1 ᠳ᠋ᠦ᠍ᠭᠡᠷ ᠰᠠᠷ᠎ᠠ᠎ᠶᠢᠨ 16᠎ᠤ ᠡᠳᠦᠷ ᠶᠡᠷᠦᠩᠬᠡᠢᠯᠡᠭᠰᠡᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠲᠠᠪᠴᠠᠩ᠎ᠤᠨ 《ᠬᠤᠪᠢ ᠬᠥᠮᠦᠨ᠎ᠦ ᠲᠤᠰᠠᠭᠠᠷ ᠪᠡᠯᠡ ᠣᠷᠣᠭᠤᠯᠤᠯᠲᠠ᠎ᠶᠢ ᠠᠵᠤ ᠠᠬᠤᠢᠯᠠᠯ ᠪᠣᠯᠭᠠᠨ ᠬᠤᠪᠢᠷᠠᠭᠤᠯᠬᠤ ᠨᠢᠭᠡ ᠠᠵᠢᠯ ᠶᠠᠪᠤᠳᠠᠯ》᠎ᠤᠨ ᠰᠢᠨ᠎ᠡ ᠴᠢᠳᠠᠮᠵᠢ ᠰᠦᠯᠵᠢᠶᠡᠨ᠎ᠳᠦ ᠭᠠᠷᠤᠭᠰᠠᠨ᠎ᠠᠴᠠ ᠨᠠᠭ᠋ᠠᠰᠢ᠂ ᠱᠢᠯᠢ᠎ᠶᠢᠨ ᠭᠣᠣᠯ ᠠᠢᠮᠠᠭ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠱᠢᠰᠲ᠋ᠧᠮ᠎ᠦᠨ 《ᠨᠢᠭᠡ ᠴᠣᠩᠬᠣᠪᠴᠢ᠎ᠪᠠᠷ ᠨᠡᠢ᠌ᠳᠡᠮ ᠭᠦᠢ᠍ᠴᠡᠳᠬᠡᠬᠦ᠂ ᠬᠤᠷᠠᠮᠠᠯ ᠦᠢᠯᠡᠴᠢᠯᠡᠭᠡ》᠎ᠶᠢ ᠢᠳᠡᠪᠬᠢᠲᠡᠢ ᠬᠡᠷᠡᠭᠵᠢᠭᠦᠯᠵᠦ᠂ ᠠᠵᠤ ᠠᠬᠤᠢᠯᠠᠯ᠎ᠢ ᠬᠠᠪᠰᠤᠷᠤᠨ ᠥᠭᠡᠷᠡᠴᠢᠯᠡᠬᠦ ᠳᠠᠩᠰᠠᠯᠠᠯᠲᠠ᠎ᠶᠢ ᠬᠣᠪᠢᠷᠠᠭᠤᠯᠬᠤ᠎ᠶᠢ ᠪᠡᠶᠡᠯᠡᠭᠦᠯᠵᠦ᠂ ᠬᠤᠪᠢ ᠬᠥᠮᠦᠨ᠎ᠦ ᠲᠤᠰᠠᠭᠠᠷ ᠪᠡᠯᠡ ᠣᠷᠣᠭᠣᠯᠣᠯᠲᠠ᠎ᠶᠢᠨ ᠠᠵᠤ ᠠᠬᠤᠢᠯᠠᠯ᠎ᠤᠨ ᠬᠡᠯᠪᠡᠷᠢ᠎ᠪᠡᠨ ᠬᠤᠪᠢᠷᠠᠭᠤᠯᠬᠤ ᠬᠦᠴᠢᠷ ᠠᠰᠠᠭᠤᠳᠠᠯ᠎ᠢ ᠦᠨᠡᠨᠬᠦ ᠰᠢᠢ᠍ᠳᠪᠦᠷᠢᠯᠡᠨ᠂ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ᠎ᠳᠦ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ ᠣᠳᠣᠬᠠᠨ᠎ᠳᠤ᠂ ᠪᠦᠬᠦ ᠠᠢᠮᠠᠭ᠎ᠲᠤ 《ᠬᠤᠪᠢ ᠬᠥᠮᠦᠨ᠎ᠦ ᠲᠤᠰᠠᠭᠠᠷ ᠪᠡᠯᠡ ᠣᠷᠣᠭᠤᠯᠤᠯᠲᠠ᠎ᠶᠢ ᠠᠵᠤ ᠠᠬᠤᠢᠯᠠᠯ ᠪᠣᠯᠭᠠᠨ ᠬᠤᠪᠢᠷᠠᠭᠤᠯᠬᠤ ᠨᠢᠭᠡ ᠠᠵᠢᠯ ᠶᠠᠪᠤᠳᠠᠯ》᠎ᠢ 2 ᠬᠤᠪᠢ ᠭᠦᠢ᠍ᠴᠡᠳᠬᠡᠪᠡ᠃

1 ᠳ᠋ᠦ᠍ᠭᠡᠷ ᠰᠠᠷ᠎ᠠ᠎ᠶᠢᠨ 29᠎ᠤ ᠡᠳᠦᠷ᠂ ᠰᠢᠯᠢ᠎ᠶᠢᠨ ᠭᠣᠣᠯ ᠠᠢᠮᠠᠭ᠎ᠤᠨ ᠲᠤᠯᠤᠨ ᠨᠠᠭᠤᠷ ᠱᠢᠶᠠᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ ᠪᠦᠬᠦ ᠠᠢᠮᠠᠭ᠎ᠤᠨ ᠠᠩᠬᠠᠳᠠᠭᠴᠢ ᠬᠤᠪᠢ ᠬᠥᠮᠦᠨ᠎ᠦ ᠲᠤᠰᠠᠭᠠᠷ ᠪᠡᠯᠡ ᠣᠷᠣᠭᠤᠯᠤᠯᠲᠠ᠎ᠶᠢ ᠠᠵᠤ ᠠᠬᠤᠢᠯᠠᠯ ᠪᠣᠯᠭᠠᠨ ᠬᠤᠪᠢᠷᠠᠭᠤᠯᠬᠤ ᠲᠤᠬᠠᠢᠯᠠᠭᠰᠠᠨ ᠠᠵᠢᠯ᠎ᠢ ᠪᠡᠶᠡᠯᠡᠭᠦᠯᠵᠦ᠂ ᠲᠤᠯᠤᠨ ᠨᠠᠭᠤᠷ ᠱᠢᠶᠠᠨ᠎ᠤ ᠨᠢᠭᠡᠨXX ᠬᠤᠪᠢ ᠬᠥᠮᠦᠨ᠎ᠦ ᠲᠤᠰᠠᠭᠠᠷ ᠪᠡᠯᠡ ᠤᠷᠤᠭᠤᠯᠤᠯᠲᠠ᠎ᠶᠢᠨ ᠠᠵᠤ ᠠᠬᠤᠢᠯᠠᠯ ᠵᠥᠪᠬᠡᠨ 0.5 ᠠᠵᠢᠯᠯᠠᠬᠤ ᠡᠳᠦᠷ ᠬᠡᠷᠡᠭᠰᠡᠭᠡᠳ᠎ᠲᠦ ᠴᠣ᠋ ᠰᠢᠨ᠎ᠡ 《ᠲᠤᠯᠤᠨ ᠨᠠᠭᠤᠷ ᠱᠢᠶᠠᠨ᠎ᠤ XX ᠬᠢᠵᠠᠭᠠᠷᠲᠤ ᠺᠣᠮᠫᠠᠨᠢ》᠎ᠶᠢᠨ ᠡᠵᠡᠩᠨᠡᠯᠲᠡ᠎ᠶᠢᠨ ᠦᠨᠡᠮᠯᠡᠯ᠎ᠢ ᠣᠯᠪᠠ᠃ 《ᠱᠢᠭᠤᠳ ᠬᠤᠪᠢᠷᠠᠭᠤᠯᠬᠤ》 ᠵᠠᠭᠪᠤᠷ᠎ᠢᠶᠠᠷ ᠳᠠᠮᠵᠢᠭᠤᠯᠤᠨ ᠥᠩᠭᠡᠷᠡᠭᠰᠡᠨ᠎ᠦ ᠬᠤᠪᠢ ᠬᠥᠮᠦᠨ᠎ᠦ ᠲᠤᠰᠠᠭᠠᠷ ᠪᠡᠯᠡ ᠣᠷᠣᠭᠣᠯᠣᠯᠲᠠ᠎ᠶᠢᠨ ᠠᠵᠤ ᠠᠬᠤᠢᠯᠠᠯ᠎ᠤᠨ ᠳᠡᠰ ᠳᠠᠪᠰᠢᠨ ᠬᠢᠵᠠᠭᠠᠷᠲᠤ ᠺᠣᠮᠫᠠᠨᠢ ᠪᠣᠯᠭᠠᠬᠤ᠎ᠳᠤ ᠡᠷᠬᠡᠪᠱᠢ 《ᠤᠷᠢᠳ᠎ᠢᠶᠠᠷ ᠬᠦᠴᠦᠨ ᠦᠭᠡᠢ ᠪᠣᠯᠭᠠᠵᠤ᠂ ᠳᠠᠷᠠᠭ᠎ᠠ ᠳ᠋ᠤᠨᠢ᠎ᠨᠢ ᠪᠠᠢᠭᠤᠯᠬᠤ》 ᠬᠠᠭᠤᠴᠢᠨ ᠠᠷᠭᠠᠪᠠᠷᠵᠠᠮᠢᠶᠠᠷ ᠵᠠᠮᠨᠠᠬᠤ᠎ᠶᠢ ᠱᠢᠢᠳᠪᠦᠷᠢᠯᠡᠵᠦ᠂ ᠬᠠᠮᠤᠭ᠎ᠤᠨ ᠶᠡᠬᠡ ᠬᠡᠮᠵᠢᠶ᠎ᠡ᠎ᠪᠡᠷ ᠠᠵᠤ ᠠᠬᠤᠢᠯᠠᠯ᠎ᠤᠨ ᠠᠩᠬᠠᠨ᠎ᠤ 《ᠪᠡᠶ᠎ᠡ ᠠᠬᠤᠢ᠎ᠶᠢᠨ ᠮᠡᠳᠡᠭᠡ ᠵᠠᠩᠭᠢ》᠎ᠶᠢ ᠦᠯᠡᠳᠡᠭᠡᠵᠦ᠂ ᠬᠡᠯᠪᠡᠷᠢ᠎ᠪᠡᠨ ᠬᠤᠪᠢᠷᠠᠭᠤᠯᠤᠭᠰᠠᠨ ᠠᠵᠤ ᠠᠬᠤᠢᠯᠠᠯ ᠤᠤᠯ᠎ᠤᠨ ᠨᠢᠭᠡᠳᠦᠯᠲᠡᠢ ᠨᠡᠢ᠌ᠭᠡᠮ᠎ᠦᠨ ᠢᠲᠡᠭᠡᠮᠵᠢ᠎ᠶᠢᠨ ᠲᠥᠯᠥᠭᠡᠯᠡᠬᠦ ᠲᠡᠮᠳᠡᠭ᠂ ᠪᠠᠢᠭᠤᠯᠤᠭᠳᠠᠭᠰᠠᠨ ᠡᠳᠦᠷ ᠬᠤᠭᠤᠴᠠᠭ᠎ᠠ᠎ᠶᠢ ᠦᠷᠭᠦᠯᠵᠢᠯᠡᠨ ᠬᠡᠷᠡᠭᠯᠡᠵᠦ ᠪᠣᠯᠤᠨ᠎ᠠ᠂ ᠡᠨᠡ᠎ᠨᠢ ᠠᠵᠤ ᠠᠬᠤᠢᠯᠠᠯ᠎ᠤᠨ 《ᠪᠡᠶ᠎ᠡ᠎ᠶᠢᠨ ᠦᠨᠡᠮᠯᠡᠯ᠎ᠦᠨ ᠨᠣᠮᠧᠷ》 ᠨᠢ ᠬᠣᠪᠢᠷᠠᠬᠤ ᠦᠭᠡᠢ ᠲᠠᠢ ᠲᠡᠩᠴᠡᠵᠦ᠂ ᠠᠵᠤ ᠠᠬᠤᠢᠯᠠᠯ᠎ᠤᠨ ᠠᠷᠪᠠ ᠭᠠᠷᠤᠢ ᠵᠢᠯ᠎ᠦᠨ ᠡᠵᠡᠩᠨᠡᠯᠲᠡ᠎ᠶᠢᠨ ᠲᠡᠦᠬᠡ ᠪᠦᠷᠢᠨ ᠪᠦᠲᠦᠨ ᠦᠷᠭᠦᠯᠵᠢᠯᠡᠭᠳᠡᠵᠦᠦᠷᠭᠦᠯᠵᠢᠯᠡᠭᠦᠯᠵᠦ᠂ ᠬᠡᠯᠪᠡᠷᠢ᠎ᠪᠡᠨ ᠬᠤᠪᠢᠷᠠᠭᠤᠯᠬᠤ᠎ᠶᠢᠨ᠎ᠶᠢ 《ᠵᠠᠪᠰᠠᠷ ᠦᠭᠡᠢ ᠵᠣᠯᠭᠠᠭᠤᠯᠬᠤ》᠎ᠶᠢ ᠪᠡᠶᠡᠯᠡᠭᠦᠯᠵᠦ᠂ ᠬᠡᠯᠪᠡᠷᠢ᠎ᠪᠡᠨ ᠬᠤᠪᠢᠷᠠᠭᠤᠯᠬᠤ ᠶᠠᠪᠤᠴᠠ᠎ᠳᠠᠬᠢ ᠳᠦᠷᠢᠮ᠎ᠦᠨ ᠬᠠᠷᠱᠢ ᠰᠠᠭᠠᠳ᠎ᠢ ᠤᠯᠠᠮ ᠨᠢᠭᠡ ᠠᠯᠬᠤᠮ ᠠᠷᠢᠯᠭᠠᠵᠤ᠂ ᠨᠡᠩ ᠣᠯᠠᠨ ᠬᠤᠪᠢ ᠬᠥᠮᠦᠨ᠎ᠦ ᠲᠤᠰᠠᠭᠠᠷ ᠪᠡᠯᠡ ᠣᠷᠣᠭᠣᠯᠣᠯᠲᠠ᠎ᠶᠢᠨ ᠠᠵᠤ ᠠᠬᠤᠢᠯᠠᠯ᠎ᠢ ᠬᠡᠯᠪᠡᠷᠢ᠎ᠪᠡᠨ ᠬᠤᠪᠢᠷᠠᠭᠤᠯᠤᠨ ᠳᠡᠰ ᠳᠠᠪᠰᠢᠬᠦ ᠵᠠᠮ᠎ᠢᠶᠠᠷ ᠵᠠᠮᠨᠠᠭᠤᠯᠵᠤ᠂ ᠪᠦᠬᠦ ᠠᠢᠮᠠᠭ᠎ᠤᠨ ᠠᠵᠤ ᠠᠬᠤᠢ᠎ᠶᠢᠨ ᠬᠥᠭᠵᠢᠯᠲᠡ᠎ᠳᠦ ᠰᠢᠨ᠎ᠡ ᠠᠮᠢᠵᠢᠷᠠᠯ᠎ᠤᠨ ᠬᠦᠴᠦᠨ ᠨᠡᠮᠡᠷᠢᠯᠡᠪᠡ᠃