ᠡᠯ᠎ᠡ ᠠᠶ᠋ᠢᠮᠠᠭ ᠬᠤᠲᠠ ᠵᠢᠴᠢ ᠮᠠᠨᠵᠤᠤᠷ ᠬᠤᠲᠠ᠂ ᠡᠷᠢᠶᠡᠨ ᠬᠤᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠡᠯ᠎ᠡ ᠭᠠᠵᠠᠷ ᠲᠠᠰᠤᠭ ᠲᠣᠪᠴᠢᠶ᠎ᠠ᠂ ᠰᠢᠭᠤᠳ ᠬᠠᠷᠢᠶ᠎ᠠ ᠠᠵᠢᠯ ᠦᠢ᠍ᠯᠡᠰ᠎ᠤᠨ ᠨᠢᠭᠡᠴᠢ᠂ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠳᠤ᠄
ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠪᠥᠬᠦ ᠲᠠᠯ᠎ᠠ᠎ᠪᠠᠷ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠠ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠥᠬᠦ ᠲᠠᠯ᠎ᠠ᠎ᠪᠠᠷ ᠪᠠᠶ᠋ᠢᠭᠤᠯᠬᠤ ᠬᠤᠶᠠᠷ ᠶᠡᠭᠡ ᠶᠠᠪᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠦᠷᠢᠶᠡᠨ᠎ᠳᠠᠬᠢ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠭᠦᠨᠵᠡᠭᠡᠶ᠋ᠢᠷᠡᠭᠦᠯᠦᠨ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠡᠵᠡᠩᠨᠡᠯᠲᠡ ᠵᠢᠨ ᠭᠤᠤᠯ ᠴᠣᠭᠴᠠ ᠵᠢᠨ ᠠᠮᠢᠵᠢᠷᠠᠯ᠎ᠤᠨ ᠬᠦᠴᠦᠨ᠎ᠢ ᠬᠥᠭᠵᠢᠭᠡᠨ᠂ ᠵᠠᠬ᠎ᠠ ᠳᠡᠯᠭᠡᠭᠦᠷ᠎ᠤᠨ ᠢᠲᠡᠭᠡᠯ ᠵᠣᠷᠢᠭ᠎ᠢ ᠬᠥᠪᠴᠢᠯᠡᠵᠦ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠶ᠋ᠢᠲᠠᠶ ᠬᠥᠭᠵᠢᠯᠲᠡ᠎ᠳᠤ ᠬᠦᠴᠦᠨ ᠨᠡᠮᠡᠷᠢᠯᠡᠬᠦ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠠᠴᠠ ᠪᠥᠬᠦ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠢᠰᠲ᠋ᠧᠮ᠎ᠳᠤ 《ᠪᠡᠶ᠎ᠡ ᠵᠢᠨ ᠪᠠᠶ᠋ᠢᠴᠠᠭ᠋ᠠᠯᠲᠠ ᠵᠢᠨ ᠮᠠᠶᠢᠭ᠎ᠤᠨ ᠬᠢᠨᠠᠯᠲᠠ ᠬᠠᠮᠢᠶᠠᠷᠤᠯᠲᠠ ᠦᠢ᠍ᠯᠡᠴᠢᠯᠡᠭᠡᠨ ᠤ ᠬᠡᠯᠪᠡᠷᠢ ᠵᠢᠨ ᠬᠠᠤᠯᠢ ᠬᠡᠷᠡᠭᠵᠢᠭᠦᠯᠦᠯᠲᠡ》 ᠵᠢᠨ ᠵᠠᠭᠪᠤᠷ᠎ᠢ ᠳᠡᠯᠭᠡᠷᠡᠭᠦᠯᠬᠦ᠎ᠪᠠᠷ ᠲᠣᠭᠲᠠᠪᠠ᠂ ᠡᠳᠦᠭᠡ ᠳᠣᠤᠷᠠᠬᠢ ᠮᠡᠲᠦ ᠬᠡᠷᠡᠭᠵᠢᠭᠦᠯᠬᠦ ᠰᠠᠨᠠᠯ᠎ᠢ ᠳᠤᠷᠠᠳᠪᠠ᠃
ᠨᠢᠭᠡ᠂ ᠭᠣᠤᠯ ᠡᠭᠦᠷᠭᠡ
ᠠᠷᠠᠳ᠎ᠤᠨ ᠲᠥᠯᠥᠭᠡ ᠬᠠᠤᠯᠢ ᠬᠡᠷᠡᠭᠵᠢᠭᠦᠯᠬᠦ ᠵᠢ ᠪᠠᠷᠢᠮᠲᠠᠯᠠᠨ᠂ ᠬᠠᠤᠯᠢ ᠶᠣᠰᠣᠭ᠋ᠠᠷ ᠵᠠᠰᠠᠭ ᠶᠠᠪᠤᠭᠤᠯᠬᠤ ᠵᠢ ᠪᠠᠷᠢᠮᠲᠠᠯᠠᠵᠤ᠂ ᠬᠥᠭᠵᠢᠯᠲᠡ᠎ᠳᠤ ᠦᠢ᠍ᠯᠡᠴᠢᠯᠡᠬᠦ ᠵᠢ ᠪᠠᠷᠢᠮᠲᠠᠯᠠᠬᠤ ᠬᠡᠷᠡᠭᠲᠡᠶ᠃ ᠬᠠᠤᠯᠢ ᠬᠡᠷᠡᠭᠵᠢᠭᠦᠯᠬᠦ ᠣᠨᠣᠯᠵᠢᠬᠤᠨ᠎ᠢ ᠬᠤᠪᠢᠷᠠᠭᠤᠯᠵᠤ᠂ 《ᠰᠡᠷᠭᠡᠶ᠋ᠢᠯᠡᠬᠦ᠎ᠪᠠᠷ ᠭᠣᠤᠯ ᠪᠣᠯᠭ᠋ᠠᠬᠤ᠂ ᠬᠥᠩᠭᠡᠪᠲᠦᠷ ᠵᠥᠷᠢᠴᠡᠭᠰᠡᠨ᠎ᠢ᠎ᠨᠢ ᠲᠣᠷᠭ᠋ᠠᠬᠤ᠎ᠠᠴᠠ ᠬᠡᠯᠲᠦᠷᠢᠭᠦᠯᠬᠦ᠂ ᠬᠦᠨᠳᠦ ᠵᠥᠷᠢᠴᠡᠭᠰᠡᠨ᠎ᠢ᠎ᠨᠢ ᠴᠢᠩᠭ᠎ᠠ ᠰᠢᠢ᠍ᠳᠬᠡᠬᠦ᠂ ᠠᠯᠳᠠᠭ᠎ᠠ ᠰᠢᠢ᠍ᠳᠬᠡᠯ᠎ᠨᠢ ᠲᠣᠬᠢᠷᠠᠭᠰᠠᠨ᠂ ᠬᠡᠷᠡᠭ᠎ᠤᠨ ᠳᠠᠷᠠᠭ᠎ᠠ ᠬᠠᠷᠢᠭᠤ ᠰᠤᠷᠪᠤᠯᠵᠢᠯᠠᠬᠤ》 ᠬᠠᠤᠯᠢ ᠬᠡᠷᠡᠭᠵᠢᠭᠦᠯᠬᠦ ᠵᠠᠭᠪᠤᠷ᠎ᠢ ᠰᠦᠪᠡᠭᠴᠢᠯᠡᠨ ᠪᠠᠶ᠋ᠢᠭᠤᠯᠵᠤ᠂ ᠬᠢᠨᠠᠯᠲᠠ ᠬᠠᠮᠢᠶᠠᠷᠤᠯᠲᠠ᠎ᠨᠢ 《ᠰᠢᠨᠵᠢᠯᠡᠬᠦ ᠤᠬᠠᠭ᠋ᠠᠨᠴᠢ᠂ ᠣᠨᠣᠪᠴᠢᠲᠠᠶ᠂ ᠪᠦᠲᠦᠮᠵᠢᠲᠡᠶ》᠂ ᠬᠠᠤᠯᠢ ᠬᠡᠷᠡᠭᠵᠢᠭᠦᠯᠬᠦ᠎ᠨᠢ 《ᠴᠢᠩᠭ᠎ᠠ᠂ ᠵᠢᠷᠤᠮᠵᠢᠯ᠎ᠲᠠᠢ᠂ ᠲᠥᠪ ᠭᠣᠤᠯᠴᠢ᠂ ᠪᠣᠯᠪᠠᠰᠤᠨ》᠂ ᠦᠢ᠍ᠯᠡᠴᠢᠯᠡᠭᠡᠨ᠎ᠢ 《ᠰᠡᠳᠬᠢᠯ ᠲᠠᠯᠪᠢᠵᠤ᠂ ᠬᠠᠶ᠋ᠢᠷ᠎ᠠ ᠰᠡᠳᠬᠢᠯᠭᠡ᠎ᠲᠠᠢ᠂ ᠬᠦᠴᠦ ᠲᠠᠯᠪᠢᠬᠤ》 ᠵᠢ ᠪᠡᠶᠡᠯᠡᠭᠦᠯᠦᠨ᠎ᠡ᠃ 《ᠪᠡᠶ᠎ᠡ ᠵᠢᠨ ᠪᠠᠶ᠋ᠢᠴᠠᠭ᠋ᠠᠯᠲᠠ ᠵᠢᠨ ᠮᠠᠶᠢᠭ᠎ᠤᠨ ᠬᠢᠨᠠᠯᠲᠠ ᠬᠠᠮᠢᠶᠠᠷᠤᠯᠲᠠ ᠦᠢ᠍ᠯᠡᠴᠢᠯᠡᠭᠡᠨ᠎ᠤ ᠬᠡᠯᠪᠡᠷᠢ ᠵᠢᠨ ᠬᠠᠤᠯᠢ ᠬᠡᠷᠡᠭᠵᠢᠭᠦᠯᠦᠯᠲᠡ》 ᠵᠢ ᠳᠡᠯᠭᠡᠷᠡᠭᠦᠯᠬᠦ᠎ᠪᠠᠷ ᠳᠠᠮᠵᠢᠭᠤᠯᠤᠨ᠂ ᠬᠢᠨᠠᠯᠲᠠ ᠬᠠᠮᠢᠶᠠᠷᠤᠯᠲᠠ ᠵᠢ ᠨᠠᠷᠢᠯᠢᠭᠵᠢᠭᠰᠠᠨ᠂ ᠬᠠᠤᠯᠢ ᠬᠡᠷᠡᠭᠵᠢᠭᠦᠯᠦᠯᠲᠡ ᠵᠢ ᠣᠨᠣᠪᠴᠢᠲᠠᠶ᠂ ᠦᠢ᠍ᠯᠡᠴᠢᠯᠡᠭᠡ ᠵᠢ ᠳᠤᠯᠠᠭ᠋ᠠᠴᠠ᠎ᠲᠠᠢ ᠪᠣᠯᠭ᠋ᠠᠵᠤ᠂ ᠵᠢᠷᠤᠮᠵᠢᠭᠰᠠᠨ ᠲᠥᠪ ᠭᠤᠤᠯᠴᠢ ᠬᠠᠤᠯᠢ᠎ᠪᠠᠷ ᠵᠠᠰᠠᠬᠤ ᠣᠷᠴᠢᠨ ᠨᠥᠬᠦᠴᠡᠯ᠂ ᠡᠷᠬᠡ ᠲᠡᠭᠰᠢ ᠡᠮᠬᠢ ᠵᠢᠷᠤᠮ᠎ᠲᠠᠢ ᠥᠷᠢᠰᠥᠯᠳᠦᠭᠡᠨ᠎ᠤ ᠣᠷᠴᠢᠨ ᠨᠥᠬᠦᠴᠡᠯ᠂ ᠳᠥᠭᠦᠮ ᠳᠥᠲᠡ ᠥᠨᠳᠥᠷ ᠪᠦᠲᠦᠮᠵᠢᠲᠡᠶ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ᠂ ᠠᠮᠤᠷ ᠲᠦᠪᠰᠢᠨ ᠰᠠᠨᠠᠭ᠎ᠠ ᠠᠮᠤᠷ ᠬᠡᠷᠡᠭᠯᠡᠭᠡᠨ᠎ᠤ ᠣᠷᠴᠢᠨ ᠨᠥᠬᠦᠴᠡᠯ᠎ᠢ ᠪᠣᠶ ᠪᠣᠯᠭ᠋ᠠᠨ᠎ᠠ᠃
(ᠨᠢᠭᠡ) ᠬᠠᠤᠯᠢ᠎ᠪᠠᠷ ᠵᠠᠰᠠᠬᠤ ᠣᠷᠴᠢᠨ ᠨᠥᠬᠦᠴᠡᠯ᠎ᠢ ᠨᠡᠩ ᠲᠡᠭᠦᠯᠳᠡᠷᠵᠢᠭᠦᠯᠦᠨ᠎ᠡ᠃ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠠᠤᠯᠢ᠎ᠪᠠᠷ ᠵᠠᠰᠠᠬᠤ ᠰᠢᠰᠲ᠋ᠧᠮᠵᠢ ᠵᠢ ᠲᠠᠰᠤᠷᠠᠯᠲᠠ ᠥᠬᠡᠶ ᠪᠦᠷᠢᠨᠰᠢᠬᠦᠯᠵᠦ᠂ ᠦᠢ᠍ᠯᠡᠴᠢᠯᠡᠭᠡᠨ᠎ᠤ ᠬᠡᠯᠪᠡᠷᠢ ᠵᠢᠨ ᠬᠠᠤᠯᠢ ᠬᠡᠷᠡᠭᠵᠢᠭᠦᠯᠬᠦ ᠣᠨᠣᠯᠵᠢᠬᠤᠨ᠎ᠢ ᠨᠠᠩ ᠭᠦᠨᠵᠡᠭᠡᠶ᠋ᠢᠷᠡᠭᠦᠯᠵᠦ᠂ ᠵᠠᠰᠠᠭ ᠵᠠᠬᠢᠷᠭ᠋ᠠᠨ᠎ᠤ ᠵᠢᠯᠣᠭᠤᠳᠣᠯᠭ᠎ᠠ᠂ ᠪᠠᠭᠲᠠᠭ᠋ᠠᠮᠵᠢᠲᠠᠶ ᠬᠢᠨᠠᠯᠲᠠ ᠬᠠᠮᠢᠶᠠᠷᠤᠯᠲᠠ᠂ ᠤᠶᠠᠨ ᠬᠠᠳᠠᠨ ᠴᠢᠨᠠᠷᠲᠠᠶ ᠬᠠᠤᠯᠢ ᠬᠡᠷᠡᠭᠵᠢᠭᠦᠯᠬᠦ ᠠᠷᠭ᠎ᠠ ᠬᠡᠮᠵᠢᠶ᠎ᠡ ᠵᠢ ᠲᠠᠰᠤᠷᠠᠯᠲᠠ ᠥᠬᠡᠶ ᠪᠠᠶᠠᠯᠢᠭᠵᠢᠭᠤᠯᠤᠨ᠂ ᠦᠢ᠍ᠯᠡᠴᠢᠯᠡᠭᠡᠨ᠎ᠤ ᠴᠢᠳᠠᠪᠤᠷᠢ ᠵᠢ ᠢᠯᠡᠳᠲᠡ ᠴᠢᠩᠭ᠋ᠠᠷᠠᠭᠤᠯᠵᠤ᠂ ᠬᠠᠤᠯᠢ ᠬᠡᠷᠡᠭᠵᠢᠭᠦᠯᠬᠦ ᠳᠤᠯᠠᠭ᠋ᠠᠴᠠ ᠵᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠠᠭᠤᠴᠢᠯᠠᠨ ᠰᠢᠢ᠍ᠳᠬᠡᠬᠦ ᠪᠠ ᠴᠢᠩᠭ᠎ᠠ ᠰᠢᠢ᠍ᠳᠬᠡᠬᠦ ᠵᠢ ᠬᠤᠣᠰᠯᠠᠭᠤᠯᠵᠤ᠂ ᠪᠠᠭᠲᠠᠭ᠋ᠠᠮᠵᠢᠲᠠᠶ ᠪᠥᠭᠡᠳ ᠪᠣᠯᠭᠤᠮᠵᠢᠲᠠᠶ᠂ ᠵᠢᠷᠤᠮᠵᠢᠯ᠎ᠲᠠᠢ ᠪᠥᠭᠡᠳ ᠲᠥᠪ ᠭᠤᠤᠯᠴᠢ ᠬᠠᠤᠯᠢ᠎ᠪᠠᠷ ᠵᠠᠰᠠᠬᠤ ᠣᠷᠴᠢᠨ ᠨᠥᠬᠦᠴᠡᠯ᠎ᠢ ᠦᠨᠳᠦᠰᠦᠨ᠎ᠳᠡᠭᠡᠨ ᠪᠦᠷᠢᠯᠳᠦᠭᠦᠯᠦᠨ᠎ᠡ᠃
(ᠬᠤᠶᠠᠷ) ᠥᠷᠢᠰᠥᠯᠳᠦᠭᠡᠨ᠎ᠤ ᠣᠷᠴᠢᠨ ᠨᠥᠬᠥᠴᠡᠯ᠎ᠢ ᠨᠠᠩ ᠲᠥᠪ ᠭᠤᠤᠯᠴᠢ ᠪᠣᠯᠭ᠋ᠠᠨ᠎ᠠ᠃ ᠡᠷᠬᠡ ᠲᠡᠭᠰᠢ᠎ᠪᠠᠷ ᠦᠷᠢᠰᠦᠯᠳᠦᠬᠦ ᠳᠦᠷᠢᠮ ᠪᠠ ᠠᠷᠭ᠎ᠠ ᠬᠡᠮᠵᠢᠶ᠎ᠡ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠦᠢ᠍ᠯᠡᠳᠦᠯ ᠴᠢᠳᠠᠪᠤᠷᠢ ᠵᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠥᠷᠢᠰᠦᠯᠳᠦᠭᠡᠨ᠎ᠤ ᠳᠦᠷᠢᠮ᠎ᠤᠨ ᠴᠢᠳᠠᠪᠤᠷᠢ ᠵᠢ ᠲᠠᠰᠤᠷᠠᠯᠲᠠ ᠦᠭᠡᠢ ᠴᠢᠩᠭ᠋ᠠᠷᠠᠭᠤᠯᠵᠤ᠂ ᠡᠵᠡᠩᠨᠡᠯᠲᠡ ᠵᠢᠨ ᠭᠤᠣᠯ ᠴᠣᠭᠴᠠ ᠵᠢ ᠤᠷᠮᠠᠰᠢᠭᠤᠯᠵᠤ ᠬᠢᠵᠠᠭ᠋ᠠᠷᠯᠠᠬᠤ ᠲᠣᠭᠲᠠᠴᠠ ᠵᠢ ᠨᠡᠩ ᠪᠦᠷᠢᠨᠰᠢᠭᠦᠯᠦᠨ᠂ ᠡᠷᠬᠡ ᠲᠡᠭᠰᠢ ᠲᠥᠪ ᠭᠤᠣᠯᠴᠢ᠂ ᠵᠢᠷᠤᠮᠵᠢᠯ᠎ᠲᠠᠢ ᠪᠦᠭᠡᠳ ᠢᠯᠡ ᠲᠣᠳᠣ ᠥᠷᠢᠰᠦᠯᠳᠦᠭᠡᠨ᠎ᠤ ᠣᠷᠴᠢᠨ ᠨᠥᠬᠥᠴᠡᠯ᠎ᠢ ᠠᠯᠬᠤᠮ ᠠᠯᠬᠤᠮ ᠵᠶ᠋ᠠᠷ ᠪᠣᠢ ᠪᠣᠯᠭ᠋ᠠᠨ᠎ᠠ᠃
(ᠭᠤᠷᠪᠠ) ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ᠎ᠢ ᠨᠠᠩ ᠰᠢᠯᠢᠳᠡᠭᠵᠢᠭᠦᠯᠦᠨ᠎ᠡ᠃ ᠦᠢ᠍ᠯᠡᠴᠢᠯᠡᠭᠡᠨ᠎ᠤ ᠦᠷ᠎ᠡ ᠪᠦᠲᠦᠮᠵᠢ ᠵᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠥᠪᠰᠢᠶᠡᠷᠡᠨ ᠣᠷᠣᠭᠤᠯᠬᠤ᠂ ᠪᠤᠴᠠᠭ᠋ᠠᠨ ᠭᠠᠷᠭ᠋ᠠᠬᠤ ᠳᠦᠷᠢᠮ᠎ᠢ ᠨᠠᠩ ᠵᠢᠷᠤᠮᠵᠢᠭᠤᠯᠵᠤ᠂ ᠪᠡᠯᠡ ᠣᠷᠣᠭᠤᠯᠵᠤ ᠠᠳᠠᠯ ᠦᠢ᠍ᠯᠡᠰ ᠴᠣᠭᠴᠠᠯᠠᠬᠤ᠎ᠳᠤ ᠨᠠᠩ ᠳᠥᠭᠦᠮ ᠳᠥᠲᠡ ᠪᠣᠯᠭ᠋ᠠᠵᠤ᠂ ᠡᠵᠡᠩᠨᠡᠯᠲᠡ ᠵᠢᠨ ᠭᠤᠤᠯ ᠴᠣᠭᠴᠠ ᠵᠢᠨ ᠬᠥᠭᠵᠢᠯᠲᠡ ᠵᠢᠨ ᠲᠥᠷᠥ ᠵᠢᠨ ᠪᠣᠳᠣᠯᠭ᠎ᠠ ᠵᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠡᠵᠡᠩᠨᠡᠯᠲᠡ ᠵᠢᠨ ᠭᠤᠤᠯ ᠴᠣᠭᠴᠠ ᠵᠢᠨ ᠠᠮᠢᠵᠢᠷᠠᠯ᠎ᠤᠨ ᠬᠦᠴᠦᠨ᠎ᠢ ᠭᠦᠢ᠍ᠴᠡᠳ ᠬᠥᠭᠵᠢᠭᠡᠵᠦ᠂ ᠬᠥᠭᠵᠢᠯᠲᠡ ᠵᠢᠨ ᠣᠷᠴᠢᠨ ᠨᠥᠬᠦᠴᠡᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃
(ᠲᠦᠷᠪᠡ) ᠬᠡᠷᠡᠭᠯᠡᠭᠡᠨ᠎ᠤ ᠣᠷᠴᠢᠨ ᠨᠥᠬᠥᠴᠡᠯ᠎ᠢ ᠨᠡᠩ ᠰᠠᠨᠠᠭ᠎ᠠ ᠠᠮᠤᠷ ᠪᠣᠯᠭ᠋ᠠᠨ᠎ᠠ᠃ 《ᠳᠥᠷᠪᠡᠨ ᠬᠠᠮᠤᠭ᠎ᠤᠨ ᠴᠢᠩᠭ᠎ᠠ》 ᠱᠠᠭ᠋ᠠᠷᠳᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠲᠦᠭᠰᠢᠭᠦᠷᠢ ᠵᠢ ᠬᠢᠨᠠᠨ ᠬᠡᠮᠵᠢᠬᠦ᠂ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠵᠢ ᠲᠠᠰᠤᠷᠠᠯᠲᠠ ᠥᠬᠡᠶ ᠴᠢᠩᠭ᠋ᠠᠷᠠᠭᠤᠯᠤᠨ᠂ ᠬᠡᠷᠡᠭᠯᠡᠭᠡᠨ᠎ᠤ ᠵᠠᠬ᠎ᠠ ᠳᠡᠯᠭᠡᠭᠦᠷ᠎ᠤᠨ ᠠᠮᠤᠷ ᠲᠦᠪᠰᠢᠨ᠎ᠤ ᠪᠠᠲᠤᠯᠠᠭ᠎ᠠ ᠵᠢ ᠨᠠᠩ ᠬᠦᠴᠦᠲᠡᠶ ᠪᠣᠯᠭ᠋ᠠᠵᠤ᠂ ᠰᠠᠨᠠᠭ᠎ᠠ ᠠᠮᠤᠷ ᠬᠡᠷᠡᠭᠯᠡᠭᠡ ᠵᠢ ᠡᠭᠦᠳᠦᠨ ᠪᠠᠶ᠋ᠢᠭᠤᠯᠬᠤ ᠬᠢᠷᠢ ᠲᠦᠪᠰᠢᠨ᠎ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠬᠡᠷᠡᠭᠯᠡᠭᠴᠢᠳ᠎ᠤᠨ ᠡᠷᠬᠡ ᠠᠰᠢᠭ᠎ᠢ ᠬᠦᠴᠦᠲᠡᠶ ᠬᠠᠮᠠᠭ᠋ᠠᠯᠠᠵᠤ᠂ ᠬᠡᠷᠡᠭᠯᠡᠭᠡᠨ᠎ᠤ ᠣᠷᠴᠢᠨ ᠨᠥᠬᠦᠴᠡᠯ᠎ᠢ ᠢᠯᠡᠳᠲᠡ ᠰᠠᠢ᠌ᠵᠢᠷᠠᠭᠤᠯᠤᠨ᠎ᠠ᠃
ᠬᠤᠶᠠᠷ᠂ ᠶᠡᠷᠦᠩᠬᠡᠢ ᠱᠠᠭ᠋ᠠᠷᠳᠠᠯᠭ᠎ᠠ
(ᠨᠢᠭᠡ) 《ᠪᠡᠶ᠎ᠡ ᠵᠢᠨ ᠪᠠᠶ᠋ᠢᠴᠠᠭ᠋ᠠᠯᠲᠠ ᠵᠢᠨ ᠮᠠᠶᠢᠭ᠎ᠤᠨ ᠬᠢᠨᠠᠨ ᠬᠠᠮᠢᠶᠠᠷᠤᠯᠲᠠ ᠦᠢ᠍ᠯᠡᠴᠢᠯᠡᠭᠡᠨ᠎ᠤ ᠬᠡᠯᠪᠡᠷᠢ ᠵᠢᠨ ᠬᠠᠤᠯᠢ ᠬᠡᠷᠡᠭᠵᠢᠭᠦᠯᠦᠯᠲᠡ》 ᠵᠢᠨ ᠠᠭᠤᠯᠤᠭᠳᠠᠬᠤᠨ᠎ᠢ ᠣᠨᠣᠪᠴᠢᠲᠠᠶ ᠡᠵᠡᠮᠳᠡᠬᠦ ᠬᠡᠷᠡᠭᠲᠡᠶ᠃ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠨᠢ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠦᠷᠢᠶᠡᠨ᠎ᠳᠠᠬᠢ ᠵᠠᠰᠠᠭ ᠵᠠᠬᠢᠷᠭ᠋ᠠᠨ᠎ᠤ ᠵᠥᠪᠰᠢᠶᠡᠷᠡᠯ᠂ ᠵᠠᠰᠠᠭ ᠵᠠᠬᠢᠷᠭ᠋ᠠᠨ᠎ᠤ ᠪᠠᠶ᠋ᠢᠴᠠᠭ᠋ᠠᠯᠲᠠ᠂ ᠵᠠᠰᠠᠭ ᠵᠠᠬᠢᠷᠭ᠋ᠠᠨ᠎ᠤ ᠰᠢᠢ᠍ᠳᠬᠡᠯ᠂ ᠵᠠᠰᠠᠭ ᠵᠠᠬᠢᠷᠭ᠋ᠠᠨ᠎ᠤ ᠠᠯᠪᠠᠳᠠᠯᠭ᠎ᠠ ᠵᠡᠷᠭᠡ ᠵᠠᠰᠠᠭ ᠵᠠᠬᠢᠷᠭ᠋ᠠᠨ᠎ᠤ ᠪᠣᠳᠠᠲᠠᠶ ᠦᠢ᠍ᠯᠡ ᠠᠵᠢᠯᠯᠠᠭ᠎ᠠ ᠵᠢ ᠬᠠᠮᠤᠷᠴᠠᠶ᠃ 《ᠪᠡᠶ᠎ᠡ ᠪᠠᠢ᠌ᠴᠠᠭ᠋ᠠᠯᠲᠠ ᠵᠢᠨ ᠮᠠᠶᠢᠭ᠎ᠤᠨ ᠬᠢᠨᠠᠯᠲᠠ ᠬᠠᠮᠢᠶᠠᠷᠤᠯᠲᠠ》 ᠪᠣᠯ ᠳᠠᠷᠤᠶ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠠᠪᠤᠴᠠ᠎ᠳᠤ 《ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ》 ᠬᠠᠷᠢᠭᠤᠴᠠᠯᠭ᠎ᠠ ᠵᠢᠨ ᠲᠦᠷᠢᠮ᠎ᠢ ᠨᠠᠶ᠋ᠢᠳᠠᠪᠤᠷᠢᠵᠢᠭᠤᠯᠬᠤ᠂ ᠡᠵᠡᠩᠨᠡᠯᠲᠡ ᠵᠢᠨ ᠭᠤᠤᠯ ᠴᠣᠭᠴᠠ᠎ᠳᠤ ᠲᠣᠭᠲᠠᠭ᠋ᠠᠯ᠎ᠳᠤ ᠨᠡᠶ᠋ᠢᠴᠡᠭᠦᠯᠦᠨ ᠵᠢᠯᠣᠭᠤᠳᠣᠯᠭ᠎ᠠ ᠬᠢᠬᠦ᠂ ᠬᠠᠤᠯᠢ᠎ᠠᠴᠠ ᠵᠥᠷᠢᠴᠡᠭᠰᠡᠨ ᠲᠦᠭᠰᠢᠭᠦᠷᠢ ᠵᠢ ᠤᠷᠢᠳᠴᠢᠯᠠᠨ ᠰᠡᠷᠡᠮᠵᠢᠯᠡᠭᠦᠯᠵᠦ ᠰᠠᠨᠠᠭᠤᠯᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠡᠵᠡᠩᠨᠡᠯᠲᠡ ᠵᠢᠨ ᠭᠤᠤᠯ ᠴᠣᠭᠴᠠ ᠵᠢᠨ ᠦᠢ᠍ᠯᠡᠳᠪᠦᠷᠢᠯᠡᠯ ᠡᠵᠡᠩᠨᠡᠯᠲᠡ ᠳᠤᠮᠳᠠᠬᠢ ᠠᠶᠤᠯ ᠲᠦᠭᠰᠢᠭᠦᠷᠢ ᠵᠢᠨ ᠬᠡᠮ ᠰᠣᠭᠤᠭ᠎ᠢ ᠤᠷᠢᠳᠴᠢᠯᠠᠨ ᠢᠯᠡᠷᠡᠭᠦᠯᠵᠦ᠂ ᠤᠷᠢᠳᠴᠢᠯᠠᠨ ᠰᠡᠷᠭᠡᠶ᠋ᠢᠯᠡᠵᠦ᠂ ᠡᠵᠡᠩᠨᠡᠯᠲᠡ ᠵᠢᠨ ᠭᠤᠤᠯ ᠴᠣᠭᠴᠠ ᠵᠢ ᠵᠢᠯᠣᠭᠤᠳᠤᠨ ᠴᠠᠭ ᠲᠤᠬᠠᠶ᠎ᠳᠤᠨᠢ ᠵᠠᠯᠠᠷᠠᠭᠤᠯᠵᠤ᠂ 《ᠪᠠᠭ᠎ᠠ ᠪᠤᠷᠤᠭᠤ》᠎ᠨᠢ 《ᠶᠡᠭᠡ ᠭᠠᠮᠰᠢᠭ》 ᠪᠣᠯᠬᠤ᠎ᠠᠴᠠ ᠵᠠᠢ᠌ᠯᠠᠰᠬᠢᠨ᠎ᠠ; 《ᠦᠢ᠍ᠯᠡᠴᠢᠯᠡᠭᠡᠨ᠎ᠤ ᠬᠡᠯᠪᠡᠷᠢ ᠵᠢᠨ ᠬᠠᠤᠯᠢ ᠬᠡᠷᠡᠭᠵᠢᠭᠦᠯᠦᠯᠲᠡ》᠎ᠨᠢ ᠳᠠᠷᠤᠶ ᠠᠮᠤᠷ ᠲᠦᠪᠰᠢᠨ᠎ᠤ ᠬᠤᠷᠢᠭ᠎ᠠ ᠱᠤᠭᠤᠮ᠎ᠢ ᠡᠷᠡᠰ ᠪᠠᠲᠤ ᠰᠠᠬᠢᠭᠰᠠᠨ ᠰᠠᠭᠤᠷᠢᠨ ᠳᠡᠭᠡᠷ᠎ᠡ᠂ ᠦᠢ᠍ᠯᠡᠴᠢᠯᠡᠭᠡᠨ᠎ᠤ ᠤᠬᠠᠮᠰᠠᠷ ᠵᠶ᠋ᠠᠨ ᠴᠢᠩᠭ᠋ᠠᠳᠬᠠᠵᠤ᠂ ᠬᠠᠤᠯᠢ ᠬᠡᠷᠡᠭᠵᠢᠭᠦᠯᠬᠦ ᠳᠤᠮᠳᠠ ᠦᠢ᠍ᠯᠡᠴᠢᠯᠡᠭᠡ᠎ᠪᠠᠨ ᠢᠯᠡᠷᠡᠭᠦᠯᠵᠦ᠂ ᠦᠢ᠍ᠯᠡᠴᠢᠯᠡᠭᠡᠨ᠎ᠤ ᠳᠤᠮᠳᠠ ᠬᠢᠨᠠᠯᠲᠠ ᠬᠠᠮᠢᠶᠠᠷᠤᠯᠲᠠ᠎ᠪᠠᠨ ᠬᠡᠷᠡᠭᠵᠢᠭᠦᠯᠵᠦ᠂ ᠡᠵᠡᠩᠨᠡᠯᠲᠡ ᠵᠢᠨ ᠭᠤᠤᠯ ᠴᠣᠭᠴᠠ᠎ᠳᠤ ᠬᠥᠭᠵᠢᠯᠲᠡ᠂ ᠡᠷᠬᠡ᠎ᠪᠠᠨ ᠬᠠᠮᠠᠭ᠋ᠠᠯᠠᠬᠤ ᠲᠠᠪᠴᠠᠩ ᠪᠠᠶ᠋ᠢᠭᠤᠯᠵᠤ᠂ ᠬᠢᠨᠠᠯᠲᠠ ᠬᠠᠮᠢᠶᠠᠷᠤᠯᠲᠠ᠂ ᠬᠠᠤᠯᠢ ᠬᠡᠷᠡᠭᠵᠢᠭᠦᠯᠬᠦ ᠪᠠ ᠦᠢ᠍ᠯᠡᠴᠢᠯᠡᠭᠡᠨ᠎ᠢ ᠣᠷᠭ᠋ᠠᠨᠢᠭ ᠵᠶ᠋ᠠᠷ ᠠᠭᠤᠰᠤᠯᠴᠠᠭᠤᠯᠬᠤ ᠵᠢ ᠪᠡᠶᠡᠯᠡᠭᠦᠯᠬᠦ ᠶᠠᠪᠤᠳᠠᠯ ᠪᠣᠯᠤᠨ᠎ᠠ᠃ 《ᠪᠡᠶ᠎ᠡ ᠵᠢᠨ ᠪᠠᠶ᠋ᠢᠴᠠᠭ᠋ᠠᠯᠲᠠ ᠵᠢᠨ ᠮᠠᠶᠢᠭ᠎ᠤᠨ ᠬᠢᠨᠠᠯᠲᠠ ᠬᠠᠮᠢᠶᠠᠷᠤᠯᠲᠠ ᠦᠢ᠍ᠯᠡᠴᠢᠯᠡᠭᠡᠨ᠎ᠤ ᠬᠡᠯᠪᠡᠷᠢ ᠵᠢᠨ ᠬᠠᠤᠯᠢ ᠬᠡᠷᠡᠭᠵᠢᠭᠦᠯᠦᠯᠲᠡ》 ᠵᠢᠨ ᠵᠠᠭᠪᠤᠷ ᠪᠣᠯ ᠳᠠᠷᠤᠶ ᠡᠵᠡᠩᠨᠡᠯᠲᠡ ᠵᠢᠨ ᠭᠤᠤᠯ ᠴᠣᠭᠴᠠ ᠵᠢᠨ ᠬᠥᠭᠵᠢᠯᠲᠡ ᠵᠢ ᠠᠬᠢᠭᠤᠯᠬᠤ᠂ ᠬᠥᠭᠵᠢᠯᠲᠡ ᠵᠢᠨ ᠶᠡᠭᠡ ᠲᠠᠯ᠎ᠠ᠎ᠳᠤ ᠦᠢ᠍ᠯᠡᠴᠢᠯᠡᠬᠦ ᠵᠢ ᠬᠠᠤᠯᠢ ᠬᠡᠷᠡᠭᠵᠢᠭᠦᠯᠬᠦ ᠭᠤᠭᠴᠤᠭ᠎ᠠ ᠨᠢᠭᠡᠪᠦᠷᠢ᠎ᠳᠤ ᠬᠦᠷᠲᠡᠯ᠎ᠡ ᠨᠠᠶ᠋ᠢᠳᠠᠪᠤᠷᠢᠵᠢᠭᠤᠯᠵᠤ᠂ ᠬᠡᠷᠡᠭ ᠤᠨ ᠡᠮᠦᠨᠡᠬᠢ᠂ ᠬᠡᠷᠡᠭ᠎ᠤᠨ ᠳᠤᠮᠳᠠᠬᠢ᠂ ᠬᠡᠷᠡᠭ᠎ᠤᠨ ᠳᠠᠷᠠᠭ᠋ᠠᠬᠢ ᠪᠥᠬᠦ ᠬᠡᠯᠬᠢᠶ᠎ᠡ ᠵᠢᠨ ᠦᠢ᠍ᠯᠡᠴᠢᠯᠡᠭᠡ ᠵᠢ ᠣᠷᠭ᠋ᠠᠨᠢᠭ ᠵᠶ᠋ᠠᠷ ᠵᠣᠯᠭ᠋ᠠᠭᠤᠯᠬᠤ᠎ᠪᠠᠷ ᠳᠠᠮᠵᠢᠭᠤᠯᠤᠨ᠂ ᠬᠢᠨᠠᠯᠲᠠ ᠬᠠᠮᠢᠶᠠᠷᠤᠯᠲᠠ᠂ ᠬᠠᠤᠯᠢ ᠬᠡᠷᠡᠭᠵᠢᠭᠦᠯᠬᠦ᠂ ᠦᠢ᠍ᠯᠡᠴᠢᠯᠡᠭᠡᠨ᠎ᠤ ᠬᠠᠨᠳᠤᠯᠭ᠋ᠠᠲᠤ ᠴᠢᠨᠠᠷ ᠪᠠ ᠬᠠᠮᠵᠢᠯᠴᠠᠬᠤ ᠴᠢᠨᠠᠷ᠎ᠢ ᠪᠡᠶᠡᠯᠡᠭᠦᠯᠵᠦ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠵᠢᠨ ᠪᠥᠬᠦ ᠶᠠᠪᠤᠴᠠ᠎ᠳᠤ ᠨᠢᠭᠲᠠ ᠬᠠᠮᠵᠢᠯᠴᠠᠭᠰᠠᠨ᠂ ᠪᠥᠬᠦ ᠭᠤᠭᠴᠤᠭ᠎ᠠ ᠵᠢᠨ ᠵᠣᠬᠢᠴᠠᠯᠳᠤᠨ ᠬᠠᠮᠲᠤᠷᠠᠨ ᠬᠥᠳᠡᠯᠦᠯᠴᠡᠭᠰᠡᠨ ᠦᠢ᠍ᠯᠡᠴᠢᠯᠡᠭᠡᠨ᠎ᠤ ᠨᠡᠶ᠋ᠢᠯᠡᠮᠡᠯ ᠬᠦᠴᠦᠨ᠎ᠢ ᠪᠣᠶ ᠪᠣᠯᠭ᠋ᠠᠬᠤ ᠶᠠᠪᠤᠳᠠᠯ ᠪᠣᠯᠤᠨ᠎ᠠ᠃
(ᠬᠤᠶᠠᠷ) ᠬᠠᠤᠯᠢ ᠬᠡᠷᠡᠭᠵᠢᠭᠦᠯᠬᠦ ᠪᠠ ᠦᠢ᠍ᠯᠡᠴᠢᠯᠡᠭᠡᠨ᠎ᠤ ᠬᠠᠷᠢᠴᠠᠭ᠎ᠠ ᠵᠢ ᠵᠥᠪ ᠵᠶ᠋ᠠᠷ ᠰᠢᠢ᠍ᠳᠪᠦᠷᠢᠯᠡᠬᠦ ᠬᠡᠷᠡᠭᠲᠡᠢ᠃ ᠠᠷᠠᠳ ᠲᠦᠮᠡᠨ ᠢ ᠳᠡᠭᠡᠳᠦᠯᠡᠬᠦ ᠵᠢ ᠪᠠᠷᠢᠮᠲᠠᠯᠠᠵᠤ᠂ ᠬᠥᠭᠵᠢᠯᠲᠡ ᠵᠢ ᠢᠮᠠᠭᠲᠠ ᠲᠡᠷᠢᠭᠦᠨ ᠴᠢᠬᠤᠯᠠ ᠡᠭᠦᠷᠭᠡ ᠪᠣᠯᠭ᠋ᠠᠵᠤ᠂ ᠬᠢᠨᠠᠯᠲᠠ ᠬᠠᠮᠢᠶᠠᠷᠤᠯᠲᠠ ᠵᠢ ᠨᠢᠭᠡᠳᠦᠭᠡᠷ ᠬᠠᠷᠢᠭᠤᠴᠠᠯᠭ᠎ᠠ ᠪᠣᠯᠭ᠋ᠠᠵᠤ᠂ ᠦᠢ᠍ᠯᠡᠴᠢᠯᠡᠭᠡ ᠵᠢ ᠬᠡᠷᠡᠭ᠎ᠤᠨ ᠡᠮᠦᠨᠡᠬᠢ᠂ ᠬᠡᠷᠡᠭ᠎ᠤᠨ ᠳᠤᠮᠳᠠᠬᠢ᠂ ᠬᠡᠷᠡᠭ᠎ᠤᠨ ᠳᠠᠷᠠᠭ᠋ᠠᠬᠢ ᠬᠠᠤᠯᠢ ᠬᠡᠷᠡᠭᠵᠢᠭᠦᠯᠦᠯᠲᠡ ᠵᠢᠨ ᠪᠦᠬᠦ ᠬᠡᠯᠬᠢᠶ᠎ᠡ᠎ᠳᠤ ᠲᠤᠭᠤᠰᠢᠯᠠᠭᠤᠯᠬᠤ ᠬᠡᠷᠡᠭᠲᠡᠢ᠃ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠡᠭᠦᠷᠭᠡ ᠴᠢᠳᠠᠪᠬᠢ ᠡᠭᠦᠷᠭᠡ ᠬᠠᠷᠢᠭᠤᠴᠠᠯᠭᠠᠳᠤ ᠰᠠᠭᠤᠷᠢᠯᠠᠵᠤ᠂ ᠰᠠᠨᠠᠭ᠋ᠠᠴᠢᠯᠠᠭ᠎ᠠ᠎ᠠᠴᠠ᠎ᠪᠠᠨ ᠤᠷᠤᠭᠰᠢᠯᠠᠵᠤ᠂ ᠪᠠᠶ᠋ᠢᠷᠢ ᠰᠣᠯᠢᠵᠤ ᠰᠡᠳᠬᠢᠵᠦ᠂ ᠡᠭᠦᠷᠭᠡᠯᠡᠨ ᠠᠵᠢᠯᠯᠠᠵᠤ᠂ ᠡᠵᠡᠩᠨᠡᠯᠲᠡ ᠵᠢᠨ ᠭᠤᠣᠯ ᠴᠣᠭᠴᠠ ᠵᠢᠨ ᠬᠦᠰᠡᠯ ᠱᠠᠭ᠋ᠠᠷᠳᠠᠯᠭ᠎ᠠ ᠵᠢ ᠭᠦᠢ᠍ᠴᠡᠳ ᠰᠣᠨᠣᠰᠴᠤ᠂ ᠡᠵᠡᠩᠨᠡᠯᠲᠡ ᠵᠢᠨ ᠭᠤᠣᠯ ᠴᠣᠭᠴᠠ ᠵᠢᠨ ᠬᠦᠴᠢᠷᠳᠡᠯ᠂ ᠡᠪᠡᠷᠰᠢᠶᠡᠯ᠎ᠳᠤ ᠰᠢᠭᠤᠳ ᠬᠠᠨᠳᠤᠵᠤ᠂ ᠬᠠᠤᠯᠢ ᠴᠠᠭ᠋ᠠᠵᠠ ᠵᠢ ᠲᠦᠭᠡᠮᠡᠯᠵᠢᠭᠦᠯᠬᠦ ᠤᠬᠠᠭᠤᠯᠭ᠎ᠠ᠂ ᠲᠣᠭᠲᠠᠭ᠋ᠠᠯ᠎ᠳᠤ ᠨᠡᠶ᠋ᠢᠴᠡᠭᠦᠯᠬᠦ ᠵᠢᠯᠤᠭᠤᠳᠤᠯᠭ᠎ᠠ ᠵᠢ ᠰᠠᠶ᠋ᠢᠲᠤᠷ ᠬᠢᠵᠦ᠂ ᠪᠡᠶ᠎ᠡ ᠵᠢᠨ ᠪᠠᠶ᠋ᠢᠴᠠᠭ᠋ᠠᠯᠲᠠ ᠵᠢᠨ ᠤᠷᠢᠳᠴᠢᠯᠠᠨ ᠰᠡᠷᠡᠮᠵᠢᠯᠡᠭᠦᠯᠬᠦ᠎ᠠᠴᠠ ᠮᠥᠷᠳᠡᠨ ᠰᠤᠷᠪᠤᠯᠵᠢᠯᠠᠬᠤ ᠬᠦᠷᠲᠡᠯᠡᠬᠢ ᠠᠵᠢᠯ᠎ᠤᠨ ᠪᠢᠲᠡᠭᠦᠦ ᠴᠠᠭ᠋ᠠᠷᠢᠭ᠎ᠢ ᠪᠠᠶ᠋ᠢᠭᠤᠯᠵᠤ᠂ ᠦᠢ᠍ᠯᠡᠴᠢᠯᠡᠭᠡ ᠵᠢ ᠬᠢᠨᠠᠨ ᠬᠠᠮᠢᠶᠠᠷᠤᠯᠲᠠ᠎ᠠᠴᠠ ᠡᠮᠦᠨ᠎ᠡ᠂ ᠬᠢᠨᠠᠯᠲᠠ ᠬᠠᠮᠢᠶᠠᠷᠤᠯᠲᠠ ᠵᠢ ᠠᠶᠤᠯ ᠲᠦᠭᠰᠢᠭᠦᠷᠢ᠎ᠠᠴᠠ ᠡᠮᠦᠨ᠎ᠡ ᠶᠠᠪᠤᠭᠤᠯᠵᠤ᠂ ᠡᠵᠡᠩᠨᠡᠯᠲᠡ ᠵᠢᠨ ᠭᠤᠣᠯ ᠴᠣᠭᠴᠠ ᠵᠢᠨ 《ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ》 ᠪᠠᠢ᠌ᠭ᠎ᠠ ᠵᠢ᠎ᠨᠢ ᠦᠨᠡᠨ ᠪᠣᠳᠠᠲᠠᠢ ᠰᠢᠢ᠍ᠳᠪᠦᠷᠢᠯᠡᠵᠦ᠂ ᠡᠵᠡᠩᠨᠡᠯᠲᠡ ᠵᠢᠨ ᠭᠤᠣᠯ ᠴᠣᠭᠴᠠ᠎ᠳᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠳᠤᠯᠠᠭ᠋ᠠᠴᠠ ᠵᠢ ᠭᠦᠢ᠍ᠴᠡᠳ ᠮᠡᠳᠡᠷᠡᠭᠦᠯᠵᠦ᠂ ᠦᠢ᠍ᠯᠡᠴᠢᠯᠡᠭᠡᠨ᠎ᠤ ᠡᠵᠡᠩᠨᠡᠯᠲᠡ ᠵᠢᠨ ᠭᠤᠣᠯ ᠴᠣᠭᠴᠠ ᠵᠢᠨ ᠬᠥᠭᠵᠢᠯᠲᠡ ᠵᠢ ᠳᠡᠮᠵᠢᠬᠦ ᠰᠠᠶ᠋ᠢᠨ ᠰᠠᠶ᠋ᠢᠬᠠᠨ ᠣᠷᠴᠢᠨ ᠨᠥᠬᠥᠴᠡᠯ᠎ᠢ ᠪᠤᠢ ᠪᠣᠯᠭ᠋ᠠᠬᠤ ᠬᠡᠷᠡᠭᠲᠡᠢ᠃
ᠭᠤᠷᠪᠠ᠂ ᠪᠣᠳᠠᠲᠠᠶ ᠠᠷᠭ᠎ᠠ ᠬᠡᠮᠵᠢᠶ᠎ᠡ
(ᠨᠢᠭᠡ) ᠪᠠᠶ᠋ᠢᠩᠭᠤᠵᠢᠭᠰᠠᠨ ᠨᠡᠪᠲᠡᠷᠡᠯᠴᠡᠬᠦ ᠲᠣᠭᠲᠠᠴᠠ ᠵᠢ ᠪᠠᠶ᠋ᠢᠭᠤᠯᠤᠨ᠎ᠠ
1. ᠲᠣᠪᠴᠢᠶ᠎ᠠ ᠭᠠᠵᠠᠷ᠎ᠤᠨ ᠳᠠᠷᠤᠭ᠎ᠠ ᠵᠢᠨ ᠬᠠᠷᠢᠯᠴᠠᠬᠤ ᠲᠣᠭᠲᠠᠴᠠ ᠵᠢ ᠪᠠᠶ᠋ᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠪᠠ ᠡᠯ᠎ᠡ ᠠᠶ᠋ᠢᠮᠠᠭ ᠬᠤᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠤᠳᠤᠷᠢᠳᠤᠯᠭ᠎ᠠ᠂ ᠭᠠᠵᠠᠷ᠎ᠤᠨ ᠳᠠᠷᠤᠭ᠎ᠠ (ᠰᠠᠯᠠᠭ᠋ᠠᠨ ᠳᠠᠷᠤᠭ᠎ᠠ) ᠡᠵᠡᠩᠨᠡᠯᠲᠡ ᠵᠢᠨ ᠭᠤᠤᠯ ᠴᠣᠭᠴᠠ᠎ᠲᠠᠢ ᠬᠠᠷᠢᠯᠴᠠᠵᠤ᠂ ᠭᠤᠤᠯᠳᠠᠭᠤ ᠭᠤᠤᠯᠳᠠᠯᠭ᠎ᠠ᠎ᠲᠠᠢ ᠪᠤᠶ᠋ᠢᠵᠢᠭᠤᠯᠬᠤ ᠠᠵᠤ ᠠᠬᠤᠶ᠋ᠢᠯᠠᠯ᠎ᠲᠠᠢ ᠬᠠᠷᠢᠯᠴᠠᠵᠤ᠂ ᠳᠠᠪᠠᠭᠤᠯᠢᠭ᠎ᠲᠠᠢ᠂ ᠳᠠᠯᠳᠠ ᠬᠦᠴᠦᠨ ᠵᠶ᠋ᠠᠷ ᠶᠡᠭᠡ ᠠᠵᠤ ᠠᠬᠤᠶ᠋ᠢᠯᠠᠯ᠂ ᠲᠦᠷ ᠴᠠᠭ ᠬᠦᠴᠢᠷᠳᠡᠯ᠎ᠳᠤ ᠲᠤᠯᠭ᠋ᠠᠷᠠᠵᠤ᠂ ᠳᠠᠮᠵᠢᠵᠤ ᠬᠠᠪᠰᠤᠷᠤᠨ ᠲᠡᠳᠬᠦᠪᠡᠯ ᠦᠷᠭᠦᠯᠵᠢᠯᠡᠨ ᠬᠥᠭᠵᠢᠵᠦ ᠳᠡᠶ᠋ᠢᠯᠬᠦ ᠵᠢᠵᠢᠭ ᠪᠢᠴᠢᠯ ᠠᠵᠤ ᠠᠬᠤᠶ᠋ᠢᠯᠠᠯ᠃ ᠲᠣᠭᠲᠠᠮᠠᠯ ᠬᠤᠭᠤᠴᠠᠭ᠎ᠠ᠎ᠲᠠᠢ᠎ᠪᠠᠷ ᠡᠵᠡᠩᠨᠡᠯᠲᠡ ᠵᠢᠨ ᠭᠤᠤᠯ ᠴᠣᠭᠴᠠ᠎ᠳᠤ ᠬᠦᠷᠴᠦ ᠰᠤᠷᠪᠤᠯᠵᠢᠯᠠᠨ ᠪᠠᠶ᠋ᠢᠴᠠᠭ᠋ᠠᠨ ᠰᠤᠳᠤᠯᠤᠯᠲᠠ ᠬᠢᠵᠦ᠂ ᠬᠠᠪᠰᠤᠷᠤᠨ ᠲᠡᠳᠬᠦᠬᠦ ᠬᠡᠷᠡᠭᠴᠡᠭᠡ ᠱᠠᠭ᠋ᠠᠷᠳᠠᠯᠭ᠎ᠠ ᠵᠢᠨ ᠨᠠᠷᠢᠨ ᠬᠠᠭᠤᠳᠠᠰᠤ ᠵᠢ ᠵᠣᠬᠢᠶᠠᠵᠤ᠂ ᠬᠠᠪᠰᠤᠷᠤᠨ ᠲᠡᠳᠬᠦᠵᠦ ᠵᠢᠭ᠋ᠠᠨ ᠵᠢᠯᠣᠭᠣᠳᠴᠤ᠂ ᠪᠣᠳᠠᠲᠠᠶ ᠬᠡᠷᠡᠭᠴᠡᠭᠡ ᠱᠠᠭ᠋ᠠᠷᠳᠠᠯᠭ᠎ᠠ ᠬᠦᠴᠢᠷᠳᠡᠯ᠎ᠢ᠎ᠨᠢ ᠰᠢᠢ᠍ᠳᠪᠦᠷᠢᠯᠡᠨ᠎ᠡ᠃
2. 《ᠤᠷᠢᠵᠤ ᠠᠪᠴᠢᠷᠠᠨ ᠰᠠᠨᠠᠯ ᠰᠠᠨᠠᠭᠤᠯᠭ᠎ᠠ ᠵᠢ᠎ᠨᠢ ᠰᠣᠨᠣᠰᠴᠤ ᠯᠠᠪᠳᠠᠭᠤᠨ ᠬᠦᠯᠢᠴᠡᠩᠭᠦᠢ᠎ᠪᠠᠷ ᠬᠦᠴᠢᠷ ᠠᠰᠠᠭᠤᠳᠠᠯ᠎ᠢ᠎ᠨᠢ ᠰᠢᠢ᠍ᠳᠪᠦᠷᠢᠯᠡᠬᠦ 》 ᠪᠠ 《ᠲᠣᠪᠴᠢᠶ᠎ᠠ ᠭᠠᠵᠠᠷ᠎ᠤᠨ ᠳᠠᠷᠤᠭ᠎ᠠ ᠴᠤᠪᠤᠷᠠᠯ ᠵᠶ᠋ᠠᠷ ᠶᠠᠪᠤᠬᠤ》 ᠠᠵᠢᠯ᠎ᠤᠨ ᠲᠣᠭᠲᠠᠴᠠ ᠵᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠠᠵᠤ ᠠᠬᠤᠶ᠋ᠢᠯᠠᠯᠲᠠᠨ᠎ᠤ ᠶᠠᠷᠢᠯᠴᠠᠬᠤ ᠬᠤᠷᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠬᠤᠷᠠᠯᠳᠤᠭᠤᠯᠵᠤ᠂ ᠲᠣᠮᠣ ᠬᠡᠯᠪᠡᠷᠢ ᠵᠢᠨ ᠠᠵᠤ ᠠᠬᠤᠶ᠋ᠢᠯᠠᠯ᠂ ᠵᠠᠬ᠎ᠠ ᠳᠡᠯᠭᠡᠭᠦᠷ᠎ᠲᠤ ᠭᠠᠷᠤᠭᠰᠠᠨ ᠺᠣᠮᠫᠠᠨᠢ᠂ 《ᠳᠥᠷᠪᠡᠨ ᠰᠢᠨ᠎ᠡ ᠠᠵᠤ ᠠᠬᠤᠶ》 ᠵᠢᠴᠢ ᠲᠤᠰᠬᠠᠶ ᠨᠠᠷᠢᠯᠢᠭ ᠣᠨᠴᠠ ᠰᠢᠨ᠎ᠡ᠂ ᠭᠠᠭᠴᠠ ᠡᠪᠡᠷᠲᠦ ᠠᠷᠢᠶᠠᠲᠠᠨ᠂ ᠵᠢᠵᠢᠭ ᠠᠪᠤᠷᠭᠤ ᠬᠥᠮᠦᠨ ᠵᠡᠷᠭᠡ ᠮᠠᠶᠢᠭ᠎ᠤᠨ ᠥᠨᠳᠥᠷ ᠦᠰᠦᠨ ᠪᠣᠢ᠌ᠵᠢᠯᠲᠠ ᠪᠦᠬᠦᠢ ᠠᠵᠤ ᠠᠬᠤᠶ᠋ᠢᠯᠠᠯ᠂ ᠵᠢᠵᠢᠭ ᠪᠢᠴᠢᠯ ᠠᠵᠤ ᠠᠬᠤᠶ᠋ᠢᠯᠠᠯ᠎ᠢ ᠤᠷᠢᠵᠤ ᠬᠤᠷᠠᠯ᠎ᠳᠤ ᠣᠷᠣᠯᠴᠠᠭᠤᠯᠵᠤ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠤᠯᠪᠣᠭᠳᠠᠯ ᠪᠥᠬᠦᠶ ᠪᠠᠶ᠋ᠢᠳᠠᠯ ᠪᠠ ᠰᠢᠨ᠎ᠡ ᠲᠥᠷᠥ ᠵᠢᠨ ᠪᠣᠳᠣᠯᠭ᠎ᠠ᠂ ᠰᠢᠨ᠎ᠡ ᠠᠷᠭ᠎ᠠ ᠬᠡᠮᠵᠢᠶ᠎ᠡ ᠵᠢ ᠵᠠᠷᠯᠠᠨ ᠮᠡᠳᠡᠭᠳᠡᠵᠦ᠂ ᠰᠠᠨᠠᠯ ᠰᠠᠨᠠᠭᠤᠯᠭ᠎ᠠ ᠵᠢ ᠰᠣᠨᠣᠰᠴᠤ᠂ ᠡᠵᠡᠩᠨᠡᠯᠲᠡ ᠵᠢᠨ ᠭᠤᠤᠯ ᠴᠣᠭᠴᠠ ᠵᠢᠨ ᠬᠥᠭᠵᠢᠯᠲᠡ᠎ᠳᠤ ᠲᠤᠯᠭ᠋ᠠᠷᠠᠭᠰᠠᠨ ᠠᠰᠠᠭᠤᠳᠠᠯ᠎ᠢ ᠵᠣᠬᠢᠴᠠᠭᠤᠯᠤᠨ ᠰᠢᠢ᠍ᠳᠪᠦᠷᠢᠯᠡᠨ᠎ᠡ᠃ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠦᠷᠢᠶᠡᠨ᠎ᠳᠠᠬᠢ ᠭᠦᠢ᠍ᠴᠡᠳᠭᠡᠬᠦ ᠤᠳᠠᠭ᠎ᠠ ᠣᠯᠠᠨ᠂ ᠡᠵᠡᠩᠨᠡᠯᠲᠡ ᠵᠢᠨ ᠭᠤᠤᠯ ᠴᠣᠭᠴᠠ ᠵᠢᠨ ᠰᠠᠨᠠᠯ ᠨᠡᠯᠢᠶᠡᠳ ᠲᠥᠪᠯᠡᠷᠡᠭᠰᠡᠨ ᠵᠦᠢ᠍ᠯᠡᠰ᠎ᠲᠤ ᠠᠩᠬᠠᠷᠤᠯ ᠵᠶ᠋ᠠᠨ ᠲᠥᠪᠯᠡᠷᠡᠭᠦᠯᠵᠦ᠂ 《ᠪᠡᠶ᠎ᠡ ᠵᠢᠨ ᠪᠠᠶ᠋ᠢᠴᠠᠭ᠋ᠠᠯᠲᠠ ᠵᠢᠨ ᠮᠠᠶᠢᠭ》 ᠵᠶ᠋ᠠᠷ ᠭᠦᠢ᠍ᠴᠡᠳᠭᠡᠬᠦ᠂ 《ᠬᠠᠪᠰᠤᠷᠤᠨ ᠣᠷᠣᠯᠠᠵᠤ ᠭᠦᠢ᠍ᠴᠡᠳᠭᠡᠬᠦ》᠎ᠳᠤ ᠣᠷᠣᠯᠴᠠᠬᠤ᠂ 《ᠪᠠᠷ᠎ᠠ ᠪᠣᠯᠵᠣ ᠭᠦᠢ᠍ᠴᠡᠳᠭᠡᠬᠦ》 ᠬᠠᠪᠰᠤᠷᠤᠨ ᠲᠡᠳᠬᠦᠬᠦ᠂ ᠢᠯᠡ᠎ᠪᠠᠷ ᠪᠠᠶ᠋ᠢᠴᠠᠭ᠋ᠠᠵᠤ ᠳᠠᠯᠳᠠᠭᠤᠷ ᠰᠤᠷᠪᠤᠯᠵᠢᠯᠠᠬᠤ ᠪᠠᠶ᠋ᠢᠴᠠᠭ᠋ᠠᠯᠲᠠ ᠬᠢᠬᠦ ᠵᠡᠷᠭᠡ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠣᠯᠠᠨ ᠵᠦᠢ᠍ᠯ᠎ᠤᠨ ᠠᠷᠭ᠎ᠠ ᠮᠠᠶᠢᠭ ᠵᠶ᠋ᠠᠷ ᠳᠠᠮᠵᠢᠭᠤᠯᠤᠨ᠂ ᠠᠵᠢᠯ ᠶᠠᠪᠤᠳᠠᠯ ᠭᠦᠢ᠍ᠴᠡᠳᠭᠡᠬᠦ ᠶᠠᠪᠤᠴᠠ᠎ᠳᠠᠬᠢ ᠠᠰᠠᠭᠤᠳᠠᠯ᠂ ᠲᠦᠭᠵᠢᠷᠡᠯ᠎ᠢ ᠡᠷᠢᠵᠦ᠂ ᠴᠤᠪᠤᠷᠠᠯ᠎ᠢ ᠬᠠᠨᠳᠤᠯᠭ᠋ᠠᠲᠤ ᠴᠢᠨᠠᠷᠲᠠᠶ᠎ᠪᠠᠷ ᠰᠢᠯᠢᠳᠡᠭᠵᠢᠭᠦᠯᠦᠨ᠂ ᠲᠦᠭᠵᠢᠷᠡᠯ᠎ᠢ ᠨᠡᠪᠲᠡᠷᠡᠭᠦᠯᠵᠦ᠂ ᠠᠰᠠᠭᠤᠳᠠᠯ᠎ᠢ ᠰᠢᠢ᠍ᠳᠪᠦᠷᠢᠯᠡᠨ᠎ᠡ᠃
3. 《ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢ ᠬᠦᠷᠢᠶᠡᠯᠡᠩ ᠲᠣᠭᠤᠷᠢᠭ᠎ᠲᠤ ᠣᠷᠣᠭᠤᠯᠵᠤ ᠠᠵᠤ ᠠᠬᠤᠶ᠋ᠢᠯᠠᠯ᠎ᠳᠤ ᠣᠷᠣᠭᠤᠯᠬᠤ》 ᠠᠵᠢᠯᠯᠠᠭ᠎ᠠ᠎ᠳᠤ ᠰᠢᠨ᠎ᠡ ᠵᠢ ᠡᠭᠦᠳᠦᠨ ᠥᠷᠨᠢᠭᠦᠯᠦᠨ᠎ᠡ᠃ ᠳᠡᠩᠰᠡᠯᠡᠨ ᠲᠡᠮᠳᠡᠭᠯᠡᠬᠦ᠂ ᠬᠡᠮᠵᠢᠯᠲᠡ ᠵᠢ ᠰᠢᠯᠭ᠋ᠠᠨ ᠲᠣᠭᠲᠠᠭ᠋ᠠᠬᠤ᠂ ᠪᠠᠷᠢᠮᠵᠢᠶᠠᠵᠢᠭᠤᠯᠬᠤ᠂ ᠰᠢᠯᠭ᠋ᠠᠨ ᠬᠡᠮᠵᠢᠬᠦ᠂ ᠮᠡᠳᠡᠯᠭᠡ ᠵᠢᠨ ᠥᠮᠴᠢᠯᠡᠯ᠎ᠤᠨ ᠡᠷᠬᠡ ᠵᠡᠷᠭᠡ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠦᠷᠢᠶᠡᠨ᠎ᠳᠠᠬᠢ ᠶᠠᠰᠤ ᠴᠢᠨᠠᠷ᠎ᠤᠨ ᠮᠡᠷᠭᠡᠵᠢᠯ᠎ᠤᠨ ᠦᠢ᠍ᠯᠡᠴᠢᠯᠡᠭᠡ ᠪᠠ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠡᠭᠦᠷᠭᠡ ᠴᠢᠳᠠᠪᠤᠷᠢ ᠵᠢ ᠡᠮᠬᠢᠯᠡᠨ ᠨᠡᠶ᠋ᠢᠯᠡᠭᠦᠯᠵᠦ᠂ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠤᠲᠠ᠂ ᠬᠤᠰᠢᠭᠤ ᠰᠢᠶᠠᠨ᠎ᠤ 《ᠭᠤᠷᠪᠠᠨ ᠱᠠᠲᠤᠨ᠎ᠤ ᠬᠤᠯᠪᠣᠭ᠋ᠠᠯᠠᠨ ᠬᠥᠳᠡᠯᠦᠯᠴᠡᠬᠦ》 ᠲᠣᠭᠲᠠᠴᠠ ᠵᠢ ᠪᠠᠶ᠋ᠢᠭᠤᠯᠤᠨ᠂ ᠰᠠᠨᠠᠭ᠋ᠠᠴᠢᠯᠠᠭ᠎ᠠ᠎ᠠᠴᠠ᠎ᠪᠠᠨ ᠬᠦᠷᠢᠶᠡᠯᠡᠩ ᠲᠣᠭᠤᠷᠢᠭ᠎ᠤᠨ ᠳᠣᠲᠣᠷᠠᠬᠢ ᠳᠤᠮᠳᠠ ᠵᠢᠵᠢᠭ ᠠᠵᠤ ᠠᠬᠤᠶ᠋ᠢᠯᠠᠯ᠎ᠳᠤ ᠬᠠᠤᠯᠢ ᠴᠠᠭ᠋ᠠᠵᠠ᠂ ᠲᠥᠷᠥ ᠵᠢᠨ ᠪᠣᠳᠣᠯᠭ᠎ᠠ᠂ ᠦᠢ᠍ᠯᠡᠴᠢᠯᠡᠭᠡ ᠬᠦᠷᠭᠡᠨ᠎ᠡ᠃ ᠨᠡᠶ᠋ᠢᠲᠡᠯᠢᠭ ᠲᠤᠷᠰᠢᠯᠭ᠎ᠠ ᠠᠷᠭ᠎ᠠ ᠬᠢᠳᠡᠯ᠎ᠢ ᠴᠠᠭ ᠲᠤᠬᠠᠢᠳᠤᠨᠢ ᠳ᠋ᠦᠩᠨᠡᠨ ᠪᠣᠯᠪᠠᠰᠤᠷᠠᠭᠤᠯᠵᠤ᠂ ᠠᠵᠢᠯ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃
(ᠬᠤᠶᠠᠷ) ᠬᠡᠷᠡᠭ᠎ᠤᠨ ᠡᠮᠦᠨᠡᠬᠢ 《ᠰᠤᠳᠠᠯ ᠪᠠᠷᠢᠬᠤ ᠮᠠᠶᠢᠭ》᠎ᠤᠨ ᠦᠢ᠍ᠯᠡᠴᠢᠯᠡᠭᠡ ᠵᠢ ᠰᠠᠶ᠋ᠢᠲᠤᠷ ᠬᠢᠨ᠎ᠡ
4. ᠬᠠᠤᠯᠢ᠎ᠠᠴᠠ ᠵᠥᠷᠢᠴᠡᠭᠰᠡᠨ ᠲᠦᠭᠰᠢᠭᠦᠷᠢ ᠵᠢ ᠰᠡᠷᠡᠮᠵᠢᠯᠡᠭᠦᠯᠵᠦ ᠰᠠᠨᠠᠭᠤᠯᠬᠤ ᠲᠣᠭᠲᠠᠴᠠ ᠵᠢ ᠪᠦᠬᠦ ᠲᠠᠯ᠎ᠠ᠎ᠪᠠᠷ ᠳᠡᠯᠭᠡᠷᠡᠭᠦᠯᠦᠨ᠎ᠡ᠃ 《ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠦᠷᠢᠶ᠎ᠡ ᠴᠠᠷᠠᠭ᠎ᠠ ᠵᠢᠨ ᠡᠵᠡᠩᠨᠡᠯᠲᠡ ᠵᠢᠨ ᠭᠤᠤᠯ ᠴᠣᠭᠴᠠ ᠵᠢᠨ ᠵᠠᠰᠠᠭ ᠵᠠᠬᠢᠷᠭ᠋ᠠᠨ᠎ᠤ ᠲᠣᠭᠲᠠᠭ᠋ᠠᠯ᠎ᠳᠤ ᠨᠡᠶ᠋ᠢᠴᠡᠬᠦ ᠵᠢᠯᠣᠭᠤᠳᠤᠮᠵᠢ ᠵᠢᠨ ᠨᠠᠷᠢᠨ ᠬᠠᠭᠤᠳᠠᠰᠤ》 ᠵᠢ ᠲᠣᠭᠲᠠᠭ᠋ᠠᠬᠤ ᠵᠢᠨ ᠬᠠᠮᠲᠤ ᠪᠥᠬᠦ ᠨᠡᠶ᠋ᠢᠭᠡᠮ᠎ᠳᠤ ᠵᠠᠷᠯᠠᠨ ᠨᠡᠶ᠋ᠢᠲᠡᠯᠡᠵᠦ᠂ ᠡᠵᠡᠩᠨᠡᠯᠲᠡ ᠵᠢᠨ ᠭᠤᠤᠯ ᠴᠣᠭᠴᠠ ᠵᠢ ᠬᠥᠲᠥᠯᠦᠨ ᠵᠢᠯᠣᠭᠤᠳᠴᠤ ᠪᠠᠶ᠋ᠢᠭ᠋ᠠᠳ ᠭᠤᠤᠯ ᠴᠣᠭᠴᠠ ᠵᠢᠨ ᠡᠭᠦᠷᠭᠡ ᠬᠠᠷᠢᠭᠤᠴᠠᠯᠭ᠎ᠠ᠎ᠪᠠᠨ ᠦᠨᠡᠨ ᠬᠦ᠌ ᠭᠦᠢ᠍ᠴᠡᠳᠬᠡᠵᠦ᠂ ᠲᠡᠳᠡᠨ᠎ᠤ ᠬᠠᠤᠯᠢ ᠲᠣᠭᠲᠠᠭ᠋ᠠᠯ᠎ᠳᠤ ᠨᠡᠶ᠋ᠢᠴᠡᠭᠦᠯᠦᠨ ᠡᠵᠡᠩᠨᠡᠬᠦ ᠵᠢ ᠠᠬᠢᠭᠤᠯᠤᠨ᠎ᠠ᠃ ᠴᠡᠭ ᠪᠠ ᠨᠡᠶ᠋ᠢᠳᠡᠮ᠎ᠢ ᠤᠶᠠᠯᠳᠤᠭᠤᠯᠬᠤ ᠵᠢ ᠴᠢᠬᠤᠯᠠᠴᠢᠯᠠᠵᠤ᠂ ᠲᠣᠮᠣ ᠳ᠋ᠠᠶ᠋ᠢᠲ᠋ᠠ ᠪᠠ ᠮᠡᠳᠡᠭᠡ ᠵᠠᠩᠭᠢᠵᠢᠯᠲᠠ ᠵᠢᠨ ᠠᠷᠭ᠎ᠠ ᠪᠠᠷᠢᠯ᠎ᠢ ᠭᠦᠢ᠍ᠴᠡᠳ ᠠᠰᠢᠭᠯᠠᠨ᠂ 12315᠂ 12345 ᠵᠠᠭ᠋ᠠᠯᠳᠤᠨ ᠢᠯᠡᠴᠢᠯᠡᠨ ᠮᠡᠳᠡᠭᠦᠯᠦᠭᠰᠡᠨ ᠬᠠᠯᠠᠮᠰᠢᠯ ᠠᠰᠠᠭᠤᠳᠠᠯ᠎ᠢ ᠡᠮᠬᠢᠯᠡᠵᠦ᠂ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠵᠢᠨ ᠪᠠᠶ᠋ᠢᠳᠠᠯ᠎ᠲᠠᠢ ᠤᠶᠠᠯᠳᠤᠭᠤᠯᠤᠨ᠂ ᠭᠤᠤᠯᠳᠠᠯᠭ᠎ᠠ᠎ᠲᠠᠢ ᠴᠠᠭ ᠬᠤᠭᠤᠴᠠᠭ᠎ᠠ᠂ ᠭᠤᠤᠯᠳᠠᠯᠭ᠎ᠠ᠎ᠲᠠᠢ ᠣᠷᠣᠨ ᠪᠦᠰᠡ᠂ ᠭᠤᠤᠯᠳᠠᠯᠭ᠎ᠠ᠎ᠲᠠᠢ ᠬᠦᠷᠢᠶ᠎ᠡ ᠴᠠᠷᠠᠭ᠎ᠠ ᠵᠢᠨ ᠡᠵᠡᠩᠨᠡᠯᠲᠡ ᠵᠢᠨ ᠭᠤᠤᠯ ᠴᠣᠭᠴᠠ ᠵᠢᠨ ᠬᠠᠤᠯᠢ᠎ᠠᠴᠠ ᠵᠥᠷᠢᠴᠡᠭᠰᠡᠨ ᠨᠡᠶ᠋ᠢᠲᠡᠯᠢᠭ ᠴᠢᠨᠠᠷᠲᠠᠶ ᠠᠰᠠᠭᠤᠳᠠᠯ᠂ ᠤᠯᠠᠷᠢᠯ᠎ᠤᠨ ᠴᠢᠨᠠᠷᠲᠠᠶ ᠦᠢ᠍ᠯᠡᠳᠪᠦᠷᠢᠯᠡᠯ ᠡᠵᠡᠩᠨᠡᠯᠲᠡ ᠠᠮᠠᠷᠬᠠᠨ ᠡᠭᠦᠰᠬᠦ ᠠᠰᠠᠭᠤᠳᠠᠯ᠂ ᠤᠯᠠᠷᠢᠯ᠎ᠤᠨ ᠴᠢᠨᠠᠷᠲᠠᠶ ᠦᠢ᠍ᠯᠡᠳᠪᠦᠷᠢᠯᠡᠯ ᠡᠵᠡᠩᠨᠡᠯᠲᠡ᠎ᠳᠤ ᠠᠮᠠᠷᠬᠠᠨ ᠡᠭᠦᠰᠬᠦ ᠠᠰᠠᠭᠤᠳᠠᠯ᠂ ᠥᠨᠳᠥᠷ ᠳᠠᠪᠲᠠᠮᠵᠢᠲᠤ ᠬᠠᠤᠯᠢ᠎ᠠᠴᠠ ᠵᠥᠷᠢᠴᠡᠭᠰᠡᠨ ᠬᠡᠷᠡᠭ ᠶᠠᠪᠤᠳᠠᠯ ᠵᠡᠷᠭᠡ ᠵᠢ ᠵᠠᠳᠠᠯᠤᠨ ᠰᠤᠳᠤᠯᠵᠤ ᠮᠠᠭ᠋ᠠᠳᠯᠠᠨ᠂ ᠬᠠᠤᠯᠢ᠎ᠠᠴᠠ ᠵᠥᠷᠢᠴᠡᠭᠰᠡᠨ ᠲᠦᠭᠰᠢᠭᠦᠷᠢ ᠵᠢ ᠤᠷᠢᠳᠴᠢᠯᠠᠨ ᠰᠡᠷᠡᠮᠵᠢᠯᠡᠭᠦᠯᠬᠦ ᠲᠠᠰ ᠬᠤᠪᠢᠶᠠᠭᠰᠠᠨ ᠨᠠᠷᠢᠨ ᠬᠠᠭᠤᠳᠠᠰᠤ ᠵᠢ ᠪᠣᠶ ᠪᠣᠯᠭ᠋ᠠᠵᠤ᠂ ᠠᠵᠢᠯ ᠲᠥᠷᠥᠯ᠎ᠤᠨ ᠨᠡᠶ᠋ᠢᠭᠡᠮᠯᠢᠭ᠂ ᠡᠵᠡᠩᠨᠡᠯᠲᠡ ᠵᠢᠨ ᠭᠤᠤᠯ ᠴᠣᠭᠴᠠ᠎ᠳᠤ ᠴᠠᠭ ᠲᠤᠬᠠᠶ᠎ᠳᠤᠨᠢ 《ᠬᠠᠤᠯᠢ᠎ᠠᠴᠠ ᠵᠥᠷᠢᠴᠡᠭᠰᠡᠨ ᠲᠦᠭᠰᠢᠭᠦᠷᠢ ᠵᠢ ᠤᠷᠢᠳᠴᠢᠯᠠᠨ ᠰᠡᠷᠡᠮᠵᠢᠯᠡᠭᠦᠯᠬᠦ ᠰᠠᠨᠠᠭᠤᠯᠤᠮᠵᠢ ᠵᠢᠨ ᠪᠢᠴᠢᠭ》᠎ᠢ ᠨᠡᠶ᠋ᠢᠲᠡᠯᠡᠵᠦ᠂ ᠲᠦᠭᠰᠢᠭᠦᠷᠢ ᠵᠢᠨ ᠠᠭᠤᠯᠭ᠎ᠠ ᠵᠢᠨ ᠵᠡᠷᠭᠡ ᠳᠡᠰ᠎ᠢ ᠦᠨᠳᠦᠰᠦᠯᠡᠨ ᠨᠡᠶ᠋ᠢᠭᠡᠮ᠎ᠳᠤ ᠬᠠᠮᠲᠤ ᠳᠤ ᠨᠢ ᠵᠠᠷᠯᠠᠨ ᠨᠡᠶ᠋ᠢᠲᠡᠯᠡᠵᠦ ᠪᠣᠯᠤᠨ᠎ᠠ᠃ ᠡᠳᠦᠷ ᠲᠤᠲᠤᠮ᠎ᠤᠨ ᠬᠢᠨᠠᠯᠲᠠ ᠲᠠᠯᠪᠢᠵᠤ ᠪᠠᠶ᠋ᠢᠴᠠᠭ᠋ᠠᠬᠤ᠂ ᠬᠠᠷᠢᠭᠤ ᠰᠤᠷᠪᠤᠯᠵᠢᠯᠠᠬᠤ ᠵᠡᠷᠭᠡ ᠪᠠᠶ᠋ᠢᠳᠠᠯ᠎ᠢ ᠦᠨᠳᠦᠰᠦᠯᠡᠨ᠂ ᠡᠵᠡᠩᠨᠡᠯᠲᠡ ᠵᠢᠨ ᠭᠤᠤᠯ ᠴᠣᠭᠴᠠ ᠵᠢᠨ ᠥᠪᠡᠷᠮᠢᠴᠡ ᠴᠢᠨᠠᠷ᠎ᠤᠨ ᠠᠰᠠᠭᠤᠳᠠᠯ᠎ᠢ ᠲᠣᠭᠲᠠᠭ᠋ᠠᠯ᠎ᠳᠤ ᠨᠡᠶ᠋ᠢᠴᠡᠭᠦᠯᠦᠨ ᠵᠢᠯᠣᠭᠤᠳᠴᠤ᠂ 《ᠬᠠᠤᠯᠢ᠎ᠠᠴᠠ ᠵᠥᠷᠢᠴᠡᠭᠰᠡᠨ ᠲᠦᠭᠰᠢᠭᠦᠷᠢ ᠵᠢ ᠤᠷᠢᠳᠴᠢᠯᠠᠨ ᠰᠡᠷᠡᠮᠵᠢᠯᠡᠭᠦᠯᠵᠦ ᠰᠠᠨᠠᠭᠤᠯᠬᠤ ᠪᠢᠴᠢᠭ》᠎ᠢ ᠲᠠᠷᠬᠠᠭ᠋ᠠᠵᠤ᠂ ᠡᠰᠡᠬᠦᠯ᠎ᠡ ᠠᠮᠠ᠎ᠪᠠᠷ ᠰᠠᠨᠠᠭᠤᠯᠤᠨ ᠮᠡᠳᠡᠭᠳᠡᠬᠦ ᠵᠢᠨ ᠬᠠᠮᠲᠤ ᠬᠠᠤᠯᠢ ᠬᠡᠷᠡᠭᠵᠢᠭᠦᠯᠬᠦ ᠪᠢᠴᠢᠭ ᠬᠠᠷ᠎ᠠ᠎ᠳᠤ ᠲᠡᠮᠳᠡᠭᠯᠡᠵᠦ ᠥᠭᠭᠦᠨ᠎ᠡ᠃
5. 《ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ》 ᠬᠠᠷᠢᠭᠤᠴᠠᠯᠭ᠎ᠠ ᠵᠢᠨ ᠳᠦᠷᠢᠮ᠎ᠢ ᠭᠦᠨᠵᠡᠭᠡᠶ ᠨᠠᠢ᠌ᠳᠠᠪᠤᠷᠢᠵᠢᠭᠤᠯᠤᠨ᠎ᠠ᠃ ᠬᠠᠤᠯᠢ ᠲᠦᠭᠡᠮᠡᠯᠵᠢᠭᠦᠯᠬᠦ ᠬᠥᠮᠦᠵᠢᠯ᠎ᠢ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠪᠦᠬᠦ ᠶᠠᠪᠤᠴᠠ᠂ ᠡᠯ᠎ᠡ ᠭᠤᠭᠴᠤᠭ᠎ᠠ᠎ᠳᠤ ᠲᠤᠭᠤᠰᠢᠯᠠᠭᠤᠯᠤᠨ᠎ᠠ᠃ 《3 · 15》᠎ᠤ ᠬᠡᠷᠡᠭᠯᠡᠭᠴᠢᠳ᠎ᠤᠨ ᠡᠷᠬᠡ ᠠᠰᠢᠭ᠎ᠢ ᠬᠠᠮᠠᠭ᠋ᠠᠯᠠᠬᠤ ᠡᠳᠦᠷ᠂ 《4 · 26》᠎ᠤ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠤᠬᠠᠭᠤᠯᠭ᠎ᠠ ᠵᠢᠨ ᠭᠠᠷᠠᠭ᠂ ᠶᠠᠰᠤ ᠴᠢᠨᠠᠷ᠎ᠤᠨ ᠰᠠᠷ᠎ᠠ᠂ ᠢᠳᠡᠭᠡᠨ᠎ᠤ ᠠᠮᠤᠷ ᠲᠦᠪᠰᠢᠨ᠎ᠤ ᠤᠬᠠᠭᠤᠯᠭ᠎ᠠ ᠵᠢᠨ ᠭᠠᠷᠠᠭ ᠵᠡᠷᠭᠡ ᠴᠢᠬᠤᠯᠠ ᠴᠠᠭ᠎ᠤᠨ ᠵᠠᠩᠭᠢᠯᠠᠭ᠎ᠠ ᠵᠢᠨ ᠴᠡᠭ᠎ᠢ ᠠᠰᠢᠭᠯᠠᠨ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠢᠨ ᠬᠡᠯᠪᠡᠷᠢ᠂ ᠠᠭᠤᠯᠭ᠎ᠠ ᠵᠢ ᠪᠠᠶᠠᠯᠢᠭᠵᠢᠭᠤᠯᠵᠤ᠂ ᠡᠵᠡᠩᠨᠡᠯᠲᠡ ᠵᠢᠨ ᠪᠡᠶᠡᠴᠢ ᠴᠣᠭᠴᠠ ᠵᠢ ᠬᠥᠲᠥᠯᠥᠨ ᠵᠢᠯᠣᠭᠤᠳᠴᠤ ᠪᠠᠶ᠋ᠢᠭ᠋ᠠᠳ ᠤᠬᠠᠮᠰᠠᠷ᠎ᠠᠴᠠ᠎ᠪᠠᠨ ᠬᠠᠤᠯᠢ ᠵᠢ ᠰᠠᠬᠢᠭᠤᠯᠤᠨ᠎ᠠ᠃ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠵᠢᠨ ᠳᠤᠮᠳᠠ᠂ ᠡᠵᠡᠩᠨᠡᠯᠲᠡ ᠵᠢᠨ ᠭᠤᠤᠯ ᠴᠣᠭᠴᠠ᠎ᠳᠤ ᠣᠷᠣᠰᠢᠵᠤ ᠪᠠᠶ᠋ᠢᠭ᠎ᠠ ᠠᠰᠠᠭᠤᠳᠠᠯ᠎ᠢ ᠣᠯᠵᠤ ᠮᠡᠳᠡᠪᠡᠯ ᠴᠠᠭ ᠲᠤᠬᠠᠶ᠎ᠳᠤᠨᠢ ᠵᠥᠷᠢᠴᠡᠭᠰᠡᠨ ᠬᠠᠤᠯᠢ ᠲᠣᠭᠲᠠᠭ᠋ᠠᠯ᠎ᠢ᠎ᠨᠢ ᠵᠢᠭ᠋ᠠᠨ ᠭᠠᠷᠭ᠋ᠠᠵᠤ᠂ ᠲᠡᠳᠡᠨ᠎ᠢ ᠬᠥᠲᠥᠯᠦᠨ ᠵᠢᠯᠣᠭᠤᠳᠴᠤ ᠪᠠᠶ᠋ᠢᠭ᠋ᠠᠳ ᠬᠠᠤᠯᠢ ᠶᠣᠰᠣᠭ᠋ᠠᠷ ᠡᠵᠡᠩᠨᠡᠭᠦᠯᠦᠨ᠎ᠡ᠃ ᠶᠣᠰᠣ ᠬᠡᠯᠡᠬᠦ ᠮᠠᠶᠢᠭ ᠵᠶ᠋ᠠᠷ ᠬᠠᠤᠯᠢ ᠬᠡᠷᠡᠭᠵᠢᠭᠦᠯᠬᠦ ᠵᠢ ᠭᠦᠨᠵᠡᠭᠡᠶ ᠳᠡᠯᠭᠡᠷᠡᠭᠦᠯᠵᠦ᠂ ᠲᠤᠬᠠᠶ ᠵᠢᠨ ᠬᠥᠮᠦᠨ᠎ᠤ ᠲᠤᠭ᠋ᠠᠴᠢᠯᠳᠠ ᠪᠠ ᠵᠦᠪᠲᠦᠭᠡᠬᠦ ᠵᠢ ᠭᠦᠢ᠍ᠴᠡᠳ ᠰᠣᠨᠣᠰᠴᠤ᠂ ᠬᠠᠤᠯᠢ ᠬᠡᠷᠡᠭᠵᠢᠭᠦᠯᠬᠦ ᠪᠢᠴᠢᠭ ᠬᠠᠷ᠎ᠠ᠎ᠳᠤ ᠬᠡᠷᠡᠭ ᠵᠦᠢ᠂ ᠶᠣᠰᠣ ᠵᠦᠢ ᠪᠠ ᠬᠠᠤᠯᠢ ᠶᠣᠰᠣ ᠵᠢ ᠲᠣᠳᠣᠷᠬᠠᠶ ᠶᠠᠷᠢᠵᠤ᠂ ᠬᠠᠤᠯᠢ ᠬᠡᠷᠡᠭᠵᠢᠭᠦᠯᠬᠦ ᠠᠶᠤᠯ ᠲᠦᠭᠰᠢᠭᠦᠷᠢ ᠵᠢ ᠴᠢᠷᠮᠠᠶ᠋ᠢᠨ ᠰᠡᠷᠭᠡᠶ᠋ᠢᠯᠡᠬᠦ ᠪᠠ ᠠᠷᠢᠯᠭ᠋ᠠᠵᠤ᠂ ᠬᠡᠷᠡᠭ᠎ᠢ ᠳᠠᠭᠤᠰᠬᠠᠬᠤ᠂ ᠤᠴᠢᠷ ᠶᠠᠪᠤᠳᠠᠯ᠎ᠢ ᠳᠠᠭᠤᠰᠬᠠᠬᠤ᠂ ᠬᠥᠮᠦᠰ᠎ᠢ ᠡᠶᠡᠳᠡᠭᠦᠯᠬᠦ ᠵᠢ ᠪᠡᠶᠡᠯᠡᠭᠦᠯᠦᠨ᠎ᠡ᠃
6. ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠠᠤᠯᠢ ᠬᠡᠷᠡᠭᠵᠢᠭᠦᠯᠬᠦ ᠬᠡᠷᠡᠭ᠎ᠤᠨ ᠵᠢᠱ᠌ᠢᠶ᠎ᠡ ᠵᠢᠨ ᠬᠥᠮᠥᠷᠭᠡ ᠵᠢ ᠪᠠᠶ᠋ᠢᠭᠤᠯᠤᠨ᠎ᠠ᠃ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠡᠯ᠎ᠡ ᠬᠦᠷᠢᠶᠡᠨ᠎ᠤ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠴᠤᠭᠯᠠᠭᠤᠯᠵᠤ᠂ ᠬᠠᠤᠯᠢ ᠬᠡᠷᠡᠭᠵᠢᠭᠦᠯᠬᠦ ᠠᠵᠢᠯᠲᠠᠨ᠎ᠳᠤ ᠬᠡᠷᠡᠭ᠎ᠤᠨ ᠵᠢᠱ᠌ᠢᠶ᠎ᠡ ᠵᠢᠨ ᠵᠢᠯᠣᠭᠤᠳᠤᠯᠭ᠎ᠠ ᠬᠠᠩᠭ᠋ᠠᠵᠤ᠂ ᠬᠠᠮᠲᠤ ᠵᠢᠨ ᠲᠠᠨᠢᠯᠲᠠ᠎ᠲᠠᠢ ᠪᠣᠯᠵᠤ᠂ ᠲᠠᠰᠤᠯᠤᠯᠲᠠ ᠵᠢᠨ ᠬᠡᠮᠵᠢᠭᠦᠷ᠎ᠢ ᠨᠢᠭᠡᠳᠦᠯᠲᠡᠶ ᠪᠣᠯᠭ᠋ᠠᠬᠤ ᠵᠢ ᠲᠦᠯᠬᠢᠨ ᠠᠬᠢᠭᠤᠯᠵᠤ᠂ 《ᠨᠢᠭᠡ ᠲᠥᠷᠥᠯ᠎ᠤᠨ ᠬᠡᠷᠡᠭ᠎ᠢ ᠠᠳᠠᠯᠢ ᠰᠢᠢ᠍ᠳᠬᠡᠬᠦ 》 ᠬᠠᠷᠠᠯᠲᠠ ᠵᠢ ᠪᠡᠶᠡᠯᠡᠭᠦᠯᠦᠨ᠎ᠡ᠃
(ᠭᠤᠷᠪᠠ) ᠬᠡᠷᠡᠭ᠎ᠤᠨ ᠳᠤᠮᠳᠠᠬᠢ 《ᠬᠠᠨᠳᠤᠯᠭ᠋ᠠᠲᠤ ᠮᠠᠶᠢᠭ》᠎ᠤᠨ ᠬᠠᠤᠯᠢ ᠬᠡᠷᠡᠭᠵᠢᠭᠦᠯᠦᠯᠲᠡ ᠵᠢ ᠰᠠᠶ᠋ᠢᠲᠤᠷ ᠬᠢᠨ᠎ᠡ
7. ᠠᠵᠤ ᠠᠬᠤᠶ᠋ᠢᠯᠠᠯ᠎ᠳᠤ ᠬᠤᠯᠪᠣᠭᠳᠠᠬᠤ ᠪᠠᠶ᠋ᠢᠴᠠᠭ᠋ᠠᠯᠲᠠ ᠵᠢ ᠵᠢᠷᠤᠮᠵᠢᠭᠤᠯᠤᠨ᠎ᠠ᠃ ᠬᠠᠤᠯᠢ᠎ᠪᠠᠷ ᠵᠠᠰᠠᠬᠤ ᠬᠢᠨᠠᠯᠲᠠ ᠬᠠᠮᠢᠶᠠᠷᠤᠯᠲᠠ᠂ ᠢᠲᠡᠭᠡᠮᠵᠢ ᠵᠢᠨ ᠬᠢᠨᠠᠯᠲᠠ ᠬᠠᠮᠢᠶᠠᠷᠤᠯᠲᠠ᠂ ᠣᠶᠤᠨᠴᠢ ᠬᠢᠨᠠᠯᠲᠠ ᠬᠠᠮᠢᠶᠠᠷᠤᠯᠲᠠ ᠵᠢ ᠰᠢᠰᠲ᠋ᠧᠮ᠎ᠲᠠᠢ᠎ᠪᠠᠷ ᠠᠬᠢᠭᠤᠯᠵᠤ᠂ 《ᠬᠤᠶᠠᠷ᠎ᠢ ᠲᠠᠰᠢᠷᠠᠮ ᠵᠶ᠋ᠠᠷ᠂ ᠨᠢᠭᠡ ᠵᠢ ᠢᠯᠡ ᠪᠣᠯᠭ᠋ᠠᠬᠤ》 ᠬᠢᠨᠠᠯᠲᠠ ᠬᠠᠮᠢᠶᠠᠷᠤᠯᠲᠠ ᠪᠠ ᠢᠲᠡᠭᠡᠮᠵᠢ ᠵᠢᠨ ᠬᠢᠨᠠᠯᠲᠠ ᠬᠠᠮᠢᠶᠠᠷᠤᠯᠲᠠ ᠵᠢᠨ ᠭᠦᠨᠵᠡᠭᠡᠶ ᠠᠭᠤᠰᠤᠯᠴᠠᠯ᠎ᠢ ᠠᠬᠢᠭᠤᠯᠤᠨ᠂ ᠢᠲᠡᠭᠡᠮᠵᠢ ᠵᠢᠨ ᠲᠥᠷᠥᠯ ᠠᠩᠭᠢᠯᠠᠯ ᠵᠶ᠋ᠠᠷ ᠰᠠᠭᠤᠷᠢ ᠪᠣᠯᠭ᠋ᠠᠭᠰᠠᠨ ᠨᠠᠷᠢᠯᠢᠭ ᠣᠨᠣᠪᠴᠢᠲᠠᠢ᠎ᠪᠠᠷ ᠬᠢᠨᠠᠨ ᠬᠠᠮᠢᠶᠠᠷᠬᠤ ᠵᠢ ᠪᠦᠷᠢᠨᠰᠢᠬᠦᠯᠵᠦ᠂ ᠵᠦᠷᠢᠶᠡᠴᠢᠯᠡᠭᠰᠡᠨ ᠬᠢᠨᠠᠨ ᠬᠠᠮᠢᠶᠠᠷᠬᠤ ᠦᠢ᠍ᠯᠡᠴᠢᠯᠡᠭᠡᠨ᠎ᠤ ᠵᠠᠭᠪᠤᠷ᠎ᠢ ᠪᠠᠢ᠌ᠭᠤᠯᠵᠤ᠂ ᠢᠲᠡᠭᠡᠮᠵᠢ ᠰᠠᠶ᠋ᠢᠨ ᠡᠵᠡᠩᠨᠡᠯᠲᠡ ᠵᠢᠨ ᠭᠤᠤᠯ ᠴᠣᠭᠴᠠ ᠵᠠᠰᠠᠭ ᠵᠠᠬᠢᠷᠭ᠋ᠠᠨ᠎ᠤ ᠵᠥᠪᠰᠢᠶᠡᠷᠡᠯ᠎ᠢ ᠭᠦᠢ᠍ᠴᠡᠳᠬᠡᠬᠦ᠎ᠳᠤ 《ᠳᠤᠲᠠᠭᠤ ᠵᠢ ᠭᠥᠯᠢᠶᠡᠨ ᠠᠪᠴᠤ ᠰᠢᠢ᠍ᠳᠪᠦᠷᠢᠯᠡᠬᠦ》 ᠦᠢ᠍ᠯᠡᠴᠢᠯᠡᠭᠡ ᠬᠠᠩᠭ᠋ᠠᠵᠤ᠂ 《ᠬᠤᠶᠠᠷ᠎ᠢ ᠲᠠᠰᠢᠷᠠᠮ ᠵᠶ᠋ᠠᠷ᠂ ᠨᠢᠭᠡ ᠵᠢ ᠢᠯᠡ ᠪᠣᠯᠭ᠋ᠠᠬᠤ》 ᠬᠢᠨᠠᠯᠲᠠ ᠬᠠᠮᠢᠶᠠᠷᠤᠯᠲᠠ ᠵᠢᠨ ᠳᠤᠮᠳᠠ ᠰᠤᠭᠤᠴᠢᠨ ᠪᠠᠶ᠋ᠢᠴᠠᠭ᠋ᠠᠬᠤ ᠤᠳᠠᠭ᠎ᠠ ᠵᠢ ᠪᠠᠭ᠋ᠠᠰᠬᠠᠬᠤ ᠵᠢᠨ ᠬᠠᠮᠲᠤ ᠡᠯ᠎ᠡ ᠲᠥᠷᠥᠯ᠎ᠤᠨ ᠰᠢᠯᠭ᠋ᠠᠷᠠᠭᠤᠯᠬᠤ᠂ ᠬᠥᠬᠢᠭᠦᠯᠦᠨ ᠰᠠᠶ᠋ᠢᠰᠢᠶᠠᠬᠤ᠂ ᠮᠠᠭ᠋ᠠᠳᠯᠠᠨ ᠲᠣᠭᠲᠠᠭ᠋ᠠᠬᠤ ᠵᠡᠷᠭᠡ ᠢᠷᠠᠭᠤ ᠠᠯᠳᠠᠷ᠎ᠤᠨ ᠵᠦᠢ᠍ᠯᠡᠰ᠎ᠢ ᠭᠤᠶᠤᠴᠢᠯᠠᠨ ᠮᠡᠳᠡᠭᠦᠯᠬᠦ᠎ᠳᠤ ᠣᠷᠣᠯᠴᠠᠬᠤ ᠵᠢ ᠳᠡᠮᠵᠢᠵᠦ᠂ ᠵᠥᠪ ᠴᠢᠭᠯᠡᠯ ᠵᠶ᠋ᠠᠷ ᠤᠷᠮᠠᠰᠢᠭᠤᠯᠬᠤ ᠵᠢ ᠬᠡᠷᠡᠭᠵᠢᠭᠦᠯᠦᠨ᠎ᠡ᠃ ᠣᠯᠠᠨ ᠲᠠᠯ᠎ᠠ᠎ᠠᠴᠠ ᠬᠠᠤᠯᠢ ᠬᠡᠷᠡᠭᠵᠢᠭᠦᠯᠬᠦ᠂ ᠳᠠᠪᠬᠤᠷᠳᠠᠭᠤᠯᠤᠨ ᠪᠠᠶ᠋ᠢᠴᠠᠭ᠋ᠠᠬᠤ ᠠᠴᠠ ᠵᠠᠶ᠋ᠢᠯᠠᠰᠬᠢᠵᠦ᠂ 《ᠤᠴᠢᠷ ᠦᠭᠡᠢ ᠪᠣᠯ ᠬᠠᠷᠰᠢᠯᠠᠬᠤ ᠦᠭᠡᠢ》 ᠮᠥᠷᠲᠡᠭᠡᠨ 《ᠭᠠᠵᠠᠷ ᠪᠣᠯᠭ᠋ᠠᠨ᠎ᠳᠤ ᠪᠠᠢ᠌ᠬᠤ》 ᠵᠢ ᠪᠡᠶᠡᠯᠡᠭᠦᠯᠦᠨ᠎ᠡ᠃ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ 《ᠭᠤᠷᠪᠠᠨ ᠵᠦᠢ᠍ᠯ᠎ᠤᠨ ᠳᠦᠷᠢᠮ》᠎ᠢ ᠴᠢᠩᠭ᠎ᠠ ᠨᠠᠶ᠋ᠢᠳᠠᠪᠤᠷᠢᠵᠢᠭᠤᠯᠵᠤ᠂ ᠲᠤᠬᠠᠶ ᠵᠢᠨ ᠭᠠᠵᠠᠷ᠎ᠲᠤᠨᠢ ᠪᠠᠢ᠌ᠴᠠᠭ᠋ᠠᠵᠤ ᠬᠠᠤᠯᠢ ᠬᠡᠷᠡᠭᠵᠢᠭᠦᠯᠬᠦ ᠦᠢ᠍ᠯᠡ ᠠᠵᠢᠯᠯᠠᠭ᠎ᠠ ᠵᠢ ᠵᠢᠷᠤᠮᠵᠢᠭᠤᠯᠤᠨ᠎ᠠ᠃
8. ᠵᠢᠯᠣᠭᠤᠳᠬᠤ ᠠᠷᠭ᠎ᠠ ᠮᠠᠶᠢᠭ᠎ᠢ ᠣᠯᠠᠨ ᠶᠠᠩᠵᠤᠴᠢᠯᠠᠬᠤ ᠵᠢ ᠴᠢᠬᠤᠯᠠᠴᠢᠯᠠᠨ᠎ᠠ᠃ ᠵᠠᠰᠠᠭ ᠵᠠᠬᠢᠷᠭ᠋ᠠᠨ᠎ᠤ ᠬᠠᠪᠰᠤᠷᠤᠨ ᠵᠢᠯᠣᠭᠤᠳᠬᠤ᠂ ᠵᠠᠰᠠᠭ ᠵᠠᠬᠢᠷᠭ᠋ᠠᠨ᠎ᠤ ᠰᠠᠨᠠᠭᠤᠯᠭ᠎ᠠ᠂ ᠵᠠᠰᠠᠭ ᠵᠠᠬᠢᠷᠭ᠋ᠠᠨ᠎ᠤ ᠰᠡᠷᠡᠮᠵᠢᠯᠡᠭᠦᠯᠬᠦ᠂ ᠵᠠᠰᠠᠭ ᠵᠠᠬᠢᠷᠭ᠋ᠠᠨ᠎ᠤ ᠰᠠᠨᠠᠭᠤᠯᠭ᠎ᠠ᠂ ᠵᠠᠰᠠᠭ ᠵᠠᠬᠢᠷᠭ᠋ᠠᠨ᠎ᠤ ᠪᠣᠯᠵᠣᠨ ᠶᠠᠷᠢᠯᠴᠠᠬᠤ᠂ ᠵᠠᠰᠠᠭ ᠵᠠᠬᠢᠷᠭ᠋ᠠᠨ᠎ᠤ ᠵᠢᠱ᠌ᠢᠶ᠎ᠡ ᠦᠵᠡᠭᠦᠯᠬᠦ ᠵᠡᠷᠭᠡ ᠠᠯᠪᠠᠳᠠᠯᠭ᠎ᠠ ᠵᠢᠨ ᠪᠤᠰᠤ ᠠᠷᠭ᠎ᠠ ᠬᠡᠮᠵᠢᠶ᠎ᠡ ᠵᠢ ᠥᠷᠭᠡᠨ ᠵᠶ᠋ᠠᠷ ᠬᠡᠷᠡᠭᠯᠡᠵᠦ᠂ ᠡᠵᠡᠩᠨᠡᠯᠲᠡ ᠵᠢᠨ ᠭᠤᠤᠯ ᠴᠣᠭᠴᠠ ᠵᠢᠨ ᠬᠠᠤᠯᠢ ᠲᠣᠭᠲᠠᠭ᠋ᠠᠯ᠎ᠳᠤ ᠨᠡᠶ᠋ᠢᠴᠡᠭᠦᠯᠦᠨ ᠡᠵᠡᠩᠨᠡᠬᠦ ᠵᠢ ᠢᠳᠡᠪᠬᠢᠲᠡᠶ᠎ᠪᠠᠷ ᠬᠥᠲᠥᠯᠦᠨ ᠵᠢᠯᠣᠭᠤᠳᠴᠤ᠂ ᠲᠡᠭᠦᠨ᠎ᠤ ᠡᠵᠡᠩᠨᠡᠯᠲᠡ ᠵᠢᠨ ᠭᠤᠤᠯ ᠴᠣᠭᠴᠠ ᠵᠢᠨ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢ ᠰᠢᠮᠳᠠᠭᠤᠯᠤᠨ ᠵᠢᠯᠣᠭᠤᠳᠴᠤ᠂ ᠲᠡᠳᠡᠨ᠎ᠢ ᠬᠠᠪᠰᠤᠷᠤᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠤᠷᠢᠳᠴᠢᠯᠠᠨ ᠰᠡᠷᠭᠡᠶ᠋ᠢᠯᠡᠬᠦ ᠪᠠ ᠵᠠᠯᠠᠷᠠᠭᠤᠯᠤᠨ᠎ᠠ᠃
9. 《ᠥᠯᠥ ᠲᠣᠷᠭ᠋ᠠᠬᠤ》 《ᠠᠯᠪᠠᠳᠠᠯᠭ᠎ᠠ ᠵᠢᠨ ᠠᠷᠭ᠎ᠠ ᠬᠡᠮᠵᠢᠶ᠎ᠡ ᠠᠪᠬᠤ ᠦᠭᠡᠢ》 ᠵᠡᠷᠭᠡ ᠨᠠᠷᠢᠨ ᠬᠠᠭᠤᠳᠠᠰᠤ ᠵᠢᠨ ᠲᠦᠷᠢᠮ ᠢ ᠴᠢᠩᠭ᠎ᠠ ᠨᠠᠶ᠋ᠢᠳᠠᠪᠤᠷᠢᠵᠢᠭᠤᠯᠤᠨ᠎ᠠ᠃ ᠬᠠᠤᠯᠢ ᠴᠠᠭ᠋ᠠᠵᠠ ᠵᠢᠨ ᠲᠣᠭᠲᠠᠭ᠋ᠠᠯ ᠪᠣᠯᠤᠨ ᠬᠠᠤᠯᠢ᠎ᠠᠴᠠ ᠵᠥᠷᠢᠴᠡᠭᠰᠡᠨ ᠪᠣᠳᠠᠲᠤ ᠬᠡᠷᠡᠭ᠎ᠢ ᠴᠢᠩᠭ᠎ᠠ ᠵᠢᠷᠤᠮᠯᠠᠨ ᠵᠣᠭᠣᠰ ᠲᠣᠷᠭ᠋ᠠᠬᠤ ᠵᠢ ᠬᠡᠷᠡᠭᠵᠢᠭᠦᠯᠵᠦ᠂ ᠳᠤᠷ᠎ᠠ᠎ᠪᠠᠷ᠎ᠨᠢ ᠬᠠᠮᠤᠭ ᠶᠡᠬᠡ᠎ᠪᠠᠷ ᠪᠤᠶᠤ ᠥᠨᠳᠥᠷ ᠲᠣᠭ᠎ᠠ᠎ᠪᠠᠷ ᠵᠣᠭᠣᠰ ᠲᠣᠷᠭ᠋ᠠᠵᠤ ᠪᠣᠯᠬᠤ ᠦᠭᠡᠶ᠂ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠦᠨᠡᠮᠰᠢᠨ ᠲᠣᠭᠲᠠᠭ᠋ᠠᠬᠤ ᠪᠠᠷᠢᠮᠵᠢᠶ᠎ᠠ ᠵᠢ ᠳᠤᠷ᠎ᠠ᠎ᠪᠠᠷ ᠵᠶ᠋ᠠᠨ ᠪᠠᠭᠤᠷᠠᠭᠤᠯᠵᠤ ᠪᠣᠯᠬᠤ ᠦᠭᠡᠶ᠂ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠦᠨᠡᠮᠰᠢᠨ ᠲᠣᠭᠲᠠᠭ᠋ᠠᠬᠤ ᠬᠡᠪᠴᠢᠶ᠎ᠡ ᠵᠢ ᠳᠤᠷ᠎ᠠ᠎ᠪᠠᠷ ᠵᠶ᠋ᠠᠨ ᠥᠷᠭᠡᠳᠬᠡᠵᠦ ᠪᠣᠯᠬᠤ ᠦᠭᠡᠶ᠃ ᠬᠠᠤᠯᠢ ᠵᠢ ᠬᠥᠩᠭᠡᠪᠲᠦᠷ ᠵᠥᠷᠢᠴᠡᠭᠰᠡᠨ᠎ᠢ ᠰᠢᠢ᠍ᠳᠬᠡᠯ᠎ᠠᠴᠠ ᠬᠡᠯᠲᠦᠷᠢᠭᠦᠯᠬᠦ ᠨᠠᠷᠢᠨ ᠬᠠᠭᠤᠳᠠᠰᠤ᠎ᠳᠤ ᠬᠥᠳᠡᠯᠦᠩᠭᠦᠶ᠎ᠪᠠᠷ ᠲᠣᠬᠢᠷᠠᠭᠤᠯᠤᠯᠲᠠ ᠬᠢᠵᠦ᠂ ᠬᠠᠤᠯᠢ ᠵᠢ ᠬᠥᠩᠭᠡᠪᠲᠦᠷ ᠵᠥᠷᠢᠴᠡᠭᠰᠡᠨ ᠪᠣᠯ ᠰᠢᠢ᠍ᠳᠬᠡᠨ ᠲᠣᠷᠭ᠋ᠠᠬᠤ ᠥᠬᠡᠶ᠂ ᠠᠩᠬ᠎ᠠ ᠵᠥᠷᠢᠴᠡᠪᠡᠯ ᠲᠣᠷᠭ᠋ᠠᠬᠤ ᠥᠬᠡᠶ ᠪᠠᠢ᠌ᠵᠤ ᠪᠣᠯᠬᠤ ᠵᠡᠷᠭᠡ ᠲᠦᠷᠢᠮ᠎ᠢ ᠬᠡᠷᠡᠭᠵᠢᠭᠦᠯᠵᠦ᠂ ᠬᠥᠩᠭᠡᠷᠡᠭᠦᠯᠦᠨ ᠰᠢᠢ᠍ᠳᠬᠡᠬᠦ᠂ ᠲᠣᠷᠭ᠋ᠠᠬᠤ ᠦᠭᠡᠢ ᠡᠷᠬᠡ ᠵᠢ ᠰᠠᠶ᠋ᠢᠲᠤᠷ ᠬᠡᠷᠡᠭᠯᠡᠨ᠎ᠡ᠃ ᠬᠠᠤᠯᠢ᠎ᠠᠴᠠ ᠵᠥᠷᠢᠴᠡᠭᠰᠡᠨ ᠭᠤᠤᠯ ᠴᠣᠭᠴᠠ ᠵᠢᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ᠎ᠳᠤ ᠬᠤᠯᠪᠣᠭᠳᠠᠭᠰᠠᠨ ᠪᠠᠶ᠋ᠢᠪᠠᠯ᠂ ᠴᠠᠭ ᠲᠤᠬᠠᠶ᠎ᠳᠤᠨᠢ ᠮᠥᠷᠳᠡᠨ ᠬᠢᠨᠠᠨ ᠪᠠᠶ᠋ᠢᠴᠠᠭ᠋ᠠᠵᠤ᠂ ᠵᠠᠰᠠᠭ ᠵᠠᠬᠢᠷᠭ᠋ᠠᠨ᠎ᠤ ᠵᠢᠯᠣᠭᠤᠳᠣᠯᠭ᠎ᠠ ᠵᠢ ᠰᠠᠶ᠋ᠢᠲᠤᠷ ᠬᠢᠵᠦ᠂ ᠲᠣᠷᠭ᠋ᠠᠬᠤ᠎ᠠᠴᠠ ᠬᠡᠯᠲᠦᠷᠢᠭᠦᠯᠵᠦ ᠬᠠᠷᠢᠭᠤᠴᠠᠯᠭ᠎ᠠ᠎ᠠᠴᠠ ᠬᠡᠯᠲᠦᠷᠢᠭᠦᠯᠬᠦ ᠦᠭᠡᠢ ᠪᠠᠶ᠋ᠢᠬᠤ ᠵᠢ ᠦᠨᠡᠨ ᠬᠦ᠌ ᠪᠠᠲᠤᠯᠠᠵᠤ᠂ ᠲᠣᠷᠭ᠋ᠠᠬᠤ᠎ᠠᠴᠠ ᠭᠡᠯᠳᠦᠷᠢᠭᠦᠯᠬᠦ᠂ ᠴᠡᠭᠴᠡᠯᠡᠨ ᠰᠠᠶ᠋ᠢᠵᠢᠷᠠᠭᠤᠯᠬᠤ᠂ ᠵᠢᠷᠤᠮᠵᠢᠭᠤᠯᠬᠤ ᠠᠵᠢᠯ᠎ᠤᠨ ᠪᠢᠲᠡᠭᠦᠦ ᠴᠠᠭ᠋ᠠᠷᠢᠭ᠎ᠢ ᠪᠣᠶ ᠪᠣᠯᠭ᠋ᠠᠨ᠎ᠠ᠃ ᠥᠯᠥ ᠰᠢᠢ᠍ᠳᠬᠡᠬᠦ ᠲᠣᠭᠲᠠᠭ᠋ᠠᠯ᠎ᠤᠨ ᠪᠢᠴᠢᠭ ᠵᠣᠬᠢᠶᠠᠬᠤ᠎ᠳᠤ᠎ᠪᠠᠨ ᠬᠡᠷᠡᠭ᠎ᠤᠨ ᠪᠣᠳᠠᠲᠤ ᠶᠠᠪᠤᠳᠠᠯ᠂ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠂ ᠥᠯᠥ ᠰᠢᠢ᠍ᠳᠬᠡᠬᠦ ᠦᠨᠳᠦᠰᠦ ᠪᠠᠷᠢᠮᠲᠠ ᠪᠠ ᠤᠴᠢᠷ ᠰᠢᠯᠲᠠᠭ᠋ᠠᠨ᠂ ᠠᠪᠤᠷᠠᠨ ᠲᠤᠰᠠᠯᠠᠬᠤ ᠠᠷᠭ᠎ᠠ ᠵᠠᠮ ᠵᠡᠷᠭᠡ ᠠᠭᠤᠯᠭ᠎ᠠ ᠵᠢ ᠵᠢᠭ᠋ᠠᠨ ᠭᠠᠷᠭ᠋ᠠᠨ᠎ᠠ᠃
10. 《ᠬᠦᠨᠳᠦ ᠵᠥᠷᠢᠴᠡᠭᠰᠡᠨ᠎ᠢ ᠴᠢᠩᠭ᠎ᠠ ᠰᠢᠢ᠍ᠳᠬᠡᠬᠦ》 ᠵᠢ ᠪᠠᠷᠢᠮᠲᠠᠯᠠᠨ᠎ᠠ᠃ ᠠᠷᠠᠳ ᠣᠯᠠᠨ᠎ᠤ ᠠᠮᠢ ᠨᠠᠰᠤ ᠡᠷᠡᠭᠦᠯ ᠮᠡᠨᠳᠦ ᠪᠠ ᠡᠳ᠋ ᠬᠥᠷᠥᠩᠭᠡ ᠵᠢᠨ ᠠᠮᠤᠷ ᠲᠦᠪᠰᠢᠨ᠎ᠢ ᠬᠦᠨᠳᠦ ᠨᠣᠴᠢᠲᠠᠶ ᠬᠤᠬᠢᠷᠠᠭᠤᠯᠤᠭᠰᠠᠨ᠂ ᠣᠯᠠᠨ ᠨᠡᠶ᠋ᠢᠲᠡ ᠵᠢᠨ ᠠᠰᠢᠭ ᠲᠤᠰᠠ ᠵᠢ ᠬᠤᠬᠢᠷᠠᠭᠤᠯᠤᠭᠰᠠᠨ᠂ ᠨᠡᠶ᠋ᠢᠭᠡᠮ᠎ᠳᠤ ᠮᠠᠭᠤ ᠨᠥᠯᠥᠭᠡ ᠦᠵᠡᠭᠦᠯᠦᠭᠰᠡᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠡᠷᠡᠰ ᠰᠢᠭᠤᠷᠬᠠᠶ᠎ᠪᠠᠷ 《ᠬᠤᠷᠴᠠ ᠰᠡᠯᠡᠮ᠎ᠡ》 ᠭᠠᠷᠭ᠋ᠠᠵᠤ᠂ ᠬᠦᠴᠦᠲᠡᠶ ᠴᠣᠬᠢᠯᠲᠠ ᠥᠭᠭᠦᠨ᠎ᠡ᠃ ᠣᠷᠣᠨ ᠪᠦᠰᠡ ᠵᠢᠨ ᠴᠢᠨᠠᠷᠲᠠᠶ᠂ ᠠᠵᠢᠯ ᠲᠥᠷᠥᠯ᠎ᠤᠨ ᠴᠢᠨᠠᠷᠲᠠᠶ ᠲᠣᠪᠤᠶ᠋ᠢᠮ᠎ᠠ ᠠᠰᠠᠭᠤᠳᠠᠯ᠎ᠢ ᠭᠤᠤᠯᠳᠠᠯᠭ᠎ᠠ᠎ᠲᠠᠢ ᠴᠡᠭᠴᠡᠯᠡᠨ ᠵᠠᠰᠠᠵᠤ᠂ ᠦᠨᠳᠦᠰᠦ ᠵᠢ᠎ᠨᠢ ᠠᠷᠢᠯᠭ᠋ᠠᠨ᠎ᠠ᠃ ᠢᠳᠡᠭᠡᠨ᠂ ᠡᠮ᠎ᠤᠨ ᠵᠦᠢ᠍ᠯ᠂ ᠣᠨᠴᠠ ᠲᠥᠷᠥᠯ᠎ᠤᠨ ᠲᠣᠨᠤᠭ ᠲᠥᠬᠦᠭᠡᠷᠦᠮᠵᠢ ᠪᠠ ᠠᠵᠤ ᠦᠢ᠍ᠯᠡᠳᠪᠦᠷᠢ ᠵᠢᠨ ᠦᠢ᠍ᠯᠡᠳᠬᠦᠨ ᠵᠡᠷᠭᠡ ᠭᠤᠣᠯᠳᠠᠯᠭ᠎ᠠ᠎ᠲᠠᠢ ᠦᠢ᠍ᠯᠡᠳᠬᠦᠨ ᠪᠠ ᠭᠤᠣᠯᠳᠠᠯᠭ᠎ᠠ᠎ᠲᠠᠢ ᠬᠦᠷᠢᠶᠡᠨ᠎ᠳᠤ 《ᠳᠥᠷᠪᠡᠨ ᠬᠠᠮᠤᠭ᠎ᠤᠨ ᠴᠢᠩᠭ᠎ᠠ》 ᠪᠠ 《ᠭᠤᠷᠪᠠ ᠵᠢ ᠬᠠᠮᠢᠶᠠᠷᠬᠤ᠎ᠳᠤ ᠭᠤᠷᠪᠠ ᠵᠢ ᠡᠷᠬᠡᠪᠰᠢ ᠭᠦᠢ᠍ᠴᠡᠳᠬᠡᠬᠦ》 ᠵᠢᠨ ᠱᠠᠭ᠋ᠠᠷᠳᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠴᠢᠨᠠᠷ ᠰᠠᠶ᠋ᠢᠲᠠᠢ ᠬᠥᠭᠵᠢᠯᠲᠡ ᠵᠢᠨ ᠠᠮᠤᠷ ᠲᠦᠪᠰᠢᠨ᠎ᠤ ᠬᠠᠯᠬᠠᠪᠴᠢ ᠵᠢ ᠡᠷᠡᠰ ᠪᠠᠲᠤ ᠪᠠᠶ᠋ᠢᠭᠤᠯᠤᠨ᠎ᠠ᠃
11. 《ᠠᠯᠳᠠᠭ᠎ᠠ ᠰᠢᠢ᠍ᠳᠬᠡᠯ᠎ᠨᠢ ᠲᠣᠬᠢᠷᠠᠬᠤ 》 ᠵᠢ ᠪᠠᠷᠢᠮᠲᠠᠯᠠᠨ᠎ᠠ᠃ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠲᠠᠰᠤᠯᠤᠯᠲᠠ ᠵᠢᠨ ᠡᠷᠬᠡ ᠵᠢᠨ ᠬᠡᠷᠡᠭᠯᠡᠬᠦ ᠲᠦᠷᠢᠮ ᠪᠠ ᠦᠨᠳᠦᠰᠦᠨ ᠪᠠᠷᠢᠮᠵᠢᠶ᠎ᠠ ᠵᠢᠨ ᠲᠦᠷᠢᠮ᠎ᠢ ᠪᠥᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠬᠠᠤᠯᠢ ᠶᠣᠰᠣᠭ᠋ᠠᠷ ᠲᠠᠰᠤᠯᠬᠤ᠂ ᠨᠢᠭᠡ ᠲᠥᠷᠥᠯ᠎ᠤᠨ ᠬᠡᠷᠡᠭ᠎ᠢ ᠠᠳᠠᠯᠢ ᠰᠢᠢ᠍ᠳᠬᠡᠬᠦ ᠵᠢ ᠪᠠᠷᠢᠮᠲᠠᠯᠠᠨ᠎ᠠ᠃ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢᠨ ᠪᠣᠳᠠᠲᠤ ᠬᠡᠷᠡᠭ᠂ ᠰᠢᠨᠵᠢ ᠴᠢᠨᠠᠷ᠂ ᠦᠢ᠍ᠯᠡ ᠪᠠᠶ᠋ᠢᠳᠠᠯ ᠵᠢᠴᠢ ᠨᠡᠶ᠋ᠢᠭᠡᠮ᠎ᠳᠤ ᠤᠴᠠᠷᠠᠭᠤᠯᠤᠭᠰᠠᠨ ᠬᠤᠤᠷ ᠬᠥᠨᠥᠭᠡᠯ᠎ᠤᠨ ᠬᠡᠮᠵᠢᠶ᠎ᠡ ᠵᠡᠷᠭᠡ ᠵᠢ ᠶᠡᠷᠦᠩᠬᠡᠶ᠋ᠢᠯᠡᠨ ᠪᠣᠳᠣᠯᠬᠢᠯᠠᠬᠤ ᠵᠢ ᠪᠠᠷᠢᠮᠲᠠᠯᠠᠵᠤ᠂ ᠡᠵᠡᠩᠨᠡᠯᠲᠡ ᠵᠢᠨ ᠭᠤᠤᠯ ᠴᠣᠭᠴᠠ᠎ᠳᠤ ᠬᠠᠮᠤᠭ᠎ᠤᠨ ᠪᠠᠭ᠎ᠠ ᠬᠤᠬᠢᠷᠠᠯ ᠤᠴᠠᠷᠠᠭᠤᠯᠬᠤ᠂ ᠦᠷ᠎ᠡ ᠪᠦᠲᠦᠮᠵᠢ᠎ᠪᠠᠷ ᠬᠠᠮᠤᠭ᠎ᠤᠨ ᠰᠠᠶ᠋ᠢᠨ ᠠᠷᠭ᠎ᠠ ᠮᠠᠶᠢᠭ ᠵᠶ᠋ᠠᠷ ᠰᠢᠢ᠍ᠳᠬᠡᠨ ᠲᠣᠷᠭ᠋ᠠᠬᠤ ᠵᠢ ᠬᠡᠷᠡᠭᠵᠢᠭᠦᠯᠵᠦ᠂ ᠬᠡᠲᠦ ᠬᠥᠩᠭᠡᠨ ᠬᠡᠲᠦ ᠬᠦᠨᠳᠦ᠂ ᠪᠠᠭ᠎ᠠ ᠠᠯᠳᠠᠭ᠎ᠠ ᠵᠢ ᠬᠦᠨᠳᠦ᠎ᠪᠠᠷ ᠲᠣᠷᠭ᠋ᠠᠵᠤ ᠪᠣᠯᠬᠤ ᠦᠭᠡᠢ᠂ ᠢᠯᠭ᠋ᠠᠭ᠎ᠠ᠎ᠲᠠᠢ ᠬᠠᠨᠳᠤᠬᠤ ᠦᠭᠡᠢ᠂ ᠡᠷᠬᠡ ᠲᠡᠭᠰᠢ ᠲᠥᠪ ᠭᠤᠣᠯᠴᠢ ᠪᠠᠶ᠋ᠢᠬᠤ ᠵᠢ ᠪᠡᠶᠡᠯᠡᠭᠦᠯᠦᠨ᠎ᠡ᠃
12. 《ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠲᠣᠭᠲᠠᠭ᠋ᠠᠯ᠎ᠤᠨ ᠪᠢᠴᠢᠭ》 ᠪᠠ 《ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠮᠡᠳᠡᠭᠡ ᠵᠠᠩᠭᠢ ᠵᠢᠨ ᠢᠲᠡᠭᠡᠮᠵᠢ ᠵᠢ ᠰᠡᠷᠭᠦᠭᠡᠬᠦ ᠮᠡᠳᠡᠭᠳᠡᠯ᠎ᠤᠨ ᠪᠢᠴᠢᠭ》᠎ᠢ ᠵᠡᠷᠭᠡ᠎ᠪᠡᠷ ᠬᠦᠷᠭᠡᠨ᠎ᠡ᠃ ᠡᠵᠡᠩᠨᠡᠯᠲᠡ ᠵᠢᠨ ᠭᠤᠤᠯ ᠴᠣᠭᠴᠠ ᠵᠢᠨ ᠢᠲᠡᠭᠡᠮᠵᠢ ᠵᠢ ᠰᠡᠷᠭᠦᠭᠡᠬᠦ ᠠᠵᠢᠯ᠎ᠤᠨ ᠴᠤᠪᠤᠷᠠᠯ᠂ ᠵᠠᠷᠯᠠᠨ ᠨᠡᠶ᠋ᠢᠲᠡᠯᠡᠬᠦ ᠱᠠᠭ᠋ᠠᠷᠳᠠᠯᠭ᠎ᠠ ᠵᠡᠷᠭᠡ ᠠᠭᠤᠯᠭ᠎ᠠ ᠵᠢ ᠰᠠᠨᠠᠭ᠋ᠠᠴᠢᠯᠠᠭ᠎ᠠ᠎ᠠᠴᠠ᠎ᠪᠠᠨ ᠮᠡᠳᠡᠭᠳᠡᠵᠦ᠂ ᠲᠣᠳᠣᠷᠬᠠᠶ ᠢᠲᠡᠭᠡᠮᠵᠢ ᠵᠢᠨ ᠰᠡᠷᠭᠦᠭᠡᠯᠲᠡ ᠵᠢᠨ ᠵᠢᠯᠣᠭᠤᠳᠣᠯᠭ᠎ᠠ ᠬᠠᠩᠭ᠋ᠠᠵᠤ᠂ ᠡᠵᠡᠩᠨᠡᠯᠲᠡ ᠵᠢᠨ ᠭᠤᠤᠯ ᠴᠣᠭᠴᠠ ᠵᠢ ᠬᠠᠪᠰᠤᠷᠤᠨ ᠴᠠᠭ ᠲᠤᠬᠠᠶ᠎ᠳᠤᠨᠢ ᠵᠠᠯᠠᠷᠠᠭᠤᠯᠵᠤ᠂ ᠢᠲᠡᠭᠡᠮᠵᠢ ᠵᠢ ᠳᠠᠬᠢᠨ ᠪᠣᠶ ᠪᠣᠯᠭ᠋ᠠᠵᠤ᠂ ᠠᠮᠢᠵᠢᠷᠠᠯ᠎ᠤᠨ ᠬᠦᠴᠦᠨ᠎ᠢ᠎ᠨᠢ ᠬᠥᠭᠵᠢᠭᠡᠨ᠎ᠡ᠃
13. ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠬᠢᠭᠡᠳ ᠬᠠᠤᠯᠢ ᠬᠡᠷᠡᠭᠵᠢᠭᠦᠯᠵᠦ ᠬᠡᠷᠡᠭ ᠰᠢᠢ᠍ᠳᠪᠦᠷᠢᠯᠡᠬᠦ ᠵᠢᠨ ᠬᠠᠮᠵᠢᠯᠴᠠᠬᠤ ᠲᠣᠭᠲᠠᠴᠠ ᠵᠢ ᠨᠠᠢ᠌ᠳᠠᠪᠤᠷᠢᠵᠢᠭᠤᠯᠤᠨ᠎ᠠ᠃ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠵᠢᠨ ᠪᠠᠶ᠋ᠢᠭᠤᠯᠤᠮᠵᠢ ᠬᠢᠨᠠᠯᠲᠠ ᠬᠠᠮᠢᠶᠠᠷᠤᠯᠲᠠ ᠵᠢᠨ ᠳᠤᠮᠳᠠ ᠣᠯᠵᠤ ᠮᠡᠳᠡᠭᠰᠡᠨ ᠠᠰᠠᠭᠤᠳᠠᠯ᠎ᠤᠨ ᠰᠦᠪᠡᠭᠴᠢ ᠵᠢ ᠴᠠᠭ ᠲᠤᠬᠠᠶ᠎ᠳᠤᠨᠢ ᠬᠠᠤᠯᠢ ᠬᠡᠷᠡᠭᠵᠢᠭᠦᠯᠵᠦ ᠬᠡᠷᠡᠭ ᠰᠢᠢ᠍ᠳᠪᠦᠷᠢᠯᠡᠬᠦ ᠪᠠᠶ᠋ᠢᠭᠤᠯᠤᠮᠵᠢ᠎ᠳᠤ ᠰᠢᠯᠵᠢᠭᠦᠯᠦᠨ ᠲᠤᠰᠢᠶᠠᠵᠤ ᠪᠠᠶ᠋ᠢᠴᠠᠭ᠋ᠠᠨ ᠰᠢᠢ᠍ᠳᠪᠦᠷᠢᠯᠡᠭᠦᠯᠬᠦ ᠬᠡᠷᠡᠭᠲᠡᠶ᠂ ᠬᠠᠤᠯᠢ ᠬᠡᠷᠡᠭᠵᠢᠭᠦᠯᠵᠦ ᠬᠡᠷᠡᠭ ᠰᠢᠢ᠍ᠳᠪᠦᠷᠢᠯᠡᠬᠦ ᠪᠠᠶ᠋ᠢᠭᠤᠯᠤᠮᠵᠢ᠎ᠨᠢ ᠬᠠᠮᠢᠶ᠎ᠠ ᠪᠥᠬᠦᠶ ᠬᠡᠷᠡᠭ᠎ᠤᠨ ᠵᠢᠱ᠌ᠢᠶ᠎ᠡ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠵᠠᠳᠠᠯᠤᠨ ᠰᠤᠳᠤᠯᠵᠤ ᠮᠠᠭ᠋ᠠᠳᠯᠠᠨ᠂ ᠡᠵᠡᠩᠨᠡᠯᠲᠡ ᠵᠢᠨ ᠭᠤᠤᠯ ᠴᠣᠭᠴᠠ᠎ᠳᠤ ᠨᠡᠶ᠋ᠢᠳᠡᠮ ᠣᠷᠣᠰᠢᠵᠤ ᠪᠠᠶ᠋ᠢᠭ᠎ᠠ ᠨᠡᠶ᠋ᠢᠲᠡᠯᠢᠭ ᠴᠢᠨᠠᠷᠲᠠᠶ ᠠᠰᠠᠭᠤᠳᠠᠯ ᠪᠠ ᠬᠢᠨᠠᠯᠲᠠ ᠬᠠᠮᠢᠶᠠᠷᠤᠯᠲᠠ ᠵᠢᠨ ᠳᠤᠲᠠᠭᠳᠠᠯ᠎ᠢ ᠴᠠᠭ ᠲᠤᠬᠠᠶ᠎ᠳᠤᠨᠢ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠵᠢᠨ ᠪᠠᠶ᠋ᠢᠭᠤᠯᠤᠮᠵᠢ᠎ᠳᠤ ᠬᠠᠷᠢᠭᠤ ᠲᠤᠰᠬᠠᠵᠤ᠂ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠵᠢᠨ ᠪᠠᠶ᠋ᠢᠭᠤᠯᠤᠮᠵᠢ ᠴᠠᠭ ᠲᠤᠬᠠᠶ᠎ᠳᠤᠨᠢ ᠮᠥᠷᠳᠡᠨ ᠳᠠᠭ᠋ᠠᠵᠤ ᠰᠢᠢ᠍ᠳᠪᠦᠷᠢᠯᠡᠬᠦ ᠬᠡᠷᠡᠭᠲᠡᠶ᠃
(ᠲᠦᠷᠪᠡ) ᠬᠡᠷᠡᠭ᠎ᠤᠨ ᠳᠠᠷᠠᠭ᠋ᠠᠬᠢ 《ᠡᠷᠡᠭᠦᠯᠵᠢᠯ᠎ᠤᠨ ᠮᠠᠶᠢᠭ》᠎ᠤᠨ ᠬᠠᠷᠢᠭᠤ ᠰᠤᠷᠪᠤᠯᠵᠢᠯᠠᠯ᠎ᠢ ᠰᠠᠶ᠋ᠢᠲᠤᠷ ᠬᠢᠨ᠎ᠠ᠃
14. ᠬᠠᠤᠯᠢ ᠬᠡᠷᠡᠭᠵᠢᠭᠦᠯᠦᠭᠰᠡᠨ᠎ᠤ ᠳᠠᠷᠠᠭ᠋ᠠᠬᠢ ᠠᠵᠢᠯ᠎ᠢ ᠰᠠᠶ᠋ᠢᠲᠤᠷ ᠬᠢᠵᠦ᠂ ᠬᠡᠷᠡᠭ᠎ᠢ ᠬᠠᠷᠢᠭᠤ ᠰᠤᠷᠪᠤᠯᠵᠢᠯᠠᠬᠤ ᠵᠢ ᠬᠠᠤᠯᠢ ᠬᠡᠷᠡᠭᠵᠢᠭᠦᠯᠬᠦ ᠴᠢᠬᠤᠯᠠ ᠪᠥᠬᠦᠶ ᠲᠠᠰ ᠳᠠᠷᠠᠭ᠋ᠠᠯᠠᠯ᠎ᠳᠤ ᠣᠷᠣᠭᠤᠯᠤᠨ᠎ᠠ᠃ ᠬᠡᠷᠡᠭ᠎ᠢ ᠳᠠᠭ᠋ᠠᠭ᠋ᠠᠨ ᠰᠢᠢ᠍ᠳᠪᠦᠷᠢᠯᠡᠬᠦ ᠪᠠᠶ᠋ᠢᠭᠤᠯᠤᠮᠵᠢ ᠲᠦᠷᠦᠭᠦᠯᠡᠨ ᠬᠠᠮᠢᠶ᠎ᠠ ᠪᠥᠬᠦᠶ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠵᠢᠨ ᠪᠠᠶ᠋ᠢᠭᠤᠯᠤᠮᠵᠢ ᠵᠢᠨ ᠬᠠᠤᠯᠢ ᠬᠡᠷᠡᠭᠵᠢᠭᠦᠯᠬᠦ ᠠᠵᠢᠯᠲᠠᠨ᠂ ᠠᠵᠢᠯ ᠲᠥᠷᠥᠯ᠎ᠤᠨ ᠲᠤᠰᠬᠠᠶ ᠮᠡᠷᠭᠡᠵᠢᠯᠲᠡᠨ᠂ ᠮᠡᠷᠭᠡᠵᠢᠯ᠎ᠤᠨ ᠪᠠᠶ᠋ᠢᠭᠤᠯᠤᠮᠵᠢ ᠵᠢ ᠵᠣᠬᠢᠶᠠᠨ ᠪᠠᠶ᠋ᠢᠭᠤᠯᠵᠤ᠂ ᠰᠢᠢ᠍ᠳᠬᠡᠭᠳᠡᠭᠰᠡᠨ ᠡᠵᠡᠩᠨᠡᠯᠲᠡ ᠵᠢᠨ ᠭᠤᠤᠯ ᠴᠣᠭᠴᠠ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠲᠤᠬᠠᠶ ᠵᠢᠨ ᠭᠠᠵᠠᠷ᠎ᠲᠤᠨᠢ ᠬᠠᠷᠢᠭᠤ ᠰᠤᠷᠪᠤᠯᠵᠢᠯᠠᠵᠤ᠂ ᠡᠵᠡᠩᠨᠡᠯᠲᠡ ᠵᠢᠨ ᠭᠤᠤᠯ ᠴᠣᠭᠴᠠ ᠵᠢᠨ ᠡᠵᠡᠩᠨᠡᠯᠲᠡ ᠵᠢᠨ ᠪᠠᠶ᠋ᠢᠳᠠᠯ᠂ ᠴᠡᠭᠴᠡᠯᠡᠨ ᠰᠠᠶ᠋ᠢᠵᠢᠷᠠᠭᠤᠯᠬᠤ ᠠᠷᠭ᠎ᠠ ᠬᠡᠮᠵᠢᠶ᠎ᠡ᠂ ᠬᠦᠴᠢᠷᠳᠡᠯ ᠣᠷᠣᠰᠢᠵᠤ ᠪᠠᠶ᠋ᠢᠭ᠎ᠠ ᠪᠠᠶ᠋ᠢᠳᠠᠯ᠎ᠢ ᠤᠶ᠋ᠢᠯᠠᠭ᠋ᠠᠨ᠂ ᠲᠡᠭᠦᠨ᠎ᠳᠤ ᠴᠢᠬᠤᠯᠠ ᠪᠥᠬᠦᠶ ᠰᠤᠷᠭ᠋ᠠᠨ ᠬᠥᠮᠦᠵᠢᠯ᠎ᠤᠨ ᠵᠢᠯᠣᠭᠤᠳᠣᠯᠭ᠎ᠠ ᠥᠷᠨᠢᠭᠦᠯᠵᠦ᠂ ᠠᠰᠠᠭᠤᠳᠠᠯ᠎ᠤᠨ ᠵᠠᠩᠭᠢᠯᠠᠭ᠎ᠠ ᠵᠢ ᠣᠨᠣᠪᠴᠢᠲᠠᠶ ᠡᠷᠢᠨ ᠣᠯᠵᠤ᠂ ᠳᠠᠭ᠋ᠠᠵᠤ ᠬᠠᠪᠰᠤᠷᠤᠨ ᠲᠡᠳᠬᠦᠵᠦ ᠵᠢᠭ᠋ᠠᠨ ᠵᠢᠯᠣᠭᠤᠳᠤᠨ᠂ ᠬᠠᠤᠯᠢ᠎ᠠᠴᠠ ᠵᠥᠷᠢᠴᠡᠭᠰᠡᠨ ᠡᠶ᠋ᠢᠮᠦᠷᠬᠦ ᠦᠢ᠍ᠯᠡ ᠠᠵᠢᠯᠯᠠᠭ᠎ᠠ ᠳᠠᠬᠢᠨᠲᠠ ᠡᠭᠦᠰᠬᠦ ᠵᠢ ᠤᠷᠢᠳᠴᠢᠯᠠᠨ ᠰᠡᠷᠭᠡᠢ᠌ᠯᠡᠨ᠎ᠡ᠃
15. ᠢᠲᠡᠭᠡᠮᠵᠢ ᠠᠯᠳᠠᠭᠰᠠᠨ ᠠᠵᠤ ᠠᠬᠤᠶ᠋ᠢᠯᠠᠯ᠎ᠤᠨ ᠢᠲᠡᠭᠡᠮᠵᠢ ᠵᠢ ᠰᠡᠷᠭᠦᠭᠡᠬᠦ ᠵᠢ ᠢᠳᠡᠪᠬᠢᠲᠡᠶ ᠳᠡᠮᠵᠢᠨ᠎ᠡ᠃ ᠢᠲᠡᠭᠡᠮᠵᠢ ᠵᠢ ᠰᠡᠷᠭᠦᠭᠡᠬᠦ ᠠᠵᠢᠯ᠎ᠤᠨ ᠴᠤᠪᠤᠷᠠᠯ᠎ᠢ ᠰᠢᠯᠢᠳᠡᠭᠵᠢᠭᠦᠯᠵᠦ᠂ 《ᠠᠮᠠᠯᠠᠯᠲᠠ ᠵᠢᠨ ᠳᠦᠷᠢᠮᠲᠦ》 ᠰᠡᠷᠭᠦᠭᠡᠬᠦ᠂ 《ᠬᠤᠷᠳᠤᠴᠠ ᠵᠢ ᠲᠦᠷᠭᠡᠳᠬᠡᠵᠦ》 ᠰᠢᠢ᠍ᠳᠪᠦᠷᠢᠯᠡᠬᠦ ᠵᠡᠷᠭᠡ ᠢᠲᠡᠭᠡᠮᠵᠢ ᠵᠢ ᠰᠡᠷᠭᠦᠭᠡᠬᠦ ᠠᠷᠭ᠎ᠠ ᠬᠡᠮᠵᠢᠶ᠎ᠡ ᠵᠢ ᠬᠡᠷᠡᠭᠵᠢᠭᠦᠯᠵᠦ᠂ ᠲᠤᠬᠠᠶ ᠵᠢᠨ ᠬᠥᠮᠦᠨ᠎ᠳᠤ ᠲᠥᠬᠦᠮ ᠦᠵᠡᠭᠦᠯᠵᠦ᠂ ᠭᠦᠢ᠍ᠴᠡᠳᠬᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃
ᠳᠥᠷᠪᠡ᠂ ᠵᠣᠬᠢᠶᠠᠨ ᠪᠠᠶ᠋ᠢᠭᠤᠯᠤᠯᠲᠠ ᠵᠢᠨ ᠪᠠᠲᠤᠯᠠᠭ᠎ᠠ
(ᠨᠢᠭᠡ) ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ ᠵᠢ ᠴᠢᠩᠭ᠋ᠠᠳᠬᠠᠨ᠎ᠠ᠃ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠡᠯ᠎ᠡ ᠭᠠᠵᠠᠷ ᠲᠠᠰᠤᠭ ᠲᠣᠪᠴᠢᠶ᠎ᠠ᠂ ᠨᠠᠢ᠌ᠳᠠᠵᠤ ᠬᠠᠤᠯᠢ ᠬᠡᠷᠡᠭᠵᠢᠭᠦᠯᠬᠦ ᠠᠵᠢᠯ ᠦᠢ᠍ᠯᠡᠰ᠎ᠤᠨ ᠨᠢᠭᠡᠴᠢ᠂ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠯ᠎ᠡ ᠠᠶ᠋ᠢᠮᠠᠭ ᠬᠤᠲᠠ ᠵᠢᠨ ᠲᠣᠪᠴᠢᠶ᠎ᠠ ᠦᠵᠡᠯ ᠰᠠᠨᠠᠭ᠎ᠠ ᠲᠠᠨᠢᠯᠲᠠ᠎ᠪᠠᠨ ᠨᠢᠭᠡᠳᠬᠡᠵᠦ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠦᠷᠢᠶᠡᠨ᠎ᠳᠠᠬᠢ ᠦᠢ᠍ᠯᠡᠴᠢᠯᠡᠭᠡᠨ᠎ᠤ ᠬᠡᠯᠪᠡᠷᠢ ᠵᠢᠨ ᠬᠠᠤᠯᠢ ᠬᠡᠷᠡᠭᠵᠢᠭᠦᠯᠬᠦ ᠠᠵᠢᠯ᠎ᠤᠨ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠭᠤᠤᠯ ᠤᠳᠤᠷᠢᠳᠤᠯᠭ᠎ᠠ ᠪᠡᠶ᠎ᠡ᠎ᠪᠠᠷ ᠵᠶ᠋ᠠᠨ ᠠᠳᠬᠤᠬᠤ᠂ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠡᠮᠦᠨ᠎ᠡ᠎ᠨᠢ ᠠᠳᠬᠤᠬᠤ᠂ ᠡᠯ᠎ᠡ ᠳᠣᠲᠣᠭ᠋ᠠᠳᠤ ᠪᠠᠶ᠋ᠢᠭᠤᠯᠤᠮᠵᠢ ᠬᠠᠮᠲᠤ᠎ᠪᠠᠷ ᠠᠬᠢᠭᠤᠯᠬᠤ ᠠᠵᠢᠯ᠎ᠤᠨ ᠪᠠᠶ᠋ᠢᠷᠢᠰᠢᠯ᠎ᠢ ᠪᠣᠶ ᠪᠣᠯᠭ᠋ᠠᠬᠤ ᠬᠡᠷᠡᠭᠲᠡᠶ᠃ ᠡᠯ᠎ᠡ ᠭᠠᠵᠠᠷ ᠲᠠᠰᠤᠭ ᠲᠣᠪᠴᠢᠶ᠎ᠠ᠂ ᠬᠠᠤᠯᠢ ᠬᠡᠷᠡᠭᠵᠢᠭᠦᠯᠬᠦ ᠠᠵᠢᠯ ᠦᠢ᠍ᠯᠡᠰ᠎ᠤᠨ ᠨᠢᠭᠡᠴᠢ᠂ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠪᠣᠳᠠᠲᠠᠶ ᠨᠠᠶ᠋ᠢᠳᠠᠪᠤᠷᠢᠵᠢᠭᠤᠯᠬᠤ ᠠᠷᠭ᠎ᠠ ᠬᠡᠮᠵᠢᠶ᠎ᠡ ᠵᠢ ᠲᠣᠭᠲᠠᠭ᠋ᠠᠵᠤ᠂ ᠡᠯ᠎ᠡ ᠵᠦᠢ᠍ᠯ᠎ᠤᠨ ᠡᠭᠦᠷᠭᠡ ᠵᠢ ᠪᠣᠳᠠᠲᠠᠶ᠎ᠳᠤ ᠨᠠᠶ᠋ᠢᠳᠠᠪᠤᠷᠢᠵᠢᠭᠤᠯᠬᠤ ᠵᠢ ᠠᠬᠢᠭᠤᠯᠬᠤ ᠬᠡᠷᠡᠭᠲᠡᠶ᠃ ᠡᠯ᠎ᠡ ᠠᠶ᠋ᠢᠮᠠᠭ ᠬᠤᠲᠠ ᠵᠢᠨ ᠲᠣᠪᠴᠢᠶ᠎ᠠ ᠲᠣᠰ ᠭᠠᠵᠠᠷ᠎ᠤᠨ ᠪᠣᠳᠠᠲᠠᠶ᠎ᠲᠠᠢ᠎ᠪᠠᠨ ᠤᠶᠠᠯᠳᠤᠭᠤᠯᠤᠨ᠂ ᠲᠣᠰ ᠪᠡᠶ᠎ᠡ ᠵᠢᠨ ᠣᠨᠴᠠᠯᠢᠭ᠎ᠲᠠᠭᠠᠨ ᠨᠡᠶ᠋ᠢᠴᠡᠬᠦ ᠪᠣᠳᠠᠲᠠᠶ ᠬᠡᠷᠡᠭᠵᠢᠭᠦᠯᠬᠦ ᠠᠷᠭ᠎ᠠ ᠵᠢ ᠲᠣᠭᠲᠠᠭ᠋ᠠᠵᠤ᠂ ᠨᠠᠩ ᠣᠨᠣᠪᠴᠢᠲᠠᠶ ᠪᠦᠲᠦᠮᠵᠢᠲᠡᠶ᠂ ᠨᠠᠩ ᠬᠡᠷᠡᠭᠵᠢᠭᠦᠯᠵᠦ ᠪᠣᠯᠬᠤᠶ᠋ᠢᠴᠠ ᠠᠷᠭ᠎ᠠ ᠬᠡᠮᠵᠢᠶ᠎ᠡ ᠵᠢ ᠨᠠᠷᠢᠯᠢᠬ᠍ᠵᠢᠭᠤᠯᠤᠨ᠂ ᠭᠠᠵᠠᠷ ᠣᠷᠣᠨ᠎ᠤ ᠪᠠᠶ᠋ᠢᠳᠠᠯ᠎ᠳᠠᠭᠠᠨ ᠳᠣᠭᠢᠷᠠᠭᠤᠯᠬᠤ᠂ ᠦᠵᠡᠯᠲᠡ᠎ᠪᠠᠨ ᠰᠢᠨᠡᠳᠬᠡᠬᠦ᠂ ᠵᠣᠷᠢᠭᠲᠠᠶ᠎ᠪᠠᠷ ᠦᠢ᠍ᠯᠡᠳᠦᠯᠭᠡᠵᠢᠭᠦᠯᠬᠦ ᠵᠢ ᠵᠣᠷᠢᠭᠵᠢᠭᠤᠯᠤᠨ ᠳᠡᠮᠵᠢᠵᠦ᠂ ᠦᠢ᠍ᠯᠡᠴᠢᠯᠡᠭᠡᠨ᠎ᠤ ᠠᠷᠭ᠎ᠠ ᠮᠠᠶᠢᠭ᠂ ᠠᠭᠤᠯᠭ᠎ᠠ ᠵᠢᠨ ᠰᠢᠨ᠎ᠡ ᠵᠢ ᠡᠭᠦᠳᠬᠦ ᠵᠢ ᠲᠠᠰᠤᠷᠠᠯᠲᠠ ᠥᠬᠡᠶ ᠬᠠᠶ᠋ᠢᠨ ᠰᠦᠪᠡᠭᠴᠢᠯᠡᠵᠦ᠂ ᠪᠣᠳᠠᠲᠠᠶ ᠠᠰᠠᠭᠤᠳᠠᠯ᠎ᠢ ᠦᠨᠡᠨ ᠬᠦ᠌ ᠰᠢᠢ᠍ᠳᠪᠦᠷᠢᠯᠡᠬᠦ ᠬᠡᠷᠡᠭᠲᠡᠶ᠃
(ᠬᠤᠶᠠᠷ) ᠠᠯᠳᠠᠭ᠎ᠠ ᠪᠤᠷᠤᠭᠤ ᠵᠢ ᠠᠭᠤᠴᠢᠯᠠᠬᠤ ᠲᠣᠭᠲᠠᠴᠠ ᠵᠢ ᠲᠡᠭᠦᠯᠳᠡᠷᠵᠢᠭᠦᠯᠦᠨ᠎ᠡ᠃ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ ᠪᠣᠯ ᠬᠡᠯᠲᠦᠷᠢᠭᠦᠯᠬᠦ ᠠᠯᠳᠠᠭ᠎ᠠ ᠪᠤᠷᠤᠭᠤ ᠵᠢ ᠠᠭᠤᠴᠢᠯᠠᠬᠤ ᠲᠣᠭᠲᠠᠴᠠ ᠵᠢ ᠪᠠᠶ᠋ᠢᠭᠤᠯᠵᠤ᠂ 《ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠵᠢᠨ ᠳᠦᠷᠢᠮ᠎ᠤᠨ ᠲᠣᠭᠲᠠᠭ᠋ᠠᠯ》᠎ᠤᠨ ᠲᠣᠭᠲᠠᠭ᠋ᠠᠯ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠦᠨᠳᠦᠰᠦᠨ ᠱᠠᠲᠤᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠢ 《ᠵᠣᠷᠢᠭᠲᠠᠶ᠎ᠪᠠᠷ ᠬᠠᠤᠯᠢ ᠬᠡᠷᠡᠭᠵᠢᠭᠦᠯᠬᠦ》᠂ 《ᠬᠠᠤᠯᠢ ᠬᠡᠷᠡᠭᠵᠢᠭᠦᠯᠬᠦ ᠳᠤᠷᠠᠲᠠᠶ》 ᠪᠣᠯᠭ᠋ᠠᠬᠤ ᠬᠡᠷᠡᠭᠲᠡᠶ᠃
(ᠭᠤᠷᠪᠠ) ᠰᠢᠪᠠᠳᠠᠨ ᠵᠢᠯᠣᠭᠤᠳᠴᠤ ᠠᠬᠢᠭᠤᠯᠬᠤ ᠲᠦᠷᠢᠮ᠎ᠢ ᠪᠠᠶ᠋ᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠨᠢ ᠡᠯ᠎ᠡ ᠠᠶ᠋ᠢᠮᠠᠭ ᠬᠤᠲᠠ ᠵᠢᠨ ᠲᠣᠪᠴᠢᠶ᠎ᠠ ᠵᠢᠨ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠴᠠᠭ ᠲᠤᠬᠠᠶ᠎ᠳᠤᠨᠢ ᠮᠥᠷᠳᠡᠨ ᠪᠠᠶ᠋ᠢᠴᠠᠭ᠋ᠠᠬᠤ ᠵᠢᠨ ᠬᠠᠮᠲᠤ᠂ ᠬᠠᠪᠰᠤᠷᠤᠨ ᠵᠢᠯᠣᠭᠤᠳᠴᠤ ᠪᠣᠯᠪᠠᠰᠤᠷᠠᠭᠤᠯᠬᠤ ᠠᠵᠢᠯ᠎ᠢ ᠰᠠᠶ᠋ᠢᠲᠤᠷ ᠬᠢᠵᠦ᠂ ᠡᠯ᠎ᠡ ᠠᠶ᠋ᠢᠮᠠᠭ ᠬᠤᠲᠠ ᠵᠢᠨ ᠲᠣᠪᠴᠢᠶ᠎ᠠ ᠵᠢ ᠵᠢᠯᠣᠭᠤᠳᠤᠨ ᠥᠷᠭᠡᠨ ᠵᠶ᠋ᠠᠷ ᠬᠡᠷᠡᠭᠵᠢᠭᠦᠯᠵᠦ᠂ ᠭᠦᠨᠵᠡᠭᠡᠶ ᠨᠠᠢ᠌ᠳᠠᠪᠤᠷᠢᠵᠢᠭᠤᠯᠤᠨ᠎ᠠ᠃ ᠡᠯ᠎ᠡ ᠠᠶ᠋ᠢᠮᠠᠭ ᠬᠤᠲᠠ ᠵᠢᠨ ᠲᠣᠪᠴᠢᠶ᠎ᠠ᠎ᠨᠢ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠪᠠ ᠲᠤᠷᠰᠢᠯᠭ᠎ᠠ ᠠᠷᠭ᠎ᠠ ᠬᠢᠳᠡᠯ᠎ᠢ ᠴᠤᠭᠯᠠᠭᠤᠯᠤᠨ ᠳ᠋ᠦᠩᠨᠡᠬᠦ ᠪᠠ ᠲᠣᠭᠲᠠᠮᠠᠯ ᠬᠤᠭᠤᠴᠠᠭ᠎ᠠ᠎ᠲᠠᠢ᠎ᠪᠠᠷ ᠠᠵᠢᠯ ᠵᠶ᠋ᠠᠨ ᠮᠡᠳᠡᠭᠦᠯᠦᠨ ᠬᠦᠷᠭᠡᠬᠦ ᠵᠢ ᠴᠢᠩᠭ᠋ᠠᠳᠬᠠᠬᠤ ᠬᠡᠷᠡᠭᠲᠡᠶ᠃
(ᠲᠦᠷᠪᠡ) ᠶᠠᠷᠢᠶ᠎ᠠ ᠬᠡᠯᠡᠯᠴᠡᠭᠡᠨ᠎ᠤ ᠤᠬᠠᠭᠤᠯᠭ᠎ᠠ ᠵᠢ ᠴᠢᠩᠭ᠋ᠠᠳᠬᠠᠨ᠎ᠠ᠃ 《ᠪᠡᠶ᠎ᠡ ᠪᠠᠢ᠌ᠴᠠᠭ᠋ᠠᠯᠲᠠ ᠵᠢᠨ ᠮᠠᠶᠢᠭ᠎ᠤᠨ ᠬᠢᠨᠠᠯᠲᠠ ᠬᠠᠮᠢᠶᠠᠷᠤᠯᠲᠠ ᠦᠢ᠍ᠯᠡᠴᠢᠯᠡᠭᠡᠨ᠎ᠤ ᠬᠡᠯᠪᠡᠷᠢ ᠵᠢᠨ ᠬᠠᠤᠯᠢ ᠬᠡᠷᠡᠭᠵᠢᠭᠦᠯᠦᠯᠲᠡ》 ᠵᠢᠨ ᠵᠠᠭᠪᠤᠷ᠎ᠢ ᠳᠡᠯᠭᠡᠷᠡᠭᠦᠯᠬᠦ ᠤᠬᠠᠭᠤᠯᠭ᠎ᠠ ᠵᠢᠨ ᠡᠷᠴᠢᠮ ᠵᠶ᠋ᠠᠨ ᠴᠢᠩᠭ᠋ᠠᠷᠠᠭᠤᠯᠵᠤ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠠᠤᠯᠢ ᠬᠡᠷᠡᠭᠵᠢᠭᠦᠯᠬᠦ ᠠᠵᠢᠯᠲᠠᠨ᠂ ᠥᠷᠭᠡᠨ ᠣᠯᠠᠨ ᠡᠵᠡᠩᠨᠡᠯᠲᠡ ᠵᠢᠨ ᠭᠤᠤᠯ ᠴᠣᠭᠴᠠ ᠪᠠ ᠣᠯᠠᠨ ᠲᠦᠮᠡᠨ᠎ᠳᠤ ᠣᠶ᠋ᠢᠯᠠᠭ᠋ᠠᠭᠤᠯᠵᠤ᠂ ᠪᠥᠬᠦ ᠨᠡᠶ᠋ᠢᠭᠡᠮ ᠵᠶ᠋ᠠᠷ ᠵᠶ᠋ᠠᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠢᠨ᠎ᠡ ᠵᠢ ᠡᠭᠦᠳᠬᠦ ᠵᠢ ᠳᠡᠮᠵᠢᠬᠦ ᠬᠠᠤᠯᠢ ᠬᠡᠷᠡᠭᠵᠢᠭᠦᠯᠬᠦ ᠦᠢ᠍ᠯᠡᠴᠢᠯᠡᠭᠡᠨ᠎ᠤ ᠠᠭᠤᠷ ᠠᠮᠢᠰᠬᠤᠯ᠎ᠢ ᠪᠣᠶ ᠪᠣᠯᠭ᠋ᠠᠨ᠎ᠠ᠃ ᠨᠡᠶ᠋ᠢᠲᠡᠯᠢᠭ ᠬᠡᠷᠡᠭ ᠪᠠ ᠲᠤᠷᠰᠢᠯᠭ᠎ᠠ ᠠᠷᠭ᠎ᠠ ᠬᠢᠳᠡᠯ᠎ᠢ ᠤᠬᠠᠭᠤᠯᠬᠤ ᠡᠷᠴᠢᠮ ᠵᠶ᠋ᠠᠨ ᠴᠢᠩᠭ᠋ᠠᠷᠠᠭᠤᠯᠵᠤ᠂ ᠬᠡᠷᠡᠭ ᠵᠶ᠋ᠠᠷ ᠬᠠᠤᠯᠢ ᠵᠢ ᠲᠠᠶ᠋ᠢᠯᠪᠤᠷᠢᠯᠠᠵᠤ᠂ ᠬᠠᠤᠯᠢᠵᠢᠯ᠎ᠤᠨ ᠤᠬᠠᠭᠤᠯᠭ᠎ᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃
(ᠲᠠᠪᠤ) ᠰᠢᠨᠵᠢᠯᠡᠬᠦ ᠤᠬᠠᠭ᠋ᠠᠨᠴᠢ᠎ᠪᠠᠷ ᠦᠨᠡᠯᠡᠨ ᠵᠢᠱ᠌ᠢᠬᠦ ᠲᠣᠭᠲᠠᠴᠠ ᠵᠢ ᠪᠠᠢ᠌ᠭᠤᠯᠤᠨ᠎ᠠ᠃ ᠳᠣᠲᠣᠭ᠋ᠠᠳᠤ᠎ᠳᠠᠭᠠᠨ ᠬᠡᠷᠡᠭ᠎ᠤᠨ ᠡᠪᠬᠡᠮᠡᠯ᠎ᠢ ᠦᠨᠡᠯᠡᠨ ᠪᠠᠶ᠋ᠢᠴᠠᠭ᠋ᠠᠬᠤ ᠠᠵᠢᠯ᠎ᠢ ᠥᠷᠨᠢᠭᠦᠯᠬᠦ᠂ ᠭᠠᠳᠠᠭ᠋ᠠᠳᠤ᠎ᠳᠤ᠎ᠪᠠᠨ ᠭᠤᠷᠪᠠᠳᠠᠬᠢ ᠡᠲᠡᠭᠡᠳ᠎ᠤᠨ ᠪᠠᠶ᠋ᠢᠭᠤᠯᠤᠮᠵᠢ᠎ᠳᠤ ᠨᠠᠶ᠋ᠢᠳᠠᠵᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠦᠨᠡᠯᠡᠨ ᠵᠢᠱ᠌ᠢᠯᠲᠡ ᠬᠢᠯᠭᠡᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠦᠢ᠍ᠯᠡᠴᠢᠯᠡᠭᠡᠨ᠎ᠤ ᠬᠡᠯᠪᠡᠷᠢ ᠵᠢᠨ ᠬᠠᠤᠯᠢ ᠬᠡᠷᠡᠭᠵᠢᠭᠦᠯᠦᠯᠲᠡ ᠵᠢᠨ ᠦᠷ᠎ᠡ ᠪᠦᠲᠦᠮᠵᠢ ᠵᠢ ᠪᠥᠬᠦ ᠲᠠᠯ᠎ᠠ᠎ᠪᠠᠷ ᠦᠨᠡᠯᠡᠨ ᠵᠢᠱ᠌ᠢᠵᠦ᠂ ᠠᠰᠠᠭᠤᠳᠠᠯ ᠪᠠ ᠬᠦᠷᠦᠯᠴᠡᠬᠦ ᠥᠬᠡᠶ ᠲᠠᠯ᠎ᠠ ᠵᠢ ᠡᠷᠢᠵᠦ᠂ ᠬᠡᠯᠪᠡᠷᠢ ᠵᠢᠨ ᠲᠡᠳᠦᠶ ᠪᠠᠢ᠌ᠬᠤ ᠵᠢ ᠰᠡᠷᠭᠡᠶ᠋ᠢᠯᠡᠨ ᠬᠤᠷᠢᠭᠯᠠᠵᠤ᠂ ᠦᠷ᠎ᠡ ᠪᠦᠲᠦᠮᠵᠢ ᠵᠢ ᠪᠠᠬᠢᠵᠢᠭᠦᠯᠦᠨ ᠳᠡᠭᠡᠭᠰᠢᠯᠡᠭᠦᠯᠦᠨ᠎ᠡ᠃
ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠤᠪᠴᠢᠶ᠎ᠠ
2024 ᠣᠨ᠎ᠤ 6 ᠳ᠋ᠤᠭ᠋ᠠᠷ ᠰᠠᠷ᠎ᠠ ᠵᠢᠨ 14᠎ᠤ ᠡᠳᠦᠷ