ᠨᠢᠭᠡ᠂ ᠦᠨᠳᠦᠰᠦᠨ ᠪᠠᠢᠳᠠᠯ
2025ᠣᠨ᠎ᠤ 1 ᠳ᠋ᠦ᠍ᠭᠡᠷ ᠰᠠᠷ᠎ᠠ᠎ᠠᠴᠠ 9 ᠳ᠋ᠦ᠍ᠭᠡᠷ ᠰᠠᠷ᠎ᠠ᠎ᠶ᠋ᠢᠨ ᠥᠪᠥᠷ ᠮᠣᠩᠭᠤᠯ᠎ᠤᠨ ᠪᠥᠬᠦ᠌ ᠤᠯᠤᠰ᠎ᠤᠨ 12315 ᠲᠠᠪᠴᠠᠩ ᠳᠡᠭᠡᠷ᠎ᠡ ᠬᠡᠷᠡᠭ᠌ᠯᠡᠭ᠌ᠴᠢᠳ᠎ᠤᠨ ᠵᠠᠭᠠᠯᠳᠤᠯᠭ᠎ᠠ᠂ ᠢᠯᠡᠴᠢᠯᠡᠨ ᠮᠡᠳᠡᠭᠦᠯᠦᠯᠲᠡ᠂ ᠠᠰᠠᠭᠣᠨ ᠯᠠᠪᠯᠠᠭ᠍ᠰᠠᠨᠢ ᠨᠡᠢᠲᠡ 344628 ᠬᠤᠪᠢ ᠬᠦᠯᠢᠶᠡᠨ ᠠᠪᠴᠤ᠌᠂ ᠠᠳᠠᠯᠢ ᠬᠤᠭᠤᠴᠠᠭᠠᠨ᠎ᠤ᠎ᠬᠢ᠎ᠠᠴᠠ 21.02% ᠢᠶᠠᠷ ᠨᠡᠮᠡᠭ᠌ᠳᠡᠪᠡ᠃ ᠡᠭᠦᠨ᠎ᠳᠤ᠂ ᠵᠠᠭᠠᠯᠳᠤᠯᠭ᠎ᠠ 158139 ᠬᠤᠪᠢ ᠪᠠᠢᠵᠤ᠂ ᠠᠳᠠᠯᠢ ᠬᠤᠭᠤᠴᠠᠭᠠᠨ᠎ᠤ᠎ᠬᠢ᠎ᠠᠴᠠ35.43% ᠪᠠᠷ ᠨᠡᠮᠡᠭ᠌ᠳᠡᠪᠡ; ᠢᠯᠡᠴᠢᠯᠡᠨ ᠮᠡᠳᠡᠭᠦᠯᠦᠯᠲᠡ 33620 ᠬᠤᠪᠢ ᠪᠠᠢᠵᠤ᠂ ᠠᠳᠠᠯᠢ ᠬᠤᠭᠤᠴᠠᠭᠠᠨ᠎ᠤ᠎ᠬᠢ᠎ᠠᠴᠠ 31.34%᠎ᠪᠠᠷ ᠨᠡᠮᠡᠭ᠌ᠳᠡᠪᠡ᠃ ᠠᠰᠠᠭᠤᠨ ᠯᠠᠪᠯᠠᠬᠤ ᠲᠤᠭ᠎ᠠ 152869 ᠬᠤᠪᠢ ᠪᠠᠢᠵᠤ᠂ ᠠᠳᠠᠯᠢ ᠬᠤᠭᠤᠴᠠᠭᠠᠨ᠎ᠤ᠎ᠬᠢ᠎ᠠᠴᠠ 7.35% ᠪᠠᠷ ᠨᠡᠮᠡᠭ᠌ᠳᠡᠪᠡ᠃ ᠵᠠᠭᠠᠯᠳᠣᠵᠦ᠍ ᠢᠯᠡᠴᠢᠯᠡᠨ ᠮᠡᠳᠡᠭᠦᠯᠦᠭ᠌ᠰᠡᠨ ᠬᠡᠷᠡᠭ᠎ᠢ ᠨᠡᠢᠲᠡ 182167 ᠬᠤᠪᠢ ᠱᠢᠢᠳᠪᠦᠷᠢᠯᠡᠨ ᠳᠠᠭᠤᠰᠭᠠᠵᠤ᠂ ᠱᠢᠢᠳᠪᠦᠷᠢᠯᠡᠵᠦ᠍ ᠳᠠᠭᠤᠰᠭᠠᠭ᠍ᠰᠠᠨ ᠨᠣᠷᠮ᠎ᠠ᠎ᠨᠢ 95% ᠳᠤ ᠬᠦᠷᠴᠦ᠍᠂ ᠮᠠᠷᠭᠤᠯᠳᠤᠭᠠᠨ᠎ᠲᠠᠢ ᠬᠤᠯᠪᠣᠭ᠍ᠳᠠᠭ᠍ᠰᠠᠨ ᠵᠣᠭᠤᠰ᠎ᠤᠨ ᠲᠤᠭ᠎ᠠ᠎ᠨᠢ 1.81 ᠳ᠋ᠦᠩᠱᠢᠭᠤᠷ ᠲᠥᠭᠦᠷᠢᠭ᠎ᠲᠤ ᠬᠦᠷᠴᠦ᠍᠂ ᠬᠡᠷᠡᠭ᠌ᠯᠡᠭ᠌ᠴᠢᠳ᠎ᠲᠤ 4613.09 ᠲᠦᠮᠡᠨ ᠲᠥᠭᠦᠷᠢᠭ᠎ᠤᠨ ᠠᠵᠤ ᠠᠬᠤᠶ᠎ᠶ᠋ᠢᠨ ᠬᠤᠬᠢᠷᠠᠯ᠎ᠢ ᠡᠭᠡᠭᠦᠯᠦᠨ ᠠᠪᠴᠢᠷᠠᠵᠤ ᠥᠭ᠌ᠴᠡᠶ᠃
2025 ᠣᠨ᠎ᠤ ᠭᠤᠷᠪᠠᠳᠤᠭᠠᠷ ᠤᠯᠠᠷᠢᠯ᠎ᠳᠤ᠂ ᠥᠪᠥᠷ ᠮᠣᠩᠭᠤᠯ᠎ᠤᠨ ᠪᠥᠬᠦ᠌ ᠤᠯᠤᠰ᠎ᠤᠨ 12315 ᠲᠠᠪᠴᠠᠩ᠎ᠨᠢ ᠬᠡᠷᠡᠭ᠌ᠯᠡᠭ᠌ᠴᠢᠳ᠎ᠤᠨ ᠵᠠᠭᠠᠯᠳᠤᠯᠭ᠎ᠠ᠂ ᠢᠯᠡᠴᠢᠯᠡᠨ ᠮᠡᠳᠡᠭᠦᠯᠦᠯᠲᠡ᠂ ᠠᠰᠠᠭᠤᠨ ᠯᠠᠪᠯᠠᠭ᠎ᠠ᠎ᠶ᠋ᠢ ᠨᠡᠢᠲᠡ 140956 ᠬᠤᠪᠢ ᠭᠥᠯᠢᠶᠡᠨ ᠠᠪᠴᠤ᠌᠂ ᠠᠳᠠᠯᠢ ᠬᠤᠭᠤᠴᠠᠭᠠᠨ᠎ᠤ᠎ᠬᠢ᠎ᠠᠴᠠ 34.30%᠎ᠢᠶᠡᠷ ᠨᠡᠮᠡᠭ᠌ᠳᠡᠪᠡ᠃ ᠡᠭᠦᠨ᠎ᠳᠤ᠂ ᠵᠠᠭᠠᠯᠳᠤᠯᠭ᠎ᠠ 69529 ᠬᠤᠪᠢ ᠪᠠᠢᠵᠤ᠂ ᠶᠡᠷᠦᠩᠬᠡᠶ ᠬᠡᠮᠵᠢᠶᠡᠨ᠎ᠤ 49.33%᠎ᠶ᠋ᠢ ᠡᠵᠡᠯᠡᠪᠡ; ᠢᠯᠡᠴᠢᠯᠡᠨ ᠮᠡᠳᠡᠭᠦᠯᠦᠯᠲᠡ 13630 ᠬᠤᠪᠢ ᠪᠠᠢᠵᠤ᠂ ᠶᠡᠷᠦᠩᠬᠡᠶ ᠬᠡᠮᠵᠢᠶᠡᠨ᠎ᠤ 9.67%᠎ᠶ᠋ᠢ ᠡᠵᠡᠯᠡᠪᠡ; ᠠᠰᠠᠭᠤᠨ ᠯᠠᠪᠯᠠᠯᠲᠠ 57797 ᠬᠤᠪᠢ ᠪᠠᠢᠵᠤ᠂ ᠶᠡᠷᠦᠩᠬᠡᠶ ᠬᠡᠮᠵᠢᠶᠡᠨ᠎ᠤ 41.00% ᠢ ᠡᠵᠡᠯᠡᠪᠡ᠃
2025 ᠣᠨ᠎ᠤ ᠭᠤᠷᠪᠠᠳᠤᠭᠠᠷ ᠤᠯᠠᠷᠢᠯ᠎ᠤᠨ ᠵᠠᠭᠠᠯᠳᠣᠯᠭ᠎ᠠ ᠢᠯᠡᠴᠢᠯᠡᠨ ᠮᠡᠳᠡᠭᠦᠯᠦᠯᠲᠡ ᠠᠰᠠᠭᠤᠨ ᠯᠠᠪᠯᠠᠬᠤ ᠬᠡᠮᠵᠢᠶ᠎ᠡ᠎ᠶ᠋ᠢᠨ ᠠᠳᠠᠯᠢ ᠬᠤᠭᠤᠴᠠᠭᠠᠨ᠎ᠤ ᠬᠠᠷᠢᠴᠠᠭᠤᠯᠤᠯ᠎ᠤᠨ ᠵᠢᠷᠤᠭ᠄

ᠡᠯ᠎ᠡ ᠠᠢᠮᠠᠭ ᠬᠤᠲᠠ᠎ᠶ᠋ᠢᠨ ᠵᠠᠭᠠᠯᠳᠤᠯᠭ᠎ᠠ ᠬᠢᠵᠦ᠍ ᠢᠯᠡᠴᠢᠯᠡᠨ ᠮᠡᠳᠡᠭᠦᠯᠦᠭ᠌ᠰᠡᠨ ᠬᠡᠮᠵᠢᠶ᠎ᠡ᠎ᠶ᠋ᠢᠨ ᠪᠠᠢᠳᠠᠯ᠎ᠤᠨ ᠪᠦᠷᠢᠳᠭᠡᠯ᠎ᠤᠨ ᠬᠦᠰᠦᠨᠦᠭ᠌ᠲᠦ (ᠨᠢᠭᠡᠴᠢ᠄ ᠬᠤᠪᠢ)

ᠵᠠᠭ᠋ᠠᠯᠳᠤᠯᠭ᠎ᠠ ᠢᠯᠡᠴᠢᠯᠡᠨ ᠮᠡᠳᠡᠭᠦᠯᠦᠯᠲᠡ ᠠᠰᠠᠭᠤᠨ ᠯᠠᠪᠯᠠᠭᠰᠠᠨ ᠶᠡᠷᠦᠩᠬᠡᠶ ᠬᠡᠮᠵᠢᠶ᠎ᠡ᠎ᠶ᠋ᠢᠨ ᠡᠮᠦᠨ᠎ᠡ ᠭᠤᠷᠪᠠ᠎ᠳᠤ ᠵᠢᠭ᠍ᠰᠠᠭᠠᠭ᠍ᠳᠠᠭ᠍ᠰᠠᠨ ᠨᠢ ᠬᠥᠬᠡᠬᠣᠲᠠ᠂ ᠪᠤᠭᠤᠲᠤ ᠬᠣᠲᠠ᠂ ᠤᠯᠠᠭᠠᠨᠬᠠᠳᠠ ᠬᠣᠲᠠ ᠪᠣᠯᠤᠨ᠎ᠠ᠃ ᠡᠯ᠎ᠡ ᠵᠦᠢᠯ᠎ᠤᠨ ᠲᠤᠭ᠎ᠠ ᠪᠠᠷᠢᠮᠲᠠ᠎ᠳᠤ ᠵᠠᠭᠠᠯᠳᠤᠯᠭ᠎ᠠ᠎ᠶ᠋ᠢᠨ ᠬᠡᠮᠵᠢᠶ᠎ᠡ ᠡᠮᠦᠨ᠎ᠡ ᠭᠤᠷᠪᠠ᠎ᠳᠤ ᠵᠢᠭ᠍ᠰᠠᠭᠠᠭ᠍ᠳᠠᠭ᠍ᠰᠠᠨ ᠨᠢ ᠬᠥᠬᠡᠬᠤᠲᠠ᠂ ᠪᠤᠭᠤᠲᠤ ᠬᠤᠲᠠ᠂ ᠤᠯᠠᠭᠠᠨᠬᠠᠳᠠ ᠬᠤᠲᠠ ᠪᠣᠯᠣᠨ᠎ᠠ᠂ ᠢᠯᠡᠴᠢᠯᠡᠨ ᠮᠡᠳᠡᠭᠦᠯᠦᠭ᠌ᠰᠡᠨ ᠬᠡᠮᠵᠢᠶ᠎ᠡ ᠡᠮᠦᠨ᠎ᠡ ᠭᠤᠷᠪᠠ᠎ᠳᠤ ᠵᠢᠭ᠍ᠰᠠᠭᠠᠭ᠍ᠳᠠᠭ᠍ᠰᠠᠨ ᠨᠢ ᠬᠥᠬᠡᠬᠤᠲᠠ᠂ ᠲᠦᠩᠯᠢᠶᠣᠤ ᠬᠤᠲᠠ᠂ ᠪᠤᠭᠤᠲᠤ ᠬᠤᠲᠠ ᠪᠣᠯᠣᠨ᠎ᠠ᠃
ᠵᠠᠭ᠋ᠠᠯᠳᠤᠯᠭ᠎ᠠ ᠢᠯᠡᠴᠢᠯᠡᠨ ᠮᠡᠳᠡᠬᠦᠯᠦᠯᠲᠡ ᠠᠰᠠᠭᠤᠨ ᠯᠠᠪᠯᠠᠭᠰᠠᠨ ᠬᠡᠮᠵᠢᠶ᠎ᠡ ᠶ᠋ᠢᠨ ᠰᠠᠷ᠎ᠠ᠎ᠶ᠋ᠢᠨ ᠲᠤᠭ᠎ᠠ ᠪᠦᠷᠢᠳᠭᠡᠯ᠎ᠤᠨ ᠲᠠᠬᠢᠷ ᠰᠣᠭᠣᠮᠤᠨ ᠵᠢᠷᠣᠭ᠄

ᠭᠤᠷᠪᠠᠳᠤᠭᠠᠷ ᠤᠯᠠᠷᠢᠯ᠎ᠤᠨ ᠵᠠᠭ᠋ᠠᠯᠳᠤᠯᠭ᠎ᠠ ᠢᠯᠡᠴᠢᠯᠡᠨ ᠮᠡᠳᠡᠬᠦᠯᠦᠯᠲᠡ ᠠᠰᠠᠭᠤᠨ ᠯᠠᠪᠯᠠᠭᠰᠠᠨ ᠬᠡᠮᠵᠢᠶ᠎ᠡ ᠶᠡᠷᠦᠩᠬᠡᠢ᠎ᠳᠤ᠎ᠪᠠᠨ ᠪᠠᠭᠤᠷᠠᠬᠤ ᠬᠠᠨᠳᠤᠰᠢ᠎ᠲᠠᠢ᠃ 7᠂ 8 ᠳ᠋ᠤᠭᠠᠷ ᠰᠠᠷ᠎ᠠ᠎ᠳᠤ ᠶᠠᠭ ᠵᠤᠨ᠎ᠤ ᠠᠮᠠᠷᠠᠯᠲᠠ᠎ᠶ᠋ᠢᠨ ᠬᠤᠭᠤᠴᠠᠭ᠎ᠠ ᠪᠣᠯᠵᠤ ᠪᠠᠢᠭ᠎ᠠ ᠬᠤᠭᠤᠴᠠᠭᠠᠨ᠎ᠳᠤ᠂ ᠰᠤᠷᠤᠭ᠍ᠴᠢᠳ᠎ᠤᠨ ᠠᠮᠠᠷᠠᠯᠲᠠ᠎ᠶ᠋ᠢᠨ ᠬᠤᠭᠤᠴᠠᠭᠠᠨ᠎ᠳᠤ ᠲᠤᠱᠢᠶᠠᠯ ᠬᠠᠪᠰᠤᠷᠭᠠᠬᠤ᠂ ᠵᠢᠭᠤᠯᠴᠢᠯᠠᠯ᠂ ᠪᠣᠯᠪᠠᠰᠤᠷᠠᠯ᠎ᠤᠨ ᠠᠩᠭᠢ ᠵᠡᠷᠭᠡ ᠠᠰᠠᠭᠤᠳᠠᠯ᠎ᠤᠨ ᠲᠤᠬᠠᠶ ᠠᠰᠠᠭᠣᠨ ᠯᠠᠪᠯᠠᠭ᠎ᠠ ᠬᠡᠪ᠎ᠤᠨ ᠪᠠᠢᠳᠠᠯ᠎ᠠᠴᠠ ᠣᠯᠠᠨ ᠪᠠᠢᠳᠠᠭ᠃
ᠬᠤᠶᠠᠷ᠂ ᠵᠠᠭᠠᠯᠳᠤᠭ᠍ᠰᠠᠨ ᠪᠠᠢᠳᠠᠯ᠎ᠤᠨ ᠲᠤᠭ᠎ᠠ ᠪᠦᠷᠢᠳᠭᠡᠯ᠎ᠤᠨ ᠵᠠᠳᠠᠯᠤᠯᠲᠠ
ᠵᠠᠭᠠᠯᠳᠤᠯᠭ᠎ᠠ᠎ᠶ᠋ᠢ 69529 ᠬᠤᠪᠢ ( 12345 ᠵᠠᠰᠠᠭ᠎ᠤᠨ ᠣᠷᠳᠣᠨ᠎ᠤ ᠬᠠᠯᠠᠮᠱᠢᠯ ᠤᠲᠠᠰᠤ᠎ᠶ᠋ᠢ ᠱᠢᠯᠵᠢᠭᠦᠯᠦᠨ ᠱᠢᠢᠳᠪᠦᠷᠢᠯᠡᠭᠦᠯᠦᠭ᠌ᠰᠡᠨᠨᠢ 21270 ᠬᠤᠪᠢ ᠪᠠᠢᠵᠤ᠂ 30.59%᠎ᠶ᠋ᠢ ᠡᠵᠡᠯᠡᠪᠡ )᠂ ᠠᠳᠠᠯᠢ ᠬᠤᠭᠤᠴᠠᠭᠠᠨ᠎ᠤ᠎ᠬᠢ᠎ᠠᠴᠠ 57.67%᠎ᠪᠠᠷ ᠨᠡᠮᠡᠭ᠌ᠳᠡᠪᠡ᠃ ᠡᠭᠦᠨ᠎ᠳᠤ ᠲᠠᠸᠠᠷ᠎ᠤᠨ ᠲᠥᠷᠥᠯ 3 8120 ᠬᠤᠪᠢ᠂ ᠦᠢᠯᠡᠴᠢᠯᠡᠭᠡᠨ᠎ᠤ ᠲᠥᠷᠥᠯ 3409 ᠬᠤᠪᠢ ᠪᠠᠢᠪᠠ᠃ ᠮᠠᠷᠭᠣᠭᠠᠨ᠎ᠲᠠᠢ ᠬᠤᠯᠪᠣᠭ᠍ᠳᠠᠭ᠍ᠰᠠᠨ ᠵᠣᠭᠤᠰ᠎ᠤᠨ ᠲᠤᠭ᠎ᠠ ᠨᠡᠢᠲᠡ 6604.71 ᠲᠦᠮᠡᠨ ᠲᠥᠭᠦᠷᠢᠭ ᠪᠠᠢᠵᠤ᠂ ᠬᠡᠷᠡᠭ᠌ᠯᠡᠭ᠌ᠴᠢᠳ᠎ᠲᠤ 1580.65 ᠲᠦᠮᠡᠨ ᠲᠥᠭᠦᠷᠢᠭ᠎ᠤᠨ ᠠᠵᠤ ᠠᠬᠤᠶ᠎ᠶ᠋ᠢᠨ ᠬᠤᠬᠢᠷᠠᠯ᠎ᠢ ᠡᠭᠡᠭᠦᠯᠦᠨ ᠠᠪᠴᠢᠷᠠᠵᠤ ᠥᠭ᠌ᠴᠡᠶ᠃ 2025ᠣᠨ᠎ᠤ 10 ᠳ᠋ᠤᠭᠠᠷ ᠰᠠᠷ᠎ᠠ᠎ᠶ᠋ᠢᠨ 10 ᠤ ᠡᠳᠦᠷ ᠪᠣᠯᠲᠠᠯ᠎ᠠ ᠨᠢᠭᠡᠨᠲᠡ 61685 ᠬᠡᠷᠡᠭ᠎ᠢ ᠱᠢᠢᠳᠪᠦᠷᠢᠯᠡᠨ ᠳᠠᠭᠤᠰᠭᠠᠵᠤ᠂ ᠱᠢᠢᠳᠪᠦᠷᠢᠯᠡᠵᠦ᠍ ᠳᠠᠭᠤᠰᠭᠠᠭ᠍ᠰᠠᠨ ᠨᠣᠷᠮ᠎ᠠ᠎ᠨᠢ 88.72% ᠲᠤ ᠬᠦᠷᠴᠡᠢ᠃
ᠬᠡᠷᠡᠭ᠌ᠯᠡᠭᠡᠨ᠎ᠤ ᠲᠥ᠋ᠷᠥᠯ ᠢᠯᠭᠠᠯ᠎ᠢᠶᠠᠷ ᠬᠦᠰᠦᠨᠦᠭᠲᠦ ᠦᠵᠡᠨ᠎ᠡ (ᠨᠢᠭᠡ)᠂ (ᠬᠣᠶᠠᠷ)᠃
(ᠨᠢᠭᠡ) ᠲᠠᠸᠠᠷ᠎ᠤᠨ ᠲᠥᠷᠥᠯ᠎ᠳᠤ ᠬᠤᠯᠪᠣᠭ᠍ᠳᠠᠬᠤ (ᠨᠢᠭᠡᠴᠢ᠄ ᠬᠤᠪᠢ)


ᠲᠠᠸᠠᠷ᠎ᠤᠨ ᠲᠥᠷᠥᠯ᠎ᠦᠨ ᠵᠠᠭᠠᠯᠳᠤᠯᠭ᠎ᠠ ᠨᠢ ᠠᠳᠠᠯᠢ ᠬᠤᠭᠤᠴᠠᠭᠠᠨ᠎ᠠᠴᠠ 45.26% ᠪᠠᠷ ᠨᠡᠮᠡᠭ᠌ᠳᠡᠵᠡᠢ᠃ ᠵᠠᠭᠠᠯᠳᠤᠯᠭ᠎ᠠ᠎ᠶ᠋ᠢᠨ ᠬᠡᠮᠵᠢᠶ᠎ᠡ ᠨᠢ ᠡᠮᠦᠨ᠎ᠡ ᠲᠠᠪᠤ᠎ᠳᠤ ᠵᠢᠭ᠍ᠰᠠᠭᠠᠭ᠍ᠳᠠᠭ᠍ᠰᠠᠨ ᠲᠠᠸᠠᠷ᠎ᠤᠨ ᠶᠡᠭᠡ ᠲᠥᠷᠥᠯ᠎ᠨᠢ ᠲᠤᠰ ᠲᠤᠰ ᠢᠳᠡᠭᠡᠨ 19206 ᠬᠤᠪᠢ᠂ 2698 ᠵᠠᠬ᠎ᠠ ᠬᠤᠪᠴᠠᠰᠤ ᠱᠠᠬᠠᠢ ᠮᠠᠯᠠᠭᠠᠢ᠂ ᠵᠠᠮ ᠬᠠᠷᠢᠯᠴᠠᠭᠠᠨ᠎ᠤ ᠪᠠᠭᠠᠵᠢ ᠬᠡᠷᠡᠭ᠌ᠰᠡᠯ 2670 ᠬᠤᠪᠢ᠂ ᠭᠡᠷ᠎ᠤᠨ ᠡᠳ᠋ᠯᠡᠯ ᠬᠡᠷᠡᠭ᠌ᠰᠡᠯ 1883 ᠬᠤᠪᠢ᠂ ᠭᠡᠷ᠎ᠤᠨ ᠴᠠᠬᠢᠯᠭᠠᠨ ᠬᠡᠷᠡᠭ᠌ᠰᠡᠯ 1389 ᠬᠤᠪᠢ ᠪᠠᠢᠪᠠ᠃
ᠡᠮᠦᠨ᠎ᠡ ᠲᠠᠪᠤ᠎ᠳᠤ ᠵᠢᠭ᠍ᠰᠠᠭᠠᠭ᠍ᠳᠠᠭ᠍ᠰᠠᠨ ᠲᠠᠸᠠᠷ᠎ᠤᠨ ᠶᠡᠭᠡ ᠲᠥᠷᠥᠯ᠎ᠨᠢ ᠲᠠᠸᠠᠷ᠎ᠤᠨ ᠵᠠᠭᠠᠯᠳᠤᠯᠭ᠎ᠠ᠎ᠶ᠋ᠢᠨ ᠶᠡᠷᠦᠩᠬᠡᠶ ᠬᠡᠮᠵᠢᠶ᠎ᠡ᠎ᠳᠠᠬᠢ ᠡᠵᠡᠯᠡᠬᠦ᠌ ᠬᠠᠷᠢᠴᠠᠯ᠎ᠤᠨ ᠵᠡᠭᠡᠷᠡᠩᠬᠡᠢ ᠵᠢᠷᠤᠭ᠄

ᠲᠠᠸᠠᠷ᠎ᠤᠨ ᠵᠠᠭᠠᠯᠳᠤᠯᠭ᠎ᠠ᠎ᠶ᠋ᠢᠨ ᠬᠠᠯᠠᠮᠱᠢᠯ ᠴᠡᠭ᠎ᠤᠨ ᠡᠮᠦᠨᠡᠬᠢ ᠠᠷᠪᠠᠨ ᠨᠡᠷᠡᠰ᠎ᠲᠤ ᠵᠢᠭ᠍ᠰᠠᠭᠠᠭ᠍ᠳᠠᠭ᠍ᠰᠠᠨ ᠨᠢ ᠡᠩ᠎ᠤᠨ ᠰᠠᠭᠤᠳᠠᠯ᠎ᠤᠨ ᠲᠡᠷᠭᠡ 1493 ᠬᠤᠪᠢ᠂ ᠭᠠᠷ ᠤᠲᠠᠰᠤ 1046 ᠬᠤᠪᠢ᠂ ᠭᠤᠯᠢᠷ ᠵᠢᠴᠢ ᠲᠡᠭᠦᠨ᠎ᠤ ᠪᠦᠲᠦᠭᠡᠭ᠌ᠳᠡᠬᠦᠨ (ᠥᠪᠡᠷ᠎ᠢᠶᠠᠨ ᠦᠢᠯᠡᠳᠪᠡ) 954 ᠬᠤᠪᠢ᠂ ᠦᠬᠡᠷ᠎ᠤᠨ ᠮᠢᠬ᠎ᠠ 826 ᠬᠤᠪᠢ᠂ ᠮᠢᠬᠠᠨ᠎ᠤ ᠪᠦᠲᠦᠭᠡᠭ᠌ᠳᠡᠬᠦᠨ ( ᠥᠪᠡᠷ᠎ᠢᠶᠠᠨ ᠦᠢᠯᠡᠳᠪᠡ )631ᠬᠤᠪᠢ᠂ ᠠᠯᠲᠠᠨ᠎ᠤ ᠡᠯᠭᠦᠭᠡ ᠵᠠᠰᠠᠯ ᠴᠢᠮᠡᠭ᠌ᠯᠡᠯ 509 ᠬᠤᠪᠢ᠂ ᠬᠥᠳᠡᠯᠭᠡᠭᠡᠨ᠎ᠤ ᠱᠠᠬᠠᠶ 402 ᠵᠠᠬ᠎ᠠ᠂ ᠪᠠᠺᠲ᠋ᠧᠷᠢ ᠤᠰᠠᠳᠭᠠᠬᠤ ᠰᠦ 370 ᠬᠤᠪᠢ᠂ ᠣᠨᠴᠠᠭᠠᠶ ᠪᠤᠰᠤ ᠬᠡᠷᠡᠭ᠌ᠴᠡᠭᠡᠨ᠎ᠤ ᠵᠠᠰᠠᠯ ᠴᠢᠮᠡᠭ᠌ᠯᠡᠯ᠎ᠤᠨ ᠡᠳ᠋ 363 ᠬᠤᠪᠢ ( ᠭᠥᠯᠢᠶᠡᠨ ᠠᠪᠬᠤ ᠬᠡᠮᠵᠢᠶ᠎ᠡ᠎ᠳᠠᠬᠢ ᠪᠤᠶ ᠪᠦᠬᠦᠢ 《ᠪᠤᠰᠤᠳ》᠎ᠨᠢ ᠵᠢᠭ᠍ᠰᠠᠭᠠᠯᠲᠠ᠎ᠳᠤ ᠪᠣᠳᠣᠵᠦ᠍ ᠣᠷᠣᠭᠣᠯᠬᠣ ᠦᠭᠡᠢ )᠂ ᠨᠡᠢᠲᠡ ᠬᠤᠳᠠᠯᠳᠤᠭᠠᠨ᠎ᠤ ᠲᠥᠷᠥᠯ᠎ᠤᠨ ᠵᠠᠭᠠᠯᠳᠤᠯᠭ᠎ᠠ᠎ᠶ᠋ᠢᠨ ᠶᠡᠷᠦᠩᠬᠡᠶ ᠬᠡᠮᠵᠢᠶᠡᠨ᠎ᠤ 19.02% ᠢ ᠡᠵᠡᠯᠡᠪᠡ᠃
ᠡᠮᠦᠨ᠎ᠡ ᠲᠠᠪᠤ᠎ᠳᠤ ᠵᠢᠭ᠍ᠰᠠᠭᠠᠭ᠍ᠳᠠᠭ᠍ᠰᠠᠨ ᠲᠠᠸᠠᠷ᠎ᠤᠨ ᠶᠡᠭᠡ ᠲᠥᠷᠥᠯ ᠨᠢ ᠨᠢᠳᠤᠨᠤᠨ ᠡᠴᠡ ᠪᠠᠭᠠᠬᠠᠨ ᠠᠳᠠᠯᠢ ᠪᠤᠰᠤ ᠲᠠᠯ᠎ᠠ ᠲᠠᠢ᠄ ᠢᠳᠡᠭᠡᠨ᠎ᠤ ᠲᠥᠷᠥᠯ᠎ᠤᠨ ᠵᠠᠭᠠᠯᠳᠤᠯᠭ᠎ᠠ ᠮᠥᠨ ᠯᠡ ᠲᠦᠷᠦᠭᠦᠨ᠎ᠳᠤ ᠲᠣᠭ᠍ᠲᠠᠭᠤᠨ ᠪᠠᠢᠵᠤ᠂ ᠠᠳᠠᠯᠢ ᠬᠤᠭᠤᠴᠠᠭᠠᠨ᠎ᠤ᠎ᠬᠢ᠎ᠠᠴᠠ 31.20% ᠪᠠᠷ ᠨᠡᠮᠡᠭ᠌ᠳᠡᠪᠡ᠂ ᠭᠤᠤᠯ ᠠᠰᠠᠭᠤᠳᠠᠯ᠎ᠨᠢ ᠦᠨ᠎ᠡ ᠬᠠᠩᠰᠢ᠂ ᠬᠤᠳᠠᠯ ᠬᠠᠭᠤᠷᠮᠠᠭ ᠴᠢᠨᠠᠷ ᠮᠠᠭᠤ᠂ ᠬᠤᠳᠠᠯ ᠬᠠᠭᠤᠷᠮᠠᠭ ᠤᠬᠠᠭᠤᠯᠭ᠎ᠠ᠂ ᠠᠮᠤᠷ ᠲᠦᠪᠱᠢᠨ᠎ᠤ ᠳᠠᠯᠳᠠ ᠭᠡᠮ ᠣᠷᠣᠱᠢᠵᠤ ᠪᠠᠢᠬᠤ᠂ ᠵᠢᠱ᠌ᠢᠶᠡᠯᠡᠪᠡᠯ᠂ ᠢᠳᠡᠭᠡᠨ᠎ᠤ ᠪᠣᠭᠤᠳᠠᠯ ᠳᠣᠲᠣᠷᠠᠬᠢ ᠣᠨᠳᠣᠣ ᠪᠣᠳᠠᠰ ( ᠬᠤᠷᠣᠬᠠᠶ᠂ ᠬᠤᠯᠢᠴᠠ )᠂ ᠬᠤᠭᠤᠴᠠᠭ᠎ᠠ᠎ᠠᠴᠠ ᠬᠡᠲᠦᠷᠡᠭ᠌ᠰᠡᠨ ᠢᠳᠡᠭᠡᠨ᠂ ᠦᠢᠯᠡᠳᠭᠦᠨ᠎ᠤ ᠪᠣᠭᠤᠳᠠᠯ ᠪᠠᠭ᠍ᠯᠠᠭ᠎ᠠ᠎ᠶ᠋ᠢᠨ ᠱᠣᠱᠢᠭ᠎ᠠ ᠲᠡᠮᠳᠡᠭ ᠪᠠ ᠵᠠᠷ ᠮᠡᠳᠡᠭᠡᠨ᠎ᠤ ᠤᠬᠠᠭᠤᠯᠭ᠎ᠠ᠎ᠶ᠋ᠢᠨ ᠦᠭᠡᠨ᠎ᠳᠤ ᠬᠠᠤᠯᠢ ᠪᠠ ᠲᠣᠭ᠍ᠲᠠᠭᠠᠯ᠎ᠠᠴᠠ ᠵᠥᠷᠢᠴᠡᠭ᠌ᠰᠡᠨ ᠦᠭᠡ ᠵᠡᠷᠭᠡ ᠶ᠋ᠢ ᠪᠠᠭ᠍ᠲᠠᠭᠠᠵᠠᠢ᠃ ᠬᠤᠪᠴᠠᠰᠤ ᠬᠤᠨᠠᠷ ᠱᠠᠬᠠᠢ᠂ ᠵᠠᠮ ᠬᠠᠷᠢᠯᠴᠠᠭᠠᠨ᠎ᠤ ᠪᠠᠭᠠᠵᠢ᠂ ᠭᠡᠷ᠎ᠤᠨ ᠡᠳ᠋ᠯᠡᠯ ᠬᠡᠷᠡᠭ᠌ᠰᠡᠯ ᠬᠤᠶᠠᠳᠤᠭᠠᠷ᠎ᠠᠴᠠ ᠳᠥᠷᠪᠡᠳᠦᠭᠡᠷ ᠪᠠᠢᠷᠢᠨ᠎ᠳᠤ ᠵᠢᠭ᠍ᠰᠠᠭᠠᠭ᠍ᠳᠠᠵᠤ᠂ ᠠᠳᠠᠯᠢ ᠬᠤᠭᠤᠴᠠᠭᠠᠨ᠎ᠤ᠎ᠬᠢ᠎ᠠᠴᠠ ᠲᠤᠰ ᠲᠤᠰ ᠢᠶᠡᠷ 33.63%᠂ 67.82%᠂ 64.31% ᠪᠠᠷ ᠨᠡᠮᠡᠭ᠌ᠳᠡᠪᠡ᠃ ᠭᠡᠷ᠎ᠦᠨ ᠴᠠᠬᠢᠯᠭᠠᠨ ᠬᠡᠷᠡᠭ᠌ᠰᠡᠯ ᠳᠣᠯᠤᠳᠤᠭᠠᠷ ᠪᠠᠢᠷᠢ᠎ᠠᠴᠠ ᠲᠠᠪᠤᠳᠤᠭᠠᠷ᠎ᠲᠤ ᠵᠢᠭ᠍ᠰᠠᠭᠠᠭ᠍ᠳᠠᠵᠤ᠂ ᠠᠳᠠᠯᠢ ᠬᠤᠭᠤᠴᠠᠭᠠᠨ᠎ᠤ ᠬᠢ᠎ᠠᠴᠠ116.02%᠎ᠢᠶᠠᠷ ᠨᠡᠮᠡᠭ᠌ᠳᠡᠵᠦ᠍᠂ ᠭᠣᠣᠯ ᠠᠰᠠᠭᠤᠳᠠᠯ ᠪᠣᠯ ᠦᠢ᠍ᠯᠡᠳᠭᠦᠨ᠎ᠦ ᠶᠠᠰᠤ ᠴᠢᠨᠠᠷ᠎ᠤᠨ ᠳᠤᠲᠠᠭ᠍ᠳᠠᠯ ᠵᠢᠴᠢ ᠬᠤᠳᠠᠯᠳᠤᠭ᠍ᠰᠠᠨᠤ ᠳᠠᠷᠠᠭᠠᠬᠢ ᠦᠢᠯᠡᠴᠢᠯᠡᠭᠡ᠎ᠶ᠋ᠢᠨ ᠠᠰᠠᠭᠤᠳᠠᠯ ᠪᠣᠯᠣᠨ᠎ᠠ ᠃
(ᠬᠣᠶᠠᠷ) ᠦᠢᠯᠡᠴᠢᠯᠡᠭᠡᠨ᠎ᠤ ᠲᠥᠷᠥᠯ᠎ᠳᠤ ᠬᠤᠯᠪᠣᠭ᠍ᠳᠠᠬᠤ (ᠨᠢᠭᠡᠴᠢ᠄ ᠬᠤᠪᠢ)


ᠦᠢᠯᠡᠴᠢᠯᠡᠭᠡᠨ᠎ᠤ ᠲᠥᠷᠥᠯ᠎ᠤᠨ ᠵᠠᠭᠠᠯᠳᠤᠯᠭ᠎ᠠ ᠠᠳᠠᠯᠢ ᠬᠤᠭᠤᠴᠠᠭᠠᠨ᠎ᠤ᠎ᠬᠢ᠎ᠠᠴᠠ 75.9% ᠪᠠᠷ ᠨᠡᠮᠡᠭ᠌ᠳᠡᠵᠦ᠍᠂ ᠵᠠᠭᠠᠯᠳᠤᠯᠭ᠎ᠠ᠎ᠶ᠋ᠢᠨ ᠬᠡᠮᠵᠢᠶ᠎ᠡ᠎ᠨᠢ ᠡᠮᠦᠨ᠎ᠡ ᠲᠠᠪᠤ᠎ᠳᠤ ᠵᠢᠭ᠍ᠰᠠᠭᠠᠭ᠍ᠳᠠᠵᠤ ᠪᠠᠢᠭ᠎ᠠ ᠨᠢ ᠲᠣᠰ ᠲᠣᠰ ᠢᠳᠡᠭᠡᠨ ᠤᠮᠳᠠᠭᠠᠨ ᠪᠠ ᠬᠤᠨᠣᠭ᠍ᠯᠠᠬᠤ ᠦᠢᠯᠡᠴᠢᠯᠡᠭᠡ 9316 ᠬᠤᠪᠢ᠂ ᠪᠣᠷᠣᠯᠠᠭᠤᠯᠭ᠎ᠠ᠎ᠶ᠋ᠢᠨ ᠦᠢᠯᠡᠴᠢᠯᠡᠭᠡ 5881ᠬᠤᠪᠢ᠂ ᠰᠣᠶᠣᠯ ᠵᠤᠭ᠎ᠠ ᠴᠡᠩᠭᠡᠯ ᠪᠡᠶ᠎ᠡ᠎ᠶ᠋ᠢᠨ ᠲᠠᠮᠢᠷ᠎ᠤᠨ ᠦᠢᠯᠡᠴᠢᠯᠡᠭᠡ 3232 ᠬᠤᠪᠢ᠂ ᠵᠢᠰᠦ ᠭᠤᠶᠣᠯᠠᠵᠤ ᠦᠰᠦ ᠵᠠᠰᠠᠬᠤ ᠪᠡᠶ᠎ᠡ ᠤᠬᠢᠶᠠᠬᠤ ᠦᠢᠯᠡᠴᠢᠯᠡᠭᠡ 2119 ᠬᠤᠪᠢ᠂ ᠦᠢᠯᠡᠳᠴᠦ᠍ ᠠᠷᠠᠴᠢᠯᠠᠬᠤ ᠪᠠ ᠰᠡᠯᠪᠢᠨ ᠵᠠᠰᠠᠬᠤ ᠦᠢᠯᠡᠴᠢᠯᠡᠭᠡ 1531 ᠬᠤᠪᠢ ᠪᠠᠢᠪᠠ᠃
ᠡᠮᠦᠨ᠎ᠡ ᠲᠠᠪᠤ᠎ᠳᠤ ᠵᠢᠭ᠍ᠰᠠᠭᠠᠭ᠍ᠳᠠᠭ᠍ᠰᠠᠨ ᠦᠢᠯᠡᠴᠢᠯᠡᠭᠡᠨ᠎ᠤ ᠶᠡᠭᠡ ᠲᠥᠷᠥᠯ᠎ᠤᠨ ᠦᠢᠯᠡᠴᠢᠯᠡᠭᠡᠨ᠎ᠤ ᠡᠵᠡᠯᠡᠬᠦ᠌ ᠵᠠᠭᠠᠯᠳᠤᠯᠭ᠎ᠠ᠎ᠶ᠋ᠢᠨ ᠶᠡᠷᠦᠩᠬᠡᠶ ᠬᠡᠮᠵᠢᠶᠡᠨ᠎ᠤ ᠬᠠᠷᠢᠴᠠᠯ᠎ᠤᠨ ᠵᠡᠭᠡᠷᠡᠩᠬᠡᠢ ᠵᠢᠷᠤᠭ᠄

ᠣᠢᠯᠡᠴᠢᠯᠡᠭᠡᠨᠤ ᠵᠠᠭᠠᠯᠳᠣᠯᠭ᠎ᠠ ᠶ᠋ᠢᠨ ᠬᠠᠯᠠᠮᠱᠢᠯ᠎ᠤᠨ ᠡᠮᠣᠨ᠎ᠡ ᠠᠷᠪᠠ ᠳᠦ ᠵᠢᠭ᠍ᠰᠠᠭᠠᠭ᠍ᠳᠠᠭ᠍ᠰᠠᠨᠤᠷᠢᠳᠴᠢᠯᠠᠨ ᠥᠭ᠌ᠬᠦ ᠺᠠᠷᠲ᠎ᠤᠨ ᠦᠢᠯᠡᠴᠢᠯᠡᠭᠡ 3049 ᠬᠤᠪᠢ᠂ ᠬᠤᠭᠤᠯᠠᠨ ᠭᠡᠷ᠎ᠤᠨ ᠦᠢᠯᠡᠴᠢᠯᠡᠭᠡ 3041 ᠬᠤᠪᠢ᠂ ᠪᠠᠭᠤᠳᠠᠯ ᠬᠤᠨᠤᠭ᠎ᠤᠨ ᠦᠢᠯᠡᠴᠢᠯᠡᠭᠡ 2480 ᠬᠤᠪᠢ᠂ ᠳᠠᠭᠤᠤ ᠬᠥᠭ᠌ᠵᠢᠮ᠎ᠦᠨ ᠦᠳᠡᠱᠢᠯᠡᠭᠡ᠎ᠶ᠋ᠢᠨ ᠲᠣᠭ᠍ᠯᠠᠯᠲᠠ ᠭᠠᠷᠭᠠᠬᠤ ᠦᠢᠯᠡᠴᠢᠯᠡᠭᠡ 1349 ᠬᠤᠪᠢ᠂ ᠰᠤᠯᠠ᠎ᠪᠠᠷ ᠬᠤᠳᠠᠯᠳᠤᠬᠤ ᠦᠢᠯᠡᠴᠢᠯᠡᠭᠡ 1105 ᠬᠤᠪᠢ᠂ ᠵᠢᠵᠢᠭ ᠢᠳᠡᠭᠡᠨ᠎ᠤ ᠳᠡᠯᠭᠡᠭᠦᠷ᠎ᠤᠨ ᠦᠢᠯᠡᠴᠢᠯᠡᠭᠡ 981ᠬᠤᠪᠢ᠂ ᠢᠨᠲ᠋ᠧᠷ ᠰᠦᠯᠵᠢᠶᠡᠨ᠎ᠤ ᠱᠢᠭᠤᠳ ᠪᠣᠷᠣᠯᠠᠭᠤᠯᠬᠤ ᠦᠢᠯᠡᠴᠢᠯᠡᠭᠡ 677 ᠬᠤᠪᠢ᠂ ᠥᠪᠡᠷᠲᠡᠭᠡᠨ ᠦᠢᠯᠡᠴᠢᠯᠡᠬᠦ᠌ ᠬᠤᠭᠤᠯᠠᠨ ᠦᠢᠯᠡᠴᠢᠯᠡᠭᠡ 611ᠬᠤᠪᠢ᠂ ᠮᠠᠱᠢᠨ ᠲᠡᠷᠭᠡ ᠰᠡᠯᠪᠢᠨ ᠵᠠᠰᠠᠬᠤ ᠦᠢᠯᠡᠴᠢᠯᠡᠭᠡ 458 ᠬᠤᠪᠢ᠂ ᠬᠤᠪᠢ ᠬᠥᠮᠥᠨ᠎ᠤ ᠬᠦᠷᠦᠭ ᠵᠢᠷᠣᠬᠣ ᠦᠢᠯᠡᠴᠢᠯᠡᠭᠡ 424 ᠬᠤᠪᠢ ( ᠬᠦᠯᠢᠶᠡᠨ ᠠᠪᠤᠭ᠍ᠰᠠᠨ ᠬᠡᠮᠵᠢᠶ᠎ᠡ᠎ᠳᠠᠬᠢ ᠠᠯᠢᠪᠠ 《ᠪᠤᠰᠤᠳ》᠎ᠨᠢ ᠨᠡᠷᠡᠰ᠎ᠤᠨ ᠵᠢᠭ᠍ᠰᠠᠭᠠᠯᠲᠠ᠎ᠳᠤ ᠪᠣᠳᠣᠵᠦ᠍ ᠣᠷᠣᠭᠣᠯᠬᠣ ᠦᠭᠡᠢ )᠂ ᠦᠢᠯᠡᠴᠢᠯᠡᠭᠡᠨ᠎ᠤ ᠲᠥᠷᠥᠯ᠎ᠤᠨ ᠵᠠᠭᠠᠯᠳᠤᠯᠭ᠎ᠠ᠎ᠶ᠋ᠢᠨ ᠶᠡᠷᠦᠩᠬᠡᠢ ᠬᠡᠮᠵᠢᠶᠡᠨ᠎ᠤ 45.13% ᠶ᠋ᠢ ᠡᠵᠡᠯᠡᠪᠡ᠃
ᠦᠢᠯᠡᠴᠢᠯᠡᠭᠡᠨ᠎ᠤ ᠶᠡᠭᠡ ᠲᠥᠷᠥᠯ᠎ᠤᠨ ᠵᠠᠭᠠᠯᠳᠤᠯᠭ᠎ᠠ᠎ᠨᠢ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠲᠠᠢ ᠪᠠᠭᠠᠬᠠᠨ ᠠᠳᠠᠯᠢ ᠪᠤᠰᠤ ᠲᠠᠯ᠎ᠠ ᠲᠠᠢ᠄ ᠢᠳᠡᠭᠡᠨ ᠤᠮᠳᠠᠭᠠᠨ ᠪᠠ ᠬᠤᠨᠣᠭ᠍ᠯᠠᠬᠤ ᠦᠢᠯᠡᠴᠢᠯᠡᠭᠡ ᠮᠥᠨ ᠯᠡ ᠲᠡᠷᠢᠭᠦᠨ᠎ᠳᠤ ᠪᠠᠢᠵᠤ᠂ ᠠᠳᠠᠯᠢ ᠬᠤᠭᠤᠴᠠᠭᠠᠨ᠎ᠤ᠎ᠬᠢ᠎ᠠᠴᠠ 116.7%᠎ᠪᠠᠷ ᠨᠡᠮᠡᠭ᠌ᠳᠡᠵᠦ᠍᠂ ᠭᠤᠷᠪᠠᠳᠤᠭᠠᠷ ᠤᠯᠠᠷᠢᠯ᠎ᠳᠤ ᠶᠠᠭ ᠵᠤᠨ᠎ᠤ ᠠᠮᠠᠷᠠᠯᠲᠠ ᠲᠠᠭᠠᠷᠠᠵᠤ᠂ ᠠᠯᠢ ᠣᠯᠠᠨ ᠠᠱᠢᠭ᠍ᠲᠠᠶ ᠲᠥᠷᠥ᠎ᠶ᠋ᠢᠨ ᠪᠣᠳᠣᠯᠭ᠎ᠠ᠎ᠶ᠋ᠢᠨ ᠠᠬᠢᠭᠤᠯᠤᠯ ᠳᠣᠤᠷ᠎ᠠ᠂ ᠵᠢᠭᠤᠯᠴᠢᠯᠠᠯ ᠠᠮᠠᠷᠠᠯᠲᠠ ᠵᠡᠷᠭᠡ ᠠᠵᠢᠯ ᠲᠥᠷᠥᠯ᠎ᠳᠤ ᠣᠷᠣᠱᠢᠵᠤ ᠪᠠᠢᠭ᠎ᠠ ᠬᠤᠭᠤᠯᠠ ᠤᠮᠳᠠ ᠵᠢᠴᠢ ᠣᠷᠣᠵᠤ ᠰᠠᠭᠤᠬᠤ ᠣᠷᠴᠢᠨ ᠲᠣᠭᠤᠷᠢᠨ᠎ᠤ ᠡᠷᠡᠭᠦᠯ ᠬᠠᠮᠠᠭᠠᠯᠠᠯ᠂ ᠬᠡᠯᠪᠡᠷᠢᠵᠢᠭ᠌ᠰᠡᠨ ᠭᠡᠷ᠎ᠡ᠂ ᠰᠦᠢᠳᠭᠡᠯ ᠬᠤᠷᠢᠶᠠᠬᠤ᠂ ᠠᠮᠤᠷ ᠲᠦᠪᠱᠢᠨ᠂ ᠤᠬᠠᠭᠤᠯᠭ᠎ᠠ ᠬᠢᠭᠡᠳ ᠪᠣᠳᠠᠲᠠᠶ᠎ᠲᠠᠢ ᠨᠡᠢᠴᠡᠬᠦ᠌ ᠥᠬᠡᠶ᠂ ᠤᠷᠢᠳᠴᠢᠯᠠᠨ ᠥᠭ᠌ᠬᠦ ᠬᠡᠷᠡᠭ᠌ᠯᠡᠭᠡᠨ᠎ᠤ ᠵᠢᠭᠤᠷᠠᠯᠳᠤᠭᠠᠨ ᠵᠡᠷᠭᠡ ᠠᠰᠠᠭᠤᠳᠠᠯ ᠨᠡᠯᠢᠶᠡᠳ ᠲᠣᠪᠤᠢᠮ᠎ᠠ ᠪᠠᠢᠪᠠ᠃ ᠰᠣᠶᠣᠯ ᠴᠡᠩᠭᠡᠯ ᠪᠡᠶ᠎ᠡ᠎ᠶ᠋ᠢᠨ ᠲᠠᠮᠢᠷ᠎ᠤᠨ ᠦᠶ᠋ᠯᠡᠴᠢᠯᠡᠭᠡ ᠳᠥᠷᠪᠡᠳᠦᠭᠡᠷ ᠪᠠᠢᠭ᠍ᠰᠠᠨ᠎ᠠᠴᠠ᠎ᠨᠢ ᠭᠣᠷᠪᠠᠳᠣᠭᠠᠷ ᠪᠠᠢᠷᠢᠨ᠎ᠳᠤ ᠬᠦᠷᠲᠡᠯ᠎ᠡ ᠳᠡᠭᠡᠭ᠌ᠰᠢᠯᠡᠵᠦ᠍᠂ ᠠᠳᠠᠯᠢ ᠬᠤᠭᠤᠴᠠᠭᠠᠨ᠎ᠤ᠎ᠬᠢ᠎ᠠᠴᠠ 228.46%᠎ᠪᠠᠷ ᠨᠡᠮᠡᠭ᠌ᠳᠡᠨ᠂ ᠴᠡᠯᠡᠭᠡᠷ ᠲᠠᠯ᠎ᠠ᠎ᠶ᠋ᠢᠨ ᠳᠠᠭᠤᠤ ᠬᠥᠭ᠌ᠵᠢᠮ᠎ᠤᠨ ᠨᠠᠢᠷ᠎ᠤᠨ ᠲᠦᠷ ᠴᠠᠭ᠎ᠤᠨ ᠲᠣᠬᠢᠷᠠᠭᠤᠯᠤᠯᠲᠠ ᠬᠢᠭ᠌ᠰᠡᠨ ᠴᠠᠭ᠎ᠠᠴᠠ ᠪᠣᠯᠵᠤ᠂ ᠮᠢᠩᠭ᠎ᠠ ᠭᠠᠷᠤᠶ ᠬᠡᠷᠡᠭ᠌ᠯᠡᠭ᠌ᠴᠢᠳ ᠪᠢᠯᠧᠲ ᠪᠤᠴᠠᠭᠠᠬᠤ ᠱᠠᠭᠠᠷᠳᠠᠯᠭ᠎ᠠ ᠲᠤᠪᠤᠢᠮ᠎ᠠ ᠪᠣᠯᠪᠠ᠃ ᠠᠷᠠᠴᠢᠯᠠᠨ ᠬᠠᠮᠠᠭᠠᠯᠠᠬᠤ ᠪᠠ ᠰᠡᠯᠪᠢᠨ ᠵᠠᠰᠠᠬᠤ ᠦᠢᠯᠡᠴᠢᠯᠡᠭᠡ ᠵᠢᠷᠭᠤᠳᠤᠭᠠᠷ ᠪᠠᠢᠷᠢ᠎ᠠᠴᠠ ᠲᠠᠪᠤᠳᠤᠭᠠᠷ᠎ᠲᠤ ᠬᠦᠷᠲᠡᠯ᠎ᠡ ᠳᠡᠭᠡᠭ᠌ᠰᠢᠯᠡᠵᠦ᠍᠂ ᠠᠳᠠᠯᠢ ᠬᠤᠭᠤᠴᠠᠭᠠᠨ᠎ᠤ᠎ᠬᠢ᠎ᠠᠴᠠ 95.28%᠎ᠪᠠᠷ ᠨᠡᠮᠡᠭ᠌ᠳᠡᠵᠦ᠍᠂ ᠭᠤᠣᠯ ᠠᠰᠠᠭᠤᠳᠠᠯ᠎ᠳᠤ ᠦᠢᠯᠡᠳᠬᠦ᠂ ᠠᠷᠠᠴᠢᠯᠠᠨ ᠬᠠᠮᠠᠭᠠᠯᠠᠬᠤ ᠪᠠ ᠰᠡᠯᠪᠢᠨ ᠵᠠᠰᠠᠬᠤ ᠦᠢᠯᠡᠴᠢᠯᠡᠭᠡ ᠬᠦᠷᠦᠯᠴᠡᠬᠦ᠌ ᠦᠭᠡᠢ ᠵᠢᠴᠢ ᠪᠣᠯᠵᠣᠨ ᠲᠣᠭ᠍ᠲᠠᠭ᠍ᠰᠠᠨ ᠶᠣᠰᠣᠭᠠᠷ ᠦᠢᠯᠡᠴᠢᠯᠡᠭᠡ᠎ᠪᠠᠨ ᠭᠦᠢᠴᠡᠳᠭᠡᠭ᠌ᠰᠡᠨ ᠦᠭᠡᠢ ᠵᠡᠷᠭᠡ ᠪᠠᠭ᠍ᠲᠠᠪᠠ᠃
ᠭᠤᠷᠪᠠ᠂ ᠢᠯᠡᠴᠢᠯᠡᠨ ᠮᠡᠳᠡᠭᠦᠯᠦᠭ᠌ᠰᠡᠨ ᠪᠠᠢᠳᠠᠯ᠎ᠤᠨ ᠲᠤᠭ᠎ᠠ ᠪᠦᠷᠢᠳᠭᠡᠯ᠎ᠤᠨ ᠵᠠᠳᠠᠯᠤᠯᠲᠠ
ᠢᠯᠡᠴᠢᠯᠡᠨ ᠮᠡᠳᠡᠭᠦᠯᠦᠯᠲᠡ᠎ᠶ᠋ᠢ 13630 ᠬᠤᠪᠢ ᠬᠦᠯᠢᠶᠡᠨ ᠠᠪᠴᠤ᠌ ( 12345 ᠵᠠᠰᠠᠭ᠎ᠤᠨ ᠣᠷᠳᠣᠨ᠎ᠤ ᠬᠠᠯᠠᠮᠱᠢᠯ ᠤᠲᠠᠰᠤ᠎ᠶ᠋ᠢ ᠱᠢᠯᠵᠢᠭᠦᠯᠦᠨ ᠱᠢᠢᠳᠪᠦᠷᠢᠯᠡᠭ᠌ᠰᠡᠨ᠎ᠨᠢ 2063 ᠬᠤᠪᠢ ᠪᠠᠢᠵᠤ᠂ 15.14%᠎ᠶ᠋ᠢ ᠡᠵᠡᠯᠡᠨ᠎ᠡ ) ᠂ ᠠᠳᠠᠯᠢ ᠬᠤᠭᠤᠴᠠᠭᠠᠨ᠎ᠤ᠎ᠬᠢ᠎ᠠᠴᠠ 45.96% ᠪᠠᠷ ᠨᠡᠮᠡᠭ᠌ᠳᠡᠪᠡ᠃ ᠡᠭᠦᠨ᠎ᠳᠤ ᠲᠠᠸᠠᠷ᠎ᠤᠨ ᠲᠥᠷᠥᠯ᠎ᠳᠤ 8256 ᠬᠤᠪᠢ ᠬᠤᠯᠪᠣᠭ᠍ᠳᠠᠵᠤ᠂ ᠦᠢᠯᠡᠴᠢᠯᠡᠭᠡᠨ᠎ᠤ ᠲᠥᠷᠥᠯ᠎ᠳᠤ 5374 ᠬᠤᠪᠢ ᠬᠤᠯᠪᠣᠭ᠍ᠳᠠᠵᠠᠶ᠃ 10 ᠳ᠋ᠤᠭᠠᠷ ᠰᠠᠷ᠎ᠠ᠎ᠶ᠋ᠢᠨ 10 ᠤ ᠡᠳᠦᠷ ᠪᠣᠯᠲᠠᠯ᠎ᠠ ᠨᠡᠢᠲᠡ 11988 ᠬᠤᠪᠢ᠎ᠶ᠋ᠢ᠎ᠨᠢ ᠱᠢᠢᠳᠪᠦᠷᠢᠯᠡᠨ ᠳᠠᠭᠤᠰᠭᠠᠵᠤ᠂ ᠱᠢᠢᠳᠪᠦᠷᠢᠯᠡᠵᠦ᠍ ᠳᠠᠭᠤᠰᠭᠠᠭ᠍ᠰᠠᠨ ᠨᠣᠷᠮ᠎ᠠ 87.95% ᠳᠤ ᠬᠦᠷᠪᠡ᠃
ᠢᠯᠡᠴᠢᠯᠡᠨ ᠮᠡᠳᠡᠭᠦᠯᠦᠭ᠌ᠰᠡᠨ᠎ᠢ ᠬᠦᠯᠢᠶᠡᠨ ᠠᠪᠤᠭ᠍ᠰᠠᠨ ᠬᠡᠮᠵᠢᠶ᠎ᠡ ᠨᠢ ᠡᠮᠦᠨ᠎ᠡ ᠲᠠᠪᠤ᠎ᠳᠤ ᠵᠢᠭ᠍ᠰᠠᠭᠠᠭ᠍ᠳᠠᠭ᠍ᠰᠠᠨ ᠨᠢ ᠲᠠᠸᠠᠷ᠂ ᠣᠢᠯᠡᠴᠢᠯᠡᠭᠡ ᠶ᠋ᠢᠨ ᠲᠥᠷᠥᠯ ᠬᠤᠪᠢᠶᠠᠭ᠍ᠰᠠᠨ ᠬᠦᠰᠦᠨᠦᠭ᠌ᠲᠦ᠄

ᠲᠠᠸᠠᠷ᠎ᠤᠨ ᠲᠥᠷᠥᠯ᠎ᠤᠨ ᠢᠯᠡᠴᠢᠯᠡᠨ ᠮᠡᠳᠡᠭᠦᠯᠦᠯᠲᠡ ᠠᠳᠠᠯᠢ ᠬᠤᠭᠤᠴᠠᠭᠠᠨ᠎ᠤ᠎ᠬᠢ᠎ᠠᠴᠠ 51.07% ᠪᠠᠷ ᠨᠡᠮᠡᠭ᠌ᠳᠡᠵᠦ᠍᠂ ᠡᠢᠮᠣᠷᠭᠦᠦ ᠢᠯᠡᠴᠢᠯᠡᠨ ᠮᠡᠳᠡᠭᠦᠯᠦᠯᠲᠡ ᠳᠤᠮᠳᠠ᠂ ᠢᠳᠡᠭᠡᠨ᠎ᠤ ᠲᠥᠷᠥᠯ᠎ᠤᠨ ᠢᠯᠡᠴᠢᠯᠡᠨ ᠮᠡᠳᠡᠭᠦᠯᠦᠯᠲᠡ 5658 ᠬᠤᠪᠢ ᠪᠠᠢᠵᠤ᠂ ᠲᠠᠸᠠᠷ᠎ᠤᠨ ᠲᠥᠷᠥᠯ᠎ᠤᠨ ᠢᠯᠡᠴᠢᠯᠡᠨ ᠮᠡᠳᠡᠭᠦᠯᠦᠭ᠌ᠰᠡᠨ ᠶᠡᠷᠦᠩᠬᠡᠶ ᠬᠡᠮᠵᠢᠶᠡᠨ᠎ᠤ 68.53%᠎ᠶ᠋ᠢ ᠡᠵᠡᠯᠡᠪᠡ᠃ ᠢᠳᠡᠭᠡᠨ᠎ᠤ ᠵᠦᠢᠯ᠎ᠤᠨ ᠢᠯᠡᠴᠢᠯᠡᠨ ᠮᠡᠳᠡᠭᠦᠯᠦᠭ᠌ᠰᠡᠨ᠎ᠢᠶᠠᠷ ᠨᠡᠯᠢᠶᠡᠳ ᠠᠷᠪᠢᠨ ᠢᠳᠡᠭᠡᠨ ᠤᠮᠳᠠᠭᠠᠨ ᠦ ᠢᠳᠡᠭᠡᠨ᠂ ᠠᠮᠤ ᠪᠤᠳᠠᠭ᠎ᠠ ᠡᠳ᠋ᠱᠢᠭᠦᠯᠦᠭ᠌ᠰᠡᠨ ᠪᠦᠲᠦᠭᠡᠭ᠌ᠳᠡᠬᠦᠨ᠂ ᠮᠢᠬᠠᠨ ᠢᠳᠡᠭᠡᠨ᠂ ᠮᠠᠯ ᠵᠢᠭᠦᠷᠲᠡᠨ᠎ᠤ ᠮᠢᠬ᠎ᠠ ᠵᠢᠴᠢ ᠳᠠᠭᠠᠯᠲᠠ ᠪᠦᠲᠦᠭᠡᠭ᠌ᠳᠡᠬᠦᠨ᠂ ᠴᠠᠭᠠᠨ ᠢᠳᠡᠭᠡ᠂ ᠳᠥᠭᠦᠮ ᠢᠳᠡᠭᠡᠨ ᠵᠡᠷᠭᠡ᠎ᠶ᠋ᠢ ᠪᠠᠭ᠍ᠲᠠᠭᠠᠵᠤ᠂ ᠵᠠᠷ ᠮᠡᠳᠡᠭᠡ᠂ ᠦᠨ᠎ᠡ ᠬᠠᠩᠰᠢ᠂ ᠵᠢᠩ ᠯᠠᠩ ᠳᠤᠲᠠᠭᠤ᠂ ᠬᠤᠭᠤᠴᠠᠭ᠎ᠠ ᠬᠡᠲᠦᠷᠡᠭ᠌ᠰᠡᠨ ᠦᠢᠯᠡᠳᠬᠦᠨ ᠵᠡᠷᠭᠡ ᠠᠰᠠᠭᠤᠳᠠᠯ᠎ᠢᠶᠠᠷ ᠭᠤᠤᠯ ᠪᠣᠯᠭᠠᠪᠠ᠃ ᠪᠤᠰᠤᠳ ᠢᠯᠡᠴᠢᠯᠡᠨ ᠮᠡᠳᠡᠭᠦᠯᠦᠭ᠌ᠰᠡᠨ᠎ᠢᠶᠠᠷ ᠨᠡᠯᠢᠶᠡᠳ ᠣᠯᠠᠨ ᠲᠠᠸᠠᠷ ᠡᠭᠦᠨ᠎ᠳᠤ ᠡᠳᠦᠷ ᠲᠤᠲᠤᠮ᠎ᠤᠨ ᠬᠡᠷᠡᠭ᠌ᠯᠡᠭᠡᠨ᠎ᠤ ᠬᠡᠷᠡᠭ᠌ᠰᠡᠯ᠂ ᠲᠠᠸᠠᠷ᠎ᠤᠨ ᠭᠡᠷ ᠪᠠᠢᠱᠢᠩ᠂ ᠹᠢᠽᠢᠺ᠎ᠤᠨ ᠡᠮᠴᠢᠯᠡᠭᠡᠨ᠎ᠤ ᠪᠠᠭᠠᠵᠢ ᠬᠡᠷᠡᠭ᠌ᠰᠡᠯ᠂ ᠮᠠᠱᠢᠨ ᠲᠡᠷᠭᠡ ᠵᠢᠴᠢ ᠮᠠᠱᠢᠨ ᠲᠡᠷᠭᠡᠨ᠎ᠤ ᠰᠡᠯᠪᠢᠭ ᠲᠣᠨᠤᠭ᠂ ᠣᠨᠴᠠᠭᠠᠶ ᠪᠤᠰᠤ ᠬᠡᠷᠡᠭ᠌ᠴᠡᠭᠡᠨ᠎ᠤ ᠵᠠᠰᠠᠯ ᠴᠢᠮᠡᠭ᠎ᠤᠨ ᠡᠳ᠋᠂ ᠴᠠᠬᠢᠯᠭᠠᠨ ᠱᠠᠲᠤ᠌᠂ ᠬᠢᠲᠠᠳ ᠪᠡᠯᠡᠨ ᠡᠮ ᠵᠡᠷᠭᠡ ᠪᠠᠭ᠍ᠲᠠᠨ᠎ᠠ᠂ ᠭᠤᠤᠯᠳᠠᠭᠤ ᠦᠨ᠎ᠡ ᠬᠠᠩᠰᠢ᠂ ᠬᠠᠭᠤᠷᠮᠠᠭ ᠮᠠᠭᠤ ᠦᠢᠯᠡᠳᠬᠦᠨ ᠦᠢᠯᠡᠳᠴᠦ᠍ ᠪᠣᠷᠣᠯᠠᠭᠤᠯᠬᠤ᠂ ᠮᠠᠭᠤ᠎ᠪᠠᠷ ᠰᠠᠢᠨ᠎ᠢ ᠣᠷᠣᠯᠠᠭᠤᠯᠬᠤ᠂ 《ᠭᠤᠷᠪᠠ ᠦᠭᠡᠶ》᠂ ᠬᠤᠳᠠᠯ ᠬᠠᠭᠤᠷᠮᠠᠭ ᠳᠠᠩᠰᠠᠯᠠᠭᠤᠯᠤᠭ᠍ᠰᠠᠨ ᠲᠠᠸᠠᠷ᠎ᠤᠨ ᠲᠡᠮᠳᠡᠭ᠂ ᠬᠤᠳᠠᠯ ᠬᠠᠭᠤᠷᠮᠠᠭ ᠤᠬᠠᠭᠤᠯᠭ᠎ᠠ᠂ ᠦᠨᠡᠮᠯᠡᠯ ᠦᠭᠡᠢ᠎ᠪᠠᠷ ᠡᠵᠡᠩᠨᠡᠬᠦ᠌ ᠵᠢᠴᠢ ᠶᠠᠰᠤ ᠴᠢᠨᠠᠷ᠎ᠤᠨ ᠠᠰᠠᠭᠤᠳᠠᠯ ᠵᠡᠷᠭᠡ᠎ᠳᠤ ᠬᠤᠯᠪᠣᠭ᠍ᠳᠠᠪᠠ᠃
ᠳᠥᠷᠪᠡ᠂ ᠠᠰᠠᠭᠣᠨ ᠯᠠᠪᠯᠠᠭ᠍ᠰᠠᠨ ᠪᠠᠢᠳᠠᠯ᠎ᠢ ᠪᠦᠷᠢᠳᠭᠡᠨ ᠵᠠᠳᠠᠯᠬᠤ
ᠠᠰᠠᠭᠤᠨ ᠯᠠᠯᠪᠯᠠᠯᠲᠠᠶ᠋ᠢ ᠬᠦᠯᠢᠶᠡᠨ ᠠᠪᠤᠭ᠍ᠰᠠᠨ᠎ᠨᠢ 57797 ᠬᠤᠪᠢ ᠪᠠᠢᠵᠤ᠂ ᠠᠳᠠᠯᠢ ᠬᠤᠭᠤᠴᠠᠭᠠᠨ᠎ᠤ᠎ᠬᠢ᠎ᠠᠴᠠ 12.19%᠎ᠪᠠᠷ ᠨᠡᠮᠡᠭ᠌ᠳᠡᠵᠡᠶ; ᠡᠭᠦᠨ᠎ᠳᠤ ᠬᠡᠷᠡᠭ᠌ᠯᠡᠭᠡᠨ᠎ᠤ ᠡᠷᠬᠡ ᠠᠱᠢᠭ᠎ᠢ ᠬᠠᠮᠠᠭᠠᠯᠠᠬᠤ ᠮᠡᠳᠡᠯᠭᠡ᠎ᠳᠤ ᠬᠤᠯᠪᠣᠭ᠍ᠳᠠᠭ᠍ᠰᠠᠨ 21234 ᠬᠤᠪᠢ ᠪᠠᠢᠪᠠ; ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠱᠢᠰᠲ᠋ᠧᠮ᠎ᠳᠤ ᠬᠤᠯᠪᠣᠭ᠍ᠳᠠᠭ᠍ᠰᠠᠨ 5381 ᠬᠤᠪᠢ᠂ ᠠᠰᠠᠭᠤᠨ ᠯᠠᠪᠯᠠᠬᠤ ᠬᠡᠮᠵᠢᠶ᠎ᠡ᠎ᠪᠠᠷ ᠨᠡᠯᠢᠶᠡᠳ ᠶᠡᠭᠡ ᠠᠰᠠᠭᠤᠳᠠᠯ᠎ᠨᠢ᠄ ᠵᠠᠭᠠᠯᠳᠤᠵᠤ ᠢᠯᠡᠴᠢᠯᠡᠨ ᠮᠡᠳᠡᠭᠦᠯᠦᠭ᠌ᠰᠡᠨ᠎ᠨᠢ 2695 ᠬᠤᠪᠢ᠂ ᠰᠦᠯᠵᠢᠶᠡᠨ᠎ᠤ ᠠᠷᠠᠯᠵᠢᠶᠠᠨ᠎ᠤ ᠬᠢᠨᠠᠯᠲᠠ ᠬᠠᠮᠢᠶᠠᠷᠤᠯᠲᠠ᠎ᠶ᠋ᠢᠨ 479 ᠬᠤᠪᠢ᠂ ᠦᠢᠯᠡᠴᠢᠯᠡᠭᠡᠨ᠎ᠤ ᠬᠡᠷᠡᠭ᠌ᠯᠡᠭᠡ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ 53 ᠬᠤᠪᠢ᠂ ᠵᠠᠬ᠎ᠠ ᠳᠡᠯᠭᠡᠭᠦᠷ᠎ᠤᠨ ᠭᠤᠣᠯ ᠴᠣᠭ᠍ᠴᠠ᠎ᠶ᠋ᠢᠨ ᠳᠠᠩᠰᠠᠯᠠᠨ ᠲᠡᠮᠳᠡᠭ᠌ᠯᠡᠭᠦᠯᠦᠭ᠌ᠰᠡᠨ 36 ᠬᠤᠪᠢ᠂ ᠦᠢᠯᠡᠳᠬᠦᠨ (ᠲᠠᠸᠠᠷ)᠎ᠤ ᠶᠠᠰᠤ ᠴᠢᠨᠠᠷ 30 ᠬᠤᠪᠢ᠂ ᠦᠨ᠎ᠡ ᠬᠠᠩᠰᠢ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ 24 ᠬᠤᠪᠢ᠂ ᠢᠳᠡᠭᠡᠨ᠎ᠤ ᠬᠢᠨᠠᠯᠲᠠ ᠬᠠᠮᠢᠶᠠᠷᠤᠯᠲᠠ᠎ᠶ᠋ᠢᠨ 22 ᠬᠤᠪᠢ ᠵᠡᠷᠭᠡ ᠪᠠᠭ᠍ᠲᠠᠨ᠎ᠠ; ᠪᠤᠰᠤᠳ ᠰᠠᠯᠠᠭ᠎ᠠ ᠮᠥᠴᠢᠷ᠎ᠤᠨ ᠠᠰᠠᠭᠤᠨ ᠯᠠᠪᠯᠠᠬᠤ᠎ᠳᠤ ᠬᠤᠯᠪᠣᠭ᠍ᠳᠠᠭ᠍ᠰᠠᠨ᠎ᠨᠢ ᠭᠤᠣᠯᠳᠠᠭᠤ ᠡᠷᠡᠭᠦᠯ ᠬᠠᠮᠠᠭᠠᠯᠠᠯ᠂ ᠵᠢᠭᠤᠯᠴᠢᠯᠠᠯ᠂ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠬᠠᠮᠢᠶᠠᠷᠤᠯᠲᠠ᠂ ᠱᠢᠤᠳᠠᠨ᠂ ᠭᠠᠢᠯᠢ ᠶ᠋ᠢᠨ ᠶᠠᠪᠣᠳᠠᠯ᠂ ᠳᠤᠯᠠᠭᠠᠯᠠᠭ᠎ᠠ ᠬᠠᠩᠭᠠᠬᠤ᠂ ᠤᠰᠤ ᠬᠠᠩᠭᠠᠬᠤ᠂ ᠠᠳᠠᠯ ᠠᠬᠤᠶ᠂ ᠭᠡᠷ ᠪᠠᠢᠱᠢᠩ ᠭᠠᠵᠠᠷ ᠬᠥᠷᠥᠩᠭᠡ ᠵᠡᠷᠭᠡ᠎ᠶ᠋ᠢ ᠪᠠᠭ᠍ᠲᠠᠭᠠᠪᠠ᠃
ᠲᠠᠢᠯᠪᠤᠷᠢ᠄ ᠳᠣᠭ᠎ᠠ ᠪᠠᠷᠢᠮᠲᠠ ᠨᠢ ᠪᠦᠬᠦ᠌ ᠤᠯᠤᠰ᠎ᠤᠨ 12315 ᠲᠠᠪᠴᠠᠩ ᠡᠴᠠ ᠢᠷᠡᠯᠲᠡ ᠲᠡᠢ