2025 ᠣᠨ᠎ᠳᠤ᠂ ᠢᠲᠡᠭᠡᠮᠵᠢ᠎ᠶ᠋ᠢᠨ ᠲᠤᠭᠲᠠᠯᠴᠠᠭ᠎ᠠ᠎ᠶᠢᠨ ᠪᠠᠢᠭᠤᠯᠤᠯᠲᠠ᠎ᠪᠠᠷ ᠭᠠᠷᠳᠠᠴᠠ ᠪᠣᠯᠭᠠᠵᠤ᠂ 《ᠰᠡᠳᠭᠢᠯ ᠲᠠᠯᠪᠢᠬᠤ᠂ ᠬᠦᠴᠦᠯᠡᠬᠦ᠂ ᠴᠢᠷᠮᠠᠢ᠌ᠨ ᠠᠵᠢᠯᠯᠠᠬᠤ》 ᠭᠤᠷᠪᠠᠨ ᠬᠡᠮᠵᠢᠯᠳᠦ ᠠᠵᠢᠯ᠎ᠤᠨ ᠠᠷᠭ᠎ᠠ᠎ᠶ᠋ᠢ ᠱᠢᠨ᠎ᠡ᠎ᠪᠠᠷ ᠡᠭᠦᠳᠦᠨ ᠭᠠᠷᠭᠠᠵᠤ᠂ ᠡᠵᠡᠩᠨᠡᠯᠲᠡ᠎ᠶ᠋ᠢᠨ ᠭᠤᠣᠯ ᠴᠣᠭ᠍ᠴᠠ᠎ᠶ᠋ᠢᠨ ᠢᠲᠡᠭᠡᠮᠵᠢ᠎ᠶ᠋ᠢᠨ ᠬᠠᠮᠢᠶᠠᠷᠤᠯᠲᠠ᠂ ᠰᠡᠷᠭᠦᠭᠡᠯᠲᠡ᠂ ᠪᠡᠯᠡᠨ ᠮᠦᠩᠭᠦ ᠪᠤᠯᠭ᠋ᠠᠬᠤ ᠳᠣᠮᠳᠠᠬᠢ ᠬᠦᠴᠢᠷ ᠠᠰᠠᠭᠤᠳᠠᠯ᠎ᠢ ᠨᠠᠷᠢᠯᠢᠭ ᠣᠨᠣᠪᠴᠢᠲᠠᠢ ᠱᠢᠢᠳᠪᠦᠷᠢᠯᠡᠵᠦ᠍᠂ ᠢᠲᠡᠭᠡᠮᠵᠢ ᠪᠠᠷ ᠬᠦᠴᠦᠨ ᠨᠡᠮᠡᠷᠢᠯᠡᠬᠦ᠎ᠪᠡᠷ ᠪᠦᠬᠦ᠌ ᠬᠤᠳᠠ᠎ᠶ᠋ᠢᠨ ᠬᠤᠳᠠᠯᠳᠤᠭ᠎ᠠ ᠡᠵᠡᠩᠨᠡᠯᠲᠡ᠎ᠶᠢᠨ ᠣᠷᠴᠢᠨ ᠲᠣᠭᠤᠷᠢᠨ᠎ᠢ ᠱᠢᠯᠢᠳᠡᠭ᠌ᠵᠢᠭᠦᠯᠬᠦ᠌᠎ᠳᠤ ᠲᠠᠰᠤᠷᠠᠯᠳᠡ ᠦᠭᠡᠢ ᠬᠥᠳᠡᠯᠭᠡᠬᠦ᠌ ᠬᠦᠴᠦᠨ ᠨᠡᠮᠡᠷᠢᠯᠡᠪᠡ᠃
ᠨᠢᠭᠡ᠎ᠳᠤ᠂ ᠢᠲᠡᠭᠡᠮᠵᠢ᠎ᠶ᠋ᠢᠨ ᠦᠢᠯᠡᠴᠢᠯᠡᠭᠡᠨ᠎ᠤ ᠲᠤᠭᠲᠠᠯᠴᠠᠭ᠎ᠠ᠎ᠶ᠋ᠢ 《ᠰᠡᠳᠭᠢᠯ ᠲᠠᠯᠪᠢᠨ》 ᠱᠢᠯᠢᠳᠡᠭ᠌ᠵᠢᠭᠦᠯᠵᠦ᠍᠂ ᠲᠣᠭ᠍ᠲᠠᠭᠠᠯ᠎ᠳᠤ ᠨᠡᠢᠴᠡᠬᠦ᠌ ᠡᠵᠡᠩᠨᠡᠯᠲᠡ᠎ᠶ᠋ᠢᠨ ᠰᠠᠭᠤᠷᠢ᠎ᠶ᠋ᠢ ᠪᠡᠬᠢᠵᠢᠭᠤᠯᠤᠨᠠ᠃ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢᠨ ᠢᠲᠡᠭᠡᠯ ᠠᠯᠳᠠᠭ᠍ᠰᠠᠨᠤ ᠳᠠᠷᠠᠭᠠᠬᠢ ᠠᠯᠳᠠᠭ᠎ᠠ ᠪᠤᠷᠤᠭᠤ᠎ᠪᠠᠨ ᠵᠠᠯᠠᠷᠠᠭᠤᠯᠤᠭ᠍ᠰᠠᠨ ᠪᠠ ᠲᠣᠭ᠍ᠲᠠᠭᠠᠯ᠎ᠳᠤ ᠨᠡᠢᠴᠡᠬᠦ᠌ ᠴᠢᠭ᠌ᠯᠡᠯ ᠥᠬᠡᠶ ᠵᠡᠷᠭᠡ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠵᠠᠰᠠᠭ ᠵᠠᠬᠢᠷᠭᠠᠨ᠎ᠤ ᠱᠢᠢᠳᠭᠡᠯ᠎ᠤᠨ ᠲᠣᠭ᠍ᠲᠠᠭᠠᠯ᠎ᠤᠨ ᠪᠢᠴᠢᠭ᠂ ᠢᠲᠡᠭᠡᠮᠵᠢ᠎ᠶ᠋ᠢ ᠰᠡᠷᠭᠦᠭᠡᠬᠦ᠌ ᠮᠡᠳᠡᠭ᠌ᠳᠡᠯ᠎ᠤᠨ ᠪᠢᠴᠢᠭ ᠪᠠ ᠲᠣᠭ᠍ᠲᠠᠭᠠᠯ᠎ᠳᠤ ᠨᠡᠢᠴᠡᠭᠦ ᠪᠠᠢᠭᠤᠯᠤᠯᠲᠠ᠎ᠶ᠋ᠢᠨ ᠰᠠᠨᠠᠭᠤᠯᠤᠮᠵᠢ᠎ᠶ᠋ᠢᠨ ᠪᠢᠴᠢᠭ ᠵᠡᠷᠭᠡ 《ᠭᠤᠷᠪᠠᠨ ᠪᠢᠴᠢᠭ᠎ᠢ ᠵᠡᠷᠭᠡ ᠪᠡᠷ ᠬᠦᠷᠭᠡᠬᠦ᠌》 ᠲᠤᠭᠲᠠᠯᠴᠠᠭ᠎ᠠ᠎ᠶ᠋ᠢ ᠪᠥᠬᠦ᠌ ᠲᠠᠯ᠎ᠠ᠎ᠪᠠᠷ ᠬᠡᠷᠡᠭ᠌ᠵᠢᠭᠦᠯᠵᠦ᠍᠂ ᠢᠲᠡᠭᠡᠮᠵᠢ᠎ᠶ᠋ᠢᠨ ᠦᠢᠯᠡᠴᠢᠯᠡᠭᠡ᠎ᠶ᠋ᠢ ᠬᠠᠤᠯᠢ ᠬᠡᠷᠡᠭ᠌ᠵᠢᠭᠦᠯᠵᠦ᠍ ᠬᠡᠷᠡᠭ ᠱᠢᠢᠳᠪᠦᠷᠢᠯᠡᠬᠦ᠌ ᠪᠥᠬᠦ᠌ ᠶᠠᠪᠤᠴᠠ᠎ᠳᠤ ᠱᠢᠭᠢᠳᠭᠡᠨ ᠣᠷᠣᠭᠣᠯᠪᠠ᠃ ᠵᠠᠰᠠᠭ ᠵᠠᠬᠢᠷᠭᠠᠨ᠎ᠤ ᠱᠢᠢᠳᠭᠡᠯ ᠥᠭ᠌ᠬᠦ᠎ᠶᠢᠨ ᠬᠠᠮᠲᠤ᠌᠂ ᠰᠠᠨᠠᠭᠠᠴᠢᠯᠠᠭ᠎ᠠ᠎ᠠᠴᠠ᠎ᠪᠠᠨ ᠡᠵᠡᠩᠨᠡᠯᠲᠡ᠎ᠶ᠋ᠢᠨ ᠭᠤᠤᠯ ᠴᠣᠭ᠍ᠴᠠ᠎ᠳᠦ ᠢᠲᠡᠭᠡᠮᠵᠢ᠎ᠶ᠋ᠢ ᠰᠡᠷᠭᠦᠭᠡᠬᠦ᠌ ᠨᠥᠬᠦᠴᠡᠯ᠂ ᠠᠷᠭ᠎ᠠ ᠵᠠᠮ᠂ ᠴᠠᠭ᠎ᠤᠨ ᠬᠢᠵᠠᠭᠠᠷ᠎ᠢ ᠲᠠᠢᠯᠪᠤᠷᠢᠯᠠᠨ ᠥᠭ᠌ᠴᠦ᠂ ᠲᠣᠭ᠍ᠲᠠᠭᠠᠯ᠎ᠳᠤ ᠨᠡᠢᠴᠡᠭᠦᠯᠦᠨ ᠡᠵᠡᠩᠨᠡᠬᠦ ᠪᠣᠳᠠᠲᠠᠶ ᠱᠠᠭᠠᠷᠳᠠᠯᠭ᠎ᠠ᠎ᠶ᠋ᠢ ᠲᠤᠳᠤᠷᠬᠠᠢ᠌ᠯᠠᠵᠦ᠂ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢ ᠬᠥᠲᠥᠯᠦᠨ ᠵᠢᠯᠣᠭᠤᠳᠴᠤ᠌ ᠪᠠᠢᠭᠠᠳ ᠰᠠᠨᠠᠭ᠋ᠠᠴᠢᠯᠠᠭ᠎ᠠ ᠦᠭᠡᠢ᠎ᠪᠡᠷ ᠰᠢᠢ᠍ᠳᠭᠡᠯ ᠬᠦᠯᠢᠶᠡᠬᠦ᠎ᠡᠴᠡ ᠰᠠᠨᠠᠭ᠋ᠠᠴᠢᠯᠠᠭ᠎ᠠ᠎ᠠᠴᠠ᠎ᠪᠠᠨ ᠬᠠᠤᠯᠢ᠎ᠶ᠋ᠢ ᠵᠥᠷᠢᠴᠡᠨ ᠢᠲᠡᠭᠡᠯ ᠠᠯᠳᠠᠭ᠍ᠰᠠᠨ ᠦᠢᠯᠡ ᠠᠵᠢᠯᠯᠠᠭ᠎ᠠ᠎ᠶ᠋ᠢ᠎ᠪᠠᠨ ᠵᠠᠯᠠᠷᠠᠭᠤᠯᠬᠤ ᠲᠡᠢᠰᠢ ᠬᠤᠪᠢᠷᠠᠭᠤᠯᠵᠤ᠂ 《ᠥᠪᠡᠷ᠎ᠢ᠎ᠪᠠᠨ ᠪᠤᠷᠤᠭᠤ᠎ᠪᠠᠨ ᠵᠠᠯᠠᠷᠠᠭᠤᠯᠵᠤ᠂ ᠢᠲᠡᠭᠡᠮᠵᠢᠲᠡᠢ ᠪᠦᠭᠡᠳ ᠲᠤᠭᠲᠠᠭ᠋ᠠᠯ᠎ᠳᠤ ᠨᠡᠢ᠌ᠴᠡᠬᠦ》 ᠰᠠᠢᠨ ᠰᠠᠢᠬᠠᠨ ᠢᠲᠡᠭᠡᠮᠵᠢ᠎ᠶ᠋ᠢᠨ ᠬᠠᠮᠢᠶᠠᠷᠤᠯᠲᠠ᠎ᠶ᠋ᠢᠨ ᠠᠮᠢ ᠠᠬᠤᠶ᠎ᠶ᠋ᠢ ᠪᠠᠢ᠌ᠭᠤᠯᠪᠠ᠃ 2025 ᠣᠨ᠎ᠳᠤ᠂ 《ᠭᠤᠷᠪᠠᠨ ᠪᠢᠴᠢᠭ᠎ᠢ ᠵᠡᠷᠭᠡ᠎ᠪᠠᠷ ᠬᠦᠷᠭᠡᠬᠦ᠌》 ᠬᠠᠮᠢᠶ᠎ᠠ ᠪᠥᠬᠦᠶ ᠲᠤᠬᠠᠢᠯᠠᠭ᠍ᠰᠠᠨ ᠠᠵᠢᠯ᠎ᠢ ᠨᠡᠢᠲᠡ 6 ᠬᠤᠪᠢ ᠭᠦᠢᠴᠡᠳᠭᠡᠵᠦ᠍᠂ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢᠨ ᠢᠲᠡᠭᠡᠮᠵᠢ᠎ᠶ᠋ᠢᠨ ᠲᠣᠭ᠍ᠲᠠᠭᠠᠯ᠎ᠳᠤ ᠨᠡᠢᠴᠡᠬᠦ᠌ ᠤᠬᠠᠮᠰᠠᠷ᠎ᠢ ᠪᠦᠲᠦᠮᠵᠢᠲᠡᠶ ᠳᠡᠭᠡᠭ᠌ᠰᠢᠯᠡᠭᠦᠯᠪᠡ᠃
ᠬᠤᠶᠠᠷ᠎ᠲᠤ᠌᠂ ᠢᠲᠡᠭᠡᠮᠵᠢ᠎ᠶ᠋ᠢ ᠰᠡᠷᠭᠦᠭᠡᠬᠦ᠌ ᠠᠷᠭ᠎ᠠ ᠬᠡᠮᠵᠢᠶ᠎ᠡ᠎ᠶ᠋ᠢ 《ᠬᠦᠴᠦᠯᠡᠨ》ᠲᠡᠭᠦᠯᠳᠡᠷᠵᠢᠭᠦᠯᠵᠦ᠍᠂ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢᠨ ᠠᠮᠢᠵᠢᠷᠠᠯ᠎ᠤᠨ ᠬᠦᠴᠦᠨ᠎ᠢ ᠬᠥᠭ᠌ᠵᠢᠭᠡᠨ᠎ᠡ᠃ 《ᠪᠠᠭ᠍ᠲᠠᠭᠠᠮᠵᠢᠲᠠᠶ ᠪᠦᠭᠡᠳ ᠪᠣᠯᠭᠤᠮᠵᠢᠲᠠᠶ᠂ ᠠᠷᠠᠳ᠎ᠲᠤ ᠲᠥᠬᠦᠮ ᠦᠵᠡᠭᠦᠯᠬᠦ ᠪᠦᠭᠡᠳ ᠥᠨᠳᠥᠷ ᠪᠦᠲᠦᠮᠵᠢᠲᠡᠶ ᠪᠠᠢᠯᠭᠠᠬᠤ》 ᠣᠢ᠌ᠯᠠᠭ᠋ᠠᠭᠳᠠᠬᠤᠨ᠎ᠢ ᠪᠠᠷᠢᠮᠲᠠᠯᠠᠵᠤ᠂ 《ᠬᠠᠮᠤᠭ ᠠᠷᠪᠢᠨ᠎ᠳᠤ᠎ᠪᠠᠨ ᠨᠢᠭᠡ ᠤᠳᠠᠭ᠎ᠠ ᠭᠦᠶᠦᠬᠦ᠌》 ᠦᠢᠯᠡᠴᠢᠯᠡᠭᠡᠨ᠎ᠤ ᠠᠮᠠᠯᠠᠯᠲᠠ᠎ᠶ᠋ᠢ ᠦᠢᠯᠡᠳᠦᠯᠭᠡᠵᠢᠭᠦᠯᠵᠦ᠍᠂ 《ᠳᠤᠲᠠᠭᠤ᠎ᠶ᠋ᠢ ᠠᠭᠤᠴᠢᠯᠠᠬᠤ+ᠠᠮᠠᠯᠠᠯᠲᠠ᠎ᠶ᠋ᠢ ᠭᠦᠢᠴᠡᠳᠭᠡᠬᠦ᠌》 ᠢᠲᠡᠭᠡᠮᠵᠢ᠎ᠶ᠋ᠢ ᠰᠡᠷᠭᠦᠭᠡᠬᠦ᠌ ᠦᠢᠯᠡᠴᠢᠯᠡᠭᠡᠨ᠎ᠤ ᠵᠠᠭ᠍ᠪᠤᠷ᠎ᠢ ᠨᠡᠢ᠌ᠲᠡᠯᠡᠪᠡ᠃ ᠡᠵᠡᠩᠨᠡᠯᠲᠡ᠎ᠶ᠋ᠢᠨ ᠬᠡᠪ᠎ᠤᠨ ᠪᠤᠰᠤ ᠨᠡᠷᠡᠰ᠎ᠤᠨ ᠵᠢᠭ᠍ᠰᠠᠭᠠᠯᠲᠠ᠎ᠳᠤ ᠣᠷᠣᠭ᠍ᠰᠠᠨ ᠪᠤᠶᠤ ᠬᠦᠨᠳᠦ ᠨᠣᠴᠢᠲᠠᠶ ᠬᠠᠤᠯᠢ᠎ᠶᠢ ᠵᠥᠷᠢᠴᠡᠵᠦ᠍ ᠢᠲᠡᠭᠡᠮᠵᠢ ᠠᠯᠳᠠᠭ᠍ᠰᠠᠨ ᠨᠡᠷᠡᠰ᠎ᠤᠨ ᠵᠢᠭ᠍ᠰᠠᠭᠠᠯᠲᠠ᠎ᠳᠤ ᠣᠷᠣᠭᠰᠠᠨ ᠪᠠᠢ᠌ᠳᠡᠯᠳᠤ 《ᠳᠤᠲᠠᠭᠤ᠎ᠶ᠋ᠢ ᠭᠥᠯᠢᠶᠡᠨ ᠠᠪᠴᠤ᠌ ᠱᠢᠢᠳᠪᠦᠷᠢᠯᠡᠬᠦ᠌》 ᠢᠲᠡᠭᠡᠮᠵᠢ᠎ᠶᠢ ᠰᠡᠷᠭᠦᠭᠡᠬᠦ ᠦᠢ᠍ᠯᠡᠴᠢᠯᠡᠭᠡ᠎ᠶᠢ ᠬᠡᠷᠡᠭᠵᠢᠭᠦᠯᠪᠡ᠃ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠤᠨ ᠡᠵᠡᠮᠱᠢᠭ᠌ᠰᠡᠨ ᠮᠡᠳᠡᠭᠡ ᠵᠠᠩᠭᠢ᠎ᠶᠢ ᠭᠤᠶᠤᠴᠢᠯᠠᠭ᠍ᠴᠢ᠎ᠶ᠋ᠢ ᠳᠠᠪᠬᠤᠷᠳᠠᠭᠤᠯᠤᠨ ᠲᠤᠱᠢᠶᠠᠬᠤ᠎ᠶ᠋ᠢ ᠱᠠᠭᠠᠷᠳᠠᠬᠤ ᠦᠭᠡᠢ᠂ ᠱᠢᠢᠳᠪᠦᠷᠢᠯᠡᠬᠦ᠌ ᠴᠠᠭ᠎ᠤᠨ ᠬᠢᠵᠠᠭᠠᠷ᠎ᠢ ᠶᠡᠭᠡ᠎ᠪᠠᠷ ᠪᠠᠭᠠᠰᠭᠠᠵᠤ᠂ ᠭᠦᠶᠦᠬᠦ᠌ ᠤᠳᠠᠭ᠎ᠠ᠎ᠶ᠋ᠢ ᠪᠠᠭ᠋ᠠᠰᠬᠠᠪᠠ᠃ 2025 ᠣᠨ᠎ᠳᠤ᠂ ᠪᠥᠬᠦ᠌ ᠬᠤᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠤᠳ ᠨᠡᠢᠲᠡ 924 ᠡᠷᠦᠬᠡ ᠢᠲᠡᠭᠡᠮᠵᠢ ᠠᠯᠳᠠᠭ᠍ᠰᠠᠨ ᠠᠵᠤ ᠠᠬᠤᠢᠯᠠᠯ᠎ᠤᠨ ᠢᠲᠡᠭᠡᠮᠵᠢ᠎ᠶ᠋ᠢ ᠨᠢ ᠰᠡᠷᠭᠦᠭᠡᠵᠦ᠍᠂ ᠲᠡᠳᠡᠨᠦᠰ᠎ᠦᠨ ᠵᠠᠬ᠎ᠠ ᠳᠡᠯᠭᠡᠭᠦᠷ᠎ᠤᠨ ᠢᠲᠡᠭᠡᠮᠵᠢ᠎ᠶ᠋ᠢ ᠳᠠᠬᠢᠨ ᠪᠣᠶ ᠪᠣᠯᠭᠠᠵᠤ᠂ ᠬᠡᠪ᠎ᠤᠨ ᠦᠢᠯᠡᠳᠪᠦᠷᠢᠯᠡᠯ ᠡᠵᠡᠩᠨᠡᠯᠲᠡ᠎ᠶ᠋ᠢ ᠰᠡᠷᠭᠦᠭᠡᠬᠦ᠌᠎ᠳᠤ ᠬᠦᠴᠦᠨ ᠨᠡᠮᠡᠷᠢᠯᠡᠵᠦ᠍᠂ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢᠨ 《ᠪᠡᠶ᠎ᠡ ᠬᠦᠩᠭᠡᠨ᠎ᠢᠶᠡᠷ ᠪᠠᠢ᠌ᠯᠳᠤᠭ᠋ᠠᠨ᠎ᠳᠤ ᠣᠷᠣᠯᠴᠠᠬᠤ》᠎ᠶ᠋ᠢ ᠪᠠᠲᠤᠯᠠᠪᠠ᠃
ᠭᠤᠷᠪᠠ᠎ᠳᠤ᠂ 《ᠴᠢᠷᠮᠠᠢᠨ ᠠᠵᠢᠯᠯᠠᠨ》 ᠢᠲᠡᠭᠡᠮᠵᠢ᠎ᠶ᠋ᠢᠨ ᠦᠷᠳᠡᠭ ᠨᠡᠮᠡᠭ᠌ᠳᠡᠬᠦ᠌ ᠪᠠ ᠪᠡᠯᠡᠨ ᠮᠦᠩᠭᠦ ᠪᠤᠯᠭ᠋ᠠᠬᠤ᠎ᠶ᠋ᠢ ᠠᠬᠢᠭᠤᠯᠵᠤ᠂ ᠪᠡᠯᠡ ᠮᠥᠩᠭᠦ᠌ ᠴᠤᠭ᠍ᠯᠠᠭᠤᠯᠬᠤ ᠲᠦᠭ᠌ᠵᠢᠷᠡᠯ᠎ᠤᠨ ᠬᠦᠴᠢᠷ ᠠᠰᠠᠭᠤᠳᠠᠯ᠎ᠢ ᠱᠢᠢᠳᠪᠦᠷᠢᠯᠡᠨ᠎ᠡ᠃ ᠵᠢᠵᠢᠭ ᠪᠢᠴᠢᠯ ᠠᠵᠤ ᠠᠬᠤᠢᠯᠠᠯ᠂ ᠬᠤᠪᠢ᠎ᠶ᠋ᠢᠨ ᠦᠢᠯᠡᠳᠪᠦᠷᠢ ᠬᠤᠳᠠᠯᠳᠤᠭᠠᠨ᠎ᠤ ᠡᠷᠦᠬᠡ᠎ᠶ᠋ᠢᠨ 《ᠪᠡᠯᠡ ᠮᠦᠩᠭᠦ ᠣᠷᠣᠭᠤᠯᠬᠤ᠎ᠳᠤ ᠬᠦᠴᠢᠷ᠂ ᠪᠡᠯᠡ ᠮᠦᠩᠭᠦ ᠣᠷᠣᠭᠤᠯᠬᠤ᠎ᠳᠤ ᠦᠨᠡᠲᠡᠢ᠂ ᠪᠡᠯᠡ ᠮᠦᠩᠭᠦ ᠣᠷᠣᠭᠤᠯᠬᠤ᠎ᠳᠤ ᠤᠳᠠᠭᠠᠨ》 ᠪᠠᠢᠬᠤ ᠡᠪᠡᠷᠱᠢᠶᠡᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠵᠠᠰᠠᠭ ᠪᠠ ᠪᠠᠩᠬᠢ᠎ᠶ᠋ᠢᠨ ᠬᠠᠮᠲᠤᠷᠠᠯᠴᠠᠭ᠎ᠠ᠎ᠶ᠋ᠢ ᠭᠦᠨᠵᠡᠭᠡᠢ᠌ᠷᠡᠭᠦᠯᠵᠦ᠂ ᠢᠲᠡᠭᠡᠮᠵᠢ᠎ᠶ᠋ᠢᠨ ᠲᠤᠭ᠎ᠠ ᠪᠠᠷᠢᠮᠲᠠ᠎ᠶ᠋ᠢ ᠬᠠᠮᠲᠤ ᠪᠠᠷ ᠡᠳ᠋ᠯᠡᠬᠦ᠌ ᠬᠥᠭᠦᠷᠭᠡ᠎ᠶ᠋ᠢ ᠪᠠᠢᠭᠤᠯᠵᠤ᠂ ᠮᠥᠩᠭᠦᠨ ᠭᠦᠢᠯᠭᠡᠭᠡᠨ᠎ᠤ ᠰᠠᠯᠠᠭ᠎ᠠ ᠮᠥᠴᠢᠷ᠎ᠯᠦᠭᠡ ᠪᠠᠢᠩᠭᠤ᠎ᠶ᠋ᠢᠨ ᠢᠲᠡᠭᠡᠮᠵᠢ᠎ᠶ᠋ᠢᠨ ᠮᠡᠳᠡᠭᠡ ᠵᠠᠩᠭᠢ᠎ᠶ᠋ᠢ ᠬᠠᠮᠲᠤ ᠪᠠᠷ ᠡᠳ᠋ᠯᠡᠬᠦ᠌ ᠲᠤᠭᠲᠠᠯᠴᠠᠭ᠎ᠠ᠎ᠶ᠋ᠢ ᠪᠠᠢᠭᠤᠯᠵᠤ᠂ ᠡᠵᠡᠩᠨᠡᠯᠲᠡ᠎ᠶ᠋ᠢᠨ ᠭᠤᠣᠯ ᠴᠣᠭ᠍ᠴᠠ᠎ᠶ᠋ᠢᠨ ᠢᠲᠡᠭᠡᠮᠵᠢ᠎ᠶ᠋ᠢᠨ ᠦᠨᠡᠯᠡᠯᠲᠡ᠎ᠶ᠋ᠢᠨ ᠦᠷ᠎ᠡ ᠳ᠋ᠦᠩ᠎ᠢ ᠪᠡᠯᠡ ᠮᠦᠩᠭᠦ ᠣᠷᠣᠭᠤᠯᠬᠤ᠎ᠳᠤ ᠢᠲᠡᠭᠡᠮᠵᠢ ᠣᠯᠭᠤᠬᠤ ᠦᠨᠳᠦᠰᠦᠯᠡᠯ ᠪᠣᠯᠭᠠᠨ ᠬᠤᠪᠢᠷᠠᠭᠤᠯᠪᠠ᠃ ᠢᠲᠡᠭᠡᠮᠵᠢ᠎ᠶ᠋ᠢᠨ ᠦᠨᠡᠯᠡᠯᠲᠡ᠎ᠪᠠᠷ ᠭᠤᠣᠯ ᠪᠣᠯᠭᠠᠭ᠍ᠰᠠᠨ᠂ ᠪᠠᠷᠢᠴᠠᠭᠠᠯᠠᠨ ᠳᠠᠭᠠᠭᠠᠯᠲᠠ ᠬᠢᠬᠦ᠌ ᠴᠢᠬᠤᠯᠠ ᠦᠭᠡᠢ 《ᠪᠣᠳᠠᠭᠠᠯᠢ ᠪᠡᠶ᠎ᠡ᠎ᠶ᠋ᠢᠨ ᠥᠪᠥᠷ ᠮᠣᠩᠭᠤᠯ᠎ᠤᠨ ᠢᠲᠡᠭᠡᠮᠵᠢᠲᠦ ᠵᠢᠭᠡᠯᠡᠯᠭᠡ》᠎ᠶ᠋ᠢᠨ ᠮᠥᠩᠭᠦᠨ ᠭᠦᠢᠯᠭᠡᠭᠡᠨ᠎ᠤ ᠦᠢ᠍ᠯᠡᠳᠭᠦᠨ᠎ᠢ ᠬᠠᠮᠲᠤᠷᠠᠨ ᠨᠡᠢᠲᠡᠯᠡᠵᠦ᠍᠂ ᠳᠣᠣᠷ᠎ᠠ ᠬᠦᠦ᠍᠎ᠶ᠋ᠢᠨ ᠨᠤᠷᠮ᠎ᠠ᠂ ᠥᠨᠳᠥᠷ ᠲᠤᠭ᠎ᠠ ᠬᠡᠮᠵᠢᠶ᠎ᠡ᠂ ᠬᠢᠨᠠᠨ ᠵᠥᠪᠱᠢᠶᠡᠷᠡᠬᠦ᠌᠎ᠳᠦ ᠲᠦᠷᠭᠡᠨ ᠳᠠᠪᠠᠭᠤᠯᠢᠭ᠎ᠢᠶᠠᠷ᠎ᠢᠶᠠᠨ ᠢᠲᠡᠭᠡᠮᠵᠢ᠎ᠲᠠᠢ ᠡᠵᠡᠩᠨᠡᠯᠲᠡ᠎ᠶ᠋ᠢᠨ ᠭᠤᠣᠯ ᠴᠣᠭ᠍ᠴᠠ᠎ᠳᠤ ᠨᠠᠷᠢᠯᠢᠭ ᠣᠨᠣᠪᠴᠢᠲᠠᠢ ᠮᠥᠩᠭᠦᠨ ᠭᠦᠢᠯᠭᠡᠭᠡᠨ᠎ᠤ ᠳᠡᠮᠵᠢᠯᠭᠡ ᠬᠠᠩᠭᠠᠵᠤ᠂ ᠲᠡᠭᠦᠨ᠎ᠤ ᠬᠠᠮᠤᠭ᠎ᠤᠨ ᠳᠣᠣᠷ᠎ᠠ ᠬᠦᠦ᠎ᠶ᠋ᠢᠨ ᠨᠤᠷᠮ᠎ᠠ᠎ᠨᠢ 3.45% ᠳᠤ ᠬᠦᠷᠴᠦ᠍᠂ ᠬᠠᠮᠤᠭ᠎ᠤᠨ ᠥᠨᠳᠥᠷ ᠢᠲᠡᠭᠡᠮᠵᠢ᠎ᠶᠢᠨ ᠲᠤᠭ᠎ᠠ ᠬᠡᠮᠵᠢᠶ᠎ᠡ᠎ᠨᠢ 500 ᠲᠦᠮᠡᠨ ᠲᠥᠭᠦᠷᠢᠭ᠎ᠲᠤ ᠬᠦᠷᠪᠡ᠃ ᠣᠲᠣ ᠪᠣᠯᠲᠠᠯ᠎ᠠ᠂ ᠲᠣᠰ ᠦᠢᠯᠡᠳᠬᠦᠨ ᠨᠢᠭᠡᠨᠲᠡ 1315 ᠬᠤᠪᠢ᠎ᠶ᠋ᠢᠨ ᠦᠢᠯᠡᠳᠪᠦᠷᠢ ᠬᠤᠳᠠᠯᠳᠤᠭᠠᠨ᠎ᠤ ᠡᠷᠦᠬᠡ᠎ᠳᠤ 5. 07 ᠳ᠋ᠦᠩᠱᠢᠭᠤᠷ ᠲᠥᠭᠦᠷᠢᠭ᠎ᠤᠨ ᠢᠲᠡᠭᠡᠮᠵᠢ᠎ᠶ᠋ᠢᠨ ᠵᠢᠭᠡᠯᠡᠯᠭᠡ ᠣᠯᠭᠤᠵᠤ᠂ 《ᠢᠲᠡᠭᠡᠮᠵᠢ ᠬᠡᠳᠦᠢ ᠰᠠᠢᠨ ᠪᠣᠯ ᠪᠡᠯᠡ ᠮᠦᠩᠭᠦ ᠣᠷᠣᠭᠤᠯᠬᠤ᠎ᠳᠤ ᠲᠡᠳᠦᠶ ᠬᠢᠯᠪᠠᠷ》᠎ᠢ ᠦᠨᠡᠨ ᠬᠦ᠌ ᠪᠡᠶᠡᠯᠡᠭᠦᠯᠵᠦ᠍᠂ ᠢᠲᠡᠭᠡᠮᠵᠢ᠎ᠪᠠᠷ ᠬᠦᠴᠦᠨ ᠨᠡᠮᠡᠷᠢᠯᠡᠬᠦ᠎ᠪᠡᠷ ᠬᠤᠪᠢ᠎ᠶ᠋ᠢᠨ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠠᠮᠢᠵᠢᠷᠠᠯ᠎ᠤᠨ ᠬᠦᠴᠦᠨ᠎ᠢ ᠬᠥᠭ᠌ᠵᠢᠭᠡᠪᠡ᠃