5 ᠰᠠᠷ᠎ᠠ᠎ᠶ᠋ᠢᠨ 21 ᠤ ᠡᠳᠦᠷ᠎ᠠᠴᠠ 23 ᠤ ᠡᠳᠦᠷ ᠪᠣᠯᠲᠠᠯ᠎ᠠ᠂ ᠨᠠᠢ᠍ᠮᠠᠳᠤᠭᠠᠷ ᠬᠤᠭᠤᠴᠠᠭᠠᠨ᠎ᠤ ᠳᠤᠮᠳᠠᠳᠤ ᠤᠯᠤᠰ · ᠴᠦᠩᠴᠢᠩ᠎ᠤᠨ ᠠᠵᠢᠯ ᠮᠡᠷᠭᠡᠵᠢᠯ᠎ᠤᠨ ᠤᠷ᠎ᠠ ᠮᠡᠷᠭᠡᠵᠢᠯ᠎ᠤᠨ ᠤᠷᠤᠯᠳᠤᠭᠠᠨ ᠴᠦᠩᠴᠢᠩ ᠬᠤᠲᠠ᠎ᠶ᠋ᠢᠨ ᠹᠦ᠋ ᠯᠢᠩ ᠲᠣᠭᠤᠷᠢᠭ᠎ᠲᠤ ᠶᠠᠪᠤᠭ᠍ᠳᠠᠪᠠ᠃ ᠤᠷᠤᠯᠳᠤᠭᠠᠨ᠎ᠨᠢ 《ᠥᠨᠳᠥᠷ ᠤᠷ᠎ᠠ ᠴᠢᠳᠠᠪᠤᠷᠢ᠎ᠪᠠᠷ ᠳᠡᠯᠡᠬᠡᠢ ᠳ᠋ᠠᠬᠢᠨ᠎ᠳᠤ ᠠᠶᠠᠯᠠᠬᠤ》 ᠭᠡᠬᠦ᠌ ᠭᠤᠣᠯ ᠰᠡᠳᠦᠪ᠎ᠢᠶᠠᠷ 25 ᠲᠥᠪᠯᠡᠷᠡᠩᠭᠦᠢ ᠤᠷᠤᠯᠳᠤᠭᠠᠨ᠎ᠤ ᠲᠦᠷᠦᠯ ᠵᠦᠢᠯ ᠪᠠ 2 ᠤᠷᠢᠯᠭ᠎ᠠ᠎ᠶ᠋ᠢᠨ ᠤᠷᠤᠯᠳᠤᠭᠠᠨ᠎ᠤ ᠲᠦᠷᠦᠯ ᠵᠦᠢᠯ᠎ᠢ ᠲᠤᠬᠢᠷᠠᠭᠤᠯᠵᠤ᠂ ᠴᠦᠩᠴᠢᠩ ᠬᠤᠳᠠ᠎ᠶ᠋ᠢᠨ 41 ᠲᠣᠭᠤᠷᠢᠭ ᠱᠢᠶᠠᠨ᠎ᠤ ᠲᠥᠯᠥᠭᠡᠯᠡᠭ᠌ᠴᠢᠳ᠎ᠤᠨ ᠠᠩᠬᠢ ᠪᠠ 10 ᠮᠤᠵᠢ ᠣᠷᠣᠨ᠎ᠤ ᠣᠨᠴᠠ ᠤᠷᠢᠭ᠍ᠰᠠᠨ ᠤᠷᠤᠯᠳᠤᠭᠠᠨ᠎ᠤ ᠠᠩᠬᠢ᠎ᠶ᠋ᠢᠨ ᠮᠡᠷᠭᠡᠵᠢᠯ ᠴᠢᠳᠠᠪᠤᠷᠢ᠎ᠶ᠋ᠢᠨ ᠰᠣᠳᠣᠨ ᠬᠥᠮᠦᠰ ᠬᠠᠮᠲᠤ᠎ᠪᠠᠷ ᠮᠥᠷᠦ᠋ᠢᠴᠡᠵᠡᠢ᠃

ᠱᠠᠩᠨᠠᠯ ᠣᠯᠭᠤᠬᠤ ᠶᠣᠰᠣᠯᠠᠯ

ᠲᠠᠮᠢᠷᠴᠢᠨ ᠱᠢᠤᠸᠠᠢ ᠯᠧᠢ ᠤᠷᠤᠯᠳᠤᠭᠠᠨ᠎ᠳᠤ ᠣᠷᠣᠯᠴᠠᠵᠤ ᠪᠠᠢᠭ᠎ᠠ᠎ᠨᠢ
ᠮᠠᠨ᠎ᠤ ᠣᠷᠣᠨ 2 ᠣᠷᠣᠯᠴᠠᠭ᠍ᠴᠢ᠎ᠶ᠋ᠢ ᠵᠣᠬᠢᠶᠠᠨ ᠪᠠᠢᠭᠤᠯᠤᠨ ᠲᠤᠰ ᠲᠤᠰ ᠡᠷᠡᠭᠦᠯ ᠮᠠᠨᠳᠤ ᠪᠣᠯᠤᠨ ᠨᠡᠢᠭᠡᠮ᠎ᠤᠨ ᠬᠠᠷᠠᠭᠠᠯᠵᠠᠨ ᠬᠠᠮᠠᠭᠠᠯᠠᠯᠳᠠ᠂ ᠲᠣᠭᠠᠴᠢᠯᠠᠭ᠍ᠰᠠᠨ ᠪᠠᠢᠭᠤᠯᠤᠨ ᠴᠣᠭ᠍ᠴᠠᠯᠠᠬᠤ ᠤᠷᠢᠯᠭ᠎ᠠ᠎ᠶ᠋ᠢᠨ ᠤᠷᠤᠯᠳᠤᠭᠠᠨ᠎ᠳᠤ ᠣᠷᠣᠯᠴᠠᠭᠤᠯᠵᠤ᠂ ᠪᠠᠷᠠᠭᠤᠨ ᠣᠷᠣᠨ᠎ᠤ 10 ᠮᠤᠵᠢ ᠣᠷᠣᠨ᠎ᠤ ᠲᠥᠯᠥᠭᠡᠯᠡᠭ᠌ᠴᠢᠳ᠎ᠤᠨ ᠠᠩᠬᠢ ᠱᠢᠷᠦᠭᠦᠨ ᠥᠷᠢᠰᠥᠯᠳᠦᠭᠡᠨ᠎ᠢᠶᠠᠷ ᠲᠠᠮᠵᠢᠨ᠂ ᠥᠪᠥᠷ ᠮᠣᠩᠭᠤᠯ᠎ᠤᠨ ᠪᠠᠷᠢᠯᠭ᠎ᠠ᠎ᠶ᠋ᠢᠨ ᠠᠵᠢᠯ ᠮᠡᠷᠭᠡᠵᠢᠯ᠎ᠤᠨ ᠳᠡᠭᠡᠳᠦ ᠰᠤᠷᠭᠠᠭᠤᠯᠢ᠎ᠶ᠋ᠢᠨ ᠰᠤᠷᠤᠭ᠍ᠴᠢ ᠱᠢᠤᠸᠠᠢ ᠯᠸᠢ ᠲᠣᠭᠠᠴᠢᠯᠠᠭ᠍ᠰᠠᠨ ᠪᠠᠢᠭᠤᠯᠤᠨ ᠴᠣᠭ᠍ᠴᠠᠯᠠᠬᠤ ᠤᠷᠤᠯᠳᠤᠭᠠᠨ᠎ᠤ ᠭᠤᠷᠪᠠᠳᠤᠭᠠᠷ ᠳᠡᠰ᠎ᠤᠨ ᠱᠠᠩᠨᠠᠯ ᠬᠦᠷᠳᠡᠵᠡᠢ᠃

ᠠᠩᠬᠠᠨ᠎ᠤ ᠪᠦᠯᠦᠭ 《ᠨᠢᠭᠡ ᠪᠦᠰᠡ ᠨᠢᠭᠡ ᠵᠠᠮ》 ᠤᠨ ᠣᠯᠠᠨ ᠤᠯᠤᠰ᠎ᠤᠨ ᠤᠷ᠎ᠠ ᠮᠡᠷᠭᠡᠵᠢᠯ᠎ᠤᠨ ᠨᠥᠬᠦᠷᠰᠡᠭ ᠬᠤᠲᠠ᠎ᠶ᠋ᠢ ᠨᠡᠢᠲᠡᠯᠡᠪᠡ
ᠲᠤᠰ ᠤᠳᠠᠭᠠᠨ᠎ᠤ ᠤᠷᠤᠯᠳᠤᠭᠠᠨ᠎ᠤ ᠬᠤᠭᠤᠴᠠᠭᠠᠨ᠎ᠳᠤ᠂ ᠴᠦᠩᠴᠢᠩ᠂ ᠥᠪᠥᠷ ᠮᠣᠩᠭᠤᠯ᠂ ᠱᠠᠩᠬᠠᠢ᠂ ᠵᠧᠵᠢᠶᠠᠩ᠂ ᠰᠧᠴᠤᠸᠠᠨ᠂ ᠭᠠᠨᠰᠦ᠂ ᠱᠢᠨᠵᠢᠶᠠᠩ ᠵᠡᠷᠭᠡ 12 ᠮᠤᠵᠢ ᠬᠤᠳᠠ 《ᠨᠢᠭᠡ ᠪᠦᠰᠡ ᠨᠢᠭᠡ ᠵᠠᠮ》 ᠤᠨ ᠤᠯᠠᠨ ᠤᠯᠤᠰ᠎ᠤᠨ ᠬᠠᠮᠲᠤᠷᠠᠯᠴᠠᠭᠠᠨ᠎ᠤ ᠤᠷ᠎ᠠ ᠮᠡᠷᠭᠡᠵᠢᠯ᠎ᠤᠨ ᠨᠥᠬᠦᠷᠰᠡᠭ ᠪᠠᠢᠬᠤ ᠮᠤᠵᠢ ᠥᠪᠡᠷᠲᠡᠭᠡᠨ ᠵᠠᠰᠠᠬᠤ ᠣᠷᠣᠨ ᠱᠢᠭᠤᠳ ᠬᠠᠷᠢᠶ᠎ᠠ ᠬᠤᠲᠠ᠎ᠶ᠋ᠢ ᠬᠠᠮᠳᠤ᠎ᠪᠠᠷ ᠪᠠᠢᠭᠤᠯᠬᠤ ᠰᠠᠨᠠᠭᠠᠴᠢᠯᠠᠭ᠎ᠠ᠎ᠶ᠋ᠢ ᠢᠳᠡᠪᠬᠢᠲᠡᠢ ᠴᠤᠤᠷᠢᠶᠠᠲᠤᠨ ᠳᠠᠭᠠᠪᠠ᠃ ᠠᠩᠬᠠᠨ᠎ᠤ ᠪᠦᠯᠦᠭ 《ᠨᠢᠭᠡ ᠪᠦᠰᠡ ᠨᠢᠭᠡ ᠵᠠᠮ》 ᠤᠨ ᠤᠯᠠᠨ ᠤᠯᠤᠰ᠎ᠤᠨ ᠤᠷ᠎ᠠ ᠮᠡᠷᠭᠡᠵᠢᠯ᠎ᠤᠨ ᠨᠥᠬᠦᠷᠰᠡᠭ ᠬᠤᠳᠠ᠎ᠶ᠋ᠢᠨ ᠨᠡᠷᠡᠰ ᠪᠣᠯᠤᠨ 《〈ᠨᠢᠭᠡ ᠪᠦᠰᠡ ᠨᠢᠭᠡ ᠵᠠᠮ〉 ᠤᠨ ᠤᠯᠠᠨ ᠤᠯᠤᠰ᠎ᠤᠨ ᠤᠷ᠎ᠠ ᠮᠡᠷᠭᠡᠵᠢᠯ᠎ᠤᠨ ᠪᠠᠷᠢᠮᠵᠢᠶ᠎ᠠ᠎ᠶ᠋ᠢ ᠨᠡᠭᠡᠭᠡᠨ ᠬᠥᠭ᠌ᠵᠢᠭᠦᠯᠬᠦ᠌ ᠳᠦᠷᠢᠮ》 ᠢ ᠨᠡᠢᠲᠡᠯᠡᠵᠦ᠍᠂ ᠳᠤᠮᠳᠠᠳᠤ ᠤᠯᠤᠰ ᠪᠣᠯᠤᠨ 《ᠨᠢᠭᠡ ᠪᠦᠰᠡ ᠨᠢᠭᠡ ᠵᠠᠮ》 ᠢ ᠬᠠᠮᠳᠤ᠎ᠪᠠᠷ ᠪᠠᠢᠭᠤᠯᠬᠤ ᠤᠯᠤᠰ᠎ᠤᠨ ᠤᠷ᠎ᠠ ᠮᠡᠷᠭᠡᠵᠢᠯ᠎ᠤᠨ ᠪᠠᠷᠢᠮᠵᠢᠶ᠎ᠠ᠎ᠶ᠋ᠢ ᠵᠣᠯᠭᠠᠭᠤᠯᠬᠤ᠂ ᠴᠢᠳᠠᠪᠤᠷᠢᠲᠠᠨ᠎ᠢ ᠬᠥᠮᠦᠵᠢᠭᠦᠯᠬᠦ᠌ ᠵᠡᠷᠭᠡ ᠲᠠᠯ᠎ᠠ᠎ᠪᠠᠷ᠎ᠬᠢ ᠬᠠᠮᠲᠤᠷᠠᠯᠴᠠᠭᠠᠨ᠎ᠤ ᠪᠣᠷᠣ ᠲᠥᠯᠥᠪ᠎ᠢ ᠲᠠᠨᠢᠯᠴᠠᠭᠤᠯᠵᠤ᠂ ᠢᠷᠡᠭᠡᠳᠦᠢ᠎ᠶ᠋ᠢᠨ ᠤᠷ᠎ᠠ ᠮᠡᠷᠭᠡᠵᠢᠯ᠎ᠤᠨ ᠴᠢᠳᠠᠪᠤᠷᠢᠲᠠᠨ᠎ᠤ ᠤᠯᠤᠰ ᠠᠯᠤᠰᠯᠠᠨ ᠱᠢᠯᠵᠢᠬᠦ᠌ ᠪᠠ ᠭᠡᠷᠡᠴᠢᠯᠡᠭᠡ ᠬᠢᠬᠦ᠌᠎ᠳᠤ ᠰᠠᠭᠤᠷᠢ ᠲᠠᠯᠪᠢᠵᠤ ᠥᠭ᠌ᠴᠡᠢ᠃