ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠨᠢᠭᠡᠳᠦᠭᠡᠷ ᠤᠯᠠᠷᠢᠯ᠎ᠤᠨ ᠪᠥᠬᠦ ᠤᠯᠤᠰ᠎ᠤᠨ 12315 ᠲᠠᠪᠴᠠᠩ᠎ᠤᠨ ᠵᠠᠭ᠋ᠠᠯᠳᠣᠯᠭ᠎ᠠ ᠢᠯᠡᠴᠢᠯᠡᠨ ᠮᠡᠳᠡᠭᠦᠯᠣᠯᠲᠡ ᠠᠰᠠᠭᠣᠨ ᠯᠠᠪᠯᠠᠯᠲᠠ ᠵᠢᠨ ᠪᠠᠶ᠋ᠢᠳᠠᠯ᠎ᠤᠨ ᠲᠤᠭ᠎ᠠ ᠪᠠᠷᠢᠮᠲᠠ ᠵᠢᠨ ᠮᠡᠳᠡᠭᠦᠯᠦᠯᠲᠡ
2025-04-09

     ᠨᠢᠭᠡ᠂ ᠦᠨᠳᠦᠰᠦᠨ ᠪᠠᠶ᠋ᠢᠳᠠᠯ

     2025 ᠣᠨ᠎ᠤ ᠨᠢᠭᠡᠳᠦᠭᠡᠷ ᠤᠯᠠᠷᠢᠯ᠎ᠳᠤ᠂ ᠥᠪᠥᠷ ᠮᠣᠩᠭᠤᠯ᠎ᠤᠨ ᠪᠥᠬᠦ ᠤᠯᠤᠰ᠎ᠤᠨ 12315 ᠲᠠᠪᠴᠠᠩ᠎ᠨᠢ ᠬᠡᠷᠡᠭᠯᠡᠭᠴᠢᠳ᠎ᠤᠨ ᠵᠠᠭ᠋ᠠᠯᠳᠤᠯᠭ᠎ᠠ᠂ ᠢᠯᠡᠴᠢᠯᠡᠨ ᠮᠡᠳᠡᠭᠦᠯᠦᠯᠲᠡ᠂  ᠠᠰᠠᠭᠤᠨ ᠯᠠᠪᠯᠯᠠᠲᠠ ᠵᠢ  ᠨᠡᠶ᠋ᠢᠲᠡ 83836 ᠬᠤᠪᠢ ᠭᠥᠯᠢᠶᠡᠨ ᠠᠪᠴᠤ᠂ ᠠᠳᠠᠯᠢ ᠬᠤᠭᠤᠴᠠᠭ᠋ᠠᠨ᠎ᠤ᠎ᠬᠢ᠎ᠠᠴᠠ 3.63% ᠪᠠᠭ᠋ᠠᠰᠪᠠ᠃ ᠡᠭᠦᠨ᠎ᠳᠤ᠂ ᠵᠠᠭ᠋ᠠᠯᠳᠤᠯᠭ᠎ᠠ 34579 ᠬᠤᠪᠢ ᠪᠠᠶ᠋ᠢᠵᠤ᠂ ᠶᠡᠷᠦᠩᠬᠡᠶ ᠬᠡᠮᠵᠢᠶᠡᠨ᠎ᠤ 41.25% ᠵᠢ ᠡᠵᠡᠯᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 3.21%᠎ᠪᠠᠷ ᠪᠠᠭ᠋ᠠᠰᠪᠠ ᠂ ᠢᠯᠡᠴᠢᠯᠡᠨ ᠮᠡᠳᠡᠭᠦᠯᠣᠯᠲᠡ 7929 ᠬᠤᠪᠢ  ᠪᠠᠢ᠌ᠵᠦ᠂ ᠶᠡᠷᠦᠩᠬᠡᠶ ᠬᠡᠮᠵᠢᠶᠡᠨ᠎ᠤ 9.46% ᠵᠢ ᠡᠵᠡᠯᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 3.09%᠎ᠪᠠᠷ ᠨᠡᠮᠡᠭᠳᠡᠪᠡ ᠂ ᠠᠰᠠᠭᠣᠨ ᠯᠠᠪᠯᠠᠯᠲᠠ 41328 ᠬᠤᠪᠢ ᠪᠠᠢ᠌ᠵᠦ᠂ ᠶᠡᠷᠣᠩᠬᠡᠢ  ᠬᠡᠮᠵᠢᠶᠡᠨ᠎ᠤ 49.29% ᠵᠢ ᠡᠵᠡᠯᠡᠵᠦ ᠂  ᠠᠳᠠᠯᠢ  ᠬᠤᠭᠤᠴᠠᠭ᠋ᠠᠨ ᠎ᠤ ᠎ᠬᠢ ᠎ᠠᠴᠠ  5.16%᠎ᠪᠠᠷ ᠪᠠᠭ᠋ᠠᠰᠪᠠ  ᠃ ᠮᠠᠷᠭᠣᠭ᠋ᠠᠨ᠎ᠳᠤ ᠬᠣᠯᠪᠣᠭᠳᠠᠭᠰᠠᠨ ᠵᠣᠭᠣᠰᠣᠨ᠎ᠤ ᠲᠣᠭ᠎ᠠ᠎ᠨᠢ 3520.83 ᠲᠦᠮᠡᠨ ᠲᠦᠭᠦᠷᠢᠭ ᠪᠠᠢ᠌ᠵᠦ᠂ ᠬᠡᠷᠡᠭᠯᠡᠭᠴᠢᠳ᠎ᠲᠤ 858.81 ᠲᠦᠮᠡᠨ ᠲᠦᠭᠦᠷᠢᠭ᠎ᠤᠨ ᠠᠵᠦ ᠠᠬᠣᠢ ᠵᠢᠨ ᠬᠤᠬᠢᠷᠠᠯ᠎ᠢ ᠪᠣᠴᠠᠭ᠋ᠠᠨ ᠦᠭᠴᠠᠢ᠃ 2025 ᠣᠨ᠎ᠤ 4 ᠳ᠋ᠦ᠍ᠭᠡᠷ ᠰᠠᠷ᠎ᠠ ᠵᠢᠨ 2᠎ᠤᠨ ᠡᠳᠦᠷ ᠪᠣᠯᠲᠠᠯ᠎ᠠ  ᠨᠡᠢ᠌ᠲᠡ 35607 ᠬᠤᠪᠢ ᠵᠠᠭ᠋ᠠᠯᠳᠣᠯᠭ᠎ᠠ ᠢᠯᠡᠴᠢᠯᠡᠨ ᠮᠡᠳᠡᠭᠦᠯᠣᠯᠲᠡ ᠵᠢ  ᠨᠢᠭᠡᠨᠲᠡ ᠰᠢᠢ᠍ᠳᠪᠦᠷᠢᠯᠡᠨ ᠳᠠᠭᠣᠰᠬᠠᠵᠦ᠂ ᠰᠢᠢ᠍ᠳᠪᠦᠷᠢᠯᠡᠨ ᠳᠠᠭᠣᠰᠬᠠᠭᠰᠠᠨ ᠨᠣᠷᠮ᠎ᠠ᠎ᠨᠢ 83.77%᠎ᠳᠤ ᠬᠦᠷᠴᠠᠢ᠃

     2025 ᠣᠨ᠎ᠤ ᠨᠢᠭᠡᠳᠦᠭᠡᠷ ᠤᠯᠠᠷᠢᠯ᠎ᠤᠨ ᠪᠥᠬᠦ ᠣᠷᠣᠨ᠎ᠤ 12315 ᠵᠠᠭ᠋ᠠᠯᠳᠤᠯᠭ᠎ᠠ ᠢᠯᠡᠴᠢᠯᠡᠨ ᠮᠡᠳᠡᠭᠦᠯᠣᠯᠲᠡ  ᠪᠠ ᠠᠰᠠᠭᠤᠨ  ᠯᠠᠪᠯᠠᠯᠲᠠ ᠵᠢᠨ  ᠬᠡᠮᠵᠢᠶᠡᠨ᠎ᠤ  ᠠᠳᠠᠯᠢ ᠬᠤᠭᠤᠴᠠᠭ᠋ᠠᠨ᠎ᠤ ᠬᠠᠷᠢᠴᠠᠭᠤᠯᠤᠯ᠎ᠤᠨ ᠵᠢᠷᠤᠭ᠄

 

图1.jpg

 

      ᠡᠯ᠎ᠡ ᠠᠶ᠋ᠢᠮᠠᠭ ᠬᠤᠲᠠ ᠵᠢᠨ  ᠵᠠᠭ᠋ᠠᠯᠳᠣᠯᠭ᠎ᠠ ᠢᠯᠡᠴᠢᠯᠡᠨ ᠮᠡᠳᠡᠭᠦᠯᠣᠯᠲᠡ ᠠᠰᠠᠭᠣᠨ ᠯᠠᠪᠯᠠᠯᠲᠠ ᠵᠢᠨ ᠬᠡᠮᠵᠢᠶᠡᠨ᠎ᠤ  ᠪᠦᠷᠢᠳᠬᠡᠯ᠎ᠤᠨ ᠬᠦᠰᠦᠨᠦᠭᠲᠦ (  ᠨᠢᠭᠡᠴᠢ ᠄ ᠬᠤᠪᠢ)

 

图二.png

 

     ᠬᠦᠯᠢᠶᠡᠨ ᠠᠪᠤᠭᠰᠠᠨ  ᠶᠡᠷᠦᠩᠬᠡᠢ ᠬᠡᠮᠵᠢᠶᠡᠨ᠎ᠤ  ᠡᠮᠦᠨ᠎ᠡ ᠭᠤᠷᠪᠠ᠎ᠳᠤ ᠵᠢᠭᠰᠠᠭ᠋ᠠᠭᠳᠠᠭᠰᠠᠨ᠎ᠨᠢ  ᠬᠥᠬᠡᠬᠤᠲᠠ  14178  ᠬᠤᠪᠢ᠂  ᠪᠤᠭᠤᠲᠤ  ᠬᠤᠳᠠ  13564  ᠬᠤᠪᠢ᠂ ᠤᠯᠠᠭ᠋ᠠᠨᠬᠠᠳᠠ ᠬᠤᠳᠠ 6008 ᠬᠤᠪᠢ  ᠪᠣᠯᠣᠨ᠎ᠠ ᠃ ᠡᠯ᠎ᠡ ᠵᠦᠢ᠍ᠯ᠎ᠤᠨ ᠲᠤᠭ᠎ᠠ ᠪᠠᠷᠢᠮᠲᠠ᠎ᠳᠤ ᠂ ᠵᠠᠭ᠋ᠠᠯᠳᠤᠯᠭ᠎ᠠ ᠵᠢᠨ ᠲᠤᠭ᠎ᠠ ᠬᠡᠮᠵᠢᠶᠡᠨ᠎ᠤ  ᠡᠮᠦᠨ᠎ᠡ ᠭᠤᠷᠪᠠ᠎ᠳᠤ ᠵᠢᠭᠰᠠᠭ᠋ᠠᠭᠰᠠᠨ᠎ᠨᠢ ᠬᠥᠬᠡᠬᠤᠲᠠ 11685 ᠬᠤᠪᠢ᠂ ᠪᠤᠭᠤᠲᠤ ᠬᠤᠲᠠ 5499 ᠬᠤᠪᠢ᠂ ᠤᠯᠠᠭ᠋ᠠᠨᠬᠠᠳᠠ ᠬᠤᠲᠠ 5255 ᠬᠤᠪᠢ  ᠪᠠᠢ᠌ᠵᠦ ᠂ ᠢᠯᠡᠴᠢᠯᠡᠨ  ᠮᠡᠳᠡᠭᠦᠯᠣᠯᠲᠡ ᠵᠢᠨ  ᠲᠤᠭ᠎ᠠ ᠬᠡᠮᠵᠢᠶᠡᠨ᠎ᠤ  ᠡᠮᠦᠨ᠎ᠡ ᠭᠤᠷᠪᠠ᠎ᠳᠤ ᠵᠢᠭᠰᠠᠭ᠋ᠠᠭᠳᠠᠭᠰᠠᠨ᠎ᠨᠢ ᠬᠥᠬᠡᠬᠤᠲᠠ 2493 ᠬᠤᠪᠢ᠂ ᠪᠤᠭᠤᠲᠤ ᠬᠤᠲᠠ 1415 ᠬᠤᠪᠢ᠂ ᠤᠯᠠᠭ᠋ᠠᠨᠬᠠᠳᠠ ᠬᠤᠲᠠ 740 ᠬᠤᠪᠢ  ᠪᠣᠯᠣᠨ᠎ᠠ ᠃

     ᠬᠦᠯᠢᠶᠡᠨ ᠠᠪᠤᠭᠰᠠᠨ ᠬᠡᠮᠵᠢᠶ᠎ᠡ ᠵᠢ ᠰᠠᠷ᠎ᠠ᠎ᠪᠠᠷ  ᠪᠦᠷᠢᠳᠬᠡᠭᠰᠡᠨ ᠲᠠᠬᠢᠷ ᠱᠣᠭᠣᠮ᠎ᠤᠨ ᠵᠢᠷᠣᠭ ᠄

 

图3.jpg

 

     ᠬᠦᠯᠢᠶᠡᠨ ᠠᠪᠤᠭᠰᠠᠨ  ᠬᠡᠮᠵᠢᠶ᠎ᠡ᠎ᠨᠢ ᠰᠠᠷ᠎ᠠ᠎ᠪᠠᠷ  ᠶᠡᠷᠦᠩᠬᠡᠶ᠎ᠳᠤ᠎ᠪᠠᠨ  ᠤᠷᠢᠳ ᠵᠶ᠋ᠠᠷ  ᠪᠠᠭᠤᠷᠠᠵᠤ ᠳᠠᠷᠠᠭ᠎ᠠ᠎ᠨᠢ ᠳᠡᠭᠡᠭᠰᠢᠯᠡᠬᠦ ᠬᠠᠨᠳᠤᠰᠢ᠎ᠲᠠᠢ ᠪᠣᠯᠪᠠ ᠃ 2  ᠳ᠋ᠤᠭ᠋ᠠᠷ  ᠰᠠᠷ᠎ᠠ᠎ᠳᠤ ᠴᠠᠭ᠋ᠠᠨ ᠰᠠᠷ᠎ᠠ ᠵᠢᠨ ᠠᠮᠠᠷᠠᠯᠲᠠ ᠵᠢᠨ ᠬᠤᠭᠤᠴᠠᠭ᠋ᠠᠨ᠎ᠤ ᠨᠥᠯᠥᠭᠡ᠎ᠠᠴᠠ ᠪᠣᠯᠵᠤ᠂  ᠬᠦᠯᠢᠶᠡᠨ ᠠᠪᠴᠤ ᠰᠢᠢ᠍ᠳᠪᠦᠷᠢᠯᠡᠭᠰᠡᠨ ᠬᠡᠮᠵᠢᠶ᠎ᠡ᠎ᠨᠢ  ᠶᠡᠷᠦᠩᠬᠡᠶ᠎ᠳᠤ᠎ᠪᠠᠨ  ᠨᠡᠯᠢᠶᠡᠳ ᠴᠥᠭᠡᠨ ᠪᠠᠢ᠌ᠪᠠ ᠂ 3  ᠳ᠋ᠤᠭ᠋ᠠᠷ  ᠰᠠᠷ᠎ᠠ᠎ᠳᠤ 《3 · 15》᠎ᠤ ᠬᠡᠷᠡᠭᠯᠡᠭᠴᠢᠳ᠎ᠤᠨ ᠡᠷᠬᠡ ᠠᠰᠢᠭ᠎ᠤᠨ ᠡᠳᠦᠷ᠎ᠤᠨ ᠤᠬᠠᠭᠤᠯᠭ᠎ᠠ ᠵᠢᠨ ᠠᠵᠢᠯᠯᠠᠭ᠎ᠠ ᠵᠢᠨ ᠨᠥᠯᠥᠭᠡ᠎ᠠᠴᠠ ᠪᠣᠯᠵᠣ᠂ ᠬᠡᠷᠡᠭᠯᠡᠭᠴᠢᠳ᠎ᠤᠨ ᠡᠷᠬᠡ ᠠᠰᠢᠭ ᠵᠶ᠋ᠠᠨ  ᠬᠠᠮᠠᠭ᠋ᠠᠯᠠᠬᠤ ᠦᠵᠡᠯ ᠤᠬᠠᠮᠰᠠᠷ  ᠴᠢᠩᠭ᠋ᠠᠷᠠᠵᠦ ᠂  ᠵᠠᠭ᠋ᠠᠯᠳᠣᠯᠭ᠎ᠠ ᠢᠯᠡᠴᠢᠯᠡᠨ ᠮᠡᠳᠡᠭᠦᠯᠣᠯᠲᠡ ᠠᠰᠠᠭᠤᠨ ᠯᠠᠪᠯᠠᠯᠲᠠ ᠵᠢᠨ  ᠬᠡᠮᠵᠢᠶ᠎ᠡ  ᠴᠤ᠌ ᠡᠳᠦᠢ ᠲᠡᠳᠦᠢ ᠨᠡᠮᠡᠭᠳᠡᠵᠡᠢ ᠃

     ᠬᠤᠶᠠᠷ᠂  ᠵᠠᠭ᠋ᠠᠯᠳᠣᠯᠭ᠎ᠠ ᠵᠢᠨ  ᠪᠠᠶ᠋ᠢᠳᠠᠯ᠎ᠤᠨ ᠪᠦᠷᠢᠳᠭᠡᠯ᠎ᠤᠨ ᠵᠠᠳᠠᠯᠤᠯᠲᠠ

     ᠵᠠᠭ᠋ᠠᠯᠳᠤᠯᠭ᠎ᠠ ᠵᠢ ᠬᠦᠯᠢᠶᠡᠨ ᠠᠪᠤᠭᠰᠠᠨ᠎ᠨᠢ 34579 ᠬᠤᠪᠢ ᠪᠠᠢ᠌ᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 3.21%᠎ᠪᠠᠷ ᠪᠠᠭ᠋ᠠᠰᠴᠠᠢ᠃ ᠡᠭᠦᠨ᠎ᠳᠤ᠂ ᠲᠠᠸᠠᠷ᠎ᠤᠨ ᠲᠥᠷᠥᠯ᠎ᠳᠤ ᠬᠤᠯᠪᠤᠭᠳᠠᠬᠤ᠎ᠨᠢ 19511 ᠬᠤᠪᠢ ᠪᠠᠢ᠌ᠵᠦ᠂ ᠦᠢ᠍ᠯᠡᠴᠢᠯᠡᠭᠡᠨ᠎ᠤ ᠲᠥᠷᠥᠯ᠎ᠨᠢ 15068 ᠬᠤᠪᠢ ᠪᠠᠶ᠋ᠢᠪᠠ᠃ ᠮᠠᠷᠭᠣᠯᠳᠣᠭ᠋ᠠᠨ᠎ᠳᠤ ᠬᠤᠯᠪᠣᠭᠳᠠᠭᠰᠠᠨ ᠵᠣᠭᠣᠰᠣᠨ᠎ᠤ ᠲᠤᠭ᠎ᠠ᠎ᠨᠢ 3520.83 ᠲᠦᠮᠡᠨ ᠲᠥᠭᠦᠷᠢᠭ ᠪᠠᠶ᠋ᠢᠵᠤ᠂ ᠬᠡᠷᠡᠭᠯᠡᠭᠴᠢᠳ᠎ᠲᠤ 858.81 ᠲᠦᠮᠡᠨ ᠲᠥᠭᠦᠷᠢᠭ᠎ᠤᠨ ᠠᠵᠤ ᠠᠬᠤᠶ ᠵᠢᠨ ᠬᠤᠬᠢᠷᠠᠯ᠎ᠢ ᠡᠭᠡᠭᠦᠯᠦᠨ ᠠᠪᠴᠢᠷᠠᠵᠤ ᠥᠭᠴᠡᠶ᠃ 2025 ᠣᠨ᠎ᠤ 4 ᠳ᠋ᠦ᠍ᠭᠡᠷ ᠰᠠᠷ᠎ᠠ ᠵᠢᠨ 2᠎ᠤᠨ ᠡᠳᠦᠷ ᠪᠣᠯᠲᠠᠯ᠎ᠠ 29111 ᠬᠤᠪᠢ ᠵᠢ ᠨᠢᠭᠡᠨᠲᠡ ᠰᠢᠢ᠍ᠳᠪᠦᠷᠢᠯᠡᠨ ᠳᠠᠭᠤᠰᠬᠠᠵᠤ᠂ ᠰᠢᠢ᠍ᠳᠪᠦᠷᠢᠯᠡᠵᠦ ᠳᠠᠭᠤᠰᠬᠠᠭᠰᠠᠨ ᠨᠣᠷᠮ᠎ᠠ᠎ᠨᠢ 84.19%᠎ᠳᠤ ᠬᠦᠷᠪᠡ᠃

     ᠬᠡᠷᠡᠭᠯᠡᠭᠡᠨ᠎ᠤ ᠲᠥᠷᠥᠯ ᠢᠯᠭ᠋ᠠᠯ ᠵᠶ᠋ᠠᠷ  ᠬᠤᠪᠢᠶᠠᠷᠢᠯᠠᠪᠠᠯ ᠬᠦᠰᠦᠨᠦᠭᠲᠦ (ᠨᠢᠭᠡ) (ᠬᠣᠶᠠᠷ)᠎ᠠᠴᠠ ᠦᠵᠡ ᠃

     (ᠨᠢᠭᠡ) ᠲᠠᠸᠠᠷ᠎ᠤᠨ ᠲᠥᠷᠥᠯ᠎ᠳᠤ  ᠬᠤᠯᠪᠤᠭᠳᠠᠭᠰᠠᠨ (ᠨᠢᠭᠡᠴᠢ᠄ ᠬᠤᠪᠢ )

 

 

     ᠲᠠᠸᠠᠷ᠎ᠤᠨ ᠲᠥᠷᠥᠯ᠎ᠤᠨ ᠵᠠᠭ᠋ᠠᠯᠳᠤᠯᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 6.57%᠎ᠪᠠᠷ ᠪᠠᠭ᠋ᠠᠰᠴᠠᠢ᠃  ᠵᠠᠭ᠋ᠠᠯᠳᠣᠯᠭ᠎ᠠ ᠵᠢᠨ  ᠬᠡᠮᠵᠢᠶᠡᠨ᠎ᠤ  ᠡᠮᠦᠨ᠎ᠡ ᠲᠠᠪᠤᠨ ᠨᠡᠷᠡᠰ᠎ᠲᠤ ᠵᠢᠭᠰᠠᠭ᠋ᠠᠭᠳᠠᠭᠰᠠᠨ ᠲᠠᠸᠠᠷ᠎ᠤᠨ ᠶᠡᠭᠡ ᠲᠥᠷᠥᠯ᠎ᠳᠤ ᠳᠠᠷᠠᠭ᠋ᠠᠯᠠᠪᠠᠯ  ᠢᠳᠡᠭᠡᠨ 9244  ᠬᠤᠪᠢ ᠂ ᠬᠤᠪᠴᠠᠰᠤ ᠬᠤᠨᠠᠷ ᠱᠠᠬᠠᠶ ᠮᠠᠯᠠᠭ᠋ᠠᠢ 2017 ᠬᠤᠪᠢ᠂ ᠵᠠᠮ ᠬᠠᠷᠢᠯᠴᠠᠭ᠋ᠠᠨ᠎ᠤ ᠪᠠᠭ᠋ᠠᠵᠢ 1442 ᠬᠤᠪᠢ᠂ ᠭᠡᠷ᠎ᠤᠨ  ᠡᠳ᠋ᠯᠡᠯ  ᠬᠡᠷᠡᠭᠰᠡᠯ 873 ᠬᠤᠪᠢ᠂ ᠴᠢᠮᠡᠭᠡ ᠬᠤᠯᠪᠣᠭ᠋ᠠᠨ᠎ᠤ ᠦᠢ᠍ᠯᠡᠳᠬᠦᠨ 715 ᠬᠤᠪᠢ ᠪᠠᠶ᠋ᠢᠪᠠ᠃

     ᠡᠮᠦᠨ᠎ᠡ  ᠲᠠᠪᠣ᠎ᠳᠤ ᠵᠢᠭᠰᠠᠭ᠋ᠠᠭᠳᠠᠭᠰᠠᠨ ᠲᠠᠸᠠᠷ᠎ᠤᠨ ᠶᠡᠬᠡ ᠲᠦᠷᠦᠯ᠎ᠤᠨ  ᠲᠠᠸᠠᠷ᠎ᠤᠨ ᠵᠠᠭ᠋ᠠᠯᠳᠤᠯᠭ᠎ᠠ ᠵᠢᠨ ᠶᠡᠷᠦᠩᠬᠡᠶ  ᠬᠡᠮᠵᠢᠶᠡᠨ᠎ᠳᠤ  ᠡᠵᠡᠯᠡᠬᠦ ᠬᠠᠷᠢᠴᠠᠯ᠎ᠤᠨ  ᠲᠣᠭᠣᠢ ᠬᠡᠯᠪᠡᠷᠢᠲᠣ ᠵᠢᠷᠣᠭ᠄

 

图五.jpg

 

     ᠲᠠᠸᠠᠷ᠎ᠤᠨ ᠵᠠᠭ᠋ᠠᠯᠳᠤᠯᠭ᠎ᠠ ᠵᠢᠨ ᠬᠠᠯᠠᠮᠰᠢᠯ ᠴᠡᠭ᠎ᠤᠨ ᠡᠮᠤᠨ᠎ᠡ ᠠᠷᠪᠠᠨ ᠨᠡᠷᠡᠰ᠎ᠨᠢ ᠡᠩ ᠎ᠤᠨ  ᠰᠠᠭᠣᠳᠠᠯ ᠎ᠤᠨ  ᠲᠡᠷᠭᠡ  928  ᠬᠤᠪᠢ᠂  ᠭᠠᠷ  ᠤᠲᠠᠰᠤ 580  ᠬᠤᠪᠢ᠂ ᠠᠮᠤ ᠭᠤᠯᠢᠷ ᠵᠢᠴᠢ ᠲᠡᠭᠦᠨ᠎ᠤ ᠪᠦᠲᠦᠭᠡᠭᠳᠡᠬᠦᠨ (ᠥᠪᠡᠷᠲᠡᠭᠡᠨ ᠦᠢ᠍ᠯᠡᠳᠦᠭᠰᠡᠨ) 423 ᠬᠤᠪᠢ᠂ ᠮᠢᠬᠠᠨ᠎ᠤ ᠪᠦᠲᠦᠭᠡᠭᠳᠡᠬᠦᠨ (ᠥᠪᠡᠷᠲᠡᠭᠡᠨ ᠦᠢ᠍ᠯᠡᠳᠦᠭᠰᠡᠨ) 386 ᠬᠤᠪᠢ᠂ ᠦᠳᠦᠨ ᠬᠣᠪᠴᠠᠰᠣ 313 ᠬᠤᠪᠢ᠂ ᠣᠨᠴᠠᠭ᠋ᠠᠢ ᠬᠡᠷᠡᠭᠴᠡᠭᠡᠨ᠎ᠤ ᠪᠤᠰᠤ ᠭᠤᠶᠤᠯᠠᠯ᠎ᠤᠨ ᠡᠳ᠋ 290 ᠬᠤᠪᠢ᠂ ᠲᠠᠮᠢᠷ᠎ᠤᠨ ᠱᠠᠬᠠᠢ 277 ᠬᠤᠪᠢ᠂ ᠪᠠᠺᠲ᠋ᠧᠷᠢ ᠤᠰᠠᠳᠬᠠᠭᠰᠠᠨ ᠰᠦ 270 ᠬᠤᠪᠢ᠂ ᠰᠢᠵᠢᠷ ᠠᠯᠲᠠᠨ ᠡᠯᠭᠦᠮᠡᠯ ᠵᠠᠰᠠᠯ ᠴᠢᠮᠡᠭᠯᠡᠯ 248 ᠬᠤᠪᠢ᠂ ᠪᠣᠷᠴᠠ ᠵᠢᠨ ᠲᠦᠷᠦᠯ 243 ᠬᠤᠪᠢ (ᠬᠦᠯᠢᠶᠡᠨ ᠠᠪᠤᠭᠰᠠᠨ ᠬᠡᠮᠵᠢᠶ᠎ᠡ᠎ᠳᠠᠬᠢ ᠪᠤᠢ ᠪᠦᠬᠦᠢ 《ᠪᠤᠰᠤᠳ》᠎ᠢ ᠨᠡᠷᠡᠰ᠎ᠤᠨ ᠵᠢᠭᠰᠠᠭ᠋ᠠᠯᠲᠠ᠎ᠳᠤ ᠪᠣᠳᠣᠵᠤ ᠣᠷᠣᠭᠤᠯᠤᠭᠰᠠᠨ ᠦᠭᠡᠢ) ᠪᠠᠶ᠋ᠢᠵᠤ᠂ ᠬᠤᠳᠠᠯᠳᠤᠭ᠋ᠠᠨ᠎ᠤ ᠲᠦᠷᠦᠯ᠎ᠤᠨ ᠵᠠᠭ᠋ᠠᠯᠳᠤᠯᠭ᠎ᠠ ᠵᠢᠨ ᠶᠡᠷᠦᠩᠬᠡᠢ ᠬᠡᠮᠵᠢᠶᠡᠨ᠎ᠤ 20.29% ᠵᠢ ᠡᠵᠡᠯᠡᠪᠡ᠃

     ᠡᠮᠦᠨ᠎ᠡ  ᠲᠠᠪᠣ᠎ᠳᠤ ᠵᠢᠭᠰᠠᠭ᠋ᠠᠭᠳᠠᠭᠰᠠᠨ  ᠲᠠᠸᠠᠷ᠎ᠤᠨ ᠶᠡᠭᠡ ᠲᠥᠷᠥᠯ ᠎ᠨᠢ  ᠨᠢᠳᠤᠨᠤᠨ᠎ᠤ ᠠᠳᠠᠯᠢ  ᠬᠤᠭᠤᠴᠠᠭ᠋ᠠᠨ᠎ᠤ᠎ᠬᠢ᠎ᠲᠠᠢ  ᠵᠢᠭ᠋ᠠᠬᠠᠨ ᠠᠳᠠᠯᠢ ᠪᠤᠰᠤ ᠲᠠᠯ᠎ᠠ ᠪᠤᠢ᠄ ᠢᠳᠡᠭᠡᠨ᠎ᠤ ᠲᠥᠷᠥᠯ᠎ᠤᠨ ᠵᠠᠭ᠋ᠠᠯᠳᠤᠯᠭ᠎ᠠ ᠮᠥᠨ ᠯᠡ ᠲᠦᠷᠦᠭᠦᠨ᠎ᠳᠤ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 1.82% ᠵᠶ᠋ᠠᠷ ᠨᠡᠮᠡᠭᠳᠡᠨ᠂ ᠭᠤᠤᠯ ᠠᠰᠠᠭᠤᠳᠠᠯ᠎ᠨᠢ ᠦᠨ᠎ᠡ ᠬᠠᠩᠰᠢ᠂ ᠬᠤᠳᠠᠯ ᠬᠠᠭᠤᠷᠮᠠᠭ ᠴᠢᠨᠠᠷ ᠮᠠᠭᠤ᠂ ᠬᠤᠳᠠᠯ ᠬᠠᠭᠤᠷᠮᠠᠭ ᠵᠶ᠋ᠠᠷ ᠣᠬᠠᠭᠣᠯᠬᠣ ᠂ ᠠᠮᠤᠷ ᠲᠦᠪᠰᠢᠨ᠎ᠤ ᠳᠠᠯᠳᠠ ᠭᠡᠮ ᠣᠷᠣᠰᠢᠵᠤ ᠪᠠᠶ᠋ᠢᠬᠤ ᠵᠡᠷᠭᠡ ᠪᠣᠯᠤᠨ᠎ᠠ ᠂ ᠵᠢᠱ᠌ᠢᠶᠡᠯᠡᠪᠡᠯ ᠢᠳᠡᠭᠡᠨ᠎ᠤ ᠪᠣᠭᠣᠳᠠᠯ᠎ᠤᠨ ᠳᠣᠲᠣᠷ᠎ᠠ ᠣᠨᠳᠣᠤ ᠪᠣᠳᠠᠰ (ᠬᠣᠷᠣᠬᠠᠢ᠂ ᠬᠤᠯᠢᠴᠠ) ᠪᠠᠢ᠌ᠬᠤ᠂ ᠬᠤᠭᠤᠴᠠᠭ᠎ᠠ᠎ᠨᠢ ᠦᠩᠭᠡᠷᠡᠭᠰᠡᠨ ᠴᠢᠨᠠᠷ ᠬᠤᠪᠢᠷᠠᠭᠰᠠᠨ ᠢᠳᠡᠭᠡᠨ᠂ ᠪᠦᠲᠦᠭᠡᠭᠳᠡᠭᠦᠨ᠎ᠤ ᠪᠣᠭᠣᠳᠠᠯ᠎ᠤᠨ ᠱᠣᠰᠢᠭ᠎ᠠ ᠲᠡᠮᠳᠡᠭ ᠪᠠ ᠵᠠᠷ ᠣᠬᠠᠭᠣᠯᠭ᠎ᠠ ᠵᠢᠨ ᠦᠭᠡᠨ᠎ᠳᠤ ᠬᠣᠯᠪᠣᠭᠳᠠᠭᠰᠠᠨ ᠬᠠᠣᠯᠢ ᠲᠣᠭᠲᠠᠭ᠋ᠠᠯ᠎ᠢ ᠵᠦᠷᠢᠴᠡᠭᠰᠡᠨ ᠬᠡᠯᠡᠯᠭᠡ ᠵᠡᠷᠭᠡ᠃  ᠴᠢᠮᠡᠭᠡ  ᠬᠤᠯᠪᠣᠭ᠋ᠠᠨ᠎ᠤ ᠦᠢ᠍ᠯᠡᠳᠬᠦᠨ᠎ᠢ ᠵᠢᠷᠭᠤᠳᠤᠭ᠋ᠠᠷ ᠪᠠᠶ᠋ᠢᠷᠢ᠎ᠠᠴᠠ ᠲᠠᠪᠤᠳᠤᠭ᠋ᠠᠷ ᠪᠠᠶ᠋ᠢᠷᠢᠨ᠎ᠳᠤ ᠬᠦᠷᠲᠡᠯ᠎ᠡ ᠳᠡᠭᠡᠭᠰᠢᠯᠡᠭᠦᠯᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 4.38%᠎ᠪᠠᠷ ᠨᠡᠮᠡᠭᠳᠡᠪᠡ᠂ ᠭᠤᠤᠯ ᠠᠰᠠᠭᠤᠳᠠᠯ᠎ᠨᠢ ᠭᠠᠷ ᠤᠲᠠᠰᠤ᠎ᠨᠢ ᠬᠡᠪ᠎ᠤᠨ ᠶᠣᠰᠣᠭ᠋ᠠᠷ ᠮᠠᠰᠢᠨ ᠨᠡᠭᠡᠭᠡᠵᠦ ᠳᠡᠢ᠌ᠯᠬᠦ  ᠥᠬᠡᠶ᠂ ᠥᠪᠡᠷᠲᠡᠭᠡᠨ ᠬᠠᠭ᠋ᠠᠭᠳᠠᠬᠤ ᠂ ᠬᠡᠪ᠎ᠪᠠᠷ ᠶᠠᠷᠢᠯᠴᠠᠵᠤ ᠪᠣᠯᠬᠤ ᠥᠬᠡᠶ᠂  ᠳᠡᠯᠭᠡᠴᠡ ᠬᠠᠷᠠᠯᠠᠬᠤ᠂ ᠬᠡᠷᠡᠭᠯᠡᠭᠡᠨ᠎ᠤ ᠰᠠᠭ᠋ᠠᠳ᠂ ᠬᠤᠳᠠᠯᠳᠤᠭ᠋ᠠᠴᠢᠨ᠎ᠠᠴᠠ ᠰᠡᠯᠪᠢᠨ  ᠵᠠᠰᠠᠵᠦ ᠂ ᠰᠣᠯᠢᠵᠦ ᠦᠭᠬᠦ ᠦᠭᠡᠢ  ᠵᠡᠷᠭᠡ ᠠᠰᠠᠭᠤᠳᠠᠯ ᠪᠣᠯᠤᠨ᠎ᠠ᠃ ᠬᠤᠪᠴᠠᠰᠤ ᠬᠤᠨᠠᠷ ᠱᠠᠬᠠᠢ ᠮᠠᠯᠠᠭ᠋ᠠᠢ᠂ ᠵᠠᠮ ᠬᠠᠷᠢᠯᠴᠠᠭ᠋ᠠᠨ᠎ᠤ ᠪᠠᠭ᠋ᠠᠵᠢ᠂ ᠭᠡᠷ᠎ᠤᠨ  ᠡᠳ᠋ᠯᠡᠯ  ᠬᠡᠷᠡᠭᠰᠡᠯ ᠎ᠨᠢ  ᠬᠤᠶᠠᠳᠤᠭ᠋ᠠᠷ᠎ᠠᠴᠠ ᠳᠥᠷᠪᠡᠳᠦᠭᠡᠷ ᠪᠠᠶ᠋ᠢᠷᠢᠨ᠎ᠳᠤ ᠵᠢᠭᠰᠠᠭ᠋ᠠᠭᠳᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ ᠵᠣᠬᠢᠬᠤ ᠬᠡᠮᠵᠢᠶ᠎ᠡ᠎ᠪᠠᠷ ᠪᠠᠭᠤᠷᠠᠵᠤ᠂ ᠲᠣᠰ ᠲᠣᠰ 9.92%᠂ 4.50%᠂ 23.22%᠎ᠪᠠᠷ ᠪᠠᠭ᠋ᠠᠰᠪᠠ᠃

     (ᠬᠤᠶᠠᠷ) ᠦᠢ᠍ᠯᠡᠴᠢᠯᠡᠭᠡᠨ᠎ᠤ ᠲᠥᠷᠥᠯ᠎ᠳᠤ  ᠬᠣᠯᠪᠣᠭᠳᠠᠭᠰᠠᠨ (ᠨᠢᠭᠡᠴᠢ᠄ ᠬᠤᠪᠢ )

 

图6.png

 

     ᠦᠢ᠍ᠯᠡᠴᠢᠯᠡᠭᠡᠨ᠎ᠤ ᠲᠥᠷᠥᠯ᠎ᠤᠨ ᠵᠠᠭ᠋ᠠᠯᠳᠤᠯᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 1.52 % ᠵᠶ᠋ᠡᠷ ᠨᠡᠮᠡᠭᠳᠡᠵᠦ᠂ ᠵᠠᠭ᠋ᠠᠯᠳᠤᠯᠭ᠎ᠠ ᠵᠢᠨ ᠬᠡᠮᠵᠢᠶᠡᠨ᠎ᠤ ᠡᠮᠦᠨ᠎ᠡ ᠲᠠᠪᠣ᠎ᠳᠤ ᠵᠢᠭᠰᠠᠭ᠋ᠠᠭᠳᠠᠭᠰᠠᠨ ᠳᠠᠷᠠᠭ᠋ᠠᠯᠠᠯ᠎ᠨᠢ ᠪᠣᠷᠣᠯᠠᠭᠣᠯᠭ᠎ᠠ ᠵᠢᠨ ᠦᠢ᠍ᠯᠡᠴᠢᠯᠡᠭᠡ 4048 ᠬᠤᠪᠢ᠂ ᠢᠳᠡᠭᠡᠨ ᠤᠮᠳᠠᠭ᠋ᠠᠨ ᠪᠠ  ᠬᠤᠨᠤᠭ   ᠪᠠᠭᠣᠳᠠᠯ ᠎ᠤᠨ  ᠦᠢ᠍ᠯᠡᠴᠢᠯᠡᠭᠡ  2563  ᠬᠤᠪᠢ᠂ ᠵᠢᠰᠦ ᠭᠤᠶᠣᠯᠠᠵᠤ ᠦᠰᠦ ᠵᠠᠰᠠᠬᠤ ᠪᠡᠶ᠎ᠡ ᠣᠬᠢᠶᠠᠬᠤ ᠦᠢ᠍ᠯᠡᠴᠢᠯᠡᠭᠡ 1187 ᠬᠤᠪᠢ᠂ ᠬᠥᠮᠦᠵᠢᠯ ᠪᠣᠯᠪᠠᠰᠣᠷᠠᠯ᠎ᠤᠨ ᠦᠢ᠍ᠯᠡᠴᠢᠯᠡᠭᠡ 1014 ᠬᠤᠪᠢ᠂ ᠰᠣᠶᠣᠯ ᠵᠤᠭ᠎ᠠ ᠴᠡᠩᠭᠡᠯ ᠪᠡᠶ᠎ᠡ ᠵᠢᠨ ᠲᠠᠮᠢᠷ᠎ᠤᠨ ᠦᠢ᠍ᠯᠡᠴᠢᠯᠡᠭᠡ 954 ᠬᠤᠪᠢ ᠪᠠᠶ᠋ᠢᠪᠠ᠃

     ᠡᠮᠦᠨ᠎ᠡ ᠲᠠᠪᠣ᠎ᠳᠤ ᠵᠢᠭᠰᠠᠭ᠋ᠠᠭᠳᠠᠭᠰᠠᠨ ᠦᠢ᠍ᠯᠡᠴᠢᠯᠡᠭᠡᠨ᠎ᠤ ᠶᠡᠭᠡ ᠲᠥᠷᠥᠯ᠎ᠤᠨ ᠦᠢ᠍ᠯᠡᠴᠢᠯᠡᠭᠡᠨ᠎ᠤ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶᠡᠨ᠎ᠳᠤ ᠡᠵᠡᠯᠡᠬᠦ ᠬᠠᠷᠢᠴᠠᠯ᠎ᠤᠨ ᠲᠤᠭᠤᠢ ᠬᠡᠯᠪᠡᠷᠢᠲᠤ ᠵᠢᠷᠤᠭ᠄

 

图7.jpg

 

     ᠦᠢ᠍ᠯᠡᠴᠢᠯᠡᠭᠡᠨ᠎ᠤ ᠵᠠᠭ᠋ᠠᠯᠳᠤᠯᠭ᠎ᠠ ᠵᠢᠨ  ᠬᠠᠯᠠᠮᠰᠢᠯ ᠴᠡᠭ᠎ᠤᠨ ᠡᠮᠦᠨ᠎ᠡ ᠠᠷᠪᠠᠨ ᠨᠡᠷᠡᠰ ᠎ᠨᠢ  ᠤᠷᠢᠳᠴᠢᠯᠠᠨ ᠥᠭᠬᠦ ᠺᠠᠷᠲ᠎ᠤᠨ  ᠦᠢ᠍ᠯᠡᠴᠢᠯᠡᠭᠡ 2201᠂ ᠬᠤᠭᠤᠯᠠᠨ ᠭᠡᠷ᠎ᠤᠨ ᠦᠢ᠍ᠯᠡᠴᠢᠯᠡᠭᠡ 1193 ᠬᠤᠪᠢ᠂ ᠵᠢᠵᠢᠭᠯᠡᠨ ᠬᠤᠳᠠᠯᠳᠤᠬᠤ ᠦᠢ᠍ᠯᠡᠴᠢᠯᠡᠭᠡ 760 ᠬᠤᠪᠢ᠂  ᠬᠤᠨᠤᠭ  ᠪᠠᠭᠤᠳᠠᠯ᠎ᠤᠨ ᠦᠢ᠍ᠯᠡᠴᠢᠯᠡᠭᠡ 694 ᠬᠤᠪᠢ᠂ ᠢᠨᠲ᠋ᠧᠷ  ᠰᠦᠯᠵᠢᠶᠡᠨ᠎ᠤ  ᠰᠢᠭᠤᠳ ᠪᠣᠷᠣᠯᠠᠭᠤᠯᠬᠤ ᠦᠢ᠍ᠯᠡᠴᠢᠯᠡᠭᠡ 455 ᠬᠤᠪᠢ᠂ ᠺᠢᠨᠣ᠋  ᠲᠢᠶᠠᠲᠷ᠎ᠤᠨ  ᠺᠢᠨᠣ᠋ ᠭᠠᠷᠭ᠋ᠠᠬᠤ ᠦᠢ᠍ᠯᠡᠴᠢᠯᠡᠭᠡ 282 ᠬᠤᠪᠢ᠂ ᠮᠠᠰᠢᠨ ᠲᠡᠷᠭᠡ ᠰᠡᠯᠪᠢᠨ ᠵᠠᠰᠠᠬᠤ ᠦᠢ᠍ᠯᠡᠴᠢᠯᠡᠭᠡ 255 ᠬᠤᠪᠢ᠂  ᠬᠠᠭᠤᠷᠠᠢ ᠤᠭᠢᠶᠠᠯᠭ᠎ᠠ ᠵᠢᠨ  ᠦᠢ᠍ᠯᠡᠴᠢᠯᠡᠭᠡ 235 ᠬᠤᠪᠢ᠂ ᠪᠡᠶ᠎ᠡ ᠵᠢᠨ ᠲᠠᠮᠢᠷ᠎ᠤᠨ ᠪᠣᠯᠪᠠᠰᠣᠷᠠᠯ᠎ᠤᠨ ᠦᠢ᠍ᠯᠡᠴᠢᠯᠡᠭᠡ 175 ᠬᠤᠪᠢ᠂ ᠨᠢᠭᠤᠷ  ᠭᠤᠸᠠᠵᠢᠭᠣᠯᠣᠯᠲᠠ 162 ᠬᠤᠪᠢ (ᠭᠥᠯᠢᠶᠡᠨ ᠠᠪᠤᠭᠰᠠᠨ ᠬᠡᠮᠵᠢᠶ᠎ᠡ᠎ᠳᠠᠬᠢ ᠠᠯᠢᠪᠠ  ᠪᠤᠢ ᠪᠦᠬᠦᠢ 《ᠪᠤᠰᠤᠳ》᠎ᠢ ᠨᠡᠷᠡᠰ᠎ᠤᠨ ᠵᠢᠭᠰᠠᠭ᠋ᠠᠯᠲᠠ᠎ᠳᠤ ᠪᠣᠳᠣᠵᠣ ᠣᠷᠤᠭᠤᠯᠤᠭᠰᠠᠨ ᠦᠭᠡᠶ)᠂  ᠨᠡᠢ᠌ᠲᠡ  ᠦᠢ᠍ᠯᠡᠴᠢᠯᠡᠭᠡ ᠪᠠ  ᠲᠦᠷᠦᠯ᠎ᠤᠨ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶᠡᠨ᠎ᠤ 42.55% ᠵᠢ ᠡᠵᠡᠯᠡᠪᠡ᠃

     ᠦᠢ᠍ᠯᠡᠴᠢᠯᠡᠭᠡᠨ᠎ᠤ ᠶᠡᠭᠡ ᠲᠥᠷᠥᠯ᠎ᠤᠨ ᠵᠠᠭ᠋ᠠᠯᠳᠤᠯᠭ᠎ᠠ ᠨᠢᠳᠤᠨᠤᠨ᠎ᠤ ᠎ᠲᠠᠢ  ᠠᠳᠠᠯᠢ ᠪᠠᠶ᠋ᠢᠵᠤ᠂ ᠵᠢᠭᠰᠠᠭ᠋ᠠᠯᠲᠠ᠎ᠨᠢ ᠵᠢᠭ᠋ᠠᠬᠠᠨ ᠬᠤᠪᠢᠷᠠᠯᠲᠠ᠎ᠲᠠᠢ᠄ ᠪᠣᠷᠣᠯᠠᠭᠤᠯᠭ᠎ᠠ ᠵᠢᠨ  ᠦᠢ᠍ᠯᠡᠴᠢᠯᠡᠭᠡ᠎ᠨᠢ ᠳᠡᠭᠡᠭᠰᠢᠯᠡᠭᠡᠳ ᠨᠢᠭᠡᠳᠦᠭᠡᠷ᠎ᠲᠤ  ᠣᠷᠣᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 36.76%᠎ᠪᠠᠷ ᠨᠡᠮᠡᠭᠳᠡᠨ᠂ ᠭᠤᠣᠯ ᠠᠰᠠᠭᠤᠳᠠᠯ᠎ᠨᠢ ᠡᠵᠡᠩᠨᠡᠭᠴᠢ ᠎ᠨᠢ  ᠦᠢ᠍ᠯᠡᠴᠢᠯᠡᠭᠡᠨ᠎ᠤ ᠠᠭᠤᠯᠭ᠎ᠠ ᠪᠠ ᠲᠠᠯᠠᠪᠤᠷ ᠭᠠᠵᠠᠷ ᠵᠡᠷᠭᠡ ᠭᠡᠷ᠎ᠡ᠎ᠳᠤ ᠪᠣᠯᠵᠣᠨ ᠲᠣᠭᠲᠠᠭᠰᠠᠨ ᠵᠦᠢ᠍ᠯᠡᠰ᠂ ᠬᠡᠷᠡᠭᠯᠡᠭᠴᠢᠳ ᠪᠠ ᠡᠵᠡᠩᠨᠡᠭᠴᠢᠳ᠎ᠤᠨ ᠦᠢ᠍ᠯᠡᠴᠢᠯᠡᠭᠡᠨ᠎ᠤ ᠵᠠᠷᠤᠳᠠᠯ᠎ᠤᠨ ᠵᠢᠭᠤᠷᠠᠯᠳᠤᠭ᠋ᠠᠨ᠂ ᠡᠵᠡᠩᠨᠡᠭᠴᠢᠳ ᠠᠵᠢᠯ ᠵᠶ᠋ᠠᠨ ᠵᠣᠭᠰᠣᠭ᠋ᠠᠭᠰᠠᠨ᠎ᠤ ᠳᠠᠷᠠᠭ᠎ᠠ ᠤᠷᠢᠳᠴᠢᠯᠠᠨ ᠥᠭᠭᠦᠭᠰᠡᠨ ᠮᠥᠩᠭᠦ ᠵᠢ ᠪᠤᠴᠠᠭ᠋ᠠᠬᠤ ᠡᠭᠦᠷᠭᠡ᠎ᠠᠴᠠ ᠵᠠᠶ᠋ᠢᠯᠠᠬᠤ ᠵᠡᠷᠭᠡ  ᠪᠣᠯᠣᠨ᠎ᠠ ᠃ ᠰᠣᠶᠣᠯ  ᠵᠤᠭ᠎ᠠ  ᠴᠡᠩᠭᠡᠯ ᠪᠡᠶ᠎ᠡ ᠵᠢᠨ ᠲᠠᠮᠢᠷ᠎ᠤᠨ ᠦᠢ᠍ᠯᠡᠴᠢᠯᠡᠭᠡ᠎ᠨᠢ ᠲᠠᠪᠤᠳᠤᠭ᠋ᠠᠷ᠎ᠲᠤ ᠵᠢᠭᠰᠠᠭ᠋ᠠᠭᠳᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 2.25%᠎ᠪᠠᠷ ᠨᠡᠮᠡᠭᠳᠡᠨ᠂ ᠭᠤᠣᠯ ᠠᠰᠠᠭᠤᠳᠠᠯ᠎ᠨᠢ ᠺᠢᠨᠣ᠋ ᠵᠢᠨ ᠺᠠᠷᠲ ᠵᠢᠴᠢ ᠪᠢᠯᠧᠲ᠎ᠤᠨ ᠦᠨ᠎ᠡ ᠵᠢᠨ ᠠᠰᠠᠭᠤᠳᠠᠯ᠂ ᠺᠢᠨᠣ᠋ ᠦᠵᠡᠬᠦ ᠪᠡᠶᠡᠴᠢ ᠣᠢ᠌ᠯᠠᠭ᠋ᠠᠯᠲᠠ  ᠵᠢᠴᠢ ᠢᠵᠢ ᠪᠦᠷᠢᠳᠦᠭᠰᠡᠨ ᠦᠢ᠍ᠯᠡᠴᠢᠯᠡᠭᠡᠨ᠎ᠤ ᠠᠰᠠᠭᠤᠳᠠᠯ᠂ ᠡᠵᠡᠩᠨᠡᠭᠴᠢ ᠭᠡᠷ᠎ᠡ ᠵᠢᠨ  ᠪᠣᠯᠵᠣᠨ ᠲᠣᠭᠲᠠᠭᠰᠠᠨ ᠠᠭᠣᠯᠭ᠎ᠠ ᠵᠢ  ᠵᠥᠷᠢᠴᠡᠭᠰᠡᠨ᠂ ᠰᠦᠢ᠍ᠳᠬᠡᠯ ᠪᠤᠴᠠᠭ᠋ᠠᠬᠤ ᠱᠠᠭ᠋ᠠᠷᠳᠠᠯᠭ᠎ᠠ ᠵᠢ ᠶᠣᠰᠣ ᠪᠤᠰᠤ᠎ᠪᠠᠷ ᠲᠡᠪᠴᠢᠬᠦ ᠪᠤᠶᠤ ᠤᠴᠢᠷ ᠰᠢᠯᠲᠠᠭ᠋ᠠᠨ ᠦᠭᠡᠢ᠎ᠪᠠᠷ ᠤᠳᠠᠭ᠋ᠠᠰᠢᠷᠠᠭᠤᠯᠬᠤ ᠵᠡᠷᠭᠡ ᠠᠰᠠᠭᠤᠳᠠᠯ ᠳᠡᠭᠡᠷ᠎ᠡ ᠲᠥᠪᠯᠡᠷᠡᠵᠦ ᠪᠠᠶ᠋ᠢᠨ᠎ᠠ᠃ ᠢᠳᠡᠭᠡᠨ ᠤᠮᠳᠠᠭ᠋ᠠᠨ ᠪᠠ  ᠬᠤᠨᠤᠭ ᠪᠠᠭᠣᠳᠠᠯ᠎ᠤᠨ  ᠦᠢ᠍ᠯᠡᠴᠢᠯᠡᠭᠡ᠂ ᠵᠢᠰᠦ ᠭᠤᠶᠣᠯᠠᠵᠤ ᠦᠰᠦ ᠵᠠᠰᠠᠬᠤ  ᠪᠡᠶ᠎ᠡ ᠣᠭᠢᠶᠠᠬᠣ  ᠦᠢ᠍ᠯᠡᠴᠢᠯᠡᠭᠡ᠂ ᠬᠦᠮᠦᠵᠢᠯ  ᠪᠣᠯᠪᠠᠰᠣᠷᠠᠯ᠎ᠤᠨ ᠦᠢ᠍ᠯᠡᠴᠢᠯᠡᠭᠡ ᠎ᠨᠢ  ᠬᠤᠶᠠᠳᠤᠭ᠋ᠠᠷ᠎ᠠᠴᠠ ᠳᠥᠷᠪᠡᠳᠦᠭᠡᠷ᠎ᠲᠤ ᠵᠢᠭᠰᠠᠭ᠋ᠠᠭᠳᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ  ᠴᠦᠮ  ᠵᠣᠬᠢᠬᠤ ᠬᠡᠮᠵᠢᠶ᠎ᠡ᠎ᠪᠠᠷ ᠪᠠᠭᠤᠷᠠᠵᠤ᠂ ᠲᠤᠰ ᠲᠤᠰ 18.92%᠂ 3.42%᠂ 5.50%᠎ᠪᠠᠷ ᠪᠠᠭ᠋ᠠᠰᠪᠠ᠃

     ᠭᠤᠷᠪᠠ᠂ ᠢᠯᠡᠴᠢᠯᠡᠨ  ᠮᠡᠳᠡᠭᠦᠯᠣᠯᠲᠡ ᠵᠢᠨ  ᠪᠠᠶ᠋ᠢᠳᠠᠯ᠎ᠤᠨ ᠪᠦᠷᠢᠳᠬᠡᠯ᠎ᠤᠨ ᠵᠠᠳᠠᠯᠤᠯᠲᠠ

     ᠢᠯᠡᠴᠢᠯᠡᠨ ᠮᠡᠳᠡᠭᠦᠯᠦᠯᠲᠡ ᠵᠢ 7929 ᠬᠤᠪᠢ ᠭᠥᠯᠢᠶᠡᠨ ᠠᠪᠴᠤ᠂ ᠠᠳᠠᠯᠢ ᠬᠤᠭᠤᠴᠠᠭ᠋ᠠᠨ᠎ᠤ᠎ᠬᠢ᠎ᠠᠴᠠ 3.09%᠎ᠪᠠᠷ ᠨᠡᠮᠡᠭᠳᠡᠪᠡ᠃ ᠡᠭᠦᠨ᠎ᠳᠤ᠂ ᠲᠠᠸᠠᠷ᠎ᠤᠨ ᠲᠥᠷᠥᠯ᠎ᠳᠤ  ᠬᠤᠯᠪᠤᠭᠳᠠᠬᠤ 5153 ᠬᠤᠪᠢ᠂ ᠦᠢ᠍ᠯᠡᠴᠢᠯᠡᠭᠡᠨ᠎ᠤ ᠲᠥᠷᠥᠯ᠎ᠳᠤ  ᠬᠤᠯᠪᠤᠭᠳᠠᠬᠤ 2776 ᠬᠤᠪᠢ  ᠪᠣᠯᠣᠨ᠎ᠠ ᠃ 4  ᠳ᠋ᠦ᠍ᠭᠡᠷ  ᠰᠠᠷ᠎ᠠ ᠵᠢᠨ 2᠎ᠤᠨ ᠡᠳᠦᠷ ᠪᠣᠯᠲᠠᠯ᠎ᠠ ᠨᠡᠶ᠋ᠢᠲᠡ 6496 ᠬᠤᠪᠢ ᠵᠢ᠎ᠨᠢ ᠰᠢᠢ᠍ᠳᠪᠦᠷᠢᠯᠡᠨ ᠳᠠᠭᠤᠰᠬᠠᠵᠤ᠂ ᠰᠢᠢ᠍ᠳᠪᠦᠷᠢᠯᠡᠵᠦ ᠳᠠᠭᠤᠰᠬᠠᠭᠰᠠᠨ ᠨᠣᠷᠮ᠎ᠠ᠎ᠨᠢ 81.93%᠎ᠳᠤ ᠬᠦᠷᠪᠡ ᠃

     ᠢᠯᠡᠴᠢᠯᠡᠨ  ᠮᠡᠳᠡᠭᠦᠯᠣᠯᠲᠡ ᠵᠢ  ᠬᠦᠯᠢᠶᠡᠨ ᠠᠪᠤᠭᠰᠠᠨ ᠬᠡᠮᠵᠢᠶᠡᠨ᠎ᠤ  ᠡᠮᠦᠨ᠎ᠡ  ᠲᠠᠪᠣ᠎ᠳᠤ ᠵᠢᠭᠰᠠᠭ᠋ᠠᠭᠳᠠᠭᠰᠠᠨ  ᠲᠠᠸᠠᠷ᠂ ᠦᠢ᠍ᠯᠡᠴᠢᠯᠡᠭᠡᠨ᠎ᠤ ᠲᠥᠷᠥᠯ ᠬᠤᠪᠢᠶᠠᠭᠰᠠᠨ ᠬᠦᠰᠦᠨᠦᠭᠲᠦ᠄

 

图8.png

 

     ᠲᠠᠸᠠᠷ᠎ᠤᠨ ᠲᠥᠷᠥᠯ᠎ᠤᠨ ᠢᠯᠡᠴᠢᠯᠡᠨ ᠮᠡᠳᠡᠭᠦᠯᠦᠯᠲᠡ ᠠᠳᠠᠯᠢ ᠬᠤᠭᠤᠴᠠᠭ᠋ᠠᠨ᠎ᠤ᠎ᠬᠢ᠎ᠠᠴᠠ 8.78%᠎ᠪᠠᠷ ᠨᠡᠮᠡᠭᠳᠡᠵᠦ᠂ ᠡᠢ᠌ᠮᠦᠷᠬᠦᠦ ᠲᠥᠷᠥᠯ᠎ᠤᠨ  ᠢᠯᠡᠴᠢᠯᠡᠨ ᠮᠡᠳᠡᠭᠦᠯᠦᠯᠲᠡ᠎ᠳᠤ᠂ ᠢᠳᠡᠭᠡᠨ᠎ᠤ ᠲᠥᠷᠥᠯ᠎ᠤᠨ ᠢᠯᠡᠴᠢᠯᠡᠨ ᠮᠡᠳᠡᠭᠦᠯᠦᠯᠲᠡ 2995 ᠬᠤᠪᠢ ᠪᠠᠶ᠋ᠢᠵᠤ᠂ ᠲᠠᠸᠠᠷ᠎ᠤᠨ ᠲᠥᠷᠥᠯ᠎ᠤᠨ ᠢᠯᠡᠴᠢᠯᠡᠨ  ᠮᠡᠳᠡᠭᠦᠯᠣᠯᠲᠡ ᠵᠢᠨ  ᠶᠡᠷᠦᠩᠬᠡᠶ ᠬᠡᠮᠵᠢᠶᠡᠨ᠎ᠤ 58.12%᠎ᠢ ᠡᠵᠡᠯᠡᠪᠡ᠃ ᠢᠳᠡᠭᠡᠨ᠎ᠤ ᠲᠥᠷᠥᠯ᠎ᠤᠨ ᠢᠯᠡᠴᠢᠯᠡᠨ  ᠮᠡᠳᠡᠭᠦᠯᠣᠯᠲᠡ᠎ᠳᠤ  ᠢᠯᠡᠭᠦᠦ ᠬᠣᠯᠪᠣᠭᠳᠠᠭᠰᠠᠨ᠎ᠨᠢ  ᠢᠳᠡᠭᠡᠨ ᠤᠮᠳᠠᠭ᠋ᠠᠨ᠎ᠤ  ᠵᠦᠢ᠍ᠯ ᠂ ᠴᠠᠭ᠋ᠠᠨ  ᠢᠳᠡᠭᠡᠨ ᠂ ᠮᠢᠬᠠᠨ᠎ᠤ ᠪᠦᠲᠦᠭᠡᠭᠳᠡᠬᠦᠨ᠂ ᠤᠮᠳᠠᠭ᠋ᠠᠨ᠂ ᠠᠮᠤ ᠪᠤᠳᠠᠭ᠎ᠠ᠎ᠪᠠᠷ ᠡᠳ᠋ᠰᠢᠭᠦᠯᠦᠭᠰᠡᠨ ᠪᠦᠲᠦᠭᠡᠭᠳᠡᠬᠦᠨ᠂ ᠪᠣᠭᠤᠷᠰᠤᠭ᠂ ᠮᠠᠯ ᠵᠢᠭᠦᠷᠲᠡᠨ᠎ᠤ ᠮᠢᠬ᠎ᠠ ᠵᠢᠴᠢ ᠲᠤᠰᠠᠯᠠᠬᠤ ᠦᠢ᠍ᠯᠡᠳᠬᠦᠨ᠂ ᠠᠷᠢᠬᠢᠨ᠎ᠤ  ᠵᠦᠢ᠍ᠯ  ᠵᠡᠷᠭᠡ  ᠪᠠᠢ᠌ᠵᠦ ᠂ ᠵᠠᠷ ᠮᠡᠳᠡᠭᠡ᠂ ᠦᠨ᠎ᠡ ᠬᠠᠩᠰᠢ᠂ ᠵᠢᠩ  ᠲᠣᠲᠠᠭᠳᠠᠬᠤ᠂ ᠬᠣᠭᠣᠴᠠᠭ᠎ᠠ᠎ᠨᠢ ᠬᠡᠲᠦᠷᠡᠭᠰᠡᠨ ᠢᠳᠡᠭᠡᠨ  ᠵᠡᠷᠭᠡ ᠠᠰᠠᠭᠤᠳᠠᠯ ᠵᠶ᠋ᠠᠷ ᠭᠤᠤᠯ  ᠪᠣᠯᠭ᠋ᠠᠵᠠᠢ ᠃ ᠪᠤᠰᠤᠳ ᠢᠯᠡᠴᠢᠯᠡᠨ ᠮᠡᠳᠡᠭᠦᠯᠦᠯᠲᠡ ᠨᠡᠯᠢᠶᠡᠳ ᠠᠷᠪᠢᠨ ᠪᠠᠶ᠋ᠢᠭ᠎ᠠ ᠲᠠᠸᠠᠷ᠎ᠲᠤ ᠡᠳᠦᠷ ᠲᠤᠲᠤᠮ᠎ᠤᠨ ᠬᠡᠷᠡᠭᠯᠡᠭᠡᠨ᠎ᠤ  ᠵᠦᠢ᠍ᠯ ᠂ ᠣᠨᠴᠠᠭ᠋ᠠᠶ ᠪᠤᠰᠤ  ᠬᠡᠷᠡᠭᠯᠡᠭᠡᠨ᠎ᠤ ᠭᠣᠶᠣᠯᠠᠯ᠎ᠤᠨ  ᠡᠳ᠋᠂ ᠬᠢᠲᠠᠳ  ᠨᠠᠢ᠌ᠷᠠᠯᠭ᠎ᠠ ᠵᠢᠨ  ᠡᠮ᠂ ᠹᠢᠽᠢᠺ᠎ᠤᠨ ᠡᠮᠴᠢᠯᠡᠭᠡᠨ᠎ᠤ ᠪᠠᠭ᠋ᠠᠵᠢ ᠬᠡᠷᠡᠭᠰᠡᠯ᠂ ᠲᠠᠸᠠᠷ᠎ᠤᠨ ᠭᠡᠷ  ᠪᠠᠢ᠌ᠰᠢᠩ ᠂ ᠮᠠᠰᠢᠨ ᠲᠡᠷᠭᠡ ᠵᠢᠴᠢ ᠮᠠᠰᠢᠨ ᠲᠡᠷᠭᠡᠨ᠎ᠤ  ᠰᠡᠯᠪᠢᠭ  ᠲᠣᠨᠤᠭ ᠵᠡᠷᠭᠡ ᠵᠢ ᠪᠠᠭᠲᠠᠭ᠋ᠠᠵᠤ᠂ ᠭᠤᠣᠯᠳᠠᠭᠤ ᠦᠨ᠎ᠡ ᠬᠠᠩᠰᠢ᠂ ᠬᠠᠭᠤᠷᠮᠠᠭ ᠮᠠᠭᠤ ᠲᠠᠸᠠᠷ ᠦᠢ᠍ᠯᠡᠳᠴᠦ ᠪᠣᠷᠣᠯᠠᠭᠤᠯᠬᠤ᠂ ᠮᠠᠭᠤ᠎ᠪᠠᠷ ᠰᠠᠶ᠋ᠢᠨ᠎ᠢ ᠣᠷᠣᠯᠠᠭᠤᠯᠬᠤ᠂ 《ᠭᠤᠷᠪᠠ ᠦᠭᠡᠢ》᠂ ᠬᠤᠳᠠᠯ ᠬᠠᠭᠤᠷᠮᠠᠭ ᠳᠠᠩᠰᠠᠯᠠᠭᠤᠯᠤᠭᠰᠠᠨ ᠲᠠᠸᠠᠷ᠎ᠤᠨ ᠲᠡᠮᠳᠡᠭ᠂ ᠬᠤᠳᠠᠯ ᠬᠠᠭᠤᠷᠮᠠᠭ ᠤᠬᠠᠭᠤᠯᠭ᠎ᠠ᠂ ᠦᠨᠡᠮᠯᠡᠯ ᠦᠭᠡᠢ᠎ᠪᠠᠷ ᠡᠵᠡᠩᠨᠡᠬᠦ ᠵᠢᠴᠢ ᠶᠠᠰᠤ ᠴᠢᠨᠠᠷ᠎ᠤᠨ ᠠᠰᠠᠭᠤᠳᠠᠯ ᠵᠡᠷᠭᠡ᠎ᠳᠤ ᠬᠣᠯᠪᠣᠭᠳᠠᠪᠠ ᠃

     ᠦᠢ᠍ᠯᠡᠴᠢᠯᠡᠭᠡᠨ᠎ᠤ ᠲᠥᠷᠥᠯ᠎ᠤᠨ ᠢᠯᠡᠴᠢᠯᠡᠨ ᠮᠡᠳᠡᠭᠦᠯᠦᠯᠲᠡ ᠠᠳᠠᠯᠢ ᠬᠤᠭᠤᠴᠠᠭ᠋ᠠᠨ᠎ᠤ᠎ᠬᠢ᠎ᠠᠴᠠ 6.03%᠎ᠪᠠᠷ ᠪᠠᠭ᠋ᠠᠰᠴᠤ᠂  ᠡᠢ᠌ᠮᠣᠷᠬᠦᠦ ᠲᠥᠷᠥᠯ᠎ᠤᠨ  ᠢᠯᠡᠴᠢᠯᠡᠨ  ᠮᠡᠳᠡᠭᠦᠯᠣᠯᠲᠡ᠎ᠳᠤ  ᠬᠠᠮᠤᠭ᠎ᠤᠨ ᠣᠯᠠᠨ ᠪᠣᠯᠬᠤ  ᠢᠳᠡᠭᠡᠨ ᠤᠮᠳᠠᠭ᠋ᠠᠨ ᠪᠠ  ᠬᠤᠨᠤᠭ ᠪᠠᠭᠣᠳᠠᠯ᠎ᠤᠨ  ᠦᠢ᠍ᠯᠡᠴᠢᠯᠡᠭᠡ 677 ᠬᠤᠪᠢ ᠪᠠᠶ᠋ᠢᠵᠤ᠂ ᠦᠢ᠍ᠯᠡᠴᠢᠯᠡᠭᠡᠨ᠎ᠤ ᠲᠥᠷᠥᠯ᠎ᠤᠨ ᠢᠯᠡᠴᠢᠯᠡᠨ  ᠮᠡᠳᠡᠭᠦᠯᠣᠯᠲᠡ ᠵᠢᠨ  ᠶᠡᠷᠦᠩᠬᠡᠶ ᠬᠡᠮᠵᠢᠶᠡᠨ᠎ᠤ 24.39% ᠵᠢ ᠡᠵᠡᠯᠡᠪᠡ᠃ ᠢᠯᠡᠴᠢᠯᠡᠨ ᠮᠡᠳᠡᠭᠦᠯᠦᠭᠰᠡᠨ ᠭᠤᠤᠯ ᠠᠰᠠᠭᠤᠳᠠᠯ᠎ᠨᠢ ᠶᠠᠰᠤ ᠴᠢᠨᠠᠷ᠂ ᠠᠮᠤᠷ ᠲᠦᠪᠰᠢᠨ᠂ ᠦᠨ᠎ᠡ ᠬᠠᠩᠰᠢ᠂ ᠦᠨᠡᠮᠯᠡᠯ ᠦᠭᠡᠢ᠎ᠪᠠᠷ ᠡᠵᠡᠩᠨᠡᠭᠰᠡᠨ  ᠵᠡᠷᠭᠡ ᠪᠣᠯᠤᠨ᠎ᠠ᠃ ᠪᠤᠰᠤᠳ ᠢᠯᠡᠴᠢᠯᠡᠨ  ᠮᠡᠳᠡᠭᠦᠯᠣᠯᠲᠡ ᠬᠠᠷᠢᠴᠠᠩᠭᠣᠢ ᠣᠯᠠᠨ ᠪᠤᠯᠬᠤ ᠦᠢ᠍ᠯᠡᠴᠢᠯᠡᠭᠡ᠎ᠨᠢ ᠭᠤᠤᠯᠳᠠᠭᠤ ᠵᠢᠰᠦ ᠭᠤᠶᠣᠯᠠᠵᠤ ᠦᠰᠦ ᠵᠠᠰᠠᠬᠤ  ᠦᠢ᠍ᠯᠡᠴᠢᠯᠡᠭᠡ ᠂ ᠵᠢᠵᠢᠭᠯᠡᠨ  ᠪᠣᠷᠣᠯᠠᠭᠣᠯᠬᠣ ᠦᠢ᠍ᠯᠡᠴᠢᠯᠡᠭᠡ ᠂ ᠤᠬᠢᠶᠠᠯᠭ᠎ᠠ  ᠢᠯᠢᠵᠦ ᠨᠤᠬᠤᠯᠠᠬᠤ ᠦᠢ᠍ᠯᠡᠴᠢᠯᠡᠭᠡ ᠂ ᠡᠮᠨᠡᠯᠭᠡ ᠵᠢᠨ ᠬᠤᠷᠢᠶᠠᠨ᠎ᠤ ᠦᠢ᠍ᠯᠡᠴᠢᠯᠡᠭᠡ ᠂ ᠮᠡᠷᠭᠡᠵᠢᠯ ᠴᠢᠳᠠᠪᠤᠷᠢ ᠵᠢᠨ  ᠪᠣᠯᠪᠠᠰᠣᠷᠠᠯ᠎ᠤᠨ ᠦᠢ᠍ᠯᠡᠴᠢᠯᠡᠭᠡ ᠂ ᠲᠣᠭᠤᠷᠢᠨ  ᠦᠵᠡᠬᠦ  ᠵᠤᠭ᠎ᠠ ᠴᠡᠩᠭᠡᠯ᠎ᠤᠨ  ᠦᠢ᠍ᠯᠡᠴᠢᠯᠡᠭᠡ  ᠵᠡᠷᠭᠡ᠎ᠳᠤ ᠬᠣᠯᠪᠣᠭᠳᠠᠪᠠ ᠃ ᠭᠣᠣᠯ ᠠᠰᠠᠭᠤᠳᠠᠯ ᠎ᠨᠢ  ᠦᠨ᠎ᠡ ᠬᠠᠩᠰᠢ᠂ ᠬᠤᠳᠠᠯ ᠬᠠᠭᠤᠷᠮᠠᠭ ᠵᠶ᠋ᠡᠷ ᠣᠬᠠᠭᠣᠯᠬᠣ ᠂ ᠬᠡᠷᠡᠭᠯᠡᠭᠴᠢᠳ᠎ᠢ ᠮᠡᠬᠡᠯᠡᠭᠦ ᠪᠠ ᠦᠨᠡᠮᠯᠡᠯ ᠦᠭᠡᠢ᠎ᠪᠠᠷ ᠡᠵᠡᠩᠨᠡᠭᠰᠡᠨ  ᠵᠡᠷᠭᠡ ᠪᠣᠯᠣᠨ᠎ᠠ᠃

     ᠳᠥᠷᠪᠡ᠂  ᠠᠰᠠᠭᠤᠨ ᠯᠠᠪᠯᠠᠯᠲᠠ ᠵᠢᠨ  ᠪᠠᠶ᠋ᠢᠳᠠᠯ᠎ᠤᠨ ᠪᠦᠷᠢᠳᠬᠡᠯ᠎ᠤᠨ ᠵᠠᠳᠠᠯᠣᠯᠲᠠ

     ᠠᠰᠠᠭᠤᠨ  ᠯᠠᠪᠯᠠᠯᠲᠠ ᠵᠢ  ᠬᠦᠯᠢᠶᠡᠨ ᠠᠪᠤᠭᠰᠠᠨ᠎ᠨᠢ 41328 ᠬᠤᠪᠢ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 5.16%᠎ᠪᠠᠷ ᠪᠠᠭ᠋ᠠᠰᠴᠠᠢ ᠂ ᠡᠭᠦᠨ᠎ᠳᠤ ᠬᠡᠷᠡᠭᠯᠡᠭᠡᠨ᠎ᠤ ᠡᠷᠬᠡ᠎ᠪᠠᠨ ᠬᠠᠮᠠᠭ᠋ᠠᠯᠠᠬᠤ ᠮᠡᠳᠡᠯᠭᠡ᠎ᠲᠠᠢ ᠬᠣᠯᠪᠣᠭᠳᠠᠭᠰᠠᠨ 11151 ᠬᠤᠪᠢ ᠪᠠᠢ᠌ᠪᠠ ;  ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠢᠰᠲ᠋ᠧᠮ᠎ᠳᠤ ᠬᠤᠯᠪᠣᠭᠳᠠᠭᠰᠠᠨ 3416 ᠬᠤᠪᠢ ᠪᠠᠶ᠋ᠢᠵᠤ᠂ ᠠᠰᠠᠭᠤᠨ ᠯᠠᠪᠯᠠᠭᠰᠠᠨ  ᠬᠡᠮᠵᠢᠶ᠎ᠡ᠎ᠪᠠᠷ ᠨᠡᠯᠢᠶᠡᠳ ᠶᠡᠭᠡ ᠠᠰᠠᠭᠤᠳᠠᠯ᠎ᠨᠢ  ᠲᠣᠰ ᠲᠣᠰ ᠄ ᠢᠯᠡᠴᠢᠯᠡᠨ  ᠮᠡᠳᠡᠭᠦᠯᠦᠯᠲᠡ ᠵᠠᠭ᠋ᠠᠯᠳᠤᠯᠭ᠎ᠠ ᠵᠢ ᠰᠢᠢ᠍ᠳᠪᠦᠷᠢᠯᠡᠭᠰᠡᠨ 1129 ᠬᠤᠪᠢ ᠂ ᠰᠦᠯᠵᠢᠶᠡᠨ᠎ᠤ ᠠᠷᠠᠯᠵᠢᠶᠠᠨ᠎ᠤ ᠬᠢᠨᠠᠯᠲᠠ ᠬᠠᠮᠢᠶᠠᠷᠤᠯᠲᠠ 387 ᠬᠤᠪᠢ᠂ ᠵᠠᠬ᠎ᠠ ᠳᠡᠯᠭᠡᠭᠦᠷ᠎ᠤᠨ ᠭᠤᠤᠯ ᠴᠣᠭᠴᠠ ᠵᠢᠨ ᠳᠡᠩᠰᠡᠯᠡᠨ ᠲᠡᠮᠳᠡᠭᠯᠡᠯᠲᠡ 79 ᠬᠤᠪᠢ᠂  ᠦᠢ᠍ᠯᠡᠴᠢᠯᠡᠭᠡᠨ᠎ᠤ ᠬᠡᠷᠡᠭᠯᠡᠭᠡ ᠵᠢᠨ  ᠬᠢᠨᠠᠯᠲᠠ ᠬᠠᠮᠢᠶᠠᠷᠤᠯᠲᠠ 75 ᠬᠤᠪᠢ᠂ ᠢᠳᠡᠭᠡᠨ᠎ᠤ ᠬᠢᠨᠠᠯᠲᠠ ᠬᠠᠮᠢᠶᠠᠷᠤᠯᠲᠠ 45 ᠬᠤᠪᠢ᠂  ᠦᠢ᠍ᠯᠡᠳᠬᠦᠨ (ᠲᠠᠸᠠᠷ)᠎ᠤ ᠶᠠᠰᠤ ᠴᠢᠨᠠᠷ 37 ᠬᠤᠪᠢ᠂ ᠲᠠᠸᠠᠷ᠎ᠤᠨ ᠠᠷᠠᠯᠵᠢᠶᠠᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ 26 ᠬᠤᠪᠢ ᠵᠡᠷᠭᠡ ᠪᠣᠯᠤᠨ᠎ᠠ ᠂  ᠪᠤᠰᠤᠳ ᠰᠠᠯᠠᠭ᠎ᠠ ᠮᠥᠴᠢᠷ᠎ᠤᠨ ᠠᠰᠠᠭᠤᠨ ᠯᠠᠪᠯᠠᠯᠲᠠ᠎ᠳᠤ  ᠬᠤᠯᠪᠣᠭᠳᠠᠭᠰᠠᠨ᠎ᠨᠢ ᠭᠤᠤᠯᠳᠠᠭᠤ ᠡᠷᠡᠭᠦᠯ ᠬᠠᠮᠠᠭ᠋ᠠᠯᠠᠯ᠂ ᠵᠢᠭᠤᠯᠴᠢᠯᠠᠯ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠬᠠᠮᠢᠶᠠᠷᠤᠯᠲᠠ᠂ ᠰᠢᠤᠳᠠᠨ᠂ ᠢᠯᠴᠢ  ᠬᠠᠩᠭ᠋ᠠᠬᠤ᠂ ᠤᠰᠤ ᠬᠠᠩᠭ᠋ᠠᠬᠤ᠂ ᠴᠠᠬᠢᠯᠭ᠋ᠠᠨ ᠬᠠᠩᠭ᠋ᠠᠬᠤ ᠂  ᠠᠳᠠᠯ ᠠᠬᠤᠶ᠂ ᠬᠡᠷ ᠪᠠᠶ᠋ᠢᠰᠢᠩ ᠭᠠᠵᠠᠷ ᠬᠥᠷᠥᠩᠭᠡ ᠵᠡᠷᠭᠡ ᠪᠣᠯᠣᠨ᠎ᠠ ᠃

     ᠲᠠᠶ᠋ᠢᠯᠪᠤᠷᠢ ᠄  ᠳᠣᠰ ᠮᠠᠲᠠᠭᠦᠯᠣᠯᠲᠠ ᠵᠢᠨ ᠳᠣᠭ᠎ᠠ ᠪᠠᠷᠢᠮᠲᠠ ᠎ᠨᠢ  ᠪᠤᠢ᠍ᠭᠦ ᠤᠯᠤᠰ᠎ᠤᠨ 12315 ᠲᠠᠪᠴᠠᠩ᠎ᠠᠴᠠ ᠡᠢ᠍ᠷᠠᠯᠲᠠ᠎ᠲᠠᠢ

 

ᠢᠷᠡᠯᠲᠡ᠄ ᠬᠡᠷᠡᠭᠯᠡᠭᠴᠢᠳ᠎ᠤᠨ ᠡᠷᠬᠡ ᠠᠰᠢᠭ᠎ᠢ ᠬᠠᠮᠠᠭ᠋ᠠᠯᠠᠬᠤ ᠦᠢ᠍ᠯᠡᠴᠢᠯᠡᠭᠡᠨ᠎ᠤ ᠲᠥᠪ