ᠡᠯ᠎ᠡ ᠠᠶ᠋ᠢᠮᠠᠭ ᠬᠤᠲᠠ ᠵᠢᠴᠢ ᠮᠠᠨᠵᠤᠤᠷ ᠬᠤᠲᠠ᠂ ᠡᠷᠢᠶᠡᠨ ᠬᠤᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ (ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠲᠣᠪᠴᠢᠶ᠎ᠠ)᠄
ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠨᠠᠮ᠎ᠤᠨ ᠬᠤᠷᠢᠳᠤᠭ᠋ᠠᠷ ᠶᠡᠭᠡ ᠬᠤᠷᠠᠯ ᠪᠣᠯᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠬᠤᠶᠠᠳᠤᠭ᠋ᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ ᠵᠢ ᠪᠥᠬᠦ ᠲᠠᠯ᠎ᠠ᠎ᠪᠠᠷ ᠲᠤᠭᠤᠰᠢᠯᠠᠭᠤᠯᠵᠤ᠂ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠠᠵᠢᠯ᠎ᠤᠨ ᠲᠤᠬᠠᠶ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠥᠭᠦᠯᠡᠯᠲᠡ ᠪᠣᠯᠤᠨ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠪᠠᠶ᠋ᠢᠯᠳᠤᠬᠤ ᠪᠣᠳᠣᠯᠭ᠎ᠠ ᠵᠢ ᠭᠦᠨᠵᠡᠭᠡᠶ ᠬᠡᠷᠡᠭᠵᠢᠭᠦᠯᠦᠨ᠂ ᠪᠥᠬᠦ ᠨᠡᠶ᠋ᠢᠭᠡᠮ᠎ᠤᠨ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠦᠴᠦᠷᠬᠡᠭ ᠤᠯᠤᠰ᠎ᠢ ᠲᠦᠷᠭᠡᠳᠬᠡᠨ ᠪᠠᠶ᠋ᠢᠭᠤᠯᠬᠤ ᠵᠢᠨ ᠲᠤᠰᠠᠳᠠ᠂ 《ᠬᠤᠷᠢᠨ ᠲᠠᠪᠤᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠲᠤᠰᠬᠠᠶ ᠠᠰᠢᠭ᠎ᠤᠨ ᠱᠠᠩᠨᠠᠯ᠎ᠢ ᠰᠢᠯᠭ᠋ᠠᠷᠠᠭᠤᠯᠬᠤ ᠲᠤᠬᠠᠶ ᠤᠯᠤᠰ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠲᠣᠪᠴᠢᠶ᠎ᠠ ᠵᠢᠨ ᠮᠡᠳᠡᠭᠳᠡᠯ》 (ᠤᠯᠤᠰ ᠬᠥᠭᠵᠢᠭᠦᠯᠦᠯᠲᠡ ᠬᠡᠷᠡᠭᠯᠡᠯᠲᠡ ᠵᠠᠬᠢᠳᠠᠯ [ 2023 ] 225 ᠳ᠋ᠤᠭ᠋ᠠᠷ ᠲᠣᠭ᠋ᠠᠲᠤ) ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠲᠣᠪᠴᠢᠶ᠎ᠠ)᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ (ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠲᠣᠪᠴᠢᠶ᠎ᠠ)᠎ᠨᠢ ᠪᠥᠬᠦ ᠣᠷᠣᠨ᠎ᠤ ᠬᠡᠪᠴᠢᠶᠡᠨ᠎ᠳᠤ ᠳᠤᠮᠳᠠᠳᠤ ᠤᠯᠤᠰ᠎ᠤᠨ ᠲᠤᠰᠬᠠᠶ ᠠᠰᠢᠭ᠎ᠤᠨ ᠱᠠᠩᠨᠠᠯ᠎ᠢ ᠬᠢᠨᠠᠨ ᠲᠣᠭᠲᠠᠭ᠋ᠠᠵᠤ ᠲᠠᠨᠢᠯᠴᠠᠭᠤᠯᠬᠤ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠬᠦ᠎ᠪᠠᠷ ᠪᠣᠶ᠂ ᠡᠳᠦᠭᠡ ᠬᠤᠯᠪᠣᠭᠳᠠᠯ ᠪᠥᠬᠦᠶ ᠵᠦᠢ᠍ᠯᠡᠰ᠎ᠢ ᠳᠣᠤᠷᠠᠬᠢ ᠮᠡᠲᠦ ᠮᠡᠳᠡᠭᠳᠡᠪᠡ᠄
ᠨᠢᠭᠡ᠂ ᠡᠯ᠎ᠡ ᠠᠶ᠋ᠢᠮᠠᠭ ᠬᠤᠲᠠ ᠵᠢᠨ ᠲᠣᠪᠴᠢᠶ᠎ᠠ ᠮᠡᠳᠡᠭᠳᠡᠯ (ᠳᠠᠭ᠋ᠠᠯᠳᠤᠭᠤᠯᠤᠯ 1᠎ᠳᠤ ᠦᠵᠡ)᠎ᠤᠨ ᠱᠠᠭ᠋ᠠᠷᠳᠠᠯᠭ᠎ᠠ ᠶᠣᠰᠣᠭ᠋ᠠᠷ᠂ ᠲᠣᠰ ᠭᠠᠵᠠᠷ ᠣᠷᠣᠨ᠎ᠤ ᠲᠤᠰᠬᠠᠶ ᠠᠰᠢᠭ᠎ᠤᠨ ᠱᠠᠩᠨᠠᠯ᠎ᠢ ᠪᠠᠲᠤᠯᠠᠨ ᠲᠠᠨᠢᠯᠴᠠᠭᠤᠯᠬᠤ ᠠᠵᠢᠯ᠎ᠢ ᠰᠠᠶ᠋ᠢᠲᠤᠷ ᠵᠣᠬᠢᠶᠠᠨ ᠪᠠᠶ᠋ᠢᠭᠤᠯᠵᠤ᠂ ᠲᠤᠰᠬᠠᠶ ᠠᠰᠢᠭ᠎ᠤᠨ ᠱᠠᠩᠨᠠᠯ᠎ᠤᠨ ᠰᠢᠯᠭ᠋ᠠᠷᠠᠭᠤᠯᠤᠯᠲᠠ᠎ᠳᠤ ᠣᠷᠣᠯᠴᠠᠬᠤ ᠨᠥᠬᠦᠴᠡᠯ᠎ᠢ ᠴᠢᠩᠭ᠎ᠠ ᠵᠢᠷᠤᠮᠯᠠᠨ ᠭᠤᠶᠤᠴᠢᠯᠠᠨ ᠮᠡᠳᠡᠭᠦᠯᠦᠭᠰᠡᠨ ᠲᠤᠰᠬᠠᠶ ᠠᠰᠢᠭ᠎ᠲᠤ ᠬᠢᠨᠠᠨ ᠪᠠᠶ᠋ᠢᠴᠠᠭ᠋ᠠᠯᠲᠠ ᠬᠢᠵᠦ᠂ ᠬᠠᠮᠢᠶ᠎ᠠ ᠪᠥᠬᠦᠶ ᠮᠠᠲ᠋ᠧᠷᠢᠶᠠᠯ᠎ᠤᠨ ᠪᠦᠷᠢᠨ ᠪᠦᠲᠦᠨ᠂ ᠦᠨᠡᠨ ᠪᠣᠳᠠᠲᠠᠶ᠂ ᠣᠨᠣᠪᠴᠢᠲᠠᠶ ᠪᠠᠶ᠋ᠢᠬᠤ ᠵᠢ ᠦᠨᠡᠨ ᠬᠦ᠌ ᠪᠠᠲᠤᠯᠠᠵᠤ᠂ ᠭᠤᠶᠤᠴᠢᠯᠠᠨ ᠮᠡᠳᠡᠭᠦᠯᠬᠦ ᠨᠥᠬᠦᠴᠡᠯ᠎ᠳᠤ ᠨᠡᠶ᠋ᠢᠴᠡᠬᠦ ᠥᠬᠡᠶ ᠲᠤᠰᠬᠠᠶ ᠠᠰᠢᠭ᠎ᠢ ᠴᠥᠮ ᠪᠠᠲᠤᠯᠠᠨ ᠲᠠᠨᠢᠯᠴᠠᠭᠤᠯᠬᠤ ᠥᠬᠡᠶ᠃ ᠬᠤᠪᠢᠶᠠᠷᠢᠯᠠᠯᠳᠠ ᠵᠢ ᠥᠨᠳᠥᠰᠥᠯᠡᠨ ᠲᠠᠨᠢᠯᠴᠠᠭᠤᠯᠬᠤ ᠣᠷᠣᠨ ᠲᠤᠭ᠎ᠠ (ᠳᠠᠭ᠋ᠠᠯᠳᠤᠭᠤᠯᠤᠯ 2᠎ᠲᠤ ᠦᠵᠡ) ᠰᠢᠯᠢᠳᠡᠭ᠎ᠢ᠎ᠨᠢ ᠰᠤᠩᠭᠤᠵᠤ ᠪᠠᠲᠤᠯᠠᠨ ᠲᠠᠨᠢᠯᠴᠠᠭᠤᠯᠵᠤ᠂ ᠥᠪᠡᠷᠲᠡᠭᠡᠨ ᠵᠠᠰᠠᠬᠤ ᠤᠷᠤᠨ᠎ᠤ ᠲᠤᠰᠬᠠᠢ ᠠᠰᠢᠭ᠎ᠤᠨ ᠱᠠᠩᠨᠠᠯ ᠣᠯᠭᠣᠭᠰᠠᠨ ᠲᠥᠷᠥᠯ ᠵᠦᠢ᠍ᠯ᠎ᠢ ᠤᠷᠢᠳ ᠵᠶ᠋ᠠᠷ ᠰᠤᠩᠭᠤᠨ ᠲᠠᠨᠢᠯᠴᠠᠭᠤᠯᠵᠤ᠂ ᠠᠯᠢᠪᠠ ᠰᠤᠩᠭᠤᠨ ᠲᠠᠨᠢᠯᠴᠠᠭᠤᠯᠬᠤ ᠲᠥᠷᠥᠯ ᠵᠦᠢ᠍ᠯ᠎ᠢ ᠢᠯᠡ ᠨᠡᠢ᠌ᠲᠡᠯᠡᠭᠰᠡᠨ᠎ᠤ (5 ᠠᠵᠢᠯᠯᠠᠬᠤ ᠡᠳᠦᠷ) ᠳᠠᠷᠠᠭ᠎ᠠ᠂ ᠬᠤᠷᠢᠶᠠᠩᠭᠤᠢ ᠬᠦᠰᠦᠨᠦᠭᠲᠦ (ᠳᠠᠭ᠋ᠠᠯᠳᠤᠭᠤᠯᠤᠯ 3᠎ᠳᠤ ᠦᠵᠡ) ᠵᠢ ᠲᠠᠭᠯᠠᠵᠤ ᠥᠪᠡᠷᠲᠡᠭᠡᠨ ᠵᠠᠰᠠᠬᠤ ᠤᠷᠤᠨ᠎ᠤ ᠲᠤᠪᠴᠢᠶ᠎ᠠ᠎ᠳᠤ ᠨᠢᠭᠡᠳᠥᠯᠲᠡᠢ ᠮᠡᠳᠡᠭᠦᠯᠬᠦ ᠬᠡᠷᠡᠭᠲᠡᠢ᠃
ᠬᠤᠶᠠᠷ᠂ ᠡᠯ᠎ᠡ ᠠᠶ᠋ᠢᠮᠠᠭ ᠬᠤᠲᠠ ᠵᠢᠨ ᠲᠣᠪᠴᠢᠶ᠎ᠠ ᠬᠠᠮᠢᠶ᠎ᠠ ᠪᠥᠬᠦᠶ ᠱᠠᠭ᠋ᠠᠷᠳᠠᠯᠭ᠎ᠠ ᠶᠣᠰᠣᠭ᠋ᠠᠷ ᠬᠠᠷᠢᠶ᠎ᠠ ᠭᠠᠵᠠᠷ᠎ᠤᠨ ᠵᠢᠱ᠌ᠢᠶ᠎ᠡ ᠦᠵᠡᠭᠦᠯᠬᠦ ᠬᠤᠲᠠ᠂ ᠬᠦᠷᠢᠶᠡᠯᠡᠩ ᠲᠣᠭᠤᠷᠢᠭ ᠵᠢᠴᠢ ᠤᠯᠤᠰ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠵᠢᠱ᠌ᠢᠶ᠎ᠡ ᠦᠵᠡᠭᠦᠯᠬᠦ ᠶᠡᠭᠡ ᠳᠡᠭᠡᠳᠦ ᠰᠤᠷᠭ᠋ᠠᠭᠤᠯᠢ ᠪᠠ ᠠᠵᠤ ᠠᠬᠤᠶ᠋ᠢᠯᠠᠯ᠎ᠢ ᠰᠠᠶ᠋ᠢᠲᠤᠷ ᠵᠣᠬᠢᠶᠠᠨ ᠪᠠᠶ᠋ᠢᠭᠤᠯᠤᠨ ᠲᠠᠨᠢᠯᠴᠠᠭᠤᠯᠬᠤ ᠪᠠ ᠥᠪᠡᠷ᠎ᠢ᠎ᠪᠠᠨ ᠲᠠᠨᠢᠯᠴᠠᠭᠤᠯᠬᠤ ᠠᠵᠢᠯ᠎ᠢ ᠥᠷᠨᠢᠭᠦᠯᠵᠦ᠂ ᠪᠣᠶ ᠪᠥᠬᠦᠶ ᠲᠠᠨᠢᠯᠴᠠᠭᠤᠯᠬᠤ᠂ ᠥᠪᠡᠰᠦᠪᠡᠨ ᠲᠠᠨᠢᠯᠴᠠᠭᠤᠯᠬᠤ ᠲᠥᠷᠥᠯ ᠵᠦᠢ᠍ᠯ ᠵᠢᠴᠢ ᠬᠤᠯᠪᠣᠭᠳᠠᠯ ᠪᠥᠬᠦᠶ ᠮᠠᠲ᠋ᠧᠷᠢᠶᠠᠯ᠎ᠢ ᠬᠠᠷᠢᠶ᠎ᠠ ᠭᠠᠵᠠᠷ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ (ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠲᠣᠪᠴᠢᠶ᠎ᠠ)᠎ᠪᠠᠷ ᠬᠢᠨᠠᠨ ᠬᠠᠷᠭᠤᠭᠤᠯᠬᠤ ᠪᠠ ᠢᠯᠡ ᠨᠡᠶ᠋ᠢᠲᠡᠯᠡᠭᠰᠡᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ (ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠲᠣᠪᠴᠢᠶ᠎ᠠ)᠎ᠳᠤ ᠨᠢᠭᠡᠳᠦᠯᠲᠡᠶ ᠮᠡᠳᠡᠭᠦᠯᠵᠦ᠂ ᠥᠪᠡᠰᠦᠪᠡᠨ ᠲᠠᠨᠢᠯᠴᠠᠭᠤᠯᠬᠤ ᠲᠥᠷᠥᠯ ᠵᠦᠢ᠍ᠯ᠎ᠨᠢ ᠠᠶ᠋ᠢᠮᠠᠭ ᠬᠤᠲᠠ ᠵᠢᠨ ᠲᠣᠪᠴᠢᠶ᠎ᠠ ᠵᠢᠨ ᠲᠠᠨᠢᠯᠴᠠᠭᠤᠯᠬᠤ ᠣᠷᠣᠨ ᠲᠤᠭ᠎ᠠ ᠵᠢ ᠡᠵᠡᠯᠡᠬᠦ ᠥᠬᠡᠶ᠃ ᠤᠯᠤᠰ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠵᠢᠱ᠌ᠢᠶ᠎ᠡ ᠦᠵᠡᠭᠦᠯᠬᠦ ᠠᠵᠤ ᠠᠬᠤᠶ᠋ᠢᠯᠠᠯ᠎ᠤᠳ ᠥᠪᠡᠷ ᠵᠶ᠋ᠡᠨ ᠲᠠᠨᠢᠯᠴᠠᠭᠤᠯᠬᠤ ᠣᠷᠣᠨ ᠲᠤᠭ᠎ᠠ᠎ᠪᠠᠨ ᠬᠡᠷᠡᠭᠯᠡᠵᠦ ᠭᠤᠶᠤᠴᠢᠯᠠᠨ ᠮᠡᠳᠡᠭᠦᠯᠬᠦ ᠵᠢ ᠵᠣᠷᠢᠭᠵᠢᠭᠤᠯᠬᠤ ᠬᠡᠷᠡᠭᠲᠡᠢ᠃
ᠭᠤᠷᠪᠠ᠂ ᠡᠯ᠎ᠡ ᠠᠶ᠋ᠢᠮᠠᠭ ᠬᠤᠲᠠ ᠵᠢᠨ ᠲᠣᠪᠴᠢᠶ᠎ᠠ ᠬᠠᠮᠢᠶ᠎ᠠ ᠪᠥᠬᠦᠶ ᠨᠢᠭᠡᠴᠢ ᠵᠢ ᠵᠣᠬᠢᠶᠠᠨ ᠪᠠᠶ᠋ᠢᠭᠤᠯᠤᠨ ᠳᠠᠶ᠋ᠢᠴᠢᠯᠠᠵᠤ᠂ ᠭᠠᠳᠠᠷ ᠳᠦᠷᠰᠦ ᠵᠢᠨ ᠵᠢᠷᠤᠭ ᠲᠥᠯᠥᠪᠯᠡᠭᠡᠨ᠎ᠤ ᠲᠤᠰᠬᠠᠶ ᠠᠰᠢᠭ᠎ᠢ ᠢᠳᠡᠪᠬᠢᠲᠡᠶ᠎ᠪᠠᠷ ᠭᠤᠶᠤᠴᠢᠯᠠᠨ ᠮᠡᠳᠡᠭᠦᠯᠵᠦ᠂ ᠭᠠᠳᠠᠷ ᠳᠦᠷᠰᠦ ᠵᠢᠨ ᠵᠢᠷᠤᠭ ᠲᠥᠯᠥᠪᠯᠡᠭᠡᠨ᠎ᠤ ᠲᠤᠰᠬᠠᠶ ᠠᠰᠢᠭ᠎ᠤᠨ ᠲᠥᠷᠥᠯ ᠵᠦᠢ᠍ᠯ᠎ᠢ ᠰᠢᠯᠢᠳᠡᠭ᠎ᠢ᠎ᠨᠢ ᠰᠣᠩᠭᠤᠨ ᠲᠠᠨᠢᠯᠴᠠᠭᠤᠯᠬᠤ ᠬᠡᠷᠡᠭᠲᠡᠶ᠃
ᠳᠥᠷᠪᠡ᠂ ᠲᠤᠰᠬᠠᠶ ᠠᠰᠢᠭ᠎ᠤᠨ ᠱᠠᠩᠨᠠᠯ᠎ᠢ ᠪᠠᠲᠤᠯᠠᠨ ᠲᠠᠨᠢᠯᠴᠠᠭᠤᠯᠬᠤ ᠠᠵᠢᠯ᠎ᠢ ᠴᠢᠨᠠᠷ ᠰᠠᠶ᠋ᠢᠲᠠᠶ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠵᠤ᠂ ᠰᠠᠭᠤᠷᠢ ᠰᠤᠳᠤᠯᠭ᠋ᠠᠨ᠂ ᠬᠡᠷᠡᠭᠯᠡᠭᠡᠨ᠎ᠤ ᠰᠠᠭᠤᠷᠢ ᠰᠤᠳᠤᠯᠭ᠋ᠠᠨ᠂ 《ᠪᠣᠭᠤᠮᠢ》 ᠮᠡᠷᠭᠡᠵᠢᠯ᠎ᠤᠨ ᠬᠦᠴᠢᠷ ᠠᠰᠠᠭᠤᠳᠠᠯ᠎ᠢ ᠰᠢᠢ᠍ᠳᠪᠦᠷᠢᠯᠡᠬᠦ ᠵᠢᠴᠢ ᠤᠯᠤᠰ᠂ ᠥᠪᠡᠷᠲᠡᠭᠡᠨ ᠵᠠᠰᠠᠬᠤ ᠣᠷᠣᠨ᠎ᠤ ᠭᠤᠤᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ ᠵᠡᠷᠭᠡ ᠲᠠᠯ᠎ᠠ᠎ᠪᠠᠷ ᠪᠣᠶ ᠪᠣᠯᠤᠭᠰᠠᠨ ᠭᠤᠤᠯᠯᠠᠬᠤ ᠲᠤᠰᠬᠠᠶ ᠠᠰᠢᠭ᠎ᠢ ᠤᠷᠢᠳᠠᠪᠠᠷ ᠲᠠᠨᠢᠯᠴᠠᠭᠤᠯᠬᠤ ᠬᠡᠷᠡᠭᠲᠡᠶ᠃
ᠲᠠᠪᠤ᠂ ᠲᠤᠰᠬᠠᠶ ᠠᠰᠢᠭ᠎ᠤᠨ ᠱᠠᠩᠨᠠᠯ ᠲᠠᠨᠢᠯᠴᠠᠭᠤᠯᠬᠤ ᠠᠵᠢᠯ᠎ᠨᠢ ᠴᠢᠨᠠᠷ ᠰᠠᠶ᠋ᠢᠲᠠᠶ ᠬᠥᠭᠵᠢᠯᠲᠡ ᠵᠢᠨ ᠱᠠᠭ᠋ᠠᠷᠳᠠᠯᠭ᠎ᠠ ᠵᠢ ᠤᠯᠠᠮ ᠨᠢᠭᠡ ᠠᠯᠬᠤᠮ ᠳᠣᠪᠤᠶ᠋ᠢᠯᠭ᠋ᠠᠵᠤ᠂ ᠨᠡᠯᠢᠶᠡᠳ ᠶᠡᠭᠡ ᠲᠣᠭ᠋ᠠᠨ (ᠬᠠᠷᠢᠴᠠᠯ)᠎ᠤ ᠬᠡᠪ᠎ᠤᠨ ᠪᠤᠰᠤ ᠲᠤᠰᠬᠠᠶ ᠠᠰᠢᠭ ᠭᠤᠶᠤᠴᠢᠯᠠᠭᠰᠠᠨ ᠨᠢᠭᠡᠴᠢ ᠪᠠ ᠬᠤᠪᠢ ᠬᠥᠮᠦᠨ᠎ᠢ ᠣᠯᠵᠤ ᠮᠡᠳᠡᠪᠡᠯ᠂ ᠲᠡᠭᠦᠨ᠎ᠤ ᠭᠤᠶᠤᠴᠢᠯᠠᠨ ᠮᠡᠳᠡᠭᠦᠯᠬᠦ᠂ ᠲᠠᠨᠢᠯᠴᠠᠭᠤᠯᠬᠤ᠂ ᠰᠢᠯᠭ᠋ᠠᠷᠠᠭᠤᠯᠬᠤ᠎ᠳᠤ ᠣᠷᠣᠯᠴᠠᠬᠤ ᠪᠠ ᠱᠠᠩᠨᠠᠯ ᠤᠯᠬᠤ ᠬᠢᠷᠢ ᠬᠡᠮ᠎ᠢ ᠬᠦᠴᠦᠨ ᠥᠬᠡᠶ ᠪᠣᠯᠭ᠋ᠠᠨ᠎ᠠ᠃
ᠵᠢᠷᠭᠤᠭ᠎ᠠ᠂ ᠡᠯ᠎ᠡ ᠠᠶ᠋ᠢᠮᠠᠭ ᠬᠤᠲᠠ ᠵᠢᠨ ᠲᠣᠪᠴᠢᠶ᠎ᠠ 2024 ᠣᠨ᠎ᠤ 1 ᠳ᠋ᠦ᠍ᠭᠡᠷ ᠰᠠᠷ᠎ᠠ ᠵᠢᠨ 22᠎ᠤᠨ ᠡᠳᠦᠷ᠎ᠠᠴᠠ ᠡᠮᠦᠨ᠎ᠡ ᠬᠢᠨᠠᠨ ᠬᠠᠷᠭᠤᠭᠤᠯᠬᠤ ᠪᠠ ᠢᠯᠡ ᠨᠡᠶ᠋ᠢᠲᠡᠯᠡᠭᠰᠡᠨ᠎ᠤ ᠳᠠᠷᠠᠭ᠋ᠠᠬᠢ ᠲᠠᠨᠢᠯᠴᠠᠭᠤᠯᠬᠤ ᠲᠥᠷᠥᠯ ᠵᠦᠢ᠍ᠯ᠎ᠤᠨ ᠮᠠᠲ᠋ᠧᠷᠢᠶᠠᠯ᠎ᠤᠨ ᠡᠯᠧᠺᠲᠷᠣᠨ ᠬᠡᠪᠯᠡᠯ (ᠭᠡᠷᠡᠯᠯᠢᠭ ᠳ᠋ᠢᠰᠺ) ᠵᠢᠴᠢ ᠴᠠᠭ᠋ᠠᠰᠤᠨ ᠮᠠᠲ᠋ᠧᠷᠢᠶᠠᠯ᠎ᠢ ᠨᠢᠭᠡ ᠬᠡᠯᠪᠡᠷᠢ᠎ᠪᠠᠷ 6 ᠬᠤᠪᠢ ᠥᠪᠡᠷᠲᠡᠭᠡᠨ ᠵᠠᠰᠠᠬᠤ ᠣᠷᠣᠨ᠎ᠤ ᠲᠣᠪᠴᠢᠶ᠎ᠠ᠎ᠳᠤ ᠮᠡᠳᠡᠭᠦᠯᠦᠨ ᠬᠦᠷᠭᠡᠵᠦ᠂ ᠡᠯᠧᠺᠲᠷᠣᠨ ᠬᠡᠪᠯᠡᠯ (PDF᠂Word ᠬᠡᠪᠯᠡᠯ)᠎ᠢ ᠵᠢᠭ᠋ᠠᠨ ᠲᠣᠭᠲᠠᠭ᠋ᠠᠭᠰᠠᠨ ᠰᠢᠤᠳᠠᠨ᠎ᠤ ᠬᠠᠶ᠋ᠢᠷᠴᠠᠭ᠎ᠲᠤ ᠮᠡᠳᠡᠭᠦᠯᠦᠨ ᠬᠦᠷᠭᠡᠬᠦ ᠬᠡᠷᠡᠭᠲᠡᠢ᠃
ᠬᠠᠷᠢᠯᠴᠠᠬᠤ ᠬᠥᠮᠦᠨ ᠵᠢᠴᠢ ᠬᠠᠷᠢᠯᠴᠠᠬᠤ ᠠᠷᠭ᠎ᠠ ᠮᠠᠶᠢᠭ᠄
ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠡᠷᠡᠭᠯᠡᠯᠲᠡ ᠵᠢ ᠠᠬᠢᠭᠤᠯᠬᠤ ᠭᠠᠵᠠᠷ
ᠲᠠᠨ᠎ᠠ 0471 – 6385195
ᠶᠠᠨ ᠵᠢᠩ 13847111510
ᠢᠮᠧᠯ᠄ 461365986@qq. com
ᠰᠢᠤᠳᠠᠨ ᠬᠠᠶᠢᠭ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠤᠲᠠ ᠵᠢᠨ ᠵᠢᠨᠴᠢᠶᠤᠤ ᠨᠡᠭᠡᠭᠡᠯᠲᠡ ᠵᠢᠨ ᠲᠣᠭᠤᠷᠢᠭ᠎ᠤᠨ ᠱ᠌ᠢ ᠵᠢᠢ ᠳᠥᠷᠪᠡᠳᠦᠭᠡᠷ ᠵᠠᠮ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ 723 (ᠯᠢ ᠸᠧᠶ ᠱᠧᠩ)
ᠳᠠᠭ᠋ᠠᠯᠳᠤᠭᠤᠯᠤᠯ᠄
3. ᠲᠠᠨᠢᠯᠴᠠᠭᠤᠯᠬᠤ ᠲᠥᠷᠥᠯ ᠵᠦᠢ᠍ᠯ᠎ᠤᠨ ᠬᠤᠷᠢᠶᠠᠩᠭᠤᠢ ᠬᠦᠰᠦᠨᠦᠭᠲᠦ