ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ 《ᠠᠵᠤ ᠠᠬᠤᠢᠯᠠᠯ᠎ᠤᠨ ᠨᠡᠷᠡᠢᠳᠦᠯ᠎ᠤᠨ ᠭᠤᠶᠤᠴᠢᠯᠠᠨ ᠮᠡᠳᠡᠭᠦᠯᠬᠦ᠌ ᠵᠢᠯᠣᠭᠤᠳᠤᠮᠵᠢ (2025 ᠣᠨ᠎ᠤ ᠬᠡᠪᠯᠡᠯ)》᠎ᠶᠢ ᠨᠡᠢᠲᠡᠯᠡᠪᠡ
2026-01-08

ᠪᠦᠬᠦ᠌ ᠤᠯᠤᠰ᠎ᠤᠨ ᠨᠢᠭᠡᠲᠦᠯᠲᠡᠢ ᠲᠣᠮᠤ ᠵᠠᠬ᠎ᠠ ᠳᠡᠯᠭᠡᠭᠦᠷ᠎ᠦᠨ ᠪᠦᠲᠦᠭᠡᠨ ᠪᠠᠢᠭᠤᠯᠤᠯᠲᠠ᠎ᠶ᠋ᠢ ᠭᠦᠨᠵᠡᠭᠡᠢᠷᠡᠭᠦᠯᠦᠨ ᠠᠬᠢᠭᠤᠯᠵᠤ᠂ ᠵᠠᠬ᠎ᠠ ᠳᠡᠯᠭᠡᠭᠦᠷ᠎ᠦᠨ ᠦᠨᠳᠦᠰᠦᠨ ᠳᠦᠷᠢᠮ᠎ᠢ ᠨᠢᠭᠡᠳ᠋ᠦᠯᠲᠡᠢ ᠪᠣᠯᠭᠠᠵᠤ᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ᠎ᠶᠢᠨ ᠬᠤᠳᠠᠯᠳᠤᠭ᠎ᠠ ᠡᠵᠡᠩᠨᠡᠬᠦ᠌ ᠣᠷᠴᠢᠨ ᠨᠦᠬᠦᠴᠡᠯ᠎ᠢ ᠱᠢᠯᠢᠳᠡᠭ᠌ᠵᠢᠭᠦᠯᠬᠦ᠌ ᠭᠣᠣᠯᠳᠠᠯᠭ᠎ᠠ᠎ᠲᠠᠢ ᠠᠵᠢᠯ᠎ᠤᠨ ᠡᠭᠦᠷᠭᠡ᠎ᠶ᠋ᠢ ᠨᠠᠢᠳᠠᠪᠤᠷᠢᠵᠢᠭᠤᠯᠬᠤ᠎ᠶ᠋ᠢᠨ ᠲᠥᠯᠥᠭᠡ᠂ ᠣᠢᠷ᠎ᠠ᠎ᠶᠢᠨ ᠡᠳᠦᠷ᠎ᠲᠦ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ᠎ᠠᠴᠠ 《ᠠᠵᠤ ᠠᠬᠤᠢᠯᠠᠯ᠎ᠤᠨ ᠨᠡᠷᠡᠢᠳᠦᠯ᠎ᠤᠨ ᠭᠤᠶᠤᠴᠢᠯᠠᠨ ᠮᠡᠳᠡᠭᠦᠯᠬᠦ᠌ ᠵᠢᠯᠣᠭᠤᠳᠤᠮᠵᠢ (2025 ᠣᠨ᠎ᠤ ᠬᠡᠪᠯᠡᠯ)》 (ᠳᠣᠷᠣᠭ᠍ᠰᠢ 《ᠵᠢᠯᠣᠭᠤᠳᠤᠮᠵᠢ》 ᠭᠡᠵᠦ᠍ ᠲᠣᠪᠴᠢᠯᠠᠨ᠎ᠠ)᠎ᠶᠢ ᠨᠡᠢᠲᠡᠯᠡᠵᠦ᠍᠂ ᠠᠵᠤ ᠠᠬᠤᠢᠯᠠᠯ᠎ᠤᠨ ᠨᠡᠷᠡᠢᠳᠦᠯ᠎ᠤᠨ ᠪᠡᠶ᠎ᠡ᠎ᠪᠠᠨ ᠳᠠᠭᠠᠭᠠᠵᠤ ᠭᠤᠶᠤᠴᠢᠯᠠᠨ ᠮᠡᠳᠡᠭᠦᠯᠬᠦ᠌ ᠠᠵᠢᠯᠯᠠᠭ᠎ᠠ᠎ᠢᠶᠠᠨ ᠵᠢᠷᠣᠮᠵᠢᠭᠤᠯᠵᠦ᠂ ᠠᠵᠤ ᠠᠬᠤᠢᠯᠠᠯ᠎ᠤᠨ ᠬᠠᠤᠯᠢ ᠶᠣᠰᠣᠨ᠎ᠤ ᠡᠷᠬᠡ ᠠᠱᠢᠭ᠎ᠢᠶᠠᠨ ᠬᠠᠮᠠᠭᠠᠯᠠᠵᠤ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠬᠢᠷᠢ ᠲᠦᠪᠱᠢᠨ᠎ᠢᠶᠠᠨ ᠳᠡᠭᠡᠭᠰᠢᠯᠡᠭᠦᠯᠦᠨ᠎ᠡ᠃

《ᠵᠢᠯᠣᠭᠤᠳᠤᠮᠵᠢ》᠎ᠨᠢ ᠪᠦᠬᠦ᠌ ᠤᠯᠤᠰ᠎ᠤᠨ ᠨᠢᠭᠡᠲᠦᠯᠲᠡᠢ ᠲᠣᠮᠤ ᠵᠠᠬ᠎ᠠ ᠳᠡᠯᠭᠡᠭᠦᠷ᠎ᠦᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠬᠢᠷᠢ ᠲᠦᠪᠰᠢᠨ᠎ᠢ ᠳᠡᠭᠡᠭ᠌ᠰᠢᠯᠡᠭᠦᠯᠬᠦ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠦᠢᠯᠡᠳᠦᠯ ᠴᠢᠳᠠᠪᠤᠷᠢ᠎ᠶ᠋ᠢ ᠴᠢᠩᠭᠠᠷᠠᠭᠤᠯᠬᠤ᠂ ᠠᠵᠤ ᠠᠬᠤᠢᠯᠠᠯ᠎ᠤᠨ ᠨᠡᠷᠡᠢᠳᠦᠯ᠎ᠤᠨ ᠨᠢᠭᠡᠳᠦᠯᠲᠡᠶ ᠲᠦᠷᠢᠮ ᠲᠣᠭ᠍ᠲᠠᠭᠠᠯ᠎ᠢ ᠤᠯᠠᠮ ᠨᠢᠭᠡ ᠠᠯᠬᠤᠮ ᠵᠢᠷᠣᠮᠵᠢᠭᠤᠯᠬᠤ᠂ ᠠᠵᠤ ᠠᠬᠤᠢᠯᠠᠯ᠎ᠤᠨ ᠨᠡᠷᠡᠢᠳᠦᠯ᠎ᠤᠨ ᠭᠤᠶᠤᠴᠢᠯᠠᠨ ᠮᠡᠳᠡᠭᠦᠯᠬᠦ᠌ ᠶᠠᠪᠤᠴᠠ᠎ᠳᠠᠬᠢ ᠪᠠᠯᠠᠷᠬᠠᠶ ᠲᠠᠨᠢᠯᠲᠠ ᠪᠠ ᠵᠢᠱ᠌ᠢᠭ᠌ᠰᠡᠨ ᠦᠷ᠎ᠡ ᠳ᠋ᠦᠩ᠎ᠤᠨ ᠮᠠᠭ᠋ᠠᠳ ᠪᠤᠰᠤ ᠴᠢᠨᠠᠷ᠎ᠢ ᠠᠷᠢᠯᠭᠠᠵᠤ᠂ 《ᠨᠢᠭᠡ ᠯᠠ ᠤᠳᠠᠭ᠎ᠠ᠎ᠳᠤ ᠭᠤᠶᠤᠴᠢᠯᠠᠨ ᠮᠡᠳᠡᠭᠦᠯᠵᠦ᠍᠂ ᠥᠨᠳᠥᠷ ᠪᠦᠲᠦᠮᠵᠢᠲᠡᠶ᠎ᠪᠠᠷ ᠱᠢᠢᠳᠪᠦᠷᠢᠯᠡᠵᠦ᠍ ᠳᠠᠭᠤᠰᠭᠠᠬᠤ》᠎ᠶ᠋ᠢ ᠴᠢᠷᠮᠠᠢᠨ ᠪᠡᠶᠡᠯᠡᠭᠦᠯᠵᠦ᠍᠂ ᠭᠤᠶᠤᠴᠢᠯᠠᠭ᠍ᠴᠢ᠎ᠶ᠋ᠢᠨ ᠠᠵᠢᠯ ᠶᠠᠪᠤᠳᠠᠯ ᠭᠦᠢᠴᠡᠳᠭᠡᠬᠦ᠌ ᠦᠩᠭᠡᠷᠡᠯᠲᠡ᠎ᠶᠢ ᠦᠨᠡᠨ ᠬᠦ᠌ ᠳᠡᠭᠡᠭ᠌ᠰᠢᠯᠡᠭᠦᠯᠦᠨ᠂ ᠬᠠᠤᠯᠢ ᠶᠣᠰᠣᠭᠠᠷ ᠵᠠᠰᠠᠭ ᠶᠠᠪᠤᠭᠤᠯᠬᠤ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠳᠡᠩᠰᠡᠯᠡᠨ ᠲᠡᠮᠳᠡᠭ᠌ᠯᠡᠬᠦ᠌ ᠬᠠᠮᠢᠶᠠᠷᠤᠯᠲᠠ᠎ᠶᠢᠨ ᠠᠵᠢᠯ᠎ᠢ ᠵᠢᠷᠤᠮᠵᠢᠭᠤᠯᠬᠤ᠂ ᠪᠠᠷᠢᠮᠵᠢᠶᠠᠵᠢᠭᠤᠯᠬᠤ ᠬᠢᠷᠢ ᠲᠦᠪᠰᠢᠨ᠎ᠶ᠋ᠢ ᠳᠡᠭᠡᠭ᠌ᠰᠢᠯᠡᠭᠦᠯᠬᠦ᠌᠎ᠳᠤ ᠠᠱᠢᠭ᠍ᠲᠠᠶ᠃

《ᠵᠢᠯᠣᠭᠤᠳᠤᠮᠵᠢ》᠎ᠶ᠋ᠢᠨ ᠵᠣᠷᠢᠯᠭ᠎ᠠ᠎ᠨᠢ ᠠᠵᠤ ᠠᠬᠤᠢᠯᠠᠯ᠎ᠤᠨ ᠨᠡᠷᠡᠢᠳᠦᠯ᠎ᠤᠨ ᠭᠣᠶᠣᠴᠢᠯᠠᠨ ᠮᠡᠳᠡᠭᠦᠯᠬᠦ ᠪᠣᠳᠠᠲᠠᠶ ᠠᠯᠬᠤᠮ ᠳᠠᠷᠠᠭ᠎ᠠ᠎ᠶ᠋ᠢᠨ ᠱᠠᠭᠠᠷᠳᠠᠯᠭ᠎ᠠ᠎ᠶ᠋ᠢ ᠨᠠᠷᠢᠯᠢᠬ᠍ᠵᠢᠭᠤᠯᠤᠨ ᠲᠡᠭᠦᠯᠳᠡᠷᠵᠢᠭᠦᠯᠵᠦ᠍᠂ ᠠᠵᠤ ᠠᠬᠤᠢᠯᠠᠯ᠎ᠤᠨ ᠨᠡᠷᠡᠢᠳᠦᠯ᠎ᠤᠨ ᠭᠤᠶᠤᠴᠢᠯᠠᠨ ᠮᠡᠳᠡᠭᠦᠯᠬᠦ᠎ᠳᠤ ᠨᠢᠭᠡᠳᠦᠯᠲᠡᠶ᠂ ᠲᠣᠳᠣᠷᠬᠠᠶ᠂ ᠵᠢᠷᠤᠮᠵᠢᠭᠤᠨ ᠠᠵᠢᠯᠯᠠᠭ᠎ᠠ᠎ᠶᠢᠨ ᠵᠢᠯᠤᠭᠤᠳᠤᠮᠵᠢ ᠬᠠᠩᠭ᠋ᠠᠬᠤ᠎ᠶᠢᠨ ᠲᠦᠯᠦᠭᠡ᠃ ᠭᠤᠣᠯᠳᠠᠭᠤ ᠣᠳᠣ᠎ᠶᠢᠨ ᠪᠠᠢᠭ᠎ᠠ ᠠᠵᠤ ᠠᠬᠤᠢᠯᠠᠯ᠎ᠤᠨ ᠨᠡᠷᠡᠢᠳᠦᠯ᠎ᠢ ᠳᠠᠩᠰᠠᠯᠠᠨ ᠬᠠᠮᠢᠶᠠᠷᠬᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭ᠍ᠲᠠᠭᠠᠯ ᠪᠠ ᠠᠵᠢᠯᠯᠠᠬᠤ ᠴᠤᠪᠤᠷᠠᠯ᠎ᠢ ᠱᠢᠰᠲ᠋ᠧᠮ᠎ᠲᠠᠢ ᠡᠮᠬᠢᠯᠡᠵᠦ᠂ ᠠᠵᠤ ᠠᠬᠤᠢᠯᠠᠯ᠎ᠤᠨ ᠨᠡᠷᠡᠢᠳᠦᠯ᠎ᠤᠨ ᠭᠤᠶᠤᠴᠢᠯᠠᠨ ᠮᠡᠳᠡᠭᠦᠯᠬᠦ᠌ ᠶᠠᠪᠤᠴᠠ᠎ᠳᠤ ᠲᠣᠬᠢᠶᠠᠯᠳᠤᠵᠤ ᠮᠡᠳᠡᠬᠦ᠌ ᠬᠦᠴᠢᠷ ᠲᠦᠪᠡᠭ᠌ᠲᠡᠶ ᠠᠰᠠᠭᠤᠳᠠᠯ᠎ᠳᠤ ᠴᠢᠭ᠌ᠯᠡᠭᠦᠯᠦᠨ᠂ ᠵᠢᠱ᠌ᠢᠶᠡᠯᠡᠪᠡᠯ ᠭᠤᠶᠤᠴᠢᠯᠠᠨ ᠮᠡᠳᠡᠭᠦᠯᠬᠦ᠌ ᠴᠤᠪᠣᠷᠡᠯ᠂ ᠡᠩ᠎ᠤᠨ ᠲᠦᠷᠢᠮ᠂ ᠠᠳᠠᠯᠢᠪᠲᠣᠷ ᠪᠠ ᠣᠢᠷᠠᠯᠴᠠᠭ᠎ᠠ ᠬᠠᠷᠢᠴᠠᠯ᠂ ᠭᠤᠤᠯᠳᠠᠯᠭ᠎ᠠ᠎ᠲᠠᠢ ᠰᠠᠨᠠᠭᠤᠯᠤᠮᠵᠢ ᠵᠡᠷᠭᠡ᠎ᠳᠤ ᠪᠣᠳᠠᠲᠠᠶ ᠯᠠᠪᠯᠠᠯᠲᠠ᠎ᠶᠢᠨ ᠪᠠᠷᠢᠮᠵᠢᠶ᠎ᠠ᠂ ᠲᠦᠭ᠌ᠰᠢᠭᠦᠷᠢ᠎ᠶ᠋ᠢᠨ ᠰᠠᠨᠠᠭᠤᠯᠤᠮᠵᠢ ᠪᠠ ᠲᠣᠳᠣᠷᠬᠠᠶ ᠵᠢᠯᠤᠭᠤᠳᠤᠮᠵᠢ ᠬᠠᠩᠭᠠᠪᠠ᠃

《ᠵᠢᠯᠣᠭᠤᠳᠤᠮᠵᠢ》᠎ᠨᠢ ᠵᠥᠪᠬᠡᠨ ᠠᠵᠤ ᠠᠬᠤᠢᠯᠠᠯ᠎ᠤᠨ ᠨᠡᠷᠡᠢᠳᠦᠯ᠎ᠤᠨ ᠭᠤᠶᠤᠴᠢᠯᠠᠨ ᠮᠡᠳᠡᠭᠦᠯᠬᠦ᠎ᠳᠦ ᠦᠢᠯᠡᠴᠢᠯᠡᠭᠡᠨ᠎ᠤ ᠴᠢᠨᠠᠷᠲᠠᠶ ᠵᠢᠯᠤᠭᠤᠳᠤᠮᠵᠢ ᠬᠠᠩᠭᠠᠵᠤ᠂ ᠭᠤᠶᠤᠴᠢᠯᠠᠭ᠍ᠴᠢ᠎ᠳᠤ ᠯᠠᠪᠯᠠᠯᠲᠠ ᠪᠣᠯᠭᠠᠵᠤ᠂ ᠠᠯᠪᠠᠳᠠᠯᠭ᠎ᠠ᠎ᠶ᠋ᠢᠨ ᠴᠢᠨᠠᠷᠲᠠᠶ ᠪᠢᠰᠢ᠃

ᠢᠷᠡᠯᠲᠡ᠄ ᠵᠠᠬ᠎ᠠ ᠳᠡᠯᠭᠡᠭᠦᠷ᠎ᠦᠨ ᠰᠢᠨ᠎ᠡ ᠬᠡᠯᠡᠯᠭᠡ