ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
2025 ᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢᠭᠡᠮ᠎ᠤᠨ ᠪᠠᠲᠤᠯᠠᠭ᠎ᠠ᠎ᠶ᠋ᠢᠨ ᠶᠠᠮᠤᠨ᠎ᠤ ᠲᠤᠰᠭᠠᠶ ᠮᠡᠷᠭᠡᠵᠢᠯᠲᠡᠨ᠎ᠤ ᠦᠶ᠋ᠯᠡᠴᠢᠯᠡᠭᠡᠨ᠎ᠤ ᠪᠦᠯᠬᠦᠮ᠎ᠤᠨ ᠲᠥᠷᠥᠯ ᠵᠦᠶ᠋ᠯ — ᠲᠠᠷᠢᠶᠠᠯᠠᠩ ᠮᠠᠯ ᠠᠵᠤ ᠠᠬᠤᠶ᠎ᠶ᠋ᠢᠨ ᠪᠣᠬᠢᠷᠲᠤᠯ ᠥᠬᠡᠶ ᠣᠷᠴᠢᠯ ᠬᠥᠭ᠌ᠵᠢᠯᠲᠡ᠎ᠶ᠋ᠢᠨ ᠲᠤᠰᠭᠠᠶ ᠮᠡᠷᠭᠡᠵᠢᠯᠲᠡᠨ᠎ᠤ ᠦᠶ᠋ᠯᠡᠴᠢᠯᠡᠭᠡᠨ᠎ᠤ ᠪᠦᠯᠬᠦᠮ᠎ᠤᠨ ᠠᠵᠢᠯᠯᠠᠭ᠎ᠠ ᠣᠷᠳᠣᠰ ᠬᠤᠲᠠ᠎ᠳᠤ ᠡᠬᠢᠯᠡᠪᠡ
ᠨᠡᠶ᠋ᠢᠲᠡᠯᠡᠭᠰᠡᠨ ᠴᠠᠭ᠄ 2025-07-18

    6 ᠰᠠᠷ᠎ᠠ᠎ᠶ᠋ᠢᠨ 24 ᠎ᠤ ᠡᠳᠦᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢᠭᠡᠮ᠎ᠤᠨ ᠪᠠᠳᠤᠯᠠᠭ᠎ᠠ᠎ᠶ᠋ᠢᠨ ᠲᠢᠩᠬᠢᠮ᠎ᠠᠴᠠ ᠭᠤᠣᠯᠯᠠᠨ ᠡᠷᠬᠢᠯᠡᠭ᠌ᠰᠡᠨ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠲᠠᠨ᠎ᠤ ᠶᠠᠪᠤᠳᠠᠯ᠎ᠤᠨ ᠴᠢᠳᠠᠪᠤᠷᠢᠲᠠᠨ᠎ᠤ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠤ ᠲᠥᠪ᠂ ᠣᠷᠳᠣᠰ ᠬᠤᠲᠠ᠎ᠶ᠋ᠢᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢᠭᠡᠮ᠎ᠤᠨ ᠪᠠᠲᠤᠯᠠᠭ᠎ᠠ᠎ᠶ᠋ᠢᠨ ᠲᠣᠪᠴᠢᠶ᠎ᠠ ᠪᠠ ᠯᠢᠶᠠᠩ ᠢ ᠠᠮᠢᠳᠤ ᠪᠣᠳᠠᠰ᠎ᠤᠨ ᠱᠢᠨᠵᠢᠯᠡᠬᠦ᠌ ᠤᠬᠠᠭᠠᠨ ᠮᠡᠷᠭᠡᠵᠢᠯ᠎ᠤᠨ ᠪᠦᠯᠦᠭ᠌ᠯᠡᠯ᠎ᠤᠨ ᠬᠢᠵᠠᠭᠠᠷᠲᠤ ᠺᠣᠮᠫᠠᠨᠢ᠎ᠶ᠋ᠢᠨ ᠬᠠᠮᠲᠤ᠎ᠪᠠᠷ ᠳᠠᠭᠠᠭᠠᠨ ᠡᠷᠭᠢᠯᠡᠭ᠌ᠰᠡᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢᠭᠡᠮ᠎ᠤᠨ ᠪᠠᠲᠤᠯᠠᠭ᠎ᠠ᠎ᠶ᠋ᠢᠨ ᠶᠠᠮᠤᠨ᠎ᠤ ᠲᠤᠰᠭᠠᠶ ᠮᠡᠷᠭᠡᠵᠢᠯᠲᠡᠨ᠎ᠤ ᠦᠶ᠋ᠯᠡᠴᠢᠯᠡᠭᠡᠨ᠎ᠤ ᠪᠦᠯᠬᠦᠮ᠎ᠤᠨ ᠲᠥᠷᠥᠯ ᠵᠦᠶ᠋ᠯ — ᠲᠠᠷᠢᠶᠠᠯᠠᠩ ᠮᠠᠯ ᠠᠵᠤ ᠠᠬᠤᠶ᠎ᠶ᠋ᠢᠨ ᠪᠣᠬᠢᠷᠲᠤᠯ ᠥᠬᠡᠶ ᠣᠷᠴᠢᠯ ᠬᠥᠭ᠌ᠵᠢᠯᠲᠡ᠎ᠶ᠋ᠢᠨ ᠲᠤᠰᠭᠠᠶ ᠮᠡᠷᠭᠡᠵᠢᠯᠲᠡᠨ᠎ᠤ ᠦᠶ᠋ᠯᠡᠴᠢᠯᠡᠭᠡᠨ᠎ᠤ ᠪᠦᠯᠬᠦᠮ᠎ᠤᠨ ᠠᠵᠢᠯᠯᠠᠭ᠎ᠠ ᠣᠷᠳᠣᠰ ᠬᠤᠲᠠ᠎ᠶ᠋ᠢᠨ ᠲᠠᠯᠠᠳ ᠬᠤᠱᠢᠭᠤᠨ᠎ᠳᠤ ᠵᠢᠩᠬᠢᠨᠢ᠎ᠪᠠᠷ ᠡᠬᠢᠯᠡᠪᠡ᠃
    ᠲᠣᠰ ᠤᠳᠠᠭᠠᠨ᠎ᠤ ᠲᠤᠰᠭᠠᠶ ᠮᠡᠷᠭᠡᠵᠢᠯᠲᠡᠨ᠎ᠤ ᠦᠶ᠋ᠯᠡᠴᠢᠯᠡᠭᠡᠨ᠎ᠤ ᠪᠦᠯᠬᠦᠮ ᠪᠣᠯ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢᠭᠡᠮ᠎ᠤᠨ ᠪᠠᠲᠤᠯᠠᠭ᠎ᠠ᠎ᠶ᠋ᠢᠨ ᠲᠢᠩᠬᠢᠮ᠎ᠠᠴᠠ ᠣᠷᠳᠣᠰ ᠬᠤᠲᠠ᠎ᠶ᠋ᠢᠨ ᠲᠠᠷᠢᠶᠠᠯᠠᠩ ᠮᠠᠯ ᠠᠵᠤ ᠠᠬᠤᠶ᠎ᠶ᠋ᠢᠨ ᠠᠵᠤ ᠦᠶ᠋ᠯᠡᠰ᠎ᠤᠨ ᠬᠥᠭ᠌ᠵᠢᠯᠲᠡ᠎ᠶ᠋ᠢᠨ ᠪᠣᠳᠠᠲᠤ ᠪᠠᠢᠳᠠᠯ᠎ᠲᠠᠢ ᠤᠶᠠᠯᠳᠤᠭᠤᠯᠤᠨ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢᠭᠡᠮ᠎ᠤᠨ ᠪᠠᠲᠤᠯᠠᠭ᠎ᠠ᠎ᠶ᠋ᠢᠨ ᠶᠠᠮᠤᠨ᠎ᠳᠤ ᠱᠢᠯᠢᠨ ᠰᠣᠩᠭᠤᠵᠤ ᠬᠦᠷᠭᠡᠭ᠌ᠰᠡᠨ ᠱᠢᠯᠢᠳᠡᠭ ᠦᠢᠯᠡᠴᠢᠯᠡᠭᠡᠨ᠎ᠤ ᠲᠥᠷᠥᠯ ᠵᠤᠢᠯ ᠪᠣᠯᠣᠨ᠎ᠠ᠃ ᠦᠢᠯᠡᠴᠢᠯᠡᠭᠡᠨ᠎ᠤ ᠬᠤᠭᠤᠴᠠᠭ᠎ᠠ᠎ᠨᠢ 5 ᠡᠳᠦᠷ ᠪᠠᠢᠵᠤ᠂ ᠳᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠂ ᠪᠡᠭᠡᠵᠢᠩ᠎ᠤᠨ ᠱᠢᠨᠵᠢᠯᠡᠬᠦ᠌ ᠤᠬᠠᠭᠠᠨ ᠮᠡᠷᠭᠡᠵᠢᠯ᠎ᠤᠨ ᠶᠡᠭᠡ ᠰᠤᠷᠭᠠᠭᠤᠯᠢ᠂ ᠪᠡᠭᠡᠵᠢᠩ᠎ᠤᠨ ᠲᠠᠷᠢᠶᠠᠯᠠᠩ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ ᠵᠡᠷᠭᠡ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠎ᠤᠨ 8 ᠳᠡᠭᠡᠳᠦ ᠳᠡᠰ᠎ᠤᠨ ᠲᠤᠰᠭᠠᠶ ᠮᠡᠷᠭᠡᠵᠢᠯᠲᠡᠨ᠎ᠢ ᠤᠷᠢᠵᠤ᠂ ᠲᠠᠷᠢᠶᠠᠯᠠᠩ ᠮᠠᠯ ᠠᠵᠤ ᠠᠬᠤᠶ᠎ᠶ᠋ᠢᠨ ᠪᠣᠬᠢᠷᠲᠤᠯ ᠦᠭᠡᠶ ᠣᠷᠴᠢᠯ ᠬᠥᠭ᠌ᠵᠢᠯᠲᠡ᠎ᠶ᠋ᠢᠨ ᠵᠠᠩᠭᠢᠯᠠᠭ᠎ᠠ᠎ᠶ᠋ᠢᠨ ᠮᠡᠷᠭᠡᠵᠢᠯ ᠪᠣᠯᠤᠨ ᠵᠠᠭ᠍ᠪᠤᠷ᠎ᠤᠨ ᠪᠣᠭᠤᠮᠢ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠪᠣᠬᠢᠷᠲᠤᠯ ᠦᠭᠡᠶ ᠪᠣᠷᠳᠣᠭᠤᠷ᠎ᠢ ᠰᠤᠳᠤᠯᠤᠨ ᠨᠡᠭᠡᠭᠡᠬᠦ᠂ ᠬᠠᠶᠠᠭ᠍ᠳᠠᠮᠠᠯ ᠪᠣᠳᠠᠰ᠎ᠢ ᠡᠬᠢ ᠪᠠᠶᠠᠯᠢᠭ᠍ᠵᠢᠭᠤᠯᠤᠨ ᠠᠱᠢᠭ᠍ᠯᠠᠬᠤ᠂ ᠬᠥᠷᠥᠰᠥ᠍ ᠱᠢᠷᠣᠶ᠎ᠶ᠋ᠢ ᠰᠡᠯᠪᠢᠨ ᠵᠠᠰᠠᠬᠤ᠂ ᠡᠪᠡᠳᠴᠢᠨ᠎ᠢᠶᠠᠷ ᠥᠭᠦᠭ᠌ᠰᠡᠨ ᠮᠠᠯ ᠵᠢᠭᠦᠷᠲᠡᠨ᠎ᠢ ᠱᠢᠶ᠋ᠳᠪᠦᠷᠢᠯᠡᠬᠦ᠌ ᠵᠡᠷᠭᠡ ᠳᠥᠷᠪᠡᠨ ᠲᠠᠯ᠎ᠠ᠎ᠠᠴᠠ ᠮᠡᠷᠭᠡᠵᠢᠯ᠎ᠤᠨ ᠵᠢᠯᠣᠭᠤᠳᠣᠯᠭ᠎ᠠ᠂ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ᠂ ᠵᠠᠭ᠍ᠪᠤᠷ᠎ᠤᠨ ᠳᠡᠯᠭᠡᠷᠡᠭᠦᠯᠦᠯᠲᠡ ᠵᠡᠷᠭᠡ ᠣᠯᠠᠨ ᠡᠱᠢᠲᠦ ᠦᠢᠯᠡᠴᠢᠯᠡᠭᠡᠨ᠎ᠤ ᠬᠡᠯᠪᠡᠷᠢ᠎ᠪᠠᠷ ᠳᠠᠮᠵᠢᠭᠤᠯᠤᠨ᠂ ᠬᠤᠱᠢᠭᠤᠷᠠᠯ ᠮᠡᠷᠭᠡᠵᠢᠯ᠂ ᠲᠡᠷᠢᠭᠦᠨ᠎ᠤ ᠣᠨᠣᠯᠵᠢᠬᠤᠨ᠎ᠢ ᠲᠠᠷᠢᠶᠠᠨ ᠭᠠᠵᠠᠷ᠂ ᠮᠠᠯᠵᠢᠯ᠎ᠤᠨ ᠲᠠᠯᠠᠪᠠᠶ ᠬᠠᠱᠢᠶ᠎ᠠ ᠰᠠᠷᠠᠪᠴᠢ᠎ᠳᠤ ᠬᠦᠷᠭᠡᠵᠦ᠍᠂ ᠦᠨᠳᠦᠰᠦᠨ ᠱᠠᠲᠤ ᠪᠠ ᠠᠵᠤ ᠠᠬᠤᠢᠯᠠᠯ᠎ᠤᠨ ᠬᠥᠭ᠌ᠵᠢᠯᠲᠡ᠎ᠶ᠋ᠢᠨ ᠶᠠᠪᠤᠴᠠ᠎ᠳᠤ ᠲᠤᠯᠭᠠᠷᠠᠭ᠍ᠰᠠᠨ ᠪᠣᠳᠠᠲᠠᠶ ᠠᠰᠠᠭᠤᠳᠠᠯ᠎ᠢ ᠦᠨᠡᠨ ᠬᠦ᠌ ᠱᠢᠶ᠋ᠳᠪᠦᠷᠢᠯᠡᠨ᠂ ᠲᠤᠬᠠᠶ᠎ᠶ᠋ᠢᠨ ᠭᠠᠵᠠᠷ᠎ᠤᠨ ᠲᠠᠷᠢᠶᠠᠯᠠᠩ ᠮᠠᠯ ᠠᠵᠤ ᠠᠬᠤᠶ᠎ᠶ᠋ᠢᠨ ᠣᠳᠣᠬᠢᠴᠢᠯᠠᠯᠲᠠ᠎ᠶ᠋ᠢᠨ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠬᠦ᠂ ᠠᠵᠤ ᠦᠶ᠋ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠱᠢᠬᠦ᠌᠎ᠶ᠋ᠢ ᠠᠬᠢᠭᠤᠯᠬᠤ᠂ ᠠᠮᠢ ᠠᠬᠤᠶ ᠣᠷᠴᠢᠨ ᠲᠣᠭᠤᠷᠢᠨ᠎ᠢ ᠬᠠᠮᠠᠭᠠᠯᠠᠬᠤ᠂ ᠮᠠᠯᠴᠢᠨ ᠲᠠᠷᠢᠶᠠᠴᠢᠨ᠎ᠤ ᠣᠷᠣᠯᠭ᠎ᠠ᠎ᠪᠠᠨ ᠨᠡᠮᠡᠭ᠌ᠳᠡᠭᠦᠯᠦᠨ ᠪᠠᠶᠠᠵᠢᠬᠤ᠎ᠳᠤ ᠬᠦᠴᠦᠨ ᠲᠡᠭᠦᠯᠳᠡᠷ ᠣᠶᠤᠨ᠎ᠤ ᠲᠤᠯᠭᠠᠭᠤᠷᠢᠯᠠᠯ ᠬᠠᠩᠭᠠᠨ᠎ᠠ᠃

ᠢᠷᠡᠯᠲᠡ᠄ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            