋ᠠᠳ ᠦᠭᠡᠢ ᠪᠠᠶ᠋ᠢᠬᠤ ᠠᠰᠠᠭᠤᠳᠠᠯ᠎ᠳᠤ ᠴᠢᠭᠯᠡᠭᠦᠯᠦᠨ᠂ ᠴᠥᠭᠡᠨ ᠪᠤᠰᠤ ᠭᠠᠵᠠᠷ ᠣᠷᠣᠨ᠎ᠤ ᠮᠡᠷᠭᠡᠵᠢᠯ᠎ᠤᠨ ᠴᠣᠯᠠ ᠵᠢᠨ ᠳᠦᠷᠢᠮ᠎ᠤᠨ ᠥᠭᠡᠷᠡᠴᠢᠯᠡᠯᠲᠡ᠎ᠳᠤ 《ᠳᠥᠷᠪᠡᠨ ᠵᠦᠢ᠍ᠯ᠎ᠢ ᠯᠡ ᠡᠷᠬᠢᠮᠯᠡᠬᠦ ᠵᠢ ᠡᠪᠳᠡᠬᠦ》᠂ 《ᠰᠢᠨ᠎ᠡ ᠪᠠᠷᠢᠮᠵᠢᠶ᠎ᠠ ᠲᠣᠭᠲᠠᠭ᠋ᠠᠬᠤ》᠂ ᠡᠷᠬᠡ ᠵᠢ ᠳᠣᠷᠣᠭᠰᠢ ᠪᠠᠭᠤᠯᠭ᠋ᠠᠵᠤ ᠬᠦᠯᠢᠶᠡᠰᠦ ᠵᠢ ᠰᠤᠯᠠᠷᠠᠭᠤᠯᠬᠤ ᠠᠷᠭ᠎ᠠ ᠬᠢᠳᠡᠯ᠎ᠢ ᠳᠡᠯᠭᠡᠷᠡᠭᠦᠯᠦᠭᠦᠰᠢᠲᠡᠢ ᠪᠠᠢ᠌ᠨ᠎ᠠ᠃ ᠪᠡᠭᠡᠵᠢᠩ ᠬᠣᠲᠠ ᠬᠤᠷᠠᠮᠠᠯ ᠴᠠᠬᠢᠯᠭ᠋ᠠᠨ ᠬᠡᠯᠬᠢᠶ᠎ᠡ᠂ ᠺᠸᠠᠨ᠋ᠲ᠎ᠤᠨ ᠮᠡᠳᠡᠭᠡ ᠵᠠᠩᠭᠢ᠂ ᠵᠢᠱ᠌ᠢᠮᠡᠭ ᠠᠬᠤᠢ᠂ ᠰᠦᠯᠵᠢᠶᠡᠨ᠎ᠤ ᠠᠮᠤᠷ ᠲᠦᠪᠰᠢᠨ᠂ ᠲᠣᠮᠣ ᠳ᠋ᠠᠢ᠌ᠲ᠋ᠠ᠂ ᠮᠥᠩᠭᠥᠨ ᠭᠦᠢ᠍ᠯᠭᠡᠭᠡᠨ᠎ᠤ ᠰᠢᠨᠵᠢᠯᠡᠬᠦ ᠤᠬᠠᠭ᠋ᠠᠨ ᠮᠡᠷᠭᠡᠵᠢᠯ ᠵᠡᠷᠭᠡ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠰᠢᠨ᠎ᠡ ᠲᠤᠰᠬᠠᠢ ᠮᠡᠷᠭᠡᠵᠢᠯ᠎ᠢ ᠨᠡᠮᠡᠪᠡ; ᠬᠤᠪᠧᠢ ᠮᠤᠵᠢ ᠵᠢᠨ᠎ᠬᠢᠨ ᠲᠠᠷᠢᠶᠠᠴᠢᠳ᠎ᠤᠨ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠲᠤᠰᠬᠠᠢ ᠠᠷᠭ᠎ᠠ ᠵᠢ ᠲᠣᠭᠲᠠᠭ᠋ᠠᠵᠤ᠂ ᠠᠵᠢᠯ᠎ᠤᠨ ᠪᠣᠳᠠᠲᠤ ᠪᠦᠲᠦᠮᠵᠢ᠂ ᠮᠡᠷᠭᠡᠵᠢᠯ᠎ᠤᠨ ᠬᠢᠷᠢ ᠬᠡᠮᠵᠢᠶ᠎ᠡ᠂ ᠪᠣᠳᠠᠲᠠᠢ ᠠᠰᠠᠭᠤᠳᠠᠯ᠎ᠢ ᠰᠢᠢ᠍ᠳᠪᠦᠷᠢᠯᠡᠬᠦ ᠴᠢᠳᠠᠪᠤᠷᠢ ᠵᠢᠴᠢ ᠠᠵᠤ ᠠᠬᠤᠢ ᠨᠡᠢ᠌ᠭᠡᠮ᠎ᠤᠨ ᠦᠷ᠎ᠡ ᠠᠰᠢᠭ᠎ᠢ ᠦᠨᠡᠯᠡᠬᠦ ᠭᠣᠣᠯ ᠦᠨᠳᠦᠰᠦᠯᠡᠯ ᠪᠣᠯᠭ᠋ᠠᠪᠠ; ᠵᠠᠷᠢᠮ ᠭᠠᠵᠠᠷ ᠣᠷᠣᠨ᠎ᠳᠤ ᠪᠠᠰᠠ ᠳᠡᠭᠡᠳᠦ ᠲᠠᠰ ᠳᠠᠪᠬᠤᠷᠭ᠎ᠠ ᠵᠢᠨ ᠴᠢᠳᠠᠪᠤᠷᠢᠲᠠᠨ᠎ᠤ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠰᠠᠭ᠋ᠠᠳ ᠦᠭᠡᠢ ᠨᠡᠪᠲᠡᠷᠡᠬᠦ ᠵᠠᠮ᠎ᠢ ᠪᠠᠢ᠌ᠭᠤᠯᠵᠤ᠂ ᠪᠡᠶ᠎ᠡ ᠵᠢᠨ ᠭᠠᠷᠤᠯ᠎ᠢ ᠬᠠᠮᠢᠶᠠᠷᠬᠤ ᠦᠭᠡᠢ᠂ ᠶᠠᠭᠤ ᠪᠠᠢ᠌ᠭ᠎ᠠ ᠵᠢ ᠬᠥᠭᠡᠭᠡᠴᠡᠯᠳᠦᠬᠦ ᠦᠭᠡᠢ᠂ ᠨᠢᠭᠡ ᠯᠡ ᠬᠡᠪᠰᠢᠯ᠎ᠳᠤ ᠪᠠᠷᠢᠭᠳᠠᠬᠤ ᠦᠭᠡᠢ᠂ ᠨᠢᠭᠡ ᠤᠴᠢᠷ᠎ᠢ ᠨᠢᠭᠡ ᠵᠥᠪᠯᠡᠵᠦ᠂ ᠨᠢᠭᠡ ᠬᠥᠮᠥᠨ᠎ᠳᠤ ᠨᠢᠭᠡ ᠵᠦᠢ᠍ᠯ᠎ᠤᠨ ᠠᠷᠭ᠎ᠠ ᠪᠣᠳᠣᠯᠭ᠎ᠠ ᠬᠡᠷᠡᠭᠵᠢᠭᠦᠯᠵᠦ ᠪᠠᠢ᠌ᠨ᠎ᠠ᠃ ᠡᠲᠡᠭᠡᠷ ᠠᠷᠭ᠎ᠠ ᠬᠢᠳᠡᠯ᠎ᠨᠢ ᠡᠯ᠎ᠡ ᠲᠥᠷᠥᠯ᠎ᠤᠨ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠠᠵᠢᠯ ᠮᠡᠷᠭᠡᠵᠢᠯ᠎ᠤᠨ ᠬᠥᠭᠵᠢᠯᠲᠡ ᠵᠢᠨ ᠵᠠᠮ᠎ᠢ ᠰᠠᠭ᠋ᠠᠳ ᠦᠭᠡᠢ ᠨᠠᠪᠲᠠᠷᠡᠭᠦᠯᠵᠦ᠂ ᠴᠢᠳᠠᠪᠤᠷᠢᠲᠠᠨ᠎ᠤ ᠠᠮᠵᠢᠯᠲᠠ ᠵᠢᠨ ᠲᠥᠷᠥᠭᠳᠡᠯ᠂ ᠬᠦᠷᠲᠡᠮᠵᠢ ᠵᠢᠨ ᠲᠥᠷᠥᠭᠳᠡᠯ ᠲᠠᠰᠤᠷᠠᠯᠲᠠ ᠦᠭᠡᠢ ᠨᠡᠮᠡᠭᠳᠡᠪᠡ᠃ ᠭᠡᠪᠡᠴᠦ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠠᠴᠠ ᠳᠤᠷᠠᠳᠤᠨ ᠭᠠᠷᠭ᠋ᠠᠭᠰᠠᠨ ᠰᠢᠨ᠎ᠡ ᠵᠢ ᠡᠭᠦᠳᠬᠦ ᠴᠢᠳᠠᠪᠤᠷᠢ᠂ ᠶᠠᠰᠤ ᠴᠢᠨᠠᠷ᠂ ᠪᠣᠳᠠᠲᠤ ᠦᠷ᠎ᠡ ᠪᠦᠲᠦᠮᠵᠢ᠂ ᠬᠤᠪᠢ ᠨᠡᠮᠡᠷᠢ᠎ᠪᠠᠷ ᠤᠳᠤᠷᠢᠳᠤᠮᠵᠢ ᠪᠣᠯᠭ᠋ᠠᠭᠰᠠᠨ ᠴᠢᠳᠠᠪᠤᠷᠢᠲᠠᠨ᠎ᠢ ᠦᠨᠡᠯᠡᠬᠦ ᠰᠢᠰᠲ᠋ᠧᠮ᠎ᠢ ᠪᠠᠢ᠌ᠭᠤᠯᠬᠤ ᠱᠠᠭ᠋ᠠᠷᠳᠠᠯᠭ᠎ᠠ᠎ᠲᠠᠢ ᠬᠠᠷᠭᠤᠭᠤᠯᠪᠠᠯ ᠬᠣᠶ᠋ᠢᠰᠢᠳᠠ ᠪᠠᠰᠠ ᠮᠠᠰᠢ ᠤᠷᠳᠤ ᠵᠠᠮ᠎ᠢ ᠵᠠᠮᠨᠠᠬᠤ ᠬᠡᠷᠡᠭᠲᠡᠶ ᠪᠠᠢ᠌ᠨ᠎ᠠ᠃ ᠴᠢᠳᠠᠪᠤᠷᠢᠲᠠᠨ᠎ᠤ ᠬᠥᠭᠵᠢᠯᠲᠡ ᠵᠢᠨ ᠪᠠᠢ᠌ᠭᠤᠯᠤᠯ ᠲᠣᠭᠲᠠᠴᠠ ᠵᠢᠨ ᠥᠭᠡᠷᠡᠴᠢᠯᠡᠯᠲᠡ ᠵᠢ ᠪᠠᠰᠠ ᠦᠷᠭᠦᠯᠵᠢᠯᠡᠨ ᠭᠦᠨᠵᠡᠭᠡᠢ᠌ᠷᠡᠭᠦᠯᠦᠨ ᠠᠬᠢᠭᠤᠯᠬᠤ ᠴᠢᠬᠤᠯᠠᠲᠠᠢ ᠪᠠᠢ᠌ᠨ᠎ᠠ᠂ ᠡᠨᠡ᠎ᠨᠢ ᠠᠵᠤ ᠠᠬᠤᠢ ᠵᠢᠨ ᠬᠥᠭᠵᠢᠯᠲᠡ ᠵᠢᠨ ᠬᠡᠷᠡᠭᠴᠡᠭᠡ ᠪᠣᠯᠬᠤ᠎ᠪᠠᠷ ᠪᠠᠷᠠᠬᠤ ᠦᠭᠡᠢ ᠨᠡᠩ ᠴᠤ᠌ ᠬᠥᠮᠥᠨ᠎ᠤ ᠪᠦᠬᠦ ᠲᠠᠯ᠎ᠠ ᠵᠢᠨ ᠬᠥᠭᠵᠢᠯᠲᠡ ᠵᠢ ᠪᠡᠶᠡᠯᠡᠭᠦᠯᠬᠦ ᠵᠢᠨ ᠵᠠᠢ᠌ᠯᠠᠰᠢ ᠦᠭᠡᠢ ᠱᠠᠭ᠋ᠠᠷᠳᠠᠯᠭ᠎ᠠ ᠪᠣᠯᠬᠤ ᠶᠤᠮ᠃ (ᠵᠢᠨ ᠭᠤᠸᠠᠨ ᠫᠢᠩ)