ᠥᠪᠥᠷ ᠮᠣᠩᠭᠣᠯ᠎ᠦᠨ ᠣᠷᠣᠨ ᠨᠤᠲᠤᠭ᠎ᠤᠨ ᠪᠠᠷᠢᠮᠵᠢᠶ᠎ᠠ 《ᠡᠪᠡᠰᠦᠨ ᠦᠷ᠎ᠡ᠎ᠶ᠋ᠢᠨ ᠦᠢᠯᠡᠳᠪᠦᠷᠢᠯᠡᠯ᠎ᠦᠨ ᠰᠠᠭᠤᠷᠢᠨ ᠭᠠᠵᠠᠷ᠎ᠤᠨ ᠪᠦᠲᠦᠭᠡᠨ ᠪᠠᠢᠭᠤᠯᠤᠯᠲᠠ᠎ᠶ᠋ᠢᠨ ᠮᠡᠷᠭᠡᠵᠢᠯ᠎ᠦᠨ ᠳᠦᠷᠢᠮ》᠎ᠢ ᠨᠡᠢᠲᠡᠯᠡᠨ ᠬᠡᠷᠡᠭ᠌ᠵᠢᠭᠦᠯᠪᠡ
2026-01-29

1 ᠳ᠋ᠦ᠍ᠭᠡᠷ ᠰᠠᠷ᠎ᠠ᠎ᠶ᠋ᠢᠨ 15᠎ᠤ ᠡᠳᠦᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠪᠠᠷᠢᠮᠵᠢᠶ᠎ᠠ 《ᠡᠪᠡᠰᠦᠨ ᠦᠷ᠎ᠡ᠎ᠶ᠋ᠢᠨ ᠦᠢᠯᠡᠳᠪᠦᠷᠢᠯᠡᠯ᠎ᠤᠨ ᠰᠠᠭᠤᠷᠢᠨ ᠭᠠᠵᠠᠷ᠎ᠤᠨ ᠪᠦᠲᠦᠭᠡᠨ ᠪᠠᠢᠭᠤᠯᠤᠯᠲᠠ᠎ᠶ᠋ᠢᠨ ᠮᠡᠷᠭᠡᠵᠢᠯ᠎ᠤᠨ ᠳᠦᠷᠢᠮ》(DB15/T4258-2026)᠎ᠢ ᠵᠢᠩᠬᠢᠨᠢ᠎ᠪᠠᠷ ᠨᠡᠢᠲᠡᠯᠡᠵᠦ᠍᠂ 2 ᠳ᠋ᠤᠭᠠᠷ ᠰᠠᠷ᠎ᠠ᠎ᠶ᠋ᠢᠨ 15᠎ᠤ ᠡᠳᠦᠷ᠎ᠠᠴᠠ ᠡᠬᠢᠯᠡᠨ ᠬᠡᠷᠡᠭ᠌ᠵᠢᠭᠦᠯᠦᠨ᠎ᠡ᠃ ᠲᠣᠰ ᠲᠦᠷᠢᠮ᠎ᠨᠢ ᠪᠥᠬᠦ᠌ ᠥᠪᠡᠷᠲᠡᠭᠡᠨ ᠵᠠᠰᠠᠬᠤ ᠣᠷᠣᠨ᠎ᠤ ᠡᠪᠡᠰᠦᠨ ᠦᠷ᠎ᠡ᠎ᠶ᠋ᠢᠨ ᠠᠵᠦ ᠦᠢᠯᠡᠰ᠎ᠤᠨ ᠬᠥᠭ᠌ᠵᠢᠯᠲᠡ᠎ᠶ᠋ᠢᠨ ᠪᠣᠳᠠᠲᠤ ᠪᠠᠢᠳᠠᠯ᠎ᠳᠤ ᠰᠠᠭᠤᠷᠢᠯᠠᠨ᠂ ᠦᠢᠯᠡᠳᠦᠯᠭᠡ᠎ᠶ᠋ᠢᠨ ᠲᠤᠷᠱᠢᠯᠭ᠎ᠠ᠎ᠪᠠᠨ ᠱᠢᠰᠲ᠋ᠧᠮ᠎ᠲᠠᠢ ᠳ᠋ᠦᠩᠨᠡᠵᠦ᠍᠂ ᠡᠪᠡᠰᠦᠨ ᠦᠷ᠎ᠡ᠎ᠶ᠋ᠢᠨ ᠦᠢᠯᠡᠳᠪᠦᠷᠢᠯᠡᠯ᠎ᠤᠨ ᠣᠷᠣᠨ ᠪᠦᠰᠡ᠎ᠶ᠋ᠢᠨ ᠬᠤᠪᠢᠶᠠᠷᠢᠯᠠᠯ᠂ ᠰᠠᠭᠤᠷᠢᠨ ᠭᠠᠵᠠᠷ ᠰᠣᠩᠭᠤᠬᠤ᠂ ᠰᠠᠭᠤᠷᠢ ᠲᠥᠬᠦᠭᠡᠷᠦᠮᠵᠢ᠎ᠶ᠋ᠢ ᠲᠥᠬᠦᠷᠵᠢᠭᠦᠯᠬᠦ᠂ ᠡᠪᠡᠰᠦᠨ ᠦᠷ᠎ᠡ᠎ᠶ᠋ᠢᠨ ᠦᠢᠯᠡᠳᠪᠦᠷᠢᠯᠡᠯ᠎ᠤᠨ ᠮᠡᠷᠭᠡᠵᠢᠯ ᠵᠡᠷᠭᠡ ᠵᠠᠩᠭᠢᠯᠠᠭ᠎ᠠ᠎ᠶ᠋ᠢᠨ ᠭᠤᠭ᠍ᠴᠤᠭ᠎ᠠ᠎ᠶ᠋ᠢ ᠬᠠᠮᠤᠷᠤᠭ᠍ᠰᠠᠨ ᠶᠡᠷᠦᠩᠬᠡᠢᠯᠡᠭ᠌ᠰᠡᠨ ᠵᠢᠷᠤᠮᠵᠢᠯ᠎ᠤᠨ ᠲᠤᠭᠲᠠᠯᠴᠠᠭ᠎ᠠ᠎ᠶᠢ ᠪᠠᠢᠭᠤᠯᠵᠤ᠂ ᠪᠠᠷᠢᠮᠵᠢᠶᠠᠵᠢᠭᠰᠠᠨ ᠠᠷᠭ᠎ᠠ ᠪᠠᠷᠢᠯ᠎ᠢᠶᠠᠷ ᠡᠪᠡᠰᠦᠨ ᠦᠷ᠎ᠡ᠎ᠶ᠋ᠢᠨ ᠦᠢᠯᠡᠳᠪᠦᠷᠢᠯᠡᠯ᠎ᠤᠨ ᠪᠣᠭᠤᠮᠢ᠎ᠶ᠋ᠢ ᠱᠢᠢᠳᠪᠦᠷᠢᠯᠡᠵᠦ᠍᠂ 《  》᠎ᠤ ᠢᠨᠵᠧᠨᠧᠷᠢᠩ᠎ᠤᠨ ᠠᠮᠢ ᠠᠬᠤᠶ᠎ᠶ᠋ᠢᠨ ᠪᠥᠲᠥᠭᠡᠨ ᠪᠠᠢᠭᠤᠯᠤᠯᠲᠠ᠂ ᠲᠡᠵᠢᠭᠡᠯ ᠡᠪᠡᠰᠦᠨ ᠠᠵᠤ ᠦᠢᠯᠡᠰ᠎ᠤᠨ ᠴᠢᠨᠠᠷ ᠰᠠᠢᠲᠠᠶ ᠬᠥᠭ᠌ᠵᠢᠯᠲᠡ᠎ᠳᠤ ᠬᠦᠴᠦᠷᠬᠡᠭ ᠶᠡᠭᠡ ᠮᠡᠷᠭᠡᠵᠢᠯ᠎ᠤᠨ ᠬᠥᠳᠡᠯᠭᠡᠬᠦ᠌ ᠬᠦᠴᠦᠨ ᠨᠡᠮᠡᠷᠢᠯᠡᠪᠡ᠃

ᠡᠪᠡᠰᠦᠨ ᠦᠷ᠎ᠡ᠎ᠶᠢᠨ ᠬᠠᠩᠭ᠋ᠠᠯᠭ᠎ᠠ᠎ᠶᠢᠨ ᠪᠠᠲᠤᠯᠠᠭ᠎ᠠ᠎ᠶᠢᠨ ᠴᠢᠳᠠᠪᠤᠷᠢ ᠳᠠᠪᠠᠯᠳᠠ ᠮᠠᠶᠢᠭ᠎ᠢᠶᠠᠷ ᠳᠡᠭᠡᠭ᠌ᠱᠢᠯᠡᠪᠡ᠃ ᠡᠪᠡᠰᠦᠨ ᠦᠷ᠎ᠡ᠎ᠶ᠋ᠢᠨ ᠬᠠᠩᠭᠠᠯᠭ᠎ᠠ ᠪᠣᠯ ᠠᠮᠢ ᠠᠬᠤᠢ᠎ᠶ᠋ᠢ ᠰᠡᠷᠭᠦᠭᠡᠬᠦ᠌ ᠪᠠ ᠲᠡᠵᠢᠭᠡᠯ ᠡᠪᠡᠰᠦᠨ ᠠᠵᠤ ᠦᠢᠯᠡᠰ᠎ᠢ ᠬᠥᠭ᠌ᠵᠢᠭᠦᠯᠬᠦ᠌᠎ᠶ᠋ᠢᠨ ᠰᠠᠭᠤᠷᠢ ᠮᠦᠨ᠃ 2021 ᠣᠨ᠎ᠤ ᠰᠡᠭᠦᠯᠴᠢ᠂ ᠪᠦᠬᠦ᠌ ᠥᠪᠡᠷᠲᠡᠭᠡᠨ ᠵᠠᠰᠠᠬᠤ ᠣᠷᠣᠨ᠎ᠤ ᠡᠪᠡᠰᠦᠨ ᠦᠷ᠎ᠡ᠎ᠶ᠋ᠢᠨ ᠦᠢᠯᠡᠳᠪᠦᠷᠢᠯᠡᠯ᠎ᠤᠨ ᠰᠠᠭᠤᠷᠢᠨ ᠭᠠᠵᠠᠷ᠎ᠤᠨ ᠲᠠᠯᠠᠪᠠᠢ 10 ᠲᠦᠮᠡᠨ ᠮᠦ᠍᠎ᠳᠤ ᠬᠦᠷᠬᠦ᠌ ᠦᠭᠡᠢ᠂ ᠡᠯ᠎ᠡ ᠲᠥᠷᠥᠯ᠎ᠤᠨ ᠡᠪᠡᠰᠦᠨ ᠦᠷ᠎ᠡ᠎ᠶ᠋ᠢᠨ ᠵᠢᠯ᠎ᠤᠨ ᠤᠨᠠᠯᠲᠠ ᠪᠠᠷᠤᠭ 83.9 ᠲᠦᠮᠡᠨ ᠺᠢᠯᠣᠭ᠌ᠷᠠᠮ ᠪᠠᠢ᠌ᠪᠠ᠃ ᠬᠡᠳᠦᠨ ᠵᠢᠯ᠎ᠤᠨ ᠬᠥᠭ᠌ᠵᠢᠯᠲᠡ᠎ᠪᠠᠷ ᠳᠠᠮᠵᠢᠭᠠᠳ᠂ 2025 ᠣᠨ᠎ᠤ ᠰᠡᠭᠦᠯᠴᠢ ᠪᠣᠯᠲᠠᠯ᠎ᠠ᠂ ᠪᠥᠬᠦ᠌ ᠥᠪᠡᠷᠲᠡᠭᠡᠨ ᠵᠠᠰᠠᠬᠤ ᠣᠷᠣᠨ᠎ᠤ ᠡᠪᠡᠰᠦᠨ ᠦᠷ᠎ᠡ᠎ᠶ᠋ᠢᠨ ᠦᠢᠯᠡᠳᠪᠦᠷᠢᠯᠡᠯ᠎ᠤᠨ ᠰᠠᠭᠤᠷᠢᠨ ᠭᠠᠵᠠᠷ᠎ᠤᠨ ᠲᠠᠷᠢᠬᠤ ᠲᠠᠯᠠᠪᠠᠶ᠎ᠶ᠋ᠢ 52.7 ᠲᠦᠮᠡᠨ ᠮᠦ᠍ ᠪᠣᠯᠭᠠᠨ ᠥᠷᠭᠡᠳᠬᠡᠨ ᠨᠡᠮᠡᠭ᠌ᠳᠡᠭᠦᠯᠵᠦ᠍᠂ ᠬᠤᠷᠢᠶᠠᠯᠲᠠ᠎ᠶ᠋ᠢᠨ ᠲᠠᠯᠠᠪᠠᠶ 28.09 ᠲᠦᠮᠡᠨ ᠮᠦ᠍᠎ᠳᠤ ᠬᠦᠷᠴᠦ᠍᠂ ᠡᠪᠡᠰᠦᠨ ᠦᠷ᠎ᠡ᠎ᠶ᠋ᠢᠨ ᠤᠨᠠᠯᠲᠠ᠎ᠶ᠋ᠢ 474 ᠲᠦᠮᠡᠨ ᠺᠢᠯᠣᠭ᠌ᠷᠠᠮ ᠪᠣᠯᠭᠠᠨ ᠨᠡᠮᠡᠭ᠌ᠳᠡᠭᠦᠯᠪᠡ᠃ ᠬᠢᠶᠠᠭ ᠡᠪᠡᠰᠦ᠂ ᠴᠠᠷᠭᠠᠰᠤ ᠵᠡᠷᠭᠡ ᠭᠤᠣᠯ ᠳᠠᠪᠠᠭᠤᠯᠢᠭ ᠡᠪᠡᠰᠦᠨ ᠦᠷ᠎ᠡ ᠥᠪᠡᠷᠲᠡᠭᠡᠨ ᠵᠠᠰᠠᠬᠤ ᠣᠷᠣᠨ᠎ᠤ ᠳᠣᠲᠣᠷᠠᠬᠢ ᠬᠡᠷᠡᠭ᠌ᠴᠡᠭᠡ᠎ᠶ᠋ᠢ ᠭᠦᠢᠴᠡᠳ ᠬᠠᠩᠭᠠᠵᠤ᠂ ᠶᠦᠷᠭᠦᠭ ᠡᠪᠡᠰᠦ᠂ ᠰᠠᠨᠳᠠᠸᠠᠩ ᠵᠡᠷᠭᠡ ᠠᠮᠢ ᠠᠬᠤᠢ᠎ᠶ᠋ᠢ ᠰᠡᠷᠭᠦᠭᠡᠬᠦ᠌ ᠡᠪᠡᠰᠦᠨ ᠦᠷ᠎ᠡ᠎ᠶ᠋ᠢᠨ ᠬᠠᠩᠭᠠᠯᠭ᠎ᠠ ᠬᠡᠷᠡᠭ᠌ᠴᠡᠭᠡ᠎ᠶ᠋ᠢᠨ ᠵᠥᠷᠢᠴᠡᠯ᠎ᠢ ᠪᠦᠲᠦᠮᠵᠢᠲᠡᠢ ᠨᠠᠮᠳᠠᠭᠤᠯᠵᠤ᠂ ᠦᠷ᠎ᠡ᠎ᠶᠢᠨ ᠬᠠᠩᠭ᠋ᠠᠯᠭ᠎ᠠ᠎ᠶᠢᠨ ᠪᠠᠲᠤᠯᠠᠭ᠎ᠠ᠎ᠶ᠋ᠢᠨ ᠴᠢᠳᠠᠪᠤᠷᠢ᠎ᠶ᠋ᠢᠨ ᠴᠢᠨᠠᠷ᠎ᠤᠨ ᠦᠰᠦᠷᠦᠯᠲᠡ᠎ᠶ᠋ᠢ ᠪᠡᠶᠡᠯᠡᠭᠦᠯᠵᠦ᠍᠂ ᠪᠦᠬᠦ᠌ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ᠎ᠶ᠋ᠢᠨ ᠵᠠᠰᠠᠯᠲᠠ ᠪᠣᠯᠤᠨ ᠲᠠᠷᠢᠶᠠᠯᠠᠩ ᠮᠠᠯ ᠠᠵᠤ ᠠᠬᠤᠢ᠎ᠶ᠋ᠢᠨ ᠬᠥᠭ᠌ᠵᠢᠯᠲᠡ᠎ᠳᠤ ᠪᠠᠲᠤ ᠪᠠᠬᠢ ᠦᠷ᠎ᠡ᠎ᠶ᠋ᠢᠨ ᠡᠬᠢ ᠰᠤᠷᠪᠤᠯᠵᠢ᠎ᠶ᠋ᠢᠨ ᠲᠤᠯᠭᠠᠭᠤᠷᠢᠯᠠᠯ ᠬᠠᠩᠭ᠋ᠠᠪᠠ᠃

ᠡᠪᠡᠰᠦᠨ ᠦᠷ᠎ᠡ᠎ᠶ᠋ᠢᠨ ᠦᠢᠯᠡᠳᠪᠦᠷᠢᠯᠡᠯ᠎ᠦᠨ ᠣᠷᠣᠨ ᠪᠦᠰᠡᠵᠢᠭ᠌ᠰᠡᠨ ᠪᠠᠢᠷᠢᠱᠢᠯ ᠦᠨᠳᠦᠰᠦᠨ᠎ᠳᠦ᠍᠎ᠪᠡᠨ ᠬᠡᠪᠰᠢᠪᠡ᠃ ᠮᠠᠨ᠎ᠤ ᠥᠪᠡᠷᠲᠡᠭᠡᠨ ᠵᠠᠰᠠᠬᠤ ᠣᠷᠣᠨ᠎ᠤ ᠡᠪᠡᠰᠦᠨ ᠦᠷ᠎ᠡ᠎ᠶ᠋ᠢᠨ ᠠᠵᠤ ᠦᠢᠯᠡᠰ᠎ᠤᠨ ᠪᠠᠢᠷᠢᠱᠢᠭᠤᠯᠤᠯᠲᠠ᠎ᠶ᠋ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠡᠪᠡᠰᠦᠨ ᠦᠷ᠎ᠡ᠎ᠶ᠋ᠢᠨ ᠦᠢᠯᠡᠳᠪᠦᠷᠢᠯᠡᠯ᠎ᠤᠨ ᠲᠤᠭᠲᠠᠯᠴᠠᠭ᠎ᠠ᠎ᠶᠢᠨ ᠬᠡᠪᠴᠢᠶᠡᠵᠢᠭ᠌ᠰᠡᠨ ᠬᠥᠭ᠌ᠵᠢᠯᠲᠡ᠎ᠶ᠋ᠢ ᠠᠬᠢᠭᠤᠯᠵᠤ᠂ ᠣᠨᠴᠠᠯᠢᠭ᠎ᠢᠶᠠᠷ ᠢᠯᠡ ᠲᠣᠳᠣ ᠣᠷᠣᠨ ᠪᠦᠰᠡᠵᠢᠭ᠌ᠰᠡᠨ ᠬᠥᠭ᠌ᠵᠢᠯᠲᠡ᠎ᠶ᠋ᠢᠨ ᠪᠠᠢᠷᠢᠱᠢᠯ᠎ᠢ ᠠᠯᠬᠤᠮ ᠠᠯᠬᠤᠮ᠎ᠢᠶᠠᠷ ᠪᠦᠷᠢᠯᠳᠦᠭᠦᠯᠪᠡ᠃ ᠬᠥᠯᠥᠨ ᠪᠤᠢᠷ ᠬᠤᠲᠠ᠂ ᠬᠢᠩᠭᠠᠨ ᠠᠢᠮᠠᠭ᠂ ᠲᠦᠩᠯᠢᠶᠣᠤ ᠬᠤᠲᠠ ᠵᠡᠷᠭᠡ ᠵᠡᠭᠦᠨ ᠬᠡᠰᠡᠭ᠎ᠤᠨ ᠠᠢᠮᠠᠭ ᠬᠤᠲᠠ᠎ᠳᠤ ᠬᠢᠶᠠᠭ ᠡᠪᠡᠰᠦ᠎ᠪᠠᠷ ᠭᠤᠤᠯ ᠳᠠᠪᠠᠭᠤᠯᠢᠭ ᠪᠣᠯᠭᠠᠭ᠍ᠰᠠᠨ ᠠᠵᠤ ᠦᠢᠯᠡᠰ᠎ᠤᠨ ᠲᠥᠪᠯᠡᠷᠡᠯ᠎ᠤᠨ ᠣᠷᠣᠨ᠎ᠢ ᠪᠠᠢᠭᠤᠯᠵᠤ᠂ ᠲᠠᠯᠠᠪᠠᠶ᠎ᠨᠢ 25.5 ᠲᠦᠮᠡᠨ ᠮᠦ᠍᠎ᠳᠤ ᠬᠦᠷᠪᠡ; ᠤᠯᠠᠭᠠᠨᠬᠠᠳᠠ ᠬᠤᠲᠠ᠂ ᠱᠢᠯᠢ᠎ᠶ᠋ᠢᠨ ᠭᠤᠤᠯ ᠠᠢᠮᠠᠭ ᠵᠡᠷᠭᠡ ᠳᠤᠮᠳᠠ ᠬᠡᠰᠡᠭ᠎ᠤᠨ ᠠᠢᠮᠠᠭ ᠬᠤᠲᠠ᠎ᠳᠤ᠂ ᠶᠦᠷᠬᠦᠭ ᠡᠪᠡᠰᠦ᠂ ᠰᠠᠨᠳᠠᠸᠠᠩ᠎ᠪᠠᠷ ᠭᠤᠤᠯ ᠪᠣᠯᠭᠠᠭ᠍ᠰᠠᠨ ᠠᠵᠤ ᠦᠢᠯᠡᠰ᠎ᠤᠨ ᠲᠦᠪᠯᠡᠷᠡᠯ᠎ᠦᠨ ᠣᠷᠣᠨ᠎ᠢ ᠪᠠᠢᠭᠤᠯᠵᠤ᠂ ᠲᠠᠯᠠᠪᠠᠶ᠎ᠨᠢ 7.13 ᠲᠦᠮᠡᠨ ᠮᠦ᠍ ᠪᠠᠢᠨ᠎ᠠ; ᠤᠯᠠᠭᠠᠨᠴᠠᠪ ᠬᠤᠲᠠ᠂ ᠬᠥᠬᠡᠬᠤᠲᠠ᠂ ᠪᠠᠶᠠᠨᠨᠠᠭᠤᠷ ᠬᠤᠲᠠ᠂ ᠣᠷᠳᠣᠰ ᠬᠤᠲᠠ ᠵᠡᠷᠭᠡ ᠪᠠᠷᠠᠭᠤᠨ ᠬᠡᠰᠡᠭ᠎ᠤᠨ ᠠᠢᠮᠠᠭ ᠬᠤᠲᠠ᠎ᠳᠤ ᠴᠠᠷᠭᠠᠰᠤ᠎ᠪᠠᠷ ᠭᠤᠤᠯ ᠳᠠᠪᠠᠭᠤᠯᠢᠭ ᠪᠣᠯᠭᠠᠭ᠍ᠰᠠᠨ ᠠᠵᠤ ᠦᠢᠯᠡᠰ᠎ᠤᠨ ᠲᠦᠪᠯᠡᠷᠡᠯ᠎ᠦᠨ ᠣᠷᠣᠨ᠎ᠢ ᠪᠠᠢᠭᠤᠯᠵᠤ᠂ ᠲᠠᠯᠠᠪᠠᠶ᠎ᠨᠢ 20.05 ᠲᠦᠮᠡᠨ ᠮᠦ᠍᠎ᠳᠤ ᠬᠦᠷᠪᠡ᠃ ᠵᠡᠭᠦᠨ᠂ ᠳᠤᠮᠳᠠ᠂ ᠪᠠᠷᠠᠭᠤᠨ ᠭᠤᠷᠪᠠᠨ ᠶᠡᠭᠡ ᠬᠡᠰᠡᠭ ᠣᠷᠣᠨ᠎ᠳᠤ ᠲᠣᠰ ᠪᠦᠷᠢ ᠭᠤᠣᠯᠳᠠᠯᠭ᠎ᠠ᠎ᠲᠠᠢ᠂ ᠬᠠᠮᠵᠢᠯᠴᠠᠨ ᠬᠦᠴᠦᠯᠡᠵᠦ᠍᠂ ᠡᠪᠡᠰᠦᠨ ᠦᠷ᠎ᠡ᠎ᠶ᠋ᠢᠨ ᠠᠵᠤ ᠦᠢᠯᠡᠰ᠎ᠤᠨ ᠣᠷᠣᠨ ᠪᠦᠰᠡᠵᠢᠭ᠌ᠰᠡᠨ ᠬᠥᠭ᠌ᠵᠢᠯᠲᠡ᠎ᠶ᠋ᠢᠨ ᠠᠮᠢᠳᠤᠯᠢᠭ ᠵᠢᠷᠤᠭ᠎ᠤᠨ ᠥᠵᠡᠮᠵᠢ᠎ᠶᠢ ᠵᠢᠷᠤᠭ᠍ᠯᠠᠪᠠ᠃

ᠡᠪᠡᠰᠦᠨ ᠦᠷ᠎ᠡ᠎ᠶ᠋ᠢᠨ ᠠᠵᠤ ᠦᠢᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠱᠢᠬᠦ᠌᠎ᠳᠦ ᠪᠠᠲᠤ ᠪᠡᠬᠢ ᠠᠯᠬᠤᠮ᠎ᠢ ᠠᠯᠬᠤᠪᠠ᠃ ᠮᠠᠨ᠎ᠤ ᠥᠪᠡᠷᠲᠡᠭᠡᠨ ᠵᠠᠰᠠᠬᠤ ᠣᠷᠣᠨ 《ᠬᠡᠪᠴᠢᠶ᠎ᠡ᠎ᠶ᠋ᠢ ᠥᠷᠭᠡᠳᠭᠡᠬᠦ᠂ ᠦᠢᠯᠡᠳᠪᠦᠷᠢᠯᠡᠯ᠎ᠤᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠂ ᠳᠠᠭᠠᠭᠤᠯᠤᠭ᠍ᠴᠢ᠎ᠶ᠋ᠢ ᠬᠦᠴᠦᠷᠬᠡᠭ᠌ᠵᠢᠭᠦᠯᠬᠦ᠂ ᠡᠭᠦᠯᠳᠡᠷ᠎ᠢ ᠱᠢᠯᠢᠳᠡᠭ᠌ᠵᠢᠭᠦᠯᠬᠦ᠌》 ᠠᠵᠤ ᠦᠢᠯᠡᠰ᠎ᠤᠨ ᠬᠥᠭ᠌ᠵᠢᠯᠲᠡ᠎ᠶ᠋ᠢᠨ ᠬᠠᠷᠠᠯᠲᠠ᠎ᠶ᠋ᠢ ᠢᠮᠠᠭ᠍ᠲᠠ ᠲᠣᠭ᠍ᠲᠠᠭᠠᠵᠤ᠂ ᠡᠪᠡᠰᠦᠨ ᠦᠷ᠎ᠡ᠎ᠶ᠋ᠢᠨ ᠠᠵᠦ ᠦᠢᠯᠡᠰ᠎ᠤᠨ 《ᠪᠠᠭ᠎ᠠ ᠰᠤᠯᠠ ᠪᠠᠭᠤᠷᠠᠢ》᠎ᠠᠴᠠ 《ᠬᠡᠪᠴᠢᠶᠡᠵᠢᠭ᠍ᠰᠠᠨ᠂ ᠪᠠᠷᠢᠮᠵᠢᠶᠠᠵᠢᠭᠰᠠᠨ᠂ ᠡᠷᠴᠢᠮᠵᠢᠭᠦᠯᠦᠭᠰᠡᠨ》 ᠲᠡᠢᠰᠢ ᠬᠡᠯᠪᠡᠷᠢ᠎ᠪᠠᠨ ᠬᠤᠪᠢᠷᠠᠭᠤᠯᠬᠤ᠎ᠶ᠋ᠢ ᠪᠥᠬᠦ᠌ ᠬᠦᠴᠦᠨ᠎ᠢᠶᠠᠷ ᠠᠬᠢᠭᠤᠯᠪᠠ᠃ ᠪᠦᠷᠢᠳᠭᠡᠯ᠎ᠢ ᠦᠨᠳᠦᠰᠦᠯᠡᠪᠡᠯ᠂ ᠪᠥᠬᠦ᠌ ᠥᠪᠡᠷᠲᠡᠭᠡᠨ ᠵᠠᠰᠠᠬᠤ ᠣᠷᠣᠨ᠎ᠳᠤ ᠨᠡᠢᠲᠡ 36 ᠡᠷᠦᠬᠡ ᠡᠪᠡᠰᠦᠨ ᠦᠷ᠎ᠡ᠎ᠶ᠋ᠢᠨ ᠦᠢᠯᠡᠳᠪᠦᠷᠢᠯᠡᠯ᠎ᠤᠨ ᠠᠵᠤ ᠠᠬᠤᠢᠯᠠᠯ ᠰᠠᠭᠤᠷᠢᠨ ᠭᠠᠵᠠᠷ᠎ᠤᠨ ᠪᠥᠲᠥᠭᠡᠨ ᠪᠠᠢᠭᠤᠯᠤᠯᠲᠠ᠎ᠳᠤ ᠣᠷᠣᠯᠴᠠᠵᠤ᠂ ᠡᠭᠦᠨ᠎ᠳᠤ ᠳᠠᠷᠢᠬᠤ ᠲᠠᠯᠠᠪᠠᠶ ᠲᠦᠮᠡᠨ ᠮᠦ᠍᠎ᠶ᠋ᠢ ᠳᠠᠪᠠᠭ᠍ᠰᠠᠨ ᠠᠵᠤ ᠠᠬᠤᠢᠯᠠᠯ 8 ᠡᠷᠦᠬᠡ ᠪᠠᠢ᠌ᠵᠦ᠂ 4 ᠡᠷᠦᠬᠡ ᠠᠵᠤ ᠠᠬᠤᠢᠯᠠᠯ᠎ᠨᠢ ᠥᠪᠡᠷᠲᠡᠭᠡᠨ ᠵᠠᠰᠠᠬᠤ ᠣᠷᠣᠨ᠎ᠤ ᠡᠪᠡᠰᠦᠨ ᠦᠷ᠎ᠡ᠎ᠶ᠋ᠢᠨ ᠦᠢᠯᠡᠳᠪᠦᠷᠢᠯᠡᠯ᠎ᠤᠨ ᠳᠠᠭ᠋ᠠᠭᠤᠯᠤᠭᠴᠢ ᠠᠵᠤ ᠠᠬᠤᠢᠯᠠᠯ᠎ᠤᠨ ᠡᠩᠨᠡᠭᠡᠨ᠎ᠳᠤ ᠣᠷᠣᠪᠠ᠃ 2025 ᠣᠨ᠎ᠤ ᠰᠡᠭᠦᠯᠴᠢ᠎ᠶᠢᠨ ᠲᠤᠭ᠎ᠠ ᠪᠠᠷᠢᠮᠲᠠ᠎ᠳᠤ ᠢᠯᠡᠷᠡᠭᠦᠯᠦᠭ᠌ᠰᠡᠨ᠎ᠢᠶᠠᠷ᠂ ᠮᠧᠩ ᠼᠤᠤ ᠠᠮᠢ ᠠᠬᠤᠶ᠂ ᠵᠥᠩ ᠺᠧ ᠬᠢᠶᠠᠭ ᠡᠪᠡᠰᠦ᠂ ᠯᠦᠩ ᠼᠤᠤ ᠳᠡᠭᠡᠳᠦ ᠱᠢᠨᠵᠢᠯᠡᠬᠦ᠌ ᠤᠬᠠᠭᠠᠨ ᠵᠡᠷᠭᠡ 3 ᠡᠷᠦᠬᠡ ᠳᠠᠭ᠋ᠠᠭᠤᠯᠤᠭᠴᠢ ᠠᠵᠤ ᠠᠬᠤᠢᠯᠠᠯ᠎ᠤᠨ ᠡᠪᠡᠰᠦᠨ ᠦᠷ᠎ᠡ᠎ᠶ᠋ᠢᠨ ᠦᠢᠯᠡᠳᠪᠦᠷᠢᠯᠡᠯ᠎ᠤᠨ ᠰᠠᠭᠤᠷᠢᠨ ᠭᠠᠵᠠᠷ᠎ᠤᠨ ᠲᠠᠯᠠᠪᠠᠶ᠎ᠨᠢ 35.32 ᠲᠦᠮᠡᠨ ᠮᠦ᠍᠎ᠳᠤ ᠬᠦᠷᠴᠦ᠍᠂ ᠪᠥᠬᠦ᠌ ᠥᠪᠡᠷᠲᠡᠭᠡᠨ ᠵᠠᠰᠠᠬᠤ ᠣᠷᠣᠨ᠎ᠤ ᠰᠠᠭᠤᠷᠢᠨ ᠭᠠᠵᠠᠷ᠎ᠤᠨ ᠶᠡᠷᠦᠩᠬᠡᠶ ᠲᠠᠯᠠᠪᠠᠶ᠎ᠶ᠋ᠢᠨ 70% ᠰᠢᠬᠠᠮ᠎ᠢ ᠡᠵᠡᠯᠡᠨ᠎ᠡ; ᠡᠪᠡᠰᠦᠨ ᠦᠷ᠎ᠡ᠎ᠶ᠋ᠢᠨ ᠣᠨᠠᠯᠲᠠ ᠨᠡᠢᠲᠡ 379.2 ᠲᠦᠮᠡᠨ ᠺᠢᠯᠣᠭ᠌ᠷᠠᠮ ᠪᠠᠢᠵᠤ᠂ ᠪᠥᠬᠦ᠌ ᠥᠪᠡᠷᠲᠡᠭᠡᠨ ᠵᠠᠰᠠᠬᠤ ᠣᠷᠣᠨ᠎ᠤ ᠶᠡᠷᠦᠩᠬᠡᠶ ᠣᠨᠠᠯᠲᠠ᠎ᠶ᠋ᠢᠨ 80% ᠰᠢᠬᠠᠮ᠎ᠢ ᠡᠵᠡᠯᠡᠵᠦ᠍᠂ ᠳᠠᠭ᠋ᠠᠭᠤᠯᠤᠭᠴᠢ᠎ᠶᠢᠨ ᠳᠠᠭ᠋ᠠᠭᠤᠯᠬᠤ ᠦᠢᠯᠡᠳᠦᠯ ᠲᠣᠪᠤᠢᠮ᠎ᠠ᠃ ᠬᠦᠷᠢᠶ᠎ᠡ ᠴᠠᠷᠠᠭ᠎ᠠ ᠬᠤᠪᠢᠶᠠᠬᠤ ᠪᠣᠯ ᠨᠠᠩ ᠴᠤ᠌ ᠬᠢᠯᠠᠰ ᠴᠡᠭ ᠪᠣᠯᠵᠣ᠂ ᠮᠧᠩ ᠼᠤᠤ ᠠᠮᠢ ᠠᠬᠤᠶ᠎ᠶ᠋ᠢᠨ ᠣᠷᠴᠢᠨ ᠲᠣᠭᠤᠷᠢᠨ᠎ᠤ ᠪᠦᠯᠦᠭ᠌ᠯᠡᠯ᠎ᠤᠨ ᠬᠤᠪᠢ ᠣᠷᠣᠭᠤᠯᠤᠭ᠍ᠰᠠᠨ ᠬᠢᠵᠠᠭᠠᠷᠲᠤ ᠺᠣᠮᠫᠠᠨᠢ᠎ᠶ᠋ᠢᠨ ᠶᠦᠷᠬᠦᠭ ᠡᠪᠡᠰᠦᠨ ᠦᠷ᠎ᠡ᠎ᠶ᠋ᠢᠨ ᠣᠨᠠᠯᠲᠠ᠎ᠨᠢ ᠪᠥᠬᠦ᠌ ᠣᠷᠣᠨ᠎ᠤ ᠶᠦᠷᠬᠦᠭ ᠡᠪᠡᠰᠦᠨ ᠦᠷ᠎ᠡ᠎ᠶ᠋ᠢᠨ ᠶᠡᠷᠦᠩᠬᠡᠶ ᠤᠨᠠᠯᠲᠠ᠎ᠶ᠋ᠢᠨ 74%᠎ᠶ᠋ᠢ ᠡᠵᠡᠯᠡᠵᠦ᠍᠂ ᠵᠥᠩ ᠺᠧ ᠬᠢᠶᠠᠭ ᠡᠪᠡᠰᠦᠨ ᠲᠠᠷᠢᠶᠠᠯᠠᠩ᠎ᠤᠨ ᠬᠥᠭ᠌ᠵᠢᠯᠲᠡ᠎ᠶ᠋ᠢᠨ ᠬᠢᠵᠠᠭᠠᠷᠲᠤ ᠺᠣᠮᠫᠠᠨᠢ᠎ᠶ᠋ᠢᠨ ᠬᠢᠶᠠᠭ ᠡᠪᠡᠰᠦᠨ᠎ᠤ ᠦᠷ᠎ᠡ᠎ᠶ᠋ᠢᠨ ᠤᠨᠠᠯᠲᠠ᠎ᠨᠢ ᠪᠥᠬᠦ᠌ ᠣᠷᠣᠨ᠎ᠤ ᠬᠢᠶᠠᠭ ᠡᠪᠡᠰᠦᠨ᠎ᠤ ᠦᠷ᠎ᠡ᠎ᠶ᠋ᠢᠨ ᠶᠡᠷᠦᠩᠬᠡᠶ ᠤᠨᠠᠯᠲᠠ᠎ᠶ᠋ᠢᠨ 77%᠎ᠶ᠋ᠢ ᠡᠵᠡᠯᠡᠵᠦ᠍᠂ ᠯᠦᠩ ᠼᠣᠣ ᠭᠤᠤ ᠺᠧ ᠲᠠᠷᠢᠶᠠᠯᠠᠩ᠎ᠤᠨ ᠬᠢᠵᠠᠭᠠᠷᠲᠤ ᠺᠣᠮᠫᠠᠨᠢ᠎ᠶ᠋ᠢᠨ ᠴᠠᠷᠭᠠᠰᠤ᠎ᠶ᠋ᠢᠨ ᠦᠷ᠎ᠡ᠎ᠶ᠋ᠢᠨ ᠤᠨᠠᠯᠲᠠ᠎ᠨᠢ ᠪᠥᠬᠦ᠌ ᠣᠷᠣᠨ᠎ᠤ ᠴᠠᠷᠭᠠᠰᠤ᠎ᠶ᠋ᠢᠨ ᠦᠷ᠎ᠡ᠎ᠶ᠋ᠢᠨ ᠶᠡᠷᠦᠩᠬᠡᠶ ᠤᠨᠠᠯᠲᠠ᠎ᠶ᠋ᠢᠨ 82%᠎ᠢ ᠡᠵᠡᠯᠡᠨ᠎ᠡ᠃ ᠳᠠᠭᠠᠭᠤᠯᠤᠭ᠍ᠴᠢ ᠠᠵᠤ ᠠᠬᠤᠢᠯᠠᠯ᠎ᠤᠨ ᠳᠠᠭ᠋ᠠᠭᠤᠯᠤᠭᠰᠠᠨ ᠨᠢ ᠪᠥᠬᠦ᠌ ᠥᠪᠡᠷᠲᠡᠭᠡᠨ ᠵᠠᠰᠠᠬᠤ ᠣᠷᠣᠨ᠎ᠤ ᠡᠪᠡᠰᠦᠨ ᠦᠷ᠎ᠡ᠎ᠶ᠋ᠢᠨ ᠠᠵᠦ ᠦᠢᠯᠡᠰ᠎ᠤᠨ ᠴᠢᠨᠠᠷ ᠰᠠᠢᠲᠠᠶ ᠬᠥᠭ᠌ᠵᠢᠯᠲᠡ᠎ᠶᠢᠨ ᠦᠨᠳᠦᠰᠦ ᠰᠠᠭᠤᠷᠢ᠎ᠶ᠋ᠢ ᠪᠡᠬᠢᠵᠢᠭᠦᠯᠪᠡ᠃

ᠲᠣᠰ ᠤᠳᠠᠭᠠᠨ᠎ᠤ 《ᠡᠪᠡᠰᠦᠨ ᠦᠷ᠎ᠡ᠎ᠶ᠋ᠢᠨ ᠦᠢᠯᠡᠳᠪᠦᠷᠢᠯᠡᠯ᠎ᠤᠨ ᠰᠠᠭᠤᠷᠢᠨ ᠭᠠᠵᠠᠷ᠎ᠤᠨ ᠪᠥᠲᠥᠭᠡᠨ ᠪᠠᠢᠭᠤᠯᠤᠯᠲᠠ᠎ᠶ᠋ᠢᠨ ᠮᠡᠷᠭᠡᠵᠢᠯ᠎ᠤᠨ ᠲᠦᠷᠢᠮ》᠎ᠢ ᠵᠢᠩᠬᠢᠨᠢ᠎ᠪᠠᠷ ᠬᠡᠷᠡᠭ᠌ᠵᠢᠭᠦᠯᠦᠭ᠌ᠰᠡᠨ᠎ᠨᠢ ᠮᠠᠨ᠎ᠤ ᠥᠪᠡᠷᠲᠡᠭᠡᠨ ᠵᠠᠰᠠᠬᠤ ᠣᠷᠣᠨ᠎ᠤ ᠡᠪᠡᠰᠦᠨ ᠦᠷ᠎ᠡ᠎ᠶ᠋ᠢᠨ ᠦᠢᠯᠡᠳᠪᠦᠷᠢᠯᠡᠯ᠎ᠤᠨ ᠪᠥᠬᠦ᠌ ᠶᠠᠪᠤᠴᠠ᠎ᠶ᠋ᠢᠨ ᠬᠠᠮᠢᠶᠠᠷᠤᠯᠲᠠ᠎ᠶ᠋ᠢ ᠤᠯᠠᠮ ᠨᠢᠭᠡ ᠠᠯᠬᠤᠮ ᠵᠢᠷᠤᠮᠵᠢᠭᠤᠯᠵᠤ᠂ ᠡᠪᠡᠰᠦᠨ ᠦᠷ᠎ᠡ᠎ᠶ᠋ᠢᠨ ᠶᠠᠰᠤ ᠴᠢᠨᠠᠷ ᠪᠠ ᠦᠢᠯᠡᠳᠪᠦᠷᠢᠯᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠦᠨ᠂ ᠤᠮᠠᠷᠠᠲᠤ ᠬᠢᠯᠢ᠎ᠶ᠋ᠢᠨ ᠠᠮᠢ ᠠᠬᠤᠶ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢ ᠪᠠᠬᠢᠵᠢᠭᠦᠯᠬᠦ᠂ ᠡᠪᠡᠰᠦᠨ ᠦᠷ᠎ᠡ᠎ᠶ᠋ᠢᠨ ᠠᠵᠦ ᠦᠢᠯᠡᠰ᠎ᠤᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠬᠤ᠎ᠳᠤ ᠪᠠᠲᠤ ᠪᠠᠬᠢ ᠪᠠᠷᠢᠮᠵᠢᠶᠠᠲᠦ ᠲᠤᠯᠭᠠᠭᠤᠷᠢᠯᠠᠯ ᠬᠠᠩᠭ᠋ᠠᠪᠠ᠃

ᠢᠷᠡᠯᠲᠡ᠄ ᠪᠠᠷᠢᠮᠵᠢᠶᠠᠵᠢᠯ᠎ᠤᠨ ᠭᠠᠵᠠᠷ