ᠤᠯᠤᠰ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ᠎ᠠᠴᠠ ᠥᠪᠡᠷᠲᠡᠭᠡᠨ ᠵᠠᠰᠠᠬᠤ ᠣᠷᠣᠨ᠎ᠤ ᠦᠢᠯᠡᠳᠬᠦᠨ᠎ᠤ ᠶᠠᠰᠤ ᠴᠢᠨᠠᠷ᠎ᠢ ᠱᠢᠯᠭᠠᠨ ᠪᠠᠢᠴᠠᠭᠠᠬᠤ ᠰᠤᠳᠤᠯᠭᠠᠨ᠎ᠤ ᠬᠦᠷᠢᠶᠡᠯᠡᠩ᠎ᠳᠤ ᠲᠦᠱᠢᠭ᠌ᠯᠡᠨ ᠤᠯᠤᠰ᠎ᠤᠨ ᠬᠡᠮᠵᠢᠯᠲᠡ᠎ᠶ᠋ᠢᠨ ᠪᠠᠭᠠᠵᠢ ᠬᠡᠷᠡᠭ᠌ᠰᠡᠯ᠎ᠤᠨ ᠵᠥᠭᠡᠯᠡᠨ ᠲᠣᠨᠣᠭ᠎ᠢ ᠬᠡᠮᠵᠢᠨ ᠲᠣᠭ᠍ᠲᠠᠭᠠᠬᠤ ᠬᠡᠮᠵᠢᠯᠲᠡ᠎ᠶ᠋ᠢᠨ ᠥᠷᠲᠡᠭᠡ (ᠥᠪᠥᠷ ᠮᠣᠩᠭᠤᠯ)᠎ᠶᠢ ᠪᠡᠯᠡᠳᠭᠡᠨ ᠪᠠᠢᠭᠤᠯᠬᠤ᠎ᠶ᠋ᠢ ᠵᠥᠪᠱᠢᠶᠡᠷᠡᠵᠦ᠍᠂ ᠤᠯᠤᠰ᠎ᠤᠨ ᠲᠠᠰ᠎ᠤᠨ ᠬᠡᠮᠵᠢᠯᠲᠡ᠎ᠶ᠋ᠢᠨ ᠪᠠᠭᠠᠵᠢ ᠬᠡᠷᠡᠭ᠌ᠰᠡᠯ᠎ᠤᠨ ᠵᠥᠭᠡᠯᠡᠨ ᠲᠣᠨᠣᠭ᠎ᠢ ᠬᠡᠮᠵᠢᠨ ᠲᠣᠭ᠍ᠲᠠᠭᠠᠬᠤ ᠮᠡᠷᠭᠡᠵᠢᠯ᠎ᠤᠨ ᠪᠠᠢᠭᠤᠯᠤᠮᠵᠢ ᠪᠣᠯᠤᠭ᠍ᠰᠠᠨ᠎ᠤ ᠬᠤᠪᠢ᠎ᠳᠤ᠂ ᠲᠣᠰ ᠥᠷᠲᠡᠭᠡ᠎ᠶᠢᠨ ᠪᠠᠢ᠌ᠭᠤᠯᠬᠤ᠎ᠶᠢᠨ ᠵᠥᠪᠰᠢᠶᠡᠷᠡᠯ᠎ᠢ ᠬᠦᠷᠲᠡᠭᠰᠡᠨ᠎ᠨᠢ ᠬᠡᠮᠵᠢᠯᠲᠡ᠎ᠶ᠋ᠢᠨ ᠪᠠᠭᠠᠵᠢ ᠬᠡᠷᠡᠭ᠌ᠰᠡᠯ᠎ᠤᠨ ᠵᠥᠭᠡᠯᠡᠨ ᠲᠣᠨᠣᠭ᠎ᠤᠨ ᠬᠡᠮᠵᠢᠨ ᠲᠣᠭ᠍ᠲᠠᠭᠠᠬᠤ ᠲᠤᠭᠲᠠᠯᠴᠠᠭ᠎ᠠ᠎ᠶᠢ ᠪᠠᠢᠭᠤᠯᠬᠤ᠎ᠳᠤ ᠲᠤᠰᠠ ᠲᠠᠢ ᠪᠠᠢ᠌ᠵᠤ᠂ ᠲᠣᠰᠣ ᠨᠡᠮᠡᠬᠦ᠌ ᠮᠠᠱᠢᠨ ᠵᠡᠷᠭᠡ ᠬᠡᠮᠵᠢᠯᠲᠡ᠎ᠶ᠋ᠢᠨ ᠪᠠᠭᠠᠵᠢ ᠬᠡᠷᠡᠭ᠌ᠰᠡᠯ᠎ᠤᠨ ᠵᠥᠭᠡᠯᠡᠨ ᠲᠣᠨᠣᠭ᠎ᠤᠨ ᠬᠡᠮ ᠬᠢᠬᠦ᠌᠎ᠶ᠋ᠢ ᠡᠰᠡᠷᠭᠦᠴᠡᠬᠦ᠌ ᠴᠢᠳᠠᠪᠤᠷᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠪᠠ᠃
ᠣᠢᠷ᠎ᠠ᠎ᠶ᠋ᠢᠨ ᠵᠢᠯ᠎ᠳᠦ᠂ ᠥᠪᠡᠷᠲᠡᠭᠡᠨ ᠵᠠᠰᠠᠬᠤ ᠣᠷᠣᠨ᠎ᠤ ᠦᠢᠯᠡᠳᠬᠦᠨ᠎ᠤ ᠶᠠᠰᠤ ᠴᠢᠨᠠᠷ᠎ᠢ ᠱᠢᠯᠭᠠᠨ ᠪᠠᠢᠴᠠᠭᠠᠬᠤ ᠰᠤᠳᠤᠯᠭᠠᠨ᠎ᠤ ᠬᠦᠷᠢᠶᠡᠯᠡᠩ᠎ᠡᠴᠡ ᠲᠣᠰᠣ ᠨᠡᠮᠡᠬᠦ᠌ ᠮᠠᠱᠢᠨ᠎ᠤ ᠬᠡᠮᠵᠢᠯᠲᠡ᠎ᠶ᠋ᠢᠨ ᠵᠥᠭᠡᠯᠡᠨ ᠲᠣᠨᠣᠭ᠎ᠢ ᠬᠡᠮᠵᠢᠨ ᠲᠤᠭᠲᠠᠭ᠋ᠠᠬᠤ ᠮᠡᠷᠭᠡᠵᠢᠯ᠎ᠦᠨ ᠰᠤᠳᠤᠯᠤᠨ ᠨᠡᠭᠡᠬᠡᠯᠲᠡ᠎ᠳᠦ ᠦᠷᠭᠦᠯᠵᠢᠯᠡᠨ ᠭᠦᠨᠵᠡᠭᠡᠢ᠌ᠷᠡᠵᠦ᠂ ᠡᠩ ᠲᠡᠷᠢᠭᠦᠨ᠎ᠳᠦ ᠲᠣᠰᠣ ᠨᠡᠮᠡᠬᠦ᠌ ᠮᠠᠱᠢᠨ᠎ᠤ ᠬᠡᠮᠵᠢᠯᠲᠡ᠎ᠶ᠋ᠢᠨ ᠵᠥᠭᠡᠯᠡᠨ ᠲᠣᠨᠣᠭ᠎ᠤᠨ ᠬᠡᠮ ᠬᠢᠬᠦ᠌᠎ᠶ᠋ᠢ ᠬᠢᠨᠠᠨ ᠲᠣᠭ᠍ᠲᠠᠭᠠᠬᠤ ᠵᠠᠩᠭᠢᠯᠠᠭ᠎ᠠ᠎ᠶ᠋ᠢᠨ ᠮᠡᠷᠭᠡᠵᠢᠯ᠎ᠢ ᠱᠢᠪᠲᠤᠯᠵᠤ᠂ ᠨᠢᠭᠡᠨᠲᠡ ᠪᠥᠬᠦ᠌ ᠤᠯᠤᠰ᠎ᠤᠨ ᠵᠠᠭᠤ ᠭᠠᠷᠤᠶ ᠬᠤᠲᠠ᠎ᠳᠤ ᠮᠡᠷᠭᠡᠵᠢᠯ᠎ᠤᠨ ᠳᠡᠮᠵᠢᠯᠭᠡ ᠬᠠᠩᠭᠠᠵᠤ᠂ 800 ᠭᠠᠷᠤᠶ ᠲᠣᠰᠣ ᠨᠡᠮᠡᠬᠦ᠌ ᠮᠠᠱᠢᠨ᠎ᠤ ᠬᠡᠮᠵᠢᠯᠲᠡ᠎ᠶ᠋ᠢᠨ ᠬᠡᠮ ᠬᠢᠭ᠌ᠰᠡᠨ ᠬᠡᠷᠡᠭ᠎ᠢ ᠬᠠᠮᠵᠢᠵᠦ ᠪᠠᠢᠴᠠᠭᠠᠨ ᠱᠢᠶ᠋ᠳᠪᠦᠷᠢᠯᠡᠵᠦ᠍᠂ ᠵᠢᠩ ᠯᠠᠩ ᠳᠤᠲᠠᠬᠤ᠂ ᠭᠠᠢᠯᠢ ᠰᠦᠢᠳᠭᠡᠯ᠎ᠢ ᠳᠠᠷᠤᠵᠤ ᠠᠴᠠ ᠵᠠᠢ᠌ᠯᠠᠬᠤ᠂ ᠨᠡᠢ᠌ᠭᠡᠮ᠎ᠦᠨ ᠵᠢᠵᠢᠭᠯᠡᠨ ᠬᠤᠳᠠᠯᠳᠤᠬᠤ ᠠᠬᠤᠢ᠌ᠯᠠᠯ᠎ᠢ ᠪᠦᠷᠢᠳᠬᠡᠬᠦ ᠲᠣᠭᠲᠠᠯᠴᠠᠭ᠎ᠠ᠎ᠳᠤ ᠣᠷᠣᠭᠤᠯᠬᠤ ᠵᠡᠷᠭᠡ ᠲᠠᠯ᠎ᠠ᠎ᠪᠠᠷ ᠢᠯᠡᠳᠲᠡ ᠦᠷ᠎ᠡ ᠪᠦᠲᠦᠮᠵᠢ ᠤᠯᠪᠠ᠃