ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠥᠷ ᠮᠣᠩᠭᠣᠯ ᠪᠦᠯᠬᠦᠮ ᠪᠠᠢ᠌ᠭᠤᠯᠤᠨ ᠪᠡᠭᠡᠵᠢᠩ᠎ᠳᠤ ᠣᠷᠣᠵᠤ ᠬᠥᠳᠡᠯᠮᠦᠷᠢ ᠦᠢ᠍ᠯᠡᠴᠢᠯᠡᠭᠡᠨ᠎ᠤ ᠬᠠᠮᠵᠢᠯᠴᠠᠭ᠎ᠠ ᠵᠢᠨ 《ᠨᠠᠢ᠌ᠵᠠ ᠵᠢᠨ ᠲᠣᠭᠣᠷᠢᠭ》 ᠵᠶ᠋ᠠᠨ ᠥᠷᠭᠡᠳᠬᠡᠪᠡ
ᠨᠡᠶ᠋ᠢᠲᠡᠯᠡᠭᠰᠡᠨ ᠴᠠᠭ᠄ 2024-12-30

      12 ᠰᠠᠷ᠎ᠠ ᠵᠢᠨ 29᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠡᠭᠡᠵᠢᠩ᠎ᠳᠤ ᠰᠠᠭᠤᠭ᠎ᠠ ᠬᠡᠷᠡᠭ ᠡᠷᠬᠢᠯᠡᠬᠦ ᠭᠠᠵᠠᠷ ᠪᠡᠭᠡᠵᠢᠩ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠎ᠲᠠᠢ ᠬᠠᠮᠲᠤᠷᠠᠨ᠂ ᠪᠡᠭᠡᠵᠢᠩ᠎ᠳᠤ ᠥᠪᠥᠷ ᠮᠣᠩᠭᠣᠯ᠎ᠤᠨ ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠥᠷᠥᠯ ᠲᠡᠮᠳᠡᠭ᠎ᠢ ᠪᠡᠭᠡᠵᠢᠩ᠎ᠳᠤ ᠣᠷᠣᠭᠤᠯᠬᠤ ᠤᠬᠠᠭᠤᠯᠤᠨ ᠲᠠᠨᠢᠯᠴᠠᠭᠤᠯᠬᠤ ᠵᠢᠴᠢ ᠵᠣᠯᠭ᠋ᠠᠭᠤᠯᠬᠤ ᠵᠢ ᠶᠠᠷᠢᠯᠴᠠᠬᠤ ᠠᠵᠢᠯᠯᠠᠭ᠎ᠠ ᠵᠢ ᠡᠷᠬᠢᠯᠡᠨ ᠶᠠᠪᠤᠭᠳᠠᠭᠤᠯᠪᠠ᠃

图片01.jpg


      ᠲᠤᠰ ᠤᠳᠠᠭ᠋ᠠᠨ᠎ᠤ ᠠᠵᠢᠯᠯᠠᠭ᠎ᠠ᠎ᠨᠢ 《ᠬᠠᠮᠵᠢᠯᠴᠠᠨ ᠬᠥᠭᠵᠢᠵᠦ ᠢᠷᠡᠭᠡᠳᠦᠢ᠎ᠪᠠᠨ ᠬᠠᠮᠲᠤ᠎ᠪᠠᠷ ᠴᠣᠭᠴᠠᠯᠠᠶ᠎ᠠ》 ᠭᠡᠬᠦ ᠠᠭᠤᠯᠭ᠎ᠠ᠎ᠪᠠᠷ ᠭᠣᠣᠯ ᠰᠡᠳᠦᠪ ᠪᠣᠯᠭ᠋ᠠᠵᠤ᠂ ᠪᠡᠭᠡᠵᠢᠩ ᠥᠪᠥᠷ ᠮᠣᠩᠭᠣᠯ᠎ᠤᠨ 20 ᠭᠠᠷᠤᠢ ᠭᠡᠷ ᠠᠬᠤᠢ ᠵᠢᠨ ᠬᠥᠳᠡᠯᠮᠦᠷᠢ ᠦᠢ᠍ᠯᠡᠴᠢᠯᠡᠭᠡᠨ᠎ᠤ ᠠᠵᠤ ᠠᠬᠤᠢ᠌ᠯᠠᠯ ᠪᠡᠭᠡᠵᠢᠩ ᠥᠪᠥᠷ ᠮᠣᠩᠭᠣᠯ᠎ᠤᠨ ᠭᠡᠷ ᠠᠬᠤᠢ ᠵᠢᠨ ᠬᠥᠳᠡᠯᠮᠦᠷᠢ ᠦᠢ᠍ᠯᠡᠴᠢᠯᠡᠭᠡᠨ᠎ᠤ ᠬᠠᠩᠭ᠋ᠠᠯᠭ᠎ᠠ ᠬᠡᠷᠡᠭᠴᠡᠭᠡ ᠵᠢ ᠵᠣᠯᠭ᠋ᠠᠭᠤᠯᠬᠤ ᠵᠡᠷᠭᠡ ᠲᠠᠯ᠎ᠠ ᠵᠢᠨ ᠲᠣᠭᠣᠷᠢᠨ᠎ᠳᠤ ᠰᠣᠯᠢᠯᠴᠠᠭ᠎ᠠ ᠬᠢᠵᠦ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠤᠮᠠᠷᠠᠲᠤ ᠬᠢᠯᠢ ᠵᠢᠨ ᠭᠡᠷ ᠠᠬᠤᠢ ᠵᠢᠨ ᠬᠥᠳᠡᠯᠮᠦᠷᠢ ᠦᠢ᠍ᠯᠡᠴᠢᠯᠡᠭᠡ〉 ᠵᠢᠨ ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠥᠷᠥᠯ ᠲᠡᠮᠳᠡᠭ᠎ᠢ ᠪᠣᠢ᠌ᠵᠢᠭᠤᠯᠬᠤ ᠲᠤᠰᠬᠠᠢ ᠠᠵᠢᠯᠯᠠᠭ᠎ᠠ ᠵᠢᠨ ᠬᠡᠷᠡᠭᠵᠢᠭᠦᠯᠬᠦ ᠲᠥᠰᠥᠯ》 (ᠰᠠᠨᠠᠯ ᠬᠤᠷᠢᠶᠠᠬᠤ ᠨᠣᠣᠷᠠᠭ)᠎ᠢ ᠶᠠᠷᠢᠯᠴᠠᠵᠤ᠂ ᠪᠡᠭᠡᠵᠢᠩ ᠥᠪᠥᠷ ᠮᠣᠩᠭᠣᠯ᠎ᠤᠨ ᠭᠡᠷ ᠠᠬᠤᠢ ᠵᠢᠨ ᠬᠥᠳᠡᠯᠮᠦᠷᠢ ᠦᠢ᠍ᠯᠡᠴᠢᠯᠡᠭᠡᠨ᠎ᠤ ᠬᠠᠮᠵᠢᠯᠴᠠᠭ᠎ᠠ ᠬᠢᠭᠡᠳ ᠭᠡᠷ ᠠᠬᠤᠢ ᠵᠢᠨ ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠥᠷᠥᠯ ᠲᠡᠮᠳᠡᠭ᠎ᠢ ᠪᠣᠢ᠌ᠵᠢᠭᠤᠯᠬᠤ ᠰᠢᠨ᠎ᠡ ᠠᠷᠭ᠎ᠠ ᠵᠠᠮ᠂ ᠰᠢᠨ᠎ᠡ ᠵᠠᠭᠪᠤᠷ᠎ᠢ ᠬᠠᠮᠲᠤᠪᠠᠷ ᠵᠥᠪᠳᠡᠯᠴᠡᠨ ᠶᠠᠷᠢᠯᠴᠠᠪᠠ᠃ ᠥᠪᠥᠷ ᠮᠣᠩᠭᠣᠯ᠎ᠤᠨ ᠭᠡᠷ ᠠᠬᠤᠢ ᠵᠢᠨ ᠠᠵᠢᠯ ᠲᠥᠷᠥᠯ᠎ᠤᠨ ᠨᠡᠢ᠌ᠭᠡᠮᠯᠢᠭ ᠪᠣᠯᠣᠨ ᠪᠡᠭᠡᠵᠢᠩ᠎ᠤᠨ ᠭᠡᠷ ᠠᠬᠤᠢ ᠵᠢᠨ ᠦᠢ᠍ᠯᠡᠴᠢᠯᠡᠭᠡᠨ᠎ᠤ ᠨᠡᠢ᠌ᠭᠡᠮᠯᠢᠭ᠎ᠠᠴᠠ 《ᠪᠡᠭᠡᠵᠢᠩ ᠥᠪᠥᠷ ᠮᠣᠩᠭᠣᠯ᠎ᠤᠨ ᠭᠡᠷ ᠠᠬᠤᠢ ᠵᠢᠨ ᠦᠢ᠍ᠯᠡᠴᠢᠯᠡᠭᠡᠨ᠎ᠤ ᠬᠠᠮᠲᠤᠷᠠᠯᠴᠠᠭ᠋ᠠᠨ᠎ᠤ ᠵᠥᠪᠯᠡᠯᠴᠡᠭᠡᠷ》 ᠲᠣᠭᠲᠠᠵᠤ᠂ ᠠᠵᠢᠯ᠎ᠤᠨ ᠪᠠᠶ᠋ᠢᠷᠢ ᠵᠢᠨ ᠮᠡᠳᠡᠭᠡ ᠵᠠᠩᠭᠢ᠂ ᠭᠠᠷᠭ᠋ᠠᠯᠲᠠ ᠵᠢᠨ ᠪᠠᠷᠢᠮᠵᠢᠶ᠎ᠠ ᠬᠢᠭᠡᠳ ᠨᠥᠬᠥᠴᠡᠯ᠂ ᠡᠷᠬᠡ ᠠᠰᠢᠭ᠎ᠤᠨ ᠪᠠᠲᠤᠯᠠᠭ᠎ᠠ ᠵᠡᠷᠭᠡ ᠲᠠᠯ᠎ᠠ᠎ᠪᠠᠷ ᠬᠣᠶᠠᠷ ᠭᠠᠵᠠᠷ᠎ᠤᠨ ᠭᠡᠷ ᠠᠬᠤᠢ ᠵᠢᠨ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠬᠡᠷᠡᠭᠴᠡᠭᠡ ᠵᠢ ᠵᠣᠯᠭ᠋ᠠᠭᠤᠯᠬᠤ ᠵᠢ ᠤᠯᠠᠮ ᠨᠢᠭᠡ ᠠᠯᠬᠤᠮ ᠠᠬᠢᠭᠤᠯᠵᠤ᠂ ᠦᠢ᠍ᠯᠡᠴᠢᠯᠡᠭᠡᠨ᠎ᠤ ᠴᠢᠨᠠᠷ ᠴᠢᠨᠰᠠᠭ᠎ᠠ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃

图片02.jpg


      ᠪᠡᠭᠡᠵᠢᠩ᠎ᠤᠨ ᠭᠡᠷ ᠠᠬᠤᠢ ᠵᠢᠨ ᠦᠢ᠍ᠯᠡᠴᠢᠯᠡᠭᠡᠨ᠎ᠤ ᠨᠡᠢ᠌ᠭᠡᠮᠯᠢᠭ᠎ᠤᠨ ᠳᠠᠷᠤᠭ᠎ᠠ ᠸᠠᠩ ᠵᠢᠶᠦ᠋ᠨ ᠢᠯᠡᠷᠬᠡᠢ᠌ᠯᠡᠬᠦ᠎ᠳᠡᠭᠡᠨ᠂ ᠥᠪᠥᠷ ᠮᠣᠩᠭᠣᠯ᠎ᠳᠤ ᠨᠡᠯᠢᠶᠡᠳ ᠪᠣᠯᠪᠠᠰᠤᠷᠠᠩᠭᠤᠢ ᠭᠡᠷ ᠠᠬᠤᠢ ᠵᠢᠨ ᠦᠢ᠍ᠯᠡᠴᠢᠯᠡᠭᠡᠨ᠎ᠤ ᠠᠵᠢᠯ᠎ᠤᠨ ᠡᠩᠨᠡᠭᠡ᠎ᠲᠠᠢ᠂ ᠬᠣᠶᠠᠷ ᠭᠠᠵᠠᠷ᠎ᠤᠨ᠎ᠬᠢᠨ ᠭᠡᠷ ᠠᠬᠤᠢ ᠵᠢᠨ ᠬᠥᠳᠡᠯᠮᠦᠷᠢ ᠦᠢ᠍ᠯᠡᠴᠢᠯᠡᠭᠡᠨ᠎ᠤ ᠬᠠᠮᠲᠤᠷᠠᠯᠴᠠᠭ᠎ᠠ ᠥᠷᠨᠢᠭᠦᠯᠪᠡᠯ ᠨᠡᠢ᠌ᠰᠯᠡᠯ᠎ᠤᠨ ᠭᠡᠷ ᠠᠬᠤᠢ ᠵᠢᠨ ᠦᠢ᠍ᠯᠡᠴᠢᠯᠡᠭᠡᠨ᠎ᠤ ᠠᠵᠢᠯᠴᠢᠨ ᠬᠡᠷᠡᠭᠯᠡᠬᠦ ᠬᠡᠷᠡᠭᠴᠡᠭᠡ ᠵᠢ ᠬᠠᠩᠭ᠋ᠠᠵᠤ᠂ ᠬᠠᠮᠲᠤᠷᠠᠨ ᠠᠵᠢᠯᠯᠠᠵᠤ ᠬᠠᠮᠲᠤ᠎ᠪᠠᠷ ᠠᠰᠢᠭ ᠭᠥᠷᠳᠡᠬᠦ ᠵᠢ ᠪᠡᠶᠡᠯᠡᠭᠦᠯᠵᠦ ᠴᠢᠳᠠᠨ᠎ᠠ ᠭᠡᠵᠡᠢ᠃

图片03.jpg


      ᠲᠤᠰ ᠤᠳᠠᠭ᠋ᠠᠨ᠎ᠤ ᠠᠵᠢᠯᠯᠠᠭ᠎ᠠ᠎ᠳᠤ᠂ ᠥᠪᠥᠷ ᠮᠣᠩᠭᠣᠯ᠎ᠠᠴᠠ ᠢᠷᠡᠭᠰᠡᠨ ᠭᠦᠶᠠᠩ ᠬᠤᠨᠴᠢᠷ᠎ᠤᠨ ᠠᠵᠤ ᠦᠢ᠍ᠯᠡᠰ᠎ᠤᠨ ᠠᠵᠢᠯᠴᠢᠨ᠂ ᠪᠣᠷᠣᠳᠣᠬᠣᠢ ᠠᠷᠢᠬᠢ ᠨᠡᠷᠡᠬᠦ ᠠᠵᠢᠯᠴᠢᠨ᠂ ᠠᠤᠬᠠᠨ ᠨᠠᠷᠢᠮᠤ ᠪᠤᠳᠠᠭ᠋ᠠᠨ᠎ᠤ ᠮᠡᠷᠭᠡᠵᠢᠯ᠎ᠤᠨ ᠠᠵᠢᠯᠴᠢᠨ᠂ ᠴᠠᠬᠠᠷ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠤᠷᠠᠨ ᠭᠠᠷ᠂ ᠤᠷᠠᠳ᠎ᠤᠨ ᠬᠤᠨ ᠭᠠᠯᠠᠭᠤ ᠮᠡᠷᠭᠡᠵᠢᠯ᠎ᠤᠨ ᠠᠵᠢᠯᠴᠢᠨ᠂ ᠬᠢᠩᠭ᠋ᠠᠨ᠎ᠤ ᠲᠠᠯ᠎ᠠ ᠨᠤᠲᠤᠭ᠎ᠤᠨ ᠬᠠᠳᠬᠤᠮᠠᠯᠴᠢᠨ᠂ ᠬᠦᠷᠢᠶ᠎ᠡ ᠬᠣᠰᠢᠭᠤᠨ᠎ᠤ 《ᠰᠠᠭ᠋ᠠᠭ᠎ᠤᠨ ᠨᠤᠲᠤᠭ》᠎ᠤᠨ ᠰᠢᠨ᠎ᠡ ᠲᠠᠷᠢᠶᠠᠴᠢᠨ᠂ ᠬᠥᠬᠡᠬᠣᠲᠠ ᠵᠢᠨ ᠱᠣᠣᠮᠠᠢ ᠬᠢᠬᠦ ᠠᠵᠢᠯᠴᠢᠨ᠂ ᠬᠣᠷᠴᠢᠨ ᠦᠬᠡᠷ᠎ᠤᠨ ᠠᠵᠤ ᠦᠢ᠍ᠯᠡᠰ᠎ᠤᠨ ᠠᠵᠢᠯᠴᠢᠨ᠂ ᠰᠢᠯᠤᠭᠤᠨ ᠬᠥᠬᠡ ᠬᠣᠰᠢᠭᠤᠨ᠎ᠤ ᠪᠢᠰᠢᠯᠠᠭ᠎ᠤᠨ ᠠᠵᠢᠯᠴᠢᠨ ᠵᠡᠷᠭᠡ 10 ᠣᠨᠴᠠᠯᠢᠭᠲᠤ ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠥᠷᠥᠯ ᠲᠡᠮᠳᠡᠭ ᠲᠤᠬᠠᠢ ᠵᠢᠨ ᠭᠠᠵᠠᠷ᠎ᠤᠨ ᠬᠤᠳᠠᠯᠳᠤᠭ᠋ᠠᠨ᠎ᠤ ᠲᠣᠭᠣᠷᠢᠭ᠎ᠲᠤ ᠣᠷᠣᠵᠤ᠂ ᠲᠤᠬᠠᠢ ᠵᠢᠨ ᠲᠠᠯᠠᠪᠠᠢ᠎ᠳᠤ ᠪᠡᠭᠡᠵᠢᠩ ᠬᠤᠳᠠ ᠵᠢᠨ ᠠᠷᠠᠳ᠎ᠲᠤ ᠤᠷ᠎ᠠ ᠮᠡᠷᠭᠡᠵᠢᠯ᠎ᠤᠨ ᠭᠣᠴᠣ ᠡᠷᠳᠡᠮ ᠵᠶ᠋ᠡᠨ ᠭᠠᠢ᠌ᠬᠠᠭᠤᠯᠪᠠ᠃
      ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠠᠢ ᠶᠢᠩ ᠵᠢᠶᠦ᠋ᠨ 《ᠪᠢᠳᠡ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠵᠣᠬᠢᠶᠠᠨ ᠪᠠᠢ᠌ᠭᠤᠯᠵᠤ ᠥᠷᠨᠢᠭᠦᠯᠦᠭᠰᠡᠨ 〈ᠵᠢᠷᠭᠤᠭ᠋ᠠᠨ ᠠᠵᠢᠯᠯᠠᠭ᠎ᠠ〉 ᠵᠢᠨ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠡᠷᠡᠰ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ 〈ᠠᠵᠢᠯ ᠣᠯᠭᠣᠯᠲᠠ ᠵᠢ ᠠᠬᠢᠭᠤᠯᠬᠤ ᠠᠵᠢᠯᠯᠠᠭ᠎ᠠ〉 〈ᠣᠷᠣᠨ ᠪᠦᠰᠡ ᠵᠢᠨ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠬᠦ ᠠᠵᠢᠯᠯᠠᠭ᠎ᠠ〉 ᠵᠢ ᠥᠷᠨᠢᠭᠦᠯᠬᠦ᠎ᠪᠠᠷ ᠬᠥᠲᠥᠯᠥᠮᠵᠢ ᠪᠣᠯᠭ᠋ᠠᠵᠤ᠂ ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠥᠷᠥᠯ ᠲᠡᠮᠳᠡᠭ᠎ᠢ ᠢᠯᠡᠷᠡᠭᠦᠯᠦᠨ ᠪᠣᠢ᠌ᠵᠢᠭᠤᠯᠬᠤ᠂ ᠬᠥᠭᠵᠢᠭᠦᠯᠦᠨ ᠳᠡᠭᠡᠭᠰᠢᠯᠡᠭᠦᠯᠬᠦ᠂ ᠪᠤᠵᠠᠭ᠋ᠠᠢ᠌ᠷᠠᠭᠤᠯᠤᠨ ᠳᠡᠰ ᠳᠡᠪᠰᠢᠭᠦᠯᠬᠦ ᠵᠢ ᠰᠠᠶ᠋ᠢᠲᠤᠷ ᠠᠳᠬᠤᠵᠤ᠂ ᠡᠯ᠎ᠡ ᠵᠦᠢ᠍ᠯ᠎ᠤᠨ ᠳᠡᠮᠵᠢᠯᠭᠡ ᠵᠢᠨ ᠲᠥᠷᠥ ᠵᠢᠨ ᠪᠣᠳᠣᠯᠭ᠎ᠠ ᠪᠠ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢ ᠴᠢᠩᠭ᠋ᠠᠷᠠᠭᠤᠯᠵᠤ᠂ ᠴᠢᠨᠠᠷ ᠰᠠᠢ᠌ᠲᠠᠢ ᠭᠦᠢ᠍ᠴᠡᠳ ᠠᠵᠢᠯ ᠣᠯᠭᠣᠯᠲᠠ ᠵᠢ ᠪᠦᠲᠦᠮᠵᠢᠲᠡᠢ ᠠᠬᠢᠭᠤᠯᠵᠤ᠂ ᠪᠡᠭᠡᠵᠢᠩ ᠥᠪᠥᠷ ᠮᠣᠩᠭᠣᠯ ᠬᠣᠶᠠᠷ ᠭᠠᠵᠠᠷ᠎ᠤᠨ ᠠᠵᠤ ᠠᠬᠤᠢ ᠨᠡᠢ᠌ᠭᠡᠮ᠎ᠤᠨ ᠬᠠᠮᠵᠢᠯᠴᠠᠨ ᠬᠥᠭᠵᠢᠬᠦ ᠵᠢ ᠲᠦᠯᠬᠢᠨ ᠠᠬᠢᠭᠤᠯᠤᠨ᠎ᠠ》 ᠭᠡᠪᠡ᠃
      ᠣᠢ᠌ᠷ᠎ᠠ ᠵᠢᠨ ᠵᠢᠯ᠎ᠤᠳ᠎ᠲᠤ᠂ ᠪᠡᠭᠡᠵᠢᠩ ᠥᠪᠥᠷ ᠮᠣᠩᠭᠣᠯ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ ᠤᠷᠢᠳ ᠬᠣᠵᠢᠳ 《ᠪᠡᠭᠡᠵᠢᠩ ᠥᠪᠥᠷ ᠮᠣᠩᠭᠣᠯ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠬᠠᠮᠵᠢᠯᠴᠠᠭ᠋ᠠᠨ᠎ᠤ ᠪᠦᠳᠦᠭᠦᠪᠴᠢ ᠵᠥᠪᠯᠡᠯᠴᠡᠭᠡᠷ》 《ᠪᠡᠭᠡᠵᠢᠩ ᠥᠪᠥᠷ ᠮᠣᠩᠭᠣᠯ᠎ᠤᠨ ᠬᠥᠳᠡᠯᠮᠦᠷᠢ ᠦᠢ᠍ᠯᠡᠴᠢᠯᠡᠭᠡᠨ᠎ᠤ ᠬᠠᠮᠵᠢᠯᠴᠠᠭ᠋ᠠᠨ᠎ᠤ ᠪᠦᠳᠦᠭᠦᠪᠴᠢ ᠵᠥᠪᠯᠡᠯᠴᠡᠭᠡᠷ》 ᠵᠡᠷᠭᠡ᠎ᠳᠤ ᠭᠠᠷ᠎ᠤᠨ ᠦᠰᠦᠭ ᠵᠢᠷᠤᠵᠤ᠂ ᠪᠡᠭᠡᠵᠢᠩ ᠥᠪᠥᠷ ᠮᠣᠩᠭᠣᠯ᠎ᠤᠨ ᠬᠥᠳᠡᠯᠮᠦᠷᠢ ᠦᠢ᠍ᠯᠡᠴᠢᠯᠡᠭᠡᠨ᠎ᠤ ᠬᠠᠮᠵᠢᠯᠴᠠᠭ᠎ᠠ ᠵᠢᠨ ᠬᠡᠪᠴᠢᠶ᠎ᠡ᠎ᠨᠢ ᠪᠥᠬᠥ ᠣᠷᠣᠨ᠎ᠢ ᠬᠠᠮᠤᠷᠴᠠᠢ᠃ 2017 ᠣᠨ᠎ᠠᠴᠠ ᠣᠲᠣ ᠪᠣᠯᠲᠠᠯ᠎ᠠ᠂ ᠪᠡᠭᠡᠵᠢᠩ ᠥᠪᠥᠷ ᠮᠣᠩᠭᠣᠯ᠎ᠤᠨ ᠬᠥᠳᠡᠯᠮᠦᠷᠢ ᠦᠢ᠍ᠯᠡᠴᠢᠯᠡᠭᠡᠨ᠎ᠤ ᠬᠠᠮᠵᠢᠯᠴᠠᠭ᠋ᠠᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ᠎ᠤᠨ ᠠᠩᠭᠢ ᠵᠢ ᠨᠠᠢ᠌ᠳᠠ 1519 ᠬᠤᠭᠤᠴᠠᠭ᠎ᠠ ᠡᠷᠭᠢᠯᠡᠵᠦ᠂ ᠮᠠᠯᠵᠢᠬᠤ ᠲᠠᠷᠢᠶᠠᠯᠠᠬᠤ ᠣᠷᠣᠨ᠎ᠤ ᠬᠥᠳᠡᠯᠮᠦᠷᠢ ᠬᠦᠴᠦᠨ᠎ᠢ 7.1 ᠲᠦᠮᠡᠨ ᠬᠥᠮᠥᠨ ᠤᠳᠠᠭ᠎ᠠ ᠪᠣᠯᠪᠠᠰᠤᠷᠠᠭᠤᠯᠪᠠ; ᠮᠠᠯᠵᠢᠬᠤ ᠲᠠᠷᠢᠶᠠᠯᠠᠬᠤ ᠣᠷᠣᠨ᠎ᠤ ᠬᠥᠳᠡᠯᠮᠦᠷᠢ ᠬᠦᠴᠦᠨ᠎ᠢ ᠬᠠᠪᠰᠤᠷᠤᠨ 34.4 ᠲᠦᠮᠡᠨ ᠬᠥᠮᠥᠨ ᠤᠳᠠᠭ᠎ᠠ᠎ᠳᠤ ᠰᠢᠯᠵᠢᠭᠦᠯᠦᠨ ᠠᠵᠢᠯ ᠣᠯᠭᠣᠵᠤ᠂ ᠪᠡᠭᠡᠵᠢᠩ᠎ᠳᠤ ᠣᠴᠢᠵᠤ ᠠᠵᠢᠯ ᠣᠯᠣᠭᠰᠠᠨ ᠮᠠᠯᠵᠢᠬᠤ ᠲᠠᠷᠢᠶᠠᠯᠠᠬᠤ ᠣᠷᠣᠨ᠎ᠤ ᠬᠥᠳᠡᠯᠮᠦᠷᠢ ᠬᠦᠴᠦᠨ 1.2 ᠲᠦᠮᠡᠨ ᠬᠥᠮᠥᠨ ᠤᠳᠠᠭ᠎ᠠ᠎ᠳᠤ ᠬᠦᠷᠴᠡᠢ; ᠪᠡᠭᠡᠵᠢᠩ ᠥᠪᠥᠷ ᠮᠣᠩᠭᠣᠯ᠎ᠤᠨ ᠭᠡᠷ ᠠᠬᠤᠢ ᠵᠢᠨ ᠦᠢ᠍ᠯᠡᠴᠢᠯᠡᠭᠴᠢ ᠵᠢ ᠪᠣᠯᠪᠠᠰᠤᠷᠠᠭᠤᠯᠤᠨ ᠭᠠᠷᠭ᠋ᠠᠬᠤ 10 ᠰᠠᠭᠤᠷᠢᠨ ᠭᠠᠵᠠᠷ᠎ᠢ ᠪᠣᠢ᠌ᠵᠢᠭᠤᠯᠤᠨ ᠡᠭᠦᠳᠦᠨ ᠪᠠᠢ᠌ᠭᠤᠯᠪᠠ; 770 ᠭᠠᠷᠤᠢ ᠭᠡᠷ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠣᠯᠪᠠᠰᠤᠷᠠᠯ᠎ᠤᠨ ᠪᠠᠭᠰᠢ ᠵᠢ ᠪᠣᠯᠪᠠᠰᠤᠷᠠᠭᠤᠯᠪᠠ᠃ ᠡᠭᠦᠨ᠎ᠠᠴᠠ ᠭᠠᠳᠠᠨ᠎ᠠ᠂ ᠥᠪᠥᠷ ᠮᠣᠩᠭᠣᠯ ᠬᠥᠳᠡᠯᠮᠦᠷᠢ ᠦᠢ᠍ᠯᠡᠴᠢᠯᠡᠭᠡᠨ᠎ᠤ ᠬᠠᠮᠵᠢᠯᠴᠠᠭ᠎ᠠ ᠪᠠ ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠥᠷᠥᠯ ᠲᠡᠮᠳᠡᠭ ᠵᠶ᠋ᠠᠷ ᠴᠢᠨᠠᠷ ᠰᠠᠢ᠌ᠲᠠᠢ ᠭᠦᠢ᠍ᠴᠡᠳ ᠠᠵᠢᠯ ᠣᠯᠭᠣᠯᠲᠠ ᠵᠢ ᠠᠬᠢᠭᠤᠯᠬᠤ ᠴᠢᠬᠤᠯᠠ ᠭᠠᠷᠳᠠᠴᠠ ᠪᠣᠯᠭ᠋ᠠᠵᠤ᠂ ᠣᠲᠣ ᠪᠣᠯᠲᠠᠯ᠎ᠠ᠂ ᠨᠢᠭᠡᠨᠲᠡ 109 ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠥᠷᠥᠯ ᠲᠡᠮᠳᠡᠭ᠎ᠢ ᠪᠣᠢ᠌ᠵᠢᠭᠤᠯᠤᠨ ᠡᠭᠦᠳᠪᠡ᠂ ᠡᠭᠦᠨ᠎ᠳᠤ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠥᠷᠥᠯ ᠲᠡᠮᠳᠡᠭ 30 ᠪᠠᠢ᠌ᠵᠤ᠂ ᠠᠵᠢᠯᠴᠢᠳ᠎ᠤᠨ ᠬᠡᠪᠴᠢᠶ᠎ᠡ 60 ᠭᠠᠷᠤᠢ ᠲᠦᠮᠡᠨ ᠬᠥᠮᠥᠨ᠎ᠳᠤ ᠬᠦᠷᠴᠦ᠂ 150 ᠭᠠᠷᠤᠢ ᠳ᠋ᠦᠩᠰᠢᠭᠤᠷ ᠲᠥᠭᠥᠷᠢᠭ᠎ᠤᠨ ᠬᠥᠳᠡᠯᠮᠦᠷᠢ ᠦᠢ᠍ᠯᠡᠴᠢᠯᠡᠭᠡᠨ᠎ᠤ ᠠᠵᠤ ᠠᠬᠤᠢ ᠵᠢᠨ ᠣᠷᠣᠯᠭ᠎ᠠ ᠵᠢ ᠡᠭᠦᠳᠦᠭᠰᠡᠨ ᠪᠠᠢ᠌ᠨ᠎ᠠ᠃

 

ᠢᠷᠡᠯᠲᠡ᠄ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠪᠦᠬᠦ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠠᠵᠢᠯ ᠵᠢᠴᠢ ᠨᠠᠮ᠎ᠤᠨ ᠴᠢᠬᠡᠴᠢ ᠵᠠᠰᠠᠭ᠎ᠤᠨ ᠪᠠᠢ᠌ᠭᠤᠯᠤᠯᠲᠠ ᠵᠢᠨ ᠠᠵᠢᠯ᠎ᠤᠨ ᠬᠤᠷᠠᠯ ᠬᠤᠷᠠᠯᠳᠤᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ 2025 ᠣᠨ᠎ᠤ 《ᠬᠠᠪᠤᠷ᠎ᠤᠨ ᠤᠷᠢᠬᠠᠨ ᠰᠠᠯᠬᠢᠨ᠎ᠤ ᠠᠵᠢᠯᠯᠠᠭ᠎ᠠ》 《ᠮᠠᠯᠴᠢᠨ ᠲᠠᠷᠢᠶᠠᠴᠢᠨ ᠬᠦᠴᠦ ᠶᠠᠪᠤᠭᠰᠠᠳ᠎ᠢ ᠬᠠᠪᠤᠷ᠎ᠤᠨ ᠤᠯᠠᠷᠢᠯ᠎ᠳᠤ ᠳᠤᠯᠠᠭ᠋ᠠᠯᠠᠬᠤ》 《ᠠᠵᠢᠯ ᠣᠯᠭᠣᠯᠲᠠ ᠵᠢᠨ ᠲᠤᠰᠠᠯᠠᠮᠵᠢ》 ᠵᠡᠷᠭᠡ ᠠᠵᠢᠯ ᠣᠯᠭᠣᠯᠲᠠ ᠵᠢ ᠠᠬᠢᠭᠤᠯᠬᠤ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠪᠡ
ᠪᠥᠬᠥ ᠣᠷᠣᠨ᠎ᠤ ᠮᠡᠷᠭᠡᠵᠢᠯ᠎ᠤᠨ ᠠᠵᠢᠯᠴᠢᠨ᠎ᠤ ᠳᠡᠭᠡᠳᠦ ᠰᠤᠷᠭ᠋ᠠᠭᠤᠯᠢ᠎ᠨᠤᠭᠤᠳ ᠬᠠᠮᠲᠤ᠎ᠪᠠᠷ 《ᠰᠤᠷᠤᠯᠭ᠎ᠠ ᠡᠬᠢᠯᠡᠬᠦ ᠠᠩᠬᠠᠨ᠎ᠤ ᠬᠢᠴᠢᠶᠡᠯ》 ᠨᠡᠭᠡᠭᠡᠵᠦ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠤ ᠲᠣᠣᠷ᠎ᠢ ᠬᠠᠮᠲᠤᠷᠠᠨ ᠪᠠᠢ᠌ᠭᠤᠯᠤᠨ᠎ᠠ
ᠪᠥᠬᠥ ᠣᠷᠣᠨ᠎ᠤ ᠮᠡᠷᠭᠡᠵᠢᠯ᠎ᠤᠨ ᠠᠵᠢᠯᠴᠢᠨ᠎ᠤ ᠳᠡᠭᠡᠳᠦ ᠰᠤᠷᠭ᠋ᠠᠭᠤᠯᠢ᠎ᠨᠤᠭᠤᠳ ᠬᠠᠮᠲᠤ᠎ᠪᠠᠷ 《ᠰᠤᠷᠤᠯᠭ᠎ᠠ ᠡᠬᠢᠯᠡᠬᠦ ᠠᠩᠬᠠᠨ᠎ᠤ ᠬᠢᠴᠢᠶᠡᠯ》 ᠨᠡᠭᠡᠭᠡᠵᠦ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ᠎ᠤ ᠲᠣᠣᠷ᠎ᠢ ᠬᠠᠮᠲᠤᠷᠠᠨ ᠪᠠᠢ᠌ᠭᠤᠯᠤᠨ᠎ᠠ
ᠪᠦᠬᠦ᠌ ᠤᠯᠤᠰ᠎ᠤᠨ ᠠᠩᠬᠠᠳᠠᠭ᠍ᠴᠢ ᠬᠥᠯᠥᠰᠥᠨ ᠠᠵᠢᠯᠴᠢᠨ᠎ᠤ ᠴᠠᠯᠢᠩ᠎ᠢ ᠥᠭ᠌ᠬᠦ᠎ᠶ᠋ᠢ ᠪᠠᠲᠤᠯᠠᠬᠤ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭ᠍ᠲᠠᠭᠠᠯ᠎ᠢ 7 ᠰᠠᠷ᠎ᠠ᠎ᠶ᠋ᠢᠨ 1 ᠎ᠤ ᠡᠳᠦᠷ᠎ᠠᠴᠠ ᠡᠬᠢᠯᠡᠵᠦ᠍ ᠬᠡᠷᠡᠭ᠌ᠵᠢᠭᠦᠯᠦᠨ᠎ᠡ
 
            