ᠡᠯ᠎ᠡ ᠠᠢᠮᠠᠭ ᠬᠤᠲᠠ ᠵᠢᠴᠢ ᠮᠠᠨᠵᠤᠤᠷ ᠬᠤᠲᠠ᠂ ᠡᠷᠢᠶᠡᠨ ᠬᠤᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠳᠤ᠄
《ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠢᠯᠡᠳᠬᠦᠨ᠎ᠤ ᠶᠠᠰᠤ ᠴᠢᠨᠠᠷ᠎ᠤᠨ ᠬᠠᠤᠯᠢ》 《ᠦᠢᠯᠡᠳᠬᠦᠨ᠎ᠤ ᠶᠠᠰᠤ ᠴᠢᠨᠠᠷ᠎ᠲᠤ ᠬᠢᠨᠠᠯᠲᠠ ᠲᠠᠯᠪᠢᠨ ᠰᠣᠭᠣᠯᠣᠨ ᠪᠠᠢᠴᠠᠭᠠᠬᠤ ᠬᠠᠮᠢᠶᠠᠷᠤᠯᠲᠠ᠎ᠶ᠋ᠢᠨ ᠲᠦᠷ ᠬᠡᠷᠡᠭ᠌ᠵᠢᠭᠦᠯᠬᠦ᠌ ᠠᠷᠭ᠎ᠠ》 ᠵᠡᠷᠭᠡ ᠬᠠᠤᠯᠢ ᠴᠠᠭᠠᠵᠠ ᠬᠠᠤᠯᠢ ᠲᠣᠭ᠍ᠲᠠᠭᠠᠯ ᠪᠠ ᠳᠦᠷᠢᠮ ᠲᠣᠭ᠍ᠲᠠᠭᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠠᠴᠠ 2025 ᠣᠨ᠎ᠤ ᠥᠪᠡᠷᠲᠡᠭᠡᠨ ᠵᠠᠰᠠᠬᠤ ᠣᠷᠣᠨ᠎ᠤ ᠭᠠᠯ ᠤᠨᠲᠠᠷᠠᠭ᠋ᠠᠬᠤ ᠬᠠᠮᠢᠶ᠎ᠠ ᠪᠦᠬᠦᠢ ᠦᠢᠯᠡᠳᠬᠦᠨ᠎ᠤ ᠶᠠᠰᠤ ᠴᠢᠨᠠᠷ᠎ᠲᠤ ᠬᠢᠨᠠᠯᠲᠠ ᠲᠠᠯᠪᠢᠨ ᠰᠤᠭᠤᠯᠤᠨ ᠪᠠᠢᠴᠠᠭᠠᠬᠤ ᠠᠵᠢᠯ᠎ᠢ ᠵᠣᠬᠢᠶᠠᠨ ᠪᠠᠢᠭᠤᠯᠤᠨ ᠥᠷᠨᠢᠭᠦᠯᠵᠦ᠍᠂ ᠡᠳᠦᠭᠡ ᠰᠤᠭᠤᠯᠤᠨ ᠪᠠᠢᠴᠠᠭᠠᠭ᠍ᠰᠠᠨ ᠪᠠᠢᠳᠠᠯ᠎ᠢ ᠳᠣᠤᠷᠠᠬᠢ ᠮᠡᠲᠦ ᠵᠠᠷᠯᠠᠶ᠎ᠠ᠄
ᠨᠢᠭᠡ᠂ ᠦᠨᠳᠦᠰᠦᠨ ᠪᠠᠢᠳᠠᠯ
ᠲᠣᠰ ᠤᠳᠠᠭᠠᠨ᠎ᠤ ᠭᠠᠯ ᠤᠨᠲᠠᠷᠠᠭ᠋ᠠᠬᠤ ᠬᠠᠮᠢᠶ᠎ᠠ ᠪᠥᠬᠦᠶ ᠦᠢᠯᠡᠳᠭᠦᠨ᠎ᠤ ᠶᠠᠰᠤ ᠴᠢᠨᠠᠷ᠎ᠲᠤ ᠬᠢᠨᠠᠯᠲᠠ ᠲᠠᠯᠪᠢᠵᠤ ᠰᠤᠭᠤᠯᠤᠨ ᠪᠠᠢᠴᠠᠭᠠᠬᠤ᠎ᠨᠢ ᠭᠠᠯ ᠤᠨᠲᠠᠷᠠᠭᠠᠭᠤᠷ᠂ ᠭᠠᠯ ᠤᠨᠲᠠᠷᠠᠭᠠᠵᠤ ᠥᠪᠡᠷ᠎ᠢ᠎ᠪᠠᠨ ᠠᠪᠤᠷᠠᠬᠤ ᠠᠮᠢᠰᠭᠤᠯ᠎ᠤᠨ ᠮᠠᠰᠢᠨ᠂ ᠭᠠᠯ ᠤᠨᠲᠠᠷᠠᠭᠠᠬᠤ ᠪᠠᠴᠢᠮ ᠪᠠᠢᠳᠠᠯ᠎ᠢ ᠠᠷᠭᠠᠴᠠᠬᠤ ᠭᠡᠷᠡᠯᠲᠦᠭᠦᠯᠭᠡ᠎ᠶ᠋ᠢᠨ ᠳ᠋ᠧᠩ᠂ ᠭᠠᠯ ᠤᠨᠲᠠᠷᠠᠭᠠᠬᠤ ᠤᠰᠤᠨ ᠪᠦᠰᠡ᠂ ᠳᠡᠭᠦᠵᠢᠯᠡᠭᠦᠷ ᠬᠡᠯᠪᠡᠷᠢ᠎ᠶ᠋ᠢᠨ ᠬᠠᠭᠤᠷᠠᠢ ᠨᠤᠨᠳᠠᠭ᠎ᠤᠨ ᠭᠠᠯ ᠤᠨᠲᠠᠷᠠᠭᠠᠭᠤᠷ᠂ ᠤᠰᠤ ᠰᠦᠷᠴᠢᠬᠦ᠌ ᠰᠦᠷᠴᠢᠭᠦᠷ᠂ ᠭᠠᠯ ᠤᠨᠲᠠᠷᠠᠭᠠᠬᠤ ᠬᠡᠪᠢᠰ᠂ ᠭᠠᠯ᠎ᠤᠨ ᠠᠶᠤᠯ᠎ᠢ ᠬᠠᠢᠨ ᠬᠡᠮᠵᠢᠵᠦ᠍ ᠲᠦᠭ᠌ᠰᠢᠭᠦᠷᠢ ᠮᠡᠳᠡᠭᠡᠯᠡᠬᠦ᠌ ᠮᠠᠱᠢᠨ᠂ ᠭᠠᠯ ᠰᠡᠷᠭᠡᠢᠯᠡᠬᠦ᠌ ᠲᠦᠷᠬᠢᠬᠡᠰᠦ᠂ ᠭᠠᠯ ᠰᠡᠷᠭᠡᠢᠯᠡᠬᠦ᠌ ᠡᠭᠦᠳᠡ᠂ ᠭᠠᠯ ᠰᠡᠷᠭᠡᠢᠯᠡᠬᠦ᠌ ᠱᠢᠯ ᠵᠡᠷᠭᠡ ᠦᠢᠯᠡᠳᠬᠦᠨ᠃ ᠨᠡᠢᠲᠡ 216 ᠡᠷᠦᠬᠡ ᠪᠣᠷᠣᠯᠠᠭᠤᠯᠭ᠎ᠠ᠎ᠶᠢᠨ ᠨᠢᠭᠡᠴᠢ᠎ᠶᠢᠨ 254 ᠪᠦᠯᠦᠭ ᠤᠳᠠᠭ᠎ᠠ᠎ᠶ᠋ᠢᠨ ᠦᠢᠯᠡᠳᠬᠦᠨ᠎ᠢ ᠰᠣᠭᠣᠯᠣᠨ ᠪᠠᠢᠴᠠᠭᠠᠵᠤ ᠪᠠᠢ᠌ᠴᠠᠭ᠋ᠠᠨ ᠬᠡᠮᠵᠢᠵᠦ᠂ ᠬᠢᠷᠢ ᠲᠡᠩᠴᠡᠬᠦ᠌ ᠦᠭᠡᠢ ᠦᠢᠯᠡᠳᠬᠦᠨ᠎ᠢ 2 ᠪᠦᠯᠦᠭ ᠤᠳᠠᠭ᠎ᠠ ᠢᠯᠡᠷᠡᠭᠦᠯᠵᠦ᠂ ᠡᠭᠦᠨ᠎ᠳᠤ ᠭᠠᠯ ᠤᠨᠲᠠᠷᠠᠭᠠᠬᠤ ᠤᠰᠤᠨ ᠪᠦᠰᠡ 1 ᠪᠦᠯᠦᠭ ᠤᠳᠠᠭ᠎ᠠ᠂ ᠭᠠᠯ᠎ᠤᠨ ᠠᠶᠤᠯ᠎ᠢ ᠬᠠᠢᠨ ᠬᠡᠮᠵᠢᠵᠦ᠍ ᠲᠦᠭ᠌ᠰᠢᠭᠦᠷᠢ ᠮᠡᠳᠡᠭᠡᠯᠡᠬᠦ᠌ ᠮᠠᠱᠢᠨ 1 ᠪᠦᠯᠦᠭ ᠤᠳᠠᠭ᠎ᠠ᠃ ᠭᠠᠯ ᠤᠨᠲᠠᠷᠠᠭᠠᠭᠤᠷ᠂ ᠭᠠᠯ ᠤᠨᠲᠠᠷᠠᠭᠠᠵᠤ ᠥᠪᠡᠷ᠎ᠢ᠎ᠪᠠᠨ ᠠᠪᠤᠷᠠᠬᠤ ᠠᠮᠢᠰᠭᠤᠯ᠎ᠤᠨ ᠮᠠᠰᠢᠨ᠂ ᠭᠠᠯ ᠤᠨᠲᠠᠷᠠᠭᠠᠵᠤ ᠪᠠᠴᠢᠮ ᠪᠠᠢᠳᠠᠯ᠎ᠢ ᠠᠷᠭᠠᠴᠠᠬᠤ ᠭᠡᠷᠡᠯᠲᠦᠭᠦᠯᠭᠡ᠎ᠶ᠋ᠢᠨ ᠳ᠋ᠧᠩ᠂ ᠳᠡᠭᠦᠵᠢᠯᠡᠭᠦᠷ ᠬᠡᠯᠪᠡᠷᠢ᠎ᠶᠢᠨ ᠬᠠᠭᠤᠷᠠᠢ ᠨᠤᠨᠳᠠᠭ᠎ᠤᠨ ᠭᠠᠯ ᠤᠨᠲᠠᠷᠠᠭᠠᠭᠤᠷ᠂ ᠤᠰᠤ ᠰᠦᠷᠴᠢᠬᠦ᠌ ᠰᠦᠷᠴᠢᠭᠦᠷ᠂ ᠭᠠᠯ ᠤᠨᠲᠠᠷᠠᠭᠠᠬᠤ ᠬᠡᠪᠢᠰ᠂ ᠭᠠᠯ ᠰᠡᠷᠭᠡᠢᠯᠡᠬᠦ᠌ ᠲᠦᠷᠬᠢᠬᠡᠰᠦ᠂ ᠭᠠᠯ ᠰᠡᠷᠭᠡᠢᠯᠡᠬᠦ᠌ ᠡᠭᠦᠳᠡ᠂ ᠭᠠᠯ ᠰᠡᠷᠭᠡᠢᠯᠡᠬᠦ᠌ ᠱᠢᠯ ᠵᠡᠷᠭᠡ᠎ᠳᠦ ᠬᠢᠷᠢ ᠲᠡᠩᠴᠡᠬᠦ᠌ ᠦᠭᠡᠢ ᠦᠢᠯᠡᠳᠬᠦᠨ ᠢᠯᠡᠷᠡᠭᠦᠯᠦᠭᠰᠡᠨ ᠦᠭᠡᠢ᠃
ᠬᠤᠶᠠᠷ᠂ ᠰᠤᠭᠤᠯᠤᠨ ᠪᠠᠢᠴᠠᠭᠠᠭ᠍ᠰᠠᠨ ᠦᠷ᠎ᠡ ᠳ᠋ᠦᠩ᠎ᠤᠨ ᠵᠠᠳᠠᠯᠤᠯᠲᠠ
ᠭᠠᠯ ᠤᠨᠲᠠᠷᠠᠭᠠᠬᠤ ᠤᠰᠤᠨ ᠪᠦᠰᠡ᠄ ᠲᠣᠰ ᠤᠳᠠᠭ᠎ᠠ ᠬᠥᠬᠡᠬᠤᠲᠠ᠂ ᠪᠤᠭᠤᠲᠤ ᠬᠤᠲᠠ᠂ ᠬᠢᠩᠭᠠᠨ ᠠᠢᠮᠠᠭ᠂ ᠲᠦᠩᠯᠢᠶᠣᠤ ᠬᠤᠲᠠ᠂ ᠤᠯᠠᠭᠠᠨᠬᠠᠳᠠ ᠬᠤᠲᠠ᠂ ᠱᠢᠯᠢ᠎ᠶ᠋ᠢᠨ ᠭᠤᠤᠯ ᠠᠢᠮᠠᠭ᠂ ᠣᠷᠳᠣᠰ ᠬᠤᠲᠠ᠂ ᠪᠠᠶᠠᠨᠨᠠᠭᠤᠷ ᠬᠤᠲᠠ᠂ ᠠᠯᠠᠱᠠ ᠠᠢᠮᠠᠭ᠂ ᠮᠠᠨᠵᠤᠤᠷ ᠬᠤᠲᠠ᠂ ᠡᠷᠢᠶᠡᠨ ᠬᠤᠲᠠ 9 ᠠᠢᠮᠠᠭ ᠬᠤᠲᠠ᠂ 2 ᠲᠥᠯᠥᠪᠯᠡᠭᠡ᠎ᠡᠴᠡ ᠠᠰᠳᠠᠭᠠᠨ ᠵᠢᠭ᠍ᠰᠠᠭᠠᠭ᠍ᠰᠠᠨ ᠬᠤᠲᠠ᠎ᠶ᠋ᠢᠨ 14 ᠡᠷᠦᠬᠡ ᠪᠣᠷᠣᠯᠠᠭᠤᠯᠭ᠎ᠠ᠎ᠶᠢᠨ ᠨᠢᠭᠡᠴᠢ᠎ᠳᠤ ᠰᠤᠭᠤᠯᠤᠨ ᠪᠠᠢᠴᠠᠭᠠᠯᠲᠠ ᠬᠢᠵᠦ᠍᠂ ᠨᠡᠢᠲᠡ 16 ᠪᠦᠯᠦᠭ ᠤᠳᠠᠭ᠎ᠠ᠎ᠶ᠋ᠢᠨ ᠦᠢᠯᠡᠳᠬᠦᠨ᠎ᠢ ᠰᠤᠭᠤᠯᠤᠨ ᠪᠠᠢᠴᠠᠭᠠᠵᠤ᠂ ᠰᠣᠭᠣᠯᠣᠨ ᠪᠠᠢ᠌ᠴᠠᠭ᠋ᠠᠬᠤ ᠳᠣᠮᠳᠠ 1 ᠪᠦᠯᠦᠭ ᠤᠳᠠᠭ᠎ᠠ᠎ᠶᠢᠨ ᠦᠢ᠍ᠯᠡᠳᠭᠦᠨ᠎ᠦ ᠬᠢᠷᠢ ᠲᠡᠩᠴᠡᠭᠰᠡᠨ ᠦᠭᠡᠢ ᠪᠠᠢ᠌ᠳᠠᠯ ᠢᠯᠡᠷᠡᠭᠦᠯᠵᠦ᠂ ᠨᠢᠭᠡᠨᠲᠡ ᠬᠠᠷᠢᠶ᠎ᠠ ᠭᠠᠵᠠᠷ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠲᠤ ᠲᠤᠱᠢᠶᠠᠨ ᠱᠢᠶ᠋ᠳᠪᠦᠷᠢᠯᠡᠭᠦᠯᠪᠡ᠃ ᠳᠣᠲᠣᠭᠠᠳᠤ ᠳ᠋ᠢᠶᠠᠮᠧᠲ᠋ᠷ᠂ ᠲᠤᠷᠱᠢᠯᠲᠠ᠎ᠶ᠋ᠢᠨ ᠳᠠᠷᠤᠯᠲᠠ᠂ ᠬᠠᠮᠤᠭ᠎ᠤᠨ ᠪᠠᠭ᠎ᠠ ᠳᠡᠯᠪᠡᠴᠢᠬᠦ᠌ ᠳᠠᠷᠤᠯᠲᠠ᠂ ᠨᠠᠭᠠᠯᠳᠤᠮᠠᠯ ᠴᠢᠨᠠᠷ᠂ ᠨᠠᠭ᠋ᠠᠯᠳᠤᠭᠤᠯᠬᠤ ᠬᠦᠴᠦᠯᠡᠴᠡ ᠵᠡᠷᠭᠡ ᠲᠥᠷᠥᠯ ᠵᠦᠢᠯ᠎ᠳᠦ ᠭᠣᠤᠯᠳᠠᠯᠭ᠎ᠠ᠎ᠲᠠᠶ ᠱᠢᠯᠭᠠᠨ ᠪᠠᠢᠴᠠᠭᠠᠯᠲᠠ ᠬᠢᠵᠦ᠂ ᠬᠢᠷᠢ ᠲᠡᠩᠴᠡᠬᠦ᠌ ᠦᠭᠡᠢ ᠲᠥᠷᠥᠯ ᠵᠦᠢᠯ ᠨᠢ ᠬᠠᠮᠤᠭ᠎ᠤ᠋ᠨ ᠪᠠᠭ᠎ᠠ ᠳᠡᠯᠪᠡᠴᠢᠬᠦ᠌ ᠳᠠᠷᠤᠯᠲᠠᠳ᠋ᠦ᠍ ᠬᠣᠯᠪᠣᠭ᠍ᠳᠠᠨ᠎ᠠ᠃
ᠭᠠᠯ᠎ᠤᠨ ᠠᠶᠤᠯ᠎ᠢ ᠬᠠᠢᠨ ᠬᠡᠮᠵᠢᠵᠦ᠍ ᠲᠦᠭ᠌ᠰᠢᠭᠦᠷᠢ ᠮᠡᠳᠡᠭᠡᠯᠡᠬᠦ᠌ ᠮᠠᠰᠢᠨ᠄ ᠲᠣᠰ ᠤᠳᠠᠭ᠎ᠠ ᠬᠥᠬᠡᠬᠤᠲᠠ᠂ ᠪᠤᠭᠤᠲᠤ ᠬᠤᠲᠠ᠂ ᠬᠥᠯᠥᠨ ᠪᠤᠢᠷ ᠬᠤᠲᠠ᠂ ᠬᠢᠩᠭᠠᠨ ᠠᠢᠮᠠᠭ᠂ ᠲᠦᠩᠯᠢᠶᠣᠤ ᠬᠤᠲᠠ᠂ ᠤᠯᠠᠭᠠᠨᠬᠠᠳᠠ ᠬᠤᠲᠠ᠂ ᠱᠢᠯᠢ᠎ᠶ᠋ᠢᠨ ᠭᠤᠤᠯ ᠠᠢᠮᠠᠭ᠂ ᠤᠯᠠᠭᠠᠨᠴᠠᠪ ᠬᠤᠲᠠ᠂ ᠣᠷᠳᠣᠰ ᠬᠤᠲᠠ᠂ ᠪᠠᠶᠠᠨᠨᠠᠭᠤᠷ ᠬᠤᠲᠠ᠂ ᠦᠬᠠᠶ ᠬᠤᠲᠠ᠂ ᠠᠯᠠᠱᠠ ᠠᠢᠮᠠᠭ᠂ ᠮᠠᠨᠵᠤᠤᠷ ᠬᠤᠲᠠ᠂ ᠡᠷᠢᠶᠡᠨ ᠬᠤᠲᠠ ᠵᠡᠷᠭᠡ 12 ᠠᠢᠮᠠᠭ ᠬᠤᠲᠠ᠂ 2 ᠲᠥᠯᠥᠪᠯᠡᠭᠡ᠎ᠡᠴᠡ ᠠᠰᠳᠠᠭᠠᠨ ᠵᠢᠭ᠍ᠰᠠᠭᠠᠭ᠍ᠰᠠᠨ ᠬᠤᠲᠠ᠎ᠶ᠋ᠢᠨ 33 ᠡᠷᠦᠬᠡ ᠪᠣᠷᠣᠯᠠᠭᠤᠯᠭ᠎ᠠ᠎ᠶᠢᠨ ᠨᠢᠭᠡᠴᠢ᠎ᠳᠤ ᠰᠤᠭᠤᠯᠤᠨ ᠪᠠᠢᠴᠠᠭᠠᠯᠲᠠ ᠬᠢᠵᠦ᠍᠂ ᠨᠡᠢᠲᠡ 34 ᠪᠦᠯᠦᠭ ᠤᠳᠠᠭ᠎ᠠ᠎ᠶ᠋ᠢᠨ ᠦᠢᠯᠡᠳᠬᠦᠨ᠎ᠢ ᠰᠤᠭᠤᠯᠤᠨ ᠪᠠᠢᠴᠠᠭᠠᠵᠤ᠂ ᠰᠣᠭᠣᠯᠣᠨ ᠪᠠᠢ᠌ᠴᠠᠭ᠋ᠠᠬᠤ ᠳᠣᠮᠳᠠ 1 ᠪᠦᠯᠦᠭ ᠤᠳᠠᠭ᠎ᠠ᠎ᠶᠢᠨ ᠦᠢ᠍ᠯᠡᠳᠭᠦᠨ᠎ᠦ ᠬᠢᠷᠢ ᠲᠡᠩᠴᠡᠭᠰᠡᠨ ᠦᠭᠡᠢ ᠪᠠᠢ᠌ᠳᠠᠯ ᠢᠯᠡᠷᠡᠭᠦᠯᠵᠦ᠂ ᠨᠢᠭᠡᠨᠲᠡ ᠬᠠᠷᠢᠶ᠎ᠠ ᠭᠠᠵᠠᠷ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠲᠤ ᠲᠤᠱᠢᠶᠠᠨ ᠱᠢᠶ᠋ᠳᠪᠦᠷᠢᠯᠡᠭᠦᠯᠪᠡ᠃ ᠳᠠᠭᠤᠨ ᠳᠠᠷᠤᠴᠠ᠎ᠶ᠋ᠢᠨ ᠲᠤᠷᠱᠢᠯᠲᠠ᠂ ᠳᠠᠪᠲᠠᠯᠲᠠ᠎ᠶ᠋ᠢᠨ ᠴᠢᠨᠠᠷᠲᠠᠢ ᠲᠤᠷᠱᠢᠯᠲᠠ᠂ ᠣᠷᠣᠨ ᠪᠠᠢᠷᠢ᠎ᠶ᠋ᠢᠨ ᠲᠤᠷᠱᠢᠯᠲᠠ᠂ ᠠᠭᠠᠷ᠎ᠤᠨ ᠤᠷᠤᠰᠭᠠᠯ᠎ᠤᠨ ᠲᠤᠷᠱᠢᠯᠲᠠ᠂ ᠳᠣᠣᠷ᠎ᠠ ᠳᠤᠯᠠᠭᠠᠨ᠎ᠤ ᠲᠤᠷᠱᠢᠯᠲᠠ ᠵᠡᠷᠭᠡ ᠲᠦᠷᠦᠯ ᠵᠦᠢ᠍ᠯ᠎ᠳᠦ ᠭᠣᠣᠯᠳᠠᠭ᠎ᠠ ᠲᠠᠢ ᠪᠠᠢᠴᠠᠭᠠᠯᠲᠠ ᠬᠢᠵᠦ᠂ ᠬᠢᠷᠢ ᠲᠡᠩᠴᠡᠬᠦ᠌ ᠦᠭᠡᠢ ᠲᠥᠷᠥᠯ ᠵᠦᠢᠯ᠎ᠨᠢ ᠳᠣᠣᠷ᠎ᠠ ᠳᠤᠯᠠᠭᠠᠨ᠎ᠤ ᠲᠤᠷᠱᠢᠯᠲᠠ᠎ᠳᠤ ᠬᠤᠯᠪᠣᠭ᠍ᠳᠠᠨ᠎ᠠ᠃
ᠭᠤᠷᠪᠠ᠂ ᠬᠤᠯᠪᠣᠭ᠍ᠳᠠᠯ ᠪᠦᠬᠦᠢ ᠱᠠᠭᠠᠷᠳᠠᠯᠭ᠎ᠠ
ᠲᠣᠰ ᠤᠳᠠᠭᠠᠨ᠎ᠤ ᠦᠢᠯᠡᠳᠬᠦᠨ᠎ᠤ ᠶᠠᠰᠤ ᠴᠢᠨᠠᠷ᠎ᠲᠤ ᠬᠢᠨᠠᠯᠲᠠ ᠲᠠᠯᠪᠢᠨ ᠰᠤᠭᠤᠯᠤᠨ ᠪᠠᠢ᠌ᠴᠠᠭ᠋ᠠᠯᠲᠠ᠎ᠳᠤ ᠢᠯᠡᠷᠡᠭᠦᠯᠦᠭ᠌ᠰᠡᠨ ᠠᠰᠠᠭᠤᠳᠠᠯ᠎ᠳᠤ ᠴᠢᠭ᠌ᠯᠡᠭᠦᠯᠦᠨ᠂ ᠡᠯ᠎ᠡ ᠬᠤᠯᠪᠣᠭ᠍ᠳᠠᠯ ᠪᠥᠬᠦᠶ ᠠᠢᠮᠠᠭ ᠬᠤᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠤᠳ ᠳᠣᠤᠷᠠᠬᠢ ᠮᠡᠲᠦ ᠠᠵᠢᠯ᠎ᠢ ᠰᠠᠢᠲᠤᠷ ᠬᠢᠬᠦ᠌ ᠬᠡᠷᠡᠭ᠌ᠲᠡᠶ᠄
(1) ᠰᠤᠭᠤᠯᠤᠨ ᠪᠠᠢᠴᠠᠭᠠᠭ᠍ᠰᠠᠨ ᠦᠷ᠎ᠡ ᠳ᠋ᠦᠩ᠎ᠤᠨ ᠰᠢᠢ᠍ᠳᠪᠦᠷᠢᠯᠡᠯᠲᠡ᠎ᠶ᠋ᠢ ᠴᠢᠩᠭᠠᠳᠭᠠᠬᠤ ᠬᠡᠷᠡᠭ᠌ᠲᠡᠶ᠃ 《ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠢᠯᠡᠳᠬᠦᠨ᠎ᠤ ᠶᠠᠰᠤ ᠴᠢᠨᠠᠷ᠎ᠤᠨ ᠬᠠᠤᠯᠢ》᠂ 《ᠦᠢᠯᠡᠳᠬᠦᠨ᠎ᠤ ᠶᠠᠰᠤ ᠴᠢᠨᠠᠷ᠎ᠲᠤ ᠬᠢᠨᠠᠯᠲᠠ ᠲᠠᠯᠪᠢᠨ ᠰᠤᠭᠤᠯᠤᠨ ᠪᠠᠢᠴᠠᠭᠠᠬᠤ ᠬᠠᠮᠢᠶᠠᠷᠤᠯᠲᠠ᠎ᠶ᠋ᠢᠨ ᠲᠦᠷ ᠬᠡᠷᠡᠭ᠌ᠵᠢᠭᠦᠯᠬᠦ᠌ ᠠᠷᠭ᠎ᠠ》 ᠵᠡᠷᠭᠡ ᠬᠤᠯᠪᠣᠭ᠍ᠳᠠᠯ ᠪᠥᠬᠦᠶ ᠱᠠᠭᠠᠷᠳᠠᠯᠭ᠎ᠠ ᠶᠣᠰᠣᠭᠠᠷ᠂ ᠬᠢᠨᠠᠯᠲᠠ ᠲᠠᠯᠪᠢᠨ ᠰᠤᠭᠤᠯᠤᠨ ᠪᠠᠢᠴᠠᠭᠠᠭ᠍ᠰᠠᠨ ᠦᠷ᠎ᠡ ᠳ᠋ᠦᠩ᠎ᠢ ᠱᠢᠢᠳᠪᠦᠷᠢᠯᠡᠬᠦ᠌ ᠠᠵᠢᠯ᠎ᠢ ᠦᠳᠲᠡᠷ ᠲᠦᠷᠭᠡᠨ ᠵᠣᠬᠢᠶᠠᠨ ᠪᠠᠢᠭᠤᠯᠤᠨ ᠰᠠᠢᠲᠤᠷ ᠬᠢᠬᠦ᠌ ᠬᠡᠷᠡᠭ᠌ᠲᠡᠶ᠃ ᠬᠠᠤᠯᠢ ᠶᠣᠰᠣᠭᠠᠷ ᠬᠢᠷᠢ ᠲᠡᠩᠴᠡᠬᠦ᠌ ᠦᠭᠡᠶ ᠦᠢᠯᠡᠳᠬᠦᠨ᠎ᠳᠦ ᠪᠠᠢᠴᠠᠭᠠᠨ ᠪᠢᠲᠡᠭᠦᠮᠵᠢᠯᠡᠬᠦ᠂ ᠪᠠᠷᠢᠴᠠᠭ᠋ᠠᠨ᠎ᠳᠤ ᠦᠯᠡᠳᠡᠭᠡᠬᠦ ᠵᠡᠷᠭᠡ ᠠᠷᠭ᠎ᠠ ᠬᠡᠮᠵᠢᠶ᠎ᠡ ᠠᠪᠴᠤ᠌᠂ ᠦᠢᠯᠡᠳᠪᠦᠷᠢᠯᠡᠵᠦ᠍ ᠪᠣᠷᠣᠯᠠᠭᠤᠯᠬᠤ᠎ᠶ᠋ᠢ ᠴᠢᠩᠭ᠎ᠠ ᠴᠠᠭᠠᠵᠠᠯᠠᠬᠤ ᠬᠡᠷᠡᠭ᠌ᠲᠡᠶ; ᠬᠤᠳᠠᠯ ᠬᠠᠭᠤᠷᠮᠠᠭ᠎ᠢᠶᠠᠷ ᠰᠡᠵᠢᠭ᠌ᠯᠡᠭ᠌ᠳᠡᠭ᠌ᠰᠡᠨ᠎ᠳᠦ ᠲᠤᠬᠠᠶ᠎ᠶ᠋ᠢᠨ ᠲᠠᠯᠠᠪᠠᠢ᠎ᠲᠤ ᠨᠢ ᠪᠠᠢᠴᠠᠭᠠᠬᠤ᠂ ᠪᠠᠢᠳᠠᠯ᠎ᠢ ᠯᠠᠪᠯᠠᠨ ᠠᠰᠠᠭᠤᠬᠤ᠂ ᠭᠡᠷ᠎ᠡ᠎ᠶ᠋ᠢᠨ ᠪᠠᠷᠢᠮᠲᠠ᠎ᠶ᠋ᠢ ᠪᠠᠢᠴᠠᠭᠠᠨ ᠦᠵᠡᠬᠦ᠌ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ ᠪᠠᠢᠴᠠᠭᠠᠨ ᠭᠡᠷᠡᠴᠢ ᠠᠪᠴᠤ᠂ ᠬᠠᠤᠯᠢ᠎ᠠᠴᠠ ᠵᠥᠷᠢᠴᠡᠭ᠌ᠰᠡᠨ ᠪᠣᠳᠠᠲᠤ ᠬᠡᠷᠡᠭ᠎ᠢ ᠪᠠᠢᠴᠠᠭᠠᠨ ᠲᠣᠳᠣᠯᠠᠵᠤ᠂ ᠬᠠᠤᠯᠢ ᠶᠣᠰᠣᠭᠠᠷ ᠱᠢᠶ᠋ᠳᠪᠦᠷᠢᠯᠡᠬᠦ᠌ ᠬᠡᠷᠡᠭ᠌ᠲᠡᠶ᠃ ᠬᠢᠷᠢ ᠲᠡᠩᠴᠡᠬᠦ᠌ ᠦᠭᠡᠶ ᠦᠢᠯᠡᠳᠬᠦᠨ᠎ᠢ ᠦᠢ᠍ᠯᠡᠳᠪᠦᠷᠢᠯᠡᠵᠦ ᠪᠤᠷᠤᠯᠠᠭᠤᠯᠵᠦ ᠪᠠᠢ᠌ᠭ᠎ᠠ ᠨᠢᠭᠡᠴᠢ᠎ᠳᠦ ᠴᠡᠭ᠌ᠴᠡᠯᠡᠨ ᠰᠠᠢᠵᠢᠷᠠᠭᠤᠯᠬᠤ ᠱᠠᠭᠠᠷᠳᠠᠯᠭ᠎ᠠ᠎ᠶ᠋ᠢ ᠲᠣᠳᠣᠷᠬᠠᠢᠯᠠᠨ᠂ ᠴᠡᠭ᠌ᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ᠎ᠶ᠋ᠢ ᠴᠢᠩᠭ᠎ᠠ ᠱᠢᠮᠳᠠᠭᠤᠯᠤᠨ ᠨᠠᠢᠳᠠᠪᠤᠷᠢᠵᠢᠭᠤᠯᠵᠤ ᠂ ᠴᠠᠭ ᠲᠤᠬᠠᠶ᠎ᠳᠤ ᠨᠢ ᠵᠣᠬᠢᠶᠠᠨ ᠪᠠᠢᠭᠤᠯᠤᠨ ᠳᠠᠪᠲᠠᠨ ᠪᠠᠢᠴᠠᠭᠠᠬᠤ ᠬᠡᠷᠡᠭ᠌ᠲᠡᠶ; ᠬᠣᠶᠠᠷ ᠤᠳᠠᠭ᠋ᠠᠨ᠎ᠤ ᠰᠤᠭᠤᠯᠤᠨ ᠪᠠᠢ᠌ᠴᠠᠭ᠋ᠠᠯᠲᠠ᠎ᠳᠤ ᠦᠷᠭᠦᠯᠵᠢᠯᠡᠨ ᠬᠢᠷᠢ ᠲᠡᠩᠴᠡᠭᠰᠡᠨ ᠦᠭᠡᠶ ᠪᠤᠷᠤᠯᠠᠭᠤᠯᠭ᠎ᠠ᠎ᠶᠢᠨ ᠨᠢᠭᠡᠴᠢ ᠲᠠᠢ ᠪᠣᠯᠵᠣᠨ ᠶᠠᠷᠢᠯᠴᠠᠬᠤ ᠬᠡᠷᠡᠭ᠌ᠲᠡᠶ᠃ ᠬᠠᠤᠯᠢ᠎ᠠᠴᠠ ᠵᠥᠷᠢᠴᠡᠭ᠌ᠰᠡᠨ ᠦᠢᠯᠡ ᠠᠵᠢᠯᠯᠠᠭ᠎ᠠ᠎ᠨᠢ ᠶᠠᠯ᠎ᠠ ᠬᠢᠭ᠌ᠰᠡᠨ ᠰᠡᠵᠢᠭ᠌ᠯᠡᠯᠲᠡᠶ ᠪᠤᠯ᠂ ᠴᠠᠭ ᠲᠤᠬᠠᠶ᠎ᠳᠤ ᠨᠢ ᠬᠠᠤᠯᠢ ᠴᠠᠭᠠᠵᠠ᠎ᠶ᠋ᠢᠨ ᠪᠠᠢᠭᠤᠯᠭ᠎ᠠ᠎ᠳᠤ ᠱᠢᠯᠵᠢᠭᠦᠯᠦᠨ ᠬᠦᠷᠭᠡᠬᠦ᠌ ᠬᠡᠷᠡᠭ᠌ᠲᠡᠶ᠃ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶᠢᠨ ᠮᠥᠷᠳᠡᠨ ᠰᠢᠮᠳᠠᠭᠤᠯᠬᠤ ᠭᠦᠢ᠍ᠴᠡᠳᠭᠡᠯ᠎ᠢᠶᠡᠨ ᠴᠢᠩᠭᠠᠷᠠᠭᠤᠯᠵᠤ᠂ ᠪᠠᠢᠳᠠᠯ᠎ᠢᠶᠠᠨ ᠦᠵᠡᠵᠦ᠍ ᠡᠯ᠎ᠡ ᠭᠠᠵᠠᠷ᠎ᠤᠨ ᠬᠢᠨᠠᠯᠲᠠ ᠲᠠᠯᠪᠢᠨ ᠰᠤᠭᠤᠯᠤᠨ ᠪᠠᠢᠴᠠᠭᠠᠭ᠍ᠰᠠᠨ ᠦᠷ᠎ᠡ ᠳ᠋ᠦᠩ᠎ᠤᠨ ᠱᠢᠢᠳᠪᠦᠷᠢᠯᠡᠭ᠌ᠰᠡᠨ ᠪᠠᠢᠳᠠᠯ᠎ᠢᠶᠠᠨ ᠵᠠᠷᠯᠠᠬᠤ ᠬᠡᠷᠡᠭ᠌ᠲᠡᠢ᠃
(2) ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠱᠠᠭ᠋ᠠᠷᠳᠠᠨ ᠨᠠᠢᠳᠠᠪᠤᠷᠢᠵᠢᠭᠤᠯᠬᠤ ᠬᠡᠷᠡᠭ᠌ᠲᠡᠶ᠃ ᠪᠤᠷᠤᠯᠠᠭᠤᠯᠭ᠎ᠠ᠎ᠶᠢᠨ ᠨᠢᠭᠡᠴᠢ᠎ᠶ᠋ᠢ ᠱᠢᠮᠳᠠᠭᠤᠯᠵᠤ ᠪᠠᠢᠭᠠᠳ ᠶᠠᠰᠤ ᠴᠢᠨᠠᠷ᠎ᠤᠨ ᠠᠮᠤᠷ ᠲᠦᠪᠱᠢᠨ᠎ᠦ ᠭᠣᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠤᠨ᠂ ᠱᠠᠭᠠᠷᠳᠠᠯᠭ᠎ᠠ ᠶᠣᠰᠣᠭᠠᠷ ᠶᠠᠰᠤ ᠴᠢᠨᠠᠷ᠎ᠤᠨ ᠠᠮᠤᠷ ᠲᠦᠪᠱᠢᠨ᠎ᠦ ᠶᠡᠷᠦᠩᠬᠡᠶ ᠬᠢᠨᠠᠭ᠍ᠴᠢ ᠪᠠ ᠶᠠᠰᠤ ᠴᠢᠨᠠᠷ᠎ᠤᠨ ᠠᠮᠤᠷ ᠲᠦᠪᠱᠢᠨ᠎ᠦ ᠠᠵᠢᠯᠲᠠᠨ ᠢ ᠲᠤᠬᠢᠷᠠᠭᠤᠯᠤᠨ᠎ᠠ᠃ ᠦᠢᠯᠡᠳᠬᠦᠨ᠎ᠤ ᠶᠠᠰᠤ ᠴᠢᠨᠠᠷ᠎ᠤᠨ ᠠᠮᠤᠷ ᠲᠦᠪᠱᠢᠨ᠎ᠤ ᠬᠠᠮᠢᠶᠠᠷᠤᠯᠲᠠ᠎ᠶ᠋ᠢᠨ ᠳᠦᠷᠢᠮ᠎ᠤᠨ ᠪᠦᠲᠦᠭᠡᠨ ᠪᠠᠢᠭᠤᠯᠤᠯᠲᠠ᠎ᠶ᠋ᠢᠨ ᠪᠠᠢᠳᠠᠯ᠎ᠳᠤ ᠴᠢᠭ᠌ᠯᠡᠭᠦᠯᠦᠨ᠂ ᠦᠢᠯᠡᠳᠪᠦᠷᠢᠯᠡᠯ᠎ᠤᠨ ᠨᠢᠭᠡᠴᠢ᠎ᠶ᠋ᠢᠨ ᠪᠠᠷᠠᠭ᠎ᠠ ᠣᠷᠣᠭᠤᠯᠬᠤ᠎ᠶ᠋ᠢ ᠪᠠᠢᠴᠠᠭᠠᠨ ᠱᠢᠯᠭᠠᠬᠤ᠂ ᠬᠥᠮᠥᠷᠭᠡ᠎ᠳᠤ ᠣᠷᠣᠭᠣᠯᠬᠣ᠎ᠶᠢ ᠱᠢᠯᠭᠠᠨ ᠠᠪᠬᠤ᠂ ᠦᠢᠯᠡᠳᠪᠦᠷᠢ᠎ᠠᠴᠠ ᠭᠠᠷᠭᠠᠬᠤ᠎ᠶ᠋ᠢ ᠱᠢᠯᠭᠠᠨ ᠪᠠᠢᠴᠠᠭᠠᠬᠤ ᠵᠡᠷᠭᠡ ᠮᠡᠳᠡᠭᠡ ᠵᠠᠩᠭᠢ᠎ᠶᠢᠨ ᠲᠡᠮᠳᠡᠭ᠌ᠯᠡᠭ᠌ᠰᠡᠨ ᠪᠠᠢᠳᠠᠯ᠂ ᠪᠤᠷᠤᠯᠠᠭᠤᠯᠭ᠎ᠠ᠎ᠶᠢᠨ ᠨᠢᠭᠡᠴᠢ᠎ᠶ᠋ᠢᠨ ᠪᠠᠷᠠᠭ᠎ᠠ ᠣᠷᠣᠭᠤᠯᠬᠤ᠎ᠶ᠋ᠢ ᠪᠠᠢᠴᠠᠭᠠᠨ ᠱᠢᠯᠭᠠᠬᠤ᠂ ᠬᠥᠮᠥᠷᠭᠡ᠎ᠳᠤ ᠣᠷᠣᠭᠣᠯᠬᠣ᠎ᠶᠢ ᠱᠢᠯᠭᠠᠨ ᠠᠪᠬᠤ ᠵᠡᠷᠭᠡ ᠮᠡᠳᠡᠭᠡ ᠵᠠᠩᠭᠢ᠎ᠶᠢᠨ ᠲᠡᠮᠳᠡᠭ᠌ᠯᠡᠭ᠌ᠰᠡᠨ ᠪᠠᠢᠳᠠᠯ᠎ᠢ ᠭᠦᠨᠵᠡᠭᠡᠶ ᠵᠢᠭ᠍ᠰᠠᠭᠠᠨ ᠪᠠᠢᠴᠠᠭᠠᠵᠤ᠂ ᠠᠮᠤᠷ ᠲᠦᠪᠱᠢᠨ᠎ᠤ ᠳᠠᠯᠳᠠ ᠭᠡᠮ᠎ᠢ ᠴᠠᠭ ᠲᠤᠬᠠᠶ᠎ᠳᠤ ᠨᠢ ᠴᠡᠭ᠌ᠴᠡᠯᠡᠨ ᠰᠠᠢᠵᠢᠷᠠᠭᠤᠯᠵᠤ᠂ ᠳᠠᠯᠳᠠ ᠠᠶᠤᠯ ᠲᠦᠭ᠌ᠰᠢᠭᠦᠷᠢ᠎ᠶ᠋ᠢ ᠠᠷᠢᠯᠭ᠋ᠠᠨ᠎ᠠ᠃
(3) ᠲᠤᠰᠭᠠᠶ ᠴᠡᠭ᠌ᠴᠡᠯᠡᠨ ᠰᠠᠢ᠌ᠵᠢᠷᠠᠭᠣᠯᠣᠬᠣ ᠠᠵᠢᠯ᠎ᠢ ᠦᠷᠭᠦᠯᠵᠢᠯᠡᠨ ᠥᠷᠨᠢᠭᠦᠯᠬᠦ᠌ ᠬᠡᠷᠡᠭ᠌ᠲᠡᠶ᠃ ᠭᠠᠯ ᠤᠨᠲᠠᠷᠠᠭ᠋ᠠᠬᠤ ᠬᠠᠮᠢᠶ᠎ᠠ ᠪᠦᠬᠦᠢ ᠦᠢᠯᠡᠳᠬᠦᠨ᠎ᠦ ᠶᠠᠰᠤ ᠴᠢᠨᠠᠷ᠎ᠤᠨ ᠠᠮᠤᠷ ᠲᠦᠪᠱᠢᠨ᠎ᠦ ᠬᠢᠨᠠᠯᠲᠠ ᠬᠠᠮᠢᠶᠠᠷᠤᠯᠲᠠ᠎ᠶ᠋ᠢ ᠭᠦᠨᠵᠡᠭᠡᠶ ᠥᠷᠨᠢᠭᠦᠯᠵᠦ᠍᠂ ᠴᠡᠭ᠌ᠴᠡᠯᠡᠨ ᠰᠠᠢ᠌ᠵᠢᠷᠠᠭᠤᠯᠤᠬᠤ ᠡᠬᠡ ᠳᠠᠩᠰᠠ᠎ᠶ᠋ᠢ ᠪᠠᠢᠭᠤᠯᠤᠨ ᠲᠡᠭᠦᠯᠳᠡᠷᠵᠢᠭᠦᠯᠵᠦ᠍᠂ ᠬᠠᠤᠯᠢ᠎ᠠᠴᠠ ᠵᠥᠷᠢᠴᠡᠭ᠌ᠰᠡᠨ ᠦᠢᠯᠡ ᠠᠵᠢᠯᠯᠠᠭ᠎ᠠ᠎ᠶ᠋ᠢ ᠴᠢᠩᠭ᠎ᠠ ᠱᠢᠶ᠋ᠳᠪᠦᠷᠢᠯᠡᠨ᠂ ᠳᠤᠪᠣᠢ᠌ᠮ᠎ᠠ ᠠᠶᠤᠯ ᠲᠦᠭ᠌ᠰᠢᠭᠦᠷᠢ᠎ᠶ᠋ᠢᠨ ᠳᠠᠯᠳᠠ ᠭᠡᠮ ᠢ ᠠᠷᠢᠯᠭᠠᠵᠤ ᠂ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ᠎ᠶ᠋ᠢᠨ ᠥᠨᠳᠥᠷ ᠳᠠᠷᠤᠯᠲᠠᠲᠤ ᠪᠠᠢᠳᠠᠯ᠎ᠢ ᠪᠠᠷᠢᠮᠲᠠᠯᠠᠵᠦ᠂ ᠦᠢᠯᠡᠳᠬᠦᠨ᠎ᠦ ᠶᠠᠰᠤ ᠴᠢᠨᠠᠷ᠎ᠤᠨ ᠠᠮᠤᠷ ᠲᠦᠪᠱᠢᠨ᠎ᠦ ᠬᠢᠷᠢ ᠲᠦᠪᠰᠢᠨ᠎ᠢ ᠳᠡᠭᠡᠭ᠌ᠰᠢᠯᠡᠭᠦᠯᠦᠨ᠎ᠡ ᠃
ᠳᠠᠭᠠᠯᠳᠤᠭᠤᠯᠤᠯ᠄ 2025 ᠣᠨ᠎ᠤ ᠭᠠᠯ ᠤᠨᠲᠠᠷᠠᠭ᠋ᠠᠬᠤ ᠬᠠᠮᠢᠶ᠎ᠠ ᠪᠦᠬᠦᠢ ᠦᠢᠯᠡᠳᠬᠦᠨ᠎ᠤ ᠶᠠᠰᠤ ᠴᠢᠨᠠᠷ᠎ᠤᠨ ᠥᠪᠡᠷᠲᠡᠭᠡᠨ ᠵᠠᠰᠠᠬᠤ ᠣᠷᠣᠨ᠎ᠤ ᠬᠢᠨᠠᠯᠲᠠ ᠲᠠᠯᠪᠢᠨ ᠰᠣᠭᠣᠯᠣᠨ ᠪᠠᠢ᠌ᠴᠠᠭ᠋ᠠᠯᠲᠠ᠎ᠳᠤ ᠬᠢᠷᠢ ᠲᠡᠩᠴᠡᠭ᠌ᠰᠡᠨ ᠥᠬᠡᠶ ᠦᠢᠯᠡᠳᠬᠦᠨ ᠵᠢᠴᠢ ᠦᠢ᠍ᠯᠡᠳᠪᠦᠷᠢᠯᠡᠯ ᠪᠤᠷᠤᠯᠠᠭᠤᠯᠭ᠎ᠠ᠎ᠶᠢᠨ ᠨᠢᠭᠡᠴᠢ᠎ᠶ᠋ᠢᠨ ᠨᠡᠷᠡᠰ᠎ᠤᠨ ᠵᠢᠭᠰᠠᠭ᠋ᠠᠯᠲᠠ
ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠤᠪᠴᠢᠶ᠎ᠠ
2025 ᠣᠨ᠎ᠤ 12 ᠳ᠋ᠤᠭ᠋ᠠᠷ ᠰᠠᠷ᠎ᠠ᠎ᠶ᠋ᠢᠨ 30᠎ᠤ ᠡᠳᠦᠷ