ᠥᠪᠥᠷ ᠬᠣᠲᠠ ᠬᠢᠨᠠᠯᠲᠠ ᠬᠠᠤᠯᠢ ᠲᠣᠭᠲᠠᠭ᠋ᠠᠯ ᠥᠰᠥᠭ [2023] 2 ᠳ᠋ᠤᠭ᠋ᠠᠷ ᠲᠣᠭ᠋ᠠᠲᠤ
ᠡᠯ᠎ᠡ ᠠᠢ᠌ᠮᠠᠭ ᠬᠣᠲᠠ ᠵᠢᠴᠢ ᠮᠠᠨᠵᠤᠤᠷ᠂ ᠡᠷᠢᠶᠡᠨ ᠬᠣᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠬᠠᠮᠢᠶ᠎ᠠ ᠪᠦᠬᠦᠢ ᠭᠠᠵᠠᠷ᠂ ᠠᠯᠪᠠᠨ ᠭᠡᠷ᠂ ᠲᠣᠪᠴᠢᠶ᠎ᠠ᠂ ᠰᠢᠭᠤᠳ ᠬᠠᠷᠢᠶ᠎ᠠ ᠠᠵᠢᠯ ᠦᠢ᠍ᠯᠡᠰ᠎ᠤᠨ ᠨᠢᠭᠡᠴᠢ᠎ᠳᠤ᠄
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠰᠢᠳᠬᠡᠯ ᠲᠣᠷᠭ᠋ᠠᠭᠤᠯᠢ ᠵᠢᠨ ᠲᠠᠰᠤᠯᠤᠯᠲᠠ ᠵᠢᠨ ᠡᠷᠬᠡ ᠵᠢ ᠭᠡᠷᠡᠭᠵᠢᠬᠦᠯᠬᠦ ᠳᠦᠷᠢᠮ》᠎ᠢ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ 2023 ᠣᠨ᠎ᠤ 2 ᠳ᠋ᠤᠭ᠋ᠠᠷ ᠤᠳᠠᠭ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ᠎ᠠᠴᠠ ᠨᠢᠭᠡᠨᠲᠡ ᠬᠢᠨᠠᠨ ᠵᠥᠪᠯᠡᠵᠦ ᠪᠠᠲᠤᠯᠠᠭ᠋ᠠᠳ᠂ ᠡᠳᠦᠭᠡ ᠳᠠᠷᠤᠮᠠᠯᠯᠠᠨ ᠳᠠᠷᠬᠠᠭ᠋ᠠᠵᠦ ᠪᠠᠢ᠌ᠨ᠎ᠠ᠃ ᠡᠯ᠎ᠡ ᠪᠠᠢ᠌ᠭᠤᠯᠤᠯᠭ᠎ᠠ ᠵᠢᠨ᠎ᠬᠢᠨ ᠵᠠᠰᠠᠭ ᠵᠠᠬᠢᠷᠭ᠋ᠠᠨ᠎ᠤ ᠰᠢᠢ᠍ᠳᠬᠡᠯ᠎ᠢ ᠬᠡᠷᠡᠭᠵᠢᠭᠦᠯᠬᠦ ᠦᠶ᠎ᠡ᠎ᠳᠤ᠂ ᠲᠤᠰ ᠳᠦᠷᠢᠮ᠎ᠢ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠤᠨ ᠳᠠᠭ᠋ᠠᠤ᠂ ᠬᠠᠤᠯᠢ᠎ᠠᠴᠠ ᠵᠥᠷᠢᠴᠡᠭᠰᠡᠨ ᠦᠢᠯᠡ ᠠᠵᠢᠯᠯᠠᠭ᠎ᠠ ᠵᠢᠨ ᠪᠣᠳᠠᠲᠤ ᠪᠠᠢ᠌ᠳᠠᠯ᠂ ᠰᠢᠨᠵᠢ ᠴᠢᠨᠠᠷ᠂ ᠦᠢᠯᠡ ᠶᠠᠪᠤᠳᠠᠯ᠂ ᠨᠡᠢ᠌ᠭᠡᠮ᠎ᠤᠨ ᠬᠣᠣᠷ ᠬᠥᠨᠥᠭᠡᠯ᠎ᠤᠨ ᠬᠡᠮᠵᠢᠶ᠎ᠡ ᠵᠢᠴᠢ ᠲᠤᠬᠠᠢ ᠵᠢᠨ ᠬᠥᠮᠥᠨ᠎ᠤ ᠪᠡᠶᠡᠴᠢ ᠲᠠᠯ᠎ᠠ ᠵᠢᠨ ᠣᠰᠣᠯ ᠪᠤᠷᠤᠭᠤ ᠵᠡᠷᠭᠡ ᠬᠦᠴᠦᠨ ᠵᠦᠢ᠍ᠯ᠎ᠢ ᠶᠡᠷᠦᠩᠬᠡᠢ᠌ᠯᠡᠨ ᠪᠣᠳᠣᠯᠬᠢᠯᠠᠵᠤ᠂ ᠬᠠᠤᠯᠢ ᠶᠣᠰᠣᠨ᠎ᠤ ᠵᠠᠷᠴᠢᠮ᠂ ᠳᠡᠩᠴᠡᠬᠦᠷᠢᠳᠡᠢ ᠲᠣᠷᠭ᠋ᠠᠬᠤ ᠵᠠᠷᠴᠢᠮ᠂ ᠡᠷᠬᠡ ᠲᠡᠭᠰᠢ ᠲᠥᠪ ᠭᠣᠥᠯᠴᠢ ᠪᠠᠢ᠌ᠬᠤ ᠵᠠᠷᠴᠢᠮ᠂ ᠲᠣᠷᠭ᠋ᠠᠬᠤ ᠪᠠ ᠳᠣᠩᠭᠣᠳᠬᠤ ᠵᠢ ᠬᠠᠷᠢᠯᠴᠠᠨ ᠤᠶᠠᠯᠳᠤᠭᠤᠯᠬᠤ ᠵᠠᠷᠴᠢᠮ ᠵᠢᠴᠢ ᠶᠡᠷᠦᠩᠬᠡᠢ᠌ᠯᠡᠭᠰᠡᠨ ᠲᠠᠰᠤᠯᠤᠯᠲᠠ ᠵᠢᠨ ᠵᠠᠷᠴᠢᠮ᠎ᠢ ᠦᠨᠳᠦᠰᠦᠯᠡᠨ᠂ ᠵᠠᠰᠠᠭ ᠵᠠᠬᠢᠷᠭ᠋ᠠᠨ᠎ᠤ ᠰᠢᠳᠬᠡᠯ ᠲᠣᠷᠭ᠋ᠠᠭᠤᠯᠢ ᠵᠢᠨ ᠲᠠᠰᠤᠯᠤᠯᠲᠠ ᠵᠢᠨ ᠡᠷᠬᠡ ᠵᠢ ᠵᠢᠷᠤᠮᠵᠢᠭᠤᠯᠤᠨ ᠭᠡᠷᠡᠭᠵᠢᠬᠦᠯᠬᠦ ᠭᠡᠷᠡᠭᠳᠡᠢ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠳᠣᠪᠴᠢᠶ᠎ᠠ
2023 ᠣᠨ᠎ᠤ 1 ᠳ᠋ᠣᠭᠡᠷ ᠰᠠᠷ᠎ᠠ ᠵᠢᠨ 19 ᠤ ᠡᠳᠦᠷ
(ᠲᠤᠰ ᠮᠠᠲ᠋ᠧᠷᠢᠶᠠᠯ᠎ᠢ ᠰᠠᠨᠠᠭ᠋ᠠᠴᠢᠯᠠᠭ᠎ᠠ᠎ᠠᠴᠠ ᠢᠯᠡ ᠨᠡᠢ᠌ᠳᠡᠯᠡᠨ᠎ᠡ)