ᠡᠯ᠎ᠡ ᠠᠶ᠋ᠢᠮᠠᠭ ᠬᠤᠲᠠ ᠵᠢᠴᠢ ᠮᠠᠨᠵᠤᠤᠷ ᠬᠤᠲᠠ᠂ ᠡᠷᠢᠶᠡᠨ ᠬᠤᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶᠠᠨ᠎ᠳᠤ᠄
ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶᠠᠨ᠎ᠤ ᠢᠲᠡᠭᠡᠮᠵᠢ ᠵᠢ ᠳᠡᠭᠡᠭᠰᠢᠯᠡᠭᠦᠯᠬᠦ ᠠᠵᠢᠯᠯᠠᠭ᠎ᠠ ᠥᠷᠨᠢᠭᠦᠯᠬᠦ ᠲᠤᠬᠠᠶ ᠪᠠᠶ᠋ᠢᠷᠢᠯᠠᠭᠤᠯᠤᠯᠲᠠ ᠲᠣᠬᠢᠷᠠᠭᠤᠯᠤᠯᠲᠠ ᠵᠢᠨ ᠶᠣᠰᠣᠭ᠋ᠠᠷ᠂ ᠵᠠᠬ᠎ᠠ ᠳᠡᠯᠭᠡᠭᠦᠷ᠎ᠤᠨ ᠭᠤᠤᠯ ᠴᠣᠭᠴᠠ ᠵᠢ ᠵᠢᠯᠣᠭᠤᠳᠤᠨ ᠬᠠᠤᠯᠢ ᠴᠠᠭ᠋ᠠᠵᠠ ᠵᠢᠨ ᠲᠦᠭᠰᠢᠭᠦᠷᠢ ᠵᠢ ᠰᠡᠷᠭᠡᠶ᠋ᠢᠯᠡᠨ ᠠᠷᠢᠯᠭ᠋ᠠᠵᠤ᠂ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠡᠭᠦᠰᠬᠦ ᠵᠢ ᠤᠷᠢᠳᠴᠢᠯᠠᠨ ᠰᠡᠷᠭᠡᠶ᠋ᠢᠯᠡᠬᠦ ᠪᠠ ᠵᠠᠶ᠋ᠢᠯᠠᠰᠬᠢᠵᠦ᠂ ᠵᠠᠬ᠎ᠠ ᠳᠡᠯᠭᠡᠭᠦᠷ᠎ᠤᠨ ᠭᠤᠤᠯ ᠴᠣᠭᠴᠠ ᠵᠢᠨ ᠰᠠᠨᠠᠭ᠋ᠠᠴᠢᠯᠠᠭ᠎ᠠ᠎ᠠᠴᠠ᠎ᠪᠠᠨ ᠲᠣᠭᠲᠠᠭ᠋ᠠᠯ᠎ᠳᠤ ᠨᠡᠶ᠋ᠢᠴᠡᠬᠦ ᠴᠢᠳᠠᠪᠤᠷᠢ ᠵᠢ ᠳᠡᠭᠡᠭᠰᠢᠯᠡᠭᠦᠯᠬᠦ ᠵᠢᠨ ᠲᠥᠯᠥᠭᠡ᠂ ᠮᠠᠨ᠎ᠤ ᠲᠣᠪᠴᠢᠶ᠎ᠠ ᠵᠠᠬ᠎ᠠ ᠳᠡᠯᠭᠡᠭᠦᠷ᠎ᠤᠨ ᠭᠤᠤᠯ ᠴᠣᠭᠴᠠ ᠵᠢᠨ ᠢᠲᠡᠭᠡᠮᠵᠢ ᠵᠢᠨ ᠲᠣᠭᠲᠠᠭ᠋ᠠᠯ᠎ᠳᠤ ᠨᠡᠶ᠋ᠢᠴᠡᠬᠦ ᠲᠦᠭᠰᠢᠭᠦᠷᠢ ᠵᠢᠨ ᠴᠡᠭ᠎ᠢ ᠡᠮᠬᠢᠯᠡᠵᠦ᠂ 《ᠠᠵᠤ ᠠᠬᠤᠶ᠋ᠢᠯᠠᠯ᠎ᠤᠨ ᠣᠨ᠎ᠤ ᠮᠡᠳᠡᠭᠦᠯᠦᠯᠲᠡ ᠵᠢᠨ ᠮᠡᠳᠡᠭᠡ ᠵᠠᠩᠭᠢ ᠵᠢ ᠵᠠᠷᠯᠠᠨ ᠨᠡᠶ᠋ᠢᠲᠡᠯᠡᠬᠦ ᠲᠣᠭᠲᠠᠭ᠋ᠠᠯ᠎ᠳᠤ ᠨᠡᠶ᠋ᠢᠴᠡᠬᠦ ᠵᠢᠯᠣᠭᠤᠳᠣᠯᠭ᠎ᠠ (2023 ᠣᠨ᠎ᠤ ᠬᠡᠪᠯᠡᠯ)》 ᠵᠢᠴᠢ 《ᠠᠵᠤ ᠠᠬᠤᠶ᠋ᠢᠯᠠᠯ᠎ᠤᠨ ᠣᠨ᠎ᠤ ᠮᠡᠳᠡᠭᠦᠯᠦᠯᠲᠡ ᠵᠢᠨ ᠮᠡᠳᠡᠭᠡ ᠵᠠᠩᠭᠢ ᠵᠢ ᠢᠯᠡ ᠨᠡᠶ᠋ᠢᠲᠡᠯᠡᠬᠦ ᠲᠣᠭᠲᠠᠭ᠋ᠠᠯ᠎ᠳᠤ ᠨᠡᠶ᠋ᠢᠴᠡᠬᠦ ᠨᠠᠷᠢᠨ ᠲᠠᠩᠰᠠ》 (2023 ᠣᠨ᠎ᠤ ᠬᠡᠪᠯᠡᠯ) ᠵᠢ ᠲᠣᠭᠲᠠᠭ᠋ᠠᠵᠤ᠂ ᠡᠳᠦᠭᠡ ᠲᠠᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠡᠯ᠎ᠡ ᠠᠶ᠋ᠢᠮᠠᠭ ᠬᠤᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠵᠠᠬ᠎ᠠ ᠳᠡᠯᠭᠡᠭᠦᠷ᠎ᠤᠨ ᠭᠤᠤᠯ ᠴᠣᠭᠴᠠ ᠵᠢᠨ ᠣᠨ᠎ᠤ ᠮᠡᠳᠡᠭᠦᠯᠦᠯᠲᠡ ᠵᠢ ᠢᠯᠡ ᠨᠡᠶ᠋ᠢᠲᠡᠯᠡᠬᠦ ᠮᠡᠳᠡᠭᠡ ᠵᠠᠩᠭᠢ ᠵᠢᠨ ᠲᠣᠭᠲᠠᠭ᠋ᠠᠯ᠎ᠳᠤ ᠨᠡᠶ᠋ᠢᠴᠡᠬᠦ ᠵᠢᠯᠣᠭᠤᠳᠣᠯᠭ᠎ᠠ ᠵᠢ ᠰᠠᠶ᠋ᠢᠲᠤᠷ ᠬᠢᠭᠡᠷᠡᠢ᠃
ᠳᠠᠭ᠋ᠠᠯᠳᠤᠭᠤᠯᠤᠯ᠄
ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠤᠪᠴᠢᠶ᠎ᠠ
2023 ᠣᠨ᠎ᠤ 5 ᠳ᠋ᠤᠭ᠋ᠠᠷ ᠰᠠᠷ᠎ᠠ ᠵᠢᠨ 22᠎ᠤᠨ ᠡᠳᠦᠷ
ᠳᠠᠭ᠋ᠠᠯᠳᠤᠭᠤᠯᠤᠯ ᠪᠠᠭᠤᠯᠭ᠋ᠠᠬᠤ᠄
ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶᠠᠨ᠎ᠤ 《ᠠᠵᠤ ᠠᠬᠤᠶ᠋ᠢᠯᠠᠯ᠎ᠤᠨ ᠣᠨ᠎ᠤ ᠮᠡᠳᠡᠭᠦᠯᠦᠯᠲᠡ ᠵᠢᠨ ᠮᠡᠳᠡᠭᠡ ᠵᠠᠩᠭᠢ ᠵᠢ ᠢᠯᠡ ᠨᠡᠶ᠋ᠢᠲᠡᠯᠡᠬᠦ ᠲᠣᠭᠲᠠᠭ᠋ᠠᠯ᠎ᠳᠤ ᠨᠡᠶ᠋ᠢᠴᠡᠬᠦ ᠵᠢᠯᠣᠭᠤᠳᠤᠮᠵᠢ (2023 ᠣᠨ᠎ᠤ ᠬᠡᠪᠯᠡᠯ) ᠵᠢᠴᠢ 《ᠠᠵᠤ ᠠᠬᠤᠶ᠋ᠢᠯᠠᠯ᠎ᠤᠨ ᠣᠨ᠎ᠤ ᠮᠡᠳᠡᠭᠦᠯᠦᠯᠲᠡ ᠵᠢᠨ ᠮᠡᠳᠡᠭᠡ ᠵᠠᠩᠭᠢ ᠵᠢ ᠢᠯᠡ ᠨᠡᠶ᠋ᠢᠲᠡᠯᠡᠬᠦ ᠲᠣᠭᠲᠠᠭ᠋ᠠᠯ᠎ᠳᠤ ᠨᠡᠶ᠋ᠢᠴᠡᠬᠦ ᠨᠠᠷᠢᠨ ᠲᠠᠩᠰᠠ》 (2023 ᠣᠨ᠎ᠤ ᠬᠡᠪᠯᠡᠯ) ᠵᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
ᠠᠵᠤ ᠠᠬᠤᠶ᠋ᠢᠯᠠᠯ᠎ᠤᠨ ᠵᠢᠯ᠎ᠤᠨ ᠮᠡᠳᠡᠭᠦᠯᠦᠯᠲᠡ ᠵᠢᠨ ᠮᠡᠳᠡᠭᠡ ᠵᠠᠩᠭᠢ ᠵᠢ ᠵᠠᠷᠯᠠᠨ ᠨᠡᠶ᠋ᠢᠲᠡᠯᠡᠬᠦ᠎ᠳᠤ ᠲᠣᠭᠲᠠᠭ᠋ᠠᠯ᠎ᠳᠤ ᠨᠡᠶ᠋ᠢᠴᠡᠭᠰᠡᠨ ᠨᠠᠷᠢᠨ ᠬᠠᠭᠤᠳᠠᠰᠤ (2023 ᠣᠨ᠎ᠤ ᠬᠡᠪᠯᠡᠯ)