ᠥᠪᠡᠷᠲᠡᠭᠡᠨ ᠵᠠᠰᠠᠬᠤ ᠣᠷᠣᠨ᠎ᠤ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠬᠠᠮᠠᠭᠠᠯᠠᠯᠲᠠ᠎ᠶ᠋ᠢᠨ ᠲᠥᠪ᠎ᠡᠴᠡ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠣᠯᠠᠨ ᠨᠡᠢᠲᠡ᠎ᠶ᠋ᠢᠨ ᠦᠢᠯᠡᠴᠢᠯᠡᠭᠡᠨ᠎ᠤ ᠱᠢᠨ᠎ᠡ ᠠᠮᠢ ᠠᠬᠤᠶ᠎ᠶ᠋ᠢ ᠢᠳᠡᠪᠬᠢᠲᠡᠶ ᠪᠠᠢ᠌ᠭᠤᠯᠪᠠ
2025-12-31

ᠡᠨᠡ ᠵᠢᠯ᠂ ᠥᠪᠡᠷᠲᠡᠭᠡᠨ ᠵᠠᠰᠠᠬᠤ ᠣᠷᠣᠨ᠎ᠤ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠬᠠᠮᠠᠭᠠᠯᠠᠯᠲᠠ᠎ᠶ᠋ᠢᠨ ᠲᠥᠪ (ᠳᠣᠷᠣᠭ᠍ᠰᠢ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠬᠠᠮᠠᠭᠠᠯᠠᠯᠲᠠ᠎ᠶ᠋ᠢᠨ ᠲᠥᠪ ᠭᠡᠵᠦ᠍ ᠲᠣᠪᠴᠢᠯᠠᠨ᠎ᠠ) ᠣᠷᠣᠨ ᠪᠦᠰᠡ᠎ᠶ᠋ᠢᠨ ᠬᠥᠭ᠌ᠵᠢᠯᠲᠡ᠎ᠶ᠋ᠢᠨ ᠪᠣᠳᠠᠲᠤ ᠪᠠᠢᠳᠠᠯ᠎ᠳᠤ ᠰᠠᠭᠤᠷᠢᠯᠠᠨ᠂ 《ᠰᠠᠭᠤᠷᠢ᠎ᠶᠢᠨ ᠪᠡᠬᠢᠯᠡᠯᠲᠡ  ᠲᠦᠭᠡᠮᠡᠯ ᠬᠠᠷᠠᠭᠠᠯᠵᠠᠯᠲᠤ ᠪᠠᠭᠲᠠᠭ᠋ᠠᠮᠵᠢᠲᠠᠢ  ᠨᠠᠷᠢᠯᠢᠭ ᠣᠨᠣᠪᠴᠢᠲᠠᠢ ᠬᠦᠴᠦᠨ ᠨᠡᠮᠡᠷᠢᠯᠡᠬᠦ》 ᠮᠡᠳᠡᠯᠭᠡ᠎ᠶ᠋ᠢᠨ ᠦᠮᠴᠢᠯᠡᠯ ᠎ᠦᠨ ᠡᠷᠬᠡ᠎ᠶ᠋ᠢᠨ ᠣᠯᠠᠨ ᠨᠡᠢᠲᠡ᠎ᠶ᠋ᠢᠨ ᠦᠢᠯᠡᠴᠢᠯᠡᠭᠡᠨ᠎ᠤ ᠲᠤᠭᠲᠠᠯᠴᠠᠭ᠎ᠠ ᠪᠠᠢᠭᠤᠯᠵᠤ᠂ ᠣᠯᠠᠨ ᠨᠡᠢᠲᠡ᠎ᠶ᠋ᠢᠨ ᠦᠢᠯᠡᠴᠢᠯᠡᠭᠡᠨ᠎ᠤ ᠶᠠᠰᠤ ᠴᠢᠨᠠᠷ ᠪᠠ ᠦᠢᠯᠡᠳᠦᠯ ᠴᠢᠳᠠᠪᠤᠷᠢ᠎ᠶ᠋ᠢ ᠪᠥᠬᠦ᠌ ᠲᠠᠯ᠎ᠠ᠎ᠪᠠᠷ ᠳᠡᠭᠡᠭ᠌ᠰᠢᠯᠡᠭᠦᠯᠦᠨ᠂ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶᠢ ᠴᠢᠨᠠᠷ ᠰᠠᠢᠲᠠᠶ ᠡᠭᠦᠳᠦᠨ ᠪᠦᠲᠦᠭᠡᠬᠦ᠂ ᠥᠨᠳᠥᠷ ᠦᠷ᠎ᠡ ᠠᠱᠢᠭ᠎ᠲᠠᠢ ᠬᠡᠷᠡᠭ᠌ᠯᠡᠬᠦ᠂ ᠥᠨᠳᠥᠷ ᠪᠠᠷᠢᠮᠵᠢᠶ᠎ᠠ᠎ᠪᠠᠷ ᠬᠠᠮᠠᠭᠠᠯᠠᠬᠤ᠎ᠶ᠋ᠢ ᠲᠤᠯᠭᠠᠭᠤᠷᠢᠯᠠᠵᠤ᠂ ᠥᠪᠥᠷ ᠮᠣᠩᠭᠤᠯ᠎ᠤᠨ ᠠᠵᠤ ᠠᠬᠤᠶ ᠨᠡᠢᠭᠡᠮ᠎ᠤᠨ ᠬᠥᠭ᠌ᠵᠢᠯᠲᠡ᠎ᠳᠤ ᠱᠢᠨ᠎ᠡ ᠠᠮᠢᠵᠢᠷᠠᠯ᠎ᠤᠨ ᠬᠦᠴᠦᠨ ᠨᠡᠮᠡᠷᠢᠯᠡᠪᠡ᠃

ᠰᠠᠭᠤᠷᠢ᠎ᠶᠢᠨ ᠪᠡᠬᠢᠯᠡᠯᠲᠡ  ᠪᠠᠢᠭᠤᠯᠤᠮᠵᠢ ᠪᠣᠯᠤᠨ ᠴᠢᠳᠠᠪᠤᠷᠢᠲᠠᠨ᠎ᠤ ᠪᠠᠢᠭᠤᠯᠤᠯᠲᠠ᠎ᠶ᠋ᠢ ᠴᠢᠩᠭ᠋ᠠᠳᠭ᠋ᠠᠵᠦ  ᠦᠢᠯᠡᠴᠢᠯᠡᠭᠡᠨ᠎ᠤ ᠰᠠᠭᠤᠷᠢ᠎ᠶ᠋ᠢ ᠪᠡᠬᠢᠵᠢᠭᠦᠯᠦᠨ᠎ᠡ 

ᠤᠯᠤᠰ᠎ᠤᠨ ᠳᠡᠰ᠎ᠦᠨ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶᠢᠨ ᠬᠠᠮᠠᠭ᠋ᠠᠯᠠᠯᠲᠠ᠎ᠶᠢᠨ ᠲᠥᠪ᠎ᠦᠨ ᠡᠬᠢ ᠪᠠᠶᠠᠯᠢᠭ᠎ᠤᠨ ᠳᠠᠪᠠᠭᠤᠯᠢᠭ᠎ᠲᠤ ᠲᠦᠱᠢᠭ᠌ᠯᠡᠨ᠂ TISC ᠪᠦᠲᠦᠭᠡᠨ ᠪᠠᠢᠭᠤᠯᠤᠯᠲᠠ᠎ᠶ᠋ᠢᠨ ᠪᠠᠷᠢᠮᠵᠢᠶ᠎ᠠ᠎ᠶ᠋ᠢ ᠴᠢᠩᠭ᠎ᠠ ᠵᠢᠷᠤᠮᠯᠠᠨ ᠰᠠᠭᠤᠷᠢ ᠲᠦᠭᠦᠭᠡᠷᠦᠮᠵᠢ᠂ ᠲᠣᠭ᠎ᠠ ᠪᠠᠷᠢᠮᠲᠠ᠎ᠶ᠋ᠢᠨ ᠡᠬᠢ ᠪᠠᠶᠠᠯᠢᠭ ᠬᠢᠭᠡᠳ ᠬᠠᠮᠢᠶᠠᠷᠤᠯᠲᠠ᠎ᠶ᠋ᠢᠨ ᠵᠢᠷᠤᠮᠵᠢᠯ᠎ᠢ ᠲᠡᠭᠦᠯᠳᠡᠷᠵᠢᠭᠦᠯᠵᠦ᠍᠂  ᠦᠨᠳᠦᠰᠦᠨ ᠦᠢ᠍ᠯᠡᠴᠢᠯᠡᠭᠡ᠂ ᠳᠡᠭᠡᠳᠦ ᠲᠠᠰ᠎ᠤᠨ ᠦᠢ᠍ᠯᠡᠴᠢᠯᠡᠭᠡ ᠪᠠ ᠨᠡᠮᠡᠭ᠌ᠳᠡᠯ ᠥᠷᠲᠡᠭ᠎ᠦᠨ ᠦᠢᠯᠡᠴᠢᠯᠡᠭᠡ᠎ᠶ᠋ᠢ ᠴᠤᠭ᠍ᠴᠠᠵᠢᠭᠤᠯᠤᠭ᠍ᠰᠠᠨ ᠲᠤᠰᠭᠠᠶ ᠮᠡᠷᠭᠡᠵᠢᠯ᠎ᠦᠨ ᠲᠠᠪᠴᠠᠩ᠎ᠢ ᠪᠠᠢ᠌ᠭᠤᠯᠤᠨ᠎ᠠ᠃ 《ᠲᠤᠭᠲᠠᠯᠴᠠᠭ᠎ᠠ ᠵᠢᠷᠣᠮᠵᠢᠭᠰᠠᠨ᠂ ᠴᠢᠳᠠᠪᠤᠷᠢ ᠴᠠᠭᠠᠷᠠᠭ᠍ᠰᠠᠨ》 ᠲᠤᠰᠭᠠᠢᠵᠢᠭ᠍ᠰᠠᠨ ᠦᠢᠯᠡᠴᠢᠯᠡᠭᠡᠨ᠎ᠤ ᠪᠦᠯᠬᠦᠮ ᠨᠡᠢ᠌ᠲᠡ᠎ᠶᠢ ᠬᠦᠴᠦᠯᠡᠨ ᠪᠠᠢᠭᠤᠯᠵᠤ᠂ TISC ᠠᠵᠢᠯᠲᠠᠨ᠎ᠤ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠪᠤᠯᠪᠠᠰᠣᠷᠠᠯ᠂ ᠲᠤᠰᠭᠠᠶ ᠠᠱᠢᠭ᠎ᠤᠨ ᠮᠡᠳᠡᠭᠡ ᠵᠠᠩᠭᠢ᠎ᠶ᠋ᠢ ᠵᠠᠳᠠᠯᠬᠤ ᠪᠠ ᠬᠡᠷᠡᠭ᠌ᠯᠡᠭᠡᠨ᠎ᠤ ᠪᠣᠳᠠᠲᠤ ᠶᠠᠪᠤᠳᠠᠯ᠎ᠤᠨ ᠪᠤᠯᠪᠠᠰᠣᠷᠠᠯ ᠵᠡᠷᠭᠡ ᠪᠤᠯᠪᠠᠰᠣᠷᠠᠯ᠎ᠢ ᠵᠣᠬᠢᠶᠠᠨ ᠪᠠᠢᠭᠤᠯᠤᠨ ᠥᠷᠨᠢᠭᠦᠯᠵᠦ᠍᠂1 ᠬᠥᠮᠦᠨ ᠪᠥᠬᠦ᠌ ᠤᠯᠤᠰ᠎ᠤᠨ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠣᠯᠠᠨ ᠨᠡᠢᠲᠡ᠎ᠶ᠋ᠢᠨ ᠦᠢᠯᠡᠴᠢᠯᠡᠭᠡᠨ᠎ᠤ ᠮᠡᠳᠡᠭᠡ ᠵᠠᠩᠭᠢ᠎ᠶ᠋ᠢ ᠪᠠᠢᠴᠠᠭᠠᠨ ᠬᠠᠢᠬᠤ ᠤᠷ᠎ᠠ ᠴᠢᠳᠠᠪᠤᠷᠢ᠎ᠶ᠋ᠢᠨ ᠤᠷᠤᠯᠳᠤᠭᠠᠨ᠎ᠤ ᠬᠠᠮ ᠤᠷᠤᠯᠳᠤᠭᠠᠨ᠎ᠳᠤ ᠣᠷᠣᠵᠤ᠂ ᠲᠤᠰᠭᠠᠶ ᠠᠱᠢᠭ᠎ᠤᠨ ᠤᠷᠢᠳᠴᠢᠯᠠᠨ ᠰᠢᠭᠦᠬᠦ᠂ ᠡᠷᠬᠡ ᠠᠰᠢᠭ᠎ᠢᠶᠠᠨ ᠬᠠᠮᠠᠭ᠋ᠠᠯᠠᠬᠤ ᠲᠤᠰᠠᠯᠠᠮᠵᠢ᠂ ᠵᠠᠮᠴᠢᠯᠠᠭᠤᠷ ᠵᠠᠳᠠᠯᠤᠯᠲᠠ ᠬᠢᠬᠦ᠌ ᠵᠡᠷᠭᠡ ᠠᠵᠢᠯ᠎ᠢ ᠥᠨᠳᠥᠷ ᠪᠦᠲᠦᠮᠵᠢᠲᠡᠶ᠎ᠪᠠᠷ ᠥᠷᠨᠢᠭᠦᠯᠬᠦ᠌᠎ᠳᠤ ᠪᠠᠲᠤ ᠪᠠᠬᠢ ᠴᠢᠳᠠᠪᠤᠷᠢᠲᠠᠨ᠎ᠤ ᠲᠤᠯᠭᠠᠭᠤᠷᠢᠯᠠᠯ ᠬᠠᠩᠭᠠᠪᠠ᠃

ᠲᠦᠭᠡᠮᠡᠯ ᠬᠠᠷᠠᠭᠠᠯᠵᠠᠯᠲᠤ ᠦᠢ᠍ᠯᠡᠴᠢᠯᠡᠭᠡ  ᠪᠠᠷᠢᠮᠵᠢᠶᠠᠵᠢᠯ ᠪᠠ ᠲᠤᠭ᠋ᠠᠴᠢᠯᠠᠯᠲᠠ᠎ᠶᠢ ᠵᠡᠷᠭᠡ᠎ᠪᠡᠷ ᠶᠠᠪᠤᠭᠤᠯᠵᠦ  ᠦᠢᠯᠡᠴᠢᠯᠡᠭᠡᠨ᠎ᠤ ᠬᠠᠮᠤᠷᠬᠤ ᠬᠡᠪᠴᠢᠶ᠎ᠡ᠎ᠶ᠋ᠢ ᠥᠷᠭᠡᠳᠭᠡᠨ᠎ᠡ

ᠮᠡᠳᠡᠯᠭᠡ᠎ᠶᠢᠨ ᠦᠮᠴᠢᠯᠡᠯ᠎ᠤᠨ ᠡᠷᠬᠡ᠎ᠶᠢᠨ ᠲᠥᠪ᠎ᠠᠴᠠ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠬᠠᠮᠠᠭᠠᠯᠠᠯᠲᠠ᠎ᠶ᠋ᠢᠨ ᠲᠥᠪ᠎ᠤᠨ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠣᠯᠠᠨ ᠨᠡᠢᠲᠡ᠎ᠶ᠋ᠢᠨ ᠦᠢᠯᠡᠴᠢᠯᠡᠭᠡᠨ᠎ᠤ ᠵᠦᠢᠯᠡᠰ᠎ᠤᠨ ᠨᠠᠷᠢᠨ ᠲᠠᠩᠰᠠ》᠎ᠶ᠋ᠢ ᠨᠡᠢᠲᠡᠯᠡᠵᠦ᠍᠂ ᠲᠠᠪᠤᠨ ᠲᠥᠷᠥᠯ᠂ 37 ᠵᠦᠢᠯ᠎ᠤᠨ ᠦᠢᠯᠡᠴᠢᠯᠡᠭᠡᠨ᠎ᠤ ᠠᠭᠤᠯᠭ᠎ᠠ᠎ᠶ᠋ᠢ ᠱᠢᠰᠲ᠋ᠧᠮ᠎ᠲᠠᠢ ᠡᠮᠬᠢᠯᠡᠵᠦ᠍᠂ ᠦᠢᠯᠡᠴᠢᠯᠡᠭᠡᠨ᠎ᠤ ᠪᠠᠷᠢᠮᠵᠢᠶ᠎ᠠ ᠨᠢᠭᠡᠳᠦᠯᠲᠡᠶ᠂ ᠴᠤᠪᠤᠷᠠᠯ᠎ᠤᠨ ᠵᠢᠷᠤᠮᠵᠢᠯ᠎ᠢ ᠪᠡᠶᠡᠯᠡᠭᠦᠯᠪᠡ᠃ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠬᠠᠮᠠᠭᠠᠯᠠᠯᠲᠠ᠎ᠶ᠋ᠢᠨ ᠲᠥᠪ᠎ᠤᠨ ᠦᠢᠯᠡᠴᠢᠯᠡᠭᠡᠨ᠎ᠤ ᠲᠠᠪᠴᠠᠩ》᠎ᠢ ᠪᠠᠢᠭᠤᠯᠵᠤ᠂ 17 ᠲᠤᠬᠠᠢᠯᠠᠭ᠍ᠰᠠᠨ ᠠᠵᠢᠯ᠎ᠤᠨ ᠱᠢᠰᠲ᠋ᠧᠮ᠎ᠢ ᠬᠤᠷᠠᠮᠳᠤᠭᠤᠯᠵᠤ᠂ ᠤᠯᠤᠰ᠎ᠤᠨ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠲᠣᠪᠴᠢᠶ᠎ᠠ᠎ᠶ᠋ᠢᠨ 21 ᠣᠯᠠᠨ ᠨᠡᠢᠲᠡ᠎ᠶ᠋ᠢᠨ ᠦᠢᠯᠡᠴᠢᠯᠡᠭᠡᠨ᠎ᠤ ᠱᠢᠰᠲ᠋ᠧᠮ᠎ᠢ ᠬᠤᠯᠪᠣᠵᠤ᠂ ᠲᠤᠰᠭᠠᠶ ᠠᠱᠢᠭ᠎ᠤᠨ ᠤᠷᠢᠳᠴᠢᠯᠠᠨ ᠰᠢᠭᠦᠬᠦ᠂ ᠡᠷᠬᠡ ᠠᠰᠢᠭ᠎ᠢᠶᠠᠨ ᠬᠠᠮᠠᠭᠠᠯᠠᠬᠤ ᠦᠢᠯᠡᠴᠢᠯᠡᠭᠡ᠂ ᠣᠯᠠᠨ ᠨᠡᠢᠲᠡ᠎ᠶ᠋ᠢᠨ ᠦᠢᠯᠡᠴᠢᠯᠡᠭᠡ᠂ ᠲᠤᠭ᠎ᠠ ᠪᠠᠷᠢᠮᠲᠠ᠎ᠶ᠋ᠢᠨ ᠦᠢᠯᠡᠴᠢᠯᠡᠭᠡ ᠵᠡᠷᠭᠡ 《ᠨᠢᠭᠡ ᠰᠦᠯᠵᠢᠶ᠎ᠡ᠎ᠪᠠᠷ ᠨᠡᠢᠳᠡᠮ ᠭᠦᠢᠴᠡᠳᠭᠡᠬᠦ᠌》᠎ᠶ᠋ᠢ ᠪᠡᠶᠡᠯᠡᠭᠦᠯᠦᠨ᠎ᠡ᠃ ᠲᠠᠪᠴᠠᠩ᠎ᠤᠨ ᠰᠤᠷᠪᠤᠯᠵᠢᠯᠠᠭ᠍ᠰᠠᠨ ᠬᠡᠮᠵᠢᠶ᠎ᠡ ᠨᠡᠢᠲᠡ 33.9 ᠲᠦᠮᠡᠨ ᠤᠳᠠᠭ᠎ᠠ᠎ᠶ᠋ᠢ ᠳᠠᠪᠠᠵᠤ᠂ ᠡᠭᠦᠨ᠎ᠳᠤ 2025 ᠣᠨ᠎ᠤ ᠭᠤᠷᠪᠠᠳᠤᠭᠠᠷ ᠤᠯᠠᠷᠢᠯ᠎ᠤᠨ ᠰᠤᠷᠪᠤᠯᠵᠢᠯᠠᠭ᠍ᠰᠠᠨ ᠬᠡᠮᠵᠢᠶ᠎ᠡ 5.2 ᠲᠦᠮᠡ ᠭᠠᠷᠤᠶ ᠤᠳᠠᠭ᠎ᠠ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠠᠴᠠ 73% ᠨᠡᠮᠡᠭ᠌ᠳᠡᠵᠦ᠍᠂ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠰᠦᠯᠵᠢᠶᠡᠨ ᠎ᠳᠠᠬᠢ ᠦᠢᠯᠡᠴᠢᠯᠡᠭᠡᠨ᠎ᠤ 《ᠭᠤᠤᠯ ᠵᠢᠭ᠍ᠰᠠᠭᠠᠯ᠎ᠤᠨ ᠭᠠᠵᠠᠷ》 ᠪᠣᠯᠤᠭ᠍ᠰᠠᠨ ᠪᠠᠢᠨ᠎ᠠ᠃

ᠨᠠᠷᠢᠯᠢᠭ ᠣᠨᠤᠪᠴᠢᠲᠠᠢ ᠦᠢᠯᠡᠴᠢᠯᠡᠭᠡ  ᠭᠤᠤᠯᠳᠠᠯᠭ᠎ᠠ᠎ᠲᠠᠢ ᠬᠦᠷᠢᠶ᠎ᠠ ᠴᠠᠷᠠᠭ᠎ᠠ᠎ᠳᠤ ᠠᠩᠬᠠᠷᠤᠯ᠎ᠢᠶᠠᠨ ᠲᠦᠪᠯᠡᠷᠡᠭᠦᠯᠵᠦ  ᠬᠠᠨᠳᠤᠯᠭᠠᠲᠤ ᠳᠡᠮᠵᠢᠯᠭᠡ ᠬᠠᠩᠭᠠᠨ᠎ᠠ

ᠤᠯᠤᠰ᠎ᠤᠨ ᠲᠠᠰ᠎ᠤᠨ ᠲᠤᠰᠭᠠᠶ ᠠᠱᠢᠭ᠎ᠤᠨ ᠵᠠᠮᠴᠢᠯᠠᠬᠤ ᠦᠢᠯᠡᠴᠢᠯᠡᠭᠡᠨ᠎ᠤ ᠰᠠᠭᠤᠷᠢᠨ ᠭᠠᠵᠠᠷ᠎ᠤᠨ ᠦᠢᠯᠡᠳᠦᠯ ᠴᠢᠳᠠᠪᠦᠷᠢ᠎ᠶ᠋ᠢ ᠪᠠᠳᠠᠷᠠᠭᠤᠯᠵᠤ᠂ ᠴᠠᠬᠢᠯᠭᠠᠨ ᠬᠢᠮᠢ᠎ᠶ᠋ᠢᠨ ᠡᠨᠧᠷᠭᠢ ᠬᠠᠳᠠᠭᠠᠯᠠᠬᠤ᠂ ᠳᠡᠭᠡᠳᠦ ᠴᠢᠳᠡᠪᠬᠢᠳᠦ ᠬᠤᠪᠣᠷ ᠱᠢᠷᠣᠶ᠎ᠶ᠋ᠢᠨ ᠲᠣᠭ᠍ᠲᠠᠮᠠᠯ ᠰᠣᠷᠢᠨᠵᠢᠨ ᠮᠠᠲ᠋ᠧᠷᠢᠶᠠᠯ᠂ ᠣᠨᠴᠠᠭ᠋ᠠᠢ ᠲᠥᠷᠥᠯ᠎ᠤᠨ ᠲᠣᠨᠣᠭ᠍ᠯᠠᠯ᠎ᠤᠨ ᠭᠠᠳᠠᠷᠭᠤ᠎ᠶ᠋ᠢᠨ ᠥᠪᠡᠰᠦᠪᠡᠨ ᠰᠡᠷᠭᠦᠭᠡᠬᠦ᠌ ᠵᠢᠴᠢ ᠢᠯᠵᠢᠷᠡᠬᠦ᠌᠎ᠶ᠋ᠢ ᠰᠡᠷᠭᠡᠢᠯᠡᠬᠦ᠌ ᠲᠦᠷᠬᠢᠮᠡᠯ ᠮᠠᠲ᠋ᠧᠷᠢᠶᠠᠯ᠂ ᠮᠠᠯᠵᠢᠬᠤ ᠣᠷᠣᠨ᠎ᠤ ᠤᠰᠤᠨ᠎ᠤ ᠡᠬᠢ ᠪᠠᠶᠠᠯᠢᠭ᠎ᠢ ᠠᠷᠪᠢᠯᠠᠨ ᠭᠠᠮᠨᠠᠵᠦ ᠡᠷᠴᠢᠮᠵᠢᠭᠦᠯᠦᠨ ᠠᠱᠢᠭ᠍ᠯᠠᠬᠤ ᠪᠠ ᠪᠡᠯᠴᠢᠭᠡᠷ᠎ᠤᠨ ᠠᠮᠢ ᠠᠬᠤᠶ᠎ᠶ᠋ᠢᠨ ᠠᠮᠤᠷ ᠲᠦᠪᠱᠢᠨ᠎ᠢ ᠬᠠᠮᠠᠭᠠᠯᠠᠨ ᠰᠡᠷᠭᠦᠭᠡᠬᠦ᠌ ᠵᠡᠷᠭᠡ ᠵᠠᠩᠭᠢᠯᠠᠭ᠎ᠠ᠎ᠶ᠋ᠢᠨ ᠬᠦᠷᠢᠶ᠎ᠡ ᠴᠠᠷᠠᠭ᠎ᠠ᠎ᠶ᠋ᠢᠨ ᠲᠣᠭᠤᠷᠢᠨ᠎ᠳᠤ᠂ ᠲᠤᠰᠭᠠᠶ ᠠᠱᠢᠭ᠎ᠤᠨ ᠵᠠᠮᠴᠢᠯᠠᠬᠤ ᠲᠥᠷᠥᠯ ᠵᠦᠢᠯ᠎ᠢ ᠬᠡᠷᠡᠭ᠌ᠵᠢᠭᠦᠯᠵᠦ᠍᠂ ᠱᠢᠨ᠎ᠡ ᠡᠨᠧᠷᠭᠢ᠂ ᠱᠢᠨ᠎ᠡ ᠮᠠᠲ᠋ᠧᠷᠢᠶᠠᠯ᠂ ᠳᠡᠭᠡᠳᠦ ᠲᠠᠰ᠎ᠤᠨ ᠲᠣᠨᠤᠭ ᠲᠥᠬᠦᠭᠡᠷᠦᠮᠵᠢ᠎ᠶᠢᠨ ᠦᠢ᠍ᠯᠡᠳᠪᠦᠷᠢᠯᠡᠯ ᠵᠡᠷᠭᠡ ᠠᠵᠤ ᠦᠢᠯᠡᠰ᠎ᠤᠨ ᠲᠥᠷᠥ᠎ᠶ᠋ᠢᠨ ᠪᠣᠳᠣᠯᠭ᠎ᠠ᠎ᠶᠢᠨ ᠲᠤᠭᠲᠠᠭ᠋ᠠᠯᠲᠠ᠂ ᠰᠤᠳᠤᠯᠤᠨ ᠨᠡᠭᠡᠭᠡᠬᠦ᠌ ᠲᠥᠯᠥᠪᠵᠢᠭᠦᠯᠭᠡ᠎ᠳᠤ ᠱᠢᠨᠵᠢᠯᠡᠬᠦ᠌ ᠤᠬᠠᠭᠠᠨᠴᠢ ᠦᠨᠳᠦᠰᠦᠯᠡᠯ ᠬᠠᠩᠭ᠋ᠠᠪᠠ᠃ ᠤᠯᠤᠰ᠎ᠤᠨ ᠰᠦ᠎ᠶ᠋ᠢᠨ ᠦᠢᠯᠡᠰ᠎ᠤᠨ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠲᠥᠪ᠎ᠲᠤ ᠵᠠᠬᠢᠶᠠᠯᠠᠭ᠎ᠠ᠎ᠶᠢᠨ ᠵᠠᠮᠴᠢᠯᠠᠬᠤ ᠦᠢᠯᠡᠴᠢᠯᠡᠭᠡ ᠬᠠᠩᠭᠠᠵᠤ᠂ 《ᠲᠤᠰᠭᠠᠶ ᠦᠢᠯᠡᠴᠢᠯᠡᠭᠡᠨ᠎ᠤ ᠳᠤᠭᠤᠢᠯᠠᠩ》 ᠵᠣᠬᠢᠶᠠᠨ ᠪᠠᠢᠭᠤᠯᠵᠤ᠂ ᠪᠥᠬᠦ᠌ ᠪᠥᠮᠪᠥᠷᠴᠡᠭ᠎ᠤᠨ ᠮᠡᠷᠭᠡᠵᠢᠯ᠎ᠤᠨ ᠵᠢᠷᠤᠭ᠎ᠤᠨ ᠵᠢᠭ᠍ᠰᠠᠯ᠎ᠤᠨ ᠵᠠᠳᠠᠯᠤᠯᠲᠠ᠎ᠳᠤ ᠲᠦᠱᠢᠭ᠌ᠯᠡᠨ ᠨᠠᠷᠢᠯᠢᠭ ᠤᠨᠤᠪᠴᠢᠲᠠᠢ ᠰᠤᠳᠤᠯᠤᠨ ᠨᠡᠭᠡᠭᠡᠬᠦ᠌ ᠵᠢᠯᠤᠭᠤᠳᠣᠮᠵᠢ ᠬᠠᠩᠭᠠᠵᠤ᠂ ᠪᠥᠬᠦ᠌ ᠪᠥᠮᠪᠥᠷᠴᠡᠭ᠎ᠤᠨ 1300 ᠭᠠᠷᠤᠶ ᠵᠦᠢᠯ᠎ᠤᠨ ᠴᠠᠭᠠᠨ ᠢᠳᠡᠭᠡᠨ᠎ᠤ ᠬᠠᠮᠢᠶ᠎ᠠ ᠪᠥᠬᠦᠶ ᠲᠤᠰᠭᠠᠶ ᠠᠱᠢᠭ᠎ᠤᠨ ᠳᠣᠲᠣᠷ᠎ᠠ᠎ᠠᠴᠠ ᠰᠤᠳᠤᠯᠭᠠᠨ᠎ᠤ ᠦᠨ᠎ᠡ ᠥᠷᠲᠡᠭ᠎ᠲᠠᠢ ᠮᠡᠷᠭᠡᠵᠢᠯ᠎ᠤᠨ ᠬᠤᠭᠤᠰᠣᠨ ᠴᠡᠭ᠎ᠢ 5 ᠬᠤᠪᠢ ᠢᠯᠭᠠᠨ ᠲᠠᠨᠢᠪᠠ᠃ ᠺᠧ ᠲᠦᠸᠧ ᠠᠮᠢᠳᠤ ᠪᠣᠳᠠᠰ᠎ᠤᠨ ᠨᠢᠭᠡᠨᠲᠡ ᠠᠱᠢᠭ᠍ᠲᠠᠢ ᠪᠠᠺᠲ᠋ᠧᠷᠢ᠎ᠶ᠋ᠢᠨ ᠲᠤᠰᠭᠠᠢ ᠠᠱᠢᠭ᠎ᠲᠤ ᠭᠦᠨᠵᠡᠭᠡᠢ ᠵᠠᠳᠠᠯᠤᠯᠲᠠ ᠬᠢᠵᠦ᠍᠂ ᠲᠡᠭᠦᠨ᠎ᠤ ᠭᠤᠣᠯᠯᠠᠭ᠍ᠴᠢ ᠥᠷᠢᠰᠥᠯᠳᠦᠭᠡᠨ᠎ᠤ ᠳᠠᠪᠠᠭᠤᠯᠢᠭ᠎ᠲᠠᠢ ᠳᠠᠪᠠᠭᠤᠯᠢᠭ ᠪᠠᠺᠲ᠋ᠧᠷᠢ᠎ᠶ᠋ᠢᠨ ᠰᠠᠭᠤᠷᠢ᠎ᠶ᠋ᠢ ᠲᠣᠳᠣᠷᠬᠠᠢᠯᠠᠵᠤ᠂ ᠠᠵᠤ ᠠᠬᠤᠢᠯᠠᠯ᠎ᠤᠨ ᠭᠤᠣᠯᠯᠠᠭ᠍ᠴᠢ ᠱᠢᠨ᠎ᠡ᠎ᠶ᠋ᠢ ᠡᠭᠦᠳᠬᠦ᠌ ᠡᠳ᠋ ᠬᠦᠷᠦᠩᠭᠡ᠎ᠶ᠋ᠢ ᠱᠢᠰᠲ᠋ᠧᠮ᠎ᠲᠠᠢ ᠡᠮᠬᠢᠯᠡᠵᠦ᠍᠂ ᠠᠵᠤ ᠠᠬᠤᠢᠯᠠᠯ᠎ᠤᠨ ᠪᠠᠢᠯᠳᠤᠬᠤ ᠪᠤᠳᠤᠯᠭ᠎ᠠ᠎ᠶ᠋ᠢᠨ ᠪᠠᠢᠷᠢᠱᠢᠭᠤᠯᠤᠯᠲᠠ ᠪᠣᠯᠤᠨ ᠦᠷ᠎ᠡ ᠪᠦᠲᠦᠭᠡᠯ᠎ᠤᠨ ᠬᠤᠪᠢᠷᠠᠭᠤᠯᠤᠯᠲᠠ᠎ᠳᠤ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠲᠤᠯᠭᠠᠭᠤᠷᠢᠯᠠᠯ ᠬᠠᠩᠭ᠋ᠠᠨ᠎ᠠ᠃

 

ᠢᠷᠡᠯᠲᠡ᠄ ᠮᠡᠳᠡᠯᠭᠡ᠎ᠶᠢᠨ ᠦᠮᠴᠢᠯᠡᠯ᠎ᠦᠨ ᠡᠷᠬᠡ᠎ᠶᠢᠨ ᠬᠠᠮᠠᠭ᠋ᠠᠯᠠᠯᠲᠠ᠎ᠶᠢᠨ ᠲᠦᠪ