ᠨᠢᠭᠡ᠂ ᠦᠨᠳᠦᠰᠦᠨ ᠪᠠᠶ᠋ᠢᠳᠠᠯ
2025 ᠣᠨ᠎ᠤ 1᠎ᠠᠴᠠ 5 ᠳ᠋ᠤᠭ᠋ᠠᠷ ᠰᠠᠷ᠎ᠠ ᠵᠢᠨ ᠥᠪᠥᠷ ᠮᠣᠩᠭᠤᠯ᠎ᠤᠨ ᠪᠥᠬᠦ ᠤᠯᠤᠰ᠎ᠤᠨ 12315 ᠲᠠᠪᠴᠠᠩ ᠳᠡᠭᠡᠷ᠎ᠡ ᠬᠡᠷᠡᠭᠯᠡᠭᠴᠢᠳ᠎ᠤᠨ ᠵᠠᠭ᠋ᠠᠯᠳᠤᠯᠭ᠎ᠠ᠂ ᠢᠯᠡᠴᠢᠯᠡᠨ ᠮᠡᠳᠡᠭᠦᠯᠦᠯᠲᠡ᠂ ᠠᠰᠠᠭᠣᠨ ᠯᠠᠪᠯᠠᠯᠲᠠ ᠵᠢ ᠨᠡᠶ᠋ᠢᠲᠡ 161082 ᠭᠥᠯᠢᠶᠡᠨ ᠠᠪᠴᠤ᠂ ᠠᠳᠠᠯᠢ ᠬᠤᠭᠤᠴᠠᠭ᠋ᠠᠨ᠎ᠤ᠎ᠬᠢ᠎ᠠᠴᠠ 7.76 %᠎ᠪᠠᠷ ᠨᠡᠮᠡᠭᠳᠡᠪᠡ᠃ ᠡᠭᠦᠨ᠎ᠳᠤ᠂ ᠵᠠᠭ᠋ᠠᠯᠳᠤᠯᠭ᠎ᠠ 68036 ᠬᠤᠪᠢ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 12.63%᠎ᠪᠠᠷ ᠨᠡᠮᠡᠭᠳᠡᠪᠡ; ᠢᠯᠡᠴᠢᠯᠡᠨ ᠮᠡᠳᠡᠭᠦᠯᠦᠯᠲᠡ 15630 ᠬᠤᠪᠢ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 16.26%᠎ᠪᠠᠷ ᠨᠡᠮᠡᠭᠳᠡᠪᠡ; ᠠᠰᠠᠭᠣᠨ ᠯᠠᠪᠯᠠᠯᠲᠠ 77416 ᠬᠤᠪᠢ ᠪᠠᠢ᠌ᠵᠦ᠂ ᠠᠳᠠᠯᠢ ᠬᠣᠭᠣᠴᠠᠭ᠋ᠠᠨᠤᠬᠢᠠᠴᠠ 2.36%᠎ᠪᠠᠷ ᠨᠡᠮᠡᠭᠳᠡᠪᠡ᠃ ᠵᠠᠭ᠋ᠠᠯᠳᠣᠯᠭ᠎ᠠ ᠢᠯᠡᠴᠢᠯᠡᠨ ᠮᠡᠳᠡᠭᠦᠯᠤᠯᠲᠡ ᠵᠢ ᠨᠡᠢ᠌ᠲᠡ 76114 ᠰᠢᠢ᠍ᠳᠪᠦᠷᠢᠯᠡᠵᠦ ᠳᠠᠭᠣᠰᠬᠠᠵᠦ᠂ ᠰᠢᠢ᠍ᠳᠪᠦᠷᠢᠯᠡᠨ ᠳᠠᠭᠤᠰᠬᠠᠭᠰᠠᠨ ᠨᠤᠷᠮ᠎ᠠ᠎ᠨᠢ 90.97%᠎ᠳᠤ ᠬᠦᠷᠴᠦ᠂ ᠮᠠᠷᠭᠣᠭ᠋ᠠᠨᠳᠤ ᠬᠣᠯᠪᠣᠭᠳᠠᠭᠰᠠᠨ ᠵᠣᠭᠣᠰᠣᠨ ᠲᠣᠭ᠎ᠠ᠎ᠨᠢ 7607.75 ᠲᠦᠮᠡᠨ ᠲᠦᠭᠦᠷᠢᠭ᠎ᠲᠤ ᠬᠦᠷᠴᠦ᠂ ᠬᠡᠷᠡᠭᠯᠡᠭᠴᠢᠳ᠎ᠲᠤ 2048.97 ᠲᠦᠮᠡᠨ ᠲᠦᠭᠦᠷᠢᠭ᠎ᠤᠨ ᠠᠵᠦ ᠠᠬᠣᠢ ᠵᠢᠨ ᠬᠤᠬᠢᠷᠠᠯ᠎ᠢ ᠪᠣᠴᠠᠭ᠋ᠠᠨ ᠦᠭᠴᠠᠢ᠃
2025 ᠣᠨ᠎ᠤ 5 ᠳ᠋ᠤᠭ᠋ᠠᠷ ᠰᠠᠷ᠎ᠠ᠎ᠳᠤ᠂ ᠥᠪᠥᠷ ᠮᠣᠩᠭᠤᠯ᠎ᠤᠨ ᠪᠥᠬᠦ ᠤᠯᠤᠰ᠎ᠤᠨ 12315 ᠲᠠᠪᠴᠠᠩ᠎ᠨᠢ ᠬᠡᠷᠡᠭᠯᠡᠭᠴᠢᠳ᠎ᠤᠨ ᠵᠠᠭ᠋ᠠᠯᠳᠤᠯᠭ᠎ᠠ᠂ ᠢᠯᠡᠴᠢᠯᠡᠨ ᠮᠡᠳᠡᠭᠦᠯᠦᠯᠲᠡ᠂ ᠯᠠᠪᠯᠠᠯᠲᠠ ᠵᠢ ᠨᠡᠶ᠋ᠢᠲᠡ 41004 ᠬᠤᠪᠢ ᠭᠥᠯᠢᠶᠡᠨ ᠠᠪᠴᠤ᠂ ᠠᠳᠠᠯᠢ ᠬᠤᠭᠤᠴᠠᠭ᠋ᠠᠨ᠎ᠤ᠎ᠬᠢ᠎ᠠᠴᠠ 37.26%᠎ᠪᠠᠷ ᠨᠡᠮᠡᠭᠳᠡᠨ᠂ ᠲᠦᠷᠦᠭᠦᠤ ᠬᠤᠭᠤᠴᠠᠭ᠋ᠠᠨ᠎ᠤ᠎ᠬᠢ᠎ᠠᠴᠠ 13.16%᠎ᠪᠠᠷ ᠨᠡᠮᠡᠭᠳᠡᠪᠡ᠃ ᠡᠭᠦᠨ᠎ᠳᠤ ᠵᠠᠭ᠋ᠠᠯᠳᠤᠯᠭ᠎ᠠ ᠬᠢᠭᠰᠡᠨ᠎ᠨᠢ 19310 ᠬᠤᠪᠢ᠂ ᠶᠡᠷᠦᠩᠬᠡᠢ ᠬᠡᠮᠵᠢᠶᠡᠨ᠎ᠤ 47.09% ᠵᠢ ᠡᠵᠡᠯᠡᠪᠡ᠂ ᠢᠯᠡᠴᠢᠯᠡᠨ ᠵᠠᠭ᠋ᠠᠯᠳᠤᠯᠭ᠎ᠠ 4148 ᠬᠤᠪᠢ ᠪᠠᠶ᠋ᠢᠵᠤ᠂ ᠶᠡᠷᠦᠩᠬᠡᠢ ᠬᠡᠮᠵᠢᠶᠡᠨ᠎ᠤ 10.12% ᠵᠢ ᠡᠵᠡᠯᠡᠵᠡᠢ᠂ ᠠᠰᠠᠭᠤᠨ ᠯᠠᠪᠯᠠᠯᠳᠠ 17546 ᠬᠤᠪᠢ ᠪᠠᠶ᠋ᠢᠵᠤ᠂ ᠶᠡᠷᠦᠩᠬᠡᠢ ᠬᠡᠮᠵᠢᠶᠡᠨ᠎ᠤ 42.79% ᠵᠢ ᠡᠵᠡᠯᠡᠪᠡ᠃
2025 ᠣᠨ᠎ᠤ 5 ᠳ᠋ᠤᠭ᠋ᠠᠷ ᠰᠠᠷ᠎ᠠ᠎ᠳᠤ ᠪᠥᠬᠦ ᠣᠷᠣᠨ᠎ᠤ 12315 ᠵᠠᠭ᠋ᠠᠯᠳᠣᠯᠭ᠎ᠠ ᠢᠯᠡᠴᠢᠯᠡᠨ ᠮᠡᠳᠡᠭᠦᠯᠣᠯᠲᠡ ᠠᠰᠠᠭᠣᠨ ᠯᠠᠪᠯᠠᠯᠲᠠ ᠵᠢᠨ ᠬᠡᠮᠵᠢᠶᠡᠨ᠎ᠤ ᠠᠳᠠᠯᠢ ᠬᠤᠭᠤᠴᠠᠭ᠋ᠠᠨ᠎ᠤ ᠬᠠᠷᠢᠴᠠᠭᠤᠯᠤᠯ᠎ᠤᠨ ᠵᠢᠷᠤᠭ᠄

ᠡᠯ᠎ᠡ ᠠᠶ᠋ᠢᠮᠠᠭ ᠬᠤᠲᠠ ᠵᠢᠨ ᠵᠠᠭ᠋ᠠᠯᠳᠤᠯᠭ᠎ᠠ ᠬᠢᠵᠦ ᠢᠯᠡᠴᠢᠯᠡᠨ ᠮᠡᠳᠡᠭᠦᠯᠦᠭᠰᠡᠨ ᠬᠡᠮᠵᠢᠶ᠎ᠡ ᠵᠢᠨ ᠪᠠᠶ᠋ᠢᠳᠠᠯ᠎ᠤᠨ ᠪᠦᠷᠢᠳᠬᠡᠯ᠎ᠤᠨ ᠬᠦᠰᠦᠨᠦᠭᠲᠦ (ᠨᠢᠭᠡᠴᠢ᠄ ᠬᠤᠪᠢ)

ᠵᠠᠭ᠋ᠠᠯᠳᠤᠬᠤ ᠢᠯᠡᠴᠢᠯᠡᠨ ᠮᠡᠳᠡᠭᠦᠯᠬᠦ ᠶᠡᠷᠦᠩᠬᠡᠶ ᠬᠡᠮᠵᠢᠶ᠎ᠡ ᠵᠢᠨ ᠡᠮᠦᠨ᠎ᠡ ᠭᠤᠷᠪᠠ᠎ᠳᠤ ᠵᠢᠭᠰᠠᠭ᠋ᠠᠭᠳᠠᠭᠰᠠᠨ᠎ᠨᠢ ᠬᠥᠬᠡᠬᠣᠲᠠ᠂ ᠪᠤᠭᠤᠲᠤ ᠬᠣᠲᠠ᠂ ᠤᠯᠠᠭ᠋ᠠᠨᠬᠠᠳᠠ ᠬᠣᠲᠠ ᠪᠣᠯᠤᠨ᠎ᠠ᠃ ᠡᠯ᠎ᠡ ᠵᠦᠢ᠍ᠯ᠎ᠤᠨ ᠲᠤᠭ᠎ᠠ ᠪᠠᠷᠢᠮᠲᠠ᠎ᠳᠤ ᠵᠠᠭ᠋ᠠᠯᠳᠤᠯᠭ᠎ᠠ ᠵᠢᠨ ᠬᠡᠮᠵᠢᠶᠡᠨ᠎ᠤ ᠡᠮᠦᠨ᠎ᠡ ᠭᠤᠷᠪᠠ᠎ᠨᠢ ᠬᠥᠬᠡᠬᠤᠲᠠ᠂ ᠪᠤᠭᠤᠲᠤ ᠬᠤᠲᠠ᠂ ᠤᠯᠠᠭ᠋ᠠᠨᠬᠠᠳᠠ ᠬᠤᠲᠠ ᠪᠠᠶ᠋ᠢᠵᠤ᠂ ᠢᠯᠡᠴᠢᠯᠡᠨ ᠮᠡᠳᠡᠭᠦᠯᠦᠯᠲᠡ ᠵᠢᠨ ᠬᠡᠮᠵᠢᠶᠡᠨ᠎ᠤ ᠲᠦᠷᠦᠭᠦᠤ ᠭᠤᠷᠪᠠ᠎ᠨᠢ ᠬᠥᠬᠡᠬᠤᠲᠠ᠂ ᠪᠤᠭᠤᠲᠤ ᠬᠤᠲᠠ᠂ ᠲᠦᠩᠯᠢᠶᠣᠤ ᠬᠤᠲᠠ ᠪᠣᠯᠤᠨ᠎ᠠ᠃
ᠬᠤᠶᠠᠷ᠂ ᠵᠠᠭ᠋ᠠᠯᠳᠤᠯᠭ᠎ᠠ ᠵᠢᠨ ᠪᠠᠶ᠋ᠢᠳᠠᠯ᠎ᠤᠨ ᠲᠤᠭ᠎ᠠ ᠪᠠᠷᠢᠮᠳᠠ ᠵᠢᠨ ᠪᠦᠷᠢᠳᠬᠡᠯ
5 ᠳ᠋ᠤᠭ᠋ᠠᠷ ᠰᠠᠷ᠎ᠠ᠎ᠳᠤ ᠬᠡᠷᠡᠭᠯᠡᠭᠴᠢᠳ᠎ᠤᠨ ᠵᠠᠭ᠋ᠠᠯᠳᠤᠯᠭ᠎ᠠ ᠵᠢ ᠨᠡᠢ᠍ᠲᠡ 1910 ᠬᠤᠪᠢ ᠬᠦᠯᠢᠶᠡᠨ ᠠᠪᠴᠤ᠂ ᠠᠳᠠᠯᠢ ᠬᠤᠭᠤᠴᠠᠭ᠋ᠠᠨ᠎ᠤ᠎ᠬᠢ᠎ᠠᠴᠠ 68.06%᠎ᠪᠠᠷ ᠨᠡᠮᠡᠭᠳᠡᠵᠡᠢ᠃ ᠡᠭᠦᠨ᠎ᠳᠤ᠂ ᠲᠠᠸᠠᠷ᠎ᠤᠨ ᠲᠥᠷᠥᠯ᠎ᠳᠤ ᠬᠣᠯᠪᠣᠭᠳᠠᠬᠤ᠎ᠨᠢ 11045 ᠬᠤᠪᠢ ᠪᠠᠢ᠌ᠵᠤ᠂ ᠦᠢ᠍ᠯᠡᠴᠢᠯᠡᠭᠡᠨ᠎ᠤ ᠲᠥᠷᠥᠯ᠎ᠳᠤ ᠬᠣᠯᠪᠣᠭᠳᠠᠬᠤ᠎ᠨᠢ 8265 ᠬᠤᠪᠢ ᠪᠠᠢ᠌ᠨ᠎ᠠ᠃ ᠮᠠᠷᠭᠤᠯᠳᠤᠭ᠋ᠠᠨ᠎ᠳᠤ ᠬᠤᠯᠪᠣᠭᠳᠠᠭᠰᠠᠨ ᠵᠣᠭᠤᠰ᠎ᠤᠨ ᠲᠤᠭ᠎ᠠ 1423.71 ᠲᠦᠮᠡᠨ ᠲᠥᠭᠦᠷᠢᠭ ᠪᠠᠶ᠋ᠢᠵᠤ᠂ ᠬᠡᠷᠡᠭᠯᠡᠭᠴᠢᠳ᠎ᠲᠤ 354.96 ᠲᠦᠮᠡᠨ ᠲᠥᠭᠦᠷᠢᠭ᠎ᠤᠨ ᠠᠵᠤ ᠠᠬᠤᠶ ᠵᠢᠨ ᠬᠤᠬᠢᠷᠠᠯ᠎ᠢ ᠡᠭᠡᠭᠦᠯᠦᠨ ᠠᠪᠴᠢᠷᠠᠪᠠ᠃ 6 ᠳ᠋ᠤᠭ᠋ᠠᠷ ᠰᠠᠷ᠎ᠠ ᠵᠢᠨ 6᠎ᠤ ᠡᠳᠦᠷ ᠪᠣᠯᠲᠠᠯ᠎ᠠ ᠨᠢᠭᠡᠨᠲᠡ 14912 ᠬᠡᠷᠡᠭ᠎ᠢ ᠰᠢᠢ᠍ᠳᠪᠦᠷᠢᠯᠡᠨ ᠳᠠᠭᠤᠰᠬᠠᠵᠤ᠂ ᠰᠢᠢ᠍ᠳᠪᠦᠷᠢᠯᠡᠵᠦ ᠳᠠᠭᠤᠰᠬᠠᠭᠰᠠᠨ ᠨᠣᠷᠮ᠎ᠠ᠎ᠨᠢ 77.22% ᠬᠦᠷᠪᠡ᠃
ᠪᠤᠰᠤᠳᠴᠢ ᠴᠤᠭᠴᠠ ᠵᠢᠨ ᠲᠦᠷᠦᠯ ᠢᠯᠭ᠋ᠠᠯ ᠵᠶ᠋ᠠᠷ ᠬᠦᠰᠦᠨᠦᠭ᠎ᠲᠤ ᠦᠵᠡᠨ᠎ᠡ (ᠨᠢᠭᠡ) (ᠬᠤᠶᠠᠷ)
(ᠨᠢᠭᠡ) ᠲᠠᠸᠠᠷ᠎ᠤᠨ ᠲᠦᠷᠦᠯ᠎ᠳᠤ ᠬᠣᠯᠪᠣᠭᠳᠠᠭᠰᠠᠨ


ᠲᠠᠸᠠᠷ᠎ᠤᠨ ᠲᠥᠷᠥᠯ᠎ᠤᠨ ᠵᠠᠭ᠋ᠠᠯᠳᠤᠯᠭ᠎ᠠ᠎ᠨᠢ ᠠᠳᠠᠯᠢ ᠬᠤᠭᠤᠴᠠᠭ᠋ᠠᠨ᠎ᠠᠴᠠ 63.27% ᠨᠡᠮᠡᠭᠳᠡᠭᠰᠡᠨ ᠪᠠᠶ᠋ᠢᠨ᠎ᠠ᠃ ᠵᠠᠭ᠋ᠠᠯᠳᠤᠯᠭ᠎ᠠ ᠵᠢᠨ ᠬᠡᠮᠵᠢᠶ᠎ᠡ᠎ᠨᠢ ᠡᠮᠦᠨ᠎ᠡ ᠲᠠᠪᠤᠨ ᠪᠠᠶ᠋ᠢᠷᠢ᠎ᠳᠤ ᠪᠠᠶ᠋ᠢᠭ᠎ᠠ ᠲᠠᠸᠠᠷ᠎ᠤᠨ ᠶᠡᠭᠡ ᠲᠦᠷᠦᠯ᠎ᠨᠢ ᠳᠡᠰ ᠳᠠᠷᠠᠭ᠋ᠠᠯᠠᠨ ᠢᠳᠡᠭᠡᠨ᠂ ᠬᠤᠪᠴᠠᠰᠤ ᠬᠤᠨᠠᠷ ᠱᠠᠬᠠᠢ ᠮᠠᠯᠠᠭ᠋ᠠᠢ᠂ ᠵᠠᠮ ᠬᠠᠷᠢᠯᠴᠠᠭ᠋ᠠᠨ᠎ᠤ ᠪᠠᠭ᠋ᠠᠵᠢ᠂ ᠭᠡᠷ᠎ᠤᠨ ᠡᠳ᠋ᠯᠡᠯ ᠬᠡᠷᠡᠭᠰᠡᠯ᠂ ᠴᠢᠮᠡᠭᠡ ᠬᠤᠯᠪᠣᠭ᠋ᠠᠨ᠎ᠤ ᠦᠢ᠍ᠯᠡᠳᠬᠦᠨ ᠪᠣᠯᠣᠨ᠎ᠠ᠃
ᠵᠠᠭ᠋ᠠᠯᠳᠣᠯᠭ᠎ᠠ ᠵᠢᠨ ᠬᠡᠮᠵᠢᠶᠡᠨ᠎ᠤ ᠡᠮᠦᠨ᠎ᠡ ᠲᠠᠪᠤ᠎ᠳᠤ ᠵᠢᠭᠰᠠᠭ᠋ᠠᠭᠳᠠᠭᠰᠠᠨ ᠲᠠᠸᠠᠷ᠎ᠤᠨ ᠶᠡᠭᠡ ᠲᠥᠷᠥᠯ᠎ᠤᠨ ᠲᠠᠸᠠᠷ᠎ᠤᠨ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶᠡᠨ᠎ᠳᠤ ᠡᠵᠡᠯᠡᠬᠦ ᠬᠠᠷᠢᠴᠠᠯ᠎ᠤᠨ ᠳᠤᠭᠤᠢ ᠬᠡᠯᠪᠡᠷᠢᠲᠦ ᠵᠢᠷᠤᠭ᠄

ᠵᠠᠭ᠋ᠠᠯᠳᠤᠯᠭ᠎ᠠ ᠵᠢᠨ ᠬᠡᠮᠵᠢᠶᠡᠨ᠎ᠤ ᠨᠢᠭᠡᠳᠦᠭᠡᠷ᠎ᠲᠤ ᠵᠢᠭᠰᠠᠭ᠋ᠠᠭᠳᠠᠭᠰᠠᠨ ᠢᠳᠡᠭᠡᠨ᠎ᠤ ᠲᠥᠷᠥᠯ 5465 ᠪᠠᠶ᠋ᠢᠵᠤ᠂ ᠲᠠᠸᠠᠷ᠎ᠤᠨ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶ᠎ᠡ ᠵᠢᠨ 49.48% ᠵᠢ ᠡᠵᠡᠯᠡᠪᠡ᠃ ᠡᠢ᠌ᠮᠦᠷᠭᠦᠦ ᠲᠦᠷᠦᠯ᠎ᠤᠨ ᠵᠠᠭ᠋ᠠᠯᠳᠤᠯᠭ᠎ᠠ ᠳᠤᠮᠳᠠ᠂ ᠵᠠᠭ᠋ᠠᠯᠳᠤᠯᠭ᠎ᠠ ᠨᠡᠯᠢᠶᠡᠳ ᠠᠷᠪᠢᠨ ᠪᠠᠶ᠋ᠢᠭ᠎ᠠ ᠲᠠᠸᠠᠷ ᠪᠣᠯ ᠡᠩ᠎ᠤᠨ ᠢᠳᠡᠭᠡᠨ᠎ᠤ ᠵᠦᠢ᠍ᠯ 4013 ᠬᠤᠪᠢ᠂ ᠢᠳᠡᠭᠡᠨ᠎ᠳᠤ ᠬᠡᠷᠡᠭᠯᠡᠬᠦ ᠲᠠᠷᠢᠶᠠᠯᠠᠩ᠎ᠤᠨ ᠪᠦᠲᠦᠭᠡᠭᠳᠡᠬᠦᠨ 705 ᠬᠤᠪᠢ᠂ ᠠᠷᠢᠬᠢ ᠪᠠ ᠤᠮᠳᠠᠭ᠋ᠠᠨ 545 ᠬᠤᠪᠢ᠂ ᠨᠢᠯᠬ᠎ᠠ ᠬᠡᠦᠬᠡᠳ᠎ᠤᠨ ᠨᠠᠶ᠋ᠢᠷᠠᠯᠭ᠎ᠠ᠎ᠲᠠᠢ ᠰᠦᠨ ᠲᠠᠯᠬ᠎ᠠ᠂ ᠢᠳᠡᠭᠡᠨ᠎ᠳᠤ ᠬᠣᠯᠪᠣᠭᠳᠠᠬᠤ ᠦᠢ᠍ᠯᠡᠳᠬᠦᠨ 55 ᠬᠤᠪᠢ᠂ ᠡᠷᠡᠭᠦᠯᠵᠢᠯ᠎ᠤᠨ ᠢᠳᠡᠭᠡᠨ 52 ᠬᠤᠪᠢ᠂ ᠠᠨᠠᠭ᠋ᠠᠬᠤ ᠤᠬᠠᠭ᠋ᠠᠨ᠎ᠤ ᠣᠨᠴᠣᠭᠣᠶ ᠬᠡᠷᠡᠭᠴᠡᠭᠡᠲᠦ ᠨᠠᠶ᠋ᠢᠷᠠᠯᠭ᠎ᠠ ᠵᠢᠨ ᠢᠳᠡᠭᠡᠨ 2 ᠬᠤᠪᠢ ᠪᠣᠯᠤᠨ᠎ᠠ᠃
ᠵᠠᠭ᠋ᠠᠯᠳᠤᠯᠭ᠎ᠠ ᠵᠢᠨ ᠬᠡᠮᠵᠢᠶᠡᠨ᠎ᠤ ᠬᠤᠶᠠᠳᠤᠭ᠋ᠠᠷ᠎ᠲᠤ ᠵᠢᠭᠰᠠᠭ᠋ᠠᠭᠳᠠᠭᠰᠠᠨ ᠬᠤᠪᠴᠠᠰᠤ ᠬᠤᠨᠠᠷ ᠱᠠᠬᠠᠢ ᠮᠠᠯᠠᠭ᠋ᠠᠢ ᠵᠢᠨ ᠲᠥᠷᠥᠯ 902 ᠪᠠᠶ᠋ᠢᠵᠤ᠂ ᠲᠠᠸᠠᠷ᠎ᠤᠨ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠢ ᠬᠡᠮᠵᠢᠶᠡᠨ᠎ᠤ 8.17% ᠵᠢ ᠡᠵᠡᠯᠡᠪᠡ᠃ ᠡᠢ᠌ᠮᠦᠷᠭᠦᠦ ᠲᠦᠷᠦᠯ ᠤᠨ ᠵᠠᠭ᠋ᠠᠯᠳᠤᠯᠭ᠎ᠠ ᠳᠤᠮᠳᠠ ᠵᠠᠭ᠋ᠠᠯᠳᠤᠯᠭ᠎ᠠ ᠨᠡᠯᠢᠶᠡᠳ ᠠᠷᠪᠢᠨ ᠪᠠᠶ᠋ᠢᠭ᠎ᠠ ᠲᠠᠸᠠᠷ ᠪᠣᠯ 391 ᠵᠠᠬ᠎ᠠ᠂ ᠭᠠᠳᠠᠷ ᠬᠤᠪᠴᠠᠰᠤ 157 ᠵᠠᠬ᠎ᠠ᠂ ᠦᠮᠦᠳᠦ 106᠂ T ᠴᠠᠮᠴᠠ 60᠂ ᠪᠠᠩᠵᠠᠯ 51᠂ ᠳᠣᠲᠣᠷ ᠬᠤᠪᠴᠠᠰᠤ 33᠂ ᠳᠣᠲᠣᠷ ᠬᠠᠨᠲᠠᠭ᠋ᠠᠰᠤ 30᠂ ᠪᠤᠰᠤᠳ ᠵᠠᠭ᠋ᠠᠯᠳᠤᠯᠭ᠎ᠠ 74 ᠬᠤᠪᠢ ᠪᠠᠶ᠋ᠢᠪᠠ᠃
ᠵᠠᠭ᠋ᠠᠯᠳᠤᠯᠭ᠎ᠠ ᠵᠢᠨ ᠬᠡᠮᠵᠢᠶᠡᠨ᠎ᠤ ᠭᠤᠷᠪᠠᠳᠤᠭ᠋ᠠᠷ᠎ᠲᠤ ᠵᠢᠭᠰᠠᠭ᠋ᠠᠭᠳᠠᠭᠰᠠᠨ ᠵᠠᠮ ᠬᠠᠷᠢᠯᠴᠠᠭ᠋ᠠᠨ᠎ᠤ ᠪᠠᠭ᠋ᠠᠵᠢ ᠬᠡᠷᠡᠭᠰᠡᠯ᠎ᠤᠨ ᠲᠥᠷᠥᠯ 799 ᠪᠠᠶ᠋ᠢᠵᠤ᠂ ᠲᠠᠸᠠᠷ᠎ᠤᠨ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠢ ᠬᠡᠮᠵᠢᠶᠡᠨ᠎ᠤ 7.23% ᠵᠢ ᠡᠵᠡᠯᠡᠵᠡᠢ᠃ ᠡᠶ᠋ᠢᠮᠦᠷᠬᠦᠦ ᠲᠦᠷᠦᠯ᠎ᠤᠨ ᠵᠠᠭ᠋ᠠᠯᠳᠤᠯᠭ᠎ᠠ ᠳᠤᠮᠳᠠ ᠮᠠᠰᠢᠨ ᠲᠡᠷᠭᠡ ᠪᠠ ᠮᠠᠰᠢᠨ ᠲᠡᠷᠭᠡᠨ᠎ᠤ ᠰᠡᠯᠪᠢᠭ ᠲᠣᠨᠤᠭ 644 ᠬᠤᠪᠢ᠂ ᠳᠤᠭᠤᠢ ᠲᠡᠷᠭᠡ ᠪᠠ ᠰᠡᠯᠪᠢᠭ ᠲᠣᠨᠤᠭ 84 ᠬᠤᠪᠢ᠂ ᠮᠣᠲ᠋ᠣᠷ ᠲᠡᠷᠭᠡ ᠪᠠ ᠬᠦᠴᠦᠨ᠎ᠳᠤ ᠲᠤᠰᠠᠯᠠᠬᠤ ᠲᠡᠷᠭᠡ 71 ᠬᠤᠪᠢ ᠪᠠᠶ᠋ᠢᠪᠠ᠃
ᠵᠠᠭ᠋ᠠᠯᠳᠤᠯᠭ᠎ᠠ ᠵᠢᠨ ᠬᠡᠮᠵᠢᠶᠡᠨ᠎ᠤ ᠳᠥᠷᠪᠡᠳᠦᠭᠡᠷ᠎ᠲᠤ ᠵᠢᠭᠰᠠᠭ᠋ᠠᠭᠳᠠᠭᠰᠠᠨ ᠭᠡᠷ᠎ᠤᠨ ᠬᠡᠷᠡᠭᠰᠡᠯ᠎ᠤᠨ ᠲᠥᠷᠥᠯ 498 ᠪᠠᠶ᠋ᠢᠵᠤ᠂ ᠲᠠᠸᠠᠷ᠎ᠤᠨ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠢ ᠬᠡᠮᠵᠢᠶᠡᠨ᠎ᠤ 4.51% ᠵᠢ ᠡᠵᠡᠯᠡᠪᠡ᠃ ᠡᠢ᠌ᠮᠦᠷᠭᠦᠦ ᠲᠥᠷᠥᠯ᠎ᠤᠨ ᠵᠠᠭ᠋ᠠᠯᠳᠤᠯᠭ᠎ᠠ ᠵᠢᠨ ᠳᠤᠮᠳᠠ᠂ ᠭᠡᠷ᠎ᠤᠨ ᠬᠡᠷᠡᠭᠰᠡᠯ 225 ᠬᠤᠪᠢ᠂ ᠲᠣᠭᠤᠭ᠋ᠠᠨ ᠭᠡᠷ᠎ᠤᠨ ᠬᠡᠷᠡᠭᠰᠡᠯ 72 ᠬᠤᠪᠢ᠂ ᠡᠳᠦᠷ ᠲᠤᠲᠤᠮ᠎ᠤᠨ ᠬᠡᠷᠡᠭᠯᠡᠭᠡᠨ᠎ᠤ ᠵᠦᠢ᠍ᠯ 68 ᠬᠤᠪᠢ᠂ ᠨᠢᠳᠦᠨ ᠰᠢᠯ 59 ᠬᠤᠪᠢ᠂ ᠴᠠᠭ 33 ᠬᠤᠪᠢ᠂ ᠣᠷᠣ ᠳᠡᠭᠡᠷᠡᠬᠢ ᠬᠡᠷᠡᠭᠰᠡᠯ 17 ᠬᠤᠪᠢ᠂ ᠬᠠᠶ᠋ᠢᠷᠴᠠᠭ ᠪᠣᠭᠴᠣ 13 ᠬᠤᠪᠢ᠂ ᠠᠷᠢᠭᠤᠨ ᠴᠡᠪᠡᠷ᠎ᠤᠨ ᠬᠡᠷᠡᠭᠰᠡᠯ 10 ᠬᠤᠪᠢ᠂ ᠨᠡᠬᠡᠮᠡᠯ ᠡᠳ᠋ 1 ᠬᠤᠪᠢ ᠪᠠᠶ᠋ᠢᠪᠠ᠃
ᠵᠠᠭ᠋ᠠᠯᠳᠤᠯᠭ᠎ᠠ ᠵᠢᠨ ᠬᠡᠮᠵᠢᠶᠡᠨ᠎ᠤ ᠲᠠᠪᠤᠳᠤᠭ᠋ᠠᠷ᠎ᠲᠤ ᠵᠢᠭᠰᠠᠭ᠋ᠠᠭᠳᠠᠭᠰᠠᠨ ᠴᠢᠮᠡᠭᠡ ᠬᠤᠯᠪᠣᠭ᠋ᠠᠨ᠎ᠤ ᠦᠢ᠍ᠯᠡᠳᠬᠦᠨ᠎ᠤ ᠲᠥᠷᠥᠯ 402 ᠪᠠᠶ᠋ᠢᠵᠤ᠂ ᠲᠠᠸᠠᠷ᠎ᠤᠨ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶᠡᠨ᠎ᠤ 3.64% ᠵᠢ ᠡᠵᠡᠯᠡᠪᠡ᠃ ᠡᠢ᠌ᠮᠦᠷᠭᠦᠦ ᠲᠦᠷᠦᠯ᠎ᠤᠨ ᠵᠠᠭ᠋ᠠᠯᠳᠤᠯᠭ᠎ᠠ ᠳᠤᠮᠳᠠ᠂ ᠰᠢᠯᠵᠢᠮᠡᠯ ᠤᠲᠠᠰᠤ ᠵᠢᠴᠢ ᠰᠡᠯᠪᠢᠭ ᠲᠣᠨᠣᠭ 370 ᠬᠤᠪᠢ᠂ ᠪᠤᠰᠤᠳ ᠴᠢᠮᠡᠭᠡ ᠨᠡᠪᠲᠡᠷᠡᠯᠭᠡ ᠵᠢᠨ ᠦᠢ᠍ᠯᠡᠳᠬᠦᠨ 32 ᠬᠤᠪᠢ᠃
ᠲᠠᠸᠠᠷ᠎ᠤᠨ ᠵᠠᠭ᠋ᠠᠯᠳᠤᠯᠭ᠎ᠠ ᠵᠢᠨ ᠬᠠᠯᠠᠮᠰᠢᠯ ᠴᠡᠭ᠎ᠠᠴᠠ ᠡᠮᠦᠨᠡᠬᠢ ᠠᠷᠪᠠᠨ ᠨᠡᠷᠡᠰ᠎ᠲᠤ ᠡᠩ᠎ᠤᠨ ᠰᠠᠭᠤᠳᠠᠯ᠎ᠤᠨ ᠮᠠᠰᠢᠨ ᠲᠡᠷᠭᠡ 467 ᠬᠤᠪᠢ᠂ ᠠᠮᠤ ᠭᠤᠯᠢᠷ ᠵᠢᠴᠢ ᠲᠡᠭᠦᠨ᠎ᠤ ᠪᠦᠲᠦᠭᠡᠭᠳᠡᠬᠦᠨ (ᠥᠪᠡᠷᠲᠡᠭᠡᠨ ᠦᠢ᠍ᠯᠡᠳᠦᠭᠰᠡᠨ) 416 ᠬᠤᠪᠢ᠂ ᠭᠠᠷ ᠤᠲᠠᠰᠤ 323 ᠬᠤᠪᠢ᠂ ᠦᠬᠡᠷ᠎ᠤᠨ ᠮᠢᠬ᠎ᠠ 202᠂ ᠮᠢᠬᠠᠨ᠎ᠤ ᠪᠦᠲᠦᠭᠡᠭᠳᠡᠬᠦᠨ (ᠥᠪᠡᠷᠲᠡᠭᠡᠨ ᠦᠢ᠍ᠯᠡᠳᠦᠭᠰᠡᠨ) 171 ᠬᠤᠪᠢ᠂ ᠬᠥᠳᠡᠯᠭᠡᠭᠡᠨ᠎ᠤ ᠱᠠᠬᠠᠢ 171 ᠬᠤᠪᠢ᠂ ᠰᠢᠵᠢᠷ ᠠᠯᠲᠠᠨ ᠡᠯᠭᠦᠭᠡ ᠲᠣᠨᠤᠭ᠎ᠤᠨ ᠵᠠᠰᠠᠯ 151 ᠬᠤᠪᠢ᠂ ᠲᠠᠯᠬ᠎ᠠ 140 ᠬᠤᠪᠢ᠂ ᠪᠣᠷᠴᠠ ᠠᠷᠢᠯᠭ᠋ᠠᠬᠤ ᠲᠥᠷᠥᠯ 130 ᠬᠤᠪᠢ᠂ ᠪᠠᠺᠲ᠋ᠧᠷᠢ ᠤᠰᠠᠳᠬᠠᠬᠤ ᠰᠦ 127 ᠬᠤᠪᠢ (ᠭᠥᠯᠢᠶᠡᠨ ᠠᠪᠤᠭᠰᠠᠨ ᠬᠡᠮᠵᠢᠶ᠎ᠡ᠎ᠳᠠᠬᠢ ᠪᠣᠢ ᠪᠦᠬᠦᠢ 《ᠪᠤᠰᠤᠳ》᠎ᠢ ᠨᠡᠷᠡᠰ᠎ᠤᠨ ᠵᠢᠭᠰᠠᠭ᠋ᠠᠯᠲᠠ᠎ᠳᠤ ᠣᠷᠤᠭᠤᠯᠤᠭᠰᠠᠨ ᠦᠭᠡᠶ) ᠪᠠᠢ᠌ᠵᠤ᠂ ᠬᠤᠳᠠᠯᠳᠤᠭ᠋ᠠᠨ᠎ᠤ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶᠡᠨ᠎ᠤ 20.81% ᠵᠢ ᠡᠵᠡᠯᠡᠪᠡ᠃
(ᠬᠤᠶᠠᠷ) ᠦᠢ᠍ᠯᠡᠴᠢᠯᠡᠭᠡᠨ᠎ᠤ ᠲᠦᠷᠦᠯ᠎ᠳᠤ ᠬᠤᠯᠪᠤᠭᠳᠠᠬᠤ


ᠦᠢ᠍ᠯᠡᠴᠢᠯᠡᠭᠡᠨ᠎ᠤ ᠲᠥᠷᠥᠯ᠎ᠤᠨ ᠵᠠᠭ᠋ᠠᠯᠳᠤᠯᠭ᠎ᠠ᠎ᠨᠢ ᠠᠳᠠᠯᠢ ᠬᠤᠭᠤᠴᠠᠭ᠋ᠠᠨ᠎ᠠᠴᠠ 75.07% ᠨᠡᠮᠡᠭᠳᠡᠭᠰᠡᠨ ᠪᠠᠶ᠋ᠢᠨ᠎ᠠ᠃ ᠵᠠᠭ᠋ᠠᠯᠳᠤᠯᠭ᠎ᠠ ᠵᠢᠨ ᠬᠡᠮᠵᠢᠶᠡᠨ᠎ᠤ ᠡᠮᠦᠨ᠎ᠡ ᠲᠠᠪᠤᠨ ᠪᠠᠶ᠋ᠢᠷᠢ᠎ᠳᠤ ᠵᠢᠭᠰᠠᠭ᠋ᠠᠬᠰᠠᠨ ᠦᠢ᠍ᠯᠡᠴᠢᠯᠡᠭᠡᠨ᠎ᠤ ᠶᠡᠭᠡ ᠲᠦᠷᠦᠯ᠎ᠨᠢ ᠲᠡᠰ ᠳᠠᠷᠠᠭ᠋ᠠᠯᠠᠨ ᠢᠳᠡᠭᠡᠨ ᠤᠮᠳᠠᠭ᠋ᠠᠨ ᠪᠠ ᠬᠣᠨᠣᠭ ᠪᠠᠭᠤᠳᠠᠯ᠎ᠤᠨ ᠦᠢ᠍ᠯᠡᠴᠢᠯᠡᠭᠡ᠂ ᠪᠣᠷᠣᠯᠠᠭᠤᠯᠬᠤ ᠦᠢ᠍ᠯᠡᠴᠢᠯᠡᠭᠡ᠂ ᠵᠢᠰᠦ ᠭᠤᠶᠣᠯᠠᠵᠤ ᠦᠰᠦ ᠵᠠᠰᠠᠵᠤ ᠪᠡᠶ᠎ᠡ ᠤᠭᠢᠶᠠᠬᠤ ᠦᠢ᠍ᠯᠡᠴᠢᠯᠡᠭᠡ᠂ ᠰᠣᠶᠣᠯ ᠵᠤᠭ᠎ᠠ ᠴᠡᠩᠭᠡᠯ᠎ᠤᠨ ᠪᠡᠶ᠎ᠡ ᠵᠢᠨ ᠲᠠᠮᠢᠷ᠎ᠤᠨ ᠦᠢ᠍ᠯᠡᠴᠢᠯᠡᠭᠡ᠂ ᠦᠢ᠍ᠯᠡᠳᠴᠦ ᠠᠷᠠᠴᠢᠯᠠᠬᠤ ᠪᠠ ᠰᠡᠯᠪᠢᠨ ᠵᠠᠰᠠᠬᠤ ᠦᠢ᠍ᠯᠡᠴᠢᠯᠡᠭᠡ ᠵᠡᠷᠭᠡ ᠵᠢ ᠪᠠᠭᠲᠠᠭ᠋ᠠᠵᠠᠢ᠃
ᠵᠠᠭ᠋ᠠᠯᠳᠤᠬᠤ ᠬᠡᠮᠵᠢᠶ᠎ᠡ᠎ᠨᠢ ᠡᠮᠦᠨ᠎ᠡ ᠲᠠᠪᠤᠨ ᠶᠡᠭᠡ ᠲᠥᠷᠥᠯ᠎ᠤᠨ ᠦᠢ᠍ᠯᠡᠴᠢᠯᠡᠭᠡᠨ᠎ᠤ ᠶᠡᠭᠡ ᠲᠥᠷᠥᠯ᠎ᠳᠠᠬᠢ ᠦᠢ᠍ᠯᠡᠴᠢᠯᠡᠭᠡᠨ᠎ᠤ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶᠡᠨ᠎ᠤ ᠬᠠᠷᠢᠴᠠᠯ᠎ᠤᠨ ᠪᠢᠩᠭ᠋ᠠᠨ ᠵᠢᠷᠤᠭ᠄

ᠵᠠᠭ᠋ᠠᠯᠳᠤᠯᠭ᠎ᠠ ᠵᠢᠨ ᠬᠡᠮᠵᠢᠶᠡᠨ᠎ᠤ ᠨᠢᠭᠡᠳᠦᠭᠡᠷ᠎ᠲᠤ ᠵᠢᠭᠰᠠᠭ᠋ᠠᠭᠳᠠᠭᠰᠠᠨ ᠢᠳᠡᠭᠡᠨ ᠤᠮᠳᠠᠭ᠋ᠠᠨ ᠪᠠ ᠬᠤᠨᠣᠭᠯᠠᠬᠤ ᠦᠢ᠍ᠯᠡᠴᠢᠯᠡᠭᠡ 2220 ᠪᠠᠶ᠋ᠢᠵᠤ᠂ ᠦᠢ᠍ᠯᠡᠴᠢᠯᠡᠭᠡᠨ᠎ᠤ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠶ ᠬᠡᠮᠵᠢᠶᠡᠨ᠎ᠤ 26.86% ᠵᠢ ᠡᠵᠡᠯᠡᠪᠡ᠃ ᠡᠶ᠋ᠢᠮᠦᠷᠬᠦᠦ ᠲᠦᠷᠦᠯ᠎ᠤᠨ ᠵᠠᠭ᠋ᠠᠯᠳᠤᠯᠭ᠎ᠠ ᠳᠤᠮᠳᠠ ᠢᠳᠡᠭᠡᠨ ᠤᠮᠳᠠᠭ᠋ᠠᠨ᠎ᠤ ᠦᠢ᠍ᠯᠡᠴᠢᠯᠡᠭᠡ 1643 ᠬᠤᠪᠢ᠂ ᠬᠣᠨᠣᠭ ᠪᠠᠭᠤᠳᠠᠯ᠎ᠤᠨ ᠦᠢ᠍ᠯᠡᠴᠢᠯᠡᠭᠡ 577 ᠬᠤᠪᠢ ᠪᠣᠯᠪᠠ᠃
ᠵᠠᠭ᠋ᠠᠯᠳᠤᠯᠭ᠎ᠠ ᠵᠢᠨ ᠬᠡᠮᠵᠢᠶᠡᠨ᠎ᠤ ᠬᠣᠶᠠᠳᠤᠭ᠋ᠠᠷ᠎ᠲᠤ ᠵᠢᠭᠰᠠᠭ᠋ᠠᠭᠳᠠᠭᠰᠠᠨ ᠪᠣᠷᠤᠯᠠᠭᠤᠯᠭ᠎ᠠ ᠵᠢᠨ ᠦᠢ᠍ᠯᠡᠴᠢᠯᠡᠭᠡ 1767 ᠬᠣᠪᠢ᠎ᠳᠤ ᠬᠦᠷᠴᠦ᠂ ᠦᠢ᠍ᠯᠡᠴᠢᠯᠡᠭᠡᠨ᠎ᠤ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠢ ᠬᠡᠮᠵᠢᠶᠡᠨ᠎ᠤ 21.38% ᠵᠢ ᠡᠵᠡᠯᠡᠪᠡ᠃ ᠡᠢ᠌ᠮᠦᠷᠭᠦᠦ ᠲᠥᠷᠥᠯ᠎ᠤᠨ ᠵᠠᠭ᠋ᠠᠯᠳᠤᠯᠭ᠎ᠠ᠎ᠳᠤ᠂ ᠤᠷᠢᠳᠴᠢᠯᠠᠨ ᠥᠭᠬᠦ ᠺᠠᠷᠲ᠎ᠤᠨ ᠦᠢ᠍ᠯᠡᠴᠢᠯᠡᠭᠡ 884 ᠬᠤᠪᠢ᠂ ᠵᠢᠵᠢᠭᠯᠡᠨ ᠬᠤᠳᠠᠯᠳᠤᠬᠤ ᠦᠢ᠍ᠯᠡᠴᠢᠯᠡᠭᠡ 329 ᠬᠤᠪᠢ᠂ ᠢᠨᠲ᠋ᠧᠷ ᠰᠦᠯᠵᠢᠶᠡᠨ᠎ᠤ ᠰᠢᠭᠤᠳ ᠪᠣᠷᠣᠯᠠᠭᠤᠯᠬᠤ ᠦᠢ᠍ᠯᠡᠴᠢᠯᠡᠭᠡ 244 ᠬᠤᠪᠢ᠂ ᠤᠷᠢᠳᠴᠢᠯᠠᠨ ᠬᠤᠳᠠᠯᠳᠤᠬᠤ ᠦᠢ᠍ᠯᠡᠴᠢᠯᠡᠭᠡ 45 ᠬᠤᠪᠢ᠂ ᠵᠠᠬᠢᠶᠠᠯᠠᠨ ᠬᠤᠳᠠᠯᠳᠤᠬᠤ ᠦᠢ᠍ᠯᠡᠴᠢᠯᠡᠭᠡ 34 ᠬᠤᠪᠢ᠂ ᠬᠠᠷᠠᠭ᠋ᠠᠯᠵᠠᠯ᠎ᠲᠠᠢ ᠺᠠᠷᠲ ᠪᠣᠷᠣᠯᠠᠭᠤᠯᠬᠤ ᠦᠢ᠍ᠯᠡᠴᠢᠯᠡᠭᠡ 33 ᠬᠤᠪᠢ᠂ ᠪᠣᠷᠣᠯᠠᠭᠤᠯᠭ᠎ᠠ ᠰᠠᠶ᠋ᠢᠲᠠᠢ ᠦᠢ᠍ᠯᠡᠴᠢᠯᠡᠭᠡ 31 ᠬᠤᠪᠢ᠂ ᠦᠨ᠎ᠡ ᠪᠠᠭᠤᠷᠠᠭᠤᠯᠵᠤ ᠪᠣᠷᠣᠯᠠᠭᠤᠯᠬᠤ ᠦᠢ᠍ᠯᠡᠴᠢᠯᠡᠭᠡ 15 ᠬᠤᠪᠢ᠂ ᠪᠤᠰᠤᠳ ᠪᠣᠷᠣᠯᠠᠭᠤᠯᠭ᠎ᠠ ᠵᠢᠨ ᠦᠢ᠍ᠯᠡᠴᠢᠯᠡᠭᠡ 152 ᠬᠤᠪᠢ ᠪᠠᠶ᠋ᠢᠨ᠎ᠠ᠃
ᠵᠠᠭ᠋ᠠᠯᠳᠤᠯᠭ᠎ᠠ ᠵᠢᠨ ᠬᠡᠮᠵᠢᠶᠡᠨ᠎ᠤ ᠭᠤᠷᠪᠠᠳᠤᠭ᠋ᠠᠷ᠎ᠲᠤ ᠵᠢᠭᠰᠠᠭ᠋ᠠᠭᠳᠠᠭᠰᠠᠨ ᠵᠢᠰᠦ ᠭᠤᠶᠣᠯᠠᠵᠤ ᠦᠰᠦ ᠵᠠᠰᠠᠵᠤ ᠪᠡᠶ᠎ᠡ ᠤᠬᠢᠶᠠᠬᠤ ᠦᠢ᠍ᠯᠡᠴᠢᠯᠡᠭᠡᠨ᠎ᠢ 676 ᠬᠤᠪᠢ ᠪᠠᠶ᠋ᠢᠵᠤ᠂ ᠦᠢ᠍ᠯᠡᠴᠢᠯᠡᠭᠡᠨ᠎ᠤ ᠲᠦᠷᠦᠯ᠎ᠤᠨ ᠵᠠᠭ᠋ᠠᠯᠳᠤᠯᠭ᠎ᠠ ᠵᠢᠨ ᠶᠡᠷᠦᠩᠬᠡᠢ ᠬᠡᠮᠵᠢᠶᠡᠨ᠎ᠤ 8.18% ᠵᠢ ᠡᠵᠡᠯᠡᠪᠡ᠃ ᠡᠶ᠋ᠢᠮᠦᠷᠬᠦᠦ ᠵᠠᠭ᠋ᠠᠯᠳᠤᠯᠭ᠎ᠠ ᠳᠤᠮᠳᠠ ᠵᠢᠰᠦ ᠭᠤᠶᠣᠯᠠᠵᠤ ᠦᠰᠦ ᠵᠠᠰᠠᠬᠤ ᠦᠢ᠍ᠯᠡᠴᠢᠯᠡᠭᠡ 418 ᠬᠤᠪᠢ᠂ ᠪᠡᠶ᠎ᠡ ᠤᠬᠢᠶᠠᠬᠤ ᠢᠯᠢᠬᠦ ᠵᠠᠰᠠᠯᠭ᠎ᠠ ᠵᠢᠨ ᠦᠢ᠍ᠯᠡᠴᠢᠯᠡᠭᠡ 258 ᠬᠤᠪᠢ ᠪᠠᠶ᠋ᠢᠪᠠ᠃
ᠵᠠᠭ᠋ᠠᠯᠳᠤᠯᠭ᠎ᠠ ᠵᠢᠨ ᠬᠡᠮᠵᠢᠶᠡᠨ᠎ᠤ ᠳᠥᠷᠪᠡᠳᠦᠭᠡᠷ᠎ᠲᠤ ᠵᠢᠭᠰᠠᠭ᠋ᠠᠭᠳᠠᠭᠰᠠᠨ ᠰᠣᠶᠣᠯ ᠴᠡᠩᠭᠡᠯ ᠪᠡᠶ᠎ᠡ ᠵᠢᠨ ᠲᠠᠮᠢᠷ᠎ᠤᠨ ᠦᠢ᠍ᠯᠡᠴᠢᠯᠡᠭᠡᠨ᠎ᠢ 502 ᠬᠤᠪᠢ ᠪᠠᠶ᠋ᠢᠵᠤ᠂ ᠦᠢ᠍ᠯᠡᠴᠢᠯᠡᠭᠡᠨ᠎ᠤ ᠲᠦᠷᠦᠯ᠎ᠤᠨ ᠵᠠᠭ᠋ᠠᠯᠳᠤᠯᠭ᠎ᠠ ᠵᠢᠨ ᠶᠡᠷᠦᠩᠬᠡᠢ ᠬᠡᠮᠵᠢᠶᠡᠨ᠎ᠤ 6.07% ᠵᠢ ᠡᠵᠡᠯᠡᠪᠡ᠃ ᠡᠶ᠋ᠢᠮᠦᠷᠬᠦᠦ ᠲᠦᠷᠦᠯ᠎ᠤᠨ ᠵᠠᠭ᠋ᠠᠯᠳᠤᠯᠭ᠎ᠠ ᠵᠢᠨ ᠳᠤᠮᠳᠠ᠂ ᠲᠣᠭᠤᠷᠢᠨ ᠦᠵᠡᠵᠦ ᠵᠤᠭ᠋ᠠᠴᠠᠬᠤ ᠦᠢ᠍ᠯᠡᠴᠢᠯᠡᠭᠡ 245 ᠬᠤᠪᠢ᠂ ᠪᠡᠶ᠎ᠡ ᠴᠢᠭᠢᠷᠠᠭᠵᠢᠭᠤᠯᠬᠤ ᠦᠢ᠍ᠯᠡᠴᠢᠯᠡᠭᠡ 184 ᠬᠤᠪᠢ᠂ ᠺᠢᠨᠣ᠋ ᠭᠠᠷᠭ᠋ᠠᠬᠤ ᠦᠢ᠍ᠯᠡᠴᠢᠯᠡᠭᠡ 33 ᠬᠤᠪᠢ᠂ ᠲᠣᠭᠯᠠᠯᠲᠠ ᠭᠠᠷᠭ᠋ᠠᠬᠤ ᠤᠷᠠᠯᠢᠭ᠎ᠤᠨ ᠦᠢ᠍ᠯᠡᠴᠢᠯᠡᠭᠡ 33 ᠬᠤᠪᠢ᠂ ᠨᠣᠮ᠎ᠤᠨ ᠰᠠᠩ᠎ᠤᠨ ᠳᠠᠩᠰᠠ ᠡᠪᠬᠡᠮᠡᠯ᠎ᠤᠨ ᠣᠷᠳᠣᠨ᠎ᠤ ᠦᠢ᠍ᠯᠡᠴᠢᠯᠡᠭᠡ 7 ᠬᠤᠪᠢ ᠪᠠᠶ᠋ᠢᠨ᠎ᠠ᠃
ᠵᠠᠭ᠋ᠠᠯᠳᠤᠯᠭ᠎ᠠ ᠵᠢᠨ ᠬᠡᠮᠵᠢᠶᠡᠨ᠎ᠤ ᠲᠠᠪᠤᠳᠤᠭ᠋ᠠᠷ᠎ᠲᠤ ᠵᠢᠭᠰᠠᠭ᠋ᠠᠭᠳᠠᠭᠰᠠᠨ ᠠᠷᠠᠴᠢᠯᠠᠨ ᠬᠠᠮᠠᠭ᠋ᠠᠯᠠᠬᠤ ᠪᠠ ᠰᠡᠯᠪᠢᠨ ᠵᠠᠰᠠᠬᠤ ᠦᠢ᠍ᠯᠡᠴᠢᠯᠡᠭᠡ 495 ᠬᠤᠪᠢ ᠪᠠᠶ᠋ᠢᠵᠤ᠂ ᠦᠢ᠍ᠯᠡᠴᠢᠯᠡᠭᠡᠨ᠎ᠤ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠢ ᠬᠡᠮᠵᠢᠶᠡᠨ᠎ᠤ 5.99% ᠵᠢ ᠡᠵᠡᠯᠡᠪᠡ᠃ ᠡᠶ᠋ᠢᠮᠦᠷᠬᠦᠤ ᠲᠦᠷᠦᠯ᠎ᠤᠨ ᠵᠠᠭ᠋ᠠᠯᠳᠤᠯᠭ᠎ᠠ ᠵᠢᠨ ᠳᠤᠮᠳᠠ᠂ ᠮᠠᠰᠢᠨ ᠲᠡᠷᠭᠡ ᠮᠣᠲ᠋ᠣᠷ ᠲᠡᠷᠭᠡ ᠵᠢ ᠠᠷᠠᠴᠢᠯᠠᠨ ᠬᠠᠮᠠᠭ᠋ᠠᠯᠠᠬᠤ ᠦᠢ᠍ᠯᠡᠴᠢᠯᠡᠭᠡ 195 ᠬᠤᠪᠢ᠂ ᠴᠠᠬᠢᠯᠭ᠋ᠠᠨ ᠬᠡᠷᠡᠭᠰᠡᠯ᠎ᠢ ᠰᠡᠯᠪᠢᠨ ᠵᠠᠰᠠᠬᠤ ᠦᠢ᠍ᠯᠡᠴᠢᠯᠡᠭᠡ 141 ᠬᠤᠪᠢ᠂ ᠦᠢ᠍ᠯᠡᠳᠬᠦ ᠦᠢ᠍ᠯᠡᠴᠢᠯᠡᠭᠡ 72 ᠬᠤᠪᠢ᠂ ᠮᠠᠰᠢᠨᠲᠤ ᠪᠤᠰᠤ ᠲᠡᠷᠭᠡ ᠵᠢ ᠰᠡᠯᠪᠢᠨ ᠵᠠᠰᠠᠬᠤ ᠦᠢ᠍ᠯᠡᠴᠢᠯᠡᠭᠡ 65 ᠬᠤᠪᠢ᠂ ᠬᠤᠪᠴᠠᠰᠤ ᠬᠤᠨᠠᠷ ᠰᠡᠯᠪᠢᠨ ᠵᠠᠰᠠᠬᠤ ᠦᠢ᠍ᠯᠡᠴᠢᠯᠡᠭᠡ 11 ᠬᠤᠪᠢ᠂ ᠪᠤᠰᠤᠳ ᠦᠢ᠍ᠯᠡᠴᠢᠯᠡᠭᠡ 11 ᠬᠤᠪᠢ ᠪᠠᠶ᠋ᠢᠪᠠ᠃
ᠦᠢ᠍ᠯᠡᠴᠢᠯᠡᠭᠡᠨ᠎ᠤ ᠵᠠᠭ᠋ᠠᠯᠳᠤᠯᠭ᠎ᠠ ᠵᠢᠨ ᠬᠠᠯᠠᠮᠰᠢᠯ ᠠᠰᠠᠭᠤᠳᠠᠯ ᠳᠡᠭᠡᠷᠡᠬᠢ ᠠᠷᠪᠠᠨ ᠰᠠᠭᠤᠳᠠᠯ᠎ᠳᠤ ᠤᠷᠢᠳᠴᠢᠯᠠᠨ ᠥᠭᠬᠦ ᠺᠠᠷᠲ᠎ᠤᠨ ᠦᠢ᠍ᠯᠡᠴᠢᠯᠡᠭᠡ 884 ᠬᠤᠪᠢ᠂ ᠬᠤᠭᠤᠯᠠᠨ ᠭᠡᠷ᠎ᠤᠨ ᠦᠢ᠍ᠯᠡᠴᠢᠯᠡᠭᠡ 694 ᠬᠤᠪᠢ᠂ ᠵᠣᠴᠢᠳ᠎ᠤᠨ ᠪᠠᠭᠣᠳᠠᠯ᠎ᠤᠨ ᠦᠢ᠍ᠯᠡᠴᠢᠯᠡᠭᠡ 508 ᠬᠤᠪᠢ᠂ ᠵᠢᠵᠢᠭᠯᠡᠨ ᠬᠤᠳᠠᠯᠳᠤᠬᠤ ᠦᠢ᠍ᠯᠡᠴᠢᠯᠡᠭᠡ 329 ᠬᠤᠪᠢ᠂ ᠰᠤᠯᠠ ᠢᠳᠡᠭᠡᠨ᠎ᠤ ᠳᠡᠯᠭᠡᠭᠦᠷ᠎ᠤᠨ ᠦᠢ᠍ᠯᠡᠴᠢᠯᠡᠭᠡ 274 ᠬᠤᠪᠢ᠂ ᠢᠨᠲ᠋ᠧᠷ ᠰᠦᠯᠵᠢᠶᠡᠨ᠎ᠤ ᠰᠢᠭᠤᠳ ᠪᠣᠷᠣᠯᠠᠭᠤᠯᠬᠤ ᠦᠢ᠍ᠯᠡᠴᠢᠯᠡᠭᠡ 244 ᠬᠤᠪᠢ᠂ ᠥᠪᠡᠷᠲᠡᠭᠡᠨ ᠦᠢ᠍ᠯᠡᠴᠢᠯᠡᠬᠦ ᠬᠤᠭᠤᠯᠠᠨ ᠦᠢ᠍ᠯᠡᠴᠢᠯᠡᠭᠡ 189 ᠬᠤᠪᠢ᠂ ᠮᠠᠰᠢᠨ ᠲᠡᠷᠭᠡ ᠰᠡᠯᠪᠢᠨ ᠵᠠᠰᠠᠬᠤ ᠦᠢ᠍ᠯᠡᠴᠢᠯᠡᠭᠡ 163 ᠬᠤᠪᠢ᠂ ᠭᠠᠷ ᠤᠲᠠᠰᠤ ᠰᠡᠯᠪᠢᠨ ᠵᠠᠰᠠᠬᠤ ᠦᠢ᠍ᠯᠡᠴᠢᠯᠡᠭᠡ 121 ᠬᠤᠪᠢ᠂ ᠤᠰᠤ᠎ᠪᠠᠷ ᠤᠬᠢᠶᠠᠬᠤ ᠦᠢ᠍ᠯᠡᠴᠢᠯᠡᠭᠡ 107 ᠬᠤᠪᠢ (ᠭᠥᠯᠢᠶᠡᠨ ᠠᠪᠤᠭᠰᠠᠨ ᠬᠡᠮᠵᠢᠶᠡᠨ᠎ᠳᠠᠬᠢ ᠪᠤᠢ ᠪᠦᠬᠦᠢ 《ᠪᠤᠰᠤᠳ》᠎ᠢ ᠨᠡᠷᠡᠰ᠎ᠤᠨ ᠵᠢᠭᠰᠠᠭ᠋ᠠᠯᠲᠠ᠎ᠳᠤ ᠣᠷᠤᠭᠤᠯᠤᠭᠰᠠᠨ ᠦᠭᠡᠢ)᠂ ᠦᠢ᠍ᠯᠡᠴᠢᠯᠡᠭᠡᠨ᠎ᠤ ᠲᠥᠷᠥᠯ᠎ᠤᠨ ᠵᠠᠭ᠋ᠠᠯᠳᠤᠯᠭ᠎ᠠ ᠵᠢᠨ ᠶᠡᠷᠦᠩᠬᠡᠢ ᠬᠡᠮᠵᠢᠶᠡᠨ᠎ᠤ 42.50% ᠵᠢ ᠡᠵᠡᠯᠡᠪᠡ᠃
ᠭᠤᠷᠪᠠ᠂ ᠢᠯᠡᠴᠢᠯᠡᠨ ᠮᠡᠳᠡᠭᠦᠯᠦᠭᠰᠡᠨ ᠪᠠᠶ᠋ᠢᠳᠠᠯ᠎ᠤᠨ ᠲᠤᠭ᠎ᠠ ᠪᠠᠷᠢᠮᠲᠠ ᠵᠢᠨ ᠲᠤᠭ᠎ᠠ ᠪᠦᠷᠢᠳᠭᠡᠯ
5 ᠳ᠋ᠤᠭ᠋ᠠᠷ ᠰᠠᠷ᠎ᠠ᠎ᠳᠤ ᠢᠯᠡᠴᠢᠯᠡᠨ ᠮᠡᠳᠡᠭᠦᠯᠦᠯᠲᠡ ᠵᠢ ᠬᠦᠯᠢᠶᠡᠨ ᠠᠪᠤᠭᠰᠠᠨ ᠬᠡᠷᠡᠭ 4148 ᠬᠤᠪᠢ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 50.95 %᠎ᠪᠠᠷ ᠨᠡᠮᠡᠭᠳᠡᠪᠡ᠃ ᠡᠭᠦᠨ᠎ᠳᠤ᠂ ᠲᠠᠸᠠᠷ᠎ᠤᠨ ᠲᠥᠷᠥᠯ᠎ᠳᠤ ᠬᠤᠯᠪᠣᠭᠳᠠᠭᠰᠠᠨ 2600 ᠬᠤᠪᠢ ᠪᠠᠶ᠋ᠢᠵᠤ᠂ ᠦᠢ᠍ᠯᠡᠴᠢᠯᠡᠭᠡᠨ᠎ᠤ ᠲᠥᠷᠥᠯ᠎ᠳᠤ ᠬᠤᠯᠪᠣᠭᠳᠠᠭᠰᠠᠨ 1548 ᠬᠤᠪᠢ ᠪᠠᠶ᠋ᠢᠵᠤ᠂ 6 ᠳ᠋ᠤᠭ᠋ᠠᠷ ᠰᠠᠷ᠎ᠠ ᠵᠢᠨ 6᠎ᠤ ᠡᠳᠦᠷ ᠪᠣᠯᠲᠠᠯ᠎ᠠ ᠨᠡᠶ᠋ᠢᠲᠡ 3018 ᠬᠤᠪᠢ ᠵᠢ᠎ᠨᠢ ᠰᠢᠢ᠍ᠳᠪᠦᠷᠢᠯᠡᠵᠦ ᠳᠠᠭᠤᠰᠬᠠᠪᠠ᠃
ᠢᠯᠡᠴᠢᠯᠡᠨ ᠮᠡᠳᠡᠭᠦᠯᠦᠭᠰᠡᠨ᠎ᠢ ᠬᠦᠯᠢᠶᠡᠨ ᠠᠪᠤᠭᠰᠠᠨ ᠬᠡᠮᠵᠢᠶ᠎ᠡ᠎ᠨᠢ ᠡᠮᠦᠨ᠎ᠡ ᠲᠠᠪᠤᠨ ᠣᠷᠣᠨᠲᠤ ᠲᠠᠸᠠᠷ᠂ ᠦᠢ᠍ᠯᠡᠴᠢᠯᠡᠭᠡᠨ᠎ᠤ ᠲᠥᠷᠥᠯ ᠬᠤᠪᠢᠶᠠᠭᠰᠠᠨ ᠬᠦᠰᠦᠨᠦᠭᠲᠦ᠄

ᠲᠠᠸᠠᠷ᠎ᠤᠨ ᠲᠦᠷᠦᠯ᠎ᠤᠨ ᠢᠯᠡᠴᠢᠯᠡᠨ ᠮᠡᠳᠡᠬᠦᠯᠦᠯᠳᠡ᠎ᠪᠠᠷ ᠬᠠᠮᠤᠭ ᠤᠯᠠᠨ ᠢᠳᠡᠭᠡᠨ᠎ᠤ ᠲᠦᠷᠦᠯ 1789 ᠬᠤᠪᠢ ᠪᠠᠶ᠋ᠢᠵᠤ᠂ ᠲᠠᠸᠠᠷ᠎ᠤᠨ ᠲᠦᠷᠦᠯ᠎ᠤᠨ ᠢᠯᠡᠴᠢᠯᠡᠨ ᠮᠡᠳᠡᠬᠦᠯᠦᠯᠳᠡ ᠵᠢᠨ ᠶᠡᠷᠦᠩᠬᠡᠢ ᠬᠡᠮᠵᠢᠶᠡᠨ᠎ᠤ 68.81% ᠵᠢ ᠡᠵᠡᠯᠡᠪᠡ᠃ ᠢᠯᠡᠴᠢᠯᠡᠨ ᠮᠡᠳᠡᠭᠦᠯᠦᠯᠲᠡ᠎ᠨᠢ ᠭᠤᠤᠯᠳᠠᠭᠤ ᠡᠩ᠎ᠤᠨ ᠢᠳᠡᠭᠡᠨ᠂ ᠢᠳᠡᠭᠡᠨ᠎ᠤ ᠲᠠᠷᠢᠶᠠᠯᠠᠩ᠎ᠤᠨ ᠪᠦᠲᠦᠭᠡᠭᠳᠡᠬᠦᠨ᠂ ᠠᠷᠢᠬᠢ ᠪᠠ ᠤᠮᠳᠠᠭ᠋ᠠᠨ ᠵᠡᠷᠭᠡ᠎ᠳᠤ ᠬᠤᠯᠪᠣᠭᠳᠠᠵᠤ᠂ ᠢᠯᠵᠠᠷᠠᠵᠤ ᠴᠢᠨᠠᠷ ᠬᠣᠪᠢᠷᠠᠭᠰᠠᠨ᠂ ᠸᠠᠯᠠᠵᠤ ᠬᠣᠷᠣᠬᠠᠢ᠌ᠲᠠᠭᠰᠠᠨ᠂ ᠪᠣᠬᠢᠷᠲᠤᠭᠰᠠᠨ᠂ ᠡᠯᠳᠡᠪ ᠵᠦᠢ᠍ᠯ᠎ᠤᠨ ᠪᠣᠳᠠᠰ᠎ᠢ ᠬᠤᠯᠢᠬᠤ᠂ ᠬᠠᠭᠤᠷᠮᠠᠭ ᠡᠳ᠋ ᠬᠤᠯᠢᠬᠤ ᠪᠤᠶᠤ ᠰᠡᠷᠡᠨ ᠰᠡᠷᠡᠬᠦ ᠡᠷᠬᠡᠲᠡᠨ᠂ ᠬᠡᠪ᠎ᠤᠨ ᠪᠤᠰᠤ ᠢᠳᠡᠭᠡᠨ᠎ᠤ ᠵᠦᠢ᠍ᠯ᠂ ᠦᠨ᠎ᠡ ᠬᠠᠩᠰᠢ᠂ ᠲᠠᠸᠠᠷ᠎ᠤᠨ ᠲᠡᠮᠳᠡᠭ᠂ ᠵᠠᠷ ᠮᠡᠳᠡᠭᠡ᠂ ᠵᠢᠩ ᠯᠠᠩ ᠳᠤᠲᠠᠭᠳᠠᠬᠤ ᠵᠡᠷᠭᠡ ᠠᠰᠠᠭᠤᠳᠠᠯ ᠵᠶ᠋ᠠᠷ ᠭᠤᠤᠯ ᠪᠣᠯᠭ᠋ᠠᠨ᠎ᠠ᠃ ᠪᠤᠰᠤᠳ ᠢᠯᠡᠴᠢᠯᠡᠨ ᠮᠡᠳᠡᠭᠦᠯᠦᠭᠰᠡᠨ ᠵᠶ᠋ᠠᠷ ᠨᠡᠯᠢᠶᠡᠳ ᠠᠷᠪᠢᠨ ᠪᠠᠶ᠋ᠢᠭ᠎ᠠ ᠲᠠᠸᠠᠷ᠎ᠲᠤ ᠡᠳᠦᠷ ᠲᠤᠲᠤᠮ᠎ᠤᠨ ᠬᠡᠷᠡᠭᠯᠡᠭᠡᠨ᠎ᠤ ᠬᠡᠷᠡᠭᠰᠡᠯ᠂ ᠣᠨᠴᠠᠭ᠋ᠠᠶ ᠪᠤᠰᠤ ᠵᠠᠰᠠᠯ ᠴᠢᠮᠡᠭᠯᠡᠯ᠎ᠤᠨ ᠡᠳ᠋᠂ ᠬᠢᠲᠠᠳ ᠨᠠᠢ᠌ᠷᠠᠭᠤᠯᠭ᠎ᠠ ᠡᠮ᠂ ᠲᠠᠸᠠᠷ᠎ᠤᠨ ᠭᠡᠷ᠂ ᠮᠠᠰᠢᠨ ᠲᠡᠷᠭᠡ ᠵᠢᠴᠢ ᠮᠠᠰᠢᠨ ᠲᠡᠷᠭᠡᠨ᠎ᠤ ᠰᠡᠯᠪᠢᠭ ᠲᠣᠨᠤᠭ ᠵᠡᠷᠭᠡ ᠵᠢ ᠪᠠᠭᠲᠠᠭ᠋ᠠᠵᠤ᠂ ᠭᠤᠣᠯᠳᠠᠭᠤ ᠶᠠᠰᠤ ᠴᠢᠨᠠᠷ᠂ ᠦᠨ᠎ᠡ ᠬᠠᠩᠰᠢ᠂ ᠦᠨᠡᠮᠯᠡᠯ ᠦᠭᠡᠢ᠎ᠪᠠᠷ ᠡᠵᠡᠩᠨᠡᠬᠦ᠂ 《ᠭᠤᠷᠪᠠ ᠦᠭᠡᠢ》᠂ ᠬᠤᠳᠠᠯ ᠬᠠᠭᠤᠷᠮᠠᠭ ᠳᠠᠩᠰᠠᠯᠠᠭᠤᠯᠤᠭᠰᠠᠨ ᠲᠠᠸᠠᠷ᠎ᠤᠨ ᠲᠡᠮᠳᠡᠭ᠂ ᠬᠠᠤᠯᠢ᠎ᠠᠴᠠ ᠵᠥᠷᠢᠴᠡᠭᠰᠡᠨ ᠵᠠᠷ ᠮᠡᠳᠡᠭᠡ ᠵᠡᠷᠭᠡ ᠠᠰᠠᠭᠤᠳᠠᠯ᠎ᠳᠤ ᠬᠤᠯᠪᠣᠭᠳᠠᠵᠠᠶ᠃
ᠦᠢ᠍ᠯᠡᠴᠢᠯᠡᠭᠡᠨ᠎ᠤ ᠲᠦᠷᠦᠯ᠎ᠤᠨ ᠢᠯᠡᠴᠢᠯᠡᠨ ᠮᠡᠳᠡᠭᠦᠯᠦᠯᠲᠡ᠎ᠳᠤ ᠬᠠᠮᠤᠭ ᠠᠷᠪᠢᠨ ᠢᠳᠡᠭᠡᠨ ᠤᠮᠳᠠᠭ᠋ᠠᠨ ᠪᠠ ᠬᠤᠨᠤᠭ ᠪᠠᠭᠤᠳᠠᠯ᠎ᠤᠨ ᠦᠢ᠍ᠯᠡᠴᠢᠯᠡᠭᠡ 494 ᠬᠤᠪᠢ ᠪᠠᠶ᠋ᠢᠵᠤ᠂ ᠦᠢ᠍ᠯᠡᠴᠢᠯᠡᠭᠡᠨ᠎ᠤ ᠲᠦᠷᠦᠯ᠎ᠤᠨ ᠢᠯᠡᠴᠢᠯᠡᠨ ᠮᠡᠳᠡᠭᠦᠯᠦᠭᠰᠡᠨ ᠶᠡᠷᠦᠩᠬᠡᠢ ᠬᠡᠮᠵᠢᠶᠡᠨ᠎ᠤ 31.91% ᠵᠢ ᠡᠵᠡᠯᠡᠪᠡ᠃ ᠢᠯᠡᠴᠢᠯᠡᠨ ᠮᠡᠳᠡᠭᠦᠯᠦᠭᠰᠡᠨ ᠭᠤᠤᠯ ᠠᠰᠠᠭᠤᠳᠠᠯ᠎ᠨᠢ ᠶᠠᠰᠤ ᠴᠢᠨᠠᠷ᠂ ᠠᠮᠤᠷ ᠲᠦᠪᠰᠢᠨ᠂ ᠦᠨ᠎ᠡ ᠬᠠᠩᠰᠢ᠂ ᠦᠨᠡᠮᠯᠡᠯ ᠦᠭᠡᠢ᠎ᠪᠠᠷ ᠡᠵᠡᠩᠨᠡᠬᠦ ᠵᠡᠷᠭᠡ ᠪᠣᠯᠤᠨ᠎ᠠ᠃ ᠪᠤᠰᠤᠳ ᠢᠯᠡᠴᠢᠯᠡᠨ ᠮᠡᠳᠡᠭᠦᠯᠬᠦ ᠦᠢ᠍ᠯᠡᠴᠢᠯᠡᠭᠡᠨ᠎ᠢ ᠭᠤᠤᠯᠳᠠᠭᠤ ᠵᠢᠵᠢᠭᠯᠡᠨ ᠬᠤᠳᠠᠯᠳᠤᠬᠤ ᠦᠢ᠍ᠯᠡᠴᠢᠯᠡᠭᠡ᠂ ᠵᠢᠰᠦ ᠭᠤᠶᠣᠯᠠᠵᠤ ᠦᠰᠦ ᠵᠠᠰᠠᠬᠤ ᠦᠢ᠍ᠯᠡᠴᠢᠯᠡᠭᠡ᠂ ᠤᠭᠢᠶᠠᠵᠤ ᠢᠯᠡᠵᠤ ᠨᠤᠬᠤᠯᠠᠬᠤ ᠦᠢ᠍ᠯᠡᠴᠢᠯᠡᠭᠡ᠂ ᠡᠮᠨᠡᠯᠭᠡ ᠵᠢᠨ ᠬᠤᠷᠢᠶᠠᠨ᠎ᠤ ᠦᠢ᠍ᠯᠡᠴᠢᠯᠡᠭᠡ᠂ ᠪᠡᠶ᠎ᠡ ᠴᠢᠭᠢᠷᠠᠭᠵᠢᠭᠤᠯᠬᠤ ᠦᠢ᠍ᠯᠡᠴᠢᠯᠡᠭᠡ᠂ ᠲᠣᠭᠤᠷᠢᠨ ᠦᠵᠡᠬᠦ ᠵᠤᠭ᠎ᠠ ᠴᠡᠩᠭᠡᠯ᠎ᠤᠨ ᠦᠢ᠍ᠯᠡᠴᠢᠯᠡᠭᠡ᠂ ᠤᠷ᠎ᠠ ᠴᠢᠳᠠᠪᠤᠷᠢ ᠵᠢᠨ ᠪᠣᠯᠪᠠᠰᠤᠷᠠᠯ᠎ᠤᠨ ᠦᠢ᠍ᠯᠡᠴᠢᠯᠡᠭᠡ ᠵᠡᠷᠭᠡ᠎ᠳᠤ ᠬᠤᠯᠪᠣᠭᠳᠠᠵᠤ᠂ ᠭᠤᠤᠯ ᠠᠰᠠᠭᠤᠳᠠᠯ᠎ᠨᠢ ᠦᠨᠡᠮᠯᠡᠯ ᠥᠬᠡᠶ᠎ᠪᠠᠷ ᠡᠵᠡᠩᠨᠡᠬᠦ᠂ ᠬᠤᠳᠠᠯ ᠬᠠᠭᠤᠷᠮᠠᠭ ᠵᠠᠷ ᠮᠡᠳᠡᠭᠡᠨ᠎ᠤ ᠤᠬᠠᠭᠤᠯᠭ᠎ᠠ᠂ ᠦᠢ᠍ᠯᠡᠴᠢᠯᠡᠭᠡᠨ᠎ᠤ ᠶᠠᠰᠤ ᠴᠢᠨᠠᠷ ᠪᠠᠷᠤᠭᠲᠠᠢ ᠪᠠ ᠬᠡᠷᠡᠭᠯᠡᠭᠴᠢᠳ᠎ᠢ ᠮᠡᠬᠡᠯᠡᠬᠦ ᠠᠵᠢᠯᠯᠠᠭ᠎ᠠ ᠪᠠᠢ᠌ᠪᠠ᠃
ᠳᠥᠷᠪᠡ᠂ ᠠᠰᠠᠭᠤᠨ ᠯᠠᠪᠯᠠᠯᠲᠠ ᠵᠢᠨ ᠪᠠᠶ᠋ᠢᠳᠠᠯ᠎ᠤᠨ ᠲᠤᠭ᠎ᠠ ᠪᠠᠷᠢᠮᠲᠠ ᠵᠢᠨ ᠪᠦᠷᠢᠳᠬᠡᠯ
5 ᠳ᠋ᠤᠭ᠋ᠠᠷ ᠰᠠᠷ᠎ᠠ᠎ᠳᠤ ᠠᠰᠠᠭᠤᠨ ᠯᠠᠪᠯᠠᠯᠲᠠ ᠵᠢ 17546 ᠬᠤᠪᠢ ᠭᠥᠯᠢᠶᠡᠨ ᠠᠪᠴᠤ᠂ ᠠᠳᠠᠯᠢ ᠬᠤᠭᠤᠴᠠᠭ᠋ᠠᠨ᠎ᠤ᠎ᠬᠢ᠎ᠠᠴᠠ 12.22% ᠵᠶ᠋ᠠᠷ ᠨᠡᠮᠡᠭᠳᠡᠵᠡᠶ; ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠢᠰᠲ᠋ᠧᠮ᠎ᠳᠤ ᠬᠤᠯᠪᠣᠭᠳᠠᠭᠰᠠᠨ 1825 ᠬᠤᠪᠢ ᠪᠠᠶ᠋ᠢᠵᠤ᠂ ᠠᠰᠠᠭᠤᠨ ᠯᠠᠪᠯᠠᠬᠤ ᠬᠡᠮᠵᠢᠶ᠎ᠡ᠎ᠪᠠᠷ ᠨᠡᠯᠢᠶᠡᠳ ᠶᠡᠭᠡ ᠠᠰᠠᠭᠤᠳᠠᠯ᠎ᠨᠢ᠄ ᠢᠯᠡᠴᠢᠯᠡᠨ ᠮᠡᠳᠡᠭᠦᠯᠵᠦ ᠵᠠᠭ᠋ᠠᠯᠳᠤᠭᠰᠠᠨ 933 ᠬᠤᠪᠢ᠂ ᠰᠦᠯᠵᠢᠶᠡᠨ᠎ᠤ ᠠᠷᠠᠯᠵᠢᠶᠠᠨ᠎ᠤ ᠬᠢᠨᠠᠯᠲᠠ ᠬᠠᠮᠢᠶᠠᠷᠤᠯᠲᠠ 126 ᠬᠤᠪᠢ᠂ ᠵᠠᠬ᠎ᠠ ᠳᠡᠯᠭᠡᠭᠦᠷ᠎ᠤᠨ ᠭᠤᠣᠯ ᠴᠣᠭᠴᠠ ᠵᠢᠨ ᠳᠠᠩᠰᠠᠯᠠᠨ ᠲᠡᠮᠳᠡᠭᠯᠡᠭᠦᠯᠦᠭᠰᠡᠨ 36 ᠬᠤᠪᠢ᠂ ᠣᠨᠴᠠ ᠲᠥᠷᠥᠯ᠎ᠤᠨ ᠲᠣᠨᠤᠭ ᠲᠥᠬᠦᠭᠡᠷᠦᠮᠵᠢ 18 ᠬᠤᠪᠢ᠂ ᠦᠢ᠍ᠯᠡᠴᠢᠯᠡᠭᠡᠨ᠎ᠤ ᠬᠡᠷᠡᠭᠯᠡᠭᠡ ᠵᠢᠨ ᠬᠢᠨᠠᠯᠲᠠ ᠬᠠᠮᠢᠶᠠᠷᠤᠯᠲᠠ 15 ᠬᠤᠪᠢ᠂ ᠦᠢ᠍ᠯᠡᠳᠬᠦᠨ (ᠲᠠᠸᠠᠷ)᠎ᠤ ᠶᠠᠰᠤ ᠴᠢᠨᠠᠷ 8 ᠬᠤᠪᠢ ᠵᠡᠷᠭᠡ ᠪᠣᠯᠣᠨ᠎ᠠ; ᠪᠤᠰᠤᠳ ᠰᠠᠯᠠᠭ᠎ᠠ ᠮᠥᠴᠢᠷ᠎ᠤᠨ ᠠᠰᠠᠭᠤᠨ ᠯᠠᠪᠯᠠᠬᠤ᠎ᠳᠤ ᠬᠤᠯᠪᠣᠭᠳᠠᠭᠰᠠᠨ᠎ᠨᠢ ᠭᠤᠣᠯᠳᠠᠭᠤ ᠡᠷᠡᠭᠦᠯ ᠬᠠᠮᠠᠭ᠋ᠠᠯᠠᠯ᠂ ᠵᠢᠭᠤᠯᠴᠢᠯᠠᠯ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠬᠠᠮᠢᠶᠠᠷᠤᠯᠲᠠ᠂ ᠰᠢᠤᠳᠠᠨ᠂ ᠳᠤᠯᠠᠭ᠋ᠠᠯᠠᠭ᠎ᠠ ᠬᠠᠩᠭ᠋ᠠᠬᠤ᠂ ᠤᠰᠤ ᠬᠠᠩᠭ᠋ᠠᠬᠤ᠂ ᠠᠳᠠᠯ ᠠᠬᠤᠶ᠂ ᠭᠡᠷ ᠬᠥᠷᠥᠩᠭᠡ ᠵᠡᠷᠭᠡ᠎ᠳᠤ ᠬᠤᠯᠪᠣᠭᠳᠠᠵᠠᠶ᠃
ᠲᠠᠶ᠋ᠢᠯᠪᠤᠷᠢ᠄ ᠳᠣᠰ ᠮᠠᠲᠠᠭᠦᠯᠣᠯᠲᠠ ᠵᠢᠨ ᠳᠣᠭ᠎ᠠ ᠪᠠᠷᠢᠮᠲᠠ᠎ᠨᠢ ᠪᠤᠢ᠍ᠭᠦ ᠤᠯᠤᠰ᠎ᠤᠨ 12315 ᠲᠠᠪᠴᠠᠩ᠎ᠠᠴᠠ ᠡᠢ᠍ᠷᠠᠯᠲᠠ᠎ᠲᠠᠢ