ᠡᠷᠢᠶᠡᠨ ᠬᠣᠲᠠ᠎ᠶᠢᠨ ᠵᠠᠬ᠎ᠠ ᠳᠡᠯᠭᠡᠭᠦᠷ᠎ᠦ᠋ᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ ᠦᠢᠯᠡᠴᠢᠯᠡᠭᠡ᠎ᠪᠡᠨ ᠱᠢᠯᠢᠳᠡᠭ᠌ᠵᠢᠭᠦᠯᠦᠨ ᠬᠥᠭ᠌ᠵᠢᠯᠲᠡ ᠎ᠶ᠋ᠢ ᠠᠬᠢᠭᠤᠯᠵᠤ ᠨᠠᠷᠢᠯᠢᠭ ᠣᠨᠣᠪᠴᠢᠲᠠᠢ ᠠᠷᠭ᠎ᠠ ᠪᠣᠳᠣᠯᠭ᠎ᠠ ᠠᠪᠴᠤ᠌ ᠬᠤᠳᠠᠯᠳᠤᠭ᠎ᠠ ᠡᠵᠡᠩᠨᠡᠬᠦ᠌᠎ᠶᠢ ᠳᠡᠮᠵᠢᠪᠡ
2025-10-31

ᠳᠥᠷᠪᠡᠳᠦᠭᠡᠷ ᠬᠤᠭᠤᠴᠠᠭᠠᠨ᠎ᠤ 《ᠪᠥᠬᠦ᠌ ᠤᠯᠤᠰ᠎ᠤᠨ ᠬᠤᠪᠢ᠎ᠶ᠋ᠢᠨ ᠦᠢᠯᠡᠳᠪᠦᠷᠢ ᠬᠤᠳᠠᠯᠳᠤᠭᠠᠨ᠎ᠤ ᠡᠷᠦᠬᠡ᠎ᠶ᠋ᠢᠨ ᠦᠢᠯᠡᠴᠢᠯᠡᠭᠡᠨ᠎ᠤ ᠰᠠᠷ᠎ᠠ》᠎ᠶ᠋ᠢᠨ ᠠᠵᠢᠯᠯᠠᠭ᠎ᠠ᠎ᠶ᠋ᠢᠨ ᠬᠤᠭᠤᠴᠠᠭᠠᠨ᠎ᠳᠤ᠂ ᠡᠷᠢᠶᠡᠨ ᠬᠤᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠬᠤᠳᠠᠯᠳᠤᠭᠠᠨ᠎ᠤ ᠡᠷᠦᠬᠡ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠲᠠᠢ ᠨᠠᠷᠢᠯᠢᠭ ᠣᠨᠣᠪᠴᠢᠲᠠᠢ᠎ᠪᠠᠷ ᠵᠣᠯᠭᠠᠭᠤᠯᠵᠤ᠂ ᠠᠵᠢᠯᠯᠠᠭ᠎ᠠ᠎ᠶ᠋ᠢ ᠢᠳᠡᠪᠬᠢᠲᠡᠶ ᠥᠷᠨᠢᠭᠦᠯᠦᠨ᠂ ᠬᠤᠪᠢ᠎ᠶ᠋ᠢᠨ ᠦᠢᠯᠡᠳᠪᠦᠷᠢ ᠬᠤᠳᠠᠯᠳᠤᠭᠠᠨ᠎ᠤ ᠡᠷᠦᠬᠡ᠎ᠶ᠋ᠢᠨ ᠬᠥᠭ᠌ᠵᠢᠯᠲᠡ᠎ᠶ᠋ᠢᠨ ᠬᠦᠴᠢᠷᠳᠡᠯ᠎ᠢ ᠱᠢᠢᠳᠪᠦᠷᠢᠯᠡᠵᠦ᠍᠂ ᠬᠦᠴᠦᠨ ᠨᠡᠮᠡᠷᠢᠯᠡᠵᠦ᠍ ᠦᠷ᠎ᠡ ᠠᠱᠢᠭ᠎ᠢ ᠨᠡᠮᠡᠭ᠌ᠳᠡᠭᠦᠯᠪᠡ᠃

ᠠᠵᠢᠯᠯᠠᠭᠠᠨ᠎ᠳᠤ᠂ ᠠᠵᠢᠯᠲᠠᠳ ᠬᠤᠪᠢ᠎ᠶ᠋ᠢᠨ ᠦᠢᠯᠡᠳᠪᠦᠷᠢ ᠬᠤᠳᠠᠯᠳᠤᠭᠠᠨ᠎ᠤ ᠡᠷᠦᠬᠡ᠎ᠶ᠋ᠢᠨ ᠠᠩᠬᠠᠷᠴᠤ᠌ ᠪᠠᠢᠭ᠎ᠠ ᠳᠡᠩᠰᠡᠯᠡᠨ ᠲᠡᠮᠳᠡᠭ᠌ᠯᠡᠬᠦ᠂ ᠣᠨ᠎ᠤ ᠮᠡᠳᠡᠭᠦᠯᠦᠯᠲᠡ᠂ ᠢᠲᠡᠭᠡᠮᠵᠢ᠎ᠶ᠋ᠢ ᠰᠡᠷᠭᠦᠭᠡᠬᠦ᠂ ᠠᠵᠢᠯ ᠣᠯᠵᠤ ᠠᠳᠠᠯ ᠦᠶ᠋ᠯᠡᠰ ᠴᠣᠭ᠍ᠴᠠᠯᠠᠬᠤ ᠵᠡᠷᠭᠡ ᠠᠰᠠᠭᠤᠳᠠᠯ᠎ᠤᠨ ᠲᠣᠭᠤᠷᠢᠨ᠎ᠳᠤ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ ᠪᠠ ᠠᠬᠤᠢ ᠲᠠᠯᠠᠪᠠᠢ᠎ᠳᠦ ᠠᠰᠠᠭᠤᠳᠠᠯ᠎ᠤᠨ ᠮᠠᠳᠠᠭ ᠲᠠᠢᠯᠬᠤ᠎ᠶ᠋ᠢ ᠥᠷᠨᠢᠭᠦᠯᠪᠡ᠃ ᠬᠤᠪᠢ᠎ᠶ᠋ᠢᠨ ᠦᠢᠯᠡᠳᠪᠦᠷᠢ ᠬᠤᠳᠠᠯᠳᠤᠭᠠᠨ᠎ᠤ ᠡᠷᠦᠬᠡ᠎ᠶ᠋ᠢᠨ ᠡᠵᠡᠩᠨᠡᠯᠲᠡ᠎ᠶ᠋ᠢᠨ ᠭᠠᠵᠠᠷ᠎ᠲᠤ ᠭᠦᠨᠵᠡᠭᠡᠢᠷᠡᠨ ᠰᠤᠷᠪᠤᠯᠵᠢᠯᠠᠵᠤ᠂ ᠬᠤᠪᠢ᠎ᠶ᠋ᠢᠨ ᠦᠢᠯᠡᠳᠪᠦᠷᠢ ᠬᠤᠳᠠᠯᠳᠤᠭᠠᠨ᠎ᠤ ᠡᠷᠦᠬᠡ᠎ᠲᠠᠢ ᠨᠢᠭᠤᠷᠳᠠᠨ ᠶᠠᠷᠢᠯᠴᠠᠬᠤ᠎ᠪᠠᠷ ᠳᠠᠮᠵᠢᠭᠤᠯᠤᠨ᠂ ᠡᠵᠡᠩᠨᠡᠯᠲᠡ᠎ᠶ᠋ᠢᠨ ᠣᠳᠣᠬᠢ ᠪᠠᠢᠳᠠᠯ ᠪᠠ ᠣᠷᠣᠱᠢᠵᠤ ᠪᠠᠢᠭ᠎ᠠ ᠬᠦᠴᠢᠷᠳᠡᠯ᠎ᠢ ᠣᠢᠯᠠᠭᠠᠵᠤ᠂ ᠬᠤᠪᠢ᠎ᠶ᠋ᠢᠨ ᠦᠢᠯᠡᠳᠪᠦᠷᠢ ᠬᠤᠳᠠᠯᠳᠤᠭᠠᠨ᠎ᠤ ᠡᠷᠦᠬᠡ᠎ᠶ᠋ᠢᠨ ᠳᠤᠷᠠᠳᠤᠭ᠍ᠰᠠᠨ ᠠᠰᠠᠭᠤᠳᠠᠯ᠎ᠳᠤ ᠴᠢᠭ᠌ᠯᠡᠭᠦᠯᠦᠨ᠂ ᠴᠠᠭ ᠲᠤᠬᠠᠢ᠎ᠳᠤ ᠨᠢ ᠬᠠᠷᠢᠭᠤᠯᠲᠠ ᠥᠭ᠌ᠭᠥᠨ ᠵᠢᠭᠠᠨ ᠵᠢᠯᠣᠭᠤᠳᠴᠤ᠌᠂ ᠬᠤᠪᠢ᠎ᠶ᠋ᠢᠨ ᠦᠢᠯᠡᠳᠪᠦᠷᠢ ᠬᠤᠳᠠᠯᠳᠤᠭᠠᠨ᠎ᠤ ᠡᠷᠦᠬᠡ᠎ᠳᠤ ᠣᠨᠣᠪᠴᠢᠲᠠᠢ ᠦᠢᠯᠡᠴᠢᠯᠡᠭᠡ ᠬᠠᠩᠭᠠᠵᠤ᠂ ᠲᠡᠳᠡᠨ᠎ᠢ ᠬᠠᠪᠰᠤᠷᠤᠨ ᠪᠣᠳᠠᠲᠠᠢ ᠬᠦᠴᠢᠷᠳᠡᠯ᠎ᠢ ᠎ᠨᠢ ᠱᠢᠢᠳᠪᠦᠷᠢᠯᠡᠵᠦ᠍᠂ ᠬᠥᠭ᠌ᠵᠢᠯᠲᠡ᠎ᠶ᠋ᠢᠨ ᠢᠲᠡᠭᠡᠯ᠎ᠢ ᠨᠡᠮᠡᠭ᠌ᠳᠡᠭᠦᠯᠪᠡ᠃

ᠠᠵᠢᠯᠲᠠᠳ ᠪᠠᠰᠠ ᠭᠤᠤᠯᠳᠠᠯᠭ᠎ᠠ᠎ᠲᠠᠢ ᠰᠦᠷᠦᠭ᠌ᠵᠢᠯ᠎ᠢ ᠰᠤᠷᠪᠤᠯᠵᠢᠯᠠᠵᠤ᠂ 《ᠨᠠᠷᠠᠲᠤ ᠣᠨᠴᠠᠯᠢᠭ ᠱᠢᠯᠢᠳᠡᠭ ᠱᠢᠨ᠎ᠡ》 ᠬᠤᠪᠢ᠎ᠶ᠋ᠢᠨ ᠦᠶ᠋ᠯᠡᠳᠪᠦᠷᠢ ᠬᠤᠳᠠᠯᠳᠤᠭᠠᠨ᠎ᠤ ᠡᠷᠦᠬᠡ᠎ᠶ᠋ᠢ ᠮᠠᠭᠠᠳᠯᠠᠨ ᠲᠣᠭ᠍ᠲᠠᠭᠠᠬᠤ᠎ᠳᠤ ᠲᠥᠬᠦᠮ ᠦᠵᠡᠭᠦᠯᠵᠦ᠍᠂ 《ᠬᠤᠪᠢ᠎ᠶ᠋ᠢᠨ ᠦᠢᠯᠡᠳᠪᠦᠷᠢ ᠬᠤᠳᠠᠯᠳᠤᠭᠠᠨ᠎ᠤ ᠡᠷᠦᠬᠡ ᠡᠴᠡ ᠠᠵᠤ ᠠᠬᠤᠢᠯᠠᠯ ᠪᠣᠯᠭᠠᠨ ᠬᠤᠪᠢᠷᠠᠭᠤᠯᠬᠤ》 ᠲᠥᠷᠥ᠎ᠶ᠋ᠢᠨ ᠪᠣᠳᠣᠯᠭ᠎ᠠ ᠪᠠ ᠠᠮᠵᠢᠯᠲᠠ ᠣᠯᠤᠭ᠍ᠰᠠᠨ ᠬᠡᠷᠡᠭ᠎ᠤᠨ ᠵᠢᠱ᠌ᠢᠶ᠎ᠡ᠎ᠶ᠋ᠢ ᠥᠷᠭᠡᠨ᠎ᠢᠶᠠᠷ ᠤᠬᠠᠭᠤᠯᠵᠤ᠂ ᠬᠡᠯᠪᠡᠷᠢ᠎ᠪᠠᠨ ᠬᠤᠪᠢᠷᠠᠭᠤᠯᠬᠤ ᠰᠠᠨᠠᠭ᠎ᠠ᠎ᠲᠠᠢ ᠬᠤᠪᠢ᠎ᠶ᠋ᠢᠨ ᠦᠶ᠋ᠯᠡᠳᠪᠦᠷᠢ ᠬᠤᠳᠠᠯᠳᠤᠭᠠᠨ᠎ᠤ ᠡᠷᠦᠬᠡ᠎ᠳᠤ ᠥᠪᠡᠷᠮᠢᠴᠡ ᠴᠢᠨᠠᠷᠲᠠᠶ ᠱᠢᠶ᠋ᠳᠪᠦᠷᠢᠯᠡᠬᠦ᠌ ᠲᠥᠰᠦᠯ ᠬᠠᠩᠭᠠᠵᠤ᠂ ᠲᠥᠷᠥ᠎ᠶ᠋ᠢᠨ ᠪᠣᠳᠣᠯᠭ᠎ᠠ᠎ᠶ᠋ᠢ ᠨᠠᠷᠢᠯᠢᠭ ᠣᠨᠣᠪᠴᠢᠲᠠᠢ᠎ᠪᠠᠷ ᠬᠦᠷᠭᠡᠬᠦ᠌᠎ᠶ᠋ᠢ ᠪᠡᠶᠡᠯᠡᠭᠦᠯᠪᠡ᠃ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ᠎ᠶ᠋ᠢ ᠪᠣᠳᠠᠲᠠᠢ ᠬᠦᠴᠢᠷᠳᠡᠯ᠎ᠢ ᠱᠢᠢᠳᠪᠦᠷᠢᠯᠡᠬᠦ᠌᠎ᠲᠠᠢ ᠨᠢᠭ᠍ᠲᠠ ᠤᠶᠠᠯᠳᠤᠭᠤᠯᠵᠤ᠂ ᠬᠤᠪᠢ᠎ᠶ᠋ᠢᠨ ᠦᠢᠯᠡᠳᠪᠦᠷᠢ ᠬᠤᠳᠠᠯᠳᠤᠭᠠᠨ᠎ᠤ ᠡᠷᠦᠬᠡ᠎ᠶ᠋ᠢᠨ ᠦᠢᠯᠡᠳᠪᠦᠷᠢᠯᠡᠯ ᠡᠵᠡᠩᠨᠡᠯᠲᠡ᠎ᠶ᠋ᠢᠨ ᠲᠦᠭ᠌ᠰᠢᠭᠦᠷᠢ᠎ᠶ᠋ᠢ ᠡᠰᠡᠷᠭᠦᠴᠡᠬᠦ᠌ ᠴᠢᠳᠠᠪᠤᠷᠢ᠎ᠶ᠋ᠢ ᠦᠨᠡᠨ ᠬᠦ᠌ ᠴᠢᠩᠭᠠᠳᠭᠠᠵᠤ᠂ ᠬᠤᠪᠢ᠎ᠶ᠋ᠢᠨ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢ ᠪᠦᠬᠦ᠌ ᠲᠠᠯ᠎ᠠ᠎ᠪᠠᠷ ᠠᠬᠢᠭᠤᠯᠤᠨ᠎ᠠ᠃ ᠠᠵᠢᠯᠯᠠᠭ᠎ᠠ᠎ᠶ᠋ᠢᠨ ᠬᠤᠭᠤᠴᠠᠭᠠᠨ᠎ᠳᠤ᠂ 《ᠬᠤᠪᠢ᠎ᠶ᠋ᠢᠨ ᠦᠢᠯᠡᠳᠪᠦᠷᠢ ᠬᠤᠳᠠᠯᠳᠤᠭᠠᠨ᠎ᠤ ᠡᠷᠦᠬᠡ᠎ᠶ᠋ᠢᠨ ᠬᠥᠭ᠌ᠵᠢᠯᠲᠡ᠎ᠶ᠋ᠢ ᠠᠬᠢᠭᠤᠯᠬᠤ ᠲᠦᠷᠢᠮ》᠂ 《ᠬᠤᠪᠢ᠎ᠶ᠋ᠢᠨ ᠦᠢᠯᠡᠳᠪᠦᠷᠢ ᠬᠤᠳᠠᠯᠳᠤᠭᠠᠨ᠎ᠤ ᠡᠷᠦᠬᠡ᠎ᠶ᠋ᠢ ᠳᠠᠩᠰᠠᠯᠠᠬᠤ ᠬᠠᠮᠢᠶᠠᠷᠤᠯᠲᠠ᠎ᠶ᠋ᠢᠨ ᠲᠣᠭ᠍ᠲᠠᠭᠠᠯ》᠂ 《ᠬᠤᠪᠢ᠎ᠶ᠋ᠢᠨ ᠦᠢᠯᠡᠳᠪᠦᠷᠢ ᠬᠤᠳᠠᠯᠳᠤᠭᠠᠨ᠎ᠤ ᠡᠷᠦᠬᠡ᠎ᠶ᠋ᠢᠨ ᠣᠨ᠎ᠤ ᠮᠡᠳᠡᠭᠦᠯᠦᠯᠲᠡ᠎ᠶ᠋ᠢᠨ ᠠᠷᠭ᠎ᠠ》 ᠵᠡᠷᠭᠡ ᠡᠯ᠎ᠡ ᠲᠦᠷᠦᠯ᠎ᠤᠨ ᠤᠬᠠᠭᠤᠯᠭ᠎ᠠ᠎ᠶ᠋ᠢᠨ ᠮᠠᠲ᠋ᠧᠷᠢᠶᠠᠯ᠎ᠢ ᠨᠡᠢᠳᠡ 500 ᠭᠠᠷᠤᠢ ᠬᠤᠪᠢ ᠲᠠᠷᠬᠠᠭᠠᠵᠤ᠂ ᠬᠤᠪᠢ᠎ᠶ᠋ᠢᠨ ᠦᠢᠯᠡᠳᠪᠦᠷᠢ ᠬᠤᠳᠠᠯᠳᠤᠭᠠᠨ᠎ᠤ ᠡᠷᠦᠬᠡ᠂ ᠤᠯᠠᠨ ᠲᠦᠮᠡᠨ᠎ᠤ ᠲᠦᠷᠦ᠍᠎ᠶ᠋ᠢᠨ ᠪᠤᠳᠤᠯᠭ᠎ᠠ᠎ᠶ᠋ᠢᠨ ᠯᠠᠪᠯᠠᠯᠲᠠ᠎ᠳᠤ ᠵᠠᠭᠤ ᠭᠠᠷᠤᠢ ᠬᠥᠮᠦᠨ ᠤᠳᠠᠭ᠎ᠠ ᠬᠠᠷᠢᠭᠤᠯᠲᠠ ᠥᠭ᠌ᠴᠦ᠂ ᠬᠤᠪᠢ᠎ᠶ᠋ᠢᠨ ᠦᠢᠯᠡᠳᠪᠦᠷᠢ ᠬᠤᠳᠠᠯᠳᠤᠭᠠᠨ᠎ᠤ ᠡᠷᠦᠬᠡ᠎ᠶ᠋ᠢᠨ ᠲᠦᠷᠦ᠍᠎ᠶ᠋ᠢᠨ ᠪᠤᠳᠤᠯᠭ᠎ᠠ᠎ᠶ᠋ᠢ ᠣᠢᠯᠠᠭᠠᠬᠤ ᠬᠡᠮᠵᠢᠶ᠎ᠡ᠎ᠶ᠋ᠢ ᠪᠦᠲᠦᠮᠵᠢᠲᠡᠢ ᠳᠡᠭᠡᠭ᠌ᠰᠢᠯᠡᠭᠦᠯᠪᠡ᠃

ᠢᠷᠡᠯᠲᠡ᠄ ᠡᠷᠢᠶᠡᠨ ᠬᠤᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ