ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠬᠣᠶᠠᠷ ᠬᠤᠷᠠᠯ᠎ᠠᠴᠠ ᠬᠥᠭᠵᠢᠯᠲᠡ ᠵᠢ ᠬᠠᠷᠠᠬᠤᠢ — 2024 ᠣᠨ᠎ᠤ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠳᠠᠬᠢ ᠠᠮᠠᠯᠠᠯᠲᠠ ᠵᠢ ᠰᠠᠶ᠋ᠢᠨ ᠰᠠᠢ᠌ᠬᠠᠨ ᠪᠣᠳᠠᠲᠤ ᠠᠬᠤᠢ ᠪᠣᠯᠭ᠋ᠠᠨ ᠬᠤᠪᠢᠷᠠᠭᠤᠯᠤᠭᠰᠠᠨ᠎ᠨᠢ
ᠨᠡᠶ᠋ᠢᠲᠡᠯᠡᠭᠰᠡᠨ ᠴᠠᠭ᠄ 2025-03-29

      2024 ᠣᠨ᠎ᠤ ᠤᠯᠤᠰ᠎ᠤᠨ ᠲᠠᠩᠰᠠ ᠵᠢ ᠰᠡᠬᠦᠪᠡᠯ᠂ ᠠᠷᠠᠳ᠎ᠤᠨ ᠠᠮᠢᠳᠤᠷᠠᠯ᠎ᠤᠨ ᠵᠠᠷᠤᠯᠭ᠎ᠠ ᠵᠢ ᠲᠡᠷᠢᠭᠦᠨ ᠪᠠᠶ᠋ᠢᠷᠢᠨ᠎ᠳᠤ ᠲᠠᠯᠪᠢᠪᠠ᠃ 2024 ᠣᠨ᠎ᠤ ᠪᠦᠬᠦ ᠤᠯᠤᠰ᠎ᠤᠨ ᠬᠣᠶᠠᠷ ᠬᠤᠷᠠᠯ᠎ᠤᠨ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠤᠨ ᠠᠷᠠᠳ᠎ᠤᠨ ᠠᠮᠢᠳᠤᠷᠠᠯ᠎ᠤᠨ ᠬᠥᠭᠵᠢᠯᠲᠡ᠎ᠳᠤ ᠬᠢᠭᠰᠡᠨ ᠠᠮᠠᠯᠠᠯᠲᠠ ᠵᠢ ᠡᠷᠭᠢᠴᠡᠭᠦᠯᠪᠡᠯ᠂ ᠤᠯᠤᠰ᠎ᠠᠴᠠ ᠠᠷᠠᠳ ᠤᠯᠠᠨ᠎ᠤ ᠳᠡᠷᠭᠡᠳᠡᠬᠢ ᠤᠴᠢᠷ ᠶᠠᠪᠤᠳᠠᠯ ᠪᠠ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠢ᠌ᠭ᠎ᠠ ᠤᠴᠢᠷ ᠶᠠᠪᠤᠳᠠᠯ᠎ᠳᠤ ᠴᠢᠭᠯᠡᠭᠦᠯᠵᠦ᠂ ᠥᠭᠡᠷᠡᠴᠢᠯᠡᠯᠲᠡ ᠵᠢ ᠬᠦᠴᠦᠯᠡᠨ ᠬᠢᠵᠦ᠂ ᠠᠷᠠᠳ᠎ᠤᠨ ᠰᠠᠨᠠᠭ᠋ᠠᠨ᠎ᠳᠤ ᠨᠡᠢ᠌ᠴᠡᠭᠰᠡᠨ᠂ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ ᠠᠯᠢ ᠤᠯᠠᠨ ᠠᠷᠭ᠎ᠠ ᠬᠡᠮᠵᠢᠶ᠎ᠡ ᠵᠢ ᠲᠣᠭᠲᠠᠭ᠋ᠠᠵᠤ᠂ ᠬᠠᠯᠠᠭᠤᠨ ᠳᠤᠯᠠᠭ᠋ᠠᠨ ᠪᠥᠭᠡᠳ ᠪᠣᠳᠠᠲᠤ ᠦᠷ᠎ᠡ ᠪᠦᠲᠦᠮᠵᠢ᠎ᠲᠠᠢ ᠠᠷᠠᠳ᠎ᠤᠨ ᠠᠮᠢᠳᠤᠷᠠᠯ᠎ᠤᠨ ᠬᠠᠷᠢᠭᠤᠯᠲᠠ ᠵᠢᠨ ᠬᠠᠭᠤᠳᠠᠰᠤ ᠵᠢ ᠲᠤᠰᠢᠶᠠᠪᠠ᠃ ᠥᠨᠥᠳᠥᠷ (3 ᠰᠠᠷ᠎ᠠ ᠵᠢᠨ 3᠎ᠤ ᠡᠳᠦᠷ) ᠲᠣᠭ᠎ᠠ ᠪᠠᠷᠢᠮᠲᠠ᠎ᠪᠠᠷ ᠳᠠᠮᠵᠢᠭᠤᠯᠤᠨ ᠡᠨᠡ ᠨᠢᠭᠡ ᠵᠢᠯ᠎ᠤᠨ ᠠᠷᠠᠳ᠎ᠤᠨ ᠠᠮᠢᠳᠤᠷᠠᠯ᠎ᠤᠨ ᠬᠥᠭᠵᠢᠯᠲᠡ ᠵᠢᠨ ᠦᠷ᠎ᠡ ᠪᠦᠲᠦᠮᠵᠢ ᠵᠢ ᠬᠠᠮᠲᠤ᠎ᠪᠠᠷ ᠡᠷᠭᠢᠴᠡᠭᠦᠯᠵᠦ ᠦᠵᠡᠶ᠎ᠡ᠃
      《ᠨᠢᠭᠡ ᠨᠠᠰᠤᠲᠠᠨ ᠨᠢᠭᠡ ᠨᠢᠯᠬᠠᠰ》᠎ᠢ ᠬᠠᠷᠠᠭ᠋ᠠᠯᠵᠠᠨ ᠠᠷᠠᠳ᠎ᠤᠨ ᠠᠮᠢᠳᠤᠷᠠᠯ᠎ᠤᠨ ᠠᠩᠬᠠᠷᠤᠯ᠎ᠳᠤ ᠬᠠᠷᠢᠭᠤᠯᠲᠠ ᠥᠭᠪᠡ
      《ᠨᠢᠭᠡ ᠨᠠᠰᠤᠲᠠᠨ ᠨᠢᠭᠡ ᠨᠢᠯᠬᠠᠰ》 ᠪᠣᠯ ᠣᠯᠠᠩᠬᠢ ᠭᠡᠷ ᠪᠦᠯᠢ ᠵᠢᠨ᠎ᠬᠢᠨ᠎ᠤ ᠠᠩᠬᠠᠷᠤᠯ ᠲᠠᠯᠪᠢᠵᠤ ᠪᠠᠢ᠌ᠭ᠎ᠠ ᠭᠣᠣᠯ ᠠᠰᠠᠭᠤᠳᠠᠯ ᠮᠥᠨ᠃ ᠭᠡᠷ᠎ᠤᠨ ᠡᠭᠦᠳᠡᠨ᠎ᠳᠤ᠂ ᠨᠡᠢ᠌ᠭᠡᠮ ᠲᠣᠭᠣᠷᠢᠭ᠎ᠤᠨ ᠬᠣᠭᠣᠯᠠᠨ ᠭᠡᠷ ᠤᠯᠠᠮ ᠵᠶ᠋ᠠᠷ ᠣᠯᠠᠰᠢᠷᠠᠵᠤ᠂ ᠵᠠᠷᠢᠮ ᠨᠡᠢ᠌ᠭᠡᠮ ᠲᠣᠭᠣᠷᠢᠭ᠎ᠤᠨ᠎ᠬᠢᠨ ᠪᠠᠰᠠ 《ᠰᠦᠯᠵᠢᠶᠡᠨ ᠳᠡᠭᠡᠷᠡᠬᠢ ᠵᠠᠬᠢᠶᠠᠯᠠᠭ᠎ᠠ ᠵᠢ ᠬᠦᠯᠢᠶᠡᠨ ᠠᠪᠬᠤ》 ᠵᠠᠭᠪᠤᠷ᠎ᠢ ᠡᠬᠢᠯᠡᠨ ᠬᠡᠷᠡᠭᠵᠢᠭᠦᠯᠵᠦ᠂ ᠨᠢᠭᠡ ᠯᠡ ᠤᠲᠠᠰᠤ᠎ᠪᠠᠷ ᠶᠠᠷᠢᠯᠴᠠᠪᠠᠯ᠂ ᠬᠠᠯᠠᠭᠤᠨ ᠬᠣᠭᠣᠯᠠ ᠪᠤᠳᠠᠭ᠎ᠠ ᠵᠢ ᠨᠠᠰᠤᠲᠠᠨ᠎ᠤ ᠳᠡᠷᠭᠡᠳᠡ ᠬᠦᠷᠭᠡᠵᠦ᠂ ᠪᠠᠰᠠ ᠵᠠᠷᠢᠮ᠎ᠨᠢ ᠲᠦᠷᠦᠭᠰᠡᠨ ᠡᠳᠦᠷ᠎ᠤᠨ ᠪᠠᠶᠠᠷ᠎ᠤᠨ ᠴᠤᠭᠯᠠᠭ᠋ᠠᠨ ᠪᠣᠯᠣᠨ ᠭᠡᠷ ᠪᠦᠯᠢ ᠵᠢᠨ ᠬᠠᠮᠲᠤ ᠵᠢᠨ ᠬᠣᠭᠣᠯᠠᠨ᠎ᠤ ᠦᠢ᠍ᠯᠡᠴᠢᠯᠡᠭᠡ ᠬᠠᠩᠭ᠋ᠠᠵᠤ᠂ ᠡᠨᠡ᠎ᠨᠢ ᠪᠠᠭ᠎ᠠ ᠪᠤᠰᠤ ᠵᠠᠯᠠᠭᠤᠴᠤᠳ᠎ᠤᠨ ᠲᠠᠭ᠋ᠠᠰᠢᠶᠠᠯ᠎ᠢ ᠣᠯᠣᠭᠰᠠᠨ ᠪᠠᠢ᠌ᠨ᠎ᠠ᠃ ᠢᠳᠡᠵᠦ ᠤᠤᠭᠤᠬᠤ᠎ᠳᠤ ᠵᠣᠪᠠᠬᠤ ᠤᠴᠢᠷ ᠦᠭᠡᠢ ᠪᠣᠯᠣᠭᠰᠠᠨ ᠨᠠᠰᠤᠲᠠᠢ᠌ᠴᠤᠳ ᠪᠠᠰᠠ ᠭᠡᠷ᠎ᠠᠴᠠ᠎ᠪᠠᠨ ᠭᠠᠷᠴᠤ ᠥᠪᠡᠷ᠎ᠤᠨ ᠵᠶ᠋ᠠᠨ 《ᠰᠢᠯᠦᠭ ᠪᠠ ᠠᠯᠤᠰ ᠬᠣᠯᠠ》 ᠵᠦᠭ ᠲᠡᠮᠡᠦᠯᠬᠦ ᠬᠦᠰᠡᠯ ᠡᠷᠡᠮᠡᠯᠵᠡᠯ ᠪᠣᠢ᠃ ᠪᠤᠭᠤᠷᠤᠯᠴᠤᠳ᠎ᠤᠨ ᠭᠠᠯᠲᠤ ᠲᠡᠷᠭᠡ ᠪᠤᠭᠤᠷᠤᠯᠴᠤᠳ᠎ᠢ ᠠᠴᠢᠵᠤ ᠡᠬᠡ ᠤᠯᠤᠰ᠎ᠤᠨ ᠡᠯ᠎ᠡ ᠭᠠᠵᠠᠷ ᠵᠶ᠋ᠠᠷ ᠠᠶᠠᠯᠠᠨ᠎ᠠ᠃
      2 ᠰᠠᠷ᠎ᠠ ᠵᠢᠨ 25᠎ᠤ ᠡᠳᠦᠷ᠂ Y968 ᠤᠳᠠᠭ᠎ᠠ ᠵᠢᠨ ᠮᠠᠯᠤᠷ ᠦᠳᠡᠭᠡ ᠵᠢᠭᠤᠯᠴᠢᠯᠠᠯ᠎ᠤᠨ ᠲᠤᠰᠬᠠᠢ ᠭᠠᠯᠲᠤ ᠲᠡᠷᠭᠡ 212 ᠵᠤᠭ᠋ᠠᠴᠠᠭᠴᠢ ᠵᠢ ᠠᠴᠢᠵᠤ ᠰᠧᠴᠤᠸᠠᠨ᠎ᠤ ᠴᠧᠩᠳᠦ᠋ ᠵᠢᠨ ᠠᠨ ᠵᠢᠩ ᠥᠷᠲᠡᠭᠡ᠎ᠠᠴᠠ ᠮᠣᠷᠳᠠᠵᠤ᠂ ᠭᠦᠢ᠍ᠵᠧᠦ ᠵᠢᠨ ᠠᠨ ᠱᠦᠨ ᠵᠦᠭ ᠮᠣᠷᠳᠠᠪᠠ᠃ ᠨᠠᠰᠤᠲᠠᠢ᠌ᠴᠤᠳ᠎ᠲᠤ ᠬᠠᠨᠳᠤᠭᠤᠯᠤᠨ᠂ ᠭᠠᠯᠲᠤ ᠲᠡᠷᠭᠡᠨ᠎ᠤ ᠲᠤᠰᠬᠠᠢ ᠥᠷᠥᠭᠡ᠂ ᠬᠠᠯᠬᠠᠪᠴᠢ ᠬᠡᠷᠡᠰᠬᠡ᠂ ᠲᠦᠰᠢᠭᠦᠷ᠂ ᠪᠠᠴᠢᠮ ᠳᠠᠭᠤᠳᠠᠭᠤᠷ᠂ ᠬᠠᠯᠲᠤᠷᠢᠬᠤ᠎ᠠᠴᠠ ᠰᠡᠷᠭᠡᠢ᠌ᠯᠡᠬᠦ ᠳᠡᠪᠢᠰᠬᠡᠷ ᠵᠡᠷᠭᠡ ᠨᠠᠰᠤᠲᠠᠢ᠌ᠴᠤᠳ᠎ᠲᠤ ᠲᠣᠬᠢᠷᠠᠭᠤᠯᠤᠭᠰᠠᠨ ᠪᠡᠯᠡᠳᠬᠡᠮᠵᠢ ᠲᠥᠬᠦᠭᠡᠷᠦᠮᠵᠢ ᠢᠵᠢ ᠪᠦᠷᠢᠨ ᠪᠠᠢ᠌ᠨ᠎ᠠ᠃
      ᠠᠶᠠᠨᠴᠢᠨ ᠮᠠ ᠽᠢ ᠯᠢ᠄ ᠬᠣᠨᠣᠵᠤ ᠬᠡᠪᠲᠡᠬᠦ ᠢᠳᠡᠵᠦ ᠤᠤᠭᠤᠬᠤ ᠪᠦᠷ ᠰᠠᠢ᠌ᠨ᠂ ᠪᠠᠰᠠ ᠬᠠᠮᠢᠶᠠᠷᠤᠭᠴᠢ ᠪᠣᠯᠣᠨ ᠪᠦᠯᠬᠦᠮ ᠳᠠᠭ᠋ᠠᠭᠤᠯᠤᠭᠴᠢ ᠵᠢᠨ ᠬᠠᠯᠠᠭᠤᠨ ᠳᠣᠲᠣᠨᠣ ᠦᠢ᠍ᠯᠡᠴᠢᠯᠡᠭᠡ᠎ᠲᠠᠢ ᠪᠠᠢ᠌ᠳᠠᠭ᠃ ᠪᠢᠳᠡ ᠳᠠᠭ᠋ᠠᠭ᠋ᠠᠳ ᠶᠠᠪᠤᠪᠠᠯ ᠪᠣᠯᠴᠢᠬᠠᠨ᠎ᠠ᠂ ᠰᠡᠳᠬᠢᠯ ᠵᠣᠪᠠᠭᠰᠠᠨ᠎ᠤ ᠬᠡᠷᠡᠭ ᠣᠭᠲᠣ ᠠᠯᠠᠭ᠎ᠠ ᠭᠡᠵᠦ ᠶᠠᠷᠢᠨ᠎ᠠ᠃
      2024 ᠣᠨ᠎ᠳᠤ᠂ ᠤᠯᠤᠰ᠎ᠠᠴᠠ 《ᠪᠤᠭᠤᠷᠤᠯᠴᠤᠳ᠎ᠤᠨ ᠠᠵᠤ ᠠᠬᠤᠢ ᠵᠢ ᠬᠥᠭᠵᠢᠭᠦᠯᠵᠦ ᠨᠠᠰᠤᠲᠠᠢ᠌ᠴᠤᠳ᠎ᠤᠨ ᠪᠤᠶᠠᠨ ᠵᠢᠷᠭ᠋ᠠᠯ᠎ᠢ ᠨᠡᠮᠡᠭᠳᠡᠭᠦᠯᠬᠦ》 26 ᠵᠦᠢ᠍ᠯ᠎ᠤᠨ ᠠᠷᠭ᠎ᠠ ᠬᠡᠮᠵᠢᠶ᠎ᠡ ᠵᠢ ᠨᠡᠢ᠌ᠲᠡᠯᠡᠵᠦ᠂ ᠪᠦᠬᠦ ᠤᠯᠤᠰ᠎ᠤᠨ 1860 ᠴᠤᠪᠤᠭ᠎ᠠ ᠵᠢᠭᠤᠯᠴᠢᠯᠠᠯ᠎ᠤᠨ ᠭᠠᠯᠲᠤ ᠲᠡᠷᠭᠡ᠎ᠪᠠᠷ ᠵᠤᠭ᠋ᠠᠴᠠᠭᠰᠠᠳ᠎ᠢ 100 ᠲᠦᠮᠡᠨ ᠬᠥᠮᠥᠨ ᠤᠳᠠᠭ᠎ᠠ ᠵᠥᠭᠡᠭᠡᠪᠦᠷᠢᠯᠡᠵᠦ᠂ ᠨᠠᠰᠤᠲᠠᠢ᠌ᠴᠤᠳ᠎ᠤᠨ ᠵᠤᠭ᠋ᠠᠴᠠᠭᠰᠠᠳ᠎ᠤᠨ ᠡᠵᠡᠯᠡᠬᠦ ᠬᠠᠷᠢᠴᠠᠯ ᠨᠠᠢ᠍ᠮᠠᠨ ᠬᠤᠪᠢ ᠵᠢ ᠳᠠᠪᠠᠵᠠᠢ᠃ ᠨᠢᠭᠡ ᠵᠢᠯ᠎ᠤᠨ ᠲᠤᠷᠰᠢ᠂ ᠪᠥᠬᠥ ᠤᠯᠤᠰ᠎ᠤᠨ 386 ᠬᠣᠲᠠ᠎ᠳᠤ 2254 ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠬᠦᠭᠡᠷᠦᠮᠵᠢ ᠵᠢ ᠰᠢᠨ᠎ᠡ᠎ᠪᠠᠷ ᠪᠠᠢ᠌ᠭᠤᠯᠪᠠ ᠁ ᠡᠨᠡ᠎ᠨᠢ ᠶᠠᠭ 2024 ᠣᠨ᠎ᠤ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠳᠠᠬᠢ 《ᠨᠠᠰᠤᠲᠠᠢ᠌ᠴᠤᠳ᠎ᠤᠨ ᠬᠡᠷᠡᠭᠯᠡᠭᠡᠨ᠎ᠤ ᠵᠦᠢ᠍ᠯ ᠪᠠ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠴᠢᠩᠭ᠋ᠠᠳᠬᠠᠵᠤ᠂ ᠪᠤᠭᠤᠷᠤᠯᠴᠤᠳ᠎ᠤᠨ ᠠᠵᠤ ᠠᠬᠤᠢ ᠵᠢ ᠶᠡᠬᠡᠪᠡᠷ ᠬᠥᠭᠵᠢᠭᠦᠯᠬᠦ》 ᠵᠢ ᠨᠠᠢ᠌ᠳᠠᠪᠤᠷᠢᠵᠢᠭᠤᠯᠤᠭᠰᠠᠨ᠎ᠤ ᠠᠮᠢᠳᠤᠯᠢᠭ ᠢᠯᠡᠷᠡᠯ ᠮᠥᠨ᠃
      ᠨᠠᠰᠤᠲᠠᠢ᠌ᠴᠤᠳ᠎ᠢ ᠬᠠᠯᠠᠮᠵᠢᠯᠠᠬᠤ᠎ᠪᠠᠷ ᠪᠠᠷᠠᠬᠤ ᠦᠭᠡᠢ ᠪᠠᠰᠠ ᠵᠠᠯᠠᠭᠤ ᠡᠴᠢᠭᠡ ᠡᠬᠡ ᠵᠢᠨ ᠬᠡᠦᠬᠡᠳ ᠵᠶ᠋ᠠᠨ ᠬᠥᠮᠥᠵᠢᠭᠦᠯᠬᠦ ᠬᠦᠴᠢᠷ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠦᠨ᠎ᠡ᠃ ᠡᠨᠡ ᠨᠢᠭᠡ ᠵᠢᠯ᠎ᠳᠤ᠂ ᠤᠯᠤᠰ᠎ᠠᠴᠠ ᠦᠷᠡᠵᠢᠯ᠎ᠢ ᠳᠡᠮᠵᠢᠬᠦ ᠲᠥᠷᠥ ᠵᠢᠨ ᠪᠣᠳᠣᠯᠭ᠎ᠠ ᠵᠢᠨ ᠰᠢᠰᠲ᠋ᠧᠮ᠎ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠨᠡᠢ᠌ᠳᠡᠮ ᠠᠰᠢᠭ ᠬᠦᠷᠲᠡᠭᠡᠬᠦ ᠬᠡᠦᠬᠡᠳ ᠰᠠᠭ᠋ᠠᠲᠠᠭᠤᠯᠬᠤ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠨᠡᠮᠡᠭᠳᠡᠭᠦᠯᠵᠡᠢ᠃ 2024 ᠣᠨ᠎ᠤ ᠡᠴᠦᠰ ᠪᠣᠯᠲᠠᠯ᠎ᠠ᠂ ᠪᠥᠬᠥ ᠤᠯᠤᠰ᠎ᠤᠨ 1315 ᠰᠢᠶᠠᠨ ᠭᠡᠷ ᠪᠦᠯᠢ᠎ᠳᠤ ᠬᠠᠨᠳᠤᠭᠤᠯᠤᠭᠰᠠᠨ ᠴᠡᠴᠡᠷᠯᠢᠭ᠎ᠲᠤ ᠣᠷᠣᠬᠤ ᠬᠡᠷᠡᠭᠯᠡᠭᠡᠨ᠎ᠤ ᠲᠡᠮᠳᠡᠭᠲᠦ ᠵᠢᠴᠢ ᠨᠠᠶ᠋ᠢᠳᠠᠨ ᠬᠥᠮᠥᠵᠢᠭᠦᠯᠬᠦ ᠪᠠᠢ᠌ᠭᠤᠯᠤᠮᠵᠢ᠎ᠳᠤ ᠬᠠᠨᠳᠤᠭᠤᠯᠤᠭᠰᠠᠨ ᠪᠦᠲᠦᠭᠡᠨ ᠪᠠᠢ᠌ᠭᠤᠯᠤᠯᠲᠠ ᠵᠢᠨ ᠨᠥᠬᠥᠪᠦᠷᠢ᠂ ᠡᠵᠡᠩᠨᠡᠯᠲᠡ ᠵᠢᠨ ᠨᠥᠬᠥᠪᠦᠷᠢ ᠵᠡᠷᠭᠡ ᠳᠡᠮᠵᠢᠯᠭᠡ ᠵᠢᠨ ᠠᠷᠭ᠎ᠠ ᠬᠡᠮᠵᠢᠶ᠎ᠡ ᠵᠢ ᠨᠡᠢ᠌ᠲᠡᠯᠡᠪᠡ᠃
      ᠲᠥᠷᠥ ᠵᠢᠨ ᠪᠣᠳᠣᠯᠭ᠎ᠠ ᠬᠦᠴᠦ᠎ᠪᠠᠨ ᠬᠠᠮᠲᠤᠳᠬᠠᠨ ᠴᠢᠨᠠᠷ ᠰᠠᠢ᠌ᠲᠠᠢ ᠪᠥᠭᠡᠳ ᠭᠦᠢ᠍ᠴᠡᠳ ᠠᠵᠢᠯ ᠣᠯᠭᠣᠯᠲᠠ ᠵᠢ ᠠᠬᠢᠭᠤᠯᠪᠠ
      《ᠨᠢᠭᠡ ᠨᠠᠰᠤᠲᠠᠨ ᠨᠢᠭᠡ ᠨᠢᠯᠬᠠᠰ》᠎ᠤᠨ ᠬᠦᠴᠢᠷ ᠠᠰᠠᠭᠤᠳᠠᠯ᠎ᠢ ᠰᠢᠢ᠍ᠳᠪᠦᠷᠢᠯᠡᠬᠦ᠎ᠠᠴᠠ ᠭᠠᠳᠠᠨ᠎ᠠ᠂ ᠵᠠᠯᠠᠭᠤᠴᠤᠳ᠎ᠤᠨ ᠠᠵᠢᠯ ᠣᠯᠵᠤ ᠴᠢᠳᠠᠪᠤᠷᠢᠲᠠᠨ ᠪᠣᠯᠬᠤ ᠶᠠᠪᠤᠳᠠᠯ᠎ᠨᠢ ᠴᠦ᠍ ᠬᠥᠮᠥᠰ᠎ᠤᠨ ᠰᠡᠳᠬᠢᠯ ᠲᠠᠯᠪᠢᠵᠤ ᠪᠠᠢ᠌ᠭ᠎ᠠ ᠠᠰᠠᠭᠤᠳᠠᠯ ᠪᠣᠯᠣᠨ᠎ᠠ᠃ ᠲᠣᠰ ᠵᠢᠯ᠎ᠳᠤ᠂ ᠤᠯᠤᠰ᠎ᠠᠴᠠ ᠰᠦᠯᠵᠢᠶᠡᠨ᠎ᠤ ᠠᠮᠤᠷ ᠲᠦᠪᠰᠢᠨ᠎ᠤ ᠵᠡᠷᠭᠡ ᠳᠡᠰ᠎ᠤᠨ ᠬᠠᠮᠠᠭ᠋ᠠᠯᠠᠯᠲᠠ ᠵᠢᠨ ᠰᠢᠯᠭ᠋ᠠᠨ ᠲᠣᠭᠲᠠᠭ᠋ᠠᠭᠴᠢ᠂ ᠵᠣᠬᠢᠶᠠᠮᠠᠯ ᠣᠶᠤᠨᠯᠢᠭ᠎ᠤᠨ ᠰᠢᠰᠲ᠋ᠧᠮ᠎ᠤᠨ ᠬᠡᠷᠡᠭᠯᠡᠭᠴᠢ᠂ ᠰᠣᠶᠣᠯ᠎ᠤᠨ ᠡᠭᠦᠳᠦᠯᠲᠡ ᠵᠢᠨ ᠦᠢ᠍ᠯᠡᠳᠬᠦᠨ᠎ᠤ ᠤᠬᠠᠭ᠋ᠠᠯᠠᠨ ᠡᠵᠡᠩᠨᠡᠭᠴᠢ᠂ ᠴᠠᠨᠠᠴᠢᠨ ᠲᠣᠭᠣᠷᠢᠨ ᠠᠪᠤᠷᠠᠭᠴᠢ ᠵᠡᠷᠭᠡ 19 ᠰᠢᠨ᠎ᠡ ᠠᠵᠢᠯ ᠲᠥᠷᠥᠯ᠎ᠢ ᠨᠡᠢ᠌ᠲᠡᠯᠡᠪᠡ᠂ ᠣᠳᠣᠬᠠᠨ᠎ᠳᠤ᠂ ᠵᠠᠬᠢᠶᠠᠯᠠᠭ᠎ᠠ ᠵᠢᠨ ᠬᠣᠭᠣᠯᠠ᠂ ᠲᠦᠷᠭᠡᠨ ᠬᠦᠷᠭᠡᠭᠴᠢ᠂ ᠰᠦᠯᠵᠢᠶ᠎ᠡ᠎ᠪᠠᠷ ᠪᠣᠯᠵᠣᠬᠤ ᠮᠠᠰᠢᠨ ᠲᠡᠷᠭᠡᠨ᠎ᠤ ᠵᠢᠯᠣᠭᠣᠴᠢ ᠵᠢ ᠪᠠᠭᠲᠠᠭ᠋ᠠᠭᠰᠠᠨ ᠪᠥᠬᠥ ᠤᠯᠤᠰ᠎ᠤᠨ ᠰᠢᠨ᠎ᠡ ᠠᠵᠢᠯ ᠣᠯᠭᠣᠯᠲᠠ ᠵᠢᠨ ᠬᠡᠯᠪᠡᠷᠢ ᠵᠢᠨ ᠬᠥᠳᠡᠯᠮᠦᠷᠢᠴᠢᠨ ᠨᠢᠭᠡᠨᠲᠡ 8400 ᠲᠦᠮᠡ ᠵᠢ ᠳᠠᠪᠠᠵᠤ᠂ ᠠᠵᠢᠯᠲᠠᠨ ᠠᠵᠢᠯᠴᠢᠨ᠎ᠤ ᠪᠥᠬᠥ ᠲᠣᠭ᠋ᠠᠨ᠎ᠤ 20% ᠎ᠠᠴᠠ ᠳᠡᠭᠡᠭᠰᠢᠬᠢ ᠵᠢ ᠡᠵᠡᠯᠡᠵᠦ ᠪᠠᠢ᠌ᠨ᠎ᠠ᠃
      ᠡᠮ ᠡᠮᠨᠡᠯᠭᠡ ᠵᠢᠨ ᠳᠠᠭ᠋ᠠᠳᠬᠠᠯ᠎ᠤᠨ ᠳᠦᠷᠢᠮ᠎ᠤᠨ ᠥᠭᠡᠷᠡᠴᠢᠯᠡᠯᠲᠡ ᠵᠢ ᠦᠷᠬᠦᠯᠵᠢᠯᠡᠨ ᠭᠦᠨᠵᠡᠭᠡᠢ᠌ᠷᠡᠭᠦᠯᠪᠡ
      ᠡᠪᠡᠳᠴᠢᠨ ᠦᠵᠡᠭᠦᠯᠵᠦ ᠡᠮᠨᠡᠭᠦᠯᠬᠦ᠎ᠨᠢ ᠮᠥᠨ ᠴᠦ᠍ ᠠᠷᠠᠳ ᠢᠷᠭᠡᠳ᠎ᠤᠨ ᠡᠳᠦᠷ ᠲᠤᠲᠤᠮ᠎ᠤᠨ ᠠᠮᠢᠳᠤᠷᠠᠯ᠎ᠲᠠᠢ ᠨᠢᠭᠲᠠ ᠬᠣᠯᠪᠣᠭ᠎ᠠ᠎ᠲᠠᠢ ᠪᠠᠢ᠌ᠳᠠᠭ᠃ ᠡᠨᠡ ᠨᠢᠭᠡ ᠵᠢᠯ᠎ᠳᠤ 29 ᠮᠤᠵᠢ (ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ) ᠵᠢᠴᠢ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠢ᠌ᠭᠤᠯᠤᠯᠲᠠ ᠵᠢᠨ ᠪᠢᠩᠲ᠋ᠤᠸᠠᠨ᠎ᠤ ᠲᠣᠭᠲᠠᠭ᠋ᠠᠭᠰᠠᠨ ᠡᠮ᠎ᠤᠨ ᠳᠡᠯᠭᠡᠭᠦᠷ᠎ᠤᠨ ᠦᠨ᠎ᠡ ᠵᠢᠨ ᠬᠠᠷᠢᠴᠠᠯ᠎ᠤᠨ ᠵᠢᠵᠢᠭ ᠫᠷᠣᠭ᠌ᠷᠠᠮ᠎ᠢ ᠰᠦᠯᠵᠢᠶᠡᠨ᠎ᠳᠤ ᠣᠷᠣᠭᠤᠯᠵᠤ᠂ ᠡᠮ᠎ᠤᠨ ᠵᠦᠢ᠍ᠯ᠎ᠤᠨ ᠦᠨ᠎ᠡ ᠵᠢ ᠭᠠᠷ ᠤᠲᠠᠰᠤᠨ ᠳᠡᠭᠡᠷ᠎ᠡ᠎ᠠᠴᠠ ᠨᠢᠭᠡ ᠯᠡ ᠳᠡᠭᠡᠷ᠎ᠡ ᠪᠠᠢ᠌ᠴᠠᠭ᠋ᠠᠨ ᠯᠠᠪᠯᠠᠵᠤ᠂ ᠴᠠᠭ ᠲᠤᠬᠠᠢ᠎ᠳᠤᠨᠢ ᠬᠠᠷᠢᠴᠠᠭᠤᠯᠵᠤ᠂ ᠡᠮ ᠬᠤᠳᠠᠯᠳᠤᠨ ᠠᠪᠬᠤ᠎ᠳᠤ ᠵᠣᠭᠣᠰ ᠠᠷᠪᠢᠯᠠᠬᠤ ᠮᠥᠷᠲᠡᠭᠡᠨ ᠰᠠᠨᠠᠭ᠎ᠠ ᠠᠮᠤᠷ ᠪᠣᠯᠭ᠋ᠠᠪᠠ; 91 ᠵᠦᠢ᠍ᠯ᠎ᠤᠨ ᠰᠢᠨ᠎ᠡ᠎ᠪᠠᠷ ᠨᠡᠮᠡᠭᠳᠡᠭᠰᠡᠨ ᠡᠮ᠎ᠤᠨ ᠵᠦᠢ᠍ᠯ᠎ᠢ ᠤᠯᠤᠰ᠎ᠤᠨ ᠡᠮ ᠡᠮᠨᠡᠯᠭᠡ ᠵᠢᠨ ᠳᠠᠭ᠋ᠠᠳᠬᠠᠯ᠎ᠤᠨ ᠡᠮ᠎ᠤᠨ ᠵᠦᠢ᠍ᠯ᠎ᠤᠨ ᠭᠠᠷᠴᠠᠭ᠎ᠲᠤ ᠣᠷᠣᠭᠤᠯᠵᠤ᠂ ᠠᠷᠠᠳ ᠤᠯᠠᠨ᠎ᠤ ᠳᠠᠷᠤᠭ᠋ᠠᠰᠤ ᠵᠢ ᠦᠨᠡᠨ ᠬᠦ᠌ ᠬᠥᠩᠭᠡᠯᠡᠪᠡ; ᠠᠵᠢᠯᠲᠠᠨ ᠠᠵᠢᠯᠴᠢᠨ᠎ᠤ ᠡᠮ ᠡᠮᠨᠡᠯᠭᠡ ᠵᠢᠨ ᠳᠠᠭ᠋ᠠᠳᠬᠠᠯ᠎ᠤᠨ ᠬᠤᠪᠢ ᠬᠥᠮᠥᠨ᠎ᠤ ᠲᠠᠩᠰᠠᠨ ᠡᠷᠦᠬᠡ ᠵᠢᠨ ᠬᠠᠷᠢᠯᠴᠠᠨ ᠬᠠᠷᠠᠭ᠋ᠠᠯᠵᠠᠬᠤ ᠬᠡᠪᠴᠢᠶ᠎ᠡ ᠵᠢ ᠥᠷᠭᠡᠳᠬᠡᠵᠦ᠂ 2024 ᠣᠨ᠎ᠤ 1—12 ᠰᠠᠷ᠎ᠠ᠎ᠳᠤ᠂ ᠠᠵᠢᠯᠲᠠᠨ ᠠᠵᠢᠯᠴᠢᠨ᠎ᠤ ᠡᠮ ᠡᠮᠨᠡᠯᠭᠡ ᠵᠢᠨ ᠳᠠᠭ᠋ᠠᠳᠬᠠᠯ᠎ᠤᠨ ᠬᠤᠪᠢ ᠬᠥᠮᠥᠨ᠎ᠤ ᠲᠠᠩᠰᠠᠨ ᠡᠷᠦᠬᠡ ᠵᠢᠨ ᠮᠤᠵᠢ ᠵᠢᠨ ᠳᠣᠲᠣᠷ᠎ᠠ᠎ᠪᠠᠨ 3.71 ᠳ᠋ᠦᠩᠰᠢᠭᠤᠷ ᠬᠥᠮᠥᠨ ᠤᠳᠠᠭ᠎ᠠ ᠬᠠᠷᠢᠯᠴᠠᠨ ᠬᠠᠷᠠᠭ᠋ᠠᠯᠵᠠᠵᠤ᠂ ᠬᠠᠷᠢᠯᠴᠠᠨ ᠬᠠᠷᠠᠭ᠋ᠠᠯᠵᠠᠭᠰᠠᠨ ᠵᠣᠭᠣᠰ᠎ᠤᠨ ᠲᠣᠭ᠎ᠠ᠎ᠨᠢ 500 ᠳ᠋ᠦᠩᠰᠢᠭᠤᠷ ᠲᠥᠭᠥᠷᠢᠭ᠎ᠢ ᠳᠠᠪᠠᠪᠠ᠃
      2024 ᠣᠨ᠎ᠢ ᠡᠷᠭᠢᠴᠡᠭᠦᠯᠬᠦᠶ᠎ᠡ᠂ ᠠᠷᠠᠳ ᠤᠯᠠᠨ ᠢᠳᠡᠵᠦ ᠡᠮᠦᠰᠬᠦ ᠶᠠᠪᠤᠵᠤ ᠰᠠᠭᠤᠬᠤ ᠳᠤᠮᠳᠠ᠎ᠪᠠᠨ ᠵᠣᠯ ᠵᠢᠷᠭ᠋ᠠᠯ᠎ᠤᠨ ᠲᠥᠷᠥᠭᠳᠡᠯ ᠪᠠ ᠬᠦᠷᠲᠡᠮᠵᠢ ᠵᠢᠨ ᠲᠥᠷᠥᠭᠳᠡᠯ᠎ᠢ ᠲᠠᠰᠤᠷᠠᠯᠳᠠ ᠦᠭᠡᠢ ᠣᠯᠵᠤ ᠪᠠᠢ᠌ᠨ᠎ᠠ᠃ ᠪᠥᠬᠥ ᠤᠯᠤᠰ᠎ᠤᠨ ᠨᠢᠭᠡᠳᠦᠯᠲᠡᠢ ᠢᠳᠡᠭᠡᠨ᠎ᠤ ᠠᠮᠤᠷ ᠲᠦᠪᠰᠢᠨ᠎ᠤ ᠠᠷᠠᠳ᠎ᠤᠨ ᠰᠠᠨᠠᠭ᠎ᠠ ᠵᠢ ᠴᠤᠭᠯᠠᠭᠤᠯᠬᠤ ᠰᠢᠰᠲ᠋ᠧᠮ᠎ᠢ ᠰᠦᠯᠵᠢᠶᠡᠨ᠎ᠳᠤ ᠣᠷᠣᠭᠤᠯᠵᠤ᠂ ᠬᠡᠷᠡᠭᠯᠡᠭᠴᠢᠳ᠎ᠤᠨ ᠬᠡᠷᠡᠭᠴᠡᠭᠡ ᠱᠠᠭ᠋ᠠᠷᠳᠠᠯᠭ᠎ᠠ ᠵᠢ ᠳᠡᠭᠡᠭᠰᠢᠯᠡᠭᠦᠯᠦᠨ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠰᠤᠭᠤᠯᠤᠨ ᠪᠠᠢ᠌ᠴᠠᠭ᠋ᠠᠬᠤ ᠠᠵᠢᠯ᠎ᠢ ᠵᠣᠬᠢᠶᠠᠨ ᠪᠠᠢ᠌ᠭᠤᠯᠬᠤ ᠵᠢᠨ ᠬᠠᠮᠲᠤ ᠦᠷ᠎ᠡ ᠳ᠋ᠦᠩ᠎ᠢ᠎ᠨᠢ ᠨᠡᠢ᠌ᠲᠡᠯᠡᠵᠦ᠂ ᠠᠷᠠᠳ ᠤᠯᠠᠨ᠎ᠤ ᠢᠳᠡᠬᠦ ᠠᠰᠠᠭᠤᠳᠠᠯ᠎ᠢ ᠨᠠᠩ ᠰᠠᠨᠠᠭ᠎ᠠ ᠠᠮᠤᠷ ᠪᠣᠯᠪᠠ; ᠤᠯᠤᠰ᠎ᠠᠴᠠ ᠬᠠᠭᠤᠴᠢᠨ ᠰᠠᠭᠤᠭ᠋ᠠᠯᠢ ᠠᠷᠠᠳ᠎ᠤᠨ ᠲᠣᠭᠣᠷᠢᠭ᠎ᠢ ᠰᠢᠨᠡᠳᠬᠡᠨ ᠵᠠᠰᠠᠬᠤ ᠠᠵᠢᠯ᠎ᠢ ᠦᠷᠭᠦᠯᠵᠢᠯᠡᠨ ᠥᠷᠨᠢᠭᠦᠯᠵᠦ᠂ 2024 ᠣᠨ᠎ᠳᠤ᠂ ᠪᠦᠬᠦ ᠤᠯᠤᠰ᠎ᠲᠤ 5.6 ᠲᠦᠮᠡᠨ ᠰᠠᠭᠤᠭ᠋ᠠᠯᠢ ᠠᠷᠠᠳ᠎ᠤᠨ ᠲᠣᠭᠣᠷᠢᠭ᠎ᠢ ᠰᠢᠨᠡᠳᠬᠡᠨ ᠵᠠᠰᠠᠬᠤ᠎ᠪᠠᠷ ᠳᠠᠮᠵᠢᠨ ᠠᠷᠠᠳ ᠢᠷᠭᠡᠳ᠎ᠢ ᠨᠡᠩ ᠲᠠᠭ᠋ᠠᠯᠠᠮᠵᠢᠲᠠᠢ ᠣᠷᠣᠨ ᠰᠠᠭᠤᠴᠠ ᠵᠢᠨ ᠣᠷᠴᠢᠨ ᠲᠣᠭᠣᠷᠢᠨ᠎ᠲᠠᠢ ᠪᠣᠯᠭ᠋ᠠᠵᠠᠢ; 《ᠨᠢᠭᠡ ᠮᠥᠴᠡ ᠵᠢᠨ ᠠᠷᠠᠳ᠎ᠲᠤ ᠲᠥᠬᠥᠮ ᠦᠵᠡᠭᠦᠯᠬᠦ ᠠᠮᠢᠳᠤᠷᠠᠯ᠎ᠤᠨ ᠲᠣᠭᠣᠷᠢᠭ》᠎ᠢ ᠲᠠᠰᠤᠷᠠᠯᠲᠠ ᠦᠭᠡᠢ ᠥᠷᠭᠡᠵᠢᠭᠦᠯᠵᠦ᠂ ᠡᠯ᠎ᠡ ᠲᠥᠷᠥᠯ᠎ᠤᠨ ᠰᠣᠶᠣᠯ ᠴᠡᠩᠭᠡᠯ᠎ᠤᠨ ᠬᠡᠷᠡᠭᠴᠡᠭᠡ ᠱᠠᠭ᠋ᠠᠷᠳᠠᠯᠭ᠎ᠠ ᠵᠢ ᠰᠢᠢ᠍ᠳᠪᠦᠷᠢᠯᠡᠵᠦ᠂ ᠭᠡᠷ᠎ᠤᠨ ᠡᠭᠦᠳᠡᠨ᠎ᠳᠠᠬᠢ ᠰᠣᠶᠣᠯ ᠪᠡᠶ᠎ᠡ ᠵᠢᠨ ᠲᠠᠮᠢᠷ᠎ᠤᠨ ᠬᠥᠳᠡᠯᠭᠡᠭᠡᠨ ᠤᠯᠠᠮ᠎ᠠᠴᠠ ᠤᠯᠠᠮ ᠪᠠᠶᠠᠯᠢᠭᠵᠢᠵᠤ᠂ ᠠᠷᠠᠳ ᠢᠷᠭᠡᠳ᠎ᠤᠨ ᠠᠮᠢᠳᠤᠷᠠᠯ ᠨᠠᠩ ᠪᠠᠶᠠᠷ ᠬᠥᠷ᠎ᠲᠠᠢ ᠪᠣᠯᠪᠠ᠃ ᠡᠨᠡ ᠨᠢᠭᠡ ᠵᠢᠯ᠎ᠳᠤ᠂ ᠤᠯᠤᠰ᠎ᠠᠴᠠ ᠥᠭᠡᠷᠡᠴᠢᠯᠡᠯᠲᠡ᠎ᠪᠠᠷ ᠬᠦᠴᠦᠯᠡᠬᠦ ᠴᠡᠭ ᠪᠠ ᠰᠢᠪᠲᠤᠯᠤᠯᠲᠠ ᠵᠢᠨ ᠴᠡᠭ ᠪᠣᠯᠭ᠋ᠠᠵᠤ᠂ ᠬᠥᠭᠵᠢᠯᠲᠡ ᠵᠢᠨ ᠳᠤᠮᠳᠠ ᠠᠷᠠᠳ᠎ᠤᠨ ᠠᠮᠢᠳᠤᠷᠠᠯ᠎ᠢ ᠪᠠᠲᠤᠯᠠᠨ ᠰᠠᠢ᠌ᠵᠢᠷᠠᠭᠤᠯᠪᠠ᠃ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠳᠤ ᠬᠢᠭᠰᠡᠨ ᠠᠮᠠᠯᠠᠯᠲᠠ᠎ᠨᠤᠭᠤᠳ᠎ᠨᠢ ᠣᠲᠣ ᠶᠠᠭ ᠠᠷᠠᠳ ᠤᠯᠠᠨ᠎ᠤ ᠳᠡᠷᠭᠡᠳᠡᠬᠢ ᠰᠠᠢ᠍ᠢ᠍ᠨ ᠰᠠᠢ᠌ᠬᠠᠨ ᠪᠣᠳᠠᠲᠤ ᠠᠬᠤᠢ ᠪᠣᠯᠵᠤ ᠪᠠᠢ᠌ᠨ᠎ᠠ᠃

ᠢᠷᠡᠯᠲᠡ᠄ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            