ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠠᠵᠢᠯ ᠠᠯᠳᠠᠯᠳᠠ᠎ᠶᠢᠨ ᠳᠠᠭᠠᠳᠬᠠᠯ᠎ᠤᠨ ᠡᠳᠡᠭᠡᠷ ᠲᠦᠷᠦ᠎ᠶᠢᠨ ᠪᠤᠳᠤᠯᠭ᠎ᠠ᠎ᠶᠢ ᠣᠢᠯᠠᠭᠠᠭᠠᠷᠠᠢ!
ᠨᠡᠶ᠋ᠢᠲᠡᠯᠡᠭᠰᠡᠨ ᠴᠠᠭ᠄ 2025-10-22

      ᠠᠵᠢᠯ ᠠᠯᠳᠠᠯᠳᠠ᠎ᠶᠢᠨ ᠳᠠᠭᠠᠳᠬᠠᠯ ᠪᠣᠯ ᠠᠵᠢᠯ ᠠᠯᠳᠠᠭᠰᠠᠨ᠎ᠠᠴᠠ ᠪᠣᠯᠵᠤ ᠠᠮᠢᠳᠤᠷᠠᠯ᠎ᠤᠨ ᠢᠷᠡᠯᠲᠡ ᠨᠢ ᠲᠦᠷ ᠴᠠᠭ ᠲᠠᠰᠤᠯᠳᠠᠭᠰᠠᠨ ᠬᠥᠳᠡᠯᠮᠦᠷᠢᠴᠢᠨ᠎ᠳᠦ ᠡᠳ᠋ ᠪᠣᠳᠠᠰ᠎ᠤᠨ ᠲᠤᠰᠠᠯᠠᠮᠵᠢ ᠬᠠᠩᠭᠠᠵᠤ ᠲᠡᠭᠦᠨ᠎ᠦ ᠦᠨᠳᠦᠰᠦᠨ ᠠᠮᠢᠳᠤᠷᠠᠯ᠎ᠢ ᠪᠠᠲᠤᠯᠠᠬᠤ᠎ᠶᠢ ᠬᠡᠯᠡᠨ᠎ᠡ᠃ ᠠᠵᠢᠯ ᠠᠯᠳᠠᠯᠲᠠ᠎ᠶᠢᠨ ᠳᠠᠭᠠᠳᠬᠠᠯ᠎ᠤᠨ ᠬᠣᠯᠪᠣᠭᠳᠠᠯ ᠪᠥᠬᠥᠶ ᠲᠥᠷᠥ᠎ᠶᠢᠨ ᠪᠣᠳᠣᠯᠭ᠎ᠠ᠎ᠶᠢᠨ ᠲᠤᠬᠠᠶ᠂ ᠣᠶ᠋ᠢᠷ᠎ᠠ᠎ᠳᠤ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠋ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠲᠢᠩᠬᠢᠮ᠎ᠦᠨ ᠠᠵᠢᠯ ᠠᠯᠳᠠᠯᠲᠠ᠎ᠶᠢᠨ ᠳᠠᠭᠠᠳᠬᠠᠯ᠎ᠤᠨ ᠭᠠᠵᠠᠷ᠎ᠤᠨ ᠳᠠᠷᠤᠭ᠎ᠠ ᠯᠢ ᠵᠢᠶᠠᠨ ᠰᠢᠨ᠎ᠢ ᠰᠤᠷᠪᠤᠯᠵᠢᠯᠠᠪᠠ᠃
      ᠠᠰᠠᠭᠤᠯᠲᠠ ᠄ ᠠᠵᠢᠯ ᠠᠯᠳᠠᠯᠳᠠ᠎ᠶᠢᠨ ᠳᠠᠭᠠᠳᠬᠠᠯ᠎ᠤᠨ ᠮᠥᠩᠭᠥ᠎ᠶᠢ ᠠᠪᠬᠤ᠎ᠳᠤ ᠶᠠᠮᠠᠷ ᠶᠠᠮᠠᠷ ᠨᠥᠬᠥᠴᠡᠯ ᠱᠠᠭᠠᠷᠳᠠᠭᠳᠠᠬᠤ ᠪᠤᠶ ?
      ᠬᠠᠷᠢᠭᠤᠯᠲᠠ ᠄ ᠳᠣᠣᠷ᠎ᠠ ᠵᠢᠭᠰᠠᠭᠠᠭᠰᠠᠨ ᠨᠥᠬᠥᠴᠡᠯ᠎ᠳᠦ ᠬᠠᠮᠳᠤ ᠳ᠋ᠤᠨᠢ ᠨᠡᠶ᠋ᠢᠴᠡᠭᠰᠡᠨ ᠠᠵᠢᠯ ᠠᠯᠳᠠᠭᠰᠠᠳ ᠠᠵᠢᠯ ᠠᠯᠳᠠᠯᠳᠠ᠎ᠶᠢᠨ ᠳᠠᠭᠠᠳᠬᠠᠯ᠎ᠤᠨ ᠮᠥᠩᠭᠥ ᠠᠪᠴᠤ ᠪᠣᠯᠤᠨ᠎ᠠ ᠄ ᠲᠣᠭᠲᠠᠭᠠᠯ ᠶᠣᠰᠣᠭᠠᠷ ᠠᠵᠢᠯ ᠠᠯᠳᠠᠯᠳᠠ᠎ᠶᠢᠨ ᠳᠠᠭᠠᠳᠬᠠᠯ᠎ᠳᠤ ᠣᠷᠣᠯᠴᠠᠭᠠᠳ ᠪᠠᠶ᠋ᠢᠭ᠎ᠠ ᠨᠢᠭᠡᠴᠢ ᠪᠠ ᠲᠤᠰ ᠬᠥᠮᠦᠨ ᠨᠢ ᠲᠣᠭᠲᠠᠭᠠᠯ ᠶᠣᠰᠣᠭᠠᠷ ᠰᠦᠢᠳᠬᠡᠯ ᠲᠤᠰᠢᠶᠠᠬᠤ ᠡᠭᠦᠷᠭᠡ᠎ᠪᠡᠨ ᠭᠦᠢᠴᠡᠳᠬᠡᠭᠡᠳ ᠪᠦᠬᠦᠯᠢ 1 ᠵᠢᠯ ᠪᠣᠯᠤᠭᠰᠠᠨ ; ᠲᠤᠰ ᠬᠥᠮᠦᠨ᠎ᠦ ᠬᠦᠰᠡᠯ ᠰᠠᠨᠠᠭ᠎ᠠ᠎ᠠᠴᠠ ᠪᠤᠰᠤ ᠰᠢᠯᠲᠠᠭᠠᠨ᠎ᠢᠶᠠᠷ ᠠᠵᠢᠯ ᠣᠯᠭᠣᠯᠲᠠ ᠨᠢ ᠲᠠᠰᠤᠯᠳᠠᠭᠰᠠᠨ ; ᠨᠢᠭᠡᠨᠲᠡ ᠠᠵᠢᠯ ᠠᠯᠳᠠᠭᠰᠠᠨ᠎ᠢᠶᠠᠷ ᠳᠠᠩᠰᠠᠯᠠᠭᠤᠯᠤᠭᠰᠠᠨ ᠪᠥᠭᠡᠳ ᠠᠵᠢᠯ ᠡᠷᠢᠬᠦ ᠱᠠᠭᠠᠷᠳᠠᠯᠭ᠎ᠠ᠎ᠲᠠᠢ ᠪᠠᠶ᠋ᠢᠬᠤ᠃
      ᠠᠵᠢᠯ ᠠᠯᠳᠠᠯᠳᠠ᠎ᠶᠢᠨ ᠳᠠᠭᠠᠳᠬᠠᠯ᠎ᠤᠨ ᠮᠥᠩᠭᠥ᠎ᠶᠢᠨ ᠪᠠᠷᠢᠮᠵᠢᠶ᠎ᠠ ᠨᠢ ᠬᠡᠳᠦᠶ ᠪᠤᠶ ?
      ᠬᠠᠷᠢᠭᠤᠯᠲᠠ ᠄ 1 – 12 ᠳ᠋ᠤᠭᠠᠷ ᠰᠠᠷ᠎ᠠ᠎ᠶᠢᠨ ᠠᠵᠢᠯ ᠠᠯᠳᠠᠯᠳᠠ᠎ᠶᠢᠨ ᠳᠠᠭᠠᠳᠬᠠᠯ᠎ᠤᠨ ᠮᠥᠩᠭᠥ᠎ᠶᠢᠨ ᠪᠠᠷᠢᠮᠵᠢᠶ᠎ᠠ᠎ᠶᠢ ᠥᠪᠡᠷᠲᠡᠭᠡᠨ ᠵᠠᠰᠠᠬᠤ ᠣᠷᠣᠨ᠎ᠤ ᠨᠢᠭᠡᠳᠦᠭᠡᠷ ᠲᠥᠷᠥᠯ᠎ᠦᠨ ᠭᠠᠵᠠᠷ ᠣᠷᠣᠨ᠎ᠤ ᠬᠠᠮᠤᠭ ᠳᠣᠣᠷ᠎ᠠ ᠴᠠᠯᠢᠩ᠎ᠤᠨ 95%᠎ᠪᠠᠷ ᠣᠯᠭᠣᠵᠤ᠂ 13 ᠰᠠᠷ᠎ᠠ᠎ᠠᠴᠠ ᠬᠡᠲᠦᠷᠡᠭᠰᠡᠨ ᠠᠵᠢᠯ ᠠᠯᠳᠠᠯᠳᠠ᠎ᠶᠢᠨ ᠳᠠᠭᠠᠳᠬᠠᠯ᠎ᠤᠨ ᠮᠥᠩᠭᠥ᠎ᠶᠢᠨ ᠪᠠᠷᠢᠮᠵᠢᠶ᠎ᠠ᠎ᠶᠢ 85%᠎ᠪᠠᠷ ᠣᠯᠭᠣᠨ᠎ᠠ᠃ ᠨᠡᠶ᠋ᠢᠲᠡ ᠰᠦᠢᠳᠬᠡᠯ ᠲᠤᠰᠢᠶᠠᠭᠠᠳ ᠪᠦᠬᠦᠯᠢ 10 ᠵᠢᠯ ᠪᠣᠯᠤᠭᠰᠠᠨ ᠪᠥᠭᠡᠳ ᠡᠷᠡᠭᠲᠡᠶ ᠪᠦᠬᠦᠯᠢ 50 ᠨᠠᠰᠤ ᠬᠦᠷᠦᠭᠰᠡᠨ᠂ ᠡᠮᠡᠭᠲᠡᠶ ᠪᠦᠬᠦᠯᠢ 45 ᠨᠠᠰᠤ ᠬᠦᠷᠦᠭᠰᠡᠨ ᠪᠤᠶᠤ ᠡᠷ᠎ᠡ ᠡᠮ᠎ᠡ ᠬᠣᠶᠠᠷ ᠡᠲᠡᠭᠡᠳ᠎ᠢᠶᠡᠷ᠎ᠢᠶᠡᠨ ᠠᠵᠢᠯ ᠠᠯᠳᠠᠯᠳᠠ᠎ᠶᠢᠨ ᠳᠠᠭᠠᠳᠬᠠᠯ᠎ᠤᠨ ᠮᠥᠩᠭᠥ᠎ᠶᠢ ᠵᠡᠷᠭᠡ᠎ᠪᠡᠷ ᠠᠪᠤᠭᠰᠠᠨ ᠪᠠᠶ᠋ᠢᠪᠠᠯ᠂ ᠡᠮᠦᠨᠡᠬᠢ ᠪᠠᠳᠠᠭ᠎ᠤᠨ ᠪᠠᠷᠢᠮᠵᠢᠶ᠎ᠠ᠎ᠶᠢᠨ ᠰᠠᠭᠤᠷᠢᠨ ᠳᠡᠭᠡᠷ᠎ᠡ 3%᠎ᠪᠠᠷ ᠨᠡᠮᠡᠵᠦ ᠣᠯᠭᠣᠨ᠎ᠠ᠃
      ᠠᠰᠠᠭᠤᠯᠲᠠ ᠄ ᠠᠵᠢᠯ ᠠᠯᠳᠠᠯᠳᠠ᠎ᠶᠢᠨ ᠳᠠᠭᠠᠳᠬᠠᠯ᠎ᠤᠨ ᠮᠥᠩᠭᠥ ᠎ᠶᠢ ᠬᠡᠷᠬᠢᠨ ᠠᠪᠬᠤ ᠪᠤᠶ ?
      ᠬᠠᠷᠢᠭᠤᠯᠲᠠ ᠄ ᠪᠡᠶ᠎ᠡ᠎ᠶᠢᠨ ᠦᠨᠡᠮᠯᠡᠯ ᠪᠤᠶᠤ ᠨᠡᠶ᠋ᠢᠭᠡᠮ᠎ᠦᠨ ᠪᠠᠲᠤᠯᠠᠭ᠎ᠠ᠎ᠶᠢᠨ ᠺᠠᠷᠲ᠎ᠢᠶᠠᠨ ᠠᠪᠴᠤ ᠡᠯ᠎ᠡ ᠠᠶ᠋ᠢᠮᠠᠭ ᠬᠣᠲᠠ᠂ ᠬᠣᠰᠢᠭᠤ ᠰᠢᠶᠠᠨ ( ᠬᠣᠲᠠ᠂ ᠲᠣᠭᠣᠷᠢᠭ᠋ )᠎ᠤ ᠬᠥᠮᠦᠨ᠎ᠦ ᠬᠦᠴᠦᠨ᠎ᠦ ᠡᠬᠢ ᠪᠠᠶᠠᠯᠢᠭ᠋ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠶᠡᠷᠦᠩᠬᠡᠶ᠋ᠢᠯᠡᠭᠰᠡᠨ ᠯᠠᠩᠭᠦᠶ᠎ᠶᠢᠨ ᠠᠵᠢᠯᠲᠠᠨ᠎ᠤ ᠴᠣᠩᠬᠣᠪᠴᠢ᠎ᠳᠤ ᠬᠦᠷᠴᠦ ᠭᠤᠶᠤᠴᠢᠯᠠᠨ ᠠᠪᠤᠨ᠎ᠠ ; ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠋ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠲᠢᠩᠬᠢᠮ᠎ᠦᠨ ᠰᠦᠯᠵᠢᠶᠡᠨ ᠥᠷᠲᠡᠭᠡ ( http://rst.nmg.gov.cn )᠎ᠶᠢᠨ ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠶ᠋ᠴᠡᠳᠬᠡᠬᠦ ᠲᠠᠩᠬᠢᠮ᠎ᠦᠨ ᠬᠤᠪᠢ ᠬᠥᠮᠦᠨ᠎ᠦ ᠠᠵᠢᠯ ᠶᠠᠪᠤᠳᠠᠯ ᠭᠦᠶ᠋ᠴᠡᠳᠬᠡᠬᠦ ᠲᠤᠰᠬᠠᠶ ᠪᠤᠯᠤᠩ᠎ᠢᠶᠠᠷ ᠳᠠᠮᠵᠢᠭᠤᠯᠤᠨ ᠭᠤᠶᠤᠴᠢᠯᠠᠨ ᠠᠪᠤᠨ᠎ᠠ ; ᠤᠯᠤᠰ᠎ᠤᠨ ᠨᠡᠶ᠋ᠢᠭᠡᠮ᠎ᠦᠨ ᠳᠠᠭᠠᠳᠬᠠᠯ᠎ᠤᠨ ᠣᠯᠠᠨ ᠨᠡᠶ᠋ᠢᠲᠡ᠎ᠶᠢᠨ ᠦᠶ᠋ᠯᠡᠴᠢᠯᠡᠭᠡᠨ᠎ᠦ ᠲᠠᠪᠴᠠᠩ ( http://si.12333.gov.cn᠂ http://si.zwfw.mohrss.gov.cn )᠎ᠤᠨ ᠣᠯᠭᠣᠮᠵᠢ ᠭᠤᠶᠤᠴᠢᠯᠠᠬᠤ ᠲᠤᠰᠬᠠᠶ ᠪᠤᠯᠤᠩ᠎ᠢᠶᠠᠷ ᠳᠠᠮᠵᠢᠭᠤᠯᠤᠨ ᠭᠤᠶᠤᠴᠢᠯᠠᠨ᠎ᠠ ; ᠥᠪᠥᠷ ᠮᠣᠩᠭᠣᠯ᠎ᠤᠨ ᠬᠥᠮᠦᠨ᠎ᠦ ᠬᠦᠴᠦᠨ᠎ᠦ ᠡᠬᠢ ᠪᠠᠶᠠᠯᠢᠭ᠋ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠭᠠᠷ ᠤᠲᠠᠰᠤᠨ᠎ᠤ APP ᠪᠡᠷ ᠳᠠᠮᠵᠢᠭᠤᠯᠤᠨ ᠭᠤᠶᠤᠴᠢᠯᠠᠨ ᠠᠪᠤᠨ᠎ᠠ ; ᡁᠢ ᠹᠦ ᠪᠤᠤ᠂ ᠸᠢᠴᠠᠲ᠎ᠤᠨ ᠡᠯᠧᠺᠲ᠋ᠷᠣᠨ ᠨᠡᠶ᠋ᠢᠭᠡᠮ᠎ᠦᠨ ᠪᠠᠲᠤᠯᠠᠭ᠎ᠠ᠎ᠶᠢᠨ ᠺᠠᠷᠲ᠎ᠤᠨ ᠵᠢᠵᠢᠭ ᠫᠷᠤᠭ᠌ᠷᠠᠮ᠎ᠢᠶᠠᠷ ᠳᠠᠮᠵᠢᠭᠤᠯᠤᠨ ᠭᠤᠶᠤᠴᠢᠯᠠᠨ ᠠᠪᠤᠨ᠎ᠠ᠃
      ᠠᠰᠠᠭᠤᠯᠲᠠ ᠄ ᠠᠵᠢᠯ ᠠᠯᠳᠠᠯᠳᠠ᠎ᠶᠢᠨ ᠳᠠᠭᠠᠳᠬᠠᠯ᠎ᠤᠨ ᠠᠵᠢᠯ᠎ᠤᠨ ᠪᠠᠶ᠋ᠢᠷᠢ᠎ᠶᠢ ᠲᠤᠭᠳᠠᠪᠤᠷᠢᠵᠢᠭᠤᠯᠤᠭᠰᠠᠨ ᠪᠤᠴᠠᠭᠠᠯᠳᠠ ᠮᠦᠩᠬᠦ᠎ᠶᠢ ᠭᠤᠶᠤᠴᠢᠯᠠᠬᠤ᠎ᠳᠤ ᠶᠠᠮᠠᠷ ᠶᠠᠮᠠᠷ ᠨᠥᠬᠥᠴᠡᠯ ᠱᠠᠭᠠᠷᠳᠠᠭᠳᠠᠬᠤ ᠪᠤᠶ ?
      ᠬᠠᠷᠢᠭᠤᠯᠲᠠ ᠄ ᠳᠣᠣᠷᠠᠬᠢ ᠨᠥᠬᠥᠴᠡᠯ᠎ᠦᠳ᠎ᠲᠦ ᠬᠠᠮᠲᠤ ᠳ᠋ᠤᠨᠢ ᠨᠡᠶ᠋ᠢᠴᠡᠭᠰᠡᠨ ᠪᠠᠶ᠋ᠢᠬᠤ ᠬᠡᠷᠡᠭᠲᠡᠶ ᠄ ᠠᠵᠤ ᠠᠬᠤᠶ᠋ᠢᠯᠠᠯ ᠠᠵᠢᠯ ᠠᠯᠳᠠᠯᠳᠠ᠎ᠶᠢᠨ ᠳᠠᠭᠠᠳᠬᠠᠯ᠎ᠳᠤ ᠣᠷᠣᠯᠴᠠᠭᠰᠠᠨ ᠪᠥᠭᠡᠳ ᠠᠵᠢᠯ ᠠᠯᠳᠠᠯᠳᠠ᠎ᠶᠢᠨ ᠳᠠᠭᠠᠳᠬᠠᠯ᠎ᠤᠨ ᠰᠦᠢᠳᠭᠡᠯ᠎ᠢ 12 ᠰᠠᠷ᠎ᠠ᠎ᠠᠴᠠ ᠳᠡᠭᠡᠭᠰᠢ ᠭᠦᠢᠴᠡᠳ ᠲᠤᠰᠢᠶᠠᠭᠰᠠᠨ ᠪᠠᠶ᠋ᠢᠬᠤ ᠬᠡᠷᠡᠭᠲᠡᠶ ; ᠳᠠᠭᠠᠳᠬᠠᠯ᠎ᠳᠤ ᠣᠷᠣᠯᠴᠠᠭᠰᠠᠨ ᠠᠵᠤ ᠠᠬᠤᠶ᠋ᠢᠯᠠᠯ ᠲᠦᠷᠦᠭᠦᠸ᠋ ᠵᠢᠯ᠎ᠳᠤ ᠠᠵᠢᠯᠲᠠᠨ᠎ᠢᠶᠠᠨ ᠬᠠᠰᠤᠭᠰᠠᠨ ᠥᠬᠡᠶ ᠪᠤᠶᠤ ᠠᠵᠢᠯᠲᠠᠨ᠎ᠢᠶᠠᠨ ᠬᠠᠰᠤᠭᠰᠠᠨ ᠨᠣᠷᠮ᠎ᠠ᠎ᠶᠢ ᠲᠦᠷᠦᠭᠦᠸ᠋ ᠵᠢᠯ᠎ᠦᠨ ᠪᠥᠬᠥ ᠤᠯᠤᠰ᠎ᠤᠨ ᠬᠣᠲᠠ ᠪᠠᠯᠭᠠᠰᠤᠨ᠎ᠤ ᠪᠠᠶ᠋ᠢᠴᠠᠭᠠᠯᠲᠠ᠎ᠶᠢᠨ ᠠᠵᠢᠯ ᠠᠯᠳᠠᠯᠲᠠ᠎ᠶᠢᠨ ᠨᠣᠷᠮ᠎ᠠ᠎ᠶᠢ ᠡᠵᠡᠮᠳᠡᠬᠦ ᠬᠠᠷᠠᠯᠲᠠ ( 5.5% ) ᠎ᠠᠴᠠ ᠥᠨᠳᠥᠷ ᠪᠠᠶ᠋ᠢᠯᠭᠠᠵᠤ ᠪᠣᠯᠬᠤ ᠥᠬᠡᠶ᠂ 30 ᠬᠥᠮᠦᠨ ( ᠪᠠᠭᠲᠠᠨ᠎ᠠ ) ᠎ᠠᠴᠠ ᠳᠣᠷᠣᠭᠰᠢᠬᠢ ᠳᠠᠭᠠᠳᠬᠠᠯ᠎ᠳᠤ ᠣᠷᠣᠯᠴᠠᠭᠰᠠᠨ ᠠᠵᠤ ᠠᠬᠤᠶ᠋ᠢᠯᠠᠯ᠎ᠤᠨ ᠠᠵᠢᠯᠲᠠᠨ᠎ᠢᠶᠠᠨ ᠬᠠᠰᠤᠭᠰᠠᠨ ᠨᠣᠷᠮ᠎ᠠ᠎ᠶᠢ 20%᠎ᠠᠴᠠ ᠥᠨᠳᠥᠷ ᠪᠠᠶ᠋ᠢᠯᠭᠠᠵᠤ ᠪᠣᠯᠬᠤ ᠥᠬᠡᠶ ; ᠬᠦᠨᠳᠦ ᠨᠣᠴᠢᠲᠠᠶ ᠬᠠᠥᠯᠢ᠎ᠠᠴᠠ ᠵᠥᠷᠢᠴᠡᠵᠦ ᠢᠲᠡᠭᠡᠯ ᠠᠯᠳᠠᠭᠰᠠᠨ ᠬᠠᠷ᠎ᠠ ᠲᠠᠩᠰᠠᠨ᠎ᠳᠤ ᠵᠢᠭᠰᠠᠭᠠᠨ ᠣᠷᠣᠭᠤᠯᠤᠭᠰᠠᠨ ᠥᠬᠡᠶ᠂ ᠢᠯᠭᠠᠷᠠᠭᠤᠯᠤᠨ ᠭᠠᠷᠭᠠᠭᠰᠠᠨ ᠨᠡᠷᠡᠰ᠎ᠦᠨ ᠬᠥᠰᠢᠮᠡᠯ ᠠᠵᠤ ᠠᠬᠤᠶ᠋ᠢᠯᠠᠯ᠎ᠳᠤ ᠵᠢᠭᠰᠠᠭᠠᠨ ᠣᠷᠣᠭᠤᠯᠤᠭᠰᠠᠨ ᠥᠬᠡᠶ᠂ ᠲᠤᠬᠠᠶ᠎ᠶᠢᠨ ᠭᠠᠵᠠᠷ᠎ᠤᠨ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠲᠥᠷᠥ᠎ᠶᠢᠨ ᠪᠣᠳᠣᠯᠭ᠎ᠠ᠎ᠳᠤ ᠨᠡᠢᠴᠡᠭᠰᠡᠨ ᠪᠠᠢᠬᠤ᠃
      ᠠᠰᠠᠭᠤᠯᠲᠠ ᠄ ᠠᠵᠢᠯ ᠠᠯᠳᠠᠯᠳᠠ᠎ᠶᠢᠨ ᠳᠠᠭᠠᠳᠬᠠᠯ᠎ᠤᠨ ᠠᠵᠢᠯ᠎ᠤᠨ ᠪᠠᠶ᠋ᠢᠷᠢ᠎ᠶᠢ ᠲᠤᠭᠳᠠᠪᠤᠷᠢᠵᠢᠭᠤᠯᠤᠭᠰᠠᠨ ᠪᠤᠴᠠᠭᠠᠯᠳᠠ ᠮᠦᠩᠬᠦ᠎ᠶᠢᠨ ᠬᠠᠷᠢᠴᠠᠯ ᠨᠢ ᠬᠡᠳᠦᠶ ᠪᠤᠶ ?
      ᠬᠠᠷᠢᠭᠤᠯᠲᠠ ᠄ ᠨᠥᠬᠥᠴᠡᠯ᠎ᠳᠦ ᠨᠡᠶ᠋ᠢᠴᠡᠭᠰᠡᠨ ᠳᠠᠭᠠᠳᠬᠠᠯ᠎ᠳᠤ ᠣᠷᠣᠯᠴᠠᠭᠰᠠᠨ ᠠᠵᠤ ᠠᠬᠤᠶ᠋ᠢᠯᠠᠯ᠎ᠳᠦ ᠠᠵᠤ ᠠᠬᠤᠶ᠋ᠢᠯᠠᠯ ᠵᠢᠴᠢ ᠲᠡᠭᠦᠨ᠎ᠦ ᠠᠵᠢᠯᠲᠠᠨ ᠠᠵᠢᠯᠴᠢᠨ᠎ᠤ ᠳᠡᠭᠡᠷ᠎ᠡ ᠵᠢᠯ᠎ᠦᠨ ᠪᠣᠳᠠᠲᠠᠶ ᠲᠤᠰᠢᠶᠠᠭᠰᠠᠨ ᠲᠤᠰ ᠵᠢᠯ᠎ᠦᠨ ᠠᠵᠢᠯ ᠠᠯᠳᠠᠯᠳᠠ᠎ᠶᠢᠨ ᠳᠠᠭᠠᠳᠬᠠᠯ᠎ᠤᠨ ᠰᠦᠢᠳᠭᠡᠯ᠎ᠤᠨ ᠵᠣᠬᠢᠬᠤ ᠬᠠᠷᠢᠴᠠᠯ᠎ᠢᠶᠠᠷ ᠪᠤᠴᠠᠭᠠᠨ᠎ᠠ᠃ ᠡᠭᠦᠨ᠎ᠳᠦ ᠄ ᠲᠣᠮᠣ᠌ ᠬᠡᠯᠪᠡᠷᠢ᠎ᠶᠢᠨ ᠠᠵᠤ ᠠᠬᠤᠶ᠋ᠢᠯᠠᠯ᠎ᠤᠨ ᠠᠵᠢᠯ᠎ᠤᠨ ᠪᠠᠶ᠋ᠢᠷᠢ᠎ᠶᠢ ᠲᠤᠭᠳᠠᠪᠤᠷᠢᠵᠢᠭᠤᠯᠤᠭᠰᠠᠨ ᠪᠤᠴᠠᠭᠠᠯᠳᠠ ᠮᠦᠩᠬᠦ᠎ᠶᠢᠨ ᠬᠠᠷᠢᠴᠠᠯ᠎ᠢ 30%᠂ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠎ᠢ 60% ᠪᠠᠶ᠋ᠢᠯᠭᠠᠨ᠎ᠠ᠃ ᠨᠡᠶ᠋ᠢᠭᠡᠮ᠎ᠦᠨ ᠪᠦᠯᠬᠦᠮ᠂ ᠰᠠᠭᠤᠷᠢ ᠮᠥᠩᠭᠥᠨ᠎ᠦ ᠨᠡᠶ᠋ᠢᠭᠡᠮᠯᠢᠭ᠂ ᠨᠡᠶ᠋ᠢᠭᠡᠮ᠎ᠦᠨ ᠦᠶ᠋ᠯᠡᠴᠢᠯᠡᠭᠡᠨ᠎ᠦ ᠪᠠᠶ᠋ᠢᠭᠤᠯᠤᠮᠵᠢ᠂ ᠬᠠᠥᠯᠢᠴᠢ᠎ᠶᠢᠨ ᠬᠡᠷᠡᠭ ᠡᠷᠬᠢᠯᠡᠬᠦ ᠭᠠᠵᠠᠷ᠂ ᠨᠢᠭᠲᠠᠯᠠᠨ ᠪᠤᠳᠤᠭᠴᠢ᠎ᠶᠢᠨ ᠬᠡᠷᠡᠭ ᠡᠷᠬᠢᠯᠡᠬᠦ ᠭᠠᠵᠠᠷ᠂ ᠨᠢᠭᠡᠴᠢ᠎ᠶᠢᠨ ᠬᠡᠯᠪᠡᠷᠢ᠎ᠪᠡᠷ ᠳᠠᠭᠠᠳᠬᠠᠯ᠎ᠳᠤ ᠣᠷᠣᠯᠴᠠᠭᠰᠠᠨ ᠬᠤᠪᠢ᠎ᠶᠢᠨ ᠠᠵᠤ ᠦᠶ᠋ᠯᠡᠳᠪᠦᠷᠢ ᠬᠤᠳᠠᠯᠳᠤᠭᠠᠨ᠎ᠤ ᠡᠷᠦᠬᠡ ᠨᠢ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠎ᠢᠶᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃
      ᠠᠰᠠᠭᠤᠯᠲᠠ ᠄ ᠨᠢᠭᠡ ᠤᠳᠠᠭ᠎ᠠ᠎ᠶᠢᠨ ᠴᠢᠨᠠᠷᠲᠠᠶ ᠠᠵᠢᠯ᠎ᠤᠨ ᠪᠠᠶ᠋ᠢᠷᠢ᠎ᠶᠢ ᠦᠷᠭᠡᠳᠭᠡᠭᠰᠡᠨ ᠨᠥᠬᠥᠪᠥᠷᠢ ᠭᠤᠶᠤᠴᠢᠯᠠᠬᠤ᠎ᠳᠤ ᠶᠠᠮᠠᠷ ᠶᠠᠮᠠᠷ ᠨᠥᠬᠥᠴᠡᠯ ᠬᠡᠷᠡᠭᠰᠡᠬᠦ ᠪᠣᠶ ? ᠨᠥᠬᠥᠪᠥᠷᠢ᠎ᠶᠢᠨ ᠪᠠᠷᠢᠮᠵᠢᠶ᠎ᠠ ᠨᠢ ᠬᠡᠳᠦᠶ ᠪᠤᠢ ?
      ᠬᠠᠷᠢᠭᠤᠯᠲᠠ ᠄ ᠠᠵᠤ ᠠᠬᠤᠶ᠋ᠢᠯᠠᠯ ᠲᠡᠭᠦᠰᠬᠦ ᠣᠨ᠎ᠤ ᠡᠩ᠎ᠦᠨ ᠳᠡᠭᠡᠳᠦ ᠰᠤᠷᠭᠠᠭᠤᠯᠢ᠎ᠠᠴᠠ ᠲᠡᠭᠦᠰᠦᠭᠰᠡᠨ ᠰᠣᠷᠣᠭᠴᠢ᠂ ᠰᠤᠷᠭᠠᠭᠤᠯᠢ᠎ᠠᠴᠠ᠎ᠪᠠᠨ ᠰᠠᠯᠤᠭᠠᠳ ᠬᠣᠶᠠᠷ ᠵᠢᠯ᠎ᠦᠨ ᠳᠣᠲᠣᠷ᠎ᠠ ᠠᠵᠢᠯ ᠣᠯᠤᠭᠠᠳᠤᠶ ᠡᠩ᠎ᠦᠨ ᠳᠡᠭᠡᠳᠦ ᠰᠤᠷᠭᠠᠭᠤᠯᠢ᠎ᠠᠴᠠ ᠲᠡᠭᠦᠰᠦᠭᠰᠡᠨ ᠰᠣᠷᠣᠭᠴᠢ᠂ ᠠᠵᠢᠯ ᠠᠯᠳᠠᠭᠰᠠᠨ᠎ᠢᠶᠠᠷ ᠪᠦᠷᠢᠳᠬᠡᠭᠦᠯᠦᠭᠰᠡᠨ 16 ︱ 24 ᠨᠠᠰᠤᠨ᠎ᠤ ᠵᠠᠯᠠᠭᠤᠴᠤᠳ᠎ᠢ ᠡᠯᠰᠡᠨ ᠬᠡᠷᠡᠭᠯᠡᠵᠦ᠂ ᠬᠥᠳᠡᠯᠮᠦᠷᠢ᠎ᠶᠢᠨ ᠭᠡᠷ᠎ᠡ ᠲᠣᠭᠲᠠᠬᠤ᠎ᠶᠢᠨ ᠬᠠᠮᠲᠤ ᠲᠡᠭᠦᠨ᠎ᠳᠦ ᠠᠵᠢᠯ ᠠᠯᠳᠠᠭᠰᠠᠨ᠂ ᠠᠵᠢᠯ᠎ᠠᠴᠠ ᠪᠣᠯᠤᠭᠰᠠᠨ ᠭᠡᠮᠲᠦᠯ᠂ ᠠᠵᠢᠯᠲᠠᠨ ᠠᠵᠢᠯᠴᠢᠨ᠎ᠤ ᠨᠠᠰᠤᠵᠢᠯ᠎ᠤᠨ ᠠᠰᠠᠷᠠᠮᠵᠢ᠎ᠶᠢᠨ ᠳᠠᠭᠠᠳᠬᠠᠯ᠎ᠤᠨ ᠰᠦᠢᠳᠭᠡᠯ᠎ᠢ 3 ᠰᠠᠷ᠎ᠠ᠎ᠠᠴᠠ ᠳᠡᠭᠡᠭᠰᠢ ᠲᠤᠰᠢᠶᠠᠪᠠᠯ᠂ ᠨᠢᠭᠡ ᠤᠳᠠᠭ᠎ᠠ᠎ᠶᠢᠨ ᠴᠢᠨᠠᠷᠲᠠᠶ ᠠᠵᠢᠯ᠎ᠤᠨ ᠪᠠᠶ᠋ᠢᠷᠢ᠎ᠶᠢ ᠦᠷᠭᠡᠳᠭᠡᠭᠰᠡᠨ ᠨᠥᠬᠥᠪᠥᠷᠢ ᠭᠤᠶᠤᠴᠢᠯᠠᠵᠤ ᠪᠣᠯᠤᠨ᠎ᠠ᠃ ᠬᠥᠮᠦᠨ ᠪᠦᠷᠢ᠎ᠳᠦ 1500 ᠲᠥᠭᠥᠷᠢᠭ᠎ᠦᠨ ᠨᠥᠬᠥᠪᠥᠷᠢ᠎ᠶᠢᠨ ᠪᠠᠷᠢᠮᠵᠢᠶ᠎ᠠ ᠣᠯᠭᠣᠨ᠎ᠠ᠃
      ᠠᠰᠠᠭᠤᠯᠲᠠ ᠄ ᠤᠷ᠎ᠠ ᠮᠡᠷᠭᠡᠵᠢᠯ᠎ᠢ ᠳᠡᠭᠡᠭᠰᠢᠯᠡᠭᠦᠯᠬᠦ ᠨᠥᠬᠥᠪᠥᠷᠢ᠎ᠶᠢ ᠠᠪᠬᠤ᠎ᠳᠤ ᠶᠠᠮᠠᠷ ᠨᠥᠬᠥᠴᠡᠯ᠎ᠳᠦ ᠨᠡᠶ᠋ᠢᠴᠡᠬᠦ ᠴᠢᠬᠤᠯᠠᠲᠠᠶ ᠪᠣᠶ ?
      ᠬᠠᠷᠢᠭᠤᠯᠲᠠ ᠄ ᠳᠣᠣᠷᠠᠬᠢ ᠨᠥᠬᠥᠴᠡᠯ᠎ᠳᠦ ᠬᠠᠮᠳᠤ ᠳ᠋ᠤᠨᠢ ᠨᠡᠶ᠋ᠢᠴᠡᠬᠦ ᠠᠵᠤ ᠠᠬᠤᠶ᠋ᠢᠯᠠᠯ᠎ᠤᠨ ᠠᠵᠢᠯᠲᠠᠨ ᠠᠵᠢᠯᠴᠢᠨ ᠭᠤᠶᠤᠴᠢᠯᠠᠨ ᠠᠪᠴᠤ ᠪᠣᠯᠤᠨ᠎ᠠ ᠄ ᠬᠠᠤᠯᠢ ᠶᠣᠰᠣᠭᠠᠷ ᠠᠵᠢᠯ ᠠᠯᠳᠠᠯᠳᠠ᠎ᠶᠢᠨ ᠳᠠᠭᠠᠳᠬᠠᠯ᠎ᠳᠤ ᠣᠷᠣᠯᠴᠠᠭᠰᠠᠨ ᠪᠥᠭᠡᠳ ᠭᠤᠶᠤᠴᠢᠯᠠᠬᠤ ᠬᠤᠭᠤᠴᠠᠭᠠᠨ᠎ᠳᠤ ᠬᠡᠪ᠎ᠦᠨ ᠶᠣᠰᠣᠭᠠᠷ ᠳᠠᠭᠠᠳᠬᠠᠯ᠎ᠳᠤ ᠣᠷᠣᠯᠴᠠᠨ ᠰᠦᠢᠳᠬᠡᠯ ᠲᠤᠰᠢᠶᠠᠵᠤ᠂ ᠠᠵᠢᠯ ᠠᠯᠳᠠᠯᠳᠠ᠎ᠶᠢᠨ ᠳᠠᠭᠠᠳᠬᠠᠯ᠎ᠤᠨ ᠰᠦᠢᠳᠬᠡᠯ᠎ᠢ ᠨᠡᠶ᠋ᠢᠲᠡ 12 ᠰᠠᠷ᠎ᠠ᠎ᠠᠴᠠ ᠳᠡᠭᠡᠭᠰᠢ ᠲᠤᠰᠢᠶᠠᠭᠰᠠᠨ ; ᠠᠩᠬ᠎ᠠ ᠵᠡᠷᠭᠡ᠎ᠶᠢᠨ ( ᠲᠠᠪᠤᠳᠤᠭᠠᠷ ᠳᠡᠰ )᠂ ᠳᠤᠮᠳᠠ ᠵᠡᠷᠭᠡ᠎ᠶᠢᠨ ( ᠳᠥᠷᠪᠡᠳᠦᠭᠡᠷ ᠳᠡᠰ )᠂ ᠳᠡᠭᠡᠳᠦ ᠵᠡᠷᠭᠡ᠎ᠶᠢᠨ ( ᠭᠤᠷᠪᠠᠳᠤᠭᠠᠷ ᠳᠡᠰ ) ᠠᠵᠢᠯ ᠮᠡᠷᠭᠡᠵᠢᠯ᠎ᠦᠨ ᠬᠢᠷᠢ ᠬᠡᠮ᠎ᠦᠨ ᠦᠨᠡᠮᠯᠡᠯ ᠪᠤᠶᠤ ᠠᠵᠢᠯ ᠮᠡᠷᠭᠡᠵᠢᠯ᠎ᠦᠨ ᠤᠷ᠎ᠠ ᠮᠡᠷᠭᠡᠵᠢᠯ᠎ᠦᠨ ᠵᠡᠷᠭᠡ ᠳᠡᠰ᠎ᠤᠨ ᠦᠨᠡᠮᠯᠡᠯ ᠣᠯᠤᠭᠰᠠᠨ ; ᠠᠵᠢᠯᠲᠠᠨ ᠠᠵᠢᠯᠴᠢᠨ ᠠᠵᠢᠯ ᠮᠡᠷᠭᠡᠵᠢᠯ᠎ᠦᠨ ᠬᠢᠷᠢ ᠬᠡᠮ᠎ᠦᠨ ᠦᠨᠡᠮᠯᠡᠯ ᠪᠤᠶᠤ ᠠᠵᠢᠯ ᠮᠡᠷᠭᠡᠵᠢᠯ᠎ᠦᠨ ᠤᠷ᠎ᠠ ᠮᠡᠷᠭᠡᠵᠢᠯ᠎ᠦᠨ ᠵᠡᠷᠭᠡ ᠳᠡᠰ᠎ᠤᠨ ᠦᠨᠡᠮᠯᠡᠯ᠎ᠢ ᠬᠢᠨᠠᠨ ᠣᠯᠭᠣᠭᠰᠠᠨ ᠡᠳᠦᠷ᠎ᠡᠴᠡ ᠡᠬᠢᠯᠡᠨ 12 ᠰᠠᠷ᠎ᠠ᠎ᠶᠢᠨ ᠳᠣᠲᠣᠷ᠎ᠠ ᠭᠤᠶᠤᠴᠢᠯᠠᠨ ᠠᠪᠬᠤ ᠬᠡᠷᠡᠭᠲᠡᠶ᠃
      ᠳᠣᠣᠷᠠᠬᠢ ᠨᠥᠬᠥᠴᠡᠯ᠎ᠳᠦ ᠬᠠᠮᠳᠤ ᠳ᠋ᠤᠨᠢ ᠨᠡᠶ᠋ᠢᠴᠡᠭᠰᠡᠨ ᠠᠵᠢᠯ ᠠᠯᠳᠠᠯᠳᠠ᠎ᠶᠢᠨ ᠳᠠᠭᠠᠳᠬᠠᠯ᠎ᠤᠨ ᠮᠥᠩᠭᠥ᠎ᠶᠢ ᠠᠪᠬᠤ ᠬᠥᠮᠦᠰ ᠭᠤᠶᠤᠴᠢᠯᠠᠨ ᠠᠪᠴᠤ ᠪᠣᠯᠤᠨ᠎ᠠ ᠄ ᠭᠤᠶᠤᠴᠢᠯᠠᠬᠤ ᠦᠶ᠎ᠡ᠎ᠳᠦ ᠶᠠᠭ ᠠᠵᠢᠯ ᠠᠯᠳᠠᠯᠳᠠ᠎ᠶᠢᠨ ᠳᠠᠭᠠᠳᠬᠠᠯ᠎ᠤᠨ ᠮᠥᠩᠭᠥ᠎ᠶᠢ ᠠᠪᠴᠤ ᠪᠠᠶ᠋ᠢᠬᠤ ; ᠠᠩᠬ᠎ᠠ ᠵᠡᠷᠭᠡ᠎ᠶᠢᠨ ( ᠲᠠᠪᠤᠳᠤᠭᠠᠷ ᠳᠡᠰ )᠂ ᠳᠤᠮᠳᠠ ᠵᠡᠷᠭᠡ᠎ᠶᠢᠨ ( ᠳᠥᠷᠪᠡᠳᠦᠭᠡᠷ ᠳᠡᠰ )᠂ ᠳᠡᠭᠡᠳᠦ ᠵᠡᠷᠭᠡ᠎ᠶᠢᠨ ( ᠭᠤᠷᠪᠠᠳᠤᠭᠠᠷ ᠳᠡᠰ ) ᠠᠵᠢᠯ ᠮᠡᠷᠭᠡᠵᠢᠯ᠎ᠦᠨ ᠬᠢᠷᠢ ᠬᠡᠮ᠎ᠦᠨ ᠦᠨᠡᠮᠯᠡᠯ ᠪᠤᠶᠤ ᠠᠵᠢᠯ ᠮᠡᠷᠭᠡᠵᠢᠯ᠎ᠦᠨ ᠤᠷ᠎ᠠ ᠮᠡᠷᠭᠡᠵᠢᠯ᠎ᠦᠨ ᠵᠡᠷᠭᠡ ᠳᠡᠰ᠎ᠤᠨ ᠦᠨᠡᠮᠯᠡᠯ ᠣᠯᠤᠭᠰᠠᠨ ; ᠠᠵᠢᠯ ᠮᠡᠷᠭᠡᠵᠢᠯ᠎ᠦᠨ ᠬᠢᠷᠢ ᠬᠡᠮ᠎ᠦᠨ ᠦᠨᠡᠮᠯᠡᠯ ᠪᠤᠶᠤ ᠠᠵᠢᠯ ᠮᠡᠷᠭᠡᠵᠢᠯ᠎ᠦᠨ ᠤᠷ᠎ᠠ ᠮᠡᠷᠭᠡᠵᠢᠯ᠎ᠦᠨ ᠵᠡᠷᠭᠡ ᠳᠡᠰ᠎ᠤᠨ ᠦᠨᠡᠮᠯᠡᠯ᠎ᠢ ᠬᠢᠨᠠᠨ ᠣᠯᠭᠣᠭᠰᠠᠨ ᠡᠳᠦᠷ᠎ᠡᠴᠡ ᠡᠬᠢᠯᠡᠨ 12 ᠰᠠᠷ᠎ᠠ᠎ᠶᠢᠨ ᠳᠣᠲᠣᠷ᠎ᠠ ᠭᠤᠶᠤᠴᠢᠯᠠᠨ ᠠᠪᠬᠤ ᠬᠡᠷᠡᠭᠲᠡᠶ᠃
      ᠠᠰᠠᠭᠤᠯᠲᠠ ᠄ ᠤᠷ᠎ᠠ ᠮᠡᠷᠭᠡᠵᠢᠯ᠎ᠢ ᠳᠡᠭᠡᠭᠰᠢᠯᠡᠭᠦᠯᠬᠦ ᠨᠥᠬᠥᠪᠥᠷᠢ᠎ᠶᠢᠨ ᠪᠠᠷᠢᠮᠵᠢᠶ᠎ᠠ ᠨᠢ ᠬᠡᠳᠦᠶ ᠪᠣᠶ ?
      ᠬᠠᠷᠢᠭᠤᠯᠲᠠ ᠄ ᠠᠩᠬ᠎ᠠ ᠳᠡᠰ ( ᠲᠠᠪᠤᠳᠤᠭᠠᠷ ᠳᠡᠰ )᠎ᠤᠨ ᠠᠵᠢᠯ ᠮᠡᠷᠭᠡᠵᠢᠯ᠎ᠦᠨ ᠬᠢᠷᠢ ᠬᠡᠮ᠎ᠦᠨ ᠦᠨᠡᠮᠯᠡᠯ ᠪᠤᠶᠤ ᠠᠵᠢᠯ ᠮᠡᠷᠭᠡᠵᠢᠯ᠎ᠦᠨ ᠤᠷ᠎ᠠ ᠮᠡᠷᠭᠡᠵᠢᠯ᠎ᠦᠨ ᠵᠡᠷᠭᠡ ᠳᠡᠰ᠎ᠤᠨ ᠦᠨᠡᠮᠯᠡᠯ᠎ᠦᠨ ᠨᠥᠬᠥᠪᠥᠷᠢ᠎ᠶᠢᠨ ᠪᠠᠷᠢᠮᠵᠢᠶ᠎ᠠ ᠨᠢ 1000 ᠲᠥᠭᠥᠷᠢᠭ ; ᠳᠤᠮᠳᠠ ᠵᠡᠷᠭᠡ᠎ᠶᠢᠨ ( ᠳᠥᠷᠪᠡᠳᠦᠭᠡᠷ ᠳᠡᠰ )᠎ᠶᠢᠨ ᠠᠵᠢᠯ ᠮᠡᠷᠭᠡᠵᠢᠯ᠎ᠦᠨ ᠬᠢᠷᠢ ᠬᠡᠮ᠎ᠦᠨ ᠦᠨᠡᠮᠯᠡᠯ ᠪᠤᠶᠤ ᠠᠵᠢᠯ ᠮᠡᠷᠭᠡᠵᠢᠯ᠎ᠦᠨ ᠤᠷ᠎ᠠ ᠮᠡᠷᠭᠡᠵᠢᠯ᠎ᠦᠨ ᠵᠡᠷᠭᠡ ᠳᠡᠰ᠎ᠤᠨ ᠦᠨᠡᠮᠯᠡᠯ᠎ᠦᠨ ᠨᠥᠬᠥᠪᠥᠷᠢ᠎ᠶᠢᠨ ᠪᠠᠷᠢᠮᠵᠢᠶ᠎ᠠ ᠨᠢ 1500 ᠲᠥᠭᠥᠷᠢᠭ ; ᠳᠡᠭᠡᠳᠦ ᠵᠡᠷᠭᠡ᠎ᠶᠢᠨ ( ᠭᠤᠷᠪᠠᠳᠤᠭᠠᠷ ᠳᠡᠰ ) ᠠᠵᠢᠯ ᠮᠡᠷᠭᠡᠵᠢᠯ᠎ᠦᠨ ᠬᠢᠷᠢ ᠬᠡᠮ᠎ᠦᠨ ᠦᠨᠡᠮᠯᠡᠯ ᠪᠤᠶᠤ ᠠᠵᠢᠯ ᠮᠡᠷᠭᠡᠵᠢᠯ᠎ᠦᠨ ᠤᠷ᠎ᠠ ᠮᠡᠷᠭᠡᠵᠢᠯ᠎ᠦᠨ ᠵᠡᠷᠭᠡ ᠳᠡᠰ᠎ᠤᠨ ᠦᠨᠡᠮᠯᠡᠯ᠎ᠦᠨ ᠨᠥᠬᠥᠪᠥᠷᠢ᠎ᠶᠢᠨ ᠪᠠᠷᠢᠮᠵᠢᠶ᠎ᠠ ᠨᠢ 2000 ᠲᠥᠭᠥᠷᠢᠭ ᠪᠣᠯᠤᠨ᠎ᠠ᠃ ᠪᠠᠴᠢᠮ ᠬᠡᠷᠡᠭᠴᠡᠭᠡ᠎ᠲᠠᠢ ᠳᠤᠲᠠᠭᠳᠠᠵᠤ ᠪᠠᠶ᠋ᠢᠭ᠎ᠠ ᠠᠵᠢᠯ ᠮᠡᠷᠭᠡᠵᠢᠯ ( ᠠᠵᠢᠯ ᠲᠥᠷᠥᠯ )᠎ᠢ ᠣᠯᠤᠭᠰᠠᠨ ᠪᠠᠶ᠋ᠢᠪᠠᠯ᠂ ᠨᠥᠬᠥᠪᠥᠷᠢ᠎ᠶᠢᠨ ᠪᠠᠷᠢᠮᠵᠢᠶ᠎ᠠ᠎ᠶᠢ ᠡᠮᠦᠨᠡᠬᠢ ᠵᠤᠷᠪᠤᠰ᠎ᠤᠨ ᠰᠠᠭᠤᠷᠢᠨ ᠳᠡᠭᠡᠷ᠎ᠡ 10%᠎ᠪᠠᠷ ᠳᠡᠭᠡᠭᠰᠢᠯᠡᠭᠦᠯᠦᠨ᠎ᠡ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠋ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠲᠢᠩᠬᠢᠮ
          
ᠬᠠᠮᠢᠶ᠎ᠡ ᠪᠦᠬᠦᠢ ᠰᠣᠨᠢᠨ
 
            