ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠪᠠᠶᠠᠷ᠎ᠤᠨ ᠮᠡᠳᠡᠭᠡ! ᠥᠪᠥᠷ ᠮᠣᠩᠭᠣᠯ ᠪᠥᠬᠥ ᠤᠯᠤᠰ᠎ᠤᠨ ᠪᠠᠷᠢᠯᠭ᠎ᠠ ᠵᠢᠨ ᠬᠦᠷᠢᠶᠡᠨ᠎ᠳᠠᠬᠢ ᠬᠥᠯᠥᠰᠦᠨ ᠠᠵᠢᠯᠴᠢᠨ᠎ᠤ ᠴᠠᠯᠢᠩ ᠥᠭᠬᠦ ᠵᠢ ᠪᠠᠲᠤᠯᠠᠬᠤ ᠠᠵᠢᠯ᠎ᠤᠨ ᠮᠡᠳᠡᠯᠭᠡ ᠵᠢᠨ ᠤᠷᠤᠯᠳᠤᠭ᠋ᠠᠨ᠎ᠤ ᠰᠢᠢ᠍ᠳᠪᠦᠷᠢᠲᠦ ᠤᠷᠤᠯᠳᠤᠭ᠋ᠠᠨ᠎ᠳᠤ ᠰᠢᠯᠢᠳᠡᠭ ᠬᠢᠷᠢ ᠪᠦᠲᠦᠮᠵᠢ ᠣᠯᠪᠠ!
ᠨᠡᠶ᠋ᠢᠲᠡᠯᠡᠭᠰᠡᠨ ᠴᠠᠭ᠄ 2024-11-06

图片01.jpg

      10 ᠰᠠᠷ᠎ᠠ ᠵᠢᠨ 29᠎ᠤ ᠡᠳᠦᠷ᠂ ᠪᠥᠬᠥ ᠤᠯᠤᠰ᠎ᠤᠨ ᠪᠠᠷᠢᠯᠭ᠎ᠠ ᠵᠢᠨ ᠬᠦᠷᠢᠶᠡᠨ᠎ᠳᠠᠬᠢ ᠬᠥᠯᠥᠰᠦᠨ ᠠᠵᠢᠯᠴᠢᠨ᠎ᠤ ᠴᠠᠯᠢᠩ᠎ᠢ ᠥᠭᠬᠦ ᠵᠢ ᠪᠠᠲᠤᠯᠠᠬᠤ ᠠᠵᠢᠯ᠎ᠤᠨ ᠮᠡᠳᠡᠯᠭᠡ ᠵᠢᠨ ᠤᠷᠤᠯᠳᠤᠭ᠋ᠠᠨ᠎ᠤ ᠰᠢᠢ᠍ᠳᠪᠦᠷᠢᠲᠦ ᠤᠷᠤᠯᠳᠤᠭ᠋ᠠᠨ ᠵᠧᠵᠢᠶᠠᠩ ᠮᠤᠵᠢ ᠵᠢᠨ ᠬᠠᠩᠵᠧᠦ ᠬᠣᠲᠠ᠎ᠳᠤ ᠲᠡᠭᠦᠰ ᠠᠮᠵᠢᠯᠲᠠ᠎ᠲᠠᠢ ᠥᠨᠳᠥᠷᠯᠡᠪᠡ᠃ ᠬᠤᠷᠴᠠ ᠰᠢᠷᠦᠭᠦᠨ ᠥᠷᠢᠰᠥᠯᠳᠦᠭᠡᠨ ᠵᠶ᠋ᠡᠷ ᠳᠠᠮᠵᠢᠨ᠂ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠠᠩᠭᠢ ᠶᠡᠷᠦᠩᠬᠡᠢ ᠬᠢᠷᠢ ᠪᠦᠲᠦᠮᠵᠢ᠎ᠪᠠᠷ ᠵᠢᠷᠭᠤᠳᠤᠭ᠋ᠠᠷ᠎ᠲᠤ ᠣᠷᠣᠵᠤ ᠤᠷᠤᠯᠳᠤᠭ᠋ᠠᠨ᠎ᠤ ᠭᠤᠷᠪᠠᠳᠤᠭ᠋ᠠᠷ ᠳᠡᠰ᠎ᠤᠨ ᠱᠠᠩᠨᠠᠯ ᠬᠦᠷᠲᠡᠵᠦ᠂ ᠤᠷᠤᠯᠳᠤᠭᠴᠢ ᠸᠧᠢ ᠶᠢᠩ ᠰᠢᠶᠠ ᠰᠢᠯᠢᠳᠡᠭ ᠬᠢᠷᠢ ᠪᠦᠲᠦᠮᠵᠢ᠎ᠪᠠᠷ ᠤᠷᠤᠯᠳᠤᠭ᠋ᠠᠨ᠎ᠤ 《ᠬᠠᠮᠤᠭ᠎ᠤᠨ ᠰᠢᠯᠢᠳᠡᠭ ᠣᠷᠣᠯᠴᠠᠭᠴᠢ ᠵᠢᠨ ᠱᠠᠩᠨᠠᠯ》᠎ᠢ ᠬᠦᠷᠲᠡᠵᠡᠢ᠃

 

      ᠲᠣᠰ ᠤᠳᠠᠭ᠋ᠠᠨ᠎ᠤ ᠤᠷᠤᠯᠳᠤᠭ᠋ᠠᠨ᠎ᠢ ᠳᠤᠮᠳᠠᠳᠤ ᠤᠯᠤᠰ᠎ᠤᠨ ᠳᠠᠯᠠᠢ᠌ᠴᠢᠨ᠎ᠤ ᠪᠦᠲᠦᠭᠡᠨ ᠪᠠᠢ᠌ᠭᠤᠯᠤᠯᠲᠠ ᠵᠢᠨ ᠠᠵᠢᠯᠴᠢᠨ᠎ᠤ ᠡᠪᠯᠡᠯ᠎ᠤᠨ ᠪᠥᠬᠥ ᠤᠯᠤᠰ᠎ᠤᠨ ᠬᠣᠷᠢᠶ᠎ᠠ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠬᠥᠳᠡᠯᠮᠦᠷᠢ ᠵᠢᠨ ᠪᠠᠲᠤᠯᠠᠭ᠎ᠠ ᠵᠢᠨ ᠬᠢᠨᠠᠨ ᠪᠠᠢ᠌ᠴᠠᠭ᠋ᠠᠬᠤ ᠲᠣᠪᠴᠢᠶ᠎ᠠ᠎ᠠᠴᠠ ᠭᠣᠣᠯᠯᠠᠨ ᠡᠷᠭᠢᠯᠡᠵᠦ᠂ ᠠᠩᠬ᠎ᠠ ᠤᠳᠠᠭ᠎ᠠ ᠪᠥᠬᠥ ᠤᠯᠤᠰ᠎ᠤᠨ ᠪᠠᠷᠢᠯᠭ᠎ᠠ ᠵᠢᠨ ᠬᠦᠷᠢᠶᠡᠨ᠎ᠳᠤ ᠵᠣᠷᠢᠭᠤᠯᠤᠨ ᠡᠷᠭᠢᠯᠡᠭᠰᠡᠨ ᠬᠥᠯᠥᠰᠦᠨ ᠠᠵᠢᠯᠴᠢᠨ᠎ᠤ ᠴᠠᠯᠢᠩ᠎ᠢ ᠥᠭᠬᠦ ᠵᠢ ᠪᠠᠲᠤᠯᠠᠬᠤ ᠠᠵᠢᠯ᠎ᠤᠨ ᠮᠡᠳᠡᠯᠭᠡ ᠵᠢᠨ ᠤᠷᠤᠯᠳᠤᠭ᠋ᠠᠨ ᠪᠣᠯᠣᠨ᠎ᠠ᠂ ᠤᠷᠤᠯᠳᠤᠭ᠋ᠠᠨ᠎ᠨᠢ 110 ᠡᠳᠦᠷ ᠶᠠᠪᠤᠭᠳᠠᠵᠤ᠂ ᠪᠥᠬᠥ ᠤᠯᠤᠰ᠎ᠤᠨ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢ ᠬᠠᠮᠤᠷᠴᠠᠢ᠃ ᠮᠠᠨ᠎ᠤ ᠣᠷᠣᠨ ᠢᠳᠡᠪᠬᠢᠲᠡᠢ᠎ᠪᠠᠷ ᠪᠡᠯᠡᠳᠬᠡᠵᠦ᠂ ᠡᠯ᠎ᠡ ᠠᠶ᠋ᠢᠮᠠᠭ ᠬᠤᠳᠠ ᠵᠢᠨ᠎ᠬᠢᠨ ᠴᠥᠮ ᠤᠯᠠᠨ ᠬᠡᠯᠪᠡᠷᠢ ᠵᠢᠨ ᠪᠡᠯᠡᠳᠬᠡᠯ ᠤᠷᠤᠯᠳᠤᠭ᠋ᠠᠨ᠂ ᠬᠣᠶᠠᠳᠠᠭᠢ ᠤᠷᠤᠯᠳᠤᠭ᠋ᠠᠨ ᠪᠣᠯᠣᠨ ᠰᠢᠯᠭ᠋ᠠᠷᠠᠭᠤᠯᠬᠤ ᠤᠷᠤᠯᠳᠤᠭ᠋ᠠᠨ᠎ᠢ ᠡᠷᠬᠢᠯᠡᠵᠦ᠂ ᠬᠥᠳᠡᠯᠮᠦᠷᠢ ᠵᠢᠨ ᠪᠠᠲᠤᠯᠠᠭ᠎ᠠ ᠵᠢᠨ ᠬᠢᠨᠠᠨ ᠪᠠᠢ᠌ᠴᠠᠭ᠋ᠠᠬᠤ ᠬᠡᠳᠦᠨ ᠮᠢᠩᠭ᠋ᠠᠨ ᠺᠠᠳ᠋ᠷ᠂ ᠠᠵᠢᠯᠴᠢᠨ᠎ᠤ ᠡᠪᠯᠡᠯ᠎ᠤᠨ ᠠᠵᠢᠯᠲᠠᠨ᠂ ᠬᠥᠳᠡᠯᠮᠦᠷᠢ ᠪᠠ ᠬᠥᠷᠥᠩᠭᠡ ᠵᠢᠨ ᠲᠤᠰᠬᠠᠢ ᠬᠠᠮᠢᠶᠠᠷᠤᠭᠴᠢ ᠪᠣᠯᠣᠨ ᠬᠥᠯᠥᠰᠦᠨ ᠠᠵᠢᠯᠴᠢᠨ ᠵᠡᠷᠭᠡ ᠢᠳᠡᠪᠬᠢᠲᠡᠢ ᠣᠷᠣᠯᠴᠠᠵᠤ᠂ ᠨᠡᠢ᠌ᠭᠡᠮ᠎ᠤᠨ ᠡᠯ᠎ᠡ ᠡᠲᠡᠭᠡᠳ᠎ᠤᠨ᠎ᠬᠢᠨ ᠬᠠᠯᠠᠭᠤᠨ ᠵᠶ᠋ᠠᠷ ᠴᠤᠤᠷᠢᠶᠠᠲᠤᠨ ᠲᠠᠭ᠋ᠠᠵᠤ᠂ ᠬᠠᠤᠯᠢ ᠵᠢ ᠰᠤᠷᠤᠯᠴᠠᠬᠤ᠂ ᠬᠠᠤᠯᠢ ᠵᠢ ᠮᠡᠳᠡᠬᠦ᠂ ᠬᠠᠤᠯᠢ ᠵᠢ ᠬᠦᠨᠳᠦᠳᠬᠡᠬᠦ᠂ ᠬᠠᠤᠯᠢ ᠵᠢ ᠰᠠᠬᠢᠬᠤ ᠣᠢ᠌ᠯᠠᠭ᠋ᠠᠭᠳᠠᠬᠤᠨ ᠬᠥᠮᠥᠰ᠎ᠤᠨ ᠰᠡᠳᠬᠢᠯ᠎ᠳᠤ ᠭᠦᠨ ᠬᠠᠳᠠᠩᠰᠢᠵᠠᠢ᠃
      ᠣᠢ᠌ᠷ᠎ᠠ ᠵᠢᠨ ᠵᠢᠯ᠎ᠤᠳ᠎ᠲᠤ᠂ ᠪᠦᠬᠦ ᠣᠷᠣᠨ᠎ᠤ ᠡᠯ᠎ᠡ ᠱᠠᠲᠤᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠤᠳ ᠰᠢ ᠵᠢᠨ ᠫᠢᠩ ᠶᠡᠷᠦᠩᠬᠡᠢ ᠱᠦᠵᠢ ᠵᠢᠨ ᠬᠥᠯᠥᠰᠦᠨ ᠠᠵᠢᠯᠴᠢᠨ᠎ᠤ ᠴᠠᠯᠢᠩ᠎ᠢ ᠥᠭᠬᠦ ᠠᠵᠢᠯ᠎ᠢ ᠪᠠᠲᠤᠯᠠᠬᠤ ᠲᠤᠬᠠᠢ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠲᠣᠬᠢᠷᠠᠭᠤᠯᠤᠯᠲᠠ ᠪᠠᠢ᠌ᠷᠢᠯᠠᠭᠤᠯᠤᠯᠲᠠ ᠶᠣᠰᠣᠭ᠋ᠠᠷ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠤᠨ ᠴᠠᠯᠢᠩ᠎ᠢ ᠥᠭᠬᠦ ᠵᠢ ᠪᠠᠲᠤᠯᠠᠬᠤ ᠠᠵᠢᠯ᠎ᠢ ᠢᠮᠠᠭᠲᠠ ᠴᠢᠬᠤᠯᠠ ᠶᠡᠬᠡ ᠤᠯᠤᠰ ᠲᠥᠷᠥ ᠵᠢᠨ ᠡᠭᠦᠷᠭᠡ᠂ ᠠᠷᠠᠳ᠎ᠤᠨ ᠠᠮᠢᠳᠤᠷᠠᠯ᠎ᠤᠨ ᠴᠢᠬᠤᠯᠠ ᠶᠡᠬᠡ ᠢᠨᠵᠧᠨᠧᠷᠢᠩ ᠪᠠ ᠠᠷᠠᠳ᠎ᠤᠨ ᠰᠡᠳᠬᠢᠯ᠎ᠤᠨ ᠢᠨᠵᠧᠨᠧᠷᠢᠩ ᠪᠣᠯᠭ᠋ᠠᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠤᠨ ᠴᠠᠯᠢᠩ᠎ᠢ ᠥᠭᠬᠦ ᠵᠢ ᠪᠠᠲᠤᠯᠠᠬᠤ ᠠᠵᠢᠯ᠎ᠳᠤ ᠢᠳᠡᠪᠬᠢᠲᠡᠢ ᠦᠷ᠎ᠡ ᠪᠦᠲᠦᠮᠵᠢ ᠣᠯᠬᠤ ᠵᠢ ᠪᠠᠲᠤᠯᠠᠵᠠᠢ᠃ ᠲᠤᠰ ᠤᠳᠠᠭ᠋ᠠᠨ᠎ᠤ ᠤᠷᠤᠯᠳᠤᠭ᠋ᠠᠨ᠎ᠤ ᠬᠢᠷᠢ ᠪᠦᠲᠦᠮᠵᠢ᠎ᠨᠢ ᠥᠪᠥᠷ ᠮᠣᠩᠭᠣᠯ᠎ᠤᠨ ᠬᠥᠳᠡᠯᠮᠦᠷᠢ ᠵᠢᠨ ᠪᠠᠲᠤᠯᠠᠭ᠎ᠠ ᠵᠢᠨ ᠬᠢᠨᠠᠨ ᠪᠠᠢ᠌ᠴᠠᠭ᠋ᠠᠬᠤ ᠬᠠᠤᠯᠢ ᠬᠡᠷᠡᠭᠵᠢᠭᠦᠯᠬᠦ ᠬᠢᠷᠢ ᠲᠦᠪᠰᠢᠨ ᠵᠶ᠋ᠡᠨ ᠲᠠᠰᠤᠷᠠᠯᠲᠠ ᠦᠭᠡᠢ ᠳᠡᠭᠡᠭᠰᠢᠯᠡᠭᠦᠯᠦᠭᠰᠡᠨ᠎ᠢ ᠨᠤᠲᠠᠯᠠᠭᠰᠠᠨ ᠵᠶ᠋ᠠᠷ ᠪᠠᠷᠠᠬᠤ ᠦᠭᠡᠢ᠂ ᠨᠡᠩ ᠴᠤ᠌ ᠮᠠᠨ᠎ᠤ ᠣᠷᠣᠨ᠎ᠤ ᠬᠥᠯᠥᠰᠦᠨ ᠠᠵᠢᠯᠴᠢᠨ᠎ᠤ ᠴᠠᠯᠢᠩ᠎ᠢ ᠥᠭᠬᠦ ᠵᠢ ᠪᠠᠲᠤᠯᠠᠬᠤ ᠠᠵᠢᠯ᠎ᠤᠨ ᠴᠢᠳᠠᠪᠤᠷᠢ᠎ᠳᠠᠬᠢ ᠵᠣᠷᠢᠭᠵᠢᠭᠤᠯᠤᠯ ᠪᠠ ᠤᠷᠮᠠᠰᠢᠭᠤᠯᠤᠯ ᠪᠣᠯᠣᠨ᠎ᠠ᠃ ᠪᠦᠬᠦ ᠣᠷᠣᠨ᠎ᠤ ᠡᠯ᠎ᠡ ᠱᠠᠲᠤᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠤᠨ᠎ᠬᠢᠨ ᠡᠭᠦᠨ ᠵᠶ᠋ᠡᠷ ᠠᠵᠠ ᠲᠣᠬᠢᠶᠠᠯ ᠪᠣᠯᠭ᠋ᠠᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠦᠷᠭᠦᠯᠵᠢᠯᠡᠨ ᠵᠠᠯᠭ᠋ᠠᠮᠵᠢᠯᠠᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠬᠤ᠂ ᠡᠬᠡ ᠤᠯᠤᠰ᠎ᠤᠨ ᠤᠮᠠᠷᠠᠲᠤ ᠵᠢᠨ ᠠᠮᠤᠷ ᠲᠣᠭᠲᠠᠭᠤᠨ᠎ᠤ ᠬᠠᠯᠬᠠᠪᠴᠢ ᠵᠢ ᠪᠡᠬᠢᠵᠢᠭᠦᠯᠬᠦ᠎ᠳᠤ ᠪᠠᠲᠤ ᠪᠡᠬᠢ ᠬᠦᠴᠦᠨ ᠴᠢᠳᠠᠯ ᠵᠶ᠋ᠠᠨ ᠡᠷᠭᠦᠨ᠎ᠡ᠃
      ᠤᠷᠤᠯᠳᠤᠭ᠋ᠠᠨ᠎ᠳᠤ ᠣᠷᠣᠯᠴᠠᠭᠰᠠᠳ᠎ᠤᠨ ᠨᠡᠷᠡᠰ
      ᠯᠢᠦ ᠢ
      ᠤᠯᠠᠭ᠋ᠠᠨᠴᠠᠪ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ
      ᠴᠢ ᠱᠤ᠌ ᠰᠢᠨ
      ᠰᠢᠯᠢ ᠵᠢᠨ ᠭᠣᠣᠯ ᠠᠶ᠋ᠢᠮᠠᠭ᠎ᠤᠨ ᠰᠢᠯᠢᠩᠬᠣᠲᠠ ᠵᠢᠨ ᠠᠵᠢᠯᠴᠢᠨ᠎ᠤ ᠶᠡᠷᠦᠩᠬᠡᠢ ᠡᠪᠯᠡᠯ
      ᠸᠧᠢ ᠶᠢᠩ ᠰᠢᠶᠠ
      ᠬᠥᠯᠥᠨ ᠪᠣᠢ᠌ᠷ᠎ᠤᠨ ᠾᠧᠩ ᠲᠦ᠋ ᠪᠠᠷᠢᠯᠭ᠎ᠠ ᠵᠢᠨ ᠤᠭᠰᠠᠷᠠᠭᠤᠯᠬᠤ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ
      ᠸᠧᠢ ᠬᠠᠢ
      ᠹᠧᠢ ᠴᠧᠩ ᠱ᠌ᠢ ᠪᠠᠷᠢᠯᠭ᠎ᠠ ᠤᠭᠰᠠᠷᠠᠭᠤᠯᠬᠤ ᠢᠨᠵᠧᠨᠧᠷᠢᠩ᠎ᠤᠨ ᠶᠡᠷᠦᠩᠬᠡᠢ ᠺᠣᠮᠫᠠᠨᠢ

 

ᠢᠷᠡᠯᠲᠡ᠄ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ ᠪᠦᠯᠬᠦᠮ ᠪᠠᠢ᠌ᠭᠤᠯᠤᠨ ᠪᠡᠭᠡᠵᠢᠩ᠎ᠳᠤ ᠣᠷᠣᠵᠤ ᠬᠥᠳᠡᠯᠮᠦᠷᠢ ᠦᠢ᠍ᠯᠡᠴᠢᠯᠡᠭᠡᠨ᠎ᠤ ᠬᠠᠮᠵᠢᠯᠴᠠᠭ᠎ᠠ ᠵᠢᠨ 《ᠨᠠᠢ᠌ᠵᠠ ᠵᠢᠨ ᠲᠣᠭᠣᠷᠢᠭ》 ᠵᠶ᠋ᠠᠨ ᠥᠷᠭᠡᠳᠬᠡᠪᠡ
ᠪᠦᠬᠦ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠠᠵᠢᠯ ᠵᠢᠴᠢ ᠨᠠᠮ᠎ᠤᠨ ᠴᠢᠬᠡᠴᠢ ᠵᠠᠰᠠᠭ᠎ᠤᠨ ᠪᠠᠢ᠌ᠭᠤᠯᠤᠯᠲᠠ ᠵᠢᠨ ᠠᠵᠢᠯ᠎ᠤᠨ ᠬᠤᠷᠠᠯ ᠬᠤᠷᠠᠯᠳᠤᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ 2025 ᠣᠨ᠎ᠤ 《ᠬᠠᠪᠤᠷ᠎ᠤᠨ ᠤᠷᠢᠬᠠᠨ ᠰᠠᠯᠬᠢᠨ᠎ᠤ ᠠᠵᠢᠯᠯᠠᠭ᠎ᠠ》 《ᠮᠠᠯᠴᠢᠨ ᠲᠠᠷᠢᠶᠠᠴᠢᠨ ᠬᠦᠴᠦ ᠶᠠᠪᠤᠭᠰᠠᠳ᠎ᠢ ᠬᠠᠪᠤᠷ᠎ᠤᠨ ᠤᠯᠠᠷᠢᠯ᠎ᠳᠤ ᠳᠤᠯᠠᠭ᠋ᠠᠯᠠᠬᠤ》 《ᠠᠵᠢᠯ ᠣᠯᠭᠣᠯᠲᠠ ᠵᠢᠨ ᠲᠤᠰᠠᠯᠠᠮᠵᠢ》 ᠵᠡᠷᠭᠡ ᠠᠵᠢᠯ ᠣᠯᠭᠣᠯᠲᠠ ᠵᠢ ᠠᠬᠢᠭᠤᠯᠬᠤ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠪᠡ
ᠪᠥᠬᠥ ᠣᠷᠣᠨ᠎ᠤ ᠮᠡᠷᠭᠡᠵᠢᠯ᠎ᠤᠨ ᠠᠵᠢᠯᠴᠢᠨ᠎ᠤ ᠳᠡᠭᠡᠳᠦ ᠰᠤᠷᠭ᠋ᠠᠭᠤᠯᠢ᠎ᠨᠤᠭᠤᠳ ᠬᠠᠮᠲᠤ᠎ᠪᠠᠷ 《ᠰᠤᠷᠤᠯᠭ᠎ᠠ ᠡᠬᠢᠯᠡᠬᠦ ᠠᠩᠬᠠᠨ᠎ᠤ ᠬᠢᠴᠢᠶᠡᠯ》 ᠨᠡᠭᠡᠭᠡᠵᠦ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠤ ᠲᠣᠣᠷ᠎ᠢ ᠬᠠᠮᠲᠤᠷᠠᠨ ᠪᠠᠢ᠌ᠭᠤᠯᠤᠨ᠎ᠠ
ᠪᠥᠬᠥ ᠣᠷᠣᠨ᠎ᠤ ᠮᠡᠷᠭᠡᠵᠢᠯ᠎ᠤᠨ ᠠᠵᠢᠯᠴᠢᠨ᠎ᠤ ᠳᠡᠭᠡᠳᠦ ᠰᠤᠷᠭ᠋ᠠᠭᠤᠯᠢ᠎ᠨᠤᠭᠤᠳ ᠬᠠᠮᠲᠤ᠎ᠪᠠᠷ 《ᠰᠤᠷᠤᠯᠭ᠎ᠠ ᠡᠬᠢᠯᠡᠬᠦ ᠠᠩᠬᠠᠨ᠎ᠤ ᠬᠢᠴᠢᠶᠡᠯ》 ᠨᠡᠭᠡᠭᠡᠵᠦ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠤ ᠲᠣᠣᠷ᠎ᠢ ᠬᠠᠮᠲᠤᠷᠠᠨ ᠪᠠᠢ᠌ᠭᠤᠯᠤᠨ᠎ᠠ
 
            