ᠠᠷᠠᠳ᠎ᠤ᠋ᠨ ᠪᠡᠯᠡ ᠣᠷᠣᠭᠤᠯᠤᠯᠲᠠ᠎ᠶᠢᠨ ᠬᠥᠭ᠌ᠵᠢᠯᠲᠡ᠎ᠶᠢ ᠠᠬᠢᠭᠤᠯᠬᠤ᠎ᠳ᠋ᠤ ᠠᠩᠬᠠᠷᠤᠯ ᠎ᠢᠶᠠᠨ ᠬᠠᠨᠳᠣᠭᠣᠯᠵᠦ᠍ ᠲᠥᠷᠥ᠎ᠶᠢᠨ ᠶᠠᠪᠤᠳᠠᠯ᠎ᠤ᠋ᠨ ᠬᠣᠷᠢᠶ᠎ᠠ ᠴᠢᠬᠤᠯᠠ ᠪᠠᠢᠷᠢᠯᠠᠭᠤᠯᠤᠯᠲᠠ ᠬᠢᠪᠡ
2025-09-25

ᠠᠷᠠᠳ᠎ᠤᠨ ᠪᠡᠯᠡ ᠣᠷᠣᠭᠤᠯᠤᠯᠲᠠ᠎ᠨᠢ ᠠᠵᠢᠯ ᠣᠯᠭᠤᠯᠲᠠ᠎ᠶ᠋ᠢ ᠲᠣᠭ᠍ᠲᠠᠪᠤᠷᠢᠵᠢᠭᠤᠯᠵᠤ ᠠᠵᠤ ᠠᠬᠤᠶ᠎ᠶ᠋ᠢ ᠲᠣᠭ᠍ᠲᠠᠪᠤᠷᠢᠵᠢᠭᠤᠯᠬᠤ᠎ᠳᠤ ᠴᠢᠬᠤᠯᠠ ᠦᠢᠯᠡᠳᠦᠯ᠎ᠲᠠᠢ ᠶᠤᠮ᠃ 12 ᠎ᠤ ᠡᠳᠦᠷ ᠬᠤᠷᠠᠯᠳᠤᠭ᠍ᠰᠠᠨ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠪᠠᠢᠩᠭᠤ᠎ᠶ᠋ᠢᠨ ᠬᠤᠷᠠᠯ ᠨᠢ ᠠᠷᠠᠳ᠎ᠤᠨ ᠪᠡᠯᠡ ᠣᠷᠣᠭᠤᠯᠤᠯᠲᠠ᠎ᠶ᠋ᠢᠨ ᠬᠦᠭ᠌ᠵᠢᠯᠲᠡ ᠶ᠋ᠢ ᠴᠢᠨᠠᠭ᠍ᠰᠢᠳᠠ ᠠᠬᠢᠭᠤᠯᠬᠤ ᠠᠷᠭ᠎ᠠ ᠬᠡᠮᠵᠢᠶ᠎ᠡ᠎ᠨᠦᠭᠦᠳ᠎ᠢ ᠪᠠᠢᠷᠢᠯᠠᠭᠤᠯᠪᠠ᠃

ᠠᠷᠠᠳ᠎ᠤᠨ ᠪᠡᠯᠡ ᠣᠷᠣᠭᠤᠯᠤᠯᠲᠠ ᠪᠣᠯ ᠨᠡᠮᠡᠭ᠌ᠳᠡᠯ᠎ᠢ ᠲᠣᠭ᠍ᠲᠠᠪᠤᠷᠢᠵᠢᠭᠤᠯᠬᠤ᠂ ᠪᠦᠲᠦᠴᠡ᠎ᠶ᠋ᠢ ᠲᠣᠬᠢᠷᠠᠭᠤᠯᠬᠤ᠂ ᠠᠵᠢᠯ ᠣᠯᠭᠣᠯᠲᠠ᠎ᠶ᠋ᠢ ᠠᠬᠢᠭᠤᠯᠬᠤ ᠴᠢᠬᠤᠯᠠ ᠲᠤᠯᠭᠠᠭᠤᠷᠢᠯᠠᠬᠤ ᠬᠦᠴᠦᠨ ᠮᠥᠨ᠃ ᠡᠨᠡ ᠵᠢᠯ᠎ᠦ᠋ᠨ ᠲᠦᠷᠦᠭᠦᠦ 7 ᠰᠠᠷ᠎ᠠ᠎ᠳ᠋ᠤ ᠂ ᠮᠠᠨ᠎ᠤ᠋ ᠤᠯᠤᠰ᠎ᠤ᠋ᠨ ᠠᠷᠠᠳ᠎ᠤ᠋ᠨ ᠲᠥᠷᠥᠯ ᠵᠦᠢᠯ᠎ᠦ᠋ᠨ ᠪᠡᠯᠡ ᠣᠷᠣᠭᠤᠯᠤᠯᠲᠠ (ᠭᠡᠷ ᠪᠠᠢᠱᠢᠩ ᠭᠠᠵᠠᠷ ᠬᠥᠷᠥᠩᠭᠡ᠎ᠶᠢᠨ ᠨᠡᠭᠡᠭᠡᠯᠲᠡ᠎ᠶᠢᠨ ᠠᠷᠠᠳ᠎ᠤ᠋ᠨ ᠪᠡᠯᠡ ᠣᠷᠣᠭᠤᠯᠤᠯᠲᠠ᠎ᠶᠢ ᠬᠠᠰᠤᠪᠠ) ᠠᠳᠠᠯᠢ ᠬᠤᠭᠤᠴᠠᠭᠠᠨ᠎ᠠ᠋ᠴᠠ 3.9 ᠪᠠᠷ ᠨᠡᠮᠡᠭ᠌ᠳᠡᠵᠡᠢ᠃ ᠠᠵᠢᠯ ᠲᠥᠷᠥᠯ᠎ᠢᠶᠠᠷ ᠬᠤᠪᠢᠶᠠᠵᠤ ᠦᠵᠡᠪᠡᠯ᠂ ᠣᠷᠣᠨ ᠰᠠᠭᠤᠴᠠ ᠪᠠ ᠢᠳᠡᠭᠡᠨ ᠤᠮᠳᠠᠭᠠᠨ᠎ᠤ ᠦᠢᠯᠡᠰ᠎ᠤᠨ ᠠᠷᠠᠳ᠎ᠤᠨ ᠳᠤᠮᠳᠠᠬᠢ ᠪᠡᠯᠡ ᠣᠷᠣᠭᠤᠯᠤᠯᠲᠠ 19.6% ᠎ᠪᠠᠷ ᠨᠡᠮᠡᠭ᠌ᠳᠡᠵᠦ᠍᠂ ᠰᠠᠭᠤᠷᠢ ᠪᠡᠯᠡᠳᠭᠡᠮᠵᠢ᠎ᠶ᠋ᠢᠨ ᠠᠷᠠᠳ᠎ᠤᠨ ᠪᠡᠯᠡ ᠣᠷᠣᠭᠤᠯᠤᠯᠲᠠ 8.8% ᠎ᠪᠠᠷ ᠨᠡᠮᠡᠭ᠌ᠳᠡᠵᠦ᠍᠂ ᠰᠣᠶᠣᠯ᠂ ᠪᠡᠶ᠎ᠡ᠎ᠶ᠋ᠢᠨ ᠲᠠᠮᠢᠷ ᠪᠠ ᠵᠤᠭ᠎ᠠ ᠴᠡᠩᠭᠡᠯ᠎ᠤᠨ ᠦᠢᠯᠡᠰ᠎ᠤᠨ ᠠᠷᠠᠳ᠎ᠤᠨ ᠪᠡᠯᠡ ᠣᠷᠣᠭᠤᠯᠤᠯᠲᠠ 8.1% ᠎ᠪᠠᠷ ᠨᠡᠮᠡᠭ᠌ᠳᠡᠵᠦ᠍᠂ ᠦᠢᠯᠡᠳᠬᠦ᠌ ᠦᠢᠯᠡᠰ᠎ᠤᠨ ᠠᠷᠠᠳ᠎ᠤᠨ ᠪᠡᠯᠡ ᠣᠷᠣᠭᠤᠯᠤᠯᠲᠠ 5% ᠎ᠪᠠᠷ ᠨᠡᠮᠡᠭ᠌ᠳᠡᠪᠡ᠃

ᠠᠷᠠᠳ᠎ᠤᠨ ᠪᠡᠯᠡ ᠣᠷᠣᠭᠤᠯᠤᠯᠲᠠ᠎ᠶ᠋ᠢᠨ ᠣᠷᠣᠨ ᠵᠠᠢ᠎ᠶ᠋ᠢ ᠥᠷᠭᠡᠳᠭᠡᠵᠦ᠍᠂ ᠠᠷᠠᠳ᠎ᠤᠨ ᠬᠦᠷᠦᠩᠭᠡ᠎ᠶ᠋ᠢᠨ ᠱᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠂ ᠱᠢᠨ᠎ᠡ᠎ᠪᠠᠷ ᠮᠠᠨᠳᠤᠭ᠍ᠰᠠᠨ ᠦᠢᠯᠡᠴᠢᠯᠡᠭᠡᠨ᠎ᠤ ᠦᠢᠯᠡᠰ᠂ ᠱᠢᠨ᠎ᠡ ᠬᠡᠯᠪᠡᠷᠢ᠎ᠶ᠋ᠢᠨ ᠰᠠᠭᠤᠷᠢ ᠲᠥᠬᠦᠭᠡᠷᠦᠮᠵᠢ ᠵᠡᠷᠭᠡ ᠬᠦᠷᠢᠶᠡᠨ᠎ᠤ ᠪᠡᠯᠡ ᠣᠷᠣᠭᠤᠯᠤᠯᠲᠠ᠎ᠪᠠᠨ ᠨᠡᠮᠡᠭ᠌ᠳᠡᠭᠦᠯᠬᠦ᠌᠎ᠶ᠋ᠢ ᠳᠡᠮᠵᠢᠬᠦ᠌ ᠬᠡᠷᠡᠭ᠌ᠲᠡᠢ; ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠌ ᠬᠦᠷᠢᠶᠡᠨ᠎ᠦ ᠬᠠᠮᠢᠶ᠎ᠠ ᠪᠦᠬᠦᠢ ᠳᠦᠷᠢᠮ ᠲᠣᠭ᠍ᠲᠠᠭᠠᠯ ᠎ᠢ ᠴᠢᠩᠭ᠎ᠠ ᠨᠠᠢᠳᠠᠪᠤᠷᠢᠵᠢᠭᠤᠯᠵᠤ ᠂ ᠳᠤᠮᠳᠠ ᠪᠠᠭ᠎ᠠ ᠠᠵᠤ ᠠᠬᠤᠢᠯᠠᠯ᠎ᠤᠨ ᠵᠠᠰᠠᠭ᠎ᠤᠨ ᠣᠷᠳᠣᠨ ᠬᠤᠳᠠᠯᠳᠤᠨ ᠠᠪᠬᠤ ᠠᠵᠢᠯ᠎ᠳᠤ ᠬᠤᠪᠢ᠎ᠶ᠋ᠢᠨ ᠲᠣᠭ᠎ᠠ ᠦᠯᠡᠳᠡᠭᠡᠬᠦ᠌᠎ᠶ᠋ᠢ ᠪᠠᠲᠤᠯᠠᠵᠤ ᠂ ᠲᠥᠪ᠎ᠦᠨ ᠲᠥᠰᠦᠪ᠎ᠦᠨ ᠳᠣᠲᠣᠷᠠᠬᠢ ᠪᠡᠯᠡ ᠣᠷᠣᠭᠤᠯᠤᠯᠲᠠ ᠵᠡᠷᠭᠡ ᠠᠷᠠᠳ᠎ᠤᠨ ᠳᠤᠮᠳᠠᠬᠢ ᠪᠡᠯᠡ ᠣᠷᠣᠭᠤᠯᠤᠯᠲᠠ᠎ᠶ᠋ᠢᠨ ᠲᠥᠷᠥᠯ ᠵᠦᠢᠯ᠎ᠳᠦ ᠦᠵᠡᠭᠦᠯᠬᠦ᠌ ᠳᠡᠮᠵᠢᠯᠭᠡ᠎ᠶ᠋ᠢᠨ ᠡᠷᠴᠢᠮ᠎ᠢᠶᠡᠨ ᠴᠢᠩᠭᠠᠷᠠᠭᠤᠯᠬᠤ ᠬᠡᠷᠡᠭ᠌ᠲᠡᠶ ᠁ ᠬᠤᠷᠠᠯ᠎ᠡᠴᠡ ᠪᠤᠲᠠᠲᠤ ᠠᠵᠢᠯᠯᠠᠭ᠎ᠠ᠎ᠶ᠋ᠢ ᠡᠷᠭᠢᠮᠯᠡᠭ᠌ᠰᠡᠨ ᠠᠯᠢ ᠤᠯᠠᠨ ᠠᠷᠭ᠎ᠠ ᠬᠡᠮᠵᠢᠶ᠎ᠠ᠎ᠶ᠋ᠢ ᠪᠠᠢᠷᠢᠯᠠᠭᠤᠯᠵᠤ ᠂ ᠠᠷᠠᠳ᠎ᠤᠨ ᠪᠠᠯᠠ ᠤᠷᠤᠭᠤᠯᠤᠯᠲᠠ᠎ᠶ᠋ᠢᠨ ᠬᠦᠭ᠌ᠵᠢᠯᠲᠡ᠎ᠶ᠋ᠢ ᠠᠭᠢᠭᠤᠯᠬᠤ ᠨᠡᠩ ᠶᠡᠭᠡ ᠡᠷᠴᠢᠮ᠎ᠲᠠᠢ ᠢᠲᠡᠪᠭᠢᠲᠡᠢ ᠲᠤᠬᠢᠶ᠎ᠠ ᠲᠠᠯᠪᠢᠪᠠ ᠃

ᠵᠠᠬ᠎ᠠ ᠳᠡᠯᠭᠡᠭᠦᠷ᠎ᠲᠤ ᠵᠥᠪᠱᠢᠶᠡᠷᠡᠨ ᠣᠷᠣᠭᠤᠯᠬᠤ ᠪᠣᠯ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢᠨ ᠠᠵᠤ ᠠᠬᠤᠶ᠎ᠶ᠋ᠢᠨ ᠠᠵᠢᠯᠯᠠᠭ᠎ᠠ᠎ᠳᠤ ᠣᠷᠣᠯᠴᠠᠬᠤ᠎ᠶ᠋ᠢᠨ ᠤᠷᠢᠲᠠᠯ ᠮᠥᠨ᠂ ᠭᠤᠣᠯᠴᠢ᠎ᠪᠠᠷ ᠥᠷᠢᠰᠥᠯᠳᠦᠬᠦ᠌ ᠪᠣᠯ ᠵᠠᠬ᠎ᠠ ᠳᠡᠯᠭᠡᠭᠦᠷ᠎ᠤᠨ ᠠᠵᠤ ᠠᠬᠤᠶ᠎ᠶ᠋ᠢᠨ ᠦᠨᠳᠦᠰᠦᠨ ᠵᠠᠷᠴᠢᠮ ᠮᠥᠨ᠃ ᠬᠤᠷᠠᠯ᠎ᠠᠴᠠ᠂ ᠡᠷᠬᠡ ᠲᠡᠭ᠌ᠰᠢ᠎ᠪᠠᠷ ᠥᠷᠢᠰᠥᠯᠳᠦᠬᠦ᠌ ᠵᠠᠬ᠎ᠠ ᠳᠡᠯᠭᠡᠭᠦᠷ᠎ᠤᠨ ᠣᠷᠴᠢᠨ ᠨᠥᠬᠦᠴᠡᠯ᠎ᠢ ᠪᠤᠢ ᠪᠣᠯᠭᠠᠵᠤ᠂ ᠠᠷᠠᠳ᠎ᠤᠨ ᠪᠡᠯᠡ ᠣᠷᠣᠭᠤᠯᠤᠯᠲᠠ᠎ᠶ᠋ᠢ ᠬᠢᠵᠠᠭᠠᠷᠯᠠᠬᠤ ᠡᠯ᠎ᠡ ᠵᠦᠢᠯ᠎ᠤᠨ ᠲᠠᠯᠳᠠ ᠪᠠᠬᠢᠯᠡᠯᠲᠡ᠎ᠶ᠋ᠢ ᠡᠪᠳᠡᠵᠦ᠍᠂ ᠱᠢᠨ᠎ᠡ᠎ᠶ᠋ᠢ ᠡᠭᠦᠳᠬᠦ᠌ ᠲᠤᠯᠭᠠᠭᠤᠷᠢᠯᠠᠯ ᠪᠠ ᠪᠡᠯᠡ ᠲᠣᠬᠢᠷᠠᠭᠤᠯᠭ᠎ᠠ᠎ᠶ᠋ᠢᠨ ᠳᠡᠮᠵᠢᠯᠭᠡ᠎ᠶ᠋ᠢ ᠴᠢᠩᠭᠠᠳᠭᠠᠵᠤ᠂ ᠦᠢᠯᠡᠴᠢᠯᠡᠭᠡᠨ᠎ᠤ ᠲᠤᠭ᠍ᠲᠠᠯᠴᠠᠭ᠎ᠠ᠎ᠢ ᠲᠡᠭᠦᠯᠳᠡᠷᠵᠢᠭᠦᠯᠵᠦ᠍᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠢ ᠵᠣᠷᠢᠭ᠍ᠲᠠᠢ᠎ᠪᠠᠷ ᠪᠡᠯᠡ ᠣᠷᠣᠭᠤᠯᠵᠤ᠂ ᠠᠴᠢ ᠬᠠᠷᠢᠭᠤᠯᠠᠯᠲᠠ᠎ᠲᠠᠢ ᠪᠣᠯᠭᠠᠬᠤ ᠬᠡᠷᠡᠭ᠌ᠲᠡᠢ ᠭᠡᠵᠦ᠍ ᠵᠢᠭᠠᠨ ᠭᠠᠷᠭᠠᠪᠠ᠃

《ᠬᠤᠷᠠᠯ᠎ᠤᠨ ᠱᠢᠷᠢᠰ ᠪᠠᠢᠷᠢᠯᠠᠭᠤᠯᠤᠯᠲᠠ᠎ᠨᠢ ᠠᠷᠠᠳ᠎ᠠᠴᠠ ᠡᠵᠡᠩᠨᠡᠭ᠌ᠰᠡᠨ ᠠᠵᠤ ᠠᠬᠤᠢᠯᠠᠯ᠎ᠤᠨ ᠠᠩᠬᠠᠷᠤᠯ᠎ᠳᠤ ᠱᠢᠭᠤᠳ ᠴᠣᠬᠢᠯᠲᠠ ᠥᠭ᠌ᠴᠦ᠂ ᠵᠥᠪᠱᠢᠶᠡᠷᠡᠨ ᠣᠷᠣᠭᠤᠯᠬᠤ᠎ᠶ᠋ᠢ ᠥᠷᠭᠡᠳᠭᠡᠬᠦ᠂ ᠲᠦᠭ᠌ᠵᠢᠷᠡᠯ᠎ᠢ ᠨᠡᠪᠲᠡᠷᠡᠭᠦᠯᠬᠦ᠂ ᠪᠠᠲᠤᠯᠠᠭ᠎ᠠ᠎ᠶ᠋ᠢ ᠴᠢᠩᠭᠠᠷᠠᠭᠤᠯᠬᠤ ᠵᠡᠷᠭᠡ ᠲᠠᠯ᠎ᠠ᠎ᠪᠠᠷ ᠨᠠᠷᠢᠯᠢᠭ ᠣᠨᠣᠪᠴᠢᠲᠠᠢ᠎ᠪᠠᠷ ᠬᠦᠴᠦᠯᠡᠵᠦ᠍᠂ ᠲᠥᠷᠥ᠎ᠶ᠋ᠢᠨ ᠪᠣᠳᠣᠯᠭ᠎ᠠ᠎ᠶ᠋ᠢᠨ 〈ᠬᠠᠮ ᠠᠷᠭ᠎ᠠ〉᠎ᠶ᠋ᠢ ᠭᠠᠷᠭᠠᠵᠤ᠂ ᠠᠷᠠᠳ᠎ᠠᠴᠠ ᠡᠵᠡᠩᠨᠡᠭ᠌ᠰᠡᠨ ᠠᠵᠤ ᠠᠬᠤᠢᠯᠠᠯ᠎ᠤᠨ ᠵᠢᠱ᠌ᠢᠯᠲᠡ᠎ᠶ᠋ᠢ ᠲᠣᠭ᠍ᠲᠠᠭᠤᠨ ᠪᠠᠢᠯᠭᠠᠵᠤ᠂ ᠢᠲᠡᠭᠡᠯ ᠵᠣᠷᠢᠭ᠎ᠢ ᠬᠥᠪᠴᠢᠯᠡᠬᠦ᠌᠎ᠳᠤ ᠬᠦᠴᠦᠨ ᠨᠡᠮᠡᠷᠢᠯᠡᠪᠡ》᠃ ᠤᠯᠤᠰ᠎ᠤᠨ ᠮᠡᠳᠡᠭᠡ ᠵᠠᠩᠭᠢ᠎ᠶ᠋ᠢᠨ ᠲᠥᠪ᠎ᠤᠨ ᠠᠵᠤ ᠠᠬᠤᠢ᠎ᠶ᠋ᠢᠨ ᠵᠢᠱ᠌ᠢᠯᠲᠡ᠎ᠶ᠋ᠢᠨ ᠬᠡᠯᠲᠡᠰ᠎ᠤᠨ ᠰᠤᠳᠤᠯᠤᠭ᠍ᠴᠢ ᠵᠠᠩ ᠱᠢᠶᠤᠤ ᠯᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠬᠤᠷᠠᠯ᠎ᠤᠨ ᠪᠠᠢᠷᠢᠯᠠᠭᠤᠯᠤᠯᠲᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠲᠤᠬᠠᠢ᠎ᠶ᠋ᠢᠨ ᠭᠠᠵᠠᠷ ᠣᠷᠣᠨ᠎ᠤ ᠪᠠᠢᠳᠠᠯ᠎ᠳᠦ᠎ᠪᠡᠨ ᠲᠤᠬᠢᠷᠠᠭᠤᠯᠤᠨ ᠠᠷᠭ᠎ᠠ ᠬᠡᠮᠵᠢᠶ᠎ᠡ᠎ᠪᠠᠨ ᠭᠦᠨᠵᠡᠭᠡᠢᠷᠡᠭᠦᠯᠵᠦ᠍᠂ ᠨᠠᠷᠢᠯᠢᠬ᠍ᠵᠢᠭᠤᠯᠤᠨ ᠪᠣᠳᠠᠲᠠᠢᠵᠢᠭᠤᠯᠵᠤ᠂ ᠲᠦᠷᠦ᠍᠎ᠶ᠋ᠢᠨ ᠪᠤᠳᠤᠯᠭ᠎ᠠ᠎ᠶ᠋ᠢᠨ ᠣᠨᠣᠪᠴᠢ᠎ᠶ᠋ᠢᠨ ᠬᠡᠮᠵᠢᠶ᠎ᠡ ᠪᠣᠯᠤᠨ ᠬᠡᠷᠡᠭ᠌ᠵᠢᠭᠦᠯᠵᠦ᠍ ᠪᠣᠯᠬᠤᠢᠴᠠ ᠴᠢᠨᠠᠷ᠎ᠢ ᠳᠡᠭᠡᠭ᠌ᠰᠢᠯᠡᠭᠦᠯᠵᠦ᠍᠂ ᠨᠠᠢᠳᠠᠪᠤᠷᠢᠵᠢᠭᠤᠯᠤᠯᠲᠠ᠎ᠶ᠋ᠢ ᠱᠠᠳᠤ ᠱᠠᠳᠤ᠎ᠪᠠᠷ ᠰᠠᠢᠲᠤᠷ ᠠᠳᠭᠤᠵᠤ᠂ ᠠᠷᠠᠳ᠎ᠤᠨ ᠪᠡᠯᠡ ᠣᠷᠣᠭᠤᠯᠤᠯᠲᠠ᠎ᠶ᠋ᠢᠨ ᠠᠮᠢᠵᠢᠷᠠᠯ᠎ᠤᠨ ᠬᠦᠴᠦᠨ᠎ᠢ ᠬᠦᠴᠦᠯᠡᠨ ᠬᠥᠭ᠌ᠵᠢᠭᠡᠵᠦ᠍᠂ ᠠᠷᠠᠳ᠎ᠤᠨ ᠪᠡᠯᠡ ᠣᠷᠣᠭᠤᠯᠤᠯᠲᠠ᠎ᠶ᠋ᠢᠨ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠢ ᠭᠡᠵᠦ᠍ ᠢᠯᠡᠳᠭᠡᠪᠡ᠃

ᠤᠯᠤᠰ᠎ᠤᠨ ᠬᠥᠭ᠌ᠵᠢᠭᠦᠯᠦᠯᠲᠡ ᠥᠭᠡᠷᠡᠴᠢᠯᠡᠯᠲᠡ᠎ᠶ᠋ᠢᠨ ᠵᠥᠪᠯᠡᠯ᠎ᠤᠨ ᠰᠣᠨᠢᠨ ᠮᠡᠳᠡᠭᠡᠨ᠎ᠤ ᠥᠭᠦᠯᠡᠭ᠌ᠴᠢ ᠯᠢ ᠴᠤᠤ᠂ ᠤᠯᠤᠰ᠎ᠤᠨ ᠬᠥᠭ᠌ᠵᠢᠭᠦᠯᠦᠯᠲᠡ ᠥᠭᠡᠷᠡᠴᠢᠯᠡᠯᠲᠡ᠎ᠶ᠋ᠢᠨ ᠵᠥᠪᠯᠡᠯ᠎ᠠᠴᠠ ᠬᠤᠯᠪᠣᠭ᠍ᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ᠂ ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠬᠦ᠌ ᠪᠠᠢᠯᠳᠤᠬᠤ ᠪᠣᠳᠣᠯᠭ᠎ᠠ᠎ᠶ᠋ᠢ ᠡᠷᠡᠰ ᠭᠤᠢᠪᠢᠰᠢ ᠦᠭᠡᠢ ᠬᠡᠷᠡᠭ᠌ᠵᠢᠭᠦᠯᠦᠨ᠎ᠡ᠃ ᠭᠤᠤᠯᠳᠠᠯᠭ᠎ᠠ᠎ᠲᠠᠢ ᠬᠦᠷᠢᠶ᠎ᠡ ᠴᠠᠷᠠᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠦᠨ ᠨᠢᠭᠡ ᠪᠦᠯᠦᠭ ᠬᠥᠭ᠌ᠵᠢᠯᠲᠡ᠎ᠶ᠋ᠢᠨ ᠬᠡᠷᠡᠭ᠌ᠴᠡᠭᠡ᠂ ᠣᠷᠣᠨ ᠨᠤᠲᠤᠭ᠎ᠤᠨ ᠴᠢᠳᠠᠪᠤᠷᠢ᠂ ᠣᠯᠠᠨ ᠲᠦᠮᠡᠨ᠎ᠤ ᠬᠦᠰᠡᠵᠦ᠍ ᠪᠠᠢᠭ᠎ᠠ ᠭᠤᠤᠯᠳᠠᠯᠭ᠎ᠠ᠎ᠲᠠᠢ ᠲᠥᠷᠥᠯ ᠵᠦᠢᠯ᠎ᠢ ᠲᠥᠯᠥᠪᠯᠡᠨ ᠨᠥᠭᠡᠴᠡᠯᠡᠨ᠎ᠡ᠃ ᠠᠷᠠᠳ᠎ᠤᠨ ᠪᠡᠯᠡ ᠣᠷᠣᠭᠤᠯᠤᠯᠲᠠ᠎ᠶ᠋ᠢᠨ ᠬᠥᠭ᠌ᠵᠢᠯᠲᠡ᠎ᠶ᠋ᠢ ᠠᠬᠢᠭᠤᠯᠬᠤ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠱᠠᠯᠠᠪᠳᠠᠨ ᠰᠤᠳᠤᠯᠤᠨ ᠨᠡᠢᠲᠡᠯᠡᠵᠦ᠍᠂ ᠠᠷᠠᠳ᠎ᠠᠴᠠ ᠡᠵᠡᠩᠨᠡᠭ᠌ᠰᠡᠨ ᠠᠵᠤ ᠠᠬᠤᠢᠯᠠᠯ᠎ᠤᠨ ᠤᠯᠤᠰ᠎ᠤᠨ ᠴᠢᠬᠤᠯᠠ ᠶᠡᠬᠡ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠳᠤ ᠣᠷᠣᠯᠴᠠᠬᠤ ᠤᠷᠲᠤ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠲᠡᠭᠦᠯᠳᠡᠷᠵᠢᠭᠦᠯᠬᠦ᠌ ᠬᠡᠷᠡᠭ᠌ᠲᠡᠶ ᠭᠡᠵᠦ᠍ ᠢᠯᠡᠳᠭᠡᠪᠡ᠃

 

ᠢᠷᠡᠯᠲᠡ᠄ ᠱᠢᠨᠬᠤᠸᠠ ᠬᠣᠷᠢᠶ᠎ᠠ