ᠦᠬᠠᠢ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠵᠠᠮ ᠬᠠᠷᠢᠯᠴᠠᠭ᠋ᠠᠨ᠎ᠤ ᠴᠠᠭᠳᠠᠭ᠎ᠠ ᠵᠢᠨ ᠰᠠᠯᠪᠤᠷᠢ ᠠᠩᠭᠢ ᠵᠢᠨ ᠪᠠᠢ᠌ᠴᠠᠭ᠋ᠠᠯᠲᠠ᠎ᠪᠠᠷ ᠢᠯᠡᠷᠡᠬᠦᠯᠦᠭᠰᠡᠨ ᠵᠶ᠋ᠡᠷ᠂ ᠦᠬᠠᠢ ᠬᠣᠲᠠ ᠵᠢᠨ ᠬᠣᠩ ᠶᠤᠸᠠᠢ ᠪᠠᠢ᠌ᠴᠠᠭ᠋ᠠᠨ ᠰᠢᠯᠭ᠋ᠠᠬᠤ ᠮᠡᠷᠭᠡᠵᠢᠯ᠎ᠤᠨ ᠬᠢᠵᠠᠭ᠋ᠠᠷᠲᠤ ᠺᠣᠮᠫᠠᠨᠢᠤᠨᠬᠢᠨ ᠮᠠᠰᠢᠨ ᠲᠡᠷᠭᠡᠨ᠎ᠤ ᠠᠮᠤᠷ ᠲᠦᠪᠰᠢᠨ᠎ᠤ ᠮᠡᠷᠭᠡᠵᠢᠯ᠎ᠤᠨ ᠰᠢᠯᠭ᠋ᠠᠨ ᠪᠠᠢ᠌ᠴᠠᠭ᠋ᠠᠯᠲᠠ ᠬᠢᠬᠦ ᠳᠣᠮᠳᠠ᠂ ᠡᠮᠦᠨ᠎ᠡ ᠳᠠᠯ᠎ᠠ ᠵᠢᠨ ᠬᠡᠷᠡᠯᠲᠤ LED ᠳ᠋ᠧᠩ ᠨᠡᠮᠡᠵᠦ ᠤᠭᠰᠠᠷᠠᠬᠤ ᠠᠷᠭ᠎ᠠ ᠮᠠᠶᠢᠭ᠎ᠢ ᠠᠰᠢᠭᠯᠠᠨ ᠰᠢᠯᠭ᠋ᠠᠨ ᠪᠠᠢ᠌ᠴᠠᠭ᠋ᠠᠯᠭ᠋ᠠᠵᠦ ᠪᠠᠢ᠌ᠭ᠎ᠠ ᠲᠡᠷᠭᠡ ᠵᠢ ᠡᠮᠦᠨ᠎ᠡ ᠳᠠᠯ᠎ᠠ ᠵᠢᠨ ᠠᠯᠤᠰ᠎ᠤᠨ ᠬᠡᠷᠡᠯ ᠢ ᠰᠢᠯᠭ᠋ᠠᠨ ᠪᠠᠢ᠌ᠴᠠᠭ᠋ᠠᠯᠲᠠ᠎ᠳᠤ ᠥᠩᠭᠡᠷᠡᠭᠦᠯᠬᠦ ᠵᠢᠨ ᠬᠠᠮᠲᠤ ᠬᠢᠷᠢ ᠲᠡᠩᠴᠡᠭᠰᠡᠨ ᠬᠡᠬᠦ ᠮᠡᠳᠡᠭᠦᠯᠦᠯᠲᠡ ᠭᠠᠷᠭ᠋ᠠᠵᠤ᠂ ᠤᠯᠤᠰ᠎ᠤᠨ ᠠᠮᠤᠷ ᠲᠦᠪᠰᠢᠨ᠎ᠤ ᠮᠡᠷᠭᠡᠵᠢᠯ᠎ᠤᠨ ᠪᠠᠷᠢᠮᠵᠢᠶ᠎ᠠ ᠶᠣᠰᠣᠭ᠋ᠠᠷ ᠮᠠᠰᠢᠨ ᠲᠡᠷᠭᠡᠨ᠎ᠤ ᠠᠮᠤᠷ ᠲᠦᠪᠰᠢᠨ᠎ᠤ ᠮᠡᠷᠭᠡᠵᠢᠯ᠎ᠤᠨ ᠰᠢᠯᠭ᠋ᠠᠨ ᠪᠠᠢ᠌ᠴᠠᠭ᠋ᠠᠯᠲᠠ ᠬᠢᠭᠰᠡᠨ ᠦᠭᠡᠢ᠂ ᠬᠤᠳᠠᠯ ᠬᠠᠭᠤᠷᠮᠠᠭ ᠰᠢᠯᠭ᠋ᠠᠨ ᠪᠠᠢ᠌ᠴᠠᠭ᠋ᠠᠯᠲᠠ ᠵᠢᠨ ᠦᠷ᠎ᠡ ᠳ᠋ᠦᠩ ᠭᠠᠷᠭ᠋ᠠᠵᠦ ᠬᠠᠤᠯᠢ᠎ᠠᠴᠠ ᠵᠥᠷᠢᠴᠡᠭᠰᠡᠨ ᠦᠢᠯᠡ ᠠᠵᠢᠯᠯᠠᠭ᠎ᠠ ᠵᠢ ᠪᠦᠷᠢᠯᠳᠦᠭᠦᠯᠦᠭᠰᠡᠨ ᠪᠠᠢ᠌ᠨ᠎ᠠ᠃ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠤᠯᠢ》 ᠵᠢᠨ ᠶᠡᠷᠡᠨ ᠳᠥᠷᠪᠡᠳᠦᠭᠡᠷ ᠵᠦᠢ᠍ᠯ᠎ᠤᠨ ᠬᠣᠶᠠᠳᠤᠭ᠋ᠠᠷ ᠵᠤᠷᠪᠤᠰ᠂ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠬᠠᠤᠯᠢ ᠵᠢ ᠬᠡᠷᠡᠭᠵᠢᠭᠦᠯᠬᠦ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠭ᠎ᠠ》 ᠵᠢᠨ ᠳᠠᠯᠠᠨ ᠬᠣᠶᠠᠳᠤᠭ᠋ᠠᠷ ᠵᠦᠢ᠍ᠯ᠎ᠤᠨ ᠲᠣᠭᠲᠠᠭ᠋ᠠᠯ᠎ᠢ ᠦᠨᠳᠦᠰᠦᠯᠡᠨ᠂ ᠡᠳᠦᠭᠡ ᠦᠬᠠᠢ ᠬᠣᠲᠠ ᠵᠢᠨ ᠬᠣᠩ ᠶᠤᠸᠠᠢ ᠮᠠᠰᠢᠨᠲᠤ ᠲᠡᠷᠭᠡ ᠵᠢ ᠪᠠᠢ᠌ᠴᠠᠭ᠋ᠠᠨ ᠬᠡᠮᠵᠢᠬᠦ ᠮᠡᠷᠭᠡᠵᠢᠯ᠎ᠤᠨ ᠬᠢᠵᠠᠭ᠋ᠠᠷᠲᠤ ᠺᠣᠮᠫᠠᠨᠢ ᠵᠢᠨ ᠪᠠᠢ᠌ᠴᠠᠭ᠋ᠠᠨ ᠰᠢᠯᠭ᠋ᠠᠵᠤ ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ ᠵᠢᠨ ᠬᠢᠷᠢ ᠬᠡᠮ᠎ᠤᠨ ᠦᠨᠡᠮᠯᠡᠯ (ᠦᠨᠡᠮᠯᠡᠯ᠎ᠤᠨ ᠳ᠋ᠤᠭ᠋ᠠᠷ᠄ 200505020099 )᠎ᠢ ᠬᠦᠴᠦᠨ ᠦᠭᠡᠢ ᠪᠤᠯᠭ᠋ᠠᠬᠤ᠎ᠪᠠᠷ ᠳᠣᠬᠳᠠᠪᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠣᠯᠳᠠ ᠵᠢᠨ ᠳᠣᠪᠴᠢᠶ᠎ᠠ
2023 ᠣᠨ᠎ᠤ 1 ᠳ᠋ᠣᠭᠡᠷ ᠰᠠᠷ᠎ᠠ ᠵᠢᠨ 1 ᠤ ᠡᠳᠦᠷ