2025ᠣᠨ᠎ᠳᠤ ᠥᠭᠡᠷᠡᠴᠢᠯᠡᠯᠲᠡ᠎ᠪᠠᠷ ᠵᠠᠮ ᠨᠡᠭᠡᠭᠡᠵᠦ᠍ ᠱᠢᠨ᠎ᠡ᠎ᠶ᠋ᠢ ᠡᠭᠦᠳᠬᠦ᠌᠎ᠪᠠᠷ ᠬᠦᠴᠢᠷᠳᠡᠯ᠎ᠡᠴᠡ ᠰᠢᠪᠲᠤᠯᠪᠠ
2026-01-23

 

 

2025 ᠣᠨ᠎ᠳᠤ᠂ ᠪᠥᠬᠦ᠌ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠱᠢᠰᠲ᠋ᠧᠮ ᠨᠢ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ᠎ᠳᠦᠮᠳᠠᠳᠤ᠎ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠣᠯᠭ᠎ᠠ ᠪᠣᠯᠭ᠋ᠠᠨ᠂ 《ᠬᠤᠶᠠᠷ ᠬᠠᠯᠬᠠᠪᠴᠢ》᠂ 《ᠬᠤᠶᠠᠷ ᠰᠠᠭᠤᠷᠢᠨ ᠭᠠᠵᠠᠷ》᠂ 《ᠨᠢᠭᠡ ᠪᠠᠬᠢᠯᠡᠯᠲᠡ》᠎ᠶ᠋ᠢ ᠪᠥᠲᠥᠭᠡᠨ ᠪᠠᠢᠭᠤᠯᠬᠤ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢᠨ ᠲᠣᠭᠤᠷᠢᠨ᠎ᠳᠤ᠂ ᠳᠦᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠤᠨ ᠪᠡᠬᠢᠵᠢᠭᠦᠯᠦᠯᠲᠡ᠎ᠶ᠋ᠢ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠪᠥᠬᠦ᠌ ᠶᠠᠪᠤᠴᠠ᠂ ᠡᠯ᠎ᠡ ᠲᠠᠯ᠎ᠠ᠎ᠳᠤ ᠨᠡᠪᠲᠡᠷᠡᠭᠦᠯᠵᠦ᠂ ᠥᠭᠡᠷᠡᠴᠢᠯᠡᠯᠲᠡ᠎ᠪᠠᠷ ᠵᠠᠮ ᠨᠡᠭᠡᠭᠡᠵᠦ᠍᠂ ᠱᠢᠨ᠎ᠡ᠎ᠶ᠋ᠢ ᠡᠭᠦᠳᠬᠦ᠌᠎ᠪᠠᠷ ᠪᠠᠢᠳᠠᠯ᠎ᠢ ᠡᠪᠳᠡᠨ᠂ 《ᠪᠡᠶ᠎ᠡ᠎ᠶ᠋ᠢᠨ ᠪᠠᠢᠴᠠᠭᠠᠯᠲᠠ᠎ᠶ᠋ᠢᠨ ᠬᠡᠯᠪᠡᠷᠢ᠎ᠶ᠋ᠢᠨ ᠬᠢᠨᠠᠯᠲᠠ ᠬᠠᠮᠢᠶᠠᠷᠤᠯᠲᠠ᠂ ᠦᠢᠯᠡᠴᠢᠯᠡᠭᠡᠨ᠎ᠤ ᠬᠡᠯᠪᠡᠷᠢ᠎ᠶ᠋ᠢᠨ ᠬᠠᠤᠯᠢ ᠬᠡᠷᠡᠭ᠌ᠵᠢᠭᠦᠯᠦᠯᠲᠡ》᠎ᠶ᠋ᠢ ᠭᠦᠨᠵᠡᠭᠡᠢ᠌ᠷᠡᠭᠦᠯᠦᠨ ᠠᠬᠢᠭᠤᠯᠵᠤ᠂ ᠬᠤᠳᠠᠯᠳᠤᠭ᠎ᠠ ᠡᠵᠡᠩᠨᠡᠯᠲᠡ᠎ᠶᠢᠨ ᠣᠷᠴᠢᠨ ᠨᠥᠬᠦᠴᠡᠯ᠎ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠵᠠᠬ᠎ᠠ ᠳᠡᠯᠭᠡᠭᠦᠷ᠎ᠤᠨ ᠠᠵᠢᠯᠯᠠᠭᠠᠨ᠎ᠢ ᠨᠠᠩ ᠵᠢᠷᠤᠮᠵᠢᠭᠤᠯᠤᠨ᠂ ᠵᠠᠬ᠎ᠠ ᠳᠡᠯᠭᠡᠭᠦᠷ᠎ᠤᠨ ᠡᠷᠭᠢᠯᠲᠡ᠎ᠶ᠋ᠢ ᠪᠦᠲᠦᠮᠵᠢᠲᠡᠶ ᠨᠡᠪᠲᠡᠷᠡᠭᠦᠯᠵᠦ᠂ ᠶᠠᠰᠤ ᠴᠢᠨᠠᠷ᠎ᠤᠨ ᠲᠤᠯᠭᠠᠭᠤᠷᠢᠯᠠᠯ᠎ᠢ ᠢᠯᠡᠳᠲᠡ ᠴᠢᠩᠭ᠋ᠠᠳᠬᠠᠵᠤ᠂ ᠮᠡᠳᠡᠯᠭᠡ᠎ᠶ᠋ᠢᠨ ᠥᠮᠴᠢᠯᠡᠯ᠎ᠦᠨ ᠡᠷᠬᠡ᠎ᠶ᠋ᠢᠨ ᠬᠦᠴᠦᠨ ᠣᠯᠭᠣᠯᠲᠠ᠎ᠶᠢ ᠲᠦᠷᠭᠡᠳᠭᠡᠨ ᠳᠡᠭᠡᠭ᠌ᠰᠢᠯᠡᠭᠦᠯᠵᠦ᠍᠂ ᠠᠮᠤᠷ ᠲᠦᠪᠱᠢᠨ᠎ᠤ ᠬᠢᠨᠠᠯᠲᠠ ᠬᠠᠮᠢᠶᠠᠷᠤᠯᠲᠠ᠎ᠶ᠋ᠢ ᠦᠷᠭᠦᠯᠵᠢᠯᠡᠨ ᠴᠢᠩᠭᠠᠳᠭᠠᠵᠤ᠂ ᠨᠢᠭᠡ ᠪᠦᠯᠦᠭ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ᠍ ᠪᠣᠯᠬᠤ ᠱᠢᠨ᠎ᠡ᠎ᠶ᠋ᠢ ᠡᠭᠦᠳᠬᠦ᠌ ᠦᠢᠯᠡᠳᠦᠯᠭᠡ ᠢᠯᠡᠷᠡᠨ ᠭᠠᠷᠴᠤ᠌᠂ 《ᠬᠢᠪᠡᠯ ᠳᠠᠭᠤᠰᠲᠠᠯ᠎ᠠ ᠬᠢᠬᠦ᠂ ᠬᠢᠪᠡᠯ ᠰᠠᠢᠲᠤᠷ ᠬᠢᠬᠦ᠌》 ᠡᠷᠡᠯᠬᠡᠭ᠌ᠯᠡᠨ ᠣᠷᠣᠭᠰᠢᠯᠠᠬᠤ ᠬᠦᠴᠦᠨ ᠦᠷᠬᠦᠯᠵᠢᠯᠡᠨ ᠬᠠᠯᠬᠢᠯᠠᠵᠦ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠡᠭᠦᠰᠭᠡᠯ᠎ᠤᠨ ᠬᠠᠭᠤᠳᠠᠰᠤ᠎ᠶ᠋ᠢ ᠲᠡᠭᠦᠰ ᠠᠮᠵᠢᠯᠲᠠ᠎ᠲᠠᠢ ᠲᠤᠱᠢᠶᠠᠪᠠ᠃

《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶ᠋ᠢᠨ ᠡᠬᠢᠯᠡᠯᠲᠡ᠎ᠶ᠋ᠢᠨ ᠵᠠᠩᠭᠢᠯᠠᠭ᠎ᠠ᠎ᠶ᠋ᠢᠨ ᠴᠡᠭ᠎ᠲᠤ ᠵᠣᠭ᠍ᠰᠣᠵᠤ᠂ ᠪᠥᠬᠦ᠌ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠱᠢᠰᠲ᠋ᠧᠮ ᠬᠠᠷᠠᠯᠲᠠ᠎ᠪᠠᠨ ᠲᠣᠭ᠍ᠲᠠᠭᠠᠵᠤ᠂ ᠢᠲᠡᠭᠡᠯ ᠵᠣᠷᠢᠭ᠎ᠢᠶᠠᠨ ᠪᠠᠲᠤᠳᠭᠠᠨ᠂ ᠦᠨᠡᠨ ᠬᠦ᠌ ᠠᠳᠭᠤᠨ ᠪᠣᠳᠠᠲᠠᠶ᠎ᠪᠠᠷ ᠠᠵᠢᠯᠯᠠᠵᠤ᠂ ᠵᠤᠷᠢᠭᠲᠠᠢ ᠤᠷᠤᠭᠰᠢᠯᠠᠵᠤ᠂ ᠠᠷᠠᠳ᠎ᠤᠨ ᠲᠥᠯᠥᠭᠡ ᠬᠢᠨᠠᠯᠲᠠ ᠬᠠᠮᠢᠶᠠᠷᠤᠯᠲᠠ᠎ᠪᠠᠨ ᠭᠦᠨᠵᠡᠭᠡᠢ᠌ᠷᠡᠭᠦᠯᠵᠦ᠂ ᠦᠢᠯᠡᠴᠢᠯᠡᠭᠡᠨ᠎ᠤ ᠰᠠᠭᠤᠷᠢ ᠥᠩᠭᠡ᠎ᠶ᠋ᠢ ᠪᠠᠲᠤᠵᠢᠭᠤᠯᠵᠤ᠂᠎ᠳᠦᠮᠳᠠᠳᠤ᠎ᠤᠯᠤᠰ᠎ᠤᠨ ᠮᠠᠶᠢᠭ᠎ᠤᠨ ᠣᠳᠣᠬᠢᠴᠢᠯᠠᠭ᠍ᠰᠠᠨ ᠥᠪᠥᠷ ᠮᠣᠩᠭᠤᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌᠎ᠳᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠬᠦᠴᠦᠨ ᠴᠢᠳᠠᠯ᠎ᠢᠶᠠᠨ ᠡᠷᠭᠦᠪᠡ᠃

ᠬᠥᠬᠡᠬᠤᠲᠠ᠄ ᠣᠶᠤᠨᠴᠢ ᠬᠢᠨᠠᠯᠲᠠ ᠬᠠᠮᠢᠶᠠᠷᠤᠯᠲᠠ᠎ᠨᠢ ᠲᠠᠷᠢᠶᠠᠯᠠᠩ᠎ᠤᠨ ᠪᠦᠲᠦᠭᠡᠭ᠌ᠳᠡᠬᠦᠨ᠎ᠤ ᠵᠠᠬ᠎ᠠ ᠳᠡᠯᠭᠡᠭᠦᠷ᠎ᠤᠨ ᠳᠠᠪᠬᠤᠴᠠᠨ ᠲᠠᠰ ᠳᠡᠪᠱᠢᠬᠦ᠌᠎ᠳᠤ ᠬᠦᠴᠦᠨ ᠨᠡᠮᠡᠷᠢᠯᠡᠪᠡ

ᠪᠠᠷᠢᠮᠵᠢᠶ᠎ᠠ ᠪᠠ ᠳᠦᠷᠢᠮ᠎ᠢ ᠣᠷᠢᠳᠠᠪᠠᠷ ᠬᠡᠷᠡᠭ᠌ᠵᠢᠭᠦᠯᠵᠦ᠍᠂ ᠵᠢᠷᠤᠮᠵᠢᠭ᠍ᠰᠠᠨ ᠬᠠᠮᠢᠶᠠᠷᠤᠯᠲᠠ᠎ᠶ᠋ᠢᠨ ᠪᠢᠲᠡᠭᠦᠦ ᠴᠠᠭᠠᠷᠢᠭ᠎ᠢ ᠪᠠᠢ᠌ᠭᠤᠯᠪᠠ᠃ ᠪᠥᠬᠦ᠌᠎ᠤᠯᠤᠰ᠎ᠲᠤ 《ᠲᠠᠷᠢᠶᠠᠯᠠᠩ᠎ᠤᠨ ᠪᠦᠲᠦᠭᠡᠭᠳᠡᠭᠦᠨ᠎ᠦ ᠠᠷᠠᠯᠵᠢᠶᠠᠨ᠎ᠤ ᠵᠠᠬ᠎ᠠ ᠳᠡᠯᠭᠡᠭᠦᠷ᠎ᠤᠨ ᠡᠵᠡᠩᠨᠡᠯᠲᠡ ᠬᠠᠮᠢᠶᠠᠷᠤᠯᠲᠠ᠎ᠶ᠋ᠢᠨ ᠵᠦᠭ᠌ᠯᠡᠭᠦᠷ》᠂ 《ᠣᠶᠣᠨᠴᠢ ᠲᠠᠷᠢᠶᠠᠯᠠᠩ᠎ᠤᠨ ᠠᠷᠠᠯᠵᠢᠶᠠᠨ᠎ᠤ ᠵᠠᠬ᠎ᠠ ᠳᠡᠯᠭᠡᠭᠦᠷ᠎ᠤᠨ ᠪᠠᠢᠭᠤᠯᠤᠯᠲᠠ᠎ᠶ᠋ᠢᠨ ᠵᠢᠷᠤᠮᠵᠢᠯ》 ᠵᠡᠷᠭᠡ ᠣᠷᠣᠨ ᠨᠤᠲᠤᠭ᠎ᠤᠨ ᠪᠠᠷᠢᠮᠵᠢᠶ᠎ᠠ ᠵᠢᠴᠢ ᠢᠵᠢ ᠪᠥᠷᠢᠳᠦᠭᠦᠯᠬᠦ᠌ ᠬᠠᠮᠢᠶᠠᠷᠤᠯᠲᠠ᠎ᠶ᠋ᠢᠨ ᠠᠷᠭ᠎ᠠ᠎ᠶ᠋ᠢ  ᠣᠷᠢᠳᠠᠪᠠᠷ ᠨᠡᠢᠲᠡᠯᠡᠵᠦ᠍᠂ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ᠍ ᠪᠣᠯᠬᠤ 《ᠣᠷᠣᠨ᠎ᠤ ᠲᠥᠪ᠎ᠤᠨ ᠥᠯᠢᠭᠡᠷ ᠬᠠᠪᠲᠠᠰᠣ》᠎ᠶᠢ ᠪᠣᠶ ᠪᠤᠯᠭ᠋ᠠᠪᠠ᠃ 《ᠱᠠᠩᠨᠠᠬᠤ᠎ᠪᠠᠷ ᠨᠥᠬᠦᠪᠥᠷᠢᠯᠡᠬᠦ᠌᠎ᠶ᠋ᠢ ᠣᠷᠣᠯᠠᠭᠤᠯᠬᠤ》 ᠤᠷᠮᠠᠰᠢᠭᠤᠯᠬᠤ ᠲᠥᠷᠥ᠎ᠶ᠋ᠢᠨ ᠪᠣᠳᠣᠯᠭ᠎ᠠ᠎ᠶ᠋ᠢ ᠱᠢᠨ᠎ᠡ᠎ᠪᠠᠷ ᠡᠭᠦᠳᠦᠨ ᠬᠡᠷᠡᠭ᠌ᠵᠢᠭᠦᠯᠵᠦ᠍᠂ ᠨᠡᠢᠲᠡ 2895 ᠲᠦᠮᠡᠨ ᠲᠥᠭᠦᠷᠢᠭ᠎ᠤᠨ ᠪᠠᠯᠠ ᠮᠥᠩᠭᠦ᠌ ᠣᠷᠣᠭᠤᠯᠵᠤ᠂ 47 ᠡᠷᠦᠬᠡ ᠲᠠᠷᠢᠶᠠᠯᠠᠩ᠎ᠤᠨ ᠠᠷᠠᠯᠵᠢᠶᠠᠨ᠎ᠤ ᠵᠠᠬ᠎ᠠ ᠳᠡᠯᠭᠡᠭᠦᠷ᠎ᠢ ᠪᠦᠬᠦᠨ᠎ᠢ ᠵᠢᠷᠤᠮᠵᠢᠭᠤᠯᠤᠨ ᠥᠭᠡᠷᠡᠴᠢᠯᠡᠬᠦ᠌᠎ᠶ᠋ᠢ ᠠᠮᠵᠢᠯᠲᠠ᠎ᠲᠠᠢ ᠠᠬᠢᠭᠤᠯᠵᠤ᠂ ᠡᠭᠦᠨ᠎ᠳᠤ 8 ᠡᠷᠦᠬᠡ ᠨᠢ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠠᠷᠢᠮᠵᠢᠶᠠᠵᠢᠭᠤᠯᠤᠯᠲᠠ᠎ᠶᠢᠨ ᠪᠥᠭᠡᠮ᠎ᠢᠶᠠᠷ ᠬᠤᠳᠠᠯᠳᠤᠬᠤ ᠵᠠᠬ᠎ᠠ ᠳᠡᠯᠭᠡᠭᠦᠷ᠎ᠢᠶᠠᠷ ᠦᠨᠡᠯᠡᠭ᠌ᠳᠡᠪᠡ᠃ ᠦᠨᠳᠦᠰᠦᠨ ᠱᠠᠲᠤᠨ᠎ᠤ ᠬᠢᠨᠠᠯᠲᠠ ᠬᠠᠮᠢᠶᠠᠷᠤᠯᠲᠠ᠎ᠶ᠋ᠢᠨ ᠬᠦᠴᠦᠨ᠎ᠢ ᠵᠡᠷᠭᠡ ᠪᠡᠷ ᠪᠠᠬᠢᠵᠢᠭᠦᠯᠵᠦ᠍᠂ ᠪᠠᠷᠢᠮᠵᠢᠶᠠᠵᠢᠭᠤᠯᠤᠯᠲᠠ᠎ᠶᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠭᠠᠵᠠᠷ᠎ᠢ 53 ᠪᠠᠢᠭᠤᠯᠵᠤ᠂ 2 ᠭᠠᠵᠠᠷ᠎ᠨᠢ ᠪᠥᠬᠦ᠌᠎ᠤᠯᠤᠰ᠎ᠤᠨ ᠠᠩᠬᠠᠨ᠎ᠤ ᠪᠦᠯᠦᠭ 《ᠲᠠᠪᠤᠨ ᠣᠳᠣᠲᠤ ᠵᠠᠬ᠎ᠠ ᠳᠡᠯᠭᠡᠭᠦᠷ᠎ᠦᠨ ᠬᠢᠨᠠᠯᠲᠠ ᠬᠠᠮᠠᠶᠠᠷᠤᠯᠲᠠ᠎ᠶᠢᠨ ᠭᠠᠵᠠᠷ》᠎ᠤᠨ ᠴᠣᠯᠠ᠎ᠶ᠋ᠢ ᠭᠥᠷᠳᠡᠵᠦ᠍᠂ ᠭᠤᠯᠳᠤ ᠴᠢᠭ᠌ᠯᠡᠯ᠎ᠢᠶᠠᠷ ᠨᠡᠪᠲᠡᠷᠡᠭ᠌ᠰᠡᠨ᠂ ᠪᠥᠬᠦ᠌ ᠲᠠᠯ᠎ᠠ᠎ᠶ᠋ᠢ ᠬᠠᠮᠤᠷᠤᠭ᠍ᠰᠠᠨ ᠬᠢᠨᠠᠯᠲᠠ ᠬᠠᠮᠢᠶᠠᠷᠤᠯᠲᠠ᠎ᠶ᠋ᠢᠨ ᠰᠦᠯᠵᠢᠶ᠎ᠡ᠎ᠶ᠋ᠢ ᠪᠠᠢᠭᠤᠯᠪᠠ᠃

ᠣᠶᠤᠨ ᠤᠬᠠᠭ᠋ᠠᠨ ᠪᠠ ᠨᠠᠷᠢᠯᠢᠭ ᠣᠨᠣᠪᠴᠢᠲᠠᠢ ᠪᠠᠢᠬᠤ᠎ᠶᠢ ᠵᠡᠷᠭᠡ ᠪᠡᠷ ᠴᠢᠬᠤᠯᠠᠴᠢᠯᠠᠵᠤ᠂ ᠪᠦᠬᠦ᠌ ᠬᠡᠯᠬᠢᠶ᠎ᠡ᠎ᠶᠢᠨ ᠲᠦᠭ᠌ᠱᠢᠭᠦᠷᠢ᠎ᠶᠢ ᠰᠡᠷᠭᠡᠢᠯᠡᠨ ᠡᠵᠡᠮᠳᠡᠬᠦ᠎ᠶᠢ ᠪᠡᠶᠡᠯᠡᠭᠦᠯᠪᠡ᠃ 《ᠨᠢᠭᠡ ᠲᠠᠯᠠᠪᠤᠷ᠎ᠳᠤ ᠨᠢᠭᠡ ᠠᠷᠭ᠎ᠠ ᠪᠣᠳᠣᠯᠭ᠎ᠠ》 ᠲᠥᠷᠥᠯ ᠬᠤᠪᠢᠶᠠᠨ ᠵᠢᠯᠣᠭᠣᠳᠬᠤ᠎ᠶᠢ ᠪᠥᠬᠦ᠌ ᠲᠠᠯ᠎ᠠ᠎ᠪᠠᠷ ᠬᠡᠷᠡᠭᠵᠢᠭᠦᠯᠵᠦ᠂ ᠱᠢᠨᠵᠢᠯᠡᠬᠦ᠌ ᠤᠬᠠᠭ᠋ᠠᠨ ᠲᠧᠭᠨᠢᠭ ᠮᠡᠷᠭᠡᠵᠢᠯ᠎ᠳᠦ ᠬᠦᠴᠦᠨ ᠣᠯᠭᠣᠬᠤ᠎ᠶᠢ ᠭᠦᠨᠵᠡᠭᠡᠶ ᠠᠭᠣᠰᠣᠯᠴᠠᠭᠤᠯᠪᠠ᠃ ᠣᠶᠤᠨᠴᠢ ᠲᠠᠷᠢᠶᠠᠯᠠᠩ᠎ᠤᠨ ᠠᠷᠠᠯᠵᠢᠶᠠᠨ᠎ᠤ ᠵᠠᠬ᠎ᠠ ᠳᠡᠯᠭᠡᠭᠦᠷ᠎ᠢ ᠶᠡᠬᠡ ᠪᠡᠷ ᠪᠠᠢᠭᠤᠯᠵᠤ᠂ 《ᠬᠤᠶᠠᠷ ᠳᠡᠯᠭᠡᠴᠡ ᠨᠢᠭᠡ ᠵᠢᠩᠯᠡᠬᠦᠷ ᠨᠢᠭᠡ ᠺᠣᠲ》᠂ ᠣᠶᠤᠨᠴᠢ ᠲᠦᠷᠭᠡᠨ ᠪᠠᠢᠴᠠᠭᠠᠬᠤ ᠲᠠᠰᠤᠭ ᠵᠡᠷᠭᠡ᠎ᠶ᠋ᠢᠨ ᠬᠡᠷᠡᠭ᠌ᠯᠡᠯᠲᠡ᠎ᠶ᠋ᠢ ᠲᠦᠭᠡᠮᠡᠯᠵᠢᠭᠦᠯᠵᠦ᠍᠂ ᠦᠨ᠎ᠡ ᠬᠠᠩᠰᠢ᠂ ᠡᠬᠢ ᠡᠭᠦᠰᠦᠯ᠎ᠤᠨ ᠮᠡᠳᠡᠭᠡ ᠵᠠᠩᠭᠢ᠎ᠶ᠋ᠢ ᠨᠢᠭᠡ ᠺᠤᠲ᠎ᠢᠶᠠᠷ ᠪᠠᠢᠴᠠᠭᠠᠵᠤ ᠪᠣᠯᠬᠤ᠎ᠶ᠋ᠢ ᠪᠡᠶᠡᠯᠡᠭᠦᠯᠪᠡ᠃ ᠰᠢᠨ᠎ᠡ᠎ᠶᠢ ᠡᠭᠦᠳᠬᠦ ᠨᠢ ᠢᠳᠡᠭᠡᠨ᠎ᠤ ᠠᠮᠤᠷ ᠲᠦᠪᠱᠢᠨ᠎ᠤ ᠨᠡᠬᠡᠮᠵᠢᠯᠡᠬᠦ ᠲᠤᠭᠲᠠᠯᠴᠠᠭ᠎ᠠ᠎ᠶ᠋ᠢᠨ ᠪᠠᠢᠭᠤᠯᠤᠯᠲᠠ᠎ᠶ᠋ᠢ ᠠᠬᠢᠭᠤᠯᠵᠤ᠂ 12 ᠡᠷᠦᠬᠡ ᠲᠠᠷᠢᠶᠠᠯᠠᠩ ᠲᠤᠰᠠᠯᠠᠬᠤ ᠠᠵᠦ ᠠᠬᠤᠢ᠎ᠶᠢᠨ ᠪᠦᠲᠦᠭᠡᠭᠳᠡᠬᠦᠨ᠎ᠢ ᠪᠥᠭᠡᠮ᠎ᠢᠶᠠᠷ ᠬᠤᠳᠠᠯᠳᠤᠬᠤ ᠵᠠᠬ᠎ᠠ ᠳᠡᠯᠭᠡᠭᠦᠷ᠎ᠨᠢ 《ᠥᠪᠥᠷ ᠮᠣᠩᠭᠣᠯ᠎ᠤᠨ ᠢᠳᠡᠭᠡᠨ᠎ᠦ ᠠᠮᠤᠷ ᠲᠦᠪᠰᠢᠨ᠎ᠦ ᠮᠡᠳᠡᠭᠡ ᠵᠠᠩᠭᠢ᠎ᠶᠢ ᠨᠡᠬᠡᠮᠵᠢᠯᠡᠬᠦ ᠲᠤᠭᠲᠠᠯᠴᠠᠭ᠎ᠠ》 ᠲᠠᠪᠴᠠᠩ᠎ᠲᠠᠢ ᠴᠠᠭ ᠲᠤᠬᠠᠶ᠎ᠳᠤ ᠨᠢ ᠵᠣᠯᠭ᠋ᠠᠯᠳᠤᠵᠤ᠂ ᠨᠡᠢᠲᠡ 8.2 ᠲᠦᠮᠡ ᠭᠠᠷᠤᠶ᠎ᠤᠳᠠᠭ᠎ᠠ᠎ᠶᠢᠨ ᠪᠠᠢᠴᠠᠭᠠᠨ ᠬᠡᠮᠵᠢᠭ᠌ᠰᠡᠨ ᠲᠤᠭ᠎ᠠ ᠪᠠᠷᠢᠮᠲᠠ᠎ᠶ᠋ᠢ ᠳᠠᠮᠵᠢᠭᠤᠯᠵᠤ᠂ ᠡᠯᠧᠺᠲᠷᠣᠨᠴᠢᠯᠠᠭ᠍ᠰᠠᠨ ᠨᠠᠷᠢᠯᠢᠭ ᠣᠨᠣᠪᠴᠢᠲᠠᠶ ᠬᠢᠨᠠᠯᠲᠠ ᠬᠠᠮᠢᠶᠠᠷᠤᠯᠲᠠ᠎ᠶ᠋ᠢ ᠪᠡᠶᠡᠯᠡᠭᠦᠯᠪᠡ᠃

ᠬᠠᠮᠲᠤ᠎ᠪᠠᠷ ᠵᠠᠰᠠᠬᠤ ᠪᠠ ᠵᠢᠱ᠌ᠢᠶ᠎ᠡ ᠦᠵᠡᠭᠦᠯᠦᠨ ᠬᠠᠮᠵᠢᠯᠴᠠᠭᠤᠯᠵᠤ᠂ ᠪᠦᠬᠦᠯᠢ ᠴᠣᠭ᠍ᠴᠠ᠎ᠶ᠋ᠢᠨ ᠵᠠᠰᠠᠯᠲᠠ᠎ᠶ᠋ᠢᠨ ᠦᠢ᠍ᠯᠡᠳᠦᠯ ᠴᠢᠳᠠᠪᠦᠷᠢ᠎ᠶ᠋ᠢ ᠳᠡᠭᠡᠭᠰᠢᠯᠡᠭᠦᠯᠪᠡ᠃ 《ᠬᠠᠷᠢᠶ᠎ᠠ ᠭᠠᠵᠠᠷ᠎ᠤᠨ ᠵᠠᠰᠠᠭ᠎ᠤᠨ ᠣᠷᠳᠣᠨ+ᠬᠢᠨᠠᠯᠲᠠ ᠬᠠᠮᠢᠶᠠᠷᠤᠯᠲᠠ᠎ᠶᠢᠨ ᠰᠠᠯᠠᠭ᠎ᠠ ᠮᠥᠴᠢᠷ+ᠡᠵᠡᠩᠨᠡᠯᠲᠡ᠎ᠶ᠋ᠢᠨ ᠭᠤᠤᠯ ᠴᠣᠭ᠍ᠴᠠ》 ᠭᠤᠷᠪᠠᠨ ᠲᠠᠯ᠎ᠠ᠎ᠶ᠋ᠢᠨ ᠬᠠᠷᠢᠭᠤᠴᠠᠯᠭ᠎ᠠ᠎ᠶ᠋ᠢᠨ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠵᠤ᠂ 《ᠣᠳᠣᠨ ᠲᠠᠰ᠎ᠤᠨ ᠪᠣᠯᠪᠠᠰᠤᠨ᠎ᠤ ᠳᠡᠯᠭᠡᠭᠡ ᠮᠠᠢᠮᠠᠶ》᠎ᠶ᠋ᠢ ᠦᠨᠡᠯᠡᠨ ᠲᠣᠭ᠍ᠲᠠᠭᠠᠬᠤ ᠪᠠ 《ᠲᠦᠷᠭᠡᠨ ᠪᠠᠢᠴᠠᠭᠠᠬᠤ ᠲᠡᠷᠭᠡ》᠎ᠳᠤ ᠣᠷᠣᠵᠤ ᠰᠠᠭᠤᠬᠤ ᠵᠡᠷᠭᠡ ᠲᠤᠭᠲᠠᠯᠴᠠᠭ᠎ᠠ᠎ᠪᠠᠷ ᠳᠠᠮᠵᠢᠭᠤᠯᠤᠨ᠂ ᠵᠠᠬ᠎ᠠ ᠳᠡᠯᠭᠡᠭᠦᠷ᠎ᠤᠨ ᠳᠣᠲᠣᠭᠠᠳᠤ ᠬᠥᠳᠡᠯᠭᠡᠬᠦ᠌ ᠬᠦᠴᠦᠨ᠎ᠢ ᠪᠦᠲᠦᠮᠵᠢᠲᠡᠶ ᠬᠦᠭᠵᠢᠭᠡᠪᠡ᠃ ᠲᠤᠯᠤᠭᠠᠨ ᠵᠢᠯ᠎ᠤᠨ ᠭᠦᠨᠵᠡᠭᠡᠢ᠌ᠷᠡᠭᠦᠯᠦᠯᠲᠡ᠎ᠪᠡᠷ ᠳᠠᠮᠵᠢᠨ᠂ ᠬᠥᠬᠡᠬᠤᠲᠠ 2023 ᠣᠨ᠎ᠳᠤ 《ᠤᠯᠤᠰ᠎ᠤᠨ ᠢᠳᠡᠭᠡᠨ᠎ᠤ ᠠᠮᠤᠷ ᠲᠦᠪᠱᠢᠨ᠎ᠤ ᠵᠢᠱ᠌ᠢᠶ᠎ᠡ ᠦᠵᠡᠭᠦᠯᠬᠦ᠌ ᠬᠤᠳᠠ》᠎ᠪᠠᠷ ᠦᠨᠡᠯᠡᠭ᠌ᠳᠡᠵᠦ᠍᠂ ᠢᠳᠡᠭᠡᠨ᠎ᠤ ᠦᠨᠡᠯᠡᠯᠲᠡ᠎ᠶ᠋ᠢᠨ ᠴᠢᠨᠠᠷᠲᠠᠢ ᠰᠤᠭᠤᠯᠤᠨ ᠪᠠᠢᠴᠠᠭᠠᠯᠲᠠ᠎ᠶ᠋ᠢᠨ ᠬᠢᠷᠢ ᠲᠡᠩᠴᠡᠭ᠌ᠰᠡᠨ ᠨᠤᠷᠮ᠎ᠠ᠎ᠶᠢ 98% ᠎ᠠᠴᠠ ᠳᠡᠭᠡᠭ᠌ᠰᠢ᠎ᠳᠦ ᠲᠣᠭ᠍ᠲᠠᠪᠤᠷᠢᠵᠢᠭᠤᠯᠵᠤ᠂ ᠣᠷᠣᠨ᠎ᠤ ᠲᠥᠪ ᠬᠤᠲᠠ᠎ᠶ᠋ᠢᠨ ᠢᠳᠡᠭᠡᠨ᠎ᠤ ᠠᠮᠤᠷ ᠲᠦᠪᠱᠢᠨ᠎ᠤ ᠵᠠᠰᠠᠯᠲᠠ᠎ᠶ᠋ᠢᠨ ᠴᠢᠳᠠᠪᠤᠷᠢ᠎ᠶᠢᠨ ᠲᠡᠦᠬᠡᠲᠦ ᠴᠢᠨᠠᠷᠲᠠᠢ ᠳᠠᠪᠠᠯᠲᠠ᠎ᠶᠢ ᠪᠡᠶᠡᠯᠡᠭᠦᠯᠪᠡ᠃ 2025 ᠣᠨ᠎ᠳ᠋ᠤ᠂ ᠬᠥᠬᠡᠬᠣᠲᠠ᠎ᠶᠢᠨ ᠵᠠᠬ᠎ᠠ ᠳᠡᠯᠭᠡᠭᠦᠷ᠎ᠦ᠋ᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠎ᠶᠢᠨ ᠪᠠᠢᠷᠢᠯᠠᠭᠤᠯᠤᠭ᠍ᠰᠠᠨ 《ᠶᠠᠩ ᠭᠤᠸᠠᠩ ᠢᠳᠡᠭᠡᠨ+ ᠶᠠᠩ ᠭᠤᠸᠠᠩ ᠬᠡᠮᠵᠢᠯᠲᠡ》᠎ᠶᠢ ᠠᠭᠤᠰᠤᠯᠴᠠᠭᠤᠯᠬᠤ ᠢᠨᠵᠧᠨᠧᠷᠢᠩ ᠴᠢᠬᠤᠯᠠ ᠰᠢᠪᠲᠤᠯᠤᠯᠲᠠ ᠣᠯᠵᠤ᠂ 19 ᠡᠷᠦᠬᠡ ᠶᠡᠬᠡ ᠳᠤᠮᠳᠠ ᠬᠡᠯᠪᠡᠷᠢ᠎ᠶᠢᠨ ᠵᠠᠬ᠎ᠠ ᠳᠡᠯᠭᠡᠭᠦᠷ᠎ᠲᠦ᠍ ᠭᠡᠮ ᠬᠢᠬᠦ᠌᠎ᠶᠢ ᠰᠡᠷᠭᠡᠢᠯᠡᠬᠦ᠌ ᠣᠶᠤᠨᠴᠢ ᠵᠢᠩᠯᠡᠬᠦᠷ ᠪᠣᠯᠤᠨ ᠨᠸᠲ᠎ᠶᠢᠨ ᠭᠣᠣᠯᠴᠢ ᠵᠢᠩᠯᠡᠭᠦᠷ᠎ᠦ᠋ᠨ ᠰᠢᠰᠲ᠋ᠧᠮ᠎ᠢ᠋ ᠪᠦᠬᠦ᠌ ᠲᠠᠯ᠎ᠠ᠎ᠪᠠᠷ ᠳᠡᠯᠭᠡᠷᠡᠭᠦᠯᠵᠦ᠍᠂ ᠲᠠᠷᠢᠶᠠᠯᠠᠩ᠎ᠤ᠋ᠨ ᠠᠷᠠᠯᠵᠢᠶᠠᠨ᠎ᠤ᠋ ᠵᠠᠬ᠎ᠠ ᠳᠡᠯᠭᠡᠭᠦᠷ᠎ᠦ᠋ᠨ ᠵᠠᠰᠠᠯᠲᠠ᠎ᠶᠢ 《ᠶᠠᠰᠤ ᠴᠢᠨᠠᠷ ᠨᠠᠢᠳᠠᠪᠤᠷᠢᠲᠠᠢ᠂ ᠠᠷᠠᠯᠵᠢᠶ᠎ᠠ ᠲᠥᠪ ᠭᠣᠣᠯᠴᠢ》 ᠰᠢᠨ᠎ᠡ ᠱᠠᠲᠤᠨ᠎ᠳ᠋ᠤ ᠣᠷᠣᠭᠤᠯᠬᠤ᠎ᠶᠢ ᠠᠬᠢᠭᠤᠯᠪᠠ ᠃

ᠪᠤᠭᠤᠲᠤ ᠬᠤᠲᠠ᠄ ᠮᠡᠳᠡᠯᠭᠡ᠎ᠶ᠋ᠢᠨ ᠥᠮᠴᠢᠯᠡᠯ᠎ᠦᠨ ᠡᠷᠬᠡ᠎ᠶ᠋ᠢᠨ ᠱᠢᠨ᠎ᠡ᠎ᠶ᠋ᠢ ᠡᠭᠦᠳᠬᠦ᠌ ᠨᠢ ᠠᠵᠤ ᠦᠢᠯᠡᠰ᠎ᠤᠨ ᠬᠥᠭ᠌ᠵᠢᠯᠲᠡ᠎ᠶᠢᠨ ᠬᠦᠷᠦᠰᠦ ᠰᠢᠷᠤᠢ᠎ᠶᠢ ᠪᠠᠲᠤᠵᠢᠭᠤᠯᠪᠠ

ᠮᠡᠳᠡᠯᠭᠡ᠎ᠶ᠋ᠢᠨ ᠥᠮᠴᠢᠯᠡᠯ᠎ᠦᠨ ᠡᠷᠬᠡ᠎ᠶ᠋ᠢᠨ ᠪᠥᠬᠦ᠌ ᠬᠤᠲᠠ᠎ᠶ᠋ᠢᠨ 《ᠨᠢᠭᠡ ᠬᠥᠯᠭᠡ ᠱᠢᠲᠠᠷ᠎ᠠ》 ᠎ᠶ᠋ᠢᠨ ᠪᠠᠢᠷᠢᠱᠢᠯ᠎ᠢ ᠪᠠᠢᠭᠤᠯᠵᠤ᠂ ᠱᠢᠨ᠎ᠡ᠎ᠶ᠋ᠢ ᠡᠭᠦᠳᠬᠦ᠌ ᠭᠤᠤᠯ ᠴᠣᠭ᠍ᠴᠠ᠎ᠶ᠋ᠢᠨ ᠠᠮᠢᠵᠢᠷᠠᠯ᠎ᠤᠨ ᠬᠦᠴᠦᠨ᠎ᠢ ᠬᠦᠭᠵᠢᠭᠡᠪᠡ᠃ ᠮᠡᠳᠡᠯᠭᠡ᠎ᠶ᠋ᠢᠨ ᠥᠮᠴᠢᠯᠡᠯ᠎ᠦᠨ ᠡᠷᠬᠡ᠎ᠶ᠋ᠢᠨ ᠠᠵᠢᠯ᠎ᠤᠨ 《ᠬᠡᠰᠡᠭ ᠪᠦᠯᠦᠭ᠎ᠢᠶᠠᠷ ᠰᠠᠯᠭᠠᠬᠤ᠂ ᠬᠦᠴᠦᠨ ᠴᠢᠳᠠᠯ ᠲᠠᠷᠠᠬᠠᠶ ᠪᠤᠲᠠᠷᠬᠠᠶ》 ᠬᠦᠴᠢᠷ ᠲᠦᠪᠡᠭ᠌ᠲᠡᠶ ᠠᠰᠠᠭᠤᠳᠠᠯ᠎ᠳᠤ ᠴᠢᠭ᠌ᠯᠡᠭᠦᠯᠦᠨ᠂ 《ᠵᠠᠰᠠᠭ᠎ᠤᠨ ᠣᠷᠳᠣᠨ᠎ᠤ ᠣᠳᠣᠷᠢᠳᠣᠯᠭ᠎ᠠ ᠭᠤᠤᠯᠯᠠᠨ ᠠᠳᠭᠤᠬᠤ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠨᠢᠭᠡᠳᠦᠯᠲᠡᠶ ᠲᠥᠯᠥᠪᠯᠡᠬᠦ᠂ 36 ᠰᠠᠯᠠᠭ᠎ᠠ ᠮᠥᠴᠢᠷ ᠬᠠᠮᠵᠢᠯᠴᠠᠬᠤ》 ᠪᠥᠬᠦ᠌ ᠬᠤᠲᠠ᠎ᠶ᠋ᠢᠨ 《ᠨᠢᠭᠡ ᠬᠥᠯᠭᠡ ᠱᠢᠲᠠᠷ᠎ᠠ》᠎ᠶ᠋ᠢᠨ ᠠᠵᠢᠯ᠎ᠤᠨ ᠪᠠᠢᠷᠢᠱᠢᠯ᠎ᠢ ᠪᠠᠢᠭᠤᠯᠵᠤ᠂ ᠮᠡᠳᠡᠯᠭᠡ᠎ᠶ᠋ᠢᠨ ᠥᠮᠴᠢᠯᠡᠯ᠎ᠦᠨ ᠡᠷᠬᠡ᠎ᠶ᠋ᠢᠨ ᠱᠠᠩᠨᠠᠨ ᠤᠷᠮᠠᠰᠢᠭᠤᠯᠬᠤ ᠠᠷᠭ᠎ᠠ᠎ᠶ᠋ᠢ ᠨᠡᠢᠲᠡᠯᠡᠵᠦ᠍᠂ 101 ᠡᠷᠦᠬᠡ ᠠᠵᠤ ᠠᠬᠤᠢᠯᠠᠯ᠎ᠳᠤ 877 ᠲᠦᠮᠡᠨ ᠲᠥᠭᠦᠷᠢᠭ᠎ᠤᠨ ᠱᠠᠩᠨᠠᠯ ᠨᠥᠬᠦᠪᠥᠷᠢ᠎ᠶ᠋ᠢᠨ ᠪᠠᠯᠠ ᠮᠥᠩᠭᠦ᠌ ᠲᠠᠷᠬᠠᠭᠠᠵᠤ᠂ ᠪᠥᠬᠦ᠌ ᠬᠤᠲᠠ᠎ᠶ᠋ᠢᠨ ᠱᠢᠨ᠎ᠡ᠎ᠶ᠋ᠢ ᠡᠭᠦᠳᠬᠦ᠌ ᠭᠤᠤᠯ ᠴᠣᠭ᠍ᠴᠠ᠎ᠶᠢᠨ 1600 ᠰᠢᠬᠠᠮ ᠥᠨᠳᠥᠷ ᠥᠷᠳᠡᠭᠲᠦ ᠲᠤᠰᠭᠠᠶ ᠠᠱᠢᠭ᠎ᠢ ᠡᠭᠦᠳᠬᠦ᠌᠎ᠶ᠋ᠢ ᠠᠬᠢᠭᠤᠯᠵᠤ᠂ ᠱᠢᠨ᠎ᠡ᠎ᠶ᠋ᠢ ᠡᠭᠦᠳᠬᠦ᠌ ᠡᠬᠢ ᠪᠠᠶᠠᠯᠢᠭ᠎ᠢ ᠠᠵᠤ ᠠᠬᠤᠢᠯᠠᠯ ᠲᠡᠢ᠌ᠰᠢ᠎ᠲᠦᠷᠭᠡᠨ ᠲᠥᠪᠯᠡᠷᠡᠭᠦᠯᠬᠦ᠌᠎ᠶ᠋ᠢ ᠠᠬᠢᠭᠤᠯᠪᠠ᠃

ᠣᠷᠣᠨ ᠪᠦᠰᠡ ᠠᠯᠤᠰᠯᠠᠨ ᠬᠠᠮᠲᠤᠷᠠᠨ ᠬᠥᠳᠡᠯᠦᠯᠴᠡᠬᠦ᠌ ᠪᠠ ᠣᠨᠴᠠᠯᠢᠭᠲᠤ ᠠᠵᠤ ᠦᠢᠯᠡᠰ᠎ᠤᠨ ᠬᠦᠴᠦᠨ ᠣᠯᠭᠤᠬᠤ᠎ᠶ᠋ᠢ ᠠᠬᠢᠭᠤᠯᠵᠤ᠂ 《ᠮᠡᠳᠡᠯᠭᠡ᠎ᠶᠢᠨ ᠦᠮᠴᠢᠯᠡᠯ᠎ᠦᠨ ᠡᠷᠬᠡ》᠎ᠠᠴᠠ 《ᠡᠳ᠋ ᠬᠥᠷᠥᠩᠭᠡ》 ᠪᠣᠯᠭᠠᠨ ᠬᠤᠪᠢᠷᠠᠭᠤᠯᠬᠤ᠎ᠶ᠋ᠢ ᠪᠡᠶᠡᠯᠡᠭᠦᠯᠪᠡ᠃ ᠲᠤᠰᠭᠠᠶ ᠠᠱᠢᠭ᠎ᠤᠨ 《ᠦᠢᠯᠡᠳᠪᠦᠷᠢᠯᠡᠯ ᠰᠠᠯᠤᠩᠭᠢᠷᠠᠬᠤ》 ᠬᠦᠴᠢᠷ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠥᠪᠥᠷ ᠮᠣᠩᠭᠤᠯ᠂ ᠵᠧᠵᠢᠶᠠᠩ᠂ ᠭᠤᠸᠠᠩᠳᠦ᠋ᠩ ᠭᠤᠷᠪᠠᠨ ᠭᠠᠵᠠᠷ᠎ᠤᠨ ᠡᠬᠢ ᠪᠠᠶᠠᠯᠢᠭ᠎ᠢ ᠠᠮᠵᠢᠯᠲᠠ᠎ᠲᠠᠢ᠎ᠪᠠᠷ ᠴᠥᠷᠬᠡᠯᠡᠵᠦ᠂ ᠣᠷᠣᠨ ᠪᠦᠰᠡ ᠠᠯᠤᠰᠯᠠᠭ᠍ᠰᠠᠨ ᠲᠤᠰᠭᠠᠶ ᠠᠱᠢᠭ᠎ᠢ ᠬᠤᠪᠢᠷᠠᠭᠤᠯᠤᠨ ᠵᠣᠯᠭ᠋ᠠᠯᠳᠤᠬᠤ ᠠᠵᠢᠯᠯᠠᠭ᠎ᠠ᠎ᠶ᠋ᠢ ᠡᠷᠬᠢᠯᠡᠵᠦ᠍᠂ 23 ᠵᠦᠢᠯ᠎ᠤᠨ ᠬᠠᠮᠲᠤᠷᠠᠯᠴᠠᠭᠠᠨ᠎ᠤ ᠲᠥᠷᠥᠯ ᠵᠦᠢᠯ᠎ᠢ ᠠᠬᠢᠭᠤᠯᠵᠤ᠂ 3.85 ᠳ᠋ᠦᠩᠱᠢᠭᠤᠷ ᠲᠥᠭᠦᠷᠢᠭ᠎ᠤᠨ ᠪᠡᠯᠡ ᠮᠥᠩᠭᠦ᠎ᠶ᠋ᠢ ᠳᠠᠢᠴᠢᠯᠠᠨ ᠬᠤᠪᠢᠷᠠᠭᠤᠯᠵᠤ᠂ 43 ᠡᠷᠦᠬᠡ ᠲᠤᠰᠭᠠᠶ ᠠᠱᠢᠭ᠎ᠤᠨ ᠠᠵᠤ ᠦᠢᠯᠡᠰᠵᠢᠯᠲᠡ᠎ᠶ᠋ᠢᠨ ᠦᠯᠢᠭᠡᠷ ᠬᠠᠪᠲᠠᠰᠤ ᠪᠣᠯᠬᠤ ᠠᠵᠤ ᠠᠬᠤᠢᠯᠠᠯ᠎ᠢ ᠪᠤᠢᠵᠢᠭᠤᠯᠵᠤ᠂ ᠭᠤᠣᠯᠳᠠᠯᠭ᠎ᠠ᠎ᠲᠠᠢ ᠠᠵᠤ ᠠᠬᠤᠢᠯᠠᠯ᠎ᠤᠨ ᠵᠢᠱ᠌ᠢᠶ᠎ᠡ ᠦᠵᠡᠭᠦᠯᠦᠨ ᠳᠠᠢ᠌ᠴᠢᠯᠡᠬᠤ ᠲᠤᠰᠭᠠᠶ ᠠᠱᠢᠭ᠎ᠤᠨ ᠠᠵᠤ ᠦᠢᠯᠡᠰᠵᠢᠯᠲᠡ᠎ᠶ᠋ᠢᠨ ᠨᠣᠷᠮ᠎ᠠ᠎ᠶ᠋ᠢ 56.9% ᠪᠣᠯᠭᠠᠨ ᠳᠡᠭᠡᠭ᠌ᠰᠢᠯᠡᠭᠦᠯᠵᠦ᠍᠂ ᠪᠦᠬᠦ᠌ ᠬᠤᠲᠠ᠎ᠶ᠋ᠢᠨ ᠱᠢᠨ᠎ᠡ᠎ᠶ᠋ᠢ ᠡᠭᠦᠳᠬᠦ᠌ ᠬᠡᠯᠪᠡᠷᠢ᠎ᠶ᠋ᠢᠨ ᠠᠵᠤ ᠠᠬᠤᠢᠯᠠᠯ᠎ᠢ ᠬᠠᠪᠰᠤᠷᠤᠨ 47 ᠳ᠋ᠦᠩᠱᠢᠭᠤᠷ ᠲᠥᠭᠦᠷᠢᠭ᠎ᠤᠨ ᠪᠡᠯᠡ ᠣᠷᠣᠭᠣᠯᠣᠯᠲᠠ᠎ᠶᠢ ᠪᠡᠶᠡᠯᠡᠭᠦᠯᠵᠦ᠍᠂ 《ᠮᠡᠳᠡᠯᠭᠡ᠎ᠶᠢᠨ ᠦᠮᠴᠢᠯᠡᠯ᠎ᠦᠨ ᠡᠷᠬᠡ》᠎ᠠᠴᠠ 《ᠡᠳ᠋ ᠬᠥᠷᠥᠩᠭᠡ》 ᠪᠤᠯᠠᠭ᠋ᠠᠨ ᠬᠤᠪᠢᠷᠠᠭᠤᠯᠬᠤ᠎ᠶᠢ ᠪᠡᠶᠡᠯᠡᠭᠦᠯᠪᠡ᠃ ᠪᠥᠬᠦ᠌ ᠣᠷᠣᠨ᠎ᠤ ᠠᠩᠬᠠᠳᠠᠭ᠍ᠴᠢ ᠳ᠋ᠠᠢᠲ᠋ᠠ᠎ᠶ᠋ᠢᠨ ᠮᠡᠳᠡᠯᠭᠡ᠎ᠶ᠋ᠢᠨ ᠥᠮᠴᠢᠯᠡᠯ᠎ᠦᠨ ᠡᠷᠬᠡ᠎ᠶ᠋ᠢᠨ ᠠᠵᠢᠯ᠎ᠤᠨ ᠥᠷᠲᠡᠭᠡ᠎ᠶ᠋ᠢ ᠪᠠᠢᠭᠤᠯᠵᠤ᠂ ᠠᠩᠬᠠᠨ᠎ᠤ ᠮᠤᠵᠢ ᠠᠯᠤᠰᠯᠠᠭ᠍ᠰᠠᠨ ᠳ᠋ᠠᠢᠲ᠋ᠠ᠎ᠶ᠋ᠢᠨ ᠮᠡᠳᠡᠯᠭᠡ᠎ᠶ᠋ᠢᠨ ᠥᠮᠴᠢᠯᠡᠯ᠎ᠦᠨ ᠡᠷᠬᠡ᠎ᠶ᠋ᠢᠨ ᠪᠠᠯᠠ ᠣᠷᠣᠭᠣᠯᠣᠯᠲᠠ᠎ᠶ᠋ᠢᠨ ᠢᠲᠡᠭᠡᠮᠵᠢ᠎ᠶ᠋ᠢ ᠨᠡᠮᠡᠭ᠌ᠳᠡᠭᠦᠯᠬᠦ᠌᠎ᠶ᠋ᠢ ᠪᠡᠶᠡᠯᠡᠭᠦᠯᠵᠦ᠍᠂ ᠠᠵᠤ ᠠᠬᠤᠢᠯᠠᠯ᠎ᠳᠤ 1 ᠳ᠋ᠦᠩᠱᠢᠭᠤᠷ ᠲᠥᠭᠦᠷᠢᠭ᠎ᠤᠨ ᠢᠲᠡᠭᠡᠮᠵᠢ ᠣᠯᠭᠤᠵᠤ᠂ ᠪᠥᠬᠦ᠌᠎ᠤᠯᠤᠰ᠎ᠤᠨ ᠳ᠋ᠠᠢᠲ᠋ᠠ᠎ᠶ᠋ᠢᠨ ᠡᠯᠧᠮᠧᠨ᠋ᠲ᠎ᠤᠨ ᠥᠷᠲᠡᠭ᠌ᠵᠢᠯ᠎ᠳᠤ ᠴᠢᠬᠤᠯᠠ ᠦᠨᠳᠦᠰᠦᠨ ᠱᠠᠲᠤᠨ᠎ᠤ ᠦᠢᠯᠡᠳᠦᠯᠭᠡ᠎ᠶ᠋ᠢᠨ ᠥᠯᠢᠭᠡᠷ ᠬᠡᠪ᠎ᠢ ᠬᠠᠩᠭᠠᠪᠠ᠃

ᠮᠡᠳᠡᠯᠭᠡ᠎ᠶ᠋ᠢᠨ ᠥᠮᠴᠢᠯᠡᠯ᠎ᠦᠨ ᠡᠷᠬᠡ᠎ᠶᠢᠨ ᠬᠠᠮᠠᠭ᠋ᠠᠯᠠᠯᠲᠠ᠎ᠶᠢᠨ ᠠᠷᠭ᠎ᠠ ᠬᠡᠮᠵᠢᠶ᠎ᠡ᠎ᠶᠢ ᠴᠢᠩᠭᠠᠷᠠᠭᠤᠯᠵᠤ᠂ ᠴᠣᠭ᠍ᠴᠠᠵᠢᠭ᠍ᠰᠠᠨ ᠬᠠᠮᠠᠭᠠᠯᠠᠯᠲᠠ᠎ᠶ᠋ᠢᠨ ᠰᠦᠯᠵᠢᠶ᠎ᠡ᠎ᠶ᠋ᠢ ᠪᠠᠢ᠌ᠭᠤᠯᠪᠠ᠃ ᠮᠡᠳᠡᠯᠭᠡ᠎ᠶ᠋ᠢᠨ ᠥᠮᠴᠢᠯᠡᠯ᠎ᠦᠨ ᠡᠷᠬᠡ᠎ᠶ᠋ᠢᠨ ᠬᠠᠮᠠᠭᠠᠯᠠᠯᠲᠠ᠎ᠶ᠋ᠢᠨ ᠬᠠᠯᠬᠠᠪᠴᠢ᠎ᠶ᠋ᠢ ᠪᠡᠬᠢᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠠᠩᠬᠠᠳᠠᠭ᠍ᠴᠢ ᠠᠢᠮᠠᠭ ᠬᠤᠲᠠ᠎ᠶ᠋ᠢᠨ ᠱᠠᠲᠤᠨ᠎ᠤ ᠮᠡᠳᠡᠯᠭᠡ᠎ᠶ᠋ᠢᠨ ᠥᠮᠴᠢᠯᠡᠯ᠎ᠦᠨ ᠡᠷᠬᠡ᠎ᠶ᠋ᠢᠨ ᠵᠠᠰᠠᠭ ᠵᠠᠬᠢᠷᠭᠠᠨ᠎ᠤ ᠲᠠᠰᠤᠯᠤᠨ ᠲᠣᠭ᠍ᠲᠠᠭᠠᠬᠤ ᠵᠦᠪᠯᠡᠯ᠎ᠢ ᠪᠠᠢᠭᠤᠯᠵᠤ᠂ ᠬᠠᠤᠯᠢ ᠴᠠᠭᠠᠵᠠ᠎ᠶ᠋ᠢ ᠬᠠᠷᠢᠯᠴᠠᠨ ᠮᠡᠳᠡᠷᠡᠬᠦ᠌ ᠬᠦᠴᠦᠨ᠎ᠲᠠᠢ 《ᠪᠤᠭᠤᠲᠤ ᠭᠡᠷᠡᠴᠢᠯᠡᠯ ᠬᠡᠯᠬᠢᠶ᠎ᠡ》᠎ᠶ᠋ᠢᠨ ᠭᠡᠷᠡᠴᠢᠯᠡᠯ ᠬᠠᠳᠠᠭᠠᠯᠠᠬᠤ ᠲᠠᠪᠴᠠᠩ᠎ᠢ ᠱᠢᠨ᠎ᠡ᠎ᠪᠠᠷ ᠡᠭᠦᠳᠦᠨ ᠭᠠᠷᠭᠠᠵᠤ᠂ 1051 ᠡᠷᠦᠬᠡ ᠠᠵᠤ ᠠᠬᠤᠢᠯᠠᠯ᠎ᠳᠤ 《ᠨᠢᠭᠡ ᠥᠷᠲᠡᠭᠡ ᠮᠠᠶᠢᠭ》᠎ᠤᠨ ᠪᠠᠲᠤ ᠭᠡᠷᠡᠴᠢᠯᠡᠯ᠎ᠢᠶᠠᠷ ᠡᠷᠬᠡ᠎ᠪᠠᠨ ᠬᠠᠮᠠᠭᠠᠯᠠᠬᠤ ᠳᠡᠮᠵᠢᠯᠭᠡ ᠬᠠᠩᠭᠠᠪᠠ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠨᠡᠢᠲᠡ 680 ᠬᠤᠪᠢ ᠲᠠᠸᠠᠷ᠎ᠤᠨ ᠲᠡᠮᠳᠡᠭ᠎ᠤᠨ ᠲᠤᠰᠭᠠᠶ ᠠᠱᠢᠭ᠎ᠤᠨ ᠡᠷᠬᠡ᠎ᠳᠤ ᠬᠠᠯᠳᠠᠭ᠍ᠰᠠᠨ ᠬᠡᠷᠡᠭ᠎ᠢ ᠪᠠᠢᠴᠠᠭᠠᠨ ᠱᠢᠢᠳᠪᠦᠷᠢᠯᠡᠵᠦ᠍᠂ ᠲᠣᠷᠭᠠᠵᠤ ᠬᠤᠷᠢᠶᠠᠭ᠍ᠰᠠᠨ ᠵᠣᠭᠤᠰ᠎ᠤᠨ ᠲᠤᠭ᠎ᠠ᠎ᠨᠢ 270.5 ᠲᠦᠮᠡᠨ ᠲᠥᠭᠦᠷᠢᠭ ᠬᠦᠷᠴᠦ᠍᠂ ᠴᠣᠭ᠍ᠴᠠᠵᠢᠭ᠍ᠰᠠᠨ ᠬᠠᠮᠠᠭᠠᠯᠠᠯᠲᠠ᠎ᠶ᠋ᠢᠨ ᠲᠣᠤᠷ ᠰᠦᠯᠵᠢᠶ᠎ᠡ᠎ᠶ᠋ᠢ ᠨᠢᠭ᠍ᠲᠠ ᠪᠥᠭᠡᠳ ᠪᠠᠲᠤ ᠰᠦᠯᠵᠢᠪᠡ᠃

ᠭᠠᠳᠠᠭᠠᠳᠤ᠎ᠶᠢᠨ ᠮᠡᠳᠡᠯᠭᠡ᠎ᠶᠢᠨ ᠥᠮᠴᠢᠯᠡᠯ᠎ᠦᠨ ᠡᠷᠬᠡ᠎ᠶᠢᠨ ᠵᠢᠭᠤᠷᠠᠯᠳᠤᠭᠠᠨ᠎ᠢ᠋ ᠠᠷᠭᠠᠴᠠᠬᠤ ᠲᠤᠭᠲᠠᠯᠴᠠᠭ᠎ᠠ᠎ᠶᠢ ᠲᠡᠭᠦᠯᠳᠡᠷᠵᠢᠭᠦᠯᠵᠦ᠍᠂ ᠠᠵᠤ ᠠᠬᠤᠢᠯᠠᠯ᠎ᠤ᠋ᠨ 《ᠭᠠᠳᠠᠭ᠋ᠠᠳᠤ᠎ᠳᠤ ᠭᠠᠷᠬᠤ》 ᠯᠠᠪᠳᠠᠭᠤᠨ᠎ᠢᠶᠠᠷ ᠣᠷᠣᠭᠰᠢᠯᠠᠬᠤ᠎ᠳᠤ ᠬᠦᠴᠦᠨ ᠨᠡᠮᠡᠷᠢᠯᠡᠪᠡ᠃ ᠠᠵᠤ ᠠᠬᠤᠢᠯᠠᠯ᠎ᠤᠨ 《ᠭᠠᠳᠠᠭ᠋ᠠᠳᠣ᠎ᠳᠤ ᠭᠠᠷᠬᠤ᠎ᠳᠤ ᠲᠦᠱᠢᠭ ᠥᠬᠡᠶ》 ᠬᠦᠴᠢᠷ ᠠᠰᠠᠭᠤᠳᠠᠯ᠎ᠳᠤ ᠴᠢᠭ᠌ᠯᠡᠭᠦᠯᠦᠨ᠂ ᠪᠤᠭᠤᠲᠤ ᠬᠤᠲᠠ᠎ᠤᠯᠤᠰ᠎ᠤᠨ ᠲᠠᠰ᠎ᠤᠨ ᠭᠠᠳᠠᠭᠠᠳᠤ᠎ᠶ᠋ᠢᠨ ᠮᠡᠳᠡᠯᠭᠡ᠎ᠶ᠋ᠢᠨ ᠥᠮᠴᠢᠯᠡᠯ᠎ᠦᠨ ᠡᠷᠬᠡ᠎ᠶ᠋ᠢᠨ ᠵᠢᠭᠤᠷᠠᠯᠳᠤᠭᠠᠨ᠎ᠢ ᠠᠷᠭᠠᠴᠠᠨ ᠵᠢᠯᠣᠭᠤᠳᠭᠤ ᠣᠷᠣᠨ ᠨᠤᠲᠤᠭ᠎ᠤᠨ ᠬᠤᠪᠢᠶᠠᠷᠢ ᠲᠥᠪ᠎ᠢ ᠪᠠᠢᠭᠤᠯᠬᠤ᠎ᠪᠠᠷ ᠵᠥᠪᠱᠢᠶᠡᠷᠡᠭ᠌ᠳᠡᠵᠦ᠍᠂ ᠣᠯᠠᠨ ᠬᠦᠷᠢᠶ᠎ᠡ ᠴᠠᠷᠠᠭ᠎ᠠ᠎ᠶᠢᠨ ᠲᠤᠰᠭᠠᠶ ᠮᠡᠷᠭᠡᠵᠢᠯᠲᠡᠨ᠎ᠤ ᠣᠶᠤᠨ᠎ᠤ ᠬᠥᠮᠥᠷᠭᠡ᠎ᠶ᠋ᠢ ᠵᠣᠬᠢᠶᠠᠨ ᠪᠠᠢᠭᠤᠯᠵᠤ᠂ ᠲᠤᠰᠭᠠᠶ ᠴᠠᠭᠠᠨ ᠭᠠᠳᠠᠷᠲᠤ ᠪᠢᠴᠢᠭ᠎ᠢ ᠨᠡᠢᠲᠡᠯᠡᠵᠦ᠍᠂ ᠨᠠᠷᠢᠯᠢᠭ ᠣᠨᠣᠪᠴᠢᠲᠠᠢ ᠪᠠᠷ ᠪᠣᠯᠪᠠᠰᠤᠷᠠᠯ ᠪᠠ ᠬᠠᠪᠰᠣᠷᠠᠨ ᠵᠢᠯᠣᠭᠤᠳᠭᠤ ᠠᠵᠢᠯ᠎ᠢ ᠥᠷᠨᠢᠭᠦᠯᠪᠡ᠃ ᠣᠳᠣᠬᠠᠨ᠎ᠳᠤ᠂ ᠪᠥᠬᠦ᠌ ᠬᠤᠲᠠ᠎ᠶ᠋ᠢᠨ 80 ᠭᠠᠷᠤᠶ ᠭᠠᠳᠠᠭ᠋ᠠᠳᠣ᠎ᠳᠤ ᠭᠠᠷᠤᠭ᠍ᠰᠠᠨ ᠠᠵᠤ ᠠᠬᠤᠢᠯᠠᠯ ᠮᠠᠳ᠋ᠷᠢᠳ᠋᠎ᠤᠨ ᠲᠠᠸᠠᠷ᠎ᠤᠨ ᠲᠡᠮᠳᠡᠭ 53 ᠬᠤᠪᠢ᠂ PCT ᠲᠤᠰᠭᠠᠶ ᠠᠱᠢᠭ᠎ᠤᠨ ᠭᠤᠶᠤᠴᠢᠯᠠᠯ 64 ᠬᠤᠪᠢ ᠪᠠᠢᠵᠤ᠂ ᠠᠵᠤ ᠠᠬᠤᠢᠯᠠᠯ᠎ᠤᠨ 《ᠭᠠᠳᠠᠭ᠋ᠠᠲᠤ᠎ᠳᠤ ᠭᠠᠷᠬᠤ》 ᠠᠯᠬᠤᠴᠠ ᠨᠠᠩ ᠢᠲᠡᠭᠡᠯ᠎ᠲᠠᠢ᠂ ᠪᠠᠲᠤ ᠪᠠᠬᠢ ᠪᠣᠯᠪᠠ᠃

ᠬᠥᠯᠥᠨ ᠪᠤᠢᠷ ᠬᠤᠲᠠ᠄ ᠬᠠᠢ᠌ᠷ᠎ᠠ ᠬᠠᠯᠠᠮᠵᠢᠲᠠᠢ 《ᠠᠵᠤ ᠠᠬᠤᠢᠯᠠᠯ᠎ᠢ ᠳᠤᠯᠠᠭ᠋ᠠᠴᠠᠭᠤᠯᠬᠤ》 ᠦᠶ᠋ᠯᠡᠴᠢᠯᠡᠭᠡᠨ᠎ᠤ ᠠᠮᠢ ᠠᠬᠤᠶ᠎ᠶ᠋ᠢ ᠪᠣᠶ ᠪᠣᠯᠭ᠋ᠠᠪᠠ

ᠬᠤᠪᠢ᠎ᠶ᠋ᠢᠨ ᠦᠢᠯᠡᠳᠪᠦᠷᠢ ᠬᠤᠳᠠᠯᠳᠤᠭᠠᠨ᠎ᠤ ᠡᠷᠦᠬᠡ᠎ᠶ᠋ᠢᠨ 《ᠬᠦᠴᠦᠨ ᠥᠬᠡᠶ ᠪᠣᠯᠭᠠᠬᠤ ᠲᠦᠷᠭᠡᠨ ᠲᠡᠷᠭᠡ》᠂ 《ᠦᠨᠡᠮᠯᠡᠯ᠎ᠢ ᠳᠠᠭᠠᠭᠠᠴᠢᠯᠠᠬᠤ》 ᠵᠡᠷᠭᠡ ᠲᠥᠷᠥ᠎ᠶ᠋ᠢᠨ ᠪᠣᠳᠣᠯᠭ᠎ᠠ᠎ᠶ᠋ᠢᠨ ᠳᠠᠭᠠᠭᠠᠴᠢᠯᠠᠯᠲᠠ᠎ᠶ᠋ᠢ ᠱᠢᠨ᠎ᠡ᠎ᠪᠠᠷ ᠡᠭᠦᠳᠴᠦ᠍᠂ 《ᠥᠨᠳᠥᠷ ᠪᠦᠲᠦᠮᠵᠢᠲᠡᠶ᠎ᠪᠠᠷ ᠨᠢᠭᠡ ᠠᠵᠢᠯ ᠶᠠᠪᠤᠳᠠᠯ ᠭᠦᠢᠴᠡᠳᠭᠡᠬᠦ᠌》 ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠦᠷ᠎ᠡ ᠪᠦᠲᠦᠮᠵᠢ᠎ᠶ᠋ᠢ ᠲᠠᠰᠤᠷᠠᠯᠲᠠ ᠥᠬᠡᠶ ᠳᠡᠭᠡᠭᠰᠢᠯᠡᠭᠦᠯᠪᠡ᠃ 275 ᠡᠷᠦᠬᠡ ᠠᠵᠤ ᠠᠬᠤᠢᠯᠠᠯ ᠨᠢ 2050 ᠬᠤᠪᠢ᠎ᠶ᠋ᠢᠨ ᠦᠢᠯᠡᠳᠪᠦᠷᠢ ᠬᠤᠳᠠᠯᠳᠤᠭᠠᠨ᠎ᠤ ᠡᠷᠦᠬᠡ᠎ᠶᠢ ᠠᠮᠵᠢᠯᠲᠠ᠎ᠲᠠᠢ᠎ᠪᠠᠷ ᠬᠠᠪᠰᠣᠷᠣᠨ ᠲᠡᠳᠬᠦᠵᠦ᠍᠂ 573 ᠬᠤᠪᠢ᠎ᠶ᠋ᠢᠨ ᠦᠢᠯᠡᠳᠪᠦᠷᠢ ᠬᠤᠳᠠᠯᠳᠤᠭᠠᠨ᠎ᠤ ᠡᠷᠦᠬᠡ ᠬᠡᠯᠪᠡᠷᠢ᠎ᠪᠠᠨ ᠬᠤᠪᠢᠷᠠᠭᠤᠯᠤᠨ ᠠᠵᠤ ᠠᠬᠤᠢᠯᠠᠯ ᠪᠤᠯᠵᠦ᠂ ᠴᠢᠨᠠᠷ ᠰᠠᠢᠲᠠᠢ ᠬᠥᠭ᠌ᠵᠢᠯᠲᠡ᠎ᠳᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠬᠦᠴᠦᠨ ᠴᠢᠳᠠᠯ᠎ᠢᠶᠠᠨ ᠡᠷᠭᠦᠪᠡ᠃

ᠬᠢᠨᠠᠯᠲᠠ ᠬᠠᠮᠢᠶᠠᠷᠤᠯᠲᠠ᠎ᠶᠢᠨ ᠬᠠᠤᠯᠢ ᠬᠡᠷᠡᠭᠵᠢᠭᠦᠯᠦᠯᠲᠡ᠎ᠪᠠᠨ ᠵᠢᠷᠤᠮᠵᠢᠭᠤᠯᠵᠤ᠂ ᠲᠥᠪ ᠭᠤᠣᠯᠴᠢ 《ᠠᠵᠤ ᠠᠬᠤᠢᠯᠠᠯ᠎ᠢ ᠬᠠᠮᠠᠭᠠᠯᠠᠬᠤ》 ᠵᠠᠬ᠎ᠠ ᠳᠡᠯᠭᠡᠭᠦᠷ᠎ᠤᠨ ᠣᠷᠴᠢᠨ ᠨᠥᠬᠦᠴᠡᠯ᠎ᠢ ᠪᠤᠢ ᠪᠣᠯᠭ᠋ᠠᠪᠠ᠃ ᠡᠵᠡᠩᠨᠡᠭ᠌ᠴᠢᠳ᠂ ᠠᠵᠤ ᠠᠬᠤᠶ᠎ᠶ᠋ᠢᠨ ᠠᠵᠢᠯᠯᠠᠭ᠎ᠠ᠎ᠳᠤ ᠬᠣᠯᠪᠣᠭ᠍ᠳᠠᠬᠤ ᠣᠳᠣ᠎ᠶᠢᠨ ᠪᠠᠢ᠌ᠭ᠎ᠠ ᠲᠥᠷᠥ᠎ᠶ᠋ᠢᠨ ᠪᠣᠳᠣᠯᠭ᠎ᠠ᠎ᠶ᠋ᠢᠨ ᠠᠷᠭ᠎ᠠ ᠬᠡᠮᠵᠢᠶ᠎ᠡ᠎ᠶ᠋ᠢ ᠲᠣᠭ᠍ᠲᠠᠮᠠᠯ ᠬᠤᠭᠤᠴᠠᠭ᠎ᠠ᠎ᠲᠠᠶ᠎ᠪᠠᠷ ᠢᠯᠭᠠᠷᠠᠭᠤᠯᠬᠤ᠂ ᠰᠤᠭᠤᠯᠤᠨ ᠪᠠᠢᠴᠠᠭᠠᠬᠤ ᠪᠠ ᠦᠨᠡᠯᠡᠨ ᠵᠢᠱ᠌ᠢᠬᠦ᠌᠎ᠶ᠋ᠢ ᠥᠷᠨᠢᠭᠦᠯᠪᠡ᠃ 《ᠭᠣᠣᠯᠴᠢ ᠦᠷᠢᠰᠦᠯᠳᠦᠭᠡᠨ᠎ᠢ ᠬᠢᠨᠠᠨ ᠪᠠᠢᠴᠠᠭᠠᠬᠤ ᠲᠦᠷᠢᠮ》᠎ᠢ ᠭᠦᠨᠵᠡᠭᠡᠶ ᠨᠠᠢᠳᠠᠪᠤᠷᠢᠵᠢᠭᠤᠯᠵᠤ᠂ ᠴᠢᠬᠤᠯᠠ ᠶᠡᠭᠡ ᠲᠥᠷᠥ᠎ᠶ᠋ᠢᠨ ᠪᠣᠳᠣᠯᠭ᠎ᠠ᠎ᠶ᠋ᠢᠨ ᠬᠠᠮᠲᠤᠷᠠᠨ ᠰᠢᠭᠦᠬᠦ᠎ᠶ᠋ᠢ 30᠎ᠤᠳᠠᠭ᠎ᠠ ᠥᠷᠨᠢᠭᠦᠯᠵᠦ᠍᠂ 42 ᠬᠤᠪᠢ ᠪᠢᠴᠢᠭ ᠮᠠᠲ᠋ᠧᠷᠢᠶᠠᠯ᠎ᠢ ᠬᠢᠨᠠᠨ ᠬᠠᠷᠭᠤᠭᠤᠯᠵᠤ᠂ ᠵᠠᠰᠠᠭ᠎ᠤᠨ ᠣᠷᠳᠣᠨ᠎ᠤ ᠱᠢᠢᠳᠪᠦᠷᠢᠲᠦ ᠪᠣᠳᠣᠯᠭ᠎ᠠ᠎ᠶ᠋ᠢᠨ 《ᠡᠮᠦᠨ᠎ᠡ ᠬᠠᠷᠠᠭᠤᠯ᠎ᠤᠨ ᠰᠡᠷᠭᠡᠢᠯᠡᠯᠲᠡ》᠎ᠶ᠋ᠢᠨ ᠦᠢᠯᠡᠳᠦᠯ᠎ᠢ ᠭᠦᠢᠴᠡ ᠪᠠᠳᠠᠷᠠᠭᠤᠯᠪᠠ᠃

ᠢᠲᠡᠭᠡᠮᠵᠢ᠎ᠶᠢᠨ ᠲᠠᠪᠴᠠᠩ᠎ᠢ᠋ ᠪᠠᠢᠭᠤᠯᠵᠤ᠂ ᠢᠲᠡᠭᠡᠮᠵᠢ᠎ᠪᠠᠷ 《ᠠᠵᠤ ᠠᠬᠤᠢᠯᠠᠯ᠎ᠳ᠋ᠤ ᠠᠰᠢᠭᠲᠠᠢ》 ᠴᠡᠪᠡᠷ ᠠᠰᠢᠭ᠎ᠶᠢ ᠰᠣᠯᠠᠯᠠᠪᠠ᠃ ᠢᠲᠡᠭᠡᠮᠵᠢ᠎ᠶ᠋ᠢ ᠰᠡᠷᠭᠦᠭᠡᠬᠦ᠌ 《ᠲᠠᠪᠤ᠎ᠪᠠᠷ ᠭᠦᠢ᠍ᠴᠡᠳᠬᠡᠬᠦ ᠬᠠᠮᠵᠢᠯᠴᠠᠭ᠎ᠠ》 ᠲᠤᠭᠲᠠᠯᠴᠠᠭ᠎ᠠ᠎ᠶᠢ ᠱᠢᠨ᠎ᠡ᠎ᠶ᠋ᠢ ᠡᠭᠦᠳᠴᠦ᠍᠂ ᠢᠲᠡᠭᠡᠮᠵᠢ᠎ᠶ᠋ᠢᠨ ᠮᠡᠳᠡᠭᠡ ᠵᠠᠩᠭᠢ᠎ᠶ᠋ᠢ 17032 ᠵᠤᠷᠪᠤᠰ ᠰᠡᠷᠭᠦᠭᠡᠵᠦ᠂ ᠰᠦᠯᠵᠢᠶ᠎ᠡ᠎ᠪᠠᠷ ᠭᠦᠢ᠍ᠴᠡᠳᠬᠡᠬᠦ ᠨᠣᠷᠮ᠎ᠠ᠎ᠶ᠋ᠢ 93.04% ᠎ᠳᠤ ᠬᠦᠷᠦᠭᠦᠯᠵᠦ᠍᠂ ᠬᠠᠮᠢᠶ᠎ᠠ ᠪᠦᠬᠦᠢ ᠠᠷᠭ᠎ᠠ ᠬᠢᠳᠡᠯ ᠨᠢ ᠤᠯᠤᠰ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠢ ᠲᠣᠪᠴᠢᠶ᠎ᠠ᠎ᠶ᠋ᠢᠨ 2025 ᠣᠨ᠎ᠤ ᠬᠣᠳᠠᠯᠳᠣᠭ᠎ᠠ ᠡᠵᠡᠩᠨᠡᠯᠲᠡ᠎ᠶᠢᠨ ᠣᠷᠴᠢᠨ ᠨᠦᠭᠦᠴᠡᠯ᠎ᠢ ᠰᠢᠯᠢᠳᠡᠭᠵᠢᠭᠦᠯᠬᠦ ᠰᠢᠯᠢᠳᠡᠭ ᠬᠡᠷᠡᠭ᠎ᠦᠨ ᠵᠢᠱ᠌ᠢᠶ᠎ᠡ᠎ᠪᠡᠷ ᠰᠣᠩᠭᠤᠭ᠍ᠳᠠᠪᠠ᠃

ᠶᠠᠰᠤ ᠴᠢᠨᠠᠷ᠎ᠢᠶᠠᠷ ᠬᠥᠲᠥᠯᠥᠨ ᠳᠠᠭᠠᠭᠤᠯᠬᠤ᠎ᠶ᠋ᠢ ᠴᠢᠩᠭᠠᠳᠭᠠᠵᠤ᠂ 《ᠠᠵᠤ ᠠᠬᠤᠢᠯᠠᠯ᠎ᠢ ᠬᠦᠴᠦᠷᠬᠡᠭ᠌ᠵᠢᠭᠦᠯᠬᠦ᠌》 ᠬᠥᠭ᠌ᠵᠢᠯᠲᠡ᠎ᠶ᠋ᠢᠨ ᠰᠠᠭᠤᠷᠢ᠎ᠶ᠋ᠢ ᠪᠡᠬᠢᠵᠢᠭᠦᠯᠪᠡ᠃ ᠶᠠᠰᠤ ᠴᠢᠨᠠᠷ᠎ᠤᠨ ᠲᠥᠷᠥ᠎ᠶ᠋ᠢᠨ ᠪᠣᠳᠣᠯᠭ᠎ᠠ᠎ᠶ᠋ᠢᠨ ᠪᠠᠭᠠᠵᠢ ᠬᠡᠷᠡᠭ᠌ᠰᠡᠯ᠎ᠤᠨ ᠦᠢᠯᠡᠴᠢᠯᠡᠭᠡ᠎ᠶ᠋ᠢ ᠬᠡᠷᠡᠭ᠌ᠵᠢᠭᠦᠯᠵᠦ᠍᠂ 166 ᠡᠷᠦᠬᠡ ᠠᠵᠤ ᠠᠬᠤᠢᠯᠠᠯ᠎ᠤᠨ ᠶᠠᠰᠤ ᠴᠢᠨᠠᠷ᠎ᠤᠨ ᠲᠡᠷᠢᠭᠦᠨ ᠲᠤᠱᠢᠶᠠᠯᠲᠠᠨ᠎ᠢ ᠪᠠᠢᠭᠤᠯᠬᠤ᠎ᠶ᠋ᠢ ᠠᠬᠢᠭᠤᠯᠵᠤ᠂ ᠡᠷᠭᠦᠨ᠎ᠡ ᠬᠤᠲᠠ ᠪᠥᠬᠦ᠌ ᠤᠯᠤᠰ᠎ᠤᠨ ᠵᠠᠭᠤᠨ ᠬᠤᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠱᠢᠶᠠᠨ᠎ᠢᠶᠠᠷ ᠰᠣᠩᠭᠤᠭ᠍ᠳᠠᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ 《ᠠᠵᠤ ᠠᠬᠤᠢᠯᠠᠯ᠎ᠳᠤ ᠠᠰᠢᠭᠲᠠᠢ ᠶᠠᠰᠤ ᠴᠢᠨᠠᠷ᠎ᠤᠨ ᠵᠢᠭᠡᠯᠡᠯᠭᠡ》᠎ᠶ᠋ᠢᠨ ᠦᠢᠯᠡᠴᠢᠯᠡᠭᠡ᠎ᠶ᠋ᠢ ᠥᠷᠨᠢᠭᠦᠯᠦᠨ ᠠᠵᠤ ᠠᠬᠤᠢᠯᠠᠯ᠎ᠢ ᠬᠠᠪᠰᠤᠷᠤᠨ 1.76 ᠳ᠋ᠦᠩᠱᠢᠭᠤᠷ ᠲᠥᠭᠦᠷᠢᠭ᠎ᠤᠨ ᠪᠠᠯᠠ ᠣᠷᠣᠭᠣᠯᠣᠯᠲᠠ᠎ᠶ᠋ᠢᠨ ᠲᠤᠭ᠎ᠠ ᠬᠡᠮᠵᠢᠶ᠎ᠡ᠎ᠶ᠋ᠢ ᠣᠯᠵᠤ᠂ ᠠᠵᠤ ᠠᠬᠤᠢᠯᠠᠯ᠎ᠤᠨ ᠪᠠᠯᠠ ᠮᠥᠩᠭᠦ᠎ᠶ᠋ᠢᠨ ᠪᠣᠭᠤᠮᠢ᠎ᠶ᠋ᠢ ᠪᠦᠲᠦᠮᠵᠢᠲᠡᠶ ᠱᠢᠢᠳᠪᠦᠷᠢᠯᠡᠪᠡ᠃

ᠮᠡᠳᠡᠯᠭᠡ᠎ᠶᠢᠨ ᠥᠮᠴᠢᠯᠡᠯ᠎ᠦᠨ ᠡᠷᠬᠡ᠎ᠶᠢᠨ ᠬᠠᠮᠠᠭᠠᠯᠠᠯᠲᠠ᠎ᠶᠢ ᠴᠢᠩᠭ᠋ᠠᠷᠠᠭᠤᠯᠵᠦ᠂ 《ᠠᠵᠦ ᠠᠬᠤᠢ᠌ᠯᠠᠯ᠎ᠳᠤ ᠠᠰᠢᠭᠲᠠᠢ》 ᠰᠢᠨ᠎ᠡ᠎ᠶᠢ ᠡᠭᠦᠳᠬᠦ᠌ ᠬᠥᠳᠡᠯᠭᠡᠬᠦ᠌ ᠬᠦᠴᠦᠨ᠎ᠢ᠋ ᠬᠦᠭᠵᠢᠭᠡᠪᠡ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ ᠲᠦᠮᠡᠨ ᠬᠥᠮᠦᠨ ᠠᠮᠠ ᠨᠢᠭᠡᠪᠦᠷᠢ᠎ᠶ᠋ᠢᠨ ᠥᠨᠳᠥᠷ ᠥᠷᠲᠡᠭ᠌ᠲᠦ ᠡᠭᠦᠳᠦᠯᠲᠡ᠎ᠶ᠋ᠢᠨ ᠲᠤᠰᠭᠠᠶ ᠠᠱᠢᠭ᠎ᠤᠨ ᠬᠡᠮᠵᠢᠶ᠎ᠡ 0.85 ᠬᠤᠪᠢ ᠪᠣᠯᠲᠠᠯ᠎ᠠ ᠨᠡᠮᠡᠭ᠌ᠳᠡᠵᠦ᠍᠂ ᠠᠳᠠᠯᠢ ᠬᠤᠭᠤᠴᠠᠭᠠᠨ᠎ᠤ᠎ᠬᠢ᠎ᠠᠴᠠ 97.67% ᠨᠡᠮᠡᠭ᠌ᠳᠡᠪᠡ᠃ 《ᠬᠥᠯᠥᠨ ᠪᠤᠢᠷ ᠲᠠᠯ᠎ᠠ ᠨᠤᠲᠤᠭ》᠎ᠤᠨ ᠬᠠᠮᠲᠤ᠎ᠶ᠋ᠢᠨ ᠲᠠᠸᠠᠷ᠎ᠤᠨ ᠲᠡᠮᠳᠡᠭ᠎ᠢ ᠳᠠᠩᠰᠠᠯᠠᠭᠤᠯᠬᠤ ᠭᠤᠶᠤᠴᠢᠯᠠᠯ ᠨᠢᠭᠡᠨᠲᠡ ᠮᠥᠨ ᠴᠢᠨᠠᠷ᠎ᠤᠨ ᠬᠢᠨᠠᠨ ᠪᠠᠢᠴᠠᠭᠠᠯᠲᠠ᠎ᠶ᠋ᠢᠨ ᠱᠠᠲᠤᠨ᠎ᠳᠤ ᠣᠷᠣᠪᠠ᠃ 《ᠪᠠᠷᠠᠭᠤᠨ ᠬᠤᠱᠢᠭᠤᠨ᠎ᠤ ᠬᠤᠨᠢᠨ ᠮᠢᠬ᠎ᠠ》᠎ᠶ᠋ᠢᠨ ᠤᠯᠤᠰ᠎ᠤᠨ ᠭᠠᠵᠠᠷ ᠵᠦᠶ᠎ᠶ᠋ᠢᠨ ᠲᠡᠮᠳᠡᠭ᠎ᠤᠨ ᠬᠠᠮᠠᠭᠠᠯᠠᠯᠲᠠ᠎ᠶ᠋ᠢᠨ ᠵᠢᠱ᠌ᠢᠶ᠎ᠡ ᠦᠵᠡᠭᠦᠯᠬᠦ᠌ ᠣᠷᠣᠨ᠎ᠤ ᠪᠥᠲᠥᠭᠡᠨ ᠪᠠᠢᠭᠤᠯᠤᠯᠲᠠ᠎ᠶ᠋ᠢ ᠯᠠᠪᠳᠠᠭᠤᠨ᠎ᠢᠶᠠᠷ ᠠᠬᠢᠭᠤᠯᠵᠤ᠂ ᠭᠠᠵᠠᠷ ᠵᠦᠶ᠎ᠶ᠋ᠢᠨ ᠲᠡᠮᠳᠡᠭ ᠲᠠᠢ ᠪᠦᠲᠦᠭᠡᠭ᠌ᠳᠡᠬᠦᠨ ᠨᠡᠢᠲᠡ 9 ᠬᠦᠷᠪᠡ᠃

ᠬᠢᠩᠭᠠᠨ ᠠᠢᠮᠠᠭ᠄ ᠭᠠᠵᠠᠷ ᠵᠦᠶ᠎ᠶ᠋ᠢᠨ ᠲᠡᠮᠳᠡᠭ᠎ᠢᠶᠠᠷ ᠨᠠᠷᠠᠲᠤ ᠲᠡᠮᠳᠡᠭᠲᠦ᠎ᠶᠢᠨ ᠪᠠᠢᠭᠤᠯᠤᠯᠲᠠ᠎ᠳᠦ ᠬᠦᠴᠦᠨ ᠣᠯᠭᠣᠪᠠ

ᠭᠠᠵᠠᠷ ᠵᠦᠢ᠎ᠶ᠋ᠢᠨ ᠲᠡᠮᠳᠡᠭ᠎ᠢᠶᠡᠷ ᠲᠣᠭ᠎ᠠ ᠬᠡᠮᠵᠢᠶ᠎ᠡ ᠪᠠ ᠶᠠᠰᠣ ᠴᠢᠨᠠᠷ᠎ᠢ ᠵᠡᠷᠭᠡ᠎ᠪᠡᠷ ᠳᠡᠭᠡᠭ᠌ᠰᠢᠯᠡᠭᠦᠯᠬᠦ᠎ᠶᠢ ᠪᠡᠶᠡᠯᠡᠭᠦᠯᠪᠡ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ ᠬᠢᠩᠭᠠᠨ ᠠᠢᠮᠠᠭ ᠭᠠᠵᠠᠷ ᠵᠦᠶ᠎ᠶ᠋ᠢᠨ ᠲᠡᠮᠳᠡᠭ᠌ᠲᠦ ᠲᠠᠸᠠᠷ᠎ᠤᠨ ᠲᠡᠮᠳᠡᠭ᠎ᠢ 4 ᠬᠤᠪᠢ ᠱᠢᠨ᠎ᠡ᠎ᠪᠠᠷ ᠨᠡᠮᠡᠭ᠌ᠳᠡᠭᠦᠯᠵᠦ᠍᠂ 80% ᠎ᠪᠠᠷ ᠨᠡᠮᠡᠭ᠌ᠳᠡᠪᠡ᠃ ᠡᠭᠦᠨ᠎ᠳᠤ᠂ 2023 ᠣᠨ᠎ᠳᠤ ᠠᠮᠵᠢᠯᠲᠠ᠎ᠲᠠᠢ ᠳᠠᠩᠰᠠᠯᠠᠭᠤᠯᠤᠭ᠍ᠰᠠᠨ 《ᠲᠦᠴᠢᠦᠸᠠᠨ᠎ᠤ ᠯᠦ᠍ ᠬᠤᠸᠠ ᠳᠠᠬᠢᠶ᠎ᠠ (ᠠᠮᠢᠳᠤ ᠪᠤᠰᠤ ᠲᠥᠷᠥᠯ)》᠂ 《ᠲᠦᠴᠢᠦᠸᠠᠨ᠎ᠤ ᠬᠠᠲᠠᠭ᠋ᠠᠭᠰᠠᠨ ᠳ᠋ᠧᠦᠹᠦ᠋》᠂ 《ᠲᠦᠴᠢᠦᠸᠠᠨ᠎ᠤ ᠹᠧᠨᠲ᠋ᠢᠶᠣᠤᠷ》᠎ᠤᠨ 3 ᠭᠠᠵᠠᠷ ᠵᠦᠶ᠎ᠶ᠋ᠢᠨ ᠲᠡᠮᠳᠡᠭ ᠲᠠᠢ ᠲᠠᠸᠠᠷ᠎ᠤᠨ ᠲᠡᠮᠳᠡᠭ ᠨᠢ ᠬᠢᠩᠭ᠋ᠠᠨ ᠠᠢ᠌ᠮᠠᠭ᠎ᠤᠨ ᠲᠡᠥᠬᠡᠨ ᠳᠡᠭᠡᠷ᠎ᠡ ᠭᠠᠵᠠᠷ ᠵᠦᠢ᠎ᠶᠢᠨ ᠲᠡᠮᠳᠡᠭ᠎ᠢ ᠠᠮᠵᠢᠯᠲᠠ᠎ᠪᠠᠷ ᠳᠠᠩᠰᠠᠯᠠᠭᠤᠯᠤᠭ᠍ᠰᠠᠨ ᠲᠠᠸᠠᠷ᠎ᠤᠨ ᠲᠡᠮᠳᠡᠭ᠎ᠦᠨ ᠲᠤᠭ᠎ᠠ ᠬᠡᠮᠵᠢᠶ᠎ᠡ᠎ᠪᠠᠷ ᠬᠠᠮᠤᠭ᠎ᠤᠨ ᠣᠯᠠᠨ ᠨᠢᠭᠡ ᠵᠢᠯ ᠮᠦᠨ᠃ 2024 ᠣᠨ᠎ᠳᠤ ᠮᠠᠭᠠᠳᠯᠠᠨ ᠲᠣᠭ᠍ᠲᠠᠭᠠᠭ᠍ᠰᠠᠨ 《ᠷᠠᠱᠢᠶᠠᠨ᠎ᠤ ᠷᠠᠱᠢᠶᠠᠨ ᠣᠰᠤ》 ᠨᠢ᠎ᠤᠯᠤᠰ᠎ᠤᠨ ᠮᠡᠳᠡᠯᠭᠡ᠎ᠶ᠋ᠢᠨ ᠥᠮᠴᠢᠯᠡᠯ᠎ᠦᠨ ᠡᠷᠬᠡ᠎ᠶ᠋ᠢᠨ ᠲᠣᠪᠴᠢᠶ᠎ᠠ᠎ᠶ᠋ᠢ ᠱᠢᠨ᠎ᠡ᠎ᠪᠠᠷ ᠪᠠᠢᠭᠤᠯᠤᠭ᠍ᠰᠠᠨ᠎ᠠᠴᠠ ᠨᠠᠭ᠋ᠠᠰᠢᠬᠢ ᠬᠠᠮᠠᠭ᠋ᠠᠯᠠᠯᠲᠠ᠎ᠶ᠋ᠢ ᠬᠡᠷᠡᠭ᠌ᠵᠢᠭᠦᠯᠦᠭ᠌ᠰᠡᠨ ᠠᠩᠬᠠᠳᠠᠭ᠍ᠴᠢ ᠷᠠᠱᠢᠶᠠᠨ ᠤᠰᠤᠨ᠎ᠤ ᠲᠥᠷᠥᠯ᠎ᠤᠨ ᠭᠠᠵᠠᠷ ᠵᠦᠶ᠎ᠶ᠋ᠢᠨ ᠲᠡᠮᠳᠡᠭ ᠲᠠᠢ ᠪᠦᠲᠦᠭᠡᠭ᠌ᠳᠡᠬᠦᠨ ᠮᠦᠨ᠃ 2025 ᠣᠨ᠎ᠳᠤ 《ᠬᠢᠩᠭᠠᠨ ᠠᠢᠮᠠᠭ᠎ᠤᠨ ᠦᠬᠡᠷ᠎ᠤᠨ ᠮᠢᠬ᠎ᠠ》 ᠵᠡᠷᠭᠡ 7 ᠭᠠᠵᠠᠷ ᠵᠦᠶ᠎ᠶ᠋ᠢᠨ ᠲᠡᠮᠳᠡᠭ ᠲᠠᠢ ᠪᠦᠲᠦᠭᠡᠭ᠌ᠳᠡᠬᠦᠨ᠎ᠢ ᠠᠮᠵᠢᠯᠲᠠ᠎ᠲᠠᠢ ᠮᠠᠭᠠᠳᠯᠠᠨ ᠲᠣᠭ᠍ᠲᠠᠭᠠᠪᠠ᠃ ᠭᠠᠵᠠᠷ ᠵᠦᠢ᠎ᠶ᠋ᠢᠨ ᠲᠡᠮᠳᠡᠭ᠎ᠦᠨ ᠲᠤᠰᠭᠠᠢ ᠲᠡᠮᠳᠡᠭ᠎ᠢ ᠬᠡᠷᠡᠭᠯᠡᠭᠰᠡᠨ ᠠᠵᠤ ᠠᠬᠤᠢᠯᠠᠯ 106 ᠡᠷᠦᠬᠡ᠎ᠲᠦ ᠬᠦᠷᠴᠦ᠂ 112% ᠎ᠢᠶᠠᠷ ᠨᠡᠮᠡᠭ᠌ᠳᠡᠪᠡ᠃ 21 ᠬᠤᠪᠢ ᠭᠠᠵᠠᠷ ᠵᠦᠶ᠎ᠶ᠋ᠢᠨ ᠲᠡᠮᠳᠡᠭ ᠲᠠᠢ ᠪᠦᠲᠦᠭᠡᠭᠳᠡᠬᠦᠨ᠎ᠢ ᠴᠥᠮ ᠪᠦᠲᠦᠮᠵᠢᠲᠡᠶ ᠲᠡᠮᠳᠡᠭ ᠬᠡᠷᠡᠭᠯᠡᠬᠦ᠎ᠶᠢ ᠪᠡᠶᠡᠯᠡᠭᠦᠯᠵᠦ᠂ ᠪᠦᠷᠬᠦᠴᠡ᠎ᠶ᠋ᠢᠨ ᠨᠣᠷᠮ᠎ᠠ 100%᠎ᠳᠤ ᠬᠦᠷᠪᠡ᠃

ᠭᠠᠵᠠᠷ ᠵᠦᠢ ᠶ᠋ᠢᠨ ᠲᠡᠮᠳᠡᠭ᠎ᠦᠨ ᠬᠡᠷᠡᠭᠯᠡᠯᠲᠡ ᠶ᠋ᠢᠨ ᠦᠷ᠎ᠡ ᠠᠱᠢᠭ ᠨᠢ ᠳᠣᠪᠣᠢᠮ᠎ᠠ᠃ 2021 ᠣᠨ᠎ᠦ 《ᠬᠢᠩᠭᠠᠨ ᠠᠢ᠌ᠮᠠᠭ᠎ᠤᠨ ᠲᠤᠲᠤᠷᠭ᠎ᠠ》 《ᠲᠠᠢ ᠾᠧ ᠨᠠᠷᠢᠮᠤ》᠎ᠶᠢ ᠤᠯᠤᠰ᠎ᠤᠨ ᠮᠡᠳᠡᠯᠭᠡ᠎ᠶᠢᠨ ᠥᠮᠴᠢᠯᠡᠯ᠎ᠦᠨ ᠡᠷᠬᠡ᠎ᠶᠢᠨ ᠲᠤᠪᠴᠢᠶ᠎ᠠ᠎ᠶᠢᠨ ᠨᠢᠭᠡᠳᠦᠭᠡᠷ ᠪᠦᠯᠦᠭ ᠭᠠᠵᠠᠷ ᠵᠦᠶ᠎ᠶᠢᠨ ᠲᠡᠮᠳᠡᠭ᠎ᠦᠨ ᠬᠡᠷᠡᠭᠯᠡᠯᠲᠡ᠎ᠶᠢ ᠠᠬᠢᠭᠤᠯᠬᠤ ᠭᠤᠤᠯᠳᠠᠯᠭ᠎ᠠ ᠲᠠᠢ ᠬᠠᠷᠢᠯᠴᠠᠨ ᠵᠢᠯᠣᠭᠤᠳᠬᠤ ᠨᠡᠷᠡᠰ᠎ᠤᠨ ᠵᠢᠭᠰᠠᠭᠠᠯᠲᠠ᠎ᠳᠤ ᠣᠷᠣᠭᠤᠯᠪᠠ᠃ 《ᠬᠢᠩᠭᠠᠨ ᠠᠢ᠌ᠮᠠᠭ᠎ᠤᠨ ᠲᠤᠲᠤᠷᠭ᠎ᠠ》᠎ᠶᠢᠨ ᠭᠠᠵᠠᠷ ᠵᠦᠶ᠎ᠶᠢᠨ ᠲᠡᠮᠳᠡᠭ᠎ᠦᠨ ᠬᠡᠷᠡᠭᠯᠡᠯᠲᠡ᠎ᠶᠢ ᠠᠬᠢᠭᠤᠯᠬᠤ ᠲᠤᠷᠰᠢᠯᠭ᠎ᠠ ᠨᠢ᠎ᠤᠯᠤᠰ᠎ᠤᠨ ᠮᠡᠳᠡᠯᠭᠡ᠎ᠶᠢᠨ ᠥᠮᠴᠢᠯᠡᠯ᠎ᠦᠨ ᠡᠷᠬᠡ᠎ᠶᠢᠨ ᠲᠤᠪᠴᠢᠶ᠎ᠠ᠎ᠶᠢᠨ 《ᠭᠠᠵᠠᠷ ᠵᠦᠶ᠎ᠶᠢᠨ ᠲᠡᠮᠳᠡᠭ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠎ᠳᠦ ᠬᠦᠴᠦᠨ ᠨᠡᠮᠡᠷᠢᠯᠡᠭᠰᠡᠨ ᠨᠡᠢ᠌ᠲᠡᠯᠢᠭ ᠬᠡᠷᠡᠭ᠎ᠦᠨ ᠵᠢᠱ᠌ᠢᠶ᠎ᠡ᠎ᠶᠢᠨ ᠡᠮᠬᠢᠳᠬᠡᠯ》᠎ᠳᠦ ᠠᠮᠵᠢᠯᠲᠠ ᠲᠠᠢ᠎ᠪᠡᠷ ᠰᠣᠩᠭᠣᠭᠳᠠᠵᠤ᠂ ᠥᠪᠥᠷ ᠮᠣᠩᠭᠤᠯ᠎ᠦᠨ ᠰᠣᠩᠭᠣᠭᠳᠠᠭᠰᠠᠨ ᠴᠣᠷ᠎ᠤᠨ ᠭᠠᠭᠴᠠ ᠨᠡᠢ᠌ᠲᠡᠯᠢᠭ ᠬᠡᠷᠡᠭ᠎ᠦᠨ ᠵᠢᠱ᠌ᠢᠶ᠎ᠡ ᠪᠤᠯᠤᠨ᠎ᠠ᠃ 2024 ᠣᠨ᠎ᠳᠦ 《〈ᠬᠢᠩᠭᠠᠨ ᠠᠢ᠌ᠮᠠᠭ᠎ᠤᠨ ᠲᠤᠲᠤᠷᠭ᠎ᠠ〉 ᠲᠠᠷᠢᠶᠠᠴᠢᠳ᠎ᠢ ᠪᠠᠶᠠᠵᠢᠭᠤᠯᠵᠤ᠂ ᠠᠵᠤ ᠦᠢᠯᠡᠰ᠎ᠢ ᠬᠦᠴᠦᠷᠬᠡᠭᠵᠢᠭᠦᠯᠪᠡ》 ᠭᠡᠬᠦ ᠲᠤᠷᠰᠢᠯᠭ᠎ᠠ ᠨᠢ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠎ᠶᠢᠨ ᠭᠠᠵᠠᠷ ᠵᠦᠶ᠎ᠶᠢᠨ ᠲᠡᠮᠳᠡᠭ᠎ᠦᠨ ᠴᠢᠨᠠᠷ ᠰᠠᠢ᠌ᠲᠠᠢ ᠬᠥᠭᠵᠢᠯᠲᠡ᠎ᠶᠢᠨ ᠨᠡᠢ᠌ᠲᠡᠯᠢᠭ ᠬᠡᠷᠡᠭ᠎ᠦᠨ ᠵᠢᠱ᠌ᠢᠶ᠎ᠡ᠎ᠪᠡᠷ ᠰᠣᠩᠭᠤᠭᠳᠠᠵᠤ᠂ ᠪᠥᠬᠦ ᠣᠷᠣᠨ᠎ᠳᠦ ᠳᠡᠯᠭᠡᠷᠡᠭᠦᠯᠪᠡ᠃ 2025 ᠣᠨ᠎ᠳᠦ 《ᠬᠢᠩᠭᠠᠨ ᠠᠢ᠌ᠮᠠᠭ᠎ᠦᠨ ᠲᠤᠲᠤᠷᠭ᠎ᠠ》᠎ᠶᠢᠨ ᠨᠠᠷᠠᠲᠤ ᠲᠡᠮᠳᠡᠭᠲᠦ᠎ᠶᠢᠨ ᠥᠷᠲᠡᠭ ᠨᠢ 310.36 ᠳ᠋ᠦᠩᠰᠢᠭᠤᠷ ᠲᠥᠭᠦᠷᠢᠭ᠂ 《ᠲᠦᠴᠢᠦᠸᠠᠨ᠎ᠦ ᠨᠣᠭᠤᠭᠠᠨ ᠪᠤᠷᠴᠠᠭ》᠎ᠤᠨ ᠨᠠᠷᠠᠲᠤ ᠲᠡᠮᠳᠡᠭᠲᠦ᠎ᠶᠢᠨ ᠥᠷᠲᠡᠭ ᠨᠢ 82.62 ᠳ᠋ᠦᠩᠰᠢᠭᠤᠷ ᠲᠥᠭᠦᠷᠢᠭ᠂ 《ᠬᠢᠩᠭᠠᠨ ᠠᠢ᠌ᠮᠠᠭ᠎ᠦᠨ ᠦᠬᠡᠷ᠎ᠦᠨ ᠮᠢᠬ᠎ᠠ》᠎ᠶᠢᠨ ᠨᠠᠷᠠᠲᠤ ᠲᠡᠮᠳᠡᠭᠲᠦ᠎ᠶᠢᠨ ᠥᠷᠲᠡᠭ ᠨᠢ 18.52 ᠳ᠋ᠦᠩᠰᠢᠭᠤᠷ ᠲᠥᠭᠦᠷᠢᠭ᠎ᠲᠤ ᠬᠦᠷᠴᠦ᠂ ᠠᠵᠤ ᠦᠢᠯᠡᠰ᠎ᠦᠨ ᠳᠠᠢ᠌ᠴᠢᠯᠠᠬᠤ ᠴᠢᠳᠠᠪᠤᠷᠢ ᠳᠤᠪᠣᠢ᠌ᠮ᠎ᠠ᠃

ᠭᠠᠵᠠᠷ ᠵᠦᠢ᠎ᠶᠢᠨ ᠲᠡᠮᠳᠡᠭ ᠲᠠᠢ ᠨᠡᠷᠡᠲᠦ ᠲᠡᠮᠳᠡᠭᠲᠦ᠎ᠶᠢᠨ ᠨᠡᠷ᠎ᠡ ᠠᠯᠳᠠᠷ᠎ᠢ ᠬᠣᠯᠠ ᠨᠡᠪᠲᠡᠷᠡᠭᠦᠯᠪᠡ᠃ 2024 ᠣᠨ᠎ᠳᠤ 《ᠬᠢᠩᠭᠠᠨ᠎ᠤ ᠰᠠᠢᠨ ᠪᠣᠳᠠᠰ᠎ᠢ ᠪᠡᠭᠡᠵᠢᠩ᠎ᠳᠤ ᠣᠷᠣᠭᠤᠯᠬᠤ》 ᠠᠵᠢᠯᠯᠠᠭ᠎ᠠ᠎ᠶ᠋ᠢ 107 ᠲᠠᠯᠠᠪᠤᠷ ᠡᠷᠭᠢᠯᠡᠵᠦ᠍᠂ ᠪᠡᠭᠡᠵᠢᠩ᠎ᠤᠨ 80 ᠱᠢᠶᠠᠩ ᠪᠠᠯᠭᠠᠰᠤ ᠵᠡᠭᠡᠯᠢ ᠭᠤᠳᠤᠮᠵᠢ᠂ 93 ᠨᠡᠢᠭᠡᠮ ᠲᠣᠭᠤᠷᠢᠭ᠎ᠢ ᠬᠠᠮᠤᠷᠴᠤ᠌᠂ ᠨᠡᠢᠲᠡ 3.09 ᠳ᠋ᠦᠩᠱᠢᠭᠤᠷ ᠲᠥᠭᠦᠷᠢᠭ᠎ᠦᠨ ᠪᠤᠷᠤᠯᠠᠭᠤᠯᠭ᠎ᠠ᠎ᠶ᠋ᠢᠨ ᠬᠡᠮᠵᠢᠶ᠎ᠡ᠎ᠶᠢ ᠪᠡᠶᠡᠯᠡᠭᠦᠯᠪᠡ᠃ ᠡᠭᠦᠨ᠎ᠤ ᠬᠠᠮᠲᠤ᠌᠂ ᠵᠢᠶᠠ ᠾᠧ ᠠᠮᠤ ᠪᠤᠳᠠᠭᠠᠨ᠎ᠤ ᠦᠢᠯᠡᠰ᠎ᠤᠨ ᠪᠦᠲᠦᠭᠡᠭ᠌ᠳᠡᠬᠦᠨ᠎ᠨᠢ 96 ᠬᠤᠪᠢ᠎ᠶ᠋ᠢᠨ ᠢᠳᠡᠭᠡᠨ᠎ᠤ ᠠᠮᠲᠠ᠎ᠶ᠋ᠢᠨ ᠥᠷᠲᠡᠭ᠎ᠢᠶᠠᠷ 26 ᠳ᠋ᠤᠭᠠᠷ ᠬᠤᠭᠤᠴᠠᠭᠠᠨ᠎ᠤ ᠣᠯᠠᠨ ᠣᠯᠣᠰ᠎ᠤᠨ ᠠᠮᠤ ᠪᠤᠳᠠᠭᠠᠨ᠎ᠤ ᠠᠮᠲᠠ᠎ᠶᠢ ᠰᠢᠯᠭ᠋ᠠ ᠢᠯᠭ᠋ᠠᠬᠤ ᠶᠡᠭᠡ ᠬᠤᠷᠠᠯ᠎ᠤᠨ 《ᠣᠨᠴᠠᠭ᠋ᠠᠢ ᠱᠢᠯᠢᠳᠡᠭ ᠱᠠᠩᠨᠠᠯ》᠎ᠢ ᠬᠦᠷᠲᠡᠵᠦ᠍᠂ ᠶᠠᠰᠤ ᠴᠢᠨᠠᠷ᠎ᠨᠢ ᠣᠯᠠᠨ ᠤᠯᠤᠰ᠎ᠤᠨ ᠡᠷᠬᠡ ᠰᠦᠷᠲᠦ ᠵᠥᠪᠱᠢᠶᠡᠷᠡᠯ᠎ᠢ ᠣᠯᠪᠠ᠃ 2025 ᠣᠨ᠎ᠳᠤ ᠵᠢᠷᠭᠤᠳᠤᠭᠠᠷ ᠬᠤᠭᠤᠴᠠᠭᠠᠨ᠎ᠤ ᠣᠯᠠᠨ ᠤᠯᠤᠰ᠎ᠤᠨ ᠠᠮᠤ ᠪᠤᠳᠠᠭᠠᠨ᠎ᠤ ᠠᠮᠲᠠ᠎ᠶ᠋ᠢ ᠱᠢᠯᠭᠠᠨ ᠢᠯᠭ᠋ᠠᠬᠤ ᠶᠡᠭᠡ ᠬᠤᠷᠠᠯ᠎ᠤᠨ ᠳᠤᠮᠳᠠᠳᠤ ᠤᠯᠤᠰ᠎ᠤᠨ ᠣᠷᠣᠯᠳᠣᠭ᠋ᠠᠨ᠎ᠤ ᠲᠣᠭᠤᠷᠢᠭ᠎ᠤᠨ ᠶᠡᠷᠦᠩᠬᠡᠶ ᠱᠢᠢᠳᠪᠦᠷᠢᠲᠦ ᠤᠷᠤᠯᠳᠤᠭ᠋ᠠᠨ ᠵᠢᠴᠢ ᠬᠢᠩᠭᠠᠨ ᠠᠢᠮᠠᠭ᠎ᠤᠨ ᠲᠤᠲᠤᠷᠭ᠎ᠠ᠎ᠶ᠋ᠢᠨ ᠰᠣᠶᠣᠯ᠎ᠤᠨ ᠭᠠᠷᠠᠭ᠎ᠤᠨ ᠠᠵᠢᠯᠯᠠᠭ᠎ᠠ᠎ᠶ᠋ᠢ ᠠᠮᠵᠢᠯᠲᠠ᠎ᠲᠠᠢ ᠡᠷᠭᠢᠯᠡᠵᠦ᠍᠂ ᠪᠥᠬᠦ᠌ ᠤᠯᠤᠰ᠎ᠤᠨ 25 ᠮᠤᠵᠢ ᠣᠷᠣᠨ᠂ 169 ᠴᠢᠨᠠᠷ ᠰᠠᠢᠲᠠᠶ ᠤᠰᠤᠨ ᠲᠤᠲᠤᠷᠭ᠎ᠠ᠎ᠶ᠋ᠢᠨ ᠭᠠᠷᠤᠯᠲᠠ᠎ᠶ᠋ᠢᠨ ᠣᠷᠣᠨ ᠣᠷᠣᠯᠴᠠᠵᠤ᠂ ᠬᠢᠩᠭᠠᠨ ᠠᠢᠮᠠᠭ᠎ᠤᠨ ᠣᠯᠠᠨ ᠲᠤᠲᠤᠷᠭ᠎ᠠ᠎ᠶᠢᠨ ᠶᠠᠩᠵᠤ ᠨᠢ ᠴᠢᠨᠠᠷ ᠰᠠᠢᠲᠠᠶ ᠭᠠᠷᠤᠯᠲᠠ᠎ᠶ᠋ᠢᠨ ᠣᠷᠣᠨ᠎ᠤ ᠳᠤᠭᠤᠢ᠌ᠯᠠᠩ᠎ᠤᠨ ᠠᠯᠲᠠᠨ ᠱᠠᠩᠨᠠᠯ᠂ ᠬᠤᠸᠠᠩ ᠭᠤᠸᠠᠨ ᠮᠢ ᠵᠤᠸᠠᠩ᠎ᠤᠨ ᠳᠤᠭᠤᠢ᠌ᠯᠠᠩ᠎ᠤᠨ ᠠᠯᠲᠠᠨ ᠱᠠᠩᠨᠠᠯ ᠵᠡᠷᠭᠡ ᠣᠯᠠᠨ ᠵᠦᠢᠯ᠎ᠤᠨ ᠢᠷᠠᠭᠤ ᠠᠯᠳᠠᠷ᠎ᠢ ᠬᠦᠷᠲᠡᠵᠦ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤ 《ᠪᠦᠬᠦ ᠣᠯᠣᠰ᠎ᠤᠨ ᠠᠷᠪᠠᠨ ᠰᠢᠯᠢᠳᠡᠭ ᠢᠳᠡᠭᠡᠨ᠎ᠤ ᠭᠠᠷᠤᠯᠲᠠ᠎ᠶᠢᠨ ᠣᠷᠣᠨ》᠎ᠤ ᠴᠣᠯᠠ᠎ᠶᠢ ᠭᠥᠷᠳᠡᠪᠡ᠃

ᠲᠦᠩᠯᠢᠶᠣᠤ ᠬᠤᠲᠠ᠄ ᠪᠠᠷᠢᠮᠵᠢᠶ᠎ᠠ᠎ᠪᠠᠷ ᠠᠵᠤ ᠦᠢᠯᠡᠰ᠎ᠤᠨ ᠬᠥᠭ᠌ᠵᠢᠯᠲᠡ᠎ᠶ᠋ᠢᠨ ᠱᠢᠨ᠎ᠡ ᠵᠢᠷᠤᠭ ᠲᠥᠯᠥᠪᠯᠡᠭᠡ᠎ᠶ᠋ᠢ ᠬᠥᠲᠥᠯᠥᠨ ᠳᠠᠭ᠋ᠠᠭᠤᠯᠪᠠ

ᠨᠠᠷᠢᠯᠢᠭ ᠣᠨᠣᠪᠴᠢᠲᠠᠢ᠎ᠪᠡᠷ᠎ᠠᠵᠤ ᠠᠬᠤᠢᠯᠠᠯ᠎ᠢ ᠲᠤᠰᠠᠯᠠᠵᠤ᠂ ᠡᠵᠡᠩᠨᠡᠯᠲᠡ᠎ᠶᠢᠨ ᠭᠣᠣᠯ ᠴᠣᠭ᠍ᠴᠠ᠎ᠶᠢᠨ 《ᠳᠣᠲᠣᠭᠠᠳᠤ ᠬᠥᠳᠡᠯᠭᠡᠬᠦ᠌ ᠬᠦᠴᠦᠨ》᠎ᠢ᠋ ᠬᠦᠭᠵᠢᠭᠡᠪᠡ᠃ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢᠨ ᠬᠡᠷᠡᠭ᠌ᠴᠡᠭᠡ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠲᠦᠩᠯᠢᠶᠣᠤ ᠬᠤᠲᠠ 《ᠵᠠᠭᠤᠨ ᠬᠥᠮᠦᠨ ᠵᠠᠭᠤᠨ ᠠᠵᠤ ᠠᠬᠤᠢᠯᠠᠯ᠎ᠢ ᠬᠠᠪᠰᠤᠷᠬᠤ》 ᠵᠡᠷᠭᠡ ᠲᠤᠰᠭᠠᠶ ᠠᠵᠢᠯᠯᠠᠭ᠎ᠠ᠎ᠶ᠋ᠢ ᠭᠦᠨᠵᠡᠭᠡᠶ ᠥᠷᠨᠢᠭᠦᠯᠵᠦ᠍᠂ ᠪᠥᠬᠦ᠌ ᠱᠢᠰᠲ᠋ᠧᠮ᠎ᠤᠨ ᠳᠡᠳ᠋ ᠰᠠᠯᠠᠭᠠᠨ ᠲᠠᠰ᠎ᠠᠴᠠ ᠳᠡᠭᠡᠭ᠌ᠰᠢᠬᠢ ᠺᠠᠳ᠋ᠷ᠎ᠢ ᠵᠣᠬᠢᠶᠠᠨ ᠪᠠᠢᠭᠤᠯᠵᠤ᠂ 10 ᠬᠦᠷᠢᠶᠡᠯᠡᠩ ᠲᠣᠭᠤᠷᠢᠭ᠂ 228 ᠡᠷᠦᠬᠡ ᠭᠤᠤᠯᠳᠠᠯᠭ᠎ᠠ᠎ᠲᠠᠢ ᠠᠵᠤ ᠠᠬᠤᠢᠯᠠᠯ᠎ᠳᠤ 《ᠨᠢᠭᠡ ᠠᠵᠤ ᠠᠬᠤᠢᠯᠠᠯ᠎ᠳᠤ ᠨᠢᠭᠡ ᠠᠷᠭ᠎ᠠ ᠪᠣᠳᠣᠯᠭ᠎ᠠ》᠎ᠪᠠᠷ ᠣᠨᠣᠪᠴᠢᠲᠠᠶ ᠬᠠᠪᠰᠤᠷᠤᠨ ᠲᠡᠳᠬᠦᠬᠦ᠎ᠶᠢ ᠬᠡᠷᠡᠭᠵᠢᠭᠦᠯᠵᠦ᠂ ᠨᠡᠢᠲᠡ 240 ᠵᠦᠶ᠋ᠯ᠎ᠤᠨ ᠭᠤᠮᠣᠳᠠᠯ ᠱᠠᠭᠠᠷᠳᠠᠯᠭ᠎ᠠ᠎ᠶ᠋ᠢ ᠱᠢᠢᠳᠪᠦᠷᠢᠯᠡᠪᠡ᠃ ᠠᠵᠦ᠍ ᠠᠬᠤᠢᠯᠠᠯ᠎ᠢ ᠵᠢᠯᠣᠭᠣᠳᠤᠨ ᠪᠡᠷᠢᠮᠵᠢᠶ᠎ᠠ᠎ᠳᠤ ᠵᠠᠰᠠᠪᠦᠷᠢ ᠣᠷᠣᠭᠤᠯᠬᠤ᠂ ᠶᠠᠰᠣ ᠴᠢᠨᠡᠷ᠎ᠤᠨ ᠲᠡᠷᠢᠭᠦᠨ ᠲᠤᠰᠢᠶᠠᠯᠲᠠ᠎ᠶᠢᠨ ᠳᠥᠷᠢᠮ᠎ᠢ ᠭᠡᠷᠡᠭ᠌ᠵᠢᠬᠦᠯᠬᠦ᠂ ᠠᠵᠦ᠍ ᠠᠬᠤᠢᠯᠠᠯ᠎ᠤᠨ ᠪᠡᠷᠢᠮᠵᠢᠶ᠎ᠠ᠎ᠶ᠋ᠢᠨ 《ᠳᠠᠭᠠᠭᠤᠯᠥᠠᠠᠴᠢ》 ᠪᠠ ᠪᠡᠷᠢᠮᠵᠢᠶ᠎ᠠ᠎ᠳᠤ ᠬᠦᠷᠦᠭᠦᠯᠬᠦ᠎ᠶᠢ ᠳᠡᠭᠡᠭ᠌ᠰᠢᠯᠡᠬᠦᠯᠬᠦ᠌ ᠠᠵᠢᠯᠯᠠᠭ᠎ᠠ᠎ᠶ᠋ᠢ ᠭᠡᠷᠡᠭ᠌ᠵᠢᠬᠦᠯᠬᠦ᠌᠎ᠪᠠᠷ ᠳᠡᠮᠵᠢᠭᠤᠯᠥᠨ᠂ ᠠᠵᠦ᠍ ᠠᠬᠤᠢᠯᠠᠯ᠎ᠤᠨ ᠶᠠᠰᠣ ᠴᠢᠨᠡᠷ᠎ᠤᠨ ᠭᠤᠤᠯ ᠴᠣᠠᠠᠴᠠ᠎ᠶ᠋ᠢᠨ ᠦᠵᠡᠯ ᠣᠬᠠᠮᠰᠡᠷ ᠪᠠ ᠭᠤᠤᠯᠯᠠᠬᠤ ᠦᠷᠢᠰᠦᠯᠳᠦᠬᠦ᠌ ᠬᠦᠴᠣᠨ᠎ᠢ ᠪᠦᠬᠦ᠌ ᠳᠡᠯ᠎ᠠ᠎ᠪᠠᠷ ᠳᠡᠭᠡᠭᠰᠢᠯᠡᠭᠦᠯᠪᠡ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠪᠥᠬᠦ᠌ ᠬᠤᠲᠠ᠎ᠶ᠋ᠢᠨ 673 ᠡᠷᠦᠬᠡ ᠠᠵᠤ ᠠᠬᠤᠢᠯᠠᠯ ᠨᠡᠢᠲᠡ 2897 ᠵᠦᠢᠯ᠎ᠤᠨ ᠪᠠᠷᠢᠮᠵᠢᠶ᠎ᠠ᠎ᠶ᠋ᠢ ᠢᠯᠡ ᠪᠣᠯᠭᠠᠵᠤ᠂ ᠶᠠᠰᠤ ᠴᠢᠨᠠᠷ᠎ᠤᠨ ᠲᠡᠷᠢᠭᠦᠨ ᠲᠤᠰᠢᠶᠠᠯᠲᠠ᠎ᠶᠢᠨ ᠲᠦᠷᠢᠮ᠎ᠢ ᠬᠡᠷᠡᠭ᠌ᠵᠢᠭᠦᠯᠵᠦ᠍ ᠪᠠᠢᠭ᠎ᠠ ᠠᠵᠤ ᠠᠬᠤᠢᠯᠠᠯ 369 ᠡᠷᠦᠬᠡ᠎ᠳᠦ ᠬᠦᠷᠴᠤ᠂ ᠪᠠᠷᠢᠮᠵᠢᠶ᠎ᠠ᠎ᠳᠤ ᠬᠦᠷᠦᠭ᠌ᠰᠡᠨ ᠠᠵᠤ ᠠᠬᠤᠢᠯᠠᠯ᠎ᠢ 139 ᠡᠷᠦᠬᠡ ᠪᠡᠶᠡᠯᠡᠭᠦᠯᠵᠦ᠍᠂ ᠠᠵᠤ ᠠᠬᠤᠢᠯᠠᠯ᠎ᠤᠨ ᠶᠠᠰᠤ ᠴᠢᠨᠠᠷ᠎ᠤᠨ ᠬᠠᠮᠢᠶᠠᠷᠤᠯᠲᠠ᠎ᠶ᠋ᠢᠨ ᠬᠢᠷᠢ ᠲᠦᠪᠱᠢᠨ ᠪᠠ ᠪᠠᠷᠢᠮᠵᠢᠶ᠎ᠠ ᠪᠡᠷ ᠦᠭᠡ ᠬᠡᠯᠡᠬᠦ᠌ ᠡᠷᠬᠡ ᠨᠢ ᠢᠯᠡᠳᠲᠡ ᠴᠢᠩᠭ᠋ᠠᠷᠠᠪᠠ᠃

ᠬᠡᠯᠬᠢᠶᠡᠵᠢᠭᠰᠡᠨ ᠰᠡᠳᠭᠢᠬᠦᠢ ᠨᠢ ᠬᠡᠯᠪᠡᠷᠢ᠎ᠶᠢ ᠬᠤᠪᠢᠷᠠᠭᠤᠯᠬᠤ᠎ᠶᠢ ᠠᠬᠢᠭᠤᠯᠵᠦ᠂ ᠠᠵᠤ ᠦᠢᠯᠡᠰ᠎ᠦᠨ ᠳᠡᠰ ᠳᠠᠪᠰᠢᠬᠤ 《ᠬᠠᠲᠠᠭᠤ ᠪᠣᠳᠠᠲᠤ ᠬᠦᠴᠦᠨ》᠎ᠢ ᠳᠠᠪᠲᠠᠨ ᠪᠤᠯᠪᠠᠰᠤᠷᠠᠭᠤᠯᠪᠠ᠃ ᠪᠥᠬᠦ᠌ ᠬᠤᠲᠠ᠎ᠶ᠋ᠢᠨ 12 ᠵᠤᠷᠪᠤᠰ ᠭᠤᠤᠯᠳᠠᠯᠭ᠎ᠠ᠎ᠲᠠᠢ ᠠᠵᠤ ᠦᠢᠯᠡᠰ᠎ᠤᠨ ᠬᠡᠯᠬᠢᠶ᠎ᠡ᠎ᠶ᠋ᠢᠨ ᠲᠣᠭᠤᠷᠢᠨ᠎ᠳᠤ᠂ 《ᠠᠵᠤ ᠦᠢᠯᠡᠰ᠎ᠤᠨ ᠬᠡᠯᠬᠢᠶ᠎ᠡ᠎ᠶ᠋ᠢᠨ ᠭᠠᠵᠠᠷ᠎ᠤᠨ ᠵᠢᠷᠤᠭ》 ᠪᠠ 《ᠶᠠᠰᠤ ᠴᠢᠨᠠᠷ᠎ᠤᠨ ᠪᠣᠭᠤᠮᠢ᠎ᠶ᠋ᠢᠨ ᠵᠢᠷᠤᠭ᠎ᠤᠨ ᠵᠢᠭᠰᠠᠯ》᠎ᠢ ᠵᠢᠷᠤᠭᠯᠠᠵᠤ᠂ 《ᠨᠢᠭᠡ ᠬᠡᠯᠬᠢᠶ᠎ᠡ᠎ᠳᠤ ᠨᠢᠭᠡ ᠲᠥᠷᠥ᠎ᠶᠢᠨ ᠪᠣᠳᠣᠯᠭ᠎ᠠ》᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠲᠥᠰᠦᠯ᠎ᠢ ᠬᠡᠷᠡᠭᠵᠢᠭᠦᠯᠪᠡ᠃ ᠬᠤᠤᠯᠢᠩᠭᠤᠤᠯ᠎ᠤᠨ ᠬᠦᠩᠭᠡᠨᠴᠠᠭᠠᠨ᠎ᠤ ᠠᠵᠤ ᠦᠢᠯᠡᠰ᠎ᠲᠤ᠌᠂ ᠨᠡᠭᠦᠷᠡᠰᠦ ᠴᠠᠬᠢᠯᠭᠠᠨ ᠪᠣᠬᠢᠷᠲᠤᠯ ᠦᠭᠡᠢ ᠴᠠᠬᠢᠯᠭᠠᠨ᠎ᠤ ᠬᠠᠷᠢᠯᠴᠠᠨ ᠨᠥᠬᠦᠪᠥᠷᠢᠯᠡᠬᠦ᠂ ᠬᠥᠩᠭᠡᠨᠴᠠᠭᠠᠨ᠎ᠤ ᠢᠰᠦᠯ—ᠴᠠᠬᠢᠯᠭᠠᠨ ᠵᠠᠳᠠᠯᠤᠯ᠎ᠤᠨ ᠬᠦᠩᠭᠡᠨ ᠴᠠᠭᠠᠨ—ᠬᠦᠩᠭᠡᠨᠴᠠᠭᠠᠨ᠎ᠤ ᠳᠠᠷᠠᠭ᠎ᠠ ᠪᠤᠯᠪᠠᠰᠣᠷᠠᠭᠤᠯᠬᠤ ᠪᠦᠬᠦ᠌ ᠠᠵᠤ ᠦᠢᠯᠡᠰ᠎ᠤᠨ ᠬᠡᠯᠬᠢᠶ᠎ᠡ᠎ᠶ᠋ᠢᠨ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭ᠌ᠴᠢ᠎ᠶᠢᠨ ᠡᠷᠭᠢᠯᠲᠡ᠎ᠶ᠋ᠢᠨ ᠪᠠᠷᠢᠮᠵᠢᠶ᠎ᠠ᠎ᠶ᠋ᠢᠨ ᠲᠤᠭᠲᠠᠯᠴᠠᠭ᠎ᠠ᠎ᠶᠢ ᠪᠠᠢᠭᠤᠯᠵᠤ᠂ 3 ᠡᠷᠦᠬᠡ ᠠᠵᠤ ᠠᠬᠤᠢᠯᠠᠯ ᠤᠯᠤᠰ᠎ᠤᠨ ᠠᠩᠬᠠᠳᠠᠭ᠍ᠴᠢ ᠪᠦᠯᠦᠭ ᠴᠠᠬᠢᠯᠭᠠᠨ ᠵᠠᠳᠠᠯᠤᠯ᠎ᠤᠨ ᠬᠦᠩᠭᠡᠨ ᠴᠠᠭᠠᠨ ᠪᠦᠲᠦᠭᠡᠭᠳᠡᠭᠦᠨ᠎ᠤ ᠨᠡᠭᠦᠷᠡᠰᠦᠲᠥ᠋ᠷᠥᠭ᠌ᠴᠢ᠎ᠶᠢᠨ ᠤᠯᠠ ᠮᠥᠷ᠎ᠤᠨ ᠲᠡᠮᠳᠡᠭᠲᠦ᠎ᠶᠢᠨ ᠭᠡᠷᠡᠴᠢᠯᠡᠯ᠎ᠤᠨ ᠲᠤᠷᠱᠢᠯᠲᠠ᠎ᠶ᠋ᠢᠨ ᠴᠡᠭ᠎ᠲᠤ ᠰᠣᠩᠭᠤᠭ᠍ᠳᠠᠵᠤ᠂ 《ᠨᠡᠭᠦᠷᠡᠰᠦ ᠴᠠᠬᠢᠯᠭᠠᠨ ᠬᠦᠩᠭᠡᠨᠴᠠᠭᠠᠨ᠎ᠤ ᠬᠤᠳᠠ》 ᠎ᠠᠴᠠ 《ᠪᠣᠬᠢᠷᠲᠤᠯ ᠦᠭᠡᠢ ᠴᠠᠬᠢᠯᠭᠠᠨ ᠬᠦᠩᠭᠡᠨᠴᠠᠭᠠᠨ᠎ᠤ ᠬᠤᠳᠠ》 ᠲᠡᠢᠰᠢ ᠬᠡᠯᠪᠡᠷᠢ᠎ᠪᠠᠨ ᠬᠤᠪᠢᠷᠠᠭᠤᠯᠬᠤ᠎ᠶ᠋ᠢ ᠠᠬᠢᠭᠤᠯᠪᠠ᠃ ᠢᠳᠡᠰᠢᠨ᠎ᠦ ᠦᠬᠡᠷ᠎ᠤᠨ ᠠᠵᠤ ᠦᠢᠯᠡᠰ᠎ᠲᠤ᠌᠂ ᠪᠥᠬᠦ᠌ ᠠᠵᠤ ᠦᠢᠯᠡᠰ᠎ᠤᠨ ᠬᠡᠯᠬᠢᠶ᠎ᠡ᠎ᠶ᠋ᠢᠨ ᠪᠠᠷᠢᠮᠵᠢᠶᠠᠵᠢᠭᠤᠯᠤᠯᠲᠠ᠂ ᠲᠣᠭᠠᠴᠢᠯᠠᠯᠲᠠ᠂ ᠨᠠᠷᠠᠲᠤ ᠲᠡᠮᠳᠡᠭᠵᠢᠭᠦᠯᠦᠯᠲᠡ᠎ᠶᠢ ᠳᠡᠭᠡᠭ᠌ᠰᠢᠯᠡᠭᠦᠯᠬᠦ᠌ ᠲᠥᠰᠦᠯ᠎ᠢ ᠨᠠᠢᠷᠠᠭᠤᠯᠤᠨ ᠵᠣᠬᠢᠶᠠᠵᠤ᠂ 《ᠲᠦᠩᠯᠢᠶᠣᠤ᠎ᠶ᠋ᠢᠨ ᠦᠬᠡᠷ᠎ᠤᠨ ᠮᠢᠬ᠎ᠠ》 ᠎ᠨᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠶ᠋ᠢᠨ ᠪᠠᠷᠢᠮᠵᠢᠶ᠎ᠠ᠎ᠶ᠋ᠢᠨ ᠲᠣᠭ᠍ᠲᠠᠯᠴᠠᠭ᠎ᠠ᠎ᠶ᠋ᠢᠨ ᠲᠥᠷᠥᠯ ᠵᠦᠢᠯ᠎ᠢᠶᠠᠷ ᠵᠥᠪᠱᠢᠶᠡᠷᠡᠭ᠌ᠳᠡᠪᠡ᠃ ᠪᠥᠬᠦ᠌ ᠬᠤᠲᠠ᠎ᠶᠢᠨ ᠭᠤᠤᠯᠳᠠᠯᠭ᠎ᠠ᠎ᠲᠠᠢ ᠠᠵᠤ ᠦᠢᠯᠡᠰ᠎ᠤᠨ ᠬᠡᠯᠬᠢᠶ᠎ᠡᠳᠤ ᠨᠡᠢ᠌ᠲᠡ150 ᠵᠦᠢ᠍ᠯ᠎ᠤᠨ ᠡᠯ᠎ᠡ ᠲᠥᠷᠥᠯ᠎ᠤᠨ ᠪᠠᠷᠢᠮᠵᠢᠶ᠎ᠠ᠎ᠶᠢ ᠲᠣᠭᠲᠠᠭ᠋ᠠᠵᠤ ᠵᠠᠰᠠᠪᠦᠷᠢ ᠣᠷᠣᠭᠣᠯᠬᠣ᠎ᠳᠤ ᠤᠳᠤᠷᠢᠳᠤᠮᠵᠢ ᠪᠣᠯᠣᠭᠰᠠᠨ ᠪᠤᠶᠤ ᠣᠷᠣᠯᠴᠠᠵᠤ᠂ ᠠᠵᠤ ᠦᠢᠯᠡᠰ᠎ᠤᠨ ᠬᠡᠯᠬᠢᠶ᠎ᠡ᠎ᠶ᠋ᠢᠨ ᠪᠦᠬᠦᠯᠢ ᠴᠣᠭ᠍ᠴᠠ᠎ᠶ᠋ᠢᠨ ᠤᠶᠤᠨ ᠬᠠᠳᠠᠨ ᠴᠢᠨᠠᠷ ᠪᠠ ᠥᠷᠢᠰᠥᠯᠳᠦᠬᠦ᠌ ᠬᠦᠴᠦᠨ᠎ᠢ ᠴᠢᠩᠭᠠᠷᠠᠭᠤᠯᠪᠠ᠃

ᠪᠠᠷᠢᠮᠵᠢᠶ᠎ᠠ᠎ᠪᠠᠷ ᠱᠢᠶᠠᠨ᠎ᠤ ᠬᠡᠪᠴᠢᠶ᠎ᠡ᠎ᠶ᠋ᠢ ᠬᠦᠴᠦᠷᠬᠡᠭ᠌ᠵᠢᠭᠦᠯᠬᠦ᠌᠎ᠶ᠋ᠢ ᠬᠥᠲᠥᠯᠥᠨ ᠳᠠᠭᠠᠭᠤᠯᠵᠤ᠂ ᠶᠠᠰᠤ ᠴᠢᠨᠠᠷ᠎ᠤᠨ ᠬᠥᠭ᠌ᠵᠢᠯᠲᠡ᠎ᠶ᠋ᠢᠨ 《ᠦᠯᠢᠭᠡᠷ ᠬᠠᠪᠲᠠᠰᠦ᠎ᠶᠢᠨ ᠣᠷᠣᠨ》᠎ᠢ ᠴᠣᠭᠴᠠᠯᠠᠪᠠ᠃ ᠺᠠᠢᠯᠦ᠍ ᠱᠢᠶᠠᠨ᠎ᠤ ᠪᠥᠬᠦ᠌ ᠣᠷᠣᠨ ᠪᠦᠰᠡ᠎ᠶ᠋ᠢᠨ ᠪᠠᠷᠢᠮᠵᠢᠶᠠᠵᠢᠭᠤᠯᠤᠯᠲᠠ᠎ᠶᠢᠨ ᠪᠥᠲᠥᠭᠡᠨ ᠪᠠᠢᠭᠤᠯᠤᠯᠲᠠ᠎ᠶ᠋ᠢ ᠱᠢᠨ᠎ᠡ᠎ᠶ᠋ᠢ ᠡᠭᠦᠳᠦᠨ ᠬᠡᠷᠡᠭ᠌ᠵᠢᠭᠦᠯᠬᠦ᠌᠎ᠶ᠋ᠢ ᠳᠡᠮᠵᠢᠵᠦ᠍᠂ ᠲᠦᠭᠡᠮᠡᠯ ᠠᠱᠢᠭ ᠬᠦᠷᠲᠡᠭᠡᠬᠦ᠌ ᠬᠡᠪᠴᠢᠶ᠎ᠡ᠎ᠪᠠᠷ ᠥᠷᠭᠡᠨ᠂ ᠪᠠᠶᠠᠵᠢᠭᠤᠯᠬᠤ ᠴᠢᠳᠠᠪᠤᠷᠢ᠎ᠪᠠᠷ ᠴᠢᠩᠭ᠎ᠠ ᠡᠷᠳᠡᠨᠢ ᠱᠢᠰᠢ᠂ ᠤᠯᠠᠭ᠋ᠠᠨ ᠬᠠᠳᠠᠭᠠᠭ᠍ᠰᠠᠨ ᠯᠠᠵᠤᠤ᠂ ᠱᠣᠷᠣᠯᠵᠢᠨ ᠬᠡᠯᠪᠡᠷᠢᠲᠦ ᠵᠢᠮᠢᠰ ᠵᠡᠷᠭᠡ ᠭᠤᠤᠯᠯᠠᠬᠤ ᠠᠵᠤ ᠦᠶ᠋ᠯᠡᠰ᠎ᠤᠨ ᠲᠣᠭᠤᠷᠢᠨ᠎ᠳᠤ 《ᠨᠢᠭᠡ ᠦᠶ᠋ᠯᠡᠰ᠎ᠲᠤ ᠨᠢᠭᠡ ᠪᠠᠷᠢᠮᠵᠢᠶ᠎ᠠ》᠎ᠶ᠋ᠢ ᠬᠡᠷᠡᠭ᠌ᠵᠢᠭᠦᠯᠵᠦ᠍᠂ ᠪᠥᠬᠦ᠌ ᠠᠵᠤ ᠦᠶ᠋ᠯᠡᠰ᠎ᠤᠨ ᠬᠡᠯᠬᠢᠶ᠎ᠡ᠎ᠶ᠋ᠢ ᠬᠠᠮᠤᠷᠤᠭ᠍ᠰᠠᠨ ᠱᠢᠨ᠎ᠡ ᠬᠡᠯᠪᠡᠷᠢ᠎ᠶ᠋ᠢᠨ ᠪᠠᠷᠢᠮᠵᠢᠶ᠎ᠠ᠎ᠶ᠋ᠢᠨ ᠲᠤᠭᠲᠠᠯᠴᠠᠭ᠎ᠠ᠎ᠶᠢ ᠪᠠᠢ᠌ᠭᠤᠯᠪᠠ᠃ ᠲᠤᠰ ᠱᠢᠶᠠᠨ᠎ᠤ ᠭᠤᠣᠯᠯᠠᠬᠤ ᠠᠵᠤ ᠦᠢᠯᠡᠰ᠎ᠤᠨ ᠪᠠᠷᠢᠮᠵᠢᠶ᠎ᠠ᠎ᠶ᠋ᠢᠨ ᠪᠦᠷᠬᠦᠴᠡ᠎ᠶ᠋ᠢᠨ ᠨᠤᠷᠮ᠎ᠠ 47% ᠪᠠᠢᠭ᠍ᠰᠠᠨ᠎ᠠᠴᠠ 80% ᠬᠦᠷᠴᠤ᠂ ᠪᠦᠲᠦᠭᠡᠭᠳᠡᠬᠦᠨ᠎ᠤ ᠨᠡᠮᠡᠯᠲᠡ ᠦᠷᠳᠡᠭ ᠳᠤᠮᠳᠠᠴᠢ᠎ᠪᠠᠷ 10% ᠳᠡᠭᠡᠭ᠌ᠰᠢᠯᠡᠵᠦ᠍᠂ ᠪᠦᠬᠦ᠌᠎ᠤᠯᠤᠰ᠎ᠤᠨ ᠶᠠᠰᠤ ᠴᠢᠨᠠᠷ᠎ᠢᠶᠠᠷ ᠱᠢᠶᠠᠨ᠎ᠢ ᠬᠦᠴᠦᠷᠬᠡᠭ᠌ᠵᠢᠭᠦᠯᠬᠦ᠌ ᠱᠢᠨ᠎ᠡ᠎ᠶ᠋ᠢ ᠡᠭᠦᠳᠬᠦ᠌ ᠲᠤᠷᠱᠢᠯᠲᠠ᠎ᠶ᠋ᠢᠨ ᠴᠢᠭ᠎ᠲᠤ ᠠᠮᠵᠢᠯᠲᠠ᠎ᠲᠠᠢ᠎ᠪᠠᠷ ᠰᠣᠩᠭᠣᠭᠳᠠᠵᠤ᠂ ᠱᠢᠶᠠᠨ᠎ᠤ ᠬᠡᠪᠴᠢᠶᠡᠨ᠎ᠤ ᠴᠢᠨᠠᠷ ᠰᠠᠢᠲᠠᠢ ᠬᠥᠭ᠌ᠵᠢᠯᠲᠡ᠎ᠳᠤ 《ᠲᠦᠩᠯᠢᠶᠣᠤ᠎ᠶ᠋ᠢᠨ ᠦᠯᠢᠭᠡᠷ ᠬᠠᠪᠲᠠᠰᠣ》᠎ᠶᠢ ᠬᠠᠩᠭᠠᠪᠠ᠃ ᠬᠤᠤᠯᠢᠩᠭᠤᠤᠯ ᠬᠤᠳᠠ᠎ᠶ᠋ᠢᠨ ᠠᠵᠤ ᠦᠢᠯᠡᠰ᠎ᠤᠨ ᠬᠡᠯᠪᠡᠷᠢ᠎ᠪᠠᠨ ᠬᠤᠪᠢᠷᠠᠭᠤᠯᠤᠭ᠍ᠰᠠᠨ ᠬᠡᠷᠡᠭ᠎ᠤᠨ ᠵᠢᠱ᠌ᠢᠶ᠎ᠡ ᠪᠠᠰᠠ ᠪᠦᠬᠦ᠌᠎ᠤᠯᠤᠰ᠎ᠤᠨ ᠵᠠᠭᠤᠨ ᠬᠤᠳᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠠᠵᠢᠯᠯᠠᠭ᠎ᠠ᠎ᠳᠤ ᠰᠣᠩᠭᠤᠭ᠍ᠳᠠᠵᠤ᠂ ᠪᠠᠷᠢᠮᠵᠢᠶᠠᠵᠢᠭᠤᠯᠤᠯᠲᠠ᠎ᠪᠠᠷ ᠱᠢᠶᠠᠨ᠎ᠤ ᠬᠡᠪᠴᠢᠶᠡᠨ᠎ᠤ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢ ᠬᠦᠳᠦᠯᠦᠨ ᠳᠠᠭᠠᠭᠤᠯᠬᠤ ᠬᠦᠴᠦᠷᠬᠡᠭ ᠶᠡᠭᠡ ᠦᠢ᠍ᠯᠡᠳᠦᠯ ᠴᠢᠳᠠᠪᠦᠷᠢ᠎ᠶ᠋ᠢ ᠢᠯᠡᠷᠡᠭᠦᠯᠪᠡ᠃

ᠨᠡᠷᠡᠲᠦ ᠲᠡᠮᠳᠡᠭ᠌ᠲᠦ ᠨᠢ ᠦᠨ᠎ᠡ ᠥᠷᠲᠡᠭ᠎ᠢ᠋ ᠳᠡᠭᠡᠭ᠌ᠱᠢᠯᠡᠭᠦᠯᠵᠦ᠍᠂ 《ᠥᠪᠥᠷ ᠮᠣᠩᠭᠣᠯ》 ᠲᠡᠮᠳᠡᠭᠲᠦ᠎ᠶᠢᠨ 《ᠠᠯᠲᠠᠨ ᠨᠡᠷ᠎ᠡ᠎ᠶᠢᠨ ᠬᠠᠭᠤᠳᠠᠰᠤ》᠎ᠶᠢ ᠭᠡᠷᠡᠯᠲᠦᠭᠦᠯᠪᠡ᠃ 《ᠥᠪᠥᠷ ᠮᠣᠩᠭᠤᠯ》 ᠲᠡᠮᠳᠡᠭᠲᠦ᠎ᠶᠢᠨ ᠭᠡᠷᠡᠴᠢᠯᠡᠯ᠎ᠢ᠎ᠤᠯᠤᠰ᠎ᠤᠨ ᠴᠢᠬᠤᠯᠠ ᠮᠠᠯ ᠲᠠᠷᠢᠶᠠᠯᠠᠩ᠎ᠤᠨ ᠭᠠᠷᠤᠯᠲᠠ᠎ᠶᠢᠨ ᠪᠦᠲᠦᠭᠡᠭᠳᠡᠭᠦᠨ᠎ᠦ ᠦᠢ᠍ᠯᠡᠳᠪᠦᠷᠢᠯᠡᠯ᠎ᠦᠨ ᠰᠠᠭᠣᠷᠢᠨ ᠭᠠᠵᠠᠷ᠎ᠢ ᠪᠦᠲᠦᠭᠡᠨ ᠪᠠᠢ᠌ᠭᠤᠯᠬᠤ ᠴᠢᠬᠤᠯᠠ ᠭᠠᠷᠳᠠᠴᠠ ᠪᠣᠯᠭᠠᠵᠤ᠂ 《ᠪᠠᠷᠢᠮᠵᠢᠶ᠎ᠠ+ᠭᠡᠷᠡᠴᠢᠯᠡᠯ+ᠨᠡᠷᠡᠲᠦ ᠲᠡᠮᠳᠡᠭᠲᠦ》᠎ᠶᠢᠨ ᠠᠭᠤᠰᠤᠯᠴᠠᠨ ᠬᠥᠭ᠌ᠵᠢᠬᠦ᠌᠎ᠶ᠋ᠢ ᠶᠡᠬᠡᠪᠡᠷ ᠠᠬᠢᠭᠤᠯᠪᠠ᠃ ᠪᠥᠬᠦ᠌ ᠬᠤᠲᠠ᠎ᠳᠤ 《ᠥᠪᠥᠷ ᠮᠣᠩᠭᠤᠯ》 ᠲᠡᠮᠳᠡᠭᠲᠦ᠎ᠶᠢᠨ ᠪᠦᠯᠬᠦᠮ ᠨᠡᠢᠲᠡ᠎ᠶ᠋ᠢᠨ ᠪᠠᠷᠢᠮᠵᠢᠶ᠎ᠠ 17 ᠵᠦᠢᠯ᠎ᠢ ᠲᠣᠭ᠍ᠲᠠᠭᠠᠨ ᠨᠡᠢᠲᠡᠯᠡᠬᠦ᠌᠎ᠳᠤ ᠭᠤᠤᠯᠯᠠᠨ ᠣᠳᠣᠷᠢᠳᠬᠣ ᠪᠤᠶᠤ ᠣᠷᠣᠯᠴᠠᠵᠤ᠂ 22 ᠡᠷᠦᠬᠡ ᠠᠵᠤ ᠠᠬᠤᠢᠯᠠᠯ᠂ 134 ᠪᠦᠲᠦᠭᠡᠭᠳᠡᠭᠦᠨ᠎ᠦ ᠭᠡᠷᠡᠴᠢᠯᠡᠯ᠎ᠳᠦ ᠬᠢᠷᠢ ᠲᠡᠩᠴᠡᠬᠦ᠎ᠶᠢ ᠠᠬᠢᠭᠤᠯᠵᠦ᠂ ᠦᠨᠡᠮᠯᠡᠯ ᠣᠯᠤᠭ᠍ᠰᠠᠨ ᠠᠵᠤ ᠠᠬᠤᠢᠯᠠᠯ ᠵᠢᠴᠢ ᠪᠦᠲᠦᠭᠡᠭᠳᠡᠭᠦᠨ᠎ᠤ ᠲᠤᠭ᠎ᠠ ᠬᠡᠮᠵᠢᠶ᠎ᠡ᠎ᠨᠢ ᠪᠥᠬᠦ᠌ ᠣᠷᠣᠨ᠎ᠤ ᠲᠡᠷᠢᠭᠦᠨ᠎ᠳᠤ ᠣᠷᠣᠪᠠ᠃ 《ᠲᠦᠩᠯᠢᠶᠣᠤ᠎ᠶ᠋ᠢᠨ ᠦᠬᠡᠷ᠎ᠤᠨ ᠮᠢᠬ᠎ᠠ》᠂ 《ᠬᠦᠷᠢᠶ᠎ᠡ᠎ᠶ᠋ᠢᠨ ᠰᠠᠭᠠᠭ》 ᠵᠡᠷᠭᠡ ᠪᠦᠲᠦᠭᠡᠭᠳᠡᠬᠦᠨ 《ᠥᠪᠥᠷ ᠮᠣᠩᠭᠤᠯ》 ᠲᠡᠮᠳᠡᠭᠲᠦ᠎ᠶᠢᠨ ᠢᠲᠡᠭᠡᠭᠦᠯᠬᠦ᠌ ᠬᠦᠴᠦᠨ᠎ᠳᠤ ᠲᠦᠱᠢᠭ᠌ᠯᠡᠨ᠂ ᠴᠢᠨᠠᠷ ᠰᠠᠢᠲᠠᠶ ᠪᠦᠲᠦᠭᠡᠭᠳᠡᠬᠦᠨ᠎ᠠᠴᠠ ᠳᠡᠭᠡᠳᠦ ᠲᠠᠰ᠎ᠤᠨ ᠨᠠᠷᠠᠲᠤ ᠲᠡᠮᠳᠡᠭ᠌ᠲᠦ ᠬᠦᠷᠲᠡᠯᠡᠬᠢ ᠳᠠᠪᠠᠯᠲᠠ᠎ᠶ᠋ᠢ ᠪᠡᠶᠡᠯᠡᠭᠦᠯᠵᠦ᠍᠂ ᠵᠠᠬ᠎ᠠ ᠳᠡᠯᠭᠡᠭᠦᠷ᠎ᠤᠨ ᠥᠷᠢᠰᠥᠯᠳᠦᠬᠦ᠌ ᠬᠦᠴᠦᠨ ᠪᠠ ᠨᠡᠮᠡᠯᠲᠡ ᠥᠷᠲᠡᠭ᠎ᠢ ᠢᠯᠡᠳᠲᠡ ᠳᠡᠭᠡᠭ᠌ᠰᠢᠯᠡᠭᠦᠯᠦᠨ᠂ ᠪᠣᠬᠢᠷᠲᠤᠯ ᠥᠬᠡᠶ ᠮᠠᠯ ᠲᠠᠷᠢᠶᠠᠯᠠᠩ᠎ᠤᠨ ᠭᠠᠷᠤᠯᠲᠠ᠎ᠶᠢᠨ ᠪᠦᠲᠦᠭᠡᠭ᠌ᠳᠡᠬᠦᠨ᠎ᠤ ᠪᠥᠬᠦ᠌ ᠤᠯᠤᠰ᠎ᠤᠨ ᠳᠡᠭᠡᠳᠦ ᠲᠠᠰ᠎ᠤᠨ ᠵᠠᠬ᠎ᠠ ᠳᠡᠯᠭᠡᠭᠦᠷ ᠲᠡᠢᠰᠢ ᠣᠷᠣᠭᠰᠢᠯᠠᠬᠤ᠎ᠶ᠋ᠢ ᠬᠦᠴᠦᠲᠡᠶ ᠠᠬᠢᠭᠤᠯᠪᠠ᠃

ᠤᠯᠠᠭᠠᠨᠬᠠᠳᠠ ᠬᠤᠲᠠ᠄ 《ᠯᠧᠢ ᠲᠢᠩ ᠠᠵᠢᠯᠯᠠᠭ᠎ᠠ》 ᠢᠳᠡᠭᠡᠨ᠎ᠤ ᠠᠮᠤᠷ ᠲᠦᠪᠱᠢᠨ ᠰᠠᠨᠠᠭ᠎ᠠ ᠠᠮᠤᠷ ᠬᠡᠷᠡᠭ᠌ᠯᠡᠭᠡᠨ᠎ᠤ ᠣᠷᠴᠢᠨ ᠲᠣᠭᠤᠷᠢᠨ᠎ᠢ ᠪᠣᠶ ᠪᠣᠯᠭ᠋ᠠᠪᠠ

《ᠴᠣᠭᠴᠠᠵᠢᠭᠤᠯᠤᠭᠰᠠᠨ》 ᠪᠠᠢᠯᠳᠤᠭᠠᠨ᠎ᠤ ᠵᠢᠷᠤᠭ ᠲᠥ᠋ᠯᠥᠪᠯᠡᠭᠡ᠎ᠶᠢ ᠵᠢᠷᠤᠭᠯᠠᠪᠠ᠃ 《ᠢᠳᠡᠭᠡᠨ᠎ᠤ ᠠᠮᠤᠷ ᠲᠦᠪᠱᠢᠨ᠎ᠤ 〈ᠯᠧᠢ ᠲᠢᠩ ᠠᠵᠢᠯᠯᠠᠭ᠎ᠠ〉᠎ᠶ᠋ᠢᠨ ᠬᠡᠷᠡᠭ᠌ᠵᠢᠭᠦᠯᠬᠦ᠌ ᠲᠥᠰᠦᠯ》᠎ᠢ ᠳᠠᠷᠤᠮᠠᠯᠯᠠᠨ ᠲᠠᠷᠬᠠᠭᠠᠵᠤ᠂ 《ᠲᠠᠪᠤᠨ ᠶᠡᠭᠡ ᠲᠤᠰᠭᠠᠶ ᠴᠡᠭ᠌ᠴᠡᠯᠡᠨ ᠵᠠᠰᠠᠬᠤ+ᠭᠤᠷᠪᠠᠨ ᠵᠦᠢᠯ᠎ᠤᠨ ᠳᠡᠭᠡᠭ᠌ᠰᠢᠯᠡᠭᠦᠯᠬᠦ᠌ ᠠᠵᠢᠯᠯᠠᠭ᠎ᠠ》᠎ᠶ᠋ᠢᠨ ᠲᠣᠭᠤᠷᠢᠨ᠎ᠳᠤ ᠠᠵᠢᠯ᠎ᠤᠨ ᠡᠭᠦᠷᠭᠡ᠂ ᠬᠠᠷᠢᠭᠤᠴᠠᠯᠭ᠎ᠠ᠎ᠶ᠋ᠢᠨ ᠰᠠᠯᠠᠭ᠎ᠠ ᠲᠠᠰᠤᠭ ᠵᠢᠴᠢ ᠴᠠᠭ᠎ᠶᠢᠨ ᠵᠠᠩᠭᠢᠯᠠᠭ᠎ᠠ᠎ᠶ᠋ᠢᠨ ᠴᠡᠭ᠎ᠢ ᠲᠣᠳᠣᠷᠬᠠᠢᠯᠠᠵᠤ᠂ ᠬᠠᠮᠢᠶ᠎ᠠ ᠪᠥᠬᠦᠶ ᠲᠤᠬᠠᠢᠯᠠᠭ᠍ᠰᠠᠨ ᠠᠵᠢᠯ᠎ᠤᠨ ᠰᠠᠯᠠᠭ᠎ᠠ ᠲᠠᠰᠤᠭ ᠲᠣᠰ ᠲᠣᠰ ᠨᠠᠷᠢᠯᠢᠭᠵᠢᠭᠤᠯᠤᠨ ᠨᠠᠢᠳᠠᠪᠤᠷᠢᠵᠢᠭᠤᠯᠬᠤ ᠠᠷᠭ᠎ᠠ ᠬᠡᠮᠵᠢᠶ᠎ᠡ ᠲᠣᠭ᠍ᠲᠠᠭᠠᠵᠤ᠂ ᠡᠯ᠎ᠡ ᠬᠤᠱᠢᠭᠤ ᠱᠢᠶᠠᠨ ᠲᠣᠭᠤᠷᠢᠭ ᠵᠡᠷᠭᠡ᠎ᠪᠠᠷ ᠳᠠᠭ᠋ᠠᠨ ᠨᠠᠢᠳᠠᠪᠤᠷᠢᠵᠢᠭᠤᠯᠵᠤ᠂ 《ᠬᠤᠲᠠ᠎ᠶ᠋ᠢᠨ ᠳᠡᠰ᠎ᠦᠨ ᠨᠢᠭᠡᠳᠦᠯᠲᠡᠶ ᠲᠥᠯᠥᠪᠯᠡᠬᠦ᠂ ᠬᠤᠱᠢᠭᠤ ᠱᠢᠶᠠᠨ ᠨᠠᠢᠳᠠᠪᠤᠷᠢᠵᠢᠭᠤᠯᠬᠤ᠂ ᠣᠯᠠᠨ ᠳᠡᠰ᠎ᠪᠠᠷ ᠬᠤᠯᠪᠣᠭᠠᠯᠠᠨ ᠬᠥᠳᠡᠯᠦᠯᠴᠡᠬᠦ᠌》 ᠠᠵᠢᠯ᠎ᠤᠨ ᠪᠠᠢᠷᠢᠱᠢᠯ᠎ᠢ ᠪᠣᠶ ᠪᠣᠯᠭᠠᠪᠠ᠃

《ᠣᠨᠣᠪᠴᠢᠯᠠᠭᠰᠠᠨ》 ᠬᠢᠨᠠᠯᠲᠠ ᠬᠠᠮᠢᠶᠠᠷᠤᠯᠲᠠ᠎ᠶ᠋ᠢᠨ ᠲᠤᠭᠲᠠᠯᠴᠠᠭ᠎ᠠ᠎ᠶᠢ ᠪᠠᠢ᠌ᠭᠤᠯᠪᠠ᠃ ᠢᠳᠡᠭᠡᠨ᠎ᠤ ᠦᠢᠯᠡᠳᠪᠦᠷᠢᠯᠡᠯ ᠡᠵᠡᠩᠨᠡᠯᠲᠡ᠎ᠶ᠋ᠢᠨ ᠭᠤᠣᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠬᠤ᠂ ᠢᠳᠡᠭᠡᠨ᠎ᠤ ᠨᠡᠮᠡᠯᠲᠡ ᠡᠳ᠋᠎ᠢ ᠬᠡᠷᠡᠭ᠌ᠯᠡᠬᠦ᠂ ᠨᠡᠢᠲᠡ᠎ᠶ᠋ᠢᠨ ᠬᠤᠭᠤᠯᠠ ᠢᠳᠡᠬᠦ᠌ ᠲᠦᠭ᠌ᠰᠢᠭᠦᠷᠢ᠎ᠶ᠋ᠢ ᠬᠠᠮᠢᠶᠠᠷᠤᠨ ᠡᠵᠡᠮᠳᠡᠬᠦ᠌ ᠵᠡᠷᠭᠡ ᠠᠷᠪᠠᠨ ᠶᠡᠭᠡ ᠵᠠᠩᠭᠢᠯᠠᠭ᠎ᠠ᠎ᠶ᠋ᠢᠨ ᠭᠤᠭ᠍ᠴᠤᠭ᠎ᠠ᠎ᠶ᠋ᠢᠨ ᠲᠣᠭᠤᠷᠢᠨ᠎ᠳᠤ ᠲᠣᠣᠷᠯᠠᠨ ᠪᠠᠢᠴᠠᠭᠠᠬᠤ ᠬᠡᠯᠪᠡᠷᠢ᠎ᠪᠠᠷ ᠵᠢᠭ᠍ᠰᠠᠭᠠᠨ ᠪᠠᠢᠴᠠᠭᠠᠬᠤ᠎ᠶ᠋ᠢ ᠥᠷᠨᠢᠭᠦᠯᠵᠦ᠍᠂ ᠲᠦᠭ᠌ᠰᠢᠭᠦᠷᠢ᠎ᠶ᠋ᠢᠨ ᠳᠠᠯᠳᠠ ᠭᠡᠮ᠎ᠤᠨ ᠡᠬᠡ ᠲᠠᠩᠰᠠ᠎ᠶ᠋ᠢ ᠪᠠᠢᠭᠤᠯᠵᠤ᠂ ᠳ᠋ᠤᠭᠠᠷ ᠬᠠᠰᠤᠬᠤ ᠬᠠᠮᠢᠶᠠᠷᠤᠯᠲᠠ᠎ᠶ᠋ᠢ ᠬᠡᠷᠡᠭ᠌ᠵᠢᠭᠦᠯᠵᠦ᠍᠂ ᠵᠢᠭ᠍ᠰᠠᠭᠠᠨ ᠪᠠᠢᠴᠠᠭᠠᠬᠤ᠎ᠶ᠋ᠢ ᠨᠡᠢᠳᠡᠮ ᠪᠦᠷᠬᠦᠭᠦᠯᠵᠦ᠍᠂ ᠳᠠᠯᠳᠠ ᠭᠡᠮ᠎ᠢ ᠥᠨᠴᠥᠭ ᠪᠤᠯᠤᠩ ᠦᠭᠡᠢ ᠪᠠᠢ᠌ᠴᠠᠭ᠋ᠠᠬᠤ᠎ᠶᠢ ᠪᠡᠶᠡᠯᠡᠬᠦᠯᠪᠡ᠃ ᠪᠥᠬᠦ᠌ ᠬᠤᠲᠠ᠎ᠳᠤ ᠨᠡᠢᠲᠡ 4.6 ᠲᠦᠮᠡᠨ ᠡᠷᠦᠬᠡ ᠢᠳᠡᠭᠡᠨ᠎ᠤ ᠦᠢᠯᠡᠳᠪᠦᠷᠢᠯᠡᠯ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢ ᠵᠢᠭ᠍ᠰᠠᠭᠠᠨ ᠪᠠᠢᠴᠠᠭᠠᠵᠤ᠂ 4274 ᠲᠦᠭ᠌ᠰᠢᠭᠦᠷᠢ᠎ᠶ᠋ᠢᠨ ᠳᠠᠯᠳᠠ ᠬᠡᠮ᠎ᠢ ᠢᠯᠡᠷᠡᠭᠦᠯᠵᠦ᠍᠂ ᠪᠦᠬᠦᠨ᠎ᠢ ᠴᠡᠭ᠌ᠴᠡᠯᠡᠨ ᠰᠠᠢᠵᠢᠷᠠᠭᠤᠯᠵᠤ ᠳᠠᠭᠤᠰᠪᠠ᠃ ᠠᠷᠠᠳ᠎ᠤᠨ ᠠᠮᠢᠳᠤᠷᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠰᠤᠷᠭᠠᠭᠤᠯᠢ᠎ᠶ᠋ᠢᠨ ᠬᠦᠷᠢᠶᠡᠨ᠎ᠤ ᠬᠤᠭᠤᠯᠠ ᠤᠮᠳᠠᠭ᠋ᠠᠨ᠂ ᠰᠦᠯᠵᠢᠶᠡᠨ᠎ᠤ ᠢᠳᠡᠭᠡᠨ ᠣᠮᠳᠠᠭ᠋ᠠᠨ᠂ ᠲᠥᠪᠯᠡᠷᠡᠭᠦᠯᠦᠨ ᠬᠤᠭᠤᠯᠠ ᠢᠳᠡᠬᠦ᠌ ᠨᠢᠭᠡᠴᠢ᠂ ᠮᠢᠬᠠᠨ᠎ᠤ ᠲᠥᠷᠥᠯ᠎ᠤᠨ ᠵᠠᠬ᠎ᠠ ᠳᠡᠯᠭᠡᠭᠦᠷ᠂ ᠢᠳᠡᠭᠡᠨ᠎ᠤ ᠨᠡᠮᠡᠯᠲᠡ ᠡᠳ᠋ᠶᠢᠨ 《ᠬᠤᠶᠠᠷ᠎ᠢ ᠬᠡᠲᠦᠷᠡᠭᠦᠯᠵᠦ᠍᠂ ᠨᠢᠭᠡ ᠬᠠᠤᠯᠢ ᠪᠤᠰᠤ》 ᠵᠡᠷᠭᠡ ᠲᠠᠪᠤᠨ ᠬᠦᠷᠢᠶ᠎ᠡ ᠴᠠᠷᠠᠭ᠎ᠠ᠎ᠶ᠋ᠢᠨ ᠲᠤᠰᠭᠠᠶ ᠴᠡᠭ᠌ᠴᠡᠯᠡᠨ ᠵᠠᠰᠠᠯᠲᠠ᠎ᠶ᠋ᠢ ᠵᠣᠬᠢᠶᠠᠨ ᠪᠠᠢᠭᠤᠯᠤᠨ ᠬᠡᠷᠡᠭᠵᠢᠭᠦᠯᠪᠡ᠃ ᠬᠤᠭᠤᠴᠠᠭ᠎ᠠ ᠥᠩᠭᠡᠷᠡᠭᠰᠡᠨ ᠢᠳᠡᠭᠡᠨ᠎ᠢ ᠦᠢᠯᠡᠳᠪᠦᠷᠢᠯᠡᠵᠦ᠍ ᠡᠵᠡᠩᠨᠡᠬᠦ᠌᠂ ᠢᠳᠡᠭᠡᠨ᠎ᠦ ᠨᠡᠮᠡᠯᠲᠡ ᠡᠳ᠋᠎ᠢ ᠬᠡᠪᠴᠢᠶ᠎ᠡ ᠬᠡᠮᠵᠢᠶ᠎ᠡ ᠬᠡᠲᠦᠷᠡᠭᠦᠯᠦᠨ ᠬᠡᠷᠡᠭ᠌ᠯᠡᠬᠦ᠌ ᠵᠡᠷᠭᠡ ᠬᠠᠤᠯᠢ ᠲᠣᠭ᠍ᠲᠠᠭᠠᠯ᠎ᠠᠴᠠ ᠵᠥᠷᠢᠴᠡᠭ᠌ᠰᠡᠨ ᠦᠢᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠪᠡ᠃ 1688 ᠬᠡᠷᠡᠭ ᠢᠳᠡᠭᠡᠨ᠎ᠤ ᠬᠠᠤᠯᠢ᠎ᠠᠴᠠ ᠵᠥᠷᠢᠴᠡᠭ᠌ᠰᠡᠨ ᠠᠵᠢᠯᠯᠠᠭ᠎ᠠ᠎ᠶᠢ ᠪᠠᠢᠴᠠᠭᠠᠨ ᠱᠢᠢᠳᠪᠦᠷᠢᠯᠡᠵᠦ᠍᠂ ᠳᠣᠲᠣᠭᠠᠳᠤ᠎ᠶ᠋ᠢ ᠬᠠᠮᠠᠭᠠᠯᠠᠬᠤ ᠰᠠᠯᠠᠭ᠎ᠠ ᠮᠥᠴᠢᠷ᠎ᠲᠤ 2 ᠬᠡᠷᠡᠭ᠎ᠢ ᠱᠢᠯᠵᠢᠭᠦᠯᠦᠨ ᠬᠦᠷᠭᠡᠪᠡ᠃

《ᠴᠢᠨᠠᠷ ᠰᠠᠢᠲᠠᠶ》 ᠠᠵᠤ ᠦᠢᠯᠡᠰ᠎ᠤᠨ ᠠᠮᠢ ᠠᠬᠤᠶ᠎ᠶ᠋ᠢ ᠪᠣᠢ᠌ᠵᠢᠭᠣᠯᠪᠠ᠃ 《ᠮᠢᠩᠭᠠᠨ ᠠᠵᠤ ᠠᠬᠤᠢᠯᠠᠯ ᠲᠦᠮᠡᠨ ᠦᠢᠯᠡᠳᠭᠡᠯ᠎ᠶᠢᠨ ᠭᠠᠵᠠᠷ》᠎ᠢ ᠬᠠᠪᠰᠤᠷᠤᠨ ᠲᠡᠳᠬᠦᠬᠦ᠌ ᠠᠵᠢᠯᠯᠠᠭ᠎ᠠ᠂ 《ᠰᠢᠯᠢᠳᠡᠭ ᠠᠵᠤ ᠠᠬᠤᠢᠯᠠᠯ》᠎ᠢ ᠪᠤᠢᠵᠢᠭᠤᠯᠬᠤ ᠠᠵᠢᠯᠯᠠᠭ᠎ᠠ᠂ ᠲᠠᠷᠢᠶᠠᠯᠠᠩ᠎ᠤᠨ ᠭᠠᠷᠤᠯᠲᠠ᠎ᠶᠢᠨ ᠪᠥᠭᠡᠮ᠎ᠢᠶᠠᠷ ᠬᠤᠳᠠᠯᠳᠤᠬᠤ ᠵᠠᠬ᠎ᠠ ᠳᠡᠯᠭᠡᠭᠦᠷ᠎ᠤᠨ ᠵᠢᠷᠤᠮᠵᠢᠭ᠍ᠰᠠᠨ ᠠᠵᠢᠯᠯᠠᠭ᠎ᠠ᠎ᠶ᠋ᠢ ᠠᠬᠢᠭᠤᠯᠪᠠ᠃ 《ᠨᠢᠭᠡ ᠠᠵᠤ ᠠᠬᠤᠢᠯᠠᠯ᠎ᠳᠤ ᠨᠢᠭᠡ ᠲᠥᠷᠥ᠎ᠶ᠋ᠢᠨ ᠪᠣᠳᠣᠯᠭ᠎ᠠ》᠎ᠶᠢᠨ ᠬᠠᠪᠰᠤᠷᠤᠨ ᠲᠡᠳᠬᠦᠬᠦ᠌ ᠲᠤᠭᠲᠠᠯᠴᠠᠭ᠎ᠠ᠎ᠶ᠋ᠢ ᠪᠠᠢᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠭᠤᠷᠬᠢ᠎ᠶ᠋ᠢ ᠬᠠᠷᠢᠯᠴᠠᠨ ᠣᠶᠠᠯᠳᠣᠭᠣᠯᠬᠣ ᠠᠷᠭ᠎ᠠ ᠮᠠᠶᠢᠭ᠎ᠢᠶᠠᠷ ᠳᠠᠮᠵᠢᠭᠤᠯᠤᠨ ᠢᠳᠡᠭᠡᠨ᠎ᠤ ᠠᠮᠤᠷ ᠲᠦᠪᠱᠢᠨ᠎ᠤ ᠪᠣᠯᠪᠠᠰᠤᠷᠠᠯ᠎ᠢ ᠬᠠᠨᠳᠤᠯᠭᠠᠲᠤ ᠴᠢᠨᠠᠷᠲᠠᠶ᠎ᠪᠠᠷ ᠥᠷᠨᠢᠭᠦᠯᠵᠦ᠍᠂ ᠢᠳᠡᠭᠡᠨ᠎ᠤ ᠦᠢᠯᠡᠳᠪᠦᠷᠢᠯᠡᠯ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢᠨ ᠬᠠᠮᠢᠶᠠᠷᠤᠯᠲᠠ᠎ᠶ᠋ᠢᠨ ᠲᠦᠷᠢᠮ᠎ᠢ ᠱᠢᠯᠢᠳᠡᠭ᠌ᠵᠢᠭᠦᠯᠬᠦ᠌᠎ᠳᠤ ᠬᠦᠴᠦᠨ ᠨᠡᠮᠡᠷᠢᠯᠡᠵᠦ᠍᠂ ᠠᠵᠤ ᠠᠬᠤᠢᠯᠠᠯ᠎ᠤᠨ ᠲᠣᠭ᠍ᠲᠠᠭᠠᠯ᠎ᠳᠤ ᠨᠡᠢᠴᠡᠭᠦᠯᠦᠨ ᠡᠵᠡᠩᠨᠡᠬᠦ᠌ ᠴᠢᠳᠠᠪᠤᠷᠢ᠎ᠶ᠋ᠢ ᠳᠡᠭᠡᠭᠰᠢᠯᠡᠭᠦᠯᠪᠡ᠃ ᠨᠡᠢᠲᠡ 76 ᠲᠠᠯᠠᠪᠤᠷ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠭᠤᠷᠬᠢ ᠪᠣᠯᠪᠠᠰᠤᠷᠠᠯ᠎ᠢ ᠥᠷᠨᠢᠭᠦᠯᠵᠦ᠍᠂ 5000 ᠭᠠᠷᠤᠶ ᠬᠥᠮᠦᠨ ᠣᠳᠠᠭ᠎ᠠ᠎ᠶ᠋ᠢ ᠬᠠᠮᠤᠷᠴᠤ᠌᠂ ᠢᠳᠡᠭᠡᠨ᠎ᠤ ᠠᠵᠤ ᠠᠬᠤᠢᠯᠠᠯ᠎ᠢ 2256 ᠡᠷᠦᠬᠡ ᠣᠳᠠᠭ᠎ᠠ ᠰᠤᠷᠪᠤᠯᠵᠢᠯᠠᠵᠤ᠂ ᠠᠵᠤ ᠠᠬᠤᠢᠯᠠᠯ᠎ᠢ ᠬᠠᠪᠰᠤᠷᠤᠨ 364 ᠪᠣᠳᠠᠲᠠᠶ ᠠᠰᠠᠭᠤᠳᠠᠯ᠎ᠢ ᠱᠢᠢᠳᠪᠦᠷᠢᠯᠡᠪᠡ; 7 ᠡᠷᠦᠬᠡ ᠲᠠᠷᠢᠶᠠᠯᠠᠩ ᠲᠤᠰᠠᠯᠠᠬᠤ ᠠᠵᠦ ᠠᠬᠤᠢ᠎ᠶᠢᠨ ᠪᠦᠲᠦᠭᠡᠭᠳᠡᠬᠦᠨ᠎ᠢ ᠪᠥᠭᠡᠮ᠎ᠢᠶᠠᠷ ᠬᠤᠳᠠᠯᠳᠤᠬᠤ ᠵᠠᠬ᠎ᠠ ᠳᠡᠯᠭᠡᠭᠦᠷ᠎ᠢ ᠵᠢᠯᠣᠭᠤᠳᠤᠨ ᠲᠦᠷᠭᠡᠨ ᠪᠠᠢᠴᠠᠭᠠᠬᠤ ᠲᠠᠰᠤᠭ ᠪᠠᠢᠭᠤᠯᠵᠤ᠂ ᠨᠡᠢᠲᠡ 22676 ᠪᠦᠯᠦᠭ ᠤᠳᠠᠭ᠎ᠠ᠎ᠶ᠋ᠢᠨ ᠲᠦᠷᠭᠡᠨ ᠪᠠᠢᠴᠠᠭᠠᠯᠲᠠ ᠬᠢᠪᠠ; 81 ᠡᠷᠦᠬᠡ 《ᠰᠠᠨᠠᠭ᠎ᠠ ᠠᠮᠤᠷ ᠬᠡᠷᠡᠭ᠌ᠯᠡᠭᠡᠨ᠎ᠤ ᠨᠢᠭᠡᠴᠢ》᠎ᠶᠢ ᠪᠤᠢᠵᠢᠭᠤᠯᠵᠤ᠂ 2 ᠵᠤᠷᠪᠤᠰ 《ᠰᠠᠨᠠᠭ᠎ᠠ ᠠᠮᠤᠷ ᠢᠳᠡᠭᠡᠨ ᠤᠮᠳᠠᠭ᠋ᠠᠨ᠎ᠤ ᠵᠡᠭᠡᠯᠢ》᠎ᠶ᠋ᠢ ᠪᠠᠢᠭᠤᠯᠪᠠ᠃

ᠱᠢᠯᠢ᠎ᠶ᠋ᠢᠨ ᠭᠤᠤᠯ ᠠᠢᠮᠠᠭ᠄ ᠣᠯᠠᠨ ᠲᠠᠯ᠎ᠠ᠎ᠠᠴᠠ ᠬᠢᠨᠠᠨ ᠬᠠᠮᠢᠶᠠᠷᠴᠤ᠌ ᠢᠳᠡᠭᠡᠨ᠎ᠤ ᠠᠮᠤᠷ ᠲᠦᠪᠱᠢᠨ᠎ᠤ ᠬᠤᠷᠢᠭ᠎ᠠ ᠱᠤᠭᠤᠮ᠎ᠢ ᠪᠠᠲᠤ ᠰᠠᠬᠢᠪᠠ᠃

《ᠬᠤᠶᠠᠷ ᠬᠠᠷᠢᠭᠤᠴᠠᠯᠭ᠎ᠠ》᠎ᠶ᠋ᠢ ᠪᠦᠲᠦᠮᠵᠢᠲᠡᠶ ᠨᠠᠢᠳᠠᠪᠤᠷᠢᠵᠢᠭᠤᠯᠬᠤ᠎ᠶ᠋ᠢ ᠯᠠᠪᠳᠠᠭᠤᠨ ᠪᠠᠲᠤᠲᠠᠶ ᠠᠬᠢᠭᠤᠯᠪᠠ᠃ ᠢᠳᠡᠭᠡᠨ᠎ᠦ ᠦᠢᠯᠡᠳᠪᠦᠷᠢᠯᠡᠯ ᠡᠵᠡᠩᠨᠡᠯᠲᠡ᠎ᠶ᠋ᠢᠨ ᠭᠣᠤᠯ ᠴᠣᠭ᠍ᠴᠠ᠎ᠶ᠋ᠢ ᠱᠢᠮᠳᠠᠭᠤᠯᠵᠤ ᠪᠠᠢᠭᠠᠳ ᠢᠳᠡᠭᠡᠨ᠎ᠦ ᠠᠮᠤᠷ ᠲᠦᠪᠱᠢᠨ᠎ᠦ ᠶᠡᠷᠦᠩᠬᠡᠶ ᠬᠢᠨᠠᠭ᠍ᠴᠢ ᠪᠣᠯᠤᠨ ᠠᠮᠤᠷ ᠲᠦᠪᠱᠢᠨ᠎ᠦ ᠠᠵᠢᠯᠲᠠᠨ ᠲᠣᠬᠢᠷᠠᠭᠤᠯᠵᠤ᠂ 《ᠡᠳᠦᠷ ᠎ᠢᠶᠠᠷ ᠬᠠᠮᠢᠶᠠᠷᠤᠨ ᠡᠵᠡᠮᠳᠡᠬᠦ᠌᠂ ᠭᠠᠷᠠᠭ᠎ᠢᠶᠠᠷ ᠵᠢᠭ᠍ᠰᠠᠭᠠᠨ ᠪᠠᠢᠴᠠᠭᠠᠬᠤ᠂ ᠰᠠᠷ᠎ᠠ᠎ᠪᠠᠷ ᠲᠣᠬᠢᠷᠠᠭᠤᠯᠬᠤ》 ᠳᠦᠷᠢᠮ᠎ᠢ ᠪᠠᠢᠭᠤᠯᠪᠠ᠃ ᠪᠦᠬᠦ᠌ ᠠᠢᠮᠠᠭ᠎ᠲᠤ ᠨᠡᠢ᠌ᠲᠡ 1266 ᠨᠠᠮ ᠵᠠᠰᠠᠭ᠎ᠤᠨ ᠺᠠᠳ᠋ᠷ 214 999 ᠢᠳᠡᠭᠡᠨ᠎ᠤ ᠦᠢᠯᠡᠳᠪᠦᠷᠢᠯᠡᠯ ᠡᠵᠡᠩᠨᠡᠯᠲᠡ᠎ᠶ᠋ᠢᠨ ᠭᠤᠣᠯ ᠴᠣᠭ᠍ᠴᠠ᠎ᠶ᠋ᠢ ᠳᠠᠭᠠᠭᠠᠴᠢᠯᠠᠭᠤᠯᠵᠤ᠂ ᠳᠠᠭᠠᠳᠭᠠᠯ᠎ᠢ ᠳᠠᠭᠠᠭᠠᠴᠢᠯᠠᠭ᠍ᠰᠠᠨ ᠣᠳᠣᠷᠢᠳᠬᠤ ᠺᠠᠳ᠋ᠷ᠎ᠤᠨ ᠬᠢᠨᠠᠨ ᠵᠢᠯᠣᠭᠣᠳᠬᠤ ᠨᠤᠷᠮ᠎ᠠ 100% ᠎ᠳᠤ ᠬᠦᠷᠪᠡ᠃

ᠬᠢᠨᠠᠨ ᠬᠠᠮᠢᠶᠠᠷᠬᠤ ᠰᠡᠷᠭᠡᠢᠯᠡᠯᠲᠡ᠎ᠶ᠋ᠢᠨ ᠱᠤᠭᠤᠮ᠎ᠢ ᠪᠥᠬᠦ᠌ ᠲᠠᠯ᠎ᠠ᠎ᠪᠠᠷ ᠪᠠᠬᠢᠵᠢᠭᠦᠯᠬᠦ᠌᠎ᠶ᠋ᠢ ᠭᠦᠨᠵᠡᠭᠡᠶ ᠠᠬᠢᠭᠤᠯᠪᠠ᠃ ᠮᠠᠯᠵᠢᠬᠤ ᠲᠠᠷᠢᠶᠠᠯᠠᠬᠤ ᠣᠷᠣᠨ᠎ᠤ ᠬᠠᠭᠤᠷᠮᠠᠭ ᠮᠠᠭᠤ ᠢᠳᠡᠭᠡᠨ᠂ ᠰᠤᠷᠭᠠᠭᠤᠯᠢ᠎ᠶ᠋ᠢᠨ ᠬᠦᠷᠢᠶᠡᠨ᠎ᠤ ᠢᠳᠡᠭᠡᠨ᠎ᠤ ᠠᠮᠤᠷ ᠲᠦᠪᠱᠢᠨ᠂ ᠴᠠᠭᠠᠨ ᠢᠳᠡᠭᠡᠨ᠎ᠤ ᠶᠠᠰᠤ ᠴᠢᠨᠠᠷ᠂ ᠰᠦᠯᠵᠢᠶᠡᠨ᠎ᠤ ᠢᠳᠡᠭᠡᠨ ᠤᠮᠳᠠᠭ᠋ᠠᠨ᠎ᠤ ᠠᠮᠤᠷ ᠲᠦᠪᠱᠢᠨ᠂ ᠢᠳᠡᠭᠡᠨ ᠤᠮᠳᠠᠭ᠋ᠠᠨ᠎ᠢ ᠪᠦᠷᠢᠯᠭᠡᠨ ᠰᠦᠢᠳᠭᠡᠬᠦ᠌᠎ᠶ᠋ᠢ ᠴᠡᠭ᠌ᠴᠡᠯᠡᠨ ᠵᠠᠰᠠᠬᠤ᠂ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ ᠵᠢᠴᠢ ᠭᠠᠳᠠᠭ᠍ᠰᠢ ᠬᠤᠳᠠᠯᠳᠤᠬᠤ ᠲᠠᠪᠴᠠᠩ᠎ᠢ ᠵᠢᠷᠤᠮᠵᠢᠭᠤᠯᠬᠤ ᠵᠡᠷᠭᠡ ᠭᠤᠤᠯᠳᠠᠯᠭ᠎ᠠ᠎ᠲᠠᠢ ᠬᠦᠷᠢᠶ᠎ᠡ ᠴᠠᠷᠠᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠲᠤᠰᠭᠠᠶ ᠴᠡᠭ᠌ᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠍᠂ ᠬᠤᠳᠠᠯ ᠬᠠᠭᠤᠷᠮᠠᠭ ᠶᠠᠭᠤᠮ᠎ᠠ ᠬᠤᠯᠢᠬᠤ᠂ 《ᠬᠤᠶᠠᠷ᠎ᠢ ᠬᠡᠲᠦᠷᠡᠭᠦᠯᠵᠦ᠍ ᠨᠢᠭᠡ ᠬᠠᠤᠯᠢ ᠪᠤᠰᠤ》᠂ ᠬᠤᠳᠠᠯ ᠬᠠᠭᠤᠷᠮᠠᠭ ᠴᠢᠨᠠᠷ ᠮᠠᠭᠤ᠂ 《ᠴᠢᠨᠠᠷ ᠮᠠᠭᠤ ᠢᠳᠡᠭᠡᠨ᠎ᠢ ᠭᠠᠳᠠᠭ᠍ᠰᠢ ᠬᠤᠳᠠᠯᠳᠤᠬᠤ》 ᠵᠡᠷᠭᠡ ᠬᠠᠤᠯᠢ ᠲᠣᠭ᠍ᠲᠠᠭᠠᠯ᠎ᠠᠴᠠ ᠵᠥᠷᠢᠴᠡᠭ᠌ᠰᠡᠨ ᠦᠢᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠪᠡ᠃ 2021 ᠣᠨ᠎ᠠᠴᠠ ᠨᠠᠭ᠋ᠠᠰᠢ᠂ ᠪᠥᠬᠦ᠌ ᠠᠢᠮᠠᠭ ᠨᠡᠢ᠌ᠲᠡ11.4 ᠲᠦᠮᠡ ᠭᠠᠷᠤᠶ ᠡᠷᠦᠬᠡ ᠤᠳᠠᠭ᠎ᠠ ᠢᠳᠡᠭᠡᠨ᠎ᠤ ᠦᠶ᠋ᠯᠡᠳᠪᠦᠷᠢᠯᠡᠯ ᠡᠵᠡᠩᠨᠡᠯᠲᠡ᠎ᠶ᠋ᠢᠨ ᠨᠢᠭᠡᠴᠢ᠎ᠶ᠋ᠢ ᠪᠠᠢᠴᠠᠭᠠᠵᠤ᠂ 5914 ᠳᠠᠯᠳᠠ ᠬᠡᠮ᠎ᠢ ᠵᠢᠭ᠍ᠰᠠᠭᠠᠨ ᠪᠠᠢᠴᠠᠭᠠᠵᠤ᠂ ᠴᠡᠭ᠌ᠴᠡᠯᠡᠨ ᠰᠠᠢᠵᠢᠷᠠᠭᠤᠯᠤᠭ᠍ᠰᠠᠨ ᠨᠣᠷᠮ᠎ᠠ 100%᠎ᠳᠤ ᠬᠦᠷᠴᠦ᠍᠂ 2356 ᠬᠡᠷᠡᠭ᠎ᠢ ᠪᠠᠢᠴᠠᠭᠠᠨ ᠱᠢᠶ᠋ᠳᠪᠦᠷᠢᠯᠡᠪᠡ᠃

ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠬᠦ᠌ ᠦᠢ᠍ᠯᠡᠳᠦᠯ ᠴᠢᠳᠠᠪᠦᠷᠢ᠎ᠶ᠋ᠢ ᠪᠦᠲᠦᠮᠵᠢᠲᠡᠶ ᠳᠡᠭᠡᠭ᠌ᠰᠢᠯᠡᠭᠦᠯᠬᠦ᠌᠎ᠶ᠋ᠢ ᠨᠠᠷᠢᠯᠢᠭ ᠣᠨᠣᠪᠴᠢᠲᠠᠢ᠎ᠪᠠᠷ ᠠᠬᠢᠭᠤᠯᠪᠠ᠃ ᠢᠳᠡᠭᠡᠨ᠎ᠤ ᠠᠮᠤᠷ ᠲᠦᠪᠱᠢᠨ᠎ᠢ ᠰᠤᠭᠤᠯᠤᠨ ᠪᠠᠢᠴᠠᠭᠠᠵᠤ ᠬᠢᠨᠠᠨ ᠬᠡᠮᠵᠢᠬᠦ᠌ ᠠᠵᠢᠯ᠎ᠢ ᠪᠠᠢᠩᠭᠤᠵᠢᠭᠤᠯᠤᠨ ᠥᠷᠨᠢᠭᠦᠯᠵᠦ᠍᠂ 2021 ᠣᠨ᠎ᠠᠴᠠ ᠨᠠᠭ᠋ᠠᠰᠢ ᠨᠡᠢᠲᠡ 27110 ᠪᠦᠯᠦᠭ ᠤᠳᠠᠭ᠎ᠠ ᠰᠤᠭᠤᠯᠤᠨ ᠪᠠᠢᠴᠠᠭᠠᠵᠤ ᠬᠢᠨᠠᠨ ᠬᠡᠮᠵᠢᠬᠦ᠌᠎ᠶ᠋ᠢ ᠪᠡᠶᠡᠯᠡᠭᠦᠯᠵᠦ᠍᠂ ᠵᠢᠯ᠎ᠤᠨ ᠰᠤᠭᠤᠯᠤᠨ ᠪᠠᠢᠴᠠᠭᠠᠬᠤ ᠬᠡᠮᠵᠢᠶ᠎ᠡ᠎ᠶᠢ 4 ᠪᠦᠯᠦᠭ ᠤᠳᠠᠭ᠎ᠠ/ᠮᠢᠩᠭᠠᠨ ᠬᠥᠮᠦᠨ᠎ᠠᠴᠠ ᠳᠡᠭᠡᠭ᠌ᠰᠢ ᠬᠡᠮᠵᠢᠶᠡᠨ᠎ᠳᠤ ᠲᠣᠭ᠍ᠲᠠᠪᠤᠷᠢᠵᠢᠭᠤᠯᠵᠤ᠂ ᠬᠢᠷᠢ ᠲᠡᠩᠴᠡᠭ᠌ᠰᠡᠨ ᠨᠣᠷᠮ᠎ᠠ᠎ᠶ᠋ᠢ ᠦᠷᠭᠦᠯᠵᠢᠯᠡᠨ 98% ᠎ᠠᠴᠠ ᠳᠡᠭᠡᠭ᠌ᠰᠢ ᠪᠠᠲᠤᠯᠠᠪᠠ᠃ ᠵᠥᠷᠢᠶᠡᠵᠢᠭ᠌ᠰᠡᠨ᠂ ᠣᠨᠣᠪᠴᠢᠯᠠᠭ᠍ᠰᠠᠨ ᠬᠢᠨᠠᠯᠲᠠ ᠬᠠᠮᠢᠶᠠᠷᠤᠯᠲᠠ᠎ᠶ᠋ᠢᠨ ᠵᠠᠭ᠍ᠪᠤᠷ᠎ᠢ ᠬᠡᠷᠡᠭ᠌ᠵᠢᠭᠦᠯᠵᠦ᠍᠂ ᠪᠦᠬᠦ᠌ ᠠᠢᠮᠠᠭ᠎ᠤᠨ 12350 ᠡᠷᠦᠬᠡ ᠢᠳᠡᠭᠡᠨ᠎ᠦ ᠦᠢᠯᠡᠳᠪᠦᠷᠢᠯᠡᠯ ᠡᠵᠡᠩᠨᠡᠯᠲᠡ᠎ᠶ᠋ᠢᠨ ᠨᠢᠭᠡᠴᠢ᠎ᠶ᠋ᠢᠨ ᠲᠦᠭ᠌ᠰᠢᠭᠦᠷᠢ᠎ᠶ᠋ᠢ ᠳᠡᠰ ᠬᠤᠪᠢᠶᠠᠨ ᠦᠨᠡᠯᠡᠨ ᠲᠣᠭ᠍ᠲᠠᠭᠠᠬᠤ᠎ᠶ᠋ᠢ ᠪᠡᠶᠡᠯᠡᠭᠦᠯᠵᠦ᠍᠂ ᠪᠦᠷᠬᠦᠴᠡ᠎ᠶ᠋ᠢᠨ ᠨᠣᠷᠮ᠎ᠠ100% ᠎ᠳ᠋ᠤ ᠬᠦᠷᠪᠡ᠃

ᠨᠠᠷᠢᠯᠢᠭ ᠦᠢᠯᠡᠴᠢᠯᠡᠭᠡ ᠢᠳᠡᠭᠡᠨ᠎ᠦ᠌ ᠠᠵᠢᠯ ᠲᠥᠷᠥᠯ᠎ᠦ᠋ᠨ ᠵᠢᠷᠤᠮᠵᠢᠯ ᠪᠦᠭᠡᠳ ᠡᠷᠡᠭᠦᠯ᠎ᠢᠶᠡᠷ ᠬᠥᠭ᠌ᠵᠢᠬᠦ᠌᠎ᠳ᠋ᠦ᠍ ᠬᠦᠴᠦᠨ ᠨᠡᠮᠡᠷᠢᠯᠡᠪᠡ᠃ ᠢᠳᠡᠭᠡᠨ᠎ᠤ ᠦᠢᠯᠡᠳᠪᠦᠷᠢᠯᠡᠯ ᠡᠵᠡᠩᠨᠡᠯᠲᠡ᠎ᠶ᠋ᠢᠨ ᠬᠢᠨᠠᠨ ᠵᠥᠪᠱᠢᠶᠡᠷᠡᠬᠦ᠌ ᠦᠢᠯᠡᠴᠢᠯᠡᠭᠡ᠎ᠶ᠋ᠢ ᠱᠢᠯᠢᠳᠡᠭ᠌ᠵᠢᠭᠦᠯᠵᠦ᠍᠂ ᠪᠥᠬᠦ᠌ ᠬᠡᠯᠬᠢᠶ᠎ᠡ᠎ᠶ᠋ᠢᠨ ᠬᠢᠨᠠᠨ ᠵᠥᠪᠱᠢᠶᠡᠷᠡᠬᠦ᠌ ᠴᠠᠭ᠎ᠤᠨ ᠬᠢᠵᠠᠭᠠᠷ᠎ᠢ 1 ᠠᠵᠢᠯᠯᠠᠬᠤ ᠡᠳᠦᠷ ᠪᠣᠯᠭᠠᠨ ᠪᠣᠭᠤᠨᠢᠰᠭᠠᠵᠤ᠂ ᠭᠤᠶᠤᠴᠢᠯᠠᠬᠤ ᠮᠠᠲ᠋ᠧᠷᠢᠶᠠᠯ᠎ᠢ ᠴᠣᠮᠬᠠᠳᠭᠠᠨ᠂ ᠠᠵᠢᠯ ᠶᠠᠪᠤᠳᠠᠯ ᠭᠦᠢᠴᠡᠳᠭᠡᠬᠦ᠌ ᠴᠤᠪᠤᠷᠠᠯ᠎ᠢ ᠳᠥᠭᠦᠮᠴᠢᠯᠡᠵᠦ᠍᠂ ᠬᠢᠨᠠᠨ ᠵᠥᠪᠱᠢᠶᠡᠷᠡᠬᠦ᠌᠎ᠳᠤ ᠲᠥᠬᠦᠮ ᠦᠵᠡᠭᠦᠯᠬᠦ᠌ ᠬᠡᠮᠵᠢᠶ᠎ᠡ᠎ᠶ᠋ᠢ ᠳᠡᠭᠡᠭ᠌ᠰᠢᠯᠡᠭᠦᠯᠦᠨ᠂ ᠠᠵᠤ ᠠᠬᠤᠢᠯᠠᠯ᠎ᠤᠨ ᠲᠦᠷᠢᠮ᠎ᠤᠨ ᠴᠢᠨᠠᠷᠲᠠᠶ ᠠᠷᠠᠯᠵᠢᠶᠠᠨ᠎ᠤ ᠥᠪᠡᠷ᠎ᠤᠨ ᠥᠷᠲᠡᠭ᠎ᠢ ᠪᠠᠭᠤᠷᠠᠭᠤᠯᠪᠠ᠃ 20 ᠭᠠᠷᠤᠢ ᠡᠷᠦᠬᠡ ᠦᠢᠯᠡᠳᠪᠦᠷᠢᠯᠡᠯ᠎ᠤᠨ ᠦᠢᠯᠡᠳᠭᠡᠯ᠎ᠤᠨ ᠭᠠᠵᠠᠷ᠎ᠤᠨ ᠲᠡᠰ ᠳᠡᠪᠱᠢᠬᠦ᠌᠎ᠶ᠋ᠢ ᠠᠬᠢᠭᠤᠯᠵᠤ᠂ 2 ᠡᠷᠦᠬᠡ ᠲᠠᠷᠢᠶᠠᠯᠠᠩ ᠲᠤᠰᠠᠯᠠᠬᠤ ᠠᠵᠦ ᠠᠬᠤᠢ᠎ᠶᠢᠨ ᠪᠦᠲᠦᠭᠡᠭᠳᠡᠬᠦᠨ᠎ᠢ ᠪᠥᠭᠡᠮ᠎ᠢᠶᠠᠷ ᠬᠤᠳᠠᠯᠳᠤᠬᠤ ᠵᠠᠬ᠎ᠠ ᠳᠡᠯᠭᠡᠭᠦᠷ᠎ᠢ ᠵᠢᠯᠣᠭᠣᠳᠤᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠢᠮᠵᠢᠶᠠᠵᠢᠭᠤᠯᠤᠯᠲᠠ᠎ᠶᠢᠨ ᠲᠠᠷᠢᠶᠠᠯᠠᠩ ᠲᠤᠰᠠᠯᠠᠬᠤ ᠠᠵᠦ ᠠᠬᠤᠢ᠎ᠶᠢᠨ ᠪᠦᠲᠦᠭᠡᠭᠳᠡᠬᠦᠨ᠎ᠢ ᠪᠥᠭᠡᠮ᠎ᠢᠶᠠᠷ ᠬᠤᠳᠠᠯᠳᠤᠬᠤ ᠵᠠᠬ᠎ᠠ ᠳᠡᠯᠭᠡᠭᠦᠷ᠎ᠤᠨ ᠱᠠᠭᠠᠷᠳᠠᠯᠭ᠎ᠠ᠎ᠳᠤ ᠬᠦᠷᠭᠡᠵᠦ᠍᠂ ᠢᠳᠡᠭᠡᠨ ᠣᠮᠳᠠᠭ᠋ᠠᠨ᠎ᠤ ᠪᠦᠷᠢᠯᠭᠡᠨ ᠰᠦᠢ᠍ᠳᠬᠡᠬᠦ᠎ᠢ ᠬᠤᠷᠢᠭᠯᠠᠬᠤ 《ᠤᠯᠠᠭᠠᠨ ᠬᠠᠷ᠎ᠠ ᠰᠠᠮᠪᠠᠷ᠎ᠠ》᠎ᠶᠢ ᠪᠠᠢᠩᠭᠤᠵᠢᠭᠤᠯᠤᠨ ᠨᠡᠢᠲᠡᠯᠡᠵᠦ᠍᠂ ᠢᠳᠡᠭᠡᠨ᠎ᠤ ᠦᠢᠯᠡᠳᠪᠦᠷᠢᠯᠡᠯ ᠡᠵᠡᠩᠨᠡᠭ᠌ᠴᠢ᠎ᠶ᠋ᠢᠨ ᠢᠳᠡᠭᠡᠨ᠎ᠤ ᠠᠮᠤᠷ ᠲᠦᠪᠱᠢᠨ᠎ᠤ ᠡᠯ᠎ᠡ ᠵᠦᠢᠯ᠎ᠤᠨ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠬᠤ᠎ᠶ᠋ᠢ ᠪᠦᠲᠦᠮᠵᠢᠲᠡᠢ ᠰᠢᠮᠳᠠᠭᠤᠯᠪᠠ᠃

ᠤᠯᠠᠭᠠᠨᠴᠠᠪ ᠬᠤᠲᠠ᠄ ᠦᠶ᠋ᠯᠡᠴᠢᠯᠡᠭᠡ᠎ᠶ᠋ᠢ ᠰᠢᠯᠢᠳᠡᠭᠵᠢᠭᠦᠯᠦᠨ ᠬᠢᠨᠠᠯᠲᠠ ᠬᠠᠮᠢᠶᠠᠷᠤᠯᠲᠠ᠎ᠶ᠋ᠢ ᠴᠢᠩᠭ᠋ᠠᠳᠬᠠᠬᠤ ᠨᠢ ᠬᠥᠭ᠌ᠵᠢᠯᠲᠡ᠎ᠶ᠋ᠢ ᠠᠬᠢᠭᠤᠯᠪᠠ

ᠪᠠᠬᠢᠯᠡᠯᠲᠡ᠎ᠶ᠋ᠢ ᠡᠪᠳᠡᠨ ᠦᠢᠯᠡᠴᠢᠯᠡᠭᠡ᠎ᠶ᠋ᠢ ᠱᠢᠯᠢᠳᠡᠭ᠌ᠵᠢᠭᠦᠯᠵᠦ᠍᠂ ᠬᠤᠳᠠᠯᠳᠤᠭ᠎ᠠ ᠡᠵᠡᠩᠨᠡᠬᠦ᠌ ᠬᠥᠷᠥᠰᠥ᠍ ᠱᠢᠷᠣᠶ᠎ᠶ᠋ᠢ ᠴᠣᠭ ᠪᠠᠳᠠᠷᠠᠩᠭᠤᠢ ᠠᠮᠢᠵᠢᠷᠡᠯ᠎ᠤᠨ ᠬᠦᠴᠦᠨ ᠲᠠᠢ ᠪᠤᠯᠭ᠋ᠠᠪᠠ᠃ ᠠᠵᠤ ᠠᠬᠤᠢᠯᠠᠯ ᠎ᠦᠨ ᠡᠷᠭᠢᠯᠡᠭᠰᠡᠨ ᠪᠥᠬᠦ᠌ ᠶᠠᠪᠤᠴᠠ᠎ᠶ᠋ᠢ ᠰᠦᠯᠵᠢᠶ᠎ᠡ᠎ᠪᠠᠷ ᠭᠦᠢ᠍ᠴᠡᠳᠬᠡᠬᠦ ᠨᠣᠷᠮ᠎ᠠ 95% ᠎ᠶ᠋ᠢ ᠳᠠᠪᠠᠵᠤ᠂ 6.2 ᠲᠦᠮᠡᠨ ᠡᠷᠦᠬᠡ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢ ᠬᠠᠪᠰᠤᠷᠤᠨ 《ᠦᠨᠡᠨᠴᠢ ᠢᠲᠡᠭᠡᠮᠵᠢ᠎ᠶ᠋ᠢᠨ ᠪᠡᠶ᠎ᠡ᠎ᠶ᠋ᠢᠨ ᠦᠨᠡᠮᠯᠡᠯ》᠎ᠢ ᠪᠣᠴᠠᠭ᠋ᠠᠨ ᠠᠪᠴᠢᠷᠠᠵᠦ᠍᠂ 171 ᠬᠤᠪᠢ᠎ᠶ᠋ᠢᠨ ᠦᠢᠯᠡᠳᠪᠦᠷᠢ ᠬᠤᠳᠠᠯᠳᠤᠭᠠᠨ᠎ᠤ ᠡᠷᠦᠬᠡ᠎ᠶ᠋ᠢᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠱᠢᠬᠦ᠌᠎ᠳᠤ ᠬᠦᠴᠦᠨ ᠨᠡᠮᠡᠷᠢᠯᠡᠵᠦ᠍᠂ 46 ᠬᠤᠪᠢ᠎ᠶ᠋ᠢᠨ ᠦᠢᠯᠡᠳᠪᠦᠷᠢ ᠬᠤᠳᠠᠯᠳᠤᠭᠠᠨ᠎ᠤ ᠡᠷᠦᠬᠡ᠎ᠶ᠋ᠢ ᠵᠢᠯᠣᠭᠤᠳᠤᠨ ᠪᠥᠬᠦ᠌᠎ᠤᠯᠤᠰ᠎ᠤᠨ 《ᠨᠠᠷᠠᠲᠤ ᠣᠨᠴᠠᠭ᠋ᠠᠢ ᠱᠢᠯᠢᠳᠡᠭ ᠱᠢᠨ᠎ᠡ》 ᠴᠣᠯᠠ ᠣᠯᠭᠤᠵᠤ᠂ ᠲᠠᠪᠤᠨ ᠵᠢᠯ᠎ᠳᠤ ᠪᠥᠬᠦ᠌ ᠬᠤᠲᠠ᠎ᠶ᠋ᠢᠨ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢᠨ ᠶᠡᠷᠦᠩᠬᠡᠶ ᠬᠡᠮᠵᠢᠶ᠎ᠡ 14 ᠲᠦᠮᠡᠨ ᠡᠷᠦᠬᠡ ᠪᠠᠢᠭ᠍ᠰᠠᠨ᠎ᠠᠴᠠ᠎ᠪᠠᠨ 18.6 ᠲᠦᠮᠡᠨ ᠡᠷᠦᠬᠡ ᠪᠤᠯᠤᠨ ᠨᠡᠮᠡᠭᠳᠡᠵᠦ᠂ 32.9% ᠎ᠪᠠᠷ ᠨᠡᠮᠡᠭ᠌ᠳᠡᠨ᠂ ᠠᠵᠤ ᠠᠬᠤᠢᠯᠠᠯ᠎ᠤᠨ ᠬᠤᠪᠢ᠎ᠶ᠋ᠢᠨ ᠵᠢᠩ 29᠄ 100 ᠎ᠠᠴᠠ 31᠄ 100 ᠎ᠳᠤ ᠬᠦᠷᠲᠡᠯ᠎ᠡ ᠳᠡᠭᠡᠭ᠌ᠰᠢᠯᠡᠭᠦᠯᠪᠡ᠃

ᠴᠢᠩᠭ᠎ᠠ ᠴᠡᠭ᠌ᠴᠡᠯᠡᠨ ᠵᠠᠰᠠᠵᠤ ᠴᠢᠩᠭ᠎ᠠ ᠬᠢᠨᠠᠨ ᠬᠠᠮᠢᠶᠠᠷᠴᠤ᠌᠂ ᠵᠠᠬ᠎ᠠ ᠳᠡᠯᠭᠡᠭᠦᠷ᠎ᠤᠨ ᠣᠷᠴᠢᠨ ᠨᠥᠬᠦᠴᠡᠯ᠎ᠢ ᠨᠡᠩ ᠠᠷᠢᠭᠤᠨ ᠴᠡᠪᠡᠷ ᠢᠯᠡ ᠲᠣᠳᠣ ᠪᠣᠯᠭ᠋ᠠᠪᠠ᠃ 《ᠠᠷᠪᠠᠨ ᠳᠥᠷᠪᠡᠳᠦᠭᠡᠷ ᠲᠠᠪᠤᠨ ᠵᠢᠯ》᠎ᠦᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠨᠡᠢᠲᠡ 1102 ᠬᠤᠪᠢ ᠲᠥᠷᠥ᠎ᠶ᠋ᠢᠨ ᠪᠣᠳᠣᠯᠭ᠎ᠠ᠎ᠶ᠋ᠢᠨ ᠠᠷᠭ᠎ᠠ ᠬᠡᠮᠵᠢᠶ᠎ᠡ᠎ᠶ᠋ᠢ ᠬᠢᠨᠠᠨ ᠪᠠᠢᠴᠠᠭᠠᠵᠤ᠂ ᠨᠢᠭᠡᠳᠦᠯᠲᠡᠶ ᠵᠠᠬ᠎ᠠ ᠳᠡᠯᠭᠡᠭᠦᠷ ᠪᠠ ᠭᠤᠤᠯᠴᠢ ᠥᠷᠢᠰᠥᠯᠳᠦᠭᠡᠨ᠎ᠢ ᠬᠠᠷᠱᠢᠯᠠᠬᠤ ᠲᠥᠷᠥ᠎ᠶ᠋ᠢᠨ ᠪᠣᠳᠣᠯᠭ᠎ᠠ᠎ᠶ᠋ᠢᠨ ᠠᠷᠭ᠎ᠠ ᠬᠡᠮᠵᠢᠶ᠎ᠡ᠎ᠶ᠋ᠢ 161 ᠬᠤᠪᠢ ᠢᠯᠭᠠᠷᠠᠭᠤᠯᠤᠨ ᠬᠦᠴᠦᠨ ᠥᠬᠡᠶ ᠪᠣᠯᠭᠠᠵᠤ᠂ 62 ᠬᠤᠪᠢ᠎ᠳᠤ ᠵᠠᠰᠠᠪᠤᠷᠢ ᠣᠷᠣᠭᠤᠯᠪᠠ᠃ ᠬᠤᠳᠠᠯ ᠬᠠᠭᠤᠷᠮᠠᠭ ᠤᠬᠠᠭᠤᠯᠭ᠎ᠠ᠂ 《ᠬᠠᠭᠤᠷᠮᠠᠭ ᠪᠤᠷᠤᠯᠠᠭᠤᠯᠤᠯᠲᠠ᠎ᠪᠠᠷ ᠢᠲᠡᠭᠡᠮᠵᠢ᠎ᠶ᠋ᠢ ᠳᠡᠭᠡᠭᠰᠢᠯᠡᠭᠦᠯᠬᠦ》 ᠵᠡᠷᠭᠡ ᠵᠦᠶ ᠪᠤᠰᠤ ᠥᠷᠢᠰᠥᠯᠳᠦᠭᠡᠨ᠎ᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭ᠌ᠴᠦ᠂ ᠡᠵᠡᠩᠨᠡᠯᠲᠡ᠎ᠶ᠋ᠢᠨ ᠭᠤᠤᠯ ᠴᠣᠭ᠍ᠴᠠ᠎ᠳᠤ 1300 ᠲᠦᠮᠡ ᠰᠢᠬᠠᠮ ᠲᠥᠭᠦᠷᠢᠭ᠎ᠤᠨ ᠵᠠᠷᠤᠳᠠᠯ᠎ᠢ ᠪᠤᠴᠠᠭᠠᠪᠠ᠃ ᠠᠷᠠᠳ᠎ᠤᠨ ᠠᠮᠢᠳᠤᠷᠠᠯ᠎ᠤᠨ ᠬᠦᠷᠢᠶ᠎ᠡ ᠴᠠᠷᠠᠭ᠎ᠠ᠎ᠳᠠᠬᠢ 《ᠲᠡᠮᠦᠷ ᠨᠢᠳᠤᠷᠭ᠎ᠠ》᠎ᠶ᠋ᠢᠨ ᠲᠤᠰᠭᠠᠢ ᠠᠵᠢᠯᠯᠠᠭ᠎ᠠ᠎ᠶ᠋ᠢ ᠥᠷᠨᠢᠭᠦᠯᠵᠦ᠍᠂ 3863 ᠬᠡᠷᠡᠭ᠎ᠢ ᠪᠠᠢᠴᠠᠭᠠᠨ ᠱᠢᠢᠳᠪᠦᠷᠢᠯᠡᠵᠦ᠍᠂ ᠨᠢᠭᠡ ᠪᠦᠯᠦᠭ ᠣᠯᠠᠨ ᠲᠦᠮᠡᠨ᠎ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ᠎ᠤᠨ ᠠᠰᠠᠭᠤᠳᠠᠯ᠎ᠢ ᠪᠦᠲᠦᠮᠵᠢᠲᠡᠢ ᠱᠢᠢᠳᠪᠦᠷᠢᠯᠡᠪᠡ᠃

ᠶᠠᠰᠤ ᠴᠢᠨᠠᠷ᠎ᠢ᠋ ᠴᠢᠩᠭ᠋ᠠᠳᠬᠠᠨ ᠳᠡᠰ ᠲᠠᠪᠱᠢᠬᠦ᠌᠎ᠶᠢ ᠠᠬᠢᠭᠤᠯᠵᠤ᠂ ᠠᠵᠤ ᠦᠢᠯᠡᠰ᠎ᠦ᠋ᠨ ᠬᠥᠭ᠌ᠵᠢᠯᠲᠡ᠎ᠳ᠋ᠦ᠍ ᠬᠦᠴᠦᠷᠬᠡᠭ ᠶᠡᠬᠡ ᠬᠥᠳᠡᠯᠭᠡᠭ᠌ᠴᠢ ᠬᠦᠴᠦᠨ ᠬᠣᠷᠠᠮᠳᠣᠭᠣᠯᠪᠠ᠃ 15 ᠠᠵᠤ ᠠᠬᠤᠢᠯᠠᠯ᠎ᠤᠨ 48 ᠪᠦᠲᠦᠭᠡᠭᠳᠡᠭᠦᠨ᠎ᠳᠦ 《ᠥᠪᠥᠷ ᠮᠣᠩᠭᠤᠯ》 ᠲᠡᠮᠳᠡᠭᠲᠦ ᠭᠡᠬᠦ 《 ᠠᠯᠲᠠᠨ ᠦᠰᠦᠭᠲᠦ ᠫᠠᠢ᠌ᠰᠠ》ᠡᠯᠭᠦᠵᠦ᠍᠂ 1 ᠡᠷᠦᠬᠡ ᠠᠵᠤ ᠠᠬᠤᠢᠯᠠᠯ ᠨᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭ᠌ᠴᠢ᠎ᠶ᠋ᠢᠨ ᠶᠠᠰᠤ ᠴᠢᠨᠠᠷ᠎ᠤᠨ ᠱᠠᠩᠨᠠᠯ᠂ 15 ᠠᠵᠤ ᠠᠬᠤᠢᠯᠠᠯ᠎ᠨᠢ ᠬᠤᠲᠠ᠎ᠶ᠋ᠢᠨ ᠳᠠᠷᠤᠭ᠎ᠠ᠎ᠶ᠋ᠢᠨ ᠶᠠᠰᠤ ᠴᠢᠨᠠᠷ᠎ᠤᠨ ᠱᠠᠩᠨᠠᠯ᠎ᠢ ᠭᠥᠷᠳᠡᠪᠡ᠃ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠡᠮᠦᠷ᠎ᠤᠨ ᠬᠠᠢᠯᠤᠰᠢ᠎ᠶ᠋ᠢᠨ ᠠᠵᠤ ᠦᠢᠯᠡᠰ᠎ᠤᠨ ᠬᠡᠮᠵᠢᠨ ᠱᠢᠯᠭᠠᠬᠤ ᠲᠥᠪ ᠰᠢᠯᠭ᠋ᠠᠨ ᠬᠤᠷᠢᠶᠠᠯᠲᠠ᠎ᠳᠤ ᠬᠢᠷᠢ ᠲᠡᠩᠴᠡᠵᠦ᠂ ᠮᠡᠳᠡᠯᠭᠡ᠎ᠶ᠋ᠢᠨ ᠥᠮᠴᠢᠯᠡᠯ᠎ᠦᠨ ᠡᠷᠬᠡ᠎ᠶ᠋ᠢᠨ ᠬᠠᠮᠢᠶᠠᠷᠤᠯᠲᠠ᠎ᠶ᠋ᠢᠨ ᠣᠯᠠᠨ᠎ᠤᠯᠤᠰ᠎ᠤᠨ ᠪᠠᠷᠢᠮᠵᠢᠶ᠎ᠠ᠎ᠶ᠋ᠢᠨ ᠭᠡᠷᠡᠴᠢᠯᠡᠯ᠎ᠤᠨ 《ᠲᠡᠭ》᠎ᠤᠨ ᠱᠢᠪᠲᠤᠯᠤᠯᠲᠠ᠎ᠶ᠋ᠢ ᠪᠡᠶᠡᠯᠡᠭᠦᠯᠵᠦ᠍᠂ ᠮᠡᠳᠡᠯᠭᠡ᠎ᠶ᠋ᠢᠨ ᠥᠮᠴᠢᠯᠡᠯ᠎ᠦᠨ ᠡᠷᠬᠡ᠎ᠶ᠋ᠢᠨ ᠳᠠᠨᠵᠢᠯᠠᠭ᠎ᠠ᠎ᠪᠠᠷ ᠪᠠᠯᠠ ᠣᠷᠣᠭᠣᠯᠬᠣ᠎ᠶ᠋ᠢ 25 ᠳ᠋ᠦᠩᠱᠢᠭᠤᠷ ᠲᠥᠭᠦᠷᠢᠭ ᠳᠠᠪᠠᠭᠤᠯᠪᠠ᠃

ᠣᠷᠳᠣᠰ ᠬᠤᠲᠠ᠄ ᠱᠢᠨ᠎ᠡ᠎ᠶ᠋ᠢ ᠡᠭᠦᠳᠬᠦ ᠦᠢ᠍ᠯᠡᠴᠢᠯᠡᠭᠡ᠎ᠪᠡᠷ ᠠᠵᠤ ᠠᠬᠤᠢᠯᠠᠯ᠎ᠢ ᠬᠥᠭ᠌ᠵᠢᠭᠦᠯᠦᠨ ᠠᠷᠠᠳ᠎ᠲᠤ ᠠᠱᠢᠭ ᠬᠦᠷᠲᠡᠪᠡ

《ᠬᠣᠳᠠᠯᠳᠣᠭ᠋ᠠᠨ᠎ᠤ ᠪᠠᠲᠤᠯᠠᠭ᠎ᠠ》᠎ᠶᠢ ᠬᠤᠪᠢ᠎ᠶᠢᠨ ᠦᠢᠯᠡᠳᠪᠦᠷᠢ ᠬᠤᠳᠠᠯᠳᠤᠭᠠᠨ᠎ᠤ᠋ ᠡᠷᠦᠬᠡ᠎ᠳ᠋ᠦ᠍ 《ᠬᠠᠮᠠᠭᠠᠯᠠᠯᠲᠠ᠎ᠶᠢᠨ ᠱᠦᠭᠦᠷ》 ᠲᠤᠯᠵᠤ ᠥᠭ᠌ᠪᠡ᠃ ᠪᠥᠬᠦ᠌ ᠣᠷᠣᠨ᠎ᠤ ᠠᠩᠬᠠᠳᠠᠭ᠍ᠴᠢ ᠬᠤᠪᠢ᠎ᠶᠢᠨ ᠦᠢᠯᠡᠳᠪᠦᠷᠢ ᠬᠤᠳᠠᠯᠳᠤᠭᠠᠨ᠎ᠤ ᠡᠷᠦᠬᠡ᠎ᠶ᠋ᠢᠨ ᠳᠠᠭᠠᠳᠭᠠᠯ᠎ᠤᠨ ᠪᠠᠲᠤᠯᠠᠭ᠎ᠠ᠎ᠶᠢᠨ ᠲᠥᠷᠥᠯ ᠵᠦᠢᠯ 《ᠬᠤᠳᠠᠯᠳᠤᠭᠠᠨ᠎ᠤ ᠪᠠᠲᠤᠯᠠᠭ᠎ᠠ》᠎ᠶᠢ ᠭᠠᠷᠭ᠋ᠠᠵᠦ᠂ ᠵᠢᠯ ᠪᠦᠷᠢ 1833.34 ᠲᠦᠮᠡᠨ ᠲᠥᠭᠦᠷᠢᠭ᠎ᠤᠨ ᠳᠠᠭᠠᠳᠭᠠᠯ᠎ᠤᠨ ᠵᠠᠷᠤᠳᠠᠯ᠎ᠢ ᠣᠷᠣᠭᠤᠯᠵᠤ᠂ ᠪᠥᠬᠦ᠌ ᠬᠤᠲᠠ᠎ᠶ᠋ᠢᠨ ᠪᠣᠶ ᠪᠥᠬᠦᠶ ᠬᠤᠪᠢ᠎ᠶ᠋ᠢᠨ ᠦᠢᠯᠡᠳᠪᠦᠷᠢ ᠬᠤᠳᠠᠯᠳᠤᠭᠠᠨ᠎ᠤ ᠡᠷᠦᠬᠡ᠎ᠳᠤ ᠡᠵᠡᠩᠨᠡᠯᠲᠡ᠎ᠪᠠᠨ ᠲᠠᠰᠣᠯᠳᠠᠭᠰᠠᠨ ᠬᠣᠬᠢᠷᠠᠯ᠂ ᠡᠵᠡᠩᠨᠡᠯᠲᠡ᠎ᠶᠢᠨ ᠡᠳ᠋ ᠬᠥᠷᠥᠩᠭᠡ᠎ᠶ᠋ᠢᠨ ᠬᠤᠬᠢᠷᠠᠯ᠂ ᠠᠵᠢᠯᠯᠠᠵᠤ ᠪᠠᠢᠭ᠎ᠠ ᠬᠥᠮᠦᠰ᠎ᠤᠨ ᠦᠬᠦᠯ ᠱᠢᠷᠬᠠᠲᠤᠯ᠂ ᠭᠤᠷᠪᠠᠳᠠᠭᠢ ᠡᠲᠡᠭᠡᠳ᠎ᠦᠨ ᠦᠬᠦᠵᠦ᠍ ᠱᠢᠷᠬᠠᠲᠤᠬᠤ ᠵᠢᠴᠢ ᠡᠳ᠋ ᠬᠥᠷᠥᠩᠭᠡ᠎ᠶ᠋ᠢᠨ ᠬᠤᠬᠢᠷᠠᠯ ᠵᠡᠷᠭᠡ 4 ᠶᠡᠭᠡ ᠲᠥᠷᠥᠯ᠎ᠤᠨ ᠲᠦᠭᠡᠮᠡᠯ ᠬᠠᠷᠠᠭᠠᠯᠵᠠᠯ᠎ᠤᠨ ᠴᠢᠨᠠᠷᠲᠠᠶ ᠳᠠᠭᠠᠳᠭᠠᠯ᠎ᠤᠨ ᠪᠠᠲᠤᠯᠠᠭ᠎ᠠ ᠬᠠᠩᠭᠠᠵᠤ᠂ ᠬᠤᠪᠢ᠎ᠶ᠋ᠢᠨ ᠠᠵᠤ ᠦᠢᠯᠡᠳᠪᠦᠷᠢ ᠬᠤᠳᠠᠯᠳᠤᠭᠠᠨ᠎ᠤ ᠡᠷᠦᠬᠡ ᠶᠠᠮᠠᠷᠪᠠ ᠳᠠᠭᠠᠳᠭᠠᠯ᠎ᠳᠤ ᠣᠷᠣᠬᠤ ᠭᠠᠷ ᠭᠦᠢᠴᠡᠳᠭᠡᠯ ᠬᠢᠬᠦ᠌ ᠴᠢᠬᠤᠯᠠ ᠥᠬᠡᠶ᠂ ᠭᠤᠶᠤᠴᠢᠯᠠᠬᠤ᠎ᠠᠴᠠ ᠬᠡᠯᠲᠡᠷᠡᠭᠦᠯᠵᠦ ᠡᠳ᠋ᠯᠡᠬᠦ᠂ ᠱᠢᠭᠤᠳ ᠳᠠᠭᠠᠳᠭᠠᠯ᠎ᠳᠤ ᠣᠷᠣᠯᠴᠠᠬᠤ᠂ ᠪᠠᠲᠤᠯᠠᠬᠤ ᠶᠣᠰᠣᠲᠠᠶ᠎ᠶ᠋ᠢ᠎ᠨᠢ ᠴᠥᠮ ᠪᠠᠲᠤᠯᠠᠬᠤ ᠪᠣᠯᠪᠠ᠃ 2024 ᠣᠨ᠎ᠤ 6 ᠳ᠋ᠤᠭ᠋ᠠᠷ ᠰᠠᠷ᠎ᠠ᠎ᠶ᠋ᠢᠨ ᠰᠡᠭᠦᠯᠴᠢ᠎ᠪᠠᠷ ᠡᠬᠢᠯᠡᠭᠦᠯᠦᠭ᠌ᠰᠡᠨ᠎ᠠᠴᠠ ᠨᠠᠭ᠋ᠠᠰᠢ᠂ 《ᠬᠤᠳᠠᠯᠳᠤᠭᠠᠨ᠎ᠤ ᠪᠠᠲᠤᠯᠠᠭ᠎ᠠ》 ᠎ᠨᠢ ᠨᠡᠢᠲᠡ 7688 ᠬᠤᠪᠢ᠎ᠶ᠋ᠢᠨ ᠦᠢᠯᠡᠳᠪᠦᠷᠢ ᠬᠤᠳᠠᠯᠳᠤᠭᠠᠨ᠎ᠤ ᠡᠷᠦᠬᠡ᠎ᠳᠤ 3746.53 ᠲᠦᠮᠡᠨ ᠲᠥᠭᠦᠷᠢᠭ᠎ᠤᠨ ᠲᠥᠯᠥᠪᠦᠷᠢ ᠥᠭᠪᠡ᠃

ᠣᠶᠤᠨ ᠤᠬᠠᠭ᠋ᠠᠨ᠎ᠢᠶᠠᠷ ᠬᠦᠴᠦᠨ ᠣᠯᠭᠣᠬᠣ+ᠲᠤᠭᠲᠠᠯᠴᠠᠭ᠎ᠠ᠎ᠶᠢ ᠱᠢᠨ᠎ᠡ᠎ᠶ᠋ᠢ ᠡᠭᠦᠳᠴᠦ᠍᠂ ᠣᠨᠴᠠᠭ᠋ᠠᠢ ᠲᠥᠷᠥᠯ᠎ᠤᠨ ᠲᠥᠬᠦᠭᠡᠷᠦᠮᠵᠢ᠎ᠶ᠋ᠢᠨ ᠠᠮᠤᠷ ᠲᠦᠪᠱᠢᠨ᠎ᠤ ᠰᠡᠷᠭᠡᠢᠯᠡᠯᠲᠡ᠎ᠶ᠋ᠢᠨ ᠱᠤᠭᠤᠮ᠎ᠢ ᠪᠡᠬᠢᠵᠢᠭᠦᠯᠪᠡ᠃ ᠡᠷᠬᠡᠪᠰᠢ ᠬᠠᠤᠯᠢ ᠶᠣᠰᠣᠭᠠᠷ ᠳᠡᠩᠰᠡᠯᠡᠨ ᠲᠡᠮᠳᠡᠭ᠌ᠯᠡᠬᠦ᠂ ᠡᠷᠬᠡᠪᠰᠢ ᠬᠠᠤᠯᠢ ᠶᠣᠰᠣᠭᠠᠷ ᠰᠢᠯᠭ᠋ᠠᠨ ᠪᠠᠢ᠌ᠴᠠᠭ᠋ᠠᠵᠦ ᠪᠠᠢ᠌ᠴᠠᠭ᠋ᠠᠨ ᠬᠡᠮᠵᠢᠬᠦ ᠵᠢᠴᠢ ᠬᠥᠮᠥᠷᠭᠡ᠎ᠪᠠᠨ ᠴᠡᠪᠡᠷᠯᠡᠨ ᠲᠤᠭᠤᠱᠢᠲᠠᠢ ᠲᠡᠮᠳᠡᠭ᠌ᠯᠡᠬᠦ᠂ ᠨᠠᠷᠢᠯᠢᠭ ᠣᠨᠣᠪᠴᠢᠲᠠᠢ᠎ᠪᠠᠷ ᠳᠠᠩᠰᠠᠯᠠᠬᠤ᠂ ᠪᠠᠢᠴᠠᠭᠠᠬᠤ ᠶᠣᠰᠣᠲᠠᠢ᠎ᠶ᠋ᠢ᠎ᠨᠢ ᠴᠦᠮ ᠪᠠᠢᠴᠠᠭᠠᠬᠤ᠂ ᠣᠶᠣᠨᠴᠢᠯᠠᠭᠰᠠᠨ ᠬᠢᠨᠠᠯᠲᠠ ᠬᠠᠮᠢᠶᠠᠷᠤᠯᠲᠠ᠎ᠶ᠋ᠢ ᠪᠦᠷᠢᠨ ᠪᠦᠷᠬᠦᠭᠦᠯᠬᠦ᠌ 《2+4》 ᠠᠵᠢᠯ᠎ᠤᠨ ᠲᠤᠭᠲᠠᠯᠴᠠᠭ᠎ᠠ᠎ᠶ᠋ᠢ ᠱᠢᠨ᠎ᠡ᠎ᠪᠠᠷ ᠡᠭᠦᠳᠬᠦ᠌᠎ᠶ᠋ᠢᠨ ᠬᠠᠮᠲᠤ ᠴᠢᠩᠭ᠎ᠠ ᠨᠠᠢᠳᠠᠪᠤᠷᠢᠵᠢᠭᠤᠯᠵᠤ᠂ ᠬᠢᠨᠠᠯᠲᠠ ᠬᠠᠮᠢᠶᠠᠷᠤᠯᠲᠠ᠎ᠶ᠋ᠢᠨ ᠵᠠᠭ᠍ᠪᠤᠷ᠎ᠢ ᠵᠢᠷᠤᠮᠵᠢᠭᠰᠠᠨ᠂ ᠣᠨᠣᠪᠴᠢᠯᠠᠭᠰᠠᠨ᠂ ᠣᠶᠣᠨᠴᠢᠯᠠᠭᠰᠠᠨ ᠮᠠᠶᠢᠭ᠎ᠢᠶᠠᠷ ᠲᠠᠰ ᠳᠠᠪᠰᠢᠬᠤ᠎ᠶ᠋ᠢ ᠠᠬᠢᠭᠤᠯᠪᠠ᠃ ᠬᠤᠲᠠ᠎ᠶ᠋ᠢᠨ ᠲᠣᠰ ᠱᠠᠲᠤᠨ᠎ᠳᠤ ᠣᠨᠴᠠᠭ᠋ᠠᠢ ᠲᠥᠷᠥᠯ᠎ᠤᠨ ᠲᠣᠨᠤᠭ ᠲᠥᠬᠦᠭᠡᠷᠦᠮᠵᠢ᠎ᠶ᠋ᠢ ᠬᠢᠨᠠᠨ ᠬᠠᠮᠢᠶᠠᠷᠬᠤ ᠰᠠᠯᠠᠭ᠎ᠠ ᠲᠠᠰᠤᠭ 3 ᠪᠠᠢᠭᠤᠯᠵᠤ᠂ 《ᠳᠠᠭᠠᠭᠠᠴᠢᠯᠠᠨ ᠬᠤᠯᠪᠣᠭᠠᠯᠠᠵᠤ ᠬᠢᠨᠠᠨ ᠵᠢᠯᠣᠭᠤᠳᠭᠤ+ᠵᠢᠭ᠋ᠠᠨ ᠵᠢᠯᠣᠭᠤᠳᠣᠭ᠍ᠴᠢ》᠎ᠶ᠋ᠢᠨ ᠲᠦᠷᠢᠮ ᠪᠠᠢᠭᠤᠯᠵᠤ᠂ ᠬᠤᠱᠢᠭᠤ ᠲᠣᠭᠤᠷᠢᠭ ᠨᠢᠭᠡᠪᠦᠷᠢ᠎ᠳᠤ ᠣᠷᠳᠣᠰ ᠬᠤᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ 2 ᠲᠤᠰᠭᠠᠶ ᠮᠡᠷᠭᠡᠵᠢᠯ᠎ᠤᠨ ᠠᠵᠢᠯᠲᠠᠨ᠎ᠢ ᠳᠠᠭᠠᠭᠠᠴᠢᠯᠠᠨ ᠬᠤᠯᠪᠣᠭᠠᠯᠠᠵᠤ ᠬᠢᠨᠠᠨ ᠵᠢᠯᠣᠭᠤᠳᠭᠤ᠎ᠶ᠋ᠢᠨ ᠬᠠᠮᠲᠤ 52 ᠨᠡᠷᠡᠰ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠨᠴᠠᠭ᠋ᠠᠢ ᠲᠥᠷᠥᠯ᠎ᠤᠨ ᠲᠣᠨᠤᠭ ᠲᠥᠬᠦᠭᠡᠷᠦᠮᠵᠢ᠎ᠶ᠋ᠢ ᠪᠠᠢᠴᠠᠭᠠᠨ ᠱᠢᠯᠭᠠᠬᠤ ᠰᠤᠳᠤᠯᠭᠠᠨ᠎ᠤ ᠬᠦᠷᠢᠶᠡᠯᠡᠩ᠎ᠤᠨ ᠲᠤᠰᠭᠠᠶ ᠮᠡᠷᠭᠡᠵᠢᠯᠲᠡᠨ ᠠᠵᠢᠯ ᠲᠥᠷᠥᠯ᠎ᠤᠨ ᠱᠢᠰᠲ᠋ᠧᠮ᠎ᠢᠶᠠᠷ ᠬᠠᠪᠰᠤᠷᠤᠨ ᠲᠡᠳᠬᠦᠵᠦ᠍᠂ ᠬᠢᠨᠠᠨ ᠬᠠᠮᠢᠶᠠᠷᠬᠤ ᠴᠢᠳᠠᠪᠤᠷᠢ᠎ᠶ᠋ᠢ ᠬᠦᠴᠦᠲᠡᠶ ᠳᠡᠭᠡᠭ᠌ᠰᠢᠯᠡᠭᠦᠯᠪᠡ᠃ ᠣᠨᠴᠠᠭ᠋ᠠᠢ ᠲᠥᠷᠥᠯ᠎ᠤᠨ ᠲᠣᠨᠤᠭ ᠲᠥᠬᠦᠭᠡᠷᠦᠮᠵᠢ᠎ᠶ᠋ᠢᠨ ᠠᠮᠤᠷ ᠲᠦᠪᠱᠢᠨ᠎ᠤ ᠣᠶᠤᠨᠴᠢ ᠬᠢᠨᠠᠯᠲᠠ ᠬᠠᠮᠢᠶᠠᠷᠤᠯᠲᠠ᠎ᠶ᠋ᠢᠨ ᠲᠠᠪᠴᠠᠩ᠎ᠳᠤ ᠲᠦᠱᠢᠭ᠌ᠯᠡᠨ᠂ ᠪᠥᠬᠦ᠌ ᠬᠤᠲᠠ᠎ᠳᠤ ᠴᠠᠬᠢᠯᠭᠠᠨ ᠱᠠᠲᠤ᠎ᠶ᠋ᠢᠨ ᠴᠠᠭᠠᠰᠤ ᠦᠭᠡᠢ ᠬᠠᠮᠠᠭᠠᠯᠠᠯᠲᠠ᠎ᠶ᠋ᠢ ᠳᠡᠯᠭᠡᠷᠡᠭᠦᠯᠵᠦ᠍᠂ ᠪᠠᠢᠷᠢ ᠲᠣᠭ᠍ᠲᠠᠭᠠᠵᠤ ᠱᠢᠯᠭᠠᠨ ᠪᠠᠲᠤᠯᠠᠬᠤ᠂ ᠤᠭᠰᠠᠷᠠᠭ᠎ᠠ ᠲᠣᠨᠤᠭ᠎ᠢ ᠲᠠᠱᠢᠷᠠᠮ᠎ᠢᠶᠠᠷ ᠰᠤᠭᠤᠯᠤᠨ ᠪᠠᠢ᠌ᠴᠠᠭ᠋ᠠᠬᠤ᠂ ᠶᠠᠪᠤᠴᠠ᠎ᠶ᠋ᠢ᠎ᠨᠢ ᠰᠡᠭᠦᠳᠡᠷᠯᠡᠨ ᠳᠠᠮᠵᠢᠭᠤᠯᠬᠤ ᠪᠢᠲᠡᠭᠦᠦ ᠴᠠᠭᠠᠷᠢᠭ᠎ᠤᠨ ᠬᠠᠮᠢᠶᠠᠷᠤᠯᠲᠠ᠎ᠶ᠋ᠢ ᠬᠡᠷᠡᠭ᠌ᠵᠢᠭᠦᠯᠵᠦ᠍᠂ ᠮᠡᠷᠭᠡᠵᠢᠯ᠎ᠤᠨ ᠲᠠᠯ᠎ᠠ᠎ᠪᠠᠷ ᠬᠤᠳᠠᠯ ᠬᠠᠭᠤᠷᠮᠠᠭ ᠬᠠᠮᠠᠭᠠᠯᠠᠯᠲᠠ᠎ᠶ᠋ᠢ ᠡᠷᠡᠰ ᠬᠣᠷᠢᠭᠯᠠᠪᠠ᠃ ᠣᠳᠣᠬᠠᠨ᠎ᠳᠤ᠂ ᠪᠥᠬᠦ᠌ ᠬᠤᠲᠠ᠎ᠶ᠋ᠢᠨ ᠬᠠᠮᠠᠭᠠᠯᠠᠯᠲᠠ᠎ᠶ᠋ᠢᠨ ᠨᠢᠭᠡᠴᠢ᠎ᠶᠢᠨ ᠳᠠᠩᠰᠠᠨ ᠨᠣᠮᠧᠷ ᠨᠢᠭᠡᠨᠲᠡ ᠪᠦᠬᠦᠨ᠎ᠢᠶᠠᠷ᠎ᠢᠶᠠᠨ ᠨᠡᠪᠲᠡᠷᠡᠵᠦ᠍᠂ ᠴᠠᠬᠢᠯᠭᠠᠨ ᠱᠠᠲᠤ᠎ᠶ᠋ᠢᠨ ᠬᠦᠯᠢᠬᠦ ᠬᠠᠷᠢᠴᠠᠯ 95.49% ᠎ᠳᠤ ᠬᠦᠷᠪᠡ᠃

ᠲᠠᠷᠢᠶᠠᠯᠠᠩ᠎ᠤᠨ ᠠᠷᠠᠯᠵᠢᠶᠠᠨ᠎ᠤ ᠵᠠᠬ᠎ᠠ ᠳᠡᠯᠭᠡᠭᠦᠷ ᠪᠠ ᠢᠳᠡᠭᠡᠨ ᠪᠤᠯᠪᠠᠰᠤᠷᠠᠭᠤᠯᠬᠤ ᠬᠦᠷᠢᠶᠡᠯᠡᠩ ᠲᠣᠭᠤᠷᠢᠭ᠎ᠤᠨ ᠲᠠᠰ ᠳᠡᠪᠱᠢᠬᠦ᠌᠎ᠶ᠋ᠢ ᠠᠬᠢᠭᠤᠯᠵᠤ᠂ 《ᠨᠣᠭᠣᠭ᠎ᠠ᠎ᠶᠢᠨ ᠰᠠᠭᠰᠤ》᠎ᠶ᠋ᠢ ᠳᠡᠭᠦᠵᠢᠯᠡᠬᠦ᠎ᠳᠦ ᠵᠣᠯ ᠵᠢᠷᠭᠠᠯᠲᠤ ᠲᠥᠷᠥᠭ᠌ᠳᠡᠯ᠎ᠲᠠᠢ ᠪᠤᠯᠭ᠋ᠠᠪᠠ᠃ 《ᠲᠠᠪᠤ᠎ᠶ᠋ᠢ ᠣᠳᠣᠬᠢᠴᠢᠯᠠᠬᠤ》᠂ 《ᠲᠠᠪᠤ᠎ᠶ᠋ᠢ ᠨᠢᠭᠡᠳᠬᠡᠬᠦ》᠎ᠪᠠᠷ ᠭᠠᠷᠳᠠᠴᠠ ᠪᠣᠯᠭ᠋ᠠᠨ᠂ ᠪᠥᠬᠦ᠌ ᠬᠤᠲᠠ᠎ᠶ᠋ᠢᠨ ᠲᠠᠷᠢᠶᠠᠯᠠᠩ᠎ᠤᠨ ᠠᠷᠠᠯᠵᠢᠶᠠᠨ᠎ᠤ ᠵᠠᠬ᠎ᠠ ᠳᠡᠯᠭᠡᠭᠦᠷ ᠪᠠ ᠢᠳᠡᠭᠡᠨ ᠪᠤᠯᠪᠠᠰᠤᠷᠠᠭᠤᠯᠬᠤ ᠬᠦᠷᠢᠶᠡᠯᠡᠩ ᠲᠣᠭᠤᠷᠢᠭ᠎ᠤᠨ ᠲᠠᠰ ᠳᠡᠪᠱᠢᠭᠦᠯᠦᠨ ᠥᠭᠡᠷᠡᠴᠢᠯᠡᠬᠦ᠌᠎ᠶ᠋ᠢ ᠶᠡᠬᠡᠪᠡᠷ ᠠᠬᠢᠭᠤᠯᠪᠠ᠃ 2023 ᠣᠨ᠎ᠠᠴᠠ ᠨᠠᠭ᠋ᠠᠰᠢ᠂ ᠨᠡᠢᠲᠡ 3.66 ᠳ᠋ᠦᠩᠱᠢᠭᠤᠷ ᠲᠥᠭᠦᠷᠢᠭ (ᠡᠭᠦᠨ᠎ᠳᠤ ᠬᠤᠲᠠ᠎ᠶ᠋ᠢᠨ ᠲᠠᠰ᠎ᠤᠨ ᠱᠠᠩᠨᠠᠯ ᠨᠥᠬᠦᠪᠥᠷᠢ 0.7186 ᠳ᠋ᠦᠩᠱᠢᠭᠤᠷ ᠲᠥᠭᠦᠷᠢᠭ)ᠣᠷᠣᠭᠤᠯᠵᠤ᠂ ᠪᠥᠬᠦ᠌ ᠬᠤᠲᠠ᠎ᠶ᠋ᠢᠨ 9 ᠬᠤᠱᠢᠭᠤ ᠲᠣᠭᠤᠷᠢᠭ᠎ᠲᠤ 19 ᠲᠠᠷᠢᠶᠠᠯᠠᠩ᠎ᠤᠨ ᠠᠷᠠᠯᠵᠢᠶᠠᠨ᠎ᠤ ᠵᠠᠬ᠎ᠠ ᠳᠡᠯᠭᠡᠭᠦᠷ ᠵᠢᠴᠢ ᠢᠳᠡᠭᠡᠨ ᠪᠤᠯᠪᠠᠰᠤᠷᠠᠭᠤᠯᠬᠤ ᠬᠦᠷᠢᠶᠡᠯᠡᠩ ᠲᠣᠭᠤᠷᠢᠭ᠎ᠤᠨ ᠲᠠᠰ ᠳᠠᠪᠰᠢᠬᠦ ᠠᠵᠢᠯ᠎ᠢ ᠪᠠᠢᠷᠢᠯᠠᠭᠤᠯᠤᠨ ᠠᠬᠢᠭᠤᠯᠵᠤ᠂ ᠶᠡᠷᠦᠩᠬᠡᠶ ᠪᠠᠷᠢᠯᠭ᠎ᠠ᠎ᠶ᠋ᠢᠨ ᠲᠠᠯᠠᠪᠠᠶ᠎ᠨᠢ 20 ᠲᠦᠮᠡᠨ ᠲᠡᠭ᠌ᠰᠢ ᠳᠥᠷᠪᠡᠯᠵᠢᠨ ᠮᠧᠲᠷ᠎ᠢ ᠳᠠᠪᠠᠪᠠ᠃ ᠥᠭᠡᠷᠡᠴᠢᠯᠡᠭ᠌ᠰᠡᠨ᠎ᠤ ᠳᠠᠷᠠᠭᠠᠬᠢ ᠵᠠᠬ᠎ᠠ ᠳᠡᠯᠭᠡᠭᠦᠷ᠎ᠤᠨ ᠣᠷᠴᠢᠨ ᠲᠣᠭᠤᠷᠢᠨ ᠴᠡᠪᠡᠷ ᠴᠡᠮᠴᠡᠭᠡᠷ᠂ ᠲᠥᠬᠦᠭᠡᠷᠦᠮᠵᠢ᠎ᠨᠢ ᠲᠡᠷᠢᠭᠦᠨ᠎ᠤ ᠪᠠᠢᠵᠤ᠂ ᠴᠥᠮ ᠢᠳᠡᠭᠡᠨ᠎ᠤ ᠲᠦᠷᠭᠡᠨ ᠪᠠᠢᠴᠠᠭᠠᠯᠲᠠ᠎ᠶ᠋ᠢᠨ ᠲᠠᠰᠤᠭ ᠪᠠ ᠣᠶᠤᠨᠴᠢ ᠬᠠᠮᠢᠶᠠᠷᠤᠯᠲᠠ᠎ᠶ᠋ᠢᠨ ᠱᠢᠰᠲ᠋ᠧᠮ᠎ᠢ ᠳᠣᠭᠢᠷᠠᠭᠤᠯᠤᠨ᠂ 《ᠨᠢᠭᠡ ᠪᠢᠯᠧᠲ᠎ᠢᠶᠠᠷ ᠨᠡᠪᠲᠡᠷᠡᠬᠦ᠌》 ᠡᠬᠢ ᠡᠭᠦᠰᠦᠯ᠎ᠢ ᠡᠷᠢᠬᠦ᠌ ᠳᠦᠷᠢᠮ᠎ᠢ ᠴᠢᠩᠭ᠎ᠠ ᠬᠡᠷᠡᠭ᠌ᠵᠢᠭᠦᠯᠬᠦ᠌᠎ᠶ᠋ᠢᠨ ᠬᠠᠮᠲᠤ ᠬᠤᠳᠠᠯᠳᠤᠭᠠᠨ᠎ᠤ ᠡᠷᠦᠬᠡ᠎ᠶ᠋ᠢᠨ ᠬᠢᠷᠢ ᠬᠡᠮ᠂ ᠪᠠᠢᠴᠠᠭᠠᠨ ᠱᠢᠯᠭᠠᠭ᠍ᠰᠠᠨ ᠦᠷ᠎ᠡ ᠳ᠋ᠦᠩ᠂ ᠦᠨ᠎ᠡ ᠬᠠᠩᠰᠢ ᠵᠡᠷᠭᠡ ᠮᠡᠳᠡᠭᠡ ᠵᠠᠩᠭᠢ᠎ᠶ᠋ᠢ ᠨᠢᠭᠡᠳᠦᠯᠲᠡᠶ ᠨᠡᠢᠲᠡᠯᠡᠵᠦ᠍᠂ ᠢᠳᠡᠭᠡᠨ᠎ᠤ ᠠᠮᠤᠷ ᠲᠦᠪᠱᠢᠨ᠎ᠢ ᠲᠠᠯᠠᠪᠤᠷ᠎ᠲᠤ ᠣᠷᠣᠭᠤᠯᠬᠤ᠎ᠠᠴᠠ ᠪᠣᠷᠣᠯᠠᠭᠤᠯᠬᠤ ᠬᠦᠷᠲᠡᠯᠡᠬᠢ ᠪᠥᠬᠦ᠌ ᠶᠠᠪᠤᠴᠠ᠎ᠶ᠋ᠢ ᠨᠡᠬᠡᠮᠵᠢᠯᠡᠵᠦ᠍ ᠪᠣᠯᠬᠤ᠂ ᠮᠡᠳᠡᠭᠡ ᠵᠠᠩᠭᠢ ᠪᠦᠷᠢᠨ ᠲᠣᠳᠣᠷᠬᠠᠶ ᠪᠤᠯᠠᠬᠤ᠎ᠶ᠋ᠢ ᠪᠡᠶᠡᠯᠡᠭᠦᠯᠵᠦ᠍᠂ ᠬᠤᠲᠠ᠎ᠶ᠋ᠢᠨ ᠠᠷᠠᠳ᠎ᠤᠨ 《ᠨᠣᠭᠤᠭ᠎ᠠ᠎ᠶᠢᠨ ᠰᠠᠭᠰᠤ》 ᠎ᠶ᠋ᠢ ᠳᠡᠭᠦᠵᠢᠯᠡᠬᠦ᠎ᠳᠦ ᠨᠡᠩ ᠰᠠᠨᠠᠭ᠎ᠠ ᠠᠮᠤᠷ᠂ ᠨᠠᠩ ᠲᠠᠭᠠᠯᠠᠮᠵᠢᠲᠠᠶ ᠪᠣᠯᠭᠠᠪᠠ᠃

ᠪᠠᠶᠠᠨᠨᠠᠭᠤᠷ ᠬᠤᠲᠠ᠄ ᠬᠡᠷᠡᠭ᠌ᠯᠡᠭᠡᠨ᠎ᠤ ᠣᠷᠴᠢᠨ ᠲᠣᠭᠤᠷᠢᠨ᠎ᠢ ᠬᠥᠮᠦᠵᠢᠭᠦᠯᠦᠨ ᠰᠢᠯᠢᠳᠡᠭᠵᠢᠭᠦᠯᠵᠦ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠬᠠᠮᠠᠭ᠋ᠠᠯᠠᠪᠠ

ᠠᠮᠤᠷ ᠲᠦᠪᠱᠢᠨ᠎ᠤ ᠬᠤᠷᠢᠭ᠎ᠠ ᠱᠤᠭᠤᠮ᠎ᠢ ᠨᠡᠩ ᠪᠠᠲᠤᠳᠭᠠᠪᠠ᠃ 《ᠳᠥᠷᠪᠡᠨ ᠬᠠᠮᠤᠭ᠎ᠤᠨ ᠴᠢᠩᠭ᠎ᠠ》 ᠱᠠᠭᠠᠷᠳᠠᠯᠭ᠎ᠠ᠎ᠶ᠋ᠢ ᠪᠥᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠡᠳᠦᠷ ᠲᠤᠲᠤᠮ᠎ᠤᠨ ᠪᠠᠢᠴᠠᠭᠠᠯᠲᠠ᠂ ᠲᠤᠰᠭᠠᠶ ᠪᠠᠢᠴᠠᠭᠠᠯᠲᠠ᠂ ᠦᠨᠡᠮᠯᠡᠯ᠎ᠤᠨ ᠳᠠᠷᠠᠭᠠᠬᠢ ᠬᠢᠨᠠᠯᠲᠠ ᠪᠠᠢᠴᠠᠭᠠᠯᠲᠠ᠂ ᠬᠤᠱᠢᠭᠤ ᠱᠢᠶᠠᠨ᠎ᠤ ᠰᠣᠯᠪᠢᠴᠠᠨ ᠬᠠᠷᠢᠯᠴᠠᠨ ᠪᠠᠢᠴᠠᠭᠠᠬᠤ᠂ ᠲᠤᠰᠭᠠᠶ ᠮᠡᠷᠭᠡᠵᠢᠯᠲᠡᠨ᠎ᠤ 《ᠬᠠᠮᠲᠤᠷᠠᠨ ᠣᠨᠣᠱᠢᠯᠠᠬᠤ》 ᠵᠡᠷᠭᠡ ᠲᠦᠭ᠌ᠰᠢᠭᠦᠷᠢ᠎ᠶ᠋ᠢᠨ ᠳᠠᠯᠳᠠ ᠬᠡᠮ᠎ᠢ ᠵᠢᠭ᠍ᠰᠠᠭᠠᠨ ᠪᠠᠢᠴᠠᠭᠠᠵᠤ ᠵᠠᠰᠠᠬᠤ᠎ᠶ᠋ᠢ ᠦᠷᠭᠦᠯᠵᠢᠯᠡᠨ ᠥᠷᠨᠢᠭᠦᠯᠵᠦ᠍᠂ ᠪᠥᠬᠦ᠌᠎ᠤᠯᠤᠰ᠎ᠤᠨ ᠢᠳᠡᠱᠢᠨ᠎ᠤ ᠣᠷᠭᠣᠮᠡᠯ ᠲᠣᠰᠣᠨ᠎ᠤ ᠶᠠᠰᠤ ᠴᠢᠨᠠᠷ᠎ᠤᠨ ᠠᠮᠤᠷ ᠲᠦᠪᠱᠢᠨ᠎ᠤ ᠬᠢᠨᠠᠯᠲᠠ ᠬᠠᠮᠢᠶᠠᠷᠤᠯᠲᠠ᠎ᠶ᠋ᠢᠨ ᠶᠠᠷᠢᠯᠴᠠᠬᠤ ᠬᠤᠷᠠᠯ᠎ᠢ ᠳᠠᠭᠠᠭᠠᠨ ᠡᠷᠭᠢᠯᠡᠪᠡ᠃ ᠡᠮ᠎ᠤᠨ ᠵᠦᠢᠯ᠎ᠤᠨ ᠠᠮᠤᠷ ᠲᠦᠪᠱᠢᠨ᠎ᠢ ᠪᠠᠬᠢᠵᠢᠭᠦᠯᠦᠨ ᠳᠡᠭᠡᠭ᠌ᠰᠢᠯᠡᠭᠦᠯᠬᠦ᠌ ᠲᠤᠰᠭᠠᠢ ᠠᠵᠢᠯᠯᠠᠭ᠎ᠠ᠎ᠶ᠋ᠢ ᠢᠳᠡᠪᠬᠢᠲᠡᠢ ᠥᠷᠨᠢᠭᠦᠯᠵᠦ᠍᠂ ᠪᠠᠶᠠᠨᠨᠠᠭᠤᠷ ᠬᠤᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢ᠎ᠤᠯᠤᠰ᠎ᠠᠴᠠ ᠡᠮ᠎ᠤᠨ ᠵᠦᠢᠯ᠎ᠤᠨ ᠠᠮᠤᠷ ᠲᠦᠪᠱᠢᠨ᠎ᠢ ᠪᠠᠬᠢᠵᠢᠭᠦᠯᠦᠨ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢᠨ ᠦᠨᠳᠦᠰᠦᠨ ᠱᠠᠲᠤᠨ᠎ᠤ ᠬᠠᠷᠢᠯᠴᠠᠬᠤ ᠨᠢᠭᠡᠴᠢ ᠪᠣᠯᠭᠠᠬᠤ᠎ᠪᠠᠷ ᠲᠣᠭ᠍ᠲᠠᠭᠠᠵᠤ᠂ ᠯᠢᠨ ᠾᠧ ᠲᠣᠭᠤᠷᠢᠭ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠂ ᠬᠠᠩᠭᠢᠨ ᠬᠤᠢᠲᠤ ᠬᠤᠱᠢᠭᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠠᠭ᠍ᠴᠢ ᠪᠦᠯᠦᠭ ᠬᠤᠲᠠ ᠱᠢᠶᠠᠨ᠎ᠤ ᠡᠮ᠎ᠤᠨ ᠵᠦᠢᠯ᠎ᠢ ᠬᠢᠨᠠᠨ ᠬᠠᠮᠢᠶᠠᠷᠬᠤ ᠴᠢᠳᠠᠪᠤᠷᠢ᠎ᠶ᠋ᠢᠨ ᠪᠠᠷᠢᠮᠵᠢᠶᠠᠵᠢᠭᠤᠯᠤᠯᠲᠠ ᠪᠠᠢᠭᠤᠯᠤᠯᠲᠠ᠎ᠶ᠋ᠢᠨ ᠲᠤᠷᠱᠢᠯᠲᠠ᠎ᠶ᠋ᠢᠨ ᠨᠢᠭᠡᠴᠢ᠎ᠪᠠᠷ ᠲᠣᠭ᠍ᠲᠠᠭᠠᠪᠠ᠃

ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠴᠢᠩᠭ᠋ᠠᠳᠬᠠᠭᠳᠠᠪᠠ᠃ ᠭᠣᠣᠯᠴᠢ ᠪᠠᠷ ᠥᠷᠢᠰᠥᠯᠳᠦᠬᠦ᠌᠎ᠶ᠋ᠢ ᠬᠢᠨᠠᠨ ᠪᠠᠢᠴᠠᠭᠠᠬᠤ᠂ ᠵᠦᠶ ᠪᠤᠰᠤ ᠥᠷᠢᠰᠥᠯᠳᠦᠭᠡᠨ᠎ᠤ ᠬᠠᠤᠯᠢ ᠬᠡᠷᠡᠭ᠌ᠵᠢᠭᠦᠯᠦᠯᠲᠡ᠎ᠶ᠋ᠢ ᠡᠰᠡᠷᠭᠦᠴᠡᠬᠦ᠂ ᠱᠢᠭᠤᠳ ᠪᠣᠷᠣᠯᠠᠭᠤᠯᠭ᠎ᠠ ᠨᠢ ᠳᠠᠮᠵᠢᠭᠤᠯᠤᠨ ᠪᠣᠷᠣᠯᠠᠭᠤᠯᠬᠤ᠎ᠳᠤ ᠴᠣᠬᠢᠯᠲᠠ ᠥᠭ᠌ᠬᠦ ᠠᠵᠢᠯ᠎ᠢ ᠵᠢᠷᠤᠮᠵᠢᠭᠤᠯᠬᠤ᠎ᠶᠢ ᠥᠷᠬᠦᠯᠵᠢᠯᠡᠨ ᠴᠢᠩᠭ᠋ᠠᠷᠠᠭᠤᠯᠵᠤ᠂᠂ ᠠᠷᠠᠳ᠎ᠤᠨ ᠠᠮᠢᠳᠤᠷᠠᠯ᠎ᠤᠨ ᠭᠤᠤᠯᠳᠠᠯᠭ᠎ᠠ᠎ᠲᠠᠢ ᠬᠦᠷᠢᠶ᠎ᠡ ᠴᠠᠷᠠᠭ᠎ᠠ᠎ᠳᠠᠬᠢ 《ᠲᠡᠮᠦᠷ ᠨᠢᠳᠤᠷᠭ᠎ᠠ》᠎ᠶ᠋ᠢ ᠴᠡᠭ᠌ᠴᠡᠯᠡᠨ ᠵᠠᠰᠠᠬᠤ᠂ 《ᠪᠦᠯᠦᠭ᠌ᠯᠡᠨ ᠢᠯᠵᠠᠷᠠᠬᠤ》 ᠵᠡᠷᠭᠡ ᠲᠤᠰᠭᠠᠶ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ ᠪᠥᠬᠦ᠌ ᠣᠷᠣᠨ᠎ᠤ ᠠᠩᠬᠠᠳᠠᠭ᠍ᠴᠢ ᠤᠯᠤᠰ᠎ᠤᠨ ᠰᠦᠯᠵᠢᠶᠡᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠬᠢᠭᠡᠳ ᠦᠢᠯᠡᠴᠢᠯᠡᠭᠡᠨ᠎ᠤ ᠵᠢᠱ᠌ᠢᠶ᠎ᠡ ᠦᠵᠡᠭᠦᠯᠬᠦ᠌ ᠣᠷᠣᠨ᠎ᠢ ᠠᠮᠵᠢᠯᠲᠠ᠎ᠲᠠᠢ᠎ᠪᠠᠷ ᠡᠭᠦᠳᠦᠨ ᠪᠠᠢᠭᠤᠯᠵᠤ᠂᠎ᠤᠯᠤᠰ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ᠎ᠠᠴᠠ ᠣᠷᠣᠨ᠎ᠤ ᠳᠣᠲᠣᠷᠠᠬᠢ ᠴᠣᠷ᠎ᠤᠨ ᠭᠠᠭ᠍ᠴᠠ 《ᠬᠠᠤᠯᠢ ᠬᠡᠷᠡᠭ᠌ᠵᠢᠭᠦᠯᠦᠯᠲᠡ᠎ᠳᠤ ᠬᠢᠨᠠᠯᠲᠠ ᠲᠠᠯᠪᠢᠬᠤ᠎ᠶᠢ ᠦᠨᠳᠦᠰᠦᠨ ᠱᠠᠲᠤᠨ᠎ᠳᠤ ᠪᠠᠭᠤᠯᠭ᠋ᠠᠬᠤ》 ᠲᠤᠰᠭᠠᠶ ᠣᠷᠣᠨ᠎ᠤ ᠬᠤᠲᠠ᠎ᠶ᠋ᠢᠨ ᠳᠡᠰ᠎ᠦᠨ ᠵᠢᠱ᠌ᠢᠶ᠎ᠡ ᠦᠵᠡᠭᠦᠯᠬᠦ᠌ ᠴᠡᠭ᠎ᠢᠶᠠᠷ ᠲᠣᠭ᠍ᠲᠠᠭᠠᠭ᠍ᠳᠠᠪᠠ᠃ 50 ᠦᠨᠳᠦᠰᠦᠨ ᠱᠠᠲᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠭᠠᠵᠠᠷ᠎ᠤᠨ ᠪᠠᠷᠢᠮᠵᠢᠶᠠᠵᠢᠭᠤᠯᠤᠯᠲᠠ ᠵᠢᠷᠣᠮᠵᠢᠭᠣᠯᠣᠯᠲᠠ᠎ᠶᠢᠨ ᠪᠠᠢᠭᠤᠯᠤᠯᠲᠠ᠎ᠶ᠋ᠢᠨ ᠡᠭᠦᠷᠭᠡ᠎ᠶ᠋ᠢ ᠪᠡᠶᠡᠯᠡᠭᠦᠯᠵᠦ᠍᠂ ᠯᠢᠨ ᠾᠧ ᠲᠣᠭᠤᠷᠢᠭ᠎ᠤᠨ ᠯᠠᠩ ᠱᠠᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠭᠠᠵᠠᠷ᠎ᠨᠢ ᠪᠥᠬᠦ᠌᠎ᠤᠯᠤᠰ᠎ᠤᠨ ᠲᠠᠪᠤᠨ ᠣᠳᠣᠲᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠭᠠᠵᠠᠷ᠎ᠢᠶᠠᠷ ᠦᠨᠡᠯᠡᠭ᠌ᠳᠡᠪᠡ᠃ ᠢᠲᠡᠭᠡᠮᠵᠢ᠎ᠪᠠᠷ ᠠᠵᠦ ᠣᠬᠣᠢ᠌ᠯᠠᠯ᠎ᠢ ᠲᠣᠰᠠᠯᠠᠬᠤ ᠥᠭᠡᠷᠡᠴᠢᠯᠡᠯᠲᠡ᠎ᠶᠢᠨ ᠲᠣᠷᠰᠢᠯᠭ᠎ᠠ᠎ᠶᠢᠨ ᠠᠷᠭ᠎ᠠ ᠬᠢᠳᠡᠯ ᠨᠢ 《ᠥᠭᠡᠷᠡᠴᠢᠯᠡᠯᠲᠡ᠎ᠶᠢᠨ ᠳᠣᠲᠣᠭᠠᠳᠤ ᠯᠠᠪᠯᠠᠯᠲᠠ》᠎ᠳᠤ ᠨᠡᠢ᠌ᠲᠡᠯᠡᠭᠳᠡᠵᠦ᠂ ᠣᠨ᠎ᠤ ᠮᠡᠳᠡᠭᠦᠯᠦᠯᠲᠡ᠎ᠶᠢᠨ ᠤᠬᠠᠭᠤᠯᠭ᠎ᠠ᠎ᠶᠢᠨ ᠪᠦᠲᠦᠭᠡᠯ ᠨᠢ ᠪᠦᠬᠦ᠌᠎ᠤᠯᠤᠰ᠎ᠤ᠋ᠨ ᠰᠢᠰᠲ᠋ᠧᠮ᠎ᠦ᠋ᠨ ᠰᠢᠯᠢᠳᠡᠭ ᠲᠠᠨᠢᠯᠴᠠᠭᠤᠯᠬᠤ ᠪᠦᠲᠦᠭᠡᠯ ᠪᠤᠯᠪᠠ᠃

ᠦᠢᠯᠡᠴᠢᠯᠡᠭᠡᠨ᠎ᠤ ᠬᠥᠭ᠌ᠵᠢᠯᠲᠡ᠎ᠨᠢ ᠬᠦᠴᠦᠲᠡᠢ ᠪᠥᠭᠡᠳ ᠪᠦᠲᠦᠮᠵᠢᠲᠡᠢ᠃ ᠶᠠᠰᠤ ᠴᠢᠨᠠᠷ᠎ᠤᠨ ᠲᠤᠯᠭᠠᠭᠤᠷᠢᠯᠠᠯ᠂ ᠪᠠᠷᠢᠮᠵᠢᠶ᠎ᠠ᠎ᠪᠠᠷ ᠬᠥᠲᠥᠯᠥᠨ ᠳᠠᠭᠠᠭᠤᠯᠬᠤ ᠪᠠ ᠮᠡᠳᠡᠯᠭᠡ᠎ᠶ᠋ᠢᠨ ᠥᠮᠴᠢᠯᠡᠯ᠎ᠦᠨ ᠡᠷᠬᠡ᠎ᠶᠢᠨ ᠬᠠᠮᠠᠭᠠᠯᠠᠬᠤ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠭᠠᠵᠠᠷ ᠣᠷᠣᠨ᠎ᠤ ᠭᠤᠤᠯᠯᠠᠬᠤ ᠠᠵᠤ ᠦᠶ᠋ᠯᠡᠰ᠂ ᠭᠠᠵᠠᠷ ᠣᠷᠣᠨ᠎ᠤ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠤ ᠰᠠᠨᠠᠭᠠᠴᠢᠯᠠᠭ᠎ᠠ᠎ᠠᠴᠠ᠎ᠪᠠᠨ ᠠᠭᠤᠰᠤᠯᠴᠠᠵᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠱᠢᠷᠬᠡᠭ᠌ᠯᠢᠭ᠎ᠤᠨ ᠶᠠᠰᠤ ᠴᠢᠨᠠᠷ᠎ᠢ ᠬᠢᠨᠠᠨ ᠬᠡᠮᠵᠢᠬᠦ᠌ ᠲᠥᠪ ᠪᠠᠶᠠᠨᠨᠠᠭᠤᠷ᠎ᠤᠨ ᠲᠤᠷᠱᠢᠯᠲᠠ᠎ᠶ᠋ᠢᠨ ᠲᠠᠰᠤᠭ᠎ᠢ ᠪᠠᠢᠭᠤᠯᠵᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠤᠭᠤᠳᠠᠶ᠎ᠶ᠋ᠢᠨ ᠠᠵᠤ ᠦᠶ᠋ᠯᠡᠰ᠎ᠤᠨ ᠬᠡᠮᠵᠢᠨ ᠱᠢᠯᠭᠠᠬᠤ ᠲᠥᠪ᠎ᠤᠨ ᠲᠥᠷᠥᠯ ᠵᠦᠶ᠋ᠯ᠎ᠢ ᠢᠳᠡᠪᠬᠢᠲᠡᠶ ᠠᠬᠢᠭᠤᠯᠵᠤ᠂ 3 ᠵᠦᠶ᠋ᠯ᠎ᠤᠨ ᠪᠠᠷᠢᠮᠵᠢᠶ᠎ᠠ᠎ᠨᠢ ᠤᠯᠤᠰ᠎ᠤᠨ ᠠᠵᠤ ᠠᠬᠤᠢᠯᠠᠯ᠎ᠤᠨ ᠪᠠᠷᠢᠮᠵᠢᠶ᠎ᠠ᠎ᠶ᠋ᠢᠨ 《ᠳᠠᠭᠠᠭᠤᠯᠤᠭ᠍ᠴᠢ》᠎ᠶ᠋ᠢᠨ ᠢᠷᠠᠭᠤ ᠠᠯᠳᠠᠷ᠎ᠤᠨ ᠴᠣᠯᠠ᠎ᠶ᠋ᠢ ᠭᠥᠷᠳᠡᠪᠡ᠃ ᠪᠠᠶᠠᠨᠨᠠᠭᠤᠷ ᠬᠤᠲᠠ᠎ᠶ᠋ᠢᠨ ᠪᠦᠲᠦᠭᠡᠭᠳᠡᠭᠦᠨ᠎ᠤ ᠶᠠᠰᠤ ᠴᠢᠨᠠᠷ᠎ᠤᠨ ᠬᠡᠮᠵᠢᠯᠲᠡ᠎ᠶᠢᠨ ᠪᠠᠢ᠌ᠴᠠᠭ᠋ᠠᠯᠲᠠ᠎ᠶᠢᠨ ᠲᠥᠪ 《ᠲᠠᠪᠤᠨ ᠣᠳᠣᠲᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠷᠠᠲᠤ ᠲᠡᠮᠳᠡᠭ᠌ᠲᠦ (ᠦᠨᠡᠨᠴᠢ ᠢᠲᠡᠭᠡᠮᠵᠢ) ᠲᠤᠷᠰᠢᠯᠲᠠ᠎ᠶᠢᠨ ᠲᠠᠰᠤᠭ》᠎ᠪᠠᠷ ᠨᠡᠷᠡᠢᠳᠦᠭ᠌ᠳᠡᠵᠦ᠍᠂ 《ᠦᠶᠤᠸᠠᠨ᠎ᠤ ᠨᠡᠷᠡᠨ ᠬᠤᠸᠠᠷ》᠎ᠤᠯᠤᠰ᠎ᠤᠨ ᠭᠠᠵᠠᠷ ᠵᠦᠶ᠎ᠶ᠋ᠢᠨ ᠲᠡᠮᠳᠡᠭ᠎ᠤᠨ ᠬᠠᠮᠠᠭ᠋ᠠᠯᠠᠯᠲᠠ᠎ᠶᠢᠨ ᠵᠢᠱ᠌ᠢᠶ᠎ᠡ ᠦᠵᠡᠭᠦᠯᠬᠦ᠌ ᠣᠷᠣᠨ ᠪᠠᠢᠭᠤᠯᠤᠭ᠍ᠳᠠᠭ᠍ᠰᠠᠨ᠎ᠨᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠠᠭ᠍ᠴᠢ ᠵᠢᠩᠬᠢᠨᠢ᠎ᠪᠠᠷ ᠪᠠᠷᠢᠮᠵᠢᠶ᠎ᠠ᠎ᠳᠤ ᠬᠦᠷᠦᠭ᠌ᠰᠡᠨ ᠭᠠᠵᠠᠷ ᠵᠦᠶ᠎ᠶ᠋ᠢᠨ ᠲᠡᠮᠳᠡᠭ ᠲᠠᠢ ᠬᠠᠮᠠᠭ᠋ᠠᠯᠠᠯᠲᠠ᠎ᠶᠢᠨ ᠵᠢᠱ᠌ᠢᠶ᠎ᠡ ᠦᠵᠡᠭᠦᠯᠬᠦ᠌ ᠣᠷᠣᠨ᠂ ᠮᠡᠳᠡᠯᠭᠡ᠎ᠶ᠋ᠢᠨ ᠥᠮᠴᠢᠯᠡᠯ᠎ᠦᠨ ᠡᠷᠬᠡ᠎ᠪᠠᠷ ᠬᠦᠴᠦᠨ ᠣᠯᠭᠤᠬᠤ ᠦᠢᠯᠡᠳᠦᠯ᠎ᠢ ᠤᠯᠠᠮ ᠨᠢᠭᠡ ᠠᠯᠬᠤᠮ ᠪᠠᠳᠠᠷᠠᠭᠤᠯᠪᠠ᠃

ᠦᠬᠠᠶ ᠬᠤᠲᠠ᠄ ᠣᠶᠤᠨᠴᠢ ᠬᠢᠨᠠᠯᠲᠠ ᠬᠠᠮᠢᠶᠠᠷᠤᠯᠲᠠ᠎ᠪᠠᠷ ᠦᠷ᠎ᠡ ᠠᠰᠢᠭ᠎ᠢ ᠨᠡᠮᠡᠭᠳᠡᠭᠦᠯᠬᠦ᠎ᠳᠦ ᠬᠦᠴᠦᠨ ᠣᠯᠭᠣᠪᠠ

ᠵᠠᠬ᠎ᠠ ᠳᠡᠯᠭᠡᠭᠦᠷ᠎ᠲᠤ ᠣᠷᠣᠬᠤ᠎ᠶ᠋ᠢ ᠵᠥᠪᠱᠢᠶᠡᠷᠡᠬᠦ᠌ ᠴᠤᠪᠤᠷᠠᠯ᠎ᠢ ᠱᠢᠯᠢᠳᠡᠭ᠌ᠵᠢᠭᠦᠯᠵᠦ᠍᠂ ᠡᠵᠡᠩᠨᠡᠯᠲᠡ᠎ᠶ᠋ᠢᠨ ᠭᠤᠣᠯ ᠴᠣᠭ᠍ᠴᠠ᠎ᠶ᠋ᠢᠨ ᠠᠮᠢᠵᠢᠷᠠᠯ᠎ᠤᠨ ᠬᠦᠴᠦᠨ᠎ᠢ ᠬᠦᠭᠵᠢᠭᠡᠪᠡ᠃ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠬᠦᠷᠢᠶ᠎ᠡ ᠴᠠᠷᠠᠭ᠎ᠠ᠎ᠳᠠᠬᠢ 《ᠥᠨᠳᠥᠷ ᠪᠦᠲᠦᠮᠵᠢᠲᠡᠶ᠎ᠪᠠᠷ ᠨᠢᠭᠡ ᠠᠵᠢᠯ ᠶᠠᠪᠣᠳᠠᠯ᠎ᠢ ᠬᠦᠢᠴᠡᠳᠭᠡᠬᠦ᠌》 ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ 6 ᠰᠠᠯᠠᠭ᠎ᠠ ᠮᠥᠴᠢᠷ᠎ᠤᠨ ᠲᠤᠬᠠᠢᠯᠠᠭ᠍ᠰᠠᠨ ᠠᠵᠢᠯ᠎ᠤᠨ ᠱᠢᠰᠲ᠋ᠧᠮ᠎ᠤᠨ ᠪᠠᠬᠢᠯᠡᠯᠲᠡ᠎ᠶ᠋ᠢ ᠨᠡᠪᠲᠡᠷᠡᠭᠦᠯᠵᠦ᠍᠂ ᠲᠣᠭ᠎ᠠ ᠪᠠᠷᠢᠮᠲᠠ᠎ᠶᠢ ᠬᠠᠮᠲᠤ᠎ᠪᠠᠷ ᠡᠳ᠋ᠯᠡᠬᠦ᠎ᠶᠢ ᠴᠢᠩᠭ᠋ᠠᠳᠬᠠᠵᠤ᠂ 《24 ᠴᠠᠭ᠎ᠢᠶᠠᠷ ᠡᠭᠦᠳᠡ᠎ᠪᠠᠨ ᠬᠠᠭᠠᠬᠤ ᠥᠬᠡᠶ》ᠦᠢᠯᠡᠴᠢᠯᠡᠭᠡᠨ᠎ᠤ ᠵᠢᠭ᠍ᠰᠠᠭᠠᠯ᠎ᠢ ᠪᠠᠢᠭᠤᠯᠵᠤ᠂ 《ᠣᠢ᠌ᠷ᠎ᠠ ᠬᠤᠪᠢ᠎ᠳᠤ᠎ᠪᠠᠨ ᠭᠦᠢ᠍ᠴᠡᠳᠬᠡᠬᠦ᠂ ᠥᠪᠡᠰᠦᠪᠡᠨ ᠭᠦᠢᠴᠡᠳᠭᠡᠬᠦ᠌᠂ ᠴᠠᠭ ᠲᠤᠬᠠᠢ᠎ᠳᠤ ᠨᠢ ᠭᠦᠢ᠍ᠴᠡᠳᠬᠡᠬᠦ》 《ᠪᠥᠬᠦ᠌ ᠬᠤᠲᠠ᠎ᠳᠤ ᠨᠡᠢᠳᠡᠮ ᠭᠦᠢᠴᠡᠳᠭᠡᠬᠦ》᠂ 《ᠪᠥᠬᠦ᠌ ᠣᠷᠣᠨ᠎ᠳᠤ ᠨᠡᠢᠳᠡᠮ ᠭᠦᠢᠴᠡᠳᠭᠡᠬᠦ᠌》᠂ 《ᠮᠤᠵᠢ ᠠᠯᠤᠰᠯᠠᠨ ᠨᠡᠢᠳᠡᠮ ᠭᠦᠢᠴᠡᠳᠭᠡᠬᠦ᠌》 ᠵᠡᠷᠭᠡ ᠪᠥᠬᠦ᠌ ᠲᠠᠯᠠᠪᠤᠷ᠎ᠤᠨ ᠦᠢᠯᠡᠴᠢᠯᠡᠭᠡ᠎ᠶ᠋ᠢ ᠬᠠᠮᠤᠷᠴᠤ᠌᠂ ᠠᠵᠤ ᠠᠬᠤᠢᠯᠠᠯ᠎ᠤᠨ ᠠᠵᠢᠯ ᠶᠠᠪᠤᠳᠠᠯ ᠭᠦᠢᠴᠡᠳᠭᠡᠬᠦ᠌᠎ᠶ᠋ᠢᠨ 《ᠴᠠᠭ᠎ᠤᠨ ᠬᠢᠵᠠᠭᠠᠷᠯᠠᠯ》 ᠪᠠ 《ᠭᠠᠵᠠᠷ ᠣᠷᠣᠨ᠎ᠢ ᠲᠤᠰᠠᠭᠠᠷᠯᠠᠬᠤ》᠎ᠶ᠋ᠢ ᠲᠦᠢᠯᠪᠤᠷᠢᠲᠠᠶ ᠡᠪᠳᠡᠵᠦ᠍᠂ ᠴᠤᠪᠤᠷᠠᠯ᠎ᠢᠶᠠᠷ ᠲᠦᠷᠢᠮ᠎ᠤᠨ ᠴᠢᠨᠠᠷᠲᠠᠶ ᠠᠷᠠᠯᠵᠢᠶᠠᠨ᠎ᠤ ᠥᠪᠡᠷ᠎ᠤᠨ ᠥᠷᠲᠡᠭ᠎ᠢ ᠶᠡᠭᠡ᠎ᠪᠠᠷ ᠪᠠᠭᠤᠷᠠᠭᠤᠯᠪᠠ᠃ 《ᠠᠵᠤ ᠠᠬᠤᠢᠯᠠᠯ᠎ᠤᠨ ᠺᠣᠳ᠋》᠎ᠶᠢᠨ ᠣᠯᠠᠨ ᠡᠱᠢᠲᠦ ᠬᠡᠷᠡᠭ᠌ᠯᠡᠭᠡᠨ᠎ᠤ ᠪᠠᠢᠳᠠᠯ᠎ᠢ ᠭᠦᠨ ᠠᠭᠤᠳᠠᠯᠵᠤ᠂ ᠲᠡᠭᠦᠨ᠎ᠢ ᠢᠳᠡᠭᠡᠨ᠎ᠤ ᠦᠢᠯᠡᠳᠪᠦᠷᠢᠯᠡᠯ ᠡᠵᠡᠩᠨᠡᠯᠲᠡ᠎ᠶ᠋ᠢᠨ AI ᠣᠶᠤᠨᠴᠢ ᠬᠢᠨᠠᠯᠲᠠ ᠬᠠᠮᠢᠶᠠᠷᠤᠯᠲᠠ ᠵᠢᠴᠢ ᠭᠠᠵᠠᠷ ᠵᠦᠶ᠎ᠶ᠋ᠢᠨ ᠲᠡᠮᠳᠡᠭ᠎ᠲᠠᠢ ᠲᠠᠸᠠᠷ᠎ᠤᠨ ᠲᠡᠮᠳᠡᠭ᠎ᠤᠨ ᠨᠡᠬᠡᠮᠵᠢᠯᠡᠬᠦ ᠲᠤᠭᠲᠠᠯᠴᠠᠭ᠎ᠠ᠎ᠳᠤ ᠭᠦᠨᠵᠡᠭᠡᠶ ᠠᠭᠤᠰᠤᠯᠴᠠᠭᠤᠯᠵᠤ᠂ 《ᠦᠬᠠᠶ ᠬᠤᠲᠠ᠎ᠶ᠋ᠢᠨ 〈ᠠᠵᠤ ᠠᠬᠤᠢᠯᠠᠯ᠎ᠤᠨ ᠺᠣᠳ᠋〉 ᠎ᠲᠠᠢ ᠭᠠᠷ ᠬᠤᠯᠪᠣᠨ AI ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠪᠠ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠱᠢᠨ᠎ᠡ ᠬᠥᠭᠦᠷᠭᠡ᠎ᠶ᠋ᠢ ᠴᠣᠭᠴᠠᠯᠠᠬᠤ》 ᠎ᠨᠢ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠎ᠠ ᠡᠵᠡᠩᠨᠡᠯᠲᠡ᠎ᠶᠢᠨ ᠣᠷᠴᠢᠨ ᠨᠦᠬᠦᠴᠡᠯ᠎ᠦᠨ ᠪᠠᠢᠭᠤᠯᠤᠯᠲᠠ᠎ᠶ᠋ᠢᠨ ᠴᠠᠭᠠᠨ ᠭᠠᠳᠠᠷᠲᠤ ᠪᠢᠴᠢᠭ》᠎ᠤᠨ ᠨᠡᠢᠲᠡᠯᠢᠭ ᠠᠷᠭ᠎ᠠ ᠬᠢᠳᠡᠯ ᠪᠠ ᠱᠢᠨ᠎ᠡ᠎ᠶ᠋ᠢ ᠡᠭᠦᠳᠦᠭ᠌ᠰᠡᠨ ᠬᠡᠷᠡᠭ᠎ᠤᠨ ᠵᠢᠱ᠌ᠢᠶ᠎ᠡ᠎ᠶ᠋ᠢ ᠪᠥᠬᠦ᠌ ᠣᠷᠣᠨ᠎ᠳᠤ ᠳᠡᠯᠭᠡᠷᠡᠭᠦᠯᠪᠡ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠪᠥᠬᠦ᠌ ᠬᠤᠲᠠ᠎ᠳᠦ ᠡᠵᠡᠩᠨᠡᠯᠲᠡ᠎ᠶ᠋ᠢᠨ ᠭᠤᠤᠯ ᠴᠣᠭ᠍ᠴᠠ 30933 ᠡᠷᠦᠬᠡ ᠱᠢᠨ᠎ᠡ᠎ᠪᠠᠷ ᠨᠡᠮᠡᠭᠳᠡᠵᠦ᠂ 《ᠠᠷᠪᠠᠨ ᠭᠤᠷᠪᠠᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ᠎ᠬᠢ᠎ᠠᠴᠠ 56.4% ᠨᠡᠮᠡᠭ᠌ᠳᠡᠵᠦ᠍᠂ 《ᠰᠦᠷᠴᠢᠮᠡᠯ ᠮᠠᠶᠢᠭ》᠎ᠤᠨ ᠨᠡᠮᠡᠭ᠌ᠳᠡᠯ ᠢᠯᠡᠷᠡᠪᠡ᠃ 《ᠵᠠᠬ᠎ᠠ ᠳᠡᠯᠭᠡᠭᠦᠷ᠎ᠲᠤ ᠣᠷᠣᠬᠤ᠎ᠶ᠋ᠢ ᠵᠥᠪᠱᠢᠶᠡᠷᠡᠬᠦ᠌》᠂ 《ᠬᠤᠳᠠᠯᠳᠤᠭᠠᠨ᠎ᠤ ᠶᠠᠪᠤᠳᠠᠯ᠎ᠢ ᠳᠠᠩᠰᠠᠯᠠᠭᠤᠯᠬᠤ》᠂ 《ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢᠨ ᠠᠮᠢᠵᠢᠷᠠᠯ᠎ᠤᠨ ᠬᠦᠴᠦᠨ》 ᠨᠢ 3 ᠵᠢᠯ ᠳᠠᠷᠠᠭᠠᠯᠠᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠦᠨ᠎ᠡ ᠡᠩᠨᠡᠭᠡᠨ᠎ᠳᠤ ᠣᠷᠣᠵᠤ᠂ ᠦᠬᠠᠶ ᠬᠤᠲᠠ᠎ᠶ᠋ᠢᠨ ᠨᠠᠮ᠎ᠤᠨ ᠬᠤᠷᠢᠶ᠎ᠠ᠂ ᠬᠤᠲᠠ᠎ᠶ᠋ᠢᠨ ᠵᠠᠰᠠᠭ᠎ᠤᠨ ᠣᠷᠳᠣᠨ᠎ᠳᠤ ᠬᠤᠳᠠᠯᠳᠤᠭ᠎ᠠ ᠡᠵᠡᠩᠨᠡᠯᠲᠡ᠎ᠶᠢᠨ ᠣᠷᠴᠢᠨ ᠨᠦᠭᠦᠴᠡᠯ᠎ᠢ ᠦᠨᠡᠯᠡᠨ ᠵᠢᠱ᠌ᠢᠭ᠌ᠰᠡᠨ ᠲᠡᠷᠢᠭᠦᠨ᠎ᠤ ᠰᠠᠯᠠᠭ᠎ᠠ ᠮᠥᠴᠢᠷ᠎ᠢᠶᠠᠷ ᠦᠨᠡᠯᠡᠭ᠌ᠳᠡᠪᠡ᠃

ᠣᠶᠤᠨᠴᠢ ᠬᠢᠨᠠᠯᠲᠠ ᠬᠠᠮᠢᠶᠠᠷᠤᠯᠲᠠ᠎ᠶ᠋ᠢ ᠰᠦᠪᠡᠭ᠌ᠴᠢᠯᠡᠨ ᠬᠡᠷᠡᠭ᠌ᠵᠢᠭᠦᠯᠵᠦ᠍᠂ ᠢᠳᠡᠭᠡᠨ ᠪᠠ ᠡᠮ᠎ᠤᠨ ᠵᠦᠢᠯ᠎ᠤᠨ ᠬᠢᠨᠠᠯᠲᠠ ᠬᠠᠮᠢᠶᠠᠷᠤᠯᠲᠠ᠎ᠶ᠋ᠢᠨ ᠦᠢᠯᠡᠳᠦᠯ ᠴᠢᠳᠠᠪᠤᠷᠢ᠎ᠶ᠋ᠢ ᠳᠡᠭᠡᠭᠰᠢᠯᠡᠭᠦᠯᠪᠡ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ᠎ᠠᠴᠠ ᠨᠠᠭ᠋ᠠᠰᠢ᠂ ᠦᠬᠠᠶ ᠬᠤᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ 《ᠢᠨᠲ᠋ᠧᠷ ᠰᠦᠯᠵᠢᠶ᠎ᠡ+ ᠲᠣᠭᠤᠭ᠎ᠠ᠎ᠶ᠋ᠢ ᠢᠯᠡ ᠪᠣᠯᠭᠠᠬᠤ》 ᠣᠶᠤᠨᠴᠢᠯᠠᠭ᠍ᠰᠠᠨ ᠲᠠᠰ ᠳᠡᠪᠱᠢᠭᠦᠯᠦᠨ ᠥᠭᠡᠷᠡᠴᠢᠯᠡᠯᠲᠡ᠎ᠶ᠋ᠢ ᠬᠦᠴᠦᠯᠡᠨ ᠠᠬᠢᠭᠤᠯᠵᠤ᠂ 《ᠢᠳᠡᠭᠡᠨ᠎ᠢ ᠱᠢᠮᠳᠠᠭᠤᠯᠤᠨ ᠪᠠᠢᠴᠠᠭᠠᠬᠤ》᠂ 《ᠢᠳᠡᠭᠡᠨ᠎ᠢ ᠰᠡᠢᠯᠦᠨ ᠪᠠᠢᠴᠠᠭᠠᠬᠤ》 ᠵᠡᠷᠭᠡ ᠢᠳᠡᠭᠡᠨ᠎ᠤ ᠬᠢᠨᠠᠯᠲᠠ ᠬᠠᠮᠢᠶᠠᠷᠤᠯᠲᠠ᠎ᠶ᠋ᠢᠨ ᠸᠢᠴᠠᠲ᠎ᠤᠨ ᠵᠢᠵᠢᠭ ᠫᠷᠤᠭ᠌ᠷᠠᠮ᠎ᠢ ᠰᠤᠳᠤᠯᠤᠨ ᠨᠡᠭᠡᠭᠡᠵᠦ᠍᠂ ᠬᠠᠷᠠᠭᠠᠨ ᠳᠠᠪᠲᠠᠮᠵᠢ᠎ᠪᠠᠷ ᠬᠢᠨᠠᠨ ᠡᠵᠡᠮᠳᠡᠬᠦ᠂ ᠢᠨᠲ᠋ᠧᠷ ᠰᠦᠯᠵᠢᠶ᠎ᠡ᠂ ᠡᠭᠦᠯᠡᠨ ᠪᠤᠳᠤᠯᠲᠠ᠂ ᠪᠣᠳᠠᠰ ᠳᠠᠮᠵᠢᠭᠤᠯᠬᠤ ᠰᠡᠷᠡᠯ᠂ AI ᠵᠢᠷᠤᠭ ᠳᠦᠷᠰᠦ᠎ᠶ᠋ᠢ ᠢᠯᠭᠠᠨ ᠲᠠᠨᠢᠬᠤ ᠵᠡᠷᠭᠡ ᠮᠡᠷᠭᠡᠵᠢᠯ᠎ᠤᠨ ᠠᠷᠭ᠎ᠠ ᠪᠠᠷᠢᠯ᠎ᠢ ᠰᠤᠳᠤᠯᠤᠨ ᠨᠡᠭᠡᠭᠡᠵᠦ᠍᠂ ᠢᠳᠡᠭᠡᠨ᠎ᠤ ᠦᠢᠯᠡᠳᠪᠦᠷᠢᠯᠡᠯ ᠡᠵᠡᠩᠨᠡᠯᠲᠡ᠎ᠶ᠋ᠢᠨ ᠨᠢᠭᠡᠴᠢ᠎ᠳᠤ 《ᠬᠠᠷᠠᠭᠠᠨ ᠳᠠᠪᠲᠠᠮᠵᠢ᠎ᠪᠠᠷ ᠬᠢᠨᠠᠨ ᠡᠵᠡᠮᠳᠡᠬᠦ᠂ ᠪᠥᠬᠦ᠌ ᠶᠠᠪᠤᠴᠠ᠎ᠳᠤ ᠬᠢᠨᠠᠯᠲᠠ ᠲᠠᠯᠪᠢᠬᠤ᠂ ᠣᠶᠤᠨᠴᠢ᠎ᠪᠠᠷ ᠠᠮᠵᠢᠨ ᠰᠡᠭᠦᠳᠡᠷᠯᠡᠬᠦ᠂ ᠨᠠᠷᠢᠯᠢᠭ ᠣᠨᠣᠪᠴᠢᠲᠠᠢ᠎ᠪᠠᠷ ᠬᠢᠨᠠᠨ ᠬᠠᠮᠢᠶᠠᠷᠬᠤ》᠎ᠶ᠋ᠢ ᠪᠡᠶᠡᠯᠡᠭᠦᠯᠵᠦ᠍᠂ ᠪᠥᠬᠦ᠌ ᠬᠤᠲᠠ᠎ᠶ᠋ᠢᠨ ᠢᠳᠡᠭᠡᠨ ᠤᠮᠳᠠᠭ᠋ᠠᠨ᠎ᠤ ᠨᠢᠭᠡᠴᠢ᠎ᠶ᠋ᠢᠨ ᠰᠦᠯᠵᠢᠶᠡᠨ᠎ᠳᠤ ᠣᠷᠣᠬᠤ ᠨᠣᠷᠮ᠎ᠠ᠎ᠶ᠋ᠢ 90% ᠎ᠠᠴᠠ ᠳᠡᠭᠡᠭ᠌ᠰᠢ᠂ ᠰᠤᠷᠭᠠᠭᠤᠯᠢ᠎ᠶ᠋ᠢᠨ ᠬᠤᠭᠤᠯᠠᠨ ᠬᠡᠷ᠂ ᠢᠳᠡᠭᠡᠨ ᠦᠢᠯᠡᠳᠪᠦᠷᠢᠯᠡᠬᠦ᠌ ᠠᠵᠤ ᠠᠬᠤᠢᠯᠠᠯ ᠵᠡᠷᠭᠡ ᠭᠤᠤᠯᠳᠠᠯᠭ᠎ᠠ᠎ᠲᠠᠢ ᠨᠢᠭᠡᠴᠢ᠎ᠶ᠋ᠢᠨ ᠪᠦᠷᠬᠦᠴᠡ᠎ᠶ᠋ᠢᠨ ᠨᠣᠷᠮ᠎ᠠ᠎ᠶ᠋ᠢ 100%᠎ᠳᠤ ᠬᠦᠷᠭᠡᠪᠡ᠃ 《ᠢᠲᠡᠭᠡᠮᠵᠢ+ᠰᠤᠷᠭᠠᠭᠤᠯᠢ᠎ᠶ᠋ᠢᠨ ᠬᠦᠷᠢᠶᠡᠨ᠎ᠤ ᠢᠳᠡᠭᠡᠨ᠎ᠤ ᠠᠮᠤᠷ ᠲᠦᠪᠱᠢᠨ》᠎ᠤ ᠣᠶᠤᠨᠴᠢ᠎ᠪᠡᠷ ᠬᠢᠨᠠᠨ ᠬᠠᠮᠢᠶᠠᠷᠬᠤ ᠱᠢᠨ᠎ᠡ ᠵᠠᠭ᠍ᠪᠤᠷ᠎ᠢ ᠡᠭᠦᠳᠴᠦ᠍᠂ ᠰᠤᠷᠭᠠᠭᠤᠯᠢ᠎ᠶ᠋ᠢᠨ ᠬᠤᠭᠤᠯᠠᠨ ᠬᠡᠷ᠂ ᠳᠠᠭᠠᠭᠠᠴᠢᠯᠠᠭ᠍ᠰᠠᠨ ᠠᠵᠤ ᠠᠬᠤᠢᠯᠠᠯ᠂ ᠢᠳᠡᠭᠡᠨ᠎ᠤ ᠮᠠᠲ᠋ᠧᠷᠢᠶᠠᠯ᠎ᠤᠨ ᠬᠠᠩᠭᠠᠯᠭ᠎ᠠ᠎ᠶ᠋ᠢᠨ ᠬᠤᠳᠠᠯᠳᠤᠭᠠᠴᠢᠨ᠎ᠤ ᠡᠯᠧᠺᠲᠷᠣᠨ ᠢᠲᠡᠭᠡᠮᠵᠢ᠎ᠶ᠋ᠢᠨ ᠲᠠᠩᠰᠠ ᠡᠪᠬᠡᠮᠡᠯ᠎ᠢ ᠪᠠᠢᠭᠤᠯᠤᠨ᠂ 《ᠢᠳᠡᠭᠡᠨ᠎ᠤ ᠠᠮᠤᠷ ᠲᠦᠪᠱᠢᠨ᠎ᠢ ᠬᠠᠮᠲᠤᠪᠠᠷ ᠵᠠᠰᠠᠵᠤ ᠨᠢᠭᠡ ᠺᠣᠲ᠎ᠪᠠᠷ ᠨᠡᠪᠲᠡᠷᠡᠭᠦᠯᠬᠦ᠌》 ᠬᠥᠳᠡᠯᠦᠩᠭᠦᠶ ᠦᠨᠡᠯᠡᠯᠲᠡ᠎ᠶ᠋ᠢᠨ ᠲᠤᠭᠲᠠᠯᠴᠠᠭ᠎ᠠ᠎ᠶ᠋ᠢ ᠨᠡᠭᠡᠭᠡᠨ ᠬᠥᠭ᠌ᠵᠢᠭᠦᠯᠵᠦ᠍᠂ ᠬᠢᠨᠠᠯᠲᠠ ᠬᠠᠮᠢᠶᠠᠷᠤᠯᠲᠠ᠎ᠶ᠋ᠢᠨ ᠮᠡᠳᠡᠭᠡ ᠵᠠᠩᠭᠢ᠎ᠶ᠋ᠢ ᠰᠠᠯᠠᠭ᠎ᠠ ᠮᠥᠴᠢᠷ ᠠᠯᠤᠰᠯᠠᠨ ( ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠵᠡᠷᠭᠡ) ᠬᠠᠮᠲᠤ ᠪᠠᠷ ᠡᠳ᠋ᠯᠡᠬᠦ᠌᠎ᠶ᠋ᠢ ᠪᠡᠶᠡᠯᠡᠭᠦᠯᠦᠨ᠂ ᠵᠥᠷᠢᠶᠡᠵᠢᠭᠰᠡᠨ ᠬᠢᠨᠠᠯᠲᠠ ᠬᠠᠮᠢᠶᠠᠷᠤᠯᠲᠠ᠎ᠶ᠋ᠢᠨ ᠡᠬᠢ ᠪᠠᠶᠠᠯᠢᠭ᠎ᠢ ᠲᠣᠬᠢᠷᠠᠭᠤᠯᠵᠤ᠂ ᠬᠢᠨᠠᠯᠲᠠ ᠬᠠᠮᠢᠶᠠᠷᠤᠯᠲᠠ᠎ᠶ᠋ᠢᠨ ᠣᠨᠣᠪᠴᠢ᠎ᠶ᠋ᠢᠨ ᠬᠡᠮᠵᠢᠶ᠎ᠡ᠎ᠶ᠋ᠢ 30%᠎ᠠᠴᠠ ᠳᠡᠭᠡᠭ᠌ᠰᠢ ᠳᠡᠭᠡᠭ᠌ᠰᠢᠯᠡᠭᠦᠯᠵᠦ᠍᠂ ᠲᠣᠰ ᠬᠡᠷᠡᠭ᠎ᠤᠨ ᠵᠢᠱ᠌ᠢᠶ᠎ᠡ ᠳᠣᠯᠣᠳᠤᠭᠠᠷ ᠬᠤᠭᠤᠴᠠᠭᠠᠨ᠎ᠤ ᠪᠥᠬᠦ᠌ ᠤᠯᠤᠰ᠎ᠤᠨ ᠱᠢᠯᠢᠳᠡᠭ ᠢᠲᠡᠭᠡᠮᠵᠢ᠎ᠶ᠋ᠢᠨ ᠦᠢᠯᠡᠳᠦᠯᠭᠡ᠎ᠶ᠋ᠢᠨ ᠱᠠᠩᠨᠠᠯ᠎ᠢ ᠭᠥᠷᠳᠡᠵᠦ᠍᠂ 2025 ᠣᠨ᠎ᠤ ᠢᠳᠡᠭᠡᠨ᠎ᠤ ᠠᠮᠤᠷ ᠲᠦᠪᠱᠢᠨ᠎ᠢ ᠨᠡᠢᠭᠡᠮ ᠨᠡᠢᠲᠡ᠎ᠪᠠᠷ᠎ᠢᠶᠠᠨ ᠬᠠᠮᠲᠤ᠎ᠪᠠᠷ ᠵᠠᠰᠠᠬᠤ ᠱᠢᠯᠢᠳᠡᠭ ᠬᠡᠷᠡᠭ᠎ᠤᠨ ᠵᠢᠱ᠌ᠢᠶ᠎ᠡ᠎ᠪᠠᠷ ᠰᠤᠩᠭᠤᠭᠳᠠᠪᠠ᠃ ᠪᠥᠬᠦ᠌ ᠣᠷᠣᠨ᠎ᠳᠤ ᠡᠮᠴᠢᠯᠡᠭᠡᠨ᠎ᠤ ᠳᠠᠭᠠᠳᠭᠠᠯ᠎ᠤᠨ ᠱᠢᠰᠲ᠋ᠧᠮ ᠪᠠ ᠡᠮ᠎ᠤᠨ ᠵᠦᠢᠯ᠎ᠤᠨ GSP ᠬᠠᠮᠢᠶᠠᠷᠤᠯᠲᠠ᠎ᠶ᠋ᠢᠨ ᠱᠢᠰᠲ᠋ᠧᠮ᠎ᠢ ᠨᠡᠢᠯᠡᠭᠦᠯᠦᠨ ᠠᠵᠢᠯᠯᠠᠭᠤᠯᠬᠤ 《ᠨᠢᠭᠡ ᠬᠥᠮᠥᠷᠭᠡᠵᠢᠭᠦᠯᠬᠦ᠌》 ᠬᠠᠮᠢᠶᠠᠷᠤᠯᠲᠠ᠎ᠶ᠋ᠢᠨ ᠵᠠᠭ᠍ᠪᠤᠷ᠎ᠢ ᠣᠷᠢᠳᠠᠪᠠᠷ ᠬᠡᠷᠡᠭ᠌ᠵᠢᠭᠦᠯᠵᠦ᠍᠂ ᠡᠮᠴᠢᠯᠡᠭᠡᠨ᠎ᠤ ᠳᠠᠭᠠᠳᠭᠠᠯ᠎ᠤᠨ ᠰᠠᠯᠠᠭ᠎ᠠ ᠮᠥᠴᠢᠷ᠎ᠯᠦᠭᠡ ᠮᠡᠳᠡᠭᠡ ᠵᠠᠩᠭᠢ᠎ᠶ᠋ᠢ ᠴᠠᠭ ᠲᠤᠬᠠᠶ᠎ᠳᠤ᠎ᠨᠢ ᠬᠠᠮᠲᠤ᠎ᠪᠠᠷ ᠡᠳ᠋ᠯᠡᠬᠦ᠂ ᠲᠦᠭ᠌ᠰᠢᠭᠦᠷᠢ᠎ᠶ᠋ᠢ ᠲᠦᠷᠭᠡᠨ ᠰᠡᠷᠡᠮᠵᠢᠯᠡᠭᠦᠯᠬᠦ᠂ ᠬᠠᠤᠯᠢ ᠲᠣᠭ᠍ᠲᠠᠭᠠᠯ᠎ᠠᠴᠠ ᠵᠥᠷᠢᠴᠡᠭ᠌ᠰᠡᠨ ᠦᠢᠯᠡ ᠠᠵᠢᠯᠯᠠᠭ᠎ᠠ᠎ᠶ᠋ᠢ ᠴᠠᠭ ᠲᠤᠬᠠᠶ᠎ᠳᠤ᠎ᠨᠢ ᠢᠯᠡᠷᠡᠭᠦᠯᠵᠦ᠍᠂ ᠬᠠᠮᠲᠤᠷᠠᠨ ᠬᠠᠤᠯᠢ ᠬᠡᠷᠡᠭ᠌ᠵᠢᠭᠦᠯᠵᠦ᠍ ᠵᠠᠯᠬᠠᠭᠠᠨ ᠴᠡᠭᠡᠷᠯᠡᠭᠦᠯᠬᠦ᠌ ᠥᠨᠳᠥᠷ ᠪᠦᠲᠦᠮᠵᠢᠲᠡᠶ ᠠᠵᠢᠯ᠎ᠤᠨ ᠲᠤᠭᠲᠠᠯᠴᠠᠭ᠎ᠠ᠎ᠶ᠋ᠢ ᠪᠠᠢᠭᠤᠯᠤᠨ᠂ ᠠᠵᠤ ᠠᠬᠤᠢᠯᠠᠯ᠎ᠤᠨ ᠳᠠᠷᠤᠭᠠᠰᠤ᠎ᠶ᠋ᠢ ᠪᠦᠲᠦᠮᠵᠢᠲᠡᠶ ᠬᠥᠩᠭᠡᠷᠡᠭᠦᠯᠵᠦ᠍᠂ ᠬᠢᠨᠠᠯᠲᠠ ᠬᠠᠮᠢᠶᠠᠷᠤᠯᠲᠠ᠎ᠶ᠋ᠢᠨ ᠦᠢ᠍ᠯᠡᠳᠦᠯ ᠴᠢᠳᠠᠪᠤᠷᠢ᠎ᠶ᠋ᠢ ᠳᠡᠭᠡᠭᠰᠢᠯᠡᠭᠦᠯᠪᠡ᠃

ᠠᠯᠠᠱᠠ ᠠᠢᠮᠠᠭ᠄ ᠮᠡᠳᠡᠯᠭᠡ᠎ᠶ᠋ᠢᠨ ᠥᠮᠴᠢᠯᠡᠯ᠎ᠦᠨ ᠡᠷᠬᠡ᠎ᠨᠢ ᠠᠵᠤ ᠦᠢᠯᠡᠰ᠎ᠤᠨ ᠰᠠᠭᠤᠷᠢ᠎ᠶ᠋ᠢ ᠪᠡᠬᠢᠵᠢᠭᠦᠯᠪᠡ

ᠮᠡᠳᠡᠯᠭᠡ᠎ᠶᠢᠨ ᠥᠮᠴᠢᠯᠡᠯ᠎ᠦᠨ ᠡᠷᠬᠡ᠎ᠪᠡᠷ ᠪᠢᠷ ᠪᠤᠯᠠᠭ᠋ᠠᠨ᠂ ᠨᠡᠷᠡᠲᠦ ᠲᠡᠮᠳᠡᠭᠲᠦ᠎ᠶᠢᠨ《ᠣᠯᠠᠨ᠎ᠤᠯᠤᠰ᠎ᠤ᠋ᠨ ᠦᠯᠢᠭᠡᠷ ᠬᠡᠪ》᠎ᠢ ᠵᠢᠷᠤᠭᠯᠠᠪᠠ᠃ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠪᠠ ᠮᠡᠳᠡᠯᠭᠡ᠎ᠶ᠋ᠢᠨ ᠥᠮᠴᠢᠯᠡᠯ᠎ᠦᠨ ᠡᠷᠬᠡ᠎ᠶ᠋ᠢᠨ ᠬᠠᠮᠠᠭᠠᠯᠠᠯᠲᠠ ᠬᠠᠮᠵᠢᠯᠴᠠᠨ ᠬᠦᠴᠦᠯᠡᠵᠦ᠍᠂ ᠣᠨᠴᠠᠯᠢᠭᠲᠤ ᠠᠵᠤ ᠦᠢᠯᠡᠰ᠎ᠤᠨ 《ᠬᠦᠷᠢᠶᠡᠨ᠎ᠡᠴᠡ ᠳᠠᠪᠠᠬᠤ》 ᠵᠠᠩᠭᠢᠯᠠᠭ᠎ᠠ᠎ᠶ᠋ᠢᠨ ᠲᠦᠯᠬᠢᠭ᠌ᠴᠢ ᠪᠣᠯᠪᠠ᠃ ᠨᠢᠳᠤᠨᠤᠨ᠎ᠠᠴᠠ ᠨᠠᠭ᠋ᠠᠰᠢ᠂ ᠠᠯᠠᠱᠠ ᠠᠢᠮᠠᠭ᠎ᠤᠨ ᠣᠯᠠᠨ ᠵᠦᠢᠯ᠎ᠤᠨ ᠮᠡᠳᠡᠯᠭᠡ᠎ᠶ᠋ᠢᠨ ᠥᠮᠴᠢᠯᠡᠯ᠎ᠦᠨ ᠡᠷᠬᠡ᠎ᠶ᠋ᠢᠨ ᠠᠵᠢᠯ ᠲᠡᠭ ᠱᠢᠪᠲᠤᠯᠤᠯᠲᠠ᠎ᠶ᠋ᠢ ᠪᠡᠶᠡᠯᠡᠭᠦᠯᠪᠡ᠄ ᠠᠯᠠᠱᠠ᠎ᠶ᠋ᠢᠨ ᠴᠠᠭᠠᠨ ᠨᠣᠯᠤᠤᠷ᠎ᠤᠨ ᠢᠮᠠᠭ᠎ᠠ᠂ ᠠᠯᠠᠱᠠ᠎ᠶ᠋ᠢᠨ ᠬᠣᠶᠠᠷ ᠪᠦᠬᠦᠲᠠᠢ ᠲᠡᠮᠡᠭᠡ ᠵᠡᠷᠭᠡ ᠬᠤᠶᠠᠷ ᠭᠠᠵᠠᠷ ᠵᠦᠶ᠎ᠶ᠋ᠢᠨ ᠲᠡᠮᠳᠡᠭ᠎ᠲᠠᠢ ᠪᠦᠲᠦᠭᠡᠭ᠌ᠳᠡᠬᠦᠨ᠎ᠨᠢ 《ᠳᠤᠮᠳᠠᠳᠤ ᠧᠦ᠋ᠷᠣᠫᠠ᠎ᠶ᠋ᠢᠨ ᠭᠠᠵᠠᠷ ᠵᠦᠶ᠎ᠶ᠋ᠢᠨ ᠲᠡᠮᠳᠡᠭ᠎ᠢ ᠬᠠᠮᠠᠭᠠᠯᠠᠬᠤ ᠬᠡᠯᠡᠯᠴᠡᠭᠡᠷ》᠎ᠤᠨ ᠬᠤᠶᠠᠳᠤᠭᠠᠷ ᠪᠦᠯᠦᠭ᠎ᠤᠨ ᠨᠡᠷᠡᠰ᠎ᠲᠤ ᠠᠮᠵᠢᠯᠲᠠ᠎ᠲᠠᠢ ᠰᠣᠩᠭᠣᠭᠳᠠᠵᠤ᠂ ᠧᠦ᠋ᠷᠣᠫᠠ᠎ᠶ᠋ᠢᠨ ᠬᠤᠯᠪᠣᠭᠠᠨ᠎ᠤ ᠵᠠᠬ᠎ᠠ ᠳᠡᠯᠭᠡᠭᠦᠷ᠎ᠲᠤ ᠣᠷᠣᠭᠰᠠᠨ 《ᠰᠠᠭ᠋ᠠᠳ ᠦᠭᠡᠢ ᠨᠡᠪᠲᠡᠷᠡᠬᠦ᠌ ᠦᠨᠡᠮᠯᠡᠯ》᠎ᠢ ᠣᠯᠪᠠ;ᠠᠯᠠᠱᠠ᠎ᠶ᠋ᠢᠨ ᠴᠠᠭᠠᠨ ᠭᠤᠶᠣᠣ ᠥᠪᠡᠷᠮᠢᠴᠡ ᠵᠢᠩᠬᠢᠨᠢ ᠴᠢᠨᠠᠷ ᠴᠢᠨᠰᠠᠭ᠎ᠠ᠎ᠪᠠᠷ᠎ᠢᠶᠠᠨ᠎ᠤᠯᠤᠰ᠎ᠤᠨ ᠭᠠᠵᠠᠷ ᠵᠦᠶ᠎ᠶ᠋ᠢᠨ ᠲᠡᠮᠳᠡᠭ᠎ᠤᠨ ᠭᠤᠤᠯᠳᠠᠯᠭ᠎ᠠ᠎ᠲᠠᠢ ᠨᠡᠷᠡᠰ᠎ᠤᠨ ᠵᠢᠭ᠍ᠰᠠᠭᠠᠯᠲᠠ ᠵᠢᠴᠢ 《ᠨᠢᠭᠡ ᠪᠦᠰᠡ ᠨᠢᠭᠡ ᠵᠠᠮ》᠎ᠤᠨ ᠭᠠᠵᠠᠷ ᠵᠦᠶ᠎ᠶ᠋ᠢᠨ ᠲᠡᠮᠳᠡᠭ᠎ᠤᠨ ᠳᠡᠯᠭᠡᠷᠡᠭᠦᠯᠦᠯᠲᠡ᠎ᠶᠢᠨ ᠡᠮᠬᠢᠳᠭᠡᠯ᠎ᠳᠦ ᠣᠷᠣᠵᠦ᠂ ᠨᠠᠷᠠᠲᠤ ᠲᠡᠮᠳᠡᠭ᠌ᠲᠦ᠍᠎ᠶ᠋ᠢᠨ ᠨᠥᠯᠥᠭᠡᠯᠡᠬᠦ᠌ ᠬᠦᠴᠦᠨ᠎ᠨᠢ ᠣᠷᠣᠨ ᠪᠦᠰᠡ᠎ᠠᠴᠠ ᠣᠯᠠᠨ᠎ᠤᠯᠤᠰ᠎ᠤᠨ ᠲᠠᠪᠴᠠᠩ᠎ᠳᠤ ᠴᠢᠭᠯᠡᠪᠡ᠃ ᠠᠯᠠᠱᠠᠨ᠎ᠤ᠋ ᠴᠠᠭᠠᠨ ᠭᠣᠶᠣᠣ᠎ᠶᠢᠨ ᠨᠡᠷᠡᠲᠦ ᠲᠡᠮᠳᠡᠭᠲᠦ᠎ᠶᠢᠨ ᠦᠨ᠎ᠡ ᠥᠷᠲᠡᠭ ᠨᠢ ᠨᠢᠭᠡᠨᠲᠡ 89.53 ᠳ᠋ᠦᠩᠰᠢᠭᠤᠷ ᠲᠥᠭᠥᠷᠢᠭ᠎ᠲᠦ᠍ ᠬᠦᠷᠪᠡ᠃

ᠠᠵᠤ ᠦᠢᠯᠡᠰ᠎ᠳᠦ ᠬᠦᠴᠦᠨ ᠣᠯᠭᠣᠬᠣ᠎ᠪᠠᠷ ᠪᠢᠴᠢᠬᠡᠰᠦ ᠪᠤᠯᠠᠭ᠋ᠠᠨ᠂ ᠬᠥᠭ᠌ᠵᠢᠯᠲᠡ᠎ᠶ᠋ᠢᠨ ᠱᠢᠨ᠎ᠡ ᠬᠥᠳᠡᠯᠭᠡᠬᠦ᠌ ᠬᠦᠴᠦᠨ᠎ᠢ ᠬᠦᠭᠵᠢᠭᠡᠪᠡ᠃ ᠮᠡᠳᠡᠯᠭᠡ᠎ᠶ᠋ᠢᠨ ᠥᠮᠴᠢᠯᠡᠯ᠎ᠦᠨ ᠡᠷᠬᠡ᠎ᠶᠢᠨ ᠬᠠᠮᠠᠭ᠋ᠠᠯᠠᠯᠲᠠ᠎ᠶᠢᠨ ᠰᠠᠭᠤᠷᠢᠨ ᠳᠡᠭᠡᠷ᠎ᠡ᠂ ᠠᠯᠠᠱᠠ ᠠᠢᠮᠠᠭ᠎ᠨᠢ ᠠᠵᠤ ᠦᠢᠯᠡᠰ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠬᠡᠷᠡᠭ᠌ᠴᠡᠭᠡ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠨᠠᠷᠢᠯᠢᠭ ᠣᠨᠣᠪᠴᠢᠲᠠᠢ᠎ᠪᠠᠷ ᠠᠷᠭ᠎ᠠ ᠪᠣᠳᠣᠯᠭ᠎ᠠ ᠬᠡᠷᠡᠭ᠌ᠵᠢᠭᠦᠯᠵᠦ᠍᠂ ᠬᠦᠴᠦᠨ ᠣᠯᠭᠣᠨ ᠲᠠᠰ ᠳᠠᠪᠰᠢᠬᠤ᠎ᠶᠢ ᠪᠡᠶᠡᠯᠡᠭᠦᠯᠪᠡ᠃ ᠴᠦᠯ ᠭᠠᠵᠠᠷ᠎ᠤᠨ ᠴᠠᠭᠠᠨ ᠭᠤᠶᠣᠣ᠎ᠶ᠋ᠢ᠎ᠤᠯᠤᠰ᠎ᠤᠨ ᠡᠮ ᠪᠠ ᠢᠳᠡᠭᠡᠨ᠎ᠤ ᠠᠳᠠᠯᠢ ᠢᠷᠡᠯᠲᠡ᠎ᠶ᠋ᠢᠨ ᠭᠠᠷᠴᠠᠭ᠎ᠲᠤ ᠣᠷᠣᠭᠤᠯᠬᠤ᠎ᠶ᠋ᠢ ᠠᠮᠵᠢᠯᠲᠠ᠎ᠲᠠᠢ ᠠᠬᠢᠭᠤᠯᠵᠤ᠂ ᠣᠷᠣᠨ ᠨᠤᠲᠤᠭ᠎ᠤᠨ ᠣᠨᠴᠠᠯᠢᠭᠲᠤ ᠡᠬᠢ ᠪᠠᠶᠠᠯᠢᠭ᠎ᠢ ᠠᠵᠤ ᠦᠢᠯᠡᠰ᠎ᠤᠨ ᠳᠠᠪᠠᠭᠤᠯᠢᠭ ᠪᠣᠯᠭᠠᠨ ᠬᠤᠪᠢᠷᠠᠭᠤᠯᠪᠠ; 21 ᠵᠦᠢᠯ᠎ᠤᠨ 《ᠥᠪᠥᠷ ᠮᠣᠩᠭᠤᠯ》 ᠲᠡᠮᠳᠡᠭᠲᠦ᠎ᠶᠢᠨ ᠭᠡᠷᠡᠴᠢᠯᠡᠯ᠎ᠤᠨ ᠪᠠᠷᠢᠮᠵᠢᠶ᠎ᠠ᠎ᠶᠢ ᠪᠣᠲᠠᠲᠠᠢ᠌ᠵᠢᠭᠤᠯᠤᠨ ᠬᠡᠷᠡᠭ᠌ᠵᠢᠭᠦᠯᠬᠦ᠌᠎ᠶ᠋ᠢ ᠠᠬᠢᠭᠤᠯᠵᠤ᠂ 21 ᠡᠷᠦᠬᠡ 《ᠥᠪᠥᠷ ᠮᠣᠩᠭᠤᠯ》 ᠲᠡᠮᠳᠡᠭᠲᠦ᠎ᠶᠢᠨ ᠭᠡᠷᠡᠴᠢᠯᠡᠯ᠎ᠤᠨ ᠠᠵᠤ ᠠᠬᠤᠢᠯᠠᠯ᠎ᠢ ᠪᠤᠢᠵᠢᠭᠤᠯᠤᠨ᠂ 9 ᠡᠷᠦᠬᠡ᠎ᠶᠢᠨ ᠭᠡᠷᠡᠴᠢᠯᠡᠯ᠎ᠢ ᠪᠡᠶᠡᠯᠡᠭᠦᠯᠵᠦ᠍᠂ ᠠᠯᠠᠱᠠ᠎ᠶ᠋ᠢᠨ ᠢᠩᠭᠡᠨ ᠰᠦ ᠵᠡᠷᠭᠡ ᠶᠠᠰᠤ ᠴᠢᠨᠠᠷ᠎ᠤᠨ ᠵᠢᠱ᠌ᠢᠶ᠎ᠡ ᠦᠵᠡᠭᠦᠯᠬᠦ᠌ ᠪᠦᠲᠦᠭᠡᠭᠳᠡᠭᠦᠨ᠎ᠢ ᠪᠣᠶ ᠪᠣᠯᠭᠠᠵᠤ᠂ ᠣᠷᠣᠨ ᠨᠤᠲᠤᠭ᠎ᠤᠨ ᠣᠨᠴᠠᠯᠢᠭᠲᠤ ᠨᠠᠷᠠᠲᠤ ᠲᠡᠮᠳᠡᠭ᠌ᠲᠦ᠍᠎ᠶ᠋ᠢ ᠬᠡᠷᠡᠯᠲᠦᠭᠦᠯᠪᠡ᠃ ᠪᠠᠷᠢᠮᠵᠢᠶ᠎ᠠ᠎ᠶ᠋ᠢᠨ ᠲᠤᠯᠭᠠᠭᠤᠷᠢᠯᠠᠬᠤ ᠦᠢᠯᠡᠳᠦᠯ᠎ᠢ ᠴᠢᠩᠭᠠᠷᠠᠭᠤᠯᠵᠤ᠂ 1559 ᠵᠦᠢᠯ᠎ᠤᠨ ᠪᠠᠷᠢᠮᠵᠢᠶ᠎ᠠ᠎ᠶ᠋ᠢ ᠲᠣᠭ᠍ᠲᠠᠭᠠᠵᠤ ᠵᠠᠰᠠᠪᠤᠷᠢ ᠣᠷᠣᠭᠤᠯᠬᠤ᠎ᠳᠤ ᠭᠤᠣᠯᠯᠠᠨ ᠣᠷᠣᠯᠴᠠᠵᠤ᠂ ᠪᠠᠷᠢᠮᠵᠢᠶ᠎ᠠ᠎ᠪᠠᠷ ᠠᠵᠤ ᠦᠢᠯᠡᠰ᠎ᠤᠨ ᠵᠢᠷᠤᠮᠵᠢᠭ᠍ᠰᠠᠨ ᠬᠥᠭ᠌ᠵᠢᠯᠲᠡ᠎ᠶ᠋ᠢ ᠬᠥᠲᠥᠯᠥᠨ ᠳᠠᠭ᠋ᠠᠭᠤᠯᠪᠠ; 《ᠵᠠᠷ ᠮᠡᠳᠡᠭᠡ᠎ᠪᠠᠷ ᠠᠵᠤ ᠠᠬᠤᠢᠯᠠᠯ᠎ᠢ ᠳᠡᠮᠵᠢᠬᠦ᠌》᠎ᠶᠢ 62᠎ᠤᠳᠠᠭ᠎ᠠ ᠲᠣᠭ᠍ᠲᠠᠭᠠᠯ᠎ᠳᠤ ᠨᠡᠢᠴᠡᠭᠦᠯᠦᠨ ᠵᠢᠯᠣᠭᠤᠳᠴᠤ᠌᠂ 220 ᠵᠤᠷᠪᠤᠰ ᠣᠳᠠᠭ᠎ᠠ ᠬᠢᠨᠠᠨ ᠬᠠᠷᠭᠤᠭᠤᠯᠵᠤ᠂ ᠨᠠᠷᠠᠲᠤ ᠲᠡᠮᠳᠡᠭ᠌ᠲᠦ᠍᠎ᠶ᠋ᠢᠨ ᠡᠵᠡᠩᠨᠡᠨ ᠪᠣᠷᠣᠯᠠᠭᠤᠯᠬᠤ ᠲᠥᠰᠦᠯ᠎ᠢ 40 ᠭᠠᠷᠤᠶ ᠵᠦᠢᠯ ᠲᠣᠭᠲᠠᠭ᠋ᠠᠵᠤ᠂ ᠠᠵᠤ ᠠᠬᠤᠢᠯᠠᠯ᠎ᠤᠨ ᠵᠠᠬ᠎ᠠ ᠳᠡᠯᠭᠡᠭᠦᠷ᠎ᠢ ᠥᠷᠭᠡᠳᠭᠡᠬᠦ᠌᠎ᠳᠤ ᠬᠦᠴᠦᠨ ᠨᠡᠮᠡᠷᠢᠯᠡᠪᠡ; 《ᠵᠠᠰᠠᠭ᠎ᠤᠨ ᠣᠷᠳᠣᠨ ᠰᠤᠷᠭᠠᠭᠤᠯᠢ ᠠᠵᠤ ᠠᠬᠤᠢᠯᠠᠯ》᠎ᠤᠨ ᠬᠠᠮᠲᠤᠷᠠᠯᠴᠠᠭᠠᠨ᠎ᠤ ᠲᠠᠪᠴᠠᠩ᠎ᠢ ᠪᠠᠢᠭᠤᠯᠵᠤ᠂ ᠳᠡᠭᠡᠳᠦ ᠰᠤᠷᠭᠠᠭᠤᠯᠢ᠎ᠶ᠋ᠢᠨ ᠬᠦᠷᠢᠶᠡᠯᠡᠩ ᠭᠠᠵᠠᠷ᠎ᠤᠨ ᠣᠶᠤᠨ᠎ᠤ ᠳᠡᠮᠵᠢᠯᠭᠡ᠎ᠶ᠋ᠢ ᠣᠷᠣᠭᠤᠯᠤᠨ ᠠᠪᠴᠢᠷᠠᠵᠤ᠂ ᠣᠶᠤᠨᠴᠢ ᠮᠠᠯᠵᠢᠯ᠎ᠤᠨ ᠲᠠᠯᠠᠪᠠᠶ᠎ᠶ᠋ᠢ ᠥᠨᠳᠥᠷ ᠪᠦᠲᠦᠮᠵᠢᠲᠡᠶ᠎ᠪᠠᠷ ᠠᠵᠢᠯᠯᠠᠭᠤᠯᠬᠤ᠎ᠳᠤ ᠬᠦᠴᠦᠨ ᠣᠯᠭᠣᠵᠦ᠂ ᠠᠵᠤ ᠦᠢᠯᠡᠰ᠎ᠤᠨ ᠲᠠᠰ ᠳᠡᠪᠱᠢᠬᠦ᠌᠎ᠳᠤ ᠱᠢᠨᠵᠢᠯᠡᠬᠦ᠌ ᠤᠬᠠᠭ᠋ᠠᠨ ᠲᠧᠭᠨᠢᠭ ᠮᠡᠷᠭᠡᠵᠢᠯ᠎ᠤᠨ ᠬᠥᠳᠡᠯᠭᠡᠬᠦ᠌ ᠬᠦᠴᠦᠨ ᠨᠡᠮᠡᠷᠢᠯᠡᠪᠡ᠃

ᠮᠠᠨᠵᠤᠤᠷ ᠬᠤᠲᠠ᠄ 《ᠢᠨᠲ᠋ᠧᠷ ᠰᠦᠯᠵᠢᠶ᠎ᠡ+》 ᠬᠢᠨᠠᠯᠲᠠ ᠬᠠᠮᠢᠶᠠᠷᠤᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠳᠤ ᠬᠦᠴᠦᠨ ᠨᠡᠮᠡᠷᠢᠯᠡᠪᠡ

ᠮᠠᠨᠵᠤᠤᠷ ᠬᠣᠲᠠ᠎ᠶᠢᠨ ᠵᠠᠬ᠎ᠠ ᠳᠡᠯᠭᠡᠭᠦᠷ᠎ᠦ᠋ᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ 《ᠢᠨᠲ᠋ᠧᠷ ᠰᠦᠯᠵᠢᠶ᠎ᠡ+ᠬᠢᠨᠠᠯᠲᠠ ᠬᠠᠮᠢᠶᠠᠷᠤᠯᠲᠠ》᠎ᠶᠢᠨ ᠵᠠᠭ᠍ᠪᠤᠷ᠎ᠢ᠋ ᠢᠳᠡᠪᠬᠢᠲᠡᠢ ᠬᠠᠢᠨ ᠰᠦᠪᠡᠭ᠌ᠴᠢᠯᠡᠵᠦ᠍᠂ ᠢᠳᠡᠭᠡᠨ᠂ ᠡᠮ᠎ᠦ᠋ᠨ ᠵᠦᠢᠯ᠂ ᠣᠨᠴᠠᠭ᠋ᠠᠢ ᠲᠥᠷᠥᠯ᠎ᠦ᠋ᠨ ᠲᠥᠬᠥᠭᠡᠷᠦᠮᠵᠢ ᠵᠡᠷᠭᠡ ᠬᠦᠷᠢᠶ᠎ᠡ ᠴᠠᠷᠠᠭ᠎ᠠ᠎ᠶᠢ ᠴᠣᠭ᠍ᠴᠠᠵᠢᠭᠤᠯᠤᠭ᠍ᠰᠠᠨ ᠡᠵᠡᠩᠨᠡᠯᠲᠡ᠎ᠶᠢᠨ ᠪᠠᠢᠳᠠᠯ᠎ᠢ ᠬᠢᠨᠠᠨ ᠬᠠᠮᠢᠶᠠᠷᠬᠤ ᠬᠡᠷᠡᠭ᠌ᠯᠡᠭᠡᠨ᠎ᠦ᠌ ᠲᠠᠪᠴᠠᠩ᠎ᠢ᠋ ᠨᠡᠭᠡᠭᠡᠪᠡ᠃ ᠢᠨᠲ᠋ᠧᠷ ᠰᠦᠯᠵᠢᠶ᠎ᠡ ᠪᠠ ᠲᠣᠮᠣ ᠳ᠋ᠠᠢᠲ᠋ᠠ᠎ᠳᠤ ᠲᠦᠱᠢᠭ᠌ᠯᠡᠨ᠂ ᠬᠢᠨᠠᠨ ᠬᠠᠮᠢᠶᠠᠷᠬᠤ ᠠᠵᠢᠯᠲᠠᠨ᠎ᠠᠴᠠ ᠲᠤᠬᠠᠶ᠎ᠶ᠋ᠢᠨ ᠭᠠᠵᠠᠷ᠎ᠲᠤ ᠨᠢ ᠲᠤᠭ᠎ᠠ ᠪᠠᠷᠢᠮᠲᠠ ᠴᠤᠭᠯᠠᠭᠤᠯᠵᠤ᠂ ᠵᠠᠬ᠎ᠠ ᠳᠡᠯᠭᠡᠭᠦᠷ᠎ᠤᠨ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢᠨ ᠵᠠᠭᠪᠤᠷ ᠪᠠ ᠥᠨᠳᠥᠰᠦᠨ ᠲᠤᠭ᠎ᠠ ᠪᠠᠷᠢᠮᠲᠠ᠎ᠶᠢᠨ ᠲᠣᠳᠣᠷᠬᠠᠶ ᠢᠯᠡᠷᠡᠭᠦᠯᠬᠦ᠌᠎ᠶ᠋ᠢ ᠪᠡᠶᠡᠯᠡᠭᠦᠯᠵᠦ᠍᠂ ᠰᠦᠯᠵᠢᠶᠡᠨ᠎ᠳᠤ ᠭᠠᠷᠬᠤ ᠲᠦᠭ᠌ᠰᠢᠭᠦᠷᠢ᠎ᠶ᠋ᠢ ᠦᠨᠡᠯᠡᠨ ᠲᠣᠭ᠍ᠲᠠᠭᠠᠬᠤ᠂ ᠡᠵᠡᠩᠨᠡᠯᠲᠡ᠎ᠶ᠋ᠢᠨ ᠪᠠᠢᠳᠠᠯ᠎ᠢ ᠪᠠᠢᠴᠠᠭᠠᠨ ᠯᠠᠪᠯᠠᠬᠤ᠂ ᠬᠢᠨᠠᠨ ᠬᠠᠮᠢᠶᠠᠷᠬᠤ᠎ᠳᠤ ᠣᠷᠣ ᠮᠥᠷ ᠦᠯᠡᠳᠡᠭᠡᠬᠦ᠌ ᠵᠡᠷᠭᠡ ᠣᠯᠠᠨ ᠵᠦᠢᠯ᠎ᠤᠨ ᠴᠢᠳᠠᠮᠵᠢ ᠨᠢ ᠺᠣᠮᠫᠢᠦ᠋ᠲ᠋ᠧᠷ ᠪᠠ ᠭᠠᠷ ᠤᠲᠠᠰᠤ᠎ᠤᠨ ᠬᠤᠤᠰ ᠴᠢᠭ᠌ᠯᠡᠯ᠎ᠢᠶᠠᠷ ᠠᠵᠢᠯᠯᠠᠬᠤ᠎ᠶ᠋ᠢ ᠳᠡᠮᠵᠢᠨ᠎ᠡ᠃ ᠣᠲᠣ ᠨᠢᠭᠡᠨᠲᠡ ᠪᠥᠬᠦ᠌ ᠬᠤᠲᠠ᠎ᠶ᠋ᠢᠨ 5454 ᠡᠷᠦᠬᠡ ᠡᠵᠡᠩᠨᠡᠯᠲᠡ᠎ᠶ᠋ᠢᠨ ᠭᠤᠤᠯ ᠴᠣᠭ᠍ᠴᠠ᠎ᠳᠤ ᠣᠷᠣᠭᠤᠯᠵᠤ᠂ ᠡᠳᠦᠷ ᠲᠤᠲᠤᠮ᠎ᠤᠨ ᠪᠠᠢᠴᠠᠭᠠᠯᠲᠠ᠂ ᠲᠤᠰᠭᠠᠶ ᠪᠠᠢᠴᠠᠭᠠᠯᠲᠠ ᠵᠢᠴᠢ ᠵᠠᠭ᠋ᠠᠯᠳᠣᠭ᠎ᠠ ᠢᠯᠡᠴᠢᠯᠡᠨ ᠮᠡᠳᠡᠭᠦᠯᠦᠯᠲᠡ᠎ᠶᠢ ᠱᠢᠢᠳᠪᠦᠷᠢᠯᠡᠬᠦ᠌ ᠵᠡᠷᠭᠡ ᠲᠡᠮᠳᠡᠭ᠌ᠯᠡᠯ᠎ᠢ 6000 ᠵᠤᠷᠪᠤᠰ᠎ᠠᠴᠠ ᠳᠠᠪᠠᠭᠤᠯᠪᠠ᠃ 《ᠢᠨᠲ᠋ᠧᠷ ᠰᠦᠯᠵᠢᠶ᠎ᠡ+ ᠢᠯᠡ ᠲᠣᠳᠣ ᠲᠣᠭᠤᠭᠠᠨ ᠬᠡᠷ》᠎ᠤᠨ ᠣᠶᠤᠨᠴᠢ ᠬᠢᠨᠠᠯᠲᠠ ᠬᠠᠮᠢᠶᠠᠷᠤᠯᠲᠠ᠎ᠶ᠋ᠢᠨ ᠲᠠᠪᠴᠠᠩ᠎ᠤᠨ ᠪᠠᠢᠭᠤᠯᠤᠯᠲᠠ᠎ᠶ᠋ᠢ ᠠᠬᠢᠭᠤᠯᠵᠤ᠂ ᠢᠳᠡᠭᠡᠨ ᠤᠮᠳᠠᠭ᠋ᠠᠨ᠎ᠤ ᠨᠢᠭᠡᠴᠢ᠎ᠶ᠋ᠢᠨ ᠪᠤᠯᠪᠠᠰᠤᠷᠠᠭᠤᠯᠬᠤ ᠲᠣᠭᠤᠷᠢᠭ᠎ᠲᠤ ᠳᠦᠷᠰᠦ ᠱᠢᠩᠭᠡᠭᠡᠬᠦ᠌ ᠮᠠᠱᠢᠨ ᠤᠭᠰᠠᠷᠠᠵᠤ᠂ ᠬᠢᠨᠠᠨ ᠡᠵᠡᠮᠳᠡᠬᠦ᠌ ᠮᠡᠳᠡᠭᠡ ᠵᠠᠩᠭᠢ᠎ᠶ᠋ᠢ ᠬᠢᠨᠠᠨ ᠬᠠᠮᠢᠶᠠᠷᠬᠤ ᠠᠷᠤ ᠲᠠᠪᠴᠠᠩ᠂ ᠠᠵᠢᠯᠲᠠᠨ᠎ᠤ ᠭᠠᠷ ᠤᠲᠠᠰᠤᠨ᠎ᠤ APP᠎ᠳᠤ ᠵᠡᠷᠭᠡ᠎ᠪᠠᠷ ᠬᠦᠷᠭᠡᠬᠦ᠌᠎ᠶ᠋ᠢᠨ ᠬᠠᠮᠲᠤ ᠬᠡᠷᠡᠭ᠌ᠯᠡᠭ᠌ᠴᠢᠳ᠎ᠲᠤ ᠢᠯᠡ ᠪᠣᠯᠭᠠᠨ᠎ᠠ᠃ ᠣᠳᠣᠬᠠᠨ᠎ᠳᠤ᠂ ᠮᠠᠨᠵᠤᠤᠷ ᠬᠤᠲᠠ᠎ᠶ᠋ᠢᠨ ᠨᠠᠰᠤᠲᠠᠨ᠎ᠢ ᠠᠰᠠᠷᠠᠬᠤ ᠬᠦᠷᠢᠶᠡᠯᠡᠩ᠂ ᠰᠤᠷᠭᠠᠭᠤᠯᠢ᠂ ᠬᠡᠤᠬᠡᠳ ᠰᠠᠭᠠᠲᠠᠭᠤᠯᠬᠤ ᠪᠠᠢᠭᠤᠯᠤᠮᠵᠢ ᠵᠡᠷᠭᠡ 29 ᠡᠷᠦᠬᠡ ᠲᠥᠪᠯᠡᠷᠡᠭᠦᠯᠦᠨ ᠬᠤᠭᠤᠯᠠ ᠢᠳᠡᠬᠦ᠌ ᠨᠢᠭᠡᠴᠢ ᠵᠢᠴᠢ 494 ᠡᠷᠦᠬᠡ ᠢᠳᠡᠭᠡᠨ ᠤᠮᠳᠠᠭ᠋ᠠᠨ᠎ᠤ ᠦᠢᠯᠡᠴᠢᠯᠡᠭᠡᠨ᠎ᠤ ᠨᠢᠭᠡᠴᠢ᠎ᠶᠢ ᠨᠢᠭᠡᠨᠲᠡ ᠪᠠᠢᠭᠤᠯᠵᠤ ᠳᠠᠭᠤᠰᠭᠠᠭ᠍ᠰᠠᠨ ᠪᠥᠭᠡᠳ ᠠᠱᠢᠭ᠍ᠯᠠᠯᠲᠠ᠎ᠳᠤ ᠣᠷᠣᠭᠤᠯᠪᠠ᠃

ᠰᠢᠲᠠᠮᠠᠬᠠᠢ ᠬᠡᠢ᠎ᠶᠢᠨ ᠯᠣᠩᠬᠣ ᠎ᠶᠢᠨ ᠠᠮᠤᠷ ᠲᠦᠪᠰᠢᠨ᠎ᠢ᠋ ᠴᠢᠩᠭ᠎ᠠ ᠠᠩᠬᠠᠷᠴᠤ᠌᠂ ᠪᠦᠬᠦ᠌ ᠶᠠᠪᠤᠴᠠ᠎ᠶᠢ ᠨᠡᠬᠡᠮᠵᠢᠯᠡᠬᠦ᠌ ᠬᠠᠮᠢᠶᠠᠷᠤᠯᠲᠠ᠎ᠶᠢᠨ ᠲᠤᠭᠲᠠᠯᠴᠠᠭ᠎ᠠ᠎ᠶᠢ ᠪᠠᠢ᠌ᠭᠤᠯᠪᠠ᠃ ᠮᠠᠨᠵᠤᠤᠷ ᠬᠣᠲᠠ᠎ᠶᠢᠨ ᠵᠠᠬ᠎ᠠ ᠳᠡᠯᠭᠡᠭᠦᠷ᠎ᠦ᠋ᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ ᠪᠣᠳᠠᠲᠤ ᠪᠠᠢᠳᠠᠯ᠎ᠳᠤ᠎ᠪᠠᠨ ᠲᠥᠰᠢᠭᠯᠡᠨ᠂《ᠲᠤᠬᠠᠢ᠎ᠶᠢᠨ ᠭᠠᠵᠠᠷ᠎ᠲᠤ᠎ᠪᠠᠨ ᠲᠤᠬᠢᠷᠠᠭᠤᠯᠤᠨ᠂ ᠨᠠᠷᠢᠯᠢᠭ ᠣᠨᠣᠪᠴᠢᠲᠠᠢ ᠠᠷᠭ᠎ᠠ ᠪᠣᠳᠣᠯᠭ᠎ᠠ ᠬᠡᠷᠡᠭ᠌ᠵᠢᠭᠦᠯᠬᠦ᠌᠂ ᠥᠪᠡᠷ᠎ᠦ᠋ᠨ ᠥᠷᠲᠡᠭ᠎ᠢ᠋ ᠠᠷᠪᠢᠯᠠᠬᠤ᠂ ᠳᠥᠭᠥᠮ ᠲᠦᠳᠡ ᠥᠨᠳᠥᠷ ᠪᠦᠲᠦᠮᠵᠢᠲᠡᠢ᠂ ᠨᠢᠭᠡᠳᠦᠯᠲᠡᠢ ᠲᠥᠯᠥᠪᠯᠡᠨ ᠠᠬᠢᠭᠤᠯᠬᠤ》 ᠠᠵᠢᠯ᠎ᠤ᠋ᠨ ᠰᠡᠳᠭᠢᠴᠡ᠎ᠪᠠᠷ᠂ ᠣᠳᠣ᠎ᠶᠢᠨ ᠪᠠᠢᠭ᠎ᠠ ᠲᠣᠭ᠎ᠠ ᠪᠠᠷᠢᠮᠲᠠ᠎ᠪᠠᠨ ᠠᠰᠢᠭᠯᠠᠵᠤ᠂ ᠯᠤᠩᠬᠤᠨ ᠎ᠳ᠋ᠤ ᠰᠠᠪᠠᠯᠠᠭ᠍ᠰᠠᠨ ᠱᠢᠩᠭᠡᠵᠢᠮᠡᠯ ᠴᠢᠯᠠᠭᠤᠨ ᠲᠣᠰᠣᠨ᠎ᠤ᠋ ᠬᠡᠢ᠎ᠶᠢᠨ ᠪᠦᠬᠦ᠌ ᠶᠠᠪᠤᠴᠠ᠎ᠶᠢ ᠨᠡᠬᠡᠮᠵᠢᠯᠡᠬᠦ ᠰᠢᠰᠲ᠋ᠧᠮ᠎ᠢ ᠨᠡᠭᠡᠭᠡᠪᠡ᠃ ᠪᠥᠬᠦ᠌ ᠬᠤᠲᠠ᠎ᠶ᠋ᠢᠨ ᠭᠤᠷᠪᠠᠨ ᠡᠷᠦᠬᠡ ᠰᠢᠲᠠᠮᠠᠬᠠᠢ ᠬᠡᠶ᠎ᠶ᠋ᠢᠨ ᠠᠵᠤ ᠠᠬᠤᠢᠯᠠᠯ᠎ᠤᠨ 6.8 ᠲᠦᠮᠡ ᠭᠠᠷᠤᠶ ᠱᠢᠲᠠᠮᠠᠬᠠᠶ ᠬᠡᠶ᠎ᠶ᠋ᠢᠨ ᠯᠣᠩᠬᠤ᠎ᠶᠢ ᠪᠦᠬᠦᠨ᠎ᠢ ᠱᠢᠰᠲ᠋ᠧᠮᠳᠦ ᠬᠠᠮᠢᠶᠠᠷᠤᠯᠲᠠ᠎ᠳᠤ ᠣᠷᠣᠭᠤᠯᠵᠤ᠂ ᠱᠢᠲᠠᠮᠠᠬᠠᠶ ᠬᠡᠶ᠎ᠶ᠋ᠢᠨ ᠯᠣᠩᠬᠤ᠎ᠶᠢᠨ ᠳᠡᠩᠰᠡᠯᠡᠨ ᠲᠡᠮᠳᠡᠭ᠌ᠯᠡᠬᠦ᠂ ᠰᠠᠪᠠᠯᠠᠬᠤ᠂ ᠲᠡᠭᠡᠭᠡᠪᠦᠷᠢᠯᠡᠬᠦ᠂ ᠡᠷᠦᠬᠡ᠎ᠳᠤ ᠣᠷᠣᠭᠤᠯᠬᠤ᠂ ᠠᠮᠤᠷ ᠲᠦᠪᠱᠢᠨ᠎ᠤ ᠪᠠᠢᠴᠠᠭᠠᠯᠲᠠ ᠬᠢᠬᠦ᠂ ᠡᠭᠡᠭᠦᠯᠦᠨ ᠬᠤᠷᠢᠶᠠᠬᠤ᠂ ᠬᠠᠳᠠᠭᠠᠯᠠᠬᠤ᠂ ᠬᠡᠷᠡᠭ᠌ᠯᠡᠭᠡᠨ᠎ᠠᠴᠠ ᠭᠠᠷᠭᠠᠬᠤ ᠵᠡᠷᠭᠡ ᠡᠯ᠎ᠡ ᠭᠤᠭ᠍ᠴᠤᠭ᠎ᠠ᠎ᠳᠤ ᠪᠥᠬᠦ᠌ ᠶᠠᠪᠤᠴᠠ᠎ᠶ᠋ᠢᠨ ᠰᠦᠯᠵᠢᠶᠡᠨ ᠳᠡᠭᠡᠷᠡᠬᠢ ᠬᠠᠮᠢᠶᠠᠷᠤᠯᠲᠠ ᠬᠢᠬᠦ᠌᠎ᠪᠠᠷ ᠳᠠᠮᠵᠢᠭᠤᠯᠤᠨ᠂ ᠱᠢᠲᠠᠮᠠᠬᠠᠶ ᠬᠡᠶ᠎ᠶ᠋ᠢᠨ ᠯᠣᠩᠬᠤ᠎ᠶᠢᠨ ᠺᠣᠳ᠋ ᠬᠠᠷᠢᠯᠴᠠᠨ ᠮᠡᠳᠡᠷᠡᠵᠦ᠍ ᠬᠠᠷᠢᠯᠴᠠᠨ ᠨᠡᠪᠲᠡᠷᠡᠯᠴᠡᠬᠦ᠌ ᠥᠬᠡᠶ᠂ ᠲᠣᠰ ᠠᠵᠤ ᠠᠬᠤᠢᠯᠠᠯ᠎ᠤᠨ ᠪᠤᠰᠤ ᠬᠡᠶ᠎ᠶ᠋ᠢᠨ ᠯᠣᠩᠬᠤ᠎ᠶ᠋ᠢ ᠴᠠᠭ ᠲᠤᠬᠠᠶ᠎ᠳᠤ ᠨᠢ ᠪᠤᠴᠠᠭᠠᠬᠤ ᠥᠬᠡᠶ᠂ ᠪᠥᠬᠦ᠌ ᠬᠤᠲᠠ᠎ᠶ᠋ᠢᠨ ᠱᠢᠲᠠᠮᠠᠬᠠᠶ ᠬᠡᠶ᠎ᠶ᠋ᠢᠨ ᠯᠣᠩᠬᠤ᠎ᠶᠢᠨ ᠰᠠᠭᠤᠷᠢ ᠲᠤᠭ᠎ᠠ ᠲᠣᠳᠣᠷᠬᠠᠶ ᠥᠬᠡᠶ ᠪᠠᠢᠬᠤ ᠠᠰᠠᠭᠤᠳᠠᠯ᠎ᠢ ᠱᠢᠢᠳᠪᠦᠷᠢᠯᠡᠵᠦ᠍᠂ ᠠᠵᠤ ᠠᠬᠤᠢᠯᠠᠯ ᠪᠠ ᠬᠢᠨᠠᠨ ᠬᠠᠮᠢᠶᠠᠷᠬᠤ ᠰᠠᠯᠠᠭ᠎ᠠ ᠮᠥᠴᠢᠷ᠎ᠤᠨ ᠰᠦᠯᠵᠢᠶᠡᠨ ᠳᠡᠭᠡᠷ᠎ᠡ ᠬᠠᠮᠲᠤ᠎ᠪᠠᠷ ᠬᠠᠮᠢᠶᠠᠷᠬᠤ᠂ ᠱᠢᠲᠠᠮᠠᠬᠠᠶ ᠬᠡᠶ᠎ᠶ᠋ᠢᠨ ᠯᠣᠩᠬᠤ᠎ᠶ᠋ᠢ ᠡᠬᠢᠯᠡᠨ ᠬᠡᠷᠡᠭ᠌ᠯᠡᠭ᠌ᠰᠡᠨ᠎ᠠᠴᠠ ᠬᠡᠷᠡᠭ᠌ᠯᠡᠭᠡᠨ᠎ᠠᠴᠠ ᠭᠠᠷᠭᠠᠬᠤ ᠪᠥᠬᠦ᠌ ᠠᠮᠢ᠎ᠶᠢᠨ ᠦᠶᠡᠯᠡᠯ᠎ᠤᠨ ᠲᠡᠮᠳᠡᠭ᠌ᠯᠡᠯ᠎ᠢ ᠪᠡᠶᠡᠯᠡᠭᠦᠯᠪᠡ᠃

ᠡᠷᠢᠶᠡᠨ ᠬᠤᠲᠠ᠄ ᠪᠢᠲᠡᠭᠦᠦ ᠴᠠᠭᠠᠷᠢᠭ᠎ᠤᠨ ᠬᠠᠮᠢᠶᠠᠷᠤᠯᠲᠠ᠎ᠨᠢ ᠢᠳᠡᠭᠡᠨ᠎ᠤ ᠠᠮᠤᠷ ᠲᠦᠪᠱᠢᠨ᠎ᠤ ᠰᠡᠷᠭᠡᠢᠯᠡᠯᠲᠡ᠎ᠶ᠋ᠢᠨ ᠱᠤᠭᠤᠮ᠎ᠢ ᠴᠢᠩᠭ᠎ᠠ ᠰᠠᠬᠢᠪᠠ

ᠡᠬᠢ ᠡᠭᠦᠰᠦᠯ᠎ᠠᠴᠠ᠎ᠨᠢ ᠰᠡᠷᠭᠡᠢᠯᠡᠨ ᠡᠵᠡᠮᠳᠡᠬᠦ᠌᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠢᠳᠡᠭᠡᠨ᠎ᠤ ᠠᠮᠤᠷ ᠲᠦᠪᠱᠢᠨ᠎ᠤ ᠬᠠᠷᠢᠭᠤᠴᠠᠯᠭ᠎ᠠ᠎ᠶ᠋ᠢᠨ ᠬᠡᠯᠬᠢᠶ᠎ᠡ᠎ᠶ᠋ᠢ ᠴᠢᠩᠭᠠᠯᠠᠪᠠ᠃ ᠢᠳᠡᠭᠡᠨ᠎ᠤ ᠠᠮᠤᠷ ᠲᠦᠪᠱᠢᠨ᠎ᠤ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠴᠢᠩᠭ᠎ᠠ ᠪᠣᠳᠠᠲᠠᠢᠵᠢᠭᠤᠯᠵᠤ᠂ ᠬᠡᠤᠬᠡᠳ᠎ᠤᠨ ᠴᠡᠴᠡᠷᠯᠢᠭ᠎ᠦᠨ ᠪᠠᠢᠭᠤᠯᠤᠮᠵᠢ᠎ᠶ᠋ᠢᠨ ᠬᠤᠭᠤᠯᠠᠨ ᠬᠡᠷ᠎ᠢ ᠱᠢᠮᠳᠠᠭᠤᠯᠵᠤ ᠪᠠᠢᠭᠠᠳ ᠬᠠᠲᠠᠭᠤ ᠲᠤᠨᠤᠭ ᠲᠥᠬᠦᠭᠡᠷᠦᠮᠵᠢ᠂ ᠢᠳᠡᠭᠡᠨ᠎ᠤ ᠮᠠᠲ᠋ᠧᠷᠢᠶᠠᠯ᠎ᠤᠨ ᠬᠠᠮᠢᠶᠠᠷᠤᠯᠲᠠ᠂ ᠠᠵᠢᠯᠲᠠᠨ᠎ᠤ ᠡᠷᠡᠭᠦᠯ ᠮᠡᠨᠳᠦ᠂ ᠪᠤᠯᠪᠠᠰᠤᠷᠠᠭᠤᠯᠬᠤ᠎ᠶ᠋ᠢ ᠵᠢᠷᠤᠮᠵᠢᠭᠤᠯᠬᠤ ᠵᠡᠷᠭᠡ 4 ᠶᠡᠭᠡ ᠭᠤᠤᠯ ᠵᠠᠩᠭᠢᠯᠠᠭ᠎ᠠ᠎ᠶ᠋ᠢᠨ ᠭᠤᠭᠴᠤᠭ᠋ᠠᠨ᠎ᠳᠤ ᠰᠤᠷᠭᠠᠭᠤᠯᠢ ᠡᠬᠢᠯᠡᠬᠦ᠌᠎ᠠᠴᠠ ᠡᠮᠦᠨ᠎ᠡ ᠪᠥᠬᠦ᠌ ᠲᠠᠯ᠎ᠠ᠎ᠪᠠᠷ ᠥᠪᠡᠷ᠎ᠢ᠎ᠪᠡᠨ ᠪᠠᠢᠴᠠᠭᠠᠬᠤ᠎ᠶ᠋ᠢ ᠥᠷᠨᠢᠭᠦᠯᠵᠦ᠍᠂ ᠬᠠᠲᠠᠭᠤ ᠲᠤᠨᠤᠭ ᠲᠥᠬᠦᠭᠡᠷᠦᠮᠵᠢ᠎ᠶᠢᠨ ᠬᠠᠭᠤᠴᠢᠷᠠᠭᠰᠠᠨ᠂ ᠴᠢᠳᠠᠮᠵᠢ᠎ᠶ᠋ᠢᠨ ᠣᠷᠣᠨ ᠪᠦᠰᠡ᠎ᠶ᠋ᠢᠨ ᠪᠠᠢᠷᠢᠱᠢᠭᠤᠯᠤᠯ᠎ᠨᠢ ᠵᠦᠶ ᠵᠣᠬᠢᠰ ᠥᠬᠡᠶ᠂ ᠢᠳᠡᠭᠡᠨ᠎ᠤ ᠮᠠᠲ᠋ᠧᠷᠢᠶᠠᠯ᠎ᠤᠨ ᠬᠠᠳᠠᠭᠠᠯᠠᠯᠲᠠ᠎ᠨᠢ ᠵᠢᠷᠤᠮᠵᠢᠯ ᠥᠬᠡᠶ ᠵᠡᠷᠭᠡ ᠲᠣᠪᠤᠢᠮ᠎ᠠ ᠠᠰᠠᠭᠤᠳᠠᠯ᠎ᠢ ᠬᠠᠨᠳᠤᠯᠭᠠᠲᠤ ᠴᠢᠨᠠᠷᠲᠠᠶ᠎ᠪᠠᠷ ᠴᠡᠭ᠌ᠴᠡᠯᠡᠨ ᠰᠠᠢ᠌ᠵᠢᠷᠠᠭᠤᠯᠪᠠ᠃ ᠲᠤᠬᠠᠢᠯᠠᠭ᠍ᠰᠠᠨ ᠠᠵᠢᠯ᠎ᠤᠨ ᠭᠤᠤᠯᠯᠠᠭ᠍ᠴᠢ ᠬᠦᠴᠦᠨ᠂ ᠬᠠᠤᠯᠢ ᠬᠡᠷᠡᠭ᠌ᠵᠢᠭᠦᠯᠬᠦ᠌ ᠠᠵᠢᠯᠲᠠᠨ᠎ᠢᠶᠠᠷ ᠪᠦᠷᠢᠯᠳᠦᠭ᠌ᠰᠡᠨ ᠲᠤᠰᠭᠠᠶ ᠵᠢᠯᠣᠭᠤᠳᠭᠤ ᠳᠤᠭᠤᠢ᠌ᠯᠠᠩ᠎ᠢ ᠵᠣᠬᠢᠶᠠᠨ ᠪᠠᠢᠭᠤᠯᠵᠤ᠂ ᠥᠪᠡᠷ᠎ᠢ᠎ᠪᠡᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠤᠭ᠍ᠰᠠᠨ ᠪᠠᠢᠳᠠᠯ᠎ᠳᠤ ᠭᠤᠭ᠍ᠴᠤᠭ᠎ᠠ ᠳᠠᠷᠠᠭᠠᠯᠠᠨ ᠳᠠᠬᠢᠨ ᠬᠠᠷᠠᠭᠤᠯᠬᠤ 《ᠪᠡᠶ᠎ᠡ᠎ᠶ᠋ᠢᠨ ᠪᠠᠢᠴᠠᠭᠠᠯᠲᠠ》᠎ᠶ᠋ᠢ ᠥᠷᠨᠢᠭᠦᠯᠵᠦ᠂ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ᠎ᠶ᠋ᠢ ᠦᠨᠡᠨ ᠬᠦ᠌ ᠪᠠᠲᠤᠯᠠᠵᠤ᠂ ᠢᠳᠡᠭᠡᠨ᠎ᠤ ᠠᠮᠤᠷ ᠲᠦᠪᠱᠢᠨ᠎ᠤ ᠲᠦᠭ᠌ᠰᠢᠭᠦᠷᠢ᠎ᠶ᠋ᠢᠨ ᠳᠠᠯᠳᠠ ᠬᠡᠮ᠎ᠢ ᠡᠬᠢ ᠡᠭᠦᠰᠦᠯ᠎ᠠᠴᠠ᠎ᠨᠢ ᠬᠣᠷᠢᠭᠯᠠᠪᠠ᠃ ᠢᠳᠡᠭᠡᠨ᠎ᠤ ᠲᠤᠰᠭᠠᠶ ᠮᠡᠷᠭᠡᠵᠢᠯᠲᠡᠨ᠎ᠢ ᠤᠷᠢᠵᠤ ᠣᠨᠣᠯ ᠲᠠᠢᠯᠪᠤᠷᠢᠯᠠᠬᠤ᠂ ᠬᠡᠷᠡᠭ᠎ᠤᠨ ᠵᠢᠱ᠌ᠢᠶ᠎ᠡ᠎ᠶ᠋ᠢ ᠵᠠᠳᠠᠯᠬᠤ ᠵᠡᠷᠭᠡ ᠬᠡᠯᠪᠡᠷᠢ᠎ᠪᠠᠷ ᠳᠠᠮᠵᠢᠭᠤᠯᠤᠨ᠂ ᠬᠠᠤᠯᠢ ᠲᠣᠭ᠍ᠲᠠᠭᠠᠯ᠎ᠤᠨ ᠵᠢᠷᠤᠮᠵᠢᠯ ᠪᠠ ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠬᠦ᠌ ᠭᠤᠤᠯᠳᠠᠯᠭ᠎ᠠ᠎ᠶ᠋ᠢ ᠲᠠᠢᠯᠪᠤᠷᠢᠯᠠᠵᠤ᠂ ᠰᠤᠷᠭᠠᠭᠤᠯᠢ᠎ᠶ᠋ᠢᠨ ᠬᠤᠭᠤᠯᠠᠨ ᠬᠡᠷ᠎ᠤᠨ ᠬᠠᠷᠢᠭᠤᠴᠠᠯᠭᠠᠲᠠᠨ᠂ ᠢᠳᠡᠭᠡᠨ᠎ᠤ ᠠᠮᠤᠷ ᠲᠦᠪᠱᠢᠨ᠎ᠤ ᠬᠠᠮᠢᠶᠠᠷᠤᠯᠲᠠ᠎ᠶ᠋ᠢᠨ ᠠᠵᠢᠯᠲᠠᠨ᠎ᠤ ᠪᠦᠬᠦᠨ᠎ᠢ ᠬᠠᠮᠤᠷᠤᠭ᠍ᠰᠠᠨ ᠪᠣᠯᠪᠠᠰᠤᠷᠠᠯ᠎ᠢ ᠪᠡᠶᠡᠯᠡᠭᠦᠯᠪᠡ᠃

ᠬᠤᠯᠪᠣᠭᠠᠯᠠᠨ ᠰᠡᠷᠭᠡᠢᠯᠡᠵᠦ᠍ ᠬᠤᠯᠪᠣᠭᠠᠯᠠᠨ ᠡᠵᠡᠮᠳᠡᠬᠦ᠌᠎ᠶ᠋ᠢ ᠭᠦᠨᠵᠡᠭᠡᠢᠷᠡᠭᠦᠯᠵᠦ᠍᠂ ᠰᠤᠷᠭᠠᠭᠤᠯᠢ᠎ᠶ᠋ᠢᠨ ᠬᠦᠷᠢᠶᠡᠨ᠎ᠤ ᠢᠳᠡᠭᠡᠨ᠎ᠤ ᠠᠮᠤᠷ ᠲᠦᠪᠱᠢᠨ᠎ᠤ ᠬᠢᠨᠠᠯᠲᠠ ᠬᠠᠮᠢᠶᠠᠷᠤᠯᠲᠠ᠎ᠶ᠋ᠢᠨ ᠬᠠᠮᠲᠤᠷᠠᠯ ᠬᠦᠴᠦᠨ᠎ᠢ ᠨᠢᠭ᠍ᠲᠠᠷᠠᠭᠤᠯᠪᠠ᠃ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠂ ᠰᠤᠷᠭᠠᠨ ᠬᠥᠮᠦᠵᠢᠯ᠂ ᠳᠣᠲᠣᠭᠠᠳᠤ᠎ᠶ᠋ᠢ ᠬᠠᠮᠠᠭᠠᠯᠠᠬᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠵᠡᠷᠭᠡ ᠣᠯᠠᠨ ᠰᠠᠯᠠᠭ᠎ᠠ ᠮᠥᠴᠢᠷ᠎ᠤᠨ ᠬᠠᠮᠵᠢᠯᠴᠠᠨ ᠬᠥᠳᠡᠯᠦᠯᠴᠡᠬᠦ᠌ ᠠᠵᠢᠯ᠎ᠤᠨ ᠲᠤᠭᠲᠠᠯᠴᠠᠭ᠎ᠠ᠎ᠶ᠋ᠢ ᠲᠦᠷᠦᠭᠦᠯᠡᠨ ᠪᠠᠢᠭᠤᠯᠵᠤ᠂ ᠰᠤᠷᠭᠠᠭᠤᠯᠢ᠎ᠶ᠋ᠢᠨ ᠬᠦᠷᠢᠶᠡᠨ᠎ᠤ ᠡᠷᠬᠢᠨ ᠲᠣᠭᠤᠷᠢᠨ᠎ᠤ 200 ᠮᠧᠲᠷ᠎ᠤᠨ ᠬᠡᠪᠴᠢᠶ᠎ᠡ᠎ᠪᠠᠷ ᠭᠤᠤᠯᠳᠠᠯᠭ᠎ᠠ᠎ᠲᠠᠢ ᠬᠢᠨᠠᠨ ᠬᠠᠮᠢᠶᠠᠷᠬᠤ ᠣᠷᠣᠨ ᠪᠦᠰᠡ ᠪᠣᠯᠭ᠋ᠠᠨ᠂ 《ᠲᠠᠪᠤᠨ ᠮᠥᠩᠭᠥᠨ ᠢᠳᠡᠭᠡᠨ᠎ᠤ ᠵᠦᠢᠯ》᠂ ᠬᠤᠭᠤᠴᠠᠭ᠎ᠠ ᠥᠩᠭᠡᠷᠡᠭᠰᠡᠨ ᠢᠳᠡᠭᠡᠨ ᠵᠡᠷᠭᠡ ᠲᠣᠪᠤᠢᠮ᠎ᠠ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠦᠨ᠂ ᠬᠠᠨᠳᠤᠯᠭᠠᠲᠤ ᠴᠢᠨᠠᠷᠲᠠᠶ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ ᠠᠵᠢᠯ᠎ᠢ ᠥᠷᠨᠢᠭᠦᠯᠪᠡ᠃ ᠬᠠᠪᠤᠷ ᠨᠠᠮᠤᠷ᠎ᠤᠨ᠎ᠦᠯᠠᠷᠢᠯ᠎ᠤᠨ ᠰᠤᠷᠭ᠋ᠠᠭᠤᠯᠢ ᠡᠬᠢᠯᠡᠬᠦ᠌ ᠵᠡᠷᠭᠡ ᠵᠠᠩᠭᠢᠯᠠᠭ᠎ᠠ᠎ᠶ᠋ᠢᠨ ᠴᠡᠭ᠎ᠲᠤ᠌᠂ ᠪᠦᠬᠦᠨ᠎ᠢ ᠬᠠᠮᠤᠷᠬᠤ᠂ ᠪᠦᠬᠦ᠌ ᠬᠦᠴᠦᠨ ᠵᠦᠢᠯ᠎ᠤᠨ ᠬᠠᠮᠲᠤᠷᠠᠭ᠍ᠰᠠᠨ ᠬᠠᠤᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠯᠲᠠ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ ᠬᠠᠤᠯᠢ ᠲᠣᠭ᠍ᠲᠠᠭᠠᠯ᠎ᠠᠴᠠ ᠵᠥᠷᠢᠴᠡᠭ᠌ᠰᠡᠨ ᠡᠵᠡᠩᠨᠡᠯᠲᠡ᠎ᠶ᠋ᠢᠨ ᠦᠢᠯᠡ ᠠᠵᠢᠯᠯᠠᠭ᠎ᠠ᠎ᠳᠤ 《ᠥᠴᠦᠬᠡᠨ ᠴᠦ᠍ ᠠᠭᠤᠴᠢᠯᠠᠬᠤ ᠦᠭᠡᠢ》᠎ᠶ᠋ᠢ ᠪᠠᠷᠢᠮᠲᠠᠯᠠᠵᠤ᠂ ᠴᠢᠩᠭ᠎ᠠ ᠪᠥᠭᠡᠳ ᠲᠦᠷᠭᠡᠨ ᠪᠠᠢᠴᠠᠭᠠᠨ ᠱᠢᠢᠳᠪᠦᠷᠢᠯᠡᠵᠦ᠍᠂ ᠪᠦᠲᠦᠮᠵᠢᠲᠡᠢ ᠬᠢᠨᠠᠯᠲᠠ ᠬᠠᠮᠢᠶᠠᠷᠤᠯᠲᠠ᠎ᠶ᠋ᠢᠨ ᠰᠦᠷᠳᠡᠭᠦᠯᠦᠯ᠎ᠢ ᠪᠤᠢ ᠪᠣᠯᠭᠠᠵᠤ᠂ ᠰᠤᠷᠭᠠᠭᠤᠯᠢ᠎ᠶ᠋ᠢᠨ ᠬᠦᠷᠢᠶᠡᠨ᠎ᠤ ᠡᠷᠬᠢᠨ ᠲᠣᠭᠤᠷᠢᠨ᠎ᠤ ᠢᠳᠡᠭᠡᠨ᠎ᠤ ᠵᠠᠬ᠎ᠠ ᠳᠡᠯᠭᠡᠭᠦᠷ᠎ᠤᠨ ᠣᠷᠴᠢᠨ ᠲᠣᠭᠤᠷᠢᠨ᠎ᠢ ᠦᠨᠡᠨ ᠬᠦ᠌ ᠴᠡᠪᠡᠷᠰᠢᠭᠦᠯᠪᠡ᠃

 

ᠢᠷᠡᠯᠲᠡ᠄ ᠥᠪᠦᠷ ᠮᠣᠩᠭᠣᠯ᠎ᠤᠨ ᠡᠳᠦᠷ᠎ᠦᠨ ᠰᠣᠨᠢᠨ