12 ᠳ᠋ᠤᠭᠠᠷ ᠰᠠᠷ᠎ᠠ᠎ᠶ᠋ᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠬᠤᠶᠠᠳᠤᠭᠠᠷ ᠬᠤᠭᠤᠴᠠᠭᠠᠨ᠎ᠤ 《ᠪᠢ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠠᠵᠢᠯ ᠦᠢᠯᠡᠰ᠎ᠤᠨ ᠬᠥᠭ᠌ᠵᠢᠯᠲᠡ᠎ᠳᠤ ᠰᠠᠨᠠᠭᠤᠯᠭ᠎ᠠ ᠥᠭᠴᠦ ᠠᠷᠭ᠎ᠠ ᠤᠬᠠᠭ᠋ᠠᠨ ᠡᠷᠭᠦᠨ᠎ᠡ》 ᠠᠵᠢᠯᠯᠠᠭ᠎ᠠ᠎ᠶ᠋ᠢᠨ ᠱᠢᠢᠳᠪᠦᠷᠢᠲᠦ ᠤᠷᠤᠯᠳᠤᠭᠠᠨ᠎ᠢ ᠡᠷᠭᠢᠯᠡᠪᠡ᠃
ᠲᠣᠰ ᠤᠳᠠᠭᠠᠨ᠎ᠤ ᠠᠵᠢᠯᠯᠠᠭ᠎ᠠ ᠨᠢ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ᠎ᠶ᠋ᠢᠨ ᠰᠠᠨᠠᠭᠤᠯᠭ᠎ᠠ ᠥᠭᠴᠦ ᠠᠷᠭ᠎ᠠ ᠤᠬᠠᠭ᠋ᠠᠨ ᠡᠷᠭᠦᠬᠦ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ ᠮᠥᠨ᠂ ᠡᠨᠡ᠎ᠨᠢ ᠪᠥᠬᠦ᠌ ᠱᠢᠰᠲ᠋ᠧᠮ᠎ᠤᠨ ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ ᠪᠠ ᠬᠠᠷᠢᠭᠤᠴᠠᠯᠭ᠎ᠠ ᠡᠭᠦᠷᠭᠡᠯᠡᠬᠦ᠌ ᠵᠣᠷᠢᠭ ᠰᠠᠨᠠᠭ᠎ᠠ᠎ᠶ᠋ᠢ ᠤᠯᠠᠮ ᠨᠢᠭᠡ ᠠᠯᠬᠤᠮ ᠬᠥᠭ᠌ᠵᠢᠭᠡᠵᠦ᠍᠂ 《ᠰᠠᠢ᠌ᠨ ᠠᠷᠭ᠎ᠠ》᠎ᠶ᠋ᠢ ᠬᠢᠨᠠᠯᠲᠠ ᠬᠠᠮᠢᠶᠠᠷᠤᠯᠲᠠ᠎ᠶ᠋ᠢᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ 《ᠰᠠᠢᠨ ᠰᠠᠨᠠᠭᠤᠯᠭ᠎ᠠ》᠎ᠶ᠋ᠢ ᠬᠥᠭ᠌ᠵᠢᠯᠲᠡ᠎ᠶ᠋ᠢᠨ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠵᠤ᠂ ᠭᠦᠨᠵᠡᠭᠡᠶ ᠦᠵᠡᠯᠲᠡ ᠲᠠᠨᠢᠯᠲᠠ᠂ ᠴᠣ ᠱᠢᠨ᠎ᠡ ᠰᠡᠳᠭᠢᠬᠦᠶ᠂ ᠱᠢᠨ᠎ᠡ᠎ᠶ᠋ᠢ ᠡᠭᠦᠳᠬᠦ᠌ ᠠᠷᠭ᠎ᠠ ᠬᠡᠮᠵᠢᠶ᠎ᠡ᠎ᠪᠠᠷ 《ᠠᠷᠪᠠᠨ ᠲᠠᠪᠤᠳᠤᠭᠠᠷ ᠲᠠᠪᠤᠨ ᠵᠢᠯ》᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠳᠤ ᠬᠦᠴᠦᠷᠬᠡᠭ ᠶᠡᠭᠡ ᠬᠥᠳᠡᠯᠭᠡᠬᠦ᠌ ᠬᠦᠴᠦᠨ ᠨᠡᠮᠡᠷᠢᠯᠡᠬᠦ᠎ᠳᠦ ᠪᠣᠢ᠃ ᠠᠵᠢᠯᠯᠠᠭ᠎ᠠ ᠡᠬᠢᠯᠡᠭᠰᠡᠨ᠎ᠡᠴᠡ ᠨᠠᠭ᠋ᠠᠰᠢ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠪᠠᠢᠭᠤᠯᠤᠯᠭ᠎ᠠ᠂ ᠡᠮ᠎ᠤᠨ ᠵᠦᠢᠯ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠂ ᠱᠢᠭᠤᠳ ᠬᠠᠷᠢᠶ᠎ᠠ ᠠᠵᠢᠯ ᠦᠢᠯᠡᠰ᠎ᠦᠨ ᠨᠢᠭᠡᠴᠢ ᠵᠢᠴᠢ ᠡᠯ᠎ᠡ ᠠᠢᠮᠠᠭ ᠬᠣᠲᠠ᠎ᠶ᠋ᠢᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠡᠴᠡ ᠨᠡᠢᠲᠡ 176 ᠬᠤᠪᠢ ᠡᠬᠡ ᠪᠢᠴᠢᠭ ᠡᠯᠰᠡᠨ ᠣᠯᠪᠠ᠃ ᠨᠠᠷᠢᠨ ᠬᠢᠨᠠᠮᠠᠭᠠᠶ ᠰᠢᠯᠭ᠋ᠠᠷᠠᠭᠤᠯᠬᠤ᠎ᠪᠠᠷ ᠳᠡᠮᠵᠢᠨ᠂ ᠶᠡᠷᠦᠩᠬᠡᠶ ᠲᠣᠪᠴᠢᠶ᠎ᠠ᠎ᠳᠤ 10 ᠬᠤᠪᠢ ᠥᠭᠦᠯᠡᠯ᠎ᠢ ᠲᠠᠨᠢᠯᠴᠠᠭᠤᠯᠵᠤ᠂ ᠡᠭᠦᠨ᠎ᠳᠤ 3 ᠬᠤᠪᠢ ᠥᠭᠦᠯᠡᠯ᠎ᠨᠢ ᠰᠢᠯᠠᠭ᠋ᠠᠭᠤᠯᠢᠳᠤ ᠣᠷᠣᠵᠤ᠂ 1 ᠬᠤᠪᠢ ᠦᠭᠦᠯᠡᠯ ᠨᠢ ᠶᠡᠷᠦᠩᠬᠡᠶ ᠲᠣᠪᠴᠢᠶ᠎ᠠ᠎ᠶ᠋ᠢᠨ ᠱᠢᠯᠢᠳᠡᠭ ᠥᠭᠦᠯᠡᠯ᠎ᠢᠶᠠᠷ ᠦᠨᠡᠯᠡᠭ᠌ᠳᠡᠪᠡ; ᠦᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠨ ᠬᠠᠮᠢᠶᠠᠷᠣᠯᠲᠠ᠎ᠶᠢᠨ ᠲᠣᠪᠴᠢᠶ᠎ᠠ᠎ᠠᠴᠠ 25 ᠬᠤᠪᠢ ᠱᠢᠯᠢᠳᠡᠭ ᠥᠭᠦᠯᠡᠯ᠎ᠢ ᠱᠢᠯᠭᠠᠷᠠᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠬᠤᠭᠤᠴᠠᠭᠠᠨ᠎ᠳᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠬᠢᠵᠠᠭᠠᠷᠯᠠᠵᠤ ᠪᠠᠢᠭ᠎ᠠ ᠳᠤᠲᠠᠭᠳᠠᠯ ᠲᠠᠢ ᠠᠰᠠᠭᠤᠳᠡᠯ᠎ᠢ ᠱᠢᠢᠳᠪᠦᠷᠢᠯᠡᠬᠦ᠌᠎ᠶ᠋ᠢᠨ ᠲᠣᠭᠤᠷᠢᠨ᠎ᠳᠤ ᠨᠢᠭᠡ ᠪᠦᠯᠦᠭ ᠪᠣᠳᠠᠲᠠᠶ ᠬᠡᠷᠡᠭᠴᠡᠭᠡ ᠲᠠᠢ ᠰᠠᠢᠨ ᠠᠷᠭ᠎ᠠ ᠪᠣᠳᠣᠯᠭ᠎ᠠ᠎ᠶ᠋ᠢ ᠪᠣᠢ ᠪᠣᠯᠭ᠋ᠠᠪᠠ᠃
ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠦ᠋ ᠵᠧᠨ ᠴᠢᠩ ᠠᠵᠢᠯᠯᠠᠭ᠎ᠠ᠎ᠳᠤ ᠣᠷᠣᠯᠴᠠᠭ᠍ᠰᠠᠨ ᠪᠥᠭᠡᠳ ᠶᠠᠷᠢᠶ᠎ᠠ ᠲᠠᠯᠪᠢᠵᠦ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠤᠳᠤᠷᠢᠳᠤᠯᠭ᠎ᠠ᠂ ᠬᠤᠶᠠᠳᠤᠭᠠᠷ ᠳᠡᠰ᠎ᠤᠨ ᠲᠣᠭᠤᠷᠢᠨ ᠪᠠᠢᠴᠠᠭᠠᠭ᠍ᠴᠢ᠂ ᠶᠡᠷᠦᠩᠬᠡᠶ ᠢᠨᠵᠧᠨᠧᠷ ᠵᠢᠴᠢ ᠪᠠᠢᠭᠤᠯᠭ᠎ᠠ᠎ᠶ᠋ᠢᠨ ᠭᠠᠵᠠᠷ ᠠᠯᠪᠠᠨ ᠬᠡᠷ ᠲᠣᠪᠴᠢᠶ᠎ᠠ᠂ ᠱᠢᠭᠤᠳ ᠬᠠᠷᠢᠶ᠎ᠠ ᠠᠵᠢᠯ ᠦᠢ᠍ᠯᠡᠰ᠎ᠦᠨ ᠨᠢᠭᠡᠴᠢ᠎ᠶ᠋ᠢᠨ ᠬᠠᠷᠢᠭᠤᠴᠠᠯᠭᠠᠲᠠᠨ ᠲᠣᠰ ᠤᠳᠠᠭᠠᠨ᠎ᠤ ᠠᠵᠢᠯᠯᠠᠭ᠎ᠠ᠎ᠳᠤ ᠣᠷᠣᠯᠴᠠᠪᠠ᠃