ᠬᠥᠬᠡᠬᠤᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠰᠤᠷᠭᠠᠭᠤᠯᠢ᠎ᠶ᠋ᠢᠨ ᠬᠤᠪᠴᠠᠰᠤᠨ᠎ᠤ ᠶᠠᠰᠤ ᠴᠢᠨᠠᠷ᠎ᠤᠨ ᠠᠶᠣᠯᠭᠦᠢ ᠎ᠶ᠋ᠢᠨ ᠬᠠᠮᠢᠶᠠᠷᠤᠯᠲᠠ᠎ᠶ᠋ᠢ ᠳᠡᠭᠡᠭ᠌ᠰᠢᠯᠡᠭᠦᠯᠬᠦ᠌ ᠪᠣᠯᠪᠠᠰᠣᠷᠠᠯ᠎ᠤᠨ ᠬᠤᠷᠠᠯ ᠥᠷᠨᠢᠭᠦᠯᠪᠡ
2025-09-25

9 ᠳ᠋ᠦ᠍ᠭᠡᠷ ᠰᠠᠷ᠎ᠠ᠎ᠶᠢᠨ 16 ᠎ᠤ᠋ ᠡᠳᠦᠷ ᠬᠥᠬᠡᠬᠣᠲᠠ᠎ᠶᠢᠨ ᠵᠠᠬ᠎ᠠ ᠳᠡᠯᠭᠡᠭᠦᠷ᠎ᠦ᠋ᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ ᠪᠣᠯᠤᠨ ᠰᠤᠷᠭᠠᠨ ᠬᠥᠮᠦᠵᠢᠯ᠎ᠦ᠋ᠨ ᠲᠣᠪᠴᠢᠶ᠎ᠠ ᠪᠦᠬᠦ᠌ ᠬᠣᠲᠠ᠎ᠶᠢᠨ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠭ᠍ᠴᠢᠳ᠎ᠤ᠋ᠨ ᠰᠤᠷᠭᠠᠭᠤᠯᠢ᠎ᠶᠢᠨ ᠬᠤᠪᠴᠠᠰᠤᠨ᠎ᠤ᠋ ᠶᠠᠰᠤ ᠴᠢᠨᠠᠷ᠎ᠤ᠋ᠨ ᠠᠶᠤᠯᠭᠦᠢ᠎ᠶᠢᠨ ᠬᠠᠮᠢᠶᠠᠷᠤᠯᠲᠠ᠎ᠶᠢ ᠳᠡᠭᠡᠭ᠌ᠱᠢᠯᠡᠭᠦᠯᠬᠦ᠌ ᠪᠣᠯᠪᠠᠰᠤᠷᠠᠯ᠎ᠤ᠋ᠨ ᠬᠤᠷᠠᠯ᠎ᠢ᠋ ᠵᠣᠬᠢᠶᠠᠨ ᠪᠠᠢᠭᠤᠯᠵᠤ ᠬᠤᠷᠠᠯᠳᠤᠭᠤᠯᠪᠠ᠃ ᠬᠤᠷᠠᠯ᠎ᠢ ᠰᠦᠯᠵᠢᠶᠡᠨ ᠭᠠᠳᠠᠨ᠎ᠠ᠂ ᠰᠦᠯᠵᠢᠶᠡᠨ ᠳᠡᠭᠡᠷ᠎ᠡ ᠤᠶᠠᠯᠳᠤᠭᠤᠯᠬᠤ ᠠᠷᠭ᠎ᠠ ᠮᠠᠶᠢᠭ᠎ᠢᠶᠠᠷ ᠬᠤᠷᠠᠯᠳᠤᠭᠤᠯᠵᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠱᠢᠷᠬᠡᠭ᠌ᠯᠢᠭ᠎ᠤᠨ ᠶᠠᠰᠤ ᠴᠢᠨᠠᠷ᠎ᠢ ᠬᠢᠨᠠᠨ ᠱᠢᠯᠭᠠᠬᠤ ᠲᠥᠪ᠎ᠤᠨ ᠲᠤᠰᠭᠠᠶ ᠮᠡᠷᠭᠡᠵᠢᠯᠲᠡᠨ᠎ᠢ ᠤᠷᠢᠵᠤ ᠰᠤᠷᠭᠠᠭᠤᠯᠢ᠎ᠶ᠋ᠢᠨ ᠬᠤᠪᠴᠠᠰᠤ᠎ᠶ᠋ᠢ ᠱᠢᠯᠭᠠᠨ ᠪᠠᠢᠴᠠᠭᠠᠬᠤ ᠦᠨᠳᠦᠰᠦᠯᠡᠯ ᠵᠢᠴᠢ ᠣᠷᠣᠱᠢᠵᠤ ᠪᠠᠢᠭ᠎ᠠ ᠭᠤᠤᠯ ᠶᠠᠰᠤ ᠴᠢᠨᠠᠷ᠎ᠤᠨ ᠠᠰᠠᠭᠤᠳᠠᠯ᠂ ᠠᠵᠤ ᠠᠬᠤᠢᠯᠠᠯ᠎ᠤᠨ ᠶᠠᠰᠤ ᠴᠢᠨᠠᠷ᠎ᠤᠨ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠬᠤ᠂ ᠰᠣᠷᠣᠭ᠍ᠴᠢ᠎ᠶ᠋ᠢᠨ ᠰᠣᠷᠭᠠᠭᠤᠯᠢ᠎ᠶ᠋ᠢᠨ ᠬᠤᠪᠴᠠᠰᠤ᠎ᠶ᠋ᠢ ᠬᠢᠨᠠᠨ ᠬᠠᠮᠢᠶᠠᠷᠬᠤ ᠭᠤᠤᠯᠳᠠᠯᠭ᠎ᠠ᠂ ᠰᠤᠷᠭᠠᠭᠤᠯᠢ᠎ᠶ᠋ᠢᠨ 《ᠬᠤᠶᠠᠷ᠎ᠢ ᠬᠦᠷᠭᠡᠵᠦ᠍ ᠱᠢᠯᠭᠠᠨ ᠪᠠᠢᠴᠠᠭᠠᠬᠤ》 ᠲᠦᠷᠢᠮ᠎ᠢ ᠨᠠᠢᠳᠠᠪᠤᠷᠢᠵᠢᠭᠤᠯᠬᠤ ᠪᠠ ᠱᠢᠯᠭᠠᠨ ᠪᠠᠢᠴᠠᠭᠠᠬᠤ᠎ᠳᠤ ᠡᠷᠬᠡᠪᠰᠢ ᠮᠡᠳᠡᠬᠦ᠌ ᠵᠡᠷᠭᠡ ᠵᠠᠩᠭᠢᠯᠠᠭ᠎ᠠ᠎ᠶ᠋ᠢᠨ ᠭᠤᠭ᠍ᠴᠤᠭ᠎ᠠ᠎ᠳᠤ ᠲᠤᠰᠭᠠᠶ ᠰᠡᠳᠦᠪᠲᠦ ᠪᠣᠯᠪᠠᠰᠤᠷᠠᠯ ᠥᠷᠨᠢᠭᠦᠯᠪᠡ᠃ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠂ ᠰᠤᠷᠭᠠᠨ ᠬᠥᠮᠦᠵᠢᠯ᠎ᠤᠨ ᠲᠣᠪᠴᠢᠶ᠎ᠠ ᠵᠢᠴᠢ ᠬᠠᠮᠢᠶ᠎ᠠ ᠪᠥᠬᠦᠶ ᠳᠤᠮᠳᠠᠳᠤ ᠪᠠᠭ᠎ᠠ ᠰᠤᠷᠭᠠᠭᠤᠯᠢ᠎ᠶ᠋ᠢᠨ ᠬᠠᠷᠢᠭᠤᠴᠠᠯᠭᠠᠲᠠᠨ᠂ ᠰᠤᠷᠭᠠᠭᠤᠯᠢ᠎ᠶ᠋ᠢᠨ ᠬᠤᠪᠴᠠᠰᠤ ᠦᠢᠯᠡᠳᠪᠦᠷᠢᠯᠡᠬᠦ᠂ ᠪᠣᠷᠣᠯᠠᠭᠤᠯᠬᠤ ᠭᠤᠤᠯ ᠴᠣᠭ᠍ᠴᠠ᠎ᠶ᠋ᠢᠨ ᠬᠠᠷᠢᠭᠤᠴᠠᠯᠭᠠᠲᠠᠨ ᠨᠡᠢᠲᠡ 300 ᠭᠠᠷᠤᠶ ᠬᠥᠮᠦᠨ ᠬᠤᠷᠠᠯ᠎ᠳᠤ ᠣᠷᠣᠯᠴᠠᠵᠠᠶ᠃

ᠪᠣᠯᠪᠠᠰᠣᠷᠠᠯ᠎ᠤᠨ ᠬᠤᠷᠠᠯ ᠳᠡᠭᠡᠷ᠎ᠡ᠂ ᠬᠢᠴᠢᠶᠡᠯᠯᠡᠬᠦ᠌ ᠲᠤᠰᠭᠠᠶ ᠮᠡᠷᠭᠡᠵᠢᠯᠲᠡᠳ 《ᠤᠯᠤᠰ᠎ᠤᠨ ᠨᠡᠬᠡᠮᠡᠯ᠎ᠤᠨ ᠦᠶ᠋ᠯᠡᠳᠬᠦᠨ᠎ᠤ ᠠᠮᠤᠷ ᠲᠦᠪᠱᠢᠨ᠎ᠤ ᠦᠨᠳᠦᠰᠦᠨ ᠮᠡᠷᠭᠡᠵᠢᠯ᠎ᠤᠨ ᠵᠢᠷᠤᠮᠵᠢᠯ》᠂  《ᠨᠢᠷᠠᠢ ᠨᠢᠯᠬ᠎ᠠ ᠵᠢᠴᠢ ᠬᠡᠤᠬᠡᠳ᠎ᠤᠨ ᠨᠡᠬᠡᠮᠡᠯ᠎ᠤᠨ ᠦᠶ᠋ᠯᠡᠳᠬᠦᠨ᠎ᠤ ᠠᠮᠤᠷ ᠲᠦᠪᠱᠢᠨ᠎ᠤ ᠮᠡᠷᠭᠡᠵᠢᠯ᠎ᠤᠨ ᠵᠢᠷᠤᠮᠵᠢᠯ》᠂ 《ᠳᠤᠮᠳᠠᠳᠤ ᠪᠠᠭ᠎ᠠ ᠰᠤᠷᠭᠠᠭᠤᠯᠢ᠎ᠶ᠋ᠢᠨ ᠰᠤᠷᠤᠭ᠍ᠴᠢᠳ᠎ᠤᠨ ᠰᠤᠷᠭᠠᠭᠤᠯᠢ᠎ᠶ᠋ᠢᠨ ᠬᠤᠪᠴᠠᠰᠤ》 ᠵᠡᠷᠭᠡ ᠠᠭᠤᠯᠭ᠎ᠠ᠎ᠳᠤ ᠨᠠᠷᠢᠨ ᠲᠠᠢᠯᠤᠮᠵᠢ ᠬᠢᠵᠦ᠍᠂ ᠰᠤᠷᠭᠠᠭᠤᠯᠢ᠎ᠶ᠋ᠢᠨ ᠬᠤᠪᠴᠠᠰᠤ᠎ᠶ᠋ᠢᠨ ᠭᠤᠤᠯ ᠮᠡᠷᠭᠡᠵᠢᠯ᠎ᠤᠨ ᠱᠠᠭᠠᠷᠳᠠᠯᠭ᠎ᠠ᠂ ᠶᠠᠰᠤ ᠴᠢᠨᠠᠷ᠎ᠤᠨ ᠪᠠᠢᠴᠠᠭᠠᠯᠲᠠ᠎ᠶ᠋ᠢᠨ ᠲᠤᠭ᠎ᠠ ᠪᠠᠷᠢᠮᠲᠠ᠎ᠶ᠋ᠢᠨ ᠵᠠᠳᠠᠯᠤᠯᠲᠠ᠂ ᠶᠠᠰᠤ ᠴᠢᠨᠠᠷ᠎ᠤᠨ ᠬᠠᠮᠢᠶᠠᠷᠤᠯᠲᠠ᠎ᠶ᠋ᠢᠨ ᠵᠢᠷᠤᠮᠵᠢᠯ ᠵᠡᠷᠭᠡ ᠲᠠᠯ᠎ᠠ᠎ᠪᠠᠷ᠂ ᠵᠢᠷᠤᠭ ᠪᠢᠴᠢᠭ᠎ᠦᠨ ᠨᠡᠢᠲᠡᠯᠢᠭ ᠬᠡᠷᠡᠭ᠎ᠤᠨ ᠵᠢᠱ᠌ᠢᠶ᠎ᠡ᠎ᠪᠠᠷ ᠳᠠᠮᠵᠢᠭᠤᠯᠤᠨ ᠰᠤᠷᠤᠭ᠍ᠴᠢᠳ᠎ᠲᠤ ᠦᠵᠡᠭᠦᠯᠬᠦ᠌ ᠪᠣᠳᠠᠲᠠᠶ ᠬᠤᠤᠷ ᠬᠥᠨᠥᠭᠡᠯ᠎ᠢ ᠱᠢᠭᠤᠳ ᠢᠯᠡᠷᠡᠭᠦᠯᠵᠦ᠍᠂ ᠬᠢᠨᠠᠯᠲᠠ ᠲᠠᠯᠪᠢᠵᠤ ᠰᠤᠭᠤᠴᠢᠨ ᠪᠠᠢᠴᠠᠭᠠᠬᠤ ᠳᠤᠮᠳᠠ ᠪᠠᠢᠩᠭᠤ ᠲᠣᠬᠢᠶᠠᠯᠳᠤᠬᠤ ᠬᠢᠷᠢ ᠲᠡᠩᠴᠡᠭ᠌ᠰᠡᠨ ᠥᠬᠡᠶ ᠲᠥᠷᠥᠯ ᠵᠦᠶ᠋ᠯ᠎ᠳᠤ ᠴᠢᠭ᠌ᠯᠡᠭᠦᠯᠦᠨ ᠭᠦᠨᠵᠡᠭᠡᠶ ᠵᠠᠳᠠᠯᠤᠯᠲᠠ ᠬᠢᠵᠦ᠍᠂ ᠰᠤᠷᠭᠠᠭᠤᠯᠢ᠎ᠶ᠋ᠢᠨ ᠬᠤᠪᠴᠠᠰᠤ ᠡᠵᠡᠩᠨᠡᠭ᠌ᠴᠢ᠎ᠶ᠋ᠢ ᠵᠢᠯᠣᠭᠤᠳᠤᠨ ᠪᠠᠷᠠᠭ᠎ᠠ ᠣᠷᠣᠭᠤᠯᠵᠤ ᠪᠠᠢᠴᠠᠭᠠᠨ ᠱᠢᠯᠭᠠᠬᠤ ᠲᠦᠷᠢᠮ᠎ᠢ ᠨᠠᠢᠳᠠᠪᠤᠷᠢᠵᠢᠭᠤᠯᠪᠠ᠃ ᠡᠭᠦᠨ᠎ᠤ ᠬᠠᠮᠲᠤ᠌᠂ ᠪᠣᠯᠪᠠᠰᠤᠷᠠᠯ᠎ᠨᠢ ᠪᠠᠰᠠ 《ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠢᠯᠡᠳᠬᠦᠨ᠎ᠤ ᠶᠠᠰᠤ ᠴᠢᠨᠠᠷ᠎ᠤᠨ ᠬᠠᠤᠯᠢ》᠎ᠶ᠋ᠢ ᠤᠬᠠᠭᠤᠯᠤᠨ ᠲᠤᠭᠤᠱᠢᠯᠠᠭᠤᠯᠵᠦ᠍᠂ ᠡᠵᠡᠩᠨᠡᠭ᠌ᠴᠢ᠎ᠶ᠋ᠢᠨ ᠬᠠᠤᠯᠢ ᠴᠠᠭᠠᠵᠠ᠎ᠶ᠋ᠢᠨ ᠬᠠᠷᠢᠭᠤᠴᠠᠯᠭ᠎ᠠ᠎ᠶ᠋ᠢᠨ ᠤᠬᠠᠮᠰᠠᠷ᠎ᠢ ᠤᠯᠠᠮ ᠨᠢᠭᠡ ᠠᠯᠬᠤᠮ ᠴᠢᠩᠭᠠᠷᠠᠭᠤᠯᠵᠦ᠍᠂  《ᠬᠠᠤᠯᠢ᠎ᠶ᠋ᠢ ᠵᠥᠷᠢᠴᠡᠵᠦ᠍ ᠪᠣᠯᠬᠤ ᠥᠬᠡᠶ》 ᠬᠤᠷᠢᠭ᠎ᠠ ᠱᠤᠭᠤᠮ᠎ᠤᠨ ᠰᠡᠳᠭᠢᠬᠦᠶ᠎ᠶ᠋ᠢ ᠪᠠᠬᠢᠵᠢᠭᠦᠯᠪᠡ᠃ ᠲᠣᠰ ᠤᠳᠠᠭᠠᠨ᠎ᠤ ᠪᠣᠯᠪᠠᠰᠤᠷᠠᠯ᠎ᠤᠨ ᠬᠤᠷᠠᠯ᠎ᠢᠶᠠᠷ ᠳᠡᠮᠵᠢᠨ᠂ ᠬᠤᠷᠠᠯ᠎ᠳᠤ ᠣᠷᠣᠯᠴᠠᠭ᠍ᠰᠠᠳ ᠬᠢᠷᠢ ᠲᠡᠩᠴᠡᠬᠦ᠌ ᠥᠬᠡᠶ ᠰᠤᠷᠭᠠᠭᠤᠯᠢ᠎ᠶ᠋ᠢᠨ ᠬᠤᠪᠴᠠᠰᠤ᠎ᠶ᠋ᠢ ᠲᠠᠨᠢᠯᠲᠠ᠎ᠠᠴᠠ ᠪᠣᠯᠤᠭ᠍ᠰᠠᠨ ᠬᠦᠨᠳᠦ ᠨᠣᠴᠢᠲᠠᠶ ᠦᠷ᠎ᠡ ᠳ᠋ᠦᠩ ᠪᠠ ᠰᠤᠷᠭᠠᠭᠤᠯᠢ᠎ᠶ᠋ᠢᠨ ᠬᠤᠪᠴᠠᠰᠤᠨ᠎ᠤ ᠬᠢᠨᠠᠯᠲᠠ ᠬᠠᠮᠢᠶᠠᠷᠤᠯᠲᠠ᠎ᠶ᠋ᠢᠨ ᠪᠣᠳᠠᠲᠠᠶ ᠭᠦᠢᠴᠡᠳᠭᠡᠯ ᠲᠤᠭ᠎ᠠ ᠪᠠ ᠲᠦᠷᠢᠮ᠎ᠤᠨ ᠱᠠᠭᠠᠷᠳᠠᠯᠭ᠎ᠠ᠎ᠶ᠋ᠢ ᠲᠣᠳᠣᠷᠬᠠᠶ ᠪᠣᠯᠭᠠᠵᠤ᠂ ᠳᠤᠮᠳᠠᠳᠤ ᠪᠠᠭ᠎ᠠ ᠰᠤᠷᠭᠠᠭᠤᠯᠢ᠎ᠶ᠋ᠢᠨ ᠬᠤᠪᠴᠠᠰᠤᠨ᠎ᠤ ᠬᠠᠮᠢᠶᠠᠷᠤᠯᠲᠠ᠎ᠶ᠋ᠢᠨ ᠬᠢᠷᠢ ᠲᠦᠪᠱᠢᠨ᠎ᠢ ᠳᠡᠭᠡᠭ᠌ᠰᠢᠯᠡᠭᠦᠯᠬᠦ᠌᠎ᠳᠤ ᠢᠳᠡᠪᠬᠢᠲᠡᠶ ᠠᠬᠢᠭᠤᠯᠬᠤ ᠦᠢᠯᠡᠳᠦᠯ ᠦᠵᠡᠭᠦᠯᠪᠡ᠃

ᠢᠷᠡᠯᠲᠡ᠄ ᠭᠦᠭᠡᠬᠤᠲᠠ᠎ᠶᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ