ᠪᠤᠭᠤᠲᠤ ᠬᠤᠲᠠ᠎ᠶ᠋ᠢᠨ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠬᠠᠮᠠᠭᠠᠯᠠᠯᠲᠠ᠎ᠶ᠋ᠢᠨ ᠲᠥᠪ 《ᠪᠤᠭᠤᠲᠤ ᠭᠡᠷᠡᠴᠢᠯᠡᠯ ᠬᠡᠯᠬᠢᠶ᠎ᠡ》 ᠦᠢᠯᠡᠴᠢᠯᠡᠭᠡᠨ᠎ᠤ 《1144》 ᠠᠵᠤ ᠦᠢᠯᠡᠰ᠎ᠤᠨ ᠲᠤᠭᠲᠠᠯᠴᠠᠭ᠎ᠠ᠎ᠶᠢᠨ ᠱᠢᠨ᠎ᠡ ᠠᠷᠭ᠎ᠠ ᠵᠠᠮ᠎ᠢ ᠬᠠᠢᠨ ᠰᠦᠪᠡᠭ᠌ᠴᠢᠯᠡᠪᠡ
2025-12-30

12 ᠳ᠋ᠤᠭ᠋ᠠᠷ ᠰᠠᠷ᠎ᠠ᠎ᠶᠢᠨ 16 ᠎ᠤ ᠡᠳᠦᠷ᠂ ᠪᠤᠭᠤᠲᠤ ᠬᠤᠲᠠ᠎ᠶ᠋ᠢᠨ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠬᠠᠮᠠᠭᠠᠯᠠᠯᠲᠠ᠎ᠶ᠋ᠢᠨ ᠲᠥᠪ ᠥᠪᠥᠷ ᠮᠣᠩᠭᠤᠯ᠎ᠤᠨ ᠰᠢᠨᠵᠢᠯᠡᠭᠡ ᠮᠡᠷᠭᠡᠵᠢᠯ᠎ᠤᠨ ᠶᠡᠭᠡ ᠰᠤᠷᠭᠠᠭᠤᠯᠢ᠎ᠶ᠋ᠢᠨ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠮᠡᠳᠡᠭᠡ ᠵᠠᠩᠭᠢ᠎ᠶ᠋ᠢᠨ ᠦᠢᠯᠡᠴᠢᠯᠡᠭᠡᠨ᠎ᠤ ᠲᠥᠪ᠎ᠲᠤ ᠬᠦᠷᠴᠦ᠍᠂ 《ᠪᠤᠭᠤᠲᠤ ᠭᠡᠷᠡᠴᠢᠯᠡᠯ ᠬᠡᠯᠬᠢᠶ᠎ᠡ》 ᠲᠠᠪᠴᠠᠩ᠎ᠤᠨ ᠪᠤᠭᠤᠲᠤ ᠬᠤᠲᠠ᠎ᠶ᠋ᠢᠨ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠲᠠᠰᠤᠯᠤᠯᠲᠠ᠎ᠶᠢᠨ ᠵᠢᠱ᠌ᠢᠶ᠎ᠡ᠎ᠶᠢᠨ ᠬᠥᠮᠥᠷᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠤᠭᠤᠷᠢᠨ᠎ᠳᠤ ᠲᠤᠰᠭᠠᠶ ᠰᠡᠳᠦᠪᠲᠦ᠎ᠶᠢᠨ ᠶᠠᠷᠢᠯᠴᠡᠨ ᠰᠤᠳᠤᠯᠠᠬᠤ ᠬᠤᠷᠠᠯ ᠦᠷᠨᠢᠭᠦᠯᠵᠦ᠂ ᠬᠤᠶᠠᠷ ᠲᠠᠯ᠎ᠠ᠎ᠪᠠᠷ᠎ᠢᠶᠠᠨ ᠲᠠᠰᠤᠯᠤᠯᠲᠠ᠎ᠶᠢᠨ ᠵᠢᠱ᠌ᠢᠶ᠎ᠡ᠎ᠶᠢᠨ ᠬᠥᠮᠥᠷᠭᠡ᠎ᠶᠢᠨ ᠪᠦᠲᠦᠭᠡᠨ ᠪᠠᠢᠭᠤᠯᠬᠤ ᠠᠷᠭ᠎ᠠ ᠵᠠᠮ᠎ᠤᠨ ᠲᠤᠬᠠᠶ ᠬᠠᠮᠲᠤ᠎ᠶ᠋ᠢᠨ ᠲᠠᠨᠢᠯᠲᠠ᠎ᠲᠠᠢ ᠪᠣᠯᠵᠣ᠂ 《ᠪᠤᠭᠤᠲᠤ ᠭᠡᠷᠡᠴᠢᠯᠡᠯ ᠬᠡᠯᠬᠢᠶ᠎ᠡ》 ᠬᠢᠭᠡᠳ ᠮᠠᠨ᠎ᠤ ᠬᠤᠲᠠ᠎ᠶ᠋ᠢᠨ 《1144》 ᠣᠳᠣᠬᠢᠴᠢᠯᠠᠭ᠍ᠰᠠᠨ ᠠᠵᠤ ᠦᠢᠯᠡᠰ᠎ᠤᠨ ᠲᠤᠬ᠍ᠲᠠᠯᠴᠠᠭ᠎ᠠ᠎ᠶᠢ ᠠᠭᠤᠰᠤᠯᠴᠠᠭᠤᠯᠬᠤ ᠱᠢᠨ᠎ᠡ ᠴᠢᠭ᠌ᠯᠡᠯ᠎ᠢ ᠬᠠᠮᠲᠤ᠎ᠪᠠᠷ ᠰᠦᠪᠡᠭ᠌ᠴᠢᠯᠡᠵᠦ᠍᠂ ᠠᠵᠤ ᠦᠢᠯᠡᠰ᠎ᠤᠨ ᠴᠢᠨᠠᠷ ᠰᠠᠢᠲᠠᠶ ᠬᠥᠭ᠌ᠵᠢᠯᠲᠡ᠎ᠳᠤ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠬᠥᠳᠡᠯᠭᠡᠬᠦ᠌ ᠬᠦᠴᠦᠨ ᠨᠡᠮᠡᠷᠢᠯᠡᠪᠡ᠃ ᠶᠠᠷᠢᠯᠴᠡᠨ ᠰᠤᠳᠤᠯᠠᠬᠤ᠎ᠪᠠᠷ ᠳᠡᠮᠵᠢᠨ᠂ ᠪᠤᠭᠤᠲᠤ ᠬᠤᠲᠠ᠎ᠶ᠋ᠢᠨ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠬᠠᠮᠠᠭᠠᠯᠠᠯᠲᠠ᠎ᠶ᠋ᠢᠨ ᠲᠥᠪ᠎ᠠᠴᠠ 《ᠪᠤᠭᠤᠲᠤ ᠭᠡᠷᠡᠴᠢᠯᠡᠯ ᠬᠡᠯᠬᠢᠶ᠎ᠡ》 ᠶ᠋ᠢᠨ ᠡᠯᠧᠺᠲᠷᠣᠨ ᠲᠠᠩᠰᠠ ᠡᠪᠬᠡᠮᠡᠯ᠎ᠤᠨ ᠬᠠᠮᠢᠶᠠᠷᠤᠯᠲᠠ᠎ᠶ᠋ᠢᠨ ᠴᠢᠳᠠᠮᠵᠢ᠎ᠶ᠋ᠢ ᠠᠱᠢᠭ᠍ᠯᠠᠨ ᠪᠤᠭᠤᠲᠤ ᠬᠤᠲᠠ᠎ᠶ᠋ᠢᠨ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠲᠠᠰᠤᠯᠤᠯᠲᠠ᠎ᠶᠢᠨ ᠵᠢᠱ᠌ᠢᠶ᠎ᠡ᠎ᠶᠢᠨ ᠯᠠᠪᠯᠠᠯᠲᠠ᠎ᠶᠢᠨ ᠲᠤᠬᠠᠢ᠌ᠯᠠᠭᠰᠠᠨ ᠠᠵᠢᠯ᠎ᠤᠨ ᠬᠥᠮᠥᠷᠭᠡ᠎ᠶ᠋ᠢ ᠥᠷᠭᠡᠳᠬᠡᠨ ᠪᠠᠢ᠌ᠭᠤᠯᠵᠤ ᠪᠣᠯᠬᠤ᠎ᠶᠢ ᠲᠣᠳᠣᠷᠬᠠᠢ᠌ᠯᠠᠭᠰᠠᠨ᠎ᠤ ᠬᠠᠮᠲᠤ 《ᠭᠤᠷᠪᠠᠨ ᠠᠯᠬᠤᠮ᠎ᠢᠶᠠᠷ ᠶᠠᠪᠤᠬᠤ》᠎ᠶᠢ ᠪᠠᠢ᠌ᠭᠤᠯᠬᠤ ᠠᠷᠭ᠎ᠠ ᠪᠣᠳᠣᠯᠭ᠎ᠠ᠎ᠶ᠋ᠢ ᠲᠣᠭ᠍ᠲᠠᠭᠠᠪᠠ᠃

ᠨᠢᠭᠡᠳᠦᠭᠡᠷ ᠠᠯᠬᠤᠮ᠎ᠳᠤ᠄ ᠣᠯᠠᠨ ᠡᠬᠢᠲᠦ ᠲᠣᠭ᠎ᠠ ᠪᠠᠷᠢᠮᠲᠠ᠎ᠶᠢ ᠴᠤᠭᠯᠠᠭᠤᠯᠬᠤ ᠲᠤᠭᠲᠠᠯᠴᠠᠭ᠎ᠠ᠎ᠶᠢ ᠪᠠᠢ᠌ᠭᠤᠯᠤᠨ᠎ᠠ᠃ ᠬᠤᠲᠠ᠎ᠶ᠋ᠢᠨ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶᠢᠨ ᠬᠠᠮᠠᠭ᠋ᠠᠯᠠᠯᠲᠠ᠎ᠶᠢᠨ ᠲᠥᠪ᠎ᠠᠴᠠ ᠬᠤᠲᠠ᠎ᠶ᠋ᠢᠨ ᠳᠤᠮᠳᠠ ᠵᠡᠷᠭᠡ᠎ᠶ᠋ᠢᠨ ᠱᠢᠭᠦᠬᠦ᠌ ᠬᠤᠷᠢᠶ᠎ᠠ᠂ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠱᠢᠭᠦᠬᠦ᠌ ᠬᠤᠷᠢᠶ᠎ᠠ᠎ᠲᠠᠢ ᠬᠤᠯᠪᠣᠭᠠᠯᠠᠨ ᠬᠥᠳᠡᠯᠦᠯᠴᠡᠵᠦ᠍᠂ ᠣᠢᠷ᠎ᠠ᠎ᠶ᠋ᠢᠨ ᠲᠠᠪᠤᠨ ᠵᠢᠯ᠎ᠤᠨ ᠮᠠᠨ᠎ᠤ ᠬᠤᠲᠠ᠎ᠶ᠋ᠢᠨ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠲᠠᠰᠤᠯᠤᠯᠳᠠ᠎ᠶᠢᠨ ᠵᠢᠱ᠌ᠢᠶ᠎ᠡ᠎ᠶᠢ ᠡᠮᠬᠢᠯᠡᠵᠦ᠍᠂ ᠲᠤᠭ᠎ᠠ ᠪᠠᠷᠢᠮᠲᠠ᠎ᠳᠤ ᠪᠠᠷᠢᠮᠵᠢᠶᠠᠵᠢᠯ᠎ᠤᠨ ᠰᠢᠢ᠍ᠳᠪᠦᠷᠢᠯᠡᠯ ᠬᠢᠵᠦ᠂ ᠰᠡᠷᠭᠡᠭ ᠮᠡᠳᠡᠭᠡ ᠵᠠᠩᠭᠢ᠎ᠶ᠋ᠢ ᠠᠷᠢᠯᠭᠠᠭ᠍ᠰᠠᠨ᠎ᠤ ᠳᠠᠷᠠᠭ᠎ᠠ ᠬᠡᠷᠡᠭ᠎ᠤᠨ ᠭᠣᠣᠯᠯᠠᠭᠴᠢ ᠡᠯᠧᠮᠧᠨ᠋ᠲ᠎ᠢ ᠭᠠᠷᠭᠠᠨ ᠠᠪᠤᠨ᠎ᠠ᠃

ᠬᠣᠶᠠᠳᠤᠭᠠᠷ ᠠᠯᠬᠤᠮ᠎ᠳ᠋ᠤ᠄ ᠣᠶᠤᠨᠲᠤ ᠲᠥᠷᠥᠯ ᠬᠤᠪᠢᠶᠠᠬᠤ ᠲᠤᠭᠲᠠᠯᠴᠠᠭ᠎ᠠ᠎ᠶᠢ ᠪᠠᠢ᠌ᠭᠤᠯᠤᠨ᠎ᠠ᠃ ᠪᠤᠭᠤᠲᠤ ᠬᠣᠲᠠ ᠶ᠋ᠢᠨ ᠠᠵᠤ ᠦᠢᠯᠡᠰ᠎ᠤᠨ ᠣᠨᠴᠠᠯᠢᠭ᠎ᠲᠠᠢ ᠤᠶᠠᠯᠳᠤᠭᠤᠯᠤᠨ᠂ 《1144》 ᠣᠳᠣᠬᠢᠴᠢᠯᠠᠭ᠍ᠰᠠᠨ ᠠᠵᠤ ᠦᠢᠯᠡᠰ᠎ᠤᠨ ᠲᠤᠭᠲᠠᠯᠴᠠᠭ᠎ᠠ ᠎ᠳᠠᠬᠢ ᠬᠤᠪᠣᠷ ᠱᠢᠷᠣᠢ᠂ ᠲᠣᠨᠤᠭ ᠲᠥᠬᠦᠭᠡᠷᠦᠮᠵᠢ᠎ᠶᠢᠨ ᠤᠢ᠌ᠯᠡᠳᠪᠦᠷᠢᠯᠡᠯ ᠵᠡᠷᠭᠡ ᠭᠤᠣᠯᠳᠠᠯᠭ᠎ᠠ᠎ᠲᠠᠢ ᠬᠦᠷᠢᠶ᠎ᠡ ᠴᠠᠷᠠᠭ᠎ᠠ᠎ᠳᠤ ᠲᠥᠷᠥᠯ ᠬᠤᠪᠢᠶᠠᠵᠤ᠂ ᠲᠤᠰᠭᠠᠶ ᠠᠱᠢᠭ᠎ᠤᠨ ᠡᠷᠬᠡ᠎ᠳᠤ ᠬᠠᠯᠳᠠᠭ᠍ᠰᠠᠨ᠂ ᠲᠠᠸᠠᠷ᠎ᠤᠨ ᠲᠡᠮᠳᠡᠭ᠎ᠢ ᠬᠠᠭᠤᠷᠮᠠᠭᠯᠠᠨ ᠬᠡᠷᠡᠭᠯᠡᠭᠰᠡᠨ ᠬᠡᠷᠡᠭ ᠵᠡᠷᠭᠡ ᠬᠤᠪᠢᠶᠠᠷᠢ ᠲᠥᠷᠥᠯ᠎ᠢ ᠨᠠᠷᠢᠯᠢᠬ᠍ᠵᠢᠭᠤᠯᠤᠨ᠂ ᠲᠠᠰᠣᠯᠣᠯᠲᠠ᠎ᠶᠢᠨ ᠵᠢᠱ᠌ᠢᠶ᠎ᠡ᠎ᠶᠢᠨ ᠨᠠᠷᠢᠯᠢᠭ ᠣᠨᠣᠪᠴᠢᠲᠠᠢ ᠡᠷᠢᠯᠲᠡ᠎ᠶ᠋ᠢ ᠪᠡᠶᠡᠯᠡᠭᠦᠯᠦᠨ᠎ᠡ᠃

ᠭᠤᠷᠪᠠᠳᠤᠭᠠᠷ ᠠᠯᠬᠤᠮ᠎ᠳᠤ᠄ ᠮᠡᠷᠭᠡᠵᠢᠯ᠎ᠤᠨ ᠲᠤᠯᠭᠠᠭᠤᠷᠢᠯᠠᠯ᠎ᠢ ᠴᠢᠩᠭᠠᠷᠠᠭᠤᠯᠤᠨ᠎ᠠ᠃ ᠪᠠᠷᠢᠮᠵᠢᠶᠠᠵᠢᠯ᠎ᠤᠨ ᠲᠠᠰᠤᠯᠤᠯᠲᠠ᠎ᠶ᠋ᠢᠨ ᠵᠢᠱ᠌ᠢᠶ᠎ᠡ᠎ᠶᠢᠨ ᠲᠤᠭ᠎ᠠ ᠪᠠᠷᠢᠮᠲᠠ᠎ᠶ᠋ᠢ 《ᠪᠤᠭᠤᠲᠤ ᠭᠡᠷᠡᠴᠢᠯᠡᠯ ᠬᠡᠯᠬᠢᠶ᠎ᠡ》 ᠲᠠᠪᠴᠠᠩ᠎ᠳᠤ ᠵᠠᠯᠭᠠᠵᠤ᠂ ᠬᠡᠰᠡᠭ ᠭᠠᠵᠠᠷ᠎ᠤᠨ ᠬᠡᠯᠬᠢᠶ᠎ᠡ ᠥᠭᠡᠷᠡᠲᠦ ᠭᠦᠯᠦᠭᠳᠡᠬᠦ ᠦᠭᠡᠢ ᠥᠪᠡᠷᠮᠢᠴᠡ ᠴᠢᠨᠠᠷ᠎ᠢ ᠠᠱᠢᠭ᠍ᠯᠠᠨ ᠲᠤᠭ᠎ᠠ ᠪᠠᠷᠢᠮᠲᠠ᠎ᠶ᠋ᠢᠨ ᠦᠨᠡᠨ ᠪᠣᠳᠠᠲᠠᠶ ᠪᠦᠭᠡᠳ ᠢᠲᠡᠭᠡᠮᠵᠢᠲᠠᠢ ᠪᠠᠢᠬᠤ᠎ᠶ᠋ᠢ ᠦᠨᠡᠨ ᠬᠦ᠌ ᠪᠠᠲᠤᠯᠠᠵᠤ᠂ ᠠᠵᠤ ᠠᠬᠤᠢᠯᠠᠯ᠎ᠳᠤ ᠲᠠᠰᠤᠯᠤᠯᠳᠠ᠎ᠶᠢᠨ ᠵᠢᠱ᠌ᠢᠶ᠎ᠡ᠎ᠶᠢᠨ ᠯᠠᠪᠯᠠᠯᠲᠠ᠎ᠶ᠋ᠢᠨ ᠦᠢᠯᠡᠴᠢᠯᠡᠭᠡ ᠬᠠᠩᠭᠠᠨ᠎ᠠ᠃

ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠲᠠᠰᠤᠯᠤᠯᠳᠠ᠎ᠶᠢᠨ ᠵᠢᠱ᠌ᠢᠶ᠎ᠡ᠎ᠶᠢᠨ ᠬᠥᠮᠥᠷᠭᠡ᠎ᠶ᠋ᠢᠨ ᠪᠠᠢᠭᠤᠯᠤᠯᠲᠠ᠎ᠨᠢ᠂ 《1144》 ᠣᠳᠣᠬᠢᠴᠢᠯᠠᠭ᠍ᠰᠠᠨ ᠠᠵᠤ ᠦᠢᠯᠡᠰ᠎ᠤᠨ ᠲᠤᠭᠲᠠᠯᠴᠠᠭ᠎ᠠ᠎ᠶᠢᠨ ᠳᠣᠲᠣᠷᠠᠬᠢ ᠠᠵᠤ ᠠᠬᠤᠢᠯᠠᠯ᠎ᠳᠤ ᠡᠷᠬᠡ᠎ᠳᠤ ᠬᠠᠯᠳᠠᠭ᠍ᠰᠠᠨ ᠱᠢᠭᠤᠳ ᠬᠡᠷᠡᠭ᠎ᠤᠨ ᠵᠢᠱ᠌ᠢᠶ᠎ᠡ ᠬᠠᠩᠭᠠᠵᠤ᠂ ᠠᠵᠤ ᠠᠬᠤᠢᠯᠠᠯ᠎ᠢ ᠬᠠᠪᠰᠤᠷᠤᠨ ᠰᠤᠳᠤᠯᠤᠨ ᠨᠡᠭᠡᠭᠡᠬᠦ᠂ ᠦᠢᠯᠡᠳᠪᠦᠷᠢᠯᠡᠬᠦ᠌ ᠭᠤᠭ᠍ᠴᠤᠭ᠎ᠠ᠎ᠳᠤ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠲᠦᠭ᠌ᠰᠢᠭᠦᠷᠢ᠎ᠠᠴᠠ ᠵᠠᠢ᠌ᠯᠠᠭᠤᠯᠵᠦ᠂ ᠱᠢᠨ᠎ᠡ᠎ᠶ᠋ᠢ ᠡᠭᠦᠳᠬᠦ᠌ ᠥᠪᠡᠷ᠎ᠤᠨ ᠥᠷᠲᠡᠭ᠎ᠢ ᠨᠢ ᠪᠠᠭᠤᠷᠠᠭᠤᠯᠤᠨ᠎ᠠ᠃ ᠡᠷᠬᠡ᠎ᠪᠠᠨ ᠬᠠᠮᠠᠭᠠᠯᠠᠬᠤ ᠪᠠᠲᠤᠯᠠᠭ᠎ᠠ᠎ᠳᠦ᠂ ᠲᠤᠲᠤᠷᠬᠠᠢ ᠲᠠᠰᠣᠯᠣᠯᠲᠠ᠎ᠶᠢᠨ ᠵᠢᠱ᠌ᠢᠶ᠎ᠡ᠎ᠶᠢᠨ ᠤᠳᠤᠷᠢᠳᠤᠮᠵᠢ᠎ᠨᠢ ᠠᠵᠤ ᠠᠬᠤᠢᠯᠠᠯ᠎ᠤᠨ ᠡᠷᠬᠡ᠎ᠪᠠᠨ ᠬᠠᠮᠠᠭᠠᠯᠠᠬᠤ ᠦᠶᠡᠯᠡᠯ᠎ᠤᠨ ᠬᠤᠭᠤᠴᠠᠭ᠎ᠠ᠎ᠶ᠋ᠢ ᠪᠣᠭᠤᠨᠢᠰᠭᠠᠵᠤ᠂ ᠡᠷᠬᠡ᠎ᠳᠤ ᠬᠠᠯᠳᠠᠭ᠍ᠰᠠᠨ᠎ᠢ ᠮᠠᠭᠠᠳᠯᠠᠨ ᠲᠣᠭ᠍ᠲᠠᠭᠠᠬᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠂ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶᠢᠨ ᠬᠠᠮᠠᠭ᠋ᠠᠯᠠᠯᠲᠠ᠎ᠶᠢᠨ ᠡᠷᠴᠢᠮ᠎ᠢ ᠴᠢᠩᠭᠠᠷᠠᠭᠤᠯᠵᠤ᠂ ᠱᠢᠨ᠎ᠡ᠎ᠪᠠᠷ ᠡᠭᠦᠳᠦᠭ᠌ᠰᠡᠨ ᠦᠷ᠎ᠡ ᠪᠦᠲᠦᠭᠡᠯ᠎ᠳᠤ ᠴᠠᠭ ᠲᠤᠬᠠᠢ᠎ᠳᠤ᠎ᠨᠢ ᠬᠦᠴᠦᠲᠡᠶ ᠬᠠᠮᠠᠭ᠋ᠠᠯᠠᠯᠲᠠ ᠣᠯᠭᠣᠨ᠎ᠠ᠃

 

ᠢᠷᠡᠯᠲᠡ᠄ ᠪᠤᠭᠤᠲᠤ ᠬᠣᠲᠠ᠎ᠶᠢᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠤᠪᠴᠢᠶ᠎ᠠ