ᠦᠪᠣᠷ ᠮᠣᠩᠭᠣᠯ᠎ᠤᠨ ᠦᠪᠡᠷᠲᠡᠭᠡᠨ ᠵᠠᠰᠠᠬᠣ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠢᠴᠢᠭ ᠮᠠᠲ᠋ᠧᠷᠢᠶᠠᠯ
ᠦᠪᠦᠷ ᠵᠠᠰᠠᠭ ᠦᠰᠦᠭ [2021] 25 ᠳ᠋ᠤᠭ᠋ᠠᠷ ᠲᠣᠭ᠋ᠠᠲᠤ
2021 ᠣᠨ᠎ᠤ ᠪᠥᠬᠥ ᠣᠷᠣᠨ᠎ᠤ ᠨᠡᠶ᠋ᠢᠭᠡᠮ᠎ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠵᠢᠨ ᠬᠣᠯᠪᠣᠭᠳᠠᠯ ᠪᠥᠬᠥᠶ ᠤᠴᠢᠷ᠎ᠤᠨ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠡᠯ᠎ᠡ ᠠᠶ᠋ᠢᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠣᠯᠪᠣᠭᠳᠠᠯ ᠪᠦᠬᠦᠢ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠎ᠳᠤ᠄
2021 ᠣᠨ ᠪᠣᠯ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢ ᠬᠡᠷᠡᠭᠵᠢᠭᠦᠯᠬᠦ ᠪᠠ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠥᠬᠥ ᠲᠠᠯ᠎ᠠ᠎ᠪᠠᠷ ᠪᠥᠲᠥᠭᠡᠨ ᠪᠠᠶ᠋ᠢᠭᠤᠯᠬᠤ ᠰᠢᠨ᠎ᠡ ᠠᠶᠠᠨ᠎ᠢ ᠡᠬᠢᠯᠡᠭᠦᠯᠬᠦ ᠠᠩᠬᠠᠨ᠎ᠤ ᠵᠢᠯ ᠪᠣᠯᠤᠨ᠎ᠠ᠃ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠠ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ᠂ ᠳᠥᠷᠪᠡᠳᠦᠭᠡᠷ᠂ ᠲᠠᠪᠤᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠪᠥᠬᠥ ᠣᠷᠣᠨ᠎ᠤ ᠬᠦᠴᠢᠷᠳᠡᠯᠲᠡᠶ ᠣᠯᠠᠨ ᠲᠦᠮᠡᠨ᠎ᠤ ᠦᠨᠳᠦᠰᠦᠨ ᠠᠮᠢᠳᠤᠷᠠᠯ᠎ᠢ᠎ᠨᠢ ᠲᠡᠩᠬᠡᠷᠡᠭᠦᠯᠦᠨ ᠲᠤᠰᠠᠯᠠᠬᠤ ᠠᠵᠢᠯ᠎ᠢ ᠦᠨᠡᠨ ᠬᠦ᠌ ᠰᠠᠶ᠋ᠢᠲᠤᠷ ᠬᠢᠵᠦ᠂ ᠶᠠᠳᠠᠭᠤ᠎ᠠᠴᠠ ᠠᠩᠭᠢᠵᠢᠷᠠᠭᠤᠯᠤᠭᠰᠠᠨ ᠰᠢᠪᠲᠤᠯᠤᠯᠲᠠ ᠵᠢᠨ ᠦᠷ᠎ᠡ ᠪᠦᠲᠦᠭᠡᠯ᠎ᠢ ᠪᠠᠲᠤᠳᠬᠠᠨ ᠥᠷᠭᠡᠳᠬᠡᠬᠦ᠎ᠪᠠᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠶ ᠵᠣᠯᠭ᠋ᠠᠭᠤᠯᠬᠤ᠎ᠪᠠᠷ ᠬᠦᠴᠦᠲᠡᠶ ᠠᠬᠢᠭᠤᠯᠬᠤ ᠵᠢᠨ ᠲᠤᠰᠠᠳᠠ᠂ ᠡᠳᠦᠭᠡ 2021 ᠣᠨ᠎ᠤ ᠪᠥᠬᠥ ᠣᠷᠣᠨ᠎ᠤ ᠨᠡᠶ᠋ᠢᠭᠡᠮ᠎ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠵᠢᠨ ᠬᠣᠯᠪᠣᠭᠳᠠᠯ ᠪᠥᠬᠥᠶ ᠤᠴᠢᠷ᠎ᠢ ᠳᠤᠤᠷᠠᠬᠢ ᠮᠡᠲᠦ ᠮᠡᠳᠡᠭᠳᠡᠪᠡ᠃
ᠨᠢᠭᠡ᠂ ᠬᠢᠨᠠᠨ ᠬᠠᠷᠭᠤᠭᠤᠯᠵᠤ ᠲᠣᠭᠲᠠᠭ᠋ᠠᠭᠰᠠᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠵᠢ ᠴᠢᠩᠭ᠎ᠠ ᠬᠡᠷᠡᠭᠵᠢᠭᠦᠯᠬᠦ ᠬᠡᠷᠡᠭᠲᠡᠶ
ᠡᠯ᠎ᠡ ᠭᠠᠵᠠᠷ ᠣᠷᠣᠨ᠎ᠨᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠢᠨᠠᠨ ᠬᠠᠷᠭᠤᠭᠤᠯᠵᠤ ᠲᠣᠭᠲᠠᠭ᠋ᠠᠭᠰᠠᠨ ᠨᠡᠶ᠋ᠢᠭᠡᠮ᠎ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠵᠢ ᠨᠡᠶ᠋ᠢᠭᠡᠮ ᠨᠡᠶ᠋ᠢᠲᠡ᠎ᠳᠤ ᠴᠠᠭ ᠲᠤᠬᠠᠢᠳᠤᠨᠢ ᠨᠡᠶ᠋ᠢᠲᠡᠯᠡᠬᠦ ᠵᠢᠨ ᠬᠠᠮᠲᠤ ᠴᠢᠩᠭ᠎ᠠ ᠬᠡᠷᠡᠭᠵᠢᠭᠦᠯᠵᠦ᠂ ᠲᠣᠰ ᠵᠢᠯ᠎ᠳᠤ ᠨᠡᠶ᠋ᠢᠭᠡᠮ᠎ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠵᠢ ᠳᠠᠬᠢᠨᠲᠠ ᠲᠣᠬᠢᠷᠠᠭᠤᠯᠬᠤ᠎ᠳᠤ᠎ᠪᠠᠨ ᠡᠷᠬᠡᠪᠰᠢ ᠬᠣᠯᠪᠣᠭᠳᠠᠯ ᠪᠥᠬᠥᠶ ᠲᠠᠰ ᠳᠠᠷᠠᠭ᠋ᠠᠯᠠᠯ ᠶᠣᠰᠣᠭ᠋ᠠᠷ ᠳᠡᠭᠡᠭᠰᠢ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠰᠡᠨ᠎ᠤ ᠳᠠᠷᠠᠭ᠎ᠠ ᠬᠡᠷᠡᠭᠵᠢᠭᠦᠯᠬᠦ ᠬᠡᠷᠡᠭᠲᠡᠶ᠃ ᠡᠯ᠎ᠡ ᠬᠣᠰᠢᠭᠤ ᠰᠢᠶᠠᠨ (ᠬᠣᠲᠠ᠂ ᠲᠣᠭᠣᠷᠢᠭ)᠎ᠨᠢ 2021 ᠣᠨ᠎ᠤ 5 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠰᠢᠨ᠎ᠡ ᠪᠠᠷᠢᠮᠵᠢᠶ᠎ᠠ ᠶᠣᠰᠣᠭ᠋ᠠᠷ ᠪᠠᠯᠠ ᠮᠥᠩᠭᠥ ᠵᠢ ᠨᠥᠬᠥᠨ ᠣᠯᠭᠣᠵᠤ ᠳᠠᠭᠤᠰᠬᠠᠬᠤ ᠬᠡᠷᠡᠭᠲᠡᠶ; ᠡᠯ᠎ᠡ ᠠᠶ᠋ᠢᠮᠠᠭ ᠬᠣᠲᠠ ᠵᠢᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠨᠢ 6 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠰᠢᠨ᠎ᠡ ᠪᠠᠷᠢᠮᠵᠢᠶ᠎ᠠ ᠵᠢ ᠬᠡᠷᠡᠭᠵᠢᠭᠦᠯᠦᠭᠰᠡᠨ ᠪᠠ ᠪᠠᠯᠠ ᠮᠥᠩᠭᠥ ᠵᠢ ᠣᠯᠭᠣᠭᠰᠠᠨ ᠪᠠᠶ᠋ᠢᠳᠠᠯ᠎ᠳᠤ ᠪᠠᠶ᠋ᠢᠴᠠᠭ᠋ᠠᠯᠲᠠ ᠬᠢᠬᠦ ᠵᠢᠨ ᠬᠠᠮᠲᠤ᠂ ᠪᠠᠶ᠋ᠢᠳᠠᠯ ᠵᠶ᠋ᠠᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠳᠤ ᠮᠡᠳᠡᠭᠦᠯᠦᠨ ᠬᠦᠷᠭᠡᠬᠦ ᠬᠡᠷᠡᠭᠲᠡᠶ; ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠨᠢ ᠡᠭᠦᠷᠭᠡ ᠬᠠᠷᠢᠭᠤᠴᠠᠯᠭ᠎ᠠ ᠵᠢᠨ ᠱᠠᠭ᠋ᠠᠷᠳᠠᠯᠭ᠎ᠠ ᠶᠣᠰᠣᠭ᠋ᠠᠷ᠂ ᠵᠣᠬᠢᠴᠠᠭᠤᠯᠤᠨ ᠬᠠᠮᠵᠢᠯᠴᠠᠬᠤ᠎ᠪᠠᠨ ᠴᠢᠩᠭ᠋ᠠᠳᠬᠠᠵᠤ᠂ ᠨᠡᠶ᠋ᠢᠭᠡᠮ᠎ᠤᠨ ᠲᠡᠩᠬᠡᠷᠡᠭᠦᠯᠦᠨ ᠲᠤᠰᠠᠯᠠᠬᠤ ᠪᠡᠯᠡ ᠮᠥᠩᠭᠥ ᠵᠢ ᠴᠠᠭ ᠲᠤᠬᠠᠶ᠎ᠳᠤᠨᠢ ᠲᠣᠭ᠎ᠠ ᠶᠣᠰᠣᠭ᠋ᠠᠷ ᠭᠦᠢ᠍ᠴᠡᠳ ᠣᠯᠭᠣᠬᠤ᠎ᠪᠠᠨ ᠦᠨᠡᠨ ᠬᠦ᠌ ᠪᠠᠲᠤᠯᠠᠬᠤ ᠬᠡᠷᠡᠭᠲᠡᠶ᠃
ᠬᠣᠶᠠᠷ᠂ ᠶᠠᠳᠠᠭᠤ᠎ᠠᠴᠠ ᠠᠩᠭᠢᠵᠢᠷᠠᠭᠤᠯᠤᠭᠰᠠᠨ ᠰᠢᠪᠲᠤᠯᠤᠯᠲᠠ ᠵᠢᠨ ᠰᠠᠭᠤᠷᠢ᠎ᠠᠴᠠ᠎ᠨᠢ ᠳᠠᠭ᠋ᠠᠭ᠋ᠠᠵᠤ ᠪᠠᠲᠤᠯᠠᠬᠤ ᠦᠷ᠎ᠡ ᠪᠦᠲᠦᠭᠡᠯ᠎ᠢ ᠪᠠᠲᠤᠳᠬᠠᠨ ᠥᠷᠭᠡᠳᠬᠡᠬᠦ᠎ᠪᠠᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠢ ᠵᠣᠯᠭ᠋ᠠᠭᠤᠯᠬᠤ ᠬᠡᠷᠡᠭᠲᠡᠢ
ᠡᠯ᠎ᠡ ᠭᠠᠵᠠᠷ ᠣᠷᠣᠨ᠂ ᠡᠯ᠎ᠡ ᠬᠣᠯᠪᠣᠭᠳᠠᠯ ᠪᠥᠬᠥᠶ ᠰᠠᠯᠠᠭ᠎ᠠ ᠮᠥᠴᠢᠷ᠎ᠨᠢ 5 ᠵᠢᠯ᠎ᠤᠨ ᠰᠢᠯᠵᠢᠯᠲᠡ ᠵᠢᠨ ᠬᠤᠭᠤᠴᠠᠭ᠋ᠠᠨ᠎ᠳᠤ 《ᠳᠥᠷᠪᠡ ᠵᠢ ᠬᠡᠪ ᠵᠶ᠋ᠠᠷ᠎ᠨᠢ ᠪᠠᠢ᠌ᠯᠭ᠋ᠠᠬᠤ》 ᠱᠠᠭ᠋ᠠᠷᠳᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠠᠮᠢᠳᠤᠷᠠᠯ᠎ᠤᠨ ᠨᠠᠭ᠋ᠠᠳᠤ ᠵᠠᠬ᠎ᠠ ᠵᠢᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ᠎ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠪᠠ ᠲᠦᠷ ᠴᠠᠭ ᠲᠡᠩᠬᠡᠷᠡᠭᠦᠯᠦᠨ ᠲᠤᠰᠠᠯᠠᠬᠤ ᠲᠥᠷᠥ ᠵᠢᠨ ᠪᠣᠳᠣᠯᠭ᠎ᠠ ᠵᠢᠨ ᠲᠣᠭᠲᠠᠭᠤᠨ ᠪᠠᠶ᠋ᠢᠬᠤ ᠵᠢ ᠦᠷᠭᠦᠯᠵᠢᠯᠡᠨ ᠪᠠᠲᠤᠯᠠᠬᠤ ᠬᠡᠷᠡᠭᠲᠡᠢ᠃ ᠠᠵᠢᠯ ᠣᠯᠣᠭᠰᠠᠨ ᠪᠥᠭᠡᠳ ᠭᠡᠷ ᠪᠦᠯᠢ ᠵᠢᠨ ᠬᠥᠮᠦᠨ ᠳᠤᠮᠳᠠᠴᠢ ᠵᠢᠨ ᠣᠷᠣᠯᠭ᠎ᠠ᠎ᠨᠢ ᠲᠤᠬᠠᠶ ᠵᠢᠨ ᠭᠠᠵᠠᠷ᠎ᠤᠨ ᠠᠮᠢᠳᠤᠷᠠᠯ᠎ᠤᠨ ᠨᠠᠭ᠋ᠠᠳᠤ ᠵᠠᠬ᠎ᠠ ᠵᠢᠨ ᠪᠠᠲᠤᠯᠠᠭ᠎ᠠ ᠵᠢᠨ ᠪᠠᠷᠢᠮᠵᠢᠶ᠎ᠠ᠎ᠠᠴᠠ ᠳᠠᠪᠠᠵᠤ ᠶᠠᠳᠠᠭᠤ᠎ᠠᠴᠠ ᠠᠩᠭᠢᠵᠢᠷᠠᠭᠰᠠᠨ ᠬᠥᠮᠥᠰ᠎ᠢ ᠢᠳᠡᠭ ᠢᠳᠡᠭ ᠵᠶ᠋ᠠᠷ ᠬᠠᠪᠰᠤᠷᠤᠨ ᠲᠡᠳᠬᠦᠬᠦ ᠣᠷᠣᠨ ᠲᠣᠭ᠎ᠠ᠎ᠠᠴᠠ ᠭᠠᠷᠭ᠋ᠠᠬᠤ ᠵᠢ ᠬᠡᠷᠡᠭᠵᠢᠭᠦᠯᠵᠦ᠂ ᠰᠠᠭᠤᠷᠢ᠎ᠠᠴᠠ᠎ᠨᠢ ᠳᠠᠭ᠋ᠠᠭ᠋ᠠᠵᠤ ᠪᠠᠲᠤᠯᠠᠬᠤ ᠦᠷ᠎ᠡ ᠪᠦᠲᠦᠭᠡᠯ᠎ᠢ ᠤᠯᠠᠮ ᠨᠢᠭᠡ ᠠᠯᠬᠤᠮ ᠪᠠᠲᠤᠳᠬᠠᠬᠤ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ᠎ᠤ ᠣᠷᠣᠯᠭ᠎ᠠ ᠪᠠᠭ᠋ᠠᠲᠠᠶ ᠬᠦᠮᠦᠨ ᠠᠮᠠ ᠵᠢ ᠬᠢᠨᠠᠨ ᠰᠢᠨᠵᠢᠵᠦ ᠰᠡᠷᠡᠮᠵᠢᠯᠡᠭᠦᠯᠬᠦ ᠲᠣᠭᠲᠠᠴᠠ ᠵᠢ ᠪᠠᠶ᠋ᠢᠭᠤᠯᠤᠨ᠂ ᠰᠠᠯᠠᠭ᠎ᠠ ᠮᠥᠴᠢᠷ᠎ᠤᠨ ᠮᠡᠳᠡᠭᠡ ᠵᠠᠩᠭᠢ ᠵᠢ ᠬᠠᠮᠲᠤ᠎ᠳᠤ᠎ᠪᠠᠨ ᠬᠦᠷᠲᠡᠬᠦ᠎ᠪᠠᠷ ᠳᠠᠮᠵᠢᠭᠤᠯᠤᠨ᠂ ᠮᠠᠯᠵᠢᠬᠤ ᠲᠠᠷᠢᠶᠠᠯᠠᠬᠤ ᠣᠷᠣᠨ᠎ᠤ ᠠᠮᠢᠳᠤᠷᠠᠯ᠎ᠤᠨ ᠨᠠᠭ᠋ᠠᠳᠤ ᠵᠠᠬ᠎ᠠ ᠵᠢᠨ ᠪᠠᠲᠤᠯᠠᠭ᠎ᠠ ᠬᠦᠷᠲᠡᠭᠰᠡᠳ᠂ ᠣᠨᠴᠠ ᠬᠦᠴᠢᠷᠳᠡᠯᠲᠡᠶ ᠬᠥᠮᠦᠰ ᠵᠢᠴᠢ ᠮᠠᠯᠵᠢᠬᠤ ᠲᠠᠷᠢᠶᠠᠯᠠᠬᠤ ᠣᠷᠣᠨ᠎ᠤ ᠣᠷᠣᠯᠭ᠎ᠠ ᠪᠠᠭ᠋ᠠᠲᠠᠶ ᠭᠡᠷ ᠪᠦᠯᠢ ᠵᠢᠨ ᠪᠤᠰᠤᠳ ᠪᠦᠷᠢᠯᠳᠦᠬᠦᠨ ᠵᠡᠷᠭᠡ ᠮᠠᠯᠵᠢᠬᠤ ᠲᠠᠷᠢᠶᠠᠯᠠᠬᠤ ᠣᠷᠣᠨ᠎ᠤ ᠣᠷᠣᠯᠭ᠎ᠠ ᠪᠠᠭ᠋ᠠᠲᠠᠶ ᠬᠦᠮᠦᠨ ᠠᠮᠠ ᠵᠢ ᠬᠥᠳᠡᠯᠦᠩᠭᠦᠶ ᠬᠢᠨᠠᠨ ᠰᠢᠨᠵᠢᠵᠦ᠂ ᠰᠠᠯᠠᠭ᠎ᠠ ᠮᠥᠴᠢᠷ᠎ᠤᠳ ᠬᠠᠮᠲᠤᠷᠠᠯᠴᠡᠨ ᠬᠦᠳᠡᠯᠦᠯᠴᠡᠭᠰᠡᠨ ᠲᠦᠭᠰᠢᠭᠦᠷᠢ ᠵᠢ ᠰᠡᠷᠡᠮᠵᠢᠯᠡᠭᠦᠯᠬᠦ᠂ ᠰᠤᠳᠤᠯᠤᠨ ᠮᠠᠭ᠋ᠠᠳᠯᠠᠬᠤ ᠪᠠ ᠠᠷᠭ᠋ᠠᠴᠠᠭ᠋ᠠᠨ ᠰᠢᠢ᠍ᠳᠪᠦᠷᠢᠯᠡᠬᠦ ᠲᠣᠭᠲᠠᠴᠠ᠎ᠪᠠᠨ ᠤᠯᠠᠨ ᠨᠢᠭᠡ ᠠᠯᠬᠤᠮ ᠪᠦᠷᠢᠨᠰᠢᠭᠦᠯᠦᠨ᠂ ᠨᠥᠬᠥᠴᠡᠯ᠎ᠳᠤ ᠨᠡᠶ᠋ᠢᠴᠡᠬᠦ ᠬᠥᠮᠦᠰ᠎ᠢ ᠲᠡᠩᠬᠡᠷᠡᠭᠦᠯᠦᠨ ᠲᠤᠰᠠᠯᠠᠵᠤ ᠬᠠᠪᠰᠤᠷᠤᠨ ᠲᠡᠳᠬᠦᠬᠦ ᠵᠣᠬᠢᠬᠤ ᠬᠡᠪᠴᠢᠶᠡᠨ᠎ᠳᠤ ᠣᠷᠣᠭᠤᠯᠬᠤ ᠬᠡᠷᠡᠭᠲᠡᠶ᠃ ᠭᠠᠴᠠᠭ᠎ᠠ ᠲᠣᠰᠬᠣᠨ (ᠨᠡᠶ᠋ᠢᠭᠡᠮ ᠲᠣᠭᠣᠷᠢᠭ)᠎ᠤ ᠨᠡᠶ᠋ᠢᠭᠡᠮ᠎ᠤᠨ ᠲᠡᠩᠬᠡᠷᠡᠭᠦᠯᠦᠨ ᠲᠤᠰᠠᠯᠠᠬᠤ ᠲᠤᠰᠠᠯᠠᠭᠴᠢ ᠵᠢᠨ ᠳᠦᠷᠢᠮ᠎ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠨᠡᠶ᠋ᠢᠭᠡᠮ᠎ᠤᠨ ᠲᠡᠩᠬᠡᠷᠡᠭᠦᠯᠦᠨ ᠲᠤᠰᠠᠯᠠᠬᠤ ᠠᠵᠢᠯ᠎ᠤᠨ ᠭᠠᠷᠲᠠᠨ ᠭᠦᠢ᠍ᠴᠡᠳᠬᠡᠵᠦ ᠦᠢ᠍ᠯᠡᠴᠢᠯᠡᠬᠦ ᠬᠢᠷᠢ ᠲᠦᠪᠰᠢᠨ᠎ᠢ ᠪᠦᠲᠦᠮᠵᠢᠲᠡᠶ ᠳᠡᠭᠡᠭᠰᠢᠯᠡᠭᠦᠯᠬᠦ ᠬᠡᠷᠡᠭᠲᠡᠶ᠃
ᠭᠤᠷᠪᠠ᠂ ᠲᠦᠷ ᠴᠠᠭ ᠲᠡᠩᠬᠡᠷᠡᠭᠦᠯᠦᠨ ᠲᠤᠰᠠᠯᠠᠵᠤ ᠲᠦᠷᠭᠡᠨ ᠲᠤᠰᠠᠯᠠᠵᠤ ᠬᠦᠴᠢᠷᠳᠡᠯ᠎ᠢ᠎ᠨᠢ ᠰᠢᠢ᠍ᠳᠪᠦᠷᠢᠯᠡᠬᠦ ᠦᠢ᠍ᠯᠡᠳᠦᠯ ᠵᠶ᠋ᠠᠨ ᠦᠨᠡᠨ ᠬᠦ᠌ ᠪᠠᠳᠠᠷᠠᠭᠤᠯᠬᠤ ᠬᠡᠷᠡᠭᠲᠡᠶ
ᠲᠡᠩᠬᠡᠷᠡᠭᠦᠯᠦᠨ ᠲᠤᠰᠠᠯᠠᠬᠤ ᠪᠡᠯᠡ ᠮᠥᠩᠭᠥᠨ᠎ᠤ ᠣᠷᠣᠭᠤᠯᠤᠯᠲᠠ ᠵᠢᠨ ᠡᠷᠴᠢᠮ᠎ᠢ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠡᠯ᠎ᠡ ᠠᠶ᠋ᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠡᠳ᠋᠎ᠤᠨ ᠵᠠᠰᠠᠭ᠎ᠨᠢ ᠪᠣᠳᠠᠲᠠᠢ ᠬᠡᠷᠡᠭᠴᠡᠭᠡ ᠱᠠᠭ᠋ᠠᠷᠳᠠᠯᠭ᠎ᠠ᠎ᠪᠠᠨ ᠦᠨᠳᠦᠰᠦᠯᠡᠨ ᠬᠦᠴᠢᠷᠳᠡᠯᠲᠡᠶ ᠣᠯᠠᠨ ᠲᠦᠮᠡᠨ᠎ᠢ ᠲᠡᠩᠬᠡᠷᠡᠭᠦᠯᠦᠨ ᠲᠤᠰᠠᠯᠠᠬᠤ ᠨᠥᠬᠥᠪᠦᠷᠢ ᠵᠢᠨ ᠪᠡᠯᠡ ᠮᠥᠩᠭᠥᠨ᠎ᠤ ᠲᠥᠰᠦᠪ᠎ᠢ ᠭᠦᠢ᠍ᠴᠡᠳ ᠲᠣᠬᠢᠷᠠᠭᠤᠯᠵᠤ ᠥᠭᠬᠦ ᠵᠢᠨ ᠳᠠᠭ᠋ᠠᠤ᠎ᠳᠤ᠂ ᠪᠡᠯᠡ ᠮᠥᠩᠭᠥ ᠵᠠᠷᠤᠴᠠᠭᠤᠯᠬᠤ ᠠᠬᠢᠴᠠ᠎ᠪᠠᠨ ᠲᠦᠷᠭᠡᠳᠬᠡᠬᠦ ᠬᠡᠷᠡᠭᠲᠡᠢ᠂ ᠣᠷᠣᠨ ᠨᠤᠲᠤᠭ᠎ᠤᠨ ᠲᠥᠰᠦᠪ᠎ᠲᠤ ᠣᠷᠣᠭᠤᠯᠤᠭᠰᠠᠨ ᠪᠠᠢ᠌ᠲᠠᠯ᠎ᠠ᠎ᠪᠠᠨ ᠵᠠᠷᠤᠬᠤ ᠦᠭᠡᠶ᠂ ᠲᠥᠰᠥᠪ᠎ᠲᠤ ᠤᠷᠤᠭᠤᠯᠴᠢᠬᠠᠭ᠋ᠠᠳ ᠪᠠᠭ᠎ᠠ ᠵᠠᠷᠤᠬᠤ ᠵᠢᠴᠢ ᠵᠢᠯ᠎ᠤᠨ ᠡᠴᠦᠰ᠎ᠲᠤ 《ᠱᠠᠯᠠᠪᠳᠠᠨ ᠵᠣᠭᠣᠰ ᠵᠠᠷᠤᠬᠤ》 ᠦᠵᠡᠭᠳᠡᠯ ᠭᠠᠷᠬᠤ ᠵᠢ ᠡᠷᠡᠰ ᠬᠣᠷᠢᠭᠯᠠᠬᠤ ᠬᠡᠷᠡᠭᠲᠡᠢ᠂ ᠵᠠᠷᠴᠢᠮ ᠳᠡᠭᠡᠷ᠎ᠡ᠎ᠪᠠᠨ ᠲᠦᠷ ᠴᠠᠭ ᠲᠡᠩᠬᠡᠷᠡᠭᠦᠯᠦᠨ ᠲᠤᠰᠠᠯᠠᠬᠤ ᠪᠡᠯᠡ ᠮᠥᠩᠭᠥᠨ᠎ᠤ ᠣᠷᠣᠭᠤᠯᠤᠯᠲᠠ ᠵᠢ ᠨᠡᠮᠡᠭᠳᠡᠭᠦᠯᠬᠦ᠎ᠠᠴᠠ ᠪᠢᠰᠢ ᠬᠠᠰᠤᠭᠳᠠᠭᠤᠯᠬᠤ ᠦᠭᠡᠶ ᠪᠠᠶ᠋ᠢᠬᠤ ᠬᠡᠷᠡᠭᠲᠡᠶ᠃ ᠲᠦᠷ ᠴᠠᠭ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠵᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠳᠡᠰ ᠳᠠᠷᠠᠭ᠋ᠠᠯᠠᠯ᠎ᠢ ᠰᠢᠯᠢᠳᠡᠭᠵᠢᠭᠦᠯᠦᠨ᠂ ᠭᠡᠨᠡᠳᠲᠡ ᠵᠢᠨ ᠴᠢᠨᠠᠷᠲᠠᠶ᠂ ᠲᠤᠯᠭ᠋ᠠᠮ ᠴᠢᠨᠠᠷᠲᠠᠶ᠂ ᠠᠮᠢᠳᠤᠷᠠᠯ᠎ᠳᠤ᠎ᠪᠠᠨ ᠲᠦᠷ ᠴᠠᠭ᠎ᠤᠨ ᠴᠢᠨᠠᠷᠲᠠᠶ ᠬᠦᠴᠢᠷᠳᠡᠯ ᠲᠤᠯᠭ᠋ᠠᠷᠠᠭᠰᠠᠨ ᠣᠯᠠᠨ ᠲᠦᠮᠡᠨ᠎ᠢ ᠲᠡᠩᠬᠡᠷᠡᠭᠦᠯᠦᠨ ᠲᠤᠰᠠᠯᠠᠬᠤ ᠡᠷᠴᠢᠮ ᠵᠶ᠋ᠠᠨ ᠴᠢᠩᠭ᠋ᠠᠷᠠᠭᠤᠯᠬᠤ ᠬᠡᠷᠡᠭᠲᠡᠶ᠃ ᠡᠯ᠎ᠡ ᠬᠣᠰᠢᠭᠤ ᠰᠢᠶᠠᠨ (ᠬᠣᠲᠠ᠂ ᠲᠣᠭᠣᠷᠢᠭ)᠎ᠨᠢ ᠲᠦᠷ ᠴᠠᠭ ᠲᠡᠩᠬᠡᠷᠡᠭᠦᠯᠦᠨ ᠲᠤᠰᠠᠯᠠᠬᠤ ᠪᠡᠯᠡᠳᠬᠡᠯ ᠮᠥᠩᠭᠥᠨ᠎ᠤ ᠳᠦᠷᠢᠮ᠎ᠢ ᠦᠨᠡᠨ ᠬᠦ᠌ ᠪᠦᠷᠢᠨᠰᠢᠭᠦᠯᠦᠨ ᠲᠡᠭᠦᠯᠳᠡᠷᠵᠢᠭᠦᠯᠵᠦ᠂ 6 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠲᠦᠷ ᠴᠠᠭ ᠲᠡᠩᠬᠡᠷᠡᠭᠦᠯᠦᠨ ᠲᠤᠰᠠᠯᠠᠬᠤ ᠪᠡᠯᠡᠳᠬᠡᠯ ᠮᠥᠩᠭᠥ᠎ᠪᠠᠨ ᠰᠤᠮᠤ ᠰᠢᠶᠠᠩ ᠪᠠᠯᠭ᠋ᠠᠰᠤᠨ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ)᠎ᠳᠤ ᠪᠠᠭᠤᠯᠭ᠋ᠠᠬᠤ ᠵᠢᠨ ᠬᠠᠮᠲᠤ᠂ ᠰᠤᠮᠤ ᠰᠢᠶᠠᠩ ᠪᠠᠯᠭ᠋ᠠᠰᠤᠨ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ)᠎ᠤ ᠲᠦᠷ ᠴᠠᠭ ᠲᠡᠩᠬᠡᠷᠡᠭᠦᠯᠦᠨ ᠲᠤᠰᠠᠯᠠᠬᠤ ᠪᠡᠯᠡᠳᠬᠡᠯ ᠮᠥᠩᠭᠥ ᠵᠢ ᠪᠠᠶ᠋ᠢᠭᠤᠯᠬᠤ᠂ ᠡᠷᠭᠢᠯᠳᠦᠭᠦᠯᠬᠦ ᠪᠠ ᠵᠠᠷᠤᠬᠤ᠎ᠳᠤ ᠵᠢᠭ᠋ᠠᠨ ᠵᠢᠯᠣᠭᠣᠳᠴᠤ ᠬᠢᠨᠠᠯᠲᠠ ᠲᠠᠯᠪᠢᠬᠤ ᠡᠷᠴᠢᠮ ᠵᠶ᠋ᠠᠨ ᠴᠢᠩᠭ᠋ᠠᠷᠠᠭᠤᠯᠬᠤ ᠬᠡᠷᠡᠭᠲᠡᠶ᠃
ᠳᠥᠷᠪᠡ᠂ ᠨᠡᠶ᠋ᠢᠭᠡᠮ᠎ᠤᠨ ᠲᠡᠩᠬᠡᠷᠡᠭᠦᠯᠦᠨ ᠲᠤᠰᠠᠯᠠᠬᠤ ᠭᠡᠷ ᠪᠦᠯᠢ ᠵᠢᠨ ᠠᠵᠤ ᠠᠬᠤᠶ ᠵᠢᠨ ᠪᠠᠶ᠋ᠢᠳᠠᠯ᠎ᠢ ᠬᠠᠷᠭᠤᠭᠤᠯᠬᠤ ᠲᠣᠭᠲᠠᠴᠠ᠎ᠪᠠᠨ ᠪᠦᠷᠢᠨᠰᠢᠭᠦᠯᠦᠨ ᠲᠡᠭᠦᠯᠳᠡᠷᠵᠢᠭᠦᠯᠬᠦ ᠬᠡᠷᠡᠭᠲᠡᠶ
ᠡᠯ᠎ᠡ ᠭᠠᠵᠠᠷ ᠣᠷᠣᠨ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠨᠢ ᠨᠡᠶ᠋ᠢᠭᠡᠮ᠎ᠤᠨ ᠲᠡᠩᠬᠡᠷᠡᠭᠦᠯᠦᠨ ᠲᠤᠰᠠᠯᠠᠬᠤ ᠭᠡᠷ ᠪᠦᠯᠢ ᠵᠢᠨ ᠠᠵᠤ ᠠᠬᠤᠶ ᠵᠢᠨ ᠪᠠᠶ᠋ᠢᠳᠠᠯ᠎ᠢ ᠬᠠᠷᠭᠤᠭᠤᠯᠬᠤ ᠲᠣᠭᠲᠠᠴᠠ᠎ᠪᠠᠨ ᠤᠯᠠᠮ ᠨᠢᠭᠡ ᠠᠯᠬᠤᠮ ᠪᠦᠷᠢᠨᠰᠢᠭᠦᠯᠵᠦ᠂ ᠬᠠᠷᠭᠤᠭᠤᠯᠬᠤ ᠭᠣᠣᠯ ᠴᠣᠭᠴᠠ ᠵᠢᠨ ᠡᠭᠦᠷᠭᠡ ᠬᠠᠷᠢᠭᠤᠴᠠᠯᠭ᠎ᠠ ᠵᠢ ᠬᠢᠨᠠᠮᠠᠭ᠋ᠠᠶ ᠨᠠᠶ᠋ᠢᠳᠠᠪᠤᠷᠢᠵᠢᠭᠤᠯᠤᠨ᠂ ᠰᠠᠯᠠᠭ᠎ᠠ ᠮᠥᠴᠢᠷ᠎ᠤᠨ ᠳ᠋ᠠᠢ᠌ᠲ᠋ᠠ ᠵᠢᠨ ᠮᠡᠳᠡᠭᠡ ᠵᠠᠩᠭᠢ ᠵᠢ ᠬᠠᠮᠲᠤ᠎ᠳᠤ᠎ᠪᠠᠨ ᠬᠦᠷᠲᠡᠬᠦ ᠡᠷᠴᠢᠮ᠎ᠢ ᠴᠢᠩᠭ᠋ᠠᠷᠠᠭᠤᠯᠵᠤ᠂ ᠮᠡᠳᠡᠭᠡ ᠵᠠᠩᠭᠢ ᠵᠢᠨ ᠳ᠋ᠠᠢ᠌ᠲ᠋ᠠ ᠵᠢᠨ ᠬᠡᠪᠴᠢᠶ᠎ᠡ ᠵᠢ ᠲᠠᠰᠤᠷᠠᠯᠲᠠ ᠦᠬᠡᠢ ᠥᠷᠭᠡᠳᠬᠡᠨ᠂ ᠬᠠᠷᠭᠤᠭᠤᠯᠤᠭᠰᠠᠨ ᠠᠵᠢᠯ᠎ᠤᠨ ᠦᠷ᠎ᠡ ᠳ᠋ᠦᠩ᠎ᠨᠢ ᠣᠨᠣᠪᠴᠢᠲᠠᠶ᠂ ᠳ᠋ᠠᠢ᠌ᠲ᠋ᠠ᠎ᠨᠢ ᠠᠮᠤᠷ ᠲᠦᠪᠰᠢᠨ᠂ ᠦᠢ᠍ᠯᠡᠴᠢᠯᠡᠭᠡᠨ᠎ᠢ ᠥᠨᠳᠥᠷ ᠦᠷ᠎ᠡ ᠪᠦᠲᠦᠮᠵᠢᠲᠡᠶ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ ᠥᠪᠥᠷ ᠮᠣᠩᠭᠣᠯ᠎ᠤᠨ ᠪᠠᠩᠬᠢ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠨᠢ ᠡᠯ᠎ᠡ ᠪᠠᠩᠬᠢ ᠵᠢᠨ ᠦᠢ᠍ᠯᠡᠰ᠎ᠤᠨ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠵᠢ ᠵᠣᠬᠢᠴᠠᠭᠤᠯᠵᠤ ᠪᠠᠶ᠋ᠢᠭ᠋ᠠᠳ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠢ ᠬᠠᠮᠵᠢᠨ ᠨᠡᠶ᠋ᠢᠭᠡᠮ᠎ᠤᠨ ᠲᠡᠩᠬᠡᠷᠡᠭᠦᠯᠦᠨ ᠲᠤᠰᠠᠯᠠᠭᠤᠯᠬᠤ ᠡᠲᠡᠭᠡᠳ᠎ᠤᠨ ᠪᠠᠩᠬᠢ ᠵᠢᠨ ᠬᠠᠳᠠᠭ᠋ᠠᠯᠠᠮᠵᠢ ᠵᠢᠨ ᠵᠣᠭᠣᠰ᠂ ᠮᠥᠩᠭᠥᠨ ᠭᠦᠢ᠍ᠯᠭᠡᠭᠡᠨ᠎ᠤ ᠬᠦᠷᠦᠩᠭᠡ ᠮᠦᠩᠭᠦ ᠠᠬᠤᠢ᠍ᠯᠠᠬᠤ ᠨᠡᠷᠡᠳᠬᠦᠨ᠎ᠳᠤ ᠲᠤᠰᠬᠠᠶ ᠱᠤᠭᠤᠮ ᠵᠶ᠋ᠠᠷ ᠲᠤᠬᠠᠶ ᠵᠢᠨ ᠴᠠᠭᠲᠤᠨᠢ ᠬᠠᠷᠭᠤᠭᠤᠯᠬᠤ ᠠᠵᠢᠯ᠎ᠢ ᠥᠷᠨᠢᠭᠦᠯᠵᠦ᠂ ᠲᠡᠩᠬᠡᠷᠡᠭᠦᠯᠦᠨ ᠲᠤᠰᠠᠯᠠᠭᠤᠯᠬᠤ ᠡᠲᠡᠭᠡᠳ᠎ᠢ ᠣᠨᠣᠪᠴᠢᠲᠠᠶ᠎ᠪᠠᠷ ᠮᠠᠭ᠋ᠠᠳᠯᠠᠨ ᠲᠣᠭᠲᠠᠭ᠋ᠠᠬᠤ᠎ᠪᠠᠨ ᠦᠨᠡᠨ ᠬᠦ᠌ ᠪᠠᠲᠤᠯᠠᠬᠤ ᠬᠡᠷᠡᠭᠲᠡᠢ᠃
ᠲᠠᠪᠤ᠂ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠢ᠍ᠷᠡᠭᠦᠯᠬᠦ ᠬᠡᠷᠡᠭᠲᠡᠢ
ᠡᠯ᠎ᠡ ᠭᠠᠵᠠᠷ ᠣᠷᠣᠨ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠨᠢ ᠬᠦᠴᠢᠷᠳᠡᠯᠲᠡᠶ ᠣᠯᠠᠨ ᠲᠦᠮᠡᠨ᠎ᠤ ᠬᠡᠷᠡᠭᠴᠡᠭᠡ ᠱᠠᠭ᠋ᠠᠷᠳᠠᠯᠭ᠎ᠠ᠎ᠠᠴᠠ ᠡᠭᠦᠰᠴᠦ ᠣᠯᠠᠨ ᠲᠦᠮᠡᠨ᠎ᠳᠤ ᠪᠣᠳᠠᠲᠤ ᠶᠠᠪᠤᠳᠠᠯ ᠬᠢᠵᠦ ᠥᠭᠬᠦ ᠬᠡᠷᠡᠭᠲᠡᠶ᠃ ᠬᠦᠴᠢᠷᠳᠡᠯᠲᠡᠶ ᠣᠯᠠᠨ ᠲᠦᠮᠡᠨ᠎ᠤ ᠨᠡᠶ᠋ᠢᠭᠡᠮ᠎ᠤᠨ ᠲᠡᠩᠬᠡᠷᠡᠭᠦᠯᠦᠨ ᠲᠤᠰᠠᠯᠠᠬᠤ ᠵᠢ ᠭᠤᠶᠤᠴᠢᠯᠠᠬᠤ᠎ᠳᠤ ᠬᠠᠩᠭ᠋ᠠᠬᠤ ᠴᠢᠬᠤᠯᠠᠲᠠᠶ ᠭᠡᠷᠡᠴᠢ ᠮᠠᠲ᠋ᠧᠷᠢᠶᠠᠯ᠎ᠢ ᠤᠯᠠᠮ ᠨᠢᠭᠡ ᠠᠯᠬᠤᠮ ᠳᠥᠭᠥᠮᠴᠢᠯᠡᠵᠦ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ ᠵᠶ᠋ᠠᠷ ᠳᠠᠮᠵᠢᠭᠤᠯᠤᠨ ᠬᠠᠮᠢᠶ᠎ᠠ ᠪᠥᠬᠥᠶ ᠭᠡᠷᠡᠴᠢ ᠮᠠᠲ᠋ᠧᠷᠢᠶᠠᠯ᠎ᠢ᠎ᠨᠢ ᠪᠠᠶ᠋ᠢᠴᠠᠭ᠋ᠠᠨ ᠯᠠᠪᠯᠠᠵᠤ ᠪᠣᠯᠳᠠᠭ ᠯᠡ ᠶᠤᠮ ᠪᠤᠯ ᠬᠦᠴᠢᠷᠳᠡᠯᠲᠡᠶ ᠣᠯᠠᠨ ᠲᠦᠮᠡᠨ᠎ᠢ ᠳᠠᠭᠢᠵᠤ ᠲᠤᠰᠢᠶᠠᠯᠭ᠋ᠠᠬᠤ᠎ᠪᠠᠷ ᠱᠠᠭ᠋ᠠᠷᠳᠠᠬᠤ ᠥᠬᠡᠶ; ᠭᠡᠷᠡᠴᠢᠯᠡᠬᠦ ᠵᠦᠢ᠍ᠯᠡᠰ᠎ᠢ ᠮᠡᠳᠡᠭᠳᠡᠬᠦ ᠠᠮᠠᠯᠠᠯᠲᠠ ᠵᠢᠨ ᠲᠦᠷᠢᠮ᠎ᠢ ᠪᠥᠬᠥ ᠲᠠᠯ᠎ᠠ᠎ᠪᠠᠷ ᠬᠡᠷᠡᠭᠵᠢᠭᠦᠯᠵᠦ᠂ ᠭᠤᠶᠤᠴᠢᠯᠠᠭᠴᠢ ᠵᠢ ᠱᠠᠭ᠋ᠠᠷᠳᠠᠯᠭ᠎ᠠ ᠶᠣᠰᠣᠭ᠋ᠠᠷ ᠪᠢᠴᠢᠭ ᠵᠶ᠋ᠠᠷ ᠠᠮᠠᠯᠠᠯᠲᠠ ᠬᠢᠯᠭᠡᠭᠰᠡᠨ ᠪᠠᠶ᠋ᠢᠪᠠᠯ᠂ ᠬᠠᠮᠢᠶ᠎ᠠ ᠪᠥᠬᠥᠶ ᠭᠡᠷᠡᠴᠢ ᠵᠢ᠎ᠨᠢ ᠳᠠᠭᠢᠵᠤ ᠨᠡᠬᠡᠨ ᠠᠪᠬᠤ ᠥᠬᠡᠶ᠂ ᠬᠦᠴᠢᠷᠳᠡᠯᠲᠡᠶ ᠣᠯᠠᠨ ᠲᠦᠮᠡᠨ᠎ᠤ ᠵᠠᠪᠠᠯ ᠲᠤᠰᠢᠶᠠᠬᠤ ᠴᠢᠬᠤᠯᠠᠲᠠᠶ ᠭᠡᠷᠡᠴᠢᠯᠡᠬᠦ ᠮᠠᠲ᠋ᠧᠷᠢᠶᠠᠯ᠎ᠢ ᠪᠣᠯ ᠨᠡᠶ᠋ᠢᠭᠡᠮ᠎ᠤᠨ ᠲᠡᠩᠬᠡᠷᠡᠭᠦᠯᠦᠨ ᠲᠤᠰᠠᠯᠠᠭᠤᠯᠬᠤ ᠵᠢ ᠭᠤᠶᠤᠴᠢᠯᠠᠬᠤ ᠦᠶ᠎ᠡ᠎ᠳᠤ᠎ᠨᠢ ᠨᠢᠭᠡ ᠯᠡ ᠤᠳᠠᠭ᠎ᠠ᠎ᠳᠤ ᠮᠡᠳᠡᠭᠳᠡᠬᠦ ᠬᠡᠷᠡᠭᠲᠡᠶ᠃ ᠠᠵᠢᠯ ᠶᠠᠪᠤᠳᠠᠯ ᠭᠦᠢ᠍ᠴᠡᠳᠬᠡᠬᠦ ᠴᠤᠪᠤᠷᠠᠯ᠎ᠢ ᠦᠨᠡᠨ ᠬᠦ᠌ ᠳᠥᠭᠥᠮᠴᠢᠯᠡᠵᠦ᠂ ᠭᠦᠢ᠍ᠴᠡᠳᠬᠡᠬᠦ ᠴᠠᠭ ᠬᠤᠭᠤᠴᠠᠭ᠎ᠠ ᠵᠢ᠎ᠨᠢ ᠪᠣᠭᠣᠨᠢᠰᠬᠠᠨ᠂ ᠲᠡᠩᠬᠡᠷᠡᠭᠦᠯᠦᠨ ᠲᠤᠰᠠᠯᠠᠭᠤᠯᠬᠤ᠎ᠪᠠᠷ ᠭᠤᠶᠤᠴᠢᠯᠠᠭᠰᠠᠨ ᠭᠡᠷ ᠪᠦᠯᠢ᠎ᠳᠤ ᠮᠠᠷᠭᠤᠭ᠋ᠠᠨ ᠦᠭᠡᠶ ᠪᠣᠯ ᠠᠷᠠᠳᠴᠢᠯᠠᠯ ᠵᠶ᠋ᠠᠷ ᠦᠨᠡᠯᠡᠯᠲᠡ ᠬᠢᠬᠦ ᠦᠭᠡᠶ ᠪᠠᠶ᠋ᠢᠵᠤ ᠪᠣᠯᠤᠨ᠎ᠠ᠃ ᠨᠡᠶ᠋ᠢᠭᠡᠮ᠎ᠤᠨ ᠠᠪᠤᠷᠠᠨ ᠲᠤᠰᠠᠯᠠᠬᠤ ᠠᠵᠢᠯ᠎ᠳᠤ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠢᠳᠡᠪᠬᠢᠲᠡᠢ ᠠᠬᠢᠭᠤᠯᠵᠤ᠂ ᠪᠦᠬᠦ ᠣᠷᠣᠨ᠎ᠤ ᠠᠷᠠᠳ᠎ᠤᠨ ᠦᠨᠳᠦᠰᠦᠨ ᠠᠮᠢᠳᠤᠷᠠᠯ᠎ᠤᠨ ᠪᠠᠲᠤᠯᠠᠭ᠎ᠠ ᠵᠢᠨ ᠰᠠᠭᠤᠷᠢ ᠱᠤᠭᠤᠮ᠎ᠢ ᠦᠨᠡᠨ ᠬᠦ᠌ ᠪᠠᠲᠤ ᠰᠠᠬᠢᠬᠤ ᠬᠡᠷᠡᠭᠲᠡᠢ᠃
ᠵᠢᠷᠭᠤᠭ᠎ᠠ᠂ ᠦᠨᠳᠦᠰᠦᠨ ᠱᠠᠲᠤᠨ᠎ᠤ ᠲᠤᠬᠠᠶ᠋ᠢᠯᠠᠭᠰᠠᠨ ᠠᠵᠢᠯ᠎ᠢ ᠵᠢᠭ᠋ᠠᠨ ᠵᠢᠯᠣᠭᠣᠳᠴᠤ ᠬᠢᠨᠠᠨ ᠬᠠᠮᠢᠶᠠᠷᠬᠤ᠎ᠪᠠᠨ ᠴᠢᠩᠭ᠋ᠠᠷᠠᠭᠤᠯᠬᠤ ᠬᠡᠷᠡᠭᠲᠡᠢ
ᠡᠯ᠎ᠡ ᠠᠶ᠋ᠢᠮᠠᠭ ᠬᠣᠲᠠ᠎ᠨᠢ ᠬᠠᠷᠢᠶ᠎ᠠ ᠪᠦᠬᠦᠢ ᠭᠠᠵᠠᠷ ᠣᠷᠣᠨ᠎ᠤ ᠠᠮᠢᠳᠤᠷᠠᠯ᠎ᠤᠨ ᠨᠠᠭ᠋ᠠᠳᠤ ᠵᠠᠬ᠎ᠠ ᠵᠢᠨ ᠪᠠᠲᠤᠯᠠᠭ᠎ᠠ ᠬᠦᠷᠲᠡᠭᠰᠡᠳ᠂ ᠣᠨᠴᠠ ᠬᠦᠴᠢᠷᠳᠡᠯᠲᠡᠶ ᠵᠡᠷᠭᠡ᠎ᠳᠤ ᠨᠡᠶ᠋ᠢᠭᠡᠮ᠎ᠤᠨ ᠲᠡᠩᠬᠡᠷᠡᠭᠦᠯᠦᠨ ᠲᠤᠰᠠᠯᠠᠬᠤ ᠵᠢ᠎ᠨᠢ ᠬᠢᠨᠠᠨ ᠬᠠᠷᠭᠤᠭᠤᠯᠵᠤ ᠨᠤᠲᠠᠯᠠᠬᠤ ᠡᠷᠬᠡ᠎ᠪᠠᠨ ᠳᠣᠷᠣᠭᠰᠢ ᠲᠠᠯᠪᠢᠬᠤ ᠠᠵᠢᠯ᠎ᠢ ᠡᠮᠬᠢ ᠵᠢᠷᠤᠮ᠎ᠲᠠᠢ ᠠᠬᠢᠭᠤᠯᠬᠤ᠎ᠪᠠᠷ ᠵᠢᠭ᠋ᠠᠨ ᠵᠢᠯᠣᠭᠣᠳᠬᠤ ᠬᠡᠷᠡᠭᠲᠡᠶ᠃ ᠡᠯ᠎ᠡ ᠬᠣᠰᠢᠭᠤ ᠰᠢᠶᠠᠨ (ᠬᠣᠲᠠ᠂ ᠲᠣᠭᠣᠷᠢᠭ)᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠨᠢ ᠬᠠᠷᠢᠶ᠎ᠠ ᠪᠦᠬᠦᠢ ᠰᠤᠮᠤ ᠰᠢᠶᠠᠩ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ)᠎ᠤ ᠲᠤᠬᠠᠶ᠋ᠢᠯᠠᠭᠰᠠᠨ ᠠᠵᠢᠯ᠎ᠢ ᠵᠢᠭ᠋ᠠᠨ ᠵᠢᠯᠣᠭᠣᠳᠬᠤ᠂ ᠪᠤᠯᠪᠠᠰᠤᠷᠠᠯ ᠭᠦᠷᠳᠡᠬᠡᠬᠦ ᠪᠠ ᠬᠢᠨᠠᠨ ᠬᠠᠮᠢᠶᠠᠷᠬᠤ᠎ᠪᠠᠨ ᠴᠢᠩᠭ᠋ᠠᠳᠬᠠᠵᠤ᠂ ᠬᠢᠨᠠᠨ ᠬᠠᠮᠢᠶᠠᠷᠬᠤ ᠠᠵᠢᠯ᠎ᠤᠨ ᠡᠭᠦᠷᠭᠡ ᠵᠢᠨ ᠨᠠᠷᠢᠨ ᠬᠠᠭᠤᠳᠠᠰᠤ ᠵᠢ ᠪᠠᠶ᠋ᠢᠭᠤᠯᠤᠨ᠂ ᠬᠢᠨᠠᠨ ᠬᠠᠮᠢᠶᠠᠷᠬᠤ ᠠᠵᠢᠯ᠎ᠤᠨ ᠵᠦᠢ᠍ᠯᠡᠰ᠂ ᠠᠷᠭ᠎ᠠ ᠬᠡᠮᠵᠢᠶ᠎ᠡ᠂ ᠳᠡᠰ ᠳᠠᠷᠠᠭ᠋ᠠᠯᠠᠯ᠎ᠢ ᠨᠠᠷᠢᠯᠢᠭᠵᠢᠭᠤᠯᠵᠤ᠂ ᠰᠤᠮᠤ ᠰᠢᠶᠠᠩ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ)᠎ᠤ ᠬᠢᠨᠠᠨ ᠬᠠᠷᠭᠤᠭᠤᠯᠵᠤ ᠨᠤᠲᠠᠯᠠᠭᠰᠠᠨ ᠵᠦᠢ᠍ᠯᠡᠰ᠎ᠢ 30%᠎ᠠᠴᠠ ᠳᠣᠣᠷ᠎ᠠ ᠪᠠᠶ᠋ᠢᠯᠭ᠋ᠠᠬᠤ ᠥᠬᠡᠶ ᠬᠠᠷᠢᠴᠠᠯ ᠵᠶ᠋ᠠᠷ ᠰᠤᠭᠤᠴᠢᠨ ᠪᠠᠶ᠋ᠢᠴᠠᠭ᠋ᠠᠵᠤ᠂ ᠬᠢᠨᠠᠨ ᠬᠠᠮᠢᠶᠠᠷᠬᠤ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠨ ᠪᠣᠳᠠᠲᠠᠶ᠋ᠢᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃
ᠳᠠᠭ᠋ᠠᠯᠳᠤᠭᠤᠯᠤᠯ᠄
1. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2021 ᠣᠨ᠎ᠤ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠪᠠᠷᠢᠮᠵᠢᠶ᠎ᠠ ᠵᠢᠨ ᠬᠠᠮ ᠬᠦᠰᠦᠨᠦᠭᠲᠦ
2. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2021 ᠣᠨ᠎ᠤ ᠣᠨᠴᠠ ᠬᠦᠴᠢᠷᠳᠡᠯᠲᠡᠢ ᠬᠥᠮᠥᠰ᠎ᠤᠨ ᠦᠨᠳᠦᠰᠦᠨ ᠠᠮᠢᠳᠤᠷᠠᠯ᠎ᠤᠨ ᠪᠠᠷᠢᠮᠵᠢᠶ᠎ᠠ ᠵᠢᠨ ᠬᠠᠮ ᠬᠦᠰᠦᠨᠦᠭᠲᠦ
3. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2021 ᠣᠨ᠎ᠤ ᠣᠨᠴᠠ ᠬᠦᠴᠢᠷᠳᠡᠯᠲᠡᠢ ᠬᠥᠮᠥᠰ᠎ᠢ ᠠᠰᠠᠷᠠᠵᠤ ᠰᠤᠪᠢᠯᠠᠬᠤ ᠪᠠᠷᠢᠮᠵᠢᠶ᠎ᠠ ᠵᠢᠨ ᠬᠠᠮ ᠬᠦᠰᠦᠨᠦᠭᠲᠦ
2021 ᠣᠨ᠎ᠤ 4 ᠳ᠋ᠦ᠍ᠭᠡᠷ ᠰᠠᠷ᠎ᠠ ᠵᠢᠨ 15᠎ᠤ ᠡᠳᠦᠷ
(ᠲᠤᠰ ᠪᠢᠴᠢᠭ ᠮᠠᠲ᠋ᠧᠷᠢᠶᠠᠯ᠎ᠢ ᠢᠯᠡ ᠨᠡᠢ᠌ᠲᠡᠯᠡᠨ᠎ᠡ)
ᠬᠠᠭᠤᠯᠤᠨ ᠢᠯᠡᠭᠡᠬᠦ᠎ᠨᠢ᠄
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠡᠯ᠎ᠡ ᠰᠠᠯᠠᠭ᠎ᠠ ᠮᠦᠴᠢᠷ᠂
ᠥᠪᠥᠷ ᠮᠣᠩᠭᠤᠯ᠎ᠤᠨ ᠴᠡᠷᠢᠭ᠎ᠤᠨ ᠲᠣᠭᠣᠷᠢᠭ᠂ ᠵᠡᠪᠰᠡᠭᠲᠦ ᠴᠠᠭᠳᠠᠭ᠎ᠠ ᠵᠢᠨ ᠥᠪᠥᠷ ᠮᠣᠩᠭᠣᠯ᠎ᠤᠨ ᠶᠡᠷᠦᠩᠬᠡᠢ ᠠᠩᠭᠢ᠂
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢ᠌ᠩᠭᠤ ᠬᠣᠷᠢᠶᠠᠨ᠎ᠤ ᠠᠯᠪᠠᠨ ᠲᠢᠩᠬᠢᠮ᠂
ᠤᠯᠤᠰ ᠲᠥᠷᠥ ᠵᠢᠨ ᠵᠦᠪᠯᠡᠯᠭᠡᠨ᠎ᠤ ᠠᠯᠪᠠᠨ ᠲᠢᠩᠬᠢᠮ᠂
ᠥᠪᠡᠷᠲᠡᠭᠡᠨ ᠵᠠᠰᠠᠬᠤ ᠣᠷᠣᠨ᠎ᠤ ᠬᠢᠨᠠᠨ ᠪᠠᠢ᠌ᠴᠠᠭ᠋ᠠᠬᠤ ᠵᠦᠪᠯᠡᠯ᠂
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠦᠨᠳᠦᠷ ᠵᠡᠷᠭᠡ ᠵᠢᠨ ᠰᠢᠭᠦᠬᠦ ᠬᠣᠷᠢᠶ᠎ᠠ᠂ ᠪᠠᠢ᠌ᠴᠠᠭ᠋ᠠᠬᠤ ᠬᠣᠷᠢᠶ᠎ᠠ᠂
ᠡᠯ᠎ᠡ ᠠᠷᠠᠳ᠎ᠤᠨ ᠪᠦᠯᠬᠦᠮ᠂ ᠰᠣᠨᠢᠨ ᠮᠡᠳᠡᠭᠡᠨ᠎ᠤ ᠨᠢᠭᠡᠴᠢ᠃