ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮᠤᠷ᠎ᠤᠨ ᠤᠯᠠᠷᠢᠯ᠎ᠤᠨ ᠠᠵᠢᠯᠲᠠᠨ ᠡᠯᠰᠡᠬᠦ ᠴᠤᠭᠯᠠᠭ᠋ᠠᠨ ᠲᠦᠩᠯᠢᠶᠣᠣ ᠬᠣᠲᠠ᠎ᠳᠤ ᠡᠬᠢᠯᠡᠪᠡ
ᠨᠡᠶ᠋ᠢᠲᠡᠯᠡᠭᠰᠡᠨ ᠴᠠᠭ᠄ 2024-10-09

      9 ᠰᠠᠷ᠎ᠠ ᠵᠢᠨ 22᠎ᠤᠨ ᠡᠳᠦᠷ᠂ 《ᠤᠮᠠᠷᠠᠲᠤ ᠬᠢᠯᠢ᠎ᠳᠤ ᠴᠢᠳᠠᠪᠤᠷᠢᠲᠠᠨ ᠴᠤᠭᠯᠠᠷᠠᠨ ᠢᠷᠡᠭᠡᠳᠦᠢ ᠵᠢᠨ ᠠᠵᠢᠯ ᠵᠶ᠋ᠠᠨ ᠡᠬᠢᠯᠡᠭᠦᠯᠦᠶ᠎ᠡ》 ᠭᠡᠬᠦ ᠭᠣᠣᠯ ᠰᠡᠳᠦᠪᠲᠦ 2024 ᠣᠨ᠎ᠤ ᠪᠥᠬᠥ ᠣᠷᠣᠨ᠎ᠤ ᠨᠠᠮᠤᠷ᠎ᠤᠨ ᠤᠯᠠᠷᠢᠯ᠎ᠤᠨ ᠠᠵᠢᠯᠲᠠᠨ ᠡᠯᠰᠡᠬᠦ ᠴᠤᠭᠯᠠᠭ᠋ᠠᠨ ᠲᠦᠩᠯᠢᠶᠣᠣ ᠬᠣᠲᠠ᠎ᠳᠤ ᠵᠢᠩᠬᠢᠨᠢ᠎ᠪᠠᠷ ᠡᠬᠢᠯᠡᠪᠡ᠂ ᠲᠣᠰ ᠤᠳᠠᠭ᠋ᠠᠨ᠎ᠤ ᠠᠵᠢᠯᠯᠠᠭ᠎ᠠ ᠵᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠎ᠠᠴᠠ ᠭᠣᠣᠯᠯᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠂ ᠲᠦᠩᠯᠢᠶᠣᠣ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠎ᠠᠴᠠ ᠳᠠᠭ᠋ᠠᠭ᠋ᠠᠴᠢᠯᠠᠨ ᠡᠷᠭᠢᠯᠡᠪᠡ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠳᠡᠳ᠋ ᠡᠷᠬᠢᠯᠡᠭᠴᠢ ᠯᠦ᠍ ᠶᠢᠩ ᠱ᠌ᠢ᠂ ᠲᠦᠩᠯᠢᠶᠣᠣ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠳᠠᠷᠤᠭ᠎ᠠ ᠼᠤᠤ ᠵᠢᠨ ᠱᠠᠨ ᠠᠵᠢᠯᠯᠠᠭ᠎ᠠ᠎ᠳᠤ ᠣᠷᠣᠯᠴᠠᠵᠤ ᠪᠠᠶᠠᠷ᠎ᠤᠨ ᠦᠭᠡ ᠬᠡᠯᠡᠪᠡ᠃ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠠᠢ ᠶᠢᠩ ᠵᠢᠶᠦ᠋ᠨ ᠡᠬᠢᠯᠡᠯᠲᠡ ᠵᠢᠨ ᠶᠣᠰᠣᠯᠠᠯ᠎ᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠬᠣᠯᠪᠣᠭᠳᠠᠯ ᠪᠦᠬᠦᠢ ᠤᠳᠤᠷᠢᠳᠤᠯᠭ᠎ᠠ᠂ ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ ᠵᠢᠨ ᠭᠣᠣᠯ ᠬᠠᠷᠢᠭᠤᠴᠠᠯᠭ᠋ᠠᠲᠠᠨ ᠨᠥᠬᠥᠳ ᠵᠢᠴᠢ ᠬᠡᠰᠡᠭ ᠳᠡᠭᠡᠳᠦ ᠰᠤᠷᠭ᠋ᠠᠭᠤᠯᠢ᠂ ᠠᠵᠤ ᠠᠬᠤᠢ᠌ᠯᠠᠯ ᠪᠠ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠲᠥᠯᠥᠭᠡᠯᠡᠭᠴᠢᠳ ᠬᠠᠮᠢᠶ᠎ᠠ ᠪᠦᠬᠦᠢ ᠠᠵᠢᠯᠯᠠᠭ᠎ᠠ᠎ᠳᠤ ᠣᠷᠣᠯᠴᠠᠪᠠ᠃ ᠪᠡᠭᠡᠵᠢᠩ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ ᠵᠢᠨ ᠬᠠᠮᠢᠶ᠎ᠠ ᠪᠦᠬᠦᠢ ᠭᠠᠵᠠᠷ ᠲᠠᠰᠤᠭ᠎ᠤᠨ ᠬᠠᠷᠢᠭᠤᠴᠠᠯᠭ᠋ᠠᠲᠠᠨ ᠵᠢᠴᠢ ᠠᠵᠤ ᠠᠬᠤᠢ᠌ᠯᠠᠯ᠎ᠤᠨ ᠲᠥᠯᠥᠭᠡᠯᠡᠭᠴᠢ ᠤᠷᠢᠯᠭ᠎ᠠ᠎ᠪᠠᠷ ᠴᠤᠭᠯᠠᠭ᠋ᠠᠨ᠎ᠳᠤ ᠢᠷᠠᠵᠤ ᠣᠷᠣᠯᠴᠠᠪᠠ᠃

图片01.jpg

      ᠤᠷᠢᠵᠤ ᠡᠯᠰᠡᠬᠦ ᠠᠵᠢᠯᠯᠠᠭ᠎ᠠ ᠵᠢ ᠰᠦᠯᠵᠢᠶᠡᠨ ᠳᠡᠭᠡᠷᠡᠬᠢ ᠪᠠ ᠰᠦᠯᠵᠢᠶᠡᠨ᠎ᠠᠴᠠ ᠭᠠᠳᠠᠭᠤᠷᠬᠢ ᠬᠡᠯᠪᠡᠷᠢ᠎ᠪᠠᠷ ᠵᠡᠷᠭᠡᠪᠡᠷ ᠥᠷᠨᠢᠭᠦᠯᠵᠦ᠂ ᠭᠣᠣᠯ ᠬᠤᠷᠠᠯ᠎ᠤᠨ ᠲᠠᠯᠠᠪᠠᠶ ᠵᠢ ᠲᠦᠩᠯᠢᠶᠣᠣ ᠬᠣᠲᠠ ᠵᠢᠨ ᠣᠯᠢᠮᠫᠢᠺ᠎ᠤᠨ ᠪᠡᠶ᠎ᠡ ᠵᠢᠨ ᠲᠠᠮᠢᠷ᠎ᠤᠨ ᠲᠥᠪ᠎ᠲᠤ ᠪᠠᠢ᠌ᠷᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠪᠤᠰᠤᠳ ᠠᠶ᠋ᠢᠮᠠᠭ ᠬᠣᠲᠠ ᠪᠠ 2 ᠲᠤᠰᠠᠭ᠋ᠠᠷ ᠲᠥᠯᠥᠪᠯᠡᠭᠡᠲᠦ ᠬᠣᠲᠠ᠎ᠳᠤ ᠬᠤᠪᠢᠶᠠᠷᠢ ᠬᠤᠷᠠᠯ᠎ᠤᠨ ᠲᠠᠯᠠᠪᠠᠶ ᠭᠠᠷᠭ᠋ᠠᠪᠠ᠃ ᠭᠣᠣᠯ ᠬᠤᠷᠠᠯ᠎ᠤᠨ ᠲᠠᠯᠠᠪᠠᠶ᠎ᠳᠤ ᠠᠵᠢᠯᠲᠠᠨ ᠡᠯᠰᠡᠬᠦ ᠲᠤᠰᠬᠠᠢ ᠣᠷᠣᠨ᠎ᠢ 8 ᠲᠣᠬᠢᠷᠠᠭᠤᠯᠵᠤ᠂ ᠲᠣᠰ ᠲᠣᠰ᠄ ᠲᠣᠮᠣ ᠬᠡᠯᠪᠡᠷᠢ ᠵᠢᠨ ᠠᠵᠤ ᠠᠬᠤᠢ᠌ᠯᠠᠯ᠎ᠤᠨ ᠠᠵᠢᠯᠲᠠᠨ ᠡᠯᠰᠡᠬᠦ ᠲᠤᠰᠬᠠᠢ ᠣᠷᠣᠨ᠂ ᠰᠦᠯᠵᠢᠶ᠎ᠡ᠎ᠪᠠᠷ ᠠᠵᠢᠯᠲᠠᠨ ᠡᠯᠰᠡᠬᠦ ᠲᠤᠰᠬᠠᠢ ᠣᠷᠣᠨ᠂ ᠠᠵᠢᠯ ᠦᠢ᠍ᠯᠡᠰ᠎ᠤᠨ ᠨᠢᠭᠡᠴᠢ ᠵᠢᠨ ᠢᠯᠡ᠎ᠪᠠᠷ ᠠᠵᠢᠯᠲᠠᠨ ᠡᠯᠰᠡᠬᠦ ᠲᠤᠰᠬᠠᠢ ᠣᠷᠣᠨ᠂ ᠳᠡᠭᠡᠳᠦ ᠲᠠᠰ᠎ᠤᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠲᠤᠰᠬᠠᠢ ᠣᠷᠣᠨ᠂ ᠵᠠᠯᠠᠭᠤᠴᠤᠳ᠎ᠤᠨ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠪᠡᠷᠬᠡ ᠰᠡᠳᠦᠪ᠎ᠢ ᠰᠢᠢ᠍ᠳᠪᠦᠷᠢᠯᠡᠬᠦ ᠠᠵᠢᠯᠯᠠᠭ᠋ᠠᠨ᠎ᠤ ᠲᠤᠰᠬᠠᠢ ᠣᠷᠣᠨ᠂ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠭᠤᠯᠤᠯ᠎ᠤᠨ ᠦᠢ᠍ᠯᠡᠴᠢᠯᠡᠭᠡᠨ᠎ᠤ ᠲᠤᠰᠬᠠᠢ ᠣᠷᠣᠨ᠂ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠪᠠᠢ᠌ᠭᠤᠯᠤᠮᠵᠢ ᠵᠢᠨ ᠦᠢ᠍ᠯᠡᠴᠢᠯᠡᠭᠡᠨ᠎ᠤ ᠲᠤᠰᠬᠠᠢ ᠣᠷᠣᠨ᠂ ᠪᠡᠭᠡᠵᠢᠩ ᠥᠪᠥᠷ ᠮᠣᠩᠭᠣᠯ᠎ᠤᠨ ᠬᠥᠳᠡᠯᠮᠦᠷᠢ ᠦᠢ᠍ᠯᠡᠴᠢᠯᠡᠭᠡᠨ᠎ᠤ ᠬᠠᠮᠵᠢᠯᠴᠠᠭ᠋ᠠᠨ᠎ᠤ ᠲᠤᠰᠬᠠᠢ ᠣᠷᠣᠨ ᠵᠡᠷᠭᠡ ᠪᠣᠯᠣᠨ᠎ᠠ᠃ ᠲᠥᠷᠥᠯ ᠬᠤᠪᠢᠶᠠᠨ ᠡᠯ᠎ᠡ ᠲᠥᠷᠥᠯ᠎ᠤᠨ ᠠᠵᠢᠯ ᠡᠷᠢᠭᠰᠡᠳ ᠪᠠ ᠬᠥᠮᠥᠨ ᠬᠡᠷᠡᠭᠯᠡᠬᠦ ᠨᠢᠭᠡᠴᠢ᠎ᠳᠤ ᠬᠥᠮᠥᠨ᠎ᠤ ᠬᠦᠴᠦᠨ᠎ᠤ ᠡᠬᠢ ᠪᠠᠶᠠᠯᠢᠭ᠎ᠢ ᠵᠣᠯᠭ᠋ᠠᠭᠤᠯᠬᠤ ᠦᠢ᠍ᠯᠡᠴᠢᠯᠡᠭᠡ ᠬᠠᠩᠭ᠋ᠠᠨ᠎ᠠ᠃

图片02.jpg

图片03.jpg

      ᠠᠵᠢᠯᠲᠠᠨ ᠡᠯᠰᠡᠬᠦ ᠠᠵᠢᠯᠯᠠᠭ᠎ᠠ᠎ᠨᠢ ᠪᠠᠰᠠ ᠢᠷᠡᠭᠡᠳᠦᠢ ᠵᠢᠨ ᠠᠵᠢᠯ ᠵᠶ᠋ᠠᠨ ᠡᠬᠢᠯᠡᠭᠦᠯᠬᠦ — ᠶᠡᠬᠡ ᠳᠤᠮᠳᠠ ᠬᠣᠲᠠ ᠬᠠᠮᠲᠤᠷᠠᠨ ᠳᠡᠭᠡᠳᠦ ᠰᠤᠷᠭ᠋ᠠᠭᠤᠯᠢ ᠲᠡᠭᠦᠰᠦᠭᠰᠡᠳ᠎ᠢ ᠡᠯᠰᠡᠬᠦ ᠲᠤᠰᠬᠠᠢ ᠠᠵᠢᠯᠯᠠᠭ᠎ᠠ᠂ ᠠᠯᠲᠠᠨ ᠨᠠᠮᠤᠷ᠎ᠤᠨ ᠠᠵᠢᠯᠲᠠᠨ ᠡᠯᠰᠡᠬᠦ ᠰᠠᠷ᠎ᠠ᠂ ᠵᠠᠯᠠᠭᠤᠴᠤᠳ᠎ᠤᠨ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠪᠡᠷᠬᠡ ᠰᠡᠳᠦᠪ᠎ᠢ ᠰᠢᠢ᠍ᠳᠪᠦᠷᠢᠯᠡᠬᠦ ᠠᠵᠢᠯᠯᠠᠭ᠎ᠠ ᠪᠠ ᠪᠥᠬᠥ ᠤᠯᠤᠰ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠵᠠᠬ᠎ᠠ ᠳᠡᠯᠭᠡᠭᠦᠷ᠎ᠤᠨ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠭᠠᠷᠠᠭ ᠵᠡᠷᠭᠡ 《ᠳᠥᠷᠪᠡᠨ ᠵᠦᠢ᠍ᠯ᠎ᠤᠨ ᠠᠵᠢᠯᠯᠠᠭ᠎ᠠ》 ᠵᠢ ᠠᠭᠤᠰᠬᠠᠨ ᠪᠠᠭᠲᠠᠭ᠋ᠠᠭᠰᠠᠨ ᠪᠠᠢ᠌ᠨ᠎ᠠ; ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠬᠦᠷᠢᠶᠡᠨ᠎ᠳᠤ 《ᠡᠷᠳᠡᠮᠲᠡᠨ ᠴᠢᠳᠠᠪᠤᠷᠢᠲᠠᠨ ᠵᠶ᠋ᠠᠷ ᠥᠪᠥᠷ ᠮᠣᠩᠭᠣᠯ ᠵᠶ᠋ᠠᠨ ᠮᠠᠨᠳᠤᠭᠤᠯᠬᠤ》 ᠢᠨᠵᠧᠨᠧᠷᠢᠩ᠎ᠢ ᠨᠠᠢ᠌ᠳᠠᠪᠤᠷᠢᠵᠢᠭᠤᠯᠬᠤ ᠠᠷᠭ᠎ᠠ ᠬᠡᠮᠵᠢᠶ᠎ᠡ ᠵᠢ ᠠᠩᠬ᠎ᠠ ᠤᠳᠠᠭ᠎ᠠ ᠢᠵᠢᠯ ᠠᠯᠬᠤᠮ ᠵᠶ᠋ᠠᠷ ᠥᠷᠨᠢᠭᠦᠯᠵᠦ᠂ 2024 ᠣᠨ᠎ᠤ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ ᠵᠢᠨ ᠳᠡᠭᠡᠳᠦ ᠲᠠᠰ᠎ᠤᠨ ᠴᠢᠳᠠᠪᠤᠷᠢᠲᠠᠨ᠎ᠤ ᠬᠡᠷᠡᠭᠴᠡᠭᠡ ᠱᠠᠭ᠋ᠠᠷᠳᠠᠯᠭ᠎ᠠ ᠵᠢᠨ ᠭᠠᠷᠴᠠᠭ᠂ 2025 ᠣᠨ᠎ᠤ ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠡᠯᠰᠡᠬᠦ ᠲᠥᠯᠥᠪᠯᠡᠭᠡ ᠵᠢᠴᠢ 《ᠦᠨᠳᠦᠰᠦᠨ ᠱᠠᠲᠤᠨ᠎ᠳᠤ ᠳᠡᠮᠵᠢᠬᠦ ᠮᠢᠩᠭ᠋ᠠᠨ ᠬᠥᠮᠥᠨ᠎ᠤ ᠲᠥᠯᠥᠪᠯᠡᠭᠡ》 ᠵᠢ ᠤᠬᠠᠭᠤᠯᠤᠨ ᠲᠠᠨᠢᠯᠴᠠᠭᠤᠯᠪᠠ; ᠠᠵᠢᠯᠲᠠᠨ ᠡᠯᠰᠡᠬᠦ ᠴᠤᠭᠯᠠᠭ᠋ᠠᠨ᠎ᠤ ᠲᠤᠬᠠᠢ ᠵᠢᠨ ᠲᠠᠯᠠᠪᠤᠷ᠎ᠲᠤ 10 ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠂ ᠲᠣᠮᠣ ᠬᠡᠯᠪᠡᠷᠢ ᠵᠢᠨ ᠠᠵᠤ ᠠᠬᠤᠢ᠌ᠯᠠᠯ᠎ᠤᠨ ᠲᠥᠯᠥᠭᠡᠯᠡᠭᠴᠢ ᠵᠢ ᠵᠣᠬᠢᠶᠠᠨ ᠪᠠᠢ᠌ᠭᠤᠯᠵᠤ ᠳᠡᠭᠡᠳᠦ ᠲᠠᠰ᠎ᠤᠨ ᠴᠢᠳᠠᠪᠤᠷᠢᠲᠠᠨ ᠤᠷᠢᠨ ᠠᠪᠴᠢᠷᠠᠵᠤ᠂ 20 ᠦᠨᠳᠦᠰᠦᠨ ᠱᠠᠲᠤᠨ᠎ᠤ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ 《ᠦᠨᠳᠦᠰᠦᠨ ᠱᠠᠲᠤᠨ᠎ᠤ ᠠᠨᠠᠭ᠋ᠠᠬᠤ ᠤᠬᠠᠭ᠋ᠠᠨ᠎ᠤ ᠰᠣᠷᠣᠭᠴᠢ》 ᠵᠢᠨ ᠲᠤᠰᠬᠠᠢ ᠲᠠᠯᠠᠪᠤᠷ᠎ᠤᠨ ᠠᠵᠢᠯᠲᠠᠨ ᠡᠯᠰᠡᠬᠦ ᠠᠵᠢᠯᠯᠠᠭ᠎ᠠ ᠥᠷᠨᠢᠭᠦᠯᠵᠦ᠂ 20 ᠠᠵᠤ ᠠᠬᠤᠢ᠌ᠯᠠᠯ ᠪᠠ ᠶᠡᠬᠡ ᠳᠡᠭᠡᠳᠦ ᠰᠤᠷᠭ᠋ᠠᠭᠤᠯᠢ ᠵᠢᠨ ᠲᠥᠯᠥᠭᠡᠯᠡᠭᠴᠢ ᠰᠤᠷᠭ᠋ᠠᠭᠤᠯᠢ ᠪᠠ ᠠᠵᠤ ᠠᠬᠤᠢ᠌ᠯᠠᠯ᠎ᠤᠨ ᠬᠣᠭᠤᠷᠤᠨᠳᠤᠬᠢ ᠬᠠᠮᠲᠤᠷᠠᠯᠴᠠᠭ᠋ᠠᠨ᠎ᠤ ᠬᠡᠯᠡᠯᠴᠡᠭᠡᠷ ᠲᠣᠭᠲᠠᠪᠠ᠃

图片04.jpg

      ᠲᠣᠰ ᠤᠳᠠᠭ᠋ᠠᠨ᠎ᠤ ᠠᠵᠢᠯᠲᠠᠨ ᠡᠯᠰᠡᠬᠦ ᠠᠵᠢᠯᠯᠠᠭ᠎ᠠ᠎ᠳᠤ ᠰᠦᠯᠵᠢᠶᠡᠨ ᠳᠡᠭᠡᠷ᠎ᠡ ᠪᠠ ᠰᠦᠯᠵᠢᠶᠡᠨ᠎ᠠᠴᠠ ᠭᠠᠳᠠᠨ᠎ᠠ ᠮᠢᠩᠭ᠎ᠠ ᠰᠢᠬᠠᠮ ᠠᠵᠤ ᠠᠬᠤᠢ᠌ᠯᠠᠯ ᠣᠷᠣᠯᠴᠠᠵᠤ᠂ 9 ᠲᠦᠮᠡ ᠰᠢᠬᠠᠮ ᠠᠵᠢᠯ᠎ᠤᠨ ᠪᠠᠶ᠋ᠢᠷᠢ ᠬᠠᠩᠭ᠋ᠠᠵᠤ᠂ ᠥᠩᠭᠡᠲᠦ ᠲᠡᠮᠦᠷᠯᠢᠭ᠂ ᠠᠮᠢᠳᠤ ᠪᠣᠳᠠᠰ᠎ᠤᠨ ᠡᠮ ᠦᠢ᠍ᠯᠡᠳᠬᠦ᠂ ᠰᠢᠨ᠎ᠡ ᠬᠡᠯᠪᠡᠷᠢ ᠵᠢᠨ ᠬᠢᠮᠢ ᠵᠢᠨ ᠠᠵᠤ ᠦᠢ᠍ᠯᠡᠳᠪᠦᠷᠢ᠂ ᠡᠯᠧᠺᠲᠷᠣᠨ ᠮᠡᠳᠡᠭᠡ ᠵᠠᠩᠭᠢ᠂ ᠴᠠᠭ᠋ᠠᠨ ᠢᠳᠡᠭᠡᠨ᠎ᠤ ᠪᠣᠯᠪᠠᠰᠤᠷᠠᠭᠤᠯᠤᠯᠲᠠ᠂ ᠲᠣᠨᠣᠭ ᠲᠥᠬᠦᠭᠡᠷᠦᠮᠵᠢ ᠦᠢ᠍ᠯᠡᠳᠬᠦ᠂ ᠰᠢᠨ᠎ᠡ ᠮᠠᠲ᠋ᠧᠷᠢᠶᠠᠯ᠂ ᠣᠲᠣ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ᠂ ᠭᠡᠷᠡᠯ ᠴᠡᠨᠡᠭ᠎ᠤᠨ ᠲᠣᠨᠣᠭ ᠲᠥᠬᠦᠭᠡᠷᠦᠮᠵᠢ᠂ ᠰᠠᠯᠬᠢᠨ ᠬᠦᠴᠦᠨ᠎ᠤ ᠴᠠᠬᠢᠯᠭ᠋ᠠᠨ᠎ᠤ ᠲᠣᠨᠣᠭ ᠲᠥᠬᠦᠭᠡᠷᠦᠮᠵᠢ ᠵᠡᠷᠭᠡ 21 ᠠᠵᠢᠯ ᠲᠥᠷᠥᠯ᠎ᠤᠨ ᠬᠦᠷᠢᠶ᠎ᠡ ᠵᠢ ᠬᠠᠮᠤᠷᠴᠤ᠂ ᠰᠢᠷᠢᠰ ᠠᠵᠢᠯᠯᠠᠭ᠎ᠠ᠎ᠨᠤᠭᠤᠳ᠎ᠨᠢ 12 ᠰᠠᠷ᠎ᠠ ᠵᠢᠨ ᠰᠡᠭᠦᠯᠴᠢ ᠪᠣᠯᠲᠠᠯ᠎ᠠ ᠦᠷᠭᠦᠯᠵᠢᠯᠡᠨ᠎ᠡ᠃

 

ᠢᠷᠡᠯᠲᠡ᠄ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠪᠠᠶᠠᠷ᠎ᠤᠨ ᠮᠡᠳᠡᠭᠡ! ᠥᠪᠥᠷ ᠮᠣᠩᠭᠣᠯ ᠪᠥᠬᠥ ᠤᠯᠤᠰ᠎ᠤᠨ ᠪᠠᠷᠢᠯᠭ᠎ᠠ ᠵᠢᠨ ᠬᠦᠷᠢᠶᠡᠨ᠎ᠳᠠᠬᠢ ᠬᠥᠯᠥᠰᠦᠨ ᠠᠵᠢᠯᠴᠢᠨ᠎ᠤ ᠴᠠᠯᠢᠩ ᠥᠭᠬᠦ ᠵᠢ ᠪᠠᠲᠤᠯᠠᠬᠤ ᠠᠵᠢᠯ᠎ᠤᠨ ᠮᠡᠳᠡᠯᠭᠡ ᠵᠢᠨ ᠤᠷᠤᠯᠳᠤᠭ᠋ᠠᠨ᠎ᠤ ᠰᠢᠢ᠍ᠳᠪᠦᠷᠢᠲᠦ ᠤᠷᠤᠯᠳᠤᠭ᠋ᠠᠨ᠎ᠳᠤ ᠰᠢᠯᠢᠳᠡᠭ ᠬᠢᠷᠢ ᠪᠦᠲᠦᠮᠵᠢ ᠣᠯᠪᠠ!
ᠥᠪᠥᠷ ᠮᠣᠩᠭᠣᠯ ᠪᠦᠯᠬᠦᠮ ᠪᠠᠢ᠌ᠭᠤᠯᠤᠨ ᠪᠡᠭᠡᠵᠢᠩ᠎ᠳᠤ ᠣᠷᠣᠵᠤ ᠬᠥᠳᠡᠯᠮᠦᠷᠢ ᠦᠢ᠍ᠯᠡᠴᠢᠯᠡᠭᠡᠨ᠎ᠤ ᠬᠠᠮᠵᠢᠯᠴᠠᠭ᠎ᠠ ᠵᠢᠨ 《ᠨᠠᠢ᠌ᠵᠠ ᠵᠢᠨ ᠲᠣᠭᠣᠷᠢᠭ》 ᠵᠶ᠋ᠠᠨ ᠥᠷᠭᠡᠳᠬᠡᠪᠡ
ᠪᠦᠬᠦ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠠᠵᠢᠯ ᠵᠢᠴᠢ ᠨᠠᠮ᠎ᠤᠨ ᠴᠢᠬᠡᠴᠢ ᠵᠠᠰᠠᠭ᠎ᠤᠨ ᠪᠠᠢ᠌ᠭᠤᠯᠤᠯᠲᠠ ᠵᠢᠨ ᠠᠵᠢᠯ᠎ᠤᠨ ᠬᠤᠷᠠᠯ ᠬᠤᠷᠠᠯᠳᠤᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ 2025 ᠣᠨ᠎ᠤ 《ᠬᠠᠪᠤᠷ᠎ᠤᠨ ᠤᠷᠢᠬᠠᠨ ᠰᠠᠯᠬᠢᠨ᠎ᠤ ᠠᠵᠢᠯᠯᠠᠭ᠎ᠠ》 《ᠮᠠᠯᠴᠢᠨ ᠲᠠᠷᠢᠶᠠᠴᠢᠨ ᠬᠦᠴᠦ ᠶᠠᠪᠤᠭᠰᠠᠳ᠎ᠢ ᠬᠠᠪᠤᠷ᠎ᠤᠨ ᠤᠯᠠᠷᠢᠯ᠎ᠳᠤ ᠳᠤᠯᠠᠭ᠋ᠠᠯᠠᠬᠤ》 《ᠠᠵᠢᠯ ᠣᠯᠭᠣᠯᠲᠠ ᠵᠢᠨ ᠲᠤᠰᠠᠯᠠᠮᠵᠢ》 ᠵᠡᠷᠭᠡ ᠠᠵᠢᠯ ᠣᠯᠭᠣᠯᠲᠠ ᠵᠢ ᠠᠬᠢᠭᠤᠯᠬᠤ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠪᠡ
ᠪᠥᠬᠥ ᠣᠷᠣᠨ᠎ᠤ ᠮᠡᠷᠭᠡᠵᠢᠯ᠎ᠤᠨ ᠠᠵᠢᠯᠴᠢᠨ᠎ᠤ ᠳᠡᠭᠡᠳᠦ ᠰᠤᠷᠭ᠋ᠠᠭᠤᠯᠢ᠎ᠨᠤᠭᠤᠳ ᠬᠠᠮᠲᠤ᠎ᠪᠠᠷ 《ᠰᠤᠷᠤᠯᠭ᠎ᠠ ᠡᠬᠢᠯᠡᠬᠦ ᠠᠩᠬᠠᠨ᠎ᠤ ᠬᠢᠴᠢᠶᠡᠯ》 ᠨᠡᠭᠡᠭᠡᠵᠦ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠤ ᠲᠣᠣᠷ᠎ᠢ ᠬᠠᠮᠲᠤᠷᠠᠨ ᠪᠠᠢ᠌ᠭᠤᠯᠤᠨ᠎ᠠ
 
            