2025 ᠣᠨ᠎ᠳᠤ ᠮᠠᠨ᠎ᠤ ᠤᠯᠤᠰ ᠤᠯᠤᠰ᠎ᠤᠨ ᠪᠠᠷᠢᠮᠵᠢᠶᠠᠲᠤ ᠪᠣᠳᠠᠰ 1139 ᠵᠦᠢ᠍ᠯ᠎ᠢ ᠱᠢᠨ᠎ᠡ᠎ᠪᠠᠷ ᠪᠠᠢᠭᠤᠯᠪᠠ
2026-01-29

ᠣᠢᠷ᠎ᠠ᠎ᠳᠤ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ ᠲᠤᠭ᠎ᠠ ᠪᠠᠷᠢᠮᠲᠠ ᠨᠡᠢᠲᠡᠯᠡᠵᠦ᠍᠂ 2025 ᠣᠨ᠎ᠳᠤ ᠮᠠᠨ᠎ᠤ ᠤᠯᠤᠰ ᠤᠯᠤᠰ᠎ᠤᠨ ᠪᠠᠷᠢᠮᠵᠢᠶᠠᠲᠤ ᠪᠣᠳᠠᠰ 1139 ᠵᠦᠢ᠍ᠯ᠎ᠢ ᠱᠢᠨ᠎ᠡ᠎ᠪᠠᠷ ᠪᠠᠢᠭᠤᠯᠵᠤ᠂ ᠠᠳᠠᠯᠢ ᠬᠤᠭᠤᠴᠠᠭᠠᠨ᠎ᠤ᠎ᠬᠢ᠎ᠠᠴᠠ 61.8%᠎ᠪᠠᠷ ᠨᠡᠮᠡᠭ᠌ᠳᠡᠪᠡ᠃ ᠡᠭᠦᠨ᠎ᠳᠤ᠂ ᠤᠯᠤᠰ᠎ᠤᠨ ᠨᠢᠭᠡᠳᠦᠭᠡᠷ ᠲᠠᠰ᠎ᠤᠨ ᠪᠠᠷᠢᠮᠵᠢᠶᠠᠲᠤ ᠪᠣᠳᠠᠰ 67 ᠵᠦᠢ᠍ᠯ ᠪᠠᠢᠵᠤ᠂ 5.9%᠎ᠶ᠋ᠢ ᠡᠵᠡᠯᠡᠵᠦ᠍᠂ ᠠᠳᠠᠯᠢ ᠬᠤᠭᠤᠴᠠᠭᠠᠨ᠎ᠤ᠎ᠬᠢ᠎ᠠᠴᠠ 21.8%᠎ᠪᠠᠷ ᠨᠡᠮᠡᠭ᠌ᠳᠡᠪᠡ; ᠤᠯᠤᠰ᠎ᠤᠨ ᠬᠤᠶᠠᠳᠤᠭᠠᠷ ᠲᠠᠰ᠎ᠤᠨ ᠪᠠᠷᠢᠮᠵᠢᠶᠠᠲᠤ ᠪᠣᠳᠠᠰ 1072 ᠵᠦᠢᠯ ᠪᠠᠢᠵᠤ᠂ 94.1%᠎ᠶ᠋ᠢ ᠡᠵᠡᠯᠡᠵᠦ᠍᠂ ᠠᠳᠠᠯᠢ ᠬᠤᠭᠤᠴᠠᠭᠠᠨ᠎ᠤ᠎ᠬᠢ᠎ᠠᠴᠠ 65.2%᠎ᠪᠡᠷ ᠨᠡᠮᠡᠭ᠌ᠳᠡᠪᠡ᠃ ᠣᠲᠣ ᠪᠣᠯᠲᠠᠯ᠎ᠠ᠂ ᠮᠠᠨ᠎ᠤ ᠤᠯᠤᠰ ᠨᠡᠢᠲᠡ 19441 ᠵᠦᠶ᠋ᠯ᠎ᠤᠨ ᠤᠯᠤᠰ᠎ᠤᠨ ᠪᠠᠷᠢᠮᠵᠢᠶᠠᠲᠤ ᠪᠣᠳᠠᠰ᠎ᠢ ᠪᠠᠢᠭᠤᠯᠵᠤ᠂ ᠠᠵᠤ ᠠᠬᠤᠶ ᠨᠡᠢᠭᠡᠮ᠎ᠤᠨ ᠴᠢᠨᠠᠷ ᠰᠠᠢᠲᠠᠶ ᠬᠥᠭ᠌ᠵᠢᠯᠲᠡ᠎ᠳᠤ ᠬᠦᠴᠦᠲᠡᠶ ᠲᠤᠯᠭᠠᠭᠤᠷᠢᠯᠠᠯ ᠬᠠᠩᠭ᠋ᠠᠪᠠ᠃

ᠪᠠᠷᠢᠮᠵᠢᠶᠠᠲᠦ ᠪᠣᠳᠠᠰ᠎ᠤᠨ ᠲᠤᠰᠭᠠᠶ ᠮᠡᠷᠭᠡᠵᠢᠯ᠎ᠤᠨ ᠬᠦᠷᠢᠶ᠎ᠡ ᠴᠠᠷᠠᠭ᠎ᠠ᠎ᠶᠢᠨ ᠲᠠᠷᠬᠠᠯᠲᠠ᠎ᠠᠴᠠ ᠦᠵᠡᠪᠡᠯ᠄ 2025 ᠣᠨ᠎ᠳᠤ᠂ ᠡᠮ ᠡᠮᠨᠡᠯᠭᠡ ᠡᠷᠡᠭᠦᠯ ᠬᠠᠮᠠᠭᠠᠯᠠᠯ᠎ᠤᠨ ᠬᠦᠷᠢᠶ᠎ᠡ ᠴᠠᠷᠠᠭ᠎ᠠ᠎ᠶᠢᠨ ᠪᠠᠷᠢᠮᠵᠢᠶᠠᠲᠤ ᠪᠣᠳᠠᠰ᠎ᠤᠨ ᠨᠡᠮᠡᠭ᠌ᠳᠡᠯ ᠨᠡᠯᠢᠶᠡᠳ ᠲᠦᠷᠭᠡᠨ ᠪᠠᠢᠵᠤ᠂ ᠠᠳᠠᠯᠢ ᠬᠤᠭᠤᠴᠠᠭᠠᠨ᠎ᠤ᠎ᠬᠢ᠎ᠠᠴᠠ 231.9%᠎ᠪᠠᠷ ᠨᠡᠮᠡᠭ᠌ᠳᠡᠪᠡ᠂ ᠵᠢᠱ᠌ᠢᠶᠡᠯᠡᠪᠡᠯ ᠺᠥᠩᠺᠸᠠ᠎ᠶ᠋ᠢᠨ ᠬᠠᠯᠠᠭᠤᠨ ᠸᠢᠷᠦ᠋ᠰ᠎ᠤᠨ ᠪᠠᠷᠢᠮᠵᠢᠶᠠᠲᠦ ᠪᠣᠳᠠᠰ᠎ᠨᠢ ᠸᠢᠷᠦ᠋ᠰ᠎ᠤᠨ ᠪᠠᠢᠴᠠᠭᠠᠨ ᠬᠡᠮᠵᠢᠬᠦ᠎ᠳᠤ ᠨᠢᠭᠡᠳᠦᠯᠲᠡᠶ 《ᠪᠠᠷᠢᠮᠵᠢᠶᠠᠲᠤ ᠱᠤᠭᠤᠮ》 ᠳᠤᠲᠠᠭ᠍ᠳᠠᠵᠤ ᠪᠠᠢᠭ᠎ᠠ ᠡᠨᠡ ᠬᠦ᠌ ᠵᠠᠩᠭᠢᠯᠠᠭ᠎ᠠ᠎ᠶ᠋ᠢᠨ ᠠᠰᠠᠭᠤᠳᠠᠯ᠎ᠢ ᠱᠢᠶ᠋ᠳᠪᠦᠷᠢᠯᠡᠵᠦ᠍᠂ ᠠᠳᠠᠯᠢ ᠪᠤᠰᠤ ᠪᠠᠢᠭᠤᠯᠤᠮᠵᠢ᠂ ᠠᠳᠠᠯᠢ ᠪᠤᠰᠤ ᠴᠠᠭ ᠬᠤᠭᠤᠴᠠᠭᠠᠨ᠎ᠤ ᠵᠠᠩᠭᠢᠯᠠᠭ᠎ᠠ᠎ᠶ᠋ᠢᠨ ᠴᠡᠭ᠎ᠤᠨ ᠪᠠᠢᠴᠠᠭᠠᠨ ᠬᠡᠮᠵᠢᠬᠦ ᠦᠷ᠎ᠡ ᠳ᠋ᠦᠩ᠎ᠤᠨ ᠬᠠᠷᠢᠴᠠᠭᠤᠯᠵᠤ ᠪᠣᠯᠬᠤ ᠴᠢᠨᠠᠷ ᠪᠠ ᠨᠢᠭᠡᠳᠦᠯᠲᠦ ᠴᠢᠨᠠᠷ᠎ᠢ ᠪᠠᠲᠤᠯᠠᠵᠤ᠂ ᠬᠢᠵᠢᠭ᠎ᠤᠨ ᠪᠠᠢᠳᠠᠯ᠎ᠤᠨ ᠡᠬᠢᠨ᠎ᠤ ᠬᠤᠭᠤᠴᠠᠭᠠᠨ᠎ᠤ ᠬᠢᠨᠠᠨ ᠬᠡᠮᠵᠢᠬᠦ᠌ ᠪᠠ ᠢᠯᠭᠠᠨ ᠲᠠᠨᠢᠬᠤ ᠴᠢᠳᠠᠪᠤᠷᠢ᠎ᠶ᠋ᠢ ᠤᠯᠠᠮ ᠨᠢᠭᠡ ᠠᠯᠬᠤᠮ ᠳᠡᠭᠡᠭ᠌ᠰᠢᠯᠡᠭᠦᠯᠵᠦ᠍᠂ ᠡᠷᠳᠡᠮ ᠰᠢᠨᠵᠢᠯᠡᠭᠡ᠂ ᠡᠮᠴᠢᠯᠡᠭᠡ᠂ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠬᠢᠨᠠᠨ ᠬᠡᠮᠵᠢᠯᠲᠡ ᠵᠢᠴᠢ ᠠᠵᠤ ᠦᠢᠯᠡᠰᠵᠢᠯᠲᠡ᠎ᠶ᠋ᠢᠨ ᠬᠡᠷᠡᠭ᠌ᠯᠡᠯᠲᠡ᠎ᠳᠤ ᠪᠥᠬᠦ᠌ ᠲᠠᠯ᠎ᠠ᠎ᠶ᠋ᠢᠨ ᠬᠡᠮᠵᠢᠯᠲᠡ᠎ᠶ᠋ᠢᠨ ᠳᠡᠮᠵᠢᠯᠭᠡ ᠬᠠᠩᠭ᠋ᠠᠪᠠ; ᠪᠠᠰᠠ᠂ ᠴᠢᠰᠤ ᠡᠭᠡᠳᠡᠬᠦ᠌᠎ᠶ᠋ᠢ ᠡᠰᠡᠷᠭᠦᠴᠡᠬᠦ᠌ ᠢᠰᠭᠡᠭᠦᠷ᠎ᠤᠨ ᠢᠳᠡᠪᠬᠢᠵᠢᠯᠳᠦ ᠴᠢᠨᠠᠷ᠎ᠤᠨ ᠪᠠᠢ᠌ᠴᠠᠭ᠋ᠠᠯᠲᠠ᠂ ᠠᠼᠧᠲ᠋ᠤᠨᠢᠲᠷᠢᠯ ᠳᠤᠮᠳᠠ ᠱᠢᠷ᠎ᠠ ᠴᠣᠭᠴᠠ᠎ᠶᠢᠨ ᠺᠧᠲ᠋ᠣᠨ᠎ᠤ ᠠᠭᠤᠰᠤᠮᠠᠯ ᠵᠡᠷᠭᠡ ᠪᠠᠷᠢᠮᠵᠢᠶᠠᠲᠤ ᠪᠣᠳᠠᠰ᠎ᠨᠢ ᠡᠪᠡᠳᠴᠢᠨ ᠡᠮᠭᠡᠭ᠎ᠢ ᠱᠢᠭ᠌ᠰᠢᠨ ᠪᠠᠢᠴᠠᠭᠠᠵᠤ ᠣᠨᠣᠱᠢᠯᠠᠬᠤ ᠵᠢᠴᠢ ᠡᠮᠴᠢᠯᠡᠭᠡᠨ᠎ᠤ ᠦᠷ᠎ᠡ ᠪᠦᠲᠦᠮᠵᠢ᠎ᠶ᠋ᠢ ᠦᠨᠡᠯᠡᠬᠦ᠌᠎ᠳᠤ ᠮᠡᠷᠭᠡᠵᠢᠯ᠎ᠤᠨ ᠲᠤᠯᠭᠠᠭᠤᠷᠢᠯᠠᠯ ᠬᠠᠩᠭ᠋ᠠᠪᠠ᠃

ᠣᠷᠴᠢᠨ ᠲᠣᠭᠤᠷᠢᠨ᠎ᠢ ᠬᠢᠨᠠᠨ ᠬᠡᠮᠵᠢᠬᠦ ᠬᠦᠷᠢᠶ᠎ᠡ ᠴᠠᠷᠠᠭ᠎ᠠ᠎ᠳᠠᠬᠢ ᠪᠠᠷᠢᠮᠵᠢᠶᠠᠲᠤ ᠪᠣᠳᠠᠰ᠎ᠢ ᠵᠥᠪᠱᠢᠶᠡᠷᠡᠨ ᠨᠡᠢᠲᠡᠯᠡᠭ᠌ᠰᠡᠨ ᠲᠤᠭ᠎ᠠ ᠬᠡᠮᠵᠢᠶ᠎ᠡ ᠬᠠᠮᠤᠭ᠎ᠡᠴᠡ ᠠᠷᠪᠢᠨ᠂ ᠨᠡᠢᠲᠡ 406 ᠵᠦᠢᠯ ᠪᠠᠢᠵᠤ᠂ 35.6%᠎ᠶ᠋ᠢ ᠡᠵᠡᠯᠡᠵᠦ᠂ ᠵᠢᠱ᠌ᠢᠶᠡᠯᠡᠪᠡᠯ ᠠᠭᠠᠷ ᠳᠣᠲᠣᠷᠠᠬᠢ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ᠎ᠤᠨ ᠬᠡᠢ ᠪᠡᠶᠡᠲᠦ᠍᠂ ᠡᠲ᠋ᠢᠯᠧᠡ ᠳᠣᠲᠣᠷᠠᠬᠢ ᠨᠡᠭᠦᠷᠡᠰᠦᠲᠥ᠋ᠷᠥᠭ᠌ᠴᠢ᠎ᠶ᠋ᠢᠨ ᠳᠠᠩ ᠢᠰᠦᠯ ᠪᠠ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ᠎ᠤᠨ ᠬᠤᠯᠢᠮᠠᠭ ᠬᠡᠢ ᠪᠡᠶᠡᠲᠦ ᠵᠡᠷᠭᠡ ᠨᠡᠭᠦᠷᠡᠰᠦᠲᠥ᠋ᠷᠥᠭ᠌ᠴᠢ᠎ᠶᠢ ᠬᠡᠮᠵᠢᠬᠦ᠌᠎ᠳᠤ ᠬᠡᠷᠡᠭ᠌ᠯᠡᠬᠦ᠌ ᠤᠯᠤᠰ᠎ᠤᠨ ᠪᠠᠷᠢᠮᠵᠢᠶᠠᠲᠤ ᠪᠣᠳᠠᠰ᠎ᠢ ᠲᠤᠬᠠᠶ᠎ᠶ᠋ᠢᠨ ᠲᠠᠯᠠᠪᠤᠷ᠎ᠤᠨ ᠨᠡᠭᠦᠷᠡᠰᠦᠲᠥ᠋ᠷᠥᠭ᠌ᠴᠢ᠎ᠶ᠋ᠢᠨ ᠬᠢᠨᠠᠨ ᠬᠡᠮᠵᠢᠬᠦ᠌ ᠲᠥᠬᠦᠭᠡᠷᠦᠮᠵᠢ᠎ᠶ᠋ᠢ ᠢᠯᠭᠠᠨ ᠲᠣᠭ᠍ᠲᠠᠭᠠᠵᠤ ᠪᠣᠯᠤᠨ᠎ᠠ᠂ ᠵᠢᠱ᠌ᠢᠶᠡᠯᠡᠪᠡᠯ ᠣᠷᠴᠢᠨ ᠲᠣᠭᠤᠷᠢᠨ᠎ᠤ ᠠᠭᠠᠷ᠎ᠤᠨ ᠶᠠᠰᠤ ᠴᠢᠨᠠᠷ᠎ᠢ ᠬᠢᠨᠠᠨ ᠬᠡᠮᠵᠢᠬᠦ᠌ ᠠᠦ᠋ᠲ᠋ᠣ᠋ ᠥᠷᠲᠡᠭᠡ᠂ ᠠᠵᠤ ᠦᠢᠯᠡᠳᠪᠦᠷᠢ᠎ᠶ᠋ᠢᠨ ᠬᠠᠶᠠᠭ᠍ᠳᠠᠮᠠᠯ ᠬᠡᠢ᠎ᠶ᠋ᠢᠨ ᠭᠠᠳᠠᠭ᠍ᠰᠢᠯᠠᠭᠤᠯᠤᠯᠲᠠ᠎ᠶ᠋ᠢ ᠬᠢᠨᠠᠨ ᠬᠡᠮᠵᠢᠬᠦ᠌ ᠬᠡᠮᠵᠢᠭᠦᠷᠯᠢᠭ ᠵᠡᠷᠭᠡ᠎ᠳᠤ ᠬᠡᠷᠡᠭ᠌ᠯᠡᠵᠦ᠍ ᠪᠣᠯᠤᠨ᠎ᠠ; ᠪᠠᠰᠠ ᠬᠥᠷᠥᠰᠥ᠍ ᠱᠢᠷᠣᠶ᠎ᠶ᠋ᠢᠨ ᠪᠦᠲᠦᠮᠵᠢᠲᠡᠶ ᠲᠦᠯᠦᠪᠲᠦ ᠪᠦᠷᠢᠯᠳᠦᠬᠦᠨ᠎ᠢ ᠵᠠᠳᠠᠯᠬᠤ᠂ ᠤᠰᠤᠨ᠎ᠤ ᠴᠢᠨᠠᠷ᠎ᠤᠨ ᠠᠽᠣᠲ ᠬᠦᠴᠢᠯ᠎ᠤᠨ ᠳᠠᠪᠤᠰᠣᠲᠦ ᠠᠭᠤᠰᠤᠮᠠᠯ ᠵᠡᠷᠭᠡ ᠪᠠᠷᠢᠮᠵᠢᠶᠠᠲᠤ ᠪᠣᠳᠠᠰ᠎ᠨᠢ ᠣᠷᠴᠢᠨ ᠲᠣᠭᠤᠷᠢᠨ᠎ᠤ ᠪᠦᠷᠢᠯᠳᠦᠭᠦᠨ᠎ᠤ ᠵᠠᠳᠠᠯᠤᠯᠲᠠ᠂ ᠪᠣᠬᠢᠷᠲᠤᠯ᠎ᠤᠨ ᠪᠠᠢᠳᠠᠯ᠎ᠢ ᠦᠨᠡᠯᠡᠬᠦ᠎ᠳᠤ ᠮᠡᠷᠭᠡᠵᠢᠯ᠎ᠤᠨ ᠪᠠᠲᠤᠯᠠᠭ᠎ᠠ ᠬᠠᠩᠭ᠋ᠠᠪᠠ᠃

ᠢᠳᠡᠭᠡᠨ᠎ᠤ ᠠᠮᠤᠷ ᠲᠦᠪᠱᠢᠨ᠎ᠤ ᠬᠦᠷᠢᠶ᠎ᠡ ᠴᠠᠷᠠᠭ᠎ᠠ᠎ᠳᠤ ᠵᠥᠪᠱᠢᠶᠡᠷᠡᠨ ᠨᠡᠢᠲᠡᠯᠡᠭ᠌ᠰᠡᠨ ᠤᠯᠤᠰ᠎ᠤᠨ ᠨᠢᠭᠡᠳᠦᠭᠡᠷ ᠲᠠᠰ᠎ᠤᠨ ᠪᠠᠷᠢᠮᠵᠢᠶᠠᠲᠦ ᠪᠣᠳᠠᠰ᠎ᠤᠨ ᠲᠤᠭ᠎ᠠ ᠬᠡᠮᠵᠢᠶ᠎ᠡ ᠬᠠᠮᠤᠭ᠎ᠠᠴᠠ ᠠᠷᠪᠢᠨ᠂ ᠨᠡᠢᠲᠡ 37 ᠵᠦᠶ᠋ᠯ ᠪᠠᠢᠵᠤ᠂ 2025 ᠣᠨ᠎ᠳᠤ ᠵᠦᠪᠰᠢᠶᠡᠷᠡᠨ ᠨᠡᠢ᠌ᠲᠡᠯᠡᠭᠰᠡᠨ ᠤᠯᠤᠰ᠎ᠤᠨ ᠨᠢᠭᠡᠳᠦᠭᠡᠷ ᠲᠠᠰ᠎ᠤᠨ ᠪᠠᠷᠢᠮᠵᠢᠶᠠᠲᠦ ᠪᠣᠳᠠᠰ᠎ᠤᠨ 55.2%᠎ᠢ ᠡᠵᠡᠯᠡᠵᠦ᠂ ᠢᠳᠡᠭᠡᠨ᠎ᠤ ᠳᠤᠮᠳᠠ ᠬᠥᠭᠡᠴᠦ᠍ ᠪᠠ ᠢᠰᠭᠡᠭ᠌ᠰᠡᠨ ᠬᠠᠪᠲᠠᠭᠠᠶ ᠲᠤᠭᠠᠯᠠᠯ᠂ ᠬᠤᠨᠢᠨ᠎ᠤ ᠰᠦᠨ᠎ᠳᠤ ᠲᠣᠪᠲᠦᠷ᠎ᠤᠨ ᠦᠯᠡᠳᠡᠭ᠌ᠳᠡᠯ᠎ᠤᠨ ᠵᠠᠳᠠᠯᠤᠯᠲᠠ ᠵᠡᠷᠭᠡ ᠪᠠᠷᠢᠮᠵᠢᠶᠠᠲᠤ ᠪᠣᠳᠠᠰ᠎ᠨᠢ ᠢᠳᠡᠭᠡᠨ᠎ᠤ ᠳᠣᠲᠣᠷᠠᠬᠢ ᠮᠢᠺᠷᠣᠪ᠎ᠤᠨ ᠪᠣᠬᠢᠷᠲᠤᠯ᠎ᠢ ᠪᠠᠢᠴᠠᠭᠠᠨ ᠬᠡᠮᠵᠢᠬᠦ᠂ ᠲᠠᠷᠢᠶᠠᠨ ᠡᠮ ᠮᠠᠯ᠎ᠤᠨ ᠡᠮ᠎ᠤᠨ ᠦᠯᠡᠳᠡᠭ᠌ᠳᠡᠯ᠎ᠢ ᠪᠠᠢᠴᠠᠭᠠᠨ ᠬᠡᠮᠵᠢᠬᠦ᠌᠎ᠳᠤ ᠱᠢᠨᠵᠢᠯᠡᠬᠦ᠌ ᠤᠬᠠᠭᠠᠨᠴᠢ ᠦᠨᠳᠦᠰᠦᠯᠡᠯ ᠬᠠᠩᠭ᠋ᠠᠪᠠ᠃

ᠰᠤᠳᠤᠯᠤᠨ ᠦᠢ᠍ᠯᠡᠳᠬᠦ ᠦᠢ᠍ᠯᠡᠳᠪᠦᠷᠢᠯᠡᠯ᠎ᠦᠨ ᠨᠢᠭᠡᠴᠢ᠎ᠶ᠋ᠢᠨ ᠱᠢᠨᠵᠢ ᠴᠢᠨᠠᠷ᠎ᠠᠴᠠ ᠦᠵᠡᠪᠡᠯ᠄ 2025 ᠣᠨ᠎ᠳᠤ᠂ ᠡᠷᠳᠡᠮ ᠰᠢᠨᠵᠢᠯᠡᠭᠡᠨ᠎ᠤ ᠠᠵᠢᠯ ᠦᠢᠯᠡᠰ᠎ᠤᠨ ᠨᠢᠭᠡᠴᠢ᠎ᠳᠦ ᠤᠯᠤᠰ᠎ᠤᠨ ᠪᠠᠷᠢᠮᠵᠢᠶᠠᠲᠦ ᠪᠣᠳᠠᠰ 330 ᠵᠦᠢᠯ᠎ᠢ ᠱᠢᠨ᠎ᠡ᠎ᠪᠠᠷ ᠪᠠᠢᠭᠤᠯᠵᠤ᠂ ᠪᠥᠬᠦ᠌ ᠵᠢᠯ᠎ᠤᠨ ᠱᠢᠨ᠎ᠡ᠎ᠪᠠᠷ ᠪᠠᠢᠭᠤᠯᠤᠭ᠍ᠰᠠᠨ ᠤᠯᠤᠰ᠎ᠤᠨ ᠪᠠᠷᠢᠮᠵᠢᠶᠠᠲᠤ ᠪᠣᠳᠠᠰ᠎ᠤᠨ ᠶᠡᠷᠦᠩᠬᠡᠢ ᠲᠣᠭᠠᠨ᠎ᠤ 29.0%᠎ᠶᠢ ᠡᠵᠡᠯᠡᠵᠦ᠍᠂ ᠠᠳᠠᠯᠢ ᠬᠤᠭᠤᠴᠠᠭᠠᠨ᠎ᠤ᠎ᠬᠢ᠎ᠠᠴᠠ 57.9%᠎ᠪᠠᠷ ᠨᠡᠮᠡᠭ᠌ᠳᠡᠪᠡ; ᠠᠵᠤ ᠠᠬᠤᠢᠯᠠᠯ᠎ᠳᠦ ᠤᠯᠤᠰ᠎ᠤᠨ ᠪᠠᠷᠢᠮᠵᠢᠶᠠᠲᠦ ᠪᠣᠳᠠᠰ 809 ᠵᠦᠢᠯ᠎ᠢ ᠱᠢᠨ᠎ᠡ᠎ᠪᠠᠷ ᠪᠠᠢᠭᠤᠯᠵᠤ᠂ ᠪᠥᠬᠦ᠌ ᠵᠢᠯ᠎ᠤᠨ ᠱᠢᠨ᠎ᠡ᠎ᠪᠠᠷ ᠪᠠᠢᠭᠤᠯᠤᠭ᠍ᠰᠠᠨ ᠤᠯᠤᠰ᠎ᠤᠨ ᠪᠠᠷᠢᠮᠵᠢᠶᠠᠲᠤ ᠪᠣᠳᠠᠰ᠎ᠤᠨ ᠶᠡᠷᠦᠩᠬᠡᠢ ᠲᠣᠭᠠᠨ᠎ᠤ 71.09%᠎ᠶ᠋ᠢ ᠡᠵᠡᠯᠡᠵᠦ᠍᠂ ᠠᠳᠠᠯᠢ ᠬᠤᠭᠤᠴᠠᠭᠠᠨ᠎ᠤ᠎ᠬᠢ᠎ᠠᠴᠠ 63.4%᠎ᠪᠠᠷ ᠨᠡᠮᠡᠭ᠌ᠳᠡᠪᠡ᠃ ᠡᠷᠳᠡᠮ ᠰᠢᠨᠵᠢᠯᠡᠭᠡᠨ᠎ᠦ ᠠᠵᠢᠯ ᠦᠢᠯᠡᠰ᠎ᠤᠨ ᠨᠢᠭᠡᠴᠢ᠎ᠨᠦᠭᠦᠳ ᠪᠠᠷᠢᠮᠵᠢᠶᠠᠲᠤ ᠪᠣᠳᠠᠰ᠎ᠤᠨ ᠡᠮᠦᠨ᠎ᠡ ᠹᠡᠷᠤᠨᠲ᠎ᠤᠨ ᠮᠡᠷᠭᠡᠵᠢᠯ᠎ᠤᠨ ᠪᠣᠭᠤᠮᠲᠠ ᠱᠢᠪᠲᠤᠯᠬᠤ ᠪᠠ ᠦᠢᠯᠡᠳᠬᠦᠨ᠎ᠤ ᠱᠢᠨ᠎ᠡ ᠡᠭᠦᠳᠦᠯᠲᠡ᠎ᠶᠢᠨ ᠱᠢᠪᠲᠤᠯᠤᠯᠲᠠ᠎ᠳᠦ ᠠᠩᠬᠠᠷᠤᠯ᠎ᠢᠶᠠᠨ ᠲᠦᠪᠯᠡᠷᠡᠭᠦᠯᠵᠦ᠂ ᠬᠡᠮᠵᠢᠯᠲᠡ᠎ᠶ᠋ᠢᠨ ᠮᠡᠷᠭᠡᠵᠢᠯ᠎ᠤᠨ ᠬᠥᠭ᠌ᠵᠢᠯᠲᠡ᠎ᠶ᠋ᠢᠨ ᠬᠠᠨᠳᠤᠰᠢ ᠬᠢᠭᠡᠳ ᠤᠯᠤᠰ᠎ᠤᠨ ᠴᠢᠬᠤᠯᠠ ᠶᠡᠭᠡ ᠪᠠᠢᠯᠳᠤᠬᠤ ᠪᠣᠳᠣᠯᠭ᠎ᠠ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠲᠠᠢ ᠨᠢᠭ᠍ᠲᠠ ᠤᠶᠠᠯᠳᠤᠭᠤᠯᠤᠨ᠂ ᠪᠡᠶ᠎ᠡ᠎ᠪᠠᠨ ᠳᠠᠭᠠᠭᠠᠵᠤ ᠰᠤᠳᠤᠯᠤᠨ ᠨᠡᠭᠡᠭᠡᠬᠦ᠌ ᠴᠢᠳᠠᠪᠤᠷᠢ᠎ᠪᠠᠨ ᠦᠷᠭᠦᠯᠵᠢᠯᠡᠨ ᠴᠢᠩᠭᠠᠷᠠᠭᠤᠯᠵᠤ᠂ ᠤᠯᠤᠰ᠎ᠤᠨ ᠨᠢᠭᠡᠳᠦᠭᠡᠷ ᠳᠡᠰ᠎ᠤᠨ ᠪᠠᠷᠢᠮᠵᠢᠶᠠᠲᠤ ᠪᠣᠳᠠᠰ 66 ᠵᠦᠢ᠍ᠯ᠎ᠢ ᠰᠢᠨ᠎ᠡ᠎ᠪᠡᠷ ᠪᠠᠢ᠌ᠭᠤᠯᠵᠦ᠂ ᠪᠦᠬᠦ ᠵᠢᠯ᠎ᠦᠨ ᠱᠢᠨ᠎ᠡ᠎ᠪᠠᠷ ᠪᠠᠢᠭᠤᠯᠤᠭ᠍ᠰᠠᠨ ᠤᠯᠤᠰ᠎ᠤᠨ ᠨᠢᠭᠡᠳᠦᠭᠡᠷ ᠳᠡᠰ᠎ᠤᠨ ᠪᠠᠷᠢᠮᠵᠢᠶᠠᠲᠤ ᠪᠣᠳᠠᠰ᠎ᠤᠨ ᠶᠡᠷᠦᠩᠬᠡᠢ ᠲᠣᠭᠠᠨ᠎ᠤ 98.5%᠎ᠶ᠋ᠢ ᠡᠵᠡᠯᠡᠵᠦ᠂ ᠤᠯᠤᠰ᠎ᠤᠨ ᠬᠤᠶᠠᠳᠤᠭᠠᠷ ᠳᠡᠰ᠎ᠤᠨ ᠪᠠᠷᠢᠮᠵᠢᠶᠠᠲᠤ ᠪᠣᠳᠠᠰ 264 ᠵᠦᠢᠯ᠎ᠢ ᠱᠢᠨ᠎ᠡ᠎ᠪᠠᠷ ᠪᠠᠢᠭᠤᠯᠵᠤ᠂ ᠪᠦᠬᠦ ᠵᠢᠯ᠎ᠤᠨ ᠤᠯᠤᠰ᠎ᠤᠨ ᠬᠤᠶᠠᠳᠤᠭᠠᠷ ᠳᠡᠰ᠎ᠤᠨ ᠪᠠᠷᠢᠮᠵᠢᠶᠠᠲᠤ ᠪᠣᠳᠠᠰ᠎ᠤᠨ ᠶᠡᠷᠦᠩᠬᠡᠢ ᠲᠣᠭᠠᠨ᠎ᠤ 24.6%᠎ᠶ᠋ᠢ ᠡᠵᠡᠯᠡᠨ᠎ᠡ᠃ ᠠᠵᠤ ᠠᠬᠤᠢᠯᠠᠯ᠎ᠤᠳ ᠠᠵᠤ ᠦᠢᠯᠡᠰ᠎ᠤᠨ ᠬᠡᠯᠬᠢᠶ᠎ᠡ ᠵᠢᠴᠢ ᠵᠠᠬ᠎ᠠ ᠳᠡᠯᠭᠡᠭᠦᠷ᠎ᠤᠨ ᠨᠠᠷᠢᠨ ᠬᠤᠪᠢᠶᠠᠷᠢᠯᠠᠯᠲᠠ᠎ᠶ᠋ᠢᠨ ᠬᠡᠷᠡᠭ᠌ᠴᠡᠭᠡ ᠱᠠᠭ᠋ᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠪᠠᠷᠢᠮᠵᠢᠶᠠᠲᠤ ᠪᠣᠳᠠᠰ᠎ᠤᠨ ᠬᠠᠩᠭᠠᠯᠭ᠎ᠠ ᠬᠡᠷᠡᠭ᠌ᠴᠡᠭᠡ᠎ᠶ᠋ᠢ ᠨᠠᠷᠢᠯᠢᠭ ᠣᠨᠣᠪᠴᠢᠲᠠᠢ᠎ᠪᠠᠷ ᠳᠣᠭᠢᠷᠠᠭᠤᠯᠬᠤ᠎ᠶ᠋ᠢ ᠪᠠᠲᠤᠯᠠᠵᠤ᠂ ᠤᠯᠤᠰ᠎ᠤᠨ ᠬᠤᠶᠠᠳᠤᠭᠠᠷ ᠳᠡᠰ᠎ᠤᠨ ᠪᠠᠷᠢᠮᠵᠢᠶᠠᠲᠤ ᠪᠣᠳᠠᠰ 808 ᠵᠦᠢᠯ᠎ᠢ ᠱᠢᠨ᠎ᠡ᠎ᠪᠠᠷ ᠪᠠᠢᠭᠤᠯᠵᠤ᠂ ᠪᠥᠬᠦ᠌ ᠵᠢᠯ᠎ᠤᠨ ᠤᠯᠤᠰ᠎ᠤᠨ ᠬᠤᠶᠠᠳᠤᠭᠠᠷ ᠳᠡᠰ᠎ᠤᠨ ᠪᠠᠷᠢᠮᠵᠢᠶᠠᠲᠤ ᠪᠣᠳᠠᠰ᠎ᠤᠨ ᠶᠡᠷᠦᠩᠬᠡᠶ ᠲᠣᠭᠠᠨ᠎ᠤ 75.4%᠎ᠶ᠋ᠢ ᠡᠵᠡᠯᠡᠵᠦ᠍᠂ ᠡᠯ᠎ᠡ ᠠᠵᠢᠯ ᠲᠥᠷᠥᠯ᠎ᠳᠤ ᠨᠠᠷᠢᠯᠢᠭ ᠣᠨᠣᠪᠴᠢᠲᠠᠢ ᠨᠠᠢᠳᠠᠪᠤᠷᠢᠲᠠᠶ ᠬᠡᠮᠵᠢᠯᠲᠡ᠎ᠶ᠋ᠢᠨ ᠲᠤᠯᠭᠠᠭᠤᠷᠢᠯᠠᠯ ᠬᠠᠩᠭᠠᠪᠠ᠃

ᠰᠤᠳᠤᠯᠤᠨ ᠦᠢ᠍ᠯᠡᠳᠬᠦ ᠦᠢᠯᠡᠳᠪᠦᠷᠢᠯᠡᠯ᠎ᠤᠨ ᠨᠢᠭᠡᠴᠢ᠎ᠶ᠋ᠢᠨ ᠭᠠᠵᠠᠷ ᠣᠷᠣᠨ᠎ᠤ ᠲᠠᠷᠬᠠᠯᠲᠠ᠎ᠠᠴᠠ ᠦᠵᠡᠪᠡᠯ᠄ 2025 ᠣᠨ᠎ᠳᠤ᠂ ᠤᠮᠠᠷᠠᠲᠤ ᠣᠷᠣᠨ᠎ᠳᠦ ᠤᠯᠤᠰ᠎ᠤᠨ ᠪᠠᠷᠢᠮᠵᠢᠶᠠᠲᠤ ᠪᠣᠳᠠᠰ 454 ᠵᠦᠢᠯ᠎ᠢ ᠰᠢᠨ᠎ᠡ᠎ᠪᠡᠷ ᠪᠠᠢ᠌ᠭᠤᠯᠵᠦ᠂ 39.8%᠎ᠶ᠋ᠢ ᠡᠵᠡᠯᠡᠵᠦ᠍᠂ ᠠᠳᠠᠯᠢ ᠬᠤᠭᠤᠴᠠᠭᠠᠨ᠎ᠤ᠎ᠬᠢ᠎ᠠᠴᠠ 108.3%᠎ᠪᠠᠷ ᠨᠡᠮᠡᠭᠳᠡᠪᠡ; ᠡᠭᠦᠨ᠎ᠳᠤ ᠤᠯᠤᠰ᠎ᠤᠨ ᠨᠢᠭᠡᠳᠦᠭᠡᠷ ᠳᠡᠰ᠎ᠤᠨ ᠪᠠᠷᠢᠮᠵᠢᠶᠠᠲᠤ ᠪᠣᠳᠠᠰ 62 ᠵᠦᠢᠯ ᠪᠠᠢᠵᠤ᠂ ᠤᠯᠤᠰ᠎ᠤᠨ ᠨᠢᠭᠡᠳᠦᠭᠡᠷ ᠳᠡᠰ᠎ᠤᠨ ᠪᠠᠷᠢᠮᠵᠢᠶᠠᠲᠤ ᠪᠣᠳᠠᠰ᠎ᠤᠨ ᠶᠡᠷᠦᠩᠬᠡᠢ ᠲᠣᠭᠠᠨ᠎ᠤ 92.5%᠎ᠶ᠋ᠢ ᠡᠵᠡᠯᠡᠨ᠎ᠡ;ᠳᠣᠷᠣᠨᠠᠲᠤ ᠣᠷᠣᠨ᠎ᠳᠦ ᠤᠯᠤᠰ᠎ᠤᠨ ᠪᠠᠷᠢᠮᠵᠢᠶᠠᠲᠦ ᠪᠣᠳᠠᠰ 252 ᠪᠠᠷᠢᠮᠵᠢᠶ᠎ᠠ ᠪᠣᠳᠠᠰ᠎ᠢ ᠱᠢᠨ᠎ᠡ᠎ᠪᠡᠷ ᠪᠠᠢ᠌ᠭᠤᠯᠵᠦ᠂ 22.1%᠎ᠶ᠋ᠢ ᠡᠵᠡᠯᠡᠵᠦ᠍᠂ ᠠᠳᠠᠯᠢ ᠬᠤᠭᠤᠴᠠᠭᠠᠨ᠎ᠤ᠎ᠬᠢ᠎ᠠᠴᠠ 4.2%᠎ᠪᠡᠷ ᠪᠠᠭᠤᠷᠠᠪᠠ; ᠪᠠᠷᠠᠭᠤᠨ ᠡᠮᠦᠨᠡᠲᠦ ᠣᠷᠣᠨ᠎ᠳᠦ ᠤᠯᠤᠰ᠎ᠤᠨ ᠪᠠᠷᠢᠮᠵᠢᠶᠠᠲᠤ ᠪᠣᠳᠠᠰ 127 ᠵᠦᠢᠯ᠎ᠢ ᠰᠢᠨ᠎ᠡ᠎ᠪᠡᠷ ᠪᠠᠢ᠌ᠭᠤᠯᠵᠦ᠂ 11.2%᠎ᠢ ᠡᠵᠡᠯᠡᠵᠦ᠍᠂ ᠠᠳᠠᠯᠢ ᠬᠤᠭᠤᠴᠠᠭᠠᠨ᠎ᠤ᠎ᠬᠢ᠎ᠠᠴᠠ 273.5%᠎ᠪᠠᠷ ᠨᠡᠮᠡᠭ᠌ᠳᠡᠪᠡ; ᠪᠠᠷᠠᠭᠤᠨ ᠬᠤᠢᠲᠤ ᠣᠷᠣᠨ᠎ᠳᠦ ᠤᠯᠤᠰ᠎ᠤᠨ ᠪᠠᠷᠢᠮᠵᠢᠶᠠᠲᠤ ᠪᠣᠳᠠᠰ 69 ᠵᠦᠢᠯ᠎ᠢ ᠱᠢᠨ᠎ᠡ᠎ᠪᠠᠷ ᠪᠠᠢᠭᠤᠯᠵᠤ᠂ 6.1%᠎ᠶ᠋ᠢ ᠡᠵᠡᠯᠡᠵᠦ᠍᠂ ᠠᠳᠠᠯᠢ ᠬᠤᠭᠤᠴᠠᠭᠠᠨ᠎ᠤ᠎ᠬᠢ᠎ᠠᠴᠠ 176%᠎ᠪᠠᠷ ᠨᠡᠮᠡᠭ᠌ᠳᠡᠪᠡ; ᠵᠡᠭᠦᠨ ᠬᠤᠢᠲᠤ ᠣᠷᠣᠨ᠎ᠳᠦ ᠤᠯᠤᠰ᠎ᠤᠨ ᠪᠠᠷᠢᠮᠵᠢᠶᠠᠲᠤ ᠪᠣᠳᠠᠰ 100 ᠵᠦᠢᠯ᠎ᠢ ᠱᠢᠨ᠎ᠡ᠎ᠪᠠᠷ ᠪᠠᠢᠭᠤᠯᠵᠤ᠂ 8.8%᠎ᠶ᠋ᠢ ᠡᠵᠡᠯᠡᠵᠦ᠍᠂ ᠠᠳᠠᠯᠢ ᠬᠤᠭᠤᠴᠠᠭᠠᠨ᠎ᠤ᠎ᠬᠢ᠎ᠠᠴᠠ 163.2%᠎ᠪᠠᠷ ᠨᠡᠮᠡᠭ᠌ᠳᠡᠪᠡ; ᠳᠤᠮᠳᠠᠳᠤ ᠣᠷᠣᠨ᠎ᠳᠦ ᠤᠯᠤᠰ᠎ᠤᠨ ᠪᠠᠷᠢᠮᠵᠢᠶᠠᠲᠤ ᠪᠣᠳᠠᠰ 77 ᠵᠦᠢᠯ᠎ᠢ ᠱᠢᠨ᠎ᠡ᠎ᠪᠠᠷ ᠪᠠᠢᠭᠤᠯᠵᠤ᠂ 6.7%᠎ᠶ᠋ᠢ ᠡᠵᠡᠯᠡᠵᠦ᠂ ᠠᠳᠠᠯᠢ ᠬᠤᠭᠤᠴᠠᠭᠠᠨ᠎ᠤ᠎ᠬᠢ᠎ᠠᠴᠠ 16.7%᠎ᠪᠠᠷ ᠨᠡᠮᠡᠭ᠌ᠳᠡᠪᠡ; ᠡᠮᠦᠨᠡᠲᠦ ᠣᠷᠣᠨ᠎ᠳᠤ ᠤᠯᠤᠰ᠎ᠤᠨ ᠪᠠᠷᠢᠮᠵᠢᠶᠠᠲᠤ ᠪᠣᠳᠠᠰ 60 ᠵᠦᠢᠯ᠎ᠢ ᠱᠢᠨ᠎ᠡ᠎ᠪᠠᠷ ᠪᠠᠢᠭᠤᠯᠵᠤ᠂ ᠨᠢᠳᠤᠨᠤᠨ᠎ᠤ᠎ᠬᠢ᠎ᠲᠠᠢ ᠲᠡᠩᠴᠡᠭᠦᠦ᠃

ᠢᠷᠡᠯᠲᠡ᠄ ᠵᠠᠬ᠎ᠠ ᠳᠡᠯᠭᠡᠭᠦᠷ᠎ᠦᠨ ᠰᠢᠨ᠎ᠡ ᠬᠡᠯᠡᠯᠭᠡ