ᠨᠢᠭᠡ᠂ 《ᠬᠡᠷᠡᠭᠵᠢᠭᠦᠯᠬᠦ ᠰᠠᠨᠠᠯ》᠎ᠢ ᠲᠣᠭᠲᠠᠭ᠋ᠠᠭᠰᠠᠨ ᠠᠬᠤᠢ ᠪᠠᠶ᠋ᠢᠳᠠᠯ᠎ᠨᠢ ᠶᠠᠭᠤ ᠪᠣᠢ?
2022 ᠣᠨ᠎ᠤ 10 ᠳ᠋ᠣᠭ᠋ᠠᠷ ᠰᠠᠷ᠎ᠠ᠎ᠳᠤ᠂ ᠲᠦᠷᠦ ᠵᠢᠨ ᠶᠠᠪᠤᠳᠠᠯ᠎ᠤᠨ ᠬᠤᠷᠢᠶ᠎ᠠ 《ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠬᠥᠭᠵᠢᠯᠲᠡ ᠵᠢ ᠠᠬᠢᠭᠤᠯᠬᠤ ᠲᠦᠷᠢᠮ》᠎ᠢ ᠨᠡᠶ᠋ᠢᠲᠡᠯᠡᠵᠦ᠂ 《ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠡᠯ᠎ᠡ ᠲᠦᠷᠦᠯ᠎ᠤᠨ ᠪᠡᠯᠡ ᠮᠥᠩᠭᠦ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠦᠢ᠍ᠯᠡᠰ ᠪᠤᠰᠬᠠᠵᠤ ᠰᠢᠨ᠎ᠡ ᠵᠢ ᠡᠭᠦᠳᠬᠦ᠂ ᠵᠢᠭᠡᠯᠡᠯᠭᠡ ᠵᠢᠨ ᠪᠡᠯᠡ ᠲᠤᠬᠢᠷᠠᠭᠤᠯᠭ᠎ᠠ᠂ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ ᠵᠡᠷᠭᠡ ᠲᠠᠯ᠎ᠠ᠎ᠪᠠᠷ ᠪᠡᠯᠡ ᠮᠥᠩᠭᠦ ᠵᠢᠨ ᠳᠡᠮᠵᠢᠯᠭᠡ ᠬᠠᠩᠭ᠋ᠠᠬᠤ ᠬᠡᠷᠡᠭᠲᠡᠢ》 ᠭᠡᠵᠦ ᠲᠣᠳᠣᠷᠬᠠᠶ᠋ᠢᠯᠠᠪᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ 2023 ᠣᠨ᠎ᠤ 4 ᠳ᠋ᠦ᠍ᠭᠡᠷ ᠰᠠᠷ᠎ᠠ᠎ᠳᠤ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠢᠵᠢᠭ ᠪᠢᠴᠢᠯ ᠠᠵᠤ ᠠᠬᠤᠶ᠋ᠢᠯᠠᠯ᠎ᠤᠨ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠭᠤᠷᠪᠠᠨ ᠵᠢᠯ᠎ᠤᠨ ᠦᠰᠦᠨ ᠪᠤᠶ᠋ᠢᠵᠢᠬᠤ ᠲᠥᠯᠥᠪᠯᠡᠭᠡ (2023 - 2025 ᠣᠨ)》 ᠵᠢ ᠨᠡᠶ᠋ᠢᠲᠡᠯᠡᠵᠦ᠂ ᠠᠩᠬ᠎ᠠ ᠤᠳᠠᠭ᠎ᠠ 《ᠬᠤᠪᠢ ᠬᠦᠮᠣᠨ᠎ᠤ ᠡᠵᠡᠩᠨᠡᠯᠲᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ》 ᠲᠣᠭᠲᠠᠭᠤᠨ ᠵᠶ᠋ᠠᠷ ᠡᠵᠡᠩᠨᠡᠭᠡᠳ 2 ᠵᠢᠯ᠎ᠠᠴᠠ ᠳᠡᠭᠡᠭᠰᠢ ᠪᠣᠯᠣᠭᠰᠠᠨ᠂ ᠢᠲᠡᠭᠡᠮᠵᠢ ᠮᠠᠭᠣᠲᠠᠢ ᠲᠡᠮᠳᠡᠭᠯᠡᠯ ᠦᠭᠡᠢ ᠠᠵᠤ ᠠᠬᠤᠶ᠋ᠢᠯᠠᠯ᠎ᠳᠤ ᠨᠢᠭᠡ ᠤᠳᠠᠭ᠎ᠠ ᠵᠢᠨ ᠴᠢᠨᠠᠷᠲᠠᠶ 10 ᠲᠦᠮᠡᠨ ᠲᠥᠭᠦᠷᠢᠭ᠎ᠤᠨ ᠨᠥᠬᠦᠪᠥᠷᠢ ᠥᠭᠬᠦ ᠵᠢ ᠲᠣᠳᠣᠷᠬᠠᠶ ᠲᠣᠭᠲᠠᠭ᠋ᠠᠪᠠ᠃ 2024 ᠣᠨ᠎ᠤ 6 ᠳ᠋ᠣᠭ᠋ᠠᠷ ᠰᠠᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ 《ᠠᠷᠠᠳ᠎ᠤᠨ ᠡᠵᠡᠩᠨᠡᠯᠲᠡ ᠵᠢᠨ ᠠᠵᠤ ᠠᠬᠤᠶ ᠵᠢᠨ ᠴᠢᠨᠠᠷ ᠰᠠᠶ᠋ᠢᠲᠠᠶ ᠬᠥᠭᠵᠢᠯᠲᠡ ᠵᠢ ᠳᠡᠮᠵᠢᠬᠦ ᠲᠤᠬᠠᠶ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ 《ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ ᠬᠠᠮᠢᠶ᠎ᠠ ᠪᠥᠬᠦᠶ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠵᠤ᠂ ᠬᠤᠪᠢᠷᠠᠭᠤᠯᠬᠤ ᠥᠪᠡᠷ᠎ᠤᠨ ᠥᠷᠲᠡᠭ᠎ᠢ ᠪᠠᠭᠤᠷᠠᠭᠤᠯᠬᠤ》 ᠵᠢ ᠲᠣᠳᠣᠷᠬᠠᠶ ᠲᠣᠭᠲᠠᠭ᠋ᠠᠪᠠ᠃ ᠡᠭᠦᠨ᠎ᠤ ᠬᠠᠮᠲᠤ᠂ ᠬᠤᠪᠢ ᠵᠢᠨ ᠠᠵᠤ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠬᠡᠯᠪᠡᠷᠢ ᠬᠣᠪᠢᠶᠠᠨ ᠲᠥᠷᠥᠯ ᠬᠤᠪᠢᠶᠠᠨ ᠨᠠᠷᠢᠯᠢᠭ ᠣᠨᠣᠪᠴᠢᠲᠠᠢ᠎ᠪᠠᠷ ᠬᠠᠪᠰᠤᠷᠤᠨ ᠲᠡᠳᠬᠦᠵᠦ ᠬᠥᠭᠵᠢᠯᠲᠡ ᠵᠢᠨ ᠶᠠᠰᠤ ᠴᠢᠨᠠᠷ᠎ᠢ ᠳᠡᠭᠡᠭᠰᠢᠯᠡᠭᠦᠯᠬᠦ ᠲᠤᠬᠠᠶ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠲᠥᠷᠥ ᠵᠢᠨ ᠪᠣᠳᠣᠯᠭ᠎ᠠ ᠵᠢᠨ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠵᠡᠷᠭᠡ 14 ᠰᠠᠯᠠᠭ᠎ᠠ ᠮᠥᠴᠢᠷ᠎ᠲᠠᠢ ᠬᠠᠮᠲᠤᠷᠠᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢ ᠵᠢᠨ ᠠᠵᠤ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠬᠡᠯᠪᠡᠷᠢ ᠬᠤᠪᠢᠶᠠᠨ ᠲᠥᠷᠥᠯ ᠬᠤᠪᠢᠶᠠᠨ ᠨᠠᠷᠢᠯᠢᠭ ᠣᠨᠣᠪᠴᠢᠲᠠᠶ᠎ᠪᠠᠷ ᠬᠠᠪᠰᠤᠷᠤᠨ ᠲᠡᠳᠬᠦᠵᠦ ᠬᠥᠭᠵᠢᠯᠲᠡ ᠵᠢᠨ ᠶᠠᠰᠤ ᠴᠢᠨᠠᠷ᠎ᠢ ᠳᠡᠭᠡᠭᠰᠢᠯᠡᠭᠦᠯᠬᠦ ᠬᠡᠷᠡᠭᠵᠢᠭᠦᠯᠬᠦ ᠲᠥᠰᠦᠯ》᠎ᠢ ᠬᠠᠮᠲᠤ᠎ᠪᠠᠷ ᠨᠡᠶ᠋ᠢᠲᠡᠯᠡᠵᠦ᠂ 《ᠬᠤᠪᠢ ᠵᠢᠨ ᠦᠢ᠍ᠯᠡᠳᠪᠦᠷᠢ ᠬᠣᠳᠠᠯᠳᠣᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ》 ᠠᠷᠭ᠎ᠠ ᠵᠢᠴᠢ ᠨᠢᠭᠡ ᠤᠳᠠᠭ᠎ᠠ ᠵᠢᠨ ᠴᠢᠨᠠᠷᠲᠠᠢ ᠨᠥᠬᠦᠪᠥᠷᠢ ᠪᠠᠯᠠ ᠮᠥᠩᠭᠦ ᠲᠠᠷᠬᠠᠬᠣ ᠨᠦᠬᠦᠴᠡᠯ ᠪᠠ ᠠᠷᠭ᠎ᠠ ᠵᠢ ᠤᠯᠠᠮ ᠨᠢᠭᠡ ᠠᠯᠬᠤᠮ ᠲᠣᠳᠣᠷᠬᠠᠶ ᠨᠠᠶ᠋ᠢᠳᠠᠪᠤᠷᠢᠵᠢᠭᠤᠯᠪᠠ᠂ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠨᠠᠶ᠋ᠢᠳᠠᠪᠤᠷᠢᠵᠢᠭᠤᠯᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ 《ᠬᠡᠷᠡᠭᠵᠢᠭᠦᠯᠬᠦ ᠰᠠᠨᠠᠯ》᠎ᠢ ᠲᠤᠭᠤᠷᠪᠢᠵᠤ᠂ 《ᠬᠤᠪᠢ ᠵᠢᠨ ᠦᠢ᠍ᠯᠡᠳᠪᠦᠷᠢ ᠬᠣᠳᠠᠯᠳᠣᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ》 ᠠᠷᠭ᠎ᠠ ᠮᠠᠶᠢᠭ ᠵᠢᠴᠢ ᠨᠢᠭᠡ ᠤᠳᠠᠭ᠎ᠠ ᠵᠢᠨ ᠴᠢᠨᠠᠷᠲᠠᠶ ᠨᠥᠬᠦᠪᠥᠷᠢ ᠪᠡᠯᠡ ᠮᠥᠩᠭᠦ ᠲᠠᠷᠬᠠᠬᠣ ᠨᠥᠬᠦᠴᠡᠯ ᠪᠠ ᠠᠷᠭ᠎ᠠ ᠮᠠᠶᠢᠭ ᠵᠡᠷᠭᠡ ᠵᠢ ᠲᠣᠳᠣᠷᠬᠠᠶ᠋ᠢᠯᠠᠵᠤ᠂ ᠤᠷᠢᠳ ᠬᠤᠵᠢᠳ ᠡᠯ᠎ᠡ ᠠᠶ᠋ᠢᠮᠠᠭ ᠬᠤᠲᠠ᠎ᠠᠴᠠ ᠰᠠᠨᠠᠯ ᠬᠤᠷᠢᠶᠠᠬᠤ᠂ ᠢᠯᠡ᠎ᠪᠠᠷ ᠰᠠᠨᠠᠯ ᠬᠤᠷᠢᠶᠠᠬᠤ᠂ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠬᠤ ᠵᠡᠷᠭᠡ ᠲᠠᠰ ᠳᠠᠷᠠᠭ᠋ᠠᠯᠠᠯ ᠵᠶ᠋ᠠᠷ ᠳᠡᠮᠵᠢᠨ᠂ ᠬᠠᠤᠯᠢ ᠶᠣᠰᠣᠴᠢ ᠴᠢᠨᠠᠷ᠎ᠢ ᠬᠢᠨᠠᠨ ᠬᠠᠷᠭᠤᠭᠤᠯᠬᠤ᠂ ᠡᠷᠬᠡ ᠲᠡᠭᠰᠢ᠎ᠪᠠᠷ ᠥᠷᠢᠰᠥᠯᠳᠦᠬᠦ ᠵᠢ ᠬᠢᠨᠠᠨ ᠪᠠᠶ᠋ᠢᠴᠠᠭ᠋ᠠᠬᠤ᠎ᠪᠠᠷ ᠳᠡᠮᠵᠢᠨ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶᠠᠨ᠎ᠤ ᠲᠣᠪᠴᠢᠶ᠎ᠠ ᠵᠢᠨ ᠶᠠᠪᠤᠳᠠᠯ᠎ᠤᠨ ᠬᠤᠷᠠᠯ ᠵᠶ᠋ᠠᠷ ᠬᠢᠨᠠᠨ ᠵᠥᠪᠯᠡᠭᠦᠯᠵᠦ ᠪᠠᠲᠤᠯᠠᠭᠤᠯᠤᠭ᠋ᠠᠳ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠲᠠᠢ ᠬᠠᠮᠲᠤᠷᠠᠨ ᠳᠠᠷᠤᠮᠠᠯᠯᠠᠨ ᠲᠠᠷᠬᠠᠭ᠋ᠠᠵᠤ ᠬᠡᠷᠡᠭᠵᠢᠭᠦᠯᠪᠡ᠃
ᠬᠣᠶᠠᠷ᠂ ᠶᠠᠭᠤᠨ᠎ᠳᠤ 《ᠬᠤᠪᠢ ᠵᠢᠨ ᠦᠢ᠍ᠯᠡᠳᠪᠦᠷᠢ ᠬᠣᠳᠠᠯᠳᠣᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ》 ᠪᠤᠢ?
ᠬᠤᠪᠢ ᠵᠢᠨ ᠠᠵᠤ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ᠎ᠳᠤ ᠬᠠᠤᠯᠢ ᠵᠢᠨ ᠡᠷᠬᠡᠲᠡᠨ᠎ᠤ ᠪᠠᠶ᠋ᠢᠷᠢ ᠰᠠᠭᠤᠷᠢ ᠲᠣᠲᠠᠮᠠᠭ᠂ ᠵᠠᠰᠠᠯᠲᠠ ᠵᠢᠨ ᠬᠡᠪ ᠵᠠᠭᠪᠤᠷ᠎ᠨᠢ ᠳᠠᠩ ᠴᠤᠯᠭᠤᠶ᠂ ᠪᠡᠯᠡ ᠣᠷᠣᠭᠤᠯᠤᠯᠲᠠ ᠵᠢᠨ ᠬᠡᠪᠴᠢᠶ᠎ᠡ᠎ᠨᠢ ᠬᠢᠵᠠᠭ᠋ᠠᠷ᠎ᠲᠠᠢ᠂ ᠪᠡᠯᠡ ᠮᠦᠡᠭᠭᠦ ᠴᠣᠭᠯᠠᠭᠣᠯᠵᠤ ᠵᠢᠭᠡᠯᠡᠯᠭᠡ ᠵᠢᠭᠡᠯᠡᠬᠦ᠎ᠳᠤ ᠬᠦᠴᠢᠷᠲᠡᠶ᠂ ᠲᠦᠭᠰᠢᠭᠦᠷᠢ ᠵᠢ ᠡᠰᠡᠷᠭᠦᠴᠡᠬᠦ ᠴᠢᠳᠠᠪᠤᠷᠢ᠎ᠨᠢ ᠪᠠᠭᠤᠷᠠᠶ᠂ ᠠᠵᠤ ᠠᠬᠤᠶ᠋ᠢᠯᠠᠯ᠎ᠳᠤ ᠠᠪᠴᠤ ᠬᠡᠯᠡᠪᠡᠯ᠂ ᠬᠤᠳᠠᠯᠳᠤᠭ᠋ᠠᠨ᠎ᠤ ᠢᠲᠡᠭᠡᠮᠵᠢ᠂ ᠡᠵᠡᠩᠨᠡᠯᠲᠡ ᠵᠢᠨ ᠬᠦᠷᠢᠶ᠎ᠡ ᠬᠡᠪᠴᠢᠶ᠎ᠡ᠂ ᠨᠡᠷᠡᠲᠦ ᠲᠡᠮᠳᠡᠭᠲᠦ ᠵᠢᠨ ᠦᠢ᠍ᠯᠡᠳᠦᠯ᠂ ᠥᠷᠢᠰᠥᠯᠳᠦᠬᠦ ᠴᠢᠳᠠᠪᠤᠷᠢ ᠵᠡᠷᠭᠡ ᠲᠠᠯ᠎ᠠ᠎ᠪᠠᠷ ᠬᠠᠷᠢᠴᠠᠭᠤᠯᠤᠭᠰᠠᠨ ᠳᠠᠪᠠᠭᠤᠯᠢᠭ ᠵᠶ᠋ᠠᠷ ᠳᠤᠲᠠᠮᠠᠭ ᠪᠠᠶ᠋ᠢᠨ᠎ᠠ᠃ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ᠎ᠳᠤ ᠠᠪᠴᠤ ᠬᠡᠯᠡᠪᠡᠯ᠂ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠵᠦ ᠠᠵᠤ ᠠᠬᠤᠶ᠋ᠢᠯᠠᠯ ᠪᠣᠯᠬᠤ᠎ᠳᠤ ᠵᠢᠷᠭᠤᠭ᠋ᠠᠨ ᠶᠡᠭᠡ ᠠᠰᠢᠭᠲᠠᠢ ᠲᠠᠯ᠎ᠠ᠎ᠲᠠᠢ᠄ ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠵᠢᠨ ᠲᠠᠯ᠎ᠠ᠎ᠪᠠᠷ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠠᠪᠴᠠᠭ᠋ᠠᠨ᠎ᠤ ᠡᠷᠬᠡ ᠥᠷᠢ ᠥᠭᠴᠡᠭᠡ᠎ᠳᠤ ᠬᠢᠵᠠᠭ᠋ᠠᠷ ᠦᠭᠡᠢ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠂ ᠬᠠᠷᠢᠨ ᠺᠣᠮᠫᠠᠨᠢ ᠵᠢᠨ ᠳᠦᠷᠢᠮᠲᠦ ᠠᠵᠤ ᠠᠬᠤᠶ᠋ᠢᠯᠠᠯ ᠪᠡᠯᠡ ᠭᠠᠷᠭ᠋ᠠᠬᠤ ᠲᠤᠭ᠎ᠠ᠎ᠪᠠᠷ ᠬᠢᠵᠠᠭ᠋ᠠᠷ ᠪᠣᠯᠭ᠋ᠠᠨ ᠬᠢᠵᠠᠭ᠋ᠠᠷᠲᠤ ᠬᠠᠷᠢᠭᠤᠴᠠᠯᠭ᠎ᠠ ᠡᠭᠦᠷᠭᠡᠯᠡᠵᠦ᠂ ᠬᠠᠤᠯᠢ ᠴᠠᠭ᠋ᠠᠵᠠ ᠵᠢᠨ ᠠᠶᠤᠯ ᠲᠦᠭᠰᠢᠭᠦᠷᠢ ᠵᠢ ᠤᠯᠠᠮ ᠨᠢᠭᠡ ᠠᠯᠬᠤᠮ ᠪᠠᠭᠤᠷᠠᠭᠤᠯᠤᠨ᠎ᠠ᠃ ᠪᠡᠯᠡ ᠮᠥᠩᠭᠥ ᠣᠯᠬᠤ ᠲᠠᠯ᠎ᠠ᠎ᠪᠠᠷ᠂ ᠠᠵᠤ ᠠᠬᠤᠶ᠋ᠢᠯᠠᠯ᠎ᠨᠢ ᠬᠤᠪᠢ ᠵᠢᠨ ᠠᠵᠤ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ᠎ᠠᠴᠠ ᠨᠡᠩ ᠠᠮᠠᠷᠬᠠᠨ ᠪᠠᠩᠬᠢ ᠵᠢᠨ ᠵᠢᠭᠡᠯᠡᠯᠭᠡ ᠵᠢ ᠣᠯᠬᠤ ᠮᠥᠷᠲᠡᠭᠡᠨ ᠵᠢᠭᠡᠯᠡᠯᠭᠡ ᠵᠢᠨ ᠲᠣᠭ᠎ᠠ ᠬᠡᠮᠵᠢᠶ᠎ᠡ᠎ᠨᠢ ᠡᠳᠦᠶ ᠲᠡᠳᠦᠶ ᠨᠡᠮᠡᠭᠳᠡᠬᠦ ᠵᠢᠨ ᠬᠠᠮᠲᠤ᠂ ᠠᠵᠤ ᠠᠬᠤᠶ᠋ᠢᠯᠠᠯ᠎ᠨᠢ ᠪᠡᠯᠡ ᠣᠷᠣᠭᠤᠯᠤᠯᠲᠠ ᠵᠢ ᠲᠠᠲᠠᠨ ᠣᠷᠣᠭᠤᠯᠵᠤ᠂ ᠣᠯᠠᠨ ᠬᠤᠪᠢ ᠣᠷᠣᠭᠤᠯᠤᠭᠴᠢ ᠪᠤᠶᠤ ᠬᠣᠷᠰᠢᠭᠴᠢ ᠪᠡᠯᠡ ᠭᠠᠷᠭ᠋ᠠᠬᠣ ᠵᠢ ᠨᠡᠮᠡᠭᠳᠡᠭᠦᠯᠭᠦ᠎ᠪᠠᠷ ᠳᠠᠮᠵᠢᠨ ᠪᠡᠯᠡ ᠮᠥᠩᠭᠥ ᠵᠢᠨ ᠣᠷᠣᠭᠤᠯᠤᠯᠲᠠ᠎ᠪᠠᠨ ᠨᠡᠮᠡᠭᠳᠡᠭᠦᠯᠵᠦ᠂ ᠡᠵᠡᠩᠨᠡᠯᠲᠡ ᠵᠢᠨ ᠬᠡᠪᠴᠢᠶ᠎ᠡ᠎ᠪᠠᠨ ᠥᠷᠭᠡᠳᠬᠡᠬᠦ ᠬᠡᠷᠡᠭᠲᠡᠶ᠃ ᠵᠠᠬ᠎ᠠ ᠳᠡᠯᠭᠡᠭᠦᠷ᠎ᠤᠨ ᠨᠥᠯᠥᠭᠡᠯᠡᠯ᠎ᠤᠨ ᠲᠠᠯ᠎ᠠ᠎ᠪᠠᠷ᠂ ᠵᠣᠬᠢᠶᠠᠨ ᠪᠠᠶ᠋ᠢᠭᠤᠯᠤᠯᠲᠠ ᠵᠢᠨ ᠬᠡᠯᠪᠡᠷᠢ ᠮᠠᠶᠢᠭ ᠵᠶ᠋ᠠᠷ ᠬᠢᠵᠠᠭ᠋ᠠᠷᠯᠠᠭᠳᠠᠭᠰᠠᠨ ᠪᠣᠯᠬᠣᠷ᠂ ᠬᠤᠪᠢ ᠵᠢᠨ ᠠᠵᠤ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠬᠡᠯᠬᠢᠶᠡᠯᠡᠨ ᠡᠵᠡᠩᠨᠡᠬᠦ ᠠᠷᠭ᠎ᠠ ᠬᠡᠯᠪᠡᠷᠢ ᠵᠢ ᠠᠪᠴᠤ ᠪᠣᠯᠬᠤ ᠦᠭᠡᠶ᠂ ᠬᠠᠷᠢᠨ ᠠᠵᠤ ᠠᠬᠤᠶ᠋ᠢᠯᠠᠯ᠎ᠨᠢ ᠣᠯᠠᠨ ᠬᠤᠪᠢᠶᠠᠷᠢ ᠰᠠᠯᠪᠤᠷᠢ ᠪᠠᠶ᠋ᠢᠭᠤᠯᠤᠮᠵᠢ ᠪᠠᠶ᠋ᠢᠭᠤᠯᠵᠤ᠂ ᠣᠯᠠᠨ ᠲᠠᠯ᠎ᠠ᠎ᠪᠠᠷ ᠴᠡᠴᠡᠭᠯᠡᠨ ᠬᠥᠭᠵᠢᠭᠰᠡᠨ᠂ ᠬᠣᠯᠪᠣᠭ᠋ᠠᠯᠠᠨ ᠡᠵᠡᠩᠨᠡᠭᠰᠡᠨ ᠪᠠᠶ᠋ᠢᠳᠠᠯ᠎ᠢ ᠪᠣᠶ ᠪᠣᠯᠭ᠋ᠠᠵᠤ᠂ ᠵᠠᠬ᠎ᠠ ᠳᠡᠯᠭᠡᠭᠦᠷ ᠵᠶ᠋ᠠᠨ ᠥᠷᠭᠡᠵᠢᠭᠦᠯᠦᠨ᠂ ᠬᠦᠴᠦᠷᠬᠡᠭᠵᠢᠭᠦᠯᠦᠨ ᠪᠤᠵᠠᠭ᠋ᠠᠶ᠋ᠢᠷᠠᠭᠤᠯᠬᠤ᠎ᠳᠤ ᠠᠰᠢᠭᠲᠠᠶ ᠶᠤᠮ᠃ ᠨᠠᠷᠠᠲᠤ ᠲᠡᠮᠳᠡᠭᠴᠢᠯᠡᠭᠰᠡᠨ ᠡᠵᠡᠩᠨᠡᠯᠲᠡ ᠵᠢᠨ ᠲᠠᠯ᠎ᠠ᠎ᠪᠠᠷ᠂ ᠠᠵᠤ ᠠᠬᠤᠶ᠋ᠢᠯᠠᠯ᠎ᠢ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ᠎ᠲᠠᠢ ᠬᠠᠷᠢᠴᠠᠭᠣᠯᠪᠠᠯ ᠳᠣᠲᠣᠭ᠋ᠠᠳᠤ ᠵᠢᠨ ᠬᠠᠮᠢᠶᠠᠷᠤᠯᠲᠠ ᠵᠢ ᠴᠢᠩᠭ᠋ᠠᠳᠬᠠᠨ ᠨᠢᠭᠡᠳᠬᠡᠬᠦ᠂ ᠥᠪᠡᠷ᠎ᠤᠨ ᠨᠠᠷᠠᠲᠤ ᠲᠡᠮᠳᠡᠭᠲᠦ ᠵᠢᠨ ᠰᠣᠶᠣᠯ᠎ᠢ ᠪᠣᠶ ᠪᠣᠯᠭ᠋ᠠᠬᠤ ᠪᠠ ᠤᠯᠠᠮᠵᠢᠯᠠᠬᠤ᠎ᠳᠤ ᠨᠠᠩ ᠠᠰᠢᠭᠲᠠᠶ ᠪᠠᠢ᠌ᠪᠠ᠃ ᠴᠢᠳᠠᠪᠤᠷᠢᠲᠠᠨ᠎ᠢ ᠲᠠᠲᠠᠬᠤ ᠲᠠᠯ᠎ᠠ᠎ᠪᠠᠷ᠂ ᠠᠵᠤ ᠠᠬᠤᠶ᠋ᠢᠯᠠᠯ᠎ᠤᠨ ᠵᠣᠬᠢᠶᠠᠨ ᠪᠠᠶ᠋ᠢᠭᠤᠯᠤᠯᠲᠠ ᠵᠢᠨ ᠪᠦᠲᠦᠴᠡ ᠵᠢ ᠨᠠᠩ ᠵᠢᠷᠤᠮᠵᠢᠭᠤᠯᠤᠭᠰᠠᠨ᠎ᠠᠴᠠ᠂ ᠨᠠᠰᠤᠵᠢᠯ᠎ᠤᠨ ᠳᠠᠭ᠋ᠠᠳᠬᠠᠯ᠂ ᠡᠮ ᠡᠮᠨᠡᠯᠭᠡ ᠵᠢᠨ ᠳᠠᠭ᠋ᠠᠳᠬᠠᠯ ᠵᠡᠷᠭᠡ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢ ᠴᠦ᠍ ᠨᠠᠩ ᠲᠡᠭᠦᠯᠳᠡᠷᠵᠢᠭᠦᠯᠵᠦ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ᠎ᠠᠴᠠ ᠨᠠᠩ ᠠᠮᠠᠷᠬᠠᠨ ᠰᠢᠯᠢᠳᠡᠭ ᠴᠢᠳᠠᠪᠤᠷᠢᠲᠠᠨ᠎ᠢ ᠲᠡᠳᠡᠨ ᠠᠪᠴᠢᠷᠠᠬᠤ ᠪᠠ ᠦᠯᠡᠳᠡᠭᠡᠨ ᠠᠪᠴᠤ ᠳᠡᠢ᠌ᠯᠤᠨᠡ᠃ ᠬᠥᠭᠵᠢᠯᠲᠡ ᠵᠢᠨ ᠣᠷᠣᠨ ᠵᠠᠶ ᠵᠢᠨ ᠲᠠᠯ᠎ᠠ᠎ᠪᠠᠷ᠂ ᠠᠵᠤ ᠠᠬᠤᠶ᠋ᠢᠯᠠᠯ᠎ᠨᠢ ᠬᠤᠪᠢ ᠵᠢᠨ ᠦᠶᠯᠡᠳᠪᠦᠷᠢ ᠬᠤᠳᠠᠯᠳᠤᠭ᠋ᠠᠨ᠎ᠤ ᠡᠷᠦᠬᠡ᠎ᠠᠴᠠ ᠨᠠᠩ ᠠᠮᠠᠷᠬᠠᠨ ᠵᠠᠬ᠎ᠠ ᠳᠡᠯᠭᠡᠭᠦᠷ᠎ᠤᠨ ᠪᠠᠶ᠋ᠢᠷᠢ ᠲᠣᠭᠲᠠᠭ᠋ᠠᠯᠲᠠ ᠬᠢᠵᠦ᠂ ᠢᠲᠡᠭᠡᠮᠵᠢ ᠵᠢᠨ ᠬᠡᠮᠵᠢᠶ᠎ᠡ᠎ᠨᠢ ᠨᠠᠩ ᠥᠨᠳᠥᠷ ᠪᠥᠭᠡᠳ ᠨᠡᠶ᠋ᠢᠭᠡᠮ᠎ᠤᠨ ᠡᠬᠢ ᠪᠠᠶᠠᠯᠢᠭ (ᠲᠥᠷᠥ ᠵᠢᠨ ᠪᠣᠳᠣᠯᠭ᠎ᠠ ᠵᠢᠨ ᠳᠡᠮᠵᠢᠯᠭᠡ)᠎ᠢ ᠨᠠᠩ ᠠᠮᠠᠷᠬᠠᠨ ᠣᠯᠵᠤ᠂ ᠠᠵᠤ ᠠᠬᠤᠶ᠋ᠢᠯᠠᠯ᠎ᠤᠨ ᠳᠡᠭᠡᠭᠰᠢᠯᠡᠬᠦ ᠣᠷᠣᠨ ᠵᠠᠶ ᠵᠢ ᠥᠷᠭᠡᠳᠬᠡᠨ᠎ᠡ᠃
ᠭᠤᠷᠪᠠ᠂ 《ᠬᠤᠪᠢ ᠵᠢᠨ ᠦᠢ᠍ᠯᠡᠳᠪᠦᠷᠢ ᠬᠣᠳᠠᠯᠳᠣᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ》 ᠵᠢᠨ ᠭᠤᠣᠯ ᠠᠷᠭ᠎ᠠ ᠬᠡᠯᠪᠡᠷᠢ ᠨᠢ ᠶᠠᠮᠠᠷ ᠪᠣᠢ?
《ᠬᠡᠷᠡᠭᠵᠢᠭᠦᠯᠬᠦ ᠰᠠᠨᠠᠯ》᠎ᠳᠤ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ᠎ᠨᠢ ᠣᠲᠣ ᠵᠢᠨ ᠪᠠᠶ᠋ᠢᠭ᠎ᠠ ᠦᠢ᠍ᠯᠡᠳᠪᠦᠷᠢᠯᠡᠯ ᠡᠵᠡᠩᠨᠡᠯᠲᠡ ᠵᠢᠨ ᠨᠥᠬᠦᠴᠡᠯ ᠵᠶ᠋ᠠᠷ ᠰᠠᠭᠤᠷᠢ ᠪᠣᠯᠭ᠋ᠠᠬᠤ ᠵᠢ ᠳᠡᠮᠵᠢᠵᠦ᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠺᠣᠮᠫᠠᠨᠢ ᠵᠢᠨ ᠬᠠᠤᠯᠢ》᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠠᠮᠲᠤᠷᠠᠭᠰᠠᠨ ᠠᠵᠤ ᠠᠬᠤᠶ᠋ᠢᠯᠠᠯ᠎ᠤᠨ ᠬᠠᠤᠯᠢ》᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠤᠪᠢ ᠬᠥᠮᠦᠨ᠎ᠤ ᠲᠤᠰᠠᠭ᠋ᠠᠷ ᠪᠡᠯᠡ ᠣᠷᠣᠭᠤᠯᠤᠭᠰᠠᠨ ᠠᠵᠤ ᠠᠬᠤᠶ᠋ᠢᠯᠠᠯ᠎ᠤᠨ ᠬᠠᠤᠯᠢ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠦᠨᠳᠦᠰᠦᠯᠡᠨ ᠬᠤᠪᠢ ᠬᠥᠮᠦᠨ᠎ᠤ ᠲᠤᠰᠠᠭ᠋ᠠᠷ ᠪᠡᠯᠡ ᠣᠷᠣᠭᠤᠯᠤᠭᠰᠠᠨ ᠠᠵᠤ ᠠᠬᠤᠶ᠋ᠢᠯᠠᠯ᠂ ᠬᠤᠷᠰᠢᠭᠰᠠᠨ ᠠᠵᠤ ᠠᠬᠤᠶ᠋ᠢᠯᠠᠯ᠂ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ᠎ᠪᠠᠷ ᠭᠣᠶᠣᠴᠢᠯᠠᠨ ᠲᠠᠩᠰᠠᠯᠠᠭᠣᠯᠣᠨᠠ᠃ ᠡᠭᠦᠨ᠎ᠤ ᠬᠠᠮᠲᠤ 《ᠬᠤᠪᠢ ᠵᠢᠨ ᠦᠢ᠍ᠯᠡᠳᠪᠦᠷᠢ ᠬᠣᠳᠠᠯᠳᠣᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ》 ᠵᠢ ᠲᠣᠳᠣᠷᠬᠠᠶ᠋ᠢᠯᠠᠭᠰᠠᠨ ᠤ ᠳᠠᠷᠠᠭ᠎ᠠ᠂ ᠣᠯᠠᠨ ᠪᠡᠯᠡ ᠣᠷᠣᠭᠤᠯᠤᠭᠴᠢ ᠲᠠᠢ ᠪᠠᠶ᠋ᠢᠪᠠᠯ᠂ ᠪᠡᠯᠡ ᠣᠷᠣᠭᠤᠯᠤᠭᠴᠢ ᠵᠢᠨ ᠳᠣᠲᠣᠷ᠎ᠠ ᠨᠠᠭ᠋ᠠᠳᠤ ᠵᠠᠬ᠎ᠠ᠎ᠳᠠᠭᠠᠨ 1 ᠤᠤᠯ᠎ᠤᠨ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠡᠵᠡᠩᠨᠡᠭᠴᠢ᠎ᠲᠠᠢ ᠪᠠᠶ᠋ᠢᠬᠤ ᠬᠡᠷᠡᠭᠲᠡᠶ ᠭᠡᠵᠦ ᠲᠣᠳᠣᠷᠬᠠᠶ ᠲᠣᠭᠲᠠᠭ᠋ᠠᠵᠠᠶ᠃ 《ᠬᠤᠪᠢ ᠵᠢᠨ ᠦᠢ᠍ᠯᠡᠳᠪᠦᠷᠢ ᠬᠣᠳᠠᠯᠳᠣᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ》᠎ᠳᠤ 《ᠨᠢᠭᠡ ᠵᠢ ᠲᠣᠳᠣᠷᠬᠠᠶ᠋ᠢᠯᠠᠵᠤ ᠨᠢᠭᠡ ᠵᠢ ᠪᠠᠶ᠋ᠢᠭᠤᠯᠬᠤ》 ᠲᠤᠬᠠᠶ᠋ᠢᠯᠠᠭᠰᠠᠨ ᠠᠵᠢᠯ᠎ᠢ ᠬᠠᠮᠲᠤᠷᠠᠨ ᠡᠷᠭᠢᠯᠡᠨ᠎ᠡ᠂ ᠭᠡᠪᠡᠴᠦ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠰᠠᠯᠠᠭ᠎ᠠ ᠮᠥᠴᠢᠷ᠎ᠤᠨ ᠲᠦᠷᠢᠮ ᠲᠣᠭᠲᠠᠭ᠋ᠠᠯ ᠪᠤᠶᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠳᠤ ᠠᠰᠲᠠᠭ᠋ᠠᠨ ᠲᠣᠭᠲᠠᠭ᠋ᠠᠯ᠎ᠲᠠᠢ᠎ᠨᠢ ᠡᠭᠦᠨ᠎ᠳᠤ ᠪᠠᠭᠲᠠᠬᠤ ᠥᠬᠡᠶ᠃ ᠳᠠᠩᠰᠠᠯᠠᠬᠤ ᠪᠠᠶ᠋ᠢᠭᠤᠯᠭ᠎ᠠ᠎ᠨᠢ 《ᠬᠤᠪᠢ ᠵᠢᠨ ᠦᠢ᠍ᠯᠡᠳᠪᠦᠷᠢ ᠬᠣᠳᠠᠯᠳᠣᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ》 ᠭᠡᠷᠡᠴᠢ ᠭᠠᠷᠭ᠋ᠠᠵᠤ᠂ 《ᠬᠤᠪᠢ ᠵᠢᠨ ᠦᠢ᠍ᠯᠡᠳᠪᠦᠷᠢ ᠬᠣᠳᠠᠯᠳᠣᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ》 ᠠᠵᠤ ᠠᠬᠤᠶ᠋ᠢᠯᠠᠯ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠢ ᠦᠷᠭᠦᠯᠵᠢᠯᠡᠭᠦᠯᠬᠦ ᠵᠡᠷᠭᠡ ᠲᠤᠬᠠᠶ᠋ᠢᠯᠠᠭᠰᠠᠨ ᠠᠵᠢᠯ᠎ᠢ ᠭᠦᠢ᠍ᠴᠡᠳᠬᠡᠬᠦ᠎ᠳᠤ ᠳᠥᠭᠦᠮ ᠦᠵᠡᠭᠦᠯᠦᠨ᠎ᠡ᠃
ᠳᠥᠷᠪᠡ᠂ 《ᠬᠤᠪᠢ ᠵᠢᠨ ᠦᠢ᠍ᠯᠡᠳᠪᠦᠷᠢ ᠬᠣᠳᠠᠯᠳᠣᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ》 ᠭᠤᠤᠯ ᠡᠲᠡᠭᠡᠳ᠎ᠨᠢ ᠬᠡᠨ ᠬᠡᠨ ᠪᠣᠶ?
《ᠬᠡᠷᠡᠭᠵᠢᠭᠦᠯᠬᠦ ᠰᠠᠨᠠᠯ》᠎ᠳᠤ ᠡᠯ᠎ᠡ ᠭᠠᠵᠠᠷ᠎ᠤᠨ᠎ᠬᠢᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠨᠢᠭᠡ ᠵᠢᠯ᠎ᠠᠴᠠ ᠳᠡᠭᠡᠭᠰᠢ ᠳᠠᠩᠰᠠᠯᠠᠭᠣᠯᠣᠨ ᠪᠦᠷᠢᠳᠬᠡᠯᠭᠡᠵᠦ᠂ ᠨᠢᠭᠡᠨᠲᠡ ᠭᠠᠶ᠋ᠢᠯᠢ ᠵᠢᠨ ᠶᠠᠪᠤᠳᠠᠯ᠎ᠤᠨ ᠰᠠᠯᠠᠭ᠎ᠠ ᠮᠥᠴᠢᠷ᠎ᠲᠤ ᠡᠩ᠎ᠤᠨ ᠭᠠᠶ᠋ᠢᠯᠢ ᠲᠤᠰᠢᠶᠠᠭᠴᠢ᠎ᠪᠠᠷ ᠪᠦᠷᠢᠳᠬᠡᠭᠦᠯᠦᠭᠰᠡᠨ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠴᠢ ᠦᠢ᠍ᠯᠡᠳᠬᠦᠨ᠎ᠤ ᠦᠷᠳᠡᠭ ᠪᠠ ᠪᠣᠷᠣᠯᠠᠭᠤᠯᠬᠤ ᠬᠡᠪᠴᠢᠶ᠎ᠡ᠎ᠪᠠᠷ ᠨᠡᠯᠢᠶᠡᠳ ᠶᠡᠭᠡ ᠠᠷᠠᠯᠵᠢᠶ᠎ᠠ ᠬᠤᠳᠠᠯᠳᠤᠭ᠋ᠠᠨ᠎ᠤ ᠭᠦᠢ᠍ᠯᠭᠡᠭᠡᠨ᠎ᠤ ᠲᠦᠷᠦᠯ ᠵᠡᠷᠭᠡ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠭᠤᠣᠯᠳᠠᠯᠭ᠎ᠠ᠎ᠲᠠᠢ ᠳᠡᠮᠵᠢᠬᠦ ᠡᠲᠡᠭᠡᠳ ᠪᠣᠯᠭ᠋ᠠᠵᠤ᠂ ᠲᠡᠭᠦᠨ᠎ᠤ ᠬᠡᠯᠪᠡᠷᠢ᠎ᠪᠠᠨ ᠬᠤᠪᠢᠷᠠᠭᠤᠯᠤᠨ ᠲᠡᠰ ᠳᠡᠪᠰᠢᠬᠦ ᠵᠢ ᠲᠦᠷᠭᠡᠳᠬᠡᠵᠦ ᠠᠵᠤ ᠠᠬᠤᠶ᠋ᠢᠯᠠᠯ ᠪᠣᠯᠭ᠋ᠠᠬᠤ ᠵᠢ ᠠᠬᠢᠭᠤᠯᠬᠤ ᠬᠡᠷᠡᠭᠲᠡᠢ ᠭᠡᠵᠦ ᠲᠣᠳᠣᠷᠬᠠᠶ᠋ᠢᠯᠠᠪᠠ᠂ ᠬᠠᠤᠯᠢ ᠴᠠᠭ᠋ᠠᠵᠠ ᠬᠠᠤᠯᠢ ᠳᠣᠭᠲᠠᠭ᠋ᠠᠯ᠎ᠳᠤ ᠣᠨᠴᠠᠭ᠋ᠠᠢ᠌ᠯᠠᠨ ᠳᠣᠭᠲᠠᠭ᠋ᠠᠭᠰᠠᠨ ᠪᠦᠬᠦᠢ ᠠᠵᠢᠯ ᠲᠦᠷᠦᠯ᠎ᠤᠨ ᠡᠵᠡᠩᠨᠡᠯᠲᠡ᠎ᠨᠢ ᠠᠵᠤ ᠠᠬᠤᠶ᠋ᠢᠯᠠᠯ᠎ᠤᠨ ᠵᠣᠬᠢᠶᠠᠨ ᠪᠠᠶ᠋ᠢᠭᠤᠯᠤᠯᠲᠠ ᠵᠢᠨ ᠬᠡᠯᠪᠡᠷᠢ ᠵᠢ ᠪᠦᠷᠢᠯᠳᠦᠭᠦᠯᠬᠦ ᠬᠡᠷᠡᠭᠲᠡᠢ᠂ ᠭᠡᠪᠡᠴᠦ ᠣᠳᠤᠬᠠᠨ᠎ᠳᠤ ᠳᠠᠩᠰᠠᠯᠠᠭᠣᠯᠣᠨ ᠪᠦᠷᠢᠳᠬᠡᠯᠡᠭᠰᠡᠨ ᠬᠣᠪᠢ ᠵᠢᠨ ᠠᠵᠤ ᠦᠢ᠍ᠯᠡᠳᠪᠦᠷᠢ ᠬᠣᠳᠠᠯᠳᠣᠭ᠋ᠠᠨ᠎ᠤ ᠡᠷᠦᠬᠡ᠎ᠨᠢ ᠡᠷᠬᠡᠪᠰᠢ ᠬᠠᠣᠯᠢ ᠶᠣᠰᠣᠭ᠋ᠠᠷ ᠬᠡᠯᠪᠡᠷᠢ᠎ᠪᠠᠨ ᠬᠣᠪᠢᠷᠠᠭᠣᠯᠬᠣ ᠬᠡᠷᠡᠭᠲᠡᠢ᠂ ᠭᠣᠣᠯᠳᠠᠯᠭ᠎ᠠ᠎ᠲᠠᠢ ᠪᠣᠰᠣ ᠡᠲᠡᠭᠡᠳ᠎ᠤᠨ ᠬᠤᠪᠢ ᠵᠢᠨ ᠠᠵᠤ ᠦᠢ᠍ᠯᠡᠳᠪᠦᠷᠢ ᠬᠣᠳᠠᠯᠳᠤᠭ᠋ᠠᠨᠤ ᠡᠷᠦᠬᠡ᠎ᠳᠤ ᠬᠠᠷᠢᠶᠠᠯᠠᠭᠳᠠᠬᠣ ᠪᠣᠯᠪᠠᠴᠤ ᠰᠠᠢ᠌ᠨ ᠳᠤᠷ᠎ᠠ᠎ᠠᠴᠠ᠎ᠪᠠᠨ ᠬᠡᠯᠪᠡᠷᠢ᠎ᠪᠠᠨ ᠬᠣᠪᠢᠷᠠᠭᠣᠯᠣᠨ ᠠᠵᠦ ᠠᠬᠣᠢ᠌ᠯᠠᠯ ᠪᠣᠯᠣᠭᠰᠠᠨ ᠪᠠᠢ᠌ᠪᠠᠯ᠂ ᠬᠡᠯᠪᠡᠷᠢ᠎ᠪᠠᠨ ᠬᠣᠪᠢᠷᠠᠭᠣᠯᠬᠣ ᠵᠢ᠎ᠨᠢ ᠶᠡᠬᠡᠪᠡᠷ ᠳᠡᠮᠵᠢᠨ᠎ᠡ᠃
ᠲᠠᠪᠤ᠂ 《ᠬᠡᠷᠡᠭᠵᠢᠭᠦᠯᠬᠦ ᠰᠠᠨᠠᠯ》᠎ᠨᠢ 《ᠬᠤᠪᠢ ᠵᠢᠨ ᠦᠢ᠍ᠯᠡᠳᠪᠦᠷᠢ ᠬᠣᠳᠠᠯᠳᠣᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ》 ᠨᠢᠭᠡ ᠯᠡ ᠤᠳᠠᠭ᠎ᠠ ᠵᠢᠨ ᠴᠢᠨᠠᠷᠲᠠᠶ ᠨᠥᠬᠦᠪᠥᠷᠢ ᠵᠢᠨ ᠪᠠᠯᠠ ᠮᠥᠩᠭᠦ ᠵᠢ ᠲᠠᠷᠬᠠᠬᠣ ᠨᠥᠬᠦᠴᠡᠯ᠎ᠢ ᠬᠡᠷᠬᠢᠨ ᠲᠣᠭᠲᠠᠭ᠋ᠠᠭᠰᠠᠨ ᠪᠣᠶ?
《ᠬᠡᠷᠡᠭᠵᠢᠭᠦᠯᠬᠦ ᠰᠠᠨᠠᠯ》᠎ᠳᠤ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠠᠩᠬ᠎ᠠ ᠤᠳᠠᠭ᠎ᠠ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠭᠰᠡᠨ ᠠᠵᠤ ᠠᠬᠤᠶ᠋ᠢᠯᠠᠯ᠎ᠳᠤ ᠨᠢᠭᠡ ᠯᠡ ᠤᠳᠠᠭ᠎ᠠ᠎ᠳᠤ ᠨᠥᠬᠦᠪᠥᠷᠢ ᠮᠥᠩᠭᠦ ᠭᠤᠶᠤᠴᠢᠯᠠᠬᠤ᠎ᠳᠤ᠎ᠪᠠᠨ ᠳᠣᠣᠷᠠᠬᠢ ᠨᠦᠬᠦᠴᠡᠯ᠎ᠳᠤ ᠨᠡᠢ᠌ᠴᠡᠭᠰᠡᠨ ᠪᠠᠢ᠌ᠬᠣ ᠬᠡᠷᠡᠭᠲᠡᠢ᠄
1. ᠬᠡᠯᠪᠡᠷᠢ᠎ᠪᠠᠨ ᠬᠤᠪᠢᠷᠠᠭᠤᠯᠬᠤ ᠦᠶ᠎ᠡ᠎ᠳᠤ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠦᠷᠭᠦᠯᠵᠢᠯᠡᠨ ᠣᠷᠣᠰᠢᠬᠣ ᠴᠠᠭ᠎ᠨᠢ ᠨᠢᠭᠡᠨᠲᠡ 1 ᠵᠢᠯ ᠬᠡᠲᠦᠷᠡᠭᠰᠡᠨ ᠮᠥᠷᠲᠡᠭᠡᠨ ᠣᠶ᠋ᠢᠷ᠎ᠠ ᠵᠢᠨ 1 ᠵᠢᠯ᠎ᠤᠨ ᠳᠣᠲᠣᠷ᠎ᠠ ᠡᠵᠡᠩᠨᠡᠭᠴᠢ ᠵᠢ ᠬᠤᠪᠢᠷᠠᠭᠤᠯᠬᠤ ᠭᠠᠷ ᠭᠦᠢ᠍ᠴᠡᠳᠬᠡᠯ ᠬᠢᠭᠰᠡᠨ ᠦᠭᠡᠢ᠃
2. ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠵᠦ ᠠᠵᠤ ᠠᠬᠤᠶ᠋ᠢᠯᠠᠯ᠎ᠤᠨ ᠲᠤᠬᠠᠶ᠋ᠢᠯᠠᠭᠰᠠᠨ ᠠᠵᠢᠯ᠎ᠢ ᠬᠦᠢ᠍ᠴᠡᠳᠬᠡᠬᠦ ᠴᠠᠭ᠎ᠨᠢ 2023 ᠣᠨ᠎ᠤ 4 ᠳ᠋ᠦ᠍ᠭᠡᠷ ᠰᠠᠷ᠎ᠠ ᠵᠢᠨ 12᠎ᠤᠨ ᠡᠳᠦᠷ᠎ᠠᠴᠠ 2025 ᠣᠨ᠎ᠤ 12 ᠳ᠋ᠣᠭ᠋ᠠᠷ ᠰᠠᠷ᠎ᠠ ᠵᠢᠨ 31᠎ᠤ ᠡᠳᠦᠷ ᠪᠣᠯᠲᠠᠯᠠᠬᠢ ᠬᠤᠭᠤᠴᠠᠭ᠋ᠠᠨ᠎ᠳᠤ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠬᠦᠴᠦᠨ ᠥᠬᠡᠶ ᠪᠣᠯᠭ᠋ᠠᠬᠤ ᠴᠠᠭ ᠬᠢᠭᠡᠳ ᠬᠡᠯᠪᠡᠷᠢ᠎ᠪᠠᠨ ᠬᠤᠪᠢᠷᠠᠭᠤᠯᠬᠤ ᠠᠵᠤ ᠠᠬᠤᠶ᠋ᠢᠯᠠᠯ ᠪᠠᠶ᠋ᠢᠭᠤᠯᠬᠤ ᠴᠠᠭ᠎ᠤᠨ ᠬᠤᠭᠤᠷᠣᠨᠳᠣᠬᠢ ᠵᠠᠶ᠎ᠨᠢ 15 ᠡᠳᠦᠷ᠎ᠠᠴᠠ ᠬᠡᠲᠦᠷᠡᠵᠦ ᠪᠣᠯᠬᠤ ᠥᠬᠡᠶ᠃
3. ᠬᠡᠯᠪᠡᠷᠢ᠎ᠪᠠᠨ ᠬᠤᠪᠢᠷᠠᠭᠤᠯᠬᠤ᠎ᠠᠴᠠ ᠡᠮᠦᠨ᠎ᠡ ᠤᠤᠯ᠎ᠤᠨ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠡᠵᠡᠩᠨᠡᠭᠴᠢ ᠵᠢᠨ ᠬᠡᠯᠪᠡᠷᠢ᠎ᠪᠠᠨ ᠬᠤᠪᠢᠷᠠᠭᠤᠯᠬᠤ ᠠᠵᠤ ᠠᠬᠤᠶ᠋ᠢᠯᠠᠯ᠎ᠤᠨ ᠳᠣᠲᠣᠷᠠᠬᠢ ᠪᠡᠯᠡ ᠣᠷᠣᠭᠤᠯᠤᠯᠲᠠ ᠵᠢᠨ ᠬᠠᠷᠢᠴᠠᠯ᠎ᠢ 30%᠎ᠠᠴᠠ ᠳᠣᠣᠷ᠎ᠠ ᠪᠠᠶ᠋ᠢᠯᠭ᠋ᠠᠵᠤ ᠪᠣᠯᠬᠤ ᠦᠭᠡᠢ᠃
4. ᠬᠡᠯᠪᠡᠷᠢ᠎ᠪᠠᠨ ᠬᠤᠪᠢᠷᠠᠭᠤᠯᠤᠭᠰᠠᠨ ᠠᠵᠤ ᠠᠬᠤᠶ᠋ᠢᠯᠠᠯ᠎ᠨᠢ 2 ᠵᠢᠯ ᠳᠠᠷᠠᠭ᠋ᠠᠯᠠᠨ ᠪᠣᠳᠠᠲᠠᠶ ᠡᠵᠡᠩᠨᠡᠯᠲᠡ ᠵᠢᠨ ᠠᠵᠢᠯᠯᠠᠭ᠎ᠠ ᠬᠢᠭᠰᠡᠨ ᠮᠥᠷᠲᠡᠭᠡᠨ ᠣᠷᠣᠨ ᠰᠠᠭᠤᠴᠠ ᠵᠢᠨ ᠭᠠᠵᠠᠷ᠎ᠲᠠᠭᠠᠨ ᠬᠡᠪ᠎ᠤᠨ ᠡᠵᠡᠩᠨᠡᠯᠲᠡ ᠬᠢᠵᠦ᠂ ᠡᠳ᠋᠎ᠤᠨ ᠶᠠᠪᠤᠳᠠᠯ᠎ᠤᠨ ᠳᠠᠩᠰᠠ ᠲᠡᠮᠳᠡᠭᠯᠡᠬᠦ ᠵᠠᠷᠤᠯᠭ᠎ᠠ (ᠣᠷᠣᠯᠠᠨ ᠳᠠᠩᠰᠠ ᠲᠡᠮᠳᠡᠭᠯᠡᠬᠦ ᠵᠠᠷᠤᠯᠭ᠎ᠠ᠂ ᠡᠳ᠋᠎ᠤᠨ ᠶᠠᠪᠤᠳᠠᠯ᠎ᠤᠨ ᠠᠵᠢᠯᠲᠠᠨ ᠤᠷᠢᠨ ᠬᠡᠷᠡᠭᠯᠡᠬᠦ ᠵᠡᠷᠭᠡ) ᠵᠢᠨ ᠵᠣᠬᠢᠬᠤ ᠭᠡᠷᠡᠴᠢ ᠪᠠᠷᠢᠮᠲᠠ ᠵᠢ ᠬᠠᠩᠭ᠋ᠠᠵᠤ ᠳᠡᠶ᠋ᠢᠯᠬᠦ ᠬᠡᠷᠡᠭᠲᠡᠢ᠃
5. ᠬᠡᠯᠪᠡᠷᠢ᠎ᠪᠠᠨ ᠬᠤᠪᠢᠷᠠᠭᠤᠯᠤᠭᠰᠠᠨ ᠠᠵᠤ ᠠᠬᠤᠶ᠋ᠢᠯᠠᠯ ᠨᠥᠬᠦᠪᠥᠷᠢ ᠪᠡᠯᠡ ᠮᠥᠩᠭᠦ ᠭᠤᠶᠤᠴᠢᠯᠠᠬᠤ ᠦᠶ᠎ᠡ᠎ᠳᠤ ᠡᠵᠡᠩᠨᠡᠯᠲᠡ ᠵᠢᠨ ᠬᠡᠪ᠎ᠤᠨ ᠪᠤᠰᠤ ᠨᠡᠷᠡᠰ᠎ᠤᠨ ᠵᠢᠭᠰᠠᠭ᠋ᠠᠯᠲᠠ᠎ᠳᠤ ᠣᠷᠣᠭᠰᠠᠨ ᠦᠭᠡᠢ ᠪᠤᠶᠤ ᠬᠠᠤᠯᠢ ᠵᠢ ᠬᠦᠨᠳᠦ ᠨᠣᠴᠢᠲᠠᠶ ᠵᠦᠷᠢᠴᠡᠭᠰᠡᠨ᠂ ᠢᠲᠡᠭᠡᠮᠵᠢ ᠠᠯᠳᠠᠭᠰᠠᠨ ᠨᠡᠷᠡᠰ᠎ᠢ ᠬᠠᠮᠲᠤᠷᠠᠨ ᠵᠠᠯᠬᠠᠭ᠋ᠠᠨ ᠴᠡᠭᠡᠷᠯᠡᠭᠦᠯᠬᠦ ᠵᠢ ᠬᠡᠷᠡᠭᠵᠢᠭᠦᠯᠣᠭ᠌ᠳᠡᠭᠰᠡᠨ ᠦᠭᠡᠢ᠂ ᠤᠤᠯ᠎ᠤᠨ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠡᠵᠡᠩᠨᠡᠭᠴᠢ ᠰᠢᠭᠦᠬᠦ ᠬᠤᠷᠢᠶᠠᠨ᠎ᠤ ᠢᠲᠡᠭᠡᠯ ᠵᠶ᠋ᠠᠨ ᠠᠯᠳᠠᠭᠰᠠᠨ ᠭᠦᠢ᠍ᠴᠡᠳᠬᠡᠭᠳᠡᠭᠴᠢ᠎ᠪᠠᠷ ᠵᠢᠭᠰᠠᠭ᠋ᠠᠭᠳᠠᠭᠰᠠᠨ ᠦᠭᠡᠢ ᠪᠠᠢ᠌ᠬᠣ ᠬᠡᠷᠡᠭᠲᠡᠢ᠃
6. ᠬᠡᠯᠪᠡᠷᠢ᠎ᠪᠠᠨ ᠬᠤᠪᠢᠷᠠᠭᠤᠯᠤᠭᠰᠠᠨ ᠠᠵᠤ ᠠᠬᠤᠶ᠋ᠢᠯᠠᠯ ᠲᠣᠭᠲᠠᠭ᠋ᠠᠯ ᠶᠣᠰᠣᠭ᠋ᠠᠷ ᠭᠠᠶ᠋ᠢᠯᠢ ᠲᠤᠰᠢᠶᠠᠬᠤ ᠮᠡᠳᠡᠭᠦᠯᠦᠯᠲᠡ ᠬᠢᠭᠰᠡᠨ ᠪᠥᠭᠡᠳ ᠪᠣᠳᠠᠲᠠᠶ ᠭᠠᠶ᠋ᠢᠯᠢ ᠵᠢᠨ ᠮᠥᠩᠭᠦ ᠲᠤᠰᠢᠶᠠᠭᠰᠠᠨ ᠲᠡᠮᠳᠡᠭᠯᠡᠯ᠎ᠲᠠᠢ ᠪᠠᠶ᠋ᠢᠵᠤ᠂ ᠬᠡᠪ᠎ᠤᠨ ᠪᠤᠰᠤ ᠡᠷᠦᠬᠡ ᠪᠠ ᠠᠶᠤᠯ ᠲᠦᠭᠰᠢᠭᠦᠷᠢ᠎ᠲᠠᠢ ᠭᠠᠶ᠋ᠢᠯᠢ ᠲᠤᠰᠢᠶᠠᠭᠴᠢ᠎ᠳᠤ ᠬᠠᠷᠢᠶᠠᠯᠠᠭᠳᠠᠬᠤ ᠦᠭᠡᠶ᠂ ᠭᠠᠶ᠋ᠢᠯᠢ ᠲᠠᠲᠠᠪᠤᠷᠢ ᠵᠢᠨ ᠬᠠᠤᠯᠢ ᠵᠢ ᠵᠥᠷᠢᠴᠡᠭᠰᠡᠨ ᠬᠦᠨᠳᠦ ᠶᠡᠭᠡ ᠦᠢ᠍ᠯᠡ ᠠᠵᠢᠯᠯᠠᠭ᠎ᠠ ᠦᠭᠡᠶ ᠪᠠᠢ᠌ᠬᠣ ᠬᠡᠷᠡᠭᠲᠡᠢ᠃
7. ᠬᠡᠯᠪᠡᠷᠢ᠎ᠪᠠᠨ ᠬᠤᠪᠢᠷᠠᠭᠤᠯᠤᠭᠰᠠᠨ᠎ᠤ ᠳᠠᠷᠠᠭ᠎ᠠ᠂ ᠠᠵᠤ ᠠᠬᠤᠶ᠋ᠢᠯᠠᠯ᠎ᠤᠨ ᠨᠡᠷ᠎ᠡ ᠳᠣᠤᠷ᠎ᠠ 1 ᠬᠥᠮᠦᠨ ᠪᠤᠶᠤ ᠲᠡᠭᠦᠨ᠎ᠠᠴᠠ ᠳᠡᠭᠡᠭᠰᠢᠬᠢ ᠬᠥᠮᠦᠰ ᠨᠡᠶ᠋ᠢᠭᠡᠮ᠎ᠤᠨ ᠪᠠᠲᠤᠯᠠᠭ᠎ᠠ ᠲᠤᠰᠢᠶᠠᠭ᠋ᠠᠳ ᠪᠦᠬᠦᠯᠢ 1 ᠵᠢᠯ ᠪᠣᠯᠬᠣ ᠬᠡᠷᠡᠭᠲᠡᠢ᠃
ᠠᠳᠠᠯᠢ ᠨᠢᠭᠡᠨ ᠬᠣᠪᠢ ᠵᠢᠨ ᠠᠵᠤ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠡᠵᠡᠩᠨᠡᠭᠴᠢᠳ᠂ ᠪᠥᠬᠦ ᠣᠷᠣᠨ᠎ᠤ ᠬᠡᠪᠴᠢᠶᠡᠨ᠎ᠳᠤ ᠬᠡᠯᠪᠡᠷᠢ᠎ᠪᠠᠨ ᠬᠤᠪᠢᠷᠠᠭᠤᠯᠬᠤ ᠣᠯᠠᠨ ᠠᠵᠤ ᠠᠬᠤᠶ᠋ᠢᠯᠠᠯ ᠪᠠᠶ᠋ᠢᠪᠠᠯ᠂ ᠵᠥᠪᠬᠡᠨ ᠨᠢᠭᠡ ᠬᠡᠯᠪᠡᠷᠢ᠎ᠪᠠᠨ ᠬᠣᠪᠢᠷᠠᠭᠣᠯᠣᠭᠰᠠᠨ ᠠᠵᠤ ᠠᠬᠤᠶ᠋ᠢᠯᠠᠯ᠎ᠳᠤ ᠨᠥᠬᠦᠪᠥᠷᠢ ᠥᠭᠭᠦᠨ᠎ᠡ᠃
ᠵᠢᠷᠭᠤᠭ᠎ᠠ᠂ 《ᠬᠤᠪᠢ ᠵᠢᠨ ᠦᠢ᠍ᠯᠡᠳᠪᠦᠷᠢ ᠬᠣᠳᠠᠯᠳᠣᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ》 ᠨᠢᠭᠡ ᠯᠡ ᠤᠳᠠᠭ᠎ᠠ ᠵᠢᠨ ᠴᠢᠨᠠᠷᠲᠠᠶ ᠨᠥᠬᠦᠪᠥᠷᠢ ᠵᠢᠨ ᠪᠠᠯᠠ ᠮᠥᠩᠭᠦ ᠵᠢᠨ ᠭᠤᠶᠤᠴᠢᠯᠠᠯ᠎ᠤᠨ ᠮᠠᠲ᠋ᠧᠷᠢᠶᠠᠯ᠎ᠨᠢ ᠶᠠᠭᠤ ᠪᠣᠶ?
《ᠬᠡᠷᠡᠭᠵᠢᠭᠦᠯᠬᠦ ᠰᠠᠨᠠᠯ》᠎ᠳᠤ 《ᠬᠤᠪᠢ ᠵᠢᠨ ᠦᠢ᠍ᠯᠡᠳᠪᠦᠷᠢ ᠬᠣᠳᠠᠯᠳᠣᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ》 ᠬᠡᠯᠪᠡᠷᠢ ᠵᠢᠨ ᠬᠤᠪᠢᠷᠠᠭᠤᠯᠤᠯᠲᠠ ᠵᠢᠨ ᠠᠵᠤ ᠠᠬᠤᠶ᠋ᠢᠯᠠᠯ᠎ᠤᠨ ᠨᠢᠭᠡ ᠤᠳᠠᠭ᠎ᠠ ᠵᠢᠨ ᠴᠢᠨᠠᠷᠲᠠᠶ ᠨᠥᠬᠦᠪᠥᠷᠢ ᠮᠥᠩᠭᠦ ᠵᠢ ᠭᠤᠶᠤᠴᠢᠯᠠᠬᠤ᠎ᠳᠤ ᠳᠣᠤᠷᠠᠬᠢ ᠭᠤᠶᠤᠴᠢᠯᠠᠯ᠎ᠤᠨ ᠮᠠᠲ᠋ᠧᠷᠢᠶᠠᠯ᠎ᠢ ᠲᠤᠰᠢᠶᠠᠬᠤ ᠬᠡᠷᠡᠭᠲᠡᠶ᠄
1. 《ᠬᠤᠪᠢ ᠵᠢᠨ ᠦᠢ᠍ᠯᠡᠳᠪᠦᠷᠢ ᠬᠣᠳᠠᠯᠳᠣᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ》 ᠨᠢᠭᠡ ᠯᠡ ᠤᠳᠠᠭ᠎ᠠ ᠵᠢᠨ ᠴᠢᠨᠠᠷᠲᠠᠶ ᠨᠥᠬᠦᠪᠥᠷᠢ ᠪᠠᠯᠠ ᠮᠥᠩᠭᠦ ᠭᠤᠶᠤᠴᠢᠯᠠᠬᠤ ᠬᠦᠰᠦᠨᠦᠭᠲᠦ᠃
2. ᠬᠡᠯᠪᠡᠷᠢ ᠬᠤᠪᠢᠷᠠᠭ᠋ᠠᠭᠰᠠᠨ ᠠᠵᠤ ᠠᠬᠤᠶ᠋ᠢᠯᠠᠯ᠎ᠤᠨ ᠭᠣᠤᠯ ᠴᠣᠭᠴᠠ ᠵᠢᠨ ᠬᠢᠷᠢ ᠭᠡᠮ᠎ᠤᠨ ᠭᠡᠷᠡᠴᠢ ᠵᠢᠴᠢ ᠤᠤᠯ᠎ᠤᠨ ᠬᠤᠪᠢ ᠵᠢᠨ ᠠᠵᠤ ᠦᠢ᠍ᠯᠡᠳᠪᠦᠷᠢ ᠬᠤᠳᠠᠯᠳᠤᠭ᠎ᠠ ᠵᠢᠨ ᠡᠷᠦᠬᠡ ᠵᠢᠨ ᠡᠵᠡᠩᠨᠡᠭᠴᠢ ᠵᠢᠨ ᠬᠤᠪᠢ ᠡᠵᠡᠮᠰᠢᠭᠰᠡᠨ ᠬᠠᠷᠢᠴᠠᠯ᠎ᠤᠨ ᠪᠠᠶ᠋ᠢᠳᠠᠯ (ᠳ᠋ᠠᠢ᠌ᠲ᠋ᠠ ᠵᠢ ᠬᠠᠮᠲᠤ᠎ᠳᠠᠭᠠᠨ ᠡᠳ᠋ᠯᠡᠬᠦ᠎ᠪᠠᠷ ᠳᠠᠮᠵᠢᠨ ᠣᠯᠵᠤ ᠪᠣᠯᠬᠤ ᠬᠠᠩᠭ᠋ᠠᠬᠤ᠎ᠠᠴᠠ ᠬᠡᠯᠳᠤᠷᠢᠭᠦᠯᠣᠨᠡ)᠃
3. ᠬᠡᠯᠪᠡᠷᠢ ᠵᠢ ᠬᠤᠪᠢᠷᠠᠭᠤᠯᠤᠭᠰᠠᠨ ᠠᠵᠤ ᠠᠬᠤᠶ᠋ᠢᠯᠠᠯ 2 ᠵᠢᠯ ᠳᠠᠷᠠᠭ᠋ᠠᠯᠠᠨ ᠨᠢᠭᠲᠠᠯᠠᠨ ᠪᠣᠳᠣᠭᠴᠢ ᠵᠢᠨ ᠬᠡᠷᠡᠭ ᠡᠷᠬᠢᠯᠡᠬᠦ ᠭᠠᠵᠠᠷ᠎ᠤᠨ ᠬᠢᠨᠠᠨ ᠪᠣᠳᠣᠯ᠎ᠲᠤ ᠵᠢᠨ ᠮᠡᠳᠡᠭᠦᠯᠦᠯᠲᠡ ᠵᠢᠨ ᠬᠦᠰᠦᠨᠦᠭᠲᠦ᠃
4. ᠠᠵᠤ ᠠᠬᠤᠶ᠋ᠢᠯᠠᠯ᠎ᠤᠨ ᠭᠠᠶ᠋ᠢᠯᠢ ᠲᠤᠰᠢᠶᠠᠬᠤ ᠭᠡᠷᠡᠴᠢ (ᠭᠠᠶ᠋ᠢᠯᠢ ᠲᠤᠰᠢᠶᠠᠭᠴᠢ ᠥᠪᠡᠰᠦᠪᠡᠨ ᠡᠯᠸᠺᠲᠷᠣᠨ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ᠎ᠳᠤ ᠭᠠᠷᠴᠤ ᠳᠠᠷᠤᠮᠠᠯᠯᠠᠬᠤ) ᠵᠢᠴᠢ ᠨᠡᠶ᠋ᠢᠭᠡᠮ᠎ᠤᠨ ᠳᠠᠭ᠋ᠠᠳᠬᠠᠯ ᠲᠤᠰᠢᠶᠠᠬᠤ ᠭᠡᠷᠡᠴᠢ (ᠠᠵᠤ ᠠᠬᠤᠶ᠋ᠢᠯᠠᠯ ᠥᠪᠡᠰᠦᠪᠡᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠰᠦᠯᠵᠢᠶᠡᠨ ᠳᠡᠭᠡᠷᠡᠬᠢ ᠦᠢ᠍ᠯᠡᠴᠢᠯᠡᠭᠡᠨ᠎ᠤ ᠰᠢᠰᠲ᠋ᠧᠮ᠎ᠳᠤ ᠣᠷᠣᠵᠤ ᠳᠠᠷᠤᠮᠠᠯᠯᠠᠵᠤ ᠪᠣᠯᠤᠨ᠎ᠠ)᠃
5. ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠵᠢᠴᠢ ᠳᠡᠭᠡᠳᠦ ᠱᠠᠲᠤᠨ᠎ᠤ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ ᠳᠤ ᠲᠣᠭᠲᠠᠭ᠋ᠠᠭᠰᠠᠨ ᠪᠤᠰᠤᠳ ᠮᠠᠲ᠋ᠧᠷᠢᠶᠠᠯ᠃
ᠬᠡᠯᠪᠡᠷᠢ᠎ᠪᠠᠨ ᠬᠣᠪᠢᠷᠠᠭᠣᠯᠣᠭᠰᠠᠨ ᠠᠵᠤ ᠠᠬᠤᠶ᠋ᠢᠯᠠᠯ᠎ᠤᠳ ᠱᠠᠭ᠋ᠠᠷᠳᠠᠯᠭ᠎ᠠ ᠶᠣᠰᠣᠭ᠋ᠠᠷ ᠦᠨᠡᠨ ᠪᠣᠳᠠᠲᠠᠶ᠂ ᠬᠠᠤᠯᠢ᠎ᠳᠤ ᠨᠡᠶ᠋ᠢᠴᠡᠭᠰᠡᠨ᠂ ᠪᠦᠷᠢᠨ ᠪᠦᠲᠦᠨ ᠭᠤᠶᠤᠴᠢᠯᠠᠯ᠎ᠤᠨ ᠮᠠᠲ᠋ᠧᠷᠢᠶᠠᠯ ᠵᠶ᠋ᠠᠨ ᠬᠠᠩᠭ᠋ᠠᠬᠤ ᠬᠡᠷᠡᠭᠲᠡᠶ᠃ ᠭᠡᠷᠡᠴᠢᠯᠡᠬᠦ ᠪᠢᠴᠢᠭ ᠮᠠᠲ᠋ᠧᠷᠢᠶᠠᠯ᠎ᠢ ᠬᠠᠮᠲᠤ᠎ᠪᠠᠷ ᠡᠳ᠋ᠯᠡᠬᠦ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ ᠵᠢᠨ ᠡᠬᠢ ᠪᠠᠶᠠᠯᠢᠭ᠎ᠢ ᠪᠠᠶ᠋ᠢᠴᠠᠭ᠋ᠠᠨ ᠯᠠᠪᠯᠠᠬᠤ᠂ ᠬᠠᠷᠭᠤᠭᠤᠯᠤᠨ ᠪᠠᠶ᠋ᠢᠴᠠᠭ᠋ᠠᠬᠤ᠎ᠪᠠᠷ ᠳᠠᠮᠵᠢᠵᠤ ᠪᠣᠯᠬᠣ ᠪᠣᠯᠪᠠᠯ᠂ ᠲᠤᠰᠢᠶᠠᠬᠤ ᠥᠬᠡᠶ ᠪᠠᠶ᠋ᠢᠵᠤ ᠪᠣᠯᠤᠨ᠎ᠠ᠃ ᠲᠤᠰ ᠲᠥᠷᠥ ᠵᠢᠨ ᠪᠣᠳᠣᠯᠭ᠎ᠠ ᠶᠠᠮᠠᠷᠪᠠ ᠵᠠᠭᠤᠴᠢ ᠪᠠᠶ᠋ᠢᠭᠤᠯᠤᠮᠵᠢ᠎ᠳᠤ ᠨᠠᠶ᠋ᠢᠳᠠᠵᠤ ᠲᠥᠷᠥᠯ ᠵᠦᠢ᠍ᠯ᠎ᠢ ᠣᠷᠣᠯᠠᠭᠤᠯᠤᠭᠰᠠᠨ ᠦᠭᠡᠶ᠂ ᠠᠵᠤ ᠠᠬᠤᠶ᠋ᠢᠯᠠᠯ᠎ᠠᠴᠠ ᠶᠠᠮᠠᠷᠪᠠ ᠰᠦᠢ᠍ᠳᠬᠡᠯ ᠬᠤᠷᠢᠶᠠᠬᠤ ᠦᠭᠡᠶ᠃
ᠳᠣᠯᠤᠭ᠎ᠠ᠂ 《ᠬᠤᠪᠢ ᠵᠢᠨ ᠦᠢ᠍ᠯᠡᠳᠪᠦᠷᠢ ᠬᠣᠳᠠᠯᠳᠣᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ》 ᠨᠢᠭᠡ ᠯᠡ ᠤᠳᠠᠭ᠎ᠠ ᠵᠢᠨ ᠴᠢᠨᠠᠷᠲᠠᠶ ᠨᠥᠬᠦᠪᠥᠷᠢ ᠵᠢᠨ ᠪᠠᠯᠠ ᠮᠥᠩᠭᠦ ᠵᠢ ᠬᠡᠷᠬᠢᠨ ᠲᠠᠷᠬᠠᠬᠣ ᠪᠣᠶ?
《ᠬᠡᠷᠡᠭᠵᠢᠭᠦᠯᠬᠦ ᠰᠠᠨᠠᠯ》᠎ᠳᠤ 《ᠬᠤᠪᠢ ᠵᠢᠨ ᠦᠢ᠍ᠯᠡᠳᠪᠦᠷᠢ ᠬᠣᠳᠠᠯᠳᠣᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ》 ᠨᠢᠭᠡ ᠯᠡ ᠤᠳᠠᠭ᠎ᠠ᠎ᠳᠤ ᠨᠥᠬᠦᠪᠦᠷᠢᠯᠡᠬᠦ ᠪᠡᠯᠡ ᠮᠥᠩᠭᠦ ᠪᠣᠯ ᠭᠤᠶᠤᠴᠢᠯᠠᠨ ᠣᠯᠭᠤᠬᠤ ᠵᠢᠨ ᠬᠠᠮᠲᠤ ᠬᠤᠶᠠᠷ ᠱᠠᠲᠤ᠎ᠪᠠᠷ ᠬᠢᠨᠠᠨ ᠬᠠᠷᠭᠤᠭᠤᠯᠬᠤ ᠵᠢ ᠬᠡᠷᠡᠭᠵᠢᠭᠦᠯᠦᠨ᠎ᠡ ᠭᠡᠵᠦ ᠲᠣᠳᠣᠷᠬᠠᠶ ᠲᠣᠭᠲᠠᠭ᠋ᠠᠵᠠᠶ᠃ ᠡᠯ᠎ᠡ ᠬᠤᠰᠢᠭᠤ ᠰᠢᠶᠠᠨ (ᠬᠤᠲᠠ᠂ ᠲᠣᠭᠤᠷᠢᠭ)᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠲᠣᠰ ᠬᠠᠷᠢᠶ᠎ᠠ ᠣᠷᠣᠨ᠎ᠤ᠎ᠪᠠᠨ ᠪᠣᠶ᠋ᠢᠵᠢᠭᠤᠯᠬᠤ ᠬᠥᠮᠥᠷᠭᠡ ᠵᠢᠨ ᠳᠣᠲᠣᠷᠠᠬᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ ᠠᠵᠤ ᠠᠬᠤᠶ᠋ᠢᠯᠠᠯ᠎ᠳᠤ ᠨᠢᠭᠡ ᠤᠳᠠᠭ᠎ᠠ ᠵᠢᠨ ᠴᠢᠨᠠᠷᠲᠠᠶ ᠨᠥᠬᠦᠪᠥᠷᠢ ᠮᠥᠩᠭᠦ ᠭᠤᠶᠤᠴᠢᠯᠠᠬᠤ ᠠᠷᠭ᠎ᠠ ᠮᠠᠶᠢᠭ ᠵᠢᠴᠢ ᠨᠥᠬᠦᠴᠡᠯ᠎ᠢ ᠮᠡᠳᠡᠭᠳᠡᠬᠦ ᠵᠢ ᠬᠠᠷᠢᠭᠤᠴᠠᠬᠤ ᠵᠢᠨ ᠬᠠᠮᠲᠤ ᠤᠬᠠᠭᠤᠯᠭ᠎ᠠ ᠵᠢᠨ ᠬᠠᠮᠤᠷᠬᠤ ᠬᠡᠪᠴᠢᠶ᠎ᠡ ᠵᠢ ᠥᠷᠭᠡᠳᠬᠡᠵᠦ᠂ ᠲᠥᠷᠥ ᠵᠢᠨ ᠪᠣᠳᠣᠯᠭ᠎ᠠ ᠵᠢ ᠨᠡᠶ᠋ᠢᠭᠡᠮ᠎ᠤᠨ ᠣᠶ᠋ᠢᠯᠠᠭ᠋ᠠᠬᠤ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠡᠯ᠎ᠡ ᠬᠣᠰᠢᠭᠤ ᠰᠢᠶᠠᠨ (ᠬᠣᠲᠠ᠂ ᠲᠣᠭᠣᠷᠢᠭ)᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠲᠤᠬᠠᠶ ᠵᠢᠨ ᠭᠠᠵᠠᠷ᠎ᠲᠤᠨᠢ ᠡᠷᠦᠬᠡ᠎ᠳᠤ ᠬᠦᠷᠴᠦ ᠰᠤᠷᠪᠤᠯᠵᠢᠯᠠᠬᠤ᠂ ᠬᠥᠨᠳᠡᠯᠡᠨ ᠵᠶ᠋ᠠᠷ ᠰᠠᠯᠠᠭ᠎ᠠ ᠮᠥᠴᠢᠷ᠎ᠤᠨ ᠲᠣᠭ᠎ᠠ ᠪᠠᠷᠢᠮᠲᠠ ᠵᠢ ᠬᠠᠷᠢᠴᠠᠭᠤᠯᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠪᠡᠶ᠎ᠡ᠎ᠪᠠᠨ ᠳᠠᠭ᠋ᠠᠭ᠋ᠠᠵᠤ ᠮᠡᠳᠡᠭᠦᠯᠦᠭᠰᠡᠨ 《ᠬᠤᠪᠢ ᠵᠢᠨ ᠦᠢ᠍ᠯᠡᠳᠪᠦᠷᠢ ᠬᠣᠳᠠᠯᠳᠣᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ》 ᠠᠵᠤ ᠠᠬᠤᠶ᠋ᠢᠯᠠᠯ᠎ᠤᠨ ᠭᠤᠶᠤᠴᠢᠯᠠᠯ᠎ᠤᠨ ᠮᠠᠲ᠋ᠧᠷᠢᠶᠠᠯ᠎ᠳᠤ ᠮᠥᠨ ᠴᠢᠨᠠᠷ᠎ᠤᠨ ᠬᠢᠨᠠᠨ ᠪᠠᠶ᠋ᠢᠴᠠᠭ᠋ᠠᠯᠲᠠ ᠬᠢᠵᠦ᠂ ᠬᠢᠨᠠᠨ ᠪᠠᠶ᠋ᠢᠴᠠᠭ᠋ᠠᠭ᠋ᠠᠳ ᠪᠠᠲᠤᠯᠠᠭᠰᠠᠨ ᠨᠡᠷᠡᠰ᠎ᠢ ᠨᠡᠶ᠋ᠢᠭᠡᠮ᠎ᠳᠤ ᠢᠯᠡ ᠨᠡᠶ᠋ᠢᠲᠡᠯᠡᠬᠦ ᠳᠡᠰ ᠳᠠᠷᠠᠭ᠋ᠠᠯᠠᠯ᠎ᠢ ᠭᠦᠢ᠍ᠴᠡᠳᠬᠡᠵᠦ᠂ ᠢᠯᠡ ᠨᠡᠶ᠋ᠢᠲᠡᠯᠡᠬᠦ ᠴᠠᠭ᠎ᠨᠢ 15 ᠠᠵᠢᠯᠯᠠᠬᠤ ᠡᠳᠦᠷ᠎ᠠᠴᠠ ᠳᠤᠲᠠᠭᠤ ᠦᠭᠡᠶ ᠪᠠᠶ᠋ᠢᠬᠤ ᠬᠡᠷᠡᠭᠲᠡᠶ᠃ ᠡᠯ᠎ᠡ ᠠᠶ᠋ᠢᠮᠠᠭ ᠬᠤᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠲᠤᠰ ᠬᠠᠷᠢᠶ᠎ᠠ ᠣᠷᠣᠨ᠎ᠤ᠎ᠪᠠᠨ ᠢᠯᠡ ᠨᠡᠶ᠋ᠢᠲᠡᠯᠡᠭᠰᠡᠨ ᠣᠨᠳᠣᠣ ᠰᠠᠨᠠᠯ ᠦᠭᠡᠢ 《ᠬᠤᠪᠢ ᠵᠢᠨ ᠦᠢ᠍ᠯᠡᠳᠪᠦᠷᠢ ᠬᠣᠳᠠᠯᠳᠣᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ》 ᠠᠵᠤ ᠠᠬᠤᠶ᠋ᠢᠯᠠᠯ᠎ᠤᠨ ᠮᠡᠳᠡᠭᠦᠯᠦᠭᠰᠡᠨ ᠮᠠᠲ᠋ᠧᠷᠢᠶᠠᠯ᠎ᠢ ᠳᠠᠬᠢᠨ ᠬᠢᠨᠠᠬᠤ ᠵᠢ ᠬᠠᠷᠢᠭᠤᠴᠠᠬᠤ ᠵᠢᠨ ᠬᠠᠮᠲᠤ ᠬᠢᠨᠠᠨ ᠬᠠᠷᠭᠤᠭᠤᠯᠵᠤ ᠪᠠᠲᠤᠯᠠᠭᠰᠠᠨ ᠨᠡᠷᠡᠰ᠎ᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠳᠤ ᠮᠡᠳᠡᠭᠦᠯᠦᠨ ᠬᠦᠷᠭᠡᠬᠦ ᠬᠡᠷᠡᠭᠲᠡᠢ᠃
ᠬᠢᠨᠠᠨ ᠬᠠᠷᠭᠤᠭᠤᠯᠬᠤ᠎ᠪᠠᠷ ᠳᠡᠮᠵᠢᠨ᠂ ᠲᠤᠰᠬᠠᠶ ᠪᠠᠯᠠ ᠮᠥᠩᠭᠦ ᠣᠯᠭᠤᠬᠤ ᠨᠥᠬᠦᠴᠡᠯ᠎ᠳᠤ ᠨᠡᠶ᠋ᠢᠴᠡᠬᠦ ᠬᠡᠯᠪᠡᠷᠢ᠎ᠪᠠᠨ ᠬᠣᠪᠢᠷᠠᠭᠣᠯᠬᠣ ᠠᠵᠤ ᠠᠬᠤᠶ᠋ᠢᠯᠠᠯ᠎ᠳᠤ ᠠᠶ᠋ᠢᠮᠠᠭ ᠬᠤᠲᠠ᠂ ᠬᠤᠰᠢᠭᠤ ᠰᠢᠶᠠᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠠᠴᠠ ᠱᠠᠲᠤ ᠬᠤᠪᠢᠶᠠᠨ ᠡᠭᠦᠷᠭᠡᠯᠡᠬᠦ ᠬᠠᠷᠢᠴᠠᠯ ᠶᠣᠰᠣᠭ᠋ᠠᠷ ᠵᠣᠭᠤᠰ ᠶᠠᠪᠣᠭᠣᠯᠣᠨ ᠥᠭᠬᠦ ᠲᠠᠰ ᠳᠠᠷᠠᠭ᠋ᠠᠯᠠᠯ᠎ᠢ ᠭᠦᠢ᠍ᠴᠡᠳᠬᠡᠵᠦ᠂ ᠨᠥᠬᠦᠪᠥᠷᠢ ᠪᠠᠯᠠ ᠮᠥᠩᠭᠦ ᠵᠢ ᠠᠵᠤ ᠠᠬᠤᠶ᠋ᠢᠯᠠᠯ᠎ᠤᠨ ᠲᠠᠩᠰᠠᠨ ᠡᠷᠦᠬᠡ᠎ᠳᠤ ᠰᠢᠭᠤᠳ ᠣᠯᠭᠤᠨ᠎ᠠ᠃
ᠨᠠᠢ᠍ᠮᠠ᠂ 《ᠬᠤᠪᠢ ᠵᠢᠨ ᠦᠢ᠍ᠯᠡᠳᠪᠦᠷᠢ ᠬᠣᠳᠠᠯᠳᠣᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠨ ᠬᠤᠪᠢᠷᠠᠭᠤᠯᠬᠤ》 ᠨᠢᠭᠡ ᠯᠡ ᠤᠳᠠᠭ᠎ᠠ ᠵᠢᠨ ᠴᠢᠨᠠᠷᠲᠠᠶ ᠨᠥᠬᠦᠪᠥᠷᠢ ᠵᠢᠨ ᠪᠠᠯᠠ ᠮᠥᠩᠭᠦ ᠵᠢ ᠣᠯᠭᠤᠬᠤ ᠥᠬᠡᠶ ᠪᠠᠶ᠋ᠢᠳᠠᠯ᠎ᠨᠢ ᠶᠠᠭᠤ ᠶᠠᠭᠤ ᠪᠣᠶ?
《ᠬᠡᠷᠡᠭᠵᠢᠭᠦᠯᠬᠦ ᠰᠠᠨᠠᠯ》᠎ᠳᠤ ᠨᠢᠭᠡ ᠤᠳᠠᠭ᠎ᠠ ᠵᠢᠨ ᠴᠢᠨᠠᠷᠲᠠᠶ ᠨᠥᠬᠦᠪᠥᠷᠢ ᠵᠢᠨ ᠪᠠᠯᠠ ᠮᠥᠩᠭᠦ ᠭᠤᠶᠤᠴᠢᠯᠠᠬᠤ ᠵᠢᠴᠢ ᠲᠠᠷᠬᠠᠬᠣ ᠬᠤᠭᠤᠴᠠᠭ᠋ᠠᠨ᠎ᠳᠤ ᠬᠡᠯᠪᠡᠷᠢ᠎ᠪᠠᠨ ᠬᠤᠪᠢᠷᠠᠭᠤᠯᠤᠭᠰᠠᠨ ᠠᠵᠤ ᠠᠬᠤᠶ᠋ᠢᠯᠠᠯ᠎ᠳᠤ ᠳᠣᠤᠷᠠᠬᠢ ᠪᠠᠶ᠋ᠢᠳᠠᠯ᠎ᠤᠨ ᠨᠢᠭᠡ᠎ᠨᠢ ᠣᠷᠣᠰᠢᠵᠤ ᠪᠠᠶ᠋ᠢᠪᠠᠯ᠂ ᠣᠯᠭᠤᠬᠤ ᠥᠬᠡᠶ᠄
1. ᠬᠡᠯᠪᠡᠷᠢ᠎ᠪᠠᠨ ᠬᠣᠪᠢᠷᠠᠭᠣᠯᠣᠭᠰᠠᠨ ᠠᠵᠤ ᠠᠬᠤᠶ᠋ᠢᠯᠠᠯ ᠬᠡᠯᠪᠡᠷᠢ ᠵᠢᠨ ᠬᠤᠪᠢᠷᠠᠭᠤᠯᠤᠯᠲᠠ ᠬᠢᠭᠰᠡᠨ ᠡᠳᠦᠷ᠎ᠠᠴᠠ ᠡᠬᠢᠯᠡᠵᠦ ᠦᠷᠭᠦᠯᠵᠢᠯᠡᠬᠦ ᠴᠠᠭ᠎ᠨᠢ 2 ᠵᠢᠯ ᠪᠣᠯᠤᠭ᠎ᠠ ᠦᠭᠡᠢ᠃
2. ᠤᠤᠯ᠎ᠤᠨ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠡᠵᠡᠩᠨᠡᠭᠴᠢ ᠨᠢᠭᠡᠨᠲᠡ ᠬᠡᠯᠪᠡᠷᠢ᠎ᠪᠠᠨ ᠬᠤᠪᠢᠷᠠᠭᠤᠯᠤᠭᠰᠠᠨ ᠠᠵᠤ ᠠᠬᠤᠶ᠋ᠢᠯᠠᠯ᠎ᠤᠨ ᠪᠡᠯᠡ ᠣᠷᠣᠭᠤᠯᠤᠭᠴᠢ (ᠬᠤᠪᠢ ᠣᠷᠣᠭᠣᠯᠣᠭᠴᠢ) ᠵᠢᠨ ᠪᠡᠶ᠎ᠡ ᠵᠢᠨ ᠭᠠᠷᠤᠯ᠎ᠤᠨ ᠲᠤᠰᠢᠶᠠᠯ᠎ᠢ ᠡᠭᠦᠷᠭᠡᠯᠡᠬᠦ᠎ᠪᠠᠨ ᠪᠤᠯᠢᠭᠰᠠᠨ ᠪᠠᠶ᠋ᠢᠪᠠᠯ᠃
3. ᠬᠡᠯᠪᠡᠷᠢ᠎ᠪᠠᠨ ᠬᠣᠪᠢᠷᠠᠭᠣᠯᠣᠭᠰᠠᠨ ᠠᠵᠤ ᠠᠬᠤᠶ᠋ᠢᠯᠠᠯ᠎ᠤᠨ ᠣᠷᠣᠨ ᠰᠠᠭᠤᠴᠠ᠎ᠪᠠᠨ ᠬᠤᠪᠢᠷᠠᠭᠤᠯᠵᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠠᠴᠠ ᠨᠡᠭᠦᠵᠦ ᠭᠠᠷᠤᠭᠰᠠᠨ ᠪᠣᠯ᠃
4. ᠬᠡᠯᠪᠡᠷᠢ᠎ᠪᠠᠨ ᠬᠤᠪᠢᠷᠠᠭᠤᠯᠤᠭᠰᠠᠨ ᠠᠵᠤ ᠠᠬᠤᠶ᠋ᠢᠯᠠᠯ ᠲᠤᠰ ᠬᠡᠷᠡᠭᠵᠢᠭᠦᠯᠬᠦ ᠰᠠᠨᠠᠯ᠎ᠤᠨ ᠱᠠᠭ᠋ᠠᠷᠳᠠᠯᠭ᠎ᠠ ᠶᠣᠰᠣᠭ᠋ᠠᠷ ᠭᠤᠶᠤᠴᠢᠯᠠᠯ ᠭᠠᠷᠭ᠋ᠠᠭᠰᠠᠨ ᠦᠭᠡᠢ᠂ ᠡᠰᠡᠬᠦᠯ᠎ᠡ ᠬᠤᠳᠠᠯ ᠬᠠᠭᠤᠷᠮᠠᠭ ᠭᠤᠶᠤᠴᠢᠯᠠᠬᠤ ᠮᠠᠲ᠋ᠧᠷᠢᠶᠠᠯ ᠲᠤᠰᠢᠶᠠᠭᠰᠠᠨ ᠪᠣᠯ᠃
5᠂ ᠬᠡᠯᠪᠡᠷᠢ᠎ᠪᠠᠨ ᠬᠣᠪᠢᠷᠠᠭᠣᠯᠣᠭᠰᠠᠨ ᠠᠵᠤ ᠠᠬᠤᠶ᠋ᠢᠯᠠᠯ ᠳᠠᠩᠰᠠᠯᠠᠭᠰᠠᠨ ᠬᠠᠶᠢᠭ ᠵᠶ᠋ᠠᠷ ᠳᠠᠮᠵᠢᠨ ᠬᠠᠷᠢᠯᠴᠠᠬᠤ ᠵᠢᠨ ᠠᠷᠭ᠎ᠠ ᠦᠭᠡᠢ ᠪᠤᠶᠤ ᠴᠠᠭ ᠲᠤᠬᠠᠢᠳᠤᠨᠢ ᠣᠨ᠎ᠤ ᠮᠡᠳᠡᠭᠦᠯᠦᠯᠲᠡ ᠬᠢᠭᠰᠡᠨ ᠦᠭᠡᠢ ᠵᠡᠷᠭᠡ ᠪᠠᠶ᠋ᠢᠳᠠᠯ᠎ᠠᠴᠠ ᠪᠣᠯᠵᠤ ᠬᠡᠪ᠎ᠤᠨ ᠪᠤᠰᠤ ᠡᠵᠡᠩᠨᠡᠯᠲᠡ ᠵᠢᠨ ᠨᠡᠷᠡᠰ᠎ᠲᠤ ᠣᠷᠣᠭᠰᠠᠨ᠃
6᠂ ᠬᠡᠯᠪᠡᠷᠢ᠎ᠪᠠᠨ ᠬᠣᠪᠢᠷᠠᠭᠣᠯᠣᠭᠰᠠᠨ ᠠᠵᠤ ᠠᠬᠤᠢ᠎ᠨᠢ ᠨᠢᠭᠡᠨᠲᠡ ᠳᠠᠩᠰᠠ᠎ᠠᠴᠠ ᠬᠠᠰᠤᠭᠰᠠᠨ ᠪᠤᠶᠤ ᠬᠦᠴᠦᠨ ᠦᠭᠡᠢ ᠪᠣᠯᠭ᠋ᠠᠭᠰᠠᠨ᠂ ᠨᠡᠷ᠎ᠡ ᠵᠢ᠎ᠨᠢ ᠬᠠᠰᠤᠭᠰᠠᠨ᠂ ᠵᠠᠷᠯᠢᠭᠳᠠᠨ ᠡᠭᠦᠳᠡ ᠵᠢ᠎ᠨᠢ ᠬᠠᠭ᠋ᠠᠯᠭ᠋ᠠᠵᠤ᠂ ᠳᠠᠩᠰᠠᠯᠠᠯᠲᠠ ᠵᠢ᠎ᠨᠢ ᠬᠠᠰᠣᠵᠦ ᠦᠭᠡᠢ ᠪᠣᠯᠭ᠋ᠠᠭᠰᠠᠨ᠃
7᠂ ᠬᠡᠯᠪᠡᠷᠢ᠎ᠪᠠᠨ ᠬᠣᠪᠢᠷᠠᠭᠣᠯᠣᠭᠰᠠᠨ ᠠᠵᠤ ᠠᠬᠤᠶ᠋ᠢᠯᠠᠯ ᠮᠡᠳᠡᠭᠦᠯᠬᠦ ᠨᠥᠬᠥᠴᠡᠯ᠎ᠳᠤ ᠬᠦᠷᠦᠭᠰᠡᠨ᠎ᠤ ᠳᠠᠷᠠᠭ᠎ᠠ 90 ᠡᠳᠦᠷ᠎ᠤᠨ ᠳᠣᠲᠣᠷ᠎ᠠ ᠭᠤᠶᠤᠴᠢᠯᠠᠯ ᠦᠭᠬᠦᠭᠰᠡᠨ ᠦᠭᠡᠢ᠃
8. ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠤᠶᠤ ᠳᠡᠭᠡᠳᠦ ᠱᠠᠲᠤᠨ᠎ᠤ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠎ᠳᠤ ᠦᠯᠤ ᠲᠠᠷᠬᠠᠬᠣ᠎ᠪᠠᠷ ᠲᠣᠭᠲᠠᠭ᠋ᠠᠭᠰᠠᠨ ᠪᠣᠰᠣᠳ ᠵᠦᠢ᠍ᠯ᠃
ᠬᠡᠯᠪᠡᠷᠢ᠎ᠪᠠᠨ ᠬᠤᠪᠢᠷᠠᠭᠤᠯᠤᠭᠰᠠᠨ ᠠᠵᠤ ᠠᠬᠤᠶ᠋ᠢᠯᠠᠯ ᠲᠤᠰ ᠬᠡᠷᠡᠭᠵᠢᠭᠦᠯᠬᠦ ᠰᠠᠨᠠᠯ᠎ᠤᠨ ᠲᠣᠭᠲᠠᠭ᠋ᠠᠯ᠎ᠠᠴᠠ ᠵᠥᠷᠢᠴᠡᠵᠦ᠂ ᠨᠥᠬᠦᠪᠥᠷᠢ ᠪᠡᠯᠡ ᠮᠥᠩᠭᠦ ᠵᠢ ᠬᠤᠳᠠᠯ ᠵᠶ᠋ᠠᠷ ᠮᠡᠳᠡᠭᠦᠯᠬᠦ᠂ ᠬᠠᠭᠤᠷᠮᠠᠭᠯᠠᠨ ᠠᠪᠬᠤ ᠵᠡᠷᠭᠡ ᠠᠷᠭ᠎ᠠ ᠪᠠᠷᠢᠯ ᠵᠶ᠋ᠠᠷ ᠮᠡᠬᠡᠯᠡᠨ ᠠᠪᠤᠭᠰᠠᠨ ᠪᠠᠶ᠋ᠢᠪᠠᠯ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠬᠠᠤᠯᠢ ᠶᠣᠰᠣᠭ᠋ᠠᠷ ᠲᠡᠭᠦᠨ᠎ᠢ ᠵᠠᠷᠯᠢᠭᠳᠠᠵᠤ ᠪᠠᠶ᠋ᠢᠭ᠋ᠠᠳ ᠨᠢᠭᠡᠨᠲᠡ ᠣᠯᠤᠭᠰᠠᠨ ᠪᠡᠯᠡ ᠮᠥᠩᠭᠦ ᠵᠢ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠤ ᠪᠣᠴᠠᠭ᠋ᠠᠯᠭ᠋ᠠᠬᠣ ᠵᠢᠨ ᠬᠠᠮᠲᠤ ᠬᠤᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠲᠣᠭᠲᠠᠭ᠋ᠠᠯ ᠶᠣᠰᠣᠭ᠋ᠠᠷ ᠬᠠᠮᠢᠶ᠎ᠠ ᠪᠦᠬᠦᠢ ᠬᠥᠮᠦᠰ᠎ᠤᠨ ᠬᠠᠷᠢᠭᠤᠴᠠᠯᠭ᠎ᠠ ᠵᠢ ᠨᠡᠬᠡᠮᠵᠢᠯᠡᠨ᠎ᠡ᠃