ᠠᠮᠢ ᠠᠬᠤᠢ᠎ᠶ᠋ᠢᠨ ᠡᠯᠡᠰᠦᠨ᠎ᠤ ᠠᠵᠤ ᠦᠢᠯᠡᠰ᠎ᠲᠤ ᠬᠤᠯᠪᠣᠭ᠍ᠳᠠᠨ᠎ᠠ! 《 〈ᠦᠪᠦᠷ ᠮᠣᠩᠭᠣᠯ〉ᠨᠡᠷᠡᠮᠵᠢᠲᠦ ᠎ᠶ᠋ᠢᠨ ᠭᠡᠷᠡᠴᠢᠯᠡᠯ᠎ᠦᠨ ᠱᠠᠭᠠᠷᠳᠠᠯᠭ᠎ᠠ ᠠᠯᠠᠱᠠ᠎ᠶ᠋ᠢᠨ ᠬᠦᠩᠬᠡᠯ ᠵᠢᠴᠢ ᠪᠦᠲᠦᠭᠡᠭ᠌ᠳᠡᠬᠦᠨ》᠎ᠤ ᠪᠦᠯᠬᠦᠮ ᠎ᠤᠨ ᠪᠠᠷᠢᠮᠵᠢᠶ᠎ᠠ᠎ᠶ᠋ᠢ ᠨᠡᠢᠲᠡᠯᠡᠨ ᠬᠡᠷᠡᠭ᠌ᠵᠢᠭᠦᠯᠪᠡ
2025-10-31

ᠣᠢᠷ᠎ᠠ᠎ᠶ᠋ᠢᠨ ᠬᠤᠭᠤᠴᠠᠭᠠᠨ᠎ᠳᠤ᠂ 《 〈ᠦᠪᠦᠷ ᠮᠣᠩᠭᠣᠯ〉 ᠨᠡᠷᠡᠮᠵᠢᠲᠦ᠎ᠶ᠋ᠢᠨ ᠭᠡᠷᠡᠴᠢᠯᠡᠯ᠎ᠦᠨ ᠱᠠᠭᠠᠷᠳᠠᠯᠭ᠎ᠠ ᠠᠯᠠᠱᠠ᠎ᠶ᠋ᠢᠨ ᠬᠦᠩᠬᠡᠯ ᠵᠢᠴᠢ ᠪᠦᠲᠦᠭᠡᠭ᠌ᠳᠡᠭᠦᠨ》᠎ᠤ ᠪᠦᠯᠬᠦᠮ᠎ᠤᠨ ᠪᠠᠷᠢᠮᠵᠢᠶ᠎ᠠ (T/NMSP.MZB04.17—2025)᠎ᠶ᠋ᠢ ᠵᠢᠩᠬᠢᠨᠢ᠎ᠪᠠᠷ ᠨᠡᠢᠲᠡᠯᠡᠪᠡ᠂ ᠠᠯᠠᠱᠠ᠎ᠶ᠋ᠢᠨ ᠬᠦᠩᠬᠡᠯ ᠵᠢᠴᠢ ᠪᠦᠲᠦᠭᠡᠭ᠌ᠳᠡᠬᠦᠨ᠎ᠢ ᠦᠪᠦᠷ ᠮᠣᠩᠭᠣᠯ᠎ᠤᠨ 《ᠦᠪᠦᠷ ᠮᠣᠩᠭᠣᠯ》 ᠨᠡᠷᠡᠮᠵᠢᠲᠦ ᠨᠡᠷᠡᠲᠦ ᠲᠡᠮᠲᠡᠭ᠌ᠲᠦ᠎ᠶ᠋ᠢᠨ ᠱᠢᠰᠲ᠋ᠧᠮ᠎ᠳᠤ ᠵᠢᠩᠬᠢᠨᠢ᠎ᠪᠠᠷ ᠣᠷᠣᠭᠤᠯᠵᠤ᠂ ᠲᠡᠭᠦᠨ᠎ᠤ ᠪᠠᠷᠢᠮᠵᠢᠶᠠᠵᠢᠭᠤᠯᠤᠨ ᠬᠦᠭ᠌ᠵᠢᠭᠦᠯᠦᠯᠲᠡ ᠪᠠ ᠵᠠᠬ᠎ᠠ ᠳᠡᠯᠭᠡᠭᠦᠷ᠎ᠤᠨ  ᠦᠷᠭᠡᠳᠭᠡᠯ᠎ᠳᠤ ᠪᠠᠲᠤ ᠪᠠᠬᠢ ᠰᠠᠭᠤᠷᠢ ᠲᠠᠯᠪᠢᠨ ᠦᠭ᠌ᠴᠦ᠂ ᠨᠠᠩ ᠴᠦ᠍ ᠠᠯᠠᠱᠠ᠎ᠶ᠋ᠢᠨ ᠡᠯᠡᠰᠦᠨ᠎ᠤ ᠠᠵᠤ ᠦᠢᠯᠡᠰ᠎ᠤᠨ ᠴᠢᠨᠠᠷ ᠰᠠᠢᠲᠠᠶ ᠬᠥᠭ᠌ᠵᠢᠯᠲᠡ᠎ᠳᠤ ᠬᠦᠴᠦᠷᠬᠡᠭ ᠶᠡᠭᠡ ᠬᠥᠳᠡᠯᠭᠡᠬᠦ᠌ ᠬᠦᠴᠦᠨ ᠨᠡᠮᠡᠷᠢᠯᠡᠭ᠌ᠰᠡᠨ᠎ᠢ ᠬᠠᠷᠠᠭᠤᠯᠵᠤ ᠪᠠᠢᠨ᠎ᠠ᠃

ᠥᠪᠥᠷ ᠮᠣᠩᠭᠤᠯ᠎ᠤᠨ 《ᠪᠠᠷᠢᠮᠵᠢᠶ᠎ᠠ + ᠭᠡᠷᠡᠴᠢᠯᠡᠯ》 ᠨᠠᠷᠠᠲᠤ ᠲᠡᠮᠳᠡᠭ᠌ᠲᠦ᠍᠎ᠶ᠋ᠢᠨ ᠪᠠᠢᠯᠳᠤᠬᠤ ᠪᠣᠳᠣᠯᠭ᠎ᠠ᠎ᠶ᠋ᠢᠨ ᠴᠢᠬᠤᠯᠠ ᠪᠦᠷᠢᠯᠳᠦᠬᠦᠨ ᠬᠡᠰᠡᠭ ᠪᠣᠯᠤᠭ᠍ᠰᠠᠨ᠎ᠤ ᠬᠤᠪᠢ᠎ᠳᠤ᠂ ᠲᠣᠰ ᠪᠠᠷᠢᠮᠵᠢᠶ᠎ᠠ᠎ᠶ᠋ᠢ ᠰᠤᠳᠤᠯᠤᠨ ᠦᠢᠯᠡᠳᠬᠦ᠌ ᠨᠢ᠂ 《ᠦᠪᠦᠷ ᠮᠣᠩᠭᠣᠯ》 ᠨᠡᠷᠡᠮᠵᠢᠲᠦ᠎ᠶ᠋ᠢᠨ 《ᠥᠨᠳᠥᠷ ᠪᠠᠷᠢᠮᠵᠢᠶᠠᠲᠦ᠂ ᠴᠢᠩᠭ᠎ᠠ ᠭᠡᠷᠡᠴᠢᠯᠡᠯ》᠎ᠦᠨ ᠭᠤᠤᠯ ᠣᠨᠣᠯᠵᠢᠬᠤᠨ᠎ᠢ ᠦᠷᠭᠦᠯᠵᠢᠯᠡᠭᠦᠯᠵᠦ᠍᠂ 《ᠦᠪᠦᠷ ᠮᠣᠩᠭᠣᠯ》 ᠨᠡᠷᠡᠮᠵᠢᠲᠦ ᠭᠡᠷᠡᠴᠢᠯᠡᠯ᠎ᠤᠨ ᠦᠢᠯᠡᠳᠬᠦᠨ ᠪᠣᠯᠬᠤ ᠠᠯᠠᠱᠠ᠎ᠶ᠋ᠢᠨ ᠬᠦᠩᠬᠡᠯ ᠵᠢᠴᠢ ᠪᠦᠲᠦᠭᠡᠭ᠌ᠳᠡᠬᠦᠨ᠎ᠤ ᠨᠡᠷ᠎ᠡ ᠲᠣᠮᠢᠶ᠎ᠠ ᠪᠠ ᠲᠣᠳᠣᠷᠬᠠᠢᠯᠠᠯᠲᠠ᠂ ᠭᠡᠷᠡᠴᠢᠯᠡᠯ᠎ᠤᠨ ᠰᠠᠭᠠᠷᠳᠠᠯᠭ᠎ᠠ᠂ ᠭᠡᠷᠡᠴᠢᠯᠡᠯ᠎ᠦᠨ ᠲᠦᠷᠢᠮ᠂  ᠫᠷᠣᠭ᠌ᠷᠠᠮ ᠪᠠ ᠦᠨᠡᠯᠡᠬᠦ᠌ ᠠᠷᠭ᠎ᠠ᠎ᠶ᠋ᠢ ᠲᠣᠭ᠍ᠲᠠᠭᠠᠵᠠᠶ᠃ 《ᠦᠪᠦᠷ ᠮᠣᠩᠭᠣᠯ》 ᠨᠡᠷᠡᠮᠵᠢᠲᠦ ᠭᠡᠷᠡᠴᠢᠯᠡᠯ᠎ᠤᠨ ᠦᠢᠯᠡᠳᠬᠦᠨ᠎ᠤ ᠠᠯᠠᠱᠠ᠎ᠶ᠋ᠢᠨ ᠬᠦᠩᠬᠡᠯ ᠵᠢᠴᠢ ᠪᠦᠲᠦᠭᠡᠭ᠌ᠳᠡᠬᠦᠨ᠎ᠤ ᠭᠡᠷᠡᠴᠢᠯᠡᠯ ᠪᠠ ᠬᠢᠨᠠᠯᠲᠠ ᠬᠠᠮᠢᠶᠠᠷᠤᠯᠲᠠ᠎ᠳᠤ ᠳᠣᠭᠢᠷᠠᠨ᠎ᠠ᠃ ᠠᠯᠠᠱᠠ᠎ᠶ᠋ᠢᠨ ᠬᠦᠩᠬᠡᠯ᠎ᠦᠨ ᠤᠷᠭᠤᠯᠲᠠ᠎ᠶ᠋ᠢᠨ ᠣᠨᠴᠠᠯᠢᠭ ᠬᠢᠭᠡᠳ ᠪᠦᠲᠦᠭᠡᠭ᠌ᠳᠡᠬᠦᠨ ᠪᠣᠯᠪᠠᠰᠤᠷᠠᠭᠤᠯᠬᠤ ᠬᠡᠷᠡᠭ᠌ᠴᠡᠭᠡ ᠱᠠᠭᠠᠷᠳᠠᠯᠭ᠎ᠠ᠎ᠳᠤ ᠴᠢᠭ᠌ᠯᠡᠭᠦᠯᠦᠨ᠂ ᠭᠠᠷᠤᠯᠲᠠ᠎ᠶ᠋ᠢᠨ ᠣᠷᠣᠨ᠎ᠤ ᠣᠷᠴᠢᠨ ᠲᠣᠭᠤᠷᠢᠨ᠎ᠤ ᠶᠠᠰᠤ ᠴᠢᠨᠠᠷ᠂ ᠦᠢᠯᠡᠳᠪᠦᠷᠢᠯᠡᠯ᠎ᠤᠨ ᠮᠡᠷᠭᠡᠵᠢᠯ᠎ᠤᠨ ᠱᠠᠭᠠᠷᠳᠠᠯᠭ᠎ᠠ ᠵᠡᠷᠭᠡ᠎ᠠᠴᠠ ᠡᠳ᠋ᠱᠢᠭᠦᠯᠬᠦ᠌ ᠭᠤᠭ᠍ᠴᠤᠭ᠎ᠠ ᠬᠦᠷᠲᠡᠯᠡᠬᠢ ᠱᠢᠨ᠎ᠡ ᠰᠣᠷᠭᠤᠭ ᠪᠠᠢᠯᠭᠠᠬᠤ ᠮᠡᠷᠭᠡᠵᠢᠯ᠂ ᠨᠡᠮᠡᠯᠲᠡ ᠡᠳ᠋ ᠬᠡᠷᠡᠭ᠌ᠯᠡᠬᠦ᠂ ᠲᠡᠭᠡᠭᠡᠪᠤᠷᠢᠯᠡᠵᠦ᠍ ᠬᠠᠳᠠᠭᠠᠯᠠᠬᠤ ᠭᠤᠭ᠍ᠴᠤᠭ᠎ᠠ᠎ᠶ᠋ᠢ ᠴᠥᠮ ᠲᠣᠳᠣᠷᠬᠠᠶ ᠵᠠᠭᠠᠭ᠍ᠯᠠᠨ ᠲᠣᠭ᠍ᠲᠠᠭᠠᠪᠠ᠃

ᠠᠯᠠᠱᠠ᠎ᠶᠢᠨ ᠬᠦᠩᠬᠡᠯ ᠨᠢ ᠴᠦᠯ ᠭᠠᠵᠠᠷ ᠣᠷᠣᠨ᠎ᠤ᠋ ᠣᠨᠴᠠᠯᠢᠭ᠍ᠲᠤ ᠤᠷᠭᠤᠮᠠᠯ ᠪᠣᠯᠤᠭ᠍ᠰᠠᠨ᠎ᠤ᠋ ᠬᠤᠪᠢ᠎ᠳ᠋ᠤ ᠶᠡᠬᠡ ᠬᠡᠮᠵᠢᠶᠡᠨ᠎ᠦ ᠢᠳᠡᠱᠢᠨ᠎ᠦ᠌ ᠦᠨ᠎ᠡ ᠥᠷᠲᠡᠭ ᠪᠣᠯᠤᠨ ᠠᠮᠢ ᠠᠬᠤᠢ᠎ᠶᠢᠨ ᠦᠨ᠎ᠡ ᠥᠷᠲᠡᠭ᠎ᠲᠡᠢ ᠪᠠᠢᠳᠠᠭ᠃ ᠲᠣᠰ ᠤᠳᠠᠭᠠᠨ᠎ᠤ ᠪᠠᠷᠢᠮᠵᠢᠶ᠎ᠠ᠎ᠶ᠋ᠢ ᠨᠡᠢᠲᠡᠯᠡᠭ᠌ᠰᠡᠨ ᠨᠢ᠂ ᠬᠡᠷᠡᠭ᠌ᠯᠡᠭ᠌ᠴᠢᠳ᠎ᠤᠨ ᠬᠦᠩᠬᠡᠯ᠎ᠦᠨ ᠪᠦᠲᠦᠭᠡᠭ᠌ᠳᠡᠬᠦᠨ᠎ᠤ ᠶᠠᠰᠤ ᠴᠢᠨᠠᠷ᠎ᠤᠨ ᠲᠠᠨᠢᠨ ᠮᠡᠳᠡᠬᠦᠢ᠎ᠶ᠋ᠢᠨ ᠬᠦᠴᠢᠷ ᠠᠰᠠᠭᠤᠳᠠᠯ᠎ᠢ ᠱᠢᠢᠳᠪᠦᠷᠢᠯᠡᠵᠦ᠍᠂ ᠠᠵᠤ ᠦᠢᠯᠡᠰ᠎ᠤᠨ 《 ᠬᠠᠭᠣᠴᠢᠨ ᠨᠡᠷᠡᠲᠦ》 ᠎ᠶ᠋ᠢᠨ ᠠᠩᠬᠠᠨ᠎ᠤ ᠬᠤᠳᠠᠯᠳᠤᠭ᠎ᠠ᠎ᠠᠴᠠ 《ᠰᠣᠳᠣᠨ ᠲᠠᠸᠠᠷᠴᠢᠯᠠᠭ᠍ᠰᠠᠨ》 ᠨᠠᠷᠠᠲᠤ ᠲᠡᠮᠳᠡᠭ᠌ᠲᠦ᠍᠎ᠶ᠋ᠢᠨ ᠡᠵᠡᠩᠨᠡᠯᠲᠡ  ᠲᠡᠢᠰᠢ  ᠳᠡᠭᠡᠭ᠌ᠰᠢᠯᠡᠭᠦᠯᠬᠦ᠌᠎ᠶ᠋ᠢ ᠠᠬᠢᠭᠤᠯᠬᠤ ᠪᠣᠯᠤᠨ᠎ᠠ᠃

ᠢᠷᠡᠯᠲᠡ᠄ ᠠᠯᠠᠱᠠ ᠠᠢᠮᠠᠭ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ