ᠣᠷᠳᠣᠰ ᠬᠤᠲᠠ᠎ᠶ᠋ᠢᠨ ᠱᠢᠯᠭᠠᠨ ᠪᠠᠢᠴᠠᠭᠠᠵᠤ ᠪᠠᠢᠴᠠᠭᠠᠨ ᠬᠡᠮᠵᠢᠬᠦ᠌ ᠲᠥᠪ ᠎ᠡᠴᠡ ᠭᠤᠷᠪᠠᠨ ᠵᠦᠶ᠋ᠯ᠎ᠤᠨ ᠨᠡᠭᠦᠷᠡᠰᠦ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠦᠶ᠋ᠯᠡᠳᠬᠦᠨ᠎ᠤ ᠨᠡᠭᠦᠷᠡᠰᠦᠲᠥ᠋ᠷᠥᠭ᠌ᠴᠢ᠎ᠶ᠋ᠢᠨ ᠤᠯᠠ ᠮᠥᠷ᠎ᠤᠨ ᠲᠣᠭᠠᠴᠠᠭ᠎ᠠ ᠬᠢᠬᠦ᠌ ᠪᠦᠯᠬᠦᠮ ᠨᠢᠭᠡᠴᠢ᠎ᠶ᠋ᠢᠨ ᠪᠠᠷᠢᠮᠵᠢᠶ᠎ᠠ᠎ᠶ᠋ᠢ ᠭᠤᠤᠯᠯᠠᠨ ᠨᠡᠢᠲᠡᠯᠡᠵᠦ᠍ ᠠᠵᠤ ᠠᠬᠤᠢᠯᠠᠯ᠎ᠤᠨ ᠨᠠᠷᠢᠯᠢᠭ ᠣᠨᠤᠪᠴᠢᠲᠠᠢ᠎ᠪᠠᠷ ᠨᠡᠭᠦᠷᠡᠰᠦᠲᠥ᠋ᠷᠥᠭ᠌ᠴᠢ᠎ᠶ᠋ᠢ ᠪᠠᠭᠠᠰᠭᠠᠬᠤ᠎ᠳᠤ ᠬᠦᠴᠦᠨ ᠨᠡᠮᠡᠷᠢᠯᠡᠪᠡ
2025-12-26

ᠣᠢᠷ᠎ᠠ᠎ᠳᠤ᠂ ᠣᠷᠳᠣᠰ ᠬᠤᠲᠠ᠎ᠶ᠋ᠢᠨ ᠱᠢᠯᠭᠠᠨ ᠪᠠᠢᠴᠠᠭᠠᠵᠤ ᠪᠠᠢᠴᠠᠭᠠᠨ ᠬᠡᠮᠵᠢᠬᠦ᠌ ᠲᠥᠪ᠎ᠠᠴᠠ ᠭᠤᠤᠯᠯᠠᠨ ᠲᠣᠭ᠍ᠲᠠᠭᠠᠭ᠍ᠰᠠᠨ 《ᠬᠦᠯᠡᠮᠵᠢ᠎ᠶ᠋ᠢᠨ ᠬᠡᠶ ᠪᠡᠶᠡᠲᠦ᠍ ᠦᠢᠯᠡᠳᠬᠦᠨ᠎ᠤ ᠨᠡᠭᠦᠷᠡᠰᠦᠲᠥ᠋ᠷᠥᠭ᠌ᠴᠢ᠎ᠶ᠋ᠢᠨ ᠤᠯᠠ ᠮᠦᠷ᠎ᠢ ᠬᠡᠮᠵᠢᠶᠡᠵᠢᠭᠦᠯᠬᠦ ᠠᠷᠭ᠎ᠠ ᠬᠢᠭᠡᠳ ᠱᠠᠭᠠᠷᠳᠠᠯᠭ᠎ᠠ  ᠨᠡᠭᠦᠷᠡᠰᠦ᠎ᠪᠠᠷ ᠦᠢᠯᠡᠳᠦᠭ᠌ᠰᠡᠨ ᠡᠲ᠋ᠠ ᠬᠤᠶᠠᠷᠴᠢ ᠠᠯᠺᠥᠦᠯ ᠦᠢᠯᠡᠳᠬᠦᠨ》᠂ 《ᠬᠦᠯᠡᠮᠵᠢ᠎ᠶ᠋ᠢᠨ ᠬᠡᠶ ᠪᠡᠶᠡᠲᠦ᠍  ᠦᠢᠯᠡᠳᠬᠦᠨ᠎ᠤ ᠨᠡᠭᠦᠷᠡᠰᠦᠲᠥ᠋ᠷᠥᠭ᠌ᠴᠢ᠎ᠶ᠋ᠢᠨ ᠤᠯᠠ ᠮᠦᠷ᠎ᠢ ᠬᠡᠮᠵᠢᠶᠡᠵᠢᠭᠦᠯᠬᠦ ᠠᠷᠭ᠎ᠠ ᠬᠢᠭᠡᠳ ᠱᠠᠭᠠᠷᠳᠠᠯᠭ᠎ᠠ  ᠨᠡᠭᠦᠷᠡᠰᠦ᠎ᠪᠠᠷ ᠦᠢᠯᠡᠳᠦᠭ᠌ᠰᠡᠨ ᠪᠥᠭᠡᠭᠡᠨᠡᠷᠡᠯ ᠫᠷᠣᠫᠧᠨ ᠦᠢᠯᠡᠳᠬᠦᠨ》᠂ 《ᠬᠦᠯᠡᠮᠵᠢ᠎ᠶ᠋ᠢᠨ ᠬᠡᠶ ᠪᠡᠶᠡᠲᠦ᠍  ᠦᠢᠯᠡᠳᠬᠦᠨ᠎ᠤ ᠨᠡᠭᠦᠷᠡᠰᠦᠲᠥ᠋ᠷᠥᠭ᠌ᠴᠢ᠎ᠶ᠋ᠢᠨ ᠤᠯᠠ ᠮᠥᠷ᠎ᠢ ᠬᠡᠮᠵᠢᠶᠡᠵᠢᠭᠦᠯᠬᠦ᠌ ᠠᠷᠭ᠎ᠠ ᠬᠢᠭᠡᠳ ᠱᠠᠭ᠋ᠠᠷᠳᠠᠯᠭ᠎ᠠ  ᠨᠡᠭᠦᠷᠡᠰᠦ᠎ᠪᠠᠷ ᠦᠢᠯᠡᠳᠦᠭ᠌ᠰᠡᠨ ᠪᠥᠭᠡᠭᠡᠨᠡᠷᠡᠯ ᠡᠲ᠋ᠧᠨ᠎ᠤ ᠦᠢᠯᠡᠳᠬᠦᠨ》 ᠵᠡᠷᠭᠡ 3 ᠵᠦᠢᠯ᠎ᠤᠨ ᠪᠦᠯᠬᠦᠮ ᠨᠢᠭᠡᠴᠢ᠎ᠶᠢᠨ ᠪᠠᠷᠢᠮᠵᠢᠶ᠎ᠠ ᠵᠢᠩᠬᠢᠨᠢ᠎ᠪᠠᠷ ᠨᠡᠢ᠌ᠳᠡᠯᠡᠭᠳᠡᠪᠡ᠃

ᠲᠣᠰ ᠤᠳᠠᠭ᠋ᠠᠨ᠎ᠤ ᠨᠡᠢᠲᠡᠯᠡᠭ᠌ᠰᠡᠨ ᠨᠡᠭᠦᠷᠡᠰᠦ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠨᠡᠭᠦᠷᠡᠰᠦᠲᠥ᠋ᠷᠥᠭ᠌ᠴᠢ᠎ᠶ᠋ᠢᠨ ᠤᠯᠡ ᠮᠥᠷ᠎ᠤᠨ ᠲᠣᠭᠠᠴᠠᠭ᠎ᠠ ᠬᠢᠬᠦ᠌ ᠱᠢᠷᠢᠰ ᠪᠠᠷᠢᠮᠵᠢᠶ᠎ᠠ ᠨᠢ ᠤᠯᠤᠰ᠎ᠤᠨ ᠨᠡᠭᠦᠷᠡᠰᠦᠲᠥ᠋ᠷᠥᠭ᠌ᠴᠢ᠎ᠶ᠋ᠢᠨ ᠬᠡᠮᠵᠢᠯᠲᠡ᠎ᠶ᠋ᠢᠨ ᠲᠥᠪ (ᠥᠪᠥᠷ ᠮᠣᠩᠭᠤᠯ) ᠣᠷᠳᠣᠰ᠎ᠤᠨ ᠬᠤᠪᠢᠶᠠᠷᠢ ᠲᠥᠪ᠎ᠤᠨ ᠨᠡᠭᠦᠷᠡᠰᠦ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠨᠡᠭᠦᠷᠡᠰᠦᠲᠥ᠋ᠷᠥᠭ᠌ᠴᠢ᠎ᠶ᠋ᠢᠨ ᠬᠡᠮᠵᠢᠯᠲᠡ᠎ᠶ᠋ᠢᠨ ᠪᠠᠷᠢᠮᠵᠢᠶ᠎ᠠ᠎ᠶ᠋ᠢᠨ ᠲᠤᠭᠲᠠᠯᠴᠠᠭ᠎ᠠ ᠶ᠋ᠢᠨ ᠪᠦᠲᠦᠭᠡᠨ ᠪᠠᠢᠭᠤᠯᠤᠯᠲᠠ᠎ᠶ᠋ᠢᠨ ᠬᠦᠷᠢᠶ᠎ᠡ ᠴᠠᠷᠠᠭ᠎ᠠ᠎ᠳᠤ ᠣᠯᠤᠭ᠍ᠰᠠᠨ ᠪᠠᠰᠠ ᠨᠢᠭᠡᠨ ᠴᠢᠬᠤᠯᠠ ᠦᠷ᠎ᠡ ᠪᠦᠲᠦᠭᠡᠯ ᠪᠤᠯᠤᠨ᠎ᠠ᠃ ᠲᠣᠰ ᠱᠢᠷᠢᠰ ᠪᠠᠷᠢᠮᠵᠢᠶ᠎ᠠ᠎ᠨᠢ ᠲᠣᠭᠠᠴᠠᠭ᠎ᠠ ᠬᠢᠬᠦ᠌ ᠪᠠᠷᠢᠮᠵᠢᠶ᠎ᠠ᠎ᠶ᠋ᠢ ᠠᠩᠬ᠎ᠠ ᠤᠳᠠᠭ᠎ᠠ ᠨᠡᠭᠦᠷᠡᠰᠦ᠎ᠪᠠᠷ ᠦᠢᠯᠡᠳᠦᠭ᠌ᠰᠡᠨ ᠡᠲ᠋ᠠ ᠬᠤᠶᠠᠷᠴᠢ ᠠᠯᠺᠤᠤᠯ᠂ ᠪᠥᠭᠡᠭᠡᠨᠡᠷᠡᠯ ᠫᠷᠣᠫᠧᠨ ᠪᠥᠭᠡᠭᠡᠨᠡᠷᠡᠯ ᠡᠲ᠋ᠧᠨ ᠵᠡᠷᠭᠡ ᠪᠣᠳᠠᠲᠠᠶ ᠨᠡᠭᠦᠷᠡᠰᠦ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠦᠢᠯᠡᠳᠬᠦᠨ᠎ᠤ ᠨᠡᠭᠦᠷᠡᠰᠦᠲᠥ᠋ᠷᠥᠭ᠌ᠴᠢ᠎ᠶ᠋ᠢᠨ ᠣᠯᠡ ᠮᠥᠷ᠎ᠤᠨ ᠲᠣᠭᠠᠴᠠᠭ᠎ᠠ ᠬᠢᠬᠦ᠌ ᠭᠤᠭ᠍ᠴᠤᠭ᠎ᠠ ᠪᠣᠯᠭᠠᠨ ᠤᠷᠲᠤᠳᠭᠠᠵᠤ᠂ ᠨᠡᠭᠦᠷᠡᠰᠦ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠦᠢᠯᠡᠳᠬᠦᠨ᠎ᠤ ᠨᠡᠭᠦᠷᠡᠰᠦᠲᠥ᠋ᠷᠥᠭ᠌ᠴᠢ᠎ᠶ᠋ᠢᠨ ᠤᠯᠠ ᠮᠥᠷ᠎ᠤᠨ ᠬᠡᠮᠵᠢᠶᠡᠵᠢᠭᠦᠯᠬᠦ ᠠᠷᠭ᠎ᠠ᠎ᠶ᠋ᠢᠨ ᠪᠠᠷᠢᠮᠵᠢᠶ᠎ᠠ᠎ᠶ᠋ᠢᠨ ᠬᠤᠭᠤᠰᠣᠨ᠎ᠢ ᠪᠦᠲᠦᠮᠵᠢᠲᠡᠶ ᠨᠥᠬᠦᠪᠥᠷᠢᠯᠡᠵᠦ᠍᠂ ᠬᠤᠯᠪᠣᠭ᠍ᠳᠠᠯ ᠪᠥᠬᠦᠶ ᠠᠵᠤ ᠦᠢᠯᠡᠰ᠎ᠤᠨ ᠪᠣᠬᠢᠷᠲᠤᠯ ᠥᠬᠡᠶ ᠠᠷᠠᠯᠵᠢᠶᠠᠨ᠎ᠤ ᠪᠠᠬᠢᠯᠡᠯᠲᠡ᠎ᠶ᠋ᠢ ᠰᠢᠪᠲᠤᠯᠠᠵᠦ᠂ ᠨᠡᠭᠦᠷᠡᠰᠦᠲᠥ᠋ᠷᠥᠭ᠌ᠴᠢ᠎ᠢ ᠨᠠᠷᠢᠯᠢᠭ ᠤᠨᠤᠪᠴᠢᠲᠠᠢ ᠪᠠᠭᠤᠷᠠᠭᠤᠯᠬᠤ ᠠᠵᠢᠯ᠎ᠢ ᠥᠷᠨᠢᠭᠦᠯᠬᠦ᠌᠎ᠳᠤ ᠵᠠᠩᠭᠢᠯᠠᠭ᠎ᠠ᠎ᠶ᠋ᠢᠨ ᠠᠷᠭ᠎ᠠ᠎ᠶ᠋ᠢᠨ ᠦᠨᠳᠦᠰᠦᠯᠡᠯ ᠪᠠ ᠮᠡᠷᠭᠡᠵᠢᠯ᠎ᠤᠨ ᠲᠤᠯᠭᠠᠭᠤᠷᠢᠯᠠᠯ ᠬᠠᠩᠭ᠋ᠠᠪᠠ᠃

ᠪᠠᠷᠢᠮᠵᠢᠶ᠎ᠠ᠎ᠶ᠋ᠢ ᠲᠤᠭᠤᠷᠪᠢᠬᠤ ᠶᠠᠪᠤᠴᠠ᠎ᠳᠤ᠂ ᠨᠠᠢᠷᠠᠭᠤᠯᠤᠨ ᠵᠣᠬᠢᠶᠠᠬᠤ ᠪᠦᠯᠬᠦᠮ ᠨᠢᠭᠡᠴᠢ ᠨᠢ ᠨᠡᠭᠦᠷᠡᠰᠦ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠠᠵᠢᠯ ᠲᠦᠷᠦᠯ᠎ᠤᠨ ᠦᠢᠯᠡᠳᠪᠦᠷᠢᠯᠡᠯ᠎ᠤᠨ ᠤᠷ᠎ᠠ ᠮᠡᠷᠭᠡᠵᠢᠯ᠎ᠤᠨ ᠪᠣᠳᠠᠲᠤ ᠪᠠᠢᠳᠠᠯ᠎ᠲᠠᠢ ᠨᠢᠭ᠍ᠲᠠ ᠤᠶᠠᠯᠳᠤᠭᠤᠯᠤᠨ᠂ GB/T24067 《ᠬᠦᠯᠡᠮᠵᠢ᠎ᠶ᠋ᠢᠨ ᠬᠡᠢ ᠪᠡᠶᠡᠲᠦ᠍  ᠦᠢᠯᠡᠳᠬᠦᠨ᠎ᠤ ᠨᠡᠭᠦᠷᠡᠰᠦᠲᠥ᠋ᠷᠥᠭ᠌ᠴᠢ᠎ᠶ᠋ᠢᠨ ᠤᠯᠠ ᠮᠥᠷ  ᠬᠡᠮᠵᠢᠶᠡᠵᠢᠭᠦᠯᠬᠦ ᠱᠠᠭᠠᠷᠳᠠᠯᠭ᠎ᠠ ᠪᠠ ᠵᠦᠭ᠌ᠯᠡᠭᠦᠷ》᠎ᠤᠨ ᠤᠯᠤᠰ᠎ᠤᠨ ᠪᠠᠷᠢᠮᠵᠢᠶ᠎ᠠ᠎ᠲᠠᠢ ᠴᠢᠩᠭ᠎ᠠ ᠬᠠᠷᠭᠤᠭᠤᠯᠵᠤ᠂ ᠪᠦᠷᠢᠨ ᠲᠡᠭᠦᠯᠳᠡᠷ ᠱᠢᠨᠵᠢᠯᠡᠬᠦ᠌ ᠤᠬᠠᠭᠠᠨᠴᠢ ᠪᠠᠷᠢᠮᠵᠢᠶᠠᠲᠤ ᠠᠭᠤᠯᠭ᠎ᠠ᠎ᠶ᠋ᠢᠨ ᠲᠤᠭᠲᠠᠯᠴᠠᠭ᠎ᠠ᠎ᠶᠢ ᠪᠠᠢᠭᠤᠯᠪᠠ᠃ ᠪᠠᠷᠢᠮᠵᠢᠶ᠎ᠠ ᠨᠢ ᠨᠡᠭᠦᠷᠡᠰᠦ᠎ᠪᠠᠷ ᠤᠢ᠌ᠯᠡᠳᠦᠭᠰᠡᠨ ᠡᠲ᠋ᠠ ᠬᠤᠶᠠᠷᠴᠢ ᠠᠯᠺᠤᠤᠯ᠂ ᠪᠥᠭᠡᠭᠡᠨᠡᠷᠡᠯ ᠫᠷᠤᠫᠢᠯ ᠠᠯᠺᠧᠨ᠂ ᠪᠥᠭᠡᠭᠡᠨᠡᠷᠡᠯ ᠡᠲ᠋ᠢᠯᠧᠨ ᠦᠢᠯᠡᠳᠬᠦᠨ᠎ᠤ ᠨᠡᠭᠦᠷᠡᠰᠦᠲᠥ᠋ᠷᠥᠭ᠌ᠴᠢ᠎ᠶ᠋ᠢᠨ ᠤᠯᠠ ᠮᠥᠷ᠎ᠢ ᠬᠡᠮᠵᠢᠶᠡᠵᠢᠭᠦᠯᠬᠦ᠌ ᠰᠢᠰᠲ᠋ᠧᠮ᠎ᠦᠨ ᠵᠠᠭᠠᠭ ᠱᠤᠭᠤᠮ᠎ᠢ ᠵᠠᠭᠠᠭ᠍ᠯᠠᠨ ᠲᠣᠭ᠍ᠲᠠᠭᠠᠬᠤ᠂ ᠲᠤᠭ᠎ᠠ ᠪᠠᠷᠢᠮᠲᠠ᠎ᠶ᠋ᠢᠨ ᠨᠠᠷᠢᠨ ᠳᠠᠩᠰᠠ᠎ᠶ᠋ᠢ ᠵᠠᠳᠠᠯᠬᠤ᠂ ᠲᠣᠭᠠᠴᠠᠭ᠎ᠠ ᠬᠢᠬᠦ᠌ ᠠᠷᠭ᠎ᠠ᠎ᠶ᠋ᠢ ᠰᠣᠩᠭᠤᠬᠤ ᠵᠢᠴᠢ ᠮᠡᠳᠡᠭᠦᠯᠦᠯᠲᠡ ᠨᠠᠢᠷᠠᠭᠤᠯᠤᠨ ᠵᠣᠬᠢᠶᠠᠬᠤ ᠱᠠᠭᠠᠷᠳᠠᠯᠭ᠎ᠠ ᠵᠡᠷᠭᠡ ᠭᠤᠤᠯ ᠭᠤᠭ᠍ᠴᠤᠭ᠎ᠠ᠎ᠶ᠋ᠢ ᠪᠥᠬᠦ᠌ ᠲᠠᠯ᠎ᠠ᠎ᠪᠠᠷ ᠬᠠᠮᠤᠷᠴᠤ᠌᠂ ᠦᠢᠯᠡᠳᠬᠦᠨ᠎ᠤ ᠨᠡᠭᠦᠷᠡᠰᠦᠲᠥ᠋ᠷᠥᠭ᠌ᠴᠢ᠎ᠶ᠋ᠢᠨ ᠤᠯᠠ ᠮᠥᠷ᠎ᠢ ᠬᠡᠮᠵᠢᠶᠡᠵᠢᠭᠦᠯᠬᠦ ᠦᠷ᠎ᠡ ᠳ᠋ᠦᠩ᠎ᠤᠨ ᠱᠢᠨᠵᠢᠯᠡᠬᠦ᠌ ᠤᠬᠠᠭᠠᠨᠴᠢ ᠴᠢᠨᠠᠷ᠂ ᠣᠨᠣᠪᠴᠢᠲᠤ ᠴᠢᠨᠠᠷ ᠪᠠ ᠬᠠᠷᠢᠴᠠᠭᠤᠯᠵᠤ ᠪᠣᠯᠬᠤᠢᠴᠠ ᠴᠢᠨᠠᠷ᠎ᠢ ᠦᠨᠡᠨ ᠬᠦ᠌ ᠪᠠᠲᠤᠯᠠᠵᠤ᠂ ᠨᠡᠭᠦᠷᠡᠰᠦ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠠᠵᠢᠯ ᠲᠥᠷᠥᠯ᠎ᠤᠨ ᠦᠢᠯᠡᠳᠬᠦᠨ᠎ᠤ ᠨᠡᠭᠦᠷᠡᠰᠦᠲᠥ᠋ᠷᠥᠭ᠌ᠴᠢ᠎ᠶ᠋ᠢᠨ ᠤᠯᠠ ᠮᠥᠷ᠎ᠤᠨ ᠲᠣᠭᠠᠴᠠᠭ᠎ᠠ ᠬᠢᠬᠦ᠌ ᠠᠵᠢᠯ᠎ᠢ ᠥᠷᠨᠢᠭᠦᠯᠬᠦ᠌᠎ᠳᠤ ᠡᠷᠬᠡ ᠰᠦᠷ᠎ᠲᠠᠢ᠂ ᠨᠢᠭᠡᠳᠦᠯᠲᠡᠶ ᠯᠠᠪᠯᠠᠯᠲᠠ᠎ᠶ᠋ᠢᠨ ᠦᠨᠳᠦᠰᠦᠯᠡᠯ ᠬᠠᠩᠭ᠋ᠠᠪᠠ᠃

ᠢᠷᠡᠯᠲᠡ᠄ ᠤᠷᠳᠤᠰ ᠬᠣᠲᠠ᠎ᠶᠢᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠤᠪᠴᠢᠶ᠎ᠠ