ᠡᠨᠡ ᠵᠢᠯ᠎ᠠᠴᠠ ᠨᠠᠭᠠᠰᠢ᠂ ᠤᠯᠠᠭᠠᠨᠬᠠᠳᠠ ᠬᠤᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠥᠪᠡᠷᠲᠡᠭᠡᠨ ᠵᠠᠰᠠᠬᠤ ᠣᠷᠣᠨ᠎ᠤ 《ᠠᠵᠤ ᠠᠬᠤᠢᠯᠠᠯ᠎ᠢ ᠲᠤᠰᠠᠯᠠᠬᠤ ᠠᠵᠢᠯᠯᠠᠭ᠎ᠠ》᠎ᠶ᠋ᠢ ᠨᠠᠢᠳᠠᠪᠤᠷᠢᠵᠢᠭᠤᠯᠬᠤ᠎ᠶ᠋ᠢᠨ ᠲᠣᠭᠤᠷᠢᠨ᠎ᠳᠤ᠂ ᠪᠥᠬᠦ᠌ ᠬᠤᠲᠠ᠎ᠶ᠋ᠢᠨ ᠬᠡᠪᠴᠢᠶᠡᠨ᠎ᠳᠤ ᠢᠳᠡᠭᠡᠨ᠎ᠤ ᠦᠢᠯᠡᠳᠪᠦᠷᠢᠯᠡᠯ᠎ᠤᠨ ᠵᠥᠪᠱᠢᠶᠡᠷᠡᠯ᠎ᠤᠨ 《ᠦᠨᠡᠮᠯᠡᠯ ᠠᠪᠬᠤ᠎ᠠᠴᠠ ᠡᠮᠦᠨᠡᠬᠢ ᠵᠢᠯᠣᠭᠣᠳᠤᠯᠭ᠎ᠠ》᠎ᠶ᠋ᠢᠨ ᠦᠢᠯᠡᠴᠢᠯᠡᠭᠡᠨ᠎ᠤ ᠠᠵᠢᠯ᠎ᠤᠨ ᠲᠣᠭ᠍ᠲᠠᠴᠠ᠎ᠶ᠋ᠢ ᠬᠡᠷᠡᠭ᠌ᠵᠢᠭᠦᠯᠵᠦ᠍᠂ 《ᠨᠢᠭᠤᠷᠲᠠᠨ ᠰᠣᠯᠢᠯᠴᠠᠬᠤ᠂ ᠴᠡᠭ᠎ᠠᠴᠠ ᠴᠡᠭ᠎ᠲᠤ ᠬᠦᠷᠴᠦ᠍ ᠠᠰᠠᠭᠤᠳᠠᠯ᠎ᠢ ᠱᠢᠢᠳᠪᠦᠷᠢᠯᠡᠬᠦ᠂ ᠦᠢᠯᠡᠴᠢᠯᠡᠭᠡ᠎ᠶ᠋ᠢ ᠦᠨᠡᠨ ᠬᠦ᠌ ᠪᠣᠳᠠᠲᠠᠢᠵᠢᠭᠤᠯᠬᠤ》 ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠠᠵᠤ ᠠᠬᠤᠢᠯᠠᠯ᠎ᠢ ᠦᠨᠡᠨ ᠬᠦ᠌ ᠬᠠᠪᠰᠤᠷᠤᠨ ᠬᠥᠭ᠌ᠵᠢᠯᠲᠡ᠎ᠶ᠋ᠢ ᠡᠷᠢᠯᠬᠢᠯᠡᠵᠦ᠍᠂ ᠬᠦᠴᠢᠷ ᠠᠰᠠᠭᠤᠳᠠᠯ᠎ᠢ᠎ᠨᠢ ᠱᠢᠢᠳᠪᠦᠷᠢᠯᠡᠵᠦ᠍᠂ ᠠᠵᠤ ᠠᠬᠤᠢᠯᠠᠯ᠎ᠤᠨ ᠢᠳᠡᠭᠡᠨ᠎ᠤ ᠦᠢᠯᠡᠳᠪᠦᠷᠢᠯᠡᠯ᠎ᠤᠨ ᠲᠥᠷᠥᠯ ᠵᠦᠢᠯ᠎ᠢ ᠡᠷᠲᠡ ᠡᠬᠢᠯᠡᠭᠦᠯᠵᠦ᠍᠂ ᠡᠷᠲᠡ ᠠᠱᠢᠭ᠍ᠯᠠᠯᠲᠠ᠎ᠳᠤ ᠣᠷᠣᠭᠤᠯᠵᠤ᠂ ᠡᠷᠲᠡ ᠦᠷ᠎ᠡ ᠪᠦᠲᠦᠮᠵᠢ ᠣᠯᠬᠤ᠎ᠶ᠋ᠢ ᠠᠬᠢᠭᠤᠯᠪᠠ᠃
ᠨᠢᠭᠡ᠎ᠳᠤ᠂ ᠰᠠᠨᠠᠭᠠᠴᠢᠯᠠᠭ᠎ᠠ᠎ᠠᠴᠠ᠎ᠪᠠᠨ ᠣᠢᠯᠡᠴᠢᠯᠡᠵᠦ᠍᠂ 《ᠲᠥᠷᠥ᠎ᠶ᠋ᠢᠨ ᠪᠣᠳᠣᠯᠭ᠎ᠠ ᠪᠣᠯᠪᠠᠰᠤᠷᠠᠩᠭᠤᠶ ᠪᠤᠰᠤ》᠎ᠶ᠋ᠢᠨ ᠬᠦᠴᠢᠷ ᠠᠰᠠᠭᠤᠳᠠᠯ᠎ᠢ ᠱᠢᠢᠳᠪᠦᠷᠢᠯᠡᠪᠡ᠃ ᠠᠵᠤ ᠠᠬᠤᠢᠯᠠᠯ᠎ᠤᠨ 《ᠱᠢᠢᠳᠪᠤᠷᠢᠯᠡᠵᠦ᠍ ᠴᠢᠳᠠᠬᠤ ᠥᠬᠡᠶ᠂ ᠰᠠᠢᠨ ᠱᠢᠢᠳᠪᠤᠷᠢᠯᠡᠵᠦ᠍ ᠳᠡᠢᠯᠬᠦ᠌ ᠥᠬᠡᠶ᠂ ᠪᠦᠲᠦᠭᠡᠵᠦ᠍ ᠳᠡᠢᠯᠬᠦ᠌ ᠥᠬᠡᠶ》 ᠬᠦᠴᠢᠷ ᠠᠰᠠᠭᠤᠳᠠᠯ᠎ᠳᠤ ᠠᠩᠬᠠᠷᠣᠯ᠎ᠢᠶᠠᠨ ᠲᠥᠪᠯᠡᠷᠡᠭᠦᠯᠵᠦ᠍᠂ ᠲᠣᠳᠣᠷᠬᠠᠶ ᠬᠢᠯᠪᠠᠷ ᠣᠢᠯᠠᠭᠠᠮᠵᠢᠲᠠᠶ ᠦᠶ᠋ᠯᠡᠴᠢᠯᠡᠭᠡᠨ᠎ᠤ ᠵᠦᠭ᠌ᠯᠡᠭᠦᠷ᠎ᠢ ᠡᠮᠬᠢᠯᠡᠨ ᠨᠠᠢᠷᠠᠭᠤᠯᠵᠤ ᠪᠦᠷᠢᠯᠳᠦᠭᠦᠯᠪᠡ᠃ ᠠᠵᠢᠯᠲᠠᠳ ᠰᠠᠨᠠᠭᠠᠴᠢᠯᠠᠭ᠎ᠠ᠎ᠠᠴᠠ᠎ᠪᠠᠨ 《ᠦᠨᠡᠮᠯᠡᠯ ᠠᠪᠬᠤ᠎ᠠᠴᠠ ᠡᠮᠦᠨᠡᠬᠢ ᠵᠢᠯᠣᠭᠣᠳᠤᠯᠭ᠎ᠠ》 ᠶ᠋ᠢᠨ ᠦᠢᠯᠡᠴᠢᠯᠡᠭᠡ ᠶ᠋ᠢ ᠬᠠᠩᠭᠠᠵᠤ᠂ ᠠᠵᠢᠯ ᠶᠠᠪᠤᠳᠠᠯ ᠭᠦᠢᠴᠡᠳᠭᠡᠬᠦ᠌ ᠠᠵᠢᠯᠲᠠᠨ᠎ᠤ ᠭᠤᠶᠤᠴᠢᠯᠠᠨ ᠭᠦᠢᠴᠡᠳᠭᠡᠬᠦ᠌ ᠴᠤᠪᠤᠷᠠᠯ᠂ ᠵᠥᠪᠱᠢᠶᠡᠷᠡᠯ᠎ᠤᠨ ᠨᠥᠬᠦᠴᠡᠯ᠂ ᠮᠠᠲ᠋ᠧᠷᠢᠶᠠᠯ᠎ᠤᠨ ᠨᠠᠷᠢᠨ ᠬᠠᠭᠤᠳᠠᠰᠤ᠂ ᠲᠠᠭ᠍ᠯᠠᠨ ᠮᠡᠳᠡᠭᠦᠯᠬᠦ᠌ ᠵᠢᠷᠤᠮᠵᠢᠯ ᠵᠡᠷᠭᠡ ᠲᠠᠯ᠎ᠠ᠎ᠪᠠᠷ᠎ᠬᠢ ᠮᠠᠳᠠᠭ᠎ᠲᠠᠢ ᠠᠰᠠᠭᠤᠳᠠᠯ᠎ᠳᠤ ᠪᠥᠬᠦ᠌ ᠲᠠᠯ᠎ᠠ᠎ᠪᠠᠷ ᠬᠠᠷᠢᠭᠤᠯᠲᠠ ᠥᠭ᠌ᠴᠦ᠂ 《ᠠᠵᠤ ᠠᠬᠤᠢᠯᠠᠯ ᠦᠢᠯᠡᠴᠢᠯᠡᠭᠡ ᠶ᠋ᠢ ᠡᠷᠢᠬᠦ᠌》᠎ᠡᠴᠡ 《ᠦᠢᠯᠡᠴᠢᠯᠡᠭᠡ ᠠᠵᠦ᠍ ᠠᠬᠤᠢᠯᠠᠯ᠎ᠢ ᠡᠷᠢᠬᠦ᠌》 ᠪᠣᠯᠭᠠᠨ ᠬᠤᠪᠢᠷᠠᠭᠤᠯᠵᠤ᠂ 《ᠰᠦᠯᠵᠢᠶᠡᠨ ᠳᠡᠭᠡᠷᠡᠬᠢ ᠵᠥᠪᠯᠡᠯᠭᠡ ᠥᠭ᠌ᠬᠦ + ᠰᠦᠯᠵᠢᠶᠡᠨ ᠭᠠᠳᠠᠨᠠᠬᠢ᠎ᠶ᠋ᠢ ᠵᠣᠯᠭᠠᠭᠤᠯᠬᠤ》᠎ᠶ᠋ᠢ ᠤᠶᠠᠯᠳᠤᠭᠤᠯᠬᠤ ᠠᠷᠭ᠎ᠠ ᠮᠠᠶᠢᠭ᠎ᠢᠶᠠᠷ ᠳᠠᠮᠵᠢᠭᠤᠯᠤᠨ᠂ ᠠᠵᠤ ᠠᠬᠤᠢᠯᠠᠯ᠎ᠤᠨ ᠠᠵᠢᠯ ᠶᠠᠪᠤᠳᠠᠯ ᠭᠦᠢᠴᠡᠳᠭᠡᠬᠦ᠌᠎ᠳᠤ ᠬᠠᠨᠤᠮᠵᠢ᠎ᠶ᠋ᠢᠨ ᠬᠡᠮᠵᠢᠶ᠎ᠡ᠎ᠶ᠋ᠢ ᠤᠯᠠᠮ ᠨᠢᠭᠡ ᠠᠯᠬᠤᠮ ᠳᠡᠭᠡᠭ᠌ᠰᠢᠯᠡᠭᠦᠯᠪᠡ᠃
ᠬᠤᠶᠠᠷ᠎ᠲᠤ᠌᠂ ᠣᠷᠢᠳᠴᠢᠯᠠᠨᠦᠢᠯᠡᠴᠢᠯᠡᠵᠦ᠍᠂ 《ᠲᠠᠬᠢᠨ ᠳᠠᠪᠲᠠᠨ ᠭᠦᠶᠦᠬᠦ᠌》 ᠡᠪᠡᠷᠱᠢᠶᠡᠯ᠎ᠢ ᠱᠢᠢᠳᠪᠦᠷᠢᠯᠡᠪᠡ᠃ ᠠᠵᠤ ᠠᠬᠤᠢᠯᠠᠯ᠎ᠤᠨ 《ᠮᠠᠲ᠋ᠧᠷᠢᠶᠠᠯ᠎ᠢ ᠣᠯᠠᠨ ᠤᠳᠠᠭ᠎ᠠ ᠥᠭᠡᠷᠡᠴᠢᠯᠡᠬᠦ᠂ ᠠᠵᠤ ᠠᠬᠤᠢᠯᠠᠯ᠎ᠢ ᠣᠯᠠᠨ ᠤᠳᠠᠭ᠎ᠠ ᠭᠦᠶᠦᠯᠭᠡᠬᠦ᠌》 ᠡᠪᠡᠷᠱᠢᠶᠡᠯ᠎ᠲᠠᠢ ᠭᠠᠵᠠᠷ ᠲᠤ ᠠᠩᠬᠠᠷᠤᠯ᠎ᠢᠶᠠᠨ ᠲᠥᠪᠯᠡᠷᠡᠭᠦᠯᠵᠦ᠍᠂ 《ᠰᠠᠨᠠᠭᠠᠴᠢᠯᠠᠭ᠎ᠠ᠎ᠠᠴᠠ᠎ᠪᠠᠨ ᠬᠡᠷᠡᠭ᠌ᠴᠡᠭᠡ ᠱᠠᠭᠠᠷᠳᠠᠯᠭ᠎ᠠ᠎ᠶ᠋ᠢ ᠨᠢ ᠠᠰᠠᠭᠤᠵᠦ᠍᠂ ᠤᠷᠢᠳᠴᠢᠯᠠᠨ ᠦᠢᠯᠡᠴᠢᠯᠡᠬᠦ᠌》 ᠠᠵᠢᠯ᠎ᠤᠨ ᠲᠣᠭ᠍ᠲᠠᠴᠠ᠎ᠶ᠋ᠢ ᠠᠬᠢᠭᠤᠯᠵᠤ᠂ ᠪᠥᠬᠦ᠌ ᠶᠠᠪᠤᠴᠠ᠎ᠳᠤ 《ᠦᠨᠡᠮᠯᠡᠯ ᠠᠪᠬᠤ᠎ᠠᠴᠠ ᠡᠮᠦᠨᠡᠬᠢ ᠵᠢᠯᠣᠭᠣᠳᠤᠯᠭ᠎ᠠ》 ᠠᠵᠤ ᠠᠬᠤᠢᠯᠠᠯ᠎ᠢ ᠲᠤᠰᠠᠯᠠᠬᠤ ᠠᠵᠢᠯᠯᠠᠭ᠎ᠠ᠎ᠶ᠋ᠢᠨ ᠬᠠᠪᠰᠤᠷᠤᠨ ᠭᠦᠢᠴᠡᠳᠭᠡᠬᠦ᠌ ᠣᠷᠣᠯᠠᠨ ᠭᠦᠢᠴᠡᠳᠭᠡᠬᠦ᠌ ᠴᠣᠩᠬᠣᠪᠴᠢ᠎ᠶ᠋ᠢ ᠳᠡᠭᠡᠭ᠌ᠰᠢᠯᠡᠭᠦᠯᠦᠨ᠎ᠡ᠃ ᠬᠢᠨᠠᠨ ᠵᠥᠪᠱᠢᠶᠡᠷᠡᠬᠦ᠌ ᠶᠠᠪᠤᠴᠠ᠎ᠶ᠋ᠢ ᠴᠢᠩᠭ᠎ᠠ ᠭᠦᠢᠴᠡᠳᠭᠡᠭ᠌ᠰᠡᠨ ᠰᠠᠭᠤᠷᠢᠨ ᠳᠡᠭᠡᠷ᠎ᠡ᠂ ᠠᠵᠤ ᠠᠬᠤᠢᠯᠠᠯ᠎ᠳᠤ ᠭᠤᠶᠤᠴᠢᠯᠠᠬᠤ ᠪᠡᠯᠡᠳᠭᠡᠯ᠂ ᠲᠤᠰᠠᠯᠠᠬᠤ ᠭᠤᠶᠤᠴᠢᠯᠠᠨ ᠮᠡᠳᠡᠭᠦᠯᠬᠦ᠂ ᠮᠠᠲ᠋ᠧᠷᠢᠶᠠᠯ᠎ᠢ ᠬᠢᠨᠠᠨ ᠪᠠᠢᠴᠠᠭᠠᠬᠤ᠂ ᠮᠠᠲ᠋ᠧᠷᠢᠶᠠᠯ᠎ᠢ ᠨᠥᠬᠦᠪᠥᠷᠢᠯᠡᠬᠦ᠂ ᠬᠠᠷᠭᠤᠭᠤᠯᠤᠨ ᠪᠠᠢᠴᠠᠭᠠᠵᠤ ᠵᠠᠯᠠᠷᠠᠭᠤᠯᠬᠤ ᠵᠡᠷᠭᠡ ᠪᠥᠬᠦ᠌ ᠶᠠᠪᠤᠴᠠ᠎ᠶ᠋ᠢᠨ ᠵᠢᠯᠣᠭᠤᠳᠭᠤ ᠦᠢᠯᠡᠴᠢᠯᠡᠭᠡ ᠬᠠᠩᠭᠠᠬᠤ᠎ᠶ᠋ᠢᠨ ᠬᠠᠮᠲᠤ ᠠᠳᠠᠯᠢ ᠪᠤᠰᠤ ᠠᠵᠤ ᠠᠬᠤᠢᠯᠠᠯ᠎ᠤᠨ ᠥᠪᠡᠷᠮᠢᠴᠡ ᠠᠰᠠᠭᠤᠳᠠᠯ᠎ᠳᠤ 《ᠨᠢᠭᠡ ᠠᠵᠤ ᠠᠬᠤᠢᠯᠠᠯ᠎ᠳᠤ ᠨᠢᠭᠡ ᠠᠷᠭ᠎ᠠ ᠪᠣᠳᠣᠯᠭ᠎ᠠ》᠎ᠶ᠋ᠢᠨ ᠮᠡᠷᠭᠡᠵᠢᠯ᠎ᠤᠨ ᠵᠢᠯᠣᠭᠤᠳᠣᠯᠭ᠎ᠠ ᠪᠠ ᠲᠤᠰᠭᠠᠶ ᠮᠡᠷᠭᠡᠵᠢᠯ᠎ᠤᠨ ᠬᠠᠷᠢᠭᠤᠯᠲᠠ ᠥᠭ᠌ᠴᠦ᠂ ᠠᠵᠤ ᠠᠬᠤᠢᠯᠠᠯ᠎ᠤᠨ ᠥᠪᠡᠷ᠎ᠤᠨ ᠥᠷᠲᠡᠭ᠎ᠢᠶᠠᠨ ᠪᠠᠭᠤᠷᠠᠭᠤᠯᠵᠤ ᠦᠷ᠎ᠡ ᠠᠱᠢᠭ᠎ᠢᠶᠠᠨ ᠨᠡᠮᠡᠭ᠌ᠳᠡᠭᠦᠯᠬᠦ᠌᠎ᠳᠤ ᠪᠣᠳᠠᠲᠠᠶ ᠠᠷᠭ᠎ᠠ ᠪᠣᠳᠣᠯᠭ᠎ᠠ ᠬᠠᠩᠭᠠᠪᠠ᠃
ᠭᠤᠷᠪᠠ᠎ᠳᠤ᠂ ᠨᠠᠷᠢᠯᠢᠭ ᠣᠨᠣᠪᠴᠢᠲᠠᠢ᠎ᠪᠠᠷ ᠦᠢᠯᠡᠴᠢᠯᠡᠵᠦ᠍᠂ 《ᠮᠡᠷᠭᠡᠵᠢᠯ ᠪᠠᠯᠠᠷᠬᠠᠶ》 ᠠᠰᠠᠭᠤᠳᠠᠯ᠎ᠢ ᠱᠢᠢᠳᠪᠦᠷᠢᠯᠡᠪᠡ᠃ ᠠᠵᠤ ᠠᠬᠤᠢᠯᠠᠯ᠎ᠤᠨ ᠬᠡᠷᠡᠭ᠌ᠰᠡᠬᠦ᠌ ᠬᠦᠰᠡᠯ ᠡᠷᠡᠮᠡᠯᠵᠡᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ 《ᠰᠤᠳᠠᠯ ᠪᠠᠷᠢᠵᠤ ᠣᠨᠣᠱᠢᠯᠠᠬᠤ》᠎ᠠᠴᠠ 《ᠵᠣᠷ ᠪᠢᠴᠢᠵᠦ᠍ ᠡᠮ ᠪᠠᠷᠢᠬᠤ》ᠬᠦᠷᠲᠡᠯᠡᠬᠢ ᠨᠠᠷᠢᠯᠢᠭ ᠣᠨᠣᠪᠴᠢᠲᠠᠢ ᠦᠢᠯᠡᠴᠢᠯᠡᠭᠡ᠎ᠶ᠋ᠢ ᠭᠠᠷᠭᠠᠪᠠ᠃ ᠪᠡᠯᠡᠳᠭᠡᠯ ᠱᠠᠲᠤ ᠦᠶ᠎ᠡ᠎ᠳᠤ ᠭᠠᠵᠠᠷ ᠰᠣᠩᠭᠤᠬᠤ᠎ᠨᠢ ᠵᠦᠶ ᠶᠣᠰᠣᠴᠢ ᠴᠢᠨᠠᠷ᠂ ᠦᠢᠯᠡᠳᠪᠦᠷᠢ᠎ᠶ᠋ᠢᠨ ᠲᠠᠰᠤᠭ᠎ᠤᠨ ᠪᠠᠢᠷᠢᠱᠢᠭᠤᠯᠤᠯ᠎ᠨᠢ ᠲᠣᠭ᠍ᠲᠠᠭᠠᠯ᠎ᠳᠤ ᠨᠡᠢᠴᠡᠬᠦ᠌ ᠴᠢᠨᠠᠷ᠂ ᠦᠢᠯᠡᠳᠪᠦᠷᠢᠯᠡᠯ᠎ᠤᠨ ᠤᠷ᠎ᠠ ᠮᠡᠷᠭᠡᠱᠢᠯ᠎ᠤᠨ ᠱᠢᠨᠵᠢᠯᠡᠬᠦ᠌ ᠤᠬᠠᠭᠠᠨᠴᠢ ᠴᠢᠨᠠᠷ᠂ ᠲᠣᠨᠤᠭ ᠲᠥᠬᠦᠭᠡᠷᠦᠮᠵᠢ ᠪᠡᠯᠡᠳᠭᠡᠮᠵᠢ᠎ᠶ᠋ᠢᠨ ᠲᠣᠬᠢᠷᠠᠮᠵᠢᠲᠠᠶ ᠴᠢᠨᠠᠷ ᠵᠡᠷᠭᠡ᠎ᠳᠤ ᠬᠦᠷᠲᠡᠯ᠎ᠡ᠂ ᠳᠠᠬᠢᠨ ᠠᠵᠢᠯᠲᠠᠨ᠎ᠤ ᠲᠣᠬᠢᠷᠠᠭᠤᠯᠤᠯᠲᠠ᠎ᠶ᠋ᠢᠨ ᠵᠢᠷᠤᠮᠵᠢᠯᠳᠤ ᠴᠢᠨᠠᠷ᠂ ᠬᠠᠮᠢᠶᠠᠷᠤᠯᠲᠠ᠎ᠶ᠋ᠢᠨ ᠲᠦᠷᠢᠮ᠎ᠤᠨ ᠬᠡᠷᠡᠭ᠌ᠯᠡᠭᠡᠨ᠎ᠤ ᠴᠢᠨᠠᠷ ᠵᠡᠷᠭᠡ᠎ᠳᠤ ᠬᠦᠷᠴᠦ᠍ ᠲᠤᠬᠠᠶ᠎ᠶ᠋ᠢᠨ ᠲᠠᠯᠠᠪᠠᠢ ᠶ᠋ᠢᠨ ᠵᠢᠯᠣᠭᠤᠳᠣᠯᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ ᠠᠵᠤ ᠠᠬᠤᠢᠯᠠᠯ᠎ᠢ ᠪᠥᠬᠦ᠌ ᠲᠠᠯ᠎ᠠ᠎ᠪᠠᠷ ᠬᠠᠪᠰᠤᠷᠤᠨ ᠲᠦᠭ᠌ᠰᠢᠭᠦᠷᠢ᠎ᠠᠴᠠ ᠵᠠᠢᠯᠠᠭᠤᠯᠪᠠ; ᠰᠦ᠎ᠶ᠋ᠢᠨ ᠪᠦᠲᠦᠭᠡᠭ᠌ᠳᠡᠬᠦᠨ ᠵᠡᠷᠭᠡ ᠢᠳᠡᠭᠡᠨ᠎ᠤ ᠦᠢᠯᠡᠳᠪᠦᠷᠢᠯᠡᠯ᠎ᠤᠨ ᠵᠥᠪᠱᠢᠶᠡᠷᠡᠯ᠎ᠤᠨ ᠲᠦᠭ᠌ᠰᠢᠭᠦᠷᠢ ᠶᠡᠬᠡᠲᠡᠶ ᠲᠥᠷᠥᠯ᠎ᠳᠤ ᠴᠢᠭ᠌ᠯᠡᠭᠦᠯᠦᠨ᠂ ᠬᠠᠤᠯᠢ ᠴᠠᠭᠠᠵᠠ ᠬᠠᠤᠯᠢ ᠲᠣᠭ᠍ᠲᠠᠭᠠᠯ᠂ ᠬᠢᠨᠠᠨ ᠪᠠᠢᠴᠠᠭᠠᠯᠲᠠ᠎ᠶ᠋ᠢᠨ ᠵᠢᠷᠤᠮᠵᠢᠯ ᠵᠢᠴᠢ ᠦᠢᠯᠡᠳᠬᠦᠨ᠎ᠤ ᠬᠡᠷᠡᠭ᠌ᠵᠢᠭᠦᠯᠬᠦ᠌ ᠪᠠᠷᠢᠮᠵᠢᠶ᠎ᠠ᠎ᠶ᠋ᠢᠨ ᠴᠢᠭ᠌ᠯᠡᠯᠲᠦ ᠴᠢᠨᠠᠷ᠂ ᠲᠥᠷᠥ᠎ᠶ᠋ᠢᠨ ᠪᠣᠳᠣᠯᠭ᠎ᠠ᠎ᠶ᠋ᠢᠨ ᠴᠢᠨᠠᠷ᠂ ᠮᠡᠷᠭᠡᠵᠢᠯ᠎ᠤᠨ ᠴᠢᠨᠠᠷ᠂ ᠵᠠᠷᠴᠢᠮᠲᠤ ᠴᠢᠨᠠᠷ ᠵᠡᠷᠭᠡ᠎ᠶ᠋ᠢᠨ ᠲᠣᠭᠤᠷᠢᠨ᠎ᠳᠤ ᠲᠤᠬᠠᠶ᠎ᠶ᠋ᠢᠨ ᠲᠠᠯᠠᠪᠠᠢ ᠶ᠋ᠢᠨ ᠵᠢᠯᠣᠭᠤᠳᠣᠯᠭ᠎ᠠ ᠵᠢᠴᠢ ᠲᠤᠰᠭᠠᠶ ᠮᠡᠷᠭᠡᠵᠢᠯ᠎ᠤᠨ ᠪᠣᠯᠪᠠᠰᠣᠷᠠᠯ᠎ᠢ ᠥᠷᠨᠢᠭᠦᠯᠵᠦ᠍᠂ ᠥᠨᠳᠥᠷ ᠪᠦᠲᠦᠮᠵᠢᠲᠡᠶ᠎ᠪᠠᠷ ᠬᠠᠪᠰᠤᠷᠤᠨ ᠲᠡᠳᠬᠦᠬᠦ᠂ ᠨᠠᠷᠢᠯᠢᠭ ᠣᠨᠣᠪᠴᠢᠲᠠᠢ᠎ᠪᠠᠷ ᠦᠢᠯᠡᠴᠢᠯᠡᠬᠦ᠌᠎ᠶ᠋ᠢ ᠦᠨᠡᠨ ᠬᠦ᠌ ᠪᠡᠶᠡᠯᠡᠭᠦᠯᠪᠡ᠃
《ᠦᠨᠡᠮᠯᠡᠯ ᠠᠪᠬᠤ᠎ᠠᠴᠠ ᠡᠮᠦᠨᠡᠬᠢ ᠵᠢᠯᠣᠭᠣᠳᠤᠯᠭ᠎ᠠ》 ᠡᠨᠡ ᠬᠦ᠌ ᠱᠢᠨ᠎ᠡ᠎ᠶ᠋ᠢ ᠡᠭᠦᠳᠬᠦ᠌ ᠦᠢᠯᠡᠳᠦᠯᠭᠡ᠎ᠪᠠᠷ ᠳᠠᠮᠵᠢᠭᠤᠯᠤᠨ᠂ ᠠᠵᠤ ᠠᠬᠤᠢᠯᠠᠯ᠎ᠤᠨ ᠰᠠᠢᠨ ᠦᠨᠡᠯᠡᠯᠲᠡ᠎ᠶ᠋ᠢ ᠣᠯᠤᠭ᠍ᠰᠠᠨ᠎ᠢᠶᠠᠷ ᠪᠠᠷᠠᠬᠤ ᠦᠭᠡᠢ ᠪᠠᠰᠠ ᠵᠠᠰᠠᠭ᠎ᠤᠨ ᠶᠠᠪᠤᠳᠠᠯ᠎ᠤᠨ ᠦᠢᠯᠡᠴᠢᠯᠡᠭᠡ᠎ᠶ᠋ᠢ ᠤᠯᠠᠮ ᠨᠢᠭᠡ ᠠᠯᠬᠤᠮ ᠱᠢᠯᠢᠳᠡᠭ᠌ᠵᠢᠭᠦᠯᠬᠦ᠌᠎ᠳᠤ ᠠᠮᠵᠢᠯᠲᠠ᠎ᠲᠠᠢ ᠲᠤᠷᠱᠢᠯᠭ᠎ᠠ ᠪᠠ ᠥᠭᠡᠷᠡᠴᠢᠯᠡᠯᠲᠡ᠎ᠶ᠋ᠢᠨ ᠴᠢᠭ᠌ᠯᠡᠯ᠎ᠢ ᠬᠠᠩᠭᠠᠵᠠᠢ᠃ ᠡᠨᠡ ᠵᠢᠯ᠎ᠠᠴᠠ ᠨᠠᠭᠠᠰᠢ᠂ ᠤᠯᠠᠭᠠᠨᠬᠠᠳᠠ ᠬᠤᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠨᠡᠢᠲᠡ 80ᠬᠤᠪᠢ ᠢᠳᠡᠭᠡᠨ᠎ᠤ ᠵᠦᠢᠯ᠎ᠤᠨ ᠦᠢᠯᠡᠳᠪᠦᠷᠢᠯᠡᠯ᠎ᠤᠨ ᠵᠥᠪᠱᠢᠶᠡᠷᠡᠯ᠎ᠤᠨ ᠭᠤᠶᠤᠴᠢᠯᠠᠯ᠎ᠢ ᠭᠥᠯᠢᠶᠡᠨ ᠠᠪᠴᠤ᠌᠂ 80 ᠬᠤᠪᠢ᠎ᠶ᠋ᠢ᠎ᠨᠢ ᠱᠢᠢᠳᠪᠦᠷᠢᠯᠡᠨ ᠳᠠᠭᠤᠰᠭᠠᠵᠤ᠂ 10 ᠡᠷᠣᠬᠡ ᠢᠳᠡᠭᠡᠨ᠎ᠤ ᠵᠦᠢᠯ᠎ᠤᠨ ᠦᠢᠯᠡᠳᠪᠦᠷᠢᠯᠡᠯ᠎ᠤᠨ ᠠᠵᠤ ᠠᠬᠤᠢᠯᠠᠯ᠎ᠤᠨ ᠬᠦᠰᠡᠯ ᠱᠠᠭᠠᠷᠳᠠᠯᠭ᠎ᠠ᠎ᠶ᠋ᠢ ᠴᠤᠭ᠍ᠯᠠᠭᠤᠯᠵᠤ᠂ 110 ᠬᠤᠪᠢ ᠠᠰᠠᠭᠤᠳᠠᠯ᠎ᠢ ᠨᠢᠭᠤᠷᠳᠠᠨ ᠱᠢᠢᠳᠪᠦᠷᠢᠯᠡᠪᠡ᠃ ᠡᠭᠦᠨ᠎ᠤ ᠬᠠᠮᠲᠤ᠌᠂ 《ᠦᠨᠡᠮᠯᠡᠯ ᠠᠪᠬᠤ᠎ᠠᠴᠠ ᠡᠮᠦᠨᠡᠬᠢ ᠵᠢᠯᠣᠭᠣᠳᠤᠯᠭ᠎ᠠ》᠎ᠶ᠋ᠢᠨ ᠦᠢᠯᠡᠴᠢᠯᠡᠭᠡ᠎ᠪᠠᠷ ᠳᠠᠮᠵᠢᠭᠤᠯᠤᠨ 41 ᠠᠵᠤ ᠠᠬᠤᠢᠯᠠᠯ᠎ᠳᠤ ᠵᠥᠪᠯᠡᠯᠭᠡ ᠥᠭ᠌ᠬᠦ ᠦᠢᠯᠡᠴᠢᠯᠡᠭᠡ ᠬᠠᠩᠭᠠᠵᠤ᠂ ᠠᠵᠤ ᠠᠬᠤᠢᠯᠠᠯ ᠣᠯᠠᠨ ᠲᠦᠮᠡᠨ᠎ᠤ ᠬᠠᠨᠤᠮᠵᠢ᠎ᠶ᠋ᠢᠨ ᠨᠣᠷᠮ᠎ᠠ᠎ᠨᠢ 100%᠎ᠳᠤ ᠬᠦᠷᠪᠡ; 9 ᠡᠷᠣᠬᠡ ᠴᠠᠭᠠᠨ ᠢᠳᠡᠭᠡᠨ᠎ᠤ ᠠᠵᠤ ᠠᠬᠤᠢᠯᠠᠯ᠎ᠳᠤ 2 ᠤᠳᠠᠭ᠎ᠠ ᠴᠠᠭᠠᠨ ᠢᠳᠡᠭᠡᠨ᠎ᠤ ᠲᠤᠰᠭᠠᠶ ᠦᠨᠡᠮᠯᠡᠯ ᠬᠠᠩᠭᠠᠬᠤ᠎ᠠᠴᠠ ᠡᠮᠦᠨᠡᠬᠢ ᠪᠣᠯᠪᠠᠰᠤᠷᠠᠯ ᠵᠢᠴᠢ ᠲᠤᠬᠠᠶ᠎ᠶ᠋ᠢᠨ ᠲᠠᠯᠠᠪᠠᠢ ᠶ᠋ᠢᠨ ᠵᠢᠯᠣᠭᠤᠳᠭᠤ ᠦᠢᠯᠡᠴᠢᠯᠡᠭᠡ ᠬᠠᠩᠭᠠᠭ᠍ᠰᠠᠨ ᠪᠥᠭᠡᠳ 《ᠦᠵᠡᠮᠡᠭ᠌ᠴᠡ ᠮᠡᠳᠡᠵᠦ᠍᠂ ᠪᠠᠢᠴᠠᠭᠠᠮᠠᠭ᠍ᠴᠠ ᠣᠢᠯᠠᠭᠠᠬᠤ》 《ᠤᠯᠠᠭᠠᠨᠬᠠᠳᠠ ᠬᠤᠲᠠ᠎ᠶ᠋ᠢᠨ ᠴᠠᠭᠠᠨ ᠢᠳᠡᠭᠡᠨ᠎ᠤ ᠦᠢᠯᠡᠳᠪᠦᠷᠢᠯᠡᠯ᠎ᠤᠨ ᠠᠵᠤ ᠠᠬᠤᠢᠯᠠᠯ ᠡᠷᠬᠢᠯᠡᠭ᠌ᠰᠡᠨ ᠲᠥᠷᠥ᠎ᠶ᠋ᠢᠨ ᠪᠣᠳᠣᠯᠭ᠎ᠠ᠎ᠶ᠋ᠢᠨ ᠡᠮᠬᠢᠳᠭᠡᠯ》᠎ᠤᠨ ᠵᠢᠯᠣᠭᠤᠳᠤᠮᠵᠢ᠎ᠶ᠋ᠢᠨ ᠳᠡᠪᠲᠡᠷ᠎ᠢ ᠬᠠᠩᠭᠠᠵᠤ᠂ ᠠᠵᠤ ᠠᠬᠤᠢᠯᠠᠯ᠎ᠤᠨ ᠵᠥᠪᠱᠢᠶᠡᠷᠡᠯ᠎ᠢ ᠣᠯᠪᠠ᠃