ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶᠠᠨ᠎ᠤ ᠠᠷᠪᠠᠨ ᠳᠣᠯᠣᠳᠤᠭᠠᠷ ᠬᠤᠷᠠᠯᠳᠤᠭᠠᠨ᠎ᠠᠴᠠ ᠪᠠᠲᠤᠯᠠᠭ᠍ᠰᠠᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠯᠥᠰᠥᠨ ᠠᠵᠢᠯᠴᠢᠨ᠎ᠤ ᠴᠠᠯᠢᠩ᠎ᠢ ᠥᠭ᠌ᠬᠦ᠎ᠶ᠋ᠢ ᠪᠠᠲᠤᠯᠠᠬᠤ ᠲᠦᠷᠢᠮ》 ᠢ 2025 ᠣᠨ᠎ᠤ 7 ᠰᠠᠷ᠎ᠠ᠎ᠶ᠋ᠢᠨ 1 ᠤ ᠡᠳᠦᠷ᠎ᠠᠴᠠ ᠡᠬᠢᠯᠡᠨ ᠬᠡᠷᠡᠭ᠌ᠵᠢᠬᠦᠯᠦᠨ᠎ᠡ᠃

ᠲᠠᠨᠢᠯᠴᠠᠭᠤᠯᠤᠭ᠍ᠰᠠᠨ᠎ᠢᠶᠠᠷ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠯᠥᠰᠥᠨ ᠠᠵᠢᠯᠴᠢᠨ᠎ᠤ ᠴᠠᠯᠢᠩ᠎ᠢ ᠥᠭ᠌ᠬᠦ᠎ᠶ᠋ᠢ ᠪᠠᠲᠤᠯᠠᠬᠤ ᠲᠦᠷᠢᠮ》 ᠨᠢ ᠪᠥᠬᠦ᠌ ᠤᠯᠤᠰ᠎ᠤᠨ ᠠᠩᠬᠠᠳᠠᠭ᠍ᠴᠢ ᠬᠥᠯᠥᠰᠥᠨ ᠠᠵᠢᠯᠴᠢᠨ᠎ᠤ ᠴᠠᠯᠢᠩ᠎ᠢ ᠥᠭ᠌ᠬᠦ᠎ᠶ᠋ᠢ ᠪᠠᠲᠤᠯᠠᠬᠤ ᠣᠷᠣᠨ ᠨᠤᠲᠤᠭ᠎ᠤᠨ ᠴᠢᠨᠠᠷᠲᠠᠶ ᠬᠠᠥᠯᠢ ᠲᠣᠭ᠍ᠲᠠᠭᠠᠯ ᠪᠣᠯᠤᠭ᠍ᠰᠠᠨ᠎ᠤ ᠬᠤᠪᠢ᠎ᠳᠤ᠂ ᠨᠡᠯᠢᠶᠡᠳ ᠴᠢᠩᠭ᠎ᠠ ᠡᠭᠦᠳᠦᠯᠲᠡ᠎ᠶ᠋ᠢᠨ ᠴᠢᠨᠠᠷᠲᠠᠶ᠂ ᠰᠦᠪᠡᠭ᠌ᠴᠢᠯᠡᠯᠲᠡ᠎ᠶ᠋ᠢᠨ ᠴᠢᠨᠠᠷᠲᠠᠶ ᠪᠠᠢᠳᠠᠭ᠃ ᠲᠦᠷᠢᠮ᠎ᠢ ᠶᠡᠷᠦᠩᠬᠡᠶ ᠲᠦᠷᠢᠮ᠂ ᠴᠠᠯᠢᠩ ᠥᠭ᠌ᠬᠦ ᠪᠠ ᠳᠥᠯᠥᠬᠦ᠂ ᠪᠠᠳᠤᠯᠠᠭ᠎ᠠ᠎ᠶ᠋ᠢᠨ ᠠᠷᠭ᠎ᠠ ᠬᠡᠮᠵᠢᠶ᠎ᠡ᠂ ᠬᠢᠨᠠᠯᠲᠠ ᠪᠠᠢᠴᠠᠭᠠᠯᠲᠠ᠂ ᠬᠠᠥᠯᠢ᠎ᠶ᠋ᠢᠨ ᠬᠠᠷᠢᠭᠤᠴᠠᠯᠭ᠎ᠠ᠂ ᠳᠠᠭᠠᠯᠳᠤᠭᠤᠯᠤᠭ᠍ᠰᠠᠨ ᠲᠦᠷᠢᠮ ᠵᠡᠷᠭᠡ ᠵᠢᠷᠭᠤᠭᠠᠨ ᠪᠦᠯᠦᠭ 54 ᠵᠦᠶ᠋ᠯ ᠬᠤᠪᠢᠶᠠᠨ᠎ᠠ᠃ ᠲᠦᠷᠢᠮ᠎ᠳᠤ ᠭᠤᠥᠯᠳᠠᠭᠤ ᠳᠣᠥᠷᠠᠬᠢ ᠠᠷᠪᠠᠨ ᠲᠠᠯ᠎ᠠ᠎ᠪᠠᠷ ᠵᠢᠷᠤᠮᠵᠢᠭᠤᠯᠵᠤ᠂ ᠲᠦᠷᠢᠮ᠎ᠤᠨ ᠲᠠᠯ᠎ᠠ᠎ᠠᠴᠠ ᠬᠥᠯᠥᠰᠥᠨ ᠠᠵᠢᠯᠴᠢᠨ᠎ᠤ ᠴᠠᠯᠢᠩ᠎ᠢ ᠥᠭ᠌ᠬᠦ᠎ᠶ᠋ᠢ ᠪᠠᠲᠤᠯᠠᠨ᠎ᠠ᠃
ᠨᠢᠭᠡ᠎ᠳᠤ᠂ ᠬᠥᠯᠥᠰᠥᠨ ᠠᠵᠢᠯᠴᠢᠨ᠎ᠤ ᠴᠠᠯᠢᠩ᠎ᠤᠨ ᠪᠠᠲᠤᠯᠠᠭ᠎ᠠ᠎ᠶ᠋ᠢᠨ ᠮᠥᠩᠭᠦ᠌᠂ ᠪᠠᠴᠢᠮ ᠪᠠᠢᠳᠠᠯ᠎ᠢ ᠠᠷᠭᠠᠴᠠᠬᠤ ᠡᠷᠭᠢᠯᠲᠡ᠎ᠶ᠋ᠢᠨ ᠮᠥᠩᠭᠦ᠌ ᠵᠡᠷᠭᠡ ᠳᠦᠷᠢᠮ᠎ᠢ ᠬᠡᠷᠡᠭ᠌ᠵᠢᠭᠦᠯᠵᠦ᠍᠂ ᠬᠥᠯᠥᠰᠥᠨ ᠠᠵᠢᠯᠴᠢᠨ᠎ᠤ ᠴᠠᠯᠢᠩ᠎ᠢ ᠥᠭ᠌ᠬᠦ ᠵᠣᠭᠤᠰ᠎ᠲᠠᠢ ᠪᠠᠢᠬᠤ᠎ᠶ᠋ᠢ ᠪᠠᠲᠤᠯᠠᠨ᠎ᠠ ᠭᠡᠵᠦ᠍ ᠲᠣᠭ᠍ᠲᠠᠭᠠᠵᠠᠶ᠃
ᠬᠤᠶᠠᠷ᠎ᠲᠤ᠌᠂ ᠪᠠᠷᠢᠯᠭ᠎ᠠ᠎ᠶ᠋ᠢᠨ ᠵᠣᠭᠤᠰᠣᠨ᠎ᠳᠤ ᠡᠵᠡᠯᠡᠬᠦ᠌ ᠬᠥᠮᠦᠨ᠎ᠤ ᠬᠦᠴᠦᠨ᠎ᠤ ᠵᠠᠷᠤᠳᠠᠯ᠎ᠤᠨ ᠬᠠᠷᠢᠴᠠᠯ ᠪᠠ ᠲᠤᠭ᠎ᠠ ᠬᠡᠮᠵᠢᠶ᠎ᠡ᠂ ᠪᠠᠷᠢᠯᠭ᠎ᠠ᠎ᠶ᠋ᠢᠨ ᠪᠤᠰᠤᠳ ᠵᠣᠭᠤᠰ᠎ᠢ ᠳᠠᠩᠰᠠ ᠬᠤᠪᠢᠶᠠᠨ ᠬᠠᠮᠢᠶᠠᠷᠬᠤ᠂ ᠬᠥᠯᠥᠰᠥᠨ ᠠᠵᠢᠯᠴᠢᠨ᠎ᠤ ᠴᠠᠯᠢᠩ᠎ᠤᠨ ᠲᠤᠰᠭᠠᠶ ᠳᠠᠩᠰᠠᠨ ᠡᠷᠦᠬᠡ᠂ ᠴᠠᠯᠢᠩ᠎ᠢ ᠤᠷᠢᠳᠴᠢᠯᠠᠨ ᠰᠠᠯᠭᠠᠨ ᠥᠭ᠌ᠬᠦ ᠵᠡᠷᠭᠡ ᠳᠦᠷᠢᠮ᠎ᠢ ᠪᠠᠢᠭᠤᠯᠵᠤ᠂ ᠪᠦᠲᠦᠭᠡᠨ ᠪᠠᠢᠭᠤᠯᠤᠯᠲᠠ᠎ᠶ᠋ᠢᠨ ᠨᠢᠭᠡᠴᠢ᠂ ᠪᠠᠷᠢᠯᠭ᠎ᠠ᠎ᠶ᠋ᠢᠨ ᠠᠵᠢᠯ᠎ᠢ ᠶᠡᠷᠦᠩᠬᠡᠢᠯᠡᠨ ᠳᠠᠭᠠᠭᠠᠴᠢᠯᠠᠭ᠍ᠰᠠᠨ ᠨᠢᠭᠡᠴᠢ᠂ ᠬᠤᠪᠢᠶᠠᠨ ᠳᠠᠭᠠᠭᠠᠴᠢᠯᠠᠭ᠍ᠰᠠᠨ ᠨᠢᠭᠡᠴᠢ᠎ᠶ᠋ᠢᠨ ᠴᠠᠯᠢᠩ ᠥᠷᠢᠲᠦᠵᠦ᠍ ᠪᠠᠢᠭ᠎ᠠ ᠠᠰᠠᠭᠤᠳᠠᠯ᠎ᠢ ᠵᠠᠰᠠᠬᠤ ᠬᠠᠷᠠᠭᠠᠯᠵᠠᠭ᠍ᠰᠠᠨ ᠬᠠᠷᠢᠭᠤᠴᠠᠯᠭ᠎ᠠ᠎ᠶ᠋ᠢ ᠬᠠᠤᠯᠢ ᠶᠣᠰᠣᠭᠠᠷ ᠲᠣᠳᠣᠷᠬᠠᠢᠯᠠᠵᠤ᠂ ᠬᠥᠯᠥᠰᠥᠨ ᠠᠵᠢᠯᠴᠢᠨ᠎ᠤ ᠴᠠᠯᠢᠩ᠎ᠢ ᠴᠠᠭ ᠲᠤᠬᠠᠶ᠎ᠳᠤᠨᠢ ᠥᠭ᠌ᠬᠦ᠎ᠶ᠋ᠢ ᠪᠠᠳᠤᠯᠠᠨ᠎ᠠ᠃
ᠭᠤᠷᠪᠠ᠎ᠳᠤ᠂ ᠪᠠᠷᠢᠯᠭ᠎ᠠ᠎ᠶ᠋ᠢᠨ ᠠᠵᠢᠯ᠎ᠢ ᠶᠡᠷᠦᠩᠬᠡᠢᠯᠡᠨ ᠳᠠᠭᠠᠭᠠᠴᠢᠯᠠᠭ᠍ᠰᠠᠨ ᠨᠢᠭᠡᠴᠢ᠎ᠳᠤ ᠬᠥᠳᠡᠯᠮᠦᠷᠢ ᠴᠠᠯᠢᠩ᠎ᠤᠨ ᠲᠤᠰᠭᠠᠶ ᠬᠠᠮᠢᠶᠠᠷᠤᠭ᠍ᠴᠢ ᠲᠣᠬᠢᠷᠠᠭᠤᠯᠵᠤ᠂ ᠠᠵᠤ ᠠᠬᠤᠢᠯᠠᠯ᠎ᠤᠨ ᠠᠵᠢᠯᠴᠢᠨ ᠬᠡᠷᠡᠭ᠌ᠯᠡᠬᠦ᠂ ᠠᠵᠢᠯ᠎ᠳᠤ ᠭᠠᠷᠬᠤ᠎ᠶ᠋ᠢ ᠱᠢᠯᠭᠠᠬᠤ᠂ ᠴᠠᠯᠢᠩ ᠥᠭ᠌ᠬᠦ ᠵᠡᠷᠭᠡ ᠬᠤᠯᠪᠣᠭ᠍ᠳᠠᠯ ᠪᠦᠬᠦᠢ ᠮᠡᠳᠡᠭᠡ ᠵᠠᠩᠭᠢ᠎ᠶ᠋ᠢ ᠴᠠᠭ ᠲᠤᠬᠠᠶ᠎ᠳᠤᠨᠢ ᠳᠡᠭᠡᠭ᠌ᠰᠢ ᠳᠠᠮᠵᠢᠭᠤᠯᠬᠤ᠎ᠶ᠋ᠢ ᠬᠠᠤᠯᠢ ᠶᠣᠰᠣᠭᠠᠷ ᠱᠠᠭᠠᠷᠳᠠᠬᠤ᠎ᠶ᠋ᠢᠨ ᠬᠠᠮᠲᠤ ᠬᠥᠮᠦᠨ ᠬᠡᠷᠡᠭ᠌ᠯᠡᠬᠦ᠌ ᠨᠢᠭᠡᠴᠢ ᠪᠣᠯᠤᠨ ᠬᠥᠯᠥᠰᠥᠨ ᠠᠵᠢᠯᠴᠢᠨ ᠬᠠᠤᠯᠢ ᠶᠣᠰᠣᠭᠠᠷ ᠬᠥᠳᠡᠯᠮᠦᠷᠢ᠎ᠶ᠋ᠢᠨ ᠬᠠᠷᠢᠴᠠᠭ᠎ᠠ᠎ᠪᠠᠨ ᠴᠤᠴᠠᠯᠠᠬᠤ ᠪᠤᠶᠤ ᠳᠠᠭᠤᠰᠭᠠᠬᠤ ᠦᠶ᠎ᠡ᠎ᠳᠤ᠂ ᠥᠭ᠌ᠬᠦ ᠶᠣᠰᠣᠲᠠᠶ ᠬᠥᠯᠥᠰᠥᠨ ᠠᠵᠢᠯᠴᠢᠨ᠎ᠤ ᠴᠠᠯᠢᠩ᠎ᠢ ᠨᠢᠭᠡ ᠯᠡ ᠤᠳᠠᠭ᠎ᠠ᠎ᠳᠤ ᠥᠭ᠌ᠴᠦ ᠳᠠᠭᠤᠰᠭᠠᠨ᠂ ᠬᠥᠯᠥᠰᠥᠨ ᠠᠵᠢᠯᠴᠢᠨ᠎ᠤ ᠴᠠᠯᠢᠩ᠎ᠢ ᠭᠦᠢᠴᠡᠳ ᠲᠤᠭ᠎ᠠ᠎ᠪᠠᠷ ᠥᠭ᠌ᠬᠦ᠎ᠶ᠋ᠢ ᠪᠠᠲᠤᠯᠠᠬᠤ ᠬᠡᠷᠡᠭ᠌ᠲᠡᠶ ᠭᠡᠵᠦ᠍ ᠲᠣᠭ᠍ᠲᠠᠭᠠᠵᠠᠶ᠃
ᠲᠦᠷᠪᠡ᠎ᠳᠤ᠂ ᠵᠠᠰᠠᠭ᠎ᠤᠨ ᠣᠷᠳᠣᠨ ᠪᠠ ᠤᠯᠤᠰ᠎ᠤᠨ ᠦᠮᠴᠢᠯᠡᠯᠲᠦ ᠠᠵᠤ ᠠᠬᠤᠢᠯᠠᠯ᠎ᠤᠨ ᠪᠡᠯᠡ ᠣᠷᠣᠭᠤᠯᠤᠯᠲᠠ᠎ᠶ᠋ᠢᠨ ᠲᠥᠷᠥᠯ ᠵᠦᠢᠯᠡᠰ᠎ᠲᠤ ᠬᠢᠨᠠᠨ ᠵᠥᠪᠱᠢᠶᠡᠷᠡᠭᠦᠯᠬᠦ᠌ ᠭᠠᠷ ᠭᠦᠢᠴᠡᠳᠭᠡᠯ ᠬᠢᠬᠦ᠌᠎ᠳᠡᠭᠡᠨ ᠪᠡᠯᠡ ᠮᠥᠩᠭᠦᠨ᠎ᠤ ᠢᠷᠡᠯᠳᠡ᠎ᠶ᠋ᠢ ᠨᠠᠢᠳᠠᠪᠤᠷᠢᠵᠢᠭᠤᠯᠬᠤ ᠬᠡᠷᠡᠭ᠌ᠲᠡᠶ᠂ ᠶᠠᠮᠠᠷᠪᠠ ᠨᠢᠭᠡᠴᠢ ᠪᠤᠶᠤ ᠬᠤᠪᠢ ᠬᠥᠮᠦᠨ ᠲᠥᠷᠥᠯ ᠵᠦᠢᠯᠡᠰ᠎ᠤᠨ ᠪᠡᠯᠡ ᠮᠥᠩᠭᠦ᠎ᠶ᠋ᠢ ᠱᠢᠬᠠᠨ ᠡᠵᠡᠯᠡᠵᠦ᠍᠂ ᠨᠡᠭᠦᠯᠭᠡᠨ ᠬᠡᠷᠡᠭ᠌ᠯᠡᠵᠦ᠍ ᠪᠣᠯᠬᠤ ᠦᠭᠡᠢ ᠭᠡᠵᠦ᠍ ᠲᠣᠭ᠍ᠲᠠᠭᠠᠵᠠᠶ᠃ ᠬᠥᠮᠦᠨ᠎ᠤ ᠬᠦᠴᠦᠨ᠎ᠤ ᠵᠠᠷᠤᠳᠠᠯ ᠪᠠ ᠪᠤᠰᠤᠳ ᠪᠠᠷᠢᠯᠭ᠎ᠠ᠎ᠶ᠋ᠢᠨ ᠵᠣᠭᠤᠰ᠎ᠢ ᠲᠠᠩᠰᠠ ᠬᠤᠪᠢᠶᠠᠨ ᠬᠠᠮᠢᠶᠠᠷᠬᠤ᠎ᠶ᠋ᠢ ᠬᠡᠷᠡᠭ᠌ᠵᠢᠭᠦᠯᠦᠨ᠎ᠡ᠃ ᠵᠠᠰᠠᠭ᠎ᠤᠨ ᠣᠷᠳᠣᠨ ᠪᠣᠯᠣᠨ ᠤᠯᠤᠰ᠎ᠤᠨ ᠦᠮᠴᠢᠯᠡᠯᠲᠦ ᠠᠵᠤ ᠠᠬᠤᠢᠯᠠᠯ᠎ᠤᠨ ᠪᠡᠯᠡ ᠣᠷᠣᠭᠤᠯᠤᠯᠲᠠ᠎ᠶ᠋ᠢᠨ ᠲᠥᠷᠥᠯ ᠵᠤᠢᠯᠡᠰ᠎ᠤᠨ ᠴᠠᠯᠢᠩ ᠦᠷᠢᠳᠦᠬᠦ᠌ ᠠᠵᠢᠯᠯᠠᠭ᠎ᠠ ᠡᠬᠦᠰᠭᠦ᠎ᠶ᠋ᠢ ᠡᠬᠢ ᠰᠤᠷᠪᠤᠯᠵᠢ ᠪᠠ ᠦᠨᠳᠦᠰᠦᠨ᠎ᠠᠴᠠ᠎ᠨᠢ ᠵᠠᠰᠠᠨ᠎ᠠ᠃
ᠲᠠᠪᠤ᠎ᠳᠤ᠂ ᠪᠤᠢ ᠪᠦᠭᠦᠢ ᠪᠠᠷᠢᠯᠭ᠎ᠠ᠎ᠶ᠋ᠢᠨ ᠪᠦᠳᠤᠭᠡᠨ ᠪᠠᠢᠭᠤᠯᠤᠯᠲᠠ᠎ᠶ᠋ᠢᠨ ᠲᠥᠷᠥᠯ ᠵᠦᠢᠯᠡᠰ᠎ᠤᠨ ᠠᠵᠢᠯᠴᠢᠨ ᠬᠡᠷᠡᠭ᠌ᠯᠡᠭ᠌ᠰᠡᠨ ᠪᠠᠢᠳᠠᠯ᠎ᠢ ᠴᠥᠮ ᠦᠨᠡᠨ ᠨᠡᠷ᠎ᠡ᠎ᠶ᠋ᠢᠨ ᠲᠦᠷᠢᠮ᠎ᠤᠨ ᠬᠠᠮᠢᠶᠠᠷᠤᠯᠲᠠ᠎ᠶ᠋ᠢᠨ ᠱᠢᠰᠲ᠋ᠧᠮ᠎ᠳᠤ ᠣᠷᠣᠭᠤᠯᠵᠤ᠂ ᠲᠤᠭ᠎ᠠ ᠪᠠᠷᠢᠮᠲᠠ᠎ᠶ᠋ᠢᠨ ᠮᠡᠳᠡᠭᠡ ᠵᠠᠩᠭᠢ᠎ᠶ᠋ᠢ ᠴᠠᠭ ᠲᠤᠬᠠᠶ᠎ᠳᠤᠨᠢ ᠳᠠᠮᠵᠢᠭᠤᠯᠵᠤ᠂ ᠪᠠᠷᠢᠯᠭ᠎ᠠ᠎ᠶ᠋ᠢᠨ ᠪᠦᠳᠤᠭᠡᠨ ᠪᠠᠢᠭᠤᠯᠤᠯᠲᠠ᠎ᠶ᠋ᠢᠨ ᠲᠥᠷᠥᠯ ᠵᠦᠢᠯᠡᠰ᠎ᠤᠨ ᠦᠨᠡᠨ ᠨᠡᠷ᠎ᠡ᠎ᠶ᠋ᠢᠨ ᠲᠦᠷᠢᠮ᠎ᠤᠨ ᠠᠵᠢᠯᠴᠢᠨ ᠬᠡᠷᠡᠭ᠌ᠯᠡᠬᠦ᠌ ᠠᠵᠢᠯᠯᠠᠭ᠎ᠠ᠎ᠶ᠋ᠢ ᠵᠢᠷᠤᠮᠵᠢᠭᠤᠯᠤᠨ᠎ᠠ ᠭᠡᠵᠦ᠍ ᠲᠣᠭ᠍ᠲᠠᠭᠠᠵᠠᠶ᠃
ᠵᠢᠷᠭᠤᠭ᠎ᠠ᠎ᠳᠤ᠂ ᠬᠥᠯᠥᠰᠦᠨ ᠠᠵᠢᠯᠴᠢᠳ᠎ᠤᠨ ᠴᠠᠯᠢᠩ᠎ᠢ ᠥᠭ᠌ᠬᠦ᠎ᠶ᠋ᠢ ᠪᠠᠲᠤᠯᠠᠬᠤ ᠠᠵᠢᠯ᠎ᠤᠨ ᠬᠠᠷᠢᠶ᠎ᠠ ᠭᠠᠵᠠᠷ᠎ᠤᠨ ᠵᠠᠰᠠᠭ᠎ᠤᠨ ᠣᠷᠳᠣᠨ᠎ᠤ ᠬᠠᠷᠢᠭᠤᠴᠠᠬᠤ ᠲᠦᠷᠢᠮ᠎ᠢ ᠬᠡᠷᠡᠭ᠌ᠵᠢᠭᠦᠯᠵᠦ᠍᠂ ᠬᠤᠱᠢᠭᠤ ᠱᠢᠶᠠᠨ᠎ᠤ ᠱᠠᠲᠤᠨ᠎ᠠᠴᠠ ᠳᠡᠭᠡᠭ᠌ᠰᠢᠬᠢ ᠠᠷᠠᠳ᠎ᠤᠨ ᠵᠠᠰᠠᠭ᠎ᠤᠨ ᠣᠷᠳᠣᠨ᠎ᠤ ᠨᠢᠭᠡᠳᠦᠭᠡᠷ ᠤᠳᠤᠷᠢᠳᠤᠯᠭ᠎ᠠ ᠪᠣᠯ ᠨᠢᠭᠡᠳᠦᠭᠡᠷ ᠬᠠᠷᠢᠭᠤᠴᠠᠯᠭᠠᠲᠠᠨ ᠮᠥᠨ᠂ ᠬᠠᠮᠢᠶ᠎ᠠ ᠪᠥᠬᠦᠶ ᠠᠵᠢᠯ᠎ᠢ ᠬᠢᠨᠠᠨ ᠱᠢᠯᠭᠠᠬᠤ ᠬᠡᠪᠴᠢᠶᠡᠨ᠎ᠳᠤ ᠣᠷᠣᠭᠤᠯᠵᠤ᠂ ᠬᠠᠷᠢᠶ᠎ᠠ ᠭᠠᠵᠠᠷ᠎ᠤᠨ ᠬᠠᠷᠢᠭᠤᠴᠠᠯᠭ᠎ᠠ᠎ᠶ᠋ᠢ ᠴᠢᠩᠭ᠎ᠠ ᠪᠤᠳᠠᠳᠠᠢᠵᠢᠭᠤᠯᠤᠨᠠ ᠭᠡᠵᠦ᠍ ᠲᠣᠭ᠍ᠲᠠᠭᠠᠵᠠᠶ᠃
ᠲᠤᠯᠤᠭ᠎ᠠ᠎ᠳᠤ᠂ ᠠᠵᠢᠯ ᠲᠦᠷᠦᠯ᠎ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠢᠨᠠᠯᠲᠠ ᠲᠠᠯᠪᠢᠬᠤ ᠬᠠᠷᠢᠭᠤᠴᠠᠯᠭ᠎ᠠ᠎ᠶ᠋ᠢ ᠴᠢᠩᠭᠠᠳᠭᠠᠵᠤ᠂ ᠠᠵᠢᠯ ᠲᠦᠷᠦᠯ᠎ᠢ ᠬᠠᠮᠢᠶᠠᠷᠬᠤ᠎ᠳᠤ ᠡᠷᠬᠡᠪᠰᠢ ᠴᠠᠯᠢᠩ ᠥᠷᠢᠲᠦᠬᠦ᠌᠎ᠶ᠋ᠢ ᠬᠠᠮᠢᠶᠠᠷᠬᠤ᠂ ᠪᠡᠯᠡ ᠮᠥᠩᠭᠦ᠎ᠶ᠋ᠢ ᠬᠠᠮᠢᠶᠠᠷᠬᠤ᠎ᠳᠤ ᠡᠷᠬᠡᠪᠰᠢ ᠴᠠᠯᠢᠩ ᠥᠷᠢᠲᠦᠬᠦ᠌᠎ᠶ᠋ᠢ ᠬᠠᠮᠢᠶᠠᠷᠬᠤ᠂ ᠲᠦᠷᠦᠯ ᠵᠦᠢᠯ᠎ᠢ ᠬᠠᠮᠢᠶᠠᠷᠬᠤ᠎ᠳᠤ ᠡᠷᠬᠡᠪᠰᠢ ᠴᠠᠯᠢᠩ ᠥᠷᠢᠲᠦᠬᠦ᠌᠎ᠶ᠋ᠢ ᠬᠠᠮᠢᠶᠠᠷᠬᠤ᠎ᠶ᠋ᠢ ᠬᠡᠷᠡᠭ᠌ᠵᠢᠭᠦᠯᠵᠦ᠍᠂ ᠠᠵᠢᠯ ᠲᠦᠷᠦᠯ᠎ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠬᠤᠯᠪᠣᠭ᠍ᠳᠠᠯ ᠪᠦᠬᠦᠢ ᠰᠠᠯᠠᠭ᠎ᠠ ᠮᠥᠴᠢᠷ᠎ᠤᠨ ᠲᠤᠱᠢᠶᠠᠯ ᠬᠠᠷᠢᠭᠤᠴᠠᠯᠭ᠎ᠠ ᠡᠭᠦᠷᠭᠡ ᠴᠢᠳᠠᠪᠬᠢ᠎ᠶ᠋ᠢ ᠲᠣᠳᠣᠷᠬᠠᠢᠯᠠᠵᠤ᠂ ᠠᠵᠢᠯ ᠲᠦᠷᠦᠯ᠎ᠤᠨ ᠰᠠᠯᠠᠭ᠎ᠠ ᠮᠥᠴᠢᠷ᠎ᠤᠨ ᠬᠢᠨᠠᠨ ᠬᠠᠮᠢᠶᠠᠷᠬᠤ ᠬᠠᠷᠢᠭᠤᠴᠠᠯᠭ᠎ᠠ᠎ᠶ᠋ᠢ ᠴᠢᠩᠭ᠎ᠠ ᠬᠡᠷᠡᠭ᠌ᠵᠢᠭᠦᠯᠬᠦ᠌᠎ᠶ᠋ᠢ ᠴᠢᠩᠭ᠎ᠠ ᠱᠠᠭᠠᠷᠳᠠᠨ᠎ᠠ᠃
ᠨᠠᠢ᠍ᠮᠠ᠎ᠳᠤ᠂ ᠴᠠᠯᠢᠩ ᠥᠷᠢᠲᠦᠵᠦ᠍ ᠢᠲᠡᠭᠡᠯ ᠠᠯᠳᠠᠭ᠍ᠰᠠᠨ ᠠᠵᠢᠯᠯᠠᠭ᠎ᠠ᠎ᠶ᠋ᠢ ᠮᠠᠭᠠᠳᠯᠠᠨ ᠲᠣᠭ᠍ᠲᠠᠭᠠᠬᠤ᠂ ᠵᠢᠭ᠍ᠰᠠᠭᠠᠨ ᠣᠷᠣᠭᠤᠯᠬᠤ᠂ ᠢᠯᠡ ᠪᠣᠯᠭᠠᠬᠤ᠂ ᠬᠦᠷᠭᠡᠬᠦ᠌ ᠵᠡᠷᠭᠡ ᠢᠲᠡᠭᠡᠮᠵᠢ᠎ᠶ᠋ᠢᠨ ᠬᠠᠮᠢᠶᠠᠷᠤᠯᠲᠠ᠎ᠶ᠋ᠢᠨ ᠳᠦᠷᠢᠮ᠎ᠢ ᠪᠠᠢᠭᠤᠯᠤᠨ ᠵᠢᠷᠤᠮᠵᠢᠭᠤᠯᠵᠤ᠂ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ᠌ ᠠᠷᠭ᠎ᠠ ᠬᠡᠮᠵᠢᠶ᠎ᠡ᠎ᠶ᠋ᠢ ᠬᠡᠷᠡᠭ᠌ᠵᠢᠬᠦᠯᠵᠦ᠍᠂ ᠴᠠᠯᠢᠩ ᠥᠷᠢᠲᠦᠵᠦ᠍ ᠢᠲᠡᠭᠡᠯ ᠠᠯᠳᠠᠭ᠍ᠰᠠᠨ ᠭᠤᠥᠯ ᠴᠣᠭ᠍ᠴᠠ᠎ᠶ᠋ᠢ ᠵᠠᠰᠠᠭ᠎ᠤᠨ ᠣᠷᠳᠣᠨ᠎ᠤ ᠬᠤᠳᠠᠯᠳᠤᠨ ᠠᠪᠬᠤ᠂ ᠵᠠᠰᠠᠭ᠎ᠤᠨ ᠣᠷᠳᠣᠨ᠎ᠤ ᠪᠠᠯᠠ ᠣᠷᠣᠭᠤᠯᠤᠯᠲᠠ᠎ᠶ᠋ᠢᠨ ᠲᠥᠷᠥᠯ ᠵᠦᠶ᠋ᠯ᠎ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠪᠠᠯᠠ ᠲᠣᠬᠢᠷᠠᠭᠤᠯᠭ᠎ᠠ᠎ᠶ᠋ᠢᠨ ᠵᠢᠭᠡᠯᠡᠯᠭᠡ᠂ ᠵᠠᠬ᠎ᠠ ᠳᠡᠯᠭᠡᠭᠦᠷ᠎ᠲᠤ ᠣᠷᠣᠬᠤ ᠵᠥᠪᠱᠢᠶᠡᠷᠡᠯ᠂ ᠭᠠᠢᠯᠢ ᠲᠠᠲᠠᠪᠤᠷᠢ᠎ᠶ᠋ᠢᠨ ᠬᠠᠷᠠᠭᠠᠯᠵᠠᠯ᠂ ᠱᠢᠯᠢᠳᠡᠭ᠎ᠢ ᠱᠢᠯᠭᠠᠷᠠᠭᠤᠯᠵᠤ ᠲᠡᠷᠢᠭᠦᠨ᠎ᠤ᠎ᠬᠢ᠎ᠶ᠋ᠢ ᠱᠢᠯᠭᠠᠷᠠᠭᠤᠯᠬᠤ᠂ ᠵᠠᠮ ᠬᠠᠷᠢᠯᠴᠠᠭ᠎ᠠ ᠶᠠᠪᠤᠵᠤ ᠰᠠᠭᠤᠬᠤ ᠵᠡᠷᠭᠡ ᠲᠠᠯ᠎ᠠ᠎ᠪᠠᠷ ᠵᠠᠯᠬᠠᠭᠠᠨ ᠴᠡᠭᠡᠷᠯᠡᠭᠦᠯᠬᠦ᠌ ᠪᠠ ᠬᠢᠵᠠᠭᠠᠷᠯᠠᠵᠤ᠂ ᠴᠠᠯᠢᠩ ᠥᠷᠢᠲᠦᠬᠦ᠌ ᠥᠪᠡᠷ᠎ᠤᠨ ᠥᠷᠲᠡᠭ᠎ᠢ ᠳᠡᠭᠡᠭ᠌ᠰᠢᠯᠡᠭᠦᠯᠦᠨ᠂ ᠵᠠᠯᠬᠠᠭᠠᠨ ᠴᠡᠭᠡᠷᠯᠡᠭᠦᠯᠬᠦ᠌ ᠠᠷᠭ᠎ᠠ ᠬᠡᠮᠵᠢᠶ᠎ᠡ᠎ᠶ᠋ᠢ ᠲᠡᠭᠦᠯᠳᠡᠷᠵᠢᠭᠦᠯᠵᠦ᠍᠂ ᠢᠲᠡᠭᠡᠯ ᠠᠯᠳᠠᠭ᠍ᠰᠠᠨ ᠭᠤᠥᠯ ᠴᠣᠭ᠍ᠴᠠ᠎ᠶ᠋ᠢ ᠨᠢᠭᠡ ᠠᠯᠬᠤᠮ ᠴᠤ᠌ ᠤᠷᠤᠭ᠍ᠰᠢᠯᠠᠬᠤ᠎ᠶ᠋ᠢᠨ ᠠᠷᠭ᠎ᠠ ᠥᠬᠡᠶ ᠪᠣᠯᠭᠠᠨ᠎ᠠ᠃
ᠶᠢᠰᠦ᠎ᠳᠤ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢᠭᠡᠮ᠎ᠤᠨ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠠᠴᠠ ᠡᠯ᠎ᠡ ᠲᠥᠷᠥᠯ᠎ᠤᠨ ᠵᠠᠭᠠᠯᠳᠤᠭ᠍ᠰᠠᠨ᠂ ᠢᠯᠡᠴᠢᠯᠡᠨ ᠮᠡᠳᠡᠭᠦᠯᠦᠭ᠌ᠰᠡᠨ ᠴᠠᠯᠢᠩ ᠥᠷᠢᠲᠦᠭ᠌ᠰᠡᠨ ᠰᠦᠪᠡᠭ᠌ᠴᠢ᠎ᠶ᠋ᠢ ᠨᠢᠭᠡᠳᠦᠯᠲᠡᠶ ᠴᠤᠭ᠍ᠯᠠᠭᠤᠯᠬᠤ ᠪᠠ ᠱᠢᠯᠵᠢᠭᠦᠯᠦᠨ ᠱᠢᠶ᠋ᠳᠪᠦᠷᠢᠯᠡᠭᠦᠯᠬᠦ᠌᠎ᠶ᠋ᠢᠨ ᠬᠠᠮᠲᠤ ᠱᠢᠶ᠋ᠳᠪᠦᠷᠢᠯᠡᠭ᠌ᠰᠡᠨ ᠪᠠᠢᠳᠠᠯ᠎ᠳᠤ ᠬᠢᠨᠠᠯᠲᠠ ᠲᠠᠯᠪᠢᠵᠤ᠂ ᠡᠯ᠎ᠡ ᠨᠢᠭᠡᠴᠢ᠎ᠨᠦᠭᠦᠳ ᠱᠢᠶ᠋ᠳᠪᠦᠷᠢᠯᠡᠭ᠌ᠰᠡᠨ ᠪᠠᠢᠳᠠᠯ᠎ᠢᠶᠠᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢᠭᠡᠮ᠎ᠤᠨ ᠪᠠᠲᠤᠯᠠᠭ᠎ᠠ᠎ᠶ᠋ᠢᠨ ᠰᠠᠯᠠᠭ᠎ᠠ ᠮᠥᠴᠢᠷ ᠪᠠ ᠵᠠᠭᠠᠯᠳᠤᠭ᠍ᠰᠠᠨ᠂ ᠢᠯᠡᠴᠢᠯᠡᠨ ᠮᠡᠳᠡᠭᠦᠯᠦᠭ᠌ᠴᠢ᠎ᠳᠤ ᠴᠠᠭ ᠲᠤᠬᠠᠶ᠎ᠳᠤᠨᠢ ᠮᠡᠳᠡᠭ᠌ᠳᠡᠵᠦ᠍᠂ ᠴᠠᠯᠢᠩ ᠥᠷᠢᠲᠦᠭ᠌ᠰᠡᠨ ᠰᠦᠪᠡᠭ᠌ᠴᠢ᠎ᠶ᠋ᠢ ᠱᠢᠶ᠋ᠳᠪᠦᠷᠢᠯᠡᠬᠦ᠌ ᠶᠠᠰᠤ ᠴᠢᠨᠠᠷ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌ ᠬᠡᠷᠡᠭ᠌ᠲᠡᠶ᠃
ᠠᠷᠪᠠ᠎ᠳᠤ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢᠭᠡᠮ᠎ᠤᠨ ᠪᠠᠲᠤᠯᠠᠭ᠎ᠠ᠂ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ᠂ ᠠᠷᠠᠳ᠎ᠤᠨ ᠪᠠᠢᠴᠠᠭᠠᠬᠤ ᠬᠤᠷᠢᠶ᠎ᠠ᠂ ᠠᠷᠠᠳ᠎ᠤᠨ ᠱᠢᠭᠦᠬᠦ᠌ ᠬᠤᠷᠢᠶ᠎ᠠ ᠵᠡᠷᠭᠡ ᠰᠠᠯᠠᠭ᠎ᠠ ᠮᠥᠴᠢᠷ᠎ᠤᠳ ᠲᠣᠭ᠍ᠲᠠᠮᠠᠯ ᠬᠤᠭᠤᠴᠠᠭ᠎ᠠ᠎ᠲᠠᠢ᠎ᠪᠠᠷ ᠮᠡᠳᠡᠭ᠌ᠳᠡᠬᠦ᠂ ᠵᠥᠪᠳᠡᠯᠴᠡᠬᠦ᠌ ᠠᠵᠢᠯ᠎ᠤᠨ ᠲᠣᠭ᠍ᠲᠠᠴᠠ᠎ᠶ᠋ᠢ ᠪᠠᠢᠭᠤᠯᠬᠤ ᠬᠡᠷᠡᠭ᠌ᠲᠡᠢ ᠭᠡᠵᠦ᠍ ᠲᠣᠭ᠍ᠲᠠᠭᠠᠵᠠᠶ᠃ ᠴᠠᠯᠢᠩ ᠥᠷᠢᠲᠦᠭ᠌ᠰᠡᠨ ᠰᠦᠪᠡᠭ᠌ᠴᠢ᠎ᠶ᠋ᠢ ᠬᠦᠯᠢᠶᠡᠨ ᠠᠪᠴᠤ᠌ ᠱᠢᠶ᠋ᠳᠪᠦᠷᠢᠯᠡᠬᠦ᠂ ᠵᠠᠰᠠᠭ ᠵᠠᠬᠢᠷᠭᠠᠨ᠎ᠤ ᠱᠢᠢᠳᠭᠡᠯ᠂ ᠵᠠᠷᠭᠤ᠎ᠶ᠋ᠢᠨ ᠬᠡᠷᠡᠭ᠎ᠢ ᠬᠡᠷᠡᠭ ᠪᠣᠯᠭᠠᠨ ᠳᠠᠩᠰᠠᠯᠠᠬᠤ᠂ ᠱᠢᠭᠦᠨ ᠲᠠᠰᠤᠯᠤᠯᠲᠠ᠎ᠶ᠋ᠢ ᠭᠦᠢᠴᠡᠳᠭᠡᠬᠦ᠌ ᠵᠡᠷᠭᠡ ᠲᠤᠭ᠎ᠠ ᠪᠠᠷᠢᠮᠲᠠ᠎ᠶ᠋ᠢᠨ ᠮᠡᠳᠡᠭᠡ ᠵᠠᠩᠭᠢ᠎ᠶ᠋ᠢ ᠬᠠᠮᠲᠤ᠎ᠪᠠᠷ ᠡᠳ᠋ᠯᠡᠬᠦ᠌᠎ᠶ᠋ᠢ ᠪᠡᠶᠡᠯᠡᠭᠦᠯᠵᠦ᠍᠂ ᠵᠠᠰᠠᠭ ᠵᠠᠬᠢᠷᠭᠠᠨ᠎ᠤ ᠱᠢᠢᠳᠭᠡᠯ᠂ ᠬᠡᠷᠡᠭ ᠪᠣᠯᠭᠠᠨ ᠲᠠᠩᠰᠠᠯᠠᠵᠤ ᠲᠠᠩᠨᠠᠨ ᠪᠠᠢᠴᠠᠭᠠᠬᠤ᠂ ᠬᠠᠤᠯᠢ ᠴᠠᠭᠠᠵᠠ᠎ᠶ᠋ᠢᠨ ᠬᠢᠨᠠᠯᠲᠠ ᠲᠠᠯᠪᠢᠬᠤ᠂ ᠲᠠᠰᠤᠯᠤᠯᠲᠠ᠎ᠶ᠋ᠢ ᠭᠦᠢᠴᠡᠳᠭᠡᠬᠦ᠌᠎ᠶ᠋ᠢ ᠨᠢᠭᠡ ᠴᠤᠭ᠍ᠴᠠᠵᠢᠭᠤᠯᠤᠭ᠍ᠰᠠᠨ ᠨᠢᠭᠡᠨ ᠢᠵᠢ ᠲᠦᠷᠢᠮ᠎ᠤᠨ ᠵᠢᠷᠤᠮᠵᠢᠯ᠎ᠢ ᠪᠤᠢ ᠪᠣᠯᠭᠠᠵᠤ᠂ ᠬᠥᠳᠡᠯᠮᠦᠷᠢ᠎ᠶ᠋ᠢᠨ ᠬᠥᠯᠥᠰᠥ᠍ ᠣᠯᠭᠤᠮᠵᠢ᠎ᠶ᠋ᠢ ᠥᠭ᠌ᠬᠦ᠎ᠶ᠋ᠢ ᠲᠡᠪᠴᠢᠬᠦ᠂ ᠵᠣᠷᠢᠭᠤᠳᠠ᠎ᠪᠠᠷ ᠴᠠᠯᠢᠩ ᠥᠷᠢᠲᠦᠬᠦ᠂ ᠵᠣᠷᠢᠭᠤᠳᠠ᠎ᠪᠠᠷ ᠡᠳ᠋ ᠬᠦᠷᠦᠩᠭᠡ᠎ᠪᠠᠨ ᠱᠢᠯᠵᠢᠭᠦᠯᠵᠦ᠍ ᠭᠦᠢᠴᠡᠳᠭᠡᠬᠦ᠌᠎ᠠᠴᠠ ᠵᠠᠢᠯᠠᠬᠤ ᠵᠡᠷᠭᠡ ᠦᠢᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠦᠭ᠌ᠬᠦᠨ᠎ᠡ᠃
ᠲᠠᠨᠢᠯᠴᠠᠭᠤᠯᠤᠭ᠍ᠰᠠᠨ᠎ᠢᠶᠠᠷ᠂ 《ᠳᠦᠷᠢᠮ》 ᠤᠨ ᠬᠠᠤᠯᠢ ᠲᠣᠭ᠍ᠲᠠᠭᠠᠬᠤ ᠶᠠᠪᠤᠴᠠ᠎ᠳᠤ᠂ ᠨᠡᠢᠭᠡᠮ᠎ᠤᠨ ᠡᠯ᠎ᠡ ᠦᠨᠳᠦᠰᠦᠲᠡᠨ ᠡᠯ᠎ᠡ ᠡᠲᠡᠭᠡᠳ᠎ᠠᠴᠠ 400 ᠭᠠᠷᠤᠶ ᠵᠤᠷᠪᠤᠰ ᠰᠠᠨᠠᠯ ᠰᠠᠨᠠᠭᠤᠯᠭ᠎ᠠ ᠬᠤᠷᠢᠶᠠᠵᠤ᠂ ᠵᠣᠩᠬᠢᠯᠠᠬᠤ ᠲᠣᠭᠠᠨ᠎ᠤ ᠰᠠᠨᠠᠯ᠎ᠢ ᠴᠥᠮ ᠬᠦᠯᠢᠶᠡᠨ ᠠᠪᠴᠤ᠌ ᠬᠡᠷᠡᠭ᠌ᠯᠡᠨ᠂ 22 ᠵᠦᠢᠯ᠎ᠤᠨ ᠳᠦᠷᠢᠮ᠎ᠤᠨ ᠲᠣᠭ᠍ᠲᠠᠴᠠ᠎ᠶ᠋ᠢ ᠪᠤᠶ ᠪᠣᠯᠭᠠᠵᠤ᠂ ᠣᠳᠣᠬᠠᠨ᠎ᠤ ᠬᠥᠯᠥᠰᠥᠨ ᠠᠵᠢᠯᠴᠢᠨ᠎ᠤ ᠴᠠᠯᠢᠩ ᠥᠭ᠌ᠬᠦ᠎ᠶ᠋ᠢ ᠪᠠᠲᠤᠯᠠᠬᠤ ᠬᠠᠯᠠᠭᠤᠨ ᠴᠡᠭ᠂ ᠬᠦᠴᠢᠷ ᠠᠰᠠᠭᠤᠳᠠᠯ᠂ ᠪᠡᠷᠬᠡ ᠠᠰᠠᠭᠤᠳᠠᠯ᠂ ᠡᠮᠵᠡᠭ ᠭᠠᠵᠠᠷ᠎ᠲᠤ ᠠᠩᠬᠠᠷᠤᠯ᠎ᠢᠶᠠᠨ ᠲᠥᠪᠯᠡᠷᠡᠭᠦᠯᠦᠨ᠂ ᠠᠵᠢᠯ ᠲᠥᠷᠥᠯ᠎ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠂ ᠵᠠᠰᠠᠭ ᠵᠠᠬᠢᠷᠭᠠᠨ᠎ᠤ ᠪᠠᠢᠭᠤᠯᠭ᠎ᠠ᠂ ᠳᠣᠲᠣᠭᠠᠳᠤ᠎ᠶ᠋ᠢ ᠬᠠᠮᠠᠭᠠᠯᠠᠬᠤ ᠪᠠᠢᠴᠠᠭᠠᠬᠤ ᠱᠢᠭᠦᠬᠦ᠌ ᠪᠠᠢᠭᠤᠯᠭ᠎ᠠ᠂ ᠬᠢᠨᠠᠨ ᠪᠠᠢᠴᠠᠭᠠᠬᠤ ᠵᠥᠪᠯᠡᠯ᠎ᠤᠨ ᠪᠠᠢᠭᠤᠯᠭ᠎ᠠ᠂ ᠰᠣᠨᠢᠨ ᠮᠡᠳᠡᠭᠡᠨ᠎ᠤ ᠵᠠᠭᠤᠴᠢᠯᠠᠭᠤᠷ᠎ᠤᠨ ᠬᠦᠴᠦᠨ᠎ᠢ ᠡᠮᠬᠢᠯᠡᠨ ᠨᠡᠢᠯᠡᠭᠦᠯᠵᠦ᠍᠂ ᠴᠠᠯᠢᠩ ᠥᠷᠢᠲᠦᠬᠦ᠌ ᠠᠰᠠᠭᠤᠳᠠᠯ᠎ᠢ ᠬᠠᠤᠯᠢ ᠶᠣᠰᠣᠭᠠᠷ ᠵᠠᠰᠠᠬᠤ ᠳᠦᠷᠢᠮ᠎ᠤᠨ ᠨᠡᠢᠯᠡᠯᠢ ᠲᠣᠭ᠍ᠲᠠᠭᠠᠭ᠍ᠰᠠᠨ ᠪᠠᠢᠨ᠎ᠠ᠃