ᠥᠪᠥᠷ ᠮᠣᠩᠭᠤᠯ᠎ᠤᠨ ᠢᠳᠡᠭᠡᠨ᠎ᠤ ᠠᠮᠤᠷ ᠲᠦᠪᠱᠢᠨ᠎ᠤ ᠲᠤᠰᠭᠠᠶ ᠮᠡᠷᠭᠡᠵᠢᠯᠲᠡᠨ᠎ᠤ ᠵᠥᠪᠯᠡᠯ᠎ᠤᠨ《ᠰᠢᠨ᠎ᠡ》 ᠠᠶᠠᠯᠠᠯ᠎ᠢᠶᠠᠨ ᠡᠬᠢᠯᠡᠭᠦᠯᠵᠦ 88 ᠨᠡᠷᠡᠰ ᠲᠤᠰᠭᠠᠶ ᠮᠡᠷᠭᠡᠵᠢᠯᠲᠡᠨ ᠣᠷᠢᠯᠠᠭ᠎ᠠ᠎ᠪᠠᠷ ᠢᠳᠡᠭᠡᠨ᠎ᠤ ᠠᠮᠤᠷ ᠲᠦᠪᠱᠢᠨ᠎ᠤ ᠵᠠᠰᠠᠯᠲᠠ᠎ᠳᠦ ᠬᠦᠴᠦᠨ ᠨᠡᠮᠡᠷᠢᠯᠡᠪᠡ
2026-01-30

1 ᠳ᠋ᠦ᠍ᠭᠡᠷ ᠰᠠᠷ᠎ᠠ᠎ᠶ᠋ᠢᠨ 23 ᠎ᠤ ᠡᠳᠦᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠢᠳᠡᠭᠡᠨ᠎ᠤ ᠠᠮᠤᠷ ᠲᠦᠪᠱᠢᠨ᠎ᠤ ᠲᠤᠰᠭᠠᠢ ᠮᠡᠷᠭᠡᠵᠢᠯᠲᠡᠨ᠎ᠤ ᠵᠥᠪᠯᠡᠯ᠎ᠤᠨ ᠬᠤᠷᠠᠯ ᠬᠥᠬᠡᠬᠤᠲᠠ᠎ᠳᠤ ᠬᠤᠷᠠᠯᠳᠤᠵᠤ᠂ ᠬᠤᠷᠠᠯ ᠳᠡᠭᠡᠷ᠎ᠡ ᠥᠪᠡᠷᠲᠡᠭᠡᠨ ᠵᠠᠰᠠᠬᠤ ᠣᠷᠣᠨ᠎ᠤ ᠢᠳᠡᠭᠡᠨ ᠪᠠ ᠡᠮ᠎ᠤᠨ ᠵᠦᠢᠯ᠎ᠤᠨ ᠠᠮᠤᠷ ᠲᠦᠪᠱᠢᠨ᠎ᠤ ᠠᠯᠪᠠᠨ ᠭᠡᠷ᠎ᠠᠴᠠ ᠤᠷᠢᠨ ᠲᠣᠮᠢᠯᠠᠭ᠍ᠰᠠᠨ 88 ᠨᠡᠷᠡᠰ ᠢᠳᠡᠭᠡᠨ᠎ᠤ ᠠᠮᠤᠷ ᠲᠦᠪᠱᠢᠨ᠎ᠤ ᠲᠤᠰᠭᠠᠢ ᠮᠡᠷᠭᠡᠵᠢᠯᠲᠡᠨ᠎ᠤ ᠵᠥᠪᠯᠡᠯ᠎ᠤᠨ ᠲᠤᠰᠭᠠᠢ ᠮᠡᠷᠭᠡᠵᠢᠯᠲᠡᠨ᠎ᠳᠤ ᠤᠷᠢᠯᠭ᠎ᠠ᠎ᠶ᠋ᠢᠨ ᠪᠢᠴᠢᠭ ᠣᠯᠭᠤᠵᠤ᠂ ᠲᠤᠰᠭᠠᠢ ᠮᠡᠷᠭᠡᠵᠢᠯᠲᠡᠨ᠎ᠤ ᠲᠥᠯᠥᠭᠡᠯᠡᠭ᠌ᠴᠢ᠎ᠡᠴᠡ ᠠᠵᠢᠯ᠎ᠤᠨ ᠪᠠᠢᠷᠢ᠎ᠶ᠋ᠢᠨ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ ᠰᠠᠨᠠᠯ᠎ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠱᠢᠨ᠎ᠡ ᠨᠢᠭᠡ ᠡᠭᠡᠯᠵᠢ᠎ᠶ᠋ᠢᠨ ᠲᠤᠰᠭᠠᠢ ᠮᠡᠷᠭᠡᠵᠢᠯᠲᠡᠨ᠎ᠤ ᠵᠥᠪᠯᠡᠯ᠎ᠤᠨ ᠡᠯ᠎ᠡ ᠵᠦᠢᠯ᠎ᠤᠨ ᠠᠵᠢᠯ ᠵᠢᠩᠬᠢᠨᠢ᠎ᠪᠠᠷ ᠡᠬᠢᠯᠡᠪᠡ᠃

ᠲᠣᠰ ᠤᠳᠠᠭᠠᠨ᠎ᠤ ᠲᠤᠰᠭᠠᠶ ᠮᠡᠷᠭᠡᠵᠢᠯᠲᠡᠨ᠎ᠤ ᠵᠥᠪᠯᠡᠯ᠎ᠤᠨ ᠲᠣᠬᠢᠷᠠᠭᠤᠯᠤᠯᠲᠠ᠎ᠨᠢ ᠡᠮᠦᠨᠡᠬᠢ ᠬᠤᠭᠤᠴᠠᠭᠠᠨ᠎ᠤ ᠭᠦᠢᠴᠡᠳ ᠪᠡᠯᠡᠳᠭᠡᠯ᠎ᠢᠶᠠᠷ ᠳᠡᠮᠵᠢᠨ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠢᠳᠡᠭᠡᠨ ᠪᠠ ᠡᠮ᠎ᠤᠨ ᠵᠦᠢᠯ᠎ᠤᠨ ᠠᠮᠤᠷ ᠲᠦᠪᠱᠢᠨ᠎ᠤ ᠵᠥᠪᠯᠡᠯ᠎ᠤᠨ ᠠᠵᠢᠯ᠎ᠤᠨ ᠲᠦᠷᠢᠮ》᠎ᠤᠨ ᠱᠠᠭᠠᠷᠳᠠᠯᠭ᠎ᠠ᠎ᠶ᠋ᠢ ᠴᠢᠩᠭ᠎ᠠ ᠵᠢᠷᠤᠮᠯᠠᠵᠤ᠂ ᠥᠪᠡᠷᠲᠡᠭᠡᠨ ᠵᠠᠰᠠᠬᠤ ᠣᠷᠣᠨ᠎ᠤ ᠢᠳᠡᠭᠡᠨ᠎ᠤ ᠠᠮᠤᠷ ᠲᠦᠪᠱᠢᠨ᠎ᠤ ᠠᠵᠢᠯ᠎ᠤᠨ ᠬᠡᠷᠡᠭ᠌ᠴᠡᠭᠡ᠎ᠲᠠᠢ ᠤᠶᠠᠯᠳᠤᠭᠤᠯᠤᠨ᠂ ᠲᠤᠰᠭᠠᠶ ᠮᠡᠷᠭᠡᠵᠢᠯ᠎ᠤᠨ ᠠᠬᠤᠶ ᠪᠠᠢᠳᠠᠯ᠂ ᠠᠵᠢᠯ ᠲᠥᠷᠥᠯ᠎ᠤᠨ ᠬᠦᠷᠢᠶ᠎ᠡ ᠴᠠᠷᠠᠭ᠎ᠠ ᠪᠠ ᠭᠠᠵᠠᠷ ᠣᠷᠣᠨ᠎ᠤ ᠲᠠᠷᠬᠠᠯᠲᠠ ᠵᠡᠷᠭᠡ ᠣᠯᠠᠨ ᠲᠠᠯ᠎ᠠ᠎ᠠᠴᠠ ᠶᠡᠷᠦᠩᠬᠡᠢᠯᠡᠨ ᠪᠣᠳᠣᠯᠬᠢᠯᠠᠵᠤ᠂ ᠨᠢᠭᠡᠴᠢ᠎ᠡᠴᠡ ᠲᠠᠨᠢᠯᠴᠠᠭᠤᠯᠬᠤ᠂ ᠰᠠᠢᠨ ᠳᠤᠷ᠎ᠠ᠎ᠠᠴᠠ᠎ᠪᠠᠨ ᠭᠤᠶᠤᠴᠢᠯᠠᠨ ᠮᠡᠳᠡᠭᠦᠯᠬᠦ᠂ ᠠᠩᠬ᠎ᠠ ᠠᠯᠬᠤᠮ ᠱᠢᠭ᠌ᠰᠢᠨ ᠰᠣᠩᠭᠤᠬᠤ᠂ ᠬᠤᠷᠠᠯ᠎ᠢᠶᠠᠷ ᠬᠢᠨᠠᠨ ᠵᠥᠪᠯᠡᠬᠦ᠂ ᠢᠯᠡ᠎ᠪᠠᠷ ᠨᠡᠢᠲᠡᠯᠡᠬᠦ᠌ ᠵᠡᠷᠭᠡ ᠲᠠᠰ ᠳᠠᠷᠠᠭᠠᠯᠠᠯ᠎ᠢᠶᠠᠷ ᠡᠴᠦᠰ᠎ᠲᠤ ᠪᠠᠨ ᠪᠥᠬᠦ᠌ ᠣᠷᠣᠨ᠎ᠤ ᠢᠳᠡᠭᠡᠨ᠎ᠤ ᠠᠮᠤᠷ ᠲᠦᠪᠱᠢᠨ᠎ᠤ ᠲᠤᠰᠭᠠᠶ ᠮᠡᠷᠭᠡᠵᠢᠯᠲᠡᠨ᠎ᠤ ᠵᠥᠪᠯᠡᠯ᠎ᠤᠨ 88 ᠨᠡᠷᠡᠰ ᠲᠤᠰᠭᠠᠶ ᠮᠡᠷᠭᠡᠵᠢᠯᠲᠡᠨ᠎ᠢ ᠲᠣᠭ᠍ᠲᠠᠭᠠᠵᠤ᠂ ᠢᠳᠡᠭᠡᠨ᠎ᠤ ᠠᠮᠤᠷ ᠲᠦᠪᠱᠢᠨ᠎ᠤ ᠱᠢᠨᠵᠢᠯᠡᠬᠦ᠌ ᠤᠬᠠᠭᠠᠨ᠂ ᠲᠠᠷᠢᠶᠠᠯᠠᠩ᠎ᠤᠨ ᠤᠬᠠᠭᠠᠨ᠂ ᠠᠨᠠᠭᠠᠬᠤ ᠤᠬᠠᠭᠠᠨ᠎ᠤ ᠡᠷᠡᠭᠦᠯ ᠬᠠᠮᠠᠭᠠᠯᠠᠯ᠂ ᠢᠳᠡᠭᠡᠨ᠎ᠤ ᠠᠮᠤᠷ ᠲᠦᠪᠱᠢᠨ᠎ᠤ ᠬᠢᠨᠠᠯᠲᠠ ᠬᠠᠮᠢᠶᠠᠷᠤᠯᠲᠠ᠂ ᠰᠢᠯᠠᠭ᠋ᠠᠨ ᠪᠠᠢ᠌ᠴᠠᠭ᠋ᠠᠵᠦ ᠪᠠᠢᠴᠠᠭᠠᠨ ᠬᠡᠮᠵᠢᠬᠦ᠂ ᠢᠳᠡᠭᠡᠨ᠎ᠤ ᠠᠮᠤᠷ ᠲᠦᠪᠱᠢᠨ᠎ᠤ ᠮᠡᠳᠡᠭᠡ ᠵᠠᠩᠭᠢᠵᠢᠯᠲᠠ᠂ ᠪᠠᠴᠢᠮ ᠪᠠᠢᠳᠠᠯ᠎ᠢ ᠠᠷᠭᠠᠴᠠᠭᠠᠨ ᠱᠢᠢᠳᠪᠦᠷᠢᠯᠡᠬᠦ᠌ ᠵᠡᠷᠭᠡ ᠣᠯᠠᠨ ᠲᠤᠰᠭᠠᠶ ᠮᠡᠷᠭᠡᠵᠢᠯ᠎ᠤᠨ ᠬᠦᠷᠢᠶ᠎ᠡ ᠴᠠᠷᠠᠭ᠎ᠠ᠎ᠶ᠋ᠢ ᠬᠠᠮᠤᠷᠴᠤ᠌᠂ ᠢᠳᠡᠭᠡᠨ᠎ᠤ ᠠᠮᠤᠷ ᠲᠦᠪᠱᠢᠨ᠎ᠤ ᠪᠥᠬᠦ᠌ ᠬᠡᠯᠬᠢᠶ᠎ᠡ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠡᠯ᠎ᠡ ᠭᠤᠭ᠍ᠴᠤᠭ᠎ᠠ᠎ᠶ᠋ᠢ ᠦᠨᠳᠦᠰᠦᠨ᠎ᠳᠤ᠎ᠪᠠᠨ ᠬᠠᠮᠤᠷᠪᠠ᠃

ᠢᠳᠡᠭᠡᠨ᠎ᠦ ᠠᠮᠤᠷ ᠲᠦᠪᠱᠢᠨ᠎ᠦ ᠲᠤᠰᠭᠠᠶ ᠮᠡᠷᠭᠡᠵᠢᠯᠲᠡᠨ᠎ᠦ ᠵᠦᠪᠯᠡᠯ᠎ᠠᠴᠠ ᠲᠤᠰᠭᠠᠶ ᠮᠡᠷᠭᠡᠵᠢᠯ᠎ᠦᠨ ᠣᠨᠴᠠ ᠴᠢᠳᠠᠪᠦᠷᠢ᠎ᠪᠠᠨ ᠥᠷᠬᠦᠯᠵᠢᠯᠡᠨ ᠪᠠᠳᠠᠷᠠᠭᠤᠯᠵᠤ᠂ ᠢᠳᠡᠭᠡᠨ᠎ᠦ ᠠᠮᠤᠷ ᠲᠦᠪᠱᠢᠨ᠎ᠦ ᠪᠠᠢᠯᠳᠤᠬᠤ ᠪᠣᠳᠣᠯᠭ᠎ᠠ᠎ᠶ᠋ᠢᠨ 《ᠰᠠᠨᠠᠭᠤᠯᠭ᠎ᠠ ᠥᠭᠭᠦᠭᠴᠢ》᠂ ᠢᠳᠡᠭᠡᠨ᠎ᠦ ᠠᠮᠤᠷ ᠲᠦᠪᠱᠢᠨ᠎ᠦ ᠲᠦᠭ᠌ᠰᠢᠭᠦᠷᠢ᠎ᠶ᠋ᠢᠨ《ᠰᠤᠳᠤᠯᠤᠨ ᠮᠠᠭᠠᠳᠯᠠᠭ᠍ᠴᠢ》᠂ ᠢᠳᠡᠭᠡᠨ᠎ᠤ ᠠᠮᠤᠷ ᠲᠦᠪᠱᠢᠨ᠎ᠤ ᠬᠡᠷᠡᠭ᠎ᠤᠨ 《ᠤᠬᠠᠭᠠᠨᠲᠠᠨ᠎ᠤ ᠪᠦᠯᠬᠦᠮ》᠂ ᠢᠳᠡᠭᠡᠨ᠎ᠦ ᠠᠵᠤ ᠦᠢᠯᠡᠰ᠎ᠦᠨ ᠬᠥᠭ᠌ᠵᠢᠯᠲᠡ᠎ᠶ᠋ᠢᠨ 《ᠠᠬᠢᠭᠤᠯᠤᠭ᠍ᠴᠢ》 ᠪᠠ ᠢᠳᠡᠭᠡᠨ᠎ᠦ ᠠᠮᠤᠷ ᠲᠦᠪᠰᠢᠨ᠎ᠤ ᠮᠡᠳᠡᠯᠭᠡ᠎ᠶᠢᠨ 《ᠤᠯᠠᠮᠵᠢᠯᠠᠭᠴᠢ》᠎ᠶᠢ ᠰᠠᠢ᠌ᠲᠦᠷ ᠬᠢᠵᠦ᠂ ᠥᠪᠡᠷᠲᠡᠭᠡᠨ ᠵᠠᠰᠠᠬᠤ ᠣᠷᠣᠨ᠎ᠤ ᠢᠳᠡᠭᠡᠨ᠎ᠦ ᠠᠮᠤᠷ ᠲᠦᠪᠰᠢᠨ᠎ᠦ ᠬᠦᠭᠵᠢᠯᠲᠡ᠎ᠶᠢᠨ ᠪᠠᠢ᠌ᠯᠳᠤᠬᠤ ᠪᠤᠳᠤᠯᠭ᠎ᠠ᠂ ᠬᠠᠤᠯᠢ ᠲᠣᠭ᠍ᠲᠠᠭᠠᠯ ᠲᠥᠷᠥ᠎ᠶ᠋ᠢᠨ ᠪᠣᠳᠣᠯᠭ᠎ᠠ ᠪᠣᠯᠤᠨ ᠴᠢᠬᠤᠯᠠ ᠶᠡᠬᠡ ᠱᠢᠶ᠋ᠳᠪᠦᠷᠢᠲᠦ ᠪᠣᠳᠣᠯᠭ᠎ᠠ ᠲᠣᠭ᠍ᠲᠠᠭᠠᠵᠤ᠂ ᠥᠪᠡᠷᠲᠡᠭᠡᠨ ᠵᠠᠰᠠᠬᠤ ᠣᠷᠣᠨ᠎ᠤ ᠢᠳᠡᠭᠡᠨ᠎ᠦ ᠠᠮᠤᠷ ᠲᠦᠪᠱᠢᠨ᠎ᠦ ᠲᠦᠭ᠌ᠰᠢᠭᠦᠷᠢ᠎ᠶ᠋ᠢ ᠬᠢᠨᠠᠨ ᠰᠢᠯᠭ᠋ᠠᠬᠤ᠂ ᠦᠨᠡᠯᠡᠨ ᠵᠢᠱ᠌ᠢᠬᠦ᠌᠂ ᠤᠷᠢᠳᠴᠢᠯᠠᠨ ᠰᠡᠷᠡᠮᠵᠢᠯᠡᠵᠦ᠍ ᠰᠣᠯᠢᠯᠴᠠᠬᠤ᠂ ᠰᠤᠳᠤᠯᠤᠨ ᠮᠠᠭᠠᠳᠯᠠᠬᠤ᠂ ᠢᠳᠡᠭᠡᠨ᠎ᠦ ᠠᠮᠤᠷ ᠲᠦᠪᠰᠢᠨ᠎ᠦ  ᠪᠠᠴᠢᠮ ᠪᠠᠢ᠌ᠳᠠᠯ᠎ᠢ ᠠᠷᠭ᠋ᠠᠴᠠᠨ ᠰᠢᠢ᠍ᠳᠪᠦᠷᠢᠯᠡᠬᠦ᠂ ᠢᠳᠡᠭᠡᠨ᠎ᠦ ᠠᠮᠤᠷ ᠲᠦᠪᠱᠢᠨ᠎ᠦ ᠬᠦᠨᠳᠦ ᠶᠡᠬᠡ ᠬᠡᠷᠡᠭ᠎ᠢ ᠪᠠᠢᠴᠠᠭᠠᠨ ᠱᠢᠶ᠋ᠳᠪᠦᠷᠢᠯᠡᠬᠦ᠌᠂ ᠢᠳᠡᠭᠡᠨ᠎ᠦ ᠠᠮᠤᠷ ᠲᠦᠪᠱᠢᠨ᠎ᠦ ᠪᠠᠷᠢᠮᠵᠢᠶ᠎ᠠ᠎ᠶ᠋ᠢ ᠲᠣᠭ᠍ᠲᠠᠭᠠᠵᠤ ᠵᠠᠰᠠᠪᠤᠷᠢ ᠣᠷᠣᠭᠤᠯᠬᠤ᠂ ᠮᠥᠷᠳᠡᠨ ᠦᠨᠡᠯᠡᠬᠦ᠌ ᠵᠢᠴᠢ ᠲᠠᠢᠯᠪᠤᠷᠢᠯᠠᠬᠤ᠂ ᠢᠳᠡᠭᠡᠨ᠎ᠦ ᠠᠮᠤᠷ ᠲᠦᠪᠱᠢᠨ᠎ᠦ ᠠᠮᠤᠷ ᠲᠦᠪᠱᠢᠨ᠎ᠦ ᠰᠢᠨᠵᠢᠯᠡᠬᠦ ᠣᠬᠠᠭ᠋ᠠᠨ᠎ᠤ ᠲᠦᠭᠡᠮᠡᠯᠵᠢᠭᠦᠯᠦᠯᠲᠡ᠎ᠶᠢᠨ ᠣᠬᠠᠭᠣᠯᠭ᠎ᠠ᠂ ᠰᠤᠷᠭ᠋ᠠᠨ ᠬᠥᠮᠦᠵᠢᠯ ᠪᠣᠯᠪᠠᠰᠤᠷᠠᠯ ᠪᠣᠯᠤᠨ ᠮᠡᠷᠭᠡᠵᠢᠯ᠎ᠦᠨ ᠰᠣᠯᠢᠯᠴᠠᠭ᠎ᠠ ᠵᠡᠷᠭᠡ ᠲᠠᠯ᠎ᠠ᠎ᠪᠠᠷ ᠲᠥᠷᠥ᠎ᠶ᠋ᠢᠨ ᠪᠣᠳᠣᠯᠭ᠎ᠠ᠎ᠶ᠋ᠢᠨ ᠯᠠᠪᠯᠠᠯᠭ᠎ᠠ᠂ ᠨᠤᠲᠠᠯᠠᠯᠲᠠ᠎ᠶᠢᠨ ᠰᠠᠨᠠᠭᠤᠯᠭ᠎ᠠ ᠵᠢᠴᠢ ᠮᠡᠷᠭᠡᠵᠢᠯ᠎ᠦᠨ ᠲᠤᠯᠭ᠋ᠠᠭᠤᠷᠢᠯᠠᠯ ᠬᠠᠩᠭ᠋ᠠᠵᠤ᠂ ᠪᠦᠬᠦ᠌ ᠣᠷᠣᠨ᠎ᠤ ᠢᠳᠡᠭᠡᠨ᠎ᠦ ᠠᠮᠤᠷ ᠲᠦᠪᠱᠢᠨ᠎ᠦ ᠵᠠᠰᠠᠯᠲᠠ᠎ᠶ᠋ᠢᠨ ᠲᠤᠭᠲᠠᠯᠴᠠᠭ᠎ᠠ ᠪᠠ ᠵᠠᠰᠠᠯᠲᠠ᠎ᠶ᠋ᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢ ᠠᠬᠢᠭᠤᠯᠬᠤ᠂ ᠪᠦᠬᠦ᠌ ᠣᠷᠣᠨ᠎ᠤ ᠠᠷᠠᠳ ᠣᠯᠠᠨ᠎ᠤ 《ᠢᠳᠡᠭᠡᠨ ᠤᠮᠳᠠᠭᠠᠨ᠎ᠤ ᠠᠮᠤᠷ ᠲᠦᠪᠱᠢᠨ》᠎ᠢ ᠪᠠᠲᠤᠯᠠᠬᠤ᠎ᠳᠤ ᠨᠡᠩ ᠶᠡᠬᠡ ᠰᠢᠨ᠎ᠡ ᠬᠤᠪᠢ ᠨᠡᠮᠡᠷᠢ ᠥᠵᠡᠭᠦᠯᠪᠡ᠃

ᠢᠷᠡᠯᠲᠡ᠄ ᠢᠳᠡᠭᠡᠨ᠎ᠤ ᠠᠮᠤᠷ ᠲᠦᠪᠱᠢᠨ᠎ᠢ ᠵᠣᠬᠢᠴᠠᠭᠤᠯᠬᠤ ᠬᠢᠭᠡᠳ ᠰᠣᠭᠣᠯᠣᠨ ᠪᠠᠢᠴᠠᠭᠠᠵᠤ ᠬᠢᠨᠠᠨ ᠬᠡᠮᠵᠢᠬᠦ᠌ ᠭᠠᠵᠠᠷ