ᠣᠶ᠋ᠢᠷ᠎ᠠ᠎ᠳᠤ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ᠂ ᠡᠳ᠋᠎ᠤᠨ ᠵᠠᠰᠠᠭ᠎ᠤᠨ ᠶᠠᠮᠤᠨ᠂ ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ ᠬᠠᠮᠲᠤᠷᠠᠨ 《ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠮᠤᠵᠢ ᠠᠯᠤᠰᠯᠠᠨ ᠣᠨᠳᠣᠸ᠋ ᠭᠠᠵᠠᠷ᠎ᠲᠤ ᠡᠮᠨᠡᠭᠦᠯᠦᠭᠰᠡᠨ ᠵᠠᠷᠤᠳᠠᠯ᠎ᠢ ᠰᠢᠭᠤᠳ ᠲᠡᠰᠦᠯᠦᠨ ᠪᠤᠳᠤᠬᠤ ᠠᠵᠢᠯ᠎ᠢ ᠪᠥᠬᠥ ᠲᠠᠯ᠎ᠠ᠎ᠪᠠᠷ ᠥᠷᠨᠢᠭᠦᠯᠬᠦ ᠲᠤᠬᠠᠶ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠪᠠ᠃ 4 ᠰᠠᠷ᠎ᠠ ᠵᠢᠨ 1᠎ᠤ ᠡᠳᠦᠷ᠎ᠠᠴᠠ ᠡᠬᠢᠯᠡᠨ᠂ ᠪᠥᠬᠥ ᠲᠤᠰᠬᠠᠶ ᠣᠷᠣᠨ᠎ᠤ ᠲᠠᠰ᠎ᠤᠨ ᠬᠣᠲᠠ᠎ᠳᠤ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠮᠤᠵᠢ ᠠᠯᠤᠰᠯᠠᠨ ᠣᠨᠳᠣᠸ᠋ ᠭᠠᠵᠠᠷ᠎ᠲᠤ ᠡᠮᠨᠡᠭᠦᠯᠦᠭᠰᠡᠨ ᠵᠠᠷᠤᠳᠠᠯ᠎ᠢ ᠰᠢᠭᠤᠳ ᠳ᠋ᠦᠩᠨᠡᠨ ᠪᠤᠳᠤᠬᠤ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠪᠥᠬᠥ ᠤᠯᠤᠰ᠎ᠤᠨ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠣᠨᠳᠣᠸ᠋ ᠭᠠᠵᠠᠷ᠎ᠲᠤ ᠡᠮᠨᠡᠭᠦᠯᠦᠭᠰᠡᠨ ᠵᠠᠷᠤᠳᠠᠯ᠎ᠢ ᠳ᠋ᠦᠩᠨᠡᠨ ᠪᠤᠳᠤᠬᠤ ᠮᠡᠳᠡᠭᠡ ᠵᠠᠩᠭᠢ ᠵᠢᠨ ᠰᠢᠰᠲ᠋ᠧᠮ᠎ᠳᠤ ᠲᠦᠰᠢᠭᠯᠡᠨ᠂ ᠠᠵᠢᠯ᠎ᠠᠴᠠ ᠪᠣᠯᠵᠣ ᠭᠡᠮᠲᠦᠭᠰᠡᠨ ᠠᠵᠢᠯᠲᠠᠨ ᠠᠵᠢᠯᠴᠢᠨ᠎ᠤ ᠨᠡᠶ᠋ᠢᠭᠡᠮ᠎ᠤᠨ ᠪᠠᠲᠤᠯᠠᠭ᠎ᠠ ᠵᠢᠨ ᠺᠠᠷᠲ (ᠡᠯᠧᠺᠲᠷᠣᠨ ᠨᠡᠶ᠋ᠢᠭᠡᠮ᠎ᠤᠨ ᠪᠠᠳᠤᠯᠠᠭ᠎ᠠ ᠵᠢᠨ ᠺᠠᠷᠲ ᠪᠠᠭᠲᠠᠨ᠎ᠠ) ᠵᠶ᠋ᠠᠷ ᠮᠤᠵᠢ ᠠᠯᠤᠰᠯᠠᠨ ᠣᠨᠳᠣᠸ᠋ ᠭᠠᠵᠠᠷ᠎ᠲᠤ ᠡᠮᠨᠡᠭᠦᠯᠦᠭᠰᠡᠨ ᠠᠵᠢᠯ᠎ᠠᠴᠠ ᠪᠣᠯᠤᠭᠰᠠᠨ ᠭᠡᠮᠲᠦᠯ᠎ᠤᠨ ᠡᠮᠴᠢᠯᠡᠭᠡᠨ᠎ᠤ ᠵᠠᠷᠤᠳᠠᠯ᠂ ᠡᠮᠨᠡᠯᠭᠡ᠎ᠳᠤ ᠰᠠᠭᠤᠭᠰᠠᠨ ᠠᠵᠢᠯ᠎ᠠᠴᠠ ᠪᠣᠯᠤᠭᠰᠠᠨ ᠭᠡᠮᠲᠦᠯ᠎ᠤᠨ ᠡᠷᠡᠭᠦᠯᠵᠢᠯ᠎ᠤᠨ ᠵᠠᠷᠤᠳᠠᠯ ᠪᠠ ᠲᠤᠰᠠᠯᠠᠬᠤ ᠪᠠᠭ᠋ᠠᠵᠢ ᠬᠡᠷᠡᠭᠰᠡᠯ᠎ᠤᠨ ᠲᠣᠬᠢᠷᠠᠭᠤᠯᠤᠯᠲᠠ ᠵᠢᠨ ᠵᠠᠷᠤᠳᠠᠯ᠎ᠢ ᠰᠢᠭᠤᠳ ᠳ᠋ᠦᠩᠨᠡᠨ ᠪᠤᠳᠤᠬᠤ ᠵᠢ ᠠᠯᠬᠤᠮ ᠠᠯᠬᠤᠮ ᠵᠶ᠋ᠠᠷ ᠪᠡᠶᠡᠯᠡᠭᠦᠯᠦᠨ᠎ᠡ᠃
《ᠮᠡᠳᠡᠭᠳᠡᠯ》᠎ᠳᠤ ᠪᠥᠬᠥ ᠲᠠᠯ᠎ᠠ᠎ᠪᠠᠷ ᠬᠡᠷᠡᠭᠵᠢᠭᠦᠯᠦᠭᠰᠡᠨ᠎ᠤ ᠳᠠᠷᠠᠭ᠋ᠠᠬᠢ ᠠᠵᠢᠯ᠎ᠤᠨ ᠬᠠᠷᠠᠭ᠎ᠠ᠎ᠪᠠᠷ ᠭᠡᠮᠲᠦᠭᠰᠡᠨ ᠠᠵᠢᠯᠲᠠᠨ ᠠᠵᠢᠯᠴᠢᠨ᠎ᠤ ᠮᠤᠵᠢ ᠠᠯᠤᠰᠯᠠᠨ ᠣᠨᠳᠣᠸ᠋ ᠭᠠᠵᠠᠷ᠎ᠲᠤ ᠡᠪᠡᠳᠴᠢᠨ ᠦᠵᠡᠭᠦᠯᠬᠦ ᠬᠣᠯᠪᠣᠭᠳᠠᠯ ᠪᠥᠬᠥᠶ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ᠂ ᠡᠪᠡᠳᠴᠢᠨ ᠦᠵᠡᠭᠦᠯᠬᠦ ᠶᠠᠪᠤᠴᠠ᠂ ᠳᠠᠩᠰᠠᠯᠠᠭᠤᠯᠬᠤ ᠭᠠᠷ ᠭᠦᠢᠴᠡᠳᠬᠡᠯ᠎ᠢ ᠭᠦᠢᠴᠡᠳᠬᠡᠬᠦ ᠠᠷᠭ᠎ᠠ ᠵᠠᠮ᠂ ᠵᠠᠷᠤᠳᠠᠯ᠎ᠢ ᠳ᠋ᠦᠩᠨᠡᠨ ᠪᠤᠳᠤᠬᠤ ᠬᠡᠪᠴᠢᠶ᠎ᠡ ᠵᠢᠴᠢ ᠱᠠᠭ᠋ᠠᠷᠳᠠᠯᠭ᠎ᠠ ᠵᠡᠷᠭᠡ ᠵᠦᠢᠯᠡᠰ᠎ᠢ ᠲᠣᠳᠣᠷᠬᠠᠶ ᠲᠣᠭᠲᠠᠭ᠋ᠠᠭᠰᠠᠨ᠎ᠤ ᠬᠠᠮᠲᠤ᠂ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠤ ᠡᠴᠦᠰ ᠪᠣᠯᠲᠠᠯ᠎ᠠ᠂ ᠭᠤᠷᠪᠠᠨ ᠠᠯᠬᠤᠮ ᠵᠶ᠋ᠠᠷ ᠶᠠᠪᠤᠵᠤ᠂ ᠭᠤᠷᠪᠠᠨ ᠱᠠᠲᠤᠨ᠎ᠤ ᠠᠵᠢᠯ᠎ᠤᠨ ᠬᠠᠷᠠᠭ᠎ᠠ᠎ᠠᠴᠠ ᠪᠣᠯᠤᠭᠰᠠᠨ ᠭᠡᠮᠲᠦᠯ᠎ᠤᠨ ᠵᠥᠪᠯᠡᠯᠴᠡᠭᠡᠷ᠎ᠤᠨ ᠡᠮᠴᠢᠯᠡᠭᠡᠨ᠎ᠤ ᠪᠠᠶ᠋ᠢᠭᠤᠯᠤᠮᠵᠢ ᠵᠢᠴᠢ ᠡᠷᠡᠭᠦᠯᠵᠢᠭᠦᠯᠬᠦ ᠪᠠ ᠲᠤᠰᠠᠯᠠᠬᠤ ᠪᠠᠭ᠋ᠠᠵᠢ ᠬᠡᠷᠡᠭᠰᠡᠯ᠎ᠢ ᠳᠣᠭᠢᠷᠠᠭᠤᠯᠬᠤ ᠵᠥᠪᠯᠡᠯᠴᠡᠭᠡᠷ᠎ᠤᠨ ᠪᠠᠶ᠋ᠢᠭᠤᠯᠤᠮᠵᠢ ᠵᠢ ᠪᠦᠬᠦᠨ᠎ᠢ ᠬᠠᠮᠤᠷᠬᠤ ᠵᠢ ᠠᠯᠬᠤᠮ ᠠᠯᠬᠤᠮ ᠵᠶ᠋ᠠᠷ ᠪᠡᠶᠡᠯᠡᠭᠦᠯᠦᠨ᠎ᠡ ᠭᠡᠵᠦ ᠲᠣᠳᠣᠷᠬᠠᠶ ᠲᠣᠭᠲᠠᠭ᠋ᠠᠵᠠᠶ᠃ 《ᠮᠡᠳᠡᠭᠳᠡᠯ》᠎ᠳᠤ ᠱᠠᠭ᠋ᠠᠷᠳᠠᠭᠰᠠᠨ᠎ᠨᠢ᠂ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠳᠤ ᠣᠷᠣᠯᠴᠠᠭᠰᠠᠨ ᠪᠥᠭᠡᠳ ᠠᠵᠢᠯ᠎ᠠᠴᠠ ᠪᠣᠯᠤᠭᠰᠠᠨ ᠭᠡᠮᠲᠦᠯ᠎ᠢ ᠮᠠᠭ᠋ᠠᠳᠯᠠᠨ ᠲᠣᠭᠲᠠᠭ᠋ᠠᠬᠤ᠂ ᠠᠵᠢᠯ᠎ᠠᠴᠠ ᠪᠣᠯᠤᠭᠰᠠᠨ ᠭᠡᠮᠲᠦᠯ᠎ᠤᠨ ᠲᠠᠬᠢᠭᠰᠠᠨᠢ ᠨᠤᠲᠠᠯᠠᠬᠤ᠂ ᠠᠵᠢᠯ᠎ᠠᠴᠠ ᠪᠣᠯᠤᠭᠰᠠᠨ ᠭᠡᠮᠲᠦᠯ᠎ᠤᠨ ᠡᠷᠡᠭᠦᠯᠵᠢᠯ᠎ᠢ ᠨᠤᠲᠠᠯᠠᠬᠤ ᠪᠤᠶᠤ ᠲᠤᠰᠠᠯᠠᠬᠤ ᠪᠠᠭ᠋ᠠᠵᠢ ᠬᠡᠷᠡᠭᠰᠡᠯ᠎ᠤᠨ ᠲᠣᠬᠢᠷᠠᠭᠤᠯᠤᠯᠲᠠ ᠵᠢ ᠨᠤᠲᠠᠯᠠᠬᠤ ᠠᠵᠢᠯ᠎ᠢ ᠨᠢᠭᠡᠨᠲᠡ ᠪᠡᠶᠡᠯᠡᠭᠦᠯᠦᠭᠰᠡᠨ ᠣᠨᠳᠣᠸ᠋ ᠭᠠᠵᠠᠷ᠎ᠲᠤ ᠣᠷᠳᠣ ᠬᠤᠭᠤᠴᠠᠭ᠎ᠠ᠎ᠪᠠᠷ ᠰᠠᠭᠤᠬᠤ᠂ ᠣᠨᠳᠣᠸ᠋ ᠭᠠᠵᠠᠷ᠎ᠲᠤ ᠪᠠᠶ᠋ᠢᠩᠭᠤ ᠰᠠᠭᠤᠵᠤ ᠠᠵᠢᠯᠯᠠᠬᠤ ᠪᠠ ᠣᠨᠳᠣᠸ᠋ ᠭᠠᠵᠠᠷ᠎ᠲᠤ ᠡᠮᠨᠡᠯᠭᠡ ᠰᠢᠯᠵᠢᠬᠦ ᠵᠡᠷᠭᠡ ᠠᠵᠢᠯ᠎ᠠᠴᠠ ᠪᠣᠯᠵᠣ ᠭᠡᠮᠲᠦᠭᠰᠡᠨ ᠠᠵᠢᠯᠲᠠᠨ ᠠᠵᠢᠯᠴᠢᠨ ᠮᠤᠵᠢ ᠠᠯᠤᠰᠯᠠᠨ ᠣᠨᠳᠣᠸ᠋ ᠭᠠᠵᠠᠷ᠎ᠲᠤ ᠡᠮᠨᠡᠭᠦᠯᠦᠭᠰᠡᠨ ᠬᠣᠯᠪᠣᠭᠳᠠᠯ ᠪᠥᠬᠥᠶ ᠵᠠᠷᠤᠳᠠᠯ᠎ᠢ ᠰᠢᠭᠤᠳ ᠳ᠋ᠦᠩᠨᠡᠨ ᠪᠤᠳᠤᠬᠤ᠎ᠪᠠᠷ ᠭᠤᠶᠤᠴᠢᠯᠠᠵᠤ ᠪᠣᠯᠤᠨ᠎ᠠ᠃ 《ᠮᠡᠳᠡᠭᠳᠡᠯ》᠎ᠳᠤ ᠳᠤᠷᠠᠳᠤᠭᠰᠠᠨ᠎ᠨᠢ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ ᠣᠨᠳᠣᠸ᠋ ᠭᠠᠵᠠᠷ᠎ᠲᠤ ᠡᠪᠡᠳᠴᠢᠨ ᠦᠵᠡᠭᠦᠯᠬᠦ ᠬᠡᠷᠡᠭᠴᠡᠭᠡ ᠱᠠᠭ᠋ᠠᠷᠳᠠᠯᠭ᠎ᠠ ᠵᠢ ᠳᠤᠷᠠᠳᠤᠭᠰᠠᠨ ᠬᠥᠮᠦᠰ᠎ᠲᠤ ᠳᠡᠩᠰᠡᠯᠡᠨ ᠬᠠᠮᠢᠶᠠᠷᠬᠤ ᠵᠢ ᠬᠡᠷᠡᠭᠵᠢᠭᠦᠯᠬᠦ ᠵᠢᠨ ᠬᠠᠮᠲᠤ ᠣᠨᠳᠣᠸ᠋ ᠭᠠᠵᠠᠷ᠎ᠲᠤ ᠡᠪᠡᠳᠴᠢᠨ ᠦᠵᠡᠭᠦᠯᠬᠦ ᠪᠠᠯᠠ ᠮᠥᠩᠭᠥ ᠵᠢᠨ ᠬᠠᠮᠢᠶᠠᠷᠤᠯᠲᠠ ᠪᠠ ᠮᠡᠳᠡᠭᠡ ᠵᠠᠩᠭᠢ ᠵᠢᠨ ᠰᠢᠰᠲ᠋ᠧᠮ᠎ᠤᠨ ᠪᠠᠶ᠋ᠢᠭᠤᠯᠤᠯᠲᠠ ᠵᠢ ᠰᠠᠶ᠋ᠢᠲᠤᠷ ᠬᠢᠬᠦ ᠬᠡᠷᠡᠭᠲᠡᠶ ᠭᠡᠵᠡᠢ᠃