ᠣᠢᠷ᠎ᠠ᠎ᠶ᠋ᠢᠨ ᠬᠤᠭᠤᠴᠠᠭᠠᠨ᠎ᠳᠤ᠂ ᠣᠷᠳᠣᠰ ᠬᠣᠲᠠ᠎ᠶᠢᠨ ᠵᠠᠬ᠎ᠠ ᠳᠡᠯᠭᠡᠭᠦᠷ᠎ᠦ᠋ᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ ᠰᠠᠭᠤᠭᠠᠯᠢ ᠠᠷᠠᠳ᠎ᠤ᠋ᠨ ᠤᠰᠤ ᠴᠠᠬᠢᠯᠭᠠᠨ ᠬᠡᠢ ᠶ᠋ᠢᠨ ᠰᠦᠢᠳᠭᠡᠯ ᠬᠤᠷᠢᠶᠠᠬᠤ ᠵᠢᠷᠤᠮᠵᠢᠯ ᠦᠭᠡᠢ ᠠᠰᠠᠭᠤᠳᠠᠯ᠎ᠢ᠋ ᠲᠥᠪᠯᠡᠷᠡᠭᠦᠯᠦᠨ ᠴᠡᠭ᠌ᠴᠡᠯᠡᠨ ᠵᠠᠰᠠᠬᠤ ᠠᠵᠢᠯ᠎ᠢ᠋ ᠦᠷᠭᠦᠯᠵᠢᠯᠡᠨ ᠥᠷᠨᠢᠭᠦᠯᠵᠦ᠍᠂ ᠪᠦᠬᠦ᠌ ᠬᠣᠲᠠ᠎ᠶᠢᠨ ᠤᠰᠤ ᠴᠠᠬᠢᠯᠭᠠᠨ ᠬᠡᠢ᠎ᠶᠢᠨ ᠠᠷᠠᠳ᠎ᠤ᠋ᠨ ᠠᠮᠢᠳᠤᠷᠠᠯ᠎ᠤ᠋ᠨ ᠠᠵᠢᠯ ᠲᠥᠷᠥᠯ᠎ᠦ᠋ᠨ ᠵᠢᠷᠤᠮᠵᠢᠭᠤᠨ ᠪᠥᠭᠡᠳ ᠡᠷᠡᠭᠦᠯ᠎ᠢᠶᠠᠷ ᠬᠥᠭ᠌ᠵᠢᠬᠦ᠌᠎ᠶᠢ ᠠᠬᠢᠭᠤᠯᠪᠠ ᠃
ᠴᠡᠭ᠌ᠴᠡᠯᠡᠨ ᠵᠠᠰᠠᠬᠤ ᠶᠠᠪᠤᠴᠠ᠎ᠳᠤ᠂ 《ᠬᠤᠲᠠ ᠪᠠᠯᠭᠠᠰᠤ᠎ᠶ᠋ᠢᠨ ᠤᠰᠤ ᠴᠠᠬᠢᠯᠭᠠᠨ ᠬᠡᠢ ᠳᠤᠯᠠᠭᠠᠯᠠᠭ᠎ᠠ᠎ᠶ᠋ᠢᠨ ᠠᠵᠢᠯ ᠲᠥᠷᠥᠯ᠎ᠤᠨ ᠰᠦᠢᠳᠭᠡᠯ ᠬᠤᠷᠢᠶᠠᠬᠤ ᠦᠶ᠋ᠯᠡ ᠠᠵᠢᠯᠯᠠᠭ᠎ᠠ᠎ᠶ᠋ᠢ ᠰᠠᠨᠠᠭᠤᠯᠵᠤ ᠰᠡᠷᠡᠮᠵᠢᠯᠡᠭᠦᠯᠬᠦ᠌ ᠵᠠᠬᠢᠳᠠᠯ》 ᠵᠢᠴᠢ ᠬᠠᠮᠢᠶ᠎ᠠ ᠪᠦᠬᠦᠢ ᠤᠬᠠᠭᠤᠯᠭ᠎ᠠ᠎ᠶ᠋ᠢᠨ ᠮᠠᠲ᠋ᠧᠷᠢᠶᠠᠯ᠎ᠢ ᠨᠡᠢᠲᠡᠯᠡᠬᠦ᠌᠎ᠪᠠᠷ ᠳᠠᠮᠵᠢᠭᠤᠯᠤᠨ᠂ ᠬᠠᠮᠢᠶ᠎ᠠ ᠪᠦᠬᠦᠢ ᠵᠠᠬ᠎ᠠ ᠳᠡᠯᠭᠡᠭᠦᠷ᠎ᠤᠨ ᠭᠤᠣᠯ ᠴᠣᠭ᠍ᠴᠠ᠎ᠳᠤ ᠬᠠᠤᠯᠢ ᠴᠠᠭᠠᠵᠠ᠎ᠶ᠋ᠢᠨ ᠶᠡᠷᠦ᠍᠎ᠶ᠋ᠢᠨ ᠮᠡᠳᠡᠯᠭᠡ᠎ᠶ᠋ᠢ ᠲᠦᠭᠡᠮᠡᠯᠵᠢᠭᠦᠯᠬᠦ᠌ ᠤᠬᠠᠭᠤᠯᠭ᠎ᠠ ᠬᠢᠵᠦ᠍᠂ ᠡᠵᠡᠩᠨᠡᠭ᠌ᠴᠢ᠎ᠶ᠋ᠢ ᠱᠢᠮᠳᠠᠭᠤᠯᠤᠨ ᠵᠢᠯᠣᠭᠤᠳᠴᠤ᠌ ᠪᠠᠢᠭᠠᠳ ᠦᠨ᠎ᠡ ᠬᠠᠩᠰᠢ᠎ᠶ᠋ᠢ ᠢᠯᠡ ᠬᠠᠳᠠᠬᠤ᠂ ᠰᠦᠢᠳᠭᠡᠯ ᠬᠤᠷᠢᠶᠠᠬᠤ᠎ᠶ᠋ᠢ ᠢᠯᠡ ᠨᠡᠢᠲᠡᠯᠡᠬᠦ᠌ ᠵᠡᠷᠭᠡ ᠠᠵᠢᠯ᠎ᠢ ᠰᠠᠢᠲᠤᠷ ᠬᠢᠵᠦ᠍᠂ ᠨᠡᠢᠲᠡ᠎ᠶ᠋ᠢᠨ ᠬᠡᠷᠡᠭ᠌ᠯᠡᠭᠡᠨ᠎ᠤ ᠠᠵᠢᠯ ᠣᠢᠯᠡᠰ᠎ᠤᠨ ᠠᠵᠢᠯ ᠲᠥᠷᠥᠯ᠎ᠤᠨ ᠦᠨ᠎ᠡ ᠬᠠᠩᠰᠢ᠎ᠶ᠋ᠢᠨ ᠡᠮᠬᠢ ᠳᠢᠭ᠌ᠯᠢᠮ᠎ᠢ ᠪᠦᠲᠦᠮᠵᠢᠲᠡᠶ ᠵᠢᠷᠤᠮᠵᠢᠭᠤᠯᠪᠠ᠃ ᠡᠭᠦᠨ᠎ᠤ ᠬᠠᠮᠲᠤ᠌᠂ ᠲᠤᠬᠠᠶ᠎ᠶ᠋ᠢᠨ ᠭᠠᠵᠠᠷ᠎ᠲᠤ ᠨᠢ ᠰᠤᠷᠪᠤᠯᠵᠢᠯᠠᠬᠤ᠂ ᠮᠠᠲ᠋ᠧᠷᠢᠶᠠᠯ᠎ᠢ ᠪᠠᠢᠴᠠᠭᠠᠨ ᠦᠵᠡᠬᠦ᠂ ᠵᠠᠰᠠᠭ ᠵᠠᠬᠢᠷᠭᠠᠨ᠎ᠤ ᠪᠣᠯᠵᠣᠨ ᠶᠠᠷᠢᠯᠴᠠᠬᠤ ᠪᠠ ᠬᠠᠤᠯᠢ ᠬᠡᠷᠡᠭ᠌ᠵᠢᠭᠦᠯᠦᠨ ᠪᠠᠢᠴᠠᠭᠠᠬᠤ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ᠂ ᠤᠰᠤ ᠬᠠᠩᠭᠠᠬᠤ᠂ ᠴᠠᠬᠢᠯᠭᠠᠨ ᠬᠠᠩᠭᠠᠬᠤ ᠪᠠ ᠬᠡᠶ ᠬᠠᠩᠭᠠᠬᠤ ᠠᠵᠤ ᠠᠬᠤᠢᠯᠠᠯ᠎ᠤᠨ ᠦᠨ᠎ᠡ ᠬᠠᠩᠰᠢ᠎ᠶ᠋ᠢᠨ ᠲᠥᠷᠥ᠎ᠶ᠋ᠢᠨ ᠪᠣᠳᠣᠯᠭ᠎ᠠ᠂ ᠰᠦᠢᠳᠭᠡᠯ ᠬᠤᠷᠢᠶᠠᠬᠤ ᠪᠠᠷᠢᠮᠵᠢᠶ᠎ᠠ᠎ᠳᠤ ᠪᠥᠬᠦ᠌ ᠲᠠᠯ᠎ᠠ᠎ᠶ᠋ᠢᠨ ᠪᠠᠢᠴᠠᠭᠠᠯᠲᠠ ᠬᠢᠵᠦ᠍᠂ ᠵᠠᠰᠠᠭ᠎ᠤᠨ ᠣᠷᠳᠣᠨ᠎ᠤ ᠦᠨ᠎ᠡ ᠲᠣᠭ᠍ᠲᠠᠭᠠᠬᠤ ᠪᠤᠶᠤ ᠵᠠᠰᠠᠭ᠎ᠤᠨ ᠣᠷᠳᠣᠨ᠎ᠤ ᠵᠢᠯᠣᠭᠤᠳᠭᠤ ᠦᠨ᠎ᠡ᠎ᠶ᠋ᠢ ᠬᠡᠷᠡᠭ᠌ᠵᠢᠭᠦᠯᠬᠦ᠌ ᠲᠣᠳᠣᠷᠬᠠᠢ ᠵᠠᠷᠯᠢᠭ᠍ᠳᠠᠨ ᠬᠦᠴᠦᠨ ᠦᠭᠡᠢ ᠪᠣᠯᠭᠠᠭ᠍ᠰᠠᠨ ᠰᠦᠢᠳᠭᠡᠯ ᠬᠤᠷᠢᠶᠠᠬᠤ ᠵᠦᠢᠯᠡᠰ ᠣᠷᠣᠱᠢᠵᠤ ᠪᠠᠢᠬᠤ ᠡᠰᠡᠬᠦ᠌᠂ ᠳᠠᠪᠲᠠᠨ ᠰᠦᠢᠳᠭᠡᠯ ᠬᠤᠷᠢᠶᠠᠬᠤ᠂ ᠲᠥᠷᠥᠯ ᠵᠦᠢᠯ᠎ᠢ ᠵᠠᠳᠠᠯᠬᠤ᠂ ᠥᠪᠡᠰᠦᠪᠡᠨ ᠪᠠᠷᠢᠮᠵᠢᠶ᠎ᠠ ᠲᠣᠭ᠍ᠲᠠᠭᠠᠬᠤ ᠵᠡᠷᠭᠡ ᠰᠦᠢᠳᠭᠡᠯ ᠬᠤᠷᠢᠶᠠᠬᠤ ᠦᠢᠯᠡ ᠠᠵᠢᠯᠯᠠᠭ᠎ᠠ ᠪᠠᠢᠬᠤ ᠡᠰᠡᠬᠦ᠌᠎ᠶ᠋ᠢ ᠭᠤᠤᠯᠳᠠᠯᠭ᠎ᠠ᠎ᠲᠠᠢ ᠪᠠᠢᠴᠠᠭᠠᠪᠠ᠃ ᠣᠲᠣ ᠪᠣᠯᠲᠠᠯ᠎ᠠ᠂ ᠡᠯ᠎ᠡ ᠲᠥᠷᠥᠯ᠎ᠤᠨ ᠦᠨ᠎ᠡ ᠬᠠᠩᠰᠢ᠎ᠶ᠋ᠢᠨ ᠠᠰᠠᠭᠤᠳᠠᠯ ᠨᠡᠢᠲᠡ 26 ᠵᠤᠷᠪᠤᠰ ᠪᠠᠢᠬᠤ᠎ᠶ᠋ᠢ ᠣᠯᠵᠤ ᠮᠡᠳᠡᠭᠡᠳ᠂ ᠣᠲᠣ ᠨᠢᠭᠡᠨᠲᠡ 26 ᠵᠤᠷᠪᠤᠰ ᠢ ᠴᠡᠭ᠌ᠴᠡᠯᠡᠨ ᠰᠠᠢᠵᠢᠷᠠᠭᠤᠯᠵᠤ ᠳᠠᠭᠤᠰᠭᠠᠪᠠ᠃ ᠬᠠᠤᠯᠢ᠎ᠶ᠋ᠢ ᠵᠥᠷᠢᠴᠡᠭ᠌ᠰᠡᠨ ᠬᠡᠷᠡᠭ᠎ᠢ 4 ᠤᠳᠠᠭ᠎ᠠ ᠳᠠᠩᠰᠠᠯᠠᠨ ᠪᠠᠢᠴᠠᠭᠠᠵᠤ᠂ 4 ᠤᠳᠠᠭ᠎ᠠ ᠱᠢᠶ᠋ᠳᠪᠦᠷᠢᠯᠡᠵᠦ᠍ ᠳᠠᠭᠤᠰᠭᠠᠪᠠ᠃