ᠴᠢᠨᠠᠷᠯᠢᠭ ᠪᠠᠭ᠎ᠠ ᠨᠠᠰᠤ᠎ᠶᠢ ᠵᠢᠷᠤᠭᠯᠠᠵᠤ᠂ ᠢᠷᠡᠭᠡᠳᠦᠢ᠎ᠪᠠᠨ ᠭᠡᠷᠡᠯᠲᠦᠭᠦᠯᠦᠨ᠎ᠡ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠬᠠᠮᠲᠤᠷᠠᠨ ᠰᠣᠩᠭᠤᠨ ᠮᠡᠳᠡᠭᠦᠯᠦᠭ᠌ᠰᠡᠨ 《ᠶᠠᠰᠣ ᠴᠢᠨᠠᠷ᠎ᠤᠨ ᠠᠮᠤᠷ ᠲᠦᠪᠰᠢᠨ》 ᠬᠡᠦᠬᠡᠳ᠎ᠤᠨ ᠤᠷᠠᠨ ᠵᠢᠷᠤᠭ᠎ᠤᠨ ᠪᠦᠲᠦᠭᠡᠯ᠎ᠨᠢ ᠪᠦᠬᠦ᠌ ᠤᠯᠤᠰ᠎ᠤᠨ ᠱᠢᠯᠢᠳᠡᠭ ᠪᠦᠲᠦᠭᠡᠯ᠎ᠢᠶᠠᠷ ᠦᠨᠡᠯᠡᠭᠳᠡᠵᠦ ᠥᠩᠭᠡ ᠭᠡᠷᠡᠯᠲᠡᠢ᠎ᠪᠡᠷ 《ᠶᠠᠰᠤ ᠴᠢᠨᠠᠷ᠎ᠤᠨ ᠭᠡᠷᠡᠯ》 ᠶᠠᠷᠢᠶᠠᠨ᠎ᠤ ᠲᠠᠪᠴᠠᠩ᠎ᠳᠤ ᠭᠠᠷᠪᠠ
2026-01-20

ᠣᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠪᠣᠯᠤᠨ ᠬᠥᠬᠡᠬᠤᠲᠠ᠎ᠶ᠋ᠢᠨ ᠵᠠᠯᠠᠭᠤ ᠪᠠᠭᠠᠴᠤᠳ᠎ᠤᠨ ᠠᠵᠢᠯᠯᠠᠭᠠᠨ᠎ᠤ ᠲᠥᠪ᠎ᠡᠴᠡ ᠬᠠᠮᠲᠤᠷᠠᠨ ᠲᠠᠨᠢᠯᠴᠠᠭᠤᠯᠤᠭ᠍ᠰᠠᠨ ᠵᠠᠩ ᠺᠠᠶ ᠶᠠᠩ᠂ ᠸᠠᠩ ᠠᠨ ᠴᠢ ᠵᠡᠷᠭᠡ ᠰᠣᠷᠣᠭᠴᠢ᠎ᠶᠢᠨ ᠵᠣᠬᠢᠶᠠᠨ ᠪᠦᠲᠦᠭᠡᠭ᠌ᠰᠡᠨ 《ᠶᠠᠰᠤ ᠴᠢᠨᠠᠷ᠎ᠢ ᠡᠷᠬᠢᠮᠯᠡᠨ ᠠᠮᠤᠷ ᠲᠦᠪᠱᠢᠨ᠎ᠢ ᠬᠠᠮᠠᠭᠠᠯᠠᠶ᠎ᠠ》᠂ ᠴᠢᠶᠣᠤ ᠱᠧᠨ ᠶᠠᠨ ᠰᠣᠷᠣᠭᠴᠢ᠎ᠶᠢᠨ ᠵᠣᠬᠢᠶᠠᠨ ᠪᠦᠲᠦᠭᠡᠭ᠌ᠰᠡᠨ 《ᠠᠮᠤᠭᠤᠯᠠᠩ ᠰᠠᠭᠤᠴᠠ᠎ᠶ᠋ᠢᠨ ᠨᠢᠭᠤᠴᠠ ᠲᠣᠭ᠎ᠠ》᠎ᠨᠢ ᠪᠥᠬᠦ᠌ ᠤᠯᠤᠰ᠎ᠤᠨ 6000 ᠭᠠᠷᠤᠶ ᠪᠦᠲᠦᠭᠡᠯ᠎ᠤᠨ ᠳᠣᠲᠣᠷ᠎ᠠ᠎ᠠᠴᠠ ᠴᠣᠯᠭᠤᠷᠠᠨ ᠭᠠᠷᠴᠤ᠌᠂ ᠶᠢᠰᠦᠳᠦᠭᠡᠷ ᠬᠤᠭᠤᠴᠠᠭᠠᠨ᠎ᠤ 《ᠶᠠᠰᠤ ᠴᠢᠨᠠᠷ᠎ᠤᠨ ᠠᠮᠤᠷ ᠲᠦᠪᠱᠢᠨ》 ᠪᠥᠬᠦ᠌ ᠤᠯᠤᠰ᠎ᠤᠨ ᠪᠠᠭᠠᠴᠤᠳ ᠬᠡᠤᠬᠡᠳ᠎ᠤᠨ ᠤᠷᠠᠨ ᠵᠢᠷᠤᠭ᠎ᠤᠨ ᠱᠢᠯᠢᠳᠡᠭ ᠪᠦᠲᠦᠭᠡᠯ᠎ᠢᠶᠠᠷ ᠦᠨᠡᠯᠡᠭ᠌ᠳᠡᠪᠡ᠃ ᠵᠠᠩ ᠺᠠᠶ ᠶᠠᠩ ᠱᠢᠯᠢᠳᠡᠭ ᠵᠣᠬᠢᠶᠠᠨ ᠪᠦᠲᠦᠭᠡᠭ᠌ᠴᠢ᠎ᠶ᠋ᠢᠨ ᠲᠥᠯᠥᠭᠡᠯᠡᠭᠴᠢ᠎ᠪᠠᠷ ᠤᠷᠢᠭᠳᠠᠨ ᠪᠡᠭᠡᠵᠢᠩ᠎ᠳᠤ ᠬᠦᠷᠴᠦ᠍ ᠦᠷ᠎ᠡ ᠪᠦᠲᠦᠭᠡᠯ᠎ᠤᠨ ᠦᠵᠡᠭᠦᠯᠦᠯᠭᠡ᠎ᠳᠤ ᠣᠷᠣᠯᠴᠠᠭ᠍ᠰᠠᠨ ᠪᠥᠭᠡᠳ ᠰᠠᠨᠠᠯ᠎ᠢᠶᠠᠨ ᠰᠣᠯᠢᠯᠴᠠᠨ ᠬᠤᠪᠢᠶᠠᠯᠴᠠᠪᠠ᠃ ᠦᠢᠯᠡᠳᠬᠦᠨ᠎ᠤ ᠶᠠᠰᠤ ᠴᠢᠨᠠᠷ᠎ᠲᠤ ᠬᠢᠨᠠᠯᠲᠠ ᠲᠠᠯᠪᠢᠬᠤ ᠭᠠᠵᠠᠷ᠎ᠤᠨ ᠬᠠᠷᠢᠭᠤᠴᠠᠯᠭᠠᠲᠠᠨ ᠪᠣᠯᠣᠨ ᠬᠥᠬᠡᠬᠤᠲᠠ᠎ᠶ᠋ᠢᠨ ᠵᠠᠯᠠᠭᠤ ᠪᠠᠭᠠᠴᠤᠳ᠎ᠤᠨ ᠠᠵᠢᠯᠯᠠᠭᠠᠨ᠎ᠤ ᠲᠥᠪ᠎ᠤᠨ ᠱᠢᠯᠢᠳᠡᠭ ᠪᠦᠲᠦᠭᠡᠯ᠎ᠤᠨ ᠵᠢᠯᠤᠭᠤᠳᠭᠤ ᠪᠠᠭ᠍ᠰᠢ 2025 ᠣᠨ᠎ᠤ 《ᠶᠠᠰᠤ ᠴᠢᠨᠠᠷ᠎ᠤᠨ ᠭᠡᠷᠡᠯᠲᠦ》 ᠶᠠᠷᠢᠶᠠᠨ᠎ᠤ ᠲᠠᠪᠴᠠᠩ᠎ᠤᠨ ᠶᠢᠰᠦᠳᠦᠭᠡᠷ ᠬᠤᠭᠤᠴᠠᠭᠠᠨ᠎ᠤ 《ᠶᠠᠰᠤ ᠴᠢᠨᠠᠷ᠎ᠤᠨ ᠠᠮᠤᠷ ᠲᠦᠪᠱᠢᠨ》 ᠪᠦᠬᠦ᠌ ᠤᠯᠤᠰ᠎ᠤᠨ ᠪᠠᠭᠠᠴᠤᠳ ᠬᠡᠦᠬᠡᠳ᠎ᠤᠨ ᠣᠷᠠᠨ ᠵᠢᠷᠤᠭ᠎ᠤᠨ ᠪᠦᠲᠦᠭᠡᠯ᠎ᠤᠨ ᠦᠷ᠎ᠡ ᠪᠦᠲᠦᠭᠡᠯ᠎ᠤᠨ ᠦᠵᠡᠰᠭᠦᠯᠡᠩ᠎ᠳᠤ ᠤᠷᠢᠯᠭ᠎ᠠ᠎ᠪᠠᠷ ᠣᠷᠣᠯᠴᠠᠵᠤ᠂ 《ᠶᠠᠰᠤ ᠴᠢᠨᠠᠷ᠎ᠤᠨ ᠠᠮᠤᠷ ᠲᠦᠪᠱᠢᠨ᠎ᠤ ᠪᠢᠴᠢᠬᠠᠨ ᠤᠬᠠᠭᠤᠯᠤᠭ᠍ᠴᠢ》᠎ᠳᠤ ᠳᠤᠷᠠᠰᠭᠠᠯ᠎ᠤᠨ ᠡᠳ᠋ ᠣᠯᠭᠣᠪᠠ᠃

 

 

《ᠶᠠᠰᠤ ᠴᠢᠨᠠᠷ᠎ᠤᠨ ᠠᠮᠤᠷ ᠲᠦᠪᠱᠢᠨ》 ᠪᠦᠬᠦ᠌ ᠤᠯᠤᠰ᠎ᠤᠨ ᠪᠠᠭᠠᠴᠤᠳ ᠬᠡᠤᠬᠡᠳ᠎ᠤᠨ ᠤᠷᠠᠨ ᠵᠢᠷᠤᠭ ᠵᠢᠴᠢ 《ᠶᠠᠰᠤ ᠴᠢᠨᠠᠷ᠎ᠤᠨ ᠠᠮᠤᠷ ᠳᠦᠪᠱᠢᠨ᠎ᠤ ᠪᠢᠴᠢᠬᠠᠨ ᠤᠬᠠᠭᠤᠯᠤᠭ᠍ᠴᠢ》 ᠱᠢᠯᠢᠳᠡᠭ ᠪᠦᠳᠦᠬᠡᠯ᠎ᠢ ᠤᠯᠤᠰ᠎ᠤᠨ ᠵᠠᠬ᠎ᠠ ᠳᠡᠯᠬᠡᠬᠦᠷ᠎ᠤᠨ ᠬᠢᠨᠠᠯᠳᠠ ᠬᠠᠮᠢᠶᠠᠷᠤᠯᠳᠠ᠎ᠶ᠋ᠢᠨ ᠶᠡᠷᠦᠩᠬᠡᠢ ᠳᠤᠪᠴᠢᠶ᠎ᠠ᠎ᠠᠴᠠ ᠵᠢᠯᠤᠭᠤᠳᠴᠤ᠌᠂ ᠳᠤᠮᠳᠠᠳᠤ ᠤᠯᠤᠰ᠎ᠤᠨ ᠶᠠᠰᠤ ᠴᠢᠨᠠᠷ᠎ᠤᠨ ᠰᠤᠨᠢᠨ ᠰᠡᠳᠬᠦᠯ᠎ᠤᠨ ᠬᠤᠷᠢᠶ᠎ᠠ᠎ᠠᠴᠠ ᠪᠦᠬᠦ᠌ ᠤᠯᠤᠰ᠎ᠤᠨ ᠬᠡᠪᠴᠢᠶᠡᠨ᠎ᠳᠤ ᠱᠢᠯᠭᠠᠷᠠᠭᠤᠯᠤᠭ᠍ᠰᠠᠨ᠂ ᠵᠤᠷᠢᠯᠭ᠎ᠠ ᠨᠢ 《ᠶᠠᠰᠤ ᠴᠢᠨᠠᠷ᠎ᠤᠨ ᠬᠦᠴᠦᠷᠬᠡᠭ ᠤᠯᠤᠰ᠎ᠢ ᠨᠢᠯᠬ᠎ᠠ ᠬᠡᠦᠬᠡᠳ᠎ᠠᠴᠠ ᠡᠬᠢᠯᠡᠬᠦ》 ᠤᠢ᠍ᠢᠯᠠᠭᠠᠭ᠍ᠳᠠᠬᠤᠨ᠎ᠢ ᠪᠠᠳᠠᠷᠠᠭᠤᠯᠤᠨ᠂ ᠶᠠᠰᠤ ᠴᠢᠨᠠᠷ᠎ᠤᠨ ᠰᠤᠶᠤᠯ᠎ᠢ ᠪᠤᠢᠵᠢᠭᠤᠯᠤᠨ᠂ ᠱᠢᠯᠢᠳᠡᠭ ᠬᠡᠤᠬᠡᠳ᠎ᠤᠨ ᠤᠷᠠᠨ ᠵᠢᠷᠤᠭ᠎ᠤᠨ ᠪᠦᠳᠦᠬᠡᠯ᠎ᠢ ᠳᠡᠯᠬᠡᠨ ᠦᠵᠡᠬᠦᠯᠬᠦ᠌᠎ᠪᠠᠷ ᠳᠠᠮᠵᠢᠨ᠂ ᠪᠦᠬᠦ᠌ ᠤᠯᠤᠰ᠎ᠲᠤ ᠬᠦᠮᠦᠨ ᠪᠦᠬᠦᠨ ᠶᠠᠰᠤ ᠴᠢᠨᠠᠷ᠎ᠤᠨ ᠠᠮᠤᠷ ᠳᠦᠪᠱᠢᠨ᠎ᠢ ᠬᠠᠯᠠᠮᠵᠢᠯᠠᠬᠤ ᠵᠢᠱ᠌ᠢᠶ᠎ᠡ ᠦᠵᠡᠬᠦᠯᠬᠦ᠌ ᠦᠢᠯᠡᠳᠦᠯ᠎ᠢ ᠪᠦᠷᠢᠯᠳᠦᠬᠦᠯᠬᠦ᠌᠎ᠳᠤ ᠪᠣᠢ᠃ ᠱᠢᠯᠢᠳᠡᠭ ᠪᠦᠲᠦᠭᠡᠯ᠎ᠢᠶᠠᠷ ᠦᠨᠡᠯᠡᠭ᠌ᠳᠡᠭ᠌ᠰᠡᠨ ᠨᠢ ᠬᠡᠦᠬᠡᠳ᠎ᠤᠨ ᠶᠠᠰᠤ ᠴᠢᠨᠠᠷ᠎ᠤᠨ ᠲᠤᠬᠠᠢ ᠶᠢᠷᠲᠢᠨᠴᠦ᠍᠎ᠶ᠋ᠢᠨ ᠥᠪᠡᠷᠮᠢᠴᠡ ᠲᠠᠢᠯᠤᠮᠵᠢ ᠪᠣᠯᠬᠤ᠎ᠪᠠᠷ ᠪᠠᠷᠠᠬᠤ ᠦᠭᠡᠢ᠂ ᠨᠡᠩ ᠴᠤ᠌ ᠶᠠᠰᠤ ᠴᠢᠨᠠᠷ᠎ᠤᠨ ᠠᠮᠤᠷ ᠲᠦᠪᠱᠢᠨ᠎ᠤ ᠣᠢᠯᠠᠭᠠᠭ᠍ᠳᠠᠬᠤᠨ᠎ᠢ ᠵᠠᠯᠠᠭᠤ ᠪᠠᠭᠠᠴᠤᠳ᠎ᠤᠨ ᠰᠡᠳᠭᠢᠯ᠎ᠳᠤ ᠦᠨᠳᠦᠰᠦᠯᠡᠭᠦᠯᠦᠭ᠌ᠰᠡᠨ ᠠᠮᠢᠳᠤᠯᠢᠭ ᠭᠡᠷᠡᠴᠢ ᠪᠣᠯᠤᠨ᠎ᠠ᠃

 

 

ᠬᠡᠤᠬᠡᠳ ᠰᠤᠷᠤᠭ᠍ᠴᠢᠳ᠎ᠤᠨ ᠬᠡᠷᠡᠭ᠌ᠰᠡᠯ᠎ᠤᠨ ᠶᠠᠰᠤ ᠴᠢᠨᠠᠷ᠎ᠤᠨ ᠠᠮᠤᠷ ᠲᠦᠪᠱᠢᠨ᠎ᠨᠢ ᠬᠤᠢᠴᠢ ᠦᠶ᠎ᠡ᠎ᠶ᠋ᠢᠨ ᠡᠷᠡᠭᠦᠯ᠎ᠢᠶᠠᠷ ᠦᠰᠦᠨ ᠪᠤᠢᠵᠢᠬᠤ᠎ᠲᠠᠢ ᠱᠢᠭᠤᠳ ᠬᠤᠯᠪᠣᠭ᠍ᠳᠠᠵᠤ᠂ ᠦᠢ ᠣᠯᠠᠨ ᠭᠡᠷ ᠪᠦᠯᠢ᠎ᠶ᠋ᠢᠨ ᠵᠣᠯ ᠵᠢᠷᠭᠠᠯ ᠠᠮᠤᠷ ᠠᠮᠤᠭᠤᠯᠠᠩ᠎ᠲᠠᠢ ᠬᠣᠯᠪᠣᠭᠳᠠᠨ᠎ᠠ᠃ ᠣᠢᠷ᠎ᠠ᠎ᠶᠢᠨ ᠵᠢᠯ᠎ᠤᠨ ᠲᠤᠷᠰᠢ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠤᠨ ᠲᠢᠩᠬᠢᠮ᠂ ᠳᠣᠲᠣᠭᠠᠳᠤ᠎ᠶ᠋ᠢ ᠬᠠᠮᠠᠭᠠᠯᠠᠬᠤ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠲᠢᠩᠬᠢᠮ᠂ ᠡᠮᠡᠭ᠌ᠲᠡᠢᠴᠦᠳ᠎ᠤᠨ ᠵᠥᠪᠯᠡᠯ᠂ ᠡᠮᠡᠭ᠌ᠲᠡᠢᠴᠦᠳ᠎ᠤᠨ ᠬᠤᠯᠪᠣᠭ᠎ᠠ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠬᠡᠤᠬᠡᠳ ᠰᠤᠷᠤᠭ᠍ᠴᠢᠳ᠎ᠤᠨ ᠬᠡᠷᠡᠭ᠌ᠰᠡᠯ᠎ᠤᠨ ᠶᠠᠰᠤ ᠴᠢᠨᠠᠷ᠎ᠤᠨ ᠠᠮᠤᠷ ᠲᠦᠪᠱᠢᠨ᠎ᠢ ᠬᠠᠮᠠᠭᠠᠯᠠᠬᠤ ᠠᠵᠢᠯᠯᠠᠭ᠎ᠠ᠎ᠶ᠋ᠢ ᠥᠷᠨᠢᠭᠦᠯᠵᠦ᠍᠂ ᠬᠡᠤᠬᠡᠳ ᠰᠤᠷᠤᠭ᠍ᠴᠢᠳ᠎ᠤᠨ 《ᠰᠤᠷᠤᠯᠴᠠᠬᠤ᠂ ᠨᠠᠭᠠᠳᠭᠤ᠂ ᠡᠮᠦᠰᠭᠦ᠂ ᠬᠡᠷᠡᠭ᠌ᠯᠡᠬᠦ᠂ ᠶᠠᠪᠤᠬᠤ》 ᠪᠥᠬᠦ᠌ ᠠᠬᠤᠢ ᠪᠠᠢ᠌ᠳᠡᠯ᠎ᠤᠨ ᠠᠮᠤᠷ ᠲᠦᠪᠱᠢᠨ᠎ᠤ ᠬᠡᠷᠡᠭ᠌ᠴᠡᠭᠡ ᠱᠠᠭᠠᠷᠳᠠᠯᠭ᠎ᠠ᠎ᠳᠤ ᠠᠩᠬᠠᠷᠤᠯ᠎ᠢᠶᠠᠨ ᠲᠦᠪᠯᠡᠷᠡᠭᠦᠯᠵᠦ᠂ ᠦᠢᠯᠡᠳᠬᠦᠨ᠎ᠤ ᠶᠠᠰᠤ ᠴᠢᠨᠠᠷ᠎ᠤᠨ ᠲᠦᠭ᠌ᠰᠢᠭᠦᠷᠢ᠎ᠶ᠋ᠢᠨ ᠳᠠᠯᠳᠠ ᠬᠡᠮ᠎ᠢ ᠵᠢᠭ᠍ᠰᠠᠭᠠᠨ ᠪᠠᠢᠴᠠᠭᠠᠬᠤ᠎ᠶ᠋ᠢ ᠵᠣᠬᠢᠶᠠᠨ ᠪᠠᠢᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠭᠤᠷᠬᠢ ᠪᠥᠬᠦ᠌ ᠬᠡᠯᠬᠢᠶ᠎ᠡ᠎ᠶ᠋ᠢ ᠴᠣᠭ᠍ᠴᠠᠵᠢᠭᠤᠯᠤᠨ ᠬᠢᠨᠠᠯᠲᠠ ᠲᠠᠯᠪᠢᠨ ᠰᠤᠭᠤᠯᠤᠨ ᠪᠠᠢᠴᠠᠭᠠᠬᠤ ᠪᠠ ᠲᠦᠭ᠌ᠰᠢᠭᠦᠷᠢ᠎ᠶ᠋ᠢ ᠬᠢᠨᠠᠨ ᠬᠡᠮᠵᠢᠬᠦ᠌ ᠡᠷᠴᠢᠮ᠎ᠢ ᠴᠢᠩᠭᠠᠷᠠᠭᠤᠯᠤᠨ᠂ ᠶᠠᠰᠤ ᠴᠢᠨᠠᠷ᠎ᠤᠨ ᠬᠠᠤᠯᠢ ᠲᠣᠭ᠍ᠲᠠᠭᠠᠯ᠎ᠠᠴᠠ ᠵᠥᠷᠢᠴᠡᠭ᠌ᠰᠡᠨ ᠦᠶ᠋ᠯᠡ ᠠᠵᠢᠯᠯᠠᠭ᠎ᠠ᠎ᠳᠤ ᠬᠦᠨᠳᠦ ᠴᠣᠬᠢᠯᠲᠠ ᠥᠭ᠌ᠪᠡ᠃ ᠡᠭᠦᠨ᠎ᠤ ᠬᠠᠮᠲᠤ ᠣᠯᠠᠨ ᠬᠡᠯᠪᠡᠷᠢ ᠶᠠᠩᠵᠤ᠎ᠶᠢᠨ ᠶᠠᠰᠤ ᠴᠢᠨᠠᠷ᠎ᠤᠨ ᠠᠮᠤᠷ ᠲᠦᠪᠱᠢᠨ᠎ᠤ ᠤᠬᠠᠭᠤᠯᠭ᠎ᠠ ᠬᠥᠮᠦᠵᠢᠯ ᠪᠠ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠠᠵᠢᠯᠯᠠᠭ᠎ᠠ᠎ᠶ᠋ᠢ ᠥᠷᠨᠢᠭᠦᠯᠵᠦ᠍᠂ ᠬᠡᠷᠡᠭ᠌ᠯᠡᠭᠡᠨ᠎ᠤ ᠰᠠᠨᠠᠭᠤᠯᠤᠮᠵᠢ ᠪᠠ ᠲᠦᠭ᠌ᠰᠢᠭᠦᠷᠢ᠎ᠶ᠋ᠢᠨ ᠰᠡᠷᠡᠮᠵᠢᠯᠡᠭᠦᠯᠦᠯ᠎ᠢ ᠨᠡᠢ᠌ᠲᠡᠯᠡᠵᠦ᠂ ᠶᠢᠰᠦᠳᠦᠭᠡᠷ ᠬᠤᠭᠤᠴᠠᠭᠠᠨ᠎ᠤ 《ᠶᠠᠰᠤ ᠴᠢᠨᠠᠷ᠎ᠤᠨ ᠠᠮᠤᠷ ᠲᠦᠪᠱᠢᠨ》 ᠪᠥᠬᠦ᠌ ᠤᠯᠤᠰ᠎ᠤᠨ ᠪᠠᠭᠠᠴᠤᠳ ᠬᠡᠤᠬᠡᠳ᠎ᠤᠨ ᠤᠷᠠᠨ ᠵᠢᠷᠤᠭ᠎ᠤᠨ ᠠᠵᠢᠯᠯᠠᠭ᠎ᠠ ᠵᠢᠴᠢ 《ᠶᠠᠰᠤ ᠴᠢᠨᠠᠷ᠎ᠤᠨ ᠠᠮᠤᠷ ᠲᠦᠪᠱᠢᠨ᠎ᠤ ᠪᠢᠴᠢᠬᠠᠨ ᠤᠬᠠᠭᠤᠯᠤᠭ᠍ᠴᠢ》 ᠥᠪᠥᠷ ᠮᠣᠩᠭᠤᠯ᠎ᠤᠨ ᠭᠤᠤᠯ ᠲᠠᠯᠠᠪᠤᠷ᠎ᠤᠨ ᠤᠬᠠᠭᠤᠯᠭ᠎ᠠ᠎ᠶ᠋ᠢ ᠳᠠᠭᠠᠭᠠᠴᠢᠯᠠᠨ ᠡᠷᠭᠢᠯᠡᠵᠦ᠍᠂ ᠨᠡᠢᠲᠡᠯᠢᠭ ᠬᠡᠷᠡᠭ᠎ᠤᠨ ᠵᠢᠱ᠌ᠢᠶ᠎ᠡ᠎ᠶ᠋ᠢ ᠵᠠᠳᠠᠯᠬᠤ᠂ ᠲᠤᠷᠱᠢᠯᠲᠠ᠎ᠶ᠋ᠢᠨ ᠲᠠᠰᠤᠭ᠎ᠤᠨ ᠱᠢᠯᠭᠠᠨ ᠪᠠᠢᠴᠠᠭᠠᠵᠤ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠵᠡᠷᠭᠡ ᠬᠡᠯᠪᠡᠷᠢ᠎ᠪᠠᠷ ᠳᠠᠮᠵᠢᠭᠤᠯᠤᠨ᠂ ᠬᠡᠷ᠎ᠤᠨ ᠠᠬᠠᠮᠠᠳ ᠪᠠ ᠰᠤᠷᠤᠭ᠍ᠴᠢᠳ᠎ᠲᠤ ᠦᠢᠯᠡᠳᠬᠦᠨ᠎ᠤ ᠶᠠᠰᠤ ᠴᠢᠨᠠᠷ᠎ᠤᠨ ᠠᠮᠤᠷ ᠲᠦᠪᠱᠢᠨ᠎ᠤ ᠮᠡᠳᠡᠯᠭᠡ᠎ᠶ᠋ᠢ ᠲᠦᠭᠡᠮᠡᠯᠵᠢᠭᠦᠯᠵᠦ᠍᠂ ᠬᠡᠷ ᠪᠦᠯᠢ ᠪᠠ ᠰᠤᠷᠭᠠᠭᠤᠯᠢ ᠨᠡᠢᠭᠡᠮ ᠬᠠᠮᠲᠤᠷᠠᠨ ᠬᠥᠮᠦᠵᠢᠭᠦᠯᠬᠦ᠌ 《ᠰᠤᠷᠭᠠᠨ ᠬᠥᠮᠦᠵᠢᠯ᠎ᠤᠨ ᠬᠤᠯᠪᠣᠭᠠᠲᠤ ᠴᠣᠭ᠍ᠴᠠ》᠎ᠶ᠋ᠢᠨ ᠪᠥᠲᠥᠭᠡᠨ ᠪᠠᠢᠭᠤᠯᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ 《ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ + ᠦᠶ᠋ᠯᠡᠳᠦᠯᠭᠡ + ᠤᠷᠠᠯᠢᠭ》᠎ᠤᠨ ᠶᠠᠰᠤ ᠴᠢᠨᠠᠷ᠎ᠤᠨ ᠠᠮᠤᠷ ᠲᠦᠪᠱᠢᠨ᠎ᠤ ᠰᠤᠷᠭ᠋ᠠᠨ ᠬᠥᠮᠦᠵᠢᠯ᠎ᠤᠨ ᠤᠬᠠᠭᠤᠯᠭ᠎ᠠ᠎ᠶ᠋ᠢᠨ ᠲᠠᠪᠴᠠᠩ᠎ᠢ ᠱᠢᠨ᠎ᠡ᠎ᠶ᠋ᠢ ᠡᠭᠦᠳᠦᠨ ᠪᠠᠢᠭᠤᠯᠵᠤ᠂ ᠶᠠᠰᠤ ᠴᠢᠨᠠᠷ᠎ᠤᠨ ᠠᠮᠤᠷ ᠲᠦᠪᠱᠢᠨ᠎ᠤ ᠰᠤᠷᠭ᠋ᠠᠨ ᠬᠥᠮᠦᠵᠢᠯ᠎ᠢ ᠨᠠᠩ ᠣᠯᠠᠨ ᠰᠤᠷᠭᠠᠭᠤᠯᠢ᠎ᠶ᠋ᠢᠨ ᠬᠦᠷᠢᠶᠡᠨ᠎ᠳᠤ ᠣᠷᠣᠭᠤᠯᠵᠤ᠂ ᠡᠳᠦᠷ ᠲᠤᠲᠤᠮ᠎ᠤᠨ ᠠᠮᠢᠳᠤᠷᠠᠯ᠎ᠳᠤ ᠠᠭᠤᠰᠣᠯᠴᠠᠭᠤᠯᠵᠦ᠂ ᠡᠯ᠎ᠡ ᠲᠠᠯ᠎ᠠ᠎ᠶ᠋ᠢᠨ ᠬᠦᠴᠦᠨ᠎ᠢ ᠨᠢᠭ᠍ᠲᠠᠷᠠᠭᠤᠯᠤᠨ ᠪᠠᠭᠠᠴᠤᠳ ᠬᠡᠤᠬᠡᠳ᠎ᠤᠨ ᠠᠮᠤᠷ ᠲᠦᠪᠱᠢᠨ᠎ᠢ ᠬᠠᠮᠠᠭ᠋ᠠᠯᠠᠬᠤ ᠬᠠᠯᠬᠠᠪᠴᠢ᠎ᠶ᠋ᠢ ᠬᠠᠮᠲᠤ᠎ᠪᠠᠷ ᠪᠠᠢ᠌ᠭᠤᠯᠤᠨ᠎ᠠ᠃

 

ᠢᠷᠡᠯᠲᠡ᠄ ᠶᠠᠰᠤ ᠴᠢᠨᠠᠷ᠎ᠦᠨ ᠬᠢᠨᠠᠯᠲᠠ ᠬᠠᠮᠢᠶᠠᠷᠤᠯᠲᠠ᠎ᠶᠢᠨ ᠭᠠᠵᠠᠷ