ᠪᠠᠶ᠋ᠢᠭᠤᠯᠤᠮᠵᠢ ᠵᠢᠨ ᠡᠭᠦᠷᠭᠡ ᠴᠢᠳᠠᠪᠤᠷᠢ
2024-01-18

   ᠨᠢᠭᠡᠳᠦᠭᠡᠷ ᠵᠤᠷᠪᠤᠰ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶ᠎ᠠ᠎ᠠᠴᠠ ᠵᠥᠪᠰᠢᠶᠡᠷᠡᠭᠰᠡᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢᠨ ᠲᠥᠰᠦᠯ》 ᠪᠣᠯᠤᠨ ᠥᠪᠡᠷᠲᠡᠭᠡᠨ ᠵᠠᠰᠠᠬᠤ ᠣᠷᠣᠨ᠎ᠠᠴᠠ ᠳᠠᠷᠤᠮᠠᠯᠯᠠᠨ ᠲᠠᠷᠬᠠᠭ᠋ᠠᠭᠰᠠᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢᠨ ᠬᠡᠷᠡᠭᠵᠢᠭᠦᠯᠬᠦ ᠰᠠᠨᠠᠯ》᠎ᠢ ᠦᠨᠳᠦᠰᠦᠯᠡᠨ᠂ ᠲᠣᠰ ᠲᠣᠭᠲᠠᠭ᠋ᠠᠯ᠎ᠢ ᠲᠣᠭᠲᠠᠭ᠋ᠠᠪᠠ᠃

   ᠬᠤᠶᠠᠳᠤᠭ᠋ᠠᠷ ᠵᠤᠷᠪᠤᠰ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠪᠣᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠢᠭᠤᠳ ᠬᠠᠷᠢᠶ᠎ᠠ ᠪᠠᠶ᠋ᠢᠭᠤᠯᠤᠮᠵᠢ ᠂ ᠲᠢᠩᠬᠢᠮ᠎ᠤᠨ ᠲᠠᠰ᠎ᠤᠨ ᠨᠢᠭᠡᠴᠢ ᠪᠠᠢ᠌ᠵᠤ ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠮᠡᠳᠡᠯᠭᠡ ᠵᠢᠨ ᠥᠮᠴᠢᠯᠡᠯ᠎ᠤᠨ  ᠡᠷᠬᠡ ᠵᠢᠨ ᠲᠣᠪᠴᠢᠶ᠎ᠠ ᠵᠢᠨ ᠫᠠᠶ᠋ᠢᠰᠠ ᠵᠢ ᠨᠡᠮᠡᠵᠦ ᠡᠯᠭᠦᠨ᠎ᠡ᠃

   ᠭᠤᠷᠪᠠᠳᠤᠭ᠋ᠠᠷ ᠵᠤᠷᠪᠤᠰ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠠᠵᠢᠯ᠎ᠤᠨ ᠲᠤᠬᠠᠶ ᠨᠠᠮ᠎ᠤᠨ ᠲᠥᠪ ᠬᠤᠷᠢᠶ᠎ᠠ ᠵᠢᠨ ᠴᠢᠭᠯᠡᠯᠲᠡ ᠲᠥᠷᠥ ᠵᠢᠨ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ  ᠬᠣᠯᠪᠤᠭᠳᠠᠯ  ᠪᠦᠬᠦᠢ ᠰᠢᠢ᠍ᠳᠪᠦᠷᠢᠳᠦ ᠪᠣᠳᠣᠯᠭ᠎ᠠ ᠵᠢᠨ ᠪᠠᠢ᠌ᠷᠢᠯᠠᠭᠤᠯᠤᠯᠳᠠ ᠵᠢ ᠲᠣᠭᠣᠰᠢᠯᠠᠭᠣᠯᠣᠨ ᠨᠠᠢ᠌ᠳᠠᠪᠦᠷᠢᠵᠢᠭᠤᠯᠵᠦ᠂ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠭᠡᠬᠦ ᠶᠠᠪᠤᠴᠠ᠎ᠳᠤ ᠡᠮᠴᠢᠯᠡᠭᠡᠨ᠎ᠤ  ᠪᠠᠲᠤᠯᠠᠭ᠎ᠠ ᠵᠢᠨ ᠠᠵᠢᠯ᠎ᠳᠠᠬᠢ ᠨᠠᠮ᠎ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠨ᠎ᠠ᠃

  

   ᠭᠣᠣᠯ ᠡᠭᠦᠷᠭᠡ ᠬᠠᠷᠢᠭᠤᠴᠠᠯᠭ᠎ᠠ᠄

  (ᠨᠢᠭᠡ) ᠵᠠᠬ᠎ᠠ ᠳᠡᠯᠭᠡᠭᠦᠷ᠎ᠤᠨ ᠶᠡᠷᠦᠩᠬᠡᠶ᠋ᠢᠯᠡᠭᠰᠡᠨ ᠬᠢᠨᠠᠯᠲᠠ ᠬᠠᠮᠢᠶᠠᠷᠤᠯᠲᠠ ᠵᠢ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠠᠮᠢᠶ᠎ᠠ ᠪᠥᠬᠦᠶ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭᠲᠠᠭ᠋ᠠᠯ᠂ ᠲᠦᠷᠢᠮ ᠲᠣᠭᠲᠠᠭ᠋ᠠᠯ᠎ᠤᠨ ᠲᠥᠰᠦᠯ᠎ᠢ ᠲᠤᠭᠤᠷᠪᠢᠵᠤ᠂ ᠬᠠᠮᠢᠶ᠎ᠠ ᠪᠥᠬᠦᠶ ᠲᠥᠷᠥ ᠵᠢᠨ ᠪᠣᠳᠣᠯᠭ᠎ᠠ᠂ ᠪᠠᠷᠢᠮᠵᠢᠶ᠎ᠠ ᠵᠢ ᠲᠤᠭᠤᠷᠪᠢᠨ ᠲᠣᠭᠲᠠᠭ᠋ᠠᠨ᠎ᠠ᠃ ᠶᠠᠰᠤ ᠴᠢᠨᠠᠷ ᠵᠶ᠋ᠠᠷ ᠣᠷᠣᠨ ᠵᠶ᠋ᠠᠨ ᠬᠦᠴᠦᠷᠬᠡᠭᠵᠢᠭᠦᠯᠬᠦ ᠪᠠᠶ᠋ᠢᠯᠳᠤᠬᠤ ᠪᠣᠳᠣᠯᠭ᠎ᠠ᠂ ᠢᠳᠡᠭᠡᠨ᠎ᠤ ᠠᠮᠤᠷ ᠲᠦᠪᠰᠢᠨ᠎ᠤ ᠪᠠᠶ᠋ᠢᠯᠳᠤᠬᠤ ᠪᠣᠳᠣᠯᠭ᠎ᠠ ᠪᠣᠯᠤᠨ ᠪᠠᠷᠢᠮᠵᠢᠶᠠᠵᠢᠭᠤᠯᠬᠤ ᠪᠠᠶ᠋ᠢᠯᠳᠤᠬᠤ ᠪᠣᠳᠣᠯᠭ᠎ᠠ ᠵᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠬᠠᠮᠢᠶ᠎ᠠ ᠪᠦᠬᠦᠢ ᠲᠥᠯᠥᠪᠵᠢᠭᠦᠯᠭᠡ ᠵᠢ ᠲᠤᠭᠤᠷᠪᠢᠨ ᠲᠣᠭᠲᠠᠭ᠋ᠠᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠵᠢᠷᠤᠮᠵᠢᠭᠤᠯᠤᠨ ᠬᠠᠮᠠᠭ᠋ᠠᠯᠠᠵᠤ᠂ ᠦᠨᠡᠨᠴᠢ ᠢᠲᠡᠭᠡᠮᠵᠢᠲᠡᠶ᠂ ᠡᠷᠬᠡ ᠲᠡᠭᠰᠢ᠎ᠪᠠᠷ ᠥᠷᠢᠰᠥᠯᠳᠦᠬᠦ ᠵᠠᠬ᠎ᠠ ᠳᠡᠯᠭᠡᠭᠦᠷ᠎ᠤᠨ ᠣᠷᠴᠢᠨ᠎ᠤ ᠨᠥᠬᠦᠴᠡᠯ᠎ᠢ ᠪᠤᠢ ᠪᠣᠯᠭ᠋ᠠᠨ᠎ᠠ᠃

  (ᠬᠤᠶᠠᠷ) ᠵᠠᠬ᠎ᠠ ᠳᠡᠯᠭᠡᠭᠦᠷ᠎ᠤᠨ ᠭᠤᠤᠯ ᠴᠣᠭᠴᠠ ᠵᠢ ᠨᠢᠭᠡᠳᠦᠯᠲᠡᠶ ᠪᠦᠷᠢᠳᠬᠡᠨ ᠳᠠᠩᠰᠠᠯᠠᠬᠤ ᠵᠢ ᠬᠠᠷᠢᠭᠤᠴᠠᠨ᠎ᠠ᠃ ᠡᠯ᠎ᠡ ᠲᠥᠷᠥᠯ᠎ᠤᠨ ᠠᠵᠤ ᠠᠬᠤᠶ᠋ᠢᠯᠠᠯ᠂ ᠮᠠᠯᠴᠢᠨ ᠲᠠᠷᠢᠶᠠᠴᠢᠨ᠎ᠤ ᠲᠤᠰᠬᠠᠶ ᠬᠣᠷᠰᠢᠶᠠᠵᠢᠯ ᠪᠠ ᠡᠵᠡᠩᠨᠡᠯᠲᠡ ᠵᠢᠨ ᠠᠵᠢᠯᠯᠠᠭ᠎ᠠ ᠬᠢᠵᠦ ᠪᠠᠶ᠋ᠢᠭ᠎ᠠ ᠨᠢᠭᠡᠴᠢ᠂ ᠬᠤᠪᠢ ᠵᠢᠨ ᠠᠵᠤ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠴᠢ ᠡᠷᠬᠡ ᠣᠯᠭᠤᠭᠰᠠᠨ ᠬᠡᠪᠴᠢᠶᠡᠨ ᠳᠣᠲᠣᠷᠠᠬᠢ ᠭᠠᠳᠠᠭ᠋ᠠᠳᠤ (ᠭᠠᠵᠠᠷ ᠣᠷᠣᠨ) ᠵᠢᠨ ᠠᠵᠤ ᠠᠬᠤᠢ᠌ᠯᠠᠯ᠎ᠤᠨ ᠪᠠᠢ᠌ᠩᠭᠤ ᠰᠠᠭᠤᠭ᠎ᠠ ᠲᠦᠯᠦᠭᠡᠯᠡᠬᠦ ᠪᠠᠢ᠌ᠭᠤᠯᠤᠮᠵᠢ ᠵᠡᠷᠭᠡ ᠵᠠᠬ᠎ᠠ ᠳᠡᠯᠭᠡᠭᠦᠷ᠎ᠤᠨ ᠭᠣᠣᠯ ᠴᠤᠭᠴᠠ ᠵᠢᠨ ᠪᠦᠷᠢᠳᠭᠡᠨ ᠳᠠᠩᠰᠠᠯᠠᠬᠤ ᠠᠵᠢᠯ᠎ᠢ ᠵᠢᠯᠣᠭᠤᠳᠤᠨ᠎ᠠ᠃ ᠵᠠᠬ᠎ᠠ ᠳᠡᠯᠭᠡᠭᠦᠷ᠎ᠤᠨ ᠭᠤᠣᠯ ᠴᠣᠭᠴᠠ ᠵᠢᠨ ᠮᠡᠳᠡᠭᠡ ᠵᠠᠩᠭᠢ ᠵᠢ ᠢᠯᠡ ᠨᠡᠶ᠋ᠢᠲᠡᠯᠡᠬᠦ ᠪᠠ ᠬᠠᠮᠲᠤ᠎ᠳᠤ᠎ᠪᠠᠨ ᠬᠦᠷᠲᠡᠬᠦ ᠵᠣᠬᠢᠴᠠᠮᠵᠢ ᠵᠢ ᠪᠠᠶ᠋ᠢᠭᠤᠯᠵᠤ᠂ ᠬᠠᠮᠢᠶ᠎ᠠ ᠪᠦᠬᠦᠢ ᠮᠡᠳᠡᠭᠡ ᠵᠠᠩᠭᠢ ᠵᠢ ᠬᠠᠤᠯᠢ ᠶᠣᠰᠣᠭ᠋ᠠᠷ ᠢᠯᠡ ᠨᠡᠶ᠋ᠢᠲᠡᠯᠡᠬᠦ ᠪᠠ ᠬᠠᠮᠲᠤ᠎ᠳᠤ᠎ᠪᠠᠨ ᠡᠳ᠋ᠯᠡᠵᠦ᠂ ᠢᠲᠡᠭᠡᠮᠵᠢ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠂ ᠵᠠᠬ᠎ᠠ ᠳᠡᠯᠭᠡᠭᠦᠷ᠎ᠤᠨ ᠭᠤᠣᠯ ᠴᠣᠭᠴᠠ ᠵᠢᠨ ᠢᠲᠡᠭᠡᠮᠵᠢ ᠵᠢᠨ ᠰᠢᠰᠲ᠋ᠧᠮᠵᠢ ᠵᠢᠨ ᠪᠠᠶ᠋ᠢᠭᠤᠯᠤᠯᠲᠠ ᠵᠢ ᠠᠬᠢᠭᠤᠯᠤᠨ᠎ᠠ᠃

  (ᠭᠤᠷᠪᠠ) ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ᠋ᠢᠯᠡᠭᠰᠡᠨ ᠬᠠᠤᠯᠢ ᠬᠡᠷᠡᠭᠵᠢᠭᠦᠯᠬᠦ ᠠᠵᠢᠯ᠎ᠢ ᠵᠣᠬᠢᠶᠠᠨ ᠪᠠᠶ᠋ᠢᠭᠤᠯᠬᠤ ᠪᠠ ᠵᠢᠯᠣᠭᠤᠳᠬᠤ ᠵᠢ ᠬᠠᠷᠢᠭᠤᠴᠠᠨ᠎ᠠ᠃ ᠪᠥᠬᠦ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ᠋ᠢᠯᠡᠭᠰᠡᠨ ᠬᠠᠤᠯᠢ ᠬᠡᠷᠡᠭᠵᠢᠭᠦᠯᠬᠦ ᠡᠩᠨᠡᠭᠡ ᠵᠢ ᠡᠮᠬᠢᠯᠡᠨ ᠨᠡᠶ᠋ᠢᠯᠡᠭᠦᠯᠬᠦ ᠪᠠ ᠪᠠᠶ᠋ᠢᠭᠤᠯᠬᠤ ᠵᠢ ᠵᠢᠯᠣᠭᠤᠳᠴᠤ᠂ ᠨᠢᠭᠡᠳᠦᠯᠲᠡᠶ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢ ᠬᠡᠷᠡᠭᠵᠢᠭᠦᠯᠬᠦ ᠵᠢ ᠠᠬᠢᠭᠤᠯᠤᠨ᠎ᠠ᠃ ᠬᠠᠤᠯᠢ᠎ᠠᠴᠠ ᠵᠥᠷᠢᠴᠡᠭᠰᠡᠨ ᠬᠦᠨᠳᠦ ᠶᠡᠭᠡ ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠬᠦ ᠵᠢ ᠵᠣᠬᠢᠶᠠᠨ ᠪᠠᠶ᠋ᠢᠭᠤᠯᠵᠤ᠂ ᠣᠷᠣᠨ ᠪᠦᠰᠡ ᠠᠯᠤᠰᠯᠠᠭᠰᠠᠨ ᠬᠠᠤᠯᠢ᠎ᠠᠴᠠ ᠵᠥᠷᠢᠴᠡᠭᠰᠡᠨ ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠵᠦ ᠰᠢᠮᠳᠠᠭᠤᠯᠤᠨ ᠰᠢᠢ᠍ᠳᠪᠦᠷᠢᠯᠡᠬᠦ ᠵᠢ ᠵᠣᠬᠢᠴᠠᠭᠤᠯᠤᠨ᠎ᠠ᠃ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠢ᠍ᠯᠡ ᠠᠵᠢᠯᠯᠠᠭ᠎ᠠ ᠵᠢ ᠵᠢᠷᠤᠮᠵᠢᠭᠤᠯᠤᠨ᠎ᠠ᠃

  (ᠲᠦᠷᠪᠡ) ᠭᠠᠭᠴᠠᠭ᠋ᠠᠷ ᠡᠵᠡᠮᠰᠢᠯ᠎ᠢ ᠡᠰᠡᠷᠭᠦᠴᠡᠬᠦ ᠨᠢᠭᠡᠳᠦᠯᠲᠡᠶ ᠬᠠᠤᠯᠢ ᠬᠡᠷᠡᠭᠵᠢᠭᠦᠯᠦᠯᠲᠡ ᠵᠢ ᠬᠠᠷᠢᠭᠤᠴᠠᠨ᠎ᠠ᠃ ᠥᠷᠢᠰᠥᠯᠳᠦᠭᠡᠨ᠎ᠤ ᠲᠥᠷᠥ ᠵᠢᠨ ᠪᠣᠳᠣᠯᠭ᠎ᠠ ᠵᠢᠨ ᠬᠡᠷᠡᠭᠵᠢᠭᠦᠯᠦᠯᠲᠡ ᠵᠢ ᠨᠢᠭᠡᠳᠦᠯᠲᠡᠶ ᠲᠥᠯᠥᠪᠯᠡᠨ ᠠᠬᠢᠭᠤᠯᠵᠤ᠂ ᠭᠤᠤᠯᠴᠢ ᠥᠷᠢᠰᠥᠯᠳᠦᠭᠡᠨ᠎ᠤ ᠬᠢᠨᠠᠨ ᠪᠠᠶ᠋ᠢᠴᠠᠭ᠋ᠠᠬᠤ ᠲᠦᠷᠢᠮ᠎ᠢ ᠵᠢᠯᠣᠭᠤᠳᠤᠨ ᠬᠡᠷᠡᠭᠵᠢᠭᠦᠯᠦᠨ᠎ᠡ᠃ ᠡᠵᠡᠩᠨᠡᠭᠴᠢᠳ ᠲᠥᠪᠯᠡᠷᠡᠭᠰᠡᠨ ᠦᠢ᠍ᠯᠡ ᠠᠵᠢᠯᠯᠠᠭ᠎ᠠ᠎ᠳᠤ ᠭᠠᠭᠴᠠᠭ᠋ᠠᠷ ᠡᠵᠡᠮᠰᠢᠯ᠎ᠢ ᠡᠰᠡᠷᠭᠦᠴᠡᠬᠦ ᠬᠢᠨᠠᠨ ᠪᠠᠶ᠋ᠢᠴᠠᠭ᠋ᠠᠯᠲᠠ ᠵᠢ ᠬᠠᠤᠯᠢ ᠶᠣᠰᠣᠭ᠋ᠠᠷ ᠬᠢᠵᠦ᠂ ᠭᠠᠭᠴᠠᠭ᠋ᠠᠷ ᠡᠵᠡᠮᠰᠢᠯ᠎ᠤᠨ ᠬᠡᠯᠡᠯᠴᠡᠭᠡᠷ᠂ ᠵᠠᠬ᠎ᠠ ᠳᠡᠯᠭᠡᠭᠦᠷ᠎ᠢ ᠵᠠᠬᠢᠷᠬᠤ ᠪᠠᠶ᠋ᠢᠷᠢ ᠰᠠᠭᠤᠷᠢ᠎ᠪᠠᠨ ᠳᠤᠷ᠎ᠠ᠎ᠪᠠᠷ ᠬᠡᠷᠡᠭᠯᠡᠬᠦ ᠪᠠ ᠵᠠᠰᠠᠭ ᠵᠠᠬᠢᠷᠭ᠋ᠠᠨ᠎ᠤ ᠡᠷᠬᠡ᠎ᠪᠠᠨ ᠳᠤᠷ᠎ᠠ᠎ᠪᠠᠷ ᠬᠡᠷᠡᠭᠯᠡᠵᠦ ᠥᠷᠢᠰᠥᠯᠳᠦᠭᠡᠨ᠎ᠢ ᠠᠷᠢᠯᠭ᠋ᠠᠬᠤ᠂ ᠬᠢᠵᠠᠭ᠋ᠠᠷᠯᠠᠬᠤ ᠵᠢᠴᠢ ᠦᠨ᠎ᠡ ᠬᠠᠩᠰᠢ ᠵᠢ ᠭᠠᠭᠴᠠᠭ᠋ᠠᠷ ᠡᠵᠡᠮᠰᠢᠬᠦ ᠵᠡᠷᠭᠡ ᠭᠠᠭᠴᠠᠭ᠋ᠠᠷ ᠡᠵᠡᠮᠰᠢᠬᠦ ᠵᠢ ᠡᠰᠡᠷᠭᠦᠴᠡᠬᠦ ᠬᠠᠤᠯᠢ ᠬᠡᠷᠡᠭᠵᠢᠭᠦᠯᠬᠦ ᠠᠵᠢᠯ᠎ᠢ ᠬᠠᠷᠢᠭᠤᠴᠠᠨ᠎ᠠ᠃

  (ᠲᠠᠪᠤ) ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠬᠢᠨᠠᠨ ᠬᠠᠮᠢᠶᠠᠷᠬᠤ ᠵᠢ ᠬᠠᠷᠢᠭᠤᠴᠠᠨ᠎ᠠ᠃ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠵᠢᠷᠤᠮᠵᠢᠭᠤᠯᠤᠨ ᠬᠠᠮᠠᠭ᠋ᠠᠯᠠᠵᠤ᠂ ᠵᠠᠬ᠎ᠠ ᠳᠡᠯᠭᠡᠭᠦᠷ᠎ᠤᠨ ᠠᠷᠠᠯᠵᠢᠶ᠎ᠠ᠂ ᠰᠦᠯᠵᠢᠶᠡᠨ᠎ᠤ ᠲᠠᠸᠠᠷ᠎ᠤᠨ ᠠᠷᠠᠯᠵᠢᠶ᠎ᠠ ᠵᠢᠴᠢ ᠬᠠᠮᠢᠶ᠎ᠠ ᠪᠦᠬᠦᠢ ᠦᠢ᠍ᠯᠡᠴᠢᠯᠡᠭᠡᠨ᠎ᠤ ᠠᠵᠢᠯᠯᠠᠭ᠎ᠠ ᠵᠢ ᠬᠠᠤᠯᠢ ᠶᠣᠰᠣᠭ᠋ᠠᠷ ᠬᠢᠨᠠᠨ ᠬᠠᠮᠢᠶᠠᠷᠤᠨ᠎ᠠ᠃ ᠦᠨ᠎ᠡ ᠬᠠᠩᠰᠢ ᠰᠦᠢ᠍ᠳᠬᠡᠯ ᠬᠤᠷᠢᠶᠠᠬᠤ ᠬᠠᠤᠯᠢ ᠲᠣᠭᠲᠠᠭ᠋ᠠᠯ᠎ᠠᠴᠠ ᠵᠥᠷᠢᠴᠡᠭᠰᠡᠨ᠂ ᠵᠦᠢ ᠪᠤᠰᠤ ᠥᠷᠢᠰᠥᠯᠳᠦᠭᠡᠨ᠂ ᠬᠠᠤᠯᠢ᠎ᠠᠴᠠ ᠵᠥᠷᠢᠴᠡᠨ ᠰᠢᠭᠤᠳ ᠪᠣᠷᠣᠯᠠᠭᠤᠯᠬᠤ᠂ ᠳᠠᠮᠵᠢᠭᠤᠯᠤᠨ ᠪᠣᠷᠣᠯᠠᠭᠤᠯᠬᠤ᠂ ᠲᠠᠸᠠᠷ᠎ᠤᠨ ᠲᠡᠮᠳᠡᠭ᠎ᠤᠨ ᠲᠤᠰᠬᠠᠶ ᠠᠰᠢᠭ᠎ᠤᠨ ᠮᠡᠳᠡᠯᠭᠡ ᠵᠢᠨ ᠥᠮᠴᠢᠯᠡᠯ᠎ᠤᠨ ᠡᠷᠬᠡ᠎ᠳᠤ ᠬᠠᠯᠳᠠᠭᠰᠠᠨ ᠪᠠ ᠬᠠᠭᠤᠷᠮᠠᠭ ᠮᠠᠭᠤ ᠦᠢ᠍ᠯᠡᠳᠬᠦᠨ ᠦᠢ᠍ᠯᠡᠳᠴᠦ ᠪᠣᠷᠣᠯᠠᠭᠤᠯᠤᠭᠰᠠᠨ ᠦᠢ᠍ᠯᠡ ᠠᠵᠢᠯᠯᠠᠭ᠎ᠠ ᠵᠢ ᠪᠠᠶ᠋ᠢᠴᠠᠭ᠋ᠠᠨ ᠰᠢᠢ᠍ᠳᠪᠦᠷᠢᠯᠡᠬᠦ ᠵᠢ ᠵᠣᠬᠢᠶᠠᠨ ᠪᠠᠶ᠋ᠢᠭᠤᠯᠤᠨ ᠵᠢᠯᠣᠭᠤᠳᠤᠨ᠎ᠠ᠃ ᠵᠠᠷ ᠮᠡᠳᠡᠭᠡ ᠵᠢᠨ ᠦᠢ᠍ᠯᠡᠰ᠎ᠤᠨ ᠬᠥᠭᠵᠢᠯᠲᠡ ᠵᠢ ᠵᠢᠯᠣᠭᠤᠳᠴᠤ᠂ ᠵᠠᠷ ᠮᠡᠳᠡᠭᠡ ᠵᠢᠨ ᠠᠵᠢᠯᠯᠠᠭ᠎ᠠ ᠵᠢ ᠬᠢᠨᠠᠨ ᠬᠠᠮᠢᠶᠠᠷᠤᠨ᠎ᠠ᠃ ᠦᠨᠡᠮᠯᠡᠯ ᠦᠭᠡᠶ᠎ᠪᠠᠷ ᠦᠢ᠍ᠯᠡᠳᠪᠦᠷᠢᠯᠡᠵᠦ ᠡᠵᠡᠩᠨᠡᠬᠦ ᠪᠠ ᠬᠣᠯᠪᠤᠭᠳᠠᠯ ᠪᠦᠬᠦᠢ ᠦᠨᠡᠮᠯᠡᠯ ᠦᠭᠡᠢ᠎ᠪᠠᠷ ᠦᠢ᠍ᠯᠡᠳᠪᠦᠷᠢᠯᠡᠵᠦ ᠡᠵᠡᠩᠨᠡᠬᠦ ᠦᠢ᠍ᠯᠡ ᠠᠵᠢᠯᠯᠠᠭ᠎ᠠ ᠵᠢ ᠪᠠᠶ᠋ᠢᠴᠠᠭ᠋ᠠᠨ ᠰᠢᠢ᠍ᠳᠪᠦᠷᠢᠯᠡᠬᠦ ᠵᠢ ᠵᠢᠯᠣᠭᠤᠳᠤᠨ᠎ᠠ᠃ ᠥᠪᠡᠷᠲᠡᠭᠡᠨ ᠵᠠᠰᠠᠬᠤ ᠣᠷᠣᠨ᠎ᠤ ᠬᠡᠷᠡᠭᠯᠡᠭᠴᠢᠳ᠎ᠤᠨ ᠨᠡᠶ᠋ᠢᠭᠡᠮᠯᠢᠭ᠎ᠤᠨ ᠬᠡᠷᠡᠭᠯᠡᠭᠡᠨ᠎ᠤ ᠡᠷᠬᠡ᠎ᠪᠠᠨ ᠬᠠᠮᠠᠭ᠋ᠠᠯᠠᠬᠤ ᠠᠵᠢᠯ ᠥᠷᠨᠢᠭᠦᠯᠬᠦ ᠵᠢ ᠵᠢᠯᠣᠭᠤᠳᠤᠨ᠎ᠠ᠃

  (ᠵᠢᠷᠭᠤᠭ᠎ᠠ) ᠬᠣᠷᠸ᠎ᠠ ᠲᠠᠯ᠎ᠠ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢ ᠬᠠᠷᠢᠭᠤᠴᠠᠨ᠎ᠠ᠃ ᠶᠠᠰᠤ ᠴᠢᠨᠠᠷ᠎ᠤᠨ ᠬᠥᠭᠵᠢᠯᠲᠡ ᠵᠢᠨ ᠳᠦᠷᠢᠮ ᠪᠠ ᠠᠷᠭ᠎ᠠ ᠬᠡᠮᠵᠢᠶ᠎ᠡ ᠵᠢ ᠲᠤᠭᠤᠷᠪᠢᠨ ᠬᠡᠷᠡᠭᠵᠢᠭᠦᠯᠵᠦ᠂ ᠨᠡᠷᠡᠲᠦ ᠲᠥᠷᠥᠯ ᠲᠡᠮᠳᠡᠭᠲᠦ ᠵᠢᠨ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ ᠵᠢ ᠠᠬᠢᠭᠤᠯᠤᠨ᠎ᠠ᠃ ᠶᠠᠰᠤ ᠴᠢᠨᠠᠷ᠎ᠤᠨ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠬᠢᠭᠡᠳ ᠬᠡᠷᠡᠭᠯᠡᠯᠲᠡ ᠵᠢ ᠨᠢᠭᠡᠳᠦᠯᠲᠡᠶ ᠲᠥᠯᠥᠪᠯᠡᠵᠦ᠂ ᠬᠠᠮᠢᠶ᠎ᠠ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠴᠢᠬᠤᠯᠠ ᠶᠡᠬᠡ ᠪᠠᠷᠢᠯᠭ᠎ᠠ ᠵᠢᠨ ᠲᠥᠬᠥᠭᠡᠷᠦᠮᠵᠢ ᠵᠢᠨ ᠶᠠᠰᠤ ᠴᠢᠨᠠᠷ᠎ᠤᠨ ᠬᠢᠨᠠᠨ ᠬᠠᠮᠢᠶᠠᠷᠬᠤ ᠳᠦᠷᠢᠮ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠶᠠᠰᠤ ᠴᠢᠨᠠᠷ᠎ᠤᠨ ᠬᠦᠨᠳᠦ ᠶᠡᠬᠡ ᠡᠨᠳᠡᠯ᠎ᠤᠨ ᠪᠠᠶ᠋ᠢᠴᠠᠭ᠋ᠠᠯᠲᠠ ᠵᠢ ᠵᠣᠬᠢᠶᠠᠨ ᠪᠠᠶ᠋ᠢᠭᠤᠯᠵᠤ᠂ ᠵᠡᠷᠡᠮᠳᠡᠭ ᠦᠢ᠍ᠯᠡᠳᠬᠦᠨ᠎ᠢ ᠡᠭᠡᠭᠦᠯᠦᠨ ᠠᠪᠴᠢᠷᠠᠬᠤ ᠳᠦᠷᠢᠮ᠎ᠢ ᠪᠠᠶ᠋ᠢᠭᠤᠯᠬᠤ ᠵᠢᠨ ᠬᠠᠮᠲᠤ ᠨᠢᠭᠡᠳᠦᠯᠲᠡᠶ ᠬᠡᠷᠡᠭᠵᠢᠭᠦᠯᠵᠦ᠂ ᠦᠢ᠍ᠯᠡᠳᠬᠦᠨ᠎ᠤ ᠬᠠᠭᠤᠷᠮᠠᠭ᠎ᠢ ᠰᠡᠷᠭᠡᠶ᠋ᠢᠯᠡᠬᠦ ᠠᠵᠢᠯ᠎ᠢ ᠬᠢᠨᠠᠨ ᠬᠠᠮᠢᠶᠠᠷᠤᠨ᠎ᠠ᠃

  (ᠳᠤᠯᠤᠭ᠎ᠠ) ᠦᠢ᠍ᠯᠡᠳᠬᠦᠨ᠎ᠤ ᠶᠠᠰᠤ ᠴᠢᠨᠠᠷ᠎ᠤᠨ ᠠᠶᠤᠯᠭᠦᠢ ᠵᠢᠨ ᠬᠢᠨᠠᠯᠲᠠ ᠬᠠᠮᠢᠶᠠᠷᠤᠯᠲᠠ ᠵᠢ ᠬᠠᠷᠢᠭᠤᠴᠠᠨ᠎ᠠ᠃ ᠦᠢ᠍ᠯᠡᠳᠬᠦᠨ᠎ᠤ ᠶᠠᠰᠤ ᠴᠢᠨᠠᠷ᠎ᠤᠨ ᠠᠮᠤᠷ ᠲᠦᠪᠰᠢᠨ᠎ᠤ ᠲᠦᠭᠰᠢᠭᠦᠷᠢ ᠵᠢ ᠬᠢᠨᠠᠨ ᠡᠵᠡᠮᠳᠡᠬᠦ᠂ ᠬᠢᠨᠠᠯᠲᠠ ᠲᠠᠯᠪᠢᠵᠤ ᠰᠤᠭᠤᠴᠢᠨ ᠪᠠᠶ᠋ᠢᠴᠠᠭ᠋ᠠᠬᠤ ᠠᠵᠢᠯ᠎ᠢ ᠬᠠᠮᠢᠶᠠᠷᠴᠤ᠂ ᠪᠦᠬᠦ ᠣᠷᠣᠨ᠎ᠤ ᠦᠢ᠍ᠯᠡᠳᠬᠦᠨ᠎ᠤ ᠶᠠᠰᠤ ᠴᠢᠨᠠᠷ᠎ᠲᠤ ᠬᠢᠨᠠᠯᠲᠠ ᠲᠠᠯᠪᠢᠵᠤ ᠰᠤᠭᠤᠴᠢᠨ ᠪᠠᠶ᠋ᠢᠴᠠᠭ᠋ᠠᠬᠤ ᠲᠥᠯᠥᠪᠯᠡᠭᠡ ᠵᠢ ᠨᠢᠭᠡᠳᠦᠯᠲᠡᠶ ᠨᠠᠶ᠋ᠢᠷᠠᠭᠤᠯᠤᠨ ᠵᠣᠬᠢᠶᠠᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃ ᠶᠠᠰᠤ ᠴᠢᠨᠠᠷ᠎ᠤᠨ ᠳᠡᠰ ᠬᠤᠪᠢᠶᠠᠬᠤ ᠳᠦᠷᠢᠮ᠂ ᠶᠠᠰᠤ ᠴᠢᠨᠠᠷ᠎ᠤᠨ ᠠᠮᠤᠷ ᠲᠦᠪᠰᠢᠨ᠎ᠢ ᠮᠦᠷᠳᠡᠬᠦ ᠳᠦᠷᠢᠮ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ ᠵᠢ ᠬᠠᠷᠢᠭᠤᠴᠠᠨ᠎ᠠ᠃ ᠠᠵᠤ ᠦᠢ᠍ᠯᠡᠳᠪᠦᠷᠢ ᠵᠢᠨ ᠦᠢ᠍ᠯᠡᠳᠬᠦᠨ᠎ᠤ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠬᠠᠮᠢᠶᠠᠷᠤᠯᠲᠠ ᠪᠣᠯᠤᠨ ᠰᠢᠷᠬᠡᠭ᠎ᠤᠨ ᠶᠠᠰᠤ ᠴᠢᠨᠠᠷ᠎ᠲᠤ ᠬᠢᠨᠠᠯᠲᠠ ᠲᠠᠯᠪᠢᠬᠤ ᠠᠵᠢᠯ᠎ᠢ ᠬᠠᠷᠢᠭᠤᠴᠠᠨ᠎ᠠ᠃

  (ᠨᠠᠢ᠍ᠮᠠ) ᠣᠨᠴᠠ ᠲᠥᠷᠥᠯ᠎ᠤᠨ ᠲᠥᠬᠦᠭᠡᠷᠦᠮᠵᠢ ᠵᠢᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢ ᠬᠠᠷᠢᠭᠤᠴᠠᠨ᠎ᠠ᠃ ᠣᠨᠴᠠ ᠲᠥᠷᠥᠯ᠎ᠤᠨ ᠲᠥᠬᠦᠭᠡᠷᠦᠮᠵᠢ ᠵᠢᠨ ᠠᠮᠤᠷ ᠲᠦᠪᠰᠢᠨ᠎ᠢ ᠬᠢᠨᠠᠨ ᠪᠠᠶ᠋ᠢᠴᠠᠭ᠋ᠠᠬᠤ᠂ ᠬᠢᠨᠠᠯᠲᠠ ᠲᠠᠯᠪᠢᠬᠤ ᠠᠵᠢᠯ᠎ᠢ ᠶᠡᠷᠦᠩᠬᠡᠶ᠋ᠢᠯᠡᠨ ᠬᠠᠮᠢᠶᠠᠷᠴᠤ᠂ ᠡᠨᠧᠷᠭᠢ ᠵᠢᠨ ᠬᠤᠷᠣᠭᠳᠠᠯ ᠶᠡᠬᠡᠲᠡᠶ ᠣᠨᠴᠠ ᠲᠥᠷᠥᠯ᠎ᠤᠨ ᠲᠥᠬᠦᠭᠡᠷᠦᠮᠵᠢ ᠵᠢᠨ ᠡᠨᠧᠷᠭᠢ ᠠᠷᠪᠢᠯᠠᠬᠤ ᠪᠠᠷᠢᠮᠵᠢᠶ᠎ᠠ ᠪᠠ ᠭᠦᠸᠸᠯᠦ ᠵᠢᠨ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠪᠠᠷᠢᠮᠵᠢᠶ᠎ᠠ ᠵᠢ ᠬᠡᠷᠡᠭᠵᠢᠭᠦᠯᠵᠦ ᠪᠠᠶ᠋ᠢᠭ᠎ᠠ ᠪᠠᠶ᠋ᠢᠳᠠᠯ᠎ᠳᠤ ᠬᠢᠨᠠᠯᠲᠠ ᠲᠠᠯᠪᠢᠨ ᠪᠠᠶ᠋ᠢᠴᠠᠭ᠋ᠠᠨ᠎ᠠ᠃

  (ᠶᠢᠰᠦ) ᠢᠳᠡᠭᠡᠨ᠎ᠤ ᠠᠶᠤᠯᠭᠦᠢ ᠵᠢᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ᠋ᠢᠯᠡᠨ ᠵᠣᠬᠢᠴᠠᠭᠤᠯᠬᠤ ᠵᠢ ᠬᠠᠷᠢᠭᠤᠴᠠᠨ᠎ᠠ᠃ ᠢᠳᠡᠭᠡᠨ᠎ᠤ ᠠᠮᠤᠷ ᠲᠦᠪᠰᠢᠨ᠎ᠤ ᠴᠢᠬᠤᠯᠠ ᠶᠡᠭᠡ ᠲᠥᠷᠥ ᠵᠢᠨ ᠪᠣᠳᠣᠯᠭ᠎ᠠ ᠵᠢ ᠵᠣᠬᠢᠶᠠᠨ ᠪᠠᠶ᠋ᠢᠭᠤᠯᠤᠨ ᠲᠤᠭᠤᠷᠪᠢᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃ ᠢᠳᠡᠭᠡᠨ᠎ᠤ ᠠᠮᠤᠷ ᠲᠦᠪᠰᠢᠨ᠎ᠤ ᠪᠠᠴᠢᠮ ᠪᠠᠶ᠋ᠢᠳᠠᠯ᠎ᠢ ᠠᠷᠭ᠋ᠠᠴᠠᠬᠤ ᠰᠢᠰᠲ᠋ᠧᠮᠵᠢ ᠵᠢᠨ ᠪᠠᠶ᠋ᠢᠭᠤᠯᠤᠯᠲᠠ ᠵᠢ ᠬᠠᠷᠢᠭᠤᠴᠠᠵᠤ᠂ ᠢᠳᠡᠭᠡᠨ᠎ᠤ ᠠᠮᠤᠷ ᠲᠦᠪᠰᠢᠨ᠎ᠤ ᠬᠦᠨᠳᠦ ᠶᠡᠭᠡ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠪᠠ ᠪᠠᠶ᠋ᠢᠴᠠᠭ᠋ᠠᠨ ᠰᠢᠢ᠍ᠳᠪᠦᠷᠢᠯᠡᠬᠦ ᠠᠵᠢᠯ᠎ᠢ ᠵᠣᠬᠢᠶᠠᠨ ᠪᠠᠶ᠋ᠢᠭᠤᠯᠤᠨ ᠵᠢᠯᠣᠭᠤᠳᠤᠨ᠎ᠠ᠃ ᠢᠳᠡᠭᠡᠨ᠎ᠤ ᠠᠶᠤᠯᠭᠦᠢ ᠵᠢᠨ ᠴᠢᠬᠤᠯᠠ ᠮᠡᠳᠡᠭᠡ ᠵᠠᠩᠭᠢ ᠵᠢ ᠰᠢᠭᠤᠳ ᠮᠡᠳᠡᠭᠦᠯᠬᠦ ᠳᠦᠷᠢᠮ᠎ᠢ ᠪᠠᠶ᠋ᠢᠭᠤᠯᠤᠨ ᠪᠦᠷᠢᠨᠰᠢᠭᠦᠯᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠢᠳᠡᠭᠡᠨ ᠪᠠ ᠡᠮ᠎ᠤᠨ ᠵᠦᠢ᠍ᠯ᠎ᠤᠨ ᠠᠮᠤᠷ ᠲᠦᠪᠰᠢᠨ᠎ᠤ ᠵᠥᠪᠯᠡᠯ᠎ᠤᠨ ᠡᠳᠦᠷ ᠲᠤᠲᠤᠮ᠎ᠤᠨ ᠠᠵᠢᠯ᠎ᠢ ᠡᠭᠦᠷᠭᠡᠯᠡᠨ᠎ᠡ᠃

  (ᠠᠷᠪᠠ) ᠢᠳᠡᠭᠡᠨ᠎ᠤ ᠠᠶᠤᠯᠭᠦᠢ ᠵᠢᠨ ᠬᠢᠨᠠᠯᠲᠠ ᠬᠠᠮᠢᠶᠠᠷᠤᠯᠲᠠ ᠵᠢ ᠬᠠᠷᠢᠭᠤᠴᠠᠨ᠎ᠠ᠃ ᠢᠳᠡᠭᠡᠨ᠎ᠤ ᠦᠢ᠍ᠯᠡᠳᠪᠦᠷᠢᠯᠡᠯ᠂ ᠭᠦᠢ᠍ᠯᠭᠡᠭᠡᠨ᠂ ᠬᠡᠷᠡᠭᠯᠡᠭᠡᠨ᠎ᠤ ᠪᠦᠬᠦ ᠶᠠᠪᠤᠴᠠ ᠵᠢ ᠬᠠᠮᠤᠷᠤᠭᠰᠠᠨ ᠬᠢᠨᠠᠯᠲᠠ ᠲᠠᠯᠪᠢᠵᠤ ᠪᠠᠶ᠋ᠢᠴᠠᠭ᠋ᠠᠬᠤ ᠳᠦᠷᠢᠮ ᠪᠣᠯᠤᠨ ᠳᠠᠯᠳᠠ ᠭᠡᠮ᠎ᠢ ᠵᠢᠭᠰᠠᠭ᠋ᠠᠨ ᠪᠠᠶ᠋ᠢᠴᠠᠭ᠋ᠠᠵᠤ ᠵᠠᠰᠠᠬᠤ ᠵᠣᠬᠢᠴᠠᠮᠵᠢ ᠵᠢ ᠪᠠᠶ᠋ᠢᠭᠤᠯᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠢᠳᠡᠭᠡᠨ᠎ᠤ ᠠᠮᠤᠷ ᠲᠦᠪᠰᠢᠨ᠎ᠤ ᠣᠷᠣᠨ ᠪᠦᠰᠡ ᠵᠢᠨ ᠴᠢᠨᠠᠷᠲᠠᠶ᠂ ᠰᠢᠰᠲ᠋ᠧᠮ᠎ᠤᠨ ᠴᠢᠨᠠᠷᠲᠠᠶ ᠲᠦᠭᠰᠢᠭᠦᠷᠢ ᠵᠢ ᠰᠡᠷᠭᠡᠶ᠋ᠢᠯᠡᠬᠦ ᠬᠡᠷᠡᠭᠲᠡᠶ᠃ ᠢᠳᠡᠭᠡᠨ᠎ᠤ ᠵᠦᠢ᠍ᠯ᠎ᠤᠨ ᠦᠢ᠍ᠯᠡᠳᠪᠦᠷᠢᠯᠡᠨ ᠡᠵᠡᠩᠨᠡᠭᠴᠢᠳ᠎ᠤᠨ ᠭᠣᠤᠯ ᠴᠣᠭᠴᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ ᠵᠣᠬᠢᠴᠠᠮᠵᠢ ᠵᠢ ᠪᠠᠶ᠋ᠢᠭᠤᠯᠬᠤ ᠵᠢ ᠠᠬᠢᠭᠤᠯᠵᠤ᠂ ᠢᠳᠡᠭᠡᠨ᠎ᠤ ᠵᠦᠢ᠍ᠯ᠎ᠤᠨ ᠠᠮᠤᠷ ᠲᠦᠪᠰᠢᠨ᠎ᠤ ᠮᠦᠷᠳᠡᠬᠦ ᠰᠢᠰᠲ᠋ᠧᠮᠵᠢ ᠵᠢ ᠪᠦᠷᠢᠨᠰᠢᠭᠦᠯᠦᠨ᠎ᠡ᠃ ᠢᠳᠡᠭᠡᠨ᠎ᠤ ᠠᠮᠤᠷ ᠲᠦᠪᠰᠢᠨ᠎ᠳᠤ ᠬᠢᠨᠠᠯᠲᠠ ᠲᠠᠯᠪᠢᠵᠤ ᠰᠤᠭᠤᠴᠢᠨ ᠪᠠᠶ᠋ᠢᠴᠠᠭ᠋ᠠᠬᠤ᠂ ᠲᠦᠭᠰᠢᠭᠦᠷᠢ ᠵᠢ ᠬᠢᠨᠠᠨ ᠬᠡᠮᠵᠢᠬᠦ᠂ ᠬᠠᠷᠭᠤᠭᠤᠯᠤᠨ ᠪᠠᠶ᠋ᠢᠴᠠᠭ᠋ᠠᠵᠤ ᠰᠢᠢ᠍ᠳᠪᠦᠷᠢᠯᠡᠬᠦ ᠪᠠ ᠲᠦᠭᠰᠢᠭᠦᠷᠢ ᠵᠢ ᠰᠡᠷᠡᠮᠵᠢᠯᠡᠭᠦᠯᠬᠦ᠂ ᠲᠦᠭᠰᠢᠭᠦᠷᠢ ᠵᠢ ᠰᠣᠯᠢᠯᠴᠠᠬᠤ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠦᠨ᠎ᠡ᠃ ᠢᠳᠡᠰᠢᠨ ᠳᠠᠪᠤᠰᠤᠨ᠎ᠤ ᠶᠠᠰᠤ ᠴᠢᠨᠠᠷ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠪᠠ ᠣᠨᠴᠠᠭ᠋ᠠᠢ ᠢᠳᠡᠭᠡᠨ᠎ᠤ ᠵᠥᠪᠰᠢᠶᠡᠷᠡᠯ᠂ ᠪᠦᠷᠢᠳᠬᠡᠨ ᠳᠠᠩᠰᠠᠯᠠᠬᠤ᠂ ᠬᠢᠨᠠᠨ ᠬᠠᠮᠢᠶᠠᠷᠬᠤ ᠵᠡᠷᠭᠡ ᠠᠵᠢᠯ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃

  (ᠠᠷᠪᠠᠨ ᠨᠢᠭᠡ) ᠬᠡᠮᠵᠢᠯᠲᠡ ᠵᠢᠨ ᠠᠵᠢᠯ᠎ᠢ ᠨᠢᠭᠡᠳᠦᠯᠲᠡᠶ ᠬᠠᠮᠢᠶᠠᠷᠬᠤ ᠵᠢ ᠬᠠᠷᠢᠭᠤᠴᠠᠨ᠎ᠠ᠃ ᠤᠯᠤᠰ᠎ᠤᠨ ᠬᠡᠮᠵᠢᠯᠲᠡ ᠵᠢᠨ ᠳᠦᠷᠢᠮ᠎ᠢ ᠨᠠᠶ᠋ᠢᠳᠠᠪᠤᠷᠢᠵᠢᠭᠤᠯᠵᠤ᠂ ᠬᠠᠤᠯᠢ᠎ᠪᠠᠷ ᠲᠣᠭᠲᠠᠭ᠋ᠠᠭᠰᠠᠨ ᠬᠡᠮᠵᠢᠯᠲᠡ ᠵᠢᠨ ᠨᠢᠭᠡᠴᠢ ᠵᠢ ᠬᠡᠷᠡᠭᠵᠢᠭᠦᠯᠵᠦ᠂ ᠬᠡᠮᠵᠢᠯᠲᠡ ᠵᠢᠨ ᠪᠠᠭ᠋ᠠᠵᠢ ᠬᠡᠷᠡᠭᠰᠡᠯ ᠵᠢᠴᠢ ᠬᠡᠮᠵᠢᠭᠳᠡᠬᠦᠨ᠎ᠢ ᠳᠠᠮᠵᠢᠭᠤᠯᠬᠤ ᠪᠠ ᠬᠠᠷᠢᠴᠠᠭᠤᠯᠬᠤ ᠠᠵᠢᠯ᠎ᠢ ᠬᠠᠮᠢᠶᠠᠷᠤᠨ᠎ᠠ᠃ ᠲᠠᠸᠠᠷ᠎ᠤᠨ ᠬᠡᠮᠵᠢᠶ᠎ᠡ ᠪᠠ ᠵᠠᠬ᠎ᠠ ᠳᠡᠯᠭᠡᠭᠦᠷ᠎ᠤᠨ ᠬᠡᠮᠵᠢᠯᠲᠡ ᠵᠢᠨ ᠠᠵᠢᠯᠯᠠᠭ᠎ᠠ ᠵᠢ ᠵᠢᠷᠤᠮᠵᠢᠭᠤᠯᠤᠨ ᠬᠢᠨᠠᠯᠲᠠ ᠲᠠᠯᠪᠢᠨ᠎ᠠ᠃

  (ᠠᠷᠪᠠᠨ ᠬᠣᠶᠠᠷ) ᠪᠦᠬᠦ ᠣᠷᠣᠨ᠎ᠤ ᠪᠠᠷᠢᠮᠵᠢᠶᠠᠵᠢᠭᠤᠯᠬᠤ ᠠᠵᠢᠯ᠎ᠢ ᠨᠢᠭᠡᠳᠦᠯᠲᠡᠶ ᠬᠠᠮᠢᠶᠠᠷᠬᠤ ᠪᠠ ᠵᠢᠯᠣᠭᠤᠳᠬᠤ ᠵᠢ ᠬᠠᠷᠢᠭᠤᠴᠠᠨ᠎ᠠ᠃ ᠣᠷᠣᠨ ᠨᠤᠲᠤᠭ᠎ᠤᠨ ᠪᠠᠷᠢᠮᠵᠢᠶ᠎ᠠ ᠵᠢᠨ ᠲᠥᠷᠥᠯ ᠵᠦᠢ᠍ᠯ ᠲᠣᠭᠲᠠᠭ᠋ᠠᠬᠤ᠂ ᠳ᠋ᠤᠭ᠋ᠠᠷᠯᠠᠬᠤ᠂ ᠨᠡᠶ᠋ᠢᠲᠡᠯᠡᠬᠦ ᠠᠵᠢᠯ᠎ᠢ ᠬᠠᠤᠯᠢ ᠶᠣᠰᠣᠭ᠋ᠠᠷ ᠡᠭᠦᠷᠭᠡᠯᠡᠨ᠎ᠡ᠃ ᠤᠯᠤᠰ᠎ᠤᠨ ᠪᠠᠷᠢᠮᠵᠢᠶ᠎ᠠ᠂ ᠠᠵᠢᠯ ᠲᠥᠷᠥᠯ᠎ᠤᠨ ᠪᠠᠷᠢᠮᠵᠢᠶ᠎ᠠ᠂ ᠣᠷᠣᠨ ᠨᠤᠲᠤᠭ᠎ᠤᠨ ᠪᠠᠷᠢᠮᠵᠢᠶ᠎ᠠ ᠵᠢ ᠬᠡᠷᠡᠭᠵᠢᠭᠦᠯᠬᠦ ᠮᠡᠳᠡᠭᠡ ᠵᠠᠩᠭᠢ ᠵᠢ ᠬᠠᠷᠢᠭᠤ ᠲᠤᠰᠬᠠᠬᠤ ᠪᠠ ᠦᠨᠡᠯᠡᠨ ᠵᠢᠱ᠌ᠢᠬᠦ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠦᠨ᠎ᠡ᠃ ᠪᠦᠯᠬᠦᠮ᠎ᠤᠨ ᠪᠠᠷᠢᠮᠵᠢᠶ᠎ᠠ᠂ ᠠᠵᠤ ᠠᠬᠤᠶ᠋ᠢᠯᠠᠯ᠎ᠤᠨ ᠪᠠᠷᠢᠮᠵᠢᠶ᠎ᠠ ᠵᠢ ᠲᠣᠭᠲᠠᠭ᠋ᠠᠬᠤ ᠠᠵᠢᠯ᠎ᠢ ᠬᠠᠤᠯᠢ ᠶᠣᠰᠣᠭ᠋ᠠᠷ ᠵᠣᠬᠢᠴᠠᠭᠤᠯᠤᠨ ᠵᠢᠯᠣᠭᠤᠳᠬᠤ ᠪᠠ ᠬᠢᠨᠠᠯᠲᠠ ᠲᠠᠯᠪᠢᠨ᠎ᠠ᠃

  (ᠠᠷᠪᠠᠨ ᠭᠤᠷᠪᠠ) ᠪᠠᠶ᠋ᠢᠴᠠᠭ᠋ᠠᠨ ᠰᠢᠯᠭ᠋ᠠᠵᠤ ᠪᠠᠶ᠋ᠢᠴᠠᠭ᠋ᠠᠨ ᠬᠡᠮᠵᠢᠬᠦ ᠠᠵᠢᠯ᠎ᠢ ᠨᠢᠭᠡᠳᠦᠯᠲᠡᠶ ᠬᠠᠮᠢᠶᠠᠷᠬᠤ ᠵᠢ ᠬᠠᠷᠢᠭᠤᠴᠠᠨ᠎ᠠ᠃ ᠪᠠᠶ᠋ᠢᠴᠠᠭ᠋ᠠᠨ ᠰᠢᠯᠭ᠋ᠠᠵᠤ ᠪᠠᠶ᠋ᠢᠴᠠᠭ᠋ᠠᠨ ᠰᠢᠨᠵᠢᠬᠦ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢ ᠠᠬᠢᠭᠤᠯᠵᠤ᠂ ᠪᠠᠶ᠋ᠢᠴᠠᠭ᠋ᠠᠨ ᠰᠢᠯᠭ᠋ᠠᠵᠤ ᠪᠠᠶ᠋ᠢᠴᠠᠭ᠋ᠠᠨ ᠰᠢᠨᠵᠢᠬᠦ ᠵᠠᠬ᠎ᠠ ᠳᠡᠯᠭᠡᠭᠦᠷ᠎ᠢ ᠵᠢᠷᠤᠮᠵᠢᠭᠤᠯᠤᠨ᠂ ᠪᠠᠶ᠋ᠢᠴᠠᠭ᠋ᠠᠨ ᠰᠢᠯᠭ᠋ᠠᠵᠤ ᠪᠠᠶ᠋ᠢᠴᠠᠭ᠋ᠠᠨ ᠰᠢᠨᠵᠢᠬᠦ ᠰᠢᠰᠲᠸᠮᠵᠢ ᠵᠢ ᠲᠡᠭᠦᠯᠳᠡᠷᠵᠢᠭᠦᠯᠵᠦ᠂ ᠪᠠᠶ᠋ᠢᠴᠠᠭ᠋ᠠᠨ ᠰᠢᠯᠭ᠋ᠠᠵᠤ ᠪᠠᠶ᠋ᠢᠴᠠᠭ᠋ᠠᠨ ᠰᠢᠨᠵᠢᠬᠦ ᠠᠵᠢᠯ ᠲᠥᠷᠥᠯ᠎ᠤᠨ ᠬᠥᠭᠵᠢᠯᠲᠡ ᠵᠢ ᠵᠢᠯᠣᠭᠤᠳᠤᠨ ᠵᠣᠬᠢᠴᠠᠭᠤᠯᠤᠨ᠎ᠠ᠃

  (ᠠᠷᠪᠠᠨ ᠳᠥᠷᠪᠡ) ᠪᠥᠬᠦ ᠣᠷᠣᠨ᠎ᠤ ᠭᠡᠷᠡᠴᠢᠯᠡᠵᠦ ᠵᠥᠪᠰᠢᠶᠡᠷᠡᠬᠦ ᠠᠵᠢᠯ᠎ᠢ ᠨᠢᠭᠡᠳᠦᠯᠲᠡᠶ ᠬᠠᠮᠢᠶᠠᠷᠬᠤ᠂ ᠬᠢᠨᠠᠯᠲᠠ ᠲᠠᠯᠪᠢᠬᠤ ᠪᠠ ᠶᠡᠷᠦᠩᠬᠡᠶ᠋ᠢᠯᠡᠨ ᠵᠣᠬᠢᠴᠠᠭᠤᠯᠬᠤ ᠵᠢ ᠬᠠᠷᠢᠭᠤᠴᠠᠨ᠎ᠠ᠃ ᠲᠣᠭᠲᠠᠭ᠋ᠠᠭᠰᠠᠨ ᠡᠷᠬᠡ ᠵᠢᠨ ᠬᠢᠵᠠᠭ᠋ᠠᠷ ᠶᠣᠰᠣᠭ᠋ᠠᠷ ᠬᠣᠯᠪᠤᠭᠳᠠᠯ ᠪᠦᠬᠦᠢ ᠭᠡᠷᠡᠴᠢᠯᠡᠨ ᠵᠥᠪᠰᠢᠶᠡᠷᠡᠬᠦ ᠪᠠ ᠬᠢᠷᠢ ᠲᠡᠩᠴᠡᠭᠰᠡᠨ᠎ᠢ ᠦᠨᠡᠯᠡᠨ ᠲᠣᠭᠲᠠᠭ᠋ᠠᠵᠤ ᠬᠢᠨᠠᠨ ᠬᠠᠮᠢᠶᠠᠷᠬᠤ ᠵᠡᠷᠭᠡ ᠠᠵᠢᠯ᠎ᠢ ᠡᠭᠦᠷᠭᠡᠯᠡᠨ᠎ᠡ᠃

  (ᠠᠷᠪᠠᠨ ᠲᠠᠪᠤ) ᠪᠦᠬᠦ ᠣᠷᠣᠨ᠎ᠤ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠡᠭᠦᠳᠦᠨ ᠪᠦᠲᠦᠭᠡᠬᠦ᠂ ᠬᠡᠷᠡᠭᠯᠡᠬᠦ᠂ ᠬᠠᠮᠠᠭ᠋ᠠᠯᠠᠬᠤ᠂ ᠬᠠᠮᠢᠶᠠᠷᠬᠤ ᠪᠠ ᠦᠢ᠍ᠯᠡᠴᠢᠯᠡᠬᠦ ᠠᠵᠢᠯ᠎ᠢ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ᠎ᠤ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠪᠠᠶ᠋ᠢᠯᠳᠤᠬᠤ ᠪᠣᠳᠣᠯᠭ᠎ᠠ ᠵᠢ ᠲᠤᠭᠤᠷᠪᠢᠨ ᠲᠣᠭᠲᠠᠭ᠋ᠠᠬᠤ ᠪᠠ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠢᠶ᠎ᠠ ᠪᠦᠬᠦᠢ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠤᠨ ᠡᠬᠡ ᠨᠣᠣᠷᠠᠭ ᠪᠠ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠤᠭᠤᠷᠪᠢᠵᠤ᠂ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠦᠴᠦᠷᠬᠡᠭ ᠣᠷᠣᠨ᠎ᠤ ᠪᠦᠲᠦᠭᠡᠨ ᠪᠠᠶ᠋ᠢᠭᠤᠯᠤᠯᠲᠠ ᠵᠢ ᠠᠬᠢᠭᠤᠯᠤᠨ᠎ᠠ᠃

  (ᠠᠷᠪᠠᠨ ᠵᠢᠷᠭᠤᠭ᠎ᠠ) ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠬᠤ ᠰᠢᠰᠲ᠋ᠧᠮᠵᠢ ᠵᠢ ᠪᠠᠶ᠋ᠢᠭᠤᠯᠬᠤ ᠲᠥᠰᠦᠯ᠎ᠢ ᠲᠤᠭᠤᠷᠪᠢᠨ ᠲᠣᠭᠲᠠᠭ᠋ᠠᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠡᠷᠡᠭᠯᠡᠯᠲᠡ ᠵᠢ ᠠᠬᠢᠭᠤᠯᠵᠤ᠂ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠬᠤ ᠪᠠ ᠮᠡᠳᠡᠭᠡ ᠵᠠᠩᠭᠢ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠢᠰᠲ᠋ᠧᠮᠵᠢ ᠵᠢᠨ ᠪᠠᠶ᠋ᠢᠭᠤᠯᠤᠯᠲᠠ ᠵᠢ ᠠᠬᠢᠭᠤᠯᠤᠨ᠎ᠠ᠃ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠲᠤᠷᠰᠢᠯᠲᠠ ᠵᠢᠨ ᠴᠡᠭ᠎ᠤᠨ ᠵᠢᠱ᠌ᠢᠶ᠎ᠡ ᠦᠵᠡᠭᠦᠯᠬᠦ ᠠᠵᠢᠯ᠎ᠢ ᠥᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠲᠤᠰᠬᠠᠶ ᠪᠡᠯᠡ ᠮᠥᠩᠭᠦ ᠵᠢ ᠬᠠᠮᠢᠶᠠᠷᠴᠤ᠂ ᠴᠢᠬᠤᠯᠠ ᠶᠡᠭᠡ ᠮᠡᠳᠡᠯᠭᠡ ᠵᠢᠨ ᠥᠮᠴᠢᠯᠡᠯ᠎ᠤᠨ ᠡᠷᠬᠡ ᠵᠢ ᠤᠯᠠᠷᠢᠭᠤᠯᠬᠤ ᠲᠥᠷᠥᠯ ᠵᠦᠢ᠍ᠯ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠮᠡᠳᠡᠯᠭᠡ ᠵᠢᠨ ᠥᠮᠴᠢᠯᠡᠯ᠎ᠤᠨ ᠡᠷᠬᠡ ᠵᠢ ᠰᠢᠯᠵᠢᠭᠦᠯᠦᠨ ᠤᠯᠠᠷᠢᠭᠤᠯᠬᠤ ᠵᠢ ᠠᠬᠢᠭᠤᠯᠤᠨ᠎ᠠ᠃ ᠲᠠᠸᠠᠷ᠎ᠤᠨ ᠲᠡᠮᠳᠡᠭ᠎ᠤᠨ ᠲᠤᠰᠬᠠᠶ ᠠᠰᠢᠭ᠎ᠤᠨ ᠬᠠᠤᠯᠢ ᠬᠡᠷᠡᠭᠵᠢᠭᠦᠯᠬᠦ᠂ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠮᠠᠷᠭᠤᠯᠳᠤᠭ᠋ᠠᠨ᠎ᠢ ᠰᠢᠢ᠍ᠳᠪᠦᠷᠢᠯᠡᠬᠦ᠂ ᠡᠷᠬᠡ᠎ᠪᠠᠨ ᠬᠠᠮᠠᠭ᠋ᠠᠯᠠᠬᠤ᠎ᠳᠤ ᠲᠤᠰᠠᠯᠠᠬᠤ ᠪᠠ ᠵᠢᠭᠤᠷᠠᠯᠳᠤᠭ᠋ᠠᠨ᠎ᠢ ᠡᠶᠡᠳᠡᠭᠦᠯᠦᠨ ᠰᠢᠢ᠍ᠳᠪᠦᠷᠢᠯᠡᠬᠦ ᠵᠢ ᠵᠢᠯᠣᠭᠤᠳᠴᠤ᠂ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠬᠠᠤᠯᠢ ᠶᠣᠰᠣᠭ᠋ᠠᠷ ᠪᠠᠶ᠋ᠢᠴᠠᠭ᠋ᠠᠨ ᠰᠢᠢ᠍ᠳᠪᠦᠷᠢᠯᠡᠨ᠎ᠡ᠃ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠤᠷᠢᠳᠴᠢᠯᠠᠨ ᠰᠡᠷᠡᠮᠵᠢᠯᠡᠭᠦᠯᠬᠦ ᠪᠠ ᠭᠠᠳᠠᠭ᠋ᠠᠳᠤ᠎ᠳᠤ ᠬᠤᠯᠪᠣᠭᠳᠠᠬᠤ ᠵᠡᠷᠭᠡ ᠠᠵᠢᠯ᠎ᠢ ᠵᠣᠬᠢᠶᠠᠨ ᠪᠠᠶ᠋ᠢᠭᠤᠯᠤᠨ ᠵᠢᠯᠣᠭᠤᠳᠤᠨ᠎ᠠ᠃

  (ᠠᠷᠪᠠᠨ ᠳᠣᠯᠣᠭ᠎ᠠ) ᠡᠯ᠎ᠡ ᠭᠠᠵᠠᠷ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠵᠢᠵᠢᠭ ᠪᠢᠴᠢᠯ ᠠᠵᠤ ᠠᠬᠤᠶ᠋ᠢᠯᠠᠯ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ᠂ ᠲᠤᠰᠬᠠᠢ ᠵᠠᠬ᠎ᠠ ᠳᠡᠯᠭᠡᠭᠦᠷ᠎ᠤᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠢ ᠥᠷᠨᠢᠭᠦᠯᠬᠦ ᠵᠢ ᠵᠢᠯᠣᠭᠤᠳᠤᠨ᠎ᠠ᠃ ᠡᠯ᠎ᠡ ᠭᠠᠵᠠᠷ᠎ᠤᠨ ᠨᠡᠶ᠋ᠢᠲᠡ ᠵᠢᠨ ᠥᠮᠴᠢᠯᠡᠯ᠎ᠤᠨ ᠪᠤᠰᠤ ᠠᠵᠤ ᠠᠬᠤᠶ ᠵᠢᠨ ᠵᠣᠬᠢᠶᠠᠨ ᠪᠠᠶ᠋ᠢᠭᠤᠯᠤᠯᠲᠠ ᠵᠢᠨ ᠡᠪᠯᠡᠯ᠎ᠤᠨ ᠪᠠᠶ᠋ᠢᠭᠤᠯᠤᠯᠲᠠ ᠵᠢᠨ ᠠᠵᠢᠯ᠎ᠢ ᠵᠢᠯᠣᠭᠤᠳᠤᠨ᠎ᠠ᠃

  (ᠠᠷᠪᠠᠨ ᠨᠠᠢ᠍ᠮᠠ) ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ ᠪᠠ ᠮᠡᠳᠡᠭᠡ ᠵᠠᠩᠭᠢᠵᠢᠯᠲᠠ ᠵᠢᠨ ᠪᠠᠶ᠋ᠢᠭᠤᠯᠤᠯᠲᠠ᠂ ᠰᠣᠨᠢᠨ ᠮᠡᠳᠡᠭᠡᠨ᠎ᠤ ᠤᠬᠠᠭᠤᠯᠭ᠎ᠠ ᠵᠡᠷᠭᠡ ᠠᠵᠢᠯ᠎ᠢ ᠬᠠᠷᠢᠭᠤᠴᠠᠨ᠎ᠠ᠃

  (ᠠᠷᠪᠠ ᠶᠢᠰᠦ) ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢ ᠬᠠᠮᠢᠶᠠᠷᠤᠨ᠎ᠠ᠃

  (ᠬᠣᠷᠢ) ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠲᠤᠰᠢᠶᠠᠭᠰᠠᠨ ᠪᠤᠰᠤᠳ ᠡᠭᠦᠷᠭᠡ ᠵᠢ ᠪᠡᠶᠡᠯᠡᠭᠦᠯᠦᠨ᠎ᠡ᠃

  (ᠬᠣᠷᠢᠨ ᠨᠢᠭᠡ) ᠡᠭᠦᠷᠭᠡ ᠴᠢᠳᠠᠪᠤᠷᠢ ᠵᠢ ᠬᠤᠪᠢᠷᠠᠭᠤᠯᠤᠨ᠎ᠠ᠃

  1. ᠶᠠᠰᠤ ᠴᠢᠨᠠᠷ᠎ᠤᠨ ᠳᠡᠭᠡᠭᠰᠢᠯᠡᠯᠲᠡ ᠵᠢ ᠶᠡᠬᠡ᠎ᠪᠠᠷ ᠠᠬᠢᠭᠤᠯᠤᠨ᠎ᠠ᠃ ᠶᠠᠰᠤ ᠴᠢᠨᠠᠷ᠎ᠤᠨ ᠪᠦᠬᠦ ᠲᠠᠯ᠎ᠠ ᠵᠢᠨ ᠬᠠᠮᠢᠶᠠᠷᠤᠯᠲᠠ ᠪᠠ ᠶᠠᠰᠤ ᠴᠢᠨᠠᠷ᠎ᠤᠨ ᠰᠠᠭᠤᠷᠢ ᠲᠥᠬᠦᠭᠡᠷᠦᠮᠵᠢ ᠵᠢᠨ ᠰᠢᠰᠲ᠋ᠧᠮᠵᠢ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠶᠠᠰᠤ ᠴᠢᠨᠠᠷ᠎ᠤᠨ ᠤᠷᠮᠠᠰᠢᠭᠤᠯᠬᠤ ᠳᠦᠷᠢᠮ᠎ᠢ ᠲᠡᠭᠦᠯᠳᠡᠷᠵᠢᠭᠦᠯᠦᠨ᠂ ᠨᠡᠷᠡᠲᠦ ᠲᠥᠷᠥᠯ ᠲᠡᠮᠳᠡᠭᠲᠦ ᠵᠢᠨ ᠪᠠᠶ᠋ᠢᠭᠤᠯᠤᠯᠲᠠ ᠵᠢ ᠠᠬᠢᠭᠤᠯᠤᠨ᠎ᠠ᠃ ᠠᠵᠦ ᠠᠬᠤᠶ᠋ᠢᠯᠠᠯ᠎ᠤᠨ ᠦᠢ᠍ᠯᠡᠳᠬᠦᠨ᠎ᠤ ᠶᠠᠰᠣ ᠴᠢᠨᠡᠷ᠎ᠤᠨ ᠠᠮᠥᠷ ᠳᠥᠪᠰᠢᠨ᠎ᠤ ᠠᠳᠡᠯ᠎ᠤᠨ ᠠᠯᠪᠠᠳᠡᠨ ᠮᠡᠳᠡᠬᠦᠯᠬᠦ ᠳᠥᠷᠢᠮ ᠵᠢᠴᠢ ᠡᠵᠡᠩᠨᠡᠭᠴᠢ᠎ᠠᠴᠠ ᠤᠷᠢᠲᠠᠵᠤ ᠠᠰᠠᠭᠤᠬᠤ ᠪᠠ ᠤᠷᠢᠳ ᠵᠶ᠋ᠠᠷ ᠳᠥᠯᠥᠵᠦ ᠦᠭᠬᠦ ᠳᠥᠷᠢᠮ᠎ᠢ ᠨᠡᠶ᠋ᠢᠳᠡᠪᠦᠷᠢᠵᠢᠭᠤᠯᠵᠦ᠂ ᠭᠤᠷᠪᠠᠳᠡᠬᠢ ᠡᠳᠡᠭᠡᠳ᠎ᠤᠨ ᠶᠠᠰᠣ ᠴᠢᠨᠡᠷ᠎ᠤᠨ ᠦᠨᠡᠯᠡᠯᠳᠡ ᠵᠢᠨ ᠰᠢᠨ᠎ᠡ ᠵᠢ ᠡᠬᠦᠳᠴᠥ᠂ ᠦᠢ᠍ᠯᠡᠳᠪᠦᠷᠢᠯᠡᠭᠴᠢ ᠡᠵᠡᠩᠨᠡᠭᠴᠢ ᠵᠢᠨ ᠭᠤᠤᠯ ᠴᠣᠠᠠᠴᠠ ᠵᠢᠨ ᠬᠠᠷᠢᠭᠤᠴᠠᠯᠭ᠎ᠠ ᠵᠢ ᠴᠢᠩᠭ᠋ᠠᠷᠡᠭᠤᠯᠥᠨ᠂ ᠳᠡᠷᠢᠬᠦᠨ᠎ᠤ ᠶᠠᠰᠣ ᠴᠢᠨᠡᠷ᠎ᠤᠨ ᠬᠠᠮᠢᠶᠡᠷᠦᠯᠳᠡ ᠵᠢᠨ ᠠᠷᠭ᠎ᠠ ᠵᠢ ᠳᠡᠯᠭᠡᠷᠡᠬᠦᠯᠥᠨ᠎ᠠ᠃ ᠠᠵᠤ ᠠᠬᠤᠶ᠋ᠢᠯᠠᠯ᠎ᠤᠨ ᠦᠢ᠍ᠯᠡᠳᠬᠦᠨ ᠬᠢᠭᠡᠳ ᠦᠢ᠍ᠯᠡᠴᠢᠯᠡᠭᠡᠨ᠎ᠤ ᠪᠠᠷᠢᠮᠵᠢᠶ᠎ᠠ ᠵᠢᠨ ᠥᠪᠡᠷᠲᠡᠭᠡᠨ ᠢᠯᠡᠷᠬᠡᠶ᠋ᠢᠯᠡᠵᠦ ᠢᠯᠡ ᠪᠣᠯᠭ᠋ᠠᠬᠤ ᠪᠠ ᠬᠢᠨᠠᠯᠲᠠ ᠲᠠᠯᠪᠢᠬᠤ ᠳᠦᠷᠢᠮ᠎ᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠮᠡᠷᠭᠡᠵᠢᠯ᠎ᠨᠢ ᠲᠡᠷᠢᠭᠦᠨ᠎ᠤ ᠪᠠᠶ᠋ᠢᠬᠤ ᠪᠦᠯᠬᠦᠮ ᠨᠡᠶ᠋ᠢᠲᠡ ᠵᠢᠨ ᠪᠠᠷᠢᠮᠵᠢᠶ᠎ᠠ ᠵᠢ ᠪᠣᠶ᠋ᠢᠵᠢᠭᠤᠯᠤᠨ ᠬᠥᠭᠵᠢᠭᠦᠯᠵᠦ᠂ ᠪᠠᠷᠢᠮᠵᠢᠶᠠᠵᠢᠭᠤᠯᠤᠯᠲᠠ᠎ᠪᠠᠷ ᠶᠠᠰᠤ ᠴᠢᠨᠠᠷ᠎ᠤᠨ ᠬᠦᠴᠦᠷᠬᠡᠭ ᠣᠷᠣᠨ᠎ᠢ ᠪᠠᠢ᠌ᠭᠤᠯᠬᠤ ᠵᠢ ᠠᠬᠢᠭᠤᠯᠤᠨ᠎ᠠ᠃

  2. ᠵᠠᠰᠠᠭ᠎ᠢ ᠴᠣᠮᠬᠠᠳᠬᠠᠨ ᠡᠷᠬᠡ ᠵᠢ ᠳᠣᠷᠣᠭᠰᠢ ᠪᠠᠭᠤᠯᠭ᠋ᠠᠬᠤ ᠵᠢ ᠭᠦᠨᠵᠡᠭᠡᠶ ᠠᠬᠢᠭᠤᠯᠤᠨ᠎ᠠ᠃ ᠦᠢ᠍ᠯᠡᠳᠪᠦᠷᠢ ᠬᠤᠳᠠᠯᠳᠤᠭ᠎ᠠ ᠵᠢᠨ ᠵᠦᠢ᠍ᠯᠡᠰ᠎ᠤᠨ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠠᠵᠤ ᠠᠬᠤᠶ᠋ᠢᠯᠠᠯ᠎ᠤᠨ ᠨᠡᠷᠡᠶ᠋ᠢᠳᠦᠯ᠎ᠢ ᠬᠢᠨᠠᠨ ᠵᠥᠪᠰᠢᠶᠡᠷᠡᠬᠦ᠂ ᠵᠠᠬ᠎ᠠ ᠳᠡᠯᠭᠡᠭᠦᠷ᠎ᠤᠨ ᠭᠤᠣᠯ ᠴᠣᠭᠴᠠ ᠵᠢ ᠪᠤᠴᠠᠭ᠋ᠠᠨ ᠭᠠᠷᠭ᠋ᠠᠬᠤ ᠵᠡᠷᠭᠡ ᠲᠦᠷᠢᠮ᠎ᠳᠤ ᠥᠭᠡᠷᠡᠴᠢᠯᠡᠯᠲᠡ ᠬᠢᠵᠦ᠂ 《ᠦᠨᠡᠮᠯᠡᠯ ᠪᠠ ᠭᠡᠷᠡᠴᠢ ᠵᠢ ᠰᠠᠯᠭ᠋ᠠᠬᠤ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ 《ᠦᠨᠡᠮᠯᠡᠯ ᠠᠪᠤᠭᠰᠠᠨ᠎ᠤ ᠳᠠᠷᠠᠭ᠎ᠠ ᠭᠡᠷᠡᠴᠢ ᠵᠢ ᠬᠠᠰᠤᠬᠤ》 ᠵᠢ ᠠᠬᠢᠭᠤᠯᠵᠤ᠂ ᠠᠵᠤ ᠠᠬᠤᠶ᠋ᠢᠯᠠᠯ᠎ᠤᠨ ᠡᠷᠬᠢᠯᠡᠨ ᠪᠠᠶ᠋ᠢᠭᠤᠯᠬᠤ ᠴᠠᠭ᠎ᠢ ᠪᠠᠭ᠋ᠠᠰᠬᠠᠨ᠎ᠠ᠃ ᠪᠠᠶ᠋ᠢᠴᠠᠭ᠋ᠠᠨ ᠰᠢᠯᠭ᠋ᠠᠬᠤ ᠪᠠᠶ᠋ᠢᠭᠤᠯᠤᠮᠵᠢ ᠵᠢᠨ ᠵᠠᠬ᠎ᠠ ᠳᠡᠯᠭᠡᠭᠦᠷᠴᠢᠯᠡᠬᠦ ᠨᠡᠶ᠋ᠢᠭᠡᠮᠴᠢᠯᠡᠬᠦ ᠥᠭᠡᠷᠡᠴᠢᠯᠡᠯᠲᠡ ᠵᠢ ᠲᠦᠷᠭᠡᠳᠬᠡᠨ᠎ᠡ᠃ ᠠᠳᠠᠯᠢᠳᠬᠠᠨ ᠰᠢᠯᠭ᠋ᠠᠷᠠᠭᠤᠯᠵᠤ ᠪᠠᠷᠢᠮᠵᠢᠶ᠎ᠠ᠎ᠳᠤ ᠬᠦᠷᠭᠡᠬᠦ᠂ ᠮᠠᠭ᠋ᠠᠳᠯᠠᠨ ᠲᠣᠭᠲᠠᠭ᠋ᠠᠵᠤ ᠱᠠᠩᠨᠠᠬᠤ᠂ ᠵᠢᠱ᠌ᠢᠶ᠎ᠡ ᠦᠵᠡᠭᠦᠯᠦᠨ ᠡᠭᠦᠳᠦᠨ ᠪᠠᠶ᠋ᠢᠭᠤᠯᠬᠤ ᠵᠡᠷᠭᠡ ᠠᠵᠢᠯᠯᠠᠭ᠎ᠠ ᠵᠢ ᠤᠯᠠᠮ ᠨᠢᠭᠡ ᠠᠯᠬᠤᠮ ᠪᠠᠭ᠋ᠠᠰᠬᠠᠵᠤ᠂ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠵᠦᠢ᠍ᠯᠡᠰ᠎ᠢ ᠪᠠᠭ᠋ᠠᠰᠬᠠᠨ᠂ ᠠᠵᠤ ᠦᠢ᠍ᠯᠡᠳᠪᠦᠷᠢ ᠵᠢᠨ ᠦᠢ᠍ᠯᠡᠳᠬᠦᠨ᠎ᠤ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ᠎ᠢ ᠶᠡᠭᠡ ᠬᠡᠮᠵᠢᠶ᠎ᠡ᠎ᠪᠠᠷ ᠪᠠᠭ᠋ᠠᠰᠬᠠᠵᠤ᠂ ᠬᠤᠳᠠᠯᠳᠤᠭ᠎ᠠ ᠡᠵᠡᠩᠨᠡᠬᠦ ᠣᠷᠴᠢᠨ᠎ᠤ ᠨᠥᠬᠦᠴᠡᠯ᠎ᠢ ᠰᠢᠯᠢᠳᠡᠭᠵᠢᠭᠦᠯᠬᠦ ᠵᠢ ᠠᠬᠢᠭᠤᠯᠤᠨ᠎ᠠ᠃

  3. ᠠᠮᠤᠷ ᠲᠦᠪᠰᠢᠨ᠎ᠤ ᠬᠤᠷᠢᠭ᠎ᠠ ᠱᠤᠭᠤᠮ᠎ᠢ ᠴᠢᠩᠭ᠎ᠠ ᠰᠠᠬᠢᠨ᠎ᠠ᠃ 《ᠬᠠᠮᠤᠭ᠎ᠤᠨ ᠴᠢᠩᠭ᠎ᠠ ᠪᠠᠷᠢᠮᠵᠢᠶ᠎ᠠ᠂ ᠬᠠᠮᠤᠭ᠎ᠤᠨ ᠴᠢᠩᠭ᠎ᠠ ᠬᠢᠨᠠᠯᠲᠠ ᠬᠠᠮᠢᠶᠠᠷᠤᠯᠲᠠ᠂ ᠬᠠᠮᠤᠭ᠎ᠤᠨ ᠴᠢᠩᠭ᠎ᠠ ᠰᠢᠢ᠍ᠳᠬᠡᠯ᠂ ᠬᠠᠮᠤᠭ᠎ᠤᠨ ᠴᠢᠩᠭ᠎ᠠ ᠬᠠᠷᠢᠭᠤᠴᠠᠯᠭ᠎ᠠ ᠨᠡᠬᠡᠮᠵᠢᠯᠡᠯ》᠎ᠤᠨ ᠱᠠᠭ᠋ᠠᠷᠳᠠᠯᠭ᠎ᠠ ᠵᠢ ᠵᠢᠷᠤᠮᠯᠠᠨ᠂ ᠢᠳᠡᠭᠡᠨ᠎ᠤ ᠠᠮᠤᠷ ᠲᠦᠪᠰᠢᠨ᠂ ᠠᠵᠤ ᠦᠢ᠍ᠯᠡᠳᠪᠦᠷᠢ ᠵᠢᠨ ᠦᠢ᠍ᠯᠡᠳᠬᠦᠨ᠎ᠤ ᠶᠠᠰᠤ ᠴᠢᠨᠠᠷ᠎ᠤᠨ ᠠᠮᠤᠷ ᠲᠦᠪᠰᠢᠨ᠂ ᠣᠨᠴᠠ ᠲᠥᠷᠥᠯ᠎ᠤᠨ ᠲᠣᠨᠤᠭ ᠲᠥᠬᠦᠭᠡᠷᠦᠮᠵᠢ ᠵᠢᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢ ᠬᠠᠤᠯᠢ ᠶᠣᠰᠣᠭ᠋ᠠᠷ ᠴᠢᠩᠭ᠋ᠠᠳᠬᠠᠵᠤ᠂ ᠲᠤᠬᠠᠶ ᠵᠢᠨ ᠲᠠᠯᠠᠪᠤᠷ᠎ᠤᠨ ᠪᠠᠶ᠋ᠢᠴᠠᠭ᠋ᠠᠯᠲᠠ ᠵᠢ ᠴᠢᠩᠭ᠋ᠠᠷᠠᠭᠤᠯᠤᠨ᠂ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠴᠢᠩᠭ᠎ᠠ ᠰᠢᠢ᠍ᠳᠭᠡᠵᠦ᠂ ᠰᠢᠰᠲ᠋ᠧᠮ᠎ᠤᠨ ᠴᠢᠨᠠᠷᠲᠠᠶ ᠲᠦᠭᠰᠢᠭᠦᠷᠢ ᠵᠢ ᠪᠦᠲᠦᠮᠵᠢᠲᠡᠶ ᠰᠡᠷᠭᠡᠶ᠋ᠢᠯᠡᠨ᠂ ᠠᠷᠠᠳ ᠣᠯᠠᠨ᠎ᠢ ᠰᠠᠨᠠᠭ᠎ᠠ ᠠᠮᠤᠷ ᠬᠤᠳᠠᠯᠳᠤᠨ ᠠᠪᠤᠭᠤᠯᠵᠤ᠂ ᠰᠠᠨᠠᠭ᠎ᠠ ᠠᠮᠤᠷ ᠬᠡᠷᠡᠭᠯᠡᠭᠦᠯᠵᠦ᠂ ᠰᠠᠨᠠᠭ᠎ᠠ ᠠᠮᠤᠷ ᠢᠳᠡᠭᠦᠯᠦᠨ᠎ᠡ᠃

  4. ᠠᠵᠢᠯ ᠶᠠᠪᠤᠳᠠᠯ᠎ᠤᠨ ᠳᠤᠮᠳᠠᠬᠢ ᠪᠠ ᠠᠵᠢᠯ ᠶᠠᠪᠤᠳᠠᠯ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠎ᠠ᠃ ᠨᠢᠭᠡᠳᠦᠯᠲᠡᠢ ᠵᠠᠬ᠎ᠠ ᠳᠡᠯᠭᠡᠭᠦᠷ ᠪᠠ ᠭᠤᠣᠯᠴᠢ ᠥᠷᠢᠰᠥᠯᠳᠦᠭᠡᠨ᠎ᠢ ᠬᠠᠷᠰᠢᠯᠠᠬᠤ ᠡᠯ᠎ᠡ ᠵᠦᠢ᠍ᠯ᠎ᠤᠨ ᠲᠣᠭᠲᠠᠭ᠋ᠠᠯ ᠪᠠ ᠠᠷᠭ᠎ᠠ ᠬᠢᠳᠡᠯ᠎ᠢ ᠴᠡᠪᠡᠷᠯᠡᠨ ᠬᠦᠴᠦᠨ ᠦᠭᠡᠢ ᠪᠣᠯᠭ᠋ᠠᠬᠤ ᠵᠢ ᠲᠦᠷᠭᠡᠳᠬᠡᠵᠦ᠂ ᠭᠠᠭᠴᠠᠭ᠋ᠠᠷ ᠡᠵᠡᠮᠰᠢᠯ᠎ᠢ ᠡᠰᠡᠷᠭᠦᠴᠡᠬᠦ᠂ ᠵᠦᠢ ᠪᠤᠰᠤ ᠥᠷᠢᠰᠥᠯᠳᠦᠭᠡᠨ᠎ᠢ ᠡᠰᠡᠷᠭᠦᠴᠡᠬᠦ ᠨᠢᠭᠡᠳᠦᠯᠲᠡᠢ ᠬᠠᠤᠯᠢ ᠬᠡᠷᠡᠭᠵᠢᠭᠦᠯᠦᠯᠲᠡ ᠵᠢ ᠴᠢᠩᠭ᠋ᠠᠳᠬᠠᠨ᠎ᠠ᠃ ᠪᠠᠷᠢᠮᠵᠢᠶ᠎ᠠ᠎ᠪᠠᠷ ᠬᠢᠨᠠᠨ ᠬᠠᠮᠢᠶᠠᠷᠬᠤ ᠵᠢ ᠴᠢᠩᠭ᠋ᠠᠷᠠᠭᠤᠯᠵᠤ᠂ ᠲᠦᠭᠰᠢᠭᠦᠷᠢ ᠵᠢᠨ ᠬᠠᠮᠢᠶᠠᠷᠤᠯᠲᠠ ᠵᠢ ᠴᠢᠩᠭ᠋ᠠᠷᠠᠭᠤᠯᠤᠨ᠂ 《ᠬᠤᠶᠠᠷ᠎ᠢ ᠲᠠᠰᠢᠷᠠᠮ ᠳᠠᠭ᠋ᠠᠤ ᠨᠢᠭᠡ ᠵᠢ ᠢᠯᠡ ᠪᠣᠯᠭ᠋ᠠᠬᠤ》 ᠪᠠ 《ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ》 ᠵᠢ ᠪᠥᠬᠦ ᠲᠠᠯ᠎ᠠ᠎ᠪᠠᠷ ᠬᠡᠷᠡᠭᠵᠢᠭᠦᠯᠵᠦ᠂ ᠬᠢᠨᠠᠯᠲᠠ ᠬᠠᠮᠢᠶᠠᠷᠤᠯᠲᠠ ᠵᠢᠨ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠵᠢ ᠲᠦᠷᠭᠡᠳᠬᠡᠨ ᠠᠬᠢᠭᠤᠯᠵᠤ᠂ ᠮᠡᠳᠡᠭᠡ ᠵᠠᠩᠭᠢ ᠵᠢ ᠢᠯᠡ ᠨᠡᠶ᠋ᠢᠲᠡᠯᠡᠬᠦ᠎ᠪᠠᠷ ᠠᠷᠭ᠎ᠠ ᠪᠠᠷᠢᠯ ᠪᠣᠯᠭ᠋ᠠᠭᠰᠠᠨ᠂ ᠢᠲᠡᠭᠡᠮᠵᠢ ᠵᠢᠨ ᠬᠢᠨᠠᠯᠲᠠ ᠬᠠᠮᠢᠶᠠᠷᠤᠯᠲᠠ᠎ᠪᠠᠷ ᠭᠤᠤᠯ ᠪᠣᠯᠭ᠋ᠠᠭᠰᠠᠨ ᠰᠢᠨ᠎ᠡ ᠬᠡᠯᠪᠡᠷᠢ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠢᠰᠲ᠋ᠧᠮᠵᠢ ᠵᠢ ᠪᠠᠶ᠋ᠢᠭᠤᠯᠤᠨ᠎ᠠ᠃

  5. ᠦᠢ᠍ᠯᠡᠴᠢᠯᠡᠭᠡᠨ᠎ᠤ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠬᠡᠷᠡᠭᠯᠡᠭᠴᠢᠳ᠎ᠤᠨ ᠵᠠᠭ᠋ᠠᠯᠳᠤᠯᠭ᠎ᠠ᠂ ᠶᠠᠰᠤ ᠴᠢᠨᠠᠷ᠎ᠲᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ᠂ ᠢᠳᠡᠭᠡᠨ ᠪᠠ ᠡᠮ᠎ᠤᠨ ᠵᠦᠢ᠍ᠯ᠎ᠤᠨ ᠵᠠᠭ᠋ᠠᠯᠳᠤᠯᠭ᠎ᠠ᠂ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠵᠠᠭ᠋ᠠᠯᠳᠤᠯᠭ᠎ᠠ᠂ ᠦᠨ᠎ᠡ ᠬᠠᠩᠰᠢ ᠵᠢᠨ ᠢᠯᠡᠴᠢᠯᠡᠨ ᠮᠡᠳᠡᠭᠦᠯᠬᠦ ᠲᠤᠰᠬᠠᠶ ᠱᠤᠭᠤᠮ᠎ᠢ ᠡᠮᠬᠢᠯᠡᠨ ᠨᠡᠶ᠋ᠢᠯᠡᠭᠦᠯᠬᠦ ᠵᠢ ᠲᠦᠷᠭᠡᠳᠬᠡᠨ᠎ᠡ᠃ ᠵᠠᠬ᠎ᠠ ᠳᠡᠯᠭᠡᠭᠦᠷ᠎ᠤᠨ ᠭᠤᠤᠯ ᠴᠣᠭᠴᠠ ᠵᠢᠨ ᠵᠥᠪᠰᠢᠶᠡᠷᠡᠨ ᠣᠷᠣᠭᠤᠯᠬᠤ᠎ᠠᠴᠠ ᠤᠬᠤᠷᠢᠨ ᠭᠠᠷᠬᠤ ᠬᠦᠷᠲᠡᠯᠡᠬᠢ ᠪᠥᠬᠦ ᠶᠠᠪᠤᠴᠠ ᠵᠢ ᠳᠥᠭᠦᠮᠴᠢᠯᠡᠬᠦ ᠵᠢ ᠠᠬᠢᠭᠤᠯᠵᠤ᠂ ᠰᠠᠨᠠᠭ᠋ᠠᠴᠢᠯᠠᠭ᠎ᠠ᠎ᠠᠴᠠ᠎ᠪᠠᠨ ᠰᠢᠨ᠎ᠡ ᠮᠡᠷᠭᠡᠵᠢᠯ ᠰᠢᠨ᠎ᠡ ᠠᠵᠤ ᠦᠢ᠍ᠯᠡᠰ ᠰᠢᠨ᠎ᠡ ᠡᠵᠡᠩᠨᠡᠯᠲᠡ ᠵᠢᠨ ᠬᠡᠯᠪᠡᠷᠢ ᠰᠢᠨ᠎ᠡ ᠵᠠᠭᠪᠤᠷ᠎ᠤᠨ ᠬᠥᠭᠵᠢᠯᠲᠡ᠎ᠳᠤ ᠦᠢ᠍ᠯᠡᠴᠢᠯᠡᠵᠦ᠂ ᠲᠣᠮᠣ ᠲᠣᠭ᠎ᠠ ᠪᠠᠷᠢᠮᠲᠠ ᠵᠢ ᠠᠰᠢᠭᠯᠠᠨ ᠵᠠᠬ᠎ᠠ ᠳᠡᠯᠭᠡᠭᠦᠷ᠎ᠤᠨ ᠭᠤᠤᠯ ᠴᠣᠭᠴᠠ᠎ᠳᠠᠬᠢ ᠦᠢ᠍ᠯᠡᠴᠢᠯᠡᠭᠡ ᠵᠢ ᠴᠢᠩᠭ᠋ᠠᠳᠬᠠᠵᠤ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠠᠵᠤ ᠠᠬᠤᠶ᠋ᠢᠯᠠᠯ ᠪᠠ ᠠᠵᠢᠯ ᠶᠠᠪᠤᠳᠠᠯ ᠭᠦᠢ᠍ᠴᠡᠳᠭᠡᠬᠦ ᠣᠯᠠᠨ ᠲᠦᠮᠡᠨ᠎ᠳᠤ ᠢᠳᠡᠪᠬᠢᠲᠡᠶ ᠦᠢ᠍ᠯᠡᠴᠢᠯᠡᠵᠦ᠂ ᠲᠦᠮᠡᠨ ᠣᠯᠠᠨ ᠵᠶ᠋ᠠᠷ ᠵᠶ᠋ᠠᠨ ᠠᠳᠠᠯ ᠦᠢ᠍ᠯᠡᠰ ᠴᠣᠭᠴᠠᠯᠠᠵᠤ᠂ ᠰᠢᠨ᠎ᠡ ᠵᠢ ᠡᠭᠦᠳᠬᠦ ᠵᠢ ᠠᠬᠢᠭᠤᠯᠤᠨ᠎ᠠ᠃

  6. ᠡᠬᠢ ᠪᠠᠶᠠᠯᠢᠭ᠎ᠢ ᠤᠯᠠᠮ ᠨᠢᠭᠡ ᠠᠯᠬᠤᠮ ᠡᠮᠬᠢᠯᠡᠨ ᠨᠡᠶ᠋ᠢᠯᠡᠭᠦᠯᠵᠦ᠂ ᠶᠠᠪᠤᠴᠠ ᠵᠢ ᠰᠢᠯᠢᠳᠡᠭᠵᠢᠭᠦᠯᠦᠨ᠂ ᠮᠡᠳᠡᠭᠡ ᠵᠠᠩᠭᠢᠵᠢᠯᠲᠠ ᠵᠢᠨ ᠠᠷᠭ᠎ᠠ ᠪᠠᠷᠢᠯ᠎ᠢ ᠪᠦᠲᠦᠮᠵᠢᠲᠡᠶ ᠠᠰᠢᠭᠯᠠᠨ᠎ᠠ᠃ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠮᠡᠳᠡᠭᠡ ᠵᠠᠩᠭᠢ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠢ ᠲᠦᠷᠭᠡᠳᠬᠡᠨ ᠪᠠᠶ᠋ᠢᠭᠤᠯᠵᠤ᠂ ᠪᠦᠬᠦ ᠪᠥᠮᠪᠥᠷᠴᠡᠭ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠮᠡᠳᠡᠭᠡ ᠵᠠᠩᠭᠢ ᠵᠢ ᠬᠤᠷᠠᠮᠳᠤᠭᠤᠯᠤᠨ᠂ ᠠᠵᠤ ᠦᠢ᠍ᠯᠡᠰ᠎ᠤᠨ ᠬᠦᠷᠢᠶ᠎ᠡ ᠴᠠᠷᠠᠭ᠎ᠠ᠎ᠪᠠᠷ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠵᠠᠮᠴᠢᠯᠠᠬᠤ ᠵᠢ ᠴᠢᠩᠭ᠋ᠠᠳᠬᠠᠵᠤ᠂ ᠠᠳᠠᠯ ᠦᠢ᠍ᠯᠡᠰ ᠴᠣᠭᠴᠠᠯᠠᠵᠤ ᠰᠢᠨ᠎ᠡ ᠵᠢ ᠡᠭᠦᠳᠬᠦ᠎ᠳᠤ ᠳᠥᠭᠦᠮ ᠳᠥᠲᠡ ᠪᠠᠶ᠋ᠢᠴᠠᠭ᠋ᠠᠨ ᠯᠠᠪᠯᠠᠬᠤ ᠪᠠ ᠠᠰᠠᠭᠤᠨ ᠯᠠᠪᠯᠠᠬᠤ ᠵᠡᠷᠭᠡ ᠦᠢ᠍ᠯᠡᠴᠢᠯᠡᠭᠡ ᠬᠠᠩᠭ᠋ᠠᠵᠤ᠂ ᠮᠡᠳᠡᠭᠡ ᠵᠠᠩᠭᠢ ᠵᠢ ᠦᠨ᠎ᠡ ᠲᠥᠯᠥᠪᠦᠷᠢ ᠦᠭᠡᠢ ᠪᠤᠶᠤ ᠳᠣᠣᠷ᠎ᠠ ᠥᠪᠡᠷ᠎ᠤᠨ ᠥᠷᠲᠡᠭ ᠵᠶ᠋ᠠᠷ ᠨᠡᠭᠡᠭᠡᠬᠦ ᠵᠢ ᠪᠡᠶᠡᠯᠡᠭᠦᠯᠦᠨ᠂ ᠪᠦᠬᠦ ᠨᠡᠶ᠋ᠢᠭᠡᠮ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠪᠠ ᠲᠦᠭᠰᠢᠭᠦᠷᠢ ᠵᠢ ᠰᠡᠷᠭᠡᠶ᠋ᠢᠯᠡᠬᠦ ᠦᠵᠡᠯ ᠤᠬᠠᠮᠰᠠᠷ᠎ᠢ ᠳᠡᠭᠡᠭᠰᠢᠯᠡᠭᠦᠯᠦᠨ᠎ᠡ᠃ ᠲᠠᠸᠠᠷ᠎ᠤᠨ ᠲᠡᠮᠳᠡᠭ᠎ᠢ ᠵᠠᠪᠳᠤᠨ ᠳᠠᠩᠰᠠᠯᠠᠬᠤ᠂ ᠬᠡᠪ᠎ᠤᠨ ᠪᠤᠰᠤ ᠲᠤᠰᠬᠠᠶ ᠠᠰᠢᠭ ᠭᠤᠶᠤᠴᠢᠯᠠᠬᠤ ᠵᠡᠷᠭᠡ ᠦᠢ᠍ᠯᠡ ᠠᠵᠢᠯᠯᠠᠭ᠎ᠠ ᠵᠢᠨ ᠢᠲᠡᠭᠡᠮᠵᠢ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠲᠠᠸᠠᠷ᠎ᠤᠨ ᠲᠡᠮᠳᠡᠭ ᠳᠠᠩᠰᠠᠯᠠᠭᠤᠯᠬᠤ ᠪᠠ ᠲᠤᠰᠬᠠᠶ ᠠᠰᠢᠭ ᠭᠤᠶᠤᠴᠢᠯᠠᠬᠤ ᠦᠢ᠍ᠯᠡ ᠠᠵᠢᠯᠯᠠᠭ᠎ᠠ ᠵᠢ ᠵᠢᠷᠤᠮᠵᠢᠭᠤᠯᠤᠨ᠂ ᠡᠷᠬᠡᠲᠦ ᠬᠥᠮᠦᠨ᠎ᠤ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠨ᠎ᠠ᠃

  (ᠬᠣᠷᠢᠨ ᠬᠣᠶᠠᠷ) ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠵᠢ ᠬᠤᠪᠢᠶᠠᠷᠢᠯᠠᠨ᠎ᠠ᠃

  1. ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠲᠠᠢ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠵᠢ ᠬᠤᠪᠢᠶᠠᠷᠢᠯᠠᠨ᠎ᠠ᠃ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠨᠢ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠲᠠᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠ ᠡᠷᠡᠭᠦᠦ ᠵᠢᠨ ᠬᠡᠷᠡᠭ᠎ᠤᠨ ᠬᠠᠤᠯᠢ ᠴᠠᠭ᠋ᠠᠵᠠ ᠵᠢᠨ ᠠᠵᠢᠯ᠎ᠢ ᠵᠣᠯᠭ᠋ᠠᠭᠤᠯᠬᠤ ᠵᠣᠬᠢᠴᠠᠮᠵᠢ ᠵᠢ ᠪᠠᠶ᠋ᠢᠭᠤᠯᠤᠨ᠎ᠠ᠃ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠬᠠᠤᠯᠢ ᠵᠢ ᠵᠥᠷᠢᠴᠡᠵᠦ ᠶᠠᠯ᠎ᠠ ᠬᠢᠭᠰᠡᠨ ᠰᠡᠵᠢᠭᠯᠡᠯᠲᠡᠶ ᠪᠠᠶ᠋ᠢᠬᠤ ᠵᠢ ᠣᠯᠵᠤ ᠮᠡᠳᠡᠪᠡᠯ᠂ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠳᠤ ᠴᠠᠭ ᠲᠤᠬᠠᠶ᠎ᠳᠤ᠎ᠨᠢ ᠰᠢᠯᠵᠢᠭᠦᠯᠦᠨ ᠬᠦᠷᠭᠡᠬᠦ ᠬᠡᠷᠡᠭᠲᠡᠶ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠦᠳᠲᠡᠷ ᠲᠦᠷᠭᠡᠨ ᠬᠢᠨᠠᠨ ᠪᠠᠶ᠋ᠢᠴᠠᠭ᠋ᠠᠬᠤ ᠵᠢᠨ ᠬᠠᠮᠲᠤ ᠬᠡᠷᠡᠭ ᠪᠣᠯᠭ᠋ᠠᠨ ᠳᠠᠩᠰᠠᠯᠠᠬᠤ ᠪᠤᠶᠤ ᠬᠡᠷᠡᠭ ᠪᠣᠯᠭ᠋ᠠᠨ ᠳᠠᠩᠰᠠᠯᠠᠬᠤ ᠦᠭᠡᠢ ᠲᠣᠭᠲᠠᠭ᠋ᠠᠯ᠎ᠢ ᠬᠠᠤᠯᠢ ᠶᠣᠰᠣᠭ᠋ᠠᠷ ᠭᠠᠷᠭ᠋ᠠᠬᠤ ᠬᠡᠷᠡᠭᠲᠡᠶ᠃ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠨᠢ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠵᠶ᠋ᠠᠷ ᠰᠢᠯᠭ᠋ᠠᠨ ᠪᠠᠶ᠋ᠢᠴᠠᠭ᠋ᠠᠯᠭ᠋ᠠᠬᠤ᠂ ᠰᠢᠯᠭ᠋ᠠᠨ ᠲᠣᠭᠲᠠᠭ᠋ᠠᠯᠭ᠋ᠠᠬᠤ᠂ ᠦᠨᠡᠮᠰᠢᠭᠦᠯᠬᠦ ᠵᠡᠷᠭᠡ ᠲᠠᠯ᠎ᠠ᠎ᠪᠠᠷ ᠬᠠᠮᠵᠢᠭᠤᠯᠬᠤ᠎ᠪᠠᠷ ᠬᠠᠤᠯᠢ ᠶᠣᠰᠣᠭ᠋ᠠᠷ ᠳᠡᠪᠰᠢᠭᠦᠯᠦᠭᠰᠡᠨ ᠪᠠᠶ᠋ᠢᠪᠠᠯ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠬᠠᠮᠵᠢᠯᠴᠠᠬᠤ ᠬᠡᠷᠡᠭᠲᠡᠶ᠃

  2. ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠲᠠᠢ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠵᠢ ᠬᠤᠪᠢᠶᠠᠷᠢᠯᠠᠨ᠎ᠠ᠃

  (1) ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ ᠢᠳᠡᠰᠢᠨ᠎ᠤ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠢ ᠳᠠᠷᠢᠵᠤ ᠲᠡᠵᠢᠭᠡᠨ ᠦᠷᠡᠵᠢᠭᠦᠯᠬᠦ ᠭᠤᠭᠴᠤᠭ᠎ᠠ᠎ᠠᠴᠠ ᠪᠥᠭᠡᠮ ᠵᠶ᠋ᠠᠷ ᠬᠤᠳᠠᠯᠳᠤᠬᠤ᠂ ᠵᠢᠵᠢᠭᠯᠡᠨ ᠬᠤᠳᠠᠯᠳᠤᠬᠤ ᠵᠠᠬ᠎ᠠ ᠳᠡᠯᠭᠡᠭᠦᠷ ᠪᠤᠶᠤ ᠦᠢ᠍ᠯᠡᠳᠪᠦᠷᠢᠯᠡᠵᠦ ᠡᠳ᠋ᠰᠢᠭᠦᠯᠬᠦ ᠠᠵᠤ ᠠᠬᠤᠶ᠋ᠢᠯᠠᠯ᠎ᠳᠤ ᠣᠷᠣᠬᠤ᠎ᠠᠴᠠ ᠡᠮᠦᠨᠡᠬᠢ ᠶᠠᠰᠤ ᠴᠢᠨᠠᠷ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢ ᠬᠠᠷᠢᠭᠤᠴᠠᠨ᠎ᠠ᠃ ᠢᠳᠡᠭᠡᠨ᠎ᠳᠤ ᠬᠡᠷᠡᠭᠯᠡᠬᠦ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠢ ᠪᠥᠭᠡᠮ ᠵᠶ᠋ᠠᠷ ᠬᠤᠳᠠᠯᠳᠤᠬᠤ᠂ ᠵᠢᠵᠢᠭᠯᠡᠨ ᠬᠤᠳᠠᠯᠳᠤᠬᠤ ᠵᠠᠬ᠎ᠠ ᠳᠡᠯᠭᠡᠭᠦᠷ ᠪᠤᠶᠤ ᠦᠢ᠍ᠯᠡᠳᠪᠦᠷᠢᠯᠡᠵᠦ ᠡᠳ᠋ᠰᠢᠭᠦᠯᠬᠦ ᠠᠵᠤ ᠠᠬᠤᠶ᠋ᠢᠯᠠᠯ᠎ᠳᠤ ᠤᠷᠤᠭᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠠᠴᠠ ᠬᠢᠨᠠᠯᠲᠠ ᠲᠠᠯᠪᠢᠵᠤ ᠬᠠᠮᠢᠶᠠᠷᠤᠨ᠎ᠠ᠃

  (2) ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠎ᠨᠢ ᠠᠮᠢᠲᠠᠨ ᠤᠷᠭᠤᠮᠠᠯ᠎ᠤᠨ ᠬᠢᠵᠢᠭ ᠡᠪᠡᠳᠴᠢᠨ᠎ᠢ ᠰᠡᠷᠭᠡᠶ᠋ᠢᠯᠡᠨ ᠬᠢᠵᠠᠭ᠋ᠠᠷᠯᠠᠬᠤ ᠪᠠ ᠮᠠᠯ ᠵᠢᠭᠦᠷᠲᠡᠨ ᠨᠢᠲᠤᠯᠬᠤ ᠭᠣᠭᠴᠣᠭ᠎ᠠ᠂ ᠲᠦᠭᠦᠬᠡᠶ ᠰᠢᠨ᠎ᠡ ᠰᠦ ᠬᠤᠳᠠᠯᠳᠤᠨ ᠠᠪᠬᠤ ᠵᠠᠩᠭᠢᠯᠠᠭ᠎ᠠ ᠵᠢᠨ ᠶᠠᠰᠤ ᠴᠢᠨᠠᠷ᠎ᠤᠨ ᠠᠶᠤᠯᠭᠦᠢ ᠵᠢᠨ ᠬᠢᠨᠠᠯᠲᠠ ᠬᠠᠮᠢᠶᠠᠷᠤᠯᠲᠠ ᠵᠢ ᠬᠠᠷᠢᠭᠤᠴᠠᠨ᠎ᠠ᠃

  (3) ᠬᠣᠶᠠᠷ ᠰᠠᠯᠠᠭ᠎ᠠ ᠮᠥᠴᠢᠷ᠎ᠤᠳ ᠢᠳᠡᠭᠡᠨ᠎ᠢ ᠠᠶᠤᠯᠭᠦᠢ ᠵᠢᠨ ᠭᠠᠷᠤᠯᠲᠠ ᠵᠢᠨ ᠣᠷᠣᠨ᠎ᠠᠴᠠ ᠭᠠᠷᠭ᠋ᠠᠬᠤ ᠵᠢ ᠵᠥᠪᠰᠢᠶᠡᠷᠡᠬᠦ᠂ ᠵᠠᠬ᠎ᠠ ᠳᠡᠯᠭᠡᠭᠦᠷ᠎ᠲᠤ ᠣᠷᠣᠭᠤᠯᠬᠤ ᠵᠢ ᠵᠥᠪᠰᠢᠶᠡᠷᠡᠬᠦ ᠪᠠ ᠨᠡᠬᠡᠮᠵᠢᠯᠡᠬᠦ ᠵᠣᠬᠢᠴᠠᠮᠵᠢ ᠵᠢ ᠪᠠᠶ᠋ᠢᠭᠤᠯᠤᠨ᠂ ᠵᠣᠬᠢᠴᠠᠭᠤᠯᠤᠨ ᠬᠠᠮᠵᠢᠯᠴᠠᠬᠤ ᠪᠠ ᠠᠵᠢᠯ᠎ᠤᠨ ᠵᠣᠯᠭ᠋ᠠᠭᠤᠯᠤᠯᠲᠠ ᠵᠢ ᠴᠢᠩᠭ᠋ᠠᠳᠬᠠᠵᠤ᠂ ᠬᠢᠨᠠᠯᠲᠠ ᠬᠠᠮᠢᠶᠠᠷᠤᠯᠲᠠ ᠵᠢᠨ ᠨᠡᠶ᠋ᠢᠯᠡᠯ ᠬᠦᠴᠦᠨ᠎ᠢ ᠪᠣᠶ ᠪᠣᠯᠭ᠋ᠠᠨ᠎ᠠ᠃

  3. ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠲᠠᠢ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠵᠢ ᠬᠤᠪᠢᠶᠠᠷᠢᠯᠠᠨ᠎ᠠ᠃ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠨᠢ ᠢᠳᠡᠭᠡᠨ᠎ᠤ ᠠᠮᠤᠷ ᠲᠦᠪᠰᠢᠨ᠎ᠤ ᠲᠦᠭᠰᠢᠭᠦᠷᠢ ᠵᠢ ᠦᠨᠡᠯᠡᠨ ᠵᠢᠱ᠌ᠢᠬᠦ ᠠᠵᠢᠯ᠎ᠢ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠢᠳᠡᠭᠡᠨ᠎ᠤ ᠠᠮᠤᠷ ᠲᠦᠪᠰᠢᠨ᠎ᠤ ᠲᠦᠭᠰᠢᠭᠦᠷᠢ ᠵᠢ ᠬᠢᠨᠠᠨ ᠰᠢᠨᠵᠢᠬᠦ ᠲᠥᠯᠥᠪᠯᠡᠭᠡ ᠵᠢ ᠲᠣᠭᠲᠠᠭ᠋ᠠᠨ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠨᠢ ᠢᠳᠡᠭᠡᠨ᠎ᠤ ᠠᠮᠤᠷ ᠲᠦᠪᠰᠢᠨ᠎ᠤ ᠲᠦᠭᠰᠢᠭᠦᠷᠢ ᠵᠢ ᠬᠢᠨᠠᠨ ᠰᠢᠨᠵᠢᠬᠦ ᠪᠤᠶᠤ ᠢᠯᠡᠴᠢᠯᠡᠨ ᠮᠡᠳᠡᠭᠦᠯᠦᠯᠲᠡ ᠵᠢ ᠣᠯᠵᠤ ᠮᠡᠳᠡᠪᠡᠯ ᠢᠳᠡᠭᠡᠨ᠎ᠳᠤ ᠠᠮᠤᠷ ᠲᠦᠪᠰᠢᠨ᠎ᠤ ᠳᠠᠯᠳᠠ ᠭᠡᠮ ᠣᠷᠣᠰᠢᠵᠤ ᠮᠡᠳᠡᠬᠦ ᠵᠢ ᠣᠯᠵᠤ ᠮᠡᠳᠡᠪᠡᠯ᠂ ᠳᠠᠷᠦ᠋ᠢ᠍ᠬᠠᠨ ᠵᠣᠬᠢᠶᠠᠨ ᠪᠠᠶ᠋ᠢᠭᠤᠯᠤᠨ ᠰᠢᠯᠭ᠋ᠠᠨ ᠪᠠᠶ᠋ᠢᠴᠠᠭ᠋ᠠᠬᠤ ᠪᠠ ᠢᠳᠡᠭᠡᠨ᠎ᠤ ᠠᠮᠤᠷ ᠲᠦᠪᠰᠢᠨ᠎ᠤ ᠲᠦᠭᠰᠢᠭᠦᠷᠢ ᠵᠢ ᠦᠨᠡᠯᠡᠨ ᠵᠢᠱ᠌ᠢᠬᠦ ᠵᠢᠨ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠳᠤ ᠢᠳᠡᠭᠡᠨ᠎ᠤ ᠠᠮᠤᠷ ᠲᠦᠪᠰᠢᠨ᠎ᠤ ᠲᠦᠭᠰᠢᠭᠦᠷᠢ ᠵᠢ ᠦᠨᠡᠯᠡᠨ ᠵᠢᠱ᠌ᠢᠭᠰᠡᠨ ᠦᠷ᠎ᠡ ᠳ᠋ᠦᠩ᠎ᠢ ᠴᠠᠭ ᠲᠤᠬᠠᠶ᠎ᠳᠤ᠎ᠨᠢ ᠮᠡᠳᠡᠭᠡᠯᠡᠵᠦ᠂ ᠠᠮᠤᠷ ᠲᠦᠪᠰᠢᠨ᠎ᠤ ᠳ᠋ᠦᠩᠨᠡᠯᠲᠡ ᠭᠠᠷᠭ᠋ᠠᠭᠰᠠᠨ ᠦᠭᠡᠢ ᠢᠳᠡᠭᠡᠨ᠎ᠢ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠳᠠᠷᠦ᠋ᠢ᠍ᠬᠠᠨ ᠠᠷᠭ᠎ᠠ ᠬᠡᠮᠵᠢᠶ᠎ᠡ ᠠᠪᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠬᠢᠨᠠᠯᠲᠠ ᠬᠠᠮᠢᠶᠠᠷᠤᠯᠲᠠ ᠵᠢᠨ ᠠᠵᠢᠯ᠎ᠤᠨ ᠳᠤᠮᠳᠠ᠎ᠪᠠᠨ ᠢᠳᠡᠭᠡᠨ᠎ᠤ ᠠᠮᠤᠷ ᠲᠦᠪᠰᠢᠨ᠎ᠤ ᠲᠦᠭᠰᠢᠭᠦᠷᠢ ᠵᠢᠨ ᠦᠨᠡᠯᠡᠨ ᠵᠢᠱ᠌ᠢᠯᠲᠡ ᠬᠢᠬᠦ ᠴᠢᠬᠤᠯᠠᠲᠠᠶ ᠪᠠᠶ᠋ᠢᠬᠤ ᠵᠢ ᠣᠯᠵᠤ ᠮᠡᠳᠡᠪᠡᠯ᠂ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠳᠤ ᠴᠠᠭ ᠲᠤᠬᠠᠶ᠎ᠳᠤ᠎ᠨᠢ ᠰᠠᠨᠠᠭᠤᠯᠭ᠎ᠠ ᠳᠤᠷᠠᠳᠬᠤ ᠬᠡᠷᠡᠭᠲᠡᠶ᠃

  4. ᠬᠥᠬᠡᠬᠣᠲᠠ ᠪᠣᠭᠣᠮᠲᠠ᠂ ᠮᠠᠨᠵᠤᠤᠷ ᠪᠣᠭᠣᠮᠲᠠ᠎ᠲᠠᠢ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠵᠢ ᠬᠤᠪᠢᠶᠠᠷᠢᠯᠠᠨ᠎ᠠ᠃

  (1) ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠪᠣᠯᠤᠨ ᠬᠥᠬᠡᠬᠣᠲᠠ ᠪᠣᠭᠣᠮᠲᠠ᠂ ᠮᠠᠨᠵᠤᠤᠷ ᠪᠣᠭᠣᠮᠲᠠ᠎ᠨᠤᠭᠤᠳ ᠵᠣᠬᠢᠴᠠᠮᠵᠢ ᠪᠠᠶ᠋ᠢᠭᠤᠯᠤᠨ᠂ ᠭᠠᠳᠠᠭ᠋ᠠᠳᠤ ᠤᠷᠤᠭᠤᠯᠤᠯᠲᠠ ᠭᠠᠷᠭ᠋ᠠᠯᠲᠠ ᠵᠢᠨ ᠡᠯ᠎ᠡ ᠲᠥᠷᠥᠯ᠎ᠤᠨ ᠲᠠᠸᠠᠷ ᠪᠣᠯᠤᠨ ᠭᠠᠳᠠᠭ᠋ᠠᠳᠤ ᠣᠷᠤᠭᠤᠯᠤᠯᠲᠠ ᠭᠠᠷᠭ᠋ᠠᠯᠲᠠ ᠵᠢᠨ ᠢᠳᠡᠭᠡᠨ᠂ ᠭᠤᠶᠤᠯᠠᠯ᠎ᠤᠨ ᠡᠳ᠋᠎ᠢ ᠳᠠᠪᠬᠤᠷᠳᠠᠭᠤᠯᠤᠨ ᠰᠢᠯᠭ᠋ᠠᠨ ᠪᠠᠶ᠋ᠢᠴᠠᠭ᠋ᠠᠬᠤ᠂ ᠳᠠᠪᠬᠤᠷᠳᠠᠭᠤᠯᠤᠨ ᠰᠦᠢ᠍ᠳᠬᠡᠯ ᠬᠤᠷᠢᠶᠠᠬᠤ᠂ ᠳᠠᠪᠬᠤᠷᠳᠠᠭᠤᠯᠤᠨ ᠰᠢᠢ᠍ᠳᠭᠡᠨ ᠲᠣᠷᠭ᠋ᠠᠬᠤ᠎ᠠᠴᠠ ᠵᠠᠶ᠋ᠢᠯᠠᠰᠬᠢᠵᠦ᠂ ᠠᠵᠤ ᠠᠬᠤᠶ᠋ᠢᠯᠠᠯ᠎ᠤᠨ ᠡᠭᠦᠷᠭᠡᠯᠡᠯ᠎ᠢ ᠬᠥᠩᠭᠡᠷᠡᠭᠦᠯᠦᠨ᠎ᠡ᠃

  (2) ᠪᠣᠭᠣᠮᠲᠠ ᠵᠢᠨ ᠰᠠᠯᠠᠭ᠎ᠠ ᠮᠥᠴᠢᠷ᠎ᠤᠳ ᠭᠠᠳᠠᠭ᠋ᠠᠳᠤ᠎ᠠᠴᠠ ᠣᠷᠣᠭᠤᠯᠬᠤ ᠢᠳᠡᠭᠡᠨ᠎ᠤ ᠠᠶᠤᠯᠭᠦᠢ ᠵᠢᠨ ᠬᠢᠨᠠᠯᠲᠠ ᠬᠠᠮᠢᠶᠠᠷᠤᠯᠲᠠ ᠵᠢ ᠬᠠᠷᠢᠭᠤᠴᠠᠨ᠎ᠠ᠃ ᠭᠠᠳᠠᠭ᠋ᠠᠳᠤ᠎ᠠᠴᠠ ᠣᠷᠣᠭᠤᠯᠤᠭᠰᠠᠨ ᠢᠳᠡᠭᠡᠨ ᠵᠢᠴᠢ ᠢᠳᠡᠭᠡᠨ᠎ᠲᠠᠢ ᠬᠣᠯᠪᠣᠭᠳᠠᠬᠤ ᠦᠢ᠍ᠯᠡᠳᠬᠦᠨ᠎ᠨᠢ ᠮᠠᠨ᠎ᠤ ᠤᠯᠤᠰ᠎ᠤᠨ ᠢᠳᠡᠭᠡᠨ᠎ᠤ ᠠᠶᠤᠯᠭᠦᠢ ᠵᠢᠨ ᠤᠯᠤᠰ᠎ᠤᠨ ᠪᠠᠷᠢᠮᠵᠢᠶ᠎ᠠ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ᠃ ᠬᠢᠯᠢ ᠵᠢᠨ ᠭᠠᠳᠠᠨ᠎ᠠ ᠭᠠᠷᠤᠭᠰᠠᠨ ᠢᠳᠡᠭᠡᠨ᠎ᠤ ᠠᠮᠤᠷ ᠲᠦᠪᠰᠢᠨ᠎ᠤ ᠬᠡᠷᠡᠭ᠎ᠨᠢ ᠮᠠᠨ᠎ᠤ ᠤᠯᠤᠰ᠎ᠤᠨ ᠬᠢᠯᠢ ᠵᠢᠨ ᠳᠣᠲᠣᠷ᠎ᠠ ᠨᠥᠯᠥᠭᠡ ᠪᠣᠯᠬᠤ ᠪᠤᠶᠤ ᠡᠰᠡᠬᠦᠯ᠎ᠡ ᠭᠠᠳᠠᠭ᠋ᠠᠳᠤ᠎ᠠᠴᠠ ᠣᠷᠣᠭᠤᠯᠤᠭᠰᠠᠨ ᠢᠳᠡᠭᠡᠨ᠎ᠤ ᠵᠦᠢ᠍ᠯ ᠳᠣᠲᠣᠷ᠎ᠠ᠎ᠠᠴᠠ ᠢᠳᠡᠭᠡᠨ᠎ᠤ ᠠᠮᠤᠷ ᠲᠦᠪᠰᠢᠨ᠎ᠤ ᠬᠦᠨᠳᠦ ᠨᠣᠴᠢᠲᠠᠶ ᠠᠰᠠᠭᠤᠳᠠᠯ᠎ᠢ ᠣᠯᠵᠤ ᠮᠡᠳᠡᠪᠡᠯ᠂ ᠪᠣᠭᠣᠮᠲᠠ ᠵᠢᠨ ᠰᠠᠯᠠᠭ᠎ᠠ ᠮᠥᠴᠢᠷ᠎ᠠᠴᠠ ᠴᠠᠭ ᠲᠤᠬᠠᠶ᠎ᠳᠤ᠎ᠨᠢ ᠲᠦᠭᠰᠢᠭᠦᠷᠢ ᠵᠢ ᠰᠡᠷᠡᠮᠵᠢᠯᠡᠭᠦᠯᠬᠦ ᠪᠤᠶᠤ ᠬᠢᠵᠠᠭ᠋ᠠᠷᠯᠠᠬᠤ ᠠᠷᠭ᠎ᠠ ᠬᠡᠮᠵᠢᠶ᠎ᠡ ᠠᠪᠬᠤ ᠵᠢᠨ ᠬᠠᠮᠲᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠨᠡᠪᠲᠡᠷᠡᠭᠦᠯᠵᠦ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠴᠠᠭ ᠲᠤᠬᠠᠶ᠎ᠳᠤ᠎ᠨᠢ ᠵᠣᠬᠢᠴᠠᠩᠭᠤᠶ ᠪᠦᠬᠦᠢ ᠠᠷᠭ᠎ᠠ ᠬᠡᠮᠵᠢᠶ᠎ᠡ ᠠᠪᠬᠤ ᠬᠡᠷᠡᠭᠲᠡᠶ᠃

  (3) ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠪᠣᠯᠤᠨ ᠬᠥᠬᠡᠬᠣᠲᠠ ᠪᠣᠭᠣᠮᠲᠠ᠂ ᠮᠠᠨᠵᠤᠤᠷ ᠪᠣᠭᠣᠮᠲᠠ᠎ᠨᠤᠭᠤᠳ ᠭᠠᠳᠠᠭ᠋ᠠᠳᠤ᠎ᠠᠴᠠ ᠣᠷᠣᠭᠤᠯᠤᠭᠰᠠᠨ ᠦᠢ᠍ᠯᠡᠳᠬᠦᠨ᠎ᠤ ᠡᠮᠵᠡᠭ᠎ᠲᠠᠢ ᠮᠡᠳᠡᠭᠡ ᠵᠠᠩᠭᠢ ᠵᠢᠨ ᠨᠡᠪᠲᠡᠷᠡᠭᠦᠯᠬᠦ ᠪᠠ ᠬᠠᠮᠵᠢᠯᠴᠠᠬᠤ ᠵᠣᠬᠢᠴᠠᠮᠵᠢ ᠵᠢ ᠪᠠᠶ᠋ᠢᠭᠤᠯᠬᠤ ᠬᠡᠷᠡᠭᠲᠡᠶ᠃ ᠪᠣᠭᠣᠮᠲᠠ ᠵᠢᠨ ᠰᠠᠯᠠᠭ᠎ᠠ ᠮᠥᠴᠢᠷ᠎ᠤᠳ ᠪᠣᠭᠣᠮᠲᠠ ᠵᠢᠨ ᠰᠢᠯᠭ᠋ᠠᠨ ᠪᠠᠶ᠋ᠢᠴᠠᠭ᠋ᠠᠵᠤ ᠬᠢᠨᠠᠨ ᠬᠠᠮᠢᠶᠠᠷᠬᠤ ᠶᠠᠪᠤᠴᠠ᠎ᠳᠤ ᠬᠢᠷᠢ ᠲᠡᠩᠴᠡᠬᠦ ᠦᠭᠡᠶ ᠪᠤᠶᠤ ᠠᠮᠤᠷ ᠲᠦᠪᠰᠢᠨ᠎ᠤ ᠳᠠᠯᠳᠠ ᠭᠡᠮ ᠣᠷᠣᠰᠢᠵᠤ ᠪᠠᠶ᠋ᠢᠭ᠎ᠠ ᠭᠠᠳᠠᠭ᠋ᠠᠳᠤ᠎ᠠᠴᠠ ᠣᠷᠣᠭᠤᠯᠤᠭᠰᠠᠨ ᠦᠢ᠍ᠯᠡᠳᠬᠦᠨ᠎ᠢ ᠣᠯᠵᠤ ᠮᠡᠳᠡᠪᠡᠯ᠂ ᠮᠡᠷᠭᠡᠵᠢᠯ ᠵᠶ᠋ᠠᠷ ᠰᠢᠢ᠍ᠳᠪᠦᠷᠢᠯᠡᠬᠦ᠂ ᠪᠤᠴᠠᠭ᠋ᠠᠨ ᠲᠡᠭᠡᠭᠡᠪᠦᠷᠢᠯᠡᠬᠦ᠂ ᠤᠰᠠᠳᠬᠠᠬᠤ ᠵᠢ ᠬᠠᠤᠯᠢ ᠶᠣᠰᠣᠭ᠋ᠠᠷ ᠬᠡᠷᠡᠭᠵᠢᠭᠦᠯᠬᠦ ᠵᠢᠨ ᠬᠠᠮᠲᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠨᠡᠪᠲᠡᠷᠡᠭᠦᠯᠬᠦ ᠬᠡᠷᠡᠭᠲᠡᠶ᠃ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠵᠡᠷᠡᠮᠳᠡᠭ ᠦᠢ᠍ᠯᠡᠳᠬᠦᠨ᠎ᠢ ᠡᠭᠡᠭᠦᠯᠦᠨ ᠬᠤᠷᠢᠶᠠᠬᠤ ᠠᠵᠢᠯ᠎ᠢ ᠨᠢᠭᠡᠳᠦᠯᠲᠡᠶ ᠬᠠᠮᠢᠶᠠᠷᠴᠤ᠂ ᠬᠡᠷᠡᠭᠯᠡᠭᠴᠢᠳ᠎ᠤᠨ ᠮᠡᠳᠡᠭᠦᠯᠦᠯᠲᠡ᠂ ᠠᠳᠡᠯ᠎ᠤᠨ ᠪᠠᠶ᠋ᠢᠴᠠᠭ᠋ᠠᠯᠲᠠ᠂ ᠭᠡᠮᠲᠦᠯ᠎ᠢ ᠬᠢᠨᠠᠨ ᠬᠡᠮᠵᠢᠬᠦ ᠵᠡᠷᠭᠡ᠎ᠪᠠᠷ ᠳᠠᠮᠵᠢᠭᠤᠯᠤᠨ ᠭᠠᠳᠠᠭ᠋ᠠᠳᠤ᠎ᠠᠴᠠ ᠣᠷᠣᠭᠤᠯᠤᠭᠰᠠᠨ ᠦᠢ᠍ᠯᠡᠳᠬᠦᠨ᠎ᠳᠤ ᠭᠡᠮ ᠰᠣᠭᠤᠭ ᠣᠷᠣᠰᠢᠵᠤ ᠪᠠᠶ᠋ᠢᠬᠤ ᠵᠢ ᠣᠯᠵᠤ ᠮᠡᠳᠡᠪᠡᠯ᠂ ᠡᠭᠡᠭᠦᠯᠦᠨ ᠪᠤᠴᠠᠭ᠋ᠠᠬᠤ ᠠᠷᠭ᠎ᠠ ᠬᠡᠮᠵᠢᠶ᠎ᠡ ᠵᠢ ᠬᠠᠤᠯᠢ ᠶᠣᠰᠣᠭ᠋ᠠᠷ ᠬᠡᠷᠡᠭᠵᠢᠭᠦᠯᠦᠨ᠎ᠡ; ᠡᠭᠡᠭᠦᠯᠦᠨ ᠪᠤᠴᠠᠭ᠋ᠠᠬᠤ ᠡᠭᠦᠷᠭᠡ᠎ᠪᠠᠨ ᠭᠦᠢ᠍ᠴᠡᠳᠬᠡᠬᠦ ᠵᠢ ᠲᠡᠪᠴᠢᠪᠡᠯ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠪᠣᠭᠤᠮᠲᠠ ᠵᠢᠨ ᠰᠠᠯᠠᠭ᠎ᠠ ᠮᠥᠴᠢᠷ᠎ᠲᠤ ᠵᠠᠷᠯᠠᠨ ᠮᠡᠳᠡᠭᠳᠡᠵᠦ᠂ ᠪᠣᠭᠤᠮᠲᠠ ᠵᠢᠨ ᠰᠠᠯᠠᠭ᠎ᠠ ᠮᠥᠴᠢᠷ᠎ᠠᠴᠠ ᠬᠠᠤᠯᠢ ᠶᠣᠰᠣᠭ᠋ᠠᠷ ᠵᠣᠬᠢᠴᠠᠩᠭᠤᠶ ᠠᠷᠭ᠎ᠠ ᠬᠡᠮᠵᠢᠶ᠎ᠡ ᠠᠪᠤᠨ᠎ᠠ᠃

  5. ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠲᠠᠢ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠵᠢ ᠬᠤᠪᠢᠶᠠᠷᠢᠯᠠᠨ᠎ᠠ᠃ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠨᠢ ᠡᠮ᠎ᠤᠨ ᠵᠦᠢ᠍ᠯ᠂ ᠡᠮᠴᠢᠯᠡᠭᠡᠨ᠎ᠤ ᠮᠠᠰᠢᠨ ᠪᠠᠭ᠋ᠠᠵᠢ᠂ ᠭᠤᠶᠤᠯᠠᠯ᠎ᠤᠨ ᠡᠳ᠋ ᠦᠢ᠍ᠯᠡᠳᠪᠦᠷᠢᠯᠡᠬᠦ ᠵᠠᠩᠭᠢᠯᠠᠭ᠎ᠠ ᠵᠢᠨ ᠵᠥᠪᠰᠢᠶᠡᠷᠡᠯ᠂ ᠪᠠᠶ᠋ᠢᠴᠠᠭ᠋ᠠᠬᠤ ᠪᠠ ᠰᠢᠢ᠍ᠳᠭᠡᠨ ᠲᠣᠷᠭ᠋ᠠᠬᠤ᠂ ᠵᠢᠴᠢ ᠡᠮ᠎ᠤᠨ ᠵᠦᠢ᠍ᠯ᠎ᠢ ᠪᠥᠭᠡᠮ ᠵᠶ᠋ᠠᠷ ᠬᠤᠳᠠᠯᠳᠤᠬᠤ ᠵᠥᠪᠰᠢᠶᠡᠷᠡᠯ᠂ ᠵᠢᠵᠢᠭᠯᠡᠨ ᠬᠤᠳᠠᠯᠳᠤᠬᠤ ᠬᠡᠯᠬᠢᠶ᠎ᠡ ᠶᠡᠷᠦᠩᠬᠡᠶ ᠭᠠᠵᠠᠷ᠎ᠤᠨ ᠵᠥᠪᠰᠢᠶᠡᠷᠡᠯ᠂ ᠢᠨᠲ᠋ᠧᠷ ᠰᠦᠯᠵᠢᠶ᠎ᠡ᠎ᠪᠠᠷ ᠪᠣᠷᠣᠯᠠᠭᠤᠯᠬᠤ ᠭᠤᠷᠪᠠᠳᠤᠭ᠋ᠠᠷ ᠡᠲᠡᠭᠡᠳ᠎ᠤᠨ ᠲᠠᠪᠴᠠᠩ᠎ᠤᠨ ᠳᠠᠩᠰᠠᠯᠠᠭᠤᠯᠬᠤ ᠵᠢᠴᠢ ᠪᠠᠶ᠋ᠢᠴᠠᠭ᠋ᠠᠬᠤ ᠪᠠ ᠰᠢᠢ᠍ᠳᠭᠡᠨ ᠲᠣᠷᠭ᠋ᠠᠬᠤ ᠵᠢ ᠬᠠᠷᠢᠭᠤᠴᠠᠨ᠎ᠠ᠃ ᠠᠶ᠋ᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠡᠮ᠎ᠤᠨ ᠵᠦᠢ᠍ᠯ᠎ᠢ ᠵᠢᠵᠢᠭᠯᠡᠨ ᠬᠤᠳᠠᠯᠳᠤᠬᠤ᠂ ᠡᠮᠴᠢᠯᠡᠭᠡᠨ᠎ᠤ ᠮᠠᠰᠢᠨ ᠪᠠᠭ᠋ᠠᠵᠢ ᠡᠵᠡᠩᠨᠡᠬᠦ ᠵᠢ ᠵᠥᠪᠰᠢᠶᠡᠷᠡᠬᠦ᠂ ᠪᠠᠶ᠋ᠢᠴᠠᠭ᠋ᠠᠬᠤ ᠪᠠ ᠰᠢᠢ᠍ᠳᠭᠡᠨ ᠲᠣᠷᠭ᠋ᠠᠬᠤ᠂ ᠵᠢᠴᠢ ᠭᠤᠶᠤᠯᠠᠯ᠎ᠤᠨ ᠡᠳ᠋ ᠡᠵᠡᠩᠨᠡᠬᠦ ᠪᠠ ᠡᠮ᠎ᠤᠨ ᠵᠦᠢ᠍ᠯ᠂ ᠡᠮᠴᠢᠯᠡᠭᠡᠨ᠎ᠤ ᠮᠠᠰᠢᠨ ᠪᠠᠭ᠋ᠠᠵᠢ ᠬᠡᠷᠡᠭᠯᠡᠬᠦ ᠭᠣᠭᠴᠣᠭ᠎ᠠ ᠵᠢᠨ ᠶᠠᠰᠤ ᠴᠢᠨᠠᠷ᠎ᠢ ᠪᠠᠶ᠋ᠢᠴᠠᠭ᠋ᠠᠬᠤ ᠪᠠ ᠰᠢᠢ᠍ᠳᠭᠡᠨ ᠲᠣᠷᠭ᠋ᠠᠬᠤ ᠵᠢ ᠬᠠᠷᠢᠭᠤᠴᠠᠨ᠎ᠠ᠃

  6. ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠲᠠᠢ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠵᠢ ᠬᠤᠪᠢᠶᠠᠷᠢᠯᠠᠨ᠎ᠠ᠃

  (1) ᠥᠪᠡᠷᠲᠡᠭᠡᠨ ᠵᠠᠰᠠᠬᠤ ᠣᠷᠣᠨ᠎ᠤ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠲᠣᠪᠴᠢᠶ᠎ᠠ᠎ᠨᠢ ᠭᠠᠳᠠᠭ᠋ᠠᠳᠤ᠎ᠲᠠᠢ ᠬᠣᠯᠪᠣᠭᠳᠠᠬᠤ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠤᠴᠢᠷ᠎ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠵᠢ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠠᠵᠤ ᠠᠬᠤᠶ ᠠᠷᠠᠯᠵᠢᠶ᠎ᠠ᠎ᠲᠠᠢ ᠬᠤᠯᠪᠣᠭᠳᠠᠬᠤ ᠣᠯᠠᠨ ᠲᠠᠯ᠎ᠠ ᠪᠠ ᠬᠤᠶᠠᠷ ᠲᠠᠯ᠎ᠠ ᠵᠢᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠭᠠᠳᠠᠭ᠋ᠠᠳᠤ ᠬᠡᠯᠡᠯᠴᠡᠭᠡᠷ᠂ ᠬᠤᠶᠠᠷ ᠲᠠᠯ᠎ᠠ ᠵᠢᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠲᠤᠷᠠᠯᠴᠠᠭ᠋ᠠᠨ᠎ᠤ ᠵᠥᠪᠳᠡᠯᠴᠡᠬᠦ ᠵᠣᠬᠢᠴᠠᠮᠵᠢ ᠵᠡᠷᠭᠡ ᠠᠵᠢᠯ᠎ᠢ ᠬᠠᠷᠢᠭᠤᠴᠠᠨ᠎ᠠ᠃

  (2) ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠨᠢ ᠵᠠᠬ᠎ᠠ ᠳᠡᠯᠭᠡᠭᠦᠷ᠎ᠤᠨ ᠦᠨᠡᠨᠴᠢ ᠢᠲᠡᠭᠡᠮᠵᠢ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠤᠨ ᠪᠠᠶ᠋ᠢᠭᠤᠯᠤᠯᠲᠠ ᠵᠡᠷᠭᠡ ᠵᠠᠬ᠎ᠠ ᠳᠡᠯᠭᠡᠭᠦᠷ᠎ᠤᠨ ᠠᠵᠤ ᠠᠬᠤᠶ ᠵᠢᠨ ᠡᠮᠬᠢ ᠳᠢᠭᠯᠢᠮ᠎ᠤᠨ ᠬᠣᠯᠪᠤᠭᠳᠠᠯ ᠪᠦᠬᠦᠢ ᠠᠵᠢᠯ᠎ᠢ ᠲᠦᠷᠦᠭᠦᠯᠡᠨ ᠠᠬᠢᠭᠤᠯᠬᠤ ᠵᠢ ᠬᠠᠷᠢᠭᠤᠴᠠᠨ᠎ᠠ᠃ ᠠᠷᠢᠬᠢᠨ᠎ᠤ ᠵᠦᠢ᠍ᠯ᠎ᠤᠨ ᠭᠦᠢ᠍ᠯᠭᠡᠭᠡᠨ᠎ᠤ ᠬᠥᠭᠵᠢᠯᠲᠡ ᠵᠢᠨ ᠲᠥᠯᠥᠪᠵᠢᠭᠦᠯᠭᠡ ᠪᠣᠯᠤᠨ ᠲᠥᠷᠥ ᠵᠢᠨ ᠪᠣᠳᠣᠯᠭ᠎ᠠ ᠲᠤᠭᠤᠷᠪᠢᠨ ᠲᠣᠭᠲᠠᠭ᠋ᠠᠬᠤ ᠵᠢ ᠬᠠᠷᠢᠭᠤᠴᠠᠨ᠎ᠠ᠃

  (3) ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠡᠵᠡᠩᠨᠡᠭᠴᠢᠳ᠎ᠤᠨ ᠭᠠᠭᠴᠠᠭ᠋ᠠᠷ ᠡᠵᠡᠮᠰᠢᠯ᠎ᠢ ᠡᠰᠡᠷᠭᠦᠴᠡᠬᠦ ᠬᠠᠤᠯᠢ ᠬᠡᠷᠡᠭᠵᠢᠭᠦᠯᠦᠯᠲᠡ ᠵᠢ ᠬᠠᠷᠢᠭᠤᠴᠠᠵᠤ᠂ ᠮᠡᠳᠡᠯᠭᠡ ᠵᠢᠨ ᠥᠮᠴᠢᠯᠡᠯ᠎ᠤᠨ ᠡᠷᠬᠡ᠎ᠳᠤ ᠬᠠᠯᠳᠠᠭᠰᠠᠨ ᠪᠠ ᠬᠠᠭᠤᠷᠮᠠᠭ ᠮᠠᠭᠤ ᠲᠠᠸᠠᠷ ᠦᠢ᠍ᠯᠡᠳᠴᠦ ᠪᠣᠷᠣᠯᠠᠭᠤᠯᠬᠤ ᠠᠵᠢᠯᠯᠠᠭ᠎ᠠ᠎ᠳᠤ ᠴᠣᠬᠢᠯᠲᠠ ᠥᠭᠬᠦ ᠵᠡᠷᠭᠡ ᠠᠵᠢᠯ᠎ᠢ ᠡᠭᠦᠷᠭᠡᠯᠡᠵᠦ᠂ ᠠᠷᠢᠬᠢᠨ᠎ᠤ ᠵᠦᠢ᠍ᠯ᠎ᠤᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠪᠣᠯᠤᠨ ᠠᠷᠢᠬᠢᠨ᠎ᠤ ᠵᠦᠢ᠍ᠯ᠎ᠤᠨ ᠢᠳᠡᠭᠡᠨ᠎ᠤ ᠠᠮᠤᠷ ᠲᠦᠪᠰᠢᠨ᠎ᠢ ᠬᠠᠷᠢᠭᠤᠴᠠᠨ᠎ᠠ᠃

  7. ᠥᠪᠡᠷᠲᠡᠭᠡᠨ ᠵᠠᠰᠠᠬᠤ ᠣᠷᠣᠨ᠎ᠤ ᠬᠡᠪᠯᠡᠯ᠎ᠤᠨ ᠡᠷᠬᠡ ᠵᠢᠨ ᠲᠣᠪᠴᠢᠶ᠎ᠠ᠎ᠲᠠᠢ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠵᠢ ᠬᠤᠪᠢᠶᠠᠷᠢᠯᠠᠨ᠎ᠠ᠃ ᠬᠠᠮᠢᠶ᠎ᠠ ᠪᠦᠬᠦᠢ ᠵᠣᠬᠢᠶᠠᠯ ᠪᠦᠲᠦᠭᠡᠯ᠎ᠤᠨ ᠡᠷᠬᠡ ᠵᠢᠨ ᠬᠠᠮᠢᠶᠠᠷᠤᠯᠲᠠ ᠵᠢᠨ ᠠᠵᠢᠯ᠎ᠢ ᠬᠡᠪᠯᠡᠯ᠎ᠤᠨ ᠡᠷᠬᠡ ᠵᠢᠨ ᠬᠠᠮᠢᠶᠠᠷᠤᠯᠲᠠ ᠵᠢᠨ ᠡᠭᠦᠷᠭᠡ ᠴᠢᠳᠠᠪᠤᠷᠢ ᠵᠢᠨ ᠲᠤᠬᠠᠶ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠲᠣᠭᠲᠠᠭ᠋ᠠᠯ ᠶᠣᠰᠣᠭ᠋ᠠᠷ ᠠᠵᠢᠯ ᠬᠤᠪᠢᠶᠠᠷᠢᠯᠠᠨ ᠬᠡᠷᠡᠭᠵᠢᠭᠦᠯᠦᠨ᠎ᠡ᠃

  

   ᠳᠣᠲᠣᠭ᠋ᠠᠳᠤ ᠵᠢᠨ ᠪᠠᠶ᠋ᠢᠭᠤᠯᠤᠮᠵᠢ᠄

  (ᠨᠢᠭᠡ) ᠠᠯᠪᠠᠨ ᠭᠡᠷ᠃ ᠪᠠᠶ᠋ᠢᠭᠤᠯᠭ᠎ᠠ ᠵᠢᠨ ᠡᠳᠦᠷ ᠲᠤᠲᠤᠮ᠎ᠤᠨ ᠠᠵᠢᠯ᠎ᠢ ᠬᠠᠷᠢᠭᠤᠴᠠᠨ᠎ᠠ᠃ ᠪᠢᠴᠢᠭ ᠮᠠᠲ᠋ᠧᠷᠢᠶᠠᠯ ᠴᠠᠬᠢᠯᠭ᠋ᠠᠨ᠂ ᠮᠡᠳᠡᠭᠡ ᠵᠠᠩᠭᠢ᠂ ᠠᠮᠤᠷ ᠲᠦᠪᠰᠢᠨ᠂ ᠨᠢᠭᠤᠴᠠ ᠵᠢ ᠬᠠᠮᠠᠭ᠋ᠠᠯᠠᠬᠤ᠂ ᠬᠢᠨᠠᠨ ᠪᠠᠶ᠋ᠢᠴᠠᠭ᠋ᠠᠬᠤ᠂ ᠳᠠᠩᠰᠠ ᠡᠪᠬᠡᠮᠡᠯ᠂ ᠵᠠᠬᠢᠳᠠᠯ ᠰᠤᠷᠪᠤᠯᠵᠢᠯᠠᠯ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠵᠡᠷᠭᠡ ᠠᠵᠢᠯ᠎ᠢ ᠡᠭᠦᠷᠭᠡᠯᠡᠨ᠎ᠡ᠃ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠠᠯ᠎ᠠ ᠵᠢᠨ ᠬᠦᠨᠳᠦ ᠶᠡᠭᠡ ᠠᠳᠡᠯ᠎ᠤᠨ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠪᠠ ᠪᠠᠶ᠋ᠢᠴᠠᠭ᠋ᠠᠨ ᠰᠢᠢ᠍ᠳᠪᠦᠷᠢᠯᠡᠬᠦ ᠠᠵᠢᠯ᠎ᠢ ᠵᠣᠬᠢᠶᠠᠨ ᠪᠠᠶ᠋ᠢᠭᠤᠯᠤᠨ ᠵᠣᠬᠢᠴᠠᠭᠤᠯᠤᠨ᠎ᠠ᠃

   ᠬᠠᠷᠢᠯᠴᠠᠬᠤ ᠤᠲᠠᠰᠤ᠄ 0471-3912315

  (ᠬᠤᠶᠠᠷ) ᠶᠡᠷᠦᠩᠬᠡᠢ ᠲᠦᠯᠦᠪᠵᠢᠭᠦᠯᠭᠡ ᠵᠢᠨ ᠭᠠᠵᠠᠷ᠃ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠠᠯ᠎ᠠ᠎ᠪᠠᠷ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠠᠵᠢᠯ᠎ᠢ ᠵᠣᠬᠢᠴᠠᠭᠤᠯᠤᠨ ᠠᠬᠢᠭᠤᠯᠤᠨ᠎ᠠ; ᠬᠣᠯᠪᠤᠭᠳᠠᠯ ᠪᠦᠬᠦᠢ ᠲᠥᠷᠥ ᠵᠢᠨ ᠪᠣᠳᠣᠯᠭ᠎ᠠ ᠵᠢ ᠰᠤᠳᠤᠯᠬᠤ ᠪᠠ ᠶᠡᠷᠦᠩᠬᠡᠶ᠋ᠢᠯᠡᠨ ᠵᠠᠳᠠᠯᠬᠤ ᠵᠢ ᠵᠣᠬᠢᠶᠠᠨ ᠪᠠᠶ᠋ᠢᠭᠤᠯᠤᠨ ᠥᠷᠨᠢᠭᠦᠯᠦᠨ᠎ᠡ; ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠤᠷᠲᠤᠪᠲᠤᠷ ᠪᠠ ᠤᠷᠲᠤ ᠬᠤᠭᠤᠴᠠᠭ᠋ᠠᠨ᠎ᠤ ᠲᠥᠯᠥᠪᠵᠢᠭᠦᠯᠭᠡ ᠵᠢ ᠲᠣᠭᠲᠠᠭ᠋ᠠᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ; ᠴᠢᠬᠤᠯᠠ ᠶᠡᠷᠦᠩᠬᠡᠶ᠋ᠢᠯᠡᠭᠰᠡᠨ ᠴᠢᠨᠠᠷᠲᠠᠶ ᠪᠢᠴᠢᠭ ᠮᠠᠲ᠋ᠧᠷᠢᠶᠠᠯ᠂ ᠡᠬᠡ ᠪᠢᠴᠢᠭ᠎ᠢ ᠲᠤᠭᠤᠷᠪᠢᠬᠤ ᠠᠵᠢᠯ᠎ᠢ ᠡᠭᠦᠷᠭᠡᠯᠡᠨ᠎ᠡ; ᠪᠦᠬᠦ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠤᠭ᠎ᠠ ᠪᠦᠷᠢᠳᠬᠡᠯ᠎ᠤᠨ ᠠᠵᠢᠯ᠎ᠢ ᠡᠭᠦᠷᠭᠡᠯᠡᠬᠦ ᠵᠢᠨ ᠬᠠᠮᠲᠤ ᠵᠢᠯᠣᠭᠤᠳᠤᠨ᠎ᠠ; ᠶᠠᠰᠤ ᠴᠢᠨᠠᠷ᠎ᠤᠨ ᠠᠮᠤᠷ ᠲᠦᠪᠰᠢᠨ᠂ ᠵᠠᠬ᠎ᠠ ᠳᠡᠯᠭᠡᠭᠦᠷ᠎ᠤᠨ ᠡᠮᠬᠢ ᠳᠢᠭᠯᠢᠮ᠂ ᠦᠢ᠍ᠯᠡᠴᠢᠯᠡᠭᠡᠨ᠎ᠤ ᠬᠥᠭᠵᠢᠯᠲᠡ ᠵᠡᠷᠭᠡ ᠭᠤᠤᠯᠳᠠᠯᠭ᠎ᠠ᠎ᠲᠠᠢ ᠡᠭᠦᠷᠭᠡ ᠵᠢ ᠰᠢᠯᠭ᠋ᠠᠨ ᠬᠢᠨᠠᠬᠤ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠦᠨ᠎ᠡ᠃

   ᠬᠠᠷᠢᠯᠴᠠᠬᠤ ᠤᠲᠠᠰᠤ᠄ 0471-4505865

  (ᠭᠤᠷᠪᠠ) ᠰᠤᠨᠢᠨ ᠮᠡᠳᠡᠭᠡᠨ᠎ᠤ ᠤᠬᠠᠭ᠍ᠤᠯᠭ᠎ᠠ ᠵᠢᠨ ᠭᠠᠵᠠᠷ᠃ ᠪᠦᠬᠦ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠮᠡᠳᠡᠭᠡ ᠵᠠᠩᠭᠢ ᠵᠢ ᠨᠡᠶ᠋ᠢᠲᠡᠯᠡᠬᠦ ᠳᠦᠷᠢᠮ᠎ᠢ ᠲᠣᠭᠲᠠᠭ᠋ᠠᠵᠤ᠂ ᠰᠣᠨᠢᠨ ᠮᠡᠳᠡᠭᠡᠨ᠎ᠤ ᠤᠬᠠᠭᠤᠯᠭ᠎ᠠ᠂ ᠰᠣᠨᠢᠨ ᠮᠡᠳᠡᠭᠡ ᠨᠡᠶ᠋ᠢᠲᠡᠯᠡᠬᠦ ᠬᠠᠮᠢᠶᠠᠷᠤᠯᠲᠠ ᠵᠢᠨ ᠠᠵᠢᠯ᠎ᠢ ᠡᠭᠦᠷᠭᠡᠯᠡᠨ᠎ᠡ; ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠠᠷᠢᠶ᠎ᠠ ᠬᠡᠯᠡᠯᠴᠡᠭᠡᠨ᠎ᠤ ᠪᠠᠶ᠋ᠢᠳᠠᠯ᠎ᠢ ᠬᠢᠨᠠᠨ ᠬᠡᠮᠵᠢᠬᠦ᠂ ᠵᠠᠳᠠᠯᠬᠤ ᠪᠠ ᠵᠣᠬᠢᠴᠠᠭᠤᠯᠤᠨ ᠰᠢᠢ᠍ᠳᠪᠦᠷᠢᠯᠡᠬᠦ ᠠᠵᠢᠯ᠎ᠢ ᠵᠢᠯᠣᠭᠤᠳᠤᠨ᠎ᠠ; ᠴᠢᠬᠤᠯᠠ ᠶᠡᠭᠡ ᠤᠬᠠᠭᠤᠯᠭ᠎ᠠ ᠵᠢᠨ ᠠᠵᠢᠯᠯᠠᠭ᠎ᠠ ᠵᠢ ᠵᠣᠬᠢᠴᠠᠭᠤᠯᠤᠨ ᠵᠣᠬᠢᠶᠠᠨ ᠪᠠᠶ᠋ᠢᠭᠤᠯᠤᠨ᠎ᠠ; ᠦᠵᠡᠯ ᠤᠬᠠᠮᠰᠠᠷ᠎ᠤᠨ ᠬᠡᠯᠪᠡᠷᠢ ᠵᠢᠨ ᠵᠢᠭᠰᠠᠭ᠋ᠠᠯ᠎ᠤᠨ ᠭᠠᠵᠠᠷ᠎ᠤᠨ ᠪᠠᠶ᠋ᠢᠭᠤᠯᠤᠯᠲᠠ᠂ ᠬᠣᠯᠪᠤᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠣᠯᠤᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠤᠬᠠᠭᠤᠯᠬᠤ ᠵᠢ ᠬᠠᠷᠢᠭᠤᠴᠠᠵᠤ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠦᠷᠢᠶᠡᠨ᠎ᠳᠠᠬᠢ ᠶᠠᠷᠢᠶ᠎ᠠ ᠬᠡᠯᠡᠯᠴᠡᠭᠡᠨ᠎ᠤ ᠪᠠᠶ᠋ᠢᠳᠠᠯ᠎ᠢ ᠬᠥᠲᠥᠯᠥᠨ ᠵᠢᠯᠣᠭᠤᠳᠬᠤ ᠪᠠ ᠭᠡᠨᠡᠳᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠠᠵᠢᠯ᠎ᠢ ᠥᠷᠨᠢᠭᠦᠯᠦᠨ᠎ᠡ᠃

   ᠬᠠᠷᠢᠯᠴᠠᠬᠤ ᠤᠲᠠᠰᠤ᠄ 0471-6628352

  (ᠲᠦᠷᠪᠡ) ᠬᠠᠤᠯᠢ ᠲᠣᠭᠲᠠᠭ᠋ᠠᠯ᠎ᠤᠨ ᠭᠠᠵᠠᠷ᠃ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠠᠮᠢᠶ᠎ᠠ ᠪᠦᠬᠦᠢ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠤᠨ ᠲᠥᠰᠦᠯ᠎ᠢ ᠵᠣᠬᠢᠶᠠᠨ ᠪᠠᠶ᠋ᠢᠭᠤᠯᠤᠨ ᠲᠤᠭᠤᠷᠪᠢᠨ ᠲᠣᠭᠲᠠᠭ᠋ᠠᠨ᠎ᠠ᠃ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠬᠠᠤᠯᠢ ᠶᠣᠰᠣᠴᠢ ᠴᠢᠨᠠᠷ᠎ᠢ ᠬᠢᠨᠠᠨ ᠪᠠᠶ᠋ᠢᠴᠠᠭ᠋ᠠᠬᠤ ᠠᠵᠢᠯ᠎ᠢ ᠡᠭᠦᠷᠭᠡᠯᠡᠨ᠎ᠡ᠃ ᠬᠠᠤᠯᠢ ᠲᠣᠭᠲᠠᠭ᠋ᠠᠯ ᠶᠣᠰᠣᠭ᠋ᠠᠷ ᠬᠠᠤᠯᠢ ᠬᠡᠷᠡᠭᠵᠢᠭᠦᠯᠬᠦ ᠳᠡᠰ ᠳᠠᠷᠠᠭ᠋ᠠᠯᠠᠯ᠎ᠢ ᠵᠢᠷᠤᠭᠯᠠᠨ ᠲᠥᠯᠥᠪᠯᠡᠬᠦ᠂ ᠴᠢᠯᠥᠭᠡᠲᠦ ᠲᠠᠰᠤᠯᠤᠯᠲᠠ ᠵᠢᠨ ᠡᠷᠬᠡ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠭᠰᠡᠨ ᠬᠡᠷᠡᠭ᠎ᠢ ᠬᠢᠨᠠᠨ ᠪᠠᠶ᠋ᠢᠴᠠᠭ᠋ᠠᠬᠤ ᠪᠠ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠠᠵᠢᠯ᠎ᠢ ᠡᠭᠦᠷᠭᠡᠯᠡᠨ᠎ᠡ᠃ ᠬᠣᠯᠪᠤᠭᠳᠠᠯ ᠪᠦᠬᠦᠢ ᠭᠡᠷᠡᠴᠢᠯᠡᠭᠡ ᠰᠣᠨᠣᠰᠬᠤ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠬᠠᠮᠢᠶ᠎ᠠ ᠪᠦᠬᠦᠢ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ᠂ ᠵᠠᠰᠠᠭ ᠵᠠᠬᠢᠷᠭ᠋ᠠᠨ᠎ᠤ ᠵᠠᠷᠭᠤ ᠬᠦᠯᠢᠶᠡᠬᠦ᠂ ᠵᠠᠰᠠᠭ ᠵᠠᠬᠢᠷᠭ᠋ᠠᠨ᠎ᠤ ᠲᠥᠯᠥᠪᠦᠷᠢ ᠥᠭᠬᠦ ᠠᠵᠢᠯ᠎ᠢ ᠡᠭᠦᠷᠭᠡᠯᠡᠬᠦ ᠪᠤᠶᠤ ᠲᠡᠭᠦᠨ᠎ᠳᠤ ᠣᠷᠣᠯᠴᠠᠨ᠎ᠠ᠃ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠤᠨ ᠠᠵᠢᠯ᠎ᠢ ᠵᠣᠬᠢᠶᠠᠨ ᠪᠠᠶ᠋ᠢᠭᠤᠯᠵᠤ ᠥᠷᠨᠢᠭᠦᠯᠦᠨ᠎ᠡ᠃

   ᠬᠠᠷᠢᠯᠴᠠᠬᠤ ᠤᠲᠠᠰᠤ᠄ 0471-6628278

  (ᠲᠠᠪᠤ) ᠬᠠᠤᠯᠢ ᠬᠡᠷᠡᠭᠵᠢᠭᠦᠯᠦᠭᠰᠡᠨ ᠪᠠᠶ᠋ᠢᠳᠠᠯ᠎ᠢ ᠪᠠᠶ᠋ᠢᠴᠠᠭ᠋ᠠᠬᠤ ᠲᠣᠪᠴᠢᠶ᠎ᠠ᠃ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ᠋ᠢᠯᠡᠭᠰᠡᠨ ᠬᠠᠤᠯᠢ ᠬᠡᠷᠡᠭᠵᠢᠭᠦᠯᠦᠯᠲᠡ ᠵᠢᠴᠢ ᠮᠥᠷᠳᠡᠨ ᠪᠠᠶ᠋ᠢᠴᠠᠭ᠋ᠠᠵᠤ ᠬᠡᠷᠡᠭ ᠰᠢᠢ᠍ᠳᠪᠦᠷᠢᠯᠡᠬᠦ ᠳᠦᠷᠢᠮ ᠠᠷᠭ᠎ᠠ ᠬᠡᠮᠵᠢᠶ᠎ᠡ ᠵᠢ ᠲᠤᠭᠤᠷᠪᠢᠨ ᠲᠣᠭᠲᠠᠭ᠋ᠠᠬᠤ ᠵᠢᠨ ᠬᠠᠮᠲᠤ ᠵᠣᠬᠢᠶᠠᠨ ᠪᠠᠶ᠋ᠢᠭᠤᠯᠵᠤ ᠬᠡᠷᠡᠭᠵᠢᠭᠦᠯᠦᠨ᠎ᠡ᠃ ᠵᠠᠬ᠎ᠠ ᠳᠡᠯᠭᠡᠭᠦᠷ᠎ᠤᠨ ᠭᠤᠣᠯ ᠴᠣᠭᠴᠠ ᠵᠢᠨ ᠵᠥᠪᠰᠢᠶᠡᠷᠡᠨ ᠣᠷᠣᠭᠤᠯᠬᠤ᠂ ᠦᠢ᠍ᠯᠡᠳᠪᠦᠷᠢᠯᠡᠬᠦ᠂ ᠡᠵᠡᠩᠨᠡᠬᠦ᠂ ᠠᠷᠠᠯᠵᠢᠶᠠᠯᠠᠬᠤ ᠳᠤᠮᠳᠠᠬᠢ ᠬᠠᠮᠢᠶ᠎ᠠ ᠪᠦᠬᠦᠢ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠪᠠᠶ᠋ᠢᠴᠠᠭ᠋ᠠᠨ ᠰᠢᠢ᠍ᠳᠪᠦᠷᠢᠯᠡᠬᠦ ᠪᠠ ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠬᠦ ᠠᠵᠢᠯ᠎ᠢ ᠵᠢᠯᠣᠭᠤᠳᠤᠨ᠎ᠠ᠃ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠪᠠᠶ᠋ᠢᠴᠠᠭ᠋ᠠᠨ ᠰᠢᠢ᠍ᠳᠪᠦᠷᠢᠯᠡᠨ᠎ᠡ᠃ ᠪᠦᠬᠦ ᠣᠷᠣᠨ᠎ᠤ ᠴᠢᠨᠠᠷᠲᠠᠶ ᠨᠥᠯᠥᠭᠡ ᠪᠦᠬᠦᠢ ᠪᠤᠶᠤ ᠠᠶ᠋ᠢᠮᠠᠭ ᠬᠤᠲᠠ ᠠᠯᠤᠰᠯᠠᠭᠰᠠᠨ ᠲᠣᠮᠣ ᠬᠡᠷᠡᠭ ᠴᠢᠬᠤᠯᠠ ᠬᠡᠷᠡᠭ᠎ᠢ ᠵᠣᠬᠢᠶᠠᠨ ᠪᠠᠶ᠋ᠢᠭᠤᠯᠤᠨ ᠪᠠᠶ᠋ᠢᠴᠠᠭ᠋ᠠᠨ ᠰᠢᠢ᠍ᠳᠪᠦᠷᠢᠯᠡᠬᠦ᠂ ᠬᠢᠨᠠᠨ ᠪᠠᠶ᠋ᠢᠴᠠᠭ᠋ᠠᠵᠤ ᠰᠢᠮᠳᠠᠭᠤᠯᠤᠨ ᠭᠦᠢ᠍ᠴᠡᠳᠬᠡᠯᠭᠡᠬᠦ ᠠᠵᠢᠯ᠎ᠢ ᠡᠭᠦᠷᠭᠡᠯᠡᠨ᠎ᠡ᠃ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ᠋ᠢᠯᠡᠭᠰᠡᠨ ᠬᠠᠤᠯᠢ ᠬᠡᠷᠡᠭᠵᠢᠭᠦᠯᠬᠦ ᠠᠵᠢᠯ᠎ᠢ ᠵᠢᠯᠣᠭᠤᠳᠤᠨ᠎ᠠ᠃

   ᠬᠡᠷᠡᠭᠯᠡᠭᠴᠢᠳ᠎ᠤᠨ ᠡᠷᠬᠡ ᠠᠰᠢᠭ᠎ᠢ ᠬᠠᠮᠠᠭ᠋ᠠᠯᠠᠬᠤ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠤᠨ ᠲᠥᠰᠦᠯ᠎ᠢ ᠰᠤᠳᠤᠯᠤᠨ ᠲᠣᠭᠲᠠᠭ᠋ᠠᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃ ᠬᠠᠮᠢᠶ᠎ᠠ ᠪᠦᠬᠦᠢ ᠦᠢ᠍ᠯᠡᠴᠢᠯᠡᠭᠡᠨ᠎ᠤ ᠬᠦᠷᠢᠶᠡᠨ᠎ᠤ ᠡᠵᠡᠩᠨᠡᠯᠲᠡ ᠵᠢᠨ ᠠᠵᠢᠯᠯᠠᠭ᠎ᠠ ᠵᠢ ᠵᠢᠷᠤᠮᠵᠢᠭᠤᠯᠬᠤ ᠪᠠ ᠬᠢᠨᠠᠯᠲᠠ ᠲᠠᠯᠪᠢᠵᠤ ᠪᠠᠶ᠋ᠢᠴᠠᠭ᠋ᠠᠬᠤ ᠠᠵᠢᠯ᠎ᠢ ᠵᠣᠬᠢᠶᠠᠨ ᠪᠠᠶ᠋ᠢᠭᠤᠯᠤᠨ ᠵᠢᠯᠣᠭᠤᠳᠤᠨ᠎ᠠ᠃ ᠬᠡᠷᠡᠭᠯᠡᠭᠴᠢᠳ᠎ᠤᠨ ᠠᠰᠠᠭᠤᠨ ᠯᠠᠪᠯᠠᠬᠤ᠂ ᠵᠠᠭ᠋ᠠᠯᠳᠤᠬᠤ᠂ ᠢᠯᠡᠴᠢᠯᠡᠨ ᠮᠡᠳᠡᠭᠦᠯᠬᠦ ᠵᠢ ᠭᠥᠯᠢᠶᠡᠨ ᠠᠪᠴᠤ ᠰᠢᠢ᠍ᠳᠪᠦᠷᠢᠯᠡᠬᠦ ᠪᠠ ᠰᠦᠯᠵᠢᠶᠡᠨ᠎ᠤ ᠰᠢᠰᠲᠸᠮᠵᠢ ᠵᠢᠨ ᠪᠠᠶ᠋ᠢᠭᠤᠯᠤᠯᠲᠠ ᠵᠢ ᠵᠢᠯᠣᠭᠤᠳᠤᠨ᠎ᠠ᠃ ᠬᠡᠷᠡᠭᠯᠡᠭᠡᠨ᠎ᠤ ᠣᠷᠴᠢᠨ ᠲᠣᠭᠤᠷᠢᠨ᠎ᠤ ᠪᠦᠲᠦᠭᠡᠨ ᠪᠠᠶ᠋ᠢᠭᠤᠯᠤᠯᠲᠠ ᠪᠠ ᠬᠡᠷᠡᠭᠯᠡᠭᠡᠨ᠎ᠤ ᠣᠷᠴᠢᠨ ᠲᠣᠭᠤᠷᠢᠨ᠎ᠤ ᠦᠨᠡᠯᠡᠯᠲᠡ ᠵᠢᠨ ᠠᠵᠢᠯ᠎ᠢ ᠵᠢᠯᠣᠭᠤᠳᠤᠨ᠎ᠠ᠃ ᠬᠡᠷᠡᠭᠯᠡᠭᠴᠢᠳ᠎ᠤᠨ ᠡᠷᠬᠡ ᠠᠰᠢᠭ᠎ᠤᠨ ᠵᠠᠰᠠᠭ ᠵᠠᠬᠢᠷᠭ᠋ᠠᠨ᠎ᠤ ᠬᠠᠮᠠᠭ᠋ᠠᠯᠠᠯᠲᠠ ᠵᠢᠨ ᠠᠵᠢᠯ᠎ᠢ ᠨᠢᠭᠡᠳᠦᠯᠲᠡᠶ ᠲᠥᠯᠥᠪᠯᠡᠨ ᠵᠣᠬᠢᠴᠠᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠬᠡᠷᠡᠭᠯᠡᠭᠴᠢᠳ᠎ᠤᠨ ᠨᠡᠶ᠋ᠢᠭᠡᠮᠯᠢᠭ᠎ᠤᠨ ᠠᠵᠢᠯ᠎ᠢ ᠵᠢᠯᠣᠭᠤᠳᠤᠨ᠎ᠠ᠃

   ᠬᠠᠷᠢᠯᠴᠠᠬᠤ ᠤᠲᠠᠰᠤ᠄ 0471-4934053

  (ᠵᠢᠷᠭᠤᠭ᠎ᠠ) ᠪᠦᠷᠢᠳᠭᠡᠨ ᠳᠠᠩᠰᠠᠯᠠᠬᠤ ᠲᠣᠪᠴᠢᠶ᠎ᠠ (ᠵᠢᠵᠢᠭ ᠪᠢᠴᠢᠯ ᠠᠵᠤ ᠠᠬᠤᠶ᠋ᠢᠯᠠᠯ᠎ᠤᠨ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠲᠤᠰᠬᠠᠶ ᠵᠠᠬ᠎ᠠ ᠳᠡᠯᠭᠡᠭᠦᠷ᠎ᠤᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠠᠯᠪᠠᠨ ᠭᠡᠷ)᠃ ᠵᠠᠬ᠎ᠠ ᠳᠡᠯᠭᠡᠭᠦᠷ᠎ᠤᠨ ᠭᠤᠤᠯ ᠴᠣᠭᠴᠠ ᠵᠢ ᠨᠢᠭᠡᠳᠦᠯᠲᠡᠶ ᠪᠦᠷᠢᠳᠭᠡᠨ ᠳᠠᠩᠰᠠᠯᠠᠬᠤ ᠪᠠ ᠡᠵᠡᠩᠨᠡᠯᠲᠡ ᠵᠢᠨ ᠦᠨᠡᠮᠯᠡᠯ᠎ᠢ ᠬᠢᠨᠠᠨ ᠣᠯᠭᠤᠬᠤ ᠳᠦᠷᠢᠮ ᠠᠷᠭ᠎ᠠ ᠬᠡᠮᠵᠢᠶ᠎ᠡ ᠵᠢ ᠲᠤᠭᠤᠷᠪᠢᠨ ᠲᠣᠭᠲᠠᠭ᠋ᠠᠬᠤ ᠵᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠪᠦᠷᠢᠳᠬᠡᠨ ᠳᠠᠩᠰᠠᠯᠠᠬᠤ ᠪᠦᠬᠦ ᠶᠠᠪᠤᠴᠠ ᠵᠢᠨ ᠡᠯᠸᠺᠲᠷᠣᠨᠴᠢᠯᠠᠬᠤ ᠠᠵᠢᠯ᠎ᠢ ᠵᠢᠯᠣᠭᠤᠳᠬᠤ ᠵᠢ ᠡᠭᠦᠷᠭᠡᠯᠡᠨ᠎ᠡ᠃ ᠪᠦᠷᠢᠳᠬᠡᠨ ᠳᠠᠩᠰᠠᠯᠠᠭᠤᠯᠤᠭᠰᠠᠨ ᠮᠡᠳᠡᠭᠡ ᠵᠠᠩᠭᠢ ᠵᠢ ᠵᠠᠳᠠᠯᠤᠨ ᠢᠯᠡ ᠪᠣᠯᠭ᠋ᠠᠬᠤ ᠠᠵᠢᠯ᠎ᠢ ᠡᠭᠦᠷᠭᠡᠯᠡᠨ᠎ᠡ᠃ ᠠᠵᠤ ᠠᠬᠤᠶ᠋ᠢᠯᠠᠯ᠎ᠳᠤ ᠬᠤᠯᠪᠣᠭᠳᠠᠬᠤ ᠮᠡᠳᠡᠭᠡ ᠵᠠᠩᠭᠢ ᠵᠢ ᠪᠠᠶ᠋ᠢᠴᠠᠭ᠋ᠠᠨ ᠯᠠᠪᠯᠠᠬᠤ ᠦᠢ᠍ᠯᠡᠴᠢᠯᠡᠭᠡ ᠬᠠᠩᠭ᠋ᠠᠨ᠎ᠠ᠃ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠠᠯ᠎ᠠ ᠵᠢᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠭᠤᠶᠤᠴᠢᠯᠠᠯ᠎ᠢ ᠭᠥᠯᠢᠶᠡᠨ ᠠᠪᠴᠤ ᠰᠢᠢ᠍ᠳᠪᠦᠷᠢᠯᠡᠬᠦ᠂ ᠬᠤᠪᠢᠶᠠᠨ ᠥᠭᠬᠦ ᠵᠢᠴᠢ ᠦᠨᠡᠮᠯᠡᠯ ᠠᠪᠬᠤ ᠠᠵᠢᠯ᠎ᠢ ᠵᠢᠯᠣᠭᠤᠳᠤᠨ᠎ᠠ᠃ ᠬᠤᠪᠢ ᠵᠢᠨ ᠪᠠ ᠬᠤᠪᠢ ᠵᠢᠨ ᠡᠵᠡᠩᠨᠡᠯᠲᠡ ᠵᠢᠨ ᠠᠵᠤ ᠠᠬᠤᠶ ᠵᠢᠨ ᠬᠥᠭᠵᠢᠯᠲᠡ ᠵᠢ ᠲᠡᠳᠬᠦᠵᠦ᠂ ᠵᠢᠵᠢᠭ ᠪᠢᠴᠢᠯ ᠠᠵᠤ ᠠᠬᠤᠶ᠋ᠢᠯᠠᠯ᠎ᠤᠨ ᠨᠡᠷᠡᠰ᠎ᠤᠨ ᠵᠢᠭᠰᠠᠭ᠋ᠠᠯᠲᠠ ᠵᠢ ᠪᠠᠶ᠋ᠢᠭᠤᠯᠤᠨ ᠲᠡᠭᠦᠯᠳᠡᠷᠵᠢᠭᠦᠯᠬᠦ ᠠᠵᠢᠯ᠎ᠢ ᠡᠭᠦᠷᠭᠡᠯᠡᠨ᠎ᠡ᠃ ᠨᠠᠮ᠎ᠤᠨ ᠬᠣᠷᠢᠶ᠎ᠠ ᠵᠢᠨ ᠵᠣᠬᠢᠶᠠᠨ ᠪᠠᠶ᠋ᠢᠭᠤᠯᠬᠤ ᠰᠠᠯᠠᠭ᠎ᠠ ᠮᠥᠴᠢᠷ᠎ᠲᠠᠢ ᠬᠠᠮᠵᠢᠯᠴᠠᠨ ᠵᠢᠵᠢᠭ ᠪᠢᠴᠢᠯ ᠠᠵᠤ ᠠᠬᠤᠶ᠋ᠢᠯᠠᠯ᠂ ᠬᠤᠪᠢ ᠵᠢᠨ ᠠᠵᠤ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ᠂ ᠲᠤᠰᠬᠠᠶ ᠵᠠᠬ᠎ᠠ ᠳᠡᠯᠭᠡᠭᠦᠷ᠎ᠤᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠢ ᠥᠷᠨᠢᠭᠦᠯᠦᠨ᠎ᠡ᠃ ᠨᠡᠶ᠋ᠢᠲᠡ ᠵᠢᠨ ᠥᠮᠴᠢᠯᠡᠯ᠎ᠤᠨ ᠪᠤᠰᠤ ᠠᠵᠤ ᠠᠬᠤᠶ ᠵᠢᠨ ᠵᠣᠬᠢᠶᠠᠨ ᠪᠠᠶ᠋ᠢᠭᠤᠯᠤᠯᠲᠠ ᠵᠢᠨ ᠡᠪᠯᠡᠯ᠎ᠤᠨ ᠪᠠᠶ᠋ᠢᠭᠤᠯᠤᠯᠲᠠ ᠵᠢᠨ ᠠᠵᠢᠯ᠎ᠢ ᠵᠢᠯᠣᠭᠤᠳᠤᠨ᠎ᠠ᠃

   ᠬᠠᠷᠢᠯᠴᠠᠬᠤ ᠤᠲᠠᠰᠤ᠄ 0471- 6628523

  (ᠳᠣᠯᠣᠭ᠎ᠠ) ᠢᠲᠡᠭᠡᠮᠵᠢ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠃ ᠢᠲᠡᠭᠡᠮᠵᠢ ᠵᠢᠨ ᠬᠢᠨᠠᠯᠲᠠ ᠬᠠᠮᠢᠶᠠᠷᠤᠯᠲᠠ ᠵᠢᠨ ᠳᠦᠷᠢᠮ ᠪᠠ ᠠᠷᠭ᠎ᠠ ᠬᠡᠮᠵᠢᠶ᠎ᠡ ᠵᠢ ᠲᠤᠭᠤᠷᠪᠢᠨ ᠲᠣᠭᠲᠠᠭ᠋ᠠᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃ ᠵᠠᠬ᠎ᠠ ᠳᠡᠯᠭᠡᠭᠦᠷ᠎ᠤᠨ ᠭᠤᠤᠯ ᠴᠣᠭᠴᠠ ᠵᠢᠨ ᠪᠦᠷᠢᠳᠬᠡᠨ ᠳᠠᠩᠰᠠᠯᠠᠬᠤ ᠠᠵᠢᠯᠯᠠᠭ᠎ᠠ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ ᠠᠵᠢᠯ᠎ᠢ ᠵᠣᠬᠢᠶᠠᠨ ᠪᠠᠶ᠋ᠢᠭᠤᠯᠤᠨ ᠵᠢᠯᠣᠭᠤᠳᠤᠨ᠎ᠠ᠃ ᠢᠲᠡᠭᠡᠮᠵᠢ ᠵᠢ ᠲᠥᠷᠥᠯ ᠬᠤᠪᠢᠶᠠᠨ ᠬᠠᠮᠢᠶᠠᠷᠬᠤ ᠪᠠ ᠮᠡᠳᠡᠭᠡ ᠵᠠᠩᠭᠢ ᠵᠢ ᠢᠯᠡ ᠨᠡᠶ᠋ᠢᠲᠡᠯᠡᠬᠦ ᠠᠵᠢᠯ᠎ᠢ ᠵᠣᠬᠢᠶᠠᠨ ᠪᠠᠶ᠋ᠢᠭᠤᠯᠤᠨ ᠵᠢᠯᠣᠭᠤᠳᠴᠤ᠂ ᠤᠯᠤᠰ᠎ᠤᠨ ᠠᠵᠤ ᠠᠬᠤᠶ᠋ᠢᠯᠠᠯ᠎ᠤᠨ ᠢᠲᠡᠭᠡᠮᠵᠢ ᠵᠢᠨ ᠮᠡᠳᠡᠭᠡ ᠵᠠᠩᠭᠢ ᠵᠢ ᠢᠯᠡ ᠨᠡᠶ᠋ᠢᠲᠡᠯᠡᠬᠦ ᠰᠢᠰᠲ᠋ᠧᠮ (ᠥᠪᠥᠷ ᠮᠣᠩᠭᠣᠯ) ᠵᠢᠴᠢ ᠰᠠᠯᠠᠭ᠎ᠠ ᠮᠥᠴᠢᠷ᠎ᠤᠨ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ᠎ᠤᠨ ᠪᠠᠶ᠋ᠢᠭᠤᠯᠤᠯᠲᠠ ᠪᠠ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠃ ᠡᠵᠡᠩᠨᠡᠯᠲᠡ ᠵᠢᠨ ᠬᠡᠪ᠎ᠤᠨ ᠪᠤᠰᠤ ᠨᠡᠷᠡᠰ᠎ᠤᠨ ᠵᠢᠭᠰᠠᠭ᠋ᠠᠯᠲᠠ ᠪᠠ 《ᠬᠠᠷ᠎ᠠ ᠲᠠᠩᠰᠠ》 ᠵᠢ ᠪᠠᠶ᠋ᠢᠭᠤᠯᠵᠤ᠂ ᠵᠠᠬ᠎ᠠ ᠳᠡᠯᠭᠡᠭᠦᠷ᠎ᠤᠨ ᠭᠤᠤᠯ ᠴᠣᠭᠴᠠ ᠵᠢᠨ ᠬᠢᠨᠠᠯᠲᠠ ᠬᠠᠮᠢᠶᠠᠷᠤᠯᠲᠠ ᠵᠢᠨ ᠮᠡᠳᠡᠭᠡ ᠵᠠᠩᠭᠢ ᠪᠠ ᠢᠯᠡ ᠨᠡᠶ᠋ᠢᠲᠡᠯᠡᠭᠰᠡᠨ ᠮᠡᠳᠡᠭᠡ ᠵᠠᠩᠭᠢ ᠵᠢ ᠴᠤᠭᠯᠠᠭᠤᠯᠤᠨ ᠬᠠᠮᠲᠤ᠎ᠪᠠᠷ ᠡᠳ᠋ᠯᠡᠬᠦ᠂ ᠬᠤᠯᠪᠣᠭ᠋ᠠᠯᠠᠨ ᠵᠠᠯᠬᠠᠭ᠋ᠠᠨ ᠴᠡᠭᠡᠷᠯᠡᠭᠦᠯᠬᠦ ᠵᠢᠨ ᠵᠣᠬᠢᠴᠠᠭᠤᠯᠤᠨ ᠬᠠᠷᠢᠯᠴᠠᠬᠤ ᠵᠡᠷᠭᠡ ᠠᠵᠢᠯ᠎ᠢ ᠡᠭᠦᠷᠭᠡᠯᠡᠨ᠎ᠡ᠃ ᠪᠦᠬᠦ ᠣᠷᠣᠨ᠎ᠤ ᠵᠠᠬ᠎ᠠ ᠳᠡᠯᠭᠡᠭᠦᠷ᠎ᠤᠨ ᠭᠤᠣᠯ ᠴᠣᠭᠴᠠ ᠵᠢᠨ ᠣᠨ᠎ᠤ ᠮᠡᠳᠡᠭᠦᠯᠦᠯᠲᠡ ᠵᠢᠨ ᠠᠵᠢᠯ᠎ᠢ ᠵᠣᠬᠢᠶᠠᠨ ᠪᠠᠶ᠋ᠢᠭᠤᠯᠤᠨ ᠵᠢᠯᠣᠭᠤᠳᠤᠨ᠎ᠠ᠃ ᠪᠦᠬᠦ ᠣᠷᠣᠨ᠎ᠤ ᠦᠢ᠍ᠯᠡᠳᠬᠦᠨ᠎ᠤ ᠶᠠᠰᠤ ᠴᠢᠨᠠᠷ᠎ᠤᠨ ᠦᠨᠡᠨᠴᠢ ᠢᠲᠡᠭᠡᠮᠵᠢ ᠵᠢᠨ ᠳᠦᠷᠢᠮ᠎ᠢ ᠪᠠᠢ᠌ᠭᠤᠯᠤᠨ᠎ᠠ᠃

   ᠬᠠᠷᠢᠯᠴᠠᠬᠤ ᠤᠲᠠᠰᠤ᠄ 0471-3985185

  (ᠨᠠᠢ᠍ᠮᠠ) ᠦᠨ᠎ᠡ ᠬᠠᠩᠰᠢ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ ᠪᠠ ᠵᠦᠢ ᠪᠤᠰᠤ ᠥᠷᠢᠰᠦᠯᠳᠦᠭᠡᠨ᠎ᠢ ᠡᠰᠡᠷᠭᠦᠴᠡᠬᠦ ᠲᠣᠪᠴᠢᠶ᠎ᠠ (ᠭᠠᠭᠴᠠᠭ᠋ᠠᠷ ᠡᠵᠡᠮᠰᠢᠯ᠎ᠢ ᠡᠰᠡᠷᠭᠦᠴᠡᠬᠦ ᠲᠣᠪᠴᠢᠶ᠎ᠠ)᠃ ᠦᠨ᠎ᠡ ᠬᠠᠩᠰᠢ ᠰᠦᠢ᠍ᠳᠬᠡᠯ ᠬᠤᠷᠢᠶᠠᠯᠲᠠ ᠵᠢᠨ ᠲᠤᠬᠠᠢ ᠬᠢᠨᠠᠯᠲᠠ ᠪᠠᠶ᠋ᠢᠴᠠᠭ᠋ᠠᠯᠲᠠ᠂ ᠵᠦᠢ ᠪᠤᠰᠤ ᠥᠷᠢᠰᠥᠯᠳᠦᠭᠡᠨ᠎ᠢ ᠡᠰᠡᠷᠭᠦᠴᠡᠬᠦ ᠪᠠ ᠭᠠᠭᠴᠠᠭ᠋ᠠᠷ ᠡᠵᠡᠮᠰᠢᠯ᠎ᠢ ᠡᠰᠡᠷᠭᠦᠴᠡᠬᠦ ᠲᠤᠬᠠᠢ ᠲᠦᠷᠢᠮ ᠠᠷᠭ᠎ᠠ ᠬᠡᠮᠵᠢᠶ᠎ᠡ ᠵᠢ ᠲᠤᠭᠤᠷᠪᠢᠨ ᠲᠣᠭᠲᠠᠭ᠋ᠠᠨ᠎ᠠ᠃ ᠲᠠᠸᠠᠷ᠎ᠤᠨ ᠦᠨ᠎ᠡ ᠬᠠᠩᠰᠢ᠂ ᠦᠢ᠍ᠯᠡᠴᠢᠯᠡᠭᠡᠨ᠎ᠤ ᠦᠨ᠎ᠡ ᠬᠠᠩᠰᠢ ᠵᠢᠴᠢ ᠲᠥᠷᠥ ᠵᠢᠨ ᠪᠠᠶ᠋ᠢᠭᠤᠯᠭ᠎ᠠ᠂ ᠠᠵᠢᠯ ᠦᠢ᠍ᠯᠡᠰ᠎ᠤᠨ ᠴᠢᠨᠠᠷᠲᠠᠶ ᠰᠦᠢ᠍ᠳᠬᠡᠯ ᠬᠤᠷᠢᠶᠠᠬᠤ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ ᠠᠵᠢᠯ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃ ᠦᠨ᠎ᠡ ᠬᠠᠩᠰᠢ ᠰᠦᠢ᠍ᠳᠬᠡᠯ ᠬᠤᠷᠢᠶᠠᠬᠤ ᠵᠢᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠪᠣᠯᠤᠨ ᠵᠦᠢ ᠪᠤᠰᠤ ᠥᠷᠢᠰᠥᠯᠳᠦᠭᠡᠨ᠎ᠤ ᠦᠢ᠍ᠯᠡ ᠠᠵᠢᠯᠯᠠᠭ᠎ᠠ ᠵᠢ ᠪᠠᠶ᠋ᠢᠴᠠᠭ᠋ᠠᠨ ᠰᠢᠢ᠍ᠳᠪᠦᠷᠢᠯᠡᠬᠦ ᠵᠢ ᠵᠣᠬᠢᠶᠠᠨ ᠪᠠᠶ᠋ᠢᠭᠤᠯᠤᠨ ᠵᠢᠯᠣᠭᠤᠳᠤᠨ᠎ᠠ᠃ ᠰᠢᠭᠤᠳ ᠪᠣᠷᠣᠯᠠᠭᠤᠯᠬᠤ ᠠᠵᠤ ᠠᠬᠤᠶ᠋ᠢᠯᠠᠯ᠂ ᠰᠢᠭᠤᠳ ᠪᠣᠷᠣᠯᠠᠭᠤᠯᠤᠭᠴᠢ ᠵᠢᠴᠢ ᠰᠢᠭᠤᠳ ᠪᠣᠷᠣᠯᠠᠭᠤᠯᠬᠤ ᠠᠵᠢᠯᠯᠠᠭ᠎ᠠ ᠵᠢ ᠬᠢᠨᠠᠨ ᠬᠠᠮᠢᠶᠠᠷᠬᠤ ᠪᠠ ᠳᠠᠮᠵᠢᠭᠤᠯᠤᠨ ᠪᠣᠷᠣᠯᠠᠭᠤᠯᠬᠤ᠎ᠳᠤ ᠴᠣᠬᠢᠯᠲᠠ ᠥᠭᠬᠦ ᠠᠵᠢᠯ᠎ᠢ ᠡᠭᠦᠷᠭᠡᠯᠡᠨ᠎ᠡ᠃ ᠭᠠᠭᠴᠠᠭ᠋ᠠᠷ ᠡᠵᠡᠮᠰᠢᠯ᠎ᠢ ᠡᠰᠡᠷᠭᠦᠴᠡᠬᠦ ᠬᠠᠤᠯᠢ ᠬᠡᠷᠡᠭᠵᠢᠭᠦᠯᠬᠦ ᠠᠵᠢᠯ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃ ᠭᠤᠣᠯᠴᠢ ᠥᠷᠢᠰᠥᠯᠳᠦᠭᠡᠨ᠎ᠢ ᠬᠢᠨᠠᠨ ᠪᠠᠶ᠋ᠢᠴᠠᠭ᠋ᠠᠬᠤ ᠠᠵᠢᠯ᠎ᠢ ᠵᠣᠬᠢᠶᠠᠨ ᠪᠠᠶ᠋ᠢᠭᠤᠯᠵᠤ ᠬᠡᠷᠡᠭᠵᠢᠭᠦᠯᠦᠨ᠎ᠡ᠃

   ᠬᠠᠷᠢᠯᠴᠠᠬᠤ ᠤᠲᠠᠰᠤ᠄ 0471-4938010

  (ᠶᠢᠰᠦ) ᠰᠦᠯᠵᠢᠶᠡᠨ᠎ᠤ ᠠᠷᠠᠯᠵᠢᠶᠠᠨ᠎ᠤ ᠬᠢᠨᠠᠯᠲᠠ ᠬᠠᠮᠢᠶᠠᠷᠤᠯᠲᠠ ᠵᠢᠨ ᠭᠠᠵᠠᠷ᠃ ᠰᠦᠯᠵᠢᠶᠡᠨ᠎ᠤ ᠲᠠᠸᠠᠷ᠎ᠤᠨ ᠠᠷᠠᠯᠵᠢᠶ᠎ᠠ ᠵᠢᠴᠢ ᠬᠠᠮᠢᠶ᠎ᠠ ᠪᠥᠬᠦᠶ ᠦᠢ᠍ᠯᠡᠴᠢᠯᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠦᠷᠢᠮ ᠪᠠ ᠠᠷᠭ᠎ᠠ ᠬᠡᠮᠵᠢᠶ᠎ᠡ ᠵᠢ ᠲᠤᠭᠤᠷᠪᠢᠨ ᠬᠡᠷᠡᠭᠵᠢᠭᠦᠯᠦᠨ᠎ᠡ᠃ ᠰᠦᠯᠵᠢᠶᠡᠨ᠎ᠤ ᠠᠷᠠᠯᠵᠢᠶᠠᠨ᠎ᠤ ᠲᠠᠪᠴᠠᠩ ᠪᠠ ᠰᠦᠯᠵᠢᠶᠡᠨ᠎ᠤ ᠡᠵᠡᠩᠨᠡᠯᠲᠡ ᠵᠢᠨ ᠭᠤᠤᠯ ᠴᠣᠭᠴᠠ ᠵᠢᠨ ᠵᠢᠷᠤᠮᠵᠢᠭᠰᠠᠨ ᠬᠠᠮᠢᠶᠠᠷᠤᠯᠲᠠ ᠵᠢᠨ ᠠᠵᠢᠯ᠎ᠢ ᠵᠣᠬᠢᠶᠠᠨ ᠪᠠᠶ᠋ᠢᠭᠤᠯᠤᠨ ᠵᠢᠯᠣᠭᠤᠳᠤᠨ᠎ᠠ᠃ ᠰᠦᠯᠵᠢᠶᠡᠨ᠎ᠤ ᠵᠠᠬ᠎ᠠ ᠳᠡᠯᠭᠡᠭᠦᠷ᠎ᠤᠨ ᠬᠢᠨᠠᠨ ᠬᠡᠮᠵᠢᠬᠦ ᠠᠵᠢᠯ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃ ᠭᠡᠷ᠎ᠡ᠂ ᠦᠨ᠎ᠡ ᠬᠠᠶᠠᠨ ᠬᠤᠳᠠᠯᠳᠤᠬᠤ ᠦᠢ᠍ᠯᠡ ᠠᠵᠢᠯᠯᠠᠭ᠎ᠠ᠎ᠳᠤ ᠬᠢᠨᠠᠯᠲᠠ ᠲᠠᠯᠪᠢᠵᠤ ᠬᠠᠮᠢᠶᠠᠷᠬᠤ ᠵᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠬᠥᠳᠡᠯᠬᠦ ᠬᠥᠷᠥᠩᠭᠡ ᠵᠢᠨ ᠪᠠᠷᠢᠴᠠᠭ᠋ᠠᠨ᠎ᠤ ᠡᠳ᠋᠎ᠢ ᠳᠠᠩᠰᠠᠯᠠᠬᠤ ᠵᠢ ᠬᠠᠮᠢᠶᠠᠷᠤᠨ᠎ᠠ᠃

   ᠬᠠᠷᠢᠯᠴᠠᠬᠤ ᠤᠲᠠᠰᠤ᠄ 0471-6385615

  (ᠠᠷᠪᠠ) ᠵᠠᠷ ᠮᠡᠳᠡᠭᠡᠨ᠎ᠤ ᠬᠢᠨᠠᠯᠲᠠ ᠬᠠᠮᠢᠶᠠᠷᠤᠯᠲᠠ ᠵᠢᠨ ᠭᠠᠵᠠᠷ᠃ ᠵᠠᠷ ᠮᠡᠳᠡᠭᠡ ᠵᠢᠨ ᠦᠢ᠍ᠯᠡᠰ᠎ᠤᠨ ᠬᠥᠭᠵᠢᠯᠲᠡ ᠵᠢᠨ ᠲᠥᠯᠥᠪᠵᠢᠭᠦᠯᠭᠡ᠂ ᠲᠥᠷᠥ ᠵᠢᠨ ᠪᠣᠳᠣᠯᠭ᠎ᠠ ᠵᠢ ᠲᠤᠭᠤᠷᠪᠢᠨ ᠲᠣᠭᠲᠠᠭ᠋ᠠᠬᠤ ᠵᠢᠨ ᠬᠠᠮᠲᠤ ᠵᠣᠬᠢᠶᠠᠨ ᠪᠠᠶ᠋ᠢᠭᠤᠯᠵᠤ ᠬᠡᠷᠡᠭᠵᠢᠭᠦᠯᠦᠨ᠎ᠡ᠃ ᠵᠠᠷ ᠮᠡᠳᠡᠭᠡ ᠵᠢᠨ ᠬᠢᠨᠠᠯᠲᠠ ᠬᠠᠮᠢᠶᠠᠷᠤᠯᠲᠠ ᠵᠢ ᠬᠡᠷᠡᠭᠵᠢᠭᠦᠯᠬᠦ ᠳᠦᠷᠢᠮ ᠠᠷᠭ᠎ᠠ ᠬᠡᠮᠵᠢᠶ᠎ᠡ ᠵᠢ ᠲᠤᠭᠤᠷᠪᠢᠨ ᠲᠣᠭᠲᠠᠭ᠋ᠠᠨ᠎ᠠ᠃ ᠡᠮ᠎ᠤᠨ ᠵᠦᠢ᠍ᠯ᠂ ᠡᠷᠡᠭᠦᠯᠵᠢᠯ᠎ᠤᠨ ᠢᠳᠡᠭᠡᠨ᠂ ᠡᠮᠴᠢᠯᠡᠭᠡᠨ᠎ᠤ ᠪᠠᠭ᠋ᠠᠵᠢ ᠬᠡᠷᠡᠭᠰᠡᠯ᠂ ᠠᠨᠠᠭ᠋ᠠᠬᠤ ᠤᠬᠠᠭ᠋ᠠᠨ᠎ᠤ ᠣᠨᠴᠠ ᠬᠡᠷᠡᠭᠴᠡᠭᠡᠲᠦ ᠨᠠᠶ᠋ᠢᠷᠠᠯᠭ᠎ᠠ᠎ᠲᠠᠢ ᠢᠳᠡᠭᠡᠨ᠎ᠤ ᠵᠠᠷ ᠮᠡᠳᠡᠭᠡ ᠵᠢ ᠬᠢᠨᠠᠨ ᠪᠠᠶ᠋ᠢᠴᠠᠭ᠋ᠠᠬᠤ ᠠᠵᠢᠯ᠎ᠢ ᠵᠣᠬᠢᠶᠠᠨ ᠪᠠᠶ᠋ᠢᠭᠤᠯᠤᠨ ᠵᠢᠯᠣᠭᠤᠳᠤᠨ᠎ᠠ᠃ ᠡᠯ᠎ᠡ ᠲᠥᠷᠥᠯ᠎ᠤᠨ ᠵᠠᠭᠤᠴᠢᠯᠠᠭᠤᠷ᠎ᠤᠨ ᠵᠠᠷ ᠮᠡᠳᠡᠭᠡ ᠨᠡᠶ᠋ᠢᠲᠡᠯᠡᠭᠰᠡᠨ ᠪᠠᠶ᠋ᠢᠳᠠᠯ᠎ᠢ ᠬᠢᠨᠠᠨ ᠬᠡᠮᠵᠢᠬᠦ ᠵᠢ ᠵᠣᠬᠢᠶᠠᠨ ᠪᠠᠶ᠋ᠢᠭᠤᠯᠤᠨ᠎ᠠ᠃ ᠵᠠᠷ ᠮᠡᠳᠡᠭᠡ ᠵᠢ ᠬᠢᠨᠠᠨ ᠪᠠᠶ᠋ᠢᠴᠠᠭ᠋ᠠᠬᠤ ᠪᠠᠶ᠋ᠢᠭᠤᠯᠤᠮᠵᠢ ᠪᠠ ᠵᠠᠷ ᠮᠡᠳᠡᠭᠡ ᠵᠢᠨ ᠠᠵᠢᠯ ᠲᠥᠷᠥᠯ᠎ᠤᠨ ᠵᠣᠬᠢᠶᠠᠨ ᠪᠠᠶ᠋ᠢᠭᠤᠯᠤᠯᠲᠠ ᠵᠢᠨ ᠠᠵᠢᠯ᠎ᠢ ᠵᠢᠯᠣᠭᠤᠳᠤᠨ᠎ᠠ᠃

   ᠬᠠᠷᠢᠯᠴᠠᠬᠤ ᠤᠲᠠᠰᠤ᠄ 0471-5161203

  (ᠠᠷᠪᠠᠨ ᠨᠢᠭᠡ) ᠶᠠᠰᠤ ᠴᠢᠨᠠᠷ᠎ᠤᠨ ᠬᠥᠭᠵᠢᠯᠲᠡ ᠵᠢᠨ ᠲᠤᠪᠴᠢᠶ᠎ᠠ᠃ ᠶᠠᠰᠤ ᠴᠢᠨᠠᠷ ᠵᠶ᠋ᠠᠷ ᠣᠷᠣᠨ ᠵᠶ᠋ᠠᠨ ᠬᠦᠴᠦᠷᠬᠡᠭᠵᠢᠭᠦᠯᠬᠦ ᠪᠠᠶ᠋ᠢᠯᠳᠤᠬᠤ ᠪᠣᠳᠣᠯᠭ᠎ᠠ ᠪᠠ ᠶᠠᠰᠤ ᠴᠢᠨᠠᠷ᠎ᠢ ᠳᠡᠭᠡᠭᠰᠢᠯᠡᠭᠦᠯᠬᠦ ᠠᠵᠢᠯ᠎ᠢ ᠠᠬᠢᠭᠤᠯᠬᠤ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠤᠭᠤᠷᠪᠢᠨ ᠲᠣᠭᠲᠠᠭ᠋ᠠᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃ ᠶᠠᠰᠤ ᠴᠢᠨᠠᠷ᠎ᠤᠨ ᠰᠠᠭᠤᠷᠢ ᠲᠥᠬᠦᠭᠡᠷᠦᠮᠵᠢ ᠵᠢᠨ ᠬᠠᠮᠵᠢᠯᠴᠠᠨ ᠦᠢ᠍ᠯᠡᠴᠢᠯᠡᠬᠦ ᠵᠢᠴᠢ ᠬᠡᠷᠡᠭᠯᠡᠭᠡᠨ᠎ᠤ ᠲᠥᠯᠥᠪᠵᠢᠭᠦᠯᠭᠡ ᠵᠢ ᠲᠤᠭᠤᠷᠪᠢᠨ ᠲᠣᠭᠲᠠᠭ᠋ᠠᠨ᠎ᠠ᠃ ᠶᠠᠰᠤ ᠴᠢᠨᠠᠷ᠎ᠤᠨ ᠤᠷᠮᠠᠰᠢᠭᠤᠯᠬᠤ ᠳᠦᠷᠢᠮ᠎ᠤᠨ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠬᠦ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠨᠡᠷᠡᠲᠦ ᠲᠥᠷᠥᠯ ᠲᠡᠮᠳᠡᠭᠲᠦ ᠵᠢᠨ ᠪᠠᠶ᠋ᠢᠭᠤᠯᠤᠯᠲᠠ ᠵᠢ ᠠᠬᠢᠭᠤᠯᠤᠨ᠎ᠠ᠃ ᠦᠢ᠍ᠯᠡᠳᠬᠦᠨ᠎ᠤ ᠶᠠᠰᠤ ᠴᠢᠨᠠᠷ᠎ᠤᠨ ᠠᠮᠤᠷ ᠲᠦᠪᠰᠢᠨ᠎ᠤ ᠠᠳᠡᠯ᠎ᠢ ᠠᠯᠪᠠᠳᠠᠨ ᠮᠡᠳᠡᠭᠦᠯᠬᠦ ᠳᠦᠷᠢᠮ᠂ ᠵᠡᠷᠡᠮᠳᠡᠭ ᠦᠢ᠍ᠯᠡᠳᠬᠦᠨ᠎ᠢ ᠡᠭᠡᠭᠦᠯᠦᠨ ᠪᠤᠴᠠᠭ᠋ᠠᠬᠤ ᠳᠦᠷᠢᠮ᠎ᠢ ᠨᠠᠶ᠋ᠢᠳᠠᠪᠤᠷᠢᠵᠢᠭᠤᠯᠵᠤ᠂ ᠴᠢᠬᠤᠯᠠ ᠶᠡᠭᠡ ᠪᠠᠷᠢᠯᠭ᠎ᠠ ᠵᠢᠨ ᠲᠥᠬᠦᠭᠡᠷᠦᠮᠵᠢ ᠵᠢᠨ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ ᠪᠠ ᠦᠢ᠍ᠯᠡᠳᠬᠦᠨ᠎ᠤ ᠬᠠᠭᠤᠷᠮᠠᠭ᠎ᠢ ᠰᠡᠷᠭᠡᠶ᠋ᠢᠯᠡᠬᠦ ᠠᠵᠢᠯ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠦᠢ᠍ᠯᠡᠴᠢᠯᠡᠭᠡᠨ᠎ᠤ ᠶᠠᠰᠤ ᠴᠢᠨᠠᠷ᠎ᠲᠤ ᠬᠢᠨᠠᠯᠲᠠ ᠲᠠᠯᠪᠢᠵᠤ ᠬᠢᠨᠠᠨ ᠰᠢᠨᠵᠢᠬᠦ ᠪᠠ ᠶᠠᠰᠤ ᠴᠢᠨᠠᠷ᠎ᠤᠨ ᠪᠠᠶ᠋ᠢᠳᠠᠯ᠎ᠳᠤ ᠵᠠᠳᠠᠯᠤᠯᠲᠠ ᠬᠢᠬᠦ ᠵᠢ ᠥᠷᠨᠢᠭᠦᠯᠵᠦ᠂ ᠬᠦᠨᠳᠦ ᠶᠡᠭᠡ ᠶᠠᠰᠤ ᠴᠢᠨᠠᠷ᠎ᠤᠨ ᠠᠳᠡᠯ᠎ᠤᠨ ᠪᠠᠶ᠋ᠢᠴᠠᠭ᠋ᠠᠯᠲᠠ ᠵᠢ ᠵᠣᠬᠢᠶᠠᠨ ᠪᠠᠶ᠋ᠢᠭᠤᠯᠤᠨ᠎ᠠ᠃

   ᠬᠠᠷᠢᠯᠴᠠᠬᠤ ᠤᠲᠠᠰᠤ᠄ 0471-6628358

  (ᠠᠷᠪᠠᠨ ᠬᠣᠶᠠᠷ) ᠦᠢ᠍ᠯᠡᠳᠬᠦᠨ᠎ᠤ ᠶᠠᠰᠤ ᠴᠢᠨᠠᠷ᠎ᠤᠨ ᠠᠮᠤᠷ ᠲᠥᠪᠰᠢᠨ᠎ᠤ ᠬᠢᠨᠠᠯᠲᠠ ᠬᠠᠮᠢᠶᠠᠷᠤᠯᠲᠠ ᠵᠢᠨ ᠭᠠᠵᠠᠷ᠃ ᠥᠪᠡᠷᠲᠡᠭᠡᠨ ᠵᠠᠰᠠᠬᠤ ᠣᠷᠣᠨ᠎ᠤ ᠭᠤᠣᠯᠳᠠᠯᠭ᠎ᠠ᠎ᠲᠠᠢ ᠬᠢᠨᠠᠯᠲᠠ ᠲᠠᠯᠪᠢᠬᠤ ᠦᠢ᠍ᠯᠡᠳᠬᠦᠨ᠎ᠤ ᠭᠠᠷᠴᠠᠭ᠎ᠢ ᠲᠤᠭᠤᠷᠪᠢᠨ ᠲᠣᠭᠲᠠᠭ᠋ᠠᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃ ᠦᠢ᠍ᠯᠡᠳᠬᠦᠨ᠎ᠤ ᠶᠠᠰᠤ ᠴᠢᠨᠠᠷ᠎ᠲᠤ ᠬᠢᠨᠠᠯᠲᠠ ᠲᠠᠯᠪᠢᠵᠤ ᠰᠤᠭᠤᠴᠢᠨ ᠬᠢᠨᠠᠬᠤ᠂ ᠰᠤᠭᠤᠴᠢᠨ ᠪᠠᠶ᠋ᠢᠴᠠᠭ᠋ᠠᠬᠤ᠂ ᠲᠦᠭᠰᠢᠭᠦᠷᠢ ᠵᠢ ᠬᠢᠨᠠᠨ ᠡᠵᠡᠮᠳᠡᠬᠦ ᠪᠠ ᠲᠥᠷᠥᠯ ᠬᠤᠪᠢᠶᠠᠨ ᠬᠢᠨᠠᠨ ᠬᠠᠮᠢᠶᠠᠷᠬᠤ ᠠᠵᠢᠯ᠎ᠢ ᠡᠭᠦᠷᠭᠡᠯᠡᠨ᠎ᠡ᠃ ᠦᠢ᠍ᠯᠡᠳᠬᠦᠨ᠎ᠤ ᠶᠠᠰᠤ ᠴᠢᠨᠠᠷ᠎ᠤᠨ ᠠᠵᠢᠯ ᠲᠥᠷᠥᠯ᠎ᠤᠨ ᠴᠢᠨᠠᠷᠲᠠᠶ᠂ ᠲᠤᠰᠬᠠᠶ ᠮᠡᠷᠭᠡᠵᠢᠯ᠎ᠤᠨ ᠴᠢᠨᠠᠷᠲᠠᠶ ᠬᠢᠨᠠᠯᠲᠠ ᠲᠠᠯᠪᠢᠬᠤ ᠵᠢ ᠵᠢᠯᠣᠭᠤᠳᠤᠨ ᠵᠣᠬᠢᠴᠠᠭᠤᠯᠤᠨ᠎ᠠ᠃ ᠠᠶ᠋ᠢᠮᠠᠭ ᠬᠤᠲᠠ ᠵᠢᠨ ᠵᠣᠬᠢᠶᠠᠨ ᠪᠠᠶ᠋ᠢᠭᠤᠯᠤᠭᠰᠠᠨ ᠦᠢ᠍ᠯᠡᠳᠬᠦᠨ᠎ᠤ ᠶᠠᠰᠤ ᠴᠢᠨᠠᠷ᠎ᠲᠤ ᠬᠢᠨᠠᠯᠲᠠ ᠲᠠᠯᠪᠢᠬᠤ ᠵᠢ ᠵᠢᠯᠣᠭᠤᠳᠤᠨ᠎ᠠ᠃ ᠠᠵᠤ ᠦᠢ᠍ᠯᠡᠳᠪᠦᠷᠢ ᠵᠢᠨ ᠦᠢ᠍ᠯᠡᠳᠬᠦᠨ ᠦᠢ᠍ᠯᠡᠳᠪᠦᠷᠢᠯᠡᠬᠦ ᠵᠥᠪᠰᠢᠶᠡᠷᠡᠯ᠎ᠤᠨ ᠬᠠᠮᠢᠶᠠᠷᠤᠯᠲᠠ ᠪᠣᠯᠤᠨ ᠢᠳᠡᠭᠡᠨ᠎ᠤ ᠬᠣᠯᠪᠤᠭᠳᠠᠯ ᠪᠦᠬᠦᠢ ᠦᠢ᠍ᠯᠡᠳᠬᠦᠨ᠎ᠤ ᠶᠠᠰᠤ ᠴᠢᠨᠠᠷ᠎ᠤᠨ ᠠᠶᠤᠯᠭᠦᠢ ᠵᠢᠨ ᠬᠢᠨᠠᠯᠲᠠ ᠬᠠᠮᠢᠶᠠᠷᠤᠯᠲᠠ ᠵᠢᠨ ᠠᠵᠢᠯ᠎ᠢ ᠡᠭᠦᠷᠭᠡᠯᠡᠨ᠎ᠡ᠃ ᠬᠥᠪᠥᠩ ᠵᠡᠷᠭᠡ ᠰᠢᠷᠬᠡᠭ᠎ᠤᠨ ᠶᠠᠰᠤ ᠴᠢᠨᠠᠷ᠎ᠲᠤ ᠬᠢᠨᠠᠯᠲᠠ ᠲᠠᠯᠪᠢᠬᠤ ᠠᠵᠢᠯ᠎ᠢ ᠡᠭᠦᠷᠭᠡᠯᠡᠨ᠎ᠡ᠃

   ᠬᠠᠷᠢᠯᠴᠠᠬᠤ ᠤᠲᠠᠰᠤ᠄ 0471-4501019

  (ᠠᠷᠪᠠᠨ ᠭᠤᠷᠪᠠ) ᠢᠳᠡᠭᠡᠨ᠎ᠤ ᠠᠮᠤᠷ ᠲᠦᠪᠰᠢᠨ᠎ᠢ ᠵᠣᠬᠢᠴᠠᠭᠤᠯᠬᠤ ᠬᠢᠭᠡᠳ ᠰᠤᠭᠤᠴᠢᠨ ᠪᠠᠢ᠌ᠴᠠᠭ᠋ᠠᠵᠤ ᠬᠢᠨᠠᠨ ᠬᠡᠮᠵᠢᠬᠦ ᠭᠠᠵᠠᠷ᠃ ᠢᠳᠡᠭᠡᠨ᠎ᠤ ᠠᠮᠤᠷ ᠲᠦᠪᠰᠢᠨ᠎ᠤ ᠪᠠᠶ᠋ᠢᠯᠳᠤᠬᠤ ᠪᠣᠳᠣᠯᠭ᠎ᠠ ᠵᠢ ᠠᠬᠢᠭᠤᠯᠬᠤ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠤᠭᠤᠷᠪᠢᠨ ᠲᠣᠭᠲᠠᠭ᠋ᠠᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃ ᠢᠳᠡᠭᠡᠨ᠎ᠤ ᠠᠮᠤᠷ ᠲᠦᠪᠰᠢᠨ᠎ᠤ ᠭᠠᠵᠠᠷ ᠣᠷᠣᠨ ᠠᠯᠤᠰᠯᠠᠭᠰᠠᠨ ᠰᠠᠯᠠᠭ᠎ᠠ ᠮᠥᠴᠢᠷ ᠠᠯᠤᠰᠯᠠᠭᠰᠠᠨ ᠵᠣᠬᠢᠴᠠᠭᠤᠯᠵᠤ ᠬᠥᠳᠡᠯᠦᠯᠴᠡᠬᠦ ᠵᠣᠬᠢᠴᠠᠮᠵᠢ ᠵᠡᠷᠭᠡ ᠠᠵᠢᠯ᠎ᠢ ᠡᠭᠦᠷᠭᠡᠯᠡᠨ᠎ᠡ᠃ ᠢᠳᠡᠭᠡᠨ᠎ᠤ ᠠᠮᠤᠷ ᠲᠦᠪᠰᠢᠨ᠎ᠳᠤ ᠬᠢᠨᠠᠯᠲᠠ ᠲᠠᠯᠪᠢᠵᠤ ᠰᠤᠭᠤᠴᠢᠨ ᠪᠠᠶ᠋ᠢᠴᠠᠭ᠋ᠠᠬᠤ ᠲᠥᠯᠥᠪᠯᠡᠭᠡ ᠵᠢ ᠲᠣᠭᠲᠠᠭ᠋ᠠᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠬᠣᠯᠪᠤᠭᠳᠠᠯ ᠪᠦᠬᠦᠢ ᠮᠡᠳᠡᠭᠡ ᠵᠠᠩᠭᠢ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠨᠡᠶ᠋ᠢᠲᠡᠯᠡᠨ᠎ᠡ᠃ ᠬᠢᠷᠢ ᠲᠡᠩᠴᠡᠬᠦ ᠦᠭᠡᠶ ᠢᠳᠡᠭᠡᠨ᠎ᠢ ᠬᠠᠷᠭᠤᠭᠤᠯᠤᠨ ᠪᠠᠶ᠋ᠢᠴᠠᠭ᠋ᠠᠬᠤ᠂ ᠰᠢᠢ᠍ᠳᠪᠦᠷᠢᠯᠡᠬᠦ᠂ ᠡᠭᠡᠭᠦᠯᠦᠨ ᠪᠤᠴᠠᠭ᠋ᠠᠬᠤ ᠵᠢ ᠰᠢᠮᠳᠠᠭᠤᠯᠤᠨ ᠵᠢᠯᠣᠭᠤᠳᠤᠨ᠎ᠠ᠃ ᠢᠳᠡᠭᠡᠨ᠎ᠤ ᠠᠮᠤᠷ ᠲᠦᠪᠰᠢᠨ᠎ᠤ ᠦᠨᠡᠯᠡᠯᠲᠡ ᠵᠢᠨ ᠴᠢᠨᠠᠷᠲᠠᠶ ᠰᠤᠭᠤᠴᠢᠨ ᠪᠠᠶ᠋ᠢᠴᠠᠭ᠋ᠠᠬᠤ᠂ ᠲᠦᠭᠰᠢᠭᠦᠷᠢ ᠵᠢ ᠤᠷᠢᠳᠴᠢᠯᠠᠨ ᠰᠡᠷᠡᠮᠵᠢᠯᠡᠭᠦᠯᠬᠦ ᠪᠠ ᠲᠦᠭᠰᠢᠭᠦᠷᠢ ᠵᠢᠨ ᠰᠣᠯᠢᠯᠴᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠦᠨ᠎ᠡ᠃ ᠲᠦᠭᠰᠢᠭᠦᠷᠢ ᠵᠢ ᠬᠢᠨᠠᠨ ᠬᠡᠮᠵᠢᠬᠦ ᠠᠵᠢᠯ᠎ᠢ ᠡᠭᠦᠷᠭᠡᠯᠡᠨ᠎ᠡ᠃ ᠥᠪᠡᠷᠲᠡᠭᠡᠨ ᠵᠠᠰᠠᠬᠤ ᠣᠷᠣᠨ᠎ᠤ ᠢᠳᠡᠭᠡᠨ ᠪᠠ ᠡᠮ᠎ᠤᠨ ᠵᠦᠢ᠍ᠯ᠎ᠤᠨ ᠠᠮᠤᠷ ᠲᠦᠪᠰᠢᠨ᠎ᠤ ᠵᠥᠪᠯᠡᠯ᠎ᠤᠨ ᠡᠳᠦᠷ ᠲᠤᠲᠤᠮ᠎ᠤᠨ ᠠᠵᠢᠯ᠎ᠢ ᠳᠠᠭ᠋ᠠᠭ᠋ᠠᠨ ᠡᠷᠬᠢᠯᠡᠨ᠎ᠡ᠃

   ᠬᠠᠷᠢᠯᠴᠠᠬᠤ ᠤᠲᠠᠰᠤ᠄ 0471-4507131

  (ᠠᠷᠪᠠᠨ ᠳᠥᠷᠪᠡ) ᠢᠳᠡᠭᠡᠨ᠎ᠤ ᠦᠢ᠍ᠯᠡᠳᠪᠦᠷᠢᠯᠡᠯ᠎ᠤᠨ ᠠᠮᠤᠷ ᠳᠥᠪᠰᠢᠨ᠎ᠤ ᠬᠢᠨᠠᠯᠲᠠ ᠬᠠᠮᠢᠶᠠᠷᠤᠯᠲᠠ ᠵᠢᠨ ᠭᠠᠵᠠᠷ᠃ ᠦᠢ᠍ᠯᠡᠳᠪᠦᠷᠢᠯᠡᠯ᠎ᠤᠨ ᠬᠦᠷᠢᠶᠡᠨ᠎ᠳᠠᠬᠢ ᠢᠳᠡᠭᠡᠨ᠎ᠤ ᠠᠮᠤᠷ ᠲᠦᠪᠰᠢᠨ᠎ᠤ ᠪᠠᠶ᠋ᠢᠳᠠᠯ᠎ᠢ ᠵᠠᠳᠠᠯᠤᠨ ᠡᠵᠡᠮᠰᠢᠵᠦ᠂ ᠢᠳᠡᠭᠡᠨ᠎ᠤ ᠦᠢ᠍ᠯᠡᠳᠪᠦᠷᠢᠯᠡᠯ᠎ᠳᠤ ᠬᠢᠨᠠᠯᠲᠠ ᠲᠠᠯᠪᠢᠵᠤ ᠬᠠᠮᠢᠶᠠᠷᠬᠤ ᠪᠠ ᠢᠳᠡᠭᠡᠨ ᠦᠢ᠍ᠯᠡᠳᠪᠦᠷᠢᠯᠡᠭᠴᠢ ᠵᠢᠨ ᠭᠤᠣᠯ ᠴᠣᠭᠴᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ ᠳᠦᠷᠢᠮ ᠪᠠ ᠠᠷᠭ᠎ᠠ ᠬᠡᠮᠵᠢᠶ᠎ᠡ ᠵᠢ ᠲᠤᠭᠤᠷᠪᠢᠨ ᠲᠣᠭᠲᠠᠭ᠋ᠠᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃ ᠢᠳᠡᠭᠡᠨ ᠦᠢ᠍ᠯᠡᠳᠪᠦᠷᠢᠯᠡᠬᠦ ᠠᠵᠤ ᠠᠬᠤᠶ᠋ᠢᠯᠠᠯ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠠᠵᠤ ᠠᠬᠤᠶ᠋ᠢᠯᠠᠯ᠎ᠢ ᠵᠢᠯᠣᠭᠤᠳᠤᠨ ᠢᠳᠡᠭᠡᠨ᠎ᠤ ᠠᠮᠤᠷ ᠲᠦᠪᠰᠢᠨ᠎ᠤ ᠮᠦᠷᠳᠡᠵᠦ ᠪᠣᠯᠬᠤᠶ᠋ᠢᠴᠠ ᠰᠢᠰᠲᠸᠮᠵᠢ ᠵᠢ ᠪᠠᠶ᠋ᠢᠭᠤᠯᠤᠨ ᠪᠦᠷᠢᠨᠰᠢᠭᠦᠯᠦᠨ᠎ᠡ᠃

   ᠬᠠᠷᠢᠯᠴᠠᠬᠤ ᠤᠲᠠᠰᠤ᠄ 0471-4506019

  (ᠠᠷᠪᠠᠨ ᠲᠠᠪᠤ) ᠢᠳᠡᠭᠡᠨ᠎ᠤ ᠭᠦᠢ᠍ᠯᠭᠡᠭᠡᠨ᠎ᠤ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠭᠠᠵᠠᠷ᠃ ᠭᠦᠢ᠍ᠯᠭᠡᠭᠡᠨ᠎ᠤ ᠬᠦᠷᠢᠶᠡᠨ᠎ᠳᠠᠬᠢ ᠢᠳᠡᠭᠡᠨ᠎ᠤ ᠠᠮᠤᠷ ᠲᠦᠪᠰᠢᠨ᠎ᠤ ᠪᠠᠶ᠋ᠢᠳᠠᠯ᠎ᠢ ᠵᠠᠳᠠᠯᠤᠨ ᠡᠵᠡᠮᠰᠢᠵᠦ᠂ ᠢᠳᠡᠭᠡᠨ᠎ᠤ ᠭᠦᠢ᠍ᠯᠭᠡᠭᠡᠨ᠂ ᠵᠠᠬ᠎ᠠ ᠳᠡᠯᠭᠡᠭᠦᠷ᠎ᠤᠨ ᠪᠣᠷᠣᠯᠠᠭᠤᠯᠤᠨ ᠬᠤᠳᠠᠯᠳᠤᠬᠤ ᠢᠳᠡᠭᠡᠨ᠎ᠳᠤ ᠬᠡᠷᠡᠭᠯᠡᠬᠦ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠬᠢᠨᠠᠯᠲᠠ ᠬᠠᠮᠢᠶᠠᠷᠤᠯᠲᠠ ᠪᠣᠯᠤᠨ ᠢᠳᠡᠭᠡᠨ᠎ᠤ ᠡᠵᠡᠩᠨᠡᠭᠴᠢ ᠵᠢᠨ ᠭᠤᠤᠯ ᠴᠣᠭᠴᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ ᠳᠦᠷᠢᠮ ᠪᠠ ᠠᠷᠭ᠎ᠠ ᠬᠡᠮᠵᠢᠶ᠎ᠡ ᠵᠢ ᠲᠤᠭᠤᠷᠪᠢᠨ ᠲᠣᠭᠲᠠᠭ᠋ᠠᠵᠤ᠂ ᠬᠢᠨᠠᠯᠲᠠ ᠲᠠᠯᠪᠢᠵᠤ ᠪᠠᠶ᠋ᠢᠴᠠᠭ᠋ᠠᠬᠤ ᠠᠵᠢᠯ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ ᠵᠢᠨ ᠬᠠᠮᠲᠤ ᠵᠢᠯᠣᠭᠤᠳᠤᠨ᠎ᠠ᠃

   ᠬᠠᠷᠢᠯᠴᠠᠬᠤ ᠤᠲᠠᠰᠤ᠄ 0471-4507181

  (ᠠᠷᠪᠠᠨ ᠵᠢᠷᠭᠤᠭ᠎ᠠ) ᠢᠳᠡᠭᠡᠨ ᠤᠮᠳᠠᠭ᠋ᠠᠨ᠎ᠤ ᠦᠢ᠍ᠯᠡᠴᠢᠯᠡᠭᠡᠨ᠎ᠤ ᠬᠢᠨᠠᠯᠲᠠ ᠬᠠᠮᠢᠶᠠᠷᠤᠯᠲᠠ ᠵᠢᠨ ᠭᠠᠵᠠᠷ᠃ ᠢᠳᠡᠭᠡᠨ ᠤᠮᠳᠠᠭ᠋ᠠᠨ᠎ᠤ ᠦᠢ᠍ᠯᠡᠴᠢᠯᠡᠭᠡᠨ᠎ᠤ ᠭᠤᠭᠴᠤᠭ᠎ᠠ ᠵᠢᠨ ᠢᠳᠡᠭᠡᠨ᠎ᠤ ᠠᠮᠤᠷ ᠲᠦᠪᠰᠢᠨ᠎ᠤ ᠪᠠᠶ᠋ᠢᠳᠠᠯ᠂ ᠣᠷᠣᠰᠢᠵᠤ ᠪᠠᠶ᠋ᠢᠭ᠎ᠠ ᠠᠰᠠᠭᠤᠳᠠᠯ᠎ᠢ ᠵᠠᠳᠠᠯᠤᠨ ᠡᠵᠡᠮᠰᠢᠬᠦ ᠵᠢᠨ ᠬᠠᠮᠲᠤ ᠰᠠᠨᠠᠭᠤᠯᠭ᠎ᠠ ᠳᠤᠷᠠᠳᠤᠨ᠎ᠠ᠃ ᠢᠳᠡᠭᠡᠨ ᠤᠮᠳᠠᠭ᠋ᠠᠨ᠎ᠤ ᠦᠢ᠍ᠯᠡᠴᠢᠯᠡᠭᠡᠨ᠎ᠤ ᠭᠤᠭᠴᠤᠭ᠎ᠠ᠎ᠳᠤ ᠬᠢᠨᠠᠯᠲᠠ ᠲᠠᠯᠪᠢᠵᠤ ᠬᠠᠮᠢᠶᠠᠷᠬᠤ ᠪᠠ ᠢᠳᠡᠭᠡᠨ ᠤᠮᠳᠠᠭ᠋ᠠᠨ᠎ᠤ ᠦᠢ᠍ᠯᠡᠴᠢᠯᠡᠭᠡ ᠬᠠᠩᠭ᠋ᠠᠭᠴᠢ ᠵᠢᠨ ᠭᠤᠣᠯ ᠴᠣᠭᠴᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ ᠳᠦᠷᠢᠮ ᠪᠠ ᠠᠷᠭ᠎ᠠ ᠬᠡᠮᠵᠢᠶ᠎ᠡ ᠵᠢ ᠲᠤᠭᠤᠷᠪᠢᠨ ᠲᠣᠭᠲᠠᠭ᠋ᠠᠵᠤ᠂ ᠬᠢᠨᠠᠯᠲᠠ ᠲᠠᠯᠪᠢᠵᠤ ᠪᠠᠶ᠋ᠢᠴᠠᠭ᠋ᠠᠬᠤ ᠠᠵᠢᠯ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ ᠵᠢᠨ ᠬᠠᠮᠲᠤ ᠵᠢᠯᠣᠭᠤᠳᠤᠨ ᠥᠷᠨᠢᠭᠦᠯᠵᠦ᠂ ᠢᠳᠡᠭᠡᠨ ᠤᠮᠳᠠᠭ᠋ᠠᠨ᠎ᠤ ᠶᠠᠰᠤ ᠴᠢᠨᠠᠷ᠎ᠤᠨ ᠠᠮᠤᠷ ᠲᠦᠪᠰᠢᠨ᠎ᠢ ᠳᠡᠭᠡᠭᠰᠢᠯᠡᠭᠦᠯᠬᠦ ᠠᠵᠢᠯᠯᠠᠭ᠎ᠠ ᠵᠢ ᠬᠡᠷᠡᠭᠵᠢᠭᠦᠯᠦᠨ᠎ᠡ᠃ ᠴᠢᠬᠤᠯᠠ ᠶᠡᠭᠡ ᠠᠵᠢᠯᠯᠠᠭ᠎ᠠ ᠵᠢᠨ ᠢᠳᠡᠭᠡᠨ᠎ᠤ ᠠᠮᠤᠷ ᠲᠦᠪᠰᠢᠨ᠎ᠤ ᠪᠠᠲᠤᠯᠠᠭ᠎ᠠ ᠵᠢᠨ ᠠᠵᠢᠯ᠎ᠢ ᠵᠢᠯᠣᠭᠤᠳᠤᠨ᠎ᠠ᠃

   ᠬᠠᠷᠢᠯᠴᠠᠬᠤ ᠤᠲᠠᠰᠤ᠄ 0471-4507176

  (ᠠᠷᠪᠠᠨ ᠳᠣᠯᠣᠭ᠎ᠠ) ᠣᠨᠴᠠᠭ᠋ᠠᠢ ᠢᠳᠡᠭᠡᠨ᠎ᠤ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠭᠠᠵᠠᠷ᠃ ᠡᠷᠡᠭᠦᠯᠵᠢᠯ᠎ᠤᠨ ᠢᠳᠡᠭᠡᠨ᠂ ᠠᠨᠠᠭ᠋ᠠᠬᠤ ᠤᠬᠠᠭ᠋ᠠᠨ᠎ᠤ ᠣᠨᠴᠠᠭ᠋ᠠᠢ ᠬᠡᠷᠡᠭᠴᠡᠭᠡᠲᠦ ᠨᠠᠶ᠋ᠢᠷᠠᠯᠭ᠎ᠠ᠎ᠲᠠᠢ ᠢᠳᠡᠭᠡᠨ ᠪᠠ ᠨᠢᠯᠬ᠎ᠠ ᠬᠡᠦᠬᠡᠳ᠎ᠤᠨ ᠨᠠᠶ᠋ᠢᠷᠠᠯᠭ᠎ᠠ᠎ᠲᠠᠢ ᠰᠦᠨ ᠲᠠᠯᠬ᠎ᠠ ᠵᠡᠷᠭᠡ ᠣᠨᠴᠠᠭ᠋ᠠᠢ ᠢᠳᠡᠭᠡᠨ᠎ᠤ ᠬᠦᠷᠢᠶᠡᠨ᠎ᠳᠠᠬᠢ ᠠᠮᠤᠷ ᠲᠦᠪᠰᠢᠨ᠎ᠤ ᠪᠠᠶ᠋ᠢᠳᠠᠯ᠎ᠢ ᠵᠠᠳᠠᠯᠤᠨ ᠡᠵᠡᠮᠰᠢᠵᠦ᠂ ᠣᠨᠴᠠᠭ᠋ᠠᠢ ᠢᠳᠡᠭᠡᠨ᠎ᠢ ᠵᠥᠪᠰᠢᠶᠡᠷᠡᠬᠦ᠂ ᠳᠠᠩᠰᠠᠯᠠᠬᠤ᠂ ᠬᠢᠨᠠᠵᠤ ᠬᠠᠮᠢᠶᠠᠷᠬᠤ ᠠᠵᠢᠯ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃ ᠢᠳᠡᠰᠢᠨ ᠳᠠᠪᠤᠰᠤ ᠵᠢᠨ ᠦᠢ᠍ᠯᠡᠳᠪᠦᠷᠢᠯᠡᠯ᠂ ᠡᠵᠡᠩᠨᠡᠯᠲᠡ ᠵᠢᠨ ᠶᠠᠰᠤ ᠴᠢᠨᠠᠷ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠠᠵᠢᠯ᠎ᠢ ᠵᠣᠬᠢᠶᠠᠨ ᠪᠠᠶ᠋ᠢᠭᠤᠯᠤᠨ᠎ᠠ᠃

   ᠬᠠᠷᠢᠯᠴᠠᠬᠤ ᠤᠲᠠᠰᠤ᠄ 0471-4934951

  (ᠠᠷᠪᠠᠨ ᠨᠠᠢ᠍ᠮᠠ) ᠣᠨᠴᠠ ᠲᠥᠷᠥᠯ᠎ᠤᠨ ᠲᠥᠬᠥᠭᠡᠷᠦᠮᠵᠢ ᠵᠢᠨ ᠠᠮᠤᠷ ᠲᠦᠪᠰᠢᠨ᠎ᠤ ᠬᠢᠨᠠᠨ ᠪᠠᠢ᠌ᠴᠠᠭ᠋ᠠᠬᠤ ᠲᠤᠪᠴᠢᠶ᠎ᠠ᠃ ᠪᠥᠬᠦ ᠣᠷᠣᠨ᠎ᠤ ᠣᠨᠴᠠ ᠲᠥᠷᠥᠯ᠎ᠤᠨ ᠲᠣᠨᠤᠭ ᠲᠥᠬᠦᠭᠡᠷᠦᠮᠵᠢ ᠵᠢᠨ ᠠᠮᠤᠷ ᠲᠦᠪᠰᠢᠨ᠎ᠳᠤ ᠬᠢᠨᠠᠯᠲᠠ ᠲᠠᠯᠪᠢᠵᠤ ᠬᠠᠮᠢᠶᠠᠷᠬᠤ ᠵᠢ ᠬᠡᠷᠡᠭᠵᠢᠭᠦᠯᠵᠦ᠂ ᠡᠨᠧᠷᠭᠢ ᠵᠢᠨ ᠬᠤᠷᠣᠭᠳᠠᠯ ᠶᠡᠬᠡᠲᠡᠶ ᠣᠨᠴᠠ ᠲᠥᠷᠥᠯ᠎ᠤᠨ ᠲᠥᠬᠦᠭᠡᠷᠦᠮᠵᠢ ᠵᠢᠨ ᠡᠨᠧᠷᠭᠢ ᠠᠷᠪᠢᠯᠠᠬᠤ ᠪᠠᠷᠢᠮᠵᠢᠶ᠎ᠠ᠂ ᠭᠦᠸᠧᠯᠦ ᠵᠢᠨ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠪᠠᠷᠢᠮᠵᠢᠶ᠎ᠠ ᠵᠢ ᠬᠡᠷᠡᠭᠵᠢᠭᠦᠯᠵᠦ ᠪᠠᠶ᠋ᠢᠭ᠎ᠠ ᠪᠠᠶ᠋ᠢᠳᠠᠯ᠎ᠳᠤ ᠬᠢᠨᠠᠯᠲᠠ ᠲᠠᠯᠪᠢᠵᠤ ᠪᠠᠶ᠋ᠢᠴᠠᠭ᠋ᠠᠨ᠎ᠠ᠃ ᠲᠣᠭᠲᠠᠭ᠋ᠠᠭᠰᠠᠨ ᠡᠷᠬᠡ ᠮᠡᠳᠡᠯ ᠵᠶ᠋ᠠᠷ ᠵᠶ᠋ᠠᠨ ᠣᠨᠴᠠ ᠲᠥᠷᠥᠯ᠎ᠤᠨ ᠲᠥᠬᠦᠭᠡᠷᠦᠮᠵᠢ ᠵᠢᠨ ᠠᠳᠡᠯ᠎ᠢ ᠵᠣᠬᠢᠶᠠᠨ ᠪᠠᠶ᠋ᠢᠭᠤᠯᠤᠨ ᠪᠠᠶ᠋ᠢᠴᠠᠭ᠋ᠠᠨ ᠰᠢᠢ᠍ᠳᠪᠦᠷᠢᠯᠡᠬᠦ ᠵᠢᠨ ᠬᠠᠮᠲᠤ ᠪᠦᠷᠢᠳᠬᠡᠨ ᠵᠠᠳᠠᠯᠤᠨ᠎ᠠ᠃ ᠣᠨᠴᠠ ᠲᠥᠷᠥᠯ᠎ᠤᠨ ᠲᠣᠨᠤᠭ ᠲᠥᠬᠦᠭᠡᠷᠦᠮᠵᠢ ᠵᠢ ᠪᠠᠶ᠋ᠢᠴᠠᠭ᠋ᠠᠨ ᠰᠢᠯᠭ᠋ᠠᠵᠤ ᠪᠠᠶ᠋ᠢᠴᠠᠭ᠋ᠠᠨ ᠬᠡᠮᠵᠢᠬᠦ ᠪᠠᠶ᠋ᠢᠭᠤᠯᠤᠮᠵᠢ ᠪᠠ ᠪᠠᠶ᠋ᠢᠴᠠᠭ᠋ᠠᠨ ᠰᠢᠯᠭ᠋ᠠᠵᠤ ᠪᠠᠶ᠋ᠢᠴᠠᠭ᠋ᠠᠨ ᠬᠡᠮᠵᠢᠬᠦ ᠠᠵᠢᠯᠲᠠᠨ᠂ ᠠᠵᠢᠯᠯᠠᠭᠴᠢ ᠵᠢ ᠬᠢᠨᠠᠨ ᠬᠠᠮᠢᠶᠠᠷᠤᠨ᠎ᠠ᠃ ᠣᠨᠴᠠ ᠲᠥᠷᠥᠯ᠎ᠤᠨ ᠲᠣᠨᠤᠭ ᠲᠥᠬᠦᠭᠡᠷᠦᠮᠵᠢ ᠵᠢᠨ ᠠᠮᠤᠷ ᠲᠦᠪᠰᠢᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠤᠳᠤᠯᠭ᠋ᠠᠨ᠎ᠢ ᠠᠬᠢᠭᠤᠯᠬᠤ ᠵᠢᠨ ᠬᠠᠮᠲᠤ ᠳᠡᠯᠭᠡᠷᠡᠭᠦᠯᠦᠨ ᠬᠡᠷᠡᠭᠯᠡᠨ᠎ᠡ᠃

   ᠬᠠᠷᠢᠯᠴᠠᠬᠤ ᠤᠲᠠᠰᠤ᠄ 0471-6385715

  (ᠠᠷᠪᠠ ᠶᠢᠰᠦ) ᠬᠡᠮᠵᠢᠯᠲᠡ ᠵᠢᠨ ᠭᠠᠵᠠᠷ᠃ ᠬᠠᠤᠯᠢ᠎ᠪᠠᠷ ᠲᠣᠭᠲᠠᠭ᠋ᠠᠭᠰᠠᠨ ᠬᠡᠮᠵᠢᠭᠦᠷ᠎ᠤᠨ ᠨᠢᠭᠡᠴᠢ ᠪᠠ ᠤᠯᠤᠰ᠎ᠤᠨ ᠬᠡᠮᠵᠢᠭᠦᠷ᠎ᠤᠨ ᠲᠦᠷᠢᠮ᠎ᠢ ᠬᠡᠷᠡᠭᠵᠢᠭᠦᠯᠵᠦ᠂ ᠬᠡᠮᠵᠢᠭᠦᠷ᠎ᠤᠨ ᠪᠠᠷᠢᠮᠵᠢᠶ᠎ᠠ᠂ ᠬᠡᠮᠵᠢᠭᠦᠷ᠎ᠤᠨ ᠪᠠᠷᠢᠮᠵᠢᠶᠠᠲᠤ ᠪᠣᠳᠠᠰ ᠪᠠ ᠬᠡᠮᠵᠢᠯᠲᠡ ᠵᠢᠨ ᠪᠠᠭ᠋ᠠᠵᠢ ᠬᠡᠷᠡᠭᠰᠡᠯ᠎ᠤᠨ ᠬᠠᠮᠢᠶᠠᠷᠤᠯᠲᠠ ᠵᠢᠨ ᠠᠵᠢᠯ᠎ᠢ ᠡᠭᠦᠷᠭᠡᠯᠡᠵᠦ᠂ ᠬᠡᠮᠵᠢᠭᠳᠡᠬᠦᠨ᠎ᠢ ᠳᠠᠮᠵᠢᠭᠤᠯᠵᠤ ᠡᠬᠢ ᠡᠭᠦᠰᠦᠯ᠎ᠢ᠎ᠨᠢ ᠡᠷᠢᠬᠦ ᠪᠠ ᠬᠡᠮᠵᠢᠬᠦ ᠵᠢ ᠬᠠᠷᠢᠴᠠᠭᠤᠯᠬᠤ ᠠᠵᠢᠯ᠎ᠢ ᠵᠣᠬᠢᠶᠠᠨ ᠪᠠᠶ᠋ᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠬᠡᠮᠵᠢᠯᠲᠡ ᠵᠢᠨ ᠮᠡᠷᠭᠡᠵᠢᠯ᠎ᠤᠨ ᠵᠢᠷᠤᠮᠵᠢᠯ᠎ᠤᠨ ᠰᠢᠰᠲᠸᠮᠵᠢ ᠵᠢ ᠪᠠᠶ᠋ᠢᠭᠤᠯᠬᠤ ᠵᠢᠴᠢ ᠵᠣᠬᠢᠶᠠᠨ ᠪᠠᠶ᠋ᠢᠭᠤᠯᠵᠤ ᠬᠡᠷᠡᠭᠵᠢᠭᠦᠯᠬᠦ ᠠᠵᠢᠯ᠎ᠢ ᠡᠭᠦᠷᠭᠡᠯᠡᠨ᠎ᠡ᠃ ᠲᠠᠸᠠᠷ᠎ᠤᠨ ᠬᠡᠮᠵᠢᠶ᠎ᠡ᠂ ᠵᠠᠬ᠎ᠠ ᠳᠡᠯᠭᠡᠭᠦᠷ᠎ᠤᠨ ᠬᠡᠮᠵᠢᠯᠲᠡ ᠵᠢᠨ ᠠᠵᠢᠯᠯᠠᠭ᠎ᠠ᠂ ᠬᠡᠮᠵᠢᠯᠲᠡ ᠵᠢᠨ ᠬᠥᠨᠳᠡᠯᠡᠨ᠎ᠠᠴᠠ ᠲᠠᠰᠤᠯᠬᠤ ᠵᠢ ᠰᠢᠯᠭ᠋ᠠᠨ ᠲᠣᠭᠲᠠᠭ᠋ᠠᠬᠤ ᠪᠠ ᠬᠡᠮᠵᠢᠯᠲᠡ ᠵᠢᠨ ᠮᠡᠷᠭᠡᠵᠢᠯ᠎ᠤᠨ ᠪᠠᠶ᠋ᠢᠭᠤᠯᠤᠮᠵᠢ ᠵᠢᠴᠢ ᠠᠵᠢᠯᠲᠠᠨ᠎ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ᠎ᠢ ᠡᠭᠦᠷᠭᠡᠯᠡᠨ᠎ᠡ᠃ ᠬᠡᠮᠵᠢᠯᠲᠡ ᠵᠢᠨ ᠲᠣᠭ᠎ᠠ ᠪᠠᠷᠢᠮᠲᠠ ᠵᠢᠨ ᠬᠡᠷᠡᠭᠯᠡᠯᠲᠡ ᠵᠢ ᠵᠢᠷᠤᠮᠵᠢᠭᠤᠯᠤᠨ᠎ᠠ᠃

   ᠬᠠᠷᠢᠯᠴᠠᠬᠤ ᠤᠲᠠᠰᠤ᠄ 0471-4506017

  (ᠬᠤᠷᠢᠨ) ᠪᠠᠷᠢᠮᠵᠢᠶᠠᠵᠢᠭᠤᠯᠤᠯᠲᠠ ᠵᠢᠨ ᠭᠠᠵᠠᠷ᠃ ᠪᠠᠷᠢᠮᠵᠢᠶᠠᠵᠢᠭᠤᠯᠤᠯᠲᠠ ᠵᠢᠨ ᠠᠵᠢᠯ᠎ᠤᠨ ᠨᠢᠭᠡᠳᠦᠯᠲᠡᠶ ᠬᠠᠮᠢᠶᠠᠷᠤᠯᠲᠠ ᠵᠢ ᠬᠠᠷᠢᠭᠤᠴᠠᠨ᠎ᠠ᠃ ᠣᠷᠣᠨ ᠨᠤᠲᠤᠭ᠎ᠤᠨ ᠪᠠᠷᠢᠮᠵᠢᠶ᠎ᠠ ᠵᠢ ᠵᠣᠬᠢᠶᠠᠨ ᠪᠠᠶ᠋ᠢᠭᠤᠯᠤᠨ ᠲᠣᠭᠲᠠᠭ᠋ᠠᠬᠤ᠂ ᠳ᠋ᠤᠭ᠋ᠠᠷᠯᠠᠬᠤ᠂ ᠨᠡᠶ᠋ᠢᠲᠡᠯᠡᠬᠦ᠂ ᠬᠢᠨᠠᠯᠲᠠ ᠲᠠᠯᠪᠢᠬᠤ ᠵᠡᠷᠭᠡ ᠠᠵᠢᠯ᠎ᠢ ᠡᠭᠦᠷᠭᠡᠯᠡᠵᠦ᠂ ᠪᠦᠯᠬᠦᠮ᠎ᠤᠨ ᠪᠠᠷᠢᠮᠵᠢᠶ᠎ᠠ᠂ ᠠᠵᠤ ᠠᠬᠤᠶ᠋ᠢᠯᠠᠯ᠎ᠤᠨ ᠪᠠᠷᠢᠮᠵᠢᠶ᠎ᠠ ᠵᠢ ᠲᠣᠭᠲᠠᠭ᠋ᠠᠬᠤ ᠠᠵᠢᠯ᠎ᠢ ᠵᠣᠬᠢᠴᠠᠭᠤᠯᠤᠨ ᠵᠢᠯᠣᠭᠤᠳᠤᠨ᠎ᠠ᠃ ᠪᠠᠷᠢᠮᠵᠢᠶᠠᠵᠢᠭᠤᠯᠬᠤ ᠲᠤᠷᠰᠢᠯᠲᠠ ᠵᠢᠨ ᠴᠡᠭ᠎ᠤᠨ ᠵᠢᠱ᠌ᠢᠶ᠎ᠡ ᠦᠵᠡᠭᠦᠯᠬᠦ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠦᠨ᠎ᠡ᠃ ᠨᠢᠭᠡᠳᠦᠯᠲᠡᠶ ᠨᠡᠶ᠋ᠢᠭᠡᠮ᠎ᠤᠨ ᠢᠲᠡᠭᠡᠮᠵᠢ ᠵᠢᠨ ᠣᠷᠣᠯᠠᠬᠤ ᠨᠣᠮᠧᠷ᠂ ᠲᠠᠸᠠᠷ᠎ᠤᠨ ᠵᠢᠷᠤᠭ᠋ᠠᠰᠤᠨ ᠺᠣᠳ᠋ ᠵᠢᠴᠢ ᠢᠯᠭ᠋ᠠᠬᠤ ᠲᠡᠮᠳᠡᠭ ᠪᠣᠯᠤᠨ ᠪᠦᠬᠦ ᠣᠷᠣᠨ᠎ᠤ ᠲᠤᠰᠬᠠᠶ ᠪᠠᠷᠢᠮᠵᠢᠶᠠᠵᠢᠭᠤᠯᠬᠤ ᠮᠡᠷᠭᠡᠵᠢᠯ᠎ᠤᠨ ᠺᠣᠮᠢᠰ᠎ᠤᠨ ᠬᠠᠮᠢᠶᠠᠷᠤᠯᠲᠠ ᠵᠢᠨ ᠠᠵᠢᠯ᠎ᠢ ᠡᠭᠦᠷᠭᠡᠯᠡᠨ᠎ᠡ᠃ ᠪᠠᠷᠢᠮᠵᠢᠶᠠᠵᠢᠭᠤᠯᠤᠨ ᠵᠣᠬᠢᠴᠠᠭᠤᠯᠬᠤ ᠵᠣᠬᠢᠴᠠᠮᠵᠢ ᠵᠢᠨ ᠡᠳᠦᠷ ᠲᠤᠲᠤᠮ᠎ᠤᠨ ᠠᠵᠢᠯ᠎ᠢ ᠬᠠᠷᠢᠭᠤᠴᠠᠨ᠎ᠠ᠃

   ᠬᠠᠷᠢᠯᠴᠠᠬᠤ ᠤᠲᠠᠰᠤ᠄ 0471-6628243

  (ᠬᠣᠷᠢᠨ ᠨᠢᠭᠡ) ᠭᠡᠷᠡᠴᠢᠯᠡᠵᠦ ᠵᠥᠪᠰᠢᠶᠡᠷᠡᠬᠦ ᠪᠠ ᠪᠠᠶ᠋ᠢᠴᠠᠭ᠋ᠠᠨ ᠰᠢᠯᠭ᠋ᠠᠵᠤ ᠪᠠᠶ᠋ᠢᠴᠠᠭ᠋ᠠᠨ ᠬᠡᠮᠵᠢᠬᠦ ᠬᠢᠨᠠᠯᠲᠠ ᠬᠠᠮᠢᠶᠠᠷᠤᠯᠲᠠ ᠵᠢᠨ ᠭᠠᠵᠠᠷ᠃ ᠭᠡᠷᠡᠴᠢᠯᠡᠨ ᠵᠥᠪᠰᠢᠶᠡᠷᠡᠬᠦ ᠪᠠ ᠪᠠᠶ᠋ᠢᠴᠠᠭ᠋ᠠᠨ ᠰᠢᠯᠭ᠋ᠠᠵᠤ ᠪᠠᠶ᠋ᠢᠴᠠᠭ᠋ᠠᠨ ᠰᠢᠨᠵᠢᠬᠦ ᠬᠢᠨᠠᠯᠲᠠ ᠬᠠᠮᠢᠶᠠᠷᠤᠯᠲᠠ ᠵᠢᠨ ᠳᠦᠷᠢᠮ᠎ᠢ ᠲᠤᠭᠤᠷᠪᠢᠨ ᠲᠣᠭᠲᠠᠭ᠋ᠠᠵᠤ ᠬᠡᠷᠡᠭᠵᠢᠭᠦᠯᠦᠨ᠎ᠡ᠃ ᠰᠠᠶ᠋ᠢᠨ ᠳᠤᠷ᠎ᠠ ᠵᠢᠨ ᠴᠢᠨᠠᠷᠲᠠᠶ ᠭᠡᠷᠡᠴᠢᠯᠡᠬᠦ ᠪᠠ ᠠᠯᠪᠠᠳᠠᠯᠭ᠎ᠠ ᠵᠢᠨ ᠴᠢᠨᠠᠷᠲᠠᠶ ᠦᠢ᠍ᠯᠡᠳᠬᠦᠨ᠎ᠤ ᠭᠡᠷᠡᠴᠢᠯᠡᠬᠦ ᠠᠵᠢᠯ᠎ᠢ ᠬᠢᠨᠠᠨ ᠬᠠᠮᠢᠶᠠᠷᠴᠤ᠂ ᠪᠠᠶ᠋ᠢᠴᠠᠭ᠋ᠠᠨ ᠰᠢᠯᠭ᠋ᠠᠵᠤ ᠪᠠᠶ᠋ᠢᠴᠠᠭ᠋ᠠᠨ ᠬᠡᠮᠵᠢᠬᠦ ᠪᠠᠶ᠋ᠢᠭᠤᠯᠤᠮᠵᠢ ᠵᠢᠨ ᠬᠢᠷᠢ ᠬᠡᠮ᠎ᠢ ᠮᠠᠭ᠋ᠠᠳᠯᠠᠨ ᠲᠣᠭᠲᠠᠭ᠋ᠠᠬᠤ ᠬᠠᠮᠢᠶᠠᠷᠤᠯᠲᠠ ᠵᠢᠨ ᠠᠵᠢᠯ᠎ᠢ ᠡᠭᠦᠷᠭᠡᠯᠡᠨ᠎ᠡ᠃ ᠭᠡᠷᠡᠴᠢᠯᠡᠵᠦ ᠵᠥᠪᠰᠢᠶᠡᠷᠡᠬᠦ᠂ ᠪᠠᠶ᠋ᠢᠴᠠᠭ᠋ᠠᠨ ᠰᠢᠯᠭ᠋ᠠᠵᠤ ᠪᠠᠶ᠋ᠢᠴᠠᠭ᠋ᠠᠨ ᠬᠡᠮᠵᠢᠬᠦ ᠠᠵᠢᠯ ᠲᠥᠷᠥᠯ᠎ᠤᠨ ᠬᠥᠭᠵᠢᠯᠲᠡ ᠵᠢ ᠨᠢᠭᠡᠳᠦᠯᠲᠡᠶ ᠲᠥᠯᠥᠪᠯᠡᠨ᠂ ᠪᠠᠶ᠋ᠢᠴᠠᠭ᠋ᠠᠨ ᠰᠢᠯᠭ᠋ᠠᠵᠤ ᠪᠠᠶ᠋ᠢᠴᠠᠭ᠋ᠠᠨ ᠬᠡᠮᠵᠢᠬᠦ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠬᠦ ᠪᠠ ᠥᠭᠡᠷᠡᠴᠢᠯᠡᠬᠦ ᠵᠢ ᠵᠣᠬᠢᠶᠠᠨ ᠪᠠᠶ᠋ᠢᠭᠤᠯᠤᠨ ᠵᠣᠬᠢᠴᠠᠭᠤᠯᠤᠨ᠎ᠠ᠃

   ᠬᠠᠷᠢᠯᠴᠠᠬᠤ ᠤᠲᠠᠰᠤ᠄ 0471-6385867

  (ᠬᠣᠷᠢᠨ ᠬᠣᠶᠠᠷ) ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠥᠭᠵᠢᠯᠲᠡ ᠵᠢᠨ ᠭᠠᠵᠠᠷ᠃ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠪᠠᠶ᠋ᠢᠯᠳᠤᠬᠤ ᠪᠣᠳᠣᠯᠭ᠎ᠠ ᠵᠢᠨ ᠲᠥᠯᠥᠪᠵᠢᠭᠦᠯᠭᠡ ᠵᠢ ᠲᠤᠭᠤᠷᠪᠢᠨ ᠲᠣᠭᠲᠠᠭ᠋ᠠᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃ ᠮᠡᠳᠡᠯᠭᠡ ᠵᠢᠨ ᠥᠮᠴᠢᠯᠡᠯ᠎ᠤᠨ ᠡᠷᠬᠡ᠎ᠪᠠᠷ ᠣᠷᠣᠨ ᠵᠶ᠋ᠠᠨ ᠬᠦᠴᠦᠷᠬᠡᠭᠵᠢᠭᠦᠯᠬᠦ ᠪᠠᠶ᠋ᠢᠭᠤᠯᠤᠯᠲᠠ ᠵᠢ ᠠᠬᠢᠭᠤᠯᠵᠤ᠂ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠮᠡᠳᠡᠭᠡ ᠵᠠᠩᠭᠢ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠢᠰᠲ᠋ᠧᠮᠵᠢ ᠵᠢᠨ ᠪᠠᠶ᠋ᠢᠭᠤᠯᠤᠯᠲᠠ ᠵᠢ ᠨᠢᠭᠡᠳᠦᠯᠲᠡᠶ ᠲᠥᠯᠥᠪᠯᠡᠨ ᠵᠢᠯᠣᠭᠤᠳᠤᠨ᠎ᠠ᠃ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠲᠤᠷᠰᠢᠯᠲᠠ ᠵᠢᠨ ᠴᠡᠭ᠎ᠤᠨ ᠵᠢᠱ᠌ᠢᠶ᠎ᠡ ᠦᠵᠡᠭᠦᠯᠬᠦ ᠠᠵᠢᠯ᠎ᠢ ᠡᠭᠦᠷᠭᠡᠯᠡᠵᠦ᠂ ᠮᠡᠳᠡᠯᠭᠡ ᠵᠢᠨ ᠥᠮᠴᠢᠯᠡᠯ᠎ᠤᠨ ᠡᠷᠬᠡ ᠵᠢ ᠤᠷᠮᠠᠰᠢᠭᠤᠯᠤᠨ ᠱᠠᠩᠨᠠᠬᠤ᠂ ᠡᠭᠦᠳᠦᠨ ᠪᠦᠲᠦᠭᠡᠵᠦ ᠬᠡᠷᠡᠭᠯᠡᠬᠦ ᠵᠢᠨ ᠬᠠᠮᠢᠶᠠᠷᠤᠯᠲᠠ ᠵᠢᠨ ᠲᠥᠷᠥ ᠵᠢᠨ ᠪᠣᠳᠣᠯᠭ᠎ᠠ ᠵᠢ ᠲᠣᠭᠲᠠᠭ᠋ᠠᠨ ᠬᠡᠷᠡᠭᠵᠢᠭᠦᠯᠵᠦ᠂ ᠮᠡᠳᠡᠯᠭᠡ ᠵᠢᠨ ᠥᠮᠴᠢᠯᠡᠯ᠎ᠤᠨ ᠡᠷᠬᠡ ᠵᠢ ᠵᠠᠳᠠᠯᠤᠨ ᠦᠨᠡᠯᠡᠬᠦ᠂ ᠬᠡᠷᠡᠭᠯᠡᠬᠦ ᠵᠢᠴᠢ ᠪᠠᠷᠢᠮᠵᠢᠶᠠᠵᠢᠭᠤᠯᠬᠤ ᠰᠢᠰᠲ᠋ᠧᠮᠵᠢ ᠵᠢᠨ ᠪᠠᠶ᠋ᠢᠭᠤᠯᠤᠯᠲᠠ ᠵᠢ ᠡᠭᠦᠷᠭᠡᠯᠡᠨ᠎ᠡ᠃ ᠳᠠᠨᠵᠢᠯᠠᠵᠤ ᠪᠡᠯᠡ ᠲᠣᠬᠢᠷᠠᠭᠤᠯᠬᠤ᠂ ᠳᠠᠯᠳᠠ ᠡᠳ᠋ ᠬᠥᠷᠥᠩᠭᠡ ᠵᠢ ᠦᠨᠡᠯᠡᠨ ᠵᠢᠱ᠌ᠢᠬᠦ ᠵᠢᠴᠢ ᠠᠶ᠋ᠢᠮᠠᠭ ᠬᠤᠲᠠ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠵᠢᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠠᠵᠢᠯ᠎ᠢ ᠵᠣᠬᠢᠴᠠᠭᠤᠯᠤᠨ ᠵᠢᠯᠣᠭᠤᠳᠴᠤ᠂ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠵᠢ ᠠᠬᠢᠭᠤᠯᠤᠨ᠎ᠠ᠃

   ᠬᠠᠷᠢᠯᠴᠠᠬᠤ ᠤᠲᠠᠰᠤ᠄ 0471- 6385195

  (ᠬᠤᠷᠢᠨ ᠭᠤᠷᠪᠠ) ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠵᠢᠨ ᠭᠠᠵᠠᠷ᠃ ᠲᠠᠸᠠᠷ᠎ᠤᠨ ᠲᠡᠮᠳᠡᠭ᠂ ᠲᠤᠰᠬᠠᠶ ᠠᠰᠢᠭ᠎ᠤᠨ ᠬᠠᠮᠠᠭ᠋ᠠᠯᠠᠯᠲᠠ ᠵᠡᠷᠭᠡ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭᠲᠠᠭ᠋ᠠᠯ᠎ᠤᠨ ᠲᠥᠰᠦᠯ ᠵᠢᠴᠢ ᠬᠠᠮᠢᠶ᠎ᠠ ᠪᠥᠬᠦᠶ ᠲᠦᠷᠢᠮ᠂ ᠲᠥᠷᠥ ᠵᠢᠨ ᠪᠣᠳᠣᠯᠭ᠎ᠠ ᠵᠢ ᠲᠤᠭᠤᠷᠪᠢᠨ ᠲᠣᠭᠲᠠᠭ᠋ᠠᠨ᠎ᠠ᠃ ᠰᠢᠨ᠎ᠡ ᠬᠦᠷᠢᠶ᠎ᠡ ᠴᠠᠷᠠᠭ᠎ᠠ᠂ ᠰᠢᠨ᠎ᠡ ᠡᠵᠡᠩᠨᠡᠯᠲᠡ ᠵᠢᠨ ᠬᠡᠯᠪᠡᠷᠢ᠂ ᠰᠢᠨ᠎ᠡ ᠵᠠᠭᠪᠤᠷ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠬᠤ᠂ ᠬᠠᠮᠢᠶᠠᠷᠬᠤ ᠪᠠ ᠦᠢ᠍ᠯᠡᠴᠢᠯᠡᠬᠦ ᠵᠢ ᠵᠣᠷᠢᠭᠵᠢᠭᠤᠯᠬᠤ ᠲᠥᠷᠥ ᠵᠢᠨ ᠪᠣᠳᠣᠯᠭ᠎ᠠ ᠵᠢ ᠲᠤᠭᠤᠷᠪᠢᠨ ᠲᠣᠭᠲᠠᠭ᠋ᠠᠵᠤ ᠬᠡᠷᠡᠭᠵᠢᠭᠦᠯᠦᠨ᠎ᠡ᠃ ᠤᠤᠯ ᠭᠠᠷᠤᠯᠲᠠ ᠵᠢᠨ ᠭᠠᠵᠠᠷ᠎ᠤᠨ ᠭᠠᠵᠠᠷ ᠵᠦᠢ ᠵᠢᠨ ᠲᠡᠮᠳᠡᠭ ᠵᠡᠷᠭᠡ ᠠᠯᠪᠠᠨ᠎ᠤ ᠲᠠᠯ᠎ᠠ ᠵᠢᠨ ᠬᠠᠮᠠᠭ᠋ᠠᠯᠠᠯᠲᠠ ᠵᠢ ᠡᠭᠦᠷᠭᠡᠯᠡᠵᠦ᠂ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠮᠠᠷᠭᠤᠯᠳᠤᠭ᠋ᠠᠨ᠎ᠢ ᠰᠢᠢ᠍ᠳᠪᠦᠷᠢᠯᠡᠬᠦ᠂ ᠡᠷᠬᠡ᠎ᠪᠠᠨ ᠬᠠᠮᠠᠭ᠋ᠠᠯᠠᠬᠤ᠎ᠳᠤ ᠲᠤᠰᠠᠯᠠᠬᠤ ᠪᠠ ᠵᠢᠭᠤᠷᠠᠯᠳᠤᠭ᠋ᠠᠨ᠎ᠢ ᠡᠶᠡᠳᠡᠭᠦᠯᠦᠨ ᠰᠢᠢ᠍ᠳᠪᠦᠷᠢᠯᠡᠬᠦ ᠵᠡᠷᠭᠡ ᠠᠵᠢᠯ᠎ᠢ ᠵᠢᠯᠣᠭᠤᠳᠤᠨ᠎ᠠ᠃ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠦᠢ᠍ᠯᠡᠴᠢᠯᠡᠭᠡᠨ᠎ᠤ ᠪᠠᠶ᠋ᠢᠭᠤᠯᠤᠮᠵᠢ᠎ᠳᠤ ᠬᠢᠨᠠᠯᠲᠠ ᠲᠠᠯᠪᠢᠨ ᠬᠠᠮᠢᠶᠠᠷᠤᠨ᠎ᠠ᠃ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠠᠭ᠋ᠠᠯᠠᠬᠤ ᠰᠢᠰᠲ᠋ᠧᠮᠵᠢ ᠪᠠ ᠬᠠᠤᠯᠢ ᠬᠡᠷᠡᠭᠵᠢᠭᠦᠯᠬᠦ ᠵᠢᠨ ᠬᠠᠮᠵᠢᠯᠴᠠᠬᠤ ᠵᠣᠬᠢᠴᠠᠮᠵᠢ ᠵᠢᠨ ᠪᠠᠶ᠋ᠢᠭᠤᠯᠤᠯᠲᠠ ᠵᠢ ᠠᠬᠢᠭᠤᠯᠤᠨ᠎ᠠ᠃

   ᠬᠠᠷᠢᠯᠴᠠᠬᠤ ᠤᠲᠠᠰᠤ᠄ 0471-4505185

  (ᠬᠤᠷᠢᠨ ᠳᠥᠷᠪᠡ) ᠴᠢᠯᠠᠭᠤᠨ ᠲᠣᠰᠣ ᠪᠣᠯᠣᠨ ᠬᠢᠮᠢ ᠵᠢᠨ ᠠᠵᠤ ᠦᠢ᠍ᠯᠡᠳᠪᠦᠷᠢ ᠵᠢᠨ ᠭᠠᠵᠠᠷ᠃ ᠴᠢᠯᠠᠭᠤᠨ ᠲᠣᠰᠣ ᠪᠣᠯᠤᠨ ᠬᠢᠮᠢ ᠵᠢᠨ ᠠᠵᠤ ᠦᠢ᠍ᠯᠡᠳᠪᠦᠷᠢ ᠵᠢᠨ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠶᠠᠰᠤ ᠴᠢᠨᠠᠷ᠎ᠲᠤ ᠬᠢᠨᠠᠯᠲᠠ ᠲᠠᠯᠪᠢᠬᠤ ᠬᠣᠯᠪᠤᠭᠳᠠᠯ ᠪᠦᠬᠦᠢ ᠬᠠᠮᠢᠶᠠᠷᠤᠯᠲᠠ ᠵᠢᠨ ᠳᠦᠷᠢᠮ᠎ᠢ ᠲᠣᠭᠲᠠᠭ᠋ᠠᠨ ᠲᠡᠭᠦᠯᠳᠡᠷᠵᠢᠭᠦᠯᠦᠨ᠎ᠡ᠃ ᠪᠦᠬᠦ ᠣᠷᠣᠨ᠎ᠤ ᠴᠢᠯᠠᠭᠤᠨ ᠲᠣᠰᠣ ᠪᠣᠯᠤᠨ ᠬᠢᠮᠢ ᠵᠢᠨ ᠠᠵᠤ ᠦᠢ᠍ᠯᠡᠳᠪᠦᠷᠢ ᠵᠢᠨ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠶᠠᠰᠤ ᠴᠢᠨᠠᠷ᠎ᠲᠤ ᠬᠢᠨᠠᠯᠲᠠ ᠲᠠᠯᠪᠢᠬᠤ ᠵᠢ ᠬᠠᠷᠢᠭᠤᠴᠠᠵᠤ᠂ ᠠᠵᠤ ᠠᠬᠤᠶ᠋ᠢᠯᠠᠯ᠎ᠤᠨ ᠴᠢᠯᠠᠭᠤᠨ ᠲᠣᠰᠣ ᠪᠣᠯᠤᠨ ᠬᠢᠮᠢ ᠵᠢᠨ ᠠᠵᠤ ᠦᠢ᠍ᠯᠡᠳᠪᠦᠷᠢ ᠵᠢᠨ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ᠎ᠳᠤ ᠬᠢᠨᠠᠯᠲᠠ ᠲᠠᠯᠪᠢᠬᠤ ᠭᠤᠶᠤᠴᠢᠯᠠᠨ ᠮᠡᠳᠡᠭᠦᠯᠬᠦ ᠵᠢ ᠬᠦᠯᠢᠶᠡᠨ ᠠᠪᠴᠤ᠂ ᠴᠢᠯᠠᠭᠤᠨ ᠲᠣᠰᠣ ᠪᠣᠯᠤᠨ ᠬᠢᠮᠢ ᠵᠢᠨ ᠠᠵᠤ ᠦᠢ᠍ᠯᠡᠳᠪᠦᠷᠢ ᠵᠢᠨ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢ ᠰᠢᠯᠭ᠋ᠠᠨ ᠠᠪᠴᠤ ᠳᠠᠩᠰᠠᠯᠠᠭᠤᠯᠬᠤ ᠵᠢ ᠭᠦᠢ᠍ᠴᠡᠳᠬᠡᠨ᠎ᠡ᠃ ᠴᠢᠯᠠᠭᠤᠨ ᠲᠣᠰᠣ ᠪᠣᠯᠤᠨ ᠬᠢᠮᠢ ᠵᠢᠨ ᠠᠵᠤ ᠦᠢ᠍ᠯᠡᠳᠪᠦᠷᠢ ᠵᠢᠨ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠶᠠᠰᠤ ᠴᠢᠨᠠᠷ᠎ᠲᠤ ᠲᠤᠰᠬᠠᠶ ᠬᠢᠨᠠᠯᠲᠠ ᠲᠠᠯᠪᠢᠵᠤ ᠪᠠᠶ᠋ᠢᠴᠠᠭ᠋ᠠᠬᠤ ᠵᠢ ᠵᠣᠬᠢᠶᠠᠨ ᠪᠠᠶ᠋ᠢᠭᠤᠯᠤᠨ᠎ᠠ᠃ ᠴᠢᠯᠠᠭᠤᠨ ᠲᠣᠰᠣ ᠪᠣᠯᠤᠨ ᠬᠢᠮᠢ ᠵᠢᠨ ᠠᠵᠤ ᠦᠢ᠍ᠯᠡᠳᠪᠦᠷᠢ ᠵᠢᠨ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠶᠠᠰᠤ ᠴᠢᠨᠠᠷ᠎ᠤᠨ ᠬᠣᠯᠪᠤᠭᠳᠠᠯ ᠪᠦᠬᠦᠢ ᠵᠠᠭ᠋ᠠᠯᠳᠤᠯᠭ᠎ᠠ ᠵᠢ ᠬᠦᠯᠢᠶᠡᠨ  ᠠᠪᠴᠤ ᠰᠢᠢ᠍ᠳᠪᠦᠷᠢᠯᠡᠨ᠎ᠡ᠃ ᠴᠢᠯᠠᠭᠤᠨ ᠲᠣᠰᠣ ᠪᠣᠯᠤᠨ ᠬᠢᠮᠢ ᠵᠢᠨ ᠠᠵᠤ ᠦᠢ᠍ᠯᠡᠳᠪᠦᠷᠢ ᠵᠢᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠶᠠᠰᠤ ᠴᠢᠨᠠᠷ᠎ᠤᠨ ᠡᠨᠳᠡᠯ᠎ᠢ ᠪᠠᠶ᠋ᠢᠴᠠᠭ᠋ᠠᠬᠤ ᠪᠠ ᠰᠢᠢ᠍ᠳᠪᠦᠷᠢᠯᠡᠬᠦ᠎ᠳᠤ ᠣᠷᠣᠯᠴᠠᠨ᠎ᠠ᠃

   ᠬᠠᠷᠢᠯᠴᠠᠬᠤ ᠤᠲᠠᠰᠤ᠄ 0471-6385161

  (ᠬᠤᠷᠢᠨ ᠲᠠᠪᠤ) ᠰᠢᠨᠵᠢᠯᠡᠬᠦ ᠤᠬᠠᠭ᠍ᠠᠨ ᠮᠡᠷᠭᠡᠵᠢᠯ ᠪᠠ ᠮᠡᠳᠡᠭᠡ ᠵᠠᠩᠭᠢᠵᠢᠯᠲᠠ ᠵᠢᠨ ᠭᠠᠵᠠᠷ᠃ ᠬᠣᠯᠪᠤᠭᠳᠠᠯ ᠪᠦᠬᠦᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠥᠭᠵᠢᠯᠲᠡ ᠵᠢᠨ ᠲᠥᠯᠥᠪᠵᠢᠭᠦᠯᠭᠡ ᠵᠢ ᠲᠤᠭᠤᠷᠪᠢᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠶᠠᠰᠤ ᠴᠢᠨᠠᠷ᠎ᠤᠨ ᠰᠠᠭᠤᠷᠢ ᠲᠥᠬᠦᠭᠡᠷᠦᠮᠵᠢ ᠵᠡᠷᠭᠡ ᠴᠢᠬᠤᠯᠠ ᠶᠡᠭᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠡᠷᠡᠭᠴᠡᠭᠡ ᠱᠠᠭ᠋ᠠᠷᠳᠠᠯᠭ᠎ᠠ ᠵᠢ ᠳᠤᠷᠠᠳᠴᠤ᠂ ᠬᠣᠯᠪᠤᠭᠳᠠᠯ ᠪᠦᠬᠦᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠣᠭᠤᠮᠲᠠ ᠰᠢᠪᠲᠤᠯᠬᠤ᠂ ᠬᠠᠮᠲᠤᠷᠠᠯᠴᠠᠨ ᠰᠣᠯᠢᠯᠴᠠᠬᠤ᠂ ᠦᠷ᠎ᠡ ᠪᠦᠲᠦᠭᠡᠯ᠎ᠢ ᠬᠡᠷᠡᠭᠯᠡᠬᠦ ᠵᠡᠷᠭᠡ ᠠᠵᠢᠯ᠎ᠢ ᠡᠭᠦᠷᠭᠡᠯᠡᠨ᠎ᠡ᠃ ᠪᠦᠬᠦ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠢᠰᠲ᠋ᠧᠮ᠎ᠤᠨ ᠮᠡᠳᠡᠭᠡ ᠵᠠᠩᠭᠢᠵᠢᠯᠲᠠ ᠵᠢᠨ ᠪᠠᠶ᠋ᠢᠭᠤᠯᠤᠯᠲᠠ ᠵᠢ ᠨᠢᠭᠡᠳᠦᠯᠲᠡᠶ ᠲᠥᠯᠥᠪᠵᠢᠭᠦᠯᠬᠦ᠂ ᠵᠢᠯᠣᠭᠤᠳᠤᠨ ᠬᠡᠷᠡᠭᠵᠢᠭᠦᠯᠬᠦ ᠵᠡᠷᠭᠡ ᠠᠵᠢᠯ᠎ᠢ ᠡᠭᠦᠷᠭᠡᠯᠡᠨ᠎ᠡ᠃

   ᠬᠠᠷᠢᠯᠴᠠᠬᠤ ᠤᠲᠠᠰᠤ᠄ 0471-6628303

  (ᠬᠤᠷᠢᠨ ᠵᠢᠷᠭᠤᠭ᠎ᠠ) ᠡᠳ᠋᠎ᠤᠨ ᠶᠠᠪᠤᠳᠠᠯ᠎ᠤᠨ ᠭᠠᠵᠠᠷ᠃ ᠪᠠᠶ᠋ᠢᠭᠤᠯᠭ᠎ᠠ ᠪᠣᠯᠤᠨ ᠬᠠᠷᠢᠶ᠎ᠠ ᠨᠢᠭᠡᠴᠢ ᠵᠢᠨ ᠲᠥᠰᠦᠪ ᠪᠠ ᠲᠥᠰᠦᠪ᠎ᠤᠨ ᠭᠦᠢ᠍ᠴᠡᠳᠬᠡᠯ᠂ ᠭᠠᠶ᠋ᠢᠯᠢ ᠵᠢᠨ ᠪᠤᠰᠤ ᠣᠷᠣᠯᠭ᠎ᠠ᠂ ᠡᠳ᠋᠎ᠤᠨ ᠶᠠᠪᠤᠳᠠᠯ᠎ᠤᠨ ᠬᠢᠨᠠᠨ ᠪᠤᠳᠤᠯᠲᠠ᠂ ᠤᠯᠤᠰ᠎ᠤᠨ ᠥᠮᠴᠢᠯᠡᠯᠲᠦ ᠡᠳ᠋ ᠬᠥᠷᠥᠩᠭᠡ᠂ ᠦᠨᠳᠦᠰᠦᠨ ᠪᠦᠲᠦᠭᠡᠨ ᠪᠠᠶ᠋ᠢᠭᠤᠯᠤᠯᠲᠠ ᠪᠣᠯᠤᠨ ᠡᠯ᠎ᠡ ᠲᠥᠷᠥᠯ᠎ᠤᠨ ᠪᠡᠯᠡ ᠮᠥᠩᠭᠦ᠂ ᠲᠤᠰᠬᠠᠶ ᠬᠡᠷᠡᠭᠯᠡᠬᠦ ᠰᠠᠭᠤᠷᠢ ᠮᠥᠩᠭᠦ ᠵᠢᠴᠢ ᠦᠢ᠍ᠯᠡᠳᠴᠦ ᠤᠭᠰᠠᠷᠠᠬᠤ ᠬᠠᠮᠢᠶᠠᠷᠤᠯᠲᠠ ᠵᠢᠨ ᠠᠵᠢᠯ᠎ᠢ ᠡᠭᠦᠷᠭᠡᠯᠡᠨ᠎ᠡ᠃ ᠡᠯ᠎ᠡ ᠲᠥᠷᠥᠯ᠎ᠤᠨ ᠪᠡᠯᠡ ᠮᠥᠩᠭᠦ ᠵᠢᠨ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠵᠢᠨ ᠠᠵᠢᠯ᠎ᠢ ᠡᠭᠦᠷᠭᠡᠯᠡᠨ᠎ᠡ᠃ ᠪᠦᠬᠦ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠢᠰᠲ᠋ᠧᠮ᠎ᠤᠨ ᠲᠣᠨᠣᠭᠯᠠᠯ ᠲᠣᠬᠢᠷᠠᠭᠤᠯᠬᠤ ᠠᠵᠢᠯ᠎ᠢ ᠵᠢᠯᠣᠭᠤᠳᠤᠨ᠎ᠠ᠃

   ᠬᠠᠷᠢᠯᠴᠠᠬᠤ ᠤᠲᠠᠰᠤ᠄ 0471-6628257

  (ᠬᠣᠷᠢᠨ ᠳᠣᠯᠣᠭ᠎ᠠ) ᠠᠵᠢᠯᠲᠠᠨ᠎ᠤ ᠶᠠᠪᠤᠳᠠᠯ᠎ᠤᠨ ᠭᠠᠵᠠᠷ᠃ ᠪᠠᠶ᠋ᠢᠭᠤᠯᠭ᠎ᠠ ᠵᠢᠨ ᠺᠠᠳ᠋ᠷ ᠠᠵᠢᠯᠲᠠᠨ᠎ᠤ ᠶᠠᠪᠤᠳᠠᠯ᠂ ᠪᠠᠶ᠋ᠢᠭᠤᠯᠤᠮᠵᠢ ᠵᠢᠨ ᠣᠷᠣᠨ ᠲᠤᠭ᠎ᠠ᠂ ᠬᠥᠳᠡᠯᠮᠦᠷᠢ ᠵᠢᠨ ᠴᠠᠯᠢᠩ᠂ ᠡᠩᠨᠡᠭᠡᠨ᠎ᠤ ᠪᠠᠶ᠋ᠢᠭᠤᠯᠤᠯᠲᠠ᠂ ᠬᠥᠮᠦᠵᠢᠯ ᠪᠣᠯᠪᠠᠰᠤᠷᠠᠯ ᠪᠣᠯᠤᠨ ᠭᠠᠳᠠᠭ᠋ᠠᠳᠤ ᠶᠠᠪᠤᠳᠠᠯ ᠵᠡᠷᠭᠡ ᠠᠵᠢᠯ᠎ᠢ ᠡᠭᠦᠷᠭᠡᠯᠡᠨ᠎ᠡ᠃ ᠬᠠᠷᠢᠶ᠎ᠠ ᠨᠢᠭᠡᠴᠢ ᠵᠢᠨ ᠵᠶ᠋ᠠᠨ ᠬᠣᠯᠪᠤᠭᠳᠠᠯ ᠪᠦᠬᠦᠢ ᠠᠵᠢᠯ᠎ᠢ ᠵᠢᠯᠣᠭᠤᠳᠤᠨ᠎ᠠ᠃

   ᠬᠠᠷᠢᠯᠴᠠᠬᠤ ᠤᠲᠠᠰᠤ᠄ 0471-6628480

  (ᠬᠣᠷᠢᠨ ᠨᠠᠢ᠍ᠮᠠ) ᠪᠠᠢ᠌ᠭᠤᠯᠭ᠎ᠠ ᠵᠢᠨ ᠨᠠᠮ᠎ᠤᠨ ᠬᠤᠷᠢᠶ᠎ᠠ᠃ ᠪᠠᠶ᠋ᠢᠭᠤᠯᠭ᠎ᠠ ᠪᠣᠯᠤᠨ ᠬᠠᠷᠢᠶ᠎ᠠ ᠨᠢᠭᠡᠴᠢ ᠵᠢᠨ ᠵᠶ᠋ᠠᠨ ᠨᠠᠮ ᠪᠠ ᠣᠯᠠᠨ ᠲᠦᠮᠡᠨ᠂ ᠰᠠᠬᠢᠯᠭ᠎ᠠ ᠪᠠᠲᠤ ᠪᠠᠶ᠋ᠢᠴᠠᠭ᠋ᠠᠬᠤ ᠠᠵᠢᠯ᠎ᠢ ᠬᠠᠷᠢᠭᠤᠴᠠᠨ᠎ᠠ᠃

   ᠬᠠᠷᠢᠯᠴᠠᠬᠤ ᠤᠲᠠᠰᠤ᠄ 0471-6628502

  (ᠬᠣᠷᠢ ᠶᠢᠰᠦ) ᠠᠵᠢᠯ᠎ᠠᠴᠠ᠎ᠪᠠᠨ ᠳᠠᠷᠬᠠᠯᠠᠭᠳᠠᠵᠤ ᠠᠮᠠᠷᠠᠭᠰᠠᠳ᠎ᠤᠨ ᠠᠵᠢᠯ᠎ᠤᠨ ᠭᠠᠵᠠᠷ᠃ ᠪᠠᠶ᠋ᠢᠭᠤᠯᠭ᠎ᠠ ᠪᠣᠯᠤᠨ ᠬᠠᠷᠢᠶ᠎ᠠ ᠨᠢᠭᠡᠴᠢ ᠵᠢᠨ ᠵᠶ᠋ᠠᠨ ᠠᠵᠢᠯ᠎ᠠᠴᠠ᠎ᠪᠠᠨ ᠳᠠᠷᠬᠠᠯᠠᠭᠳᠠᠵᠤ ᠠᠮᠠᠷᠠᠭᠰᠠᠳ᠎ᠤᠨ ᠠᠵᠢᠯ᠎ᠢ ᠬᠠᠷᠢᠭᠤᠴᠠᠨ᠎ᠠ᠃

   ᠬᠠᠷᠢᠯᠴᠠᠬᠤ ᠤᠲᠠᠰᠤ᠄ 0471-6385373

   ᠬᠠᠶᠢᠭ᠄ ᠬᠥᠬᠡᠬᠤᠲᠠ ᠵᠢᠨ ᠵᠢᠨᠴᠢᠶᠤᠤ ᠨᠡᠭᠡᠭᠡᠯᠲᠡ ᠵᠢᠨ ᠲᠣᠭᠤᠷᠢᠭ᠎ᠤᠨ ᠱ᠌ᠢ ᠵᠢᠢ ᠳᠥᠷᠪᠡᠳᠦᠭᠡᠷ ᠵᠠᠮ᠎ᠤᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ

   ᠠᠵᠢᠯᠯᠠᠬᠤ ᠴᠠᠭ᠄ 9:00 —12:00᠂ 14:00 —17:30

   ᠬᠠᠷᠢᠯᠴᠠᠬᠤ ᠬᠡᠯᠪᠡᠷᠢ᠄ ᠠᠰᠠᠭᠤᠨ ᠯᠠᠪᠯᠠᠬᠤ ᠤᠲᠠᠰᠤ᠄ 0471-3912315᠂ ᠹᠠᠺᠰ᠎ᠤᠨ ᠨᠣᠮᠧᠷ᠄ 0471-6628475

   ᠬᠠᠷᠢᠭᠤᠴᠠᠯᠭ᠋ᠠᠲᠠᠨ᠄ ᠦ᠋ ᠵᠧᠨ ᠴᠢᠩ

  

  

  

ᠬᠠᠷᠢᠶ᠎ᠠ ᠨᠢᠭᠡᠴᠢ᠄

  (ᠨᠢᠭᠡ) ᠥᠪᠥᠷ ᠮᠣᠩᠭᠣᠯ᠎ᠤᠨ ᠬᠡᠮᠵᠢᠯᠲᠡ ᠰᠢᠯᠭ᠋ᠠᠯᠲᠠ ᠵᠢᠨ ᠰᠤᠳᠤᠯᠤᠯ᠎ᠤᠨ ᠬᠦᠷᠢᠶᠡᠯᠡᠩ

   ᠬᠡᠮᠵᠢᠯᠲᠡ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠂ ᠰᠢᠯᠭ᠋ᠠᠨ ᠪᠠᠶ᠋ᠢᠴᠠᠭ᠋ᠠᠵᠤ ᠬᠠᠷᠭᠤᠭᠤᠯᠬᠤ᠂ ᠬᠡᠮᠵᠢᠬᠦ ᠬᠢᠨᠠᠨ ᠬᠡᠮᠵᠢᠬᠦ᠂ ᠰᠢᠯᠭ᠋ᠠᠨ ᠪᠠᠶ᠋ᠢᠴᠠᠭ᠋ᠠᠬᠤ ᠵᠡᠷᠭᠡ ᠡᠭᠦᠷᠭᠡ ᠴᠢᠳᠠᠪᠤᠷᠢ ᠵᠢ ᠡᠭᠦᠷᠭᠡᠯᠡᠨ᠎ᠡ᠃ ᠭᠣᠤᠯ ᠡᠭᠦᠷᠭᠡ ᠬᠠᠷᠢᠭᠤᠴᠠᠯᠭ᠎ᠠ᠄

  1. ᠤᠯᠤᠰ᠎ᠤᠨ ᠵᠥᠪᠰᠢᠶᠡᠷᠡᠯ ᠵᠶ᠋ᠠᠷ ᠪᠠᠶ᠋ᠢᠭᠤᠯᠤᠭᠰᠠᠨ ᠬᠡᠮᠵᠢᠯᠲᠡ ᠵᠢᠨ ᠰᠠᠭᠤᠷᠢ ᠪᠠᠷᠢᠮᠵᠢᠶ᠎ᠠ᠂ ᠪᠠᠷᠢᠮᠵᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠬᠠᠮᠤᠭ᠎ᠤᠨ ᠳᠡᠭᠡᠳᠦ ᠨᠡᠶ᠋ᠢᠭᠡᠮ᠎ᠤᠨ ᠨᠡᠶ᠋ᠢᠲᠡ ᠵᠢᠨ ᠬᠡᠷᠡᠭᠯᠡᠭᠡᠨ᠎ᠤ ᠬᠡᠮᠵᠢᠯᠲᠡ ᠵᠢᠨ ᠪᠠᠷᠢᠮᠵᠢᠶ᠎ᠠ ᠵᠢ ᠰᠤᠳᠤᠯᠬᠤ᠂ ᠪᠠᠶ᠋ᠢᠭᠤᠯᠬᠤ᠂ ᠬᠠᠳᠠᠭ᠋ᠠᠯᠠᠬᠤ᠂ ᠬᠠᠮᠠᠭ᠋ᠠᠯᠠᠵᠤ ᠬᠡᠷᠡᠭᠯᠡᠨ᠎ᠡ᠃

  2. ᠬᠡᠮᠵᠢᠭᠳᠡᠯ᠎ᠤᠨ ᠳᠠᠮᠵᠢᠭᠤᠯᠭ᠎ᠠ᠂ ᠬᠡᠮᠵᠢᠭᠳᠡᠯ᠎ᠤᠨ ᠮᠥᠷᠳᠡᠯᠲᠡ ᠵᠢ ᠡᠭᠦᠷᠭᠡᠯᠡᠵᠦ᠂ ᠠᠯᠪᠠᠳᠠᠯᠭ᠎ᠠ᠎ᠪᠠᠷ ᠰᠢᠯᠭ᠋ᠠᠨ ᠲᠣᠭᠲᠠᠭ᠋ᠠᠬᠤ᠂ ᠬᠡᠮᠵᠢᠯᠲᠡ ᠵᠢ ᠬᠠᠷᠭᠤᠭᠤᠯᠬᠤ᠂ ᠰᠢᠯᠭ᠋ᠠᠬᠤ ᠪᠠ ᠬᠡᠮᠵᠢᠯᠲᠡ ᠵᠢᠨ ᠪᠠᠭ᠋ᠠᠵᠢ ᠬᠡᠷᠡᠭᠰᠡᠯ᠎ᠤᠨ ᠦᠢ᠍ᠯᠡᠳᠬᠦᠨ᠎ᠤ ᠶᠠᠰᠤ ᠴᠢᠨᠠᠷ᠎ᠢ ᠰᠢᠯᠭ᠋ᠠᠨ ᠪᠠᠶ᠋ᠢᠴᠠᠭ᠋ᠠᠬᠤ ᠠᠵᠢᠯ᠎ᠢ ᠥᠷᠨᠢᠭᠦᠯᠦᠨ᠎ᠡ᠃

  3. ᠬᠡᠮᠵᠢᠯᠲᠡ ᠵᠢᠨ ᠰᠢᠨᠵᠢᠯᠡᠬᠦ ᠤᠬᠠᠭ᠋ᠠᠨ᠎ᠤ ᠰᠤᠳᠤᠯᠤᠯ᠂ ᠮᠡᠷᠭᠡᠵᠢᠯ᠎ᠤᠨ ᠯᠠᠪᠯᠠᠯᠭ᠎ᠠ ᠪᠠ ᠦᠢ᠍ᠯᠡᠴᠢᠯᠡᠭᠡᠨ᠎ᠤ ᠠᠵᠢᠯ᠎ᠢ ᠡᠭᠦᠷᠭᠡᠯᠡᠨ᠎ᠡ᠃

  4. ᠡᠨᠧᠷᠭᠢ ᠵᠢᠨ ᠬᠣᠷᠣᠭᠳᠠᠭᠤᠯᠭ᠎ᠠ ᠵᠢᠨ ᠬᠡᠮᠵᠢᠶ᠎ᠡ ᠵᠢ ᠬᠢᠨᠠᠨ ᠬᠡᠮᠵᠢᠬᠦ ᠵᠡᠷᠭᠡ ᠡᠨᠧᠷᠭᠢ ᠵᠢᠨ ᠬᠡᠮᠵᠢᠯᠲᠡ ᠵᠢᠨ ᠠᠵᠢᠯ᠎ᠢ ᠥᠷᠨᠢᠭᠦᠯᠦᠨ᠎ᠡ᠃

  5. ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠡ ᠵᠢ ᠬᠢᠨᠠᠨ ᠬᠡᠮᠵᠢᠬᠦ ᠪᠠ ᠨᠡᠭᠦᠷᠡᠰᠦᠲᠥ᠋ᠷᠥᠭᠴᠢ ᠵᠢᠨ ᠬᠤᠷᠠᠮᠳᠤᠯ᠎ᠤᠨ ᠬᠡᠮᠵᠢᠯᠲᠡ ᠵᠢᠨ ᠠᠵᠢᠯ᠎ᠢ ᠥᠷᠨᠢᠭᠦᠯᠦᠨ᠎ᠡ᠃

  6. ᠬᠡᠮᠵᠢᠨ ᠵᠢᠷᠤᠭᠯᠠᠯᠲᠠ ᠵᠢᠨ ᠦᠢ᠍ᠯᠡᠳᠬᠦᠨ᠎ᠤ ᠶᠠᠰᠤ ᠴᠢᠨᠠᠷ᠎ᠲᠤ ᠬᠢᠨᠠᠯᠲᠠ ᠲᠠᠯᠪᠢᠵᠤ ᠰᠢᠯᠭ᠋ᠠᠨ ᠪᠠᠶ᠋ᠢᠴᠠᠭ᠋ᠠᠬᠤ᠂ ᠦᠨᠡᠯᠡᠬᠦ ᠬᠡᠯᠪᠡᠷᠢ ᠵᠢᠨ ᠰᠢᠯᠭ᠋ᠠᠨ ᠪᠠᠶ᠋ᠢᠴᠠᠭ᠋ᠠᠬᠤ ᠪᠠ ᠬᠥᠨᠳᠡᠯᠡᠨ᠎ᠠᠴᠠ ᠲᠠᠰᠤᠯᠬᠤ ᠵᠢ ᠰᠢᠯᠭ᠋ᠠᠨ ᠪᠠᠶ᠋ᠢᠴᠠᠭ᠋ᠠᠬᠤ ᠠᠵᠢᠯ᠎ᠢ ᠡᠭᠦᠷᠭᠡᠯᠡᠨ᠎ᠡ᠃

  7. ᠬᠡᠮᠵᠢᠯᠲᠡ ᠵᠢᠨ ᠮᠡᠷᠭᠡᠵᠢᠯ᠎ᠤᠨ ᠠᠵᠢᠯᠲᠠᠨ᠎ᠤ ᠪᠣᠳᠠᠲᠠᠶ ᠠᠵᠢᠯᠯᠠᠵᠤ ᠪᠣᠯᠪᠠᠰᠤᠷᠠᠭᠤᠯᠬᠤ ᠠᠵᠢᠯ᠎ᠢ ᠡᠭᠦᠷᠭᠡᠯᠡᠵᠦ᠂ ᠬᠡᠮᠵᠢᠯᠲᠡ ᠵᠢᠨ ᠮᠡᠷᠭᠡᠵᠢᠯ᠎ᠤᠨ ᠠᠵᠢᠯᠲᠠᠨ᠎ᠤ ᠬᠣᠯᠪᠤᠭᠳᠠᠯ ᠪᠦᠬᠦᠢ ᠬᠢᠨᠠᠨ ᠰᠢᠯᠭ᠋ᠠᠬᠤ ᠠᠵᠢᠯ᠎ᠢ ᠬᠠᠮᠵᠢᠨ ᠰᠠᠶ᠋ᠢᠲᠤᠷ ᠬᠢᠨ᠎ᠡ᠃

  8. ᠬᠢᠷᠢ ᠬᠡᠮ ᠣᠯᠤᠭᠰᠠᠨ ᠶᠣᠰᠣᠭ᠋ᠠᠷ ᠬᠣᠯᠪᠤᠭᠳᠠᠯ ᠪᠦᠬᠦᠢ ᠲᠤᠬᠠᠶ᠋ᠢᠯᠠᠭᠰᠠᠨ ᠠᠵᠢᠯ ᠵᠢᠴᠢ ᠪᠤᠰᠤᠳ ᠨᠠᠶ᠋ᠢᠳᠠᠯᠭ᠎ᠠ ᠵᠢᠨ ᠴᠢᠨᠠᠷᠲᠠᠶ ᠲᠤᠬᠠᠶ᠋ᠢᠯᠠᠭᠰᠠᠨ ᠠᠵᠢᠯ᠎ᠢ ᠥᠷᠨᠢᠭᠦᠯᠦᠨ᠎ᠡ᠃

  9. ᠬᠣᠯᠪᠤᠭᠳᠠᠯ ᠪᠦᠬᠦᠢ ᠤᠯᠤᠰ᠎ᠤᠨ ᠬᠡᠮᠵᠢᠯᠲᠡ ᠵᠢᠨ ᠲᠥᠪ᠂ ᠭᠤᠣᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠤᠨ ᠡᠭᠦᠷᠭᠡ ᠴᠢᠳᠠᠪᠤᠷᠢ ᠵᠢ ᠡᠭᠦᠷᠭᠡᠯᠡᠨ᠎ᠡ᠃

  10. ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠲᠤᠰᠢᠶᠠᠭᠰᠠᠨ ᠪᠤᠰᠤᠳ ᠬᠣᠯᠪᠤᠭᠳᠠᠯ ᠪᠥᠬᠦᠶ ᠠᠵᠢᠯ᠎ᠢ ᠡᠭᠦᠷᠭᠡᠯᠡᠨ᠎ᠡ᠃

   ᠬᠠᠶᠢᠭ᠄ ᠥᠪᠥᠷ ᠮᠣᠩᠭᠤᠯ᠎ᠤᠨ ᠬᠥᠬᠡᠬᠤᠲᠠ ᠵᠢᠨ ᠰᠢᠨ᠎ᠡ ᠬᠤᠲᠠ ᠲᠣᠭᠤᠷᠢᠭ᠎ᠤᠨ ᠬᠤᠶ᠋ᠢᠲᠤ ᠬᠤᠶᠠᠳᠤᠭ᠋ᠠᠷ ᠲᠣᠭᠤᠷᠢᠯ ᠵᠠᠮ᠎ᠠᠴᠠ ᠬᠣᠢ᠌ᠰᠢ 700 ᠮᠸᠲᠷ᠎ᠤᠨ ᠸᠠᠨ ᠲᠦᠩ ᠵᠠᠮ᠎ᠤᠨ ᠪᠠᠷᠠᠭᠤᠨ

   ᠠᠵᠢᠯᠯᠠᠬᠤ ᠴᠠᠭ᠄ 9:00 —12:00᠂ 14:00 —17:30

   ᠬᠠᠷᠢᠯᠴᠠᠬᠤ ᠬᠡᠯᠪᠡᠷᠢ᠄ 0471-3337100

   ᠬᠠᠷᠢᠭᠤᠴᠠᠯᠭ᠋ᠠᠲᠠᠨ᠄ ᠰᠦᠨ ᠫᠠᠨ

  

  (ᠬᠣᠶᠠᠷ) ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠢᠨᠠᠨ ᠲᠣᠭᠲᠠᠭ᠋ᠠᠵᠤ ᠪᠠᠶ᠋ᠢᠴᠠᠭ᠋ᠠᠨ ᠰᠢᠯᠭ᠋ᠠᠬᠤ ᠲᠥᠪ

   ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠢᠨᠠᠨ ᠲᠤᠭᠳᠠᠭ᠋ᠠᠵᠤ ᠪᠠᠢ᠌ᠴᠠᠭ᠋ᠠᠨ ᠰᠢᠯᠭ᠋ᠠᠬᠤ ᠲᠥᠪ (ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠴᠢᠯᠠᠭᠤᠨ ᠲᠣᠰᠣ ᠬᠢᠮᠢ ᠵᠢᠨ ᠠᠵᠤ ᠦᠢ᠍ᠯᠡᠳᠪᠦᠷᠢ ᠵᠢᠨ ᠪᠦᠲᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠶᠠᠰᠤ ᠴᠢᠨᠠᠷ᠎ᠤᠨ ᠪᠠᠶ᠋ᠢᠴᠠᠭ᠋ᠠᠬᠤ ᠥᠷᠲᠡᠭᠡ ᠵᠢᠨ ᠫᠠᠶ᠋ᠢᠰᠠ ᠵᠢ ᠡᠯᠭᠦᠬᠦ) ᠪᠣᠯ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠬᠠᠷᠢᠶ᠎ᠠ ᠵᠢᠩᠬᠢᠨᠢ ᠭᠠᠵᠠᠷ᠎ᠤᠨ ᠲᠠᠰ᠎ᠤᠨ ᠨᠡᠶ᠋ᠢᠲᠡ ᠵᠢᠨ ᠠᠰᠠᠷᠠᠮᠵᠢ ᠵᠢᠨ ᠨᠢᠭᠡᠳᠦᠭᠡᠷ ᠲᠥᠷᠥᠯ᠎ᠤᠨ ᠠᠵᠢᠯ ᠦᠢ᠍ᠯᠡᠰ᠎ᠤᠨ ᠨᠢᠭᠡᠴᠢ᠎ᠲᠠᠢ ᠲᠡᠩᠴᠡᠨ᠎ᠡ᠃ ᠭᠤᠣᠯ ᠡᠭᠦᠷᠭᠡ ᠬᠠᠷᠢᠭᠤᠴᠠᠯᠭ᠎ᠠ᠄

  1. ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠣᠯᠪᠤᠭᠳᠠᠯ ᠪᠥᠬᠦᠶ ᠲᠤᠬᠠᠶ᠋ᠢᠯᠠᠭᠰᠠᠨ ᠠᠵᠢᠯ᠎ᠤᠨ ᠬᠦᠷᠢᠶᠡᠨ᠎ᠳᠠᠬᠢ ᠵᠠᠰᠠᠭ ᠵᠠᠬᠢᠷᠭ᠋ᠠᠨ᠎ᠤ ᠵᠥᠪᠰᠢᠶᠡᠷᠡᠯ ᠪᠠ ᠬᠢᠨᠠᠯᠲᠠ ᠪᠠᠶ᠋ᠢᠴᠠᠭ᠋ᠠᠯᠲᠠ ᠵᠢᠨ ᠬᠣᠯᠪᠤᠭᠳᠠᠯ ᠪᠥᠬᠦᠶ ᠮᠡᠷᠭᠡᠵᠢᠯ᠎ᠤᠨ ᠦᠢ᠍ᠯᠡᠴᠢᠯᠡᠭᠡᠨ᠎ᠤ ᠠᠵᠢᠯ᠎ᠢ ᠡᠭᠦᠷᠭᠡᠯᠡᠵᠦ᠂ ᠲᠦᠭᠰᠢᠭᠦᠷᠢ ᠵᠢ ᠰᠤᠳᠤᠯᠤᠨ ᠮᠠᠭ᠋ᠠᠳᠯᠠᠬᠤ᠂ ᠲᠦᠭᠰᠢᠭᠦᠷᠢ ᠵᠢ ᠤᠷᠢᠳᠴᠢᠯᠠᠨ ᠰᠡᠷᠡᠮᠵᠢᠯᠡᠭᠦᠯᠵᠦ ᠦᠨᠡᠯᠡᠨ ᠵᠢᠱ᠌ᠢᠬᠦ᠂ ᠵᠠᠭ᠋ᠠᠯᠳᠤᠵᠤ ᠢᠯᠡᠴᠢᠯᠡᠨ ᠮᠡᠳᠡᠭᠦᠯᠬᠦ᠂ ᠨᠡᠶ᠋ᠢᠲᠡ ᠵᠢᠨ ᠠᠰᠠᠷᠠᠮᠵᠢ ᠵᠢᠨ ᠵᠠᠷᠭᠤ ᠬᠢᠬᠦ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠵᠡᠷᠭᠡ ᠠᠮᠤᠷ ᠲᠦᠪᠰᠢᠨ᠎ᠤ ᠲᠦᠭᠰᠢᠭᠦᠷᠢ ᠵᠢ ᠬᠢᠨᠠᠨ ᠰᠢᠨᠵᠢᠬᠦ᠎ᠳᠤ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠨ᠎ᠠ᠃

  2. ᠠᠳᠡᠯ᠎ᠢ ᠪᠠᠶ᠋ᠢᠴᠠᠭ᠋ᠠᠨ ᠵᠠᠳᠠᠯᠬᠤ᠂ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ᠂ ᠲᠣᠮᠣ ᠬᠡᠷᠡᠭ ᠴᠢᠬᠤᠯᠠ ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠬᠦ ᠵᠢ ᠬᠠᠮᠵᠢᠨ᠂ ᠴᠢᠬᠤᠯᠠ ᠶᠡᠭᠡ ᠠᠵᠢᠯᠯᠠᠭ᠎ᠠ ᠵᠢᠨ ᠪᠠᠲᠤᠯᠠᠭ᠎ᠠ᠎ᠳᠤ ᠣᠷᠣᠯᠴᠠᠨ᠎ᠠ; ᠮᠡᠷᠭᠡᠵᠢᠯ᠎ᠤᠨ ᠪᠠᠶ᠋ᠢᠭᠤᠯᠤᠮᠵᠢ ᠵᠢᠨ ᠪᠠᠶ᠋ᠢᠴᠠᠭ᠋ᠠᠨ ᠰᠢᠯᠭ᠋ᠠᠵᠤ ᠪᠠᠶ᠋ᠢᠴᠠᠭ᠋ᠠᠨ ᠬᠡᠮᠵᠢᠭᠰᠡᠨ ᠦᠷ᠎ᠡ ᠳ᠋ᠦᠩ᠎ᠢ ᠬᠠᠷᠭᠤᠭᠤᠯᠤᠨ ᠪᠠᠶ᠋ᠢᠴᠠᠭ᠋ᠠᠬᠤ ᠪᠠ ᠵᠠᠰᠠᠭ᠎ᠤᠨ ᠣᠷᠳᠣᠨ᠎ᠤ ᠬᠢᠨᠠᠨ ᠬᠠᠮᠢᠶᠠᠷᠬᠤ ᠡᠭᠦᠷᠭᠡ ᠵᠢ ᠳᠠᠭ᠋ᠠᠭ᠋ᠠᠨ ᠠᠪᠴᠤ ᠪᠠᠶ᠋ᠢᠴᠠᠭ᠋ᠠᠬᠤ ᠪᠠᠶ᠋ᠢᠭᠤᠯᠤᠮᠵᠢ ᠵᠢᠨ ᠠᠵᠢᠯ᠎ᠤᠨ ᠶᠠᠰᠤ ᠴᠢᠨᠠᠷ᠎ᠤᠨ ᠪᠠᠶ᠋ᠢᠴᠠᠭ᠋ᠠᠯᠲᠠ ᠵᠢᠨ ᠮᠡᠷᠭᠡᠵᠢᠯ᠎ᠤᠨ ᠲᠤᠯᠭ᠋ᠠᠭᠤᠷᠢᠯᠠᠬᠤ ᠠᠵᠢᠯ᠎ᠢ ᠡᠭᠦᠷᠭᠡᠯᠡᠨ᠎ᠡ᠃

  3. ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠪᠠᠶ᠋ᠢᠭᠤᠯᠭ᠎ᠠ ᠵᠢᠨ ᠬᠠᠮᠢᠶ᠎ᠠ ᠪᠦᠬᠦᠢ ᠬᠦᠷᠢᠶᠡᠨ᠎ᠳᠠᠬᠢ ᠬᠢᠨᠠᠨ ᠦᠨᠡᠯᠡᠬᠦ ᠲᠤᠰᠬᠠᠶ ᠮᠡᠷᠭᠡᠵᠢᠯᠲᠡᠨ᠎ᠤ ᠬᠥᠮᠥᠷᠭᠡ ᠵᠢᠨ ᠪᠠᠶ᠋ᠢᠭᠤᠯᠤᠯᠲᠠ ᠵᠢᠨ ᠠᠵᠢᠯ᠎ᠢ ᠡᠭᠦᠷᠭᠡᠯᠡᠨ᠎ᠡ᠃

  4. ᠴᠢᠯᠠᠭᠤᠨ ᠲᠤᠰᠤ ᠬᠢᠮᠢ ᠵᠢᠨ ᠠᠵᠤ ᠦᠢ᠍ᠯᠡᠳᠪᠦᠷᠢ ᠵᠢᠨ ᠰᠢᠨ᠎ᠡ᠎ᠪᠠᠷ ᠪᠠᠶ᠋ᠢᠭᠤᠯᠬᠤ᠂ ᠦᠷᠬᠡᠳᠬᠡᠨ ᠪᠠᠶ᠋ᠢᠭᠤᠯᠬᠤ᠂ ᠦᠬᠡᠷᠡᠴᠢᠯᠡᠨ ᠪᠠᠶ᠋ᠢᠭᠤᠯᠬᠤ ᠪᠠᠷᠢᠯᠭ᠎ᠠ ᠵᠢᠨ ᠶᠠᠰᠤ ᠴᠢᠨᠠᠷ᠎ᠲᠤ ᠬᠢᠨᠠᠯᠳᠠ ᠲᠠᠯᠪᠢᠬᠤ ᠮᠡᠷᠬᠡᠵᠢᠯ᠎ᠤᠨ ᠪᠠᠳᠤᠯᠠᠭ᠎ᠠ ᠵᠢᠨ ᠠᠵᠢᠯ᠎ᠢ ᠡᠭᠦᠷᠬᠡᠯᠡᠨ᠎ᠡ; ᠴᠢᠯᠠᠭᠤᠨ ᠲᠤᠰᠤ ᠬᠢᠮᠢ ᠵᠢᠨ ᠪᠠᠷᠢᠯᠭ᠎ᠠ ᠵᠢᠨ ᠵᠢᠷᠤᠵᠦ ᠲᠦᠯᠦᠪᠯᠡᠭᠰᠡᠨ ᠪᠢᠴᠢᠭ ᠮᠠᠲ᠋ᠧᠷᠢᠶᠠᠯ᠎ᠤᠨ ᠶᠠᠰᠤ ᠴᠢᠨᠠᠷ᠎ᠤᠨ ᠮᠡᠷᠬᠡᠵᠢᠯ᠎ᠤᠨ ᠪᠠᠶ᠋ᠢᠴᠠᠭ᠋ᠠᠯᠳᠠ ᠵᠢᠨ ᠠᠵᠢᠯ᠎ᠢ ᠡᠭᠦᠷᠬᠡᠯᠡᠨ᠎ᠠ᠃

  5. ᠮᠡᠷᠭᠡᠵᠢᠯ᠎ᠤᠨ ᠪᠠᠶ᠋ᠢᠭᠤᠯᠤᠮᠵᠢ ᠵᠢᠨ ᠬᠢᠷᠢ ᠬᠡᠮ᠎ᠤᠨ ᠰᠢᠯᠭ᠋ᠠᠨ ᠦᠨᠡᠯᠡᠬᠦ ᠠᠵᠢᠯ᠎ᠢ ᠡᠭᠦᠷᠭᠡᠯᠡᠵᠦ᠂ ᠬᠢᠨᠠᠯᠲᠠ ᠲᠠᠯᠪᠢᠵᠤ ᠦᠯᠢᠭᠡᠷ ᠠᠪᠬᠤ ᠠᠵᠢᠯ᠎ᠢ ᠥᠷᠨᠢᠭᠦᠯᠦᠨ᠎ᠡ᠃

  6. ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠢᠨᠠᠨ ᠦᠨᠡᠯᠡᠬᠦ ᠪᠠᠶ᠋ᠢᠴᠠᠭ᠋ᠠᠨ ᠰᠢᠯᠭ᠋ᠠᠬᠤ ᠮᠡᠷᠭᠡᠵᠢᠯ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯ᠎ᠢ ᠬᠠᠮᠵᠢᠨ ᠰᠠᠶ᠋ᠢᠲᠤᠷ ᠬᠢᠨ᠎ᠡ; ᠣᠷᠣᠨ ᠨᠤᠲᠤᠭ᠎ᠤᠨ ᠴᠢᠨᠠᠷᠲᠠᠶ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠪᠠᠷᠢᠮᠵᠢᠶ᠎ᠠ᠂ ᠮᠡᠷᠭᠡᠵᠢᠯ᠎ᠤᠨ ᠵᠢᠷᠤᠮᠵᠢᠯ ᠵᠡᠷᠭᠡ᠎ᠳᠤ ᠵᠠᠰᠠᠪᠤᠷᠢ ᠣᠷᠣᠭᠤᠯᠬᠤ ᠠᠵᠢᠯ᠎ᠳᠤ ᠣᠷᠣᠯᠴᠠᠨ᠎ᠠ᠃

  7. ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠲᠤᠰᠢᠶᠠᠭᠰᠠᠨ ᠪᠤᠰᠤᠳ ᠬᠣᠯᠪᠤᠭᠳᠠᠯ ᠪᠦᠬᠦᠢ ᠠᠵᠢᠯ᠎ᠢ ᠡᠭᠦᠷᠭᠡᠯᠡᠨ᠎ᠡ᠃

   ᠬᠠᠶᠢᠭ᠄ ᠬᠥᠬᠡᠬᠤᠲᠠ ᠵᠢᠨ ᠰᠠᠶ᠋ᠢᠬᠠᠨ ᠲᠣᠭᠤᠷᠢᠭ᠎ᠤᠨ ᠭᠠᠳᠠᠭ᠋ᠠᠳᠤ᠎ᠳᠤ ᠰᠤᠷᠤᠯᠴᠠᠭᠰᠠᠳ᠎ᠤᠨ ᠠᠳᠠᠯ ᠦᠢ᠍ᠯᠡᠰ ᠴᠣᠭᠴᠠᠯᠠᠬᠤ ᠬᠦᠷᠢᠶᠡᠯᠡᠩ᠎ᠤᠨ B ᠰᠠᠭᠤᠳᠠᠯ

   ᠠᠵᠢᠯᠯᠠᠬᠤ ᠴᠠᠭ᠄ 9:00 —12:00᠂ 14:00 —17:30

   ᠬᠠᠷᠢᠯᠴᠠᠬᠤ ᠬᠡᠯᠪᠡᠷᠢ᠄ 0471—3333645᠂ 0471—3455781

   ᠬᠠᠷᠢᠭᠤᠴᠠᠯᠭ᠋ᠠᠲᠠᠨ᠄ ᠸᠠᠩ ᠱᠧᠩ ᠯᠢ

  

  (ᠭᠤᠷᠪᠠ) ᠥᠪᠥᠷ ᠣᠩᠭᠣᠯ᠎ᠤᠨ ᠥᠪᠡᠷᠲᠡᠭᠡᠨ ᠵᠠᠰᠠᠬᠤ ᠣᠷᠣᠨ ᠵᠢᠨ ᠣᠨᠴᠠ ᠲᠦᠷᠦᠯ᠎ᠤᠨ ᠲᠤᠨᠤᠭ ᠲᠥᠬᠥᠭᠡᠷᠦᠮᠵᠢ ᠵᠢᠨ ᠰᠢᠯᠭ᠋ᠠᠨ ᠪᠠᠢ᠌ᠴᠠᠭ᠋ᠠᠯᠲᠠ ᠵᠢᠨ ᠰᠤᠳᠤᠯᠭ᠋ᠠᠨ᠎ᠤ ᠬᠦᠷᠢᠶᠡᠯᠡᠩ

   ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠨᠴᠠ ᠲᠥᠷᠥᠯ᠎ᠤᠨ ᠲᠣᠨᠤᠭ ᠲᠥᠬᠦᠭᠡᠷᠦᠮᠵᠢ ᠵᠢᠨ ᠰᠢᠯᠭ᠋ᠠᠨ ᠪᠠᠢ᠌ᠴᠠᠭ᠋ᠠᠯᠲᠠ ᠵᠢᠨ ᠰᠤᠳᠤᠯᠭ᠋ᠠᠨ᠎ᠤ ᠬᠦᠷᠢᠶᠡᠯᠡᠩ ᠪᠣᠯ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠬᠠᠷᠢᠶ᠎ᠠ ᠨᠡᠶ᠋ᠢᠲᠡ ᠵᠢᠨ ᠠᠰᠠᠷᠠᠮᠵᠢ ᠵᠢᠨ ᠬᠤᠶᠠᠳᠤᠭ᠋ᠠᠷ ᠲᠥᠷᠥᠯ᠎ᠤᠨ ᠠᠵᠢᠯ ᠦᠢ᠍ᠯᠡᠰ᠎ᠤᠨ ᠨᠢᠭᠡᠴᠢ᠎ᠲᠠᠢ ᠲᠡᠩᠴᠡᠨ᠎ᠡ᠃ ᠭᠤᠣᠯ ᠡᠭᠦᠷᠭᠡ ᠬᠠᠷᠢᠭᠤᠴᠠᠯᠭ᠎ᠠ᠄

  1. ᠣᠨᠴᠠ ᠲᠥᠷᠥᠯ᠎ᠤᠨ ᠲᠣᠨᠤᠭ ᠲᠥᠬᠦᠭᠡᠷᠦᠮᠵᠢ (ᠭᠠᠳᠠᠭ᠋ᠠᠳᠤ᠎ᠠᠴᠠ ᠣᠷᠣᠭᠤᠯᠬᠤ ᠵᠢ ᠪᠠᠭᠲᠠᠭ᠋ᠠᠨ᠎ᠠ)᠎ᠳᠤ ᠬᠢᠨᠠᠯᠲᠠ ᠲᠠᠯᠪᠢᠵᠤ ᠰᠢᠯᠭ᠋ᠠᠨ ᠪᠠᠶ᠋ᠢᠴᠠᠭ᠋ᠠᠬᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠰᠢᠯᠭ᠋ᠠᠨ ᠪᠠᠶ᠋ᠢᠴᠠᠭ᠋ᠠᠬᠤ᠂ ᠬᠥᠨᠳᠡᠯᠡᠨ᠎ᠠᠴᠠ ᠲᠠᠰᠤᠯᠵᠤ ᠰᠢᠯᠭ᠋ᠠᠨ ᠪᠠᠶ᠋ᠢᠴᠠᠭ᠋ᠠᠬᠤ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ᠂ ᠬᠡᠯᠪᠡᠷᠢ ᠵᠢᠨ ᠲᠤᠷᠰᠢᠯᠲᠠ᠂ ᠭᠦᠸᠸᠯᠦ ᠵᠢᠨ ᠤᠰᠤ (ᠵᠠᠭᠤᠴᠢ) ᠵᠢᠨ ᠴᠢᠨᠠᠷ᠎ᠤᠨ ᠰᠢᠯᠭ᠋ᠠᠨ ᠪᠠᠶ᠋ᠢᠴᠠᠭ᠋ᠠᠯᠲᠠ᠂ ᠬᠤᠬᠢᠷᠠᠯ ᠦᠭᠡᠢ ᠵᠢᠨ ᠪᠠᠶ᠋ᠢᠴᠠᠭ᠋ᠠᠨ ᠬᠡᠮᠵᠢᠯᠲᠡ᠂ ᠡᠨᠧᠷᠭᠢ ᠵᠢᠨ ᠠᠰᠢᠭᠯᠠᠮᠵᠢ ᠵᠢᠨ ᠬᠡᠮᠵᠢᠯᠲᠡ᠂ ᠮᠠᠲ᠋ᠧᠷᠢᠶᠠᠯ᠎ᠤᠨ ᠵᠠᠳᠠᠯᠤᠯᠲᠠ᠂ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠪᠠᠶ᠋ᠢᠴᠠᠭ᠋ᠠᠨ ᠬᠡᠮᠵᠢᠯᠲᠡ᠂ ᠠᠮᠤᠷ ᠲᠦᠪᠰᠢᠨ᠎ᠤ ᠨᠡᠭᠡᠯᠡᠬᠡᠶ ᠵᠢ ᠬᠠᠷᠭᠤᠭᠤᠯᠤᠨ ᠰᠢᠯᠭ᠋ᠠᠬᠤ ᠪᠠ ᠪᠤᠰᠤᠳ ᠨᠡᠭᠡᠯᠡᠬᠡᠶ ᠵᠢ ᠰᠢᠯᠭ᠋ᠠᠨ ᠪᠠᠶ᠋ᠢᠴᠠᠭ᠋ᠠᠬᠤ ᠵᠢ ᠥᠷᠨᠢᠭᠦᠯᠦᠨ᠎ᠡ᠃

  2. ᠣᠨᠴᠠ ᠲᠥᠷᠥᠯ᠎ᠤᠨ ᠲᠣᠨᠤᠭ ᠲᠥᠬᠦᠭᠡᠷᠦᠮᠵᠢ ᠵᠢᠨ ᠠᠮᠤᠷ ᠲᠦᠪᠰᠢᠨ᠎ᠤ ᠳᠠᠭ᠋ᠠᠯᠳᠤᠭᠤᠯᠤᠯ᠂ ᠬᠡᠮᠵᠢᠭᠦᠷᠯᠢᠭ ᠵᠢᠴᠢ ᠠᠮᠤᠷ ᠲᠦᠪᠰᠢᠨ᠎ᠤ ᠬᠠᠮᠠᠭ᠋ᠠᠯᠠᠯᠲᠠ ᠵᠢᠨ ᠲᠣᠨᠤᠭ ᠲᠥᠬᠦᠭᠡᠷᠦᠮᠵᠢ ᠵᠢ ᠰᠢᠯᠭ᠋ᠠᠨ ᠪᠠᠶ᠋ᠢᠴᠠᠭ᠋ᠠᠬᠤ ᠠᠵᠢᠯ᠎ᠢ ᠡᠭᠦᠷᠭᠡᠯᠡᠨ᠎ᠡ᠃

  3. ᠣᠷᠳᠣ ᠳᠠᠮᠵᠢᠭᠤᠯᠬᠤ ᠬᠤᠭᠤᠯᠠᠶ᠂ ᠨᠡᠶ᠋ᠢᠲᠡ ᠵᠢᠨ ᠬᠡᠷᠡᠭᠯᠡᠭᠡᠨ᠎ᠤ ᠬᠤᠭᠤᠯᠠᠶ᠂ ᠦᠢ᠍ᠯᠡᠳᠪᠦᠷᠢ (ᠲᠠᠯᠠᠪᠠᠢ) ᠵᠢᠨ ᠳᠣᠲᠣᠷᠠᠬᠢ ᠮᠠᠰᠢᠨ ᠲᠡᠷᠭᠡ᠂ ᠲᠣᠮᠣ ᠬᠡᠯᠪᠡᠷᠢ ᠵᠢᠨ ᠵᠤᠭ᠎ᠠ ᠴᠡᠩᠭᠡᠯ᠎ᠤᠨ ᠲᠥᠬᠦᠭᠡᠷᠦᠮᠵᠢ ᠵᠡᠷᠭᠡ ᠬᠡᠭᠡᠷ᠎ᠡ ᠭᠠᠳᠠᠨ᠎ᠠ ᠬᠡᠷᠡᠭᠯᠡᠵᠦ ᠪᠠᠶ᠋ᠢᠭ᠎ᠠ ᠣᠨᠴᠠ ᠲᠥᠷᠥᠯ᠎ᠤᠨ ᠲᠣᠨᠤᠭ ᠲᠥᠬᠦᠭᠡᠷᠦᠮᠵᠢ ᠵᠢ ᠪᠠᠶ᠋ᠢᠴᠠᠭ᠋ᠠᠨ ᠰᠢᠯᠭ᠋ᠠᠵᠤ ᠪᠠᠶ᠋ᠢᠴᠠᠭ᠋ᠠᠨ ᠬᠡᠮᠵᠢᠬᠦ ᠠᠵᠢᠯ᠎ᠢ ᠥᠷᠨᠢᠭᠦᠯᠦᠨ᠎ᠡ᠃

  4. ᠠᠶᠤᠯᠭᠦᠢ ᠦᠢ᠍ᠯᠡᠳᠪᠦᠷᠢᠯᠡᠯ᠂ ᠡᠷᠬᠢᠯᠡᠭᠰᠡᠨ ᠠᠵᠢᠯ᠎ᠤᠨ ᠡᠷᠡᠭᠦᠯ ᠬᠠᠮᠠᠭ᠋ᠠᠯᠠᠯ᠂ ᠬᠤᠸᠠᠷ ᠫᠤᠤᠵᠢᠩ᠂ ᠬᠥᠳᠡᠯᠮᠦᠷᠢ ᠵᠢᠨ ᠬᠠᠮᠠᠭ᠋ᠠᠯᠠᠯᠲᠠ ᠵᠢᠨ ᠬᠡᠷᠡᠭᠰᠡᠯ ᠵᠡᠷᠭᠡ ᠵᠢ ᠪᠠᠶ᠋ᠢᠴᠠᠭ᠋ᠠᠨ ᠬᠡᠮᠵᠢᠬᠦ ᠪᠠ ᠦᠨᠡᠯᠡᠬᠦ ᠠᠵᠢᠯ᠎ᠢ ᠡᠭᠦᠷᠭᠡᠯᠡᠨ᠎ᠡ᠃

  5. ᠠᠶᠤᠯᠭᠦᠢ ᠦᠢ᠍ᠯᠡᠳᠪᠦᠷᠢᠯᠡᠯ᠂ ᠣᠨᠴᠠ ᠲᠥᠷᠥᠯ᠎ᠤᠨ ᠲᠣᠨᠣᠭ ᠲᠥᠬᠦᠭᠡᠷᠦᠮᠵᠢ ᠵᠢᠴᠢ ᠬᠣᠯᠪᠤᠭᠳᠠᠯ ᠪᠦᠬᠦᠢ ᠬᠦᠷᠢᠶᠡᠨ᠎ᠤ ᠠᠵᠢᠯ ᠡᠷᠬᠢᠯᠡᠭᠰᠡᠳ᠎ᠤᠨ ᠬᠠᠤᠯᠢ ᠲᠣᠭᠲᠠᠭ᠋ᠠᠯ᠎ᠤᠨ ᠤᠬᠠᠭᠤᠯᠭ᠎ᠠ᠂ ᠮᠡᠷᠭᠡᠵᠢᠯ᠎ᠤᠨ ᠴᠢᠳᠠᠪᠤᠷᠢ ᠵᠢᠨ ᠪᠣᠯᠪᠠᠰᠤᠷᠠᠯ᠎ᠢ ᠡᠭᠦᠷᠭᠡᠯᠡᠵᠦ᠂ ᠠᠵᠢᠯ ᠡᠷᠭᠢᠯᠡᠭᠰᠡᠳ᠎ᠤᠨ ᠬᠣᠯᠪᠤᠭᠳᠠᠯ ᠪᠦᠬᠦᠢ ᠰᠢᠯᠭ᠋ᠠᠨ ᠬᠢᠨᠠᠬᠤ ᠠᠵᠢᠯ᠎ᠢ ᠬᠠᠮᠵᠢᠨ ᠰᠠᠶ᠋ᠢᠲᠤᠷ ᠬᠢᠨ᠎ᠡ᠃

  6. ᠣᠨᠴᠠ ᠲᠥᠷᠥᠯ᠎ᠤᠨ ᠲᠣᠨᠤᠭ ᠲᠥᠬᠦᠭᠡᠷᠦᠮᠵᠢ ᠵᠢᠨ ᠬᠣᠯᠪᠤᠭᠳᠠᠯ ᠪᠥᠬᠦᠶ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠂ ᠦᠷ᠎ᠡ ᠪᠦᠲᠦᠭᠡᠯ᠎ᠢ ᠬᠤᠪᠢᠷᠠᠭᠤᠯᠬᠤ ᠪᠠ ᠳᠡᠯᠭᠡᠷᠡᠭᠦᠯᠦᠨ ᠬᠡᠷᠡᠭᠯᠡᠬᠦ ᠠᠵᠢᠯ᠎ᠢ ᠡᠭᠦᠷᠭᠡᠯᠡᠨ᠎ᠡ᠃

  7. ᠬᠢᠷᠢ ᠬᠡᠮ ᠣᠯᠤᠭᠰᠠᠨ ᠶᠣᠰᠣᠭ᠋ᠠᠷ ᠬᠣᠯᠪᠤᠭᠳᠠᠯ ᠪᠥᠬᠦᠶ ᠲᠤᠬᠠᠶ᠋ᠢᠯᠠᠭᠰᠠᠨ ᠠᠵᠢᠯ ᠵᠢᠴᠢ ᠪᠤᠰᠤᠳ ᠨᠠᠶ᠋ᠢᠳᠠᠯᠭ᠎ᠠ ᠵᠢᠨ ᠴᠢᠨᠠᠷᠲᠠᠶ ᠪᠠᠶ᠋ᠢᠴᠠᠭ᠋ᠠᠨ ᠰᠢᠯᠭ᠋ᠠᠵᠤ ᠪᠠᠶ᠋ᠢᠴᠠᠭ᠋ᠠᠨ ᠬᠡᠮᠵᠢᠬᠦ᠂ ᠮᠡᠷᠭᠡᠵᠢᠯ᠎ᠤᠨ ᠦᠢ᠍ᠯᠡᠴᠢᠯᠡᠭᠡᠨ᠎ᠤ ᠠᠵᠢᠯ᠎ᠢ ᠥᠷᠨᠢᠭᠦᠯᠦᠨ᠎ᠡ᠃

  8. ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠲᠤᠰᠢᠶᠠᠭᠰᠠᠨ ᠪᠤᠰᠤᠳ ᠬᠣᠯᠪᠤᠭᠳᠠᠯ ᠪᠦᠬᠦᠢ ᠠᠵᠢᠯ᠎ᠢ ᠡᠭᠦᠷᠭᠡᠯᠡᠨ᠎ᠡ᠃

   ᠬᠠᠶᠢᠭ᠄ ᠰᠢᠨ᠎ᠡ ᠬᠤᠲᠠ ᠲᠣᠭᠤᠷᠢᠭ᠎ᠤᠨ ᠬᠤᠶ᠋ᠢᠲᠤ ᠬᠤᠶᠠᠳᠤᠭ᠋ᠠᠷ ᠲᠣᠭᠤᠷᠢᠯ ᠵᠠᠮ᠎ᠤᠨ ᠥᠪᠥᠷ ᠮᠣᠩᠭᠤᠯ᠎ᠤᠨ ᠣᠨᠴᠠ ᠲᠥᠷᠥᠯ᠎ᠤᠨ ᠲᠣᠨᠤᠭ ᠲᠥᠬᠦᠭᠡᠷᠦᠮᠵᠢ ᠵᠢᠨ ᠰᠢᠯᠭ᠋ᠠᠨ ᠪᠠᠢ᠌ᠴᠠᠭ᠋ᠠᠯᠲᠠ ᠵᠢᠨ ᠰᠤᠳᠤᠯᠭ᠋ᠠᠨ᠎ᠤ ᠬᠦᠷᠢᠶᠡᠯᠡᠩ (ᠬᠤᠶ᠋ᠢᠲᠤ ᠲᠣᠭᠤᠷᠢᠭ)᠎ᠤᠨ ᠬᠥᠯᠥᠨ ᠵᠠᠮ᠎ᠤᠨ 261 ᠳ᠋ᠦ᠍ᠭᠡᠷ ᠲᠣᠭ᠋ᠠᠲᠤ (ᠡᠮᠦᠨ᠎ᠡ ᠲᠣᠭᠤᠷᠢᠭ)

   ᠠᠵᠢᠯᠯᠠᠬᠤ ᠴᠠᠭ᠄ 9:00 —12:00᠂ 14:00 —17:30

   ᠬᠠᠷᠢᠯᠴᠠᠬᠤ ᠬᠡᠯᠪᠡᠷᠢ᠄ 0471-5208008 (ᠬᠤᠶ᠋ᠢᠲᠤ ᠲᠣᠭᠤᠷᠢᠭ)᠂ 0471-6293741 (ᠡᠮᠦᠨ᠎ᠡ ᠲᠣᠭᠤᠷᠢᠭ)

   ᠬᠠᠷᠢᠭᠤᠴᠠᠯᠭ᠋ᠠᠲᠠᠨ᠄ ᠵᠠᠩ ᠳ᠋ᠦᠩ ᠬᠤᠩ

  

  (ᠳᠥᠷᠪᠡ) ᠥᠪᠥᠷ ᠣᠩᠭᠣᠯ᠎ᠤᠨ ᠥᠪᠡᠷᠲᠡᠭᠡᠨ ᠵᠠᠰᠠᠬᠤ ᠣᠷᠣᠨ ᠵᠢᠨ ᠦᠢ᠍ᠯᠡᠳᠬᠦᠨ᠎ᠤ ᠶᠠᠰᠤ ᠴᠢᠨᠠᠷ᠎ᠤᠨ ᠰᠢᠯᠭ᠋ᠠᠨ ᠪᠠᠢ᠌ᠴᠠᠭ᠋ᠠᠯᠲᠠ ᠵᠢᠨ ᠰᠤᠳᠤᠯᠭ᠋ᠠᠨ᠎ᠤ ᠬᠦᠷᠢᠶᠡᠯᠡᠩ

   ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠦᠢ᠍ᠯᠡᠳᠬᠦᠨ᠎ᠤ ᠶᠠᠰᠤ ᠴᠢᠨᠠᠷ᠎ᠤᠨ ᠰᠢᠯᠭ᠋ᠠᠨ ᠪᠠᠢ᠌ᠴᠠᠭ᠋ᠠᠯᠲᠠ ᠵᠢᠨ ᠰᠤᠳᠤᠯᠭ᠋ᠠᠨ᠎ᠤ ᠬᠦᠷᠢᠶᠡᠯᠡᠩ ᠪᠣᠯ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠬᠠᠷᠢᠶ᠎ᠠ ᠵᠢᠩᠬᠢᠨᠢ ᠭᠠᠵᠠᠷ᠎ᠤᠨ ᠲᠠᠰ᠎ᠤᠨ ᠨᠡᠶ᠋ᠢᠲᠡ ᠵᠢᠨ ᠠᠰᠠᠷᠠᠮᠵᠢ ᠵᠢᠨ ᠬᠤᠶᠠᠳᠤᠭ᠋ᠠᠷ ᠲᠥᠷᠥᠯ᠎ᠤᠨ ᠠᠵᠢᠯ ᠦᠢ᠍ᠯᠡᠰ᠎ᠤᠨ ᠨᠢᠭᠡᠴᠢ᠎ᠲᠠᠢ ᠲᠡᠩᠴᠡᠨ᠎ᠡ᠃ ᠭᠤᠣᠯ ᠡᠭᠦᠷᠭᠡ ᠬᠠᠷᠢᠭᠤᠴᠠᠯᠭ᠎ᠠ᠄

  1. ᠦᠢ᠍ᠯᠡᠳᠬᠦᠨ᠎ᠤ ᠶᠠᠰᠤ ᠴᠢᠨᠠᠷ᠎ᠢ ᠰᠢᠯᠭ᠋ᠠᠨ ᠪᠠᠶ᠋ᠢᠴᠠᠭ᠋ᠠᠬᠤ ᠵᠢᠴᠢ ᠰᠢᠯᠭ᠋ᠠᠨ ᠪᠠᠶ᠋ᠢᠴᠠᠭ᠋ᠠᠬᠤ ᠵᠠᠭᠪᠤᠷ᠎ᠢ ᠰᠤᠭᠤᠴᠢᠨ ᠪᠠᠶ᠋ᠢᠴᠠᠭ᠋ᠠᠬᠤ ᠠᠵᠢᠯ᠎ᠢ ᠡᠭᠦᠷᠭᠡᠯᠡᠨ᠎ᠡ; ᠨᠠᠶ᠋ᠢᠳᠠᠵᠤ ᠰᠢᠯᠭ᠋ᠠᠨ ᠪᠠᠶ᠋ᠢᠴᠠᠭ᠋ᠠᠬᠤ᠂ ᠬᠢᠨᠠᠯᠲᠠ ᠲᠠᠯᠪᠢᠵᠤ ᠰᠢᠯᠭ᠋ᠠᠨ ᠪᠠᠶ᠋ᠢᠴᠠᠭ᠋ᠠᠬᠤ᠂ ᠬᠥᠨᠳᠡᠯᠡᠨ᠎ᠠᠴᠠ ᠲᠠᠰᠤᠯᠬᠤ ᠵᠢ ᠰᠢᠯᠭ᠋ᠠᠨ ᠪᠠᠶ᠋ᠢᠴᠠᠭ᠋ᠠᠬᠤ᠂ ᠴᠢᠳᠠᠪᠤᠷᠢ ᠵᠢ ᠰᠢᠯᠭ᠋ᠠᠨ ᠲᠣᠭᠲᠠᠭ᠋ᠠᠬᠤ᠂ ᠬᠠᠷᠢᠴᠠᠭᠤᠯᠤᠨ ᠲᠤᠷᠰᠢᠬᠤ᠂ ᠦᠢ᠍ᠯᠡᠳᠪᠦᠷᠢᠯᠡᠬᠦ ᠵᠥᠪᠰᠢᠶᠡᠷᠡᠯ᠎ᠤᠨ ᠦᠨᠡᠮᠯᠡᠯ᠎ᠤᠨ ᠭᠡᠷᠡᠴᠢ ᠠᠪᠴᠤ ᠰᠢᠯᠭ᠋ᠠᠨ ᠪᠠᠶ᠋ᠢᠴᠠᠭ᠋ᠠᠬᠤ ᠵᠢᠴᠢ ᠦᠢ᠍ᠯᠡᠳᠬᠦᠨ᠎ᠤ ᠶᠠᠰᠤ ᠴᠢᠨᠠᠷ᠎ᠢ ᠬᠢᠨᠠᠨ ᠲᠣᠭᠲᠠᠭ᠋ᠠᠬᠤ ᠵᠡᠷᠭᠡ ᠠᠵᠢᠯ᠎ᠢ ᠥᠷᠨᠢᠭᠦᠯᠦᠨ᠎ᠡ; ᠵᠠᠰᠠᠭ᠎ᠤᠨ ᠣᠷᠳᠣᠨ᠎ᠤ ᠬᠠᠮᠢᠶ᠎ᠠ ᠪᠦᠬᠦᠢ ᠰᠠᠯᠠᠭ᠎ᠠ ᠮᠥᠴᠢᠷ᠎ᠲᠤ ᠦᠢ᠍ᠯᠡᠳᠬᠦᠨ᠎ᠤ ᠶᠠᠰᠤ ᠴᠢᠨᠠᠷ᠎ᠤᠨ ᠮᠡᠳᠡᠭᠡ ᠵᠠᠩᠭᠢ ᠬᠠᠩᠭ᠋ᠠᠬᠤ ᠠᠵᠢᠯ᠎ᠢ ᠡᠭᠦᠷᠭᠡᠯᠡᠨ᠎ᠡ᠃

  2. ᠦᠢ᠍ᠯᠡᠳᠬᠦᠨ᠎ᠤ ᠶᠠᠰᠤ ᠴᠢᠨᠠᠷ᠂ ᠦᠢ᠍ᠯᠡᠴᠢᠯᠡᠭᠡᠨ᠎ᠤ ᠦᠢ᠍ᠯᠡᠰ᠎ᠤᠨ ᠶᠠᠰᠤ ᠴᠢᠨᠠᠷ᠎ᠢ ᠭᠡᠷᠡᠴᠢᠯᠡᠬᠦ᠂ ᠬᠢᠨᠠᠨ ᠬᠡᠮᠵᠢᠬᠦ᠂ ᠦᠨᠡᠯᠡᠬᠦ᠂ ᠵᠥᠪᠯᠡᠯᠭᠡ ᠥᠭᠬᠦ ᠠᠵᠢᠯ᠎ᠢ ᠥᠷᠨᠢᠭᠦᠯᠦᠨ᠎ᠡ; ᠠᠵᠤ ᠠᠬᠤᠶ᠋ᠢᠯᠠᠯ᠎ᠳᠤ ᠮᠡᠷᠭᠡᠵᠢᠯ᠎ᠤᠨ ᠵᠥᠪᠯᠡᠯᠭᠡ ᠥᠭᠬᠦ ᠦᠢ᠍ᠯᠡᠴᠢᠯᠡᠭᠡ ᠬᠠᠩᠭ᠋ᠠᠬᠤ ᠵᠢ ᠡᠭᠦᠷᠭᠡᠯᠡᠵᠦ᠂ ᠠᠵᠤ ᠠᠬᠤᠶ᠋ᠢᠯᠠᠯ᠎ᠢ ᠵᠢᠯᠣᠭᠤᠳᠤᠨ ᠦᠢ᠍ᠯᠡᠳᠬᠦᠨ᠎ᠤ ᠶᠠᠰᠤ ᠴᠢᠨᠠᠷ᠎ᠢ ᠰᠢᠯᠭ᠋ᠠᠨ ᠪᠠᠶ᠋ᠢᠴᠠᠭ᠋ᠠᠬᠤ ᠬᠡᠮᠵᠢᠶ᠎ᠡ ᠵᠢᠴᠢ ᠲᠤᠷᠰᠢᠯᠲᠠ ᠵᠢᠨ ᠲᠠᠰᠤᠭ ᠪᠠᠶ᠋ᠢᠭᠤᠯᠤᠨ᠎ᠠ; ᠰᠢᠯᠭ᠋ᠠᠨ ᠪᠠᠶ᠋ᠢᠴᠠᠭ᠋ᠠᠬᠤ ᠰᠢᠨᠵᠢᠯᠡᠨ ᠰᠢᠯᠭ᠋ᠠᠬᠤ ᠠᠵᠢᠯᠲᠠᠨ᠎ᠤ ᠪᠣᠯᠪᠠᠰᠤᠷᠠᠯ᠎ᠤᠨ ᠠᠵᠢᠯ᠎ᠢ ᠡᠭᠦᠷᠭᠡᠯᠡᠨ᠎ᠡ᠃

  3. ᠬᠠᠮᠢᠶ᠎ᠠ ᠪᠦᠬᠦᠢ ᠦᠢ᠍ᠯᠡᠳᠬᠦᠨ᠎ᠤ ᠶᠠᠰᠤ ᠴᠢᠨᠠᠷ᠎ᠤᠨ ᠪᠠᠷᠢᠮᠵᠢᠶ᠎ᠠ ᠵᠢᠨ ᠲᠤᠷᠰᠢᠯᠲᠠ ᠵᠢᠨ ᠰᠢᠯᠭ᠋ᠠᠨ ᠪᠠᠲᠤᠯᠠᠬᠤ ᠬᠢᠭᠡᠳ ᠮᠡᠷᠭᠡᠵᠢᠯ᠎ᠤᠨ ᠪᠠᠷᠢᠮᠵᠢᠶ᠎ᠠ ᠵᠢᠨ ᠰᠤᠳᠤᠯᠤᠯ᠂ ᠰᠢᠯᠭ᠋ᠠᠨ ᠪᠠᠶ᠋ᠢᠴᠠᠭ᠋ᠠᠬᠤ ᠪᠠᠶ᠋ᠢᠴᠠᠭ᠋ᠠᠨ ᠬᠡᠮᠵᠢᠬᠦ ᠮᠡᠷᠭᠡᠵᠢᠯ᠎ᠤᠨ ᠰᠤᠳᠤᠯᠤᠯ᠂ ᠰᠢᠯᠭ᠋ᠠᠨ ᠪᠠᠶ᠋ᠢᠴᠠᠭ᠋ᠠᠬᠤ ᠲᠥᠬᠥᠭᠡᠷᠦᠮᠵᠢ ᠵᠢᠨ ᠨᠡᠭᠡᠭᠡᠨ ᠬᠥᠭᠵᠢᠭᠦᠯᠬᠦ ᠪᠠ ᠰᠤᠳᠤᠯᠤᠨ ᠦᠢ᠍ᠯᠡᠳᠬᠦ ᠠᠵᠢᠯ᠎ᠢ ᠡᠭᠦᠷᠭᠡᠯᠡᠨ᠎ᠡ᠃

  4. ᠵᠢᠭ᠋ᠠᠬᠤ ᠮᠠᠲ᠋ᠧᠷᠢᠶᠠᠯ᠎ᠤᠨ ᠶᠠᠰᠤ ᠴᠢᠨᠠᠷ᠎ᠢ ᠰᠢᠯᠭ᠋ᠠᠨ ᠲᠣᠭᠲᠠᠭ᠋ᠠᠬᠤ᠂ ᠮᠡᠳᠡᠭᠡ ᠵᠠᠩᠭᠢ ᠵᠢᠨ ᠠᠮᠤᠷ ᠲᠦᠪᠰᠢᠨ᠎ᠤ ᠲᠦᠭᠰᠢᠭᠦᠷᠢ ᠵᠢ ᠦᠨᠡᠯᠡᠨ ᠵᠢᠱ᠌ᠢᠬᠦ᠂ ᠮᠡᠳᠡᠭᠡ ᠵᠠᠩᠭᠢᠵᠢᠯᠲᠠ ᠵᠢᠨ ᠢᠨᠵᠧᠨᠧᠷᠢᠩ᠎ᠤᠨ ᠦᠨ᠎ᠡ ᠬᠠᠩᠰᠢ ᠵᠢ ᠲᠥᠰᠦᠭᠡᠯᠡᠨ ᠪᠤᠳᠤᠬᠤ᠂ ᠡᠯᠸᠺᠲᠷᠣᠨ ᠪᠣᠳᠠᠰ᠎ᠤᠨ ᠭᠡᠷᠡᠴᠢ ᠵᠢ ᠬᠥᠨᠳᠡᠯᠡᠨ᠎ᠠᠴᠠ ᠲᠠᠰᠤᠯᠬᠤ᠂ ᠢᠲᠡᠭᠡᠮᠵᠢ ᠪᠠ ᠠᠵᠤ ᠦᠢ᠍ᠯᠡᠳᠪᠦᠷᠢᠵᠢᠯᠲᠡ ᠵᠢ ᠠᠭᠤᠰᠤᠯᠴᠠᠭᠤᠯᠬᠤ ᠮᠡᠷᠭᠡᠵᠢᠯ᠎ᠤᠨ ᠦᠢ᠍ᠯᠡᠴᠢᠯᠡᠭᠡ ᠵᠡᠷᠭᠡ ᠠᠵᠢᠯ᠎ᠢ ᠡᠭᠦᠷᠭᠡᠯᠡᠨ᠎ᠡ᠃

  5. ᠡᠷᠡᠮᠳᠡᠭ ᠦᠢ᠍ᠯᠡᠳᠬᠦᠨ᠎ᠢ ᠡᠭᠡᠭᠦᠯᠦᠨ ᠠᠪᠴᠢᠷᠠᠬᠤ ᠬᠣᠯᠪᠤᠭᠳᠠᠯ ᠪᠦᠬᠦᠢ ᠠᠵᠢᠯ᠎ᠢ ᠥᠷᠨᠢᠭᠦᠯᠦᠨ᠎ᠡ᠃

  6. ᠪᠥᠬᠦ ᠣᠷᠣᠨ᠎ᠤ ᠴᠢᠯᠠᠭᠤᠨ ᠲᠣᠰᠣ ᠬᠢᠮᠢ ᠵᠢᠨ ᠠᠵᠤ ᠦᠢ᠍ᠯᠡᠳᠪᠦᠷᠢ ᠵᠢᠨ ᠪᠠᠷᠢᠯᠭ᠎ᠠ ᠵᠢᠨ ᠢᠨᠵᠸᠨ᠋ᠸᠷᠢᠩ᠎ᠤᠨ ᠮᠠᠲ᠋ᠧᠷᠢᠶᠠᠯ᠎ᠤᠨ ᠰᠢᠯᠭ᠋ᠠᠨ ᠪᠠᠶ᠋ᠢᠴᠠᠭ᠋ᠠᠬᠤ ᠠᠵᠢᠯ᠎ᠢ ᠡᠭᠦᠷᠭᠡᠯᠡᠨ᠎ᠡ; ᠬᠢᠷᠢ ᠬᠡᠮ ᠣᠯᠤᠭᠰᠠᠨ ᠶᠣᠰᠣᠭ᠋ᠠᠷ ᠬᠣᠯᠪᠤᠭᠳᠠᠯ ᠪᠦᠬᠦᠢ ᠲᠤᠬᠠᠶ᠋ᠢᠯᠠᠭᠰᠠᠨ ᠠᠵᠢᠯ ᠵᠢᠴᠢ ᠪᠤᠰᠤᠳ ᠨᠠᠶ᠋ᠢᠳᠠᠯᠭ᠎ᠠ ᠵᠢᠨ ᠴᠢᠨᠠᠷᠲᠠᠶ ᠰᠢᠯᠭ᠋ᠠᠨ ᠪᠠᠶ᠋ᠢᠴᠠᠭ᠋ᠠᠬᠤ ᠠᠵᠢᠯ᠎ᠢ ᠥᠷᠨᠢᠭᠦᠯᠦᠨ᠎ᠡ᠃

  7. ᠤᠯᠤᠰ᠎ᠠᠴᠠ ᠴᠣᠬᠤᠯᠠᠪᠤᠷᠢᠯᠠᠭᠰᠠᠨ ᠶᠠᠰᠤ ᠴᠢᠨᠠᠷ᠎ᠤᠨ ᠬᠢᠨᠠᠯᠲᠠ ᠲᠠᠯᠪᠢᠵᠤ ᠰᠢᠯᠭ᠋ᠠᠨ ᠪᠠᠶ᠋ᠢᠴᠠᠭ᠋ᠠᠬᠤ ᠲᠥᠪ᠎ᠤᠨ ᠰᠢᠯᠭ᠋ᠠᠨ ᠪᠠᠶ᠋ᠢᠴᠠᠭ᠋ᠠᠬᠤ ᠡᠭᠦᠷᠭᠡ ᠴᠢᠳᠠᠪᠤᠷᠢ ᠵᠢ ᠡᠭᠦᠷᠭᠡᠯᠡᠨ᠎ᠡ᠃

  8. ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠲᠤᠰᠢᠶᠠᠭᠰᠠᠨ ᠪᠤᠰᠤᠳ ᠬᠣᠯᠪᠤᠭᠳᠠᠯ ᠪᠦᠬᠦᠢ ᠠᠵᠢᠯ᠎ᠢ ᠡᠭᠦᠷᠭᠡᠯᠡᠨ᠎ᠡ᠃

   ᠬᠠᠶᠢᠭ᠄ ᠰᠠᠶ᠋ᠢᠬᠠᠨ ᠲᠣᠭᠤᠷᠢᠭ᠎ᠤᠨ ᠵᠢᠨᠴᠢᠶᠤᠤ ᠨᠡᠭᠡᠭᠡᠯᠲᠡ ᠵᠢᠨ ᠲᠣᠭᠤᠷᠢᠭ᠎ᠤᠨ ᠱ᠌ᠢ ᠬᠤᠸᠠ ᠵᠠᠮ᠎ᠤᠨ ᠶᠠᠰᠤ ᠴᠢᠨᠠᠷ᠎ᠤᠨ ᠪᠠᠢ᠌ᠴᠠᠭ᠋ᠠᠯᠲᠠ ᠵᠢᠨ ᠲᠣᠮᠣ ᠠᠰᠠᠷ ᠬᠥᠬᠡᠬᠤᠲᠠ ᠵᠢᠨ ᠰᠢᠨ᠎ᠡ ᠬᠤᠲᠠ ᠲᠣᠭᠤᠷᠢᠭ᠎ᠤᠨ ᠤᠯᠠᠭ᠋ᠠᠨᠴᠠᠪ ᠪᠠᠷᠠᠭᠤᠨ ᠵᠡᠭᠡᠯᠢ ᠵᠢᠨ 1 ᠳ᠋ᠦ᠍ᠭᠡᠷ ᠲᠣᠭ᠋ᠠᠲᠤ

   ᠠᠵᠢᠯᠯᠠᠬᠤ ᠴᠠᠭ᠄ 9:00 —12:00᠂ 14:00 —17:30

   ᠬᠠᠷᠢᠯᠴᠠᠬᠤ ᠬᠡᠯᠪᠡᠷᠢ᠄ 0471-3255903 (ᠵᠢᠵᠢᠭᠦᠷ)᠂ 0471-3255908 (ᠠᠰᠠᠭᠤᠨ ᠯᠠᠪᠯᠠᠬᠤ)

   ᠬᠠᠷᠢᠭᠤᠴᠠᠯᠭ᠋ᠠᠲᠠᠨ᠄ ᠵᠣᠣ ᠯᠢ

  

  (ᠲᠠᠪᠤ) ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠶᠠᠰᠤ ᠴᠢᠨᠠᠷ ᠪᠠ ᠪᠠᠷᠢᠮᠵᠢᠶᠠᠵᠢᠭᠤᠯᠤᠯᠲᠠ ᠵᠢᠨ ᠰᠤᠳᠤᠯᠭ᠋ᠠᠨ᠎ᠤ ᠬᠦᠷᠢᠶᠡᠯᠡᠩ

   ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠶᠠᠰᠤ ᠴᠢᠨᠠᠷ ᠪᠠ ᠪᠠᠷᠢᠮᠵᠢᠶᠠᠵᠢᠭᠤᠯᠤᠯᠲᠠ ᠵᠢᠨ ᠰᠤᠳᠤᠯᠭ᠋ᠠᠨ᠎ᠤ ᠬᠦᠷᠢᠶᠡᠯᠡᠩ (ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠮᠵᠢ ᠵᠢᠨ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠶ ᠣᠷᠣᠯᠠᠬᠤ ᠨᠣᠮᠧᠷ᠎ᠲᠠᠢ ᠲᠤᠭ᠎ᠠ ᠪᠠᠷᠢᠮᠲᠠ ᠵᠢᠨ ᠦᠢ᠍ᠯᠡᠴᠢᠯᠡᠭᠡᠨ᠎ᠤ ᠲᠥᠪ᠎ᠤᠨ ᠫᠠᠶ᠋ᠢᠰᠠ ᠵᠢ ᠡᠯᠭᠦᠬᠦ)᠎ᠨᠢ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠬᠠᠷᠢᠶ᠎ᠠ ᠵᠢᠩᠬᠢᠨᠢ ᠭᠠᠵᠠᠷ᠎ᠤᠨ ᠲᠠᠰ᠎ᠤᠨ ᠨᠡᠶ᠋ᠢᠲᠡ ᠵᠢᠨ ᠠᠰᠠᠷᠠᠮᠵᠢ ᠵᠢᠨ ᠬᠤᠶᠠᠳᠤᠭ᠋ᠠᠷ ᠲᠥᠷᠥᠯ᠎ᠤᠨ ᠠᠵᠢᠯ ᠦᠢ᠍ᠯᠡᠰ᠎ᠤᠨ ᠨᠢᠭᠡᠴᠢ᠎ᠲᠠᠢ ᠲᠡᠩᠴᠡᠨ᠎ᠡ᠃ ᠭᠤᠣᠯ ᠡᠭᠦᠷᠭᠡ ᠬᠠᠷᠢᠭᠤᠴᠠᠯᠭ᠎ᠠ᠄

  1. ᠥᠪᠡᠷᠲᠡᠭᠡᠨ ᠵᠠᠰᠠᠬᠤ ᠣᠷᠣᠨ᠎ᠤ ᠶᠠᠰᠤ ᠴᠢᠨᠠᠷ᠎ᠤᠨ ᠰᠠᠭᠤᠷᠢ ᠪᠠᠶ᠋ᠢᠳᠠᠯ᠎ᠢ ᠬᠢᠨᠠᠨ ᠬᠡᠮᠵᠢᠬᠦ᠂ ᠵᠠᠳᠠᠯᠤᠯᠲᠠ ᠬᠢᠬᠦ᠂ ᠤᠷᠢᠳᠴᠢᠯᠠᠨ ᠮᠠᠭ᠋ᠠᠳᠯᠠᠬᠤ᠂ ᠶᠠᠰᠤ ᠴᠢᠨᠠᠷ᠎ᠤᠨ ᠢᠲᠡᠭᠡᠮᠵᠢ᠂ ᠶᠠᠰᠤ ᠴᠢᠨᠠᠷ᠎ᠤᠨ ᠮᠡᠷᠭᠡᠵᠢᠯ᠂ ᠶᠠᠰᠤ ᠴᠢᠨᠠᠷ᠎ᠤᠨ ᠬᠠᠮᠢᠶᠠᠷᠤᠯᠲᠠ᠂ ᠶᠠᠰᠤ ᠴᠢᠨᠠᠷ᠎ᠤᠨ ᠲᠦᠷᠦᠯ ᠲᠡᠮᠲᠡᠭᠲᠦ᠂ ᠶᠠᠰᠤ ᠴᠢᠨᠠᠷ᠎ᠤᠨ ᠪᠠᠷᠢᠮᠵᠢᠶ᠎ᠠ ᠵᠢᠨ ᠰᠤᠳᠤᠯᠤᠯ ᠬᠢᠭᠡᠳ ᠦᠢ᠍ᠯᠡᠴᠢᠯᠡᠭᠡ ᠵᠡᠷᠭᠡ ᠬᠣᠯᠪᠤᠭᠳᠠᠯ ᠪᠦᠬᠦᠢ ᠠᠵᠢᠯ᠎ᠢ ᠡᠭᠦᠷᠭᠡᠯᠡᠨ᠎ᠡ᠃

  2. ᠪᠠᠷᠢᠮᠵᠢᠶ᠎ᠠ ᠵᠢᠨ ᠮᠡᠳᠡᠭᠡ ᠵᠠᠩᠭᠢ ᠬᠢᠭᠡᠳ ᠬᠣᠯᠪᠤᠭᠳᠠᠯ ᠪᠦᠬᠦᠢ ᠡᠬᠢ ᠪᠠᠶᠠᠯᠢᠭ᠎ᠢ ᠴᠤᠭᠯᠠᠭᠤᠯᠬᠤ᠂ ᠰᠤᠳᠤᠯᠬᠤ᠂ ᠨᠡᠭᠡᠭᠡᠬᠦ᠂ ᠬᠡᠷᠡᠭᠯᠡᠬᠦ᠂ ᠪᠠᠷᠢᠮᠵᠢᠶ᠎ᠠ ᠵᠢ ᠰᠤᠳᠤᠯᠬᠤ᠂ ᠲᠣᠭᠲᠠᠭ᠋ᠠᠬᠤ ᠪᠠ ᠦᠨᠡᠯᠡᠬᠦ᠂ ᠪᠠᠷᠢᠮᠵᠢᠶᠠᠲᠤ ᠪᠢᠴᠢᠭ ᠮᠠᠲ᠋ᠧᠷᠢᠶᠠᠯ ᠪᠠ ᠪᠠᠷᠢᠮᠵᠢᠶ᠎ᠠ ᠵᠢᠨ ᠮᠡᠷᠭᠡᠵᠢᠯ᠎ᠤᠨ ᠯᠠᠪᠯᠠᠭ᠎ᠠ ᠬᠠᠩᠭ᠋ᠠᠬᠤ ᠵᠡᠷᠭᠡ ᠦᠢ᠍ᠯᠡᠴᠢᠯᠡᠭᠡᠨ᠎ᠤ ᠠᠵᠢᠯ᠎ᠢ ᠬᠠᠷᠢᠭᠤᠴᠠᠨ᠎ᠠ; ᠪᠦᠲᠦᠭᠡᠨ ᠪᠠᠶ᠋ᠢᠭᠤᠯᠬᠤ ᠪᠠᠷᠢᠮᠵᠢᠶ᠎ᠠ ᠵᠢᠨ ᠰᠤᠷᠪᠤᠯᠵᠢ ᠪᠢᠴᠢᠭ᠎ᠤᠨ ᠣᠷᠳᠣᠨ᠂ ᠪᠠᠷᠢᠮᠵᠢᠶ᠎ᠠ ᠵᠢᠨ ᠮᠡᠳᠡᠭᠡ ᠵᠠᠩᠭᠢ ᠵᠢᠨ ᠲᠤᠭ᠎ᠠ ᠪᠠᠷᠢᠮᠲᠠ ᠵᠢᠨ ᠬᠥᠮᠥᠷᠭᠡ ᠪᠠᠶ᠋ᠢᠭᠤᠯᠬᠤ ᠵᠡᠷᠭᠡ ᠠᠵᠢᠯ᠎ᠢ ᠡᠭᠦᠷᠭᠡᠯᠡᠨ᠎ᠡ᠃

  3. ᠣᠯᠠᠨ ᠤᠯᠤᠰ᠎ᠤᠨ ᠪᠠ ᠤᠯᠤᠰ᠎ᠤᠨ ᠳᠣᠲᠣᠭ᠋ᠠᠳᠤ ᠵᠢᠨ ᠪᠠᠷᠢᠮᠵᠢᠶᠠᠵᠢᠭᠤᠯᠤᠯᠲᠠ ᠵᠢᠨ ᠮᠡᠷᠭᠡᠵᠢᠯ᠎ᠤᠨ ᠵᠣᠬᠢᠶᠠᠨ ᠪᠠᠶ᠋ᠢᠭᠤᠯᠤᠯᠲᠠ ᠵᠢᠨ ᠬᠣᠯᠪᠤᠭᠳᠠᠯ ᠪᠥᠬᠦᠶ ᠠᠵᠢᠯ᠎ᠢ ᠡᠭᠦᠷᠭᠡᠯᠡᠨ᠎ᠡ; ᠣᠯᠠᠨ ᠨᠡᠶ᠋ᠢᠲᠡ ᠵᠢᠨ ᠵᠢᠷᠤᠭ ᠳᠦᠷᠰᠦ ᠵᠢᠨ ᠲᠡᠮᠳᠡᠭ᠂ ᠢᠯᠭ᠋ᠠᠬᠤ ᠲᠡᠮᠳᠡᠭ᠎ᠤᠨ ᠪᠠᠷᠢᠮᠵᠢᠶᠠᠵᠢᠭᠤᠯᠤᠯᠲᠠ ᠵᠢᠨ ᠰᠤᠳᠤᠯᠤᠯ ᠪᠠ ᠬᠡᠷᠡᠭᠯᠡᠯᠲᠡ ᠵᠢ ᠡᠭᠦᠷᠭᠡᠯᠡᠨ᠎ᠡ; ᠮᠡᠷᠭᠡᠵᠢᠯ᠎ᠤᠨ ᠴᠢᠨᠠᠷᠲᠠᠶ ᠠᠷᠠᠯᠵᠢᠶᠠᠨ᠎ᠤ ᠵᠢᠭ᠋ᠠᠨ ᠵᠢᠯᠤᠭᠤᠳᠤᠯᠭ᠎ᠠ (BT ᠵᠢᠴᠢ ᠲᠡᠭᠦᠨ᠎ᠤ ᠠᠷᠭ᠋ᠠᠴᠠᠬᠤ ᠠᠷᠭ᠎ᠠ ᠬᠡᠮᠵᠢᠶ᠎ᠡ ᠵᠢᠨ ᠰᠤᠳᠤᠯᠤᠯ᠂ ᠠᠰᠠᠭᠤᠨ ᠯᠠᠪᠯᠠᠭ᠎ᠠ  ᠪᠠ ᠦᠢ᠍ᠯᠡᠴᠢᠯᠡᠭᠡ᠂ WTO ᠵᠠᠷᠯᠠᠨ ᠦᠨᠡᠯᠡᠬᠦ ᠵᠡᠷᠭᠡ ᠠᠵᠢᠯ ) ᠵᠢ  ᠬᠠᠷᠢᠭᠤᠴᠠᠨ᠎ᠠ᠃

  4. ᠥᠪᠡᠷᠲᠡᠭᠡᠨ ᠵᠠᠰᠠᠬᠤ ᠣᠷᠣᠨ᠎ᠤ ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠮᠵᠢ ᠵᠢᠨ ᠨᠢᠭᠡᠳᠦᠯᠲᠡᠶ ᠨᠡᠶ᠋ᠢᠭᠡᠮ᠎ᠤᠨ ᠢᠲᠡᠭᠡᠮᠵᠢ ᠵᠢᠨ ᠣᠷᠣᠯᠠᠬᠤ ᠨᠣᠮᠧᠷ᠎ᠤᠨ ᠺᠣᠳ᠋ ᠣᠯᠭᠤᠬᠤ᠂ ᠬᠡᠷᠡᠭᠯᠡᠬᠦ ᠪᠠ ᠬᠠᠮᠢᠶᠠᠷᠬᠤ ᠵᠢ ᠡᠭᠦᠷᠭᠡᠯᠡᠵᠦ᠂ ᠪᠠᠶ᠋ᠢᠭᠤᠯᠤᠮᠵᠢ ᠵᠢᠨ ᠲᠣᠭ᠋ᠠᠴᠢᠯᠠᠭᠰᠠᠨ ᠦᠨᠡᠮᠯᠡᠯ ᠣᠯᠭᠤᠬᠤ ᠪᠠ ᠬᠡᠷᠡᠭᠯᠡᠬᠦ ᠵᠢ ᠵᠣᠬᠢᠶᠠᠨ ᠪᠠᠶ᠋ᠢᠭᠤᠯᠵᠤ᠂ ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠮᠵᠢ ᠵᠢᠨ ᠣᠷᠣᠯᠠᠬᠤ ᠨᠣᠮᠸᠷ᠎ᠢ ᠳᠠᠩᠰᠠᠯᠠᠨ ᠲᠡᠮᠳᠡᠭᠯᠡᠭᠰᠡᠨ ᠮᠡᠳᠡᠭᠡ ᠵᠠᠩᠭᠢ᠎ᠳᠤ ᠬᠤᠷᠸ᠎ᠠ ᠠᠵᠤ ᠠᠬᠤᠶ ᠵᠢᠨ ᠵᠠᠳᠠᠯᠤᠯᠲᠠ ᠬᠢᠨ᠎ᠡ᠃

  5. ᠥᠪᠡᠷᠲᠡᠭᠡᠨ ᠵᠠᠰᠠᠬᠤ ᠣᠷᠣᠨ᠎ᠤ ᠲᠠᠸᠠᠷ᠎ᠤᠨ ᠵᠢᠷᠤᠭ᠋ᠠᠰᠤᠨ ᠺᠣᠳ᠋ ᠭᠤᠶᠤᠴᠢᠯᠠᠨ ᠮᠡᠳᠡᠭᠦᠯᠬᠦ᠂ ᠵᠡᠰ ᠦᠢ᠍ᠯᠡᠳᠬᠦ᠂ ᠮᠡᠷᠭᠡᠵᠢᠯ᠎ᠤᠨ ᠪᠠᠶ᠋ᠢᠴᠠᠭ᠋ᠠᠯᠲᠠ ᠬᠢᠬᠦ᠂ ᠨᠠᠶ᠋ᠢᠳᠠᠨ ᠰᠢᠯᠭ᠋ᠠᠨ ᠪᠠᠶ᠋ᠢᠴᠠᠭ᠋ᠠᠯᠭ᠋ᠠᠬᠤ᠂ ᠪᠣᠯᠪᠠᠰᠤᠷᠠᠯ ᠬᠢᠬᠦ᠂ ᠵᠥᠪᠯᠡᠯᠭᠡ ᠥᠭᠬᠦ᠂ ᠦᠢ᠍ᠯᠡᠴᠢᠯᠡᠭᠡ ᠬᠢᠬᠦ ᠵᠡᠷᠭᠡ ᠠᠵᠢᠯ᠎ᠢ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ᠎ᠤ ᠡᠳ᠋ ᠪᠣᠳᠠᠰ᠎ᠢ ᠨᠣᠮᠧᠷᠯᠠᠬᠤ ᠪᠠ ᠦᠢ᠍ᠯᠡᠳᠬᠦᠨ᠎ᠤ ᠡᠯᠸᠺᠲᠷᠣᠨ ᠣᠷᠣᠯᠠᠬᠤ ᠨᠣᠮᠸᠷ (EPC)᠎ᠢ ᠬᠠᠮᠢᠶᠠᠷᠴᠤ᠂ ᠢᠯᠭ᠋ᠠᠬᠤ ᠲᠡᠮᠳᠡᠭ ᠲᠠᠷᠬᠠᠭ᠋ᠠᠭᠰᠠᠨ ᠦᠢ᠍ᠯᠡᠳᠬᠦᠨ᠎ᠤ ᠪᠠᠷᠢᠮᠵᠢᠶ᠎ᠠ ᠵᠢᠨ ᠨᠡᠶ᠋ᠢᠴᠡᠬᠦ ᠴᠢᠨᠠᠷ᠎ᠤᠨ ᠰᠢᠯᠭ᠋ᠠᠨ ᠪᠠᠶ᠋ᠢᠴᠠᠭ᠋ᠠᠯᠲᠠ ᠬᠢᠵᠦ᠂ ᠡᠳ᠋ ᠪᠣᠳᠠᠰ᠎ᠢ ᠨᠣᠮᠧᠷᠯᠠᠬᠤ ᠮᠡᠷᠭᠡᠵᠢᠯ᠎ᠤᠨ ᠵᠥᠪᠯᠡᠯᠭᠡ ᠥᠭᠬᠦ ᠪᠠ ᠦᠢ᠍ᠯᠡᠴᠢᠯᠡᠭᠡ ᠬᠠᠩᠭ᠋ᠠᠵᠤ᠂ ᠢᠷᠡᠯᠲᠡ ᠵᠢᠨ ᠲᠤᠭ᠎ᠠ ᠵᠢ ᠴᠤᠭᠯᠠᠭᠤᠯᠤᠨ ᠦᠯᠢᠭᠡᠷ ᠠᠪᠬᠤ ᠠᠵᠢᠯ᠎ᠢ ᠥᠷᠨᠢᠭᠦᠯᠦᠨ᠎ᠡ᠃

  6. ᠪᠣᠳᠠᠰ᠎ᠤᠨ ᠬᠣᠯᠪᠣᠭ᠋ᠠᠲᠤ ᠰᠦᠯᠵᠢᠶ᠎ᠡ ᠵᠢᠨ ᠮᠡᠷᠭᠡᠵᠢᠯ᠎ᠤᠨ ᠰᠤᠳᠤᠯᠤᠯ ᠵᠢᠴᠢ ᠬᠣᠯᠪᠤᠭᠳᠠᠯ ᠪᠦᠬᠦᠢ ᠪᠠᠷᠢᠮᠵᠢᠶ᠎ᠠ ᠵᠢᠨ ᠬᠡᠷᠡᠭᠯᠡᠯᠲᠡ ᠳᠡᠯᠭᠡᠷᠡᠭᠦᠯᠦᠯᠲᠡ ᠵᠡᠷᠭᠡ ᠣᠯᠠᠨ ᠨᠡᠶ᠋ᠢᠲᠡ ᠵᠢᠨ ᠮᠡᠷᠭᠡᠵᠢᠯ᠎ᠤᠨ ᠦᠢ᠍ᠯᠡᠴᠢᠯᠡᠭᠡ ᠵᠢ ᠥᠷᠨᠢᠭᠦᠯᠦᠨ᠎ᠡ᠃

  7. ᠤᠯᠤᠰ᠎ᠤᠨ ᠴᠣᠬᠤᠯᠠᠪᠤᠷᠢᠯᠠᠭᠰᠠᠨ ᠬᠣᠯᠪᠤᠭᠳᠠᠯ ᠪᠥᠬᠦᠶ ᠲᠥᠪ᠎ᠤᠨ ᠡᠭᠦᠷᠭᠡ ᠴᠢᠳᠠᠪᠤᠷᠢ ᠵᠢ ᠡᠭᠦᠷᠭᠡᠯᠡᠵᠦ᠂ ᠬᠢᠷᠢ ᠬᠡᠮ ᠣᠯᠤᠭᠰᠠᠨ ᠶᠣᠰᠣᠭ᠋ᠠᠷ ᠬᠣᠯᠪᠤᠭᠳᠠᠯ ᠪᠥᠬᠦᠶ ᠲᠤᠬᠠᠶ᠋ᠢᠯᠠᠭᠰᠠᠨ ᠠᠵᠢᠯ᠎ᠢ ᠥᠷᠨᠢᠭᠦᠯᠦᠨ᠎ᠡ᠃

  8. ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠲᠤᠰᠢᠶᠠᠭᠰᠠᠨ ᠪᠤᠰᠤᠳ ᠬᠣᠯᠪᠤᠭᠳᠠᠯ ᠪᠦᠬᠦᠢ ᠠᠵᠢᠯ᠎ᠢ ᠡᠭᠦᠷᠭᠡᠯᠡᠨ᠎ᠡ᠃

   ᠬᠠᠶᠢᠭ᠄ ᠰᠠᠶ᠋ᠢᠬᠠᠨ ᠲᠣᠭᠤᠷᠢᠭ᠎ᠤᠨ ᠵᠢᠨᠴᠢᠶᠤᠤ ᠨᠡᠭᠡᠭᠡᠯᠲᠡ ᠵᠢᠨ ᠲᠣᠭᠤᠷᠢᠭ᠎ᠤᠨ ᠦᠬᠠᠶ ᠵᠡᠭᠦᠨ ᠵᠡᠭᠡᠯᠢ ᠵᠢᠨ ᠨᠢᠭᠡ ᠨᠣᠮᠸᠷᠲᠤ ᠬᠣᠷᠢᠶ᠎ᠠ ᠵᠢᠨ ᠨᠢᠭᠡ ᠨᠣᠮᠸᠷᠲᠤ ᠠᠰᠠᠷ

   ᠠᠵᠢᠯᠯᠠᠬᠤ ᠴᠠᠭ᠄ 9:00 —12:00᠂ 14:00 —17:30

   ᠬᠠᠷᠢᠯᠴᠠᠬᠤ ᠬᠡᠯᠪᠡᠷᠢ᠄ 0471-3255808

   ᠬᠠᠷᠢᠭᠤᠴᠠᠯᠭ᠋ᠠᠲᠠᠨ᠄ ᠵᠢᠶᠠ ᠱᠤᠸᠠᠩ ᠸᠧᠨ

  

  (ᠵᠢᠷᠭᠤᠭ᠎ᠠ) ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠳᠡᠯᠭᠡ ᠵᠢᠨ ᠥᠮᠴᠢᠯᠡᠯ᠎ᠤᠨ ᠡᠷᠬᠡ ᠵᠢᠨ   ᠦᠢ᠍ᠯᠡᠴᠢᠯᠡᠭᠡᠨ᠎ᠤ ᠲᠥᠪ

   ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠵᠢᠨ ᠲᠥᠪ ᠪᠣᠯ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠬᠠᠷᠢᠶ᠎ᠠ ᠵᠢᠩᠬᠢᠨᠢ ᠭᠠᠵᠠᠷ᠎ᠤᠨ ᠲᠠᠰ᠎ᠤᠨ ᠨᠡᠶ᠋ᠢᠲᠡ ᠵᠢᠨ ᠠᠰᠠᠷᠠᠮᠵᠢ ᠵᠢᠨ ᠨᠢᠭᠡᠳᠦᠭᠡᠷ ᠲᠥᠷᠥᠯ᠎ᠤᠨ ᠠᠵᠢᠯ ᠦᠢ᠍ᠯᠡᠰ᠎ᠤᠨ ᠨᠢᠭᠡᠴᠢ᠎ᠲᠠᠢ ᠲᠡᠩᠴᠡᠨ᠎ᠡ᠃ ᠭᠤᠣᠯ ᠡᠭᠦᠷᠭᠡ ᠬᠠᠷᠢᠭᠤᠴᠠᠯᠭ᠎ᠠ᠄

  1. ᠲᠤᠰᠬᠠᠶ ᠠᠰᠢᠭ᠎ᠤᠨ ᠤᠷᠢᠳᠴᠢᠯᠠᠨ ᠬᠢᠨᠠᠬᠤ᠂ ᠲᠤᠰᠬᠠᠶ ᠠᠰᠢᠭ᠎ᠤᠨ ᠡᠷᠬᠡ᠎ᠪᠠᠨ ᠲᠦᠷᠭᠡᠨ ᠬᠠᠮᠠᠭ᠋ᠠᠯᠠᠬᠤ᠂ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠠᠮᠠᠭ᠋ᠠᠯᠠᠬᠤ ᠬᠠᠮᠵᠢᠯᠴᠠᠭ᠎ᠠ ᠵᠡᠷᠭᠡ ᠠᠵᠢᠯ᠎ᠢ ᠡᠭᠦᠷᠭᠡᠯᠡᠨ᠎ᠡ; ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠪᠠᠷᠢᠮᠵᠢᠶ᠎ᠠ ᠵᠢ ᠭᠡᠷᠡᠴᠢᠯᠡᠬᠦ᠂ ᠲᠤᠰᠬᠠᠶ ᠠᠰᠢᠭ᠎ᠤᠨ ᠮᠡᠷᠭᠡᠵᠢᠯ᠎ᠢ ᠵᠠᠳᠠᠯᠤᠨ ᠦᠨᠡᠯᠡᠬᠦ᠂ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠤᠷᠢᠳᠴᠢᠯᠠᠨ ᠰᠡᠷᠡᠮᠵᠢᠯᠡᠭᠦᠯᠬᠦ ᠦᠢ᠍ᠯᠡᠴᠢᠯᠡᠭᠡ ᠵᠢᠴᠢ ᠲᠤᠰᠬᠠᠶ ᠠᠰᠢᠭ᠎ᠤᠨ ᠵᠠᠮᠴᠢᠯᠠᠭᠤᠷ ᠬᠢᠭᠡᠳ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠠᠵᠢᠯᠯᠠᠭ᠋ᠠᠨ ᠵᠡᠷᠭᠡ ᠠᠵᠢᠯ᠎ᠢ ᠡᠭᠦᠷᠭᠡᠯᠡᠨ᠎ᠡ; ᠪᠠᠶ᠋ᠢᠭ᠋ᠠᠯᠢ ᠬᠥᠮᠦᠨ᠂ ᠬᠠᠤᠯᠢ ᠵᠢᠨ ᠡᠷᠬᠡᠲᠡᠨ ᠪᠤᠶᠤ ᠪᠤᠰᠤᠳ ᠵᠣᠬᠢᠶᠠᠨ ᠪᠠᠶ᠋ᠢᠭᠤᠯᠤᠯᠲᠠ ᠵᠢᠨ ᠲᠤᠰᠬᠠᠶ ᠠᠰᠢᠭ᠂ ᠲᠠᠸᠠᠷ᠎ᠤᠨ ᠲᠡᠮᠳᠡᠭ᠂ ᠭᠠᠵᠠᠷ ᠵᠦᠶ ᠵᠢᠨ ᠲᠡᠮᠳᠡᠭ᠂ ᠬᠤᠷᠠᠮᠠᠯ ᠴᠠᠬᠢᠯᠭ᠋ᠠᠨ ᠬᠡᠯᠬᠢᠶ᠎ᠡ ᠵᠢᠨ ᠪᠠᠶ᠋ᠢᠷᠢᠯᠠᠭᠤᠯᠤᠯᠲᠠ ᠵᠢ ᠵᠢᠷᠤᠵᠤ ᠲᠥᠯᠥᠪᠯᠡᠬᠦ ᠵᠡᠷᠭᠡ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠡᠷᠬᠡ᠎ᠪᠠᠨ ᠬᠠᠮᠠᠭ᠋ᠠᠯᠠᠬᠤ᠎ᠳᠤ ᠲᠤᠰᠠᠯᠠᠮᠵᠢ ᠦᠵᠡᠭᠦᠯᠬᠦ ᠭᠤᠶᠤᠴᠢᠯᠠᠯ᠎ᠳᠤ ᠨᠡᠶ᠋ᠢᠲᠡ ᠵᠢᠨ ᠠᠰᠠᠷᠠᠮᠵᠢ ᠵᠢᠨ ᠲᠤᠰᠠᠯᠠᠮᠵᠢ ᠬᠠᠩᠭ᠋ᠠᠨ᠎ᠠ᠃

  2. ᠡᠯ᠎ᠡ ᠲᠥᠷᠥᠯ᠎ᠤᠨ ᠨᠡᠶ᠋ᠢᠭᠡᠮ᠎ᠤᠨ ᠡᠶᠡᠳᠡᠭᠦᠯᠬᠦ ᠵᠣᠬᠢᠶᠠᠨ ᠪᠠᠶ᠋ᠢᠭᠤᠯᠤᠯᠲᠠ ᠵᠢᠴᠢ ᠬᠦᠨᠳᠡᠯᠡᠨ᠎ᠠᠴᠠ ᠲᠠᠰᠤᠯᠬᠤ ᠪᠠᠶ᠋ᠢᠭᠤᠯᠤᠮᠵᠢ᠎ᠲᠠᠢ ᠡᠯ᠎ᠡ ᠲᠥᠷᠥᠯ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠵᠢᠭᠤᠷᠠᠯᠳᠤᠭ᠋ᠠᠨ᠎ᠢ ᠵᠣᠬᠢᠴᠠᠭᠤᠯᠤᠨ ᠨᠠᠮᠲᠠᠭ᠋ᠠᠨ᠎ᠠ᠂ ᠴᠢᠬᠤᠯᠠ ᠶᠡᠭᠡ ᠣᠯᠠᠨ ᠨᠡᠶ᠋ᠢᠲᠡ ᠵᠢᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠵᠢᠭᠤᠷᠠᠯᠳᠤᠭ᠋ᠠᠨ ᠪᠤᠶᠤ ᠮᠠᠷᠭᠤᠯᠳᠤᠭ᠋ᠠᠨ᠎ᠢ ᠵᠣᠬᠢᠶᠠᠨ ᠪᠠᠶ᠋ᠢᠭᠤᠯᠤᠨ ᠰᠢᠢ᠍ᠳᠪᠦᠷᠢᠯᠡᠬᠦ ᠬᠡᠰᠡᠭ ᠲᠥᠰᠦᠯ ᠪᠤᠶᠤ ᠰᠠᠨᠠᠭᠤᠯᠭ᠎ᠠ ᠬᠠᠩᠭ᠋ᠠᠨ᠎ᠠ; ᠦᠵᠡᠰᠬᠦᠯᠡᠩ᠎ᠤᠨ ᠴᠤᠭᠯᠠᠭ᠋ᠠᠨ᠂ ᠠᠷᠠᠯᠵᠢᠶᠠᠨ᠎ᠤ ᠴᠤᠭᠯᠠᠭ᠋ᠠᠨ᠂ ᠲᠣᠮᠣ ᠬᠡᠯᠪᠡᠷᠢ ᠵᠢᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ᠂ ᠰᠢᠨ᠎ᠡ ᠵᠢ ᠡᠭᠦᠳᠦᠨ ᠠᠳᠠᠯ ᠦᠢ᠍ᠯᠡᠰ ᠴᠣᠭᠴᠠᠯᠠᠬᠤ ᠠᠵᠢᠯᠯᠠᠭ᠎ᠠ᠂ ᠰᠣᠶᠣᠯ᠎ᠤᠨ ᠠᠵᠢᠯᠯᠠᠭ᠎ᠠ ᠵᠡᠷᠭᠡ᠎ᠳᠤ ᠲᠠᠯᠠᠪᠤᠷ ᠵᠡᠷᠭᠡ ᠡᠷᠬᠡ᠎ᠪᠠᠨ ᠬᠠᠮᠠᠭ᠋ᠠᠯᠠᠬᠤ᠎ᠳᠤ ᠲᠤᠰᠠᠯᠠᠬᠤ ᠶᠠᠪᠤᠳᠠᠯ ᠬᠠᠩᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠤᠪᠢᠶᠠᠷᠢ ᠲᠥᠪ (ᠠᠵᠢᠯᠯᠠᠬᠤ ᠥᠷᠲᠡᠭᠡ)᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠡᠷᠬᠡ᠎ᠪᠠᠨ ᠬᠠᠮᠠᠭ᠋ᠠᠯᠠᠬᠤ᠎ᠳᠤ ᠲᠤᠰᠠᠯᠠᠬᠤ ᠠᠵᠢᠯ ᠥᠷᠨᠢᠭᠦᠯᠬᠦ ᠵᠢ ᠵᠢᠯᠣᠭᠤᠳᠴᠤ᠂ ᠲᠣᠳᠣᠷᠬᠠᠶ᠋ᠢᠯᠠᠯᠲᠠ ᠵᠢᠨ ᠳᠡᠪᠲᠡᠷ᠂ ᠣᠨᠳᠣᠣ ᠰᠠᠨᠠᠯ᠎ᠲᠠᠢ᠂ ᠳᠠᠬᠢᠨ ᠬᠢᠨᠠᠬᠤ᠂ ᠮᠠᠷᠭᠤᠯᠳᠤᠭ᠋ᠠᠨ᠂ ᠵᠠᠭ᠋ᠠᠯᠳᠤᠯᠭ᠎ᠠ ᠵᠢᠨ ᠳᠤᠮᠳᠠᠬᠢ ᠡᠷᠬᠡ ᠵᠢ ᠲᠣᠳᠣᠷᠬᠠᠶ᠋ᠢᠯᠠᠬᠤ ᠠᠵᠢᠯ᠎ᠢ ᠡᠭᠦᠷᠭᠡᠯᠡᠵᠦ᠂ ᠵᠠᠬ᠎ᠠ ᠳᠡᠯᠭᠡᠭᠦᠷ᠎ᠤᠨ ᠭᠤᠣᠯ ᠴᠣᠭᠴᠠ ᠵᠢᠨ ᠨᠡᠷᠡᠲᠦ ᠲᠠᠸᠠᠷ᠎ᠤᠨ ᠲᠡᠮᠳᠡᠭ᠎ᠤᠨ ᠬᠠᠮᠠᠭ᠋ᠠᠯᠠᠯᠲᠠ ᠵᠢ ᠵᠢᠯᠣᠭᠤᠳᠤᠨ᠎ᠠ᠃

  3. ᠡᠯ᠎ᠡ ᠱᠠᠲᠤᠨ᠎ᠤ ᠵᠠᠰᠠᠭ᠎ᠤᠨ ᠣᠷᠳᠣᠨ᠎ᠢ ᠬᠠᠮᠵᠢᠨ ᠲᠠᠸᠠᠷ᠎ᠤᠨ ᠲᠡᠮᠳᠡᠭ᠎ᠤᠨ ᠨᠡᠷᠡᠲᠦ ᠲᠡᠮᠳᠡᠭᠲᠦ ᠵᠢᠨ ᠪᠠᠶ᠋ᠢᠯᠳᠤᠬᠤ ᠪᠣᠳᠣᠯᠭ᠎ᠠ ᠵᠢᠨ ᠬᠡᠷᠡᠭᠵᠢᠭᠦᠯᠦᠯᠲᠡ ᠪᠠ ᠲᠣᠭᠤᠷᠢᠭ᠎ᠤᠨ ᠬᠤᠲᠠ ᠵᠢᠨ ᠣᠯᠠᠨ ᠨᠡᠶ᠋ᠢᠲᠡ ᠵᠢᠨ ᠨᠡᠷᠡᠲᠦ ᠲᠡᠮᠳᠡᠭᠲᠦ ᠵᠢᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠵᠤ᠂ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢᠨ ᠨᠡᠷᠡᠲᠦ ᠲᠡᠮᠳᠡᠭᠲᠦ ᠡᠭᠦᠳᠬᠦ ᠠᠵᠤ ᠠᠬᠤᠶ᠋ᠢᠯᠠᠯ᠎ᠳᠤ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠣᠯᠪᠤᠭᠳᠠᠯ ᠪᠦᠬᠦᠢ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠠᠵᠢᠯ᠎ᠢ ᠵᠢᠯᠣᠭᠤᠳᠤᠨ᠎ᠠ᠃

  4. ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠡᠷᠡᠭᠯᠡᠯᠲᠡ ᠪᠠ ᠰᠢᠯᠵᠢᠭᠦᠯᠦᠨ ᠤᠯᠠᠷᠢᠭᠤᠯᠬᠤ᠂ ᠲᠤᠰᠬᠠᠶ ᠠᠰᠢᠭ᠎ᠤᠨ ᠮᠡᠳᠡᠭᠡ ᠵᠠᠩᠭᠢ ᠵᠢ ᠪᠦᠷᠢᠳᠬᠡᠨ ᠵᠠᠳᠠᠯᠬᠤ᠂ ᠲᠤᠰᠬᠠᠶ ᠠᠰᠢᠭ᠎ᠤᠨ ᠵᠣᠭᠤᠰ ᠵᠶ᠋ᠠᠷ ᠲᠤᠰᠠᠯᠠᠬᠤ ᠵᠡᠷᠭᠡ ᠬᠣᠯᠪᠤᠭᠳᠠᠯ ᠪᠥᠬᠦᠶ ᠠᠵᠢᠯ᠎ᠢ ᠡᠭᠦᠷᠭᠡᠯᠡᠨ᠎ᠡ᠃

  5. ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠨᠡᠶ᠋ᠢᠲᠡ ᠵᠢᠨ ᠠᠰᠠᠷᠠᠮᠵᠢ ᠵᠢᠨ ᠰᠤᠳᠤᠯᠤᠨ ᠶᠠᠷᠢᠯᠴᠠᠬᠤ᠂ ᠤᠬᠠᠭᠤᠯᠬᠤ᠂ ᠪᠣᠯᠪᠠᠰᠤᠷᠠᠭᠤᠯᠬᠤ᠂ ᠳᠡᠯᠭᠡᠨ ᠦᠵᠡᠭᠦᠯᠬᠦ ᠪᠠ ᠤᠷᠤᠯᠳᠤᠭ᠋ᠠᠨ ᠶᠠᠪᠤᠭᠤᠯᠬᠤ ᠵᠢ ᠵᠣᠬᠢᠶᠠᠨ ᠪᠠᠶ᠋ᠢᠭᠤᠯᠤᠨ ᠬᠠᠩᠭ᠋ᠠᠨ᠎ᠠ᠃

  6. ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠲᠤᠰᠢᠶᠠᠭᠰᠠᠨ ᠪᠤᠰᠤᠳ ᠬᠣᠯᠪᠤᠭᠳᠠᠯ ᠪᠦᠬᠦᠢ ᠠᠵᠢᠯ᠎ᠢ ᠡᠭᠦᠷᠭᠡᠯᠡᠨ᠎ᠡ᠃

   ᠬᠠᠶᠢᠭ᠄ ᠬᠤᠲᠣᠩ ᠠᠷᠠᠳ᠎ᠤᠨ ᠲᠣᠭᠤᠷᠢᠭ᠎ᠤᠨ ᠰᠣᠶᠣᠯ᠎ᠤᠨ ᠣᠷᠳᠣᠨ ᠵᠠᠮ᠎ᠤᠨ 49 ᠳ᠋ᠦ᠍ᠭᠡᠷ ᠲᠣᠭ᠋ᠠᠲᠤ

   ᠠᠵᠢᠯᠯᠠᠬᠤ ᠴᠠᠭ᠄ 9:00 —12:00᠂ 14:00 —17:30

   ᠬᠠᠷᠢᠯᠴᠠᠬᠤ ᠤᠲᠠᠰᠤ᠄ ᠵᠢᠵᠢᠭᠦᠷᠯᠡᠬᠦ ᠤᠲᠠᠰᠤ᠄ 0471-3592898᠂ ᠠᠰᠠᠭᠤᠨ ᠯᠠᠪᠯᠠᠬᠤ ᠤᠲᠠᠰᠤ᠄ 0471-3912330

   ᠬᠠᠷᠢᠭᠤᠴᠠᠯᠭ᠋ᠠᠲᠠᠨ᠄ ᠯᠦ᠍ ᠨᠠ

  

  (ᠳᠣᠯᠣᠭ᠎ᠠ) ᠤᠯᠤᠰ᠎ᠤᠨ ᠮᠡᠳᠡᠯᠭᠡ ᠵᠢᠨ ᠡᠷᠬᠡ ᠵᠢᠨ ᠥᠮᠴᠢᠯᠡᠯ᠎ᠤᠨ ᠡᠷᠬᠡ ᠵᠢᠨ ᠲᠣᠪᠴᠢᠶ᠎ᠠ ᠵᠢᠨ ᠲᠤᠰᠬᠠᠢ ᠠᠰᠢᠭ᠎ᠤᠨ ᠲᠣᠪᠴᠢᠶ᠎ᠠ ᠵᠢᠨ ᠬᠥᠬᠡᠬᠣᠲᠠ ᠵᠢᠨ ᠣᠷᠣᠯᠠᠨ ᠡᠷᠬᠢᠯᠡᠬᠦ ᠭᠠᠵᠠᠷ

   ᠤᠯᠤᠰ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠲᠣᠪᠴᠢᠶ᠎ᠠ ᠵᠢᠨ ᠲᠤᠰᠬᠠᠶ ᠠᠰᠢᠭ᠎ᠤᠨ ᠲᠣᠪᠴᠢᠶ᠎ᠠ ᠵᠢᠨ ᠬᠥᠬᠡᠬᠤᠲᠠ ᠵᠢᠨ ᠣᠷᠣᠯᠠᠨ ᠭᠦᠢ᠍ᠴᠡᠳᠬᠡᠬᠦ ᠭᠠᠵᠠᠷ ᠪᠣᠯ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠬᠠᠷᠢᠶ᠎ᠠ ᠵᠢᠩᠬᠢᠨᠢ ᠭᠠᠵᠠᠷ᠎ᠤᠨ ᠲᠠᠰ᠎ᠤᠨ ᠨᠡᠶ᠋ᠢᠲᠡ ᠵᠢᠨ ᠠᠰᠠᠷᠠᠮᠵᠢ ᠵᠢᠨ ᠨᠢᠭᠡᠳᠦᠭᠡᠷ ᠲᠥᠷᠥᠯ᠎ᠤᠨ ᠠᠵᠢᠯ ᠦᠢ᠍ᠯᠡᠰ᠎ᠤᠨ ᠨᠢᠭᠡᠴᠢ᠎ᠲᠠᠢ ᠲᠡᠩᠴᠡᠨ᠎ᠡ᠃ ᠭᠤᠣᠯ ᠡᠭᠦᠷᠭᠡ ᠬᠠᠷᠢᠭᠤᠴᠠᠯᠭ᠎ᠠ᠄

  1. ᠲᠤᠰᠬᠠᠶ ᠠᠰᠢᠭ᠎ᠤᠨ ᠭᠤᠶᠤᠴᠢᠯᠠᠯ᠎ᠢ ᠭᠥᠯᠢᠶᠡᠨ ᠠᠪᠴᠤ ᠰᠢᠢ᠍ᠳᠪᠦᠷᠢᠯᠡᠬᠦ᠂ ᠵᠠᠷᠤᠳᠠᠯ ᠬᠤᠷᠢᠶᠠᠬᠤ᠂ ᠳᠠᠩᠰᠠᠯᠠᠭᠤᠯᠤᠨ ᠬᠢᠨᠠᠬᠤ᠂ ᠤᠷᠢᠳ ᠵᠶ᠋ᠠᠷ ᠬᠢᠨᠠᠨ ᠪᠠᠶ᠋ᠢᠴᠠᠭ᠋ᠠᠬᠤ ᠵᠡᠷᠭᠡ ᠲᠤᠰᠬᠠᠶ ᠠᠰᠢᠭ᠎ᠤᠨ ᠭᠤᠶᠤᠴᠢᠯᠠᠯ᠎ᠤᠨ ᠬᠣᠯᠪᠤᠭᠳᠠᠯ ᠪᠥᠬᠦᠶ ᠲᠤᠬᠠᠶ᠋ᠢᠯᠠᠭᠰᠠᠨ ᠠᠵᠢᠯ᠎ᠢ ᠡᠭᠦᠷᠭᠡᠯᠡᠨ᠎ᠡ᠃

  2. ᠭᠠᠳᠠᠭ᠋ᠠᠳᠤ ᠤᠯᠤᠰ᠎ᠲᠤ ᠲᠤᠰᠬᠠᠢ ᠠᠰᠢᠭ ᠭᠤᠶᠤᠴᠢᠯᠠᠬᠤ ᠨᠢᠭᠤᠴᠠ ᠵᠢ ᠬᠠᠮᠠᠭ᠋ᠠᠯᠠᠬᠤ ᠬᠢᠨᠠᠨ ᠪᠠᠶ᠋ᠢᠴᠠᠭ᠋ᠠᠬᠤ ᠠᠵᠢᠯ᠎ᠢ ᠡᠭᠦᠷᠭᠡᠯᠡᠨ᠎ᠡ᠃

  3. ᠬᠠᠤᠯᠢ ᠴᠠᠭ᠋ᠠᠵᠠ ᠵᠢᠨ ᠪᠠᠶ᠋ᠢᠳᠠᠯ᠎ᠤᠨ ᠭᠡᠷᠡᠴᠢᠯᠡᠯ ᠬᠢᠵᠦ ᠥᠭᠬᠦ ᠵᠢ ᠡᠭᠦᠷᠭᠡᠯᠡᠵᠦ᠂ ᠰᠢᠭᠦᠬᠦ ᠬᠤᠷᠢᠶ᠎ᠠ ᠵᠢ ᠬᠠᠪᠰᠤᠷᠤᠨ ᠡᠳ᠋ ᠬᠥᠷᠥᠩᠭᠡ ᠵᠢᠨ ᠬᠠᠮᠠᠭ᠋ᠠᠯᠠᠯᠲᠠ ᠵᠢ ᠭᠦᠢ᠍ᠴᠡᠳᠬᠡᠨ᠎ᠡ᠃

  4. ᠲᠤᠰᠬᠠᠶ ᠠᠰᠢᠭ᠎ᠤᠨ ᠡᠷᠬᠡ ᠵᠢ ᠳᠠᠨᠵᠢᠯᠠᠨ ᠲᠡᠮᠳᠡᠭᠯᠡᠬᠦ᠂ ᠲᠤᠰᠬᠠᠶ ᠠᠰᠢᠭ᠎ᠢ ᠬᠡᠷᠡᠭᠵᠢᠭᠦᠯᠬᠦ ᠵᠥᠪᠰᠢᠶᠡᠷᠡᠯ᠎ᠤᠨ ᠭᠡᠷ᠎ᠡ ᠵᠢ ᠳᠠᠩᠰᠠᠯᠠᠬᠤ᠂ ᠲᠤᠰᠬᠠᠶ ᠠᠰᠢᠭ᠎ᠢ ᠪᠦᠷᠢᠳᠬᠡᠨ ᠳᠠᠩᠰᠠᠯᠠᠬᠤ ᠵᠡᠷᠭᠡ ᠲᠤᠬᠠᠶ᠋ᠢᠯᠠᠭᠰᠠᠨ ᠠᠵᠢᠯ᠎ᠤᠨ ᠯᠠᠪᠯᠠᠯᠲᠠ ᠵᠢᠨ ᠦᠢ᠍ᠯᠡᠴᠢᠯᠡᠭᠡᠨ᠎ᠤ ᠠᠵᠢᠯ᠎ᠢ ᠡᠭᠦᠷᠭᠡᠯᠡᠨ᠎ᠡ᠃

  5. ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠲᠥᠷᠥᠯ ᠵᠦᠢ᠍ᠯ᠎ᠢ ᠰᠢᠯᠵᠢᠭᠦᠯᠦᠨ ᠬᠤᠪᠢᠷᠠᠭᠤᠯᠬᠤ᠂ ᠲᠤᠰᠬᠠᠶ ᠠᠰᠢᠭ᠎ᠤᠨ ᠮᠡᠳᠡᠭᠡ ᠵᠠᠩᠭᠢ ᠵᠢ ᠪᠦᠷᠢᠳᠬᠡᠬᠦ ᠪᠠ ᠵᠠᠳᠠᠯᠬᠤ ᠲᠤᠰᠬᠠᠶ ᠠᠰᠢᠭ᠎ᠤᠨ ᠪᠡᠯᠡ ᠮᠥᠩᠭᠦ᠎ᠪᠠᠷ ᠲᠤᠰᠠᠯᠠᠬᠤ ᠵᠡᠷᠭᠡ ᠠᠵᠢᠯ᠎ᠢ ᠡᠭᠦᠷᠭᠡᠯᠡᠨ᠎ᠡ᠃

  6. ᠲᠠᠸᠠᠷ᠎ᠤᠨ ᠲᠡᠮᠳᠡᠭ᠂ ᠭᠠᠵᠠᠷ ᠵᠦᠶ ᠵᠢᠨ ᠲᠡᠮᠳᠡᠭ᠎ᠤᠨ ᠭᠤᠶᠤᠴᠢᠯᠠᠯ᠎ᠢ ᠭᠥᠯᠢᠶᠡᠨ ᠠᠪᠴᠤ ᠰᠢᠢ᠍ᠳᠪᠦᠷᠢᠯᠡᠬᠦ᠂ ᠵᠠᠷᠤᠳᠠᠯ ᠬᠤᠷᠢᠶᠠᠬᠤ᠂ ᠲᠠᠸᠠᠷ᠎ᠤᠨ ᠲᠡᠮᠳᠡᠭ᠎ᠤᠨ ᠳᠠᠨᠵᠢᠯᠠᠬᠤ ᠡᠷᠬᠡ ᠵᠢ ᠳᠠᠩᠰᠠᠯᠠᠬᠤ ᠵᠡᠷᠭᠡ ᠬᠣᠯᠪᠤᠭᠳᠠᠯ ᠪᠥᠬᠦᠶ ᠲᠤᠬᠠᠶ᠋ᠢᠯᠠᠭᠰᠠᠨ ᠠᠵᠢᠯ᠎ᠢ ᠡᠭᠦᠷᠭᠡᠯᠡᠨ᠎ᠡ᠃

  7. ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠲᠤᠰᠢᠶᠠᠭᠰᠠᠨ ᠪᠤᠰᠤᠳ ᠬᠣᠯᠪᠤᠭᠳᠠᠯ ᠪᠥᠬᠦᠶ ᠠᠵᠢᠯ᠎ᠢ ᠡᠭᠦᠷᠭᠡᠯᠡᠨ᠎ᠡ᠃

   ᠬᠠᠶᠢᠭ᠄ ᠬᠤᠲᠣᠩ ᠠᠷᠠᠳ᠎ᠤᠨ ᠲᠣᠭᠤᠷᠢᠭ᠎ᠤᠨ ᠰᠢᠨᠬᠤᠸᠠ ᠶᠡᠭᠡ ᠵᠡᠭᠡᠯᠢ ᠵᠢᠨ 76 ᠳ᠋ᠤᠭ᠋ᠠᠷ ᠲᠣᠭ᠋ᠠᠲᠤ ᠬᠡᠮᠵᠢᠯᠲᠡ ᠵᠢᠨ ᠬᠦᠷᠢᠶᠡᠯᠡᠩ᠎ᠤᠨ 2 ᠳ᠋ᠤᠭ᠋ᠠᠷ ᠠᠰᠠᠷ

   ᠠᠵᠢᠯᠯᠠᠬᠤ ᠴᠠᠭ᠄ 9:00 —12:00᠂ 14:00 —17:30

   ᠬᠠᠷᠢᠯᠴᠠᠬᠤ ᠬᠡᠯᠪᠡᠷᠢ᠄ 0471-5203375

   ᠬᠠᠷᠢᠭᠤᠴᠠᠯᠭ᠋ᠠᠲᠠᠨ᠄ ᠣᠳᠣᠨ

  

  (ᠨᠠᠢ᠍ᠮᠠ) ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠷᠡᠭᠯᠡᠭᠴᠢᠳ᠎ᠤᠨ ᠡᠷᠬᠡ ᠠᠰᠢᠭ᠎ᠢ ᠬᠠᠮᠠᠭ᠋ᠠᠯᠠᠬᠤ ᠦᠢ᠍ᠯᠡᠴᠢᠯᠡᠭᠡᠨ᠎ᠤ ᠲᠥᠪ

   ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠡᠷᠡᠭᠯᠡᠭᠴᠢᠳ᠎ᠤᠨ ᠡᠷᠬᠡ ᠠᠰᠢᠭ᠎ᠢ ᠬᠠᠮᠠᠭ᠋ᠠᠯᠠᠬᠤ ᠦᠢ᠍ᠯᠡᠴᠢᠯᠡᠭᠡᠨ᠎ᠤ ᠲᠥᠪ (ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 12315 ᠬᠡᠷᠡᠭᠯᠡᠭᠴᠢᠳ᠎ᠤᠨ ᠢᠯᠡᠴᠢᠯᠡᠨ ᠮᠡᠳᠡᠭᠦᠯᠬᠦ ᠲᠥᠪ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠡᠷᠡᠭᠯᠡᠭᠴᠢᠳ᠎ᠤᠨ ᠨᠡᠶ᠋ᠢᠭᠡᠮᠯᠢᠭ᠎ᠤᠨ ᠦᠢ᠍ᠯᠡᠴᠢᠯᠡᠭᠡᠨ᠎ᠤ ᠲᠥᠪ᠎ᠤᠨ ᠫᠠᠶ᠋ᠢᠰᠠ ᠵᠢ ᠡᠯᠭᠦᠬᠦ) ᠪᠣᠯ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠬᠠᠷᠢᠶ᠎ᠠ ᠨᠡᠶ᠋ᠢᠲᠡ ᠵᠢᠨ ᠠᠰᠠᠷᠠᠮᠵᠢ ᠵᠢᠨ ᠨᠢᠭᠡᠳᠦᠭᠡᠷ ᠲᠥᠷᠥᠯ᠎ᠤᠨ ᠠᠵᠢᠯ ᠦᠢ᠍ᠯᠡᠰ᠎ᠤᠨ ᠨᠢᠭᠡᠴᠢ᠎ᠲᠠᠢ ᠲᠡᠩᠴᠡᠨ᠎ᠡ᠃ ᠭᠤᠣᠯ ᠡᠭᠦᠷᠭᠡ ᠬᠠᠷᠢᠭᠤᠴᠠᠯᠭ᠎ᠠ᠄

  1. ᠪᠥᠬᠦ ᠣᠷᠣᠨ᠎ᠤ ᠤᠯᠠᠮᠵᠢᠯᠠᠨ ᠲᠠᠷᠬᠠᠭ᠋ᠠᠬᠤ ᠵᠠᠭᠤᠴᠢᠯᠠᠭᠤᠷ᠎ᠤᠨ ᠨᠡᠶ᠋ᠢᠲᠡᠯᠡᠭᠰᠡᠨ ᠵᠠᠷ ᠮᠡᠳᠡᠭᠡ᠂ ᠵᠠᠬ᠎ᠠ ᠳᠡᠯᠭᠡᠭᠦᠷ᠎ᠤᠨ ᠭᠤᠤᠯ ᠴᠣᠭᠴᠠ ᠵᠢᠨ ᠰᠦᠯᠵᠢᠶᠡᠨ᠎ᠤ ᠦᠢ᠍ᠯᠡᠴᠢᠯᠡᠭᠡᠨ᠎ᠤ ᠠᠷᠠᠯᠵᠢᠶ᠎ᠠ ᠵᠢᠨ ᠡᠵᠡᠩᠨᠡᠯᠲᠡ ᠵᠢᠨ ᠦᠢ᠍ᠯᠡ ᠠᠵᠢᠯᠯᠠᠭ᠎ᠠ᠂ ᠡᠯᠸᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠦᠢ᠍ᠯᠡᠳᠬᠦᠨ᠎ᠤ ᠶᠠᠰᠤ ᠴᠢᠨᠠᠷ᠎ᠲᠤ ᠬᠢᠨᠠᠨ ᠬᠡᠮᠵᠢᠯᠲᠡ ᠬᠢᠬᠦ ᠵᠢᠨ ᠬᠠᠮᠲᠤ ᠬᠢᠨᠠᠯᠲᠠ ᠲᠠᠯᠪᠢᠭᠰᠠᠨ ᠮᠡᠳᠡᠭᠡ ᠵᠠᠩᠭᠢ ᠵᠢ ᠬᠠᠷᠢᠭᠤ ᠲᠤᠰᠬᠠᠨ᠎ᠠ᠃

  2. ᠬᠣᠯᠪᠤᠭᠳᠠᠯ ᠪᠦᠬᠦᠢ ᠵᠠᠭ᠋ᠠᠯᠳᠤᠯᠭ᠎ᠠ ᠬᠢᠵᠦ ᠢᠯᠡᠴᠢᠯᠡᠨ ᠮᠡᠳᠡᠭᠦᠯᠦᠭᠰᠡᠨ ᠬᠡᠷᠡᠭ᠎ᠢ ᠬᠦᠯᠢᠶᠡᠨ ᠠᠪᠴᠤ ᠬᠠᠪᠰᠤᠷᠤᠨ ᠪᠠᠶ᠋ᠢᠴᠠᠭ᠋ᠠᠨ ᠰᠢᠢ᠍ᠳᠪᠦᠷᠢᠯᠡᠵᠦ᠂ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠵᠢᠴᠢ ᠲᠥᠷᠥ ᠵᠢᠨ ᠪᠣᠳᠣᠯᠭ᠎ᠠ ᠵᠢᠨ ᠯᠠᠪᠯᠠᠭ᠎ᠠ ᠵᠢᠨ ᠦᠢ᠍ᠯᠡᠴᠢᠯᠡᠭᠡᠨ᠎ᠢ ᠬᠠᠩᠭ᠋ᠠᠵᠤ᠂ ᠵᠠᠭ᠋ᠠᠯᠳᠤᠬᠤ᠂ ᠢᠯᠡᠴᠢᠯᠡᠨ ᠮᠡᠳᠡᠭᠦᠯᠬᠦ ᠲᠤᠬᠠᠶ᠋ᠢᠯᠠᠭᠰᠠᠨ ᠠᠵᠢᠯ᠎ᠤᠨ ᠲᠤᠭ᠎ᠠ ᠪᠠᠷᠢᠮᠲᠠ ᠪᠣᠯᠤᠨ ᠮᠠᠲ᠋ᠧᠷᠢᠶᠠᠯ᠎ᠢ ᠪᠦᠷᠢᠳᠬᠡᠵᠦ᠂ ᠵᠠᠳᠠᠯᠵᠤ᠂ ᠡᠮᠬᠢᠯᠡᠨ᠎ᠡ᠃

  3. ᠪᠥᠬᠦ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠵᠠᠭ᠋ᠠᠯᠳᠤᠵᠤ ᠢᠯᠡᠴᠢᠯᠡᠨ ᠮᠡᠳᠡᠭᠦᠯᠬᠦ ᠰᠦᠯᠵᠢᠶᠡᠨ᠎ᠤ ᠰᠢᠰᠲ᠋ᠧᠮ᠎ᠤᠨ ᠲᠥᠯᠥᠪᠵᠢᠭᠦᠯᠭᠡ ᠬᠢᠭᠡᠳ ᠬᠡᠷᠡᠭᠯᠡᠯᠲᠡ ᠵᠢᠨ ᠬᠣᠯᠪᠤᠭᠳᠠᠯ ᠪᠥᠬᠦᠶ ᠠᠵᠢᠯ᠎ᠢ ᠡᠭᠦᠷᠭᠡᠯᠡᠨ᠎ᠡ᠃

  4. ᠪᠥᠬᠦ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠢᠰᠲ᠋ᠧᠮ᠎ᠤᠨ 《12315》 ᠲᠤᠬᠠᠶ᠋ᠢᠯᠠᠭᠰᠠᠨ ᠠᠵᠢᠯ᠎ᠢ ᠵᠢᠯᠣᠭᠤᠳᠬᠤ᠂ ᠪᠠᠶ᠋ᠢᠴᠠᠭ᠋ᠠᠬᠤ ᠠᠵᠢᠯ᠎ᠤᠨ ᠴᠢᠨᠠᠷᠲᠠᠶ ᠠᠵᠢᠯ᠎ᠢ ᠡᠭᠦᠷᠭᠡᠯᠡᠨ᠎ᠡ᠃

  5. ᠬᠡᠷᠡᠭᠯᠡᠭᠴᠢᠳ᠎ᠤᠨ ᠡᠷᠬᠡ ᠠᠰᠢᠭ᠎ᠤᠨ ᠲᠠᠯ᠎ᠠ᠎ᠪᠠᠷ᠎ᠬᠢ ᠬᠠᠮᠢᠶ᠎ᠠ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ ᠪᠠ ᠠᠯᠪᠠᠳᠠᠯᠭ᠎ᠠ ᠵᠢᠨ ᠴᠢᠨᠠᠷᠲᠠᠢ ᠪᠠᠷᠢᠮᠵᠢᠶ᠎ᠠ ᠵᠢ ᠲᠣᠭᠲᠠᠭ᠋ᠠᠬᠤ᠂ ᠬᠡᠷᠡᠭᠯᠡᠭᠡ ᠵᠢᠨ ᠡᠷᠬᠡ ᠠᠰᠢᠭ᠎ᠢ ᠬᠠᠮᠠᠭ᠋ᠠᠯᠠᠬᠤ ᠬᠦᠷᠢᠶᠡᠨ᠎ᠳᠠᠬᠢ ᠨᠡᠶ᠋ᠢᠲᠡ ᠵᠢᠨ ᠠᠰᠠᠷᠠᠮᠵᠢ ᠵᠢᠨ ᠵᠠᠷᠭᠤ᠂ ᠭᠡᠷᠡᠴᠢᠯᠡᠭᠡ ᠰᠣᠨᠣᠰᠬᠤ ᠵᠡᠷᠭᠡ ᠠᠵᠢᠯ᠎ᠳᠤ ᠣᠷᠣᠯᠴᠠᠨ᠎ᠠ᠃

  6. ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢ ᠬᠠᠮᠵᠢᠨ 《ᠵᠢᠵᠢᠭ ᠪᠢᠴᠢᠯ ᠠᠵᠤ ᠠᠬᠤᠢ᠌ᠯᠠᠯ᠂ ᠬᠤᠪᠢ ᠵᠢᠨ ᠠᠵᠤ ᠦᠢ᠍ᠯᠡᠳᠪᠦᠷᠢ ᠬᠤᠳᠠᠯᠳᠤᠭ᠎ᠠ ᠵᠢᠨ ᠡᠷᠦᠭᠡ᠂ ᠲᠤᠰᠬᠠᠢ᠌ᠵᠢᠭᠰᠠᠨ ᠵᠠᠬ᠎ᠠ ᠳᠡᠯᠭᠡᠭᠦᠷ》᠎ᠤᠨ ᠨᠠᠮ᠎ᠤᠨ ᠪᠠᠶ᠋ᠢᠭᠤᠯᠤᠯᠲᠠ ᠵᠡᠷᠭᠡ ᠬᠣᠯᠪᠤᠭᠳᠠᠯ ᠪᠦᠬᠦᠢ ᠠᠵᠢᠯ᠎ᠢ ᠰᠠᠶ᠋ᠢᠲᠤᠷ ᠬᠢᠨ᠎ᠡ᠃

  7. ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠢᠩᠬᠢᠮ᠎ᠤᠨ ᠬᠠᠮᠢᠶ᠎ᠠ ᠪᠥᠬᠦᠶ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠦᠷᠢᠶᠡᠨ᠎ᠳᠠᠬᠢ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠬᠣᠯᠪᠤᠭᠳᠠᠯ ᠪᠥᠬᠦᠶ ᠦᠢ᠍ᠯᠡᠴᠢᠯᠡᠭᠡᠨ᠎ᠤ ᠪᠠᠲᠤᠯᠠᠭ᠎ᠠ ᠵᠢᠨ ᠠᠵᠢᠯ᠎ᠢ ᠡᠭᠦᠷᠭᠡᠯᠡᠨ᠎ᠡ᠃

  8. ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠲᠤᠰᠢᠶᠠᠭᠰᠠᠨ ᠪᠤᠰᠤᠳ ᠬᠣᠯᠪᠤᠭᠳᠠᠯ ᠪᠦᠬᠦᠢ ᠠᠵᠢᠯ᠎ᠢ ᠡᠭᠦᠷᠭᠡᠯᠡᠨ᠎ᠡ᠃

   ᠬᠠᠶᠢᠭ᠄ ᠬᠥᠬᠡᠬᠤᠲᠠ ᠵᠢᠨ ᠰᠢᠨ᠎ᠡ ᠬᠤᠲᠠ ᠲᠣᠭᠤᠷᠢᠭ᠎ᠤᠨ ᠬᠢᠩᠭ᠋ᠠᠨ ᠡᠮᠦᠨ᠎ᠡ ᠵᠠᠮ᠎ᠤᠨ 9 ᠳ᠋ᠦ᠍ᠭᠡᠷ ᠲᠣᠭ᠋ᠠᠲᠤ

   ᠠᠵᠢᠯᠯᠠᠬᠤ ᠴᠠᠭ᠄ 9:00 —12:00 14:00 —17:30

   ᠬᠠᠷᠢᠯᠴᠠᠬᠤ ᠬᠡᠯᠪᠡᠷᠢ᠄ 0471-6287315᠂ 6628293

   ᠬᠠᠷᠢᠭᠤᠴᠠᠯᠭ᠋ᠠᠲᠠᠨ᠄ ᠥᠷᠭᠡᠨ

  

  (ᠶᠢᠰᠦ) ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠶᠡᠷᠦᠩᠬᠡᠢ ᠪᠠᠲᠤᠯᠠᠭ᠎ᠠ ᠵᠢᠨ ᠲᠥᠪ

   ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠶᠡᠷᠦᠩᠬᠡᠶ᠋ᠢᠯᠡᠭᠰᠡᠨ ᠪᠠᠲᠤᠯᠠᠭ᠎ᠠ ᠵᠢᠨ ᠲᠥᠪ ᠪᠣᠯ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠬᠠᠷᠢᠶ᠎ᠠ ᠵᠢᠩᠬᠢᠨᠢ ᠭᠠᠵᠠᠷ᠎ᠤᠨ ᠲᠠᠰ ᠎ᠤᠨ ᠨᠡᠶ᠋ᠢᠲᠡ ᠵᠢᠨ ᠠᠰᠠᠷᠠᠮᠵᠢ ᠵᠢᠨ ᠨᠢᠭᠡᠳᠦᠭᠡᠷ ᠲᠥᠷᠥᠯ᠎ᠤᠨ ᠠᠵᠢᠯ ᠦᠢ᠍ᠯᠡᠰ᠎ᠤᠨ ᠨᠢᠭᠡᠴᠢ᠎ᠲᠠᠢ ᠲᠡᠩᠴᠡᠨ᠎ᠡ᠃ ᠭᠤᠣᠯ ᠡᠭᠦᠷᠭᠡ ᠬᠠᠷᠢᠭᠤᠴᠠᠯᠭ᠎ᠠ᠄

  1. ᠪᠠᠶ᠋ᠢᠭᠤᠯᠭ᠎ᠠ ᠵᠢᠨ ᠬᠤᠶ᠋ᠢᠨᠠᠬᠢ ᠦᠢ᠍ᠯᠡᠴᠢᠯᠡᠭᠡᠨ᠎ᠤ ᠪᠠᠲᠤᠯᠠᠭ᠎ᠠ᠂ ᠠᠯᠪᠠᠨ ᠶᠠᠪᠤᠳᠠᠯ᠎ᠳᠤ ᠬᠡᠷᠡᠭᠯᠡᠬᠦ ᠲᠡᠷᠭᠡ ᠵᠢᠴᠢ ᠲᠣᠭᠲᠠᠮᠠᠯ ᠬᠥᠷᠥᠩᠭᠡ ᠵᠢ ᠬᠠᠮᠢᠶᠠᠷᠬᠤ᠂ ᠬᠠᠮᠠᠭ᠋ᠠᠯᠠᠬᠤ᠂ ᠰᠡᠯᠪᠢᠨ ᠵᠠᠰᠠᠬᠤ᠂ ᠲᠦᠷᠢᠶᠡᠰᠦᠯᠡᠭᠦᠯᠬᠦ᠂ ᠵᠢᠭᠡᠯᠡᠭᠦᠯᠬᠦ ᠵᠡᠷᠭᠡ ᠠᠵᠢᠯ᠎ᠢ ᠡᠭᠦᠷᠭᠡᠯᠡᠵᠦ᠂ ᠠᠮᠤᠷ ᠲᠦᠪᠰᠢᠨ᠎ᠤ ᠬᠠᠮᠠᠭ᠋ᠠᠯᠠᠯᠲᠠ᠂ ᠶᠡᠷᠦᠩᠬᠡᠶ᠋ᠢᠯᠡᠨ ᠵᠠᠰᠠᠬᠤ ᠠᠵᠢᠯ᠎ᠢ ᠬᠠᠮᠵᠢᠨ ᠰᠠᠶ᠋ᠢᠲᠤᠷ ᠬᠢᠨ᠎ᠡ᠃

  2. ᠬᠠᠷᠢᠶ᠎ᠠ ᠨᠢᠭᠡᠴᠢ ᠵᠢᠨ ᠲᠣᠭᠲᠠᠮᠠᠯ ᠬᠥᠷᠥᠩᠭᠡ ᠵᠢ ᠬᠡᠷᠡᠭᠯᠡᠬᠦ ᠵᠢᠴᠢ ᠣᠯᠠᠨ ᠨᠡᠶ᠋ᠢᠲᠡ ᠵᠢᠨ ᠪᠠᠶ᠋ᠢᠭᠤᠯᠤᠮᠵᠢ ᠵᠢᠨ ᠡᠨᠧᠷᠭᠢ ᠠᠷᠪᠢᠯᠠᠬᠤ ᠵᠡᠷᠭᠡ ᠬᠣᠯᠪᠤᠭᠳᠠᠯ ᠪᠦᠬᠦᠢ ᠠᠵᠢᠯ᠎ᠢ ᠵᠢᠯᠣᠭᠤᠳᠤᠨ᠎ᠠ᠃

  3. ᠡᠭᠦᠷᠭᠡᠯᠡᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠵᠢᠨ ᠲᠤᠭ᠎ᠠ ᠪᠠᠷᠢᠮᠲᠠ ᠵᠢᠨ ᠬᠥᠮᠥᠷᠭᠡ᠂ ᠢᠲᠡᠭᠡᠮᠵᠢ ᠵᠢᠨ ᠰᠢᠰᠲ᠋ᠧᠮᠵᠢ ᠵᠢᠨ ᠰᠠᠭᠤᠷᠢ ᠲᠤᠭ᠎ᠠ ᠪᠠᠷᠢᠮᠲᠠ ᠵᠢᠨ ᠬᠥᠮᠥᠷᠭᠡ ᠵᠢᠴᠢ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶᠠᠨ᠎ᠤ ᠲᠤᠬᠠᠶ᠋ᠢᠯᠠᠭᠰᠠᠨ ᠠᠵᠢᠯ᠎ᠤᠨ ᠢᠲᠡᠭᠡᠮᠵᠢ ᠵᠢᠨ ᠲᠤᠭ᠎ᠠ ᠪᠠᠷᠢᠮᠲᠠ ᠵᠢᠨ ᠬᠥᠮᠥᠷᠭᠡ ᠵᠢᠨ ᠲᠥᠯᠥᠪᠵᠢᠭᠦᠯᠭᠡ᠂ ᠬᠡᠷᠡᠭᠯᠡᠯᠲᠡ ᠵᠢᠴᠢ ᠰᠠᠯᠠᠭ᠎ᠠ ᠮᠥᠴᠢᠷ᠎ᠤᠨ ᠲᠤᠭ᠎ᠠ ᠪᠦᠷᠢᠳᠬᠡᠯ᠎ᠤᠨ ᠮᠡᠷᠭᠡᠵᠢᠯ᠎ᠤᠨ ᠲᠤᠯᠭ᠋ᠠᠭᠤᠷᠢᠯᠠᠯ᠎ᠢ ᠡᠭᠦᠷᠭᠡᠯᠡᠵᠦ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢ ᠬᠠᠮᠵᠢᠨ ᠠᠵᠤ ᠠᠬᠤᠶ᠋ᠢᠯᠠᠯ᠎ᠳᠤ ᠬᠤᠯᠪᠣᠭᠳᠠᠬᠤ ᠮᠡᠳᠡᠭᠡ ᠵᠠᠩᠭᠢ ᠵᠢ ᠪᠠᠶ᠋ᠢᠴᠠᠭ᠋ᠠᠨ ᠯᠠᠪᠯᠠᠬᠤ ᠦᠢ᠍ᠯᠡᠴᠢᠯᠡᠭᠡ ᠵᠡᠷᠭᠡ ᠬᠣᠯᠪᠤᠭᠳᠠᠯ ᠪᠥᠬᠦᠶ ᠠᠵᠢᠯ᠎ᠢ ᠰᠠᠶ᠋ᠢᠲᠤᠷ ᠬᠢᠨ᠎ᠠ᠃

  4. ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠬᠡᠷᠡᠭ ᠰᠢᠢ᠍ᠳᠪᠦᠷᠢᠯᠡᠬᠦ ᠦᠢ᠍ᠯᠡᠴᠢᠯᠡᠭᠡᠨ᠎ᠤ ᠠᠵᠢᠯ᠎ᠢ ᠡᠭᠦᠷᠭᠡᠯᠡᠨ᠎ᠡ᠃

  5. ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠣᠨ᠎ᠤ ᠬᠥᠮᠦᠵᠢᠯ ᠪᠣᠯᠪᠠᠰᠤᠷᠠᠯ᠎ᠤᠨ ᠲᠥᠯᠥᠪᠯᠡᠭᠡ᠂ ᠪᠠᠶ᠋ᠢᠭᠤᠯᠭ᠎ᠠ ᠵᠢᠨ ᠨᠠᠮ᠎ᠤᠨ ᠰᠤᠷᠭ᠋ᠠᠭᠤᠯᠢ ᠵᠢᠨ ᠬᠥᠮᠦᠵᠢᠯ ᠪᠣᠯᠪᠠᠰᠤᠷᠠᠯ᠎ᠤᠨ ᠡᠭᠦᠷᠭᠡ ᠵᠢ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ ᠵᠢ ᠡᠭᠦᠷᠭᠡᠯᠡᠨ᠎ᠡ᠃

  6. ᠰᠢᠰᠲ᠋ᠧᠮ᠎ᠤᠨ ᠳᠣᠲᠣᠷᠠᠬᠢ ᠲᠤᠰᠢᠶᠠᠯ ᠬᠠᠪᠰᠤᠷᠭ᠋ᠠᠭᠰᠠᠨ ᠪᠠᠭᠰᠢ ᠵᠢᠨ ᠡᠩᠨᠡᠭᠡᠨ᠎ᠤ ᠪᠠᠶ᠋ᠢᠭᠤᠯᠤᠯᠲᠠ᠂ ᠬᠢᠴᠢᠶᠡᠯ᠎ᠤᠨ ᠪᠠᠶ᠋ᠢᠭᠤᠯᠤᠯᠲᠠ ᠵᠢᠨ ᠨᠡᠭᠡᠭᠡᠨ ᠬᠥᠭᠵᠢᠭᠦᠯᠦᠯᠲᠡ᠂ ᠦᠨᠡᠯᠡᠨ ᠵᠢᠱ᠌ᠢᠬᠦ ᠭᠦᠢ᠍ᠴᠡᠳᠬᠡᠯ ᠲᠤᠭ᠎ᠠ ᠵᠢᠨ ᠰᠢᠰᠲᠸᠮᠵᠢ ᠵᠢᠨ ᠪᠠᠶ᠋ᠢᠭᠤᠯᠤᠯᠲᠠ᠂ ᠤᠬᠠᠭᠤᠯᠭ᠎ᠠ ᠬᠥᠮᠦᠵᠢᠯ᠎ᠤᠨ ᠰᠢᠰᠲ᠋ᠧᠮ᠎ᠤᠨ ᠨᠡᠭᠡᠭᠡᠨ ᠬᠥᠭᠵᠢᠭᠦᠯᠦᠯᠲᠡ ᠵᠢᠨ ᠪᠠᠶ᠋ᠢᠭᠤᠯᠤᠯᠲᠠ ᠵᠡᠷᠭᠡ ᠠᠵᠢᠯ᠎ᠢ ᠡᠭᠦᠷᠭᠡᠯᠡᠨ᠎ᠡ᠃

  7. ᠪᠥᠬᠦ ᠣᠷᠣᠨ᠎ᠤ ᠬᠤᠲᠠ ᠵᠢᠨ ᠬᠢᠨᠠᠯᠲᠠ ᠬᠠᠮᠢᠶᠠᠷᠤᠯᠲᠠ ᠵᠢᠨ ᠰᠢᠰᠲ᠋ᠧᠮ᠎ᠤᠨ ᠲᠤᠰᠬᠠᠶ ᠮᠡᠷᠭᠡᠵᠢᠯ᠎ᠤᠨ ᠠᠵᠢᠯᠲᠠᠨ᠎ᠤ ᠦᠷᠭᠦᠯᠵᠢᠯᠡᠭᠰᠡᠨ ᠰᠤᠷᠭ᠋ᠠᠨ ᠬᠥᠮᠦᠵᠢᠯ᠂ ᠬᠣᠯᠪᠤᠭᠳᠠᠯ ᠪᠥᠬᠦᠶ ᠲᠤᠰᠬᠠᠶ ᠮᠡᠷᠭᠡᠵᠢᠯ᠎ᠤᠨ ᠦᠨᠡᠮᠯᠡᠯ᠎ᠲᠠᠢ ᠠᠵᠢᠯᠲᠠᠨ᠎ᠤ ᠰᠢᠯᠭ᠋ᠠᠯᠲᠠ᠂ ᠳᠤᠮᠳᠠᠳᠤ ᠤᠯᠤᠰ᠎ᠤᠨ ᠬᠡᠮᠵᠢᠯᠲᠡ ᠵᠢᠨ ᠶᠡᠭᠡ ᠰᠤᠷᠭ᠋ᠠᠭᠤᠯᠢ ᠵᠢᠨ ᠥᠪᠥᠷ ᠮᠣᠩᠭᠤᠯ᠎ᠤᠨ ᠵᠠᠬᠢᠳᠠᠯ ᠵᠶ᠋ᠠᠷ ᠵᠢᠭ᠋ᠠᠬᠤ ᠥᠷᠲᠡᠭᠡ᠂ ᠤᠯᠤᠰ᠎ᠤᠨ ᠠᠵᠢᠯ ᠮᠡᠷᠭᠡᠵᠢᠯ᠎ᠤᠨ ᠴᠢᠳᠠᠪᠤᠷᠢ ᠵᠢ ᠲᠣᠭᠲᠠᠭ᠋ᠠᠬᠤ ᠵᠡᠷᠭᠡ ᠠᠵᠢᠯ᠎ᠢ ᠬᠠᠷᠢᠭᠤᠴᠠᠨ᠎ᠠ᠃

  8. ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠲᠤᠰᠢᠶᠠᠭᠰᠠᠨ ᠪᠤᠰᠤᠳ ᠬᠣᠯᠪᠤᠭᠳᠠᠯ ᠪᠦᠬᠦᠢ ᠠᠵᠢᠯ᠎ᠢ ᠡᠭᠦᠷᠭᠡᠯᠡᠨ᠎ᠡ᠃

   ᠬᠠᠶᠢᠭ᠄ ᠰᠠᠶ᠋ᠢᠬᠠᠨ ᠲᠣᠭᠤᠷᠢᠭ᠎ᠤᠨ ᠵᠤᠤ ᠤᠳᠠ ᠵᠠᠮ ᠱ᠌ᠢ ᠵᠢᠢ ᠳᠦᠷᠪᠡᠳᠦᠭᠡᠷ ᠵᠠᠮ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ

   ᠠᠵᠢᠯᠯᠠᠬᠤ ᠴᠠᠭ᠄ 9:00 —12:00᠂ 14:00 —17:30

   ᠬᠠᠷᠢᠯᠴᠠᠬᠤ ᠬᠡᠯᠪᠡᠷᠢ᠄ 0471-6385517

   ᠬᠠᠷᠢᠭᠤᠴᠠᠯᠭ᠋ᠠᠲᠠᠨ᠄ ᠭᠦᠸᠧ ᠵᠢᠶᠠᠨ ᠰᠢᠨ

  

  (ᠠᠷᠪᠠ) ᠥᠪᠥᠷ ᠮᠣᠩᠭᠣᠯ᠎ᠤᠨ ᠥᠪᠡᠷᠳᠡᠭᠡᠨ ᠵᠠᠰᠠᠬᠤ ᠣᠷᠣᠨ᠎ᠤ ᠰᠢᠷᠬᠡᠭᠯᠢᠭ᠎ᠤᠨ ᠶᠠᠰᠤ ᠴᠢᠨᠠᠷ᠎ᠢ ᠬᠢᠨᠠᠨ ᠬᠡᠮᠵᠢᠬᠦ ᠲᠥᠪ

   ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠢᠷᠬᠡᠭᠯᠢᠭ᠎ᠤᠨ ᠶᠠᠰᠤ ᠴᠢᠨᠠᠷ᠎ᠢ ᠬᠢᠨᠠᠨ ᠬᠡᠮᠵᠢᠬᠦ ᠲᠥᠪ ᠪᠣᠯ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠬᠠᠷᠢᠶ᠎ᠠ ᠵᠢᠩᠬᠢᠨᠢ ᠭᠠᠵᠠᠷ᠎ᠤᠨ ᠲᠠᠰ᠎ᠤᠨ ᠨᠡᠶ᠋ᠢᠲᠡ ᠵᠢᠨ ᠠᠰᠠᠷᠠᠮᠵᠢ ᠵᠢᠨ ᠨᠢᠭᠡᠳᠦᠭᠡᠷ ᠲᠥᠷᠥᠯ᠎ᠤᠨ ᠠᠵᠢᠯ ᠦᠢ᠍ᠯᠡᠰ᠎ᠤᠨ ᠨᠢᠭᠡᠴᠢ᠎ᠲᠠᠢ ᠲᠡᠩᠴᠡᠨ᠎ᠡ᠃ ᠭᠤᠣᠯ ᠡᠭᠦᠷᠭᠡ ᠬᠠᠷᠢᠭᠤᠴᠠᠯᠭ᠎ᠠ᠄

  1. ᠨᠣᠤᠰᠣ᠂ ᠨᠣᠣᠯᠣᠭᠤᠷ᠂ ᠬᠦᠷᠢ ᠵᠢᠨ ᠰᠢᠷᠬᠡᠭ᠂ ᠣᠯᠣᠰᠤᠨ᠎ᠤ ᠲᠥᠷᠥᠯ᠂ ᠬᠥᠪᠥᠩ ᠵᠡᠷᠭᠡ ᠰᠢᠷᠬᠡᠭᠯᠢᠭ᠎ᠤᠨ ᠶᠠᠰᠤ ᠴᠢᠨᠠᠷ᠎ᠢ ᠠᠯᠪᠠᠨ᠎ᠠᠴᠠ ᠭᠡᠷᠡᠴᠢᠯᠡᠵᠦ ᠰᠢᠯᠭ᠋ᠠᠨ ᠪᠠᠶ᠋ᠢᠴᠠᠭ᠋ᠠᠬᠤ ᠵᠢ ᠡᠭᠦᠷᠭᠡᠯᠡᠵᠦ᠂ ᠰᠢᠷᠬᠡᠭᠯᠢᠭ᠎ᠤᠨ ᠶᠠᠰᠤ ᠴᠢᠨᠠᠷ᠎ᠢ ᠳᠠᠬᠢᠨ ᠪᠠᠶ᠋ᠢᠴᠠᠭ᠋ᠠᠬᠤ ᠪᠠ ᠬᠥᠨᠳᠡᠯᠡᠨ᠎ᠠᠴᠠ ᠲᠠᠰᠤᠯᠬᠤ ᠵᠢ ᠰᠢᠯᠭ᠋ᠠᠨ ᠪᠠᠶ᠋ᠢᠴᠠᠭ᠋ᠠᠬᠤ ᠠᠵᠢᠯ᠎ᠢ ᠥᠷᠨᠢᠭᠦᠯᠦᠨ᠎ᠡ᠃

  2. ᠨᠣᠤᠰᠣ᠂ ᠨᠣᠣᠯᠤᠭᠤᠷ᠂ ᠬᠦᠷᠢ ᠵᠢᠨ ᠰᠢᠷᠬᠡᠭ᠂ ᠣᠯᠣᠰᠤᠨ᠎ᠤ ᠲᠥᠷᠥᠯ᠂ ᠬᠥᠪᠥᠩ ᠵᠡᠷᠭᠡ ᠰᠢᠷᠬᠡᠭᠯᠢᠭ ᠬᠢᠭᠡᠳ ᠰᠢᠷᠬᠡᠭᠯᠢᠭ᠎ᠤᠨ ᠪᠦᠲᠦᠭᠡᠭᠳᠡᠬᠦᠨ᠎ᠤ ᠶᠠᠰᠤ ᠴᠢᠨᠠᠷ᠎ᠢ ᠪᠠᠶ᠋ᠢᠴᠠᠭ᠋ᠠᠬᠤ᠂ ᠶᠠᠰᠤ ᠴᠢᠨᠠᠷ᠎ᠢ ᠦᠨᠡᠯᠡᠨ ᠵᠢᠱ᠌ᠢᠬᠦ᠂ ᠲᠦᠭᠰᠢᠭᠦᠷᠢ ᠵᠢ ᠬᠢᠨᠠᠨ ᠬᠡᠮᠵᠢᠬᠦ ᠵᠡᠷᠭᠡ ᠶᠠᠰᠤ ᠴᠢᠨᠠᠷ᠎ᠢ ᠬᠢᠨᠠᠨ ᠬᠡᠮᠵᠢᠬᠦ ᠠᠵᠢᠯ᠎ᠢ ᠥᠷᠨᠢᠭᠦᠯᠦᠨ᠎ᠡ᠃

  3. ᠨᠣᠤᠰᠣ᠂ ᠨᠣᠣᠯᠤᠭᠤᠷ᠂ ᠬᠦᠷᠢ ᠵᠢᠨ ᠰᠢᠷᠬᠡᠭ᠂ ᠣᠯᠣᠰᠤᠨ᠎ᠤ ᠲᠥᠷᠥᠯ᠂ ᠬᠥᠪᠥᠩ ᠵᠡᠷᠭᠡ ᠰᠢᠷᠬᠡᠭᠯᠢᠭ᠎ᠤᠨ ᠪᠦᠲᠦᠭᠡᠭᠳᠡᠬᠦᠨ᠎ᠤ ᠶᠠᠰᠤ ᠴᠢᠨᠠᠷ᠎ᠢ ᠬᠢᠨᠠᠨ ᠬᠠᠮᠢᠶᠠᠷᠬᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠮᠡᠷᠭᠡᠵᠢᠯ᠎ᠤᠨ ᠲᠤᠯᠭ᠋ᠠᠭᠤᠷᠢᠯᠠᠯ ᠪᠠ ᠶᠠᠰᠤ ᠴᠢᠨᠠᠷ᠎ᠢ ᠬᠢᠨᠠᠨ ᠬᠡᠮᠵᠢᠬᠦ ᠮᠡᠳᠡᠭᠡ ᠵᠠᠩᠭᠢ ᠵᠢᠨ ᠮᠡᠳᠡᠭᠦᠯᠦᠯᠲᠡ ᠵᠢᠨ ᠠᠵᠢᠯ᠎ᠢ ᠡᠭᠦᠷᠭᠡᠯᠡᠨ᠎ᠡ᠃

  4. ᠰᠢᠷᠬᠡᠭᠯᠢᠭ᠎ᠤᠨ ᠪᠠᠷᠢᠮᠵᠢᠶᠠᠵᠢᠭᠤᠯᠤᠯᠲᠠ ᠵᠢᠨ ᠮᠡᠷᠭᠡᠵᠢᠯ᠎ᠤᠨ ᠲᠤᠯᠭ᠋ᠠᠭᠤᠷᠢᠯᠠᠯ ᠪᠠ ᠲᠤᠰᠠᠯᠠᠬᠤ ᠠᠵᠢᠯ᠎ᠢ ᠡᠭᠦᠷᠭᠡᠯᠡᠵᠦ᠂ ᠰᠢᠷᠬᠡᠭᠯᠢᠭ᠎ᠤᠨ ᠤᠯᠤᠰ᠎ᠤᠨ ᠪᠠᠷᠢᠮᠵᠢᠶ᠎ᠠ ᠵᠢ ᠲᠣᠭᠲᠠᠭ᠋ᠠᠬᠤ᠎ᠳᠤ ᠣᠷᠣᠯᠴᠠᠵᠤ᠂ ᠰᠢᠷᠬᠡᠭᠯᠢᠭ᠎ᠤᠨ ᠪᠣᠳᠠᠲᠤ ᠪᠣᠳᠠᠰ᠎ᠤᠨ ᠪᠠᠷᠢᠮᠵᠢᠶ᠎ᠠ ᠵᠢ ᠦᠢ᠍ᠯᠡᠳᠬᠦ᠂ ᠰᠢᠨᠡᠳᠬᠡᠬᠦ᠂ ᠳᠠᠭᠤᠷᠢᠶᠠᠨ ᠦᠢ᠍ᠯᠡᠳᠬᠦ᠂ ᠬᠠᠳᠠᠭ᠋ᠠᠯᠠᠬᠤ ᠠᠵᠢᠯ᠎ᠢ ᠡᠭᠦᠷᠭᠡᠯᠡᠵᠦ᠂ ᠰᠢᠷᠭᠡᠭᠯᠢᠭ᠎ᠤᠨ ᠤᠯᠤᠰ᠎ᠤᠨ ᠪᠠᠷᠢᠮᠵᠢᠶ᠎ᠠ ᠵᠢ ᠲᠤᠭᠤᠰᠢᠲᠠᠢ ᠤᠬᠠᠭᠤᠯᠤᠨ᠎ᠠ᠃

  5. ᠤᠯᠤᠰ᠎ᠠᠴᠠ ᠴᠤᠬᠤᠯᠠᠪᠤᠷᠢᠯᠠᠨ ᠬᠠᠷᠢᠭᠤᠯᠤᠭᠰᠠᠨ ᠨᠣᠤᠰᠣ ᠨᠣᠣᠯᠣᠭᠣᠷ᠎ᠤᠨ ᠶᠠᠰᠤ ᠴᠢᠨᠠᠷ᠎ᠢ ᠬᠢᠨᠠᠨ ᠰᠢᠯᠭ᠋ᠠᠬᠤ ᠲᠥᠪ᠎ᠤᠨ ᠠᠵᠢᠯ᠎ᠢ ᠡᠭᠦᠷᠭᠡᠯᠡᠨ᠎ᠡ᠃

  6. ᠪᠦᠬᠦ ᠣᠷᠣᠨ᠎ᠤ ᠰᠢᠷᠬᠡᠭᠯᠢᠭ᠎ᠤᠨ ᠶᠠᠰᠤ ᠴᠢᠨᠠᠷ᠎ᠢ ᠬᠢᠨᠠᠨ ᠰᠢᠨᠵᠢᠬᠦ ᠠᠵᠢᠯ᠎ᠤᠨ ᠮᠡᠷᠭᠡᠵᠢᠯ᠎ᠤᠨ ᠵᠢᠯᠣᠭᠣᠳᠬᠤ ᠠᠵᠢᠯ᠎ᠢ ᠬᠠᠷᠢᠭᠤᠴᠠᠨ᠎ᠠ᠃

  7. ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠲᠤᠰᠢᠶᠠᠭᠰᠠᠨ ᠪᠤᠰᠤᠳ ᠬᠣᠯᠪᠤᠭᠳᠠᠯ ᠪᠥᠬᠦᠶ ᠠᠵᠢᠯ᠎ᠢ ᠡᠭᠦᠷᠭᠡᠯᠡᠨ᠎ᠡ᠃

   ᠬᠠᠶᠢᠭ᠄ ᠰᠢᠨ᠎ᠡ ᠬᠤᠲᠠ ᠲᠣᠭᠤᠷᠢᠭ᠎ᠤᠨ ᠬᠤᠩ ᠱᠧᠩ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠎ᠤᠨ ᠲᠥᠯᠥᠪᠵᠢᠭᠦᠯᠭᠡ ᠵᠠᠮ

   ᠠᠵᠢᠯᠯᠠᠬᠤ ᠴᠠᠭ᠄ 9:00 —12:00᠂ 14:00 —17:30

   ᠬᠠᠷᠢᠯᠴᠠᠬᠤ ᠬᠡᠯᠪᠡᠷᠢ᠄ ᠵᠢᠵᠢᠭᠦᠷᠯᠡᠬᠦ ᠤᠲᠠᠰᠤ᠄ 0471-4961083᠂ ᠠᠰᠠᠭᠤᠨ ᠯᠠᠪᠯᠠᠬᠤ ᠤᠲᠠᠰᠤ᠄ 0471-4933961

   ᠬᠠᠷᠢᠭᠤᠴᠠᠯᠭ᠋ᠠᠲᠠᠨ᠄ ᠸᠠᠩ ᠯᠢ


ᠢᠷᠡᠯᠲᠡ᠄