ᠪᠦᠬᠦ᠌ ᠤᠯᠤᠰ᠎ᠤᠨ ᠮᠡᠳᠡᠯᠭᠡ᠎ᠶ᠋ᠢᠨ ᠥᠮᠴᠢᠯᠡᠯ᠎ᠤᠨ ᠡᠷᠬᠡ᠎ᠶ᠋ᠢᠨ ᠲᠤᠪᠴᠢᠶ᠎ᠠ᠎ᠶᠢᠨ ᠲᠣᠪᠴᠢᠶᠠᠨ ᠳᠠᠷᠤᠭ᠎ᠠ᠎ᠶᠢᠨ ᠬᠤᠷᠠᠯ᠎ᠢ ᠪᠡᠭᠡᠵᠢᠩ᠎ᠳᠤ ᠬᠤᠷᠤᠯᠳᠤᠭᠤᠯᠪᠠ
2026-01-12

 

1 ᠎ᠳᠦᠭᠡᠷ ᠰᠠᠷ᠎ᠠ᠎ᠶ᠋ᠢᠨ 7᠎ᠤ ᠡᠳᠦᠷ᠂ ᠪᠦᠬᠦ᠌ ᠤᠯᠤᠰ᠎ᠤᠨ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠲᠣᠪᠴᠢᠶᠠᠨ ᠳᠠᠷᠤᠭ᠎ᠠ᠎ᠶᠢᠨ ᠬᠤᠷᠠᠯ᠎ᠢ ᠪᠡᠭᠡᠵᠢᠩ᠎ᠳᠦ ᠬᠤᠷᠤᠯᠳᠤᠭᠤᠯᠪᠠ᠃ ᠬᠤᠷᠠᠯ᠎ᠨᠢ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠨᠠᠮ᠎ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭ᠎ᠠ᠎ᠶᠢᠨ ᠤᠳᠠᠭ᠎ᠠ ᠪᠦᠷᠢ᠎ᠶ᠋ᠢᠨ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠲᠥᠪ᠎ᠤᠨ ᠠᠵᠤ ᠠᠬᠤᠢ᠎ᠶ᠋ᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠤᠷᠢᠶ᠎ᠠ᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ᠎ᠶᠢᠨ ᠱᠢᠢᠳᠪᠦᠷᠢᠲᠦ ᠪᠤᠳᠤᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠵᠤ᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ᠎ᠶᠢᠨ ᠤᠳᠤᠷᠢᠳᠭᠤ ᠨᠥᠬᠦᠳ᠎ᠤᠨ ᠴᠣᠬᠤᠯᠠᠪᠤᠷᠢ᠎ᠶ᠋ᠢᠨ ᠱᠠᠭᠠᠷᠳᠠᠯᠭ᠎ᠠ᠎ᠶ᠋ᠢ ᠳᠠᠮᠵᠢᠭᠤᠯᠤᠨ ᠰᠣᠷᠣᠯᠴᠡᠨ ᠲᠣᠭᠣᠰᠢᠯᠠᠭᠤᠯᠵᠦ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠣᠭᠣᠴᠠᠭ᠎ᠠ᠎ᠶᠢᠨ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠦᠢᠯᠡᠰ᠎ᠤᠨ ᠬᠥᠭ᠌ᠵᠢᠯᠲᠡ᠎ᠶ᠋ᠢᠨ ᠠᠮᠵᠢᠯᠲᠠ ᠪᠦᠲᠦᠮᠵᠢ ᠪᠠ 2025 ᠣᠨ᠎ᠤ ᠭᠤᠣᠯ ᠠᠵᠢᠯ᠎ᠤᠨ ᠠᠬᠢᠴᠠ᠎ᠶ᠋ᠢ ᠱᠢᠰᠲ᠋ᠧᠮ᠎ᠲᠠᠢ ᠳ᠋ᠦᠩᠨᠡᠵᠦ᠍᠂ ᠣᠳᠣᠬᠠᠨ᠎ᠤ ᠪᠠᠢᠳᠠᠯ᠎ᠢ ᠵᠠᠳᠠᠯᠵᠤ᠂ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠶᠡᠷᠦᠩᠬᠡᠢ ᠠᠵᠢᠯ᠎ᠤᠨ ᠰᠡᠳᠭᠢᠴᠡ᠎ᠶ᠋ᠢ ᠲᠣᠳᠣᠷᠬᠠᠢᠯᠠᠵᠤ᠂ 2026 ᠣᠨ᠎ᠤ ᠭᠤᠣᠯᠳᠠᠯᠭ᠎ᠠ᠎ᠲᠠᠢ ᠡᠭᠦᠷᠭᠡ᠎ᠶ᠋ᠢ ᠪᠠᠢ᠌ᠷᠢᠯᠠᠭᠤᠯᠤᠨ᠂ ᠬᠠᠷᠠᠯᠲᠠ᠎ᠪᠠᠨ ᠲᠣᠭ᠍ᠲᠠᠭᠠᠵᠤ᠂ ᠦᠷᠭᠦᠯᠵᠢᠯᠡᠨ ᠲᠡᠮᠡᠴᠡᠵᠦ᠂ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ᠎ᠶ᠋ᠢᠨ ᠱᠢᠨ᠎ᠡ ᠱᠠᠳᠤ ᠦᠶ᠎ᠡ᠎ᠶ᠋ᠢ ᠴᠢᠨᠠᠷ ᠰᠠᠢᠲᠠᠢ ᠡᠬᠢᠯᠡᠭᠦᠯᠪᠡ᠃ ᠤᠯᠤᠰ᠎ᠤᠨ ᠮᠡᠳᠡᠯᠭᠡ᠎ᠶ᠋ᠢᠨ ᠥᠮᠴᠢᠯᠡᠯ᠎ᠤᠨ ᠡᠷᠬᠡ᠎ᠶ᠋ᠢᠨ ᠲᠤᠪᠴᠢᠶ᠎ᠠ᠎ᠶᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠱᠧᠨ ᠴᠠᠩ ᠢᠦᠶ ᠠᠵᠢᠯ᠎ᠤᠨ ᠮᠡᠳᠡᠭᠦᠯᠦᠯᠲᠡ ᠬᠢᠪᠠ᠃

ᠬᠤᠷᠠᠯ᠎ᠳᠤ ᠣᠷᠣᠯᠴᠠᠭ᠍ᠰᠠᠳ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ᠎ᠶᠢᠨ ᠤᠳᠤᠷᠢᠳᠭᠤ ᠨᠥᠬᠦᠳ᠎ᠤᠨ ᠴᠣᠬᠤᠯᠠᠪᠤᠷᠢ᠎ᠨᠢ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶᠢᠨ ᠦᠢᠯᠡᠰ᠎ᠤᠨ ᠬᠥᠭ᠌ᠵᠢᠯᠲᠡ᠎ᠳᠦ ᠣᠯᠤᠭ᠍ᠰᠠᠨ ᠠᠮᠵᠢᠯᠲᠠ ᠪᠦᠲᠦᠮᠵᠢ᠎ᠶ᠋ᠢ ᠭᠦᠢᠴᠡᠳ ᠨᠤᠲᠠᠯᠠᠵᠤ᠂ ᠱᠢᠨ᠎ᠡ ᠨᠢᠭᠡ ᠵᠢᠯ᠎ᠤᠨ ᠠᠵᠢᠯ᠎ᠢ ᠰᠠᠢᠲᠤᠷ ᠬᠢᠬᠦ᠌ ᠲᠤᠬᠠᠶ ᠲᠣᠳᠣᠷᠬᠠᠶ ᠱᠠᠭᠠᠷᠳᠠᠯᠭ᠎ᠠ ᠳᠣᠷᠠᠳᠴᠦ᠂ ᠡᠷᠬᠢᠮ ᠨᠠᠨᠳᠢᠨ ᠬᠦᠰᠡᠯ ᠡᠷᠡᠮᠡᠯᠵᠡᠯ ᠨᠡᠢ᠌ᠳᠡᠵᠦ᠂ ᠮᠠᠰᠢ ᠴᠢᠩᠭ᠎ᠠ ᠬᠠᠨᠳᠤᠯᠭᠠᠲᠤ ᠴᠢᠨᠠᠷ ᠪᠠ ᠵᠢᠯᠤᠭᠤᠳᠤᠯᠭ᠎ᠠ᠎ᠶᠢᠨ ᠴᠢᠨᠠᠷ᠎ᠲᠠᠢ ᠪᠠᠢᠵᠤ᠂ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠪᠠᠢᠬᠤ ᠪᠠ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠱᠢᠰᠲ᠋ᠧᠮ᠎ᠤᠨ ᠺᠠᠳ᠋ᠷ ᠠᠵᠢᠯᠲᠠᠨ ᠠᠵᠢᠯᠴᠢᠨ᠎ᠢ ᠳᠣᠲᠣᠨᠣ᠎ᠪᠠᠷ ᠬᠠᠯᠠᠮᠵᠢᠯᠠᠵᠤ ᠪᠠᠢ᠌ᠬᠤ᠎ᠶᠢ ᠭᠦᠢ᠍ᠴᠡᠳ ᠬᠠᠷᠠᠭᠤᠯᠵᠦ᠂ ᠪᠥᠬᠦ᠌ ᠤᠯᠤᠰ᠎ᠤᠨ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠱᠢᠰᠲ᠋ᠧᠮ᠎ᠢ ᠶᠡᠬᠡᠳᠡ ᠵᠤᠷᠢᠭᠵᠢᠭᠤᠯᠤᠨ ᠲᠤᠢᠯ᠎ᠢᠶᠠᠷ ᠤᠷᠮᠠᠰᠢᠭᠤᠯᠵᠦ᠂ ᠨᠠᠷᠢᠨ ᠬᠢᠨᠠᠮᠠᠭᠠᠶ ᠰᠤᠷᠤᠯᠴᠠᠨ ᠣᠢ᠌ᠯᠠᠭ᠋ᠠᠵᠦ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠰᠠᠢᠲᠤᠷ ᠠᠳᠭᠤᠵᠤ᠂ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠬᠦᠴᠦᠷᠬᠡᠭ ᠤᠯᠤᠰ᠎ᠢ ᠪᠥᠲᠥᠭᠡᠨ ᠪᠠᠢ᠌ᠭᠤᠯᠬᠤ ᠱᠢᠨ᠎ᠡ ᠪᠠᠢᠳᠠᠯ᠎ᠢ ᠴᠢᠷᠮᠠᠢᠨ ᠡᠭᠦᠳᠬᠦ᠌ ᠬᠡᠷᠡᠭ᠌ᠲᠡᠶ᠃

ᠬᠤᠷᠠᠯ᠎ᠠᠴᠠ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭᠠᠨ᠎ᠳᠤ᠂ ᠰᠢ᠎ᠶ᠋ᠢᠨ ᠫᠢᠩ ᠨᠥᠬᠦᠷ᠎ᠢᠶᠠᠷ ᠭᠤᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ᠎ᠡᠴᠡ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠠᠵᠢᠯ᠎ᠢ ᠨᠡᠩ ᠲᠤᠪᠤᠢᠮ᠎ᠠ ᠪᠠᠢᠷᠢᠨ᠎ᠳᠤ ᠲᠠᠯᠪᠢᠵᠤ᠂ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠬᠦᠴᠦᠷᠬᠡᠭ ᠤᠯᠤᠰ᠎ᠢ ᠪᠦᠲᠦᠭᠡᠨ ᠪᠠᠢ᠌ᠭᠤᠯᠬᠤ ᠬᠥᠲᠥᠯᠪᠦᠷᠢ ᠪᠠ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ᠎ᠶ᠋ᠢ ᠪᠠᠢᠷᠢᠯᠠᠭᠤᠯᠤᠨ ᠲᠣᠭ᠍ᠲᠠᠭᠠᠵᠤ᠂ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠬᠦᠴᠦᠷᠬᠡᠭ ᠤᠯᠤᠰ᠎ᠢ ᠪᠦᠲᠦᠭᠡᠨ ᠪᠠᠢ᠌ᠭᠤᠯᠬᠤ ᠲᠡᠦᠬᠡ᠎ᠶ᠋ᠢᠨ ᠱᠢᠨ᠎ᠡ ᠬᠠᠭᠤᠳᠠᠰᠤ᠎ᠶ᠋ᠢ ᠨᠡᠬᠡᠬᠡᠪᠡ᠃ ᠲᠠᠪᠤᠨ ᠵᠢᠯ᠎ᠤᠨ ᠲᠤᠷᠰᠢ᠂ ᠪᠦᠬᠦ᠌ ᠤᠯᠤᠰ᠎ᠤᠨ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠱᠢᠰᠲ᠋ᠧᠮ ᠨᠢ ᠶᠡᠷᠦᠩᠬᠡᠶ ᠱᠦᠵᠢ ᠰᠢ᠎ᠶ᠋ᠢᠨ ᠫᠢᠩ᠎ᠤᠨ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠠᠵᠢᠯ᠎ᠤᠨ ᠲᠤᠬᠠᠶ ᠴᠢᠬᠤᠯᠠ ᠵᠢᠭᠠᠪᠤᠷᠢ᠎ᠶ᠋ᠢᠨ ᠥᠭᠦᠯᠡᠯᠲᠡ ᠪᠠ ᠨᠠᠮ᠎ᠤᠨ ᠲᠥᠪ ᠬᠤᠷᠢᠶ᠎ᠠ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ᠎ᠶᠢᠨ ᠱᠢᠢᠳᠪᠦᠷᠢᠲᠦ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠬᠦᠴᠦᠷᠬᠡᠭ ᠤᠯᠤᠰ᠎ᠢ ᠪᠦᠲᠦᠭᠡᠨ ᠪᠠᠢ᠌ᠭᠤᠯᠬᠤ ᠬᠥᠲᠥᠯᠪᠦᠷᠢ᠎ᠶ᠋ᠢᠨ ᠨᠢᠭᠡᠳᠦᠭᠡᠷ ᠱᠠᠲᠤᠨ᠎ᠤ ᠬᠠᠷᠠᠯᠲᠠ ᠪᠠ 《ᠠᠷᠪᠠᠨ ᠳᠥᠷᠪᠡᠳᠦᠭᠡᠷ ᠲᠠᠪᠤᠨ ᠵᠢᠯ》᠎ᠦᠨ ᠲᠥᠯᠥᠪᠵᠢᠭᠦᠯᠭᠡ᠎ᠳᠤ ᠲᠣᠭ᠍ᠲᠠᠭᠠᠭ᠍ᠰᠠᠨ ᠡᠯ᠎ᠡ ᠵᠦᠢᠯ᠎ᠤᠨ ᠡᠭᠦᠷᠭᠡ᠎ᠶ᠋ᠢ ᠲᠡᠭᠦᠰ ᠠᠮᠵᠢᠯᠲᠠ᠎ᠲᠠᠢ ᠪᠡᠶᠡᠯᠡᠭᠦᠯᠵᠦ᠍᠂ ᠮᠡᠳᠡᠯᠭᠡ᠎ᠶᠢᠨ ᠦᠮᠴᠢᠯᠡᠯ᠎ᠦᠨ ᠡᠷᠬᠡ᠎ᠶᠢᠨ ᠬᠦᠴᠦᠷᠬᠡᠭ ᠣᠯᠣᠰ᠎ᠢ ᠪᠦᠲᠦᠭᠡᠨ ᠪᠠᠢ᠌ᠭᠤᠯᠬᠤ᠎ᠳᠤ ᠪᠠᠲᠤ ᠪᠡᠬᠢ ᠠᠯᠬᠤᠮ ᠳᠠᠪᠰᠢᠵᠦ᠂ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠵᠠᠰᠠᠯᠲᠠ᠎ᠶ᠋ᠢᠨ ᠴᠢᠳᠠᠪᠤᠷᠢ ᠪᠠ ᠵᠠᠰᠠᠯᠲᠠ᠎ᠶ᠋ᠢᠨ ᠬᠢᠷᠢ ᠲᠦᠪᠱᠢᠨ᠎ᠢ ᠢᠯᠡᠳᠲᠡ ᠳᠡᠭᠡᠭ᠌ᠰᠢᠯᠡᠭᠦᠯᠦᠨ᠂ ᠬᠠᠤᠯᠢ᠎ᠪᠠᠷ ᠵᠠᠰᠠᠬᠤ ᠪᠠᠲᠤᠯᠠᠭ᠎ᠠ᠎ᠶ᠋ᠢ ᠬᠦᠴᠦᠲᠡᠶ ᠴᠢᠩᠭᠠᠳᠭᠠᠵᠤ᠂ ᠡᠭᠦᠳᠦᠨ ᠪᠦᠲᠦᠭᠡᠯᠲᠡ᠎ᠶᠢᠨ ᠶᠠᠰᠤ ᠴᠢᠨᠠᠷ᠎ᠢᠶᠡᠨ ᠦᠷᠭᠦᠯᠵᠢᠯᠡᠨ ᠳᠡᠭᠡᠭ᠌ᠰᠢᠯᠡᠭᠦᠯᠵᠦ᠍᠂ ᠬᠠᠮᠠᠭ᠋ᠠᠯᠠᠯᠲᠠ᠎ᠶᠢᠨ ᠡᠷᠴᠢᠮ᠎ᠢᠶᠡᠨ ᠪᠥᠬᠦ᠌ ᠲᠠᠯ᠎ᠠ᠎ᠪᠠᠷ ᠴᠢᠩᠭᠠᠷᠠᠭᠤᠯᠤᠨ᠂ ᠬᠡᠷᠡᠭ᠌ᠯᠡᠭᠡᠨ᠎ᠤ ᠦᠷ᠎ᠡ ᠠᠱᠢᠭ᠎ᠢᠶᠡᠨ ᠲᠦᠷᠭᠡᠨ ᠢᠯᠡᠷᠡᠭᠦᠯᠵᠦ᠍᠂ ᠣᠯᠠᠨ ᠨᠡᠢᠲᠡ᠎ᠶ᠋ᠢᠨ ᠦᠢᠯᠡᠴᠢᠯᠡᠭᠡ᠎ᠪᠠᠨ ᠲᠠᠰᠤᠷᠠᠯᠲᠠ ᠥᠬᠡᠶ ᠱᠢᠯᠢᠳᠡᠭ᠌ᠵᠢᠭᠦᠯᠦᠨ᠂ ᠣᠯᠠᠨ ᠣᠯᠣᠰ᠎ᠤᠨ ᠬᠠᠮᠲᠣᠷᠠᠯᠴᠠᠭ᠎ᠠ᠎ᠪᠠᠨ ᠭᠦᠨᠵᠡᠭᠡᠢ᠌ᠷᠡᠨ ᠠᠬᠢᠭᠤᠯᠵᠦ᠂ ᠠᠵᠢᠯ ᠦᠢᠯᠡᠰ᠎ᠤᠨ ᠬᠥᠭ᠌ᠵᠢᠯᠲᠡ᠎ᠶ᠋ᠢᠨ ᠰᠠᠭᠤᠷᠢ᠎ᠢᠶᠠᠨ ᠨᠠᠩ ᠪᠠᠲᠤ ᠪᠠᠬᠢ ᠪᠤᠯᠭ᠋ᠠᠨ᠎ᠠ ᠭᠡᠵᠦ ᠵᠢᠠᠭ᠋ᠠᠵᠦ ᠭᠠᠷᠭ᠋ᠠᠪᠠ᠃ ᠳᠡᠯᠡᠬᠡᠢ᠎ᠶ᠋ᠢᠨ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠨᠡᠢᠲᠡᠯᠡᠭ᠌ᠰᠡᠨ 《2025 ᠣᠨ᠎ᠤ ᠪᠦᠬᠦ᠌ ᠪᠥᠮᠪᠥᠷᠴᠡᠭ᠎ᠤᠨ ᠱᠢᠨ᠎ᠡ᠎ᠶ᠋ᠢ ᠡᠭᠦᠳᠬᠦ᠌ ᠵᠢᠭᠠᠯᠲᠠ ᠲᠤᠭ᠎ᠠ᠎ᠶ᠋ᠢᠨ ᠮᠡᠳᠡᠭᠦᠯᠦᠯᠲᠡ》᠎ᠳᠤ ᠢᠯᠡᠷᠡᠭᠦᠯᠦᠭ᠌ᠰᠡᠨ᠎ᠢᠶᠠᠷ᠂ ᠮᠠᠨ᠎ᠤ ᠤᠯᠤᠰ᠎ᠤᠨ ᠳ᠋ᠤᠭ᠋ᠠᠷᠯᠠᠯ 10 ᠳ᠋ᠤᠭᠠᠷ᠎ᠲᠤ ᠳᠠᠪᠰᠢᠵᠦ᠂ ᠠᠩᠬ᠎ᠠ ᠤᠳᠠᠭ᠎ᠠ ᠪᠦᠬᠦ᠌ ᠪᠥᠮᠪᠥᠷᠴᠡᠭ᠎ᠤᠨ ᠡᠮᠦᠨ᠎ᠡ ᠠᠷᠪᠠ᠎ᠳᠤ ᠣᠷᠣᠵᠤ᠂ ᠪᠦᠬᠦ᠌ ᠪᠥᠮᠪᠥᠷᠴᠡᠭ᠎ᠤᠨ ᠵᠠᠭᠤᠨ ᠬᠦᠴᠦᠷᠬᠡᠭ᠎ᠤᠨ ᠱᠢᠨ᠎ᠡ᠎ᠶ᠋ᠢ ᠡᠭᠦᠳᠬᠦ᠌ ᠪᠥᠭᠡᠮᠨᠡᠷᠡᠯ᠎ᠤᠨ ᠲᠤᠭ᠎ᠠ 24 ᠬᠦᠷᠴᠦ᠂ ᠭᠤᠷᠪᠠᠨ ᠵᠢᠯ ᠳᠠᠷᠠᠭᠠᠯᠠᠨ ᠡᠯ᠎ᠡ ᠤᠯᠤᠰ᠎ᠤᠨ ᠲᠡᠷᠢᠭᠦᠨ᠎ᠳᠤ ᠣᠷᠣᠪᠠ᠃

ᠬᠤᠷᠠᠯ᠎ᠠᠴᠠ᠂ ᠰᠠᠶᠢᠬᠠᠨ ᠥᠩᠭᠡᠷᠡᠭ᠌ᠰᠡᠨ 2025 ᠣᠨ᠎ᠳᠤ᠂ ᠪᠦᠬᠦ᠌ ᠤᠯᠤᠰ᠎ᠤᠨ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠱᠢᠰᠲ᠋ᠧᠮ ᠨᠢ ᠠᠵᠢᠯᠯᠠᠬᠤ᠎ᠶ᠋ᠢ ᠲᠡᠷᠢᠭᠦᠨ᠎ᠳᠤ ᠲᠠᠯᠪᠢᠬᠤ᠎ᠶᠢ ᠪᠠᠷᠢᠮᠲᠠᠯᠠᠵᠤ᠂ ᠵᠤᠷᠢᠭ ᠬᠦᠪᠴᠢᠯᠠᠨ ᠤᠷᠤᠭ᠍ᠰᠢᠯᠠᠵᠤ᠂ ᠲᠥᠪ᠎ᠤᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠍᠂ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶᠢᠨ ᠬᠢᠨᠠᠨ ᠪᠠᠢ᠌ᠴᠠᠭ᠋ᠠᠯᠲᠠ᠎ᠶᠢᠨ ᠶᠠᠰᠤ ᠴᠢᠨᠠᠷ ᠦᠷ᠎ᠡ ᠪᠦᠲᠦᠮᠵᠢ᠎ᠶ᠋ᠢ ᠬᠦᠴᠦᠯᠡᠨ ᠳᠡᠭᠡᠭ᠌ᠰᠢᠯᠡᠭᠦᠯᠵᠦ᠍᠂ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠬᠠᠮᠠᠭᠠᠯᠠᠯᠲᠠ᠎ᠶ᠋ᠢ ᠴᠢᠩᠭᠠᠳᠭᠠᠵᠤ᠂ ᠤᠯᠠᠷᠢᠭᠤᠯᠤᠨ ᠬᠡᠷᠡᠭ᠌ᠯᠡᠬᠦ᠌᠎ᠶ᠋ᠢ ᠠᠬᠢᠭᠤᠯᠵᠤ᠂ ᠦᠢ᠍ᠯᠡᠴᠢᠯᠡᠭᠡ ᠬᠠᠩᠭᠠᠯᠭ᠎ᠠ᠎ᠶ᠋ᠢ ᠱᠢᠯᠢᠳᠡᠭ᠌ᠵᠢᠭᠦᠯᠵᠦ᠍᠂ ᠤᠯᠠᠨ ᠤᠯᠤᠰ᠎ᠤᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠵᠦ᠍᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ᠎ᠶ᠋ᠢᠨ ᠲᠡᠭᠦᠰ ᠠᠮᠵᠢᠯᠲᠠ᠎ᠲᠠᠢ ᠲᠡᠭᠦᠰᠭᠦ᠎ᠶ᠋ᠢ ᠤᠷᠤᠭ᠍ᠰᠢᠲᠠᠢ ᠪᠡᠶᠡᠯᠡᠭᠦᠯᠦᠨ᠎ᠡ ᠭᠡᠵᠦ᠍ ᠵᠢᠭᠠᠵᠤ ᠭᠠᠷᠭᠠᠪᠠ᠃ ᠡᠳᠡᠭᠡᠷ ᠠᠮᠵᠢᠯᠲᠠ᠎ᠶ᠋ᠢ ᠣᠯᠤᠭ᠍ᠰᠠᠨ᠎ᠤ ᠦᠨᠳᠦᠰᠦ ᠱᠢᠯᠲᠠᠭᠠᠨ᠎ᠨᠢ ᠶᠡᠷᠦᠩᠬᠡᠢ ᠱᠦᠵᠢ ᠰᠢ᠎ᠶ᠋ᠢᠨ ᠫᠢᠩ ᠠᠶᠠᠯᠠᠯ᠎ᠢ ᠤᠳᠤᠷᠢᠳᠤᠨ ᠵᠠᠯᠠᠭᠤᠷ᠎ᠢ ᠪᠠᠷᠢᠬᠤ᠎ᠳᠤ ᠪᠤᠢ᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ᠎ᠳᠤ ᠪᠤᠢ᠃

ᠬᠤᠷᠠᠯ᠎ᠠᠴᠠ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠬᠤᠭᠤᠴᠠᠭ᠎ᠠ ᠨᠢ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠦ᠎ᠪᠡᠨ ᠪᠡᠶᠡᠯᠡᠭᠦᠯᠬᠦ᠌᠎ᠶ᠋ᠢᠨ ᠰᠠᠭᠤᠷᠢ᠎ᠶ᠋ᠢ ᠪᠠᠬᠢᠵᠢᠭᠦᠯᠵᠦ᠍᠂ ᠪᠦᠬᠦ᠌ ᠲᠠᠯ᠎ᠠ᠎ᠪᠠᠷ ᠬᠦᠴᠦᠯᠡᠬᠦ᠌ ᠵᠠᠩᠭᠢᠯᠠᠭ᠎ᠠ᠎ᠶ᠋ᠢᠨ ᠬᠤᠭᠤᠴᠠᠭ᠎ᠠ ᠪᠤᠯᠤᠨ᠎ᠠ᠂ ᠮᠥᠨ ᠴᠦ᠍ ᠳᠤᠮᠳᠠᠳᠤ ᠤᠯᠤᠰ᠎ᠤᠨ ᠣᠨᠴᠠᠯᠢᠭ᠂ ᠳᠡᠯᠡᠬᠡᠢ᠎ᠶ᠋ᠢᠨ ᠲᠦᠪᠱᠢᠨ᠎ᠤ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠬᠦᠴᠦᠷᠬᠡᠭ ᠤᠯᠤᠰ᠎ᠢ ᠦᠨᠳᠦᠰᠦᠨ᠎ᠳᠦ᠎ᠪᠡᠨ ᠪᠦᠳᠦᠭᠡᠨ ᠪᠠᠢᠭᠤᠯᠬᠤ ᠵᠠᠩᠭᠢᠯᠠᠭ᠎ᠠ᠎ᠶ᠋ᠢᠨ ᠬᠤᠭᠤᠴᠠᠭ᠎ᠠ ᠪᠣᠯᠤᠨ᠎ᠠ᠃ ᠪᠦᠬᠦ᠌ ᠤᠯᠤᠰ᠎ᠤᠨ ᠮᠡᠳᠡᠯᠭᠡ᠎ᠶ᠋ᠢᠨ ᠦᠮᠴᠢᠯᠡᠯ᠎ᠤᠨ ᠡᠷᠭᠡ᠎ᠶ᠋ᠢᠨ ᠱᠢᠰᠲ᠋ᠧᠮ ᠨᠢ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠤᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠬᠤ᠎ᠶ᠋ᠢ ᠪᠠᠷᠢᠮᠲᠠᠯᠠᠵᠦ᠂ ᠨᠠᠮ᠎ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶ᠋ᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠰᠢᠯᠠᠭᠤᠯᠵᠦ᠂ 《ᠬᠤᠶᠠᠷ᠎ᠢ ᠲᠣᠭ᠍ᠲᠠᠭᠠᠬᠤ》᠎ᠶ᠋ᠢᠨ ᠰᠢᠢ᠍ᠳᠪᠦᠷᠢᠲᠦ ᠠᠴᠢ ᠬᠤᠯᠪᠤᠭ᠍ᠳᠠᠯ᠎ᠢ ᠭᠦᠨᠵᠡᠭᠡᠢ ᠤᠢᠯᠠᠭᠠᠨ᠂ 《ᠳᠦᠷᠪᠡᠨ ᠤᠬᠠᠮᠰᠠᠷ》᠎ᠢᠶᠠᠨ ᠴᠢᠩᠭᠠᠳᠭᠠᠵᠤ᠂ 《ᠳᠦᠷᠪᠡᠨ ᠢᠲᠡᠭᠡᠯ》᠎ᠢᠶᠠᠨ ᠪᠠᠲᠤᠳᠭᠠᠨ᠂ 《ᠬᠤᠶᠠᠷ᠎ᠢ ᠬᠠᠮᠠᠭᠠᠯᠠᠬᠤ》᠎ᠶ᠋ᠢ ᠪᠡᠶᠡᠯᠡᠭᠦᠯᠵᠦ᠍᠂ ᠨᠠᠮ᠎ᠤᠨ ᠲᠦᠪ ᠬᠤᠷᠢᠶ᠎ᠠ᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ᠎ᠶᠢᠨ ᠮᠡᠳᠡᠯᠭᠡ᠎ᠶ᠋ᠢᠨ ᠦᠮᠴᠢᠯᠡᠯ᠎ᠤᠨ ᠡᠷᠭᠡ᠎ᠶ᠋ᠢᠨ ᠠᠵᠢᠯ᠎ᠤᠨ ᠲᠤᠬᠠᠢ ᠪᠠᠢᠷᠢᠯᠠᠭᠤᠯᠤᠯᠲᠠ ᠪᠠ ᠱᠠᠭᠠᠷᠳᠠᠯᠭ᠎ᠠ᠎ᠶ᠋ᠢ ᠬᠢᠨᠠᠮᠠᠭᠠᠢ ᠰᠠᠢᠲᠤᠷ ᠨᠠᠢᠳᠠᠪᠤᠷᠢᠵᠢᠭᠤᠯᠬᠤ ᠬᠡᠷᠡᠭ᠌ᠲᠡᠢ᠃ 《ᠠᠷᠪᠠᠨ ᠲᠠᠪᠤᠳᠤᠭᠠᠷ ᠲᠠᠪᠤᠨ ᠵᠢᠯ》᠎ᠤᠨ ᠬᠤᠭᠤᠴᠠᠭᠠᠨ᠎ᠳᠠᠬᠢ ᠮᠡᠳᠡᠯᠭᠡ᠎ᠶ᠋ᠢᠨ ᠦᠮᠴᠢᠯᠡᠯ᠎ᠤᠨ ᠡᠷᠭᠡ᠎ᠶ᠋ᠢᠨ ᠦᠢᠯᠡᠰ᠎ᠤᠨ ᠭᠦᠭ᠌ᠵᠢᠯᠳᠠ᠎ᠶ᠋ᠢᠨ ᠶᠡᠷᠦᠩᠭᠡᠢ ᠱᠠᠭᠠᠷᠳᠠᠯᠭ᠎ᠠ᠂ ᠶᠡᠷᠦᠩᠭᠡᠢ ᠬᠠᠷᠠᠯᠳᠠ ᠪᠠ ᠭᠤᠤᠯ ᠡᠭᠦᠷᠭᠡ᠎ᠶ᠋ᠢ ᠵᠥᠪ ᠤᠨᠤᠪᠴᠢᠳᠠᠢ ᠡᠵᠡᠮᠳᠡᠵᠤ᠂ ᠲᠤᠬ᠍ᠳᠠᠭᠤᠨ᠎ᠤ ᠲᠤᠮᠳᠠ ᠤᠷᠤᠬ᠍ᠰᠢᠯᠠᠨ ᠲᠠᠪᠱᠢᠬᠤ᠂ ᠶᠠᠰᠣ ᠴᠢᠨᠠᠷ᠎ᠢ ᠲᠡᠭᠡᠭ᠌ᠰᠢᠯᠡᠭᠦᠯᠤᠨ ᠦᠷ᠎ᠠ ᠠᠱᠢᠭ᠎ᠢ ᠨᠡᠮᠡᠭ᠌ᠳᠡᠭᠦᠯᠭᠦ᠎ᠶ᠋ᠢ ᠪᠠᠷᠢᠮᠳᠠᠯᠠᠨ᠂ ᠵᠦᠪ  ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠦᠵᠡᠯᠳᠠ᠎ᠶ᠋ᠢ ᠪᠠᠳᠤ ᠪᠠᠢ᠌ᠭᠤᠯᠬᠤ ᠪᠠ ᠭᠢᠨᠠᠮᠠᠭᠠᠢ ᠦᠢᠯᠡᠳᠦᠯᠭᠡᠵᠢᠭᠦᠯᠵᠤ᠂ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠰᠠᠢ᠌ᠨ ᠰᠠᠢ᠌ᠬᠠᠨ ᠡᠬᠢᠯᠡᠯᠲᠡ᠎ᠶᠢ ᠴᠢᠷᠮᠠᠢ᠌ᠨ ᠪᠡᠶᠡᠯᠡᠭᠦᠯᠵᠦ᠂ ᠮᠡᠳᠡᠯᠭᠡ᠎ᠶ᠋ᠢᠨ ᠦᠮᠴᠢᠯᠡᠯ᠎ᠤᠨ ᠡᠷᠭᠡ᠎ᠶ᠋ᠢᠨ ᠬᠦᠴᠦᠷᠭᠡᠭ ᠤᠯᠤᠰ᠎ᠢ ᠪᠦᠲᠦᠭᠡᠨ ᠪᠠᠢ᠌ᠭᠤᠯᠬᠤ ᠱᠢᠨ᠎ᠠ ᠱᠠᠳᠤ᠎ᠶ᠋ᠢ ᠴᠢᠨᠠᠷ ᠰᠠᠢᠳᠠᠢ ᠡᠭᠢᠯᠡᠭᠦᠯᠭᠦ᠌ ᠭᠡᠷᠡᠭ᠌ᠳᠡᠢ ᠭᠡᠵᠦ ᠱᠠᠭ᠋ᠠᠷᠳᠠᠪᠠ᠃

ᠬᠤᠷᠠᠯ᠎ᠠᠴᠠ 2026 ᠣᠨ᠎ᠤ ᠨᠠᠢ᠍ᠮᠠᠨ ᠲᠠᠯ᠎ᠠ᠎ᠶ᠋ᠢᠨ ᠭᠤᠣᠯᠳᠠᠯᠭ᠎ᠠ᠎ᠲᠠᠢ ᠠᠵᠢᠯ᠎ᠢ ᠪᠠᠢᠷᠢᠯᠠᠭᠤᠯᠪᠠ᠃

ᠨᠢᠭᠡ᠎ᠳᠦ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠲᠥᠪ᠎ᠦᠨ ᠴᠢᠬᠤᠯᠠ ᠶᠡᠬᠡ ᠱᠢᠶ᠋ᠳᠪᠦᠷᠢᠲᠦ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶ᠋ᠢ ᠦᠨᠡᠨ ᠬᠦ᠌ ᠰᠠᠢᠲᠤᠷ ᠠᠳᠭᠤᠬᠤ ᠬᠡᠷᠡᠭ᠌ᠲᠡᠶ᠃ ᠬᠤᠶᠠᠷ᠎ᠲᠤ᠌᠂ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠡᠭᠦᠳᠦᠨ ᠪᠦᠲᠦᠭᠡᠬᠦ᠌ ᠶᠠᠰᠤ ᠴᠢᠨᠠᠷ᠎ᠢ ᠲᠦᠷᠭᠡᠳᠭᠡᠨ ᠳᠡᠭᠡᠭ᠌ᠰᠢᠯᠡᠭᠦᠯᠵᠦ᠍᠂ ᠦᠢᠯᠡᠴᠢᠯᠡᠭᠡᠨ᠎ᠤ ᠥᠨᠳᠥᠷ ᠬᠢᠷᠢ ᠲᠦᠪᠱᠢᠨ ᠪᠦᠬᠦᠢ ᠡᠷᠳᠡᠮ ᠰᠢᠨᠵᠢᠯᠡᠭᠡᠨ᠎ᠦ ᠲᠠᠯ᠎ᠠ᠎ᠪᠠᠷ ᠪᠡᠶ᠎ᠡ᠎ᠪᠠᠨ ᠳᠠᠭᠠᠭᠠᠵᠤ ᠬᠦᠴᠦᠷᠬᠡᠭᠵᠢᠭᠦᠯᠦᠨ᠎ᠡ᠃ ᠭᠤᠷᠪᠠ᠎ᠳᠤ᠂ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶᠢᠨ ᠬᠠᠮᠠᠭ᠋ᠠᠯᠠᠯᠲᠠ᠎ᠶᠢᠨ ᠬᠢᠷᠢ ᠲᠦᠪᠰᠢᠨ᠎ᠢᠶᠡᠨ ᠶᠡᠬᠡ᠎ᠪᠡᠷ ᠳᠡᠭᠡᠭ᠌ᠰᠢᠯᠡᠭᠦᠯᠵᠦ᠍᠂ ᠨᠡᠩ ᠰᠠᠢᠨ ᠱᠢᠨ᠎ᠡ᠎ᠶ᠋ᠢ ᠡᠭᠦᠳᠬᠦ᠌ ᠣᠷᠴᠢᠨ ᠲᠣᠭᠤᠷᠢᠨ᠎ᠢ ᠪᠤᠢ ᠪᠤᠯᠭ᠋ᠠᠬᠤ ᠬᠡᠷᠡᠭᠲᠡᠢ᠃ ᠲᠦᠷᠪᠡ᠎ᠳᠤ᠂ ᠮᠡᠳᠡᠯᠭᠡ᠎ᠶ᠋ᠢᠨ ᠥᠮᠴᠢᠯᠡᠯ᠎ᠤᠨ ᠡᠷᠬᠡ᠎ᠶ᠋ᠢᠨ ᠬᠡᠷᠡᠭᠯᠡᠭᠡᠨ᠎ᠦ ᠦᠷ᠎ᠡ ᠠᠱᠢᠭ᠎ᠢ ᠲᠦᠷᠭᠡᠨ ᠪᠠᠳᠠᠷᠠᠭᠤᠯᠵᠤ᠂ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠤᠨ᠎ᠠ᠃ ᠲᠠᠪᠤ᠎ᠳᠤ᠂ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠦᠢᠯᠡᠴᠢᠯᠡᠭᠡ᠎ᠶᠢ ᠰᠢᠯᠢᠳᠡᠭᠵᠢᠭᠦᠯᠦᠨ ᠲᠠᠰ ᠳᠠᠪᠰᠢᠭᠦᠯᠬᠦ᠎ᠶᠢ ᠠᠬᠢᠭᠤᠯᠵᠤ᠂ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠴᠢᠩᠭᠠᠷᠠᠭᠤᠯᠤᠨ᠎ᠠ᠃ ᠵᠢᠷᠭᠤᠭ᠎ᠠ᠎ᠳᠤ᠂ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠣᠯᠠᠨ ᠤᠯᠤᠰ᠎ᠤᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠵᠦ᠍᠂ ᠥᠨᠳᠥᠷ ᠬᠢᠷᠢ ᠲᠦᠪᠱᠢᠨ ᠪᠦᠬᠦᠢ ᠦᠢ᠍ᠯᠡᠴᠢᠯᠡᠭᠡ᠎ᠶᠢ ᠭᠠᠳᠠᠭᠰᠢ ᠨᠡᠬᠡᠬᠡᠨ᠎ᠡ᠃ ᠲᠤᠯᠤᠭ᠎ᠠ᠎ᠳᠤ᠂ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠰᠠᠭᠤᠷᠢ᠎ᠶ᠋ᠢ ᠪᠠᠬᠢᠵᠢᠭᠦᠯᠬᠦ᠌ ᠠᠵᠢᠯᠯᠠᠭ᠎ᠠ᠎ᠶ᠋ᠢ ᠭᠦᠨᠵᠡᠭᠡᠢ ᠠᠬᠢᠭᠤᠯᠵᠤ᠂ ᠠᠵᠢᠯ ᠦᠢᠯᠡᠰ᠎ᠤᠨ ᠬᠥᠭ᠌ᠵᠢᠯᠲᠡ᠎ᠶ᠋ᠢᠨ ᠰᠠᠭᠤᠷᠢ᠎ᠶ᠋ᠢ ᠦᠷᠭᠦᠯᠵᠢᠯᠡᠨ ᠪᠠᠬᠢᠵᠢᠭᠦᠯᠬᠦ᠌ ᠬᠡᠷᠡᠭ᠌ᠲᠡᠢ᠃ ᠨᠠᠢ᠍ᠮᠠ᠎ᠳᠤ᠂ ᠨᠠᠮ᠎ᠤᠨ ᠪᠠᠢᠭᠤᠯᠤᠯᠲᠠ ᠪᠣᠯᠤᠨ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ᠎ᠶ᠋ᠢ ᠦᠷᠭᠦᠯᠵᠢᠯᠡᠨ ᠴᠢᠩᠭᠠᠳᠭᠠᠵᠤ᠂ ᠴᠢᠨᠠᠷ ᠰᠠᠢᠲᠠᠢ ᠬᠥᠭ᠌ᠵᠢᠯᠲᠡ᠎ᠳᠤ ᠪᠠᠲᠤ ᠴᠢᠩᠭ᠎ᠠ ᠤᠯᠤᠰ ᠲᠦᠷᠦ᠍᠎ᠶ᠋ᠢᠨ ᠪᠠᠲᠤᠯᠠᠭ᠎ᠠ ᠬᠠᠩᠭᠠᠬᠤ ᠬᠡᠷᠡᠭ᠌ᠲᠡᠢ᠃

ᠤᠯᠤᠰ᠎ᠤᠨ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠬᠤ᠌ ᠸᠧᠨ ᠾᠦᠢ ᠠᠩᠬᠠᠳᠤᠭᠠᠷ ᠤᠳᠠᠭᠠᠨ᠎ᠤ ᠪᠥᠬᠦᠳᠡ ᠬᠤᠷᠠᠯ᠎ᠢ ᠡᠷᠭᠢᠯᠡᠪᠡ᠃ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠵᠠᠩ ᡁᠢ ᠴᠧᠩ᠂ ᠴᠧᠨ ᠳ᠋ᠠᠨ᠂ ᠷᠦᠢ ᠸᠧᠨ ᠪᠢᠶᠤᠤ᠂ ᠲᠥᠪ᠎ᠤᠨ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ ᠤᠯᠤᠰ᠎ᠤᠨ ᠬᠢᠨᠠᠨ ᠪᠠᠢᠴᠠᠭᠠᠬᠤ ᠵᠥᠪᠯᠡᠯ᠎ᠤᠨ ᠵᠠᠬ᠎ᠠ ᠳᠡᠯᠭᠡᠭᠦᠷ᠎ᠲᠤ ᠰᠠᠭᠤᠭ᠎ᠠ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ᠎ᠶ᠋ᠢᠨ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠳᠤᠭᠤᠢᠯᠠᠩ᠎ᠤᠨ ᠬᠤᠯᠪᠣᠭ᠍ᠳᠠᠯ ᠪᠥᠬᠦᠶ ᠬᠠᠷᠢᠭᠤᠴᠠᠯᠭᠠᠲᠠᠨ ᠨᠦᠬᠦᠷ᠂ ᠮᠡᠳᠡᠯᠭᠡ᠎ᠶᠢᠨ ᠦᠮᠴᠢᠯᠡᠯ᠎ᠦᠨ ᠡᠷᠬᠡ᠎ᠶᠢᠨ ᠲᠣᠪᠴᠢᠶ᠎ᠠ᠎ᠶ᠋ᠢᠨ ᠲᠤᠰᠭᠠᠶ ᠠᠱᠢᠭ᠎ᠤᠨ ᠲᠣᠪᠴᠢᠶ᠎ᠠ᠎ᠶ᠋ᠢᠨ ᠬᠠᠷᠢᠭᠤᠴᠠᠯᠭᠠᠲᠠᠨ ᠨᠦᠬᠦᠷ ᠬᠤᠷᠠᠯ᠎ᠳᠤ ᠣᠷᠣᠯᠴᠠᠪᠠ᠃ ᠲᠥᠪ᠎ᠤᠨ ᠪᠠ ᠲᠥᠷᠥ᠎ᠶ᠋ᠢᠨ ᠪᠠᠢᠭᠤᠯᠭ᠎ᠠ᠎ᠶ᠋ᠢᠨ ᠬᠤᠯᠪᠣᠭ᠍ᠳᠠᠯ ᠪᠦᠬᠦᠢ ᠰᠠᠯᠠᠭ᠎ᠠ ᠮᠦᠴᠢᠷ᠎ᠤᠨ ᠬᠠᠷᠢᠭᠤᠴᠠᠯᠭᠠᠲᠠᠨ ᠨᠦᠬᠦᠷ᠂ ᠤᠯᠤᠰ᠎ᠤᠨ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠬᠦᠴᠦᠷᠬᠡᠭ ᠤᠯᠤᠰ᠎ᠢ ᠪᠥᠲᠥᠭᠡᠨ ᠪᠠᠢ᠌ᠭᠤᠯᠬᠤ ᠠᠵᠢᠯ᠎ᠤᠨ ᠶᠠᠮᠤᠨ᠎ᠤ ᠬᠤᠭᠤᠷᠣᠨᠳᠣᠬᠢ ᠬᠠᠮᠲᠤᠷᠠᠭ᠍ᠰᠠᠨ ᠬᠤᠷᠠᠯ᠎ᠤᠨ ᠭᠡᠰᠢᠭᠦᠨ ᠨᠢᠭᠡᠴᠢ᠎ᠶ᠋ᠢᠨ ᠬᠤᠯᠪᠣᠭ᠍ᠳᠠᠯ ᠪᠥᠬᠦᠶ ᠬᠠᠷᠢᠭᠤᠴᠠᠯᠭᠠᠲᠠᠨ ᠨᠦᠬᠦᠷ ᠤᠷᠢᠯᠭ᠎ᠠ᠎ᠪᠠᠷ ᠬᠤᠷᠠᠯ᠎ᠳᠤ ᠣᠷᠣᠯᠴᠠᠪᠠ᠃ ᠪᠡᠭᠡᠵᠢᠩ᠂ ᠲᠢᠶᠠᠨᠵᠢᠨ᠂ ᠯᠢᠶᠣᠤᠨᠢᠩ᠂ ᠵᠢᠶᠠᠩᠰᠦ᠂ ᠵᠧᠵᠢᠶᠠᠩ᠂ ᠠᠨᠾᠦ᠋ᠢ᠂ ᠬᠤᠪᠸᠢ᠂ ᠭᠤᠸᠠᠩᠳᠦ᠋ᠩ᠂ ᠱᠠᠨᠰᠢ ᠵᠡᠷᠭᠡ 9 ᠭᠠᠵᠠᠷ ᠣᠷᠣᠨ᠎ᠤ ᠮᠡᠳᠡᠯᠭᠡ᠎ᠶ᠋ᠢᠨ ᠥᠮᠴᠢᠯᠡᠯ᠎ᠤᠨ ᠡᠷᠬᠡ᠎ᠶ᠋ᠢᠨ ᠲᠣᠪᠴᠢᠶ᠎ᠠ᠎ᠶ᠋ᠢᠨ ᠬᠠᠷᠢᠭᠤᠴᠠᠯᠭᠠᠲᠠᠨ ᠨᠦᠬᠦᠷ ᠰᠠᠨᠠᠯ᠎ᠢᠶᠠᠨ ᠰᠣᠯᠢᠯᠴᠠᠬᠤ ᠦᠭᠡ ᠬᠡᠯᠡᠪᠡ᠃ ᠬᠤᠷᠠᠯ᠎ᠳᠤ ᠣᠷᠣᠯᠴᠠᠭ᠍ᠰᠠᠨ ᠲᠥᠯᠥᠭᠡᠯᠡᠭ᠌ᠴᠢᠳ ᠬᠤᠷᠠᠯ᠎ᠤᠨ ᠭᠤᠤᠯ ᠰᠡᠳᠦᠪ᠎ᠤᠨ ᠲᠣᠭᠤᠷᠢᠨ᠎ᠳᠤ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶ᠋ᠢ ᠰᠠᠢᠲᠤᠷ ᠡᠬᠢᠯᠡᠭᠦᠯᠬᠦ᠌᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠬᠦᠴᠦᠷᠬᠡᠭ ᠤᠯᠤᠰ᠎ᠤᠨ ᠪᠦᠲᠦᠭᠡᠨ ᠪᠠᠢ᠌ᠭᠤᠯᠤᠯᠲᠠ᠎ᠶᠢ ᠲᠦᠷᠭᠡᠳᠭᠡᠬᠦ ᠲᠤᠬᠠᠶ ᠭᠦᠨᠵᠡᠭᠡᠶ ᠶᠠᠷᠢᠯᠴᠠᠪᠠ᠃

ᠪᠦᠬᠦ᠌ ᠤᠯᠤᠰ᠎ᠤᠨ ᠡᠯ᠎ᠡ ᠮᠤᠵᠢ (ᠥᠪᠡᠷᠲᠡᠭᠡᠨ ᠵᠠᠰᠠᠬᠤ ᠣᠷᠣᠨ᠂ ᠱᠢᠭᠤᠳ ᠬᠠᠷᠢᠶ᠎ᠠ ᠬᠤᠲᠠ) ᠪᠣᠯᠤᠨ ᠱᠢᠨᠵᠢᠶᠠᠩ᠎ᠤᠨ ᠦᠢᠯᠡᠳᠪᠦᠷᠢᠯᠡᠯ᠎ᠦᠨ ᠪᠦᠲᠦᠭᠡᠨ ᠪᠠᠢᠭᠤᠯᠤᠯᠲᠠ᠎ᠶ᠋ᠢᠨ ᠪᠢᠩᠲ᠋ᠤᠸᠠᠨ᠎ᠤ ᠮᠡᠳᠡᠯᠭᠡ᠎ᠶ᠋ᠢᠨ ᠥᠮᠴᠢᠯᠡᠯ᠎ᠤᠨ ᠡᠷᠬᠡ᠎ᠶ᠋ᠢᠨ ᠲᠣᠪᠴᠢᠶ᠎ᠠ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠮᠡᠳᠡᠯᠭᠡ᠎ᠶ᠋ᠢᠨ ᠥᠮᠴᠢᠯᠡᠯ᠎ᠤᠨ ᠡᠷᠬᠡ᠎ᠶ᠋ᠢᠨ ᠲᠣᠪᠴᠢᠶ᠎ᠠ᠎ᠶ᠋ᠢᠨ ᠭᠤᠤᠯ ᠬᠠᠷᠢᠭᠤᠴᠠᠯᠭᠠᠲᠠᠨ ᠨᠦᠬᠦᠷ᠂ ᠤᠯᠤᠰ᠎ᠤᠨ ᠮᠡᠳᠡᠯᠭᠡ᠎ᠶ᠋ᠢᠨ ᠥᠮᠴᠢᠯᠡᠯ᠎ᠤᠨ ᠡᠷᠬᠡ᠎ᠶ᠋ᠢᠨ ᠲᠣᠪᠴᠢᠶ᠎ᠠ ᠪᠠᠢᠭᠤᠯᠭ᠎ᠠ᠎ᠶ᠋ᠢᠨ ᠡᠯ᠎ᠡ ᠰᠠᠯᠠᠭ᠎ᠠ ᠮᠥᠴᠢᠷ᠂ ᠲᠤᠰᠭᠠᠶ ᠠᠱᠢᠭ᠎ᠤᠨ ᠲᠣᠪᠴᠢᠶ᠎ᠠ᠎ᠶ᠋ᠢᠨ ᠡᠯ᠎ᠡ ᠰᠠᠯᠠᠭ᠎ᠠ ᠮᠥᠴᠢᠷ᠂ ᠲᠠᠸᠠᠷ᠎ᠤᠨ ᠲᠡᠮᠳᠡᠭ᠎ᠤᠨ ᠲᠣᠪᠴᠢᠶ᠎ᠠ᠂ ᠣᠯᠣᠰ᠎ᠤᠨ ᠮᠡᠳᠡᠯᠭᠡ᠎ᠶᠢᠨ ᠦᠮᠴᠢᠯᠡᠯ᠎ᠦᠨ ᠡᠷᠬᠡ᠎ᠶᠢᠨ ᠲᠣᠪᠴᠢᠶ᠎ᠠ᠎ᠶ᠋ᠢᠨ ᠪᠤᠰᠤᠳ ᠱᠢᠭᠤᠳ ᠬᠠᠷᠢᠶ᠎ᠠ ᠨᠢᠭᠡᠴᠢ ᠪᠣᠯᠤᠨ ᠨᠡᠢᠭᠡᠮ ᠪᠦᠯᠬᠦᠮ᠎ᠤᠨ ᠭᠤᠤᠯ ᠬᠠᠷᠢᠭᠤᠴᠠᠯᠭᠠᠲᠠᠨ ᠨᠦᠭᠦᠷ᠂ ᠪᠡᠭᠡᠵᠢᠩ᠎ᠳᠤ ᠪᠠᠢᠭ᠎ᠠ ᠲᠥᠪ᠎ᠤᠨ ᠠᠵᠤ ᠠᠬᠤᠢᠯᠠᠯ᠎ᠤᠨ ᠮᠡᠳᠡᠯᠭᠡ᠎ᠶ᠋ᠢᠨ ᠥᠮᠴᠢᠯᠡᠯ᠎ᠤᠨ ᠡᠷᠬᠡ᠎ᠶ᠋ᠢᠨ ᠰᠠᠯᠠᠭ᠎ᠠ ᠮᠥᠴᠢᠷ ᠪᠣᠯᠤᠨ ᠬᠤᠯᠪᠣᠭ᠍ᠳᠠᠯ ᠪᠥᠬᠦᠶ ᠨᠡᠢᠭᠡᠮᠯᠢᠭ᠎ᠤᠨ ᠬᠠᠷᠢᠭᠤᠴᠠᠯᠭᠠᠲᠠᠨ ᠬᠤᠷᠠᠯ᠎ᠳᠤ ᠣᠷᠣᠯᠴᠠᠪᠠ᠃

 

ᠢᠷᠡᠯᠲᠡ᠄ ᠤᠯᠤᠰ᠎ᠤᠨ ᠮᠡᠳᠡᠯᠭᠡ᠎ᠶᠢᠨ ᠦᠮᠴᠢᠯᠡᠯ᠎ᠦᠨ ᠡᠷᠬᠡ᠎ᠶᠢᠨ ᠲᠤᠪᠴᠢᠶ᠎ᠠ