(ᠨᠢᠭᠡ) 《ᠵᠢᠯᠣᠭᠤᠳᠬᠤ ᠰᠠᠨᠠᠯ》᠎ᠢ ᠲᠣᠭᠲᠠᠭ᠋ᠠᠭᠰᠠᠨ ᠠᠬᠤᠶ ᠪᠠᠶ᠋ᠢᠳᠠᠯ᠎ᠨᠢ ᠶᠠᠭᠤ ᠪᠣᠶ?
ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠥᠬᠦᠳᠡ ᠬᠤᠷᠠᠯ᠎ᠠᠴᠠ 《ᠵᠠᠰᠠᠭ ᠵᠠᠬᠢᠷᠭ᠋ᠠᠨ᠎ᠤ ᠰᠢᠢ᠍ᠳᠬᠡᠯ ᠥᠭᠬᠦ ᠵᠡᠷᠭᠡ ᠬᠦᠷᠢᠶᠡᠨ᠎ᠳᠠᠬᠢ ᠵᠠᠰᠠᠭ ᠵᠠᠬᠢᠷᠭ᠋ᠠᠨ᠎ᠤ ᠲᠠᠰᠤᠯᠤᠯᠲᠠ ᠵᠢᠨ ᠡᠷᠬᠡ ᠵᠢᠨ ᠰᠠᠭᠤᠷᠢ ᠪᠠᠷᠢᠮᠵᠢᠶ᠎ᠠ ᠵᠢᠨ ᠳᠦᠷᠢᠮ》᠎ᠢ ᠵᠢᠭ᠋ᠠᠨ ᠭᠠᠷᠭ᠋ᠠᠵᠤ᠂ 《ᠵᠢᠯᠣᠭᠤᠳᠬᠤ ᠰᠠᠨᠠᠯ》᠎ᠢ ᠨᠡᠶ᠋ᠢᠲᠡᠯᠡᠭᠰᠡᠨ ᠶᠠᠪᠤᠳᠠᠯ᠎ᠨᠢ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠲᠠᠰᠤᠯᠤᠯᠲᠠ ᠵᠢᠨ ᠡᠷᠬᠡ ᠵᠢ ᠲᠡᠭᠦᠯᠳᠡᠷᠵᠢᠭᠦᠯᠬᠦ ᠵᠢᠨ ᠴᠢᠬᠤᠯᠠ ᠠᠭᠤᠯᠭ᠎ᠠ ᠪᠣᠯᠤᠨ᠎ᠠ᠃ 2024 ᠣᠨ᠎ᠤ 2 ᠳ᠋ᠣᠭ᠋ᠠᠷ ᠰᠠᠷ᠎ᠠ᠎ᠳᠤ᠂ ᠲᠥᠷᠥ ᠵᠢᠨ ᠶᠠᠪᠤᠳᠠᠯ᠎ᠤᠨ ᠬᠤᠷᠢᠶ᠎ᠠ᠎ᠠᠴᠠ 《ᠵᠣᠭᠤᠰ ᠵᠶ᠋ᠠᠷ ᠲᠣᠷᠭ᠋ᠠᠬᠤ ᠵᠢ ᠤᠯᠠᠮ ᠨᠢᠭᠡ ᠠᠯᠬᠤᠮ ᠵᠢᠷᠤᠮᠵᠢᠭᠤᠯᠬᠤ ᠪᠠ ᠬᠢᠨᠠᠯᠲᠠ ᠲᠠᠯᠪᠢᠵᠤ ᠲᠣᠭᠲᠠᠭ᠋ᠠᠬᠤ ᠵᠢᠴᠢ ᠬᠡᠷᠡᠭᠵᠢᠭᠦᠯᠬᠦ ᠲᠤᠬᠠᠶ ᠵᠢᠯᠣᠭᠤᠳᠬᠤ ᠰᠠᠨᠠᠯ》 (ᠤᠯᠤᠰ ᠲᠠᠷᠬᠠᠭ᠋ᠠᠭᠰᠠᠨ [2024 ] 5 ᠳ᠋ᠤᠭ᠋ᠠᠷ ᠲᠣᠭ᠋ᠠᠲᠤ)᠎ᠢ ᠳᠠᠷᠤᠮᠠᠯᠯᠠᠨ ᠲᠠᠷᠬᠠᠭ᠋ᠠᠵᠤ᠂ 《ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢ ᠵᠣᠷᠢᠭᠵᠢᠭᠤᠯᠵᠤ ᠥᠯᠥ ᠤᠯᠭᠣᠬᠤ᠂ ᠤᠯᠭᠣᠬᠤ ᠦᠭᠡᠢ ᠪᠠᠢ᠌ᠵᠤ ᠪᠣᠯᠬᠤ ᠂ ᠬᠥᠩᠭᠡᠷᠡᠭᠦᠯᠬᠦ ᠂ ᠬᠥᠩᠭᠡᠨ ᠵᠶ᠋ᠡᠷ ᠲᠣᠷᠭ᠋ᠠᠬᠤ᠂ ᠵᠣᠭᠤᠰ ᠵᠶ᠋ᠠᠷ ᠬᠦᠨᠳᠦ᠎ᠪᠠᠷ ᠲᠣᠷᠭ᠋ᠠᠬᠤ ᠵᠡᠷᠭᠡ ᠰᠢᠢ᠍ᠳᠬᠡᠨ ᠲᠣᠷᠭ᠋ᠠᠬᠤ ᠨᠠᠷᠢᠨ ᠲᠠᠩᠰᠠ ᠲᠣᠭᠲᠠᠭ᠋ᠠᠬᠣ 》 ᠵᠢ ᠵᠢᠭ᠋ᠠᠵᠤ ᠭᠠᠷᠭ᠋ᠠᠪᠠ ᠃ 2024 ᠣᠨ᠎ᠤ 5 ᠳ᠋ᠤᠭ᠋ᠠᠷ ᠰᠠᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ᠎ᠢ ᠦᠷᠭᠦᠯᠵᠢᠯᠡᠨ ᠰᠢᠯᠢᠳᠡᠭᠵᠢᠭᠦᠯᠬᠦ ᠠᠵᠢᠯᠯᠠᠭ᠎ᠠ ᠵᠢᠨ ᠲᠥᠰᠦᠯ》 (ᠥᠪᠥᠷ ᠵᠠᠰᠠᠭ ᠲᠠᠷᠬᠠᠭ᠋ᠠᠭᠰᠠᠨ [2024 ] 4 ᠳ᠋ᠦ᠍ᠭᠡᠷ ᠲᠣᠭ᠋ᠠᠲᠤ)᠎ᠢ ᠳᠠᠷᠤᠮᠠᠯᠯᠠᠨ ᠲᠠᠷᠬᠠᠭ᠋ᠠᠵᠤ᠂ 《ᠬᠠᠤᠯᠢ ᠵᠢ ᠵᠥᠷᠢᠴᠡᠭᠰᠡᠨ ᠬᠥᠩᠭᠡᠪᠲᠦᠷ ᠠᠵᠢᠯᠯᠠᠭ᠎ᠠ᠎ᠳᠤ ᠲᠣᠷᠭ᠋ᠠᠬᠤ᠎ᠠᠴᠠ ᠬᠡᠯᠲᠦᠷᠢᠭᠦᠯᠬᠦ ᠪᠠ ᠬᠠᠤᠯᠢ ᠵᠢ ᠠᠩᠬ᠎ᠠ ᠤᠳᠠᠭ᠎ᠠ ᠵᠥᠷᠢᠴᠡᠭᠰᠡᠳ᠎ᠢ ᠰᠢᠢ᠍ᠳᠬᠡᠬᠦ ᠥᠬᠡᠶ ᠲᠦᠷᠢᠮ᠎ᠢ ᠲᠡᠭᠦᠯᠳᠡᠷᠵᠢᠭᠦᠯᠵᠦ᠂ 〈ᠬᠥᠩᠭᠡᠪᠲᠦᠷ ᠲᠣᠷᠭ᠋ᠠᠬᠤ〉 〈ᠲᠣᠷᠭ᠋ᠠᠬᠣᠠᠴᠠ ᠬᠡᠯᠲᠦᠷᠢᠬᠦᠯᠬᠦ〉 〈ᠥᠯᠥ ᠲᠣᠷᠭ᠋ᠠᠬᠤ〉 ᠵᠢᠨ ᠨᠠᠷᠢᠨ ᠲᠠᠩᠰᠠ᠎ᠳᠤ ᠬᠥᠳᠡᠯᠦᠩᠭᠦᠶ᠎ᠪᠠᠷ ᠲᠣᠬᠢᠷᠠᠭᠤᠯᠤᠯᠲᠠ ᠬᠢᠵᠦ᠂ ᠨᠠᠩ ᠣᠯᠠᠨ ᠡᠵᠡᠩᠨᠡᠯᠲᠡ ᠵᠢᠨ ᠭᠤᠤᠯ ᠴᠣᠭᠴᠠ᠎ᠳᠤ ᠠᠰᠢᠭ ᠬᠦᠷᠲᠡᠭᠡᠬᠦ ᠬᠡᠷᠡᠭᠲᠡᠶ》 ᠭᠡᠵᠦ ᠱᠠᠭ᠋ᠠᠷᠳᠠᠪᠠ᠃ ᠪᠠᠭᠲᠠᠭ᠋ᠠᠮᠵᠢᠲᠠᠢ ᠪᠥᠭᠡᠳ ᠪᠣᠯᠭᠤᠮᠵᠢᠲᠠᠶ ᠬᠢᠨᠠᠯᠲᠠ ᠬᠠᠮᠢᠶᠠᠷᠤᠯᠲᠠ ᠵᠢ ᠭᠦᠨᠵᠡᠭᠡᠶ ᠠᠬᠢᠭᠤᠯᠵᠤ᠂ ᠮᠠᠨ᠎ᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠦᠷᠢᠶᠡᠨ᠎ᠳᠠᠬᠢ ᠵᠠᠰᠠᠭ ᠵᠠᠬᠢᠷᠭ᠋ᠠᠨ᠎ᠤ ᠰᠢᠢ᠍ᠳᠬᠡᠯ ᠥᠭᠬᠦ ᠥᠬᠡᠶ ᠬᠡᠷᠡᠭᠵᠢᠭᠦᠯᠦᠯᠲᠡ ᠵᠢ ᠪᠦᠲᠦᠮᠵᠢᠲᠡᠶ ᠵᠢᠷᠤᠮᠵᠢᠭᠤᠯᠵᠤ᠂ ᠡᠵᠡᠩᠨᠡᠯᠲᠡ ᠵᠢᠨ ᠭᠤᠤᠯ ᠴᠣᠭᠴᠠ ᠵᠢᠨ ᠠᠮᠢᠵᠢᠷᠠᠯ᠎ᠤᠨ ᠬᠦᠴᠦᠨ᠎ᠢ ᠤᠯᠠᠮ ᠨᠢᠭᠡ ᠠᠯᠬᠤᠮ ᠬᠥᠭᠵᠢᠭᠡᠬᠦ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠬᠠᠤᠯᠢ ᠴᠠᠭ᠋ᠠᠵᠠ ᠵᠢᠨ ᠲᠢᠩᠬᠢᠮ ᠬᠠᠮᠲᠤᠷᠠᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠦᠯᠤ ᠥᠭᠬᠦ ᠨᠠᠷᠢᠨ ᠲᠠᠩᠰᠠ ᠵᠢᠨ ᠵᠢᠯᠣᠭᠤᠳᠬᠤ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ 2025 ᠣᠨ᠎ᠤ 3 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃
(ᠬᠤᠶᠠᠷ) 《ᠵᠢᠯᠣᠭᠤᠳᠬᠤ ᠰᠠᠨᠠᠯ》᠎ᠢ ᠲᠣᠭᠲᠠᠭ᠋ᠠᠭᠰᠠᠨ ᠦᠨᠳᠦᠰᠦᠯᠡᠯ᠎ᠨᠢ ᠶᠠᠭᠤ ᠪᠤᠢ?
《ᠵᠢᠯᠣᠭᠤᠳᠬᠤ ᠰᠠᠨᠠᠯ》 ᠵᠢᠴᠢ ᠳᠠᠭ᠋ᠠᠯᠳᠤᠭᠤᠯᠤᠭᠰᠠᠨ ᠨᠠᠷᠢᠨ ᠳᠠᠩᠰᠠ ᠵᠢ ᠭᠤᠤᠯᠳᠠᠭᠤ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠬᠠᠤᠯᠢ》᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠢᠳᠡᠭᠡᠨ᠎ᠤ ᠠᠮᠤᠷ ᠲᠦᠪᠰᠢᠨ᠎ᠤ ᠬᠠᠤᠯᠢ》᠂ 《ᠵᠠᠬ᠎ᠠ ᠳᠡᠯᠭᠡᠭᠦᠷ᠎ᠤᠨ ᠭᠤᠤᠯ ᠴᠣᠭᠴᠠ ᠵᠢᠨ ᠳᠡᠩᠰᠡᠯᠡᠨ ᠬᠠᠮᠢᠶᠠᠷᠬᠤ ᠲᠣᠭᠲᠠᠭ᠋ᠠᠯ》᠂ 《ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠶᠠᠪᠣᠴᠠ ᠵᠢᠨ ᠲᠣᠭᠲᠠᠭ᠋ᠠᠯ》᠂ 《ᠰᠦᠯᠵᠢᠶᠡᠨ᠎ᠤ ᠠᠷᠠᠯᠵᠢᠶ᠎ᠠ ᠵᠢᠨ ᠬᠢᠨᠠᠯᠲᠠ ᠬᠠᠮᠢᠶᠠᠷᠤᠯᠲᠠ ᠵᠢᠨ ᠠᠷᠭ᠎ᠠ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ ᠲᠦᠷᠢᠮ ᠲᠣᠭᠲᠠᠭ᠋ᠠᠯ ᠪᠠ 《ᠪᠥᠬᠦ ᠤᠯᠤᠰ᠎ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ᠎ᠢ ᠲᠦᠷᠭᠡᠳᠬᠡᠨ ᠪᠠᠶ᠋ᠢᠭᠤᠯᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠠᠨᠠᠯ》 (ᠲᠥᠪ ᠲᠠᠷᠬᠠᠭ᠋ᠠᠭᠰᠠᠨ [2022] 14 ᠳ᠋ᠦ᠍ᠭᠡᠷ ᠲᠣᠭ᠋ᠠᠲᠤ) 《 ᠲᠣᠷᠭ᠋ᠠᠭᠣᠯᠢ ᠵᠢᠨ ᠵᠣᠭᠣᠰ ᠢ ᠲᠣᠭᠲᠠᠭ᠋ᠠᠬᠣ ᠪᠠ ᠬᠡᠷᠡᠭᠵᠢᠭᠦᠯᠬᠦ ᠵᠢ ᠤᠯᠠᠮ ᠨᠢᠭᠡ ᠠᠯᠬᠣᠮ ᠵᠢᠷᠣᠮᠵᠢᠭᠣᠯᠬᠣ ᠵᠢᠴᠢ ᠬᠢᠨᠠᠯᠲᠠ ᠲᠠᠯᠪᠢᠬᠤ ᠲᠣᠬᠠᠢ ᠵᠢᠯᠣᠭᠣᠳᠬᠣ ᠰᠠᠨᠠᠯ》 ( ᠤᠯᠤᠰ ᠲᠠᠷᠬᠠᠭ᠋ᠠᠭᠰᠠᠨ [ 2024] 5 ᠳ᠋ᠤᠭ᠋ᠠᠷ ᠲᠣᠭ᠋ᠠᠲᠤ) 《ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠠᠩᠬ᠎ᠠ ᠤᠳᠠᠭ᠎ᠠ ᠰᠢᠢ᠍ᠳᠬᠡᠬᠦ ᠥᠬᠡᠶ ᠪᠠᠶ᠋ᠢᠬᠤ᠂ ᠬᠥᠩᠭᠡᠪᠲᠦᠷ ᠰᠢᠢ᠍ᠳᠬᠡᠯ᠎ᠠᠴᠠ ᠬᠡᠯᠲᠦᠷᠢᠭᠦᠯᠬᠦ ᠨᠠᠷᠢᠨ ᠲᠠᠩᠰᠠ (ᠨᠢᠭᠡ)》 (ᠣᠯᠣᠰ᠎ᠤᠨ ᠵᠠᠬ᠎ᠠ ᠳᠡᠯᠭᠡᠭᠦᠷ᠎ᠤᠨ ᠬᠢᠨᠠᠨ ᠪᠠᠢ᠌ᠴᠠᠭ᠋ᠠᠬᠣ᠎ᠠᠴᠠ ᠲᠠᠷᠬᠠᠭᠰᠠᠨ [2025] 10 ᠳ᠋ᠣᠭ᠋ᠠᠷ ᠲᠣᠭ᠋ᠠᠲᠤ) ᠵᠡᠷᠭᠡ ᠲᠥᠷᠥ ᠵᠢᠨ ᠪᠣᠳᠣᠯᠭ᠎ᠠ ᠵᠢᠨ ᠪᠢᠴᠢᠭ ᠮᠠᠲᠸᠷᠢᠶᠠᠯ᠎ᠢ ᠦᠨᠳᠦᠰᠦᠯᠡᠨ ᠲᠣᠭᠲᠠᠭ᠋ᠠᠪᠠ ᠃
(ᠭᠤᠷᠪᠠ) 《ᠵᠢᠯᠣᠭᠤᠳᠬᠤ ᠰᠠᠨᠠᠯ》᠎ᠤᠨ ᠬᠡᠷᠡᠭᠯᠡᠬᠦ ᠵᠠᠷᠴᠢᠮ᠎ᠨᠢ ᠶᠠᠭᠤ ᠪᠣᠢ?
《ᠵᠢᠯᠣᠭᠤᠳᠬᠤ ᠰᠠᠨᠠᠯ》᠎ᠳᠤ ᠵᠠᠰᠠᠭ ᠵᠠᠬᠢᠷᠭ᠋ᠠᠨ᠎ᠤ ᠰᠢᠢ᠍ᠳᠬᠡᠯ ᠦᠯᠤ ᠥᠭᠬᠦ ᠳᠥᠷᠪᠡᠨ ᠵᠦᠢ᠍ᠯ᠎ᠤᠨ ᠬᠡᠷᠡᠭᠯᠡᠬᠦ ᠵᠠᠷᠴᠢᠮ᠎ᠢ ᠲᠣᠳᠣᠷᠬᠠᠶ᠋ᠢᠯᠠᠪᠠ᠄
1. ᠬᠠᠤᠯᠢ ᠶᠣᠰᠣᠭ᠋ᠠᠷ ᠵᠠᠰᠠᠭ ᠶᠠᠪᠤᠭᠤᠯᠬᠤ ᠵᠠᠷᠴᠢᠮ᠄ ᠬᠠᠤᠯᠢ ᠬᠡᠷᠡᠭᠵᠢᠭᠦᠯᠬᠦ᠎ᠳᠤ ᠪᠠᠷᠢᠮᠲᠠ᠎ᠲᠠᠢ᠂ ᠶᠠᠪᠣᠴᠠ᠎ᠨᠢ ᠬᠠᠤᠯᠢ᠎ᠳᠤ ᠨᠡᠶ᠋ᠢᠴᠡᠬᠦ᠂ ᠰᠢᠢ᠍ᠳᠪᠦᠷᠢᠯᠡᠭᠰᠡᠨ ᠦᠷ᠎ᠡ ᠳ᠋ᠦᠩ᠎ᠨᠢ ᠬᠠᠮᠢᠶ᠎ᠠ ᠪᠦᠬᠦᠢ ᠬᠠᠤᠯᠢ ᠴᠠᠭ᠋ᠠᠵᠠ ᠵᠢᠨ ᠲᠣᠭᠲᠠᠭ᠋ᠠᠯ᠎ᠳᠤ ᠨᠡᠶ᠋ᠢᠴᠡᠬᠦ ᠵᠢ ᠦᠨᠡᠨ ᠬᠦ᠌ ᠪᠠᠲᠤᠯᠠᠨ᠎ᠠ᠃
2. ᠰᠢᠢ᠍ᠳᠬᠡᠨ ᠲᠣᠷᠭ᠋ᠠᠬᠤ ᠪᠠ ᠰᠤᠷᠭ᠋ᠠᠨ ᠬᠥᠮᠦᠵᠢᠭᠦᠯᠬᠦ ᠵᠢ ᠤᠶᠠᠯᠳᠤᠭᠤᠯᠬᠤ ᠵᠠᠷᠴᠢᠮ᠄ ᠵᠠᠰᠠᠭ ᠵᠠᠬᠢᠷᠭ᠋ᠠᠨ᠎ᠤ ᠰᠢᠢ᠍ᠳᠬᠡᠯ ᠦᠯᠤ ᠥᠭᠬᠦ ᠵᠢᠨ ᠬᠠᠮᠲᠤ ᠲᠣᠬᠠᠢ ᠵᠢᠨ ᠬᠥᠮᠦᠨ᠎ᠢ ᠵᠠᠷᠯᠢᠭᠳᠠᠵᠤ ᠪᠠᠶ᠋ᠢᠭ᠋ᠠᠳ ᠬᠠᠤᠯᠢ᠎ᠠᠴᠠ ᠵᠥᠷᠢᠴᠡᠭᠰᠡᠨ ᠠᠵᠢᠯᠯᠠᠭ᠎ᠠ ᠵᠢ᠎ᠨᠢ ᠵᠠᠯᠠᠷᠠᠭᠤᠯᠬᠤ ᠵᠢᠨ ᠬᠠᠮᠲᠤ ᠢᠳᠬᠠᠨ ᠣᠬᠠᠭ᠋ᠠᠷᠠᠭᠣᠯᠵᠦ ᠰᠤᠷᠭ᠋ᠠᠨ ᠬᠥᠮᠦᠵᠢᠭᠦᠯᠬᠦ ᠵᠡᠷᠭᠡ ᠠᠷᠭ᠎ᠠ ᠮᠠᠶᠢᠭ᠎ᠢ ᠥᠷᠭᠡᠨ ᠵᠶ᠋ᠠᠷ ᠬᠡᠷᠡᠭᠯᠡᠵᠦ᠂ ᠲᠡᠳᠡᠨ᠎ᠢ ᠬᠦᠲᠣᠯᠣᠨ ᠵᠢᠯᠣᠭᠣᠳᠴᠤ ᠪᠠᠢ᠌ᠭ᠋ᠠᠳ ᠬᠠᠤᠯᠢ ᠶᠣᠰᠣᠭ᠋ᠠᠷ ᠲᠣᠭᠲᠠᠭ᠋ᠠᠯ᠎ᠳᠤ ᠨᠡᠶ᠋ᠢᠴᠡᠭᠦᠯᠦᠨ ᠡᠵᠡᠩᠨᠡᠭᠦᠯᠣᠨᠡ᠃
3 ᠡᠷᠬᠡ ᠲᠡᠭᠰᠢ ᠲᠥᠪ ᠭᠣᠤᠯᠴᠢ ᠪᠠᠶ᠋ᠢᠬᠤ ᠵᠠᠷᠴᠢᠮ᠄ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢᠨ ᠪᠣᠳᠠᠲᠤ ᠬᠡᠷᠡᠭ᠂ ᠰᠢᠨᠵᠢ ᠴᠢᠨᠠᠷ᠂ ᠦᠢ᠍ᠯᠡ ᠪᠠᠶ᠋ᠢᠳᠠᠯ ᠵᠡᠷᠭᠡ ᠬᠦᠴᠦᠨ ᠵᠦᠢ᠍ᠯ᠎ᠢ ᠶᠡᠷᠦᠩᠬᠡᠶ᠋ᠢᠯᠡᠨ ᠪᠣᠳᠣᠯᠬᠢᠯᠠᠵᠤ᠂ ᠠᠯᠳᠠᠭ᠎ᠠ ᠪᠤᠷᠤᠭᠤ ᠪᠠ ᠰᠢᠢ᠍ᠳᠬᠡᠯ ᠲᠣᠷᠭ᠋ᠠᠭᠤᠯᠢ ᠵᠢ ᠲᠡᠩᠴᠡᠭᠦᠯᠦᠨ᠎ᠡ᠃
4. ᠡᠷᠬᠡ ᠵᠢ ᠪᠠᠲᠤᠯᠠᠬᠤ ᠵᠠᠷᠴᠢᠮ᠄ ᠲᠤᠬᠠᠢ ᠵᠢᠨ ᠬᠥᠮᠥᠨ᠎ᠤ ᠲᠣᠭ᠋ᠠᠴᠢᠬᠤ ᠡᠷᠬᠡ᠂ ᠵᠦᠪᠲᠦᠭᠡᠨ ᠲᠣᠳᠣᠷᠬᠠᠶ᠋ᠢᠯᠠᠬᠤ ᠡᠷᠬᠡ ᠵᠢ ᠪᠠᠲᠤᠯᠠᠵᠤ᠂ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠡᠭ᠋ᠠᠭᠣᠯᠢ ᠥᠭᠬᠦ ᠲᠣᠭᠲᠠᠭ᠋ᠠᠯ᠎ᠢ ᠵᠥᠪᠰᠢᠶᠡᠷᠡᠬᠦ ᠦᠭᠡᠢ ᠪᠣᠯ ᠬᠠᠤᠯᠢ ᠶᠣᠰᠣᠭ᠋ᠠᠷ ᠵᠠᠰᠠᠭ ᠵᠠᠬᠢᠷᠭ᠋ᠠᠨ ᠵᠶ᠋ᠠᠷ ᠳᠠᠬᠢᠨ ᠵᠥᠪᠯᠡᠭᠦᠯᠬᠦ᠎ᠪᠠᠷ ᠭᠤᠶᠤᠴᠢᠯᠠᠬᠤ ᠪᠤᠶᠤ ᠵᠠᠰᠠᠭ ᠵᠠᠬᠢᠷᠭ᠋ᠠᠨ᠎ᠤ ᠵᠠᠷᠭᠤ ᠬᠢᠬᠦ ᠡᠷᠬᠡ᠎ᠲᠠᠢ᠃
(ᠲᠦᠷᠪᠡ) 《ᠵᠢᠯᠣᠭᠤᠳᠬᠤ ᠰᠠᠨᠠᠯ》᠎ᠤᠨ ᠭᠤᠣᠯ ᠠᠭᠤᠯᠭ᠎ᠠ᠎ᠨᠢ ᠶᠠᠭᠤ ᠶᠠᠭᠤ ᠪᠤᠢ?
1. 《ᠵᠢᠯᠣᠭᠤᠳᠬᠤ ᠰᠠᠨᠠᠯ》᠎ᠳᠤ ᠰᠢᠢ᠍ᠳᠬᠡᠯ ᠥᠯᠥ ᠥᠭᠬᠦ ᠨᠠᠷᠢᠨ ᠳᠠᠩᠰᠠ ᠵᠢ ᠬᠡᠷᠡᠭᠯᠡᠬᠦ ᠵᠠᠷᠴᠢᠮ᠂ ᠮᠠᠭ᠋ᠠᠳᠯᠠᠨ ᠲᠣᠭᠲᠠᠭ᠋ᠠᠬᠤ ᠪᠠᠷᠢᠮᠵᠢᠶ᠎ᠠ ᠪᠠ ᠬᠡᠷᠡᠭᠯᠡᠬᠦ ᠱᠠᠭ᠋ᠠᠷᠳᠠᠯᠭ᠎ᠠ ᠵᠢ ᠲᠣᠳᠣᠷᠬᠠᠶ ᠳᠤᠷᠠᠳᠤᠨ ᠭᠠᠷᠭ᠋ᠠᠪᠠ᠃ ᠨᠢᠭᠡ᠎ᠳᠤ᠂ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠵᠢ ᠦᠯᠤ ᠬᠡᠷᠡᠭᠵᠢᠭᠦᠯᠬᠦ ᠵᠢ ᠬᠡᠷᠡᠭᠵᠢᠭᠦᠯᠬᠦ᠎ᠳᠤ ᠬᠠᠤᠯᠢ ᠶᠣᠰᠣᠭ᠋ᠠᠷ ᠵᠠᠰᠠᠭ ᠶᠠᠪᠤᠭᠤᠯᠬᠤ᠂ ᠰᠢᠢ᠍ᠳᠬᠡᠯ ᠲᠣᠷᠭ᠋ᠠᠭᠤᠯᠢ ᠥᠭᠬᠦ ᠪᠠ ᠰᠤᠷᠭ᠋ᠠᠨ ᠬᠥᠮᠦᠵᠢᠭᠦᠯᠬᠦ ᠵᠢ ᠤᠶᠠᠯᠳᠤᠭᠤᠯᠬᠤ᠂ ᠡᠷᠬᠡ ᠲᠡᠭᠰᠢ ᠲᠥᠪ ᠭᠤᠣᠯᠴᠢ ᠪᠠᠶ᠋ᠢᠬᠤ ᠪᠠ ᠡᠷᠬᠡ ᠵᠢ ᠪᠠᠲᠤᠯᠠᠬᠤ ᠳᠥᠷᠪᠡᠨ ᠵᠠᠷᠴᠢᠮ᠎ᠢ ᠵᠢᠷᠤᠮᠯᠠᠬᠤ ᠵᠢ ᠴᠢᠬᠤᠯᠠᠴᠢᠯᠠᠪᠠ᠃ ᠬᠤᠶᠠᠷ᠎ᠲᠤ᠂ ᠵᠠᠰᠠᠭ ᠵᠠᠬᠢᠷᠭ᠋ᠠᠨ᠎ᠤ ᠰᠢᠢ᠍ᠳᠬᠡᠯ᠎ᠢ ᠦᠯᠤ ᠣᠯᠭᠣᠬᠣ ᠵᠢ ᠬᠡᠷᠡᠭᠵᠢᠭᠦᠯᠬᠦ ᠪᠠᠶ᠋ᠢᠳᠠᠯ᠎ᠢ ᠮᠠᠭ᠋ᠠᠳᠯᠠᠨ ᠲᠣᠭᠲᠠᠭ᠋ᠠᠬᠤ ᠬᠠᠮᠢᠶ᠎ᠠ ᠪᠦᠬᠦᠢ ᠪᠠᠷᠢᠮᠵᠢᠶ᠎ᠠ ᠵᠢ ᠲᠣᠳᠣᠷᠬᠠᠶ᠋ᠢᠯᠠᠪᠠ᠃ ᠭᠤᠷᠪᠠ᠎ᠳᠤ᠂ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠵᠢ ᠦᠯᠤ ᠣᠯᠭᠣᠬᠤ ᠵᠢ ᠬᠡᠷᠡᠭᠵᠢᠭᠦᠯᠬᠦ ᠬᠠᠮᠢᠶ᠎ᠠ ᠪᠦᠬᠦᠢ ᠱᠠᠭ᠋ᠠᠷᠳᠠᠯᠭ᠎ᠠ ᠵᠢ ᠲᠣᠭᠲᠠᠭ᠋ᠠᠪᠠ᠂ ᠡᠭᠦᠨ᠎ᠳᠤ ᠭᠡᠷᠡᠴᠢ ᠪᠠᠷᠢᠮᠲᠠ ᠵᠢᠨ ᠱᠠᠭ᠋ᠠᠷᠳᠠᠯᠭ᠎ᠠ᠂ ᠰᠢᠢ᠍ᠳᠪᠦᠷᠢᠯᠡᠬᠦ ᠶᠠᠪᠣᠴᠠ ᠵᠢᠨ ᠱᠠᠭ᠋ᠠᠷᠳᠠᠯᠭ᠎ᠠ᠂ ᠡᠰᠢ ᠲᠠᠲᠠᠭᠰᠠᠨ ᠵᠦᠢ᠍ᠯ᠎ᠢ ᠦᠨᠳᠦᠰᠦᠯᠡᠬᠦ ᠱᠠᠭ᠋ᠠᠷᠳᠠᠯᠭ᠎ᠠ ᠵᠡᠷᠭᠡ ᠪᠣᠯᠣᠨ᠎ᠠ᠃ ᠳᠥᠷᠪᠡ᠎ᠳᠤ᠂ 《ᠵᠢᠯᠣᠭᠤᠳᠬᠤ ᠰᠠᠨᠠᠯ》 ᠵᠢᠴᠢ ᠳᠠᠭ᠋ᠠᠯᠳᠤᠭᠤᠯᠤᠭᠰᠠᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠦᠯᠤ ᠣᠯᠭᠣᠬᠤ ᠨᠠᠷᠢᠨ ᠳᠠᠩᠰᠠ (2025 ᠳ᠋ᠣᠭ᠋ᠠᠷ ᠬᠡᠪᠯᠡᠯ)》 ᠵᠢᠨ ᠬᠤᠯᠪᠣᠭᠳᠠᠯ ᠪᠦᠬᠦᠢ ᠪᠠᠶ᠋ᠢᠳᠠᠯ᠎ᠳᠤ ᠲᠣᠳᠣᠷᠬᠠᠶ᠋ᠢᠯᠠᠯᠲᠠ ᠬᠢᠪᠡ᠃
2. 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠦᠯᠤ ᠤᠯᠭᠣᠬᠤ ᠨᠠᠷᠢᠨ ᠳᠠᠩᠰᠠ (2025 ᠳ᠋ᠤᠭ᠋ᠠᠷ ᠬᠡᠪᠯᠡᠯ)》᠎ᠨᠢ ᠵᠠᠬ᠎ᠠ ᠳᠡᠯᠭᠡᠭᠦᠷ᠎ᠤᠨ ᠭᠤᠤᠯ ᠴᠣᠭᠴᠠ ᠵᠢᠨ ᠳᠡᠩᠰᠡᠯᠡᠨ ᠲᠡᠮᠳᠡᠭᠯᠡᠬᠦ ᠬᠠᠮᠢᠶᠠᠷᠤᠯᠲᠠ᠂ ᠥᠷᠢᠰᠥᠯᠳᠦᠭᠡᠨ᠎ᠤ ᠬᠠᠤᠯᠢ ᠬᠡᠷᠡᠭᠵᠢᠭᠦᠯᠬᠦ᠂ ᠦᠨ᠎ᠡ ᠬᠠᠩᠰᠢ ᠵᠢᠨ ᠬᠢᠨᠠᠯᠲᠠ ᠬᠠᠮᠢᠶᠠᠷᠤᠯᠲᠠ᠂ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠢᠨᠠᠯᠲᠠ ᠬᠠᠮᠢᠶᠠᠷᠤᠯᠲᠠ᠂ ᠵᠠᠷ ᠮᠡᠳᠡᠭᠡᠨ᠎ᠤ ᠬᠢᠨᠠᠯᠲᠠ ᠬᠠᠮᠢᠶᠠᠷᠤᠯᠲᠠ᠂ ᠰᠦᠯᠵᠢᠶᠡᠨ᠎ᠤ ᠠᠷᠠᠯᠵᠢᠶ᠎ᠠ ᠵᠢᠨ ᠬᠢᠨᠠᠯᠲᠠ ᠬᠠᠮᠢᠶᠠᠷᠤᠯᠲᠠ᠂ ᠵᠠᠬ᠎ᠠ ᠳᠡᠯᠭᠡᠭᠦᠷ᠎ᠤᠨ ᠭᠡᠷ᠎ᠡ ᠵᠢᠨ ᠬᠢᠨᠠᠯᠲᠠ ᠬᠠᠮᠢᠶᠠᠷᠤᠯᠲᠠ᠂ ᠢᠳᠡᠭᠡᠨ᠎ᠤ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ᠂ ᠦᠢ᠍ᠯᠡᠳᠬᠦᠨ᠎ᠤ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ᠂ ᠭᠡᠷᠡᠴᠢᠯᠡᠯ ᠵᠥᠪᠰᠢᠶᠡᠷᠡᠯ᠎ᠤᠨ ᠬᠠᠮᠢᠶᠠᠷᠤᠯᠲᠠ᠂ ᠬᠡᠮᠵᠢᠭᠦᠷ᠎ᠤᠨ ᠬᠢᠨᠠᠯᠲᠠ ᠬᠠᠮᠢᠶᠠᠷᠤᠯᠲᠠ᠂ ᠪᠠᠷᠢᠮᠵᠢᠶ᠎ᠠ ᠵᠢᠨ ᠬᠠᠮᠢᠶᠠᠷᠤᠯᠲᠠ ᠵᠡᠷᠭᠡ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ 12 ᠬᠦᠷᠢᠶ᠎ᠡ ᠴᠠᠷᠠᠭ᠎ᠠ ᠵᠢ ᠬᠠᠮᠤᠷᠴᠤ᠂ ᠬᠠᠤᠯᠢ᠎ᠠᠴᠠ ᠵᠥᠷᠢᠴᠡᠭᠰᠡᠨ ᠨᠡᠶ᠋ᠢᠲᠡ 70 ᠦᠢ᠍ᠯᠡ ᠠᠵᠢᠯᠯᠠᠭ᠎ᠠ ᠵᠢ ᠬᠠᠮᠤᠷᠴᠠᠶ᠃ ᠬᠦᠷᠢᠶ᠎ᠡ ᠬᠡᠪᠴᠢᠶ᠎ᠡ ᠨᠢᠭᠡᠪᠦᠷᠢ ᠵᠢᠨ ᠬᠠᠤᠯᠢ᠎ᠠᠴᠠ ᠵᠥᠷᠢᠴᠡᠭᠰᠡᠨ ᠪᠣᠳᠠᠲᠠᠶ ᠦᠢ᠍ᠯᠡ ᠠᠵᠢᠯᠯᠠᠭ᠎ᠠ᠎ᠳᠤ ᠴᠢᠭᠯᠡᠭᠦᠯᠦᠨ᠂ ᠨᠠᠷᠢᠨ ᠲᠠᠩᠰᠠ᠎ᠳᠤ ᠪᠠᠰᠠ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠣᠯᠢ ᠦᠯᠤ ᠥᠭᠬᠦ ᠵᠢᠨ ᠬᠡᠷᠡᠭᠯᠡᠬᠦ ᠨᠥᠬᠦᠴᠡᠯ ᠪᠠ ᠬᠠᠤᠯᠢ ᠴᠠᠭ᠋ᠠᠵᠠ ᠵᠢᠨ ᠦᠨᠳᠦᠰᠦᠯᠡᠯ᠎ᠢ ᠲᠣᠳᠣᠷᠬᠠᠶ ᠲᠣᠭᠲᠠᠭ᠋ᠠᠵᠠᠶ᠃
(ᠲᠠᠪᠤ) 《ᠵᠢᠯᠣᠭᠤᠳᠬᠤ ᠰᠠᠨᠠᠯ》᠎ᠳᠠᠬᠢ 《ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠨᠢ ᠬᠥᠩᠭᠡᠪᠳᠤᠷ》᠂ 《 ᠴᠠᠭ ᠲᠤᠬᠠᠶ ᠳᠤ ᠨᠢ ᠵᠠᠯᠠᠷᠠᠭᠤᠯᠬᠤ》᠂ 《ᠬᠤᠤᠷ ᠬᠦᠨᠦᠭᠡᠯᠲᠦ ᠦᠷ᠎ᠡ ᠳ᠋ᠦᠩ ᠥᠬᠡᠶ》᠂ 《ᠠᠩᠬ᠎ᠠ ᠤᠳᠠᠭ᠎ᠠ ᠬᠠᠤᠯᠢ᠎ᠠᠴᠠ ᠵᠥᠷᠢᠴᠡᠭᠰᠡᠨ》᠂ 《ᠬᠤᠤᠷ ᠬᠦᠨᠦᠭᠡᠯᠲᠦ ᠦᠷ᠎ᠡ ᠳ᠋ᠦᠩ᠎ᠤᠨ ᠬᠡᠮᠵᠢᠶ᠎ᠡ ᠬᠥᠩᠭᠡᠪᠳᠤᠷ》᠂ 《ᠲᠤᠬᠠᠶ ᠵᠢᠨ ᠬᠥᠮᠦᠨ᠎ᠳᠤ ᠪᠡᠶᠡᠴᠢ ᠠᠯᠳᠠᠭ᠎ᠠ ᠪᠠᠶ᠋ᠢᠬᠤ ᠡᠰᠡᠬᠦ》 ᠵᠢ ᠮᠠᠭ᠋ᠠᠳᠯᠠᠨ ᠲᠣᠭᠲᠠᠭ᠋ᠠᠬᠤ ᠪᠠᠷᠢᠮᠵᠢᠶ᠎ᠠ ᠨᠢ ᠶᠠᠭᠤ ᠪᠤᠢ?
1. 《ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠨᠢ ᠬᠦᠡᠭᠭᠡᠪᠲᠦᠷ》 ᠪᠠᠶ᠋ᠢᠬᠤ ᠵᠢ ᠳᠣᠣᠷᠠᠬᠢ ᠪᠠᠷᠢᠮᠵᠢᠶ᠎ᠠ᠎ᠪᠠᠷ ᠯᠠᠪᠯᠠᠯᠲᠠ ᠪᠣᠯᠭ᠋ᠠᠨ ᠶᠡᠷᠦᠩᠬᠡᠶ᠋ᠢᠯᠡᠨ ᠮᠠᠭ᠋ᠠᠳᠯᠠᠨ ᠲᠣᠭᠲᠠᠭ᠋ᠠᠵᠤ ᠪᠣᠯᠤᠨ᠎ᠠ᠄
(1) ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠨᠢ ᠳᠠᠩ ᠴᠤᠯᠭᠤᠢ ;
(2) ᠪᠡᠶᠡᠴᠢ ᠠᠯᠳᠠᠭ᠎ᠠ᠎ᠨᠢ ᠬᠠᠷᠢᠴᠠᠩᠭᠤᠢ ᠬᠥᠩᠭᠡᠨ ;
(3) ᠬᠠᠤᠯᠢ᠎ᠠᠴᠠ ᠵᠥᠷᠢᠴᠡᠭᠰᠡᠨ ᠠᠵᠢᠯᠯᠠᠭ᠎ᠠ ᠵᠢᠨ ᠦᠷᠭᠦᠯᠵᠢᠯᠡᠭᠰᠡᠨ ᠴᠠᠭ᠎ᠨᠢ ᠬᠠᠷᠢᠴᠠᠩᠭᠤᠢ ᠣᠬᠤᠷ ;
( 4) ᠬᠠᠤᠯᠢ᠎ᠠᠴᠠ ᠵᠥᠷᠢᠴᠡᠭᠰᠡᠨ ᠣᠯᠵᠠᠪᠤᠷᠢ ᠦᠭᠡᠶ ᠪᠤᠶᠤ ᠬᠠᠤᠯᠢ᠎ᠠᠴᠠ ᠵᠥᠷᠢᠴᠡᠭᠰᠡᠨ ᠣᠯᠵᠠᠪᠤᠷᠢ ᠵᠢᠨ ᠵᠣᠭᠣᠰ᠎ᠤᠨ ᠲᠣᠭ᠎ᠠ᠎ᠨᠢ ᠨᠡᠯᠢᠶᠡᠳ ᠴᠥᠬᠡᠨ ᠂ ᠬᠡᠷᠡᠭ᠎ᠤᠨ ᠥᠷᠲᠡᠭ᠎ᠤᠨ ᠵᠣᠭᠣᠰ᠎ᠤᠨ ᠲᠣᠭ᠎ᠠ᠎ᠨᠢ ᠨᠡᠯᠢᠶᠡᠳ ᠴᠥᠬᠡᠨ ᠂ ᠬᠡᠷᠡᠭ᠎ᠲᠤ ᠬᠣᠯᠪᠣᠭᠳᠠᠭᠰᠠᠨ ᠲᠠᠸᠠᠷ᠂ ᠦᠢ᠍ᠯᠡᠴᠢᠯᠡᠭᠡᠨ᠎ᠤ ᠲᠣᠭ᠎ᠠ᠎ᠨᠢ ᠬᠠᠷᠢᠴᠠᠩᠭᠤᠢ ᠴᠥᠭᠡᠨ ;
( 5) ᠬᠡᠷᠡᠭ᠎ᠲᠤ ᠬᠣᠯᠪᠣᠭᠳᠠᠭᠰᠠᠨ ᠦᠢ᠍ᠯᠡᠳᠬᠦᠨ᠂ ᠦᠢ᠍ᠯᠡᠴᠢᠯᠡᠭᠡᠨ᠎ᠢ ᠬᠢᠷᠢ ᠲᠡᠩᠴᠡᠭᠰᠡᠨ ᠪᠤᠶᠤ ᠠᠯᠪᠠᠳᠠᠯᠭ᠎ᠠ ᠵᠢᠨ ᠴᠢᠨᠠᠷᠲᠠᠢ ᠪᠠᠷᠢᠮᠵᠢᠶ᠎ᠠ᠎ᠳᠤ ᠨᠡᠢ᠌ᠴᠡᠭᠰᠡᠨ ᠵᠡᠷᠭᠡ ᠃
2. ᠳᠤᠤᠷ᠎ᠠ ᠵᠢᠭᠰᠠᠭ᠋ᠠᠭᠰᠠᠨ ᠪᠠᠷᠢᠮᠵᠢᠶ᠎ᠠ ᠵᠢᠨ ᠨᠢᠭᠡ᠎ᠳᠤ ᠨᠡᠶ᠋ᠢᠴᠡᠪᠡᠯ᠂ 《ᠴᠠᠭ ᠲᠤᠬᠠᠢᠳᠤᠨᠢ ᠵᠠᠯᠠᠷᠠᠭᠤᠯᠬᠤ》᠎ᠪᠠᠷ ᠮᠠᠭ᠋ᠠᠳᠯᠠᠨ ᠲᠤᠭᠲᠠᠭ᠋ᠠᠵᠤ ᠪᠤᠯᠤᠨ᠎ᠠ᠄
(1) ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠢᠯᠡᠷᠡᠭᠦᠯᠬᠦ᠎ᠠᠴᠠ ᠡᠮᠦᠨ᠎ᠡ ᠰᠠᠨᠠᠭ᠋ᠠᠴᠢᠯᠠᠭ᠎ᠠ᠎ᠠᠴᠠ᠎ᠪᠠᠨ ᠵᠠᠯᠠᠷᠠᠭᠣᠯᠬᠣ ;
(2) ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠢᠯᠡᠷᠡᠭᠦᠯᠦᠭᠰᠡᠨ ᠤ ᠳᠠᠷᠠᠭ᠎ᠠ᠂ ᠵᠠᠷᠯᠢᠭᠳᠠᠵᠤ ᠪᠠᠶ᠋ᠢᠭ᠋ᠠᠳ ᠵᠠᠯᠠᠷᠠᠭᠤᠯᠬᠤ᠎ᠠᠴᠠ ᠡᠮᠦᠨ᠎ᠡ ᠰᠠᠨᠠᠭ᠋ᠠᠴᠢᠯᠠᠭ᠎ᠠ᠎ᠠᠴᠠ᠎ᠪᠠᠨ ᠵᠠᠯᠠᠷᠠᠭᠣᠯᠬᠣ ;
(3) ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠵᠠᠷᠯᠢᠭᠳᠠᠨ ᠵᠠᠯᠠᠷᠠᠭᠤᠯᠤᠭᠰᠠᠨ᠎ᠤ ᠳᠠᠷᠠᠭ᠎ᠠ ᠱᠠᠭ᠋ᠠᠷᠳᠠᠯᠭ᠎ᠠ ᠶᠣᠰᠣᠭ᠋ᠠᠷ ᠴᠠᠭ᠎ᠤᠨ ᠬᠢᠵᠠᠭ᠋ᠠᠷᠲᠤ᠎ᠨᠢ ᠵᠠᠯᠠᠷᠠᠭᠣᠯᠬᠣ ᠃
ᠵᠠᠯᠠᠷᠠᠭᠤᠯᠬᠤ ᠠᠷᠭ᠎ᠠ ᠮᠠᠶᠢᠭ᠎ᠤᠨ ᠲᠠᠯ᠎ᠠ᠎ᠪᠠᠷ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ᠎ᠨᠢ ᠵᠣᠭᠰᠣᠭ᠋ᠠᠬᠤ ᠵᠢᠨ ᠬᠠᠮᠲᠤ ᠵᠠᠯᠠᠷᠠᠭᠤᠯᠬᠤ᠂ ᠬᠡᠷᠡᠭ᠎ᠲᠤ ᠬᠣᠯᠪᠣᠭᠳᠠᠭᠰᠠᠨ ᠲᠠᠸᠠᠷ᠎ᠢ ᠡᠭᠡᠭᠦᠯᠦᠨ ᠠᠪᠴᠢᠷᠠᠬᠤ ᠪᠤᠶᠤ ᠪᠠᠭᠤᠯᠭ᠋ᠠᠬᠤ᠂ ᠦᠢ᠍ᠯᠡᠴᠢᠯᠡᠭᠡ᠎ᠪᠠᠨ ᠵᠣᠭᠰᠣᠭ᠋ᠠᠬᠤ᠂ ᠬᠠᠮᠢᠶ᠎ᠠ ᠪᠦᠬᠦᠢ ᠲᠣᠭᠲᠠᠭ᠋ᠠᠯ᠎ᠳᠤ ᠨᠡᠶ᠋ᠢᠴᠡᠭᠰᠡᠨ ᠬᠠᠮᠢᠶᠠᠷᠤᠯᠲᠠ ᠵᠢᠨ ᠳᠦᠷᠢᠮ᠎ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠠᠤᠯᠢ ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠳᠠᠬᠢᠵᠤ ᠡᠭᠦᠰᠬᠦ ᠦᠭᠡᠶ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃
3. ᠳᠤᠤᠷ᠎ᠠ ᠵᠢᠭᠰᠠᠭ᠋ᠠᠭᠰᠠᠨ ᠪᠠᠷᠢᠮᠵᠢᠶ᠎ᠠ ᠵᠢᠨ ᠨᠢᠭᠡ᠎ᠳᠤ ᠨᠡᠶ᠋ᠢᠴᠡᠪᠡᠯ᠂ 《ᠬᠤᠤᠷ ᠬᠦᠨᠦᠭᠡᠯᠲᠦ ᠦᠷ᠎ᠡ ᠳ᠋ᠦᠩ ᠥᠬᠡᠶ》᠎ᠪᠠᠷ ᠮᠠᠭ᠋ᠠᠳᠯᠠᠨ ᠲᠣᠭᠲᠠᠭ᠋ᠠᠵᠤ ᠪᠣᠯᠤᠨ᠎ᠠ᠄
(1) ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠨᠢ ᠣᠨᠴᠠ ᠲᠣᠭᠲᠠᠭᠰᠠᠨ ᠡᠲᠡᠭᠡᠳ ᠲᠠᠢ ᠪᠠᠢ᠌ᠵᠤ ᠂ ᠣᠨᠴᠠ ᠲᠣᠭᠲᠠᠭᠰᠠᠨ ᠡᠲᠡᠭᠡᠳ ᠤᠨ ᠬᠤᠪᠢ ᠪᠡᠶ᠎ᠡ ᠵᠢ᠎ᠨᠢ ᠭᠡᠮᠲᠦᠭᠡᠭᠰᠡᠨ᠂ ᠡᠳ᠋ ᠬᠦᠷᠦᠩᠭᠡ ᠵᠢ᠎ᠨᠢ ᠬᠣᠬᠢᠷᠠᠭᠤᠯᠤᠭᠰᠠᠨ ᠦᠭᠡᠢ ᠪᠠᠢ᠌ᠪᠠᠯ;
(2) ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠨᠢ ᠣᠨᠴᠠ ᠲᠣᠭᠲᠠᠭᠰᠠᠨ ᠡᠲᠡᠭᠡᠳ ᠦᠭᠡᠢ ᠪᠠᠢ᠌ᠵᠤ ᠂ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢᠨ ᠦᠷᠭᠦᠯᠵᠢᠯᠡᠭᠰᠡᠨ ᠴᠠᠭ᠎ᠨᠢ ᠬᠠᠷᠢᠴᠠᠩᠭᠤᠢ ᠣᠬᠣᠷ᠂ ᠨᠡᠶ᠋ᠢᠭᠡᠮ᠎ᠳᠤ ᠮᠠᠭᠤ ᠨᠥᠯᠥᠭᠡ ᠦᠵᠡᠭᠦᠯᠦᠭᠰᠡᠨ ᠦᠭᠡᠶ ᠪᠠᠶ᠋ᠢᠪᠠᠯ;
4. 《ᠠᠩᠬ᠎ᠠ ᠤᠲᠠᠭ᠎ᠠ ᠬᠠᠣᠯᠢ ᠵᠢ ᠵᠦᠷᠢᠴᠡᠭᠰᠡᠨ》 ᠵᠶ᠋ᠠᠷ ᠮᠠᠭ᠋ᠠᠳᠯᠠᠨ ᠲᠣᠭᠲᠠᠭ᠋ᠠᠬᠣ ᠄
ᠲᠤᠬᠠᠢ ᠵᠢᠨ ᠬᠥᠮᠦᠨ᠎ᠠᠴᠠ ᠯᠠᠪᠯᠠᠨ ᠠᠰᠠᠭᠤᠬᠤ ᠵᠢᠨ ᠬᠠᠮᠲᠤ ᠤᠯᠤᠰ᠎ᠤᠨ ᠠᠵᠤ ᠠᠬᠤᠶ᠋ᠢᠯᠠᠯ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠢᠯᠡ ᠨᠡᠶ᠋ᠢᠲᠡᠯᠡᠬᠦ ᠰᠢᠰᠲ᠋ᠧᠮ ᠪᠠ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠠᠤᠯᠢ ᠬᠡᠷᠡᠭᠵᠢᠭᠦᠯᠵᠦ ᠬᠡᠷᠡᠭ ᠰᠢᠢ᠍ᠳᠪᠦᠷᠢᠯᠡᠬᠦ ᠲᠠᠪᠴᠠᠩ᠎ᠠᠴᠠ ᠪᠠᠶ᠋ᠢᠴᠠᠭ᠋ᠠᠨ ᠯᠠᠪᠯᠠᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠲᠤᠬᠠᠢ ᠵᠢᠨ ᠬᠥᠮᠦᠨ᠎ᠨᠢ ᠬᠤᠶᠠᠷ ᠵᠢᠯ᠎ᠤᠨ ᠳᠣᠲᠣᠷ᠎ᠠ ᠠᠳᠠᠯᠢ ᠨᠢᠭᠡᠨ ᠬᠦᠷᠢᠶᠡᠨ᠎ᠳᠠᠬᠢ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠦᠭᠡᠢ ᠪᠥᠭᠡᠳ ᠵᠠᠰᠠᠭ ᠵᠠᠬᠢᠷᠭ᠋ᠠᠨ᠎ᠤ ᠰᠢᠢ᠍ᠳᠪᠦᠷᠢᠯᠡᠯᠲᠡ ᠣᠯᠤᠭᠰᠠᠨ ᠦᠭᠡᠢ ᠪᠠᠶ᠋ᠢᠪᠠᠯ᠂ ᠠᠩᠬ᠎ᠠ ᠤᠳᠠᠭ᠎ᠠ ᠬᠠᠤᠯᠢ᠎ᠠᠴᠠ ᠵᠥᠷᠢᠴᠡᠭᠰᠡᠨ ᠵᠶ᠋ᠠᠷ ᠮᠠᠭ᠋ᠠᠳᠯᠠᠨ ᠲᠣᠭᠲᠠᠭ᠋ᠠᠵᠤ ᠪᠣᠯᠤᠨ᠎ᠠ᠃ ᠬᠠᠤᠯᠢ᠎ᠠᠴᠠ ᠵᠥᠷᠢᠴᠡᠭᠰᠡᠨ ᠪᠣᠳᠠᠲᠤ ᠬᠡᠷᠡᠭ᠎ᠢ ᠮᠠᠭ᠋ᠠᠳᠯᠠᠨ ᠲᠣᠭᠲᠠᠭ᠋ᠠᠭᠰᠠᠨ ᠪᠣᠯᠪᠠᠴᠤ ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠰᠢᠢ᠍ᠳᠬᠡᠯ ᠥᠭᠬᠦ ᠦᠭᠡᠶ᠂ ᠲᠣᠬᠠᠢ ᠵᠢᠨ ᠬᠥᠮᠦᠨ ᠲᠤᠰ ᠬᠦᠷᠢᠶ᠎ᠡ ᠴᠠᠷᠠᠭ᠎ᠠ᠎ᠳᠠᠬᠢ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ ᠵᠢ ᠳᠠᠬᠢᠨᠲᠠ ᠬᠢᠭᠰᠡᠨ ᠪᠠᠢ᠌ᠪᠠᠯ᠂ ᠠᠩᠬ᠎ᠠ ᠤᠳᠠᠭ᠎ᠠ ᠬᠠᠤᠯᠢ᠎ᠠᠴᠠ ᠵᠥᠷᠢᠴᠡᠭᠰᠡᠨ ᠶᠠᠪᠤᠳᠠᠯ᠎ᠳᠤ ᠲᠣᠭ᠋ᠠᠴᠠᠭᠳᠠᠬᠤ ᠦᠭᠡᠶ᠃
《ᠬᠤᠶᠠᠷ ᠵᠢᠯ᠎ᠤᠨ ᠳᠣᠲᠣᠷ᠎ᠠ》 ᠭᠡᠳᠡᠭ᠎ᠨᠢ ᠲᠤᠬᠠᠶ ᠵᠢᠨ ᠬᠥᠮᠦᠨ᠎ᠤ ᠳᠡᠭᠡᠷ᠎ᠡ ᠨᠢᠭᠡ ᠤᠳᠠᠭ᠋ᠠᠨ᠎ᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠨᠢ ᠰᠢᠢ᠍ᠳᠪᠦᠷᠢᠯᠡᠭᠳᠡᠭᠰᠡᠨ ᠡᠳᠦᠷ ᠪᠣᠯᠤᠨ ᠲᠣᠰ ᠤᠳᠠᠭ᠋ᠠᠨ᠎ᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠡᠭᠦᠰᠦᠭᠰᠡᠨ ᠡᠳᠦᠷ᠎ᠤᠨ ᠬᠣᠭᠣᠷᠣᠨᠳᠣᠬᠢ ᠴᠠᠭ᠎ᠨᠢ ᠬᠤᠶᠠᠷ ᠵᠢᠯ᠎ᠠᠴᠠ ᠬᠡᠲᠦᠷᠡᠬᠦ ᠥᠬᠡᠶ ᠪᠠᠶ᠋ᠢᠬᠤ ᠵᠢ ᠵᠢᠭ᠋ᠠᠵᠤ ᠪᠣᠶ᠃
《ᠠᠳᠠᠯᠢ ᠨᠢᠭᠡᠨ ᠬᠦᠷᠢᠶ᠎ᠡ》 ᠭᠡᠳᠡᠭ᠎ᠨᠢ ᠵᠠᠬ᠎ᠠ ᠳᠡᠯᠭᠡᠭᠦᠷ᠎ᠤᠨ ᠭᠣᠤᠯ ᠴᠣᠭᠴᠠ ᠵᠢᠨ ᠳᠠᠩᠰᠠᠯᠠᠨ ᠬᠠᠮᠢᠶᠠᠷᠬᠤ᠂ ᠥᠷᠢᠰᠥᠯᠳᠦᠨ ᠬᠠᠤᠯᠢ ᠬᠡᠷᠡᠭᠵᠢᠭᠦᠯᠬᠦ᠂ ᠭᠠᠭᠴᠠᠭ᠋ᠠᠷ ᠡᠵᠡᠮᠰᠢᠬᠦ ᠵᠢ ᠡᠰᠡᠷᠭᠦᠴᠡᠬᠦ᠂ ᠦᠨ᠎ᠡ ᠬᠠᠩᠰᠢ ᠵᠢᠨ ᠬᠢᠨᠠᠯᠲᠠ ᠬᠠᠮᠢᠶᠠᠷᠤᠯᠲᠠ᠂ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠢᠨᠠᠯᠲᠠ ᠬᠠᠮᠢᠶᠠᠷᠤᠯᠲᠠ᠂ ᠵᠠᠷ ᠮᠡᠳᠡᠭᠡᠨ᠎ᠤ ᠬᠢᠨᠠᠯᠲᠠ ᠬᠠᠮᠢᠶᠠᠷᠤᠯᠲᠠ᠂ ᠰᠦᠯᠵᠢᠶᠡᠨ᠎ᠤ ᠠᠷᠠᠯᠵᠢᠶ᠎ᠠ ᠵᠢᠨ ᠬᠢᠨᠠᠯᠲᠠ ᠬᠠᠮᠢᠶᠠᠷᠤᠯᠲᠠ᠂ ᠵᠠᠬ᠎ᠠ ᠳᠡᠯᠭᠡᠭᠦᠷ᠎ᠤᠨ ᠭᠡᠷ᠎ᠡ ᠵᠢᠨ ᠬᠢᠨᠠᠯᠲᠠ ᠬᠠᠮᠢᠶᠠᠷᠤᠯᠲᠠ᠂ ᠬᠡᠷᠡᠭᠯᠡᠭᠡ ᠵᠢᠨ ᠡᠷᠬᠡ᠎ᠪᠠᠨ ᠬᠠᠮᠠᠭ᠋ᠠᠯᠠᠬᠤ᠂ ᠢᠳᠡᠭᠡᠨ᠎ᠤ ᠵᠦᠢ᠍ᠯ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ᠂ ᠦᠢ᠍ᠯᠡᠳᠬᠦᠨ ᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ᠂ ᠣᠨᠴᠠ ᠲᠦᠷᠤᠯ᠎ᠤᠨ ᠲᠣᠨᠣᠭ ᠲᠦᠬᠦᠭᠡᠷᠡᠮᠵᠢ ᠵᠢᠨ ᠬᠢᠨᠠᠯᠲᠠ ᠬᠠᠮᠢᠶᠠᠷᠤᠯᠲᠠ᠂ ᠭᠡᠷᠡᠴᠢᠯᠡᠨ ᠵᠥᠪᠰᠢᠶᠡᠷᠡᠬᠦ ᠬᠢᠨᠠᠯᠲᠠ ᠬᠠᠮᠢᠶᠠᠷᠤᠯᠲᠠ᠂ ᠬᠡᠮᠵᠢᠭᠦᠷ᠎ᠤᠨ ᠬᠢᠨᠠᠯᠲᠠ ᠬᠠᠮᠢᠶᠠᠷᠤᠯᠲᠠ᠂ ᠪᠠᠷᠢᠮᠵᠢᠶ᠎ᠠ ᠵᠢᠨ ᠬᠠᠮᠢᠶᠠᠷᠤᠯᠲᠠ ᠵᠡᠷᠭᠡ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠠᠯᠢ ᠨᠢᠭᠡᠨ ᠬᠦᠷᠢᠶ᠎ᠡ ᠵᠢ ᠵᠢᠭ᠋ᠠᠵᠤ ᠪᠤᠶ᠃
5. ᠳᠣᠤᠷᠠᠬᠢ ᠪᠠᠷᠢᠮᠵᠢᠶ᠎ᠠ ᠵᠢᠨ ᠨᠢᠭᠡ᠎ᠳᠤ ᠨᠡᠶ᠋ᠢᠴᠡᠪᠡᠯ᠂ 《ᠬᠤᠤᠷ ᠬᠦᠨᠦᠭᠡᠯᠲᠦ ᠦᠷ᠎ᠡ ᠳ᠋ᠦᠩ᠎ᠤᠨ ᠬᠡᠮᠵᠢᠶ᠎ᠡ ᠬᠥᠩᠭᠡᠪᠲᠦᠷ 》 ᠵᠶ᠋ᠡᠷ ᠮᠠᠭ᠋ᠠᠳᠯᠠᠨ ᠲᠣᠭᠲᠠᠭ᠋ᠠᠵᠤ ᠪᠣᠯᠤᠨ᠎ᠠ᠄
(1) ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠨᠢ ᠣᠨᠴᠠ ᠲᠣᠭᠲᠠᠭᠰᠠᠨ ᠡᠲᠡᠭᠡᠳ ᠲᠠᠢ ᠪᠠᠶ᠋ᠢᠪᠠᠯ᠂ ᠣᠨᠴᠠ ᠲᠣᠭᠲᠠᠭᠰᠠᠨ ᠡᠲᠡᠭᠡᠳ ᠤᠨ ᠬᠤᠪᠢ ᠪᠡᠶ᠎ᠡ ᠵᠢ᠎ᠨᠢ ᠨᠡᠯᠢᠶᠡᠳ ᠬᠥᠩᠭᠡᠨ ᠭᠡᠮᠲᠦᠭᠡᠭᠰᠡᠨ ᠪᠠ ᠡᠳ᠋ ᠬᠦᠷᠦᠩᠭᠡ ᠵᠢ᠎ᠨᠢ ᠬᠣᠬᠢᠷᠠᠭᠤᠯᠤᠭᠰᠠᠨ ᠪᠠᠶ᠋ᠢᠪᠠᠯ ;
(2) ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠣᠨᠴᠠ ᠲᠣᠭᠲᠠᠭᠰᠠᠨ ᠡᠲᠡᠭᠡᠳ ᠦᠭᠡᠶ ᠂ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢᠨ ᠦᠷᠭᠦᠯᠵᠢᠯᠡᠭᠰᠡᠨ ᠴᠠᠭ᠎ᠨᠢ ᠨᠡᠯᠢᠶᠡᠳ ᠣᠬᠣᠷ᠂ ᠨᠡᠯᠢᠶᠡᠳ ᠬᠥᠩᠭᠡᠨ ᠨᠡᠶ᠋ᠢᠭᠡᠮ᠎ᠤᠨ ᠨᠥᠯᠥᠭᠡ ᠭᠠᠷᠭ᠋ᠠᠭᠰᠠᠨ ᠮᠥᠷᠲᠡᠭᠡᠨ ᠲᠤᠬᠠᠢ ᠵᠢᠨ ᠬᠥᠮᠦᠨ᠎ᠨᠢ ᠴᠠᠭ ᠲᠤᠬᠠᠶ᠎ᠳᠤᠨᠢ ᠠᠷᠭ᠎ᠠ ᠬᠡᠮᠵᠢᠶ᠎ᠡ ᠠᠪᠴᠤ ᠨᠡᠶ᠋ᠢᠭᠡᠮ᠎ᠤᠨ ᠨᠥᠯᠥᠭᠡ ᠵᠢ ᠠᠷᠢᠯᠭ᠋ᠠᠭᠰᠠᠨ ᠪᠤᠶᠤ ᠬᠥᠩᠭᠡᠷᠡᠭᠦᠯᠦᠭᠰᠡᠨ᠃
6. ᠲᠤᠬᠠᠶ ᠵᠢᠨ ᠬᠥᠮᠦᠨ᠎ᠳᠤ ᠪᠡᠶᠡᠴᠢ ᠲᠠᠯ᠎ᠠ ᠵᠢᠨ ᠠᠯᠳᠠᠭ᠎ᠠ ᠪᠤᠷᠤᠭᠤ ᠪᠠᠶ᠋ᠢᠬᠤ ᠡᠰᠡᠬᠦ ᠵᠢ ᠳᠣᠣᠷᠠᠬᠢ ᠪᠠᠷᠢᠮᠵᠢᠶ᠎ᠠ᠎ᠪᠠᠷ ᠯᠠᠪᠯᠠᠯᠲᠠ ᠪᠣᠯᠭ᠋ᠠᠨ ᠶᠡᠷᠦᠩᠬᠡᠶ᠋ᠢᠯᠡᠨ ᠮᠠᠭ᠋ᠠᠳᠯᠠᠨ ᠲᠣᠭᠲᠠᠭ᠋ᠠᠵᠤ ᠪᠣᠯᠤᠨ᠎ᠠ᠄
(1) ᠲᠤᠬᠠᠢ ᠵᠢᠨ ᠬᠥᠮᠦᠨ᠎ᠨᠢ ᠬᠠᠤᠯᠢ ᠵᠢ ᠵᠥᠷᠢᠴᠡᠭᠰᠡᠨ ᠦᠶ᠋ᠢᠯᠡ ᠠᠵᠢᠯᠯᠠᠭ᠎ᠠ᠎ᠪᠠᠨ ᠲᠣᠳᠣᠷᠬᠠᠢ ᠮᠡᠳᠡᠬᠦ ᠪᠤᠶᠤ ᠮᠡᠳᠡᠬᠦ ᠶᠣᠰᠣᠲᠠᠢ ᠡᠰᠡᠬᠦ ;
(2) ᠲᠣᠬᠠᠢ ᠵᠢᠨ ᠬᠦᠮᠦᠨ᠎ᠨᠢ ᠬᠠᠦᠯᠢ᠎ᠠᠴᠠ ᠵᠦᠷᠢᠴᠡᠭᠰᠡᠨ ᠦᠢ᠍ᠯᠡ ᠠᠵᠢᠯᠯᠠᠭ᠎ᠠ ᠵᠢᠴᠢ ᠳᠡᠬᠦᠨ᠎ᠤ ᠦᠷ᠎ᠠ ᠳ᠋ᠦᠡᠭ ᠵᠶ᠋ᠡᠨ ᠡᠵᠡᠮᠳᠡᠬᠦ ᠴᠢᠳᠡᠪᠤᠷᠢ ᠪᠠᠶ᠋ᠢᠬᠤ ᠡᠰᠡᠬᠦ;
(3) ᠲᠤᠬᠠᠢ ᠵᠢᠨ ᠬᠥᠮᠥᠨ ᠬᠠᠤᠯᠢ᠎ᠳᠤ ᠲᠣᠭᠲᠠᠭ᠋ᠠᠭᠰᠠᠨ ᠦᠢ᠍ᠯᠡᠳᠪᠦᠷᠢᠯᠡᠯ ᠡᠵᠡᠩᠨᠡᠯᠲᠡ ᠵᠢᠨ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ ᠡᠰᠡᠬᠦ ;
(4) ᠲᠤᠬᠠᠢ ᠵᠢᠨ ᠬᠥᠮᠦᠨ᠎ᠨᠢ ᠬᠠᠤᠯᠢ ᠶᠣᠰᠣᠨ᠎ᠤ ᠠᠷᠭ᠎ᠠ ᠵᠠᠮ ᠵᠶ᠋ᠠᠷ ᠲᠠᠸᠠᠷ ᠠᠪᠤᠭᠰᠠᠨ ᠡᠰᠡᠬᠦ ;
(5) ᠲᠤᠬᠠᠢ ᠵᠢᠨ ᠬᠥᠮᠥᠨ᠎ᠨᠢ ᠦᠢ᠍ᠯᠡᠳᠪᠦᠷᠢᠯᠡᠯ ᠡᠵᠡᠩᠨᠡᠯᠲᠡ ᠵᠢᠨ ᠠᠵᠢᠯᠯᠠᠭ᠎ᠠ ᠵᠢᠨ ᠬᠠᠤᠯᠢ ᠶᠣᠰᠣᠨ᠎ᠤ ᠡᠷᠬᠡ ᠣᠯᠭᠣᠯᠲᠠ ᠵᠢ ᠣᠯᠣᠭᠰᠠᠨ ᠡᠰᠡᠬᠦ;
(6) ᠲᠤᠬᠠᠢ ᠵᠢᠨ ᠬᠦᠮᠦᠨ᠎ᠤ ᠪᠡᠶᠡᠴᠢ ᠪᠠᠶ᠋ᠢᠳᠠᠯ᠎ᠢ ᠲᠤᠰᠬᠠᠵᠤ ᠴᠢᠳᠠᠬᠤ ᠪᠤᠰᠤᠳ ᠬᠦᠴᠦᠨ ᠵᠦᠢ᠍ᠯ᠎ᠤᠳ ;
(ᠵᠢᠷᠭᠤᠭ᠎ᠠ) 《ᠵᠢᠯᠣᠭᠤᠳᠬᠤ ᠰᠠᠨᠠᠯ》᠎ᠳᠤ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠣᠯᠢ ᠦᠯᠤ ᠣᠯᠭᠣᠬᠣ᠎ᠳᠤ ᠶᠠᠮᠠᠷ ᠶᠠᠮᠠᠷ ᠪᠣᠳᠠᠲᠠᠶ ᠱᠠᠭ᠋ᠠᠷᠳᠠᠯᠭ᠎ᠠ ᠳᠤᠷᠠᠳᠤᠭᠰᠠᠨ ᠪᠣᠶ?
1. ᠭᠡᠷᠡᠴᠢ ᠪᠠᠷᠢᠮᠲᠠ ᠵᠢᠨ ᠱᠠᠭ᠋ᠠᠷᠳᠠᠯᠭ᠎ᠠ᠄ ᠬᠠᠤᠯᠢ ᠬᠡᠷᠡᠭᠵᠢᠭᠦᠯᠬᠦ ᠠᠵᠢᠯᠲᠠᠨ ᠬᠠᠤᠯᠢ ᠶᠣᠰᠣᠭ᠋ᠠᠷ᠂ ᠪᠦᠬᠦ ᠲᠠᠯ᠎ᠠ᠎ᠪᠠᠷ᠂ ᠪᠤᠰᠤᠳᠴᠢ᠎ᠪᠠᠷ᠂ ᠲᠥᠪ ᠭᠤᠣᠯᠴᠢ᠎ᠪᠠᠷ ᠭᠡᠷᠡᠴᠢ ᠪᠠᠷᠢᠮᠲᠠ ᠴᠤᠭᠯᠠᠭᠤᠯᠬᠤ ᠬᠡᠷᠡᠭᠲᠡᠶ᠃
2. ᠰᠢᠢ᠍ᠳᠪᠦᠷᠢᠯᠡᠬᠦ ᠶᠠᠪᠣᠴᠠ ᠵᠢᠨ ᠱᠠᠭ᠋ᠠᠷᠳᠠᠯᠭ᠎ᠠ᠄ ᠬᠡᠷᠡᠭ ᠪᠣᠯᠭ᠋ᠠᠨ ᠳᠠᠩᠰᠠᠯᠠᠬᠤ᠎ᠠᠴᠠ ᠡᠮᠦᠨ᠎ᠡ ᠬᠢᠨᠠᠨ ᠪᠠᠶ᠋ᠢᠴᠠᠭ᠋ᠠᠬᠤ ᠱᠠᠲᠤᠨ᠎ᠳᠤ ᠪᠣᠳᠠᠲᠤ ᠬᠡᠷᠡᠭ᠎ᠢ ᠪᠠᠶ᠋ᠢᠴᠠᠭ᠋ᠠᠨ ᠲᠤᠳᠤᠯᠠᠭᠰᠠᠨ ᠪᠠᠢ᠌ᠪᠠᠯ ᠬᠡᠷᠡᠭ ᠪᠣᠯᠭ᠋ᠠᠨ ᠳᠠᠩᠰᠠᠯᠠᠬᠤ ᠦᠭᠡᠢ ᠪᠠᠢ᠌ᠵᠤ ᠪᠣᠯᠬᠤ ᠴᠤ᠌ ᠴᠡᠭᠴᠡᠯᠡᠨ ᠰᠠᠶ᠋ᠢᠵᠢᠷᠠᠭᠤᠯᠬᠤ ᠵᠢ ᠰᠢᠮᠳᠠᠭᠤᠯᠬᠤ ᠬᠡᠷᠡᠭᠲᠡᠶ ; ᠬᠡᠷᠡᠭ ᠪᠣᠯᠭ᠋ᠠᠨ ᠳᠠᠩᠰᠠᠯᠠᠭᠰᠠᠨ᠎ᠤ ᠳᠠᠷᠠᠭ᠎ᠠ ᠪᠣᠳᠠᠲᠤ ᠬᠡᠷᠡᠭ᠎ᠢ ᠪᠠᠶ᠋ᠢᠴᠠᠭ᠋ᠠᠨ ᠲᠤᠳᠤᠯᠠᠭᠰᠠᠨ ᠪᠠᠢ᠌ᠪᠠᠯ ᠬᠠᠤᠯᠢ ᠶᠣᠰᠣᠭ᠋ᠠᠷ 《ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠣᠯᠢ ᠦᠯᠤ ᠣᠯᠭᠤᠬᠤ ᠲᠣᠭᠲᠠᠭ᠋ᠠᠯ᠎ᠤᠨ ᠪᠢᠴᠢᠭ》᠎ᠢ ᠲᠣᠭᠲᠠᠭ᠋ᠠᠨ ᠲᠠᠷᠬᠠᠭ᠋ᠠᠵᠤ᠂ ᠬᠠᠤᠯᠢ ᠬᠡᠷᠡᠭᠵᠢᠭᠦᠯᠵᠦ ᠬᠡᠷᠡᠭ ᠰᠢᠢ᠍ᠳᠪᠦᠷᠢᠯᠡᠬᠦ ᠲᠠᠪᠴᠠᠩ᠎ᠳᠤ ᠣᠷᠣᠭᠤᠯᠬᠤ ᠵᠢᠨ ᠬᠠᠮᠲᠤ ᠱᠠᠭ᠋ᠠᠷᠳᠠᠯᠭ᠎ᠠ ᠶᠣᠰᠣᠭ᠋ᠠᠷ ᠳᠠᠩᠰᠠ ᠡᠪᠬᠡᠮᠡᠯ᠎ᠳᠤ ᠣᠷᠣᠭᠤᠯᠬᠤ ᠬᠡᠷᠡᠭᠲᠡᠶ᠃
3. ᠦᠨᠳᠦᠰᠦᠯᠡᠯ᠎ᠤᠨ ᠡᠰᠢᠯᠡᠭᠰᠡᠨ ᠵᠦᠢ᠍ᠯ᠎ᠤᠨ ᠱᠠᠭ᠋ᠠᠷᠳᠠᠯᠭ᠎ᠠ᠄ ᠲᠣᠰ ᠵᠢᠯᠣᠭᠤᠳᠬᠤ ᠰᠠᠨᠠᠯ ᠵᠢᠴᠢ ᠳᠠᠭ᠋ᠠᠯᠳᠤᠭᠤᠯᠤᠭᠰᠠᠨ ᠨᠠᠷᠢᠨ ᠳᠠᠩᠰᠠ᠎ᠪᠠᠷ ᠲᠠᠰᠤᠯᠤᠯᠲᠠ ᠵᠢᠨ ᠠᠭᠤᠯᠭ᠎ᠠ ᠪᠣᠯᠭ᠋ᠠᠵᠤ ᠪᠣᠯᠤᠨ᠎ᠠ᠂ ᠭᠡᠪᠡᠴᠦ ᠰᠢᠭᠤᠳ ᠰᠢᠢ᠍ᠳᠭᠡᠯ ᠦᠯᠤ ᠣᠯᠭᠤᠬᠤ ᠦᠨᠳᠦᠰᠦᠯᠡᠯ ᠪᠣᠯᠭ᠋ᠠᠵᠤ ᠪᠣᠯᠬᠤ ᠦᠭᠡᠢ᠃
4. ᠪᠤᠰᠤᠳ ᠱᠠᠭ᠋ᠠᠷᠳᠠᠯᠭ᠎ᠠ᠄ ᠲᠤᠬᠠᠶ ᠵᠢᠨ ᠬᠥᠮᠦᠨ᠎ᠳᠤ ᠵᠠᠰᠠᠭ ᠵᠠᠬᠢᠷᠭ᠋ᠠᠨ᠎ᠤ ᠰᠢᠢ᠍ᠳᠬᠡᠯ ᠥᠭᠬᠦ ᠦᠭᠡᠢ ᠪᠠᠶ᠋ᠢᠪᠠᠯ᠂ ᠲᠡᠳᠡᠨ᠎ᠢ ᠬᠥᠲᠥᠯᠥᠨ ᠵᠢᠯᠣᠭᠤᠳᠴᠤ ᠪᠠᠶ᠋ᠢᠭ᠋ᠠᠳ ᠬᠡᠷᠡᠭᠯᠡᠭᠴᠢᠳ᠎ᠤᠨ ᠬᠤᠬᠢᠷᠠᠯ᠎ᠢ ᠬᠠᠤᠯᠢ ᠶᠣᠰᠣᠭ᠋ᠠᠷ ᠪᠤᠴᠠᠭ᠋ᠠᠯᠭ᠋ᠠᠬᠤ ᠬᠡᠷᠡᠭᠲᠡᠶ ; ᠲᠤᠬᠠᠢ ᠵᠢᠨ ᠬᠥᠮᠦᠨ᠎ᠨᠢ ᠬᠠᠤᠯᠢ ᠶᠣᠰᠣᠭ᠋ᠠᠷ ᠡᠭᠡᠭᠦᠯᠦᠨ ᠠᠪᠴᠢᠷᠠᠬᠤ ᠡᠭᠦᠷᠭᠡ᠎ᠪᠠᠨ ᠭᠦᠢ᠍ᠴᠡᠳᠬᠡᠬᠦ᠎ᠳᠤ ᠬᠢᠨᠠᠯᠲᠠ ᠲᠠᠯᠪᠢᠬᠤ ᠵᠢᠨ ᠬᠠᠮᠲᠤ ᠬᠠᠤᠯᠢ ᠪᠤᠰᠤ ᠦᠢ᠍ᠯᠡᠳᠬᠦᠨ᠎ᠳᠤ ᠬᠠᠤᠯᠢ ᠶᠣᠰᠣᠭ᠋ᠠᠷ ᠬᠤᠣᠷ ᠦᠭᠡᠶ᠋ᠢᠵᠢᠬᠦᠯᠦᠨ ᠰᠢᠢ᠍ᠳᠪᠦᠷᠢᠯᠡᠬᠦ ᠪᠠ ᠤᠰᠠᠳᠬᠠᠬᠤ ᠵᠡᠷᠭᠡ ᠠᠷᠭ᠎ᠠ ᠬᠡᠮᠵᠢᠶ᠎ᠡ ᠠᠪᠴᠤ᠂ ᠳᠠᠬᠢᠨᠲᠠ ᠵᠠᠬ᠎ᠠ ᠳᠡᠯᠭᠡᠭᠦᠷ᠎ᠲᠤ ᠣᠷᠣᠬᠤ᠎ᠠᠴᠠ ᠵᠠᠢ᠌ᠯᠠᠰᠬᠢᠬᠤ ᠬᠡᠷᠡᠭᠲᠡᠶ᠃ ᠬᠢᠷᠢ ᠲᠡᠩᠴᠡᠬᠦ ᠦᠭᠡᠶ ᠦᠢ᠍ᠯᠡᠳᠬᠦᠨ᠎ᠢ ᠢᠯᠡᠷᠡᠭᠦᠯᠪᠡᠯ ᠂ ᠰᠤᠭᠤᠴᠢᠨ ᠪᠠᠶ᠋ᠢᠴᠠᠭ᠋ᠠᠬᠤ ᠪᠠ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠵᠢᠨ ᠤᠳᠠᠭ᠎ᠠ᠎ᠪᠠᠨ ᠨᠡᠮᠡᠭᠳᠡᠭᠦᠯᠬᠦ ᠬᠡᠷᠡᠭᠲᠡᠶ ; ᠡᠬᠢ ᠡᠭᠦᠰᠦᠯ᠎ᠠᠴᠠ᠎ᠨᠢ ᠵᠠᠰᠠᠬᠤ ᠵᠢ ᠴᠢᠩᠭ᠋ᠠᠳᠬᠠᠵᠤ᠂ ᠬᠠᠤᠯᠢ ᠪᠤᠰᠤ ᠦᠢ᠍ᠯᠡᠳᠬᠦᠨ᠎ᠤ ᠡᠬᠢ ᠰᠤᠷᠪᠤᠯᠵᠢ ᠵᠢ ᠮᠥᠷᠳᠡᠵᠦ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠡᠭᠦᠷᠭᠡ ᠴᠢᠳᠠᠪᠤᠷᠢ᠎ᠳᠤ ᠬᠠᠷᠢᠶᠠᠯᠠᠭᠳᠠᠬᠤ ᠦᠭᠡᠶ ᠵᠢ᠎ᠨᠢ ᠴᠠᠭ ᠲᠤᠬᠠᠶ᠎ᠳᠤᠨᠢ ᠬᠠᠮᠢᠶ᠎ᠠ ᠪᠦᠬᠦᠢ ᠰᠠᠯᠠᠭ᠎ᠠ ᠮᠥᠴᠢᠷ᠎ᠲᠤ ᠮᠡᠳᠡᠭᠳᠡᠬᠦ ᠬᠡᠷᠡᠭᠲᠡᠶ᠃
《ᠭᠤᠷᠪᠠᠨ ᠵᠦᠢ᠍ᠯ ᠨᠢᠭᠡ ᠣᠨᠴᠠ 》 ᠵᠢᠨ ᠠᠮᠤᠷ ᠲᠦᠪᠰᠢᠨ᠎ᠤ ᠬᠤᠷᠢᠭ᠎ᠠ ᠱᠤᠭᠤᠮ᠎ᠢ ᠬᠥᠨᠳᠡᠵᠦ᠂ ᠠᠷᠠᠳ ᠣᠯᠠᠨ᠎ᠤ ᠠᠮᠢ ᠨᠠᠰᠤ ᠡᠷᠡᠭᠦᠯ ᠮᠡᠨᠳᠦ ᠪᠤᠶᠤ ᠣᠯᠠᠨ ᠨᠡᠶ᠋ᠢᠲᠡ ᠵᠢᠨ ᠠᠮᠤᠷ ᠲᠦᠪᠰᠢᠨ᠎ᠳᠤ ᠠᠶᠤᠯ ᠤᠴᠠᠷᠠᠭᠤᠯᠤᠭᠰᠠᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢᠴᠢ ᠪᠠᠶ᠋ᠢᠭ᠋ᠠᠯᠢ ᠵᠢᠨ ᠭᠠᠮᠰᠢᠭ᠂ ᠠᠳᠡᠯ ᠤᠨ ᠭᠠᠶ ᠭᠠᠮᠰᠢᠭ᠂ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ ᠪᠤᠶᠤ ᠨᠡᠶ᠋ᠢᠭᠡᠮ᠎ᠤᠨ ᠠᠮᠤᠷ ᠲᠦᠪᠰᠢᠨ ᠵᠡᠷᠭᠡ ᠭᠡᠨᠡᠳᠲᠡ ᠵᠢᠨ ᠬᠡᠷᠡᠭ᠎ᠤᠨ ᠲᠣᠬᠢᠶᠠᠯ᠎ᠢ ᠠᠰᠢᠭᠯᠠᠨ ᠬᠡᠷᠡᠭᠵᠢᠭᠦᠯᠦᠭᠰᠡᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠵᠠᠰᠠᠭ ᠵᠠᠬᠢᠷᠭ᠋ᠠᠨ᠎ᠤ ᠰᠢᠢ᠍ᠳᠬᠡᠯ᠎ᠢ ᠵᠠᠪᠠᠯ ᠣᠯᠭᠤᠬᠤ ᠬᠡᠷᠡᠭᠲᠡᠢ ᠃