ᠨᠢᠭᠡ᠂ ᠦᠨᠳᠦᠰᠦᠨ ᠪᠠᠢᠳᠠᠯ
2025ᠣᠨ᠎ᠤ 1ᠳ᠋ᠦ᠍ᠭᠡᠷ ᠰᠠᠷ᠎ᠠ᠎ᠠᠴᠠ 8 ᠳ᠋ᠤᠭᠠᠷ ᠰᠠᠷ᠎ᠠ ᠪᠣᠯᠲᠠᠯ᠎ᠠ ᠥᠪᠥᠷ ᠮᠣᠩᠭᠤᠯ᠎ᠤᠨ ᠪᠥᠬᠦ᠌ ᠤᠯᠤᠰ᠎ᠤᠨ 12315 ᠲᠠᠪᠴᠠᠩ᠎ᠤᠨ ᠬᠡᠷᠡᠭ᠌ᠯᠡᠭ᠌ᠴᠢᠳ᠎ᠤᠨ ᠵᠠᠭᠠᠯᠳᠤᠯᠭ᠎ᠠ᠂ ᠢᠯᠡᠴᠢᠯᠡᠨ ᠮᠡᠳᠡᠭᠦᠯᠦᠯᠲᠡ᠂ ᠠᠰᠠᠭᠤᠨ ᠯᠠᠪᠯᠠᠬᠤ ᠨᠡᠢᠲᠡ 300156 ᠬᠤᠪᠢ ᠭᠥᠯᠢᠶᠡᠨ ᠠᠪᠴᠤ᠌᠂ ᠠᠳᠠᠯᠢ ᠬᠤᠭᠤᠴᠠᠭᠠᠨ᠎ᠤ᠎ᠬᠢ᠎ᠠᠴᠠ 19.43%᠎ᠪᠠᠷ ᠨᠡᠮᠡᠭ᠌ᠳᠡᠪᠡ᠃ ᠡᠭᠦᠨ᠎ᠳᠤ᠂ ᠵᠠᠭᠠᠯᠳᠤᠯᠭ᠎ᠠ 136647 ᠬᠤᠪᠢ ᠪᠠᠢᠵᠤ᠂ ᠠᠳᠠᠯᠢ ᠬᠤᠭᠤᠴᠠᠭᠠᠨ᠎ᠤ᠎ᠬᠢ᠎ᠠᠴᠠ33.00%᠎ᠪᠠᠷ ᠨᠡᠮᠡᠭ᠌ᠳᠡᠪᠡ;ᠢᠯᠡᠴᠢᠯᠡᠨ ᠮᠡᠳᠡᠭᠦᠯᠦᠯᠲᠡ 29375ᠬᠤᠪᠢ ᠪᠠᠢᠵᠤ᠂ ᠠᠳᠠᠯᠢ ᠬᠤᠭᠤᠴᠠᠭᠠᠨ᠎ᠤ᠎ᠬᠢ᠎ᠠᠴᠠ 29.33% ᠪᠠᠷ ᠨᠡᠮᠡᠭ᠌ᠳᠡᠪᠡ; ᠠᠰᠠᠭᠤᠨ ᠯᠠᠪᠯᠠᠬᠤ ᠨᠢ 134134 ᠬᠤᠪᠢ ᠪᠠᠢᠵᠤ᠂ ᠠᠳᠠᠯᠢ ᠬᠤᠭᠤᠴᠠᠭᠠᠨ᠎ᠤ᠎ᠬᠢ᠎ᠠᠴᠠ 6.56% ᠪᠠᠷ ᠨᠡᠮᠡᠭ᠌ᠳᠡᠪᠡ᠃ ᠢᠯᠡᠴᠢᠯᠡᠨ ᠮᠡᠳᠡᠭᠦᠯᠦᠭ᠌ᠰᠡᠨ᠎ᠨᠢ ᠨᠡᠢᠲᠡ 156547 ᠬᠤᠪᠢ᠎ᠶ᠋ᠢ᠎ᠨᠢ ᠱᠢᠢᠳᠪᠦᠷᠢᠯᠡᠨ ᠳᠠᠭᠤᠰᠭᠠᠵᠤ᠂ ᠱᠢᠢᠳᠪᠦᠷᠢᠯᠡᠵᠦ᠍ ᠳᠠᠭᠤᠰᠭᠠᠭ᠍ᠰᠠᠨ ᠨᠣᠷᠮ᠎ᠠ᠎ᠨᠢ94.29% ᠲᠤ ᠬᠦᠷᠴᠦ᠍᠂ ᠮᠠᠷᠭᠤᠯᠳᠤᠭᠠᠨ᠎ᠤ ᠵᠣᠭᠤᠰ᠎ᠤᠨ ᠲᠤᠭ᠎ᠠ᠎ᠨᠢ 1.58 ᠳ᠋ᠦᠩᠱᠢᠭᠤᠷ ᠲᠥᠭᠦᠷᠢᠭ᠎ᠲᠤ ᠬᠦᠷᠴᠦ᠍᠂ ᠬᠡᠷᠡᠭ᠌ᠯᠡᠭ᠌ᠴᠢᠳ᠎ᠲᠤ 3969.41ᠲᠦᠮᠡᠨ ᠲᠥᠭᠦᠷᠢᠭ᠎ᠤᠨ ᠠᠵᠤ ᠠᠬᠤᠶ᠎ᠶ᠋ᠢᠨ ᠬᠤᠬᠢᠷᠠᠯ᠎ᠢ ᠡᠭᠡᠭᠦᠯᠦᠨ ᠠᠪᠴᠢᠷᠠᠵᠤ ᠥᠭ᠌ᠴᠡᠶ᠃
2025ᠣᠨ᠎ᠤ 8 ᠳ᠋ᠤᠭᠠᠷ ᠰᠠᠷ᠎ᠠ᠎ᠳᠤ᠂ ᠥᠪᠥᠷ ᠮᠣᠩᠭᠤᠯ᠎ᠤᠨ ᠪᠥᠬᠦ᠌ ᠤᠯᠤᠰ᠎ᠤᠨ 12315ᠲᠠᠪᠴᠠᠩ ᠬᠡᠷᠡᠭ᠌ᠯᠡᠭ᠌ᠴᠢᠳ᠎ᠤᠨ ᠵᠠᠭᠠᠯᠳᠤᠯᠭ᠎ᠠ᠂ ᠢᠯᠡᠴᠢᠯᠡᠨ ᠮᠡᠳᠡᠭᠦᠯᠦᠯᠲᠡ᠂ ᠠᠰᠠᠭᠤᠨ ᠯᠠᠪᠯᠠᠬᠤ ᠶ᠋ᠢ ᠨᠡᠢᠲᠡ 47400 ᠬᠤᠪᠢ ᠭᠥᠯᠢᠶᠡᠨ ᠠᠪᠴᠤ᠌᠂ ᠠᠳᠠᠯᠢ ᠬᠤᠭᠤᠴᠠᠭᠠᠨ᠎ᠤ᠎ᠬᠢ᠎ᠠᠴᠠ 33.53% ᠪᠠᠷ ᠨᠡᠮᠡᠭ᠌ᠳᠡᠪᠡ᠃ ᠡᠭᠦᠨ᠎ᠳᠤ᠂ ᠵᠠᠭᠠᠯᠳᠣᠯᠭ᠎ᠠ 23061 ᠬᠤᠪᠢ ᠪᠠᠢᠵᠤ᠂ ᠶᠡᠷᠦᠩᠬᠡᠶ ᠬᠡᠮᠵᠢᠶᠡᠨ᠎ᠤ 48.65%᠎ᠶ᠋ᠢ ᠡᠵᠡᠯᠡᠪᠡ; ᠢᠯᠡᠴᠢᠯᠡᠨ ᠮᠡᠳᠡᠭᠦᠯᠦᠯᠲᠡ 4620 ᠬᠤᠪᠢ ᠪᠠᠢᠵᠤ᠂ ᠶᠡᠷᠦᠩᠬᠡᠶ ᠬᠡᠮᠵᠢᠶᠡᠨ᠎ᠤ 9.75%᠎ᠶ᠋ᠢ ᠡᠵᠡᠯᠡᠪᠡ; ᠠᠰᠠᠭᠤᠨ ᠯᠠᠪᠯᠠᠬᠤ 19719 ᠬᠤᠪᠢ ᠪᠠᠢᠵᠤ᠂ ᠶᠡᠷᠦᠩᠬᠡᠶ ᠬᠡᠮᠵᠢᠶᠡᠨ᠎ᠤ 41.60% ᠶ᠋ᠢ ᠡᠵᠡᠯᠡᠪᠡ᠃
2025ᠣᠨ᠎ᠤ 8 ᠳ᠋ᠤᠭᠠᠷ ᠰᠠᠷ᠎ᠠ᠎ᠳᠤ ᠪᠥᠬᠦ᠌ ᠣᠷᠣᠨ᠎ᠤ 12315 ᠵᠠᠭᠠᠯᠳᠤᠬᠤ ᠢᠯᠡᠴᠢᠯᠡᠨ ᠮᠡᠳᠡᠭᠦᠯᠬᠦ᠌ ᠠᠰᠠᠭᠤᠨ ᠯᠠᠪᠯᠠᠬᠤ᠎ᠶ᠋ᠢᠨ ᠬᠡᠮᠵᠢᠶ᠎ᠡ᠎ᠶ᠋ᠢᠨ ᠠᠳᠠᠯᠢ ᠬᠤᠭᠤᠴᠠᠭᠠᠨ᠎ᠤ ᠬᠠᠷᠢᠴᠠᠭᠤᠯᠤᠯ᠎ᠤᠨ ᠵᠢᠷᠤᠭ᠄

ᠡᠯ᠎ᠡ ᠠᠢᠮᠠᠭ ᠬᠤᠲᠠ᠎ᠶ᠋ᠢᠨ ᠵᠠᠭᠠᠯᠳᠣᠬᠣ ᠢᠯᠡᠴᠢᠯᠡᠨ ᠮᠡᠳᠡᠭᠦᠯᠬᠦ᠌ ᠠᠰᠠᠭᠤᠨ ᠯᠠᠪᠯᠠᠬᠤ ᠲᠤᠭ᠎ᠠ ᠪᠦᠷᠢᠳᠭᠡᠯ᠎ᠤᠨ ᠬᠦᠰᠦᠨᠦᠭ᠌ᠲᠦ ( ᠨᠢᠭᠡᠴᠢ᠄ ᠬᠤᠪᠢ)

ᠵᠠᠭᠠᠯᠳᠣᠬᠣ ᠢᠯᠡᠴᠢᠯᠡᠨ ᠮᠡᠳᠡᠭᠦᠯᠬᠦ᠌ ᠠᠰᠠᠭᠣᠨ ᠯᠠᠪᠯᠠᠬᠤ ᠶᠡᠷᠦᠩᠬᠡᠶ ᠬᠡᠮᠵᠢᠶ᠎ᠡ᠎ᠶ᠋ᠢᠨ ᠡᠮᠦᠨ᠎ᠡ ᠭᠤᠷᠪᠠ᠎ᠳᠤ ᠵᠢᠭ᠍ᠰᠠᠭᠠᠭ᠍ᠳᠠᠭ᠍ᠰᠠᠨ ᠨᠢ ᠬᠥᠬᠡᠬᠣᠲᠠ᠂ ᠪᠤᠭᠤᠲᠤ ᠬᠣᠲᠠ᠂ ᠤᠯᠠᠭᠠᠨᠬᠠᠳᠠ ᠬᠣᠲᠠ ᠪᠣᠯᠤᠨ᠎ᠠ᠃ ᠡᠯ᠎ᠡ ᠵᠤᠢ᠍ᠢᠯᠤᠨ ᠲᠣᠭ᠎ᠠ ᠪᠠᠷᠢᠮᠲᠠ ᠵᠠᠭᠠᠯᠳᠤᠯᠭ᠎ᠠ᠎ᠶ᠋ᠢᠨ ᠬᠡᠮᠵᠢᠶ᠎ᠡ᠎ᠨᠢ ᠡᠮᠦᠨ᠎ᠡ ᠭᠤᠷᠪᠠ ᠳᠦ ᠵᠢᠭ᠍ᠰᠠᠭᠠᠭ᠍ᠳᠠᠭ᠍ᠰᠠᠨ ᠨᠢᠬᠥᠬᠡᠬᠤᠲᠠ᠂ ᠪᠤᠭᠤᠲᠤ ᠬᠤᠲᠠ᠂ ᠤᠯᠠᠭᠠᠨᠬᠠᠳᠠ ᠬᠤᠲᠠ ᠪᠠᠢᠵᠤ᠂ ᠢᠯᠡᠴᠢᠯᠡᠨ ᠮᠡᠳᠡᠭᠦᠯᠦᠭ᠌ᠰᠡᠨ ᠬᠡᠮᠵᠢᠶ᠎ᠡ᠎ᠨᠢ ᠡᠮᠤᠨ᠎ᠡ ᠭᠤᠷᠪᠠ᠎ᠳᠤ ᠵᠢᠭ᠍ᠰᠠᠭᠠᠭ᠍ᠳᠠᠭ᠍ᠰᠠᠨ ᠨᠢ ᠬᠥᠬᠡᠬᠤᠲᠠ᠂ ᠪᠤᠭᠤᠲᠤ ᠬᠤᠲᠠ᠂ ᠲᠦᠩᠯᠢᠶᠣᠤ ᠬᠤᠲᠠ ᠪᠣᠯᠤᠨ᠎ᠠ᠃
ᠬᠤᠶᠠᠷ᠂ ᠵᠠᠭᠠᠯᠳᠣᠯᠭ᠎ᠠ᠎ᠶ᠋ᠢᠨ ᠪᠠᠢᠳᠠᠯ᠎ᠤᠨ ᠲᠤᠭ᠎ᠠ ᠪᠠᠷᠢᠮᠳᠠ᠎ᠶ᠋ᠢᠨ ᠪᠦᠷᠢᠳᠭᠡᠯ
8 ᠳ᠋ᠤᠭᠠᠷ ᠰᠠᠷ᠎ᠠ᠎ᠳᠤ ᠬᠡᠷᠡᠭ᠌ᠯᠡᠭ᠌ᠴᠢᠳ᠎ᠤᠨ ᠵᠠᠭᠠᠯᠳᠤᠯᠭ᠎ᠠ᠎ᠶ᠋ᠢ ᠨᠡᠢᠲᠡ 23061 ᠬᠤᠪᠢ ᠬᠦᠯᠢᠶᠡᠨ ᠠᠪᠴᠤ᠌᠂ ᠠᠳᠠᠯᠢ ᠬᠤᠭᠤᠴᠠᠭᠠᠨ᠎ᠤ᠎ᠬᠢ᠎ᠠᠴᠠ 53.76% ᠪᠠᠷ ᠨᠡᠮᠡᠭ᠌ᠳᠡᠪᠡ᠃ ᠡᠭᠦᠨ᠎ᠳᠤ᠂ ᠲᠠᠸᠠᠷ᠎ᠤᠨ ᠲᠥᠷᠥᠯ᠎ᠳᠤ 12383 ᠬᠤᠪᠢ ᠬᠤᠯᠪᠣᠭ᠍ᠳᠠᠵᠤ᠂ ᠦᠢᠯᠡᠴᠢᠯᠡᠭᠡᠨ᠎ᠤ ᠲᠥᠷᠥᠯ᠎ᠳᠤ ᠬᠤᠯᠪᠣᠭ᠍ᠳᠠᠭ᠍ᠰᠠᠨ 10678 ᠬᠤᠪᠢ ᠪᠠᠢᠪᠠ᠃ ᠵᠠᠭᠠᠯᠳᠣᠯᠭ᠎ᠠ ᠶ᠋ᠢᠨ ᠮᠠᠷᠭᠤᠭᠠᠨ᠎ᠲᠠᠢ ᠬᠤᠯᠪᠣᠭ᠍ᠳᠠᠭ᠍ᠰᠠᠨ ᠵᠣᠭᠤᠰ᠎ᠤᠨ ᠲᠤᠭ᠎ᠠ 1407.64 ᠲᠦᠮᠡᠨ ᠲᠥᠭᠦᠷᠢᠭ ᠪᠠᠢᠵᠤ᠂ ᠬᠡᠷᠡᠭ᠌ᠯᠡᠭ᠌ᠴᠢᠳ᠎ᠲᠤ 403 ᠲᠦᠮᠡᠨ ᠲᠥᠭᠦᠷᠢᠭ᠎ᠤᠨ ᠠᠵᠤ ᠠᠬᠤᠶ᠎ᠶ᠋ᠢᠨ ᠬᠤᠬᠢᠷᠠᠯ᠎ᠢ ᠡᠭᠡᠭᠦᠯᠦᠨ ᠠᠪᠴᠢᠷᠠᠵᠤ ᠥᠭ᠌ᠪᠡ᠃ 9 ᠳ᠋ᠦ᠍ᠭᠡᠷ ᠰᠠᠷ᠎ᠠ᠎ᠶ᠋ᠢᠨ 3᠎ᠤ ᠡᠳᠦᠷ ᠪᠣᠯᠲᠠᠯ᠎ᠠ ᠨᠢᠭᠡᠨᠲᠡ 17564 ᠬᠤᠪᠢ᠎ᠶ᠋ᠢ᠎ᠨᠢ ᠱᠢᠢᠳᠪᠦᠷᠢᠯᠡᠨ ᠳᠠᠭᠤᠰᠭᠠᠵᠤ᠂ ᠱᠢᠢᠳᠪᠦᠷᠢᠯᠡᠵᠦ᠍ ᠳᠠᠭᠤᠰᠭᠠᠭ᠍ᠰᠠᠨ ᠨᠣᠷᠮ᠎ᠠ᠎ᠨᠢ 76.16% ᠳᠤ ᠬᠦᠷᠪᠡ᠃
ᠪᠤᠰᠤᠳᠴᠢ ᠴᠤᠭ᠍ᠴᠠ᠎ᠶ᠋ᠢᠨ ᠲᠦᠷᠦᠯ ᠢᠯᠭᠠᠯ᠎ᠢᠶᠠᠷ ᠬᠦᠰᠦᠨᠦᠭ᠎ᠲᠤ ᠦᠵᠡᠨ᠎ᠡ (ᠨᠢᠭᠡ)᠂ (ᠬᠤᠶᠠᠷ)
(ᠨᠢᠭᠡ)ᠲᠠᠸᠠᠷ᠎ᠤᠨ ᠲᠦᠷᠦᠯ᠎ᠳᠤ ᠬᠤᠯᠪᠤᠭ᠍ᠳᠠᠬᠤ


ᠲᠠᠸᠠᠷ᠎ᠤᠨ ᠲᠥᠷᠥᠯ᠎ᠦᠨ ᠵᠠᠭᠠᠯᠳᠤᠯᠭ᠎ᠠ ᠨᠢ ᠠᠳᠠᠯᠢ ᠬᠣᠭᠣᠴᠠᠭᠠᠨ ᠤ ᠬᠢ᠎ᠡᠴᠡ 43.52% ᠪᠠᠷ ᠨᠡᠮᠡᠭ᠌ᠳᠡᠪᠡ᠃ ᠵᠠᠭᠠᠯᠳᠤᠯᠭ᠎ᠠ᠎ᠶ᠋ᠢᠨ ᠬᠡᠮᠵᠢᠶ᠎ᠡ᠎ᠨᠢ ᠡᠮᠦᠨ᠎ᠡ ᠲᠠᠪᠤᠨ ᠪᠠᠢᠷᠢ᠎ᠳᠤ ᠪᠠᠢᠭ᠎ᠠ ᠲᠠᠸᠠᠷ᠎ᠤᠨ ᠶᠡᠭᠡ ᠲᠦᠷᠦᠯ᠎ᠨᠢ ᠳᠡᠰ ᠳᠠᠷᠠᠭᠠᠯᠠᠨ ᠢᠳᠡᠭᠡᠨ᠂ ᠵᠠᠮ ᠬᠠᠷᠢᠯᠴᠠᠭᠠᠨ᠎ᠤ ᠪᠠᠭᠠᠵᠢ᠂ ᠬᠤᠪᠴᠠᠰᠤ ᠬᠤᠨᠠᠷ ᠮᠠᠯᠠᠭᠠᠢ ᠱᠠᠬᠠᠢ᠂ ᠭᠡᠷ᠎ᠤᠨ ᠡᠳ᠋ᠯᠡᠯ ᠬᠡᠷᠡᠭ᠌ᠰᠡᠯ᠂ ᠴᠢᠮᠡᠭᠡ ᠨᠡᠪᠲᠡᠷᠡᠯᠭᠡ᠎ᠶ᠋ᠢᠨ ᠦᠢᠯᠡᠳᠬᠦᠨ ᠪᠣᠯᠤᠨ᠎ᠠ᠃
ᠵᠠᠭᠠᠯᠳᠣᠯᠭ᠎ᠠ ᠶ᠋ᠢᠨ ᠬᠡᠮᠵᠢᠶ᠎ᠡ᠎ᠨᠢ ᠡᠮᠦᠨ᠎ᠡ ᠲᠠᠪᠤᠨ ᠲᠥᠷᠥᠯ᠎ᠤᠨ ᠲᠠᠸᠠᠷ᠎ᠤᠨ ᠶᠡᠭᠡ ᠲᠥᠷᠥᠯ᠎ᠨᠢ ᠲᠠᠸᠠᠷ᠎ᠤᠨ ᠵᠠᠭᠠᠯᠳᠤᠯᠭ᠎ᠠ᠎ᠶ᠋ᠢᠨ ᠶᠡᠷᠦᠩᠬᠡᠶ ᠬᠡᠮᠵᠢᠶᠡᠨ᠎ᠤ ᠬᠠᠷᠢᠴᠠᠯ᠎ᠳᠤ ᠡᠵᠡᠯᠡᠬᠦ᠌ ᠱᠠᠯᠪᠢᠩ ᠬᠡᠯᠪᠡᠷᠢᠲᠦ ᠵᠢᠷᠤᠭ᠄

ᠵᠠᠭᠠᠯᠳᠤᠯᠭ᠎ᠠ᠎ᠶ᠋ᠢᠨ ᠬᠡᠮᠵᠢᠶ᠎ᠡ᠎ᠨᠢ ᠨᠢᠭᠡᠳᠦᠭᠡᠷ᠎ᠲᠤ ᠵᠢᠭ᠍ᠰᠠᠭᠠᠭ᠍ᠳᠠᠭ᠍ᠰᠠᠨ ᠢᠳᠡᠭᠡᠨ᠎ᠤ ᠲᠥᠷᠥᠯ 6293 ᠬᠤᠪᠢ ᠪᠠᠢᠵᠤ᠂ ᠲᠠᠸᠠᠷ᠎ᠤᠨ ᠲᠥᠷᠥᠯ᠎ᠤᠨ ᠵᠠᠭᠠᠯᠳᠤᠯᠭ᠎ᠠ᠎ᠶ᠋ᠢᠨ ᠶᠡᠷᠦᠩᠬᠡᠢ ᠬᠡᠮᠵᠢᠶᠡᠨ᠎ᠤ 50.82%᠎ᠢ ᠡᠵᠡᠯᠡᠪᠡ᠃ ᠡᠢᠮᠣᠷᠭᠦᠦ ᠵᠠᠭᠠᠯᠳᠤᠯᠭ᠎ᠠ ᠳᠤᠮᠳᠠ᠂ ᠵᠠᠭᠠᠯᠳᠤᠯᠭ᠎ᠠ ᠨᠡᠯᠢᠶᠡᠳ ᠠᠷᠪᠢᠨ ᠪᠠᠢᠭ᠎ᠠ ᠲᠠᠸᠠᠷ ᠪᠣᠯ ᠡᠩ᠎ᠦᠨ ᠢᠳᠡᠭᠡᠨ᠎ᠦ ᠵᠦᠢᠯ 4560 ᠬᠤᠪᠢ ᠂ ᠢᠳᠡᠭᠡᠨ᠎ᠦ ᠲᠠᠷᠢᠶᠠᠯᠠᠩ᠎ᠤᠨ ᠪᠦᠲᠦᠭᠡᠭ᠌ᠳᠡᠬᠦᠨ 851ᠬᠤᠪᠢ ᠂ ᠠᠷᠢᠬᠢ ᠪᠠ ᠤᠮᠳᠠᠭᠠᠨ 692 ᠬᠤᠪᠢ ᠂ ᠨᠢᠯᠬ᠎ᠠ ᠬᠡᠦᠬᠡᠳ᠎ᠦᠨ ᠨᠠᠢᠷᠠᠯᠭ᠎ᠠ᠎ᠲᠠᠶ ᠰᠦᠨ ᠲᠠᠯᠬ᠎ᠠ 91 ᠬᠤᠪᠢ ᠂ ᠢᠳᠡᠭᠡᠨ᠎ᠦ ᠬᠠᠮᠢᠶ᠎ᠠ ᠪᠦᠬᠦᠢ ᠦᠢᠯᠡᠳᠬᠦᠨ 62ᠬᠤᠪᠢ᠂ ᠡᠷᠡᠭᠦᠯᠵᠢᠯ᠎ᠦᠨ ᠢᠳᠡᠭᠡᠨ 34ᠬᠤᠪᠢ ᠂ ᠠᠨᠠᠭᠠᠬᠤ ᠤᠬᠠᠭᠠᠨ᠎ᠤ ᠣᠨᠴᠠᠭᠠᠢ ᠬᠡᠷᠡᠭ᠌ᠴᠡᠭᠡᠲᠦ ᠨᠠᠢᠷᠠᠯᠭ᠎ᠠ᠎ᠶ᠋ᠢᠨ ᠢᠳᠡᠭᠡᠨ 3 ᠬᠤᠪᠢ ᠪᠠᠢᠪᠠ᠃
ᠵᠠᠭᠠᠯᠳᠤᠯᠭ᠎ᠠ᠎ᠶ᠋ᠢᠨ ᠬᠡᠮᠵᠢᠶ᠎ᠡ᠎ᠨᠢ ᠬᠤᠶᠠᠳᠤᠭᠠᠷ᠎ᠲᠤ ᠵᠢᠭ᠍ᠰᠠᠭᠠᠭ᠍ᠳᠠᠭ᠍ᠰᠠᠨ ᠵᠠᠮ ᠬᠠᠷᠢᠯᠴᠠᠭᠠᠨ᠎ᠤ ᠪᠠᠭᠠᠵᠢ ᠬᠡᠷᠡᠭ᠌ᠰᠡᠯ᠎ᠤᠨ ᠲᠥᠷᠥᠯ 846 ᠬᠤᠪᠢ ᠪᠠᠢᠵᠤ᠂ ᠲᠠᠸᠠᠷ᠎ᠤᠨ ᠲᠥᠷᠥᠯ᠎ᠤᠨ ᠵᠠᠭᠠᠯᠳᠤᠯᠭ᠎ᠠ᠎ᠶ᠋ᠢᠨ ᠶᠡᠷᠦᠩᠬᠡᠢ ᠬᠡᠮᠵᠢᠶᠡᠨ᠎ᠤ 6.83 % ᠶ᠋ᠢ ᠡᠵᠡᠯᠡᠵᠡᠢ᠃ ᠡᠢᠮᠦᠷᠬᠦᠦ ᠵᠠᠭᠠᠯᠳᠤᠯᠭ᠎ᠠ ᠳᠤᠮᠳᠠ ᠮᠠᠱᠢᠨ ᠲᠡᠷᠭᠡ ᠪᠠ ᠮᠠᠱᠢᠨ ᠲᠡᠷᠭᠡᠨ᠎ᠤ ᠰᠡᠯᠪᠢᠭ ᠲᠣᠨᠤᠭ 632 ᠬᠤᠪᠢ᠂ ᠳᠤᠭᠤᠢ ᠲᠡᠷᠭᠡ ᠪᠠ ᠰᠡᠯᠪᠢᠭ ᠲᠣᠨᠤᠭ 119 ᠬᠤᠪᠢ᠂ ᠮᠣᠲ᠋ᠣᠷ ᠲᠡᠷᠭᠡ ᠪᠠ ᠲᠤᠰᠠᠯᠠᠬᠤ ᠬᠦᠴᠦᠨ᠎ᠤ ᠲᠡᠷᠭᠡ 95 ᠬᠤᠪᠢ ᠪᠠᠢᠪᠠ᠃
ᠵᠠᠭᠠᠯᠳᠣᠯᠭ᠎ᠠ ᠶ᠋ᠢᠨ ᠬᠡᠮᠵᠢᠶ᠎ᠡ ᠨᠢ ᠭᠤᠷᠪᠠᠳᠤᠭᠠᠷ᠎ᠲᠤ ᠵᠢᠭ᠍ᠰᠠᠭᠠᠭ᠍ᠳᠠᠭ᠍ᠰᠠᠨ ᠬᠤᠪᠴᠠᠰᠤ ᠬᠤᠨᠠᠷ ᠱᠠᠬᠠᠢ ᠮᠠᠯᠠᠭᠠᠢ ᠶ᠋ᠢᠨ ᠲᠥᠷᠥᠯ 819 ᠵᠠᠬ᠎ᠠ ᠪᠠᠢᠵᠤ᠂ ᠲᠠᠸᠠᠷ᠎ᠤᠨ ᠲᠥᠷᠥᠯ᠎ᠤᠨ ᠵᠠᠭᠠᠯᠳᠤᠯᠭ᠎ᠠ᠎ᠶ᠋ᠢᠨ ᠶᠡᠷᠦᠩᠬᠡᠶ ᠬᠡᠮᠵᠢᠶᠡᠨ᠎ᠤ 6.61% ᠶ᠋ᠢ ᠡᠵᠡᠯᠡᠪᠡ᠃ ᠡᠢᠮᠦᠷᠬᠦᠦ ᠵᠠᠭᠠᠯᠳᠤᠯᠭ᠎ᠠ ᠳᠤᠮᠳᠠ᠂ ᠵᠠᠭᠠᠯᠳᠤᠯᠭ᠎ᠠ ᠨᠡᠯᠢᠶᠡᠳ ᠠᠷᠪᠢᠨ ᠪᠠᠢᠭ᠎ᠠ ᠲᠠᠸᠠᠷ᠎ᠨᠢ 324 ᠵᠠᠬ᠎ᠠ ᠱᠠᠬᠠᠢ᠂ 123 ᠵᠠᠬ᠎ᠠ ᠭᠠᠳᠠᠷ ᠬᠤᠪᠴᠠᠰᠤ᠂ 110 ᠵᠠᠬ᠎ᠠ ᠥᠮᠥᠳᠥ ᠂ 59 ᠵᠠᠬ᠎ᠠ ᠬᠠᠨᠲᠠᠭᠠᠰᠤ᠂ 59 ᠵᠠᠬ᠎ᠠ ᠪᠠᠩᠵᠠᠯ᠂ 26 ᠵᠠᠬ᠎ᠠ ᠳᠣᠲᠣᠷ ᠴᠠᠮᠴᠠ᠂ 25 ᠵᠠᠬ᠎ᠠ ᠳᠣᠲᠣᠷ ᠬᠤᠪᠴᠠᠰᠤ᠂ 11 ᠵᠠᠬ᠎ᠠ ᠲᠠᠮᠢᠷ᠎ᠤᠨ ᠬᠤᠪᠴᠠᠰᠤ ᠪᠠᠢᠵᠦ᠍᠂ ᠪᠤᠰᠤᠳ ᠵᠠᠭᠠᠯᠳᠤᠯᠭ᠎ᠠ 69 ᠬᠤᠪᠢ ᠪᠠᠢᠪᠠ᠃
ᠵᠠᠭᠠᠯᠳᠤᠯᠭ᠎ᠠ᠎ᠶ᠋ᠢᠨ ᠬᠡᠮᠵᠢᠶ᠎ᠡ᠎ᠨᠢ ᠳᠥᠷᠪᠡᠳᠦᠭᠡᠷ᠎ᠲᠤ ᠵᠢᠭ᠍ᠰᠠᠭᠠᠭ᠍ᠳᠠᠭ᠍ᠰᠠᠨ ᠭᠡᠷ᠎ᠤᠨ ᠬᠡᠷᠡᠭ᠌ᠰᠡᠯ᠎ᠤᠨ ᠲᠥᠷᠥᠯ ᠵᠦᠢᠯ 581ᠬᠤᠪᠢ ᠪᠠᠢᠵᠤ᠂ ᠲᠠᠸᠠᠷ᠎ᠤᠨ ᠲᠥᠷᠥᠯ᠎ᠤᠨ ᠵᠠᠭᠠᠯᠳᠤᠯᠭ᠎ᠠ᠎ᠶ᠋ᠢᠨ ᠶᠡᠷᠦᠩᠬᠡᠢ ᠬᠡᠮᠵᠢᠶᠡᠨ᠎ᠤ 4.69% ᠶ᠋ᠢ ᠡᠵᠡᠯᠡᠪᠡ᠃ ᠲᠤᠰ ᠲᠥᠷᠥᠯ᠎ᠤᠨ ᠵᠠᠭᠠᠯᠳᠤᠯᠭ᠎ᠠ ᠳᠤᠮᠳᠠ᠂ ᠭᠡᠷ᠎ᠤᠨ ᠬᠡᠷᠡᠭ᠌ᠰᠡᠯ 274 ᠬᠤᠪᠢ᠂ ᠨᠢᠳᠦᠨ ᠱᠢᠯ 64 ᠬᠤᠪᠢ᠂ ᠡᠳᠦᠷ ᠲᠤᠲᠤᠮ᠎ᠤᠨ ᠬᠡᠷᠡᠭ᠌ᠯᠡᠭᠡᠨ᠎ᠤ ᠵᠦᠢᠯ 64 ᠬᠤᠪᠢ᠂ ᠲᠣᠭᠤᠭᠠᠨ ᠭᠡᠷ᠎ᠤᠨ ᠬᠡᠷᠡᠭ᠌ᠯᠡᠭᠡᠨ᠎ᠤ ᠵᠦᠢᠯ 59 ᠬᠤᠪᠢ᠂ ᠬᠠᠢᠷᠴᠠᠭ ᠪᠣᠭ᠍ᠴᠣ 39ᠬᠤᠪᠢ᠂ ᠴᠠᠭ 35 ᠬᠤᠪᠢ᠂ ᠠᠷᠢᠭᠤᠨ ᠴᠡᠪᠡᠷ᠎ᠤᠨ ᠬᠡᠷᠡᠭ᠌ᠰᠡᠯ 23 ᠬᠤᠪᠢ᠂ ᠣᠷᠣ ᠳᠡᠭᠡᠷᠡᠬᠢ ᠬᠡᠷᠡᠭ᠌ᠯᠡᠭᠡᠨ᠎ᠤ ᠵᠦᠢᠯ 21 ᠬᠤᠪᠢ᠂ ᠨᠡᠬᠡᠮᠡᠯ ᠡᠳ᠋ 2 ᠬᠤᠪᠢ ᠪᠠᠢᠪᠠ᠃
ᠵᠠᠭᠠᠯᠳᠣᠯᠭ᠎ᠠ ᠶ᠋ᠢᠨ ᠬᠡᠮᠵᠢᠶ᠎ᠡ᠎ᠨᠢ ᠲᠠᠪᠤᠳᠤᠭᠠᠷ᠎ᠲᠤ ᠵᠢᠭ᠍ᠰᠠᠭᠠᠭ᠍ᠳᠠᠭ᠍ᠰᠠᠨ ᠴᠢᠮᠡᠭᠡ ᠬᠤᠯᠪᠣᠭᠠᠨ᠎ᠤ ᠦᠢᠯᠡᠳᠬᠦᠨ᠎ᠤ ᠲᠥᠷᠥᠯ 480 ᠬᠤᠪᠢ ᠪᠠᠢᠵᠤ᠂ ᠲᠠᠸᠠᠷ᠎ᠤᠨ ᠲᠥᠷᠥᠯ᠎ᠤᠨ ᠵᠠᠭᠠᠯᠳᠤᠯᠭ᠎ᠠ᠎ᠶ᠋ᠢᠨ ᠶᠡᠷᠦᠩᠬᠡᠶ ᠬᠡᠮᠵᠢᠶᠡᠨ᠎ᠤ 3.88% ᠶ᠋ᠢ ᠡᠵᠡᠯᠡᠪᠡ᠃ ᠡᠢᠮᠦᠷᠬᠦᠦ ᠵᠠᠭᠠᠯᠳᠤᠯᠭ᠎ᠠ ᠳᠤᠮᠳᠠ ᠂ ᠱᠢᠯᠵᠢᠮᠡᠯ ᠤᠲᠠᠰᠤ ᠵᠢᠴᠢ ᠰᠡᠯᠪᠢᠭ ᠲᠣᠨᠣᠭ 444 ᠬᠤᠪᠢ᠂ ᠲᠣᠭ᠍ᠲᠠᠮᠠᠯ ᠤᠲᠠᠰᠤ 1 ᠬᠤᠪᠢ ᠂ ᠪᠤᠰᠤᠳ ᠴᠢᠮᠡᠭᠡ ᠨᠡᠪᠲᠡᠷᠡᠯᠭᠡ᠎ᠶ᠋ᠢᠨ ᠦᠢᠯᠡᠳᠬᠦᠨ 35 ᠬᠤᠪᠢ ᠪᠠᠢᠪᠠ᠃
ᠲᠠᠸᠠᠷ᠎ᠤᠨ ᠵᠠᠭᠠᠯᠳᠤᠯᠭ᠎ᠠ᠎ᠶ᠋ᠢᠨ ᠬᠠᠯᠠᠮᠱᠢᠯ ᠴᠡᠭ᠎ᠠᠴᠠ ᠡᠮᠦᠨᠡᠬᠢ ᠠᠷᠪᠠᠨ ᠨᠡᠷᠡᠰ᠎ᠲᠤ ᠡᠩ᠎ᠤᠨ ᠰᠠᠭᠤᠳᠠᠯ᠎ᠤᠨ ᠮᠠᠱᠢᠨ ᠲᠡᠷᠭᠡ 482 ᠬᠤᠪᠢ᠂ ᠭᠠᠷ ᠤᠲᠠᠰᠤ 384 ᠬᠤᠪᠢ᠂ ᠠᠮᠤ ᠭᠤᠯᠢᠷ ᠵᠢᠴᠢ ᠲᠡᠭᠦᠨ᠎ᠤ ᠪᠦᠲᠦᠭᠡᠭ᠌ᠳᠡᠬᠦᠨ (ᠥᠪᠡᠷ᠎ᠢᠶᠠᠨ ᠦᠢᠯᠡᠳᠦᠭ᠌ᠰᠡᠨ) 255 ᠬᠤᠪᠢ᠂ ᠦᠬᠡᠷ᠎ᠤᠨ ᠮᠢᠬ᠎ᠠ 254ᠬᠤᠪᠢ᠂ ᠮᠢᠬᠠᠨ᠎ᠤ ᠪᠦᠲᠦᠭᠡᠭ᠌ᠳᠡᠬᠦᠨ (ᠥᠪᠡᠷ᠎ᠢᠶᠠᠨ ᠦᠢᠯᠡᠳᠦᠭ᠌ᠰᠡᠨ) 241 ᠬᠤᠪᠢ᠂ ᠲᠠᠯᠬ᠎ᠠ 225ᠬᠤᠪᠢ᠂ ᠪᠣᠷᠴᠠᠭ᠎ᠤᠨ ᠲᠥᠷᠥᠯ᠎ᠤᠨ 211ᠬᠤᠪᠢ᠂ᠠᠯᠲᠠᠨ ᠡᠯᠭᠦᠭᠡ ᠵᠠᠰᠠᠯ ᠵᠢᠮᠰᠡᠭ165ᠬᠤᠪᠢ᠂ ᠲᠠᠮᠢᠷ᠎ᠤᠨ ᠱᠠᠬᠠᠶ 124 ᠬᠤᠪᠢ᠂ ᠣᠨᠴᠠᠭᠠᠶ ᠪᠤᠰᠤ ᠬᠡᠷᠡᠭ᠌ᠴᠡᠭᠡᠲᠦ ᠵᠠᠰᠠᠯ ᠴᠢᠮᠡᠭ᠌ᠯᠡᠯ᠎ᠤᠨ ᠡᠳ᠋ 123 (ᠭᠥᠯᠢᠶᠡᠨ ᠠᠪᠬᠤ ᠬᠡᠮᠵᠢᠶᠡᠨ᠎ᠳᠠᠬᠢ ᠪᠤᠢ ᠪᠦᠬᠦᠢ《ᠪᠤᠰᠤᠳ》᠎ᠢ ᠨᠡᠷᠡᠰ᠎ᠤᠨ ᠵᠢᠭ᠍ᠰᠠᠭᠠᠯᠲᠠ᠎ᠳᠤ ᠣᠷᠣᠭᠤᠯᠬᠤ ᠦᠭᠡᠢ)᠂ ᠨᠡᠢᠲᠡ ᠬᠤᠳᠠᠯᠳᠤᠭᠠᠴᠢᠨ᠎ᠤ ᠲᠥᠷᠥᠯ᠎ᠤᠨ ᠵᠠᠭᠠᠯᠳᠤᠯᠭ᠎ᠠ᠎ᠶ᠋ᠢᠨ ᠶᠡᠷᠦᠩᠬᠡᠶ ᠬᠡᠮᠵᠢᠶᠡᠨ᠎ᠤ 19.9% ᠶ᠋ᠢ ᠡᠵᠡᠯᠡᠪᠡ᠃
( ᠬᠤᠶᠠᠷ) ᠣᠢᠯᠡᠴᠢᠯᠡᠭᠡᠨᠤ ᠲᠦᠷᠦᠯ᠎ᠳᠦ ᠬᠤᠯᠪᠤᠭ᠍ᠳᠠᠬᠤ


ᠦᠢᠯᠡᠴᠢᠯᠡᠭᠡᠨ᠎ᠤ ᠲᠥᠷᠥᠯ᠎ᠤᠨ ᠵᠠᠭᠠᠯᠳᠤᠯᠭ᠎ᠠ ᠠᠳᠠᠯᠢ ᠬᠤᠭᠤᠴᠠᠭᠠᠨ᠎ᠤ᠎ᠬᠢ᠎ᠠᠴᠠ 67.66%᠎ᠪᠠᠷ ᠨᠡᠮᠡᠭ᠌ᠳᠡᠪᠡ᠃ ᠵᠠᠭᠠᠯᠳᠤᠯᠭ᠎ᠠ᠎ᠶ᠋ᠢᠨ ᠬᠡᠮᠵᠢᠶ᠎ᠡ ᠡᠮᠦᠨ᠎ᠡ ᠲᠠᠪᠤ ᠳᠤ ᠵᠢᠭ᠍ᠰᠠᠭᠠᠬ᠍ᠰᠠᠨ ᠦᠢᠯᠡᠴᠢᠯᠡᠭᠡᠨ᠎ᠤ ᠶᠡᠭᠡ ᠲᠥᠷᠥᠯ᠎ᠨᠢ ᠲᠡᠰ ᠳᠠᠷᠠᠭᠠᠯᠠᠨ ᠢᠳᠡᠭᠡᠨ ᠤᠮᠳᠠᠭᠠᠨ ᠪᠠ ᠬᠤᠨᠣᠭ᠍ᠯᠠᠬᠤ ᠦᠢᠯᠡᠴᠢᠯᠡᠭᠡ᠂ ᠪᠣᠷᠣᠯᠠᠭᠤᠯᠬᠤ ᠦᠢᠯᠡᠴᠢᠯᠡᠭᠡ᠂ ᠰᠣᠶᠣᠯ ᠵᠤᠭ᠎ᠠ ᠴᠡᠩᠭᠡᠯ᠎ᠤᠨ ᠪᠡᠶ᠎ᠡ᠎ᠶ᠋ᠢᠨ ᠲᠠᠮᠢᠷ᠎ᠤᠨ ᠦᠢᠯᠡᠴᠢᠯᠡᠭᠡ᠂ ᠵᠢᠰᠦ ᠭᠤᠶᠣᠯᠠᠵᠤ ᠦᠰᠦ ᠵᠠᠰᠠᠬᠤ ᠤᠬᠢᠶᠠᠯᠭ᠎ᠠ᠎ᠶ᠋ᠢᠨ ᠦᠢᠯᠡᠴᠢᠯᠡᠭᠡ᠂ ᠣᠢᠯᠡᠳᠴᠦ᠍ ᠠᠷᠠᠴᠢᠯᠠᠬᠤ ᠪᠠ ᠰᠡᠯᠪᠢᠨ ᠵᠠᠰᠠᠬᠤ ᠦᠢᠯᠡᠴᠢᠯᠡᠭᠡ ᠵᠡᠷᠭᠡ᠎ᠶ᠋ᠢ ᠪᠠᠭ᠍ᠲᠠᠭᠠᠵᠠᠢ᠃
ᠵᠠᠭᠠᠯᠳᠣᠯᠭ᠎ᠠ ᠶ᠋ᠢᠨ ᠬᠡᠮᠵᠢᠶ᠎ᠡ᠎ᠨᠢ ᠡᠮᠦᠨ᠎ᠡ ᠲᠠᠪᠤ ᠳᠤ ᠵᠢᠭ᠍ᠰᠠᠭᠠᠬ᠍ᠰᠠᠨ ᠦᠢᠯᠡᠴᠢᠯᠡᠭᠡᠨ᠎ᠤ ᠶᠡᠭᠡ ᠲᠥᠷᠥᠯ᠎ᠳᠠᠬᠢ ᠦᠢᠯᠡᠴᠢᠯᠡᠭᠡᠨ᠎ᠤ ᠵᠠᠭᠠᠯᠳᠤᠯᠭ᠎ᠠ᠎ᠶ᠋ᠢᠨ ᠶᠡᠷᠦᠩᠬᠡᠶ ᠬᠡᠮᠵᠢᠶᠡᠨ᠎ᠤ ᠬᠠᠷᠢᠴᠠᠯ᠎ᠤᠨ ᠱᠠᠯᠪᠢᠩ ᠬᠡᠯᠪᠡᠷᠢᠲᠦ ᠵᠢᠷᠤᠭ ᠄

ᠵᠠᠭᠠᠯᠳᠤᠯᠭ᠎ᠠ᠎ᠶ᠋ᠢᠨ ᠬᠡᠮᠵᠢᠶ᠎ᠡ᠎ᠨᠢ ᠨᠢᠭᠡᠳᠦᠭᠡᠷ᠎ᠲᠤ ᠵᠢᠭ᠍ᠰᠠᠭᠠᠭ᠍ᠳᠠᠭ᠍ᠰᠠᠨ ᠢᠳᠡᠭᠡᠨ ᠤᠮᠳᠠᠭᠠᠨ ᠪᠠ ᠬᠤᠨᠤᠭ᠍ᠯᠠᠬᠤ ᠦᠢᠯᠡᠴᠢᠯᠡᠭᠡ3585ᠬᠤᠪᠢ ᠪᠠᠢᠵᠤ᠂ ᠦᠢᠯᠡᠴᠢᠯᠡᠭᠡᠨ᠎ᠤ ᠲᠦᠷᠦᠯ᠎ᠤᠨ ᠵᠠᠭᠠᠯᠳᠤᠯᠭ᠎ᠠ᠎ᠶ᠋ᠢᠨ ᠬᠡᠮᠵᠢᠶ᠎ᠡ᠎ᠶ᠋ᠢᠨ 33.57%᠎ᠶ᠋ᠢ ᠡᠵᠡᠯᠡᠪᠡ᠃ ᠡᠢᠮᠦᠷᠬᠦᠦ ᠵᠠᠭᠠᠯᠳᠤᠯᠭ᠎ᠠ᠎ᠶ᠋ᠢᠨ ᠳᠤᠮᠳᠠ᠂ ᠢᠳᠡᠭᠡᠨ ᠤᠮᠳᠠᠭᠠᠨ᠎ᠤ ᠦᠢᠯᠡᠴᠢᠯᠡᠭᠡ 2388ᠬᠤᠪᠢ᠂ ᠬᠤᠨᠤᠭ᠎ᠤᠨ ᠦᠢᠯᠡᠴᠢᠯᠡᠭᠡ1197 ᠬᠤᠪᠢ ᠪᠠᠢᠪᠠ᠃
ᠵᠠᠭᠠᠯᠳᠤᠯᠭ᠎ᠠ᠎ᠶ᠋ᠢᠨ ᠬᠡᠮᠵᠢᠶ᠎ᠡ᠎ᠨᠢ ᠬᠤᠶᠠᠳᠤᠭᠠᠷ᠎ᠲᠤ ᠵᠢᠭ᠍ᠰᠠᠭᠠᠭ᠍ᠳᠠᠭ᠍ᠰᠠᠨ ᠪᠣᠷᠤᠯᠠᠭᠤᠯᠭ᠎ᠠ᠎ᠶ᠋ᠢᠨ ᠦᠢᠯᠡᠴᠢᠯᠡᠭᠡ 1969ᠬᠤᠪᠢ ᠪᠠᠢᠵᠤ᠂ ᠦᠢᠯᠡᠴᠢᠯᠡᠭᠡᠨ᠎ᠤ ᠲᠥᠷᠥᠯ᠎ᠤᠨ ᠵᠠᠭᠠᠯᠳᠤᠯᠭ᠎ᠠ᠎ᠶ᠋ᠢᠨ ᠶᠡᠷᠦᠩᠬᠡᠢ ᠬᠡᠮᠵᠢᠶᠡᠨ᠎ᠤ 18.44%᠎ᠶ᠋ᠢ ᠡᠵᠡᠯᠡᠪᠡ᠃ ᠡᠢᠮᠦᠷᠬᠦᠦ ᠵᠠᠭᠠᠯᠳᠤᠯᠭ᠎ᠠ᠎ᠶ᠋ᠢᠨ ᠳᠤᠮᠳᠠ᠂ ᠤᠷᠢᠳᠴᠢᠯᠠᠨ ᠥᠭ᠌ᠬᠦ ᠺᠠᠷᠲ᠎ᠤᠨ ᠦᠢᠯᠡᠴᠢᠯᠡᠭᠡ 1046 ᠬᠤᠪᠢ᠂ ᠵᠢᠵᠢᠭ᠌ᠯᠡᠨ ᠬᠤᠳᠠᠯᠳᠤᠬᠤ ᠦᠢᠯᠡᠴᠢᠯᠡᠭᠡ 365 ᠬᠤᠪᠢ᠂ ᠢᠨᠲ᠋ᠧᠷ ᠰᠦᠯᠵᠢᠶᠡᠨ᠎ᠤ ᠱᠢᠭᠤᠳ ᠪᠣᠷᠣᠯᠠᠭᠤᠯᠬᠤ ᠦᠢᠯᠡᠴᠢᠯᠡᠭᠡ 226 ᠬᠤᠪᠢ᠂ ᠤᠷᠢᠳᠴᠢᠯᠠᠨ ᠬᠤᠳᠠᠯᠳᠤᠬᠤ ᠦᠢᠯᠡᠴᠢᠯᠡᠭᠡ 61 ᠬᠤᠪᠢ᠂ ᠬᠠᠷᠠᠭᠠᠯᠵᠠᠯ᠎ᠤᠨ ᠺᠠᠷᠲ ᠪᠣᠷᠣᠯᠠᠭᠤᠯᠬᠤ ᠦᠢᠯᠡᠴᠢᠯᠡᠭᠡ 34 ᠬᠤᠪᠢ᠂ ᠵᠠᠬᠢᠶᠠᠯᠠᠨ ᠬᠤᠳᠠᠯᠳᠤᠬᠤ ᠦᠢᠯᠡᠴᠢᠯᠡᠭᠡ 26 ᠬᠤᠪᠢ᠂ ᠱᠠᠩᠨᠠᠯ᠎ᠲᠠᠢ ᠡᠵᠡᠩᠨᠡᠨ ᠪᠣᠷᠣᠯᠠᠭᠤᠯᠬᠤ ᠦᠢᠯᠡᠴᠢᠯᠡᠭᠡ 20 ᠬᠤᠪᠢ᠂ ᠪᠤᠰᠤᠳ ᠪᠣᠷᠣᠯᠠᠭᠤᠯᠭ᠎ᠠ᠎ᠶ᠋ᠢᠨ ᠦᠢᠯᠡᠴᠢᠯᠡᠭᠡ 191 ᠬᠤᠪᠢ ᠪᠠᠢᠪᠠ᠃
ᠵᠠᠭᠠᠯᠳᠤᠯᠭ᠎ᠠ᠎ᠶ᠋ᠢᠨ ᠬᠡᠮᠵᠢᠶ᠎ᠡ᠎ᠨᠢ ᠭᠤᠷᠪᠠᠳᠤᠭᠠᠷ᠎ᠲᠤ ᠵᠢᠭ᠍ᠰᠠᠭᠠᠭ᠍ᠳᠠᠭ᠍ᠰᠠᠨ ᠰᠣᠶᠣᠯ ᠴᠡᠩᠭᠡᠯ ᠪᠡᠶ᠎ᠡ᠎ᠶ᠋ᠢᠨ ᠲᠠᠮᠢᠷ᠎ᠤᠨ ᠦᠢᠯᠡᠴᠢᠯᠡᠭᠡ 762 ᠬᠤᠪᠢ ᠪᠠᠢᠵᠤ᠂ ᠦᠢᠯᠡᠴᠢᠯᠡᠭᠡᠨ᠎ᠤ ᠲᠦᠷᠦᠯ᠎ᠤᠨ ᠵᠠᠭᠠᠯᠳᠤᠯᠭ᠎ᠠ᠎ᠶ᠋ᠢᠨ ᠶᠡᠷᠦᠩᠬᠡᠢ ᠬᠡᠮᠵᠢᠶᠡᠨ᠎ᠤ 7.14% ᠶ᠋ᠢ ᠡᠵᠡᠯᠡᠪᠡ᠃ ᠡᠢᠮᠦᠷᠬᠦᠦ ᠵᠠᠭᠠᠯᠳᠤᠯᠭ᠎ᠠ᠎ᠶ᠋ᠢᠨ ᠳᠤᠮᠳᠠ᠂ ᠪᠡᠶ᠎ᠡ ᠴᠢᠭᠢᠷᠠᠭ᠍ᠵᠢᠭᠤᠯᠬᠤ ᠦᠢᠯᠡᠴᠢᠯᠡᠭᠡ 240 ᠬᠤᠪᠢ᠂ ᠲᠣᠭᠤᠷᠢᠨ ᠦᠵᠡᠬᠦ᠌ ᠵᠤᠭ᠎ᠠ ᠴᠡᠩᠭᠡᠯ᠎ᠤᠨ ᠦᠢᠯᠡᠴᠢᠯᠡᠭᠡ 237 ᠬᠤᠪᠢ᠂ ᠲᠣᠭ᠍ᠯᠠᠯᠲᠠ ᠤᠷᠠᠯᠢᠭ᠎ᠤᠨ ᠦᠢᠯᠡᠴᠢᠯᠡᠭᠡ 175ᠬᠤᠪᠢ᠂ ᠺᠢᠨᠣ᠋ ᠭᠠᠷᠭᠠᠬᠤ ᠦᠢᠯᠡᠴᠢᠯᠡᠭᠡ 97 ᠬᠤᠪᠢ᠂ ᠨᠣᠮ᠎ᠤᠨ ᠰᠠᠩ᠎ᠤᠨ ᠳᠠᠩᠰᠠ ᠡᠪᠬᠡᠮᠡᠯ᠎ᠤᠨ ᠣᠷᠳᠣᠨ᠎ᠤ ᠦᠢᠯᠡᠴᠢᠯᠡᠭᠡ 11 ᠬᠤᠪᠢ᠂ ᠰᠤᠭᠤᠯᠤᠭ᠎ᠠ᠎ᠶ᠋ᠢᠨ ᠦᠢᠯᠡᠴᠢᠯᠡᠭᠡ 2 ᠬᠤᠪᠢ ᠪᠠᠢᠪᠠ᠃
ᠵᠠᠭᠠᠯᠳᠤᠯᠭ᠎ᠠ᠎ᠶ᠋ᠢᠨ ᠬᠡᠮᠵᠢᠶ᠎ᠡ᠎ᠨᠢ ᠳᠥᠷᠪᠡᠳᠦᠭᠡᠷ᠎ᠲᠤ ᠵᠢᠭ᠍ᠰᠠᠭᠠᠭ᠍ᠳᠠᠭ᠍ᠰᠠᠨ ᠵᠢᠰᠦ ᠭᠤᠶᠣᠯᠠᠵᠤ ᠦᠰᠦ ᠵᠠᠰᠠᠬᠤ ᠪᠡᠶ᠎ᠡ ᠤᠬᠢᠶᠠᠬᠤ ᠦᠢᠯᠡᠴᠢᠯᠡᠭᠡ 705ᠬᠤᠪᠢ ᠪᠠᠢᠵᠤ᠂ ᠦᠢᠯᠡᠴᠢᠯᠡᠭᠡᠨ᠎ᠤ ᠲᠦᠷᠦᠯ᠎ᠤᠨ ᠵᠠᠭᠠᠯᠳᠤᠯᠭ᠎ᠠ᠎ᠶ᠋ᠢᠨ ᠶᠡᠷᠦᠩᠬᠡᠢ ᠬᠡᠮᠵᠢᠶᠡᠨ᠎ᠤ 6.60%᠎ᠶ᠋ᠢ ᠡᠵᠡᠯᠡᠪᠡ᠃ ᠡᠢᠮᠦᠷᠬᠦᠦ ᠵᠠᠭᠠᠯᠳᠤᠯᠭ᠎ᠠ ᠳᠤᠮᠳᠠ ᠵᠢᠰᠦ ᠭᠤᠶᠣᠯᠠᠵᠤ ᠦᠰᠦ ᠵᠠᠰᠠᠬᠤ ᠦᠢᠯᠡᠴᠢᠯᠡᠭᠡ 426 ᠬᠤᠪᠢ᠂ ᠪᠡᠶ᠎ᠡ ᠤᠬᠢᠶᠠᠬᠤ ᠢᠯᠢᠬᠦ᠌ ᠵᠠᠰᠠᠯᠭ᠎ᠠ᠎ᠶ᠋ᠢᠨ ᠦᠢᠯᠡᠴᠢᠯᠡᠭᠡ 279 ᠬᠤᠪᠢ ᠪᠠᠢᠪᠠ᠃
ᠵᠠᠭᠠᠯᠳᠤᠯᠭ᠎ᠠ᠎ᠶ᠋ᠢᠨ ᠬᠡᠮᠵᠢᠶ᠎ᠡ᠎ᠨᠢ ᠲᠠᠪᠤᠳᠤᠭᠠᠷ ᠲᠤ ᠵᠢᠭ᠍ᠰᠠᠭᠠᠭ᠍ᠳᠠᠭ᠍ᠰᠠᠨ ᠣᠢᠯᠡᠳᠴᠦ᠍ ᠠᠷᠠᠴᠢᠯᠠᠬᠤ ᠪᠠ ᠰᠡᠯᠪᠢᠨ ᠵᠠᠰᠠᠬᠤ ᠦᠢᠯᠡᠴᠢᠯᠡᠭᠡ 489 ᠬᠤᠪᠢ ᠪᠠᠢᠵᠤ᠂ ᠦᠢᠯᠡᠴᠢᠯᠡᠭᠡᠨ᠎ᠤ ᠲᠥᠷᠥᠯ᠎ᠤᠨ ᠵᠠᠭᠠᠯᠳᠤᠯᠭ᠎ᠠ᠎ᠶ᠋ᠢᠨ ᠶᠡᠷᠦᠩᠬᠡᠶ ᠬᠡᠮᠵᠢᠶᠡᠨ᠎ᠤ 4.58% ᠶ᠋ᠢ ᠡᠵᠡᠯᠡᠪᠡ᠃ ᠡᠢᠮᠦᠷᠬᠦᠤ ᠵᠠᠭᠠᠯᠳᠤᠯᠭ᠎ᠠ᠎ᠶ᠋ᠢᠨ ᠳᠤᠮᠳᠠ᠂ ᠮᠠᠱᠢᠨ ᠲᠡᠷᠭᠡ ᠮᠣᠲ᠋ᠣᠷ ᠲᠡᠷᠭᠡ᠎ᠶ᠋ᠢ ᠠᠷᠠᠴᠢᠯᠠᠨ ᠬᠠᠮᠠᠭᠠᠯᠠᠬᠤ ᠦᠢᠯᠡᠴᠢᠯᠡᠭᠡ 176 ᠬᠤᠪᠢ᠂ ᠴᠠᠬᠢᠯᠭᠠᠨ ᠬᠡᠷᠡᠭ᠌ᠰᠡᠯ᠎ᠢ ᠰᠡᠯᠪᠢᠨ ᠵᠠᠰᠠᠬᠤ ᠦᠢᠯᠡᠴᠢᠯᠡᠭᠡ 154 ᠬᠤᠪᠢ᠂ ᠦᠢᠯᠡᠳᠬᠦ᠌ ᠦᠢᠯᠡᠴᠢᠯᠡᠭᠡ 89 ᠬᠤᠪᠢ᠂ ᠮᠠᠱᠢᠨᠲᠤ ᠪᠤᠰᠤ ᠲᠡᠷᠭᠡ᠎ᠶ᠋ᠢ ᠰᠡᠯᠪᠢᠨ ᠵᠠᠰᠠᠬᠤ ᠦᠢᠯᠡᠴᠢᠯᠡᠭᠡ 31 ᠬᠤᠪᠢ᠂ ᠬᠤᠪᠴᠠᠰᠤ ᠬᠤᠨᠠᠷ ᠰᠡᠯᠪᠢᠨ ᠵᠠᠰᠠᠬᠤ ᠦᠢᠯᠡᠴᠢᠯᠡᠭᠡ 10 ᠬᠤᠪᠢ᠂ ᠪᠤᠰᠤᠳ ᠦᠢᠯᠡᠴᠢᠯᠡᠭᠡ 29 ᠬᠤᠪᠢ ᠪᠠᠢᠪᠠ᠃
ᠦᠢᠯᠡᠴᠢᠯᠡᠭᠡᠨ᠎ᠤ ᠵᠠᠭᠠᠯᠳᠤᠯᠭ᠎ᠠ᠎ᠶ᠋ᠢᠨ ᠬᠠᠯᠠᠭᠤᠨ ᠴᠡᠭ᠎ᠤᠨ ᠡᠮᠦᠨ᠎ᠡ ᠠᠷᠪᠠ ᠨᠢ ᠬᠤᠭᠤᠯᠠᠨ ᠭᠡᠷ᠎ᠤᠨ ᠣᠢᠯᠡᠴᠢᠯᠡᠭᠡ 1166 ᠬᠤᠪᠢ᠂ ᠪᠠᠭᠤᠳᠠᠯ᠎ᠳᠤ ᠬᠣᠨᠣᠭ᠍ᠯᠠᠬᠤ ᠦᠢᠯᠡᠴᠢᠯᠡᠭᠡ 1068ᠬᠤᠪᠢ᠂ ᠤᠷᠢᠳᠴᠢᠯᠠᠨ ᠥᠭ᠌ᠬᠦ ᠺᠠᠷᠲ᠎ᠤᠨ ᠦᠢᠯᠡᠴᠢᠯᠡᠭᠡ 1068ᠬᠤᠪᠢ᠂ ᠵᠢᠵᠢᠭ᠌ᠯᠡᠨ ᠬᠤᠳᠠᠯᠳᠤᠬᠤ ᠦᠢᠯᠡᠴᠢᠯᠡᠭᠡ 365 ᠬᠤᠪᠢ᠂ ᠰᠤᠯᠠ ᠢᠳᠡᠭᠡᠨ᠎ᠤ ᠳᠡᠯᠭᠡᠭᠦᠷ᠎ᠤᠨ ᠦᠢᠯᠡᠴᠢᠯᠡᠭᠡ 335 ᠬᠤᠪᠢ᠂ ᠥᠪᠡᠷ᠎ᠢᠶᠠᠨ ᠦᠢᠯᠡᠴᠢᠯᠡᠬᠦ᠌ ᠬᠤᠭᠤᠯᠠᠨ ᠦᠢᠯᠡᠴᠢᠯᠡᠭᠡ 231 ᠬᠤᠪᠢ᠂ ᠢᠨᠲ᠋ᠧᠷ ᠰᠦᠯᠵᠢᠶᠡᠨ᠎ᠤ ᠱᠢᠭᠤᠳ ᠪᠣᠷᠣᠯᠠᠭᠤᠯᠬᠤ ᠦᠢᠯᠡᠴᠢᠯᠡᠭᠡ 226 ᠬᠤᠪᠢ᠂ ᠬᠤᠪᠢ ᠬᠥᠮᠦᠨ᠎ᠤ ᠬᠦᠷᠦᠭ ᠵᠢᠷᠤᠬᠤ ᠦᠢᠯᠡᠴᠢᠯᠡᠭᠡ 189 ᠬᠤᠪᠢ᠂ ᠲᠡᠷᠭᠡ ᠬᠥᠰᠭᠡ ᠲᠦᠷᠢᠶᠡᠰᠦᠯᠡᠬᠦ᠌ ᠦᠢᠯᠡᠴᠢᠯᠡᠭᠡ 161 ᠬᠤᠪᠢ᠂ ᠵᠣᠴᠢᠳ᠎ᠤᠨ ᠪᠠᠭᠤᠳᠠᠯ᠎ᠤᠨ ᠢᠳᠡᠭᠡᠨ ᠤᠮᠳᠠᠭᠠᠨ᠎ᠤ ᠦᠢᠯᠡᠴᠢᠯᠡᠭᠡ 147 ᠬᠤᠪᠢ (ᠭᠥᠯᠢᠶᠡᠨ ᠠᠪᠬᠤ ᠬᠡᠮᠵᠢᠶᠡᠨ᠎ᠳᠠᠬᠢ ᠪᠤᠢ ᠪᠦᠬᠦᠢ《ᠪᠤᠰᠤᠳ》᠎ᠢ ᠨᠡᠷᠡᠰ᠎ᠤᠨ ᠵᠢᠭ᠍ᠰᠠᠭᠠᠯᠲᠠ᠎ᠳᠤ ᠣᠷᠣᠭᠤᠯᠬᠤ ᠦᠭᠡᠢ)᠂ ᠦᠢᠯᠡᠴᠢᠯᠡᠭᠡᠨ᠎ᠤ ᠲᠥᠷᠥᠯ᠎ᠤᠨ ᠵᠠᠭᠠᠯᠳᠤᠯᠭ᠎ᠠ᠎ᠶ᠋ᠢᠨ ᠶᠡᠷᠦᠩᠬᠡᠢ ᠬᠡᠮᠵᠢᠶᠡᠨ᠎ᠤ 46.21% ᠶ᠋ᠢ ᠡᠵᠡᠯᠡᠪᠡ᠃
ᠭᠤᠷᠪᠠ᠂ ᠢᠯᠡᠴᠢᠯᠡᠨ ᠮᠡᠳᠡᠭᠦᠯᠦᠭ᠌ᠰᠡᠨ ᠪᠠᠢᠳᠠᠯ᠎ᠤᠨ ᠲᠤᠭ᠎ᠠ ᠪᠠᠷᠢᠮᠲᠠ᠎ᠶ᠋ᠢᠨ ᠲᠤᠭ᠎ᠠ ᠪᠦᠷᠢᠳᠭᠡᠯ
8 ᠳ᠋ᠤᠭᠠᠷ ᠰᠠᠷ᠎ᠠ᠎ᠳᠤ ᠢᠯᠡᠴᠢᠯᠡᠨ ᠮᠡᠳᠡᠭᠦᠯᠦᠯᠲᠡ᠎ᠶ᠋ᠢ 4620 ᠬᠤᠪᠢ ᠬᠦᠯᠢᠶᠡᠨ ᠠᠪᠴᠤ᠌᠂ ᠠᠳᠠᠯᠢ ᠬᠤᠭᠤᠴᠠᠭᠠᠨ᠎ᠤ᠎ᠬᠢ᠎ᠠᠴᠠ 42.86% ᠪᠠᠷ ᠨᠡᠮᠡᠭ᠌ᠳᠡᠪᠡ᠃ ᠡᠭᠦᠨ᠎ᠳᠤ᠂ ᠲᠠᠸᠠᠷ᠎ᠤᠨ ᠲᠥᠷᠥᠯ᠎ᠳᠤ 2960 ᠬᠤᠪᠢ ᠬᠤᠯᠪᠣᠭ᠍ᠳᠠᠵᠤ᠂ ᠦᠶ᠋ᠯᠡᠴᠢᠯᠡᠭᠡᠨ᠎ᠤ ᠲᠥᠷᠥᠯ᠎ᠳᠤ 1660 ᠬᠤᠪᠢ ᠬᠤᠯᠪᠣᠭ᠍ᠳᠠᠵᠤ᠂ 9 ᠳ᠋ᠦ᠍ᠭᠡᠷ ᠰᠠᠷ᠎ᠠ᠎ᠶ᠋ᠢᠨ 3 ᠤ ᠡᠳᠦᠷ ᠪᠣᠯᠲᠠᠯ᠎ᠠ ᠨᠡᠢᠲᠡ 3480 ᠬᠤᠪᠢ᠎ᠶ᠋ᠢ᠎ᠨᠢ ᠱᠢᠶ᠋ᠳᠪᠦᠷᠢᠯᠡᠵᠦ᠍ ᠳᠠᠭᠤᠰᠭᠠᠪᠠ᠃
ᠢᠯᠡᠴᠢᠯᠡᠨ ᠮᠡᠳᠡᠭᠦᠯᠦᠭ᠌ᠰᠡᠨ ᠬᠡᠮᠵᠢᠶ᠎ᠡ᠎ᠶ᠋ᠢᠨ ᠡᠮᠦᠨ᠎ᠡ ᠲᠠᠪᠤ᠎ᠳᠦ ᠵᠢᠭ᠍ᠰᠠᠭᠠᠭ᠍ᠳᠠᠭ᠍ᠰᠠᠨ ᠲᠠᠸᠠᠷ᠂ ᠦᠢᠯᠡᠴᠢᠯᠡᠭᠡᠨ᠎ᠤ ᠲᠥᠷᠥᠯ ᠬᠤᠪᠢᠶᠠᠭ᠍ᠰᠠᠨ ᠬᠦᠰᠦᠨᠦᠭ᠌ᠲᠦ᠄

ᠲᠠᠸᠠᠷ᠎ᠤᠨ ᠲᠥᠷᠥᠯ᠎ᠤᠨ ᠢᠯᠡᠴᠢᠯᠡᠨ ᠮᠡᠳᠡᠭᠦᠯᠦᠭ᠌ᠰᠡᠨ ᠬᠠᠮᠤᠭ ᠣᠯᠠᠨ ᠢᠳᠡᠭᠡᠨ᠎ᠤ ᠲᠥᠷᠥᠯ 2068 ᠬᠤᠪᠢ ᠪᠠᠢᠵᠤ᠂ ᠲᠠᠸᠠᠷ᠎ᠤᠨ ᠲᠥᠷᠥᠯ᠎ᠤᠨ ᠢᠯᠡᠴᠢᠯᠡᠨ ᠮᠡᠳᠡᠭᠦᠯᠦᠭ᠌ᠰᠡᠨ ᠶᠡᠷᠦᠩᠬᠡᠶ ᠬᠡᠮᠵᠢᠶᠡᠨ᠎ᠤ 69.86% ᠶ᠋ᠢ ᠡᠵᠡᠯᠡᠪᠡ᠃ ᠢᠯᠡᠴᠢᠯᠡᠨ ᠮᠡᠳᠡᠭᠦᠯᠬᠦ᠌᠎ᠨᠢ ᠭᠤᠤᠯᠳᠠᠭᠤ ᠡᠩ᠎ᠤᠨ ᠢᠳᠡᠭᠡᠨ᠂ ᠢᠳᠡᠭᠡᠨ᠎ᠤ ᠲᠠᠷᠢᠶᠠᠯᠠᠩ᠎ᠤᠨ ᠪᠦᠲᠦᠭᠡᠭ᠌ᠳᠡᠬᠦᠨ᠂ ᠠᠷᠢᠬᠢ ᠪᠠ ᠤᠮᠳᠠᠭᠠᠨ ᠵᠡᠷᠭᠡ᠎ᠳᠤ ᠬᠤᠯᠪᠣᠭ᠍ᠳᠠᠵᠤ᠂ ᠢᠯᠵᠠᠷᠠᠵᠤ ᠴᠢᠨᠠᠷ ᠬᠤᠪᠢᠷᠠᠬᠤ᠂ ᠸᠠᠯᠠᠵᠦ᠍ ᠬᠤᠷᠤᠬᠠᠢᠲᠣᠬᠣ᠂ ᠪᠤᠵᠠᠷ ᠪᠤᠷᠲᠠᠭ ᠴᠡᠪᠡᠷ ᠪᠤᠰᠤ᠂ ᠡᠯᠳᠡᠪ ᠵᠦᠢᠯ᠎ᠤᠨ ᠪᠣᠳᠠᠰ᠎ᠢ ᠬᠤᠯᠢᠬᠤ᠂ ᠬᠠᠭᠤᠷᠮᠠᠭ ᠡᠳ᠋ ᠬᠤᠯᠢᠬᠤ ᠪᠤᠶᠤ ᠰᠡᠷᠡᠯ᠎ᠦᠨ ᠡᠷᠬᠡᠲᠡᠨ᠎ᠦ ᠪᠡᠯᠭᠡ ᠲᠡᠮᠲᠡᠭ ᠬᠡᠪ᠎ᠤᠨ ᠪᠤᠰᠤ ᠢᠳᠡᠭᠡᠨ᠎ᠤ ᠵᠦᠢᠯ᠂ ᠦᠨ᠎ᠡ ᠬᠠᠩᠰᠢ᠂ ᠲᠠᠸᠠᠷ᠎ᠤᠨ ᠲᠡᠮᠳᠡᠭ᠂ ᠵᠠᠷ ᠮᠡᠳᠡᠭᠡ᠂ ᠵᠢᠩ ᠳᠤᠲᠠᠭ᠍ᠳᠠᠬᠤ ᠵᠡᠷᠭᠡ ᠠᠰᠠᠭᠤᠳᠠᠯ᠎ᠢᠶᠠᠷ ᠭᠤᠤᠯ ᠪᠣᠯᠭᠠᠪᠠ᠃ ᠪᠤᠰᠤᠳ ᠢᠯᠡᠴᠢᠯᠡᠨ ᠮᠡᠳᠡᠭᠦᠯᠦᠭ᠌ᠰᠡᠨ᠎ᠢᠶᠠᠷ ᠨᠡᠯᠢᠶᠡᠳ ᠠᠷᠪᠢᠨ ᠲᠠᠸᠠᠷ ᠪᠠᠭ᠌ᠲᠠᠵᠦ᠍᠂ ᠡᠳᠦᠷ ᠲᠤᠳᠤᠮ᠎ᠤᠨ ᠬᠡᠷᠡᠭ᠌ᠯᠡᠭᠡᠨ᠎ᠤ ᠬᠡᠷᠡᠭ᠌ᠰᠡᠯ᠂ ᠹᠢᠽᠢᠺ᠎ᠤᠨ ᠡᠮᠴᠢᠯᠡᠭᠡᠨ᠎ᠤ ᠪᠠᠭᠠᠵᠢ ᠬᠡᠷᠡᠭ᠌ᠰᠡᠯ᠂ ᠮᠠᠱᠢᠨ ᠲᠡᠷᠭᠡ ᠵᠢᠴᠢ ᠮᠠᠱᠢᠨ ᠲᠡᠷᠭᠡᠨ᠎ᠤ ᠰᠡᠯᠪᠢᠭ ᠲᠤᠨᠤᠭ᠂ ᠲᠠᠸᠠᠷ᠎ᠤᠨ ᠭᠡᠷ ᠪᠠᠢᠱᠢᠩ᠂ ᠴᠠᠬᠢᠯᠭᠠᠨ ᠱᠠᠳᠤ᠂ ᠬᠢᠲᠠᠳ ᠪᠡᠯᠡᠨ ᠡᠮ᠂ ᠣᠨᠴᠠᠭᠠᠢ ᠪᠤᠰᠤ ᠬᠡᠷᠡᠭ᠌ᠴᠡᠭᠡᠲᠦ ᠵᠠᠰᠠᠯ ᠴᠢᠮᠡᠭ᠎ᠤᠨ ᠡᠳ᠋᠂ ᠬᠢᠲᠠᠳ ᠡᠮ᠎ᠤᠨ ᠮᠠᠲ᠋ᠧᠷᠢᠶᠠᠯ ᠵᠡᠷᠭᠡ᠎ᠶ᠋ᠢ ᠪᠠᠭ᠍ᠲᠠᠭᠠᠵᠤ᠂ ᠭᠤᠣᠯᠳᠠᠭᠤ ᠶᠠᠰᠤ ᠴᠢᠨᠠᠷ᠂ ᠦᠨ᠎ᠡ ᠬᠠᠩᠰᠢ᠂ ᠦᠨᠡᠮᠯᠡᠯ ᠦᠭᠡᠢ᠎ᠪᠠᠷ ᠡᠵᠡᠩᠨᠡᠬᠦ᠂ 《ᠭᠤᠷᠪᠠ ᠦᠭᠡᠢ》᠂ ᠬᠤᠳᠠᠯ ᠬᠠᠭᠤᠷᠮᠠᠭ ᠳᠠᠩᠰᠠᠯᠠᠭᠤᠯᠤᠭ᠍ᠰᠠᠨ ᠲᠠᠸᠠᠷ᠎ᠤᠨ ᠲᠡᠮᠳᠡᠭ᠂ ᠬᠠᠤᠯᠢ᠎ᠠᠴᠠ ᠵᠥᠷᠢᠴᠡᠭ᠌ᠰᠡᠨ ᠵᠠᠷ ᠮᠡᠳᠡᠭᠡ ᠵᠡᠷᠭᠡ ᠠᠰᠠᠭᠤᠳᠠᠯ᠎ᠳᠤ ᠬᠣᠯᠪᠣᠭ᠍ᠳᠠᠪᠠ᠃
ᠦᠢᠯᠡᠴᠢᠯᠡᠭᠡᠨ᠎ᠤ ᠲᠥᠷᠥᠯ᠎ᠤᠨ ᠢᠯᠡᠴᠢᠯᠡᠨ ᠮᠡᠳᠡᠭᠦᠯᠦᠭ᠌ᠰᠡᠨ᠎ᠢᠶᠠᠷ ᠬᠠᠮᠤᠭ᠎ᠤᠨ ᠣᠯᠠᠨ ᠢᠳᠡᠭᠡᠨ ᠤᠮᠳᠠᠭᠠᠨ ᠪᠠ ᠬᠤᠨᠤᠭ᠎ᠤᠨ ᠦᠢᠯᠡᠴᠢᠯᠡᠭᠡ 658 ᠬᠤᠪᠢ ᠪᠠᠢᠵᠤ᠂ ᠦᠢᠯᠡᠴᠢᠯᠡᠭᠡᠨ᠎ᠤ ᠲᠥᠷᠥᠯ᠎ᠤᠨ ᠢᠯᠡᠴᠢᠯᠡᠨ ᠮᠡᠳᠡᠭᠦᠯᠦᠭ᠌ᠰᠡᠨ ᠶᠡᠷᠦᠩᠬᠡᠶ ᠬᠡᠮᠵᠢᠶᠡᠨ᠎ᠤ 39.64%᠎ᠶ᠋ᠢ ᠡᠵᠡᠯᠡᠪᠡ᠃ ᠢᠯᠡᠴᠢᠯᠡᠨ ᠮᠡᠳᠡᠭᠦᠯᠦᠭ᠌ᠰᠡᠨ ᠭᠤᠤᠯ ᠠᠰᠠᠭᠤᠳᠠᠯ᠎ᠨᠢ ᠶᠠᠰᠤ ᠴᠢᠨᠠᠷ᠂ ᠠᠮᠤᠷ ᠲᠦᠪᠱᠢᠨ᠂ ᠦᠨ᠎ᠡ ᠬᠠᠩᠰᠢ᠂ ᠦᠨᠡᠮᠯᠡᠯ ᠦᠭᠡᠢ᠎ᠪᠠᠷ ᠡᠵᠡᠩᠨᠡᠬᠦ᠌ ᠵᠡᠷᠭᠡ ᠪᠣᠯᠤᠨ᠎ᠠ᠃ ᠪᠤᠰᠤᠳ ᠢᠯᠡᠴᠢᠯᠡᠨ ᠮᠡᠳᠡᠭᠦᠯᠬᠦ᠌ ᠦᠶ᠋ᠯᠡᠴᠢᠯᠡᠭᠡ᠎ᠨᠢ ᠭᠤᠤᠯᠳᠠᠭᠤ ᠵᠢᠵᠢᠭ᠌ᠯᠡᠨ ᠬᠤᠳᠠᠯᠳᠤᠬᠤ ᠦᠶ᠋ᠯᠡᠴᠢᠯᠡᠭᠡ᠂ ᠤᠬᠢᠶᠠᠯᠭ᠎ᠠ᠎ᠶ᠋ᠢᠨ ᠢᠯᠢᠯᠭᠡ᠎ᠶ᠋ᠢᠨ ᠦᠶ᠋ᠯᠡᠴᠢᠯᠡᠭᠡ᠂ ᠵᠢᠰᠦ ᠭᠤᠶᠣᠯᠠᠬᠤ ᠦᠰᠦ ᠵᠠᠰᠠᠵᠤ ᠦᠶ᠋ᠯᠡᠴᠢᠯᠡᠭᠡ᠂ ᠬᠢᠯᠢ᠎ᠶ᠋ᠢᠨ ᠳᠣᠲᠣᠷᠠᠬᠢ ᠵᠢᠭᠤᠯᠴᠢᠯᠠᠯ᠂ ᠲᠣᠭᠤᠷᠢᠨ ᠦᠵᠡᠵᠦ᠍ ᠵᠤᠭ᠎ᠠ ᠴᠡᠩᠭᠡᠯ᠎ᠤᠨ ᠦᠶ᠋ᠯᠡᠴᠢᠯᠡᠭᠡ᠂ ᠪᠡᠶ᠎ᠡ ᠴᠢᠭᠢᠷᠠᠭ᠍ᠵᠢᠭᠤᠯᠬᠤ ᠦᠶ᠋ᠯᠡᠴᠢᠯᠡᠭᠡ᠂ ᠮᠡᠷᠭᠡᠵᠢᠯ ᠴᠢᠳᠠᠪᠤᠷᠢ᠎ᠶ᠋ᠢᠨ ᠪᠣᠯᠪᠠᠰᠤᠷᠠᠯ᠎ᠤᠨ ᠦᠶ᠋ᠯᠡᠴᠢᠯᠡᠭᠡ᠂ ᠠᠩᠬ᠎ᠠ ᠵᠡᠷᠭᠡ᠎ᠶ᠋ᠢᠨ ᠰᠤᠷᠭᠠᠨ ᠬᠥᠮᠦᠵᠢᠯ᠎ᠤᠨ ᠦᠶ᠋ᠯᠡᠴᠢᠯᠡᠭᠡ ᠵᠡᠷᠭᠡ᠎ᠳᠤ ᠬᠤᠯᠪᠣᠭ᠍ᠳᠠᠵᠤ᠂ ᠭᠤᠤᠯ ᠠᠰᠠᠭᠤᠳᠠᠯ᠎ᠨᠢ ᠦᠨᠡᠮᠯᠡᠯ ᠥᠬᠡᠶ᠎ᠪᠠᠷ ᠡᠵᠡᠩᠨᠡᠬᠦ᠂ ᠬᠤᠳᠠᠯ ᠬᠠᠭᠤᠷᠮᠠᠭ ᠵᠠᠷ ᠮᠡᠳᠡᠭᠡᠨ᠎ᠤ ᠤᠬᠠᠭᠤᠯᠭ᠎ᠠ᠂ ᠦᠶ᠋ᠯᠡᠴᠢᠯᠡᠭᠡᠨ᠎ᠤ ᠶᠠᠰᠤ ᠴᠢᠨᠠᠷ ᠮᠠᠭᠤ ᠪᠠ ᠬᠡᠷᠡᠭ᠌ᠯᠡᠭ᠌ᠴᠢᠳ᠎ᠢ ᠮᠡᠬᠡᠯᠡᠬᠦ᠌ ᠠᠵᠢᠯᠯᠠᠭ᠎ᠠ ᠪᠣᠯᠤᠨ᠎ᠠ᠃
ᠳᠥᠷᠪᠡ᠂ ᠠᠰᠠᠭᠤᠨ ᠯᠠᠪᠯᠠᠯᠲᠠ᠎ᠶ᠋ᠢᠨ ᠪᠠᠢᠳᠠᠯ᠎ᠤᠨ ᠲᠤᠭ᠎ᠠ ᠪᠠᠷᠢᠮᠲᠠ᠎ᠶ᠋ᠢᠨ ᠪᠦᠷᠢᠳᠭᠡᠯ
8 ᠳ᠋ᠤᠭᠠᠷ ᠰᠠᠷ᠎ᠠ᠎ᠳᠤ ᠠᠰᠠᠭᠤᠨ ᠯᠠᠪᠯᠠᠬᠤ19719 ᠬᠤᠪᠢ ᠭᠥᠯᠢᠶᠡᠨ ᠠᠪᠴᠤ᠌᠂ ᠠᠳᠠᠯᠢ ᠬᠤᠭᠤᠴᠠᠭᠠᠨ᠎ᠤ᠎ᠬᠢ᠎ᠠᠴᠠ 14.21% ᠨᠡᠮᠡᠭ᠌ᠳᠡᠵᠡᠶ;ᠡᠭᠦᠨ᠎ᠳᠤ ᠬᠡᠷᠡᠭ᠌ᠯᠡᠭᠡᠨ᠎ᠤ ᠡᠷᠬᠡ ᠠᠱᠢᠭ᠎ᠢ ᠬᠠᠮᠠᠭᠠᠯᠠᠬᠤ ᠮᠡᠳᠡᠯᠭᠡ᠎ᠲᠠᠢ ᠬᠤᠯᠪᠣᠭ᠍ᠳᠠᠭ᠍ᠰᠠᠨ 6899ᠬᠤᠪᠢ ᠪᠠᠢᠨ᠎ᠠ; ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠱᠢᠰᠲ᠋ᠧᠮ᠎ᠳᠤ ᠬᠤᠯᠪᠣᠭ᠍ᠳᠠᠭ᠍ᠰᠠᠨ 1890ᠬᠤᠪᠢ᠂ ᠠᠰᠠᠭᠤᠨ ᠯᠠᠪᠯᠠᠬᠤ ᠬᠡᠮᠵᠢᠶ᠎ᠡ ᠨᠡᠯᠢᠶᠡᠳ ᠶᠡᠬᠡ ᠪᠠᠢᠬᠤ ᠠᠰᠠᠭᠤᠳᠠᠯ᠎ᠨᠢ᠄ ᠵᠠᠭᠠᠯᠳᠤᠵᠤ ᠢᠯᠡᠴᠢᠯᠡᠨ ᠮᠡᠳᠡᠭᠦᠯᠦᠭ᠌ᠰᠡᠨ968ᠬᠤᠪᠢ ᠶ᠋ᠢ ᠱᠢᠢᠳᠪᠣᠷᠢᠯᠡᠨ ᠳᠠᠭᠤᠰᠭ᠋ᠠᠵᠦ᠍᠂ ᠰᠦᠯᠵᠢᠶᠡᠨ᠎ᠤ ᠠᠷᠠᠯᠵᠢᠶ᠎ᠠ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ 152 ᠬᠤᠪᠢ᠂ ᠦᠢᠯᠡᠴᠢᠯᠡᠭᠡᠨ᠎ᠤ ᠬᠡᠷᠡᠭ᠌ᠯᠡᠭᠡ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ 18 ᠬᠤᠪᠢ᠂ ᠵᠠᠬ᠎ᠠ ᠳᠡᠯᠭᠡᠭᠦᠷ᠎ᠤᠨ ᠭᠤᠣᠯ ᠴᠣᠭ᠍ᠴᠠ᠎ᠶ᠋ᠢᠨ ᠳᠠᠩᠰᠠᠯᠠᠨ ᠲᠡᠮᠳᠡᠭ᠌ᠯᠡᠭᠦᠯᠦᠭ᠌ᠰᠡᠨ 11 ᠬᠤᠪᠢ᠂ ᠢᠳᠡᠭᠡᠨ᠎ᠤ ᠬᠢᠨᠠᠯᠲᠠ ᠬᠠᠮᠢᠶᠠᠷᠤᠯᠲᠠ᠎ᠶ᠋ᠢᠨ 10 ᠬᠤᠪᠢ᠂ ᠦᠢᠯᠡᠳᠬᠦᠨ (ᠲᠠᠸᠠᠷ)᠎ᠤ ᠶᠠᠰᠤ ᠴᠢᠨᠠᠷ 8 ᠬᠤᠪᠢ ᠵᠡᠷᠭᠡ ᠪᠣᠯᠣᠨ᠎ᠠ; ᠪᠤᠰᠤᠳ ᠰᠠᠯᠠᠭ᠎ᠠ ᠮᠥᠴᠢᠷ᠎ᠤᠨ ᠠᠰᠠᠭᠤᠨ ᠯᠠᠪᠯᠠᠬᠤ᠎ᠳᠤ ᠬᠤᠯᠪᠣᠭ᠍ᠳᠠᠭ᠍ᠰᠠᠨ᠎ᠨᠢ ᠭᠤᠣᠯᠳᠠᠭᠤ ᠡᠷᠡᠭᠦᠯ ᠬᠠᠮᠠᠭᠠᠯᠠᠯ᠂ ᠵᠢᠭᠤᠯᠴᠢᠯᠠᠯ᠂ ᠵᠠᠮ ᠬᠠᠷᠢᠯᠴᠠᠭ᠎ᠠ᠂ ᠲᠡᠭᠡᠭᠡᠪᠦᠷᠢ᠎ᠶ᠋ᠢᠨ ᠬᠠᠮᠢᠶᠠᠷᠤᠯᠲᠠ᠂ ᠱᠢᠤᠳᠠᠨ᠂ ᠭᠠᠢᠯᠢ᠎ᠶ᠋ᠢᠨ ᠶᠠᠪᠤᠳᠠᠯ᠂ ᠳᠤᠯᠠᠭᠠᠯᠠᠭ᠎ᠠ ᠬᠠᠩᠭᠠᠬᠤ᠂ ᠤᠰᠤ ᠬᠠᠩᠭᠠᠬᠤ᠂ ᠴᠠᠬᠢᠯᠭᠠᠨ ᠬᠠᠩᠭᠠᠬᠤ᠂ ᠠᠳᠠᠯ ᠠᠬᠤᠶ᠂ ᠭᠡᠷ ᠪᠠᠢᠱᠢᠩ ᠭᠠᠵᠠᠷ ᠬᠥᠷᠥᠩᠭᠡ ᠵᠡᠷᠭᠡ᠎ᠳᠤ ᠬᠤᠯᠪᠣᠭ᠍ᠳᠠᠵᠠᠶ᠃
ᠲᠠᠢᠯᠪᠤᠷᠢ᠄ ᠳᠣᠭ᠎ᠠ ᠪᠠᠷᠢᠮᠲᠠ ᠪᠦᠬᠦ᠌ ᠤᠯᠤᠰ᠎ᠤᠨ 12315 ᠲᠠᠪᠴᠠᠩ ᠡᠴᠠ ᠢᠷᠡᠯᠲᠡ ᠲᠠᠢ