《ᠥᠪᠥᠷ ᠮᠣᠩᠭᠤᠯ᠎ᠤᠨ ᠦᠢ᠍ᠯᠡᠳᠪᠦᠷᠢᠯᠡᠵᠦ ᠪᠣᠷᠣᠯᠠᠭᠤᠯᠵᠤ ᠪᠠᠶ᠋ᠢᠭ᠎ᠠ 〈ᠬᠦᠴᠦᠨ᠎ᠲᠠᠢ ᠬᠤᠭᠤᠴᠠᠭ᠎ᠠ ᠦᠭᠡᠢ ᠪᠠ ᠦᠢ᠍ᠯᠡᠳᠭᠦᠨ᠎ᠤ ᠮᠡᠷᠭᠡᠵᠢᠯ᠎ᠤᠨ ᠱᠠᠭ᠋ᠠᠷᠳᠠᠯᠭ᠎ᠠ ᠦᠭᠡᠢ〉 ᠡᠷᠡᠭᠦᠯᠵᠢᠯ᠎ᠤᠨ ᠢᠳᠡᠭᠡᠨ᠎ᠢ ᠲᠥᠪᠯᠡᠷᠡᠭᠦᠯᠦᠨ ᠦᠨᠡᠮᠯᠡᠯ ᠰᠣᠯᠢᠬᠤ ᠠᠵᠢᠯ᠎ᠤᠨ ᠬᠡᠷᠡᠭᠵᠢᠭᠦᠯᠬᠦ ᠲᠥᠰᠥᠯ》᠎ᠢ ᠳᠠᠷᠤᠮᠠᠯᠯᠠᠨ ᠶᠠᠪᠤᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠮᠡᠳᠡᠭᠳᠡᠯ
2025-04-24

《ᠥᠪᠥᠷ ᠮᠣᠩᠭᠤᠯ᠎ᠤᠨ ᠦᠢ᠍ᠯᠡᠳᠪᠦᠷᠢᠯᠡᠵᠦ ᠪᠣᠷᠣᠯᠠᠭᠤᠯᠵᠤ ᠪᠠᠶ᠋ᠢᠭ᠎ᠠ 〈ᠬᠦᠴᠦᠨ᠎ᠲᠠᠢ ᠬᠤᠭᠤᠴᠠᠭ᠎ᠠ ᠦᠭᠡᠢ ᠪᠠ ᠦᠢ᠍ᠯᠡᠳᠭᠦᠨ᠎ᠤ ᠮᠡᠷᠭᠡᠵᠢᠯ᠎ᠤᠨ ᠱᠠᠭ᠋ᠠᠷᠳᠠᠯᠭ᠎ᠠ ᠦᠭᠡᠢ〉 ᠡᠷᠡᠭᠦᠯᠵᠢᠯ᠎ᠤᠨ ᠢᠳᠡᠭᠡᠨ᠎ᠢ ᠲᠥᠪᠯᠡᠷᠡᠭᠦᠯᠦᠨ ᠦᠨᠡᠮᠯᠡᠯ ᠰᠣᠯᠢᠬᠤ ᠠᠵᠢᠯ᠎ᠤᠨ ᠬᠡᠷᠡᠭᠵᠢᠭᠦᠯᠬᠦ ᠲᠥᠰᠥᠯ》᠎ᠢ ᠳᠠᠷᠤᠮᠠᠯᠯᠠᠨ ᠶᠠᠪᠤᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠮᠡᠳᠡᠭᠳᠡᠯ

 

ᠡᠯ᠎ᠡ ᠠᠶ᠋ᠢᠮᠠᠭ ᠬᠤᠲᠠ ᠵᠢᠴᠢ ᠮᠠᠨᠵᠤᠤᠷ ᠬᠤᠲᠠ᠂ ᠡᠷᠢᠶᠡᠨ ᠬᠤᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠬᠢᠨᠠᠨ ᠦᠨᠡᠯᠡᠬᠦ ᠪᠠᠶ᠋ᠢᠴᠠᠭ᠋ᠠᠨ ᠰᠢᠯᠭ᠋ᠠᠬᠤ ᠲᠥᠪ᠎ᠲᠤ᠄

     ᠡᠳᠦᠭᠡ 《ᠥᠪᠥᠷ ᠮᠣᠩᠭᠣᠯ᠎ᠤᠨ ᠦᠢ᠍ᠯᠡᠳᠪᠦᠷᠢᠯᠡᠵᠦ  ᠪᠤᠷᠣᠯᠠᠭᠣᠯᠵᠦ ᠪᠠᠢ᠌ᠭ᠎ᠠ 〈  ᠬᠦᠴᠦᠨ᠎ᠲᠠᠢ ᠬᠤᠭᠤᠴᠠᠭ᠎ᠠ ᠦᠭᠡᠶ ᠪᠠ ᠦᠢ᠍ᠯᠡᠳᠬᠦᠨ᠎ᠤ ᠮᠡᠷᠭᠡᠵᠢᠯ᠎ᠤᠨ ᠱᠠᠭ᠋ᠠᠷᠳᠠᠯᠭ᠎ᠠ ᠦᠭᠡᠶ 〉  ᠡᠷᠡᠭᠦᠯᠵᠢᠯ᠎ᠤᠨ ᠢᠳᠡᠭᠡᠨ᠎ᠢ  ᠲᠥᠪᠯᠡᠷᠡᠭᠦᠯᠦᠨ ᠦᠨᠡᠮᠯᠡᠯ ᠰᠣᠯᠢᠬᠤ ᠠᠵᠢᠯ᠎ᠤᠨ ᠬᠡᠷᠡᠭᠵᠢᠭᠦᠯᠬᠦ ᠲᠥᠰᠦᠯ》᠎ᠢ ᠲᠠᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭ᠋ᠠᠶ  ᠲᠤᠭᠤᠰᠢᠯᠠᠭᠣᠯᠣᠨ ᠬᠡᠷᠡᠭᠵᠢᠭᠦᠯᠲᠦᠭᠡᠶ᠃

 

ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠤᠪᠴᠢᠶ᠎ᠠ

2025 ᠣᠨ᠎ᠤ 2  ᠳ᠋ᠤᠭ᠋ᠠᠷ  ᠰᠠᠷ᠎ᠠ ᠵᠢᠨ 24᠎ᠤ ᠡᠳᠦᠷ

 

(ᠲᠤᠰ  ᠮᠡᠳᠡᠭᠳᠡᠯ᠎ᠢ ᠰᠠᠨᠠᠭ᠋ᠠᠴᠢᠯᠠᠭ᠎ᠠ᠎ᠠᠴᠠ᠎ᠪᠠᠨ ᠢᠯᠡ  ᠪᠣᠯᠭ᠋ᠠᠨ᠎ᠠ )

 

ᠥᠪᠥᠷ ᠮᠣᠩᠭᠣᠯ᠎ᠤᠨ ᠦᠢ᠍ᠯᠡᠳᠪᠦᠷᠢᠯᠡᠵᠦ ᠪᠣᠷᠣᠯᠠᠭᠤᠯᠬᠤ  ᠪᠠᠢ᠌ᠭ᠎ᠠ 《ᠬᠦᠴᠦᠨ᠎ᠲᠠᠢ ᠬᠤᠭᠤᠴᠠᠭ᠎ᠠ ᠦᠭᠡᠶ ᠪᠠ ᠦᠢ᠍ᠯᠡᠳᠬᠦᠨ᠎ᠤ ᠮᠡᠷᠭᠡᠵᠢᠯ᠎ᠤᠨ ᠱᠠᠭ᠋ᠠᠷᠳᠠᠯᠭ᠎ᠠ ᠦᠭᠡᠶ》 ᠡᠷᠡᠭᠦᠯᠵᠢᠯ᠎ᠤᠨ ᠢᠳᠡᠭᠡᠨ᠎ᠢ ᠲᠥᠪᠯᠡᠷᠡᠭᠦᠯᠦᠨ ᠦᠨᠡᠮᠯᠡᠯ ᠰᠣᠯᠢᠬᠤ ᠠᠵᠢᠯ᠎ᠤᠨ ᠬᠡᠷᠡᠭᠵᠢᠭᠦᠯᠬᠦ ᠲᠥᠰᠦᠯ

 

     《〈ᠬᠦᠴᠦᠨ᠎ᠲᠠᠢ ᠬᠤᠭᠤᠴᠠᠭ᠎ᠠ ᠥᠬᠡᠶ ᠪᠠ ᠦᠢ᠍ᠯᠡᠳᠭᠦᠨ᠎ᠤ ᠮᠡᠷᠭᠡᠵᠢᠯ᠎ᠤᠨ ᠱᠠᠭ᠋ᠠᠷᠳᠠᠯᠭ᠎ᠠ ᠥᠬᠡᠶ〉 ᠡᠷᠡᠭᠦᠯᠵᠢᠯ᠎ᠤᠨ ᠢᠳᠡᠭᠡᠨ᠎ᠢ ᠲᠥᠪᠯᠡᠷᠡᠭᠦᠯᠦᠨ ᠦᠨᠡᠮᠯᠡᠯ ᠰᠣᠯᠢᠬᠤ ᠵᠢ ᠬᠢᠨᠠᠨ ᠪᠠᠶ᠋ᠢᠴᠠᠭ᠋ᠠᠬᠤ ᠭᠤᠤᠯᠳᠠᠯᠭ᠎ᠠ〉 ᠵᠢ ᠨᠡᠶ᠋ᠢᠲᠡᠯᠡᠬᠦ ᠲᠤᠬᠠᠶ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ ᠵᠢᠨ ᠠᠯᠪᠠᠨ ᠵᠠᠷ》 (2024  ᠣᠨ᠎ᠤ 49 ᠳ᠋ᠦ᠍ᠭᠡᠷ  ᠲᠣᠭ᠋ᠠᠲᠤ) (ᠳᠣᠷᠣᠭᠰᠢ 《ᠬᠢᠨᠠᠨ ᠪᠠᠶ᠋ᠢᠴᠠᠭ᠋ᠠᠬᠤ ᠭᠤᠤᠯᠳᠠᠯᠭ᠎ᠠ》 ᠭᠡᠵᠦ ᠲᠣᠪᠴᠢᠯᠠᠨ᠎ᠠ) ᠪᠠ 《〈ᠡᠷᠡᠭᠦᠯᠵᠢᠯ᠎ᠤᠨ ᠢᠳᠡᠭᠡᠨ᠎ᠤ ᠦᠢ᠍ᠯᠡᠳᠪᠦᠷᠢᠯᠡᠯ᠎ᠤᠨ ᠡᠷᠡᠭᠦᠯᠵᠢᠯ᠎ᠤᠨ ᠴᠢᠳᠠᠮᠵᠢ ᠵᠢᠨ ᠭᠠᠷᠴᠠᠭ   ᠰᠢᠮ᠎ᠡ ᠲᠡᠵᠢᠭᠡᠯ᠎ᠤᠨ ᠪᠤᠰᠤ ᠨᠥᠬᠦᠪᠥᠷᠢ ᠡᠳ᠋ (2023 ᠣᠨ᠎ᠤ ᠬᠡᠪᠯᠡᠯ) ᠵᠢᠴᠢ ᠢᠵᠢ ᠪᠥᠷᠢᠳᠦᠭᠰᠡᠨ ᠪᠢᠴᠢᠭ ᠮᠠᠲ᠋ᠧᠷᠢᠶᠠᠯ᠎ᠢ ᠨᠡᠶ᠋ᠢᠲᠡᠯᠡᠬᠦ ᠲᠤᠬᠠᠶ ᠠᠯᠪᠠᠨ ᠵᠠᠷ》 (2023 ᠣᠨ᠎ᠤ ᠬᠡᠪᠯᠡᠯ) ᠵᠢᠴᠢ ᠢᠵᠢ ᠪᠥᠷᠢᠳᠦᠭᠰᠡᠨ ᠪᠢᠴᠢᠭ ᠮᠠᠲ᠋ᠧᠷᠢᠶᠠᠯ᠎ᠢ ᠨᠡᠶ᠋ᠢᠲᠡᠯᠡᠬᠦ ᠲᠤᠬᠠᠶ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ   ᠣᠯᠣᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠦᠪᠯᠡᠯ   ᠤᠯᠤᠰ᠎ᠤᠨ ᠬᠢᠲᠠᠳ ᠡᠮ ᠡᠮᠨᠡᠯᠭᠡ ᠵᠢᠨ ᠲᠤᠪᠴᠢᠶ᠎ᠠ ᠵᠢᠨ  ᠠᠯᠪᠠᠨ ᠵᠠᠷ》 (2023 ᠣᠨ᠎ᠤ 38 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠶᠣᠰᠣᠭ᠋ᠠᠷ᠂ ᠶᠡᠷᠦᠩᠬᠡᠶ ᠲᠣᠪᠴᠢᠶ᠎ᠠ᠎ᠲᠠᠢ ᠬᠠᠮᠵᠢᠯᠴᠠᠨ ᠮᠠᠨ᠎ᠤ ᠣᠷᠣᠨ᠎ᠤ 《ᠬᠦᠴᠦᠨ᠎ᠲᠠᠢ ᠬᠤᠭᠤᠴᠠᠭ᠎ᠠ ᠥᠬᠡᠶ ᠪᠠ ᠦᠢ᠍ᠯᠡᠳᠭᠦᠨ᠎ᠤ ᠮᠡᠷᠭᠡᠵᠢᠯ᠎ᠤᠨ ᠱᠠᠭ᠋ᠠᠷᠳᠠᠯᠭ᠎ᠠ ᠥᠬᠡᠶ》 (ᠳᠣᠷᠣᠭᠰᠢ 《ᠬᠤᠤᠰ ᠦᠭᠡᠢ》 ᠭᠡᠵᠦ ᠲᠣᠪᠴᠢᠯᠠᠨ᠎ᠠ) ᠵᠢᠨ  ᠡᠷᠡᠭᠦᠯᠵᠢᠯ᠎ᠤᠨ ᠢᠳᠡᠭᠡᠨ᠎ᠢ ᠲᠥᠪᠯᠡᠷᠡᠭᠦᠯᠦᠨ ᠦᠨᠡᠮᠯᠡᠯ ᠰᠣᠯᠢᠬᠤ ᠠᠵᠢᠯ᠎ᠢ ᠰᠠᠶ᠋ᠢᠲᠤᠷ ᠬᠢᠬᠦ ᠵᠢᠨ ᠲᠤᠰᠠᠳᠠ᠂ ᠮᠠᠨ᠎ᠤ ᠣᠷᠣᠨ᠎ᠤ ᠪᠣᠳᠠᠲᠠᠶ᠎ᠲᠠᠢ᠎ᠪᠠᠨ ᠤᠶᠠᠯᠳᠤᠭᠤᠯᠤᠨ᠂ ᠲᠣᠰ ᠬᠡᠷᠡᠭᠵᠢᠭᠦᠯᠬᠦ ᠲᠥᠰᠦᠯ᠎ᠢ ᠲᠣᠭᠲᠠᠭ᠋ᠠᠪᠠ᠃

     ᠨᠢᠭᠡ᠂ ᠠᠵᠢᠯ᠎ᠤᠨ ᠬᠠᠷᠠᠯᠲᠠ

     ᠶᠡᠷᠦᠩᠬᠡᠶ ᠲᠣᠪᠴᠢᠶ᠎ᠠ ᠵᠢᠨ  ᠲᠣᠳᠣᠷᠬᠠᠢ᠌ᠯᠠᠭᠰᠠᠨ  ᠰᠢᠯᠵᠢᠯᠲᠡ ᠵᠢᠨ ᠬᠤᠭᠤᠴᠠᠭ᠋ᠠᠨ᠎ᠳᠤ᠂ 《ᠬᠠᠤᠯᠢ ᠲᠣᠭᠲᠠᠭ᠋ᠠᠯ  ᠶᠤᠰᠣᠭ᠋ᠠᠷ ᠂ ᠲᠥᠷᠥᠯ ᠬᠤᠪᠢᠶᠠᠨ  ᠰᠢᠢ᠍ᠳᠪᠦᠷᠢᠯᠡᠵᠦ ᠂ ᠲᠣᠭᠲᠠᠭᠤᠨ ᠵᠶ᠋ᠠᠷ ᠰᠢᠯᠵᠢᠭᠦᠯᠬᠦ》 ᠵᠠᠷᠴᠢᠮ᠎ᠢ  ᠪᠠᠷᠢᠮᠲᠠᠯᠠᠨ ᠂ ᠳᠠᠩᠰᠠᠯᠠᠭᠤᠯᠤᠭᠴᠢ ᠰᠠᠶ᠋ᠢᠨ ᠳᠤᠷ᠎ᠠ᠎ᠠᠴᠠ᠎ᠪᠠᠨ  ᠭᠣᠶᠣᠴᠢᠯᠠᠨ  ᠮᠡᠳᠡᠭᠦᠯᠦᠭᠰᠡᠨ ᠤᠷᠢᠲᠠᠯ ᠳᠣᠤᠷ᠎ᠠ᠂ ᠮᠠᠨ᠎ᠤ ᠲᠣᠪᠴᠢᠶ᠎ᠠ᠎ᠠᠴᠠ  ᠬᠢᠨᠠᠨ ᠣᠯᠭᠣᠭᠰᠠᠨ ᠦᠢ᠍ᠯᠡᠳᠪᠦᠷᠢᠯᠡᠬᠦ ᠵᠦᠪᠰᠢᠶᠡᠷᠡᠯ᠎ᠤᠨ ᠨᠥᠬᠦᠴᠡᠯ᠎ᠳᠤ ᠨᠡᠶ᠋ᠢᠴᠡᠭᠰᠡᠨ ᠤᠶ᠋ᠢᠯᠡᠳᠪᠤᠷᠢᠯᠡᠵᠤ  ᠪᠣᠷᠣᠯᠠᠭᠣᠯᠵᠦ  ᠪᠠᠶ᠋ᠢᠭ᠎ᠠ 《ᠬᠤᠤᠰ ᠦᠭᠡᠢ》 ᠪᠥᠭᠡᠮ  ᠵᠦᠢ᠍ᠯ᠎ᠤᠨ ᠦᠢ᠍ᠯᠡᠳᠬᠦᠨ᠎ᠳᠤ  ᠦᠨᠡᠮᠯᠡᠯ  ᠰᠣᠯᠢᠬᠤ  ᠰᠠᠨᠠᠯ ᠭᠠᠷᠭ᠋ᠠᠵᠤ᠂ ᠡᠷᠡᠭᠦᠯᠵᠢᠯ᠎ᠤᠨ ᠢᠳᠡᠭᠡᠨ᠎ᠤ ᠳᠡᠩᠰᠡᠯᠡᠯᠲᠡ᠂  ᠦᠢ᠍ᠯᠡᠳᠪᠦᠷᠢᠯᠡᠬᠦ  ᠵᠥᠪᠰᠢᠶᠡᠷᠡᠯ ᠪᠠ ᠬᠢᠨᠠᠯᠲᠠ ᠬᠠᠮᠢᠶᠠᠷᠤᠯᠲᠠ ᠵᠢ ᠪᠦᠲᠦᠮᠵᠢᠲᠡᠶ ᠵᠣᠯᠭ᠋ᠠᠭᠤᠯᠬᠤ ᠵᠢ ᠴᠢᠩᠭ᠋ᠠᠷᠠᠭᠤᠯᠤᠨ᠎ᠠ᠃

     ᠬᠤᠶᠠᠷ᠂ ᠠᠵᠢᠯ᠎ᠤᠨ ᠴᠤᠪᠤᠷᠠᠯ

     (ᠨᠢᠭᠡ ) ᠦᠨᠡᠮᠯᠡᠯ  ᠰᠣᠯᠢᠬᠤ ᠰᠠᠨᠠᠯ᠎ᠪᠠᠨ ᠭᠣᠶᠣᠴᠢᠯᠠᠨ ᠮᠡᠳᠡᠭᠦᠯᠬᠦ ᠵᠢ ᠳᠣᠷᠠᠳᠣᠨ᠎ᠠ ᠃ ᠦᠨᠡᠮᠯᠡᠯ ᠰᠣᠯᠢᠬᠤ  ᠭᠣᠶᠣᠴᠢᠯᠠᠨ ᠮᠡᠳᠡᠭᠦᠯᠬᠦ ᠵᠢ ᠳᠠᠩᠰᠠᠯᠠᠭᠣᠯᠣᠭᠴᠢ  ᠰᠠᠶ᠋ᠢᠨ ᠳᠤᠷ᠎ᠠ᠎ᠠᠴᠠ᠎ᠪᠠᠨ ᠳᠤᠷᠠᠳᠴᠤ᠂ 《ᠬᠢᠨᠠᠨ ᠪᠠᠶ᠋ᠢᠴᠠᠭ᠋ᠠᠬᠤ ᠭᠤᠤᠯᠳᠠᠯᠭ᠎ᠠ》᠎ᠲᠠᠢ ᠬᠠᠷᠢᠴᠠᠭᠤᠯᠤᠨ ᠮᠠᠲ᠋ᠧᠷᠢᠶᠠᠯ᠎ᠢ ᠰᠠᠶ᠋ᠢᠲᠤᠷ ᠪᠡᠯᠡᠳᠬᠡᠭᠰᠡᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠳᠤ ᠥᠪᠡᠷᠲᠡᠭᠡᠨ ᠵᠠᠰᠠᠬᠤ ᠣᠷᠣᠨ (ᠮᠤᠵᠢ)᠎ᠤ  ᠱᠠᠲᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠦᠨᠡᠮᠯᠡᠯ ᠰᠣᠯᠢᠬᠤ ᠰᠠᠨᠠᠯ᠎ᠢ ᠭᠤᠶᠤᠴᠢᠯᠠᠨ ᠭᠠᠷᠭ᠋ᠠᠵᠦ ᠦᠭᠬᠦᠨ᠎ᠡ ᠂  ᠭᠣᠶᠣᠴᠢᠯᠠᠨ ᠮᠡᠳᠡᠭᠦᠯᠬᠦ  ᠮᠠᠲ᠋ᠧᠷᠢᠶᠠᠯ᠎ᠳᠤ᠄

     1. 《ᠤᠯᠤᠰ᠎ᠲᠤ᠎ᠪᠠᠨ  ᠦᠢ᠍ᠯᠡᠳᠪᠦᠷᠢᠯᠡᠭᠰᠡᠨ ᠡᠷᠡᠭᠦᠯᠵᠢᠯ᠎ᠤᠨ ᠢᠳᠡᠭᠡᠨ᠎ᠤ ᠳᠠᠩᠰᠠᠯᠠᠭᠤᠯᠤᠭᠰᠠᠨ ᠦᠨᠡᠮᠯᠡᠯ》 ᠵᠢᠴᠢ ᠬᠠᠮᠢᠶ᠎ᠠ ᠪᠦᠬᠦᠢ  ᠬᠤᠪᠢᠷᠠᠭᠣᠯᠬᠣ  ᠪᠤᠶᠤ ᠰᠢᠯᠵᠢᠭᠦᠯᠦᠨ ᠥᠭᠬᠦ ᠵᠡᠷᠭᠡ ᠭᠡᠷᠡᠴᠢᠯᠡᠬᠦ ᠪᠢᠴᠢᠭ ᠮᠠᠲ᠋ᠧᠷᠢᠶᠠᠯ᠎ᠤᠨ ᠬᠠᠭᠤᠯᠪᠤᠷᠢ ᠂

     2. 《ᠢᠳᠡᠭᠡᠨ ᠦᠢ᠍ᠯᠡᠳᠪᠦᠷᠢᠯᠡᠬᠦ ᠵᠥᠪᠰᠢᠶᠡᠷᠡᠯ᠎ᠤᠨ ᠦᠨᠡᠮᠯᠡᠯ》 ᠪᠠ ᠨᠠᠷᠢᠨ   ᠳᠠᠩᠰᠠ᠂

     3. 《ᠬᠢᠨᠠᠨ ᠪᠠᠶ᠋ᠢᠴᠠᠭ᠋ᠠᠬᠤ ᠭᠤᠣᠯᠳᠠᠯᠭ᠎ᠠ》 ᠵᠢᠨ ᠳᠠᠭ᠋ᠠᠯᠳᠤᠭᠤᠯᠤᠯ 1 (《ᠪᠣᠳᠠᠲᠠᠶ ᠦᠢ᠍ᠯᠡᠳᠪᠦᠷᠢᠯᠡᠵᠦ ᠭᠦᠢ᠍ᠴᠡᠳᠬᠡᠵᠦ ᠪᠠᠶ᠋ᠢᠭ᠎ᠠ ᠦᠢ᠍ᠯᠡᠳᠬᠦᠨ᠎ᠤ ᠨᠠᠶ᠋ᠢᠷᠠᠯᠭ᠎ᠠ ᠵᠢᠨ ᠬᠦᠰᠦᠨᠦᠭᠲᠦ》᠂ ᠳᠠᠭ᠋ᠠᠯᠳᠣᠭᠣᠯᠣᠯ 2 《ᠪᠣᠳᠠᠲᠠᠶ ᠦᠢ᠍ᠯᠡᠳᠪᠦᠷᠢᠯᠡᠵᠦ ᠭᠦᠢ᠍ᠴᠡᠳᠬᠡᠵᠦ ᠪᠠᠶ᠋ᠢᠭ᠎ᠠ ᠦᠢ᠍ᠯᠡᠳᠪᠦᠷᠢᠯᠡᠯ᠎ᠤᠨ ᠤᠷ᠎ᠠ ᠮᠡᠷᠭᠡᠰᠢᠯ》᠂ ᠳᠠᠭ᠋ᠠᠯᠳᠣᠭᠣᠯᠣᠯ 3 《ᠪᠣᠳᠠᠲᠠᠶ ᠦᠢ᠍ᠯᠡᠳᠪᠦᠷᠢᠯᠡᠵᠦ ᠭᠦᠢ᠍ᠴᠡᠳᠬᠡᠵᠦ ᠪᠠᠶ᠋ᠢᠭ᠎ᠠ ᠦᠢ᠍ᠯᠡᠳᠭᠦᠨ᠎ᠤ ᠮᠡᠷᠭᠡᠵᠢᠯ᠎ᠤᠨ ᠱᠠᠭ᠋ᠠᠷᠳᠠᠯᠭ᠎ᠠ》 ᠵᠢ ᠪᠠᠭᠲᠠᠨ᠎ᠠ) ᠨᠢᠭᠡ ᠬᠡᠯᠪᠡᠷᠢ ᠵᠢᠨ ᠭᠤᠷᠪᠠᠨ ᠬᠤᠪᠢ ᠪᠡᠯᠡᠳᠬᠡᠨ᠎ᠡ᠂

     ᠳᠡᠭᠡᠷ᠎ᠡ ᠳᠤᠷᠠᠳᠤᠭᠰᠠᠨ ᠮᠠᠲ᠋ᠧᠷᠢᠶᠠᠯ᠎ᠳᠤ  ᠴᠠᠭ᠋ᠠᠰᠤᠨ ᠬᠡᠪᠯᠡᠯ ᠪᠠ  ᠡᠯᠸᠺᠲᠷᠣᠨ  ᠬᠡᠪᠯᠡᠯ᠎ᠢ ᠬᠠᠩᠭ᠋ᠠᠬᠤ ᠬᠡᠷᠡᠭᠲᠡᠶ᠂ ᠴᠠᠭ᠋ᠠᠰᠤᠨ ᠬᠡᠪᠯᠡᠯ᠎ᠤᠨ ᠮᠠᠲ᠋ᠧᠷᠢᠶᠠᠯ᠎ᠳᠤ  ᠨᠢᠭᠤᠷ ᠳᠠᠷᠠᠭ᠋ᠠᠯᠠᠨ ᠠᠯᠪᠠᠨ ᠲᠠᠮᠠᠭ᠎ᠠ ᠳᠠᠷᠤᠬᠤ ᠪᠤᠶᠤ  ᠠᠭᠣᠯᠵᠠᠷ᠎ᠤᠨ  ᠲᠠᠮᠠᠭ᠎ᠠ  ᠬᠡᠷᠡᠭᠲᠡᠢ ᠂ ᠡᠯᠸᠺᠲᠷᠣᠨ  ᠬᠡᠪᠯᠡᠯ᠎ᠤᠨ ᠮᠠᠲ᠋ᠧᠷᠢᠶᠠᠯ᠎ᠳᠤ  ᠴᠠᠭ᠋ᠠᠰᠤᠨ ᠬᠡᠪᠯᠡᠯ᠎ᠤᠨ ᠮᠠᠲ᠋ᠧᠷᠢᠶᠠᠯ᠎ᠤᠨ ᠲᠠᠮᠠᠭ᠎ᠠ  ᠳᠠᠷᠣᠭᠰᠠᠨ ᠰᠢᠷᠪᠢᠯᠲᠡ ᠵᠢᠨ  ᠮᠠᠲ᠋ᠧᠷᠢᠶᠠᠯ  ᠪᠠᠢ᠌ᠬᠤ ᠬᠡᠷᠡᠭᠲᠡᠢ ᠃

     (ᠬᠣᠶᠠᠷ )  ᠪᠠᠶ᠋ᠢᠳᠠᠯ᠎ᠢ ᠬᠢᠨᠠᠨ ᠬᠠᠷᠭᠤᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ 《ᠬᠤᠣᠰ ᠦᠭᠡᠢ》 ᠡᠷᠡᠭᠦᠯᠵᠢᠯ᠎ᠤᠨ ᠢᠳᠡᠭᠡᠨ᠎ᠤ ᠦᠨᠡᠮᠯᠡᠯ ᠰᠣᠯᠢᠬᠤ ᠰᠠᠨᠠᠯ᠎ᠤᠨ ᠭᠤᠶᠤᠴᠢᠯᠠᠯ᠎ᠢ ᠣᠯᠣᠭᠰᠠᠨ᠎ᠤ  ᠳᠠᠷᠠᠭ᠎ᠠ᠂ ᠠᠩᠬ᠎ᠠ ᠠᠯᠬᠤᠮ ᠬᠢᠨᠠᠨ ᠬᠠᠷᠭᠤᠭᠤᠯᠬᠤ᠎ᠪᠠᠷ ᠳᠠᠮᠵᠢᠵᠤ᠂ ᠦᠢ᠍ᠯᠡᠳᠬᠦᠨ ᠦᠢ᠍ᠯᠡᠳᠪᠦᠷᠢᠯᠡᠬᠦ ᠠᠵᠤ ᠠᠬᠤᠶ᠋ᠢᠯᠠᠯ᠎ᠤᠨ ᠬᠠᠷᠢᠶ᠎ᠠ ᠭᠠᠵᠠᠷ (ᠠᠶ᠋ᠢᠮᠠᠭ) ᠬᠤᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠢᠨᠠᠨ ᠦᠨᠡᠯᠡᠬᠦ ᠪᠠᠶ᠋ᠢᠴᠠᠭ᠋ᠠᠨ ᠰᠢᠯᠭ᠋ᠠᠬᠤ ᠲᠥᠪ᠎ᠲᠤ ᠮᠡᠳᠡᠭᠳᠡᠵᠦ ᠪᠠᠢ᠌ᠳᠠᠯ᠎ᠢ  ᠬᠢᠨᠠᠨ  ᠬᠠᠷᠭᠤᠭᠤᠯᠬᠤ᠎ᠳᠤ ᠬᠠᠮᠵᠢᠯᠴᠠᠭᠣᠯᠣᠨ᠎ᠠ᠃

     1. ᠦᠢ᠍ᠯᠡᠳᠬᠦᠨ ᠦᠢ᠍ᠯᠡᠳᠪᠦᠷᠢᠯᠡᠬᠦ  ᠠᠵᠤ ᠠᠬᠤᠶ᠋ᠢᠯᠠᠯ᠎ᠤᠨ ᠬᠠᠷᠢᠶ᠎ᠠ ᠭᠠᠵᠠᠷ (ᠠᠶ᠋ᠢᠮᠠᠭ) ᠬᠤᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠎ᠨᠢ  ᠦᠨᠡᠮᠯᠡᠯ ᠰᠣᠯᠢᠭᠰᠠᠨ ᠦᠢ᠍ᠯᠡᠳᠬᠦᠨ᠎ᠤ ᠣᠶ᠋ᠢᠷ᠎ᠠ ᠵᠢᠨ 5 ᠵᠢᠯ᠎ᠤᠨ ᠬᠢᠨᠠᠯᠲᠠ ᠬᠠᠮᠢᠶᠠᠷᠤᠯᠲᠠ ᠵᠢᠨ ᠪᠠᠶ᠋ᠢᠳᠠᠯ᠎ᠢ ᠬᠢᠨᠠᠨ ᠬᠠᠷᠭᠤᠭᠤᠯᠬᠤ ᠵᠢᠨ ᠬᠠᠮᠲᠤ ᠂ 5 ᠠᠵᠢᠯᠯᠠᠬᠤ ᠡᠳᠦᠷ᠎ᠤᠨ ᠳᠣᠲᠣᠷ᠎ᠠ 《ᠦᠢ᠍ᠯᠡᠳᠪᠦᠷᠢᠯᠡᠵᠦ ᠪᠣᠷᠣᠯᠠᠭᠣᠯᠵᠦ ᠪᠠᠢ᠌ᠭ᠎ᠠ 〈ᠬᠦᠴᠦᠨ᠎ᠲᠠᠢ ᠬᠤᠭᠤᠴᠠᠭ᠎ᠠ ᠥᠬᠡᠶ ᠪᠠ ᠦᠢ᠍ᠯᠡᠳᠬᠦᠨ᠎ᠤ ᠮᠡᠷᠭᠡᠵᠢᠯ᠎ᠤᠨ ᠱᠠᠭ᠋ᠠᠷᠳᠠᠯᠭ᠎ᠠ ᠥᠬᠡᠶ〉 ᠡᠷᠡᠭᠦᠯᠵᠢᠯ᠎ᠤᠨ ᠢᠳᠡᠭᠡᠨ᠎ᠤ ᠦᠨᠡᠮᠯᠡᠯ ᠰᠣᠯᠢᠬᠤ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠵᠢᠨ ᠬᠢᠨᠠᠨ ᠪᠠᠶ᠋ᠢᠴᠠᠭ᠋ᠠᠬᠤ ᠰᠠᠨᠠᠯ᠎ᠤᠨ ᠪᠢᠴᠢᠭ》 (ᠳᠠᠭ᠋ᠠᠯᠳᠤᠭᠤᠯᠤᠯ  2)᠎ᠢ ᠭᠠᠷᠭ᠋ᠠᠵᠤ ᠥᠭᠭᠦᠨ᠎ᠡ᠃

     2. ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠢᠨᠠᠨ ᠦᠨᠡᠯᠡᠬᠦ ᠪᠠᠶ᠋ᠢᠴᠠᠭ᠋ᠠᠨ ᠰᠢᠯᠭ᠋ᠠᠬᠤ ᠲᠥᠪ᠎ᠠᠴᠠ 3 ᠬᠦᠮᠤᠨ᠎ᠠᠴᠠ ᠳᠡᠭᠡᠭᠰᠢᠬᠢ ᠪᠠᠶ᠋ᠢᠴᠠᠭ᠋ᠠᠬᠤ ᠳᠤᠭᠤᠶ᠋ᠢᠯᠠᠩ᠎ᠢ ᠵᠣᠬᠢᠶᠠᠨ ᠪᠠᠶ᠋ᠢᠭᠤᠯᠤᠨ ᠦᠢ᠍ᠯᠡᠳᠬᠦᠨ᠎ᠳᠤ ᠲᠤᠬᠠᠶ ᠵᠢᠨ ᠭᠠᠵᠠᠷ᠎ᠲᠤ᠎ᠨᠢ ᠬᠢᠨᠠᠨ ᠪᠠᠶ᠋ᠢᠴᠠᠭ᠋ᠠᠯᠲᠠ ᠬᠢᠵᠦ᠂ ᠦᠢ᠍ᠯᠡᠳᠬᠦᠨ᠎ᠤ ᠨᠠᠶ᠋ᠢᠷᠠᠯᠭ᠎ᠠ᠂ ᠦᠢ᠍ᠯᠡᠳᠪᠦᠷᠢᠯᠡᠯ᠎ᠤᠨ ᠣᠷᠠᠯᠠᠯ ᠪᠣᠯᠤᠨ ᠦᠢ᠍ᠯᠡᠳᠬᠦᠨ᠎ᠤ ᠮᠡᠷᠭᠡᠵᠢᠯ᠎ᠤᠨ ᠱᠠᠭ᠋ᠠᠷᠳᠠᠯᠭ᠎ᠠ ᠵᠢ ᠪᠣᠳᠠᠲᠠᠶ ᠬᠡᠷᠡᠭᠵᠢᠭᠦᠯᠵᠦ ᠪᠠᠢ᠌ᠭ᠎ᠠ ᠪᠠᠶ᠋ᠢᠳᠠᠯ᠎ᠢ ᠭᠤᠤᠯᠳᠠᠯᠭ᠎ᠠ᠎ᠲᠠᠢ ᠬᠢᠨᠠᠨ ᠪᠠᠶ᠋ᠢᠴᠠᠭ᠋ᠠᠬᠤ ᠬᠡᠷᠡᠭᠲᠡᠶ᠃ ᠱᠠᠭ᠋ᠠᠷᠳᠠᠯᠭ᠎ᠠ᠎ᠳᠤ ᠨᠡᠶ᠋ᠢᠴᠡᠭᠰᠡᠨ ᠪᠠᠶ᠋ᠢᠪᠠᠯ᠂ 5 ᠠᠵᠢᠯᠯᠠᠬᠤ ᠡᠳᠦᠷ᠎ᠤᠨ ᠳᠣᠲᠣᠷ᠎ᠠ 《ᠦᠢ᠍ᠯᠡᠳᠪᠦᠷᠢᠯᠡᠵᠦ ᠪᠤᠷᠤᠯᠠᠭᠤᠯᠵᠦ ᠪᠠᠢ᠌ᠭ᠎ᠠ 〈ᠬᠦᠴᠦᠨ᠎ᠲᠠᠢ ᠬᠤᠭᠤᠴᠠᠭ᠎ᠠ ᠦᠭᠡᠢ ᠪᠠ ᠦᠢ᠍ᠯᠡᠳᠬᠦᠨ᠎ᠤ ᠮᠡᠷᠭᠡᠵᠢᠯ᠎ᠤᠨ ᠱᠠᠭ᠋ᠠᠷᠳᠠᠯᠭ᠎ᠠ ᠦᠭᠡᠶ〉 ᠡᠷᠡᠭᠦᠯᠵᠢᠯ᠎ᠤᠨ ᠢᠳᠡᠭᠡᠨ᠎ᠤ ᠦᠨᠡᠮᠯᠡᠯ ᠰᠣᠯᠢᠬᠤ ᠲᠤᠬᠠᠶ ᠵᠢᠨ ᠲᠠᠯᠠᠪᠤᠷ᠎ᠢ ᠬᠠᠷᠭᠤᠭᠤᠯᠤᠨ ᠪᠠᠶ᠋ᠢᠴᠠᠭ᠋ᠠᠭᠰᠠᠨ ᠰᠠᠨᠠᠯ᠎ᠤᠨ ᠪᠢᠴᠢᠭ》 (ᠳᠠᠭ᠋ᠠᠯᠳᠤᠭᠤᠯᠤᠯ 3)᠎ᠢ ᠭᠠᠷᠭ᠋ᠠᠵᠤ ᠦᠭᠬᠦ ᠵᠢᠨ ᠬᠠᠮᠲᠤ᠂ 《ᠬᠢᠨᠠᠨ ᠪᠠᠶ᠋ᠢᠴᠠᠭ᠋ᠠᠬᠤ ᠭᠤᠤᠯᠳᠠᠯᠭ᠎ᠠ》 ᠵᠢᠨ ᠳᠠᠭ᠋ᠠᠯᠳᠤᠭᠤᠯᠤᠯ 1 ᠳᠤᠲᠤᠷᠠᠬᠢ ᠳᠠᠭ᠋ᠠᠯᠲᠠ 1 《ᠪᠣᠳᠠᠲᠠᠶ ᠦᠢ᠍ᠯᠡᠳᠪᠦᠷᠢᠯᠡᠵᠦ  ᠪᠠᠢ᠌ᠭ᠎ᠠ ᠦᠢ᠍ᠯᠡᠳᠭᠦᠨ᠎ᠤ ᠨᠠᠶ᠋ᠢᠷᠠᠯᠭ᠎ᠠ ᠵᠢᠨ ᠬᠦᠰᠦᠨᠦᠭᠲᠦ》᠂ ᠳᠠᠭ᠋ᠠᠯᠳᠤᠭᠤᠯᠤᠯ 2 《ᠪᠣᠳᠠᠲᠠᠶ ᠦᠢ᠍ᠯᠡᠳᠪᠦᠷᠢᠯᠡᠵᠦ ᠪᠠᠢ᠌ᠭ᠎ᠠ ᠦᠢ᠍ᠯᠡᠳᠪᠦᠷᠢᠯᠡᠯ᠎ᠤᠨ ᠣᠷᠠᠯᠠᠯ》 ᠪᠠ ᠳᠠᠭ᠋ᠠᠯᠳᠤᠭᠤᠯᠤᠯ 3 《ᠪᠣᠳᠠᠲᠠᠶ ᠦᠢ᠍ᠯᠡᠳᠪᠦᠷᠢᠯᠡᠵᠦ ᠪᠠᠢ᠌ᠭ᠎ᠠ ᠦᠢ᠍ᠯᠡᠳᠬᠦᠨ᠎ᠤ ᠮᠡᠷᠭᠡᠵᠢᠯ᠎ᠤᠨ ᠱᠠᠭ᠋ᠠᠷᠳᠠᠯᠭ᠎ᠠ》 ᠵᠢ ᠲᠠᠭᠯᠠᠵᠤ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠣᠨᠴᠠᠭ᠋ᠠᠶ ᠢᠳᠡᠭᠡᠨ᠎ᠤ ᠭᠠᠵᠠᠷ᠎ᠲᠤ ᠮᠡᠳᠡᠭᠦᠯᠦᠨ ᠬᠦᠷᠭᠡᠬᠦ ᠬᠡᠷᠡᠭᠲᠡᠶ᠃

     (ᠭᠤᠷᠪᠠ)  ᠦᠨᠡᠮᠯᠡᠯ  ᠰᠣᠯᠢᠬᠤ ᠰᠠᠨᠠᠯ  ᠭᠠᠷᠭ᠋ᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠶᠡᠷᠦᠩᠬᠡᠶ᠋ᠢᠯᠡᠭᠰᠡᠨ ᠦᠢ᠍ᠯᠡᠳᠬᠦᠨ᠎ᠤ  ᠦᠢ᠍ᠯᠡᠳᠪᠦᠷᠢᠯᠡᠬᠦ ᠵᠥᠪᠰᠢᠶᠡᠷᠡᠯ᠂ ᠬᠢᠨᠠᠯᠲᠠ ᠬᠠᠮᠢᠶᠠᠷᠤᠯᠲᠠ ᠵᠢᠨ ᠪᠠᠶ᠋ᠢᠳᠠᠯ ᠵᠢᠴᠢ ᠪᠣᠳᠠᠲᠠᠶ ᠦᠢ᠍ᠯᠡᠳᠪᠦᠷᠢᠯᠡᠵᠦ ᠬᠡᠷᠡᠭᠵᠢᠭᠦᠯᠦᠭᠰᠡᠨ ᠨᠠᠶ᠋ᠢᠷᠠᠯᠭ᠎ᠠ᠂ ᠦᠢ᠍ᠯᠡᠳᠪᠦᠷᠢᠯᠡᠬᠦ  ᠣᠷᠠᠯᠠᠯ᠂ ᠦᠢ᠍ᠯᠡᠳᠬᠦᠨ᠎ᠤ ᠮᠡᠷᠭᠡᠵᠢᠯ᠎ᠤᠨ ᠱᠠᠭ᠋ᠠᠷᠳᠠᠯᠭ᠎ᠠ ᠵᠢᠨ ᠪᠠᠶ᠋ᠢᠳᠠᠯ᠂ ᠱᠠᠭ᠋ᠠᠷᠳᠠᠯᠭ᠎ᠠ᠎ᠳᠤ ᠨᠡᠶ᠋ᠢᠴᠡᠭᠰᠡᠨ ᠪᠠᠶ᠋ᠢᠪᠠᠯ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠠᠴᠠ ᠦᠨᠡᠮᠯᠡᠯ ᠰᠣᠯᠢᠬᠤ ᠰᠠᠨᠠᠯ ᠭᠠᠷᠭ᠋ᠠᠵᠤ᠂ ᠦᠨᠡᠮᠯᠡᠯ ᠰᠣᠯᠢᠬᠤ᠎ᠪᠠᠷ ᠭᠤᠶᠤᠴᠢᠯᠠᠭᠴᠢ᠎ᠳᠤ ᠬᠠᠷᠢᠭᠤᠯᠲᠠ ᠥᠭᠭᠦᠨ᠎ᠡ᠃

     (ᠲᠦᠷᠪᠡ ) ᠂ ᠰᠢᠰᠲ᠋ᠧᠮ᠎ᠨᠢ ᠦᠨᠡᠮᠯᠡᠯ ᠰᠣᠯᠢᠬᠤ ᠭᠤᠶᠤᠴᠢᠯᠠᠯ᠎ᠢ  ᠲᠤᠰᠢᠶᠠᠨ᠎ᠠ᠃ ᠦᠨᠡᠮᠯᠡᠯ ᠰᠣᠯᠢᠬᠤ᠎ᠪᠠᠷ ᠭᠤᠶᠤᠴᠢᠯᠠᠭᠴᠢ ᠎ᠨᠢ  ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠦᠨᠡᠮᠯᠡᠯ ᠰᠣᠯᠢᠬᠤ ᠵᠢ ᠵᠥᠪᠰᠢᠶᠡᠷᠡᠭᠰᠡᠨ ᠰᠠᠨᠠᠯ ᠭᠠᠷᠭ᠋ᠠᠭᠰᠠᠨ᠎ᠤ ᠳᠠᠷᠠᠭ᠎ᠠ᠂ ᠤᠯᠤᠰ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ ᠵᠢᠨ ᠡᠷᠡᠭᠦᠯᠵᠢᠯ᠎ᠤᠨ ᠢᠳᠡᠭᠡᠨ᠎ᠤ ᠪᠦᠷᠢᠳᠬᠡᠨ ᠳᠠᠩᠰᠠᠯᠠᠬᠤ ᠬᠠᠮᠢᠶᠠᠷᠤᠯᠲᠠ ᠵᠢᠨ ᠰᠢᠰᠲ᠋ᠧᠮ (https://xbjspzc.gsxt.gov.cn/regist-nter / ᠲᠣᠪᠴᠢᠯᠠᠨ᠎ᠠ) (ᠳᠣᠷᠣᠭᠰᠢ 《ᠳᠠᠩᠰᠠᠯᠠᠭᠤᠯᠬᠤ ᠰᠢᠰᠲ᠋ᠧᠮ》 ᠭᠡᠵᠦ ᠲᠣᠪᠴᠢᠯᠠᠨ᠎ᠠ)᠎ᠳᠤ᠂ 《ᠬᠢᠨᠠᠨ ᠪᠠᠶ᠋ᠢᠴᠠᠭ᠋ᠠᠬᠤ ᠭᠤᠤᠯᠳᠠᠯᠭ᠎ᠠ》 ᠵᠢᠨ ᠱᠠᠭ᠋ᠠᠷᠳᠠᠯᠭ᠎ᠠ ᠶᠣᠰᠣᠭ᠋ᠠᠷ᠂  ᠳᠠᠩᠰᠠᠯᠠᠭᠣᠯᠬᠣ  ᠲᠠᠰ ᠳᠠᠷᠠᠭ᠋ᠠᠯᠠᠯ᠎ᠢ ᠬᠤᠪᠢᠷᠠᠭᠣᠯᠬᠣ᠎ᠪᠠᠷ  ᠦᠨᠡᠮᠯᠡᠯ ᠰᠣᠯᠢᠬᠤ ᠭᠤᠶᠤᠴᠢᠯᠠᠯ᠎ᠢ ᠳᠤᠷᠠᠳᠴᠤ᠂ ᠵᠦᠢ᠍ᠯ ᠳᠠᠷᠠᠭ᠋ᠠᠯᠠᠨ  ᠪᠦᠷᠢᠨ ᠪᠦᠲᠦᠨ  ᠲᠠᠭᠯᠠᠨ ᠮᠡᠳᠡᠭᠦᠯᠦᠭᠰᠡᠨ᠎ᠤ ᠳᠠᠷᠠᠭ᠎ᠠ ᠦᠨᠡᠮᠯᠡᠯ ᠰᠣᠯᠢᠬᠤ ᠭᠤᠶᠤᠴᠢᠯᠠᠯ ᠵᠶ᠋ᠠᠨ ᠲᠤᠰᠢᠶᠠᠬᠤ ᠵᠢᠨ ᠬᠠᠮᠲᠤ ᠰᠠᠨᠠᠯ ᠭᠠᠷᠭ᠋ᠠᠭᠰᠠᠨ ᠥᠪᠡᠷᠲᠡᠭᠡᠨ ᠵᠠᠰᠠᠬᠤ ᠣᠷᠣᠨ (ᠮᠤᠵᠢ)  ᠲᠤᠪᠴᠢᠶ᠎ᠠ ᠵᠢ ᠰᠣᠩᠭᠣᠨ ᠭᠠᠷᠭ᠋ᠠᠨ᠎ᠠ ᠃ ᠦᠨᠡᠮᠯᠡᠯ ᠰᠣᠯᠢᠬᠤ᠎ᠪᠠᠷ ᠭᠤᠶᠤᠴᠢᠯᠠᠭᠴᠢ ᠦᠨᠡᠮᠯᠡᠯ ᠰᠣᠯᠢᠬᠤ᠎ᠪᠠᠷ ᠭᠤᠶᠤᠴᠢᠯᠠᠭᠰᠠᠨ᠎ᠤ ᠳᠠᠷᠠᠭ᠎ᠠ᠂ ᠭᠤᠶᠤᠴᠢᠯᠠᠯ᠎ᠤᠨ ᠮᠡᠳᠡᠭᠡ ᠵᠠᠩᠭᠢ ᠵᠢ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠳᠤ  ᠬᠦᠷᠭᠡᠵᠦ ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠳᠠᠩᠰᠠᠯᠠᠭᠤᠯᠬᠤ ᠰᠢᠰᠲ᠋ᠧᠮ ᠵᠶ᠋ᠠᠷ  ᠳᠠᠮᠵᠢᠭᠤᠯᠤᠨ ᠦᠨᠡᠮᠯᠡᠯ ᠰᠣᠯᠢᠬᠤ ᠰᠠᠨᠠᠯ ᠵᠶ᠋ᠠᠨ ᠳᠠᠮᠵᠢᠭᠤᠯᠤᠨ᠎ᠠ᠃ ᠲᠤᠰ  ᠦᠢ᠍ᠯᠡᠳᠬᠦᠨ᠎ᠨᠢ  ᠬᠣᠶ᠋ᠢᠨᠠᠬᠢ ᠬᠢᠨᠠᠨ ᠪᠠᠶ᠋ᠢᠴᠠᠭ᠋ᠠᠬᠤ ᠱᠠᠲᠤᠨ᠎ᠳᠤ  ᠣᠷᠣᠨ᠎ᠠ ᠃

     ᠭᠤᠷᠪᠠ᠂ ᠠᠵᠢᠯ᠎ᠤᠨ ᠱᠠᠭ᠋ᠠᠷᠳᠠᠯᠭ᠎ᠠ

     (ᠨᠢᠭᠡ) ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ  ᠴᠢᠩᠭ᠋ᠠᠳᠬᠠᠨ᠎ᠠ ᠃ 《ᠬᠤᠤᠰ ᠦᠭᠡᠢ》 ᠡᠷᠡᠭᠦᠯᠵᠢᠯ᠎ᠤᠨ ᠢᠳᠡᠭᠡᠨ᠎ᠤ ᠪᠥᠭᠡᠮ ᠵᠶ᠋ᠠᠷ ᠦᠨᠡᠮᠯᠡᠯ ᠰᠣᠯᠢᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠲᠤᠰᠬᠠᠶ ᠬᠥᠮᠦᠨ ᠲᠣᠬᠢᠷᠠᠭᠤᠯᠤᠨ ᠬᠠᠷᠢᠭᠤᠴᠠᠭᠤᠯᠵᠤ᠂ ᠦᠨᠡᠮᠯᠡᠯ ᠰᠣᠯᠢᠬᠤ ᠪᠠ ᠲᠤᠬᠠᠶ ᠵᠢᠨ ᠲᠠᠯᠠᠪᠤᠷ᠎ᠲᠤ ᠎ᠨᠢ  ᠬᠢᠨᠠᠨ ᠪᠠᠶ᠋ᠢᠴᠠᠭ᠋ᠠᠬᠤ ᠬᠤᠯᠪᠣᠭᠳᠠᠯ ᠪᠦᠬᠦᠢ ᠠᠵᠢᠯ᠎ᠤᠨ ᠵᠣᠯᠭ᠋ᠠᠯᠴᠠᠭ᠎ᠠ ᠵᠢ  ᠡᠮᠬᠢ ᠵᠢᠷᠤᠮ᠎ᠲᠠᠢ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠎ᠨᠢ  ᠦᠨᠡᠮᠯᠡᠯ ᠰᠣᠯᠢᠬᠤ ᠠᠵᠢᠯ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ ᠵᠢ ᠪᠦᠬᠦ ᠲᠠᠯ᠎ᠠ᠎ᠪᠠᠷ ᠬᠠᠷᠢᠭᠤᠴᠠᠵᠤ᠂ ᠣᠨᠴᠠᠭ᠋ᠠᠶ ᠢᠳᠡᠭᠡᠨ᠎ᠤ ᠭᠠᠵᠠᠷ᠎ᠨᠢ ᠪᠣᠳᠠᠲᠠᠶ ᠠᠵᠢᠯ᠎ᠢ ᠵᠣᠬᠢᠴᠠᠭᠤᠯᠤᠨ ᠠᠬᠢᠭᠤᠯᠬᠤ ᠵᠢ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠢᠨᠠᠨ ᠦᠨᠡᠯᠡᠵᠦ ᠪᠠᠶ᠋ᠢᠴᠠᠭ᠋ᠠᠨ ᠰᠢᠯᠭ᠋ᠠᠬᠤ ᠲᠥᠪ᠎ᠨᠢ ᠭᠤᠤᠯᠳᠠᠭᠤ ᠲᠤᠬᠠᠶ ᠵᠢᠨ  ᠲᠠᠯᠠᠪᠣᠷ᠎ᠤᠨ ᠬᠢᠨᠠᠨ  ᠪᠠᠶ᠋ᠢᠴᠠᠭ᠋ᠠᠬᠤ ᠠᠵᠢᠯ᠎ᠢ ᠬᠠᠷᠢᠭᠤᠴᠠᠵᠤ᠂ ᠡᠯ᠎ᠡ ᠬᠠᠮᠢᠶ᠎ᠠ ᠪᠥᠬᠦᠶ ᠠᠶ᠋ᠢᠮᠠᠭ ᠬᠤᠲᠠ ᠵᠢᠨ ᠲᠣᠪᠴᠢᠶ᠎ᠠ ᠎ᠨᠢ  ᠦᠨᠡᠮᠯᠡᠯ ᠰᠣᠯᠢᠬᠤ ᠦᠢ᠍ᠯᠡᠳᠬᠦᠨ᠎ᠤ ᠬᠢᠨᠠᠯᠲᠠ ᠬᠠᠮᠢᠶᠠᠷᠤᠯᠲᠠ ᠵᠢᠨ ᠪᠠᠶ᠋ᠢᠳᠠᠯ᠎ᠢ ᠬᠢᠨᠠᠨ ᠬᠠᠷᠭᠤᠭᠤᠯᠬᠤ ᠵᠢ ᠬᠠᠷᠢᠭᠤᠴᠠᠨ᠎ᠠ᠃

     (ᠬᠤᠶᠠᠷ ) ᠂ ᠤᠬᠠᠭᠤᠯᠭ᠎ᠠ ᠵᠢᠯᠣᠭᠤᠳᠣᠯᠭ᠎ᠠ᠎ᠪᠠᠨ ᠴᠢᠩᠭ᠋ᠠᠳᠬᠠᠨ᠎ᠠ ᠃ ᠡᠯ᠎ᠡ ᠱᠠᠲᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢ ᠭᠦᠨᠵᠡᠭᠡᠶ ᠥᠷᠨᠢᠭᠦᠯᠵᠦ᠂ 《ᠬᠢᠨᠠᠨ ᠪᠠᠶ᠋ᠢᠴᠠᠭ᠋ᠠᠬᠤ ᠭᠤᠤᠯᠳᠠᠯᠭ᠎ᠠ》᠂ 《〈ᠡᠷᠡᠭᠦᠯᠵᠢᠯ᠎ᠤᠨ ᠢᠳᠡᠭᠡᠨ  ᠭᠡᠵᠦ ᠬᠡᠯᠡᠬᠦ ᠵᠢ ᠵᠥᠪᠰᠢᠶᠡᠷᠡᠬᠦ ᠡᠷᠡᠭᠦᠯᠵᠢᠯ᠎ᠤᠨ ᠴᠢᠳᠠᠮᠵᠢ ᠵᠢᠨ ᠭᠠᠷᠴᠠᠭ   ᠰᠢᠮ᠎ᠡ ᠲᠡᠵᠢᠭᠡᠯ᠎ᠤᠨ ᠪᠤᠰᠤ ᠨᠥᠬᠦᠪᠥᠷᠢ  ᠡᠳ᠋ (2023 ᠣᠨ᠎ᠤ ᠬᠡᠪᠯᠡᠯ) ᠵᠢᠴᠢ ᠢᠵᠢ ᠪᠥᠷᠢᠳᠦᠭᠦᠯᠬᠦ ᠪᠢᠴᠢᠭ ᠮᠠᠲ᠋ᠧᠷᠢᠶᠠᠯ᠎ᠢ ᠨᠡᠶ᠋ᠢᠲᠡᠯᠡᠬᠦ ᠲᠤᠬᠠᠶ ᠠᠯᠪᠠᠨ ᠵᠠᠷ》 ᠵᠡᠷᠭᠡ ᠵᠢ ᠥᠷᠭᠡᠨ ᠵᠶ᠋ᠠᠷ ᠤᠬᠠᠭᠤᠯᠵᠤ᠂ ᠬᠠᠮᠢᠶ᠎ᠠ ᠪᠥᠬᠦᠶ ᠠᠵᠤ ᠠᠬᠤᠶ᠋ᠢᠯᠠᠯ᠂ ᠳᠠᠩᠰᠠᠯᠠᠭᠤᠯᠤᠭᠴᠢ ᠵᠢᠨ ᠦᠨᠡᠮᠯᠡᠯ ᠰᠣᠯᠢᠬᠤ ᠲᠥᠷᠥ ᠵᠢᠨ ᠪᠣᠳᠣᠯᠭ᠎ᠠ ᠵᠢᠨ ᠱᠠᠭ᠋ᠠᠷᠳᠠᠯᠭ᠎ᠠ ᠵᠢ ᠭᠦᠢ᠍ᠴᠡᠳ ᠤᠶ᠋ᠢᠯᠠᠭ᠋ᠠᠨ ᠡᠵᠡᠮᠰᠢᠬᠦ ᠵᠢ  ᠦᠨᠡᠨ ᠬᠦ᠌  ᠪᠠᠲᠤᠯᠠᠬᠤ ᠬᠡᠷᠡᠭᠲᠡᠶ᠃ ᠠᠵᠤ ᠠᠬᠤᠶ᠋ᠢᠯᠠᠯ᠎ᠤᠨ ᠢᠳᠡᠪᠬᠢᠲᠡᠶ᠎ᠪᠠᠷ ᠪᠡᠯᠡᠳᠬᠡᠬᠦ᠂ ᠴᠠᠭ ᠲᠤᠬᠠᠶ᠎ᠳᠤ᠎ᠨᠢ  ᠮᠡᠳᠡᠭᠦᠯᠬᠦ ᠵᠢ ᠵᠣᠷᠢᠭᠵᠢᠭᠤᠯᠵᠤ᠂ ᠰᠢᠯᠵᠢᠯᠲᠡ ᠵᠢᠨ ᠬᠤᠭᠤᠴᠠᠭ᠎ᠠ ᠳᠠᠭᠤᠰᠬᠤ ᠦᠶ᠎ᠡ (2028 ᠣᠨ)᠎ᠳᠤ  ᠣᠪᠣᠭ᠋ᠠᠯᠠᠨ ᠮᠡᠳᠡᠭᠦᠯᠬᠦ ᠪᠠᠶ᠋ᠢᠳᠠᠯ  ᠭᠠᠷᠬᠤ᠎ᠠᠴᠠ ᠵᠠᠢ᠌ᠯᠠᠰᠬᠢᠬᠤ ᠬᠡᠷᠡᠭᠲᠡᠢ ᠃

     (ᠭᠤᠷᠪᠠ) ᠳᠡᠰ ᠳᠠᠷᠠᠭ᠋ᠠᠯᠠᠯ᠎ᠤᠨ ᠪᠠᠷᠢᠮᠵᠢᠶ᠎ᠠ ᠵᠢ ᠴᠢᠩᠳᠠᠯᠠᠨ᠎ᠠ᠃ 《ᠬᠤᠤᠰ ᠦᠭᠡᠢ》 ᠡᠷᠡᠭᠦᠯᠵᠢᠯ᠎ᠤᠨ ᠢᠳᠡᠭᠡᠨ᠎ᠤ ᠪᠥᠭᠡᠮ ᠵᠦᠢ᠍ᠯᠡᠰ᠎ᠤᠨ ᠦᠨᠡᠮᠯᠡᠯ ᠰᠣᠯᠢᠬᠤ ᠠᠵᠢᠯ᠎ᠳᠤ ᠣᠷᠣᠯᠴᠠᠭᠰᠠᠨ ᠠᠵᠢᠯᠲᠠᠳ ᠠᠵᠢᠯ ᠲᠦᠷᠦᠯ᠎ᠤᠨ ᠰᠤᠷᠲᠠᠯ᠎ᠤᠨ ᠰᠠᠬᠢᠯᠭ᠎ᠠ ᠪᠠᠲᠤ ᠵᠢ ᠴᠢᠩᠭ᠎ᠠ ᠰᠠᠬᠢᠵᠤ᠂ 《ᠬᠢᠨᠠᠨ ᠪᠠᠶ᠋ᠢᠴᠠᠭ᠋ᠠᠬᠤ ᠭᠤᠣᠯᠳᠠᠯᠭ᠎ᠠ》 ᠵᠡᠷᠭᠡ ᠬᠤᠯᠪᠣᠭᠳᠠᠯ ᠪᠦᠬᠦᠢ ᠲᠣᠭᠲᠠᠭ᠋ᠠᠯ᠎ᠢ ᠴᠢᠩᠭ᠎ᠠ ᠵᠢᠷᠤᠮᠯᠠᠨ ᠬᠢᠨᠠᠨ ᠪᠠᠶ᠋ᠢᠴᠠᠭ᠋ᠠᠬᠤ ᠬᠡᠷᠡᠭᠲᠡᠶ᠃ ᠠᠵᠢᠯ᠎ᠤᠨ ᠰᠠᠬᠢᠯᠭ᠎ᠠ ᠪᠠᠲᠤ᠎ᠠᠴᠠ ᠵᠥᠷᠢᠴᠡᠭᠰᠡᠨ᠂ ᠵᠠᠰᠠᠭ᠎ᠤᠨ ᠰᠤᠷᠲᠠᠯ ᠠᠵᠢᠯ ᠲᠥᠷᠥᠯ᠎ᠤᠨ ᠰᠤᠷᠲᠠᠯ᠎ᠢ ᠬᠤᠬᠢᠷᠠᠭᠤᠯᠤᠭᠰᠠᠨ᠂ ᠵᠣᠬᠢᠰ ᠥᠬᠡᠶ ᠠᠰᠢᠭ ᠲᠤᠰᠠ ᠣᠯᠤᠭᠰᠠᠨ ᠵᠡᠷᠭᠡ ᠦᠢ᠍ᠯᠡ ᠠᠵᠢᠯᠯᠠᠭ᠎ᠠ ᠵᠢ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠰᠠᠯᠠᠭ᠎ᠠ ᠮᠥᠴᠢᠷ᠎ᠲᠤ ᠡᠷᠡᠰ ᠰᠢᠯᠵᠢᠭᠦᠯᠦᠨ ᠬᠦᠷᠭᠡᠵᠦ ᠰᠢᠢ᠍ᠳᠪᠦᠷᠢᠯᠡᠨ ᠂ 《ᠬᠤᠤᠰ ᠦᠭᠡᠶ》  ᠪᠦᠭᠡᠮ ᠵᠦᠢ᠍ᠯ᠎ᠤᠨ ᠦᠨᠡᠮᠯᠡᠯ ᠰᠣᠯᠢᠬᠤ ᠠᠵᠢᠯ᠎ᠤᠨ ᠲᠥᠪ ᠭᠤᠤᠯᠴᠢ ᠴᠢᠨᠠᠷ ᠪᠠ ᠲᠥᠪ ᠴᠢᠩᠭ᠎ᠠ ᠴᠢᠨᠠᠷ᠎ᠢ  ᠦᠨᠡᠨ ᠬᠦ᠌ ᠪᠠᠲᠣᠯᠠᠬᠤ ᠬᠡᠷᠡᠭᠲᠡᠢ ᠃

     (ᠳᠥᠷᠪᠡ ) ᠂ ᠠᠵᠢᠯ᠎ᠤᠨ ᠵᠠᠷᠤᠳᠠᠯ᠎ᠤᠨ ᠪᠠᠲᠤᠯᠠᠭ᠎ᠠ᠃ 《ᠬᠤᠣᠰ ᠦᠭᠡᠢ》 ᠡᠷᠡᠭᠦᠯᠵᠢᠯ᠎ᠤᠨ ᠢᠳᠡᠭᠡᠨ᠎ᠤ ᠦᠨᠡᠮᠯᠡᠯ ᠰᠣᠯᠢᠬᠤ ᠠᠵᠢᠯ᠎ᠤᠨ ᠬᠤᠭᠤᠴᠠᠭ᠋ᠠᠨ᠎ᠳᠤ᠂ ᠲᠤᠬᠠᠶ ᠵᠢᠨ ᠲᠠᠯᠠᠪᠤᠷ᠎ᠲᠤ  ᠬᠢᠨᠠᠨ  ᠪᠠᠶ᠋ᠢᠴᠠᠭ᠋ᠠᠬᠤ ᠠᠵᠢᠯᠲᠠᠨ (ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠪᠠᠶ᠋ᠢᠭᠤᠯᠭ᠎ᠠ ᠵᠢᠨ ᠠᠵᠢᠯᠲᠠᠨ᠎ᠠᠴᠠ ᠪᠤᠰᠤᠳ) ᠲᠤᠬᠠᠶ ᠵᠢᠨ ᠲᠠᠯᠠᠪᠠᠶ᠎ᠳᠤ ᠬᠢᠨᠠᠨ ᠪᠠᠶ᠋ᠢᠴᠠᠭ᠋ᠠᠬᠤ ᠠᠵᠢᠯ ᠥᠷᠨᠢᠭᠦᠯᠦᠭᠡᠳ ᠪᠤᠶ ᠪᠣᠯᠤᠭᠰᠠᠨ ᠵᠠᠮ ᠬᠠᠷᠢᠯᠴᠠᠭ᠋ᠠᠨ᠎ᠤ ᠵᠠᠷᠤᠳᠠᠯ᠂  ᠬᠤᠨᠤᠭ᠎ᠤᠨ  ᠵᠠᠷᠤᠳᠠᠯ᠂ ᠠᠯᠪᠠᠨ ᠠᠵᠢᠯ ᠵᠶ᠋ᠠᠷ ᠭᠠᠳᠠᠭᠰᠢ ᠭᠠᠷᠬᠤ ᠨᠥᠬᠥᠪᠥᠷᠢ ᠵᠢᠨ  ᠵᠠᠷᠤᠳᠠᠯ ᠪᠣᠯᠤᠨ ᠲᠤᠰᠬᠠᠶ ᠮᠡᠷᠭᠡᠵᠢᠯᠲᠡᠨ᠎ᠤ ᠬᠥᠳᠡᠯᠮᠦᠷᠢ ᠦᠢ᠍ᠯᠡᠴᠢᠯᠡᠭᠡᠨ᠎ᠤ ᠵᠠᠷᠤᠳᠠᠯ ᠵᠡᠷᠭᠡ ᠵᠢ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠢᠨᠠᠨ ᠦᠨᠡᠯᠡᠬᠦ ᠪᠠᠶ᠋ᠢᠴᠠᠭ᠋ᠠᠨ ᠰᠢᠯᠭ᠋ᠠᠬᠤ ᠲᠥᠪ᠎ᠠᠴᠠ  ᠣᠨᠴᠠᠭ᠋ᠠᠢ  ᠢᠳᠡᠭᠡᠨ᠎ᠤ  ᠲᠣᠭᠲᠠᠯᠴᠠᠭ᠎ᠠ ᠵᠢᠨ ᠪᠠᠶ᠋ᠢᠴᠠᠭ᠋ᠠᠯᠲᠠ ᠵᠢᠨ ᠵᠠᠷᠤᠳᠠᠯ ᠳᠣᠲᠣᠷ᠎ᠠ᠎ᠠᠴᠠ ᠭᠠᠷᠭ᠋ᠠᠬᠤ ᠬᠡᠷᠡᠭᠲᠡᠶ ᠂  ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠪᠠᠶ᠋ᠢᠭᠤᠯᠤᠯᠭ᠎ᠠ ᠵᠢᠨ ᠠᠵᠢᠯᠲᠠᠨ᠎ᠤ ᠪᠤᠶ ᠪᠣᠯᠤᠭᠰᠠᠨ ᠵᠠᠮ ᠬᠠᠷᠢᠯᠴᠠᠭ᠋ᠠᠨ᠎ᠤ ᠵᠠᠷᠤᠳᠠᠯ᠂  ᠬᠤᠨᠤᠭ᠎ᠤᠨ  ᠵᠠᠷᠤᠳᠠᠯ᠂ ᠠᠯᠪᠠᠨ ᠠᠵᠢᠯ ᠵᠶ᠋ᠠᠷ ᠭᠠᠳᠠᠭᠰᠢ ᠭᠠᠷᠬᠤ ᠨᠦᠬᠦᠪᠦᠷᠢ ᠵᠢᠨ ᠵᠠᠷᠤᠳᠠᠯ᠎ᠢ ᠲᠣᠪᠴᠢᠶᠠᠨ᠎ᠤ  ᠪᠠᠢ᠌ᠭᠣᠯᠭ᠎ᠠ ᠵᠢᠨ  ᠠᠯᠪᠠᠨ ᠠᠵᠢᠯ ᠵᠶ᠋ᠠᠷ ᠭᠠᠳᠠᠭᠰᠢ ᠭᠠᠷᠬᠤ ᠵᠠᠷᠤᠳᠠᠯ᠎ᠤᠨ ᠳᠠᠩᠰᠠ ᠲᠠᠶ᠋ᠢᠯᠬᠤ ᠳᠡᠰ ᠳᠠᠷᠠᠭ᠋ᠠᠯᠠᠯ᠎ᠤᠨ ᠶᠣᠰᠣᠭ᠋ᠠᠷ ᠳᠠᠩᠰᠠ ᠲᠠᠶ᠋ᠢᠯᠬᠤ ᠬᠡᠷᠡᠭᠲᠡᠶ᠃

 

     ᠳᠠᠭ᠋ᠠᠯᠳᠤᠭᠤᠯᠤᠯ᠄

     1. ᠦᠢ᠍ᠯᠡᠳᠪᠦᠷᠢᠯᠡᠵᠦ ᠪᠣᠷᠣᠯᠠᠭᠣᠯᠵᠦ ᠪᠠᠢ᠌ᠭ᠎ᠠ 《ᠬᠦᠴᠦᠨ ᠎ᠲᠠᠢ  ᠬᠤᠭᠤᠴᠠᠭ᠎ᠠ ᠦᠭᠡᠢ ᠪᠠ ᠦᠢ᠍ᠯᠡᠳᠬᠦᠨ᠎ᠤ ᠮᠡᠷᠭᠡᠵᠢᠯ᠎ᠤᠨ ᠱᠠᠭ᠋ᠠᠷᠳᠠᠯᠭ᠎ᠠ ᠦᠭᠡᠢ》 ᠡᠷᠡᠭᠦᠯᠵᠢᠯ᠎ᠤᠨ ᠢᠳᠡᠭᠡᠨ᠎ᠤ ᠦᠨᠡᠮᠯᠡᠯ ᠰᠣᠯᠢᠬᠤ ᠡᠳᠦᠷ ᠳᠣᠳᠣᠮ᠎ᠤᠨ ᠬᠢᠨᠠᠯᠲᠠ ᠬᠠᠮᠢᠶᠠᠷᠤᠯᠲᠠ / ᠲᠤᠬᠠᠢ ᠵᠢᠨ  ᠲᠠᠯᠠᠪᠣᠷ᠎ᠤᠨ ᠬᠢᠨᠠᠨ ᠪᠠᠢ᠍ᠴᠠᠭ᠋ᠠᠯᠲᠠ ᠵᠢᠨ  ᠮᠡᠳᠡᠭᠳᠡᠯ

     2. ᠦᠢ᠍ᠯᠡᠳᠪᠦᠷᠢᠯᠡᠵᠦ ᠪᠣᠷᠣᠯᠠᠭᠣᠯᠵᠦ ᠪᠠᠢ᠌ᠭ᠎ᠠ 《ᠬᠦᠴᠦᠨ᠎ᠲᠠᠢ ᠬᠤᠭᠤᠴᠠᠭ᠎ᠠ ᠦᠭᠡᠶ ᠪᠠ ᠦᠢ᠍ᠯᠡᠳᠬᠦᠨ᠎ᠤ ᠮᠡᠷᠭᠡᠵᠢᠯ᠎ᠤᠨ ᠱᠠᠭ᠋ᠠᠷᠳᠠᠯᠭ᠎ᠠ ᠦᠭᠡᠶ》 ᠡᠷᠡᠭᠦᠯᠵᠢᠯ᠎ᠤᠨ ᠢᠳᠡᠭᠡᠨ᠎ᠤ ᠦᠨᠡᠮᠯᠡᠯ ᠰᠣᠯᠢᠬᠤ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠵᠢᠨ ᠬᠢᠨᠠᠨ ᠪᠠᠶ᠋ᠢᠴᠠᠭ᠋ᠠᠬᠤ ᠰᠠᠨᠠᠯ᠎ᠤᠨ ᠪᠢᠴᠢᠭ

     3. ᠦᠢ᠍ᠯᠡᠳᠪᠦᠷᠢᠯᠡᠵᠦ ᠪᠣᠷᠣᠯᠠᠭᠣᠯᠵᠦ ᠪᠠᠢ᠌ᠭ᠎ᠠ 《ᠬᠦᠴᠦᠨ ᠎ᠲᠠᠢ  ᠬᠤᠭᠤᠴᠠᠭ᠎ᠠ ᠦᠭᠡᠢ ᠪᠠ ᠦᠢ᠍ᠯᠡᠳᠬᠦᠨ᠎ᠤ ᠮᠡᠷᠭᠡᠵᠢᠯ᠎ᠤᠨ ᠱᠠᠭ᠋ᠠᠷᠳᠠᠯᠭ᠎ᠠ ᠦᠭᠡᠢ》 ᠡᠷᠡᠭᠦᠯᠵᠢᠯ᠎ᠤᠨ ᠢᠳᠡᠭᠡᠨ᠎ᠤ ᠦᠨᠡᠮᠯᠡᠯ  ᠰᠣᠯᠢᠬᠤ  ᠲᠤᠬᠠᠶ ᠵᠢᠨ ᠲᠠᠯᠠᠪᠤᠷ᠎ᠤᠨ ᠬᠢᠨᠠᠨ ᠪᠠᠶ᠋ᠢᠴᠠᠭ᠋ᠠᠬᠤ ᠰᠠᠨᠠᠯ᠎ᠤᠨ ᠪᠢᠴᠢᠭ

 

ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠤᠪᠴᠢᠶ᠎ᠠ

2025 ᠣᠨ᠎ᠤ 2  ᠳ᠋ᠤᠭ᠋ᠠᠷ  ᠰᠠᠷ᠎ᠠ ᠵᠢᠨ 24᠎ᠤ ᠡᠳᠦᠷ

 

 

 

     (ᠬᠠᠷᠢᠯᠴᠠᠬᠤ ᠬᠥᠮᠦᠨ᠄ ᠵᠢᠶ ᠱᠠ ᠱᠠ᠂ ᠬᠠᠷᠢᠯᠴᠠᠬᠤ ᠤᠲᠠᠰᠤ᠄ 0471 - 4934951᠂ ᠢᠮᠸᠯ ᠄ nmgtsc@126.com᠂ ᠬᠠᠶᠢᠭ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠤᠲᠠ ᠵᠢᠨ  ᠵᠢᠨ ᠴᠢᠶᠣᠣ  ᠨᠡᠭᠡᠭᠡᠯᠲᠡ ᠵᠢᠨ ᠲᠣᠭᠤᠷᠢᠭ᠎ᠤᠨ ᠱ᠌ᠢ ᠵᠢᠢ 4 ᠵᠠᠮ᠎ᠤᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠣᠨᠴᠠᠭ᠋ᠠᠶ ᠢᠳᠡᠭᠡᠨ᠎ᠤ ᠭᠠᠵᠠᠷ)

 

ᠳᠠᠭ᠋ᠠᠯᠳᠤᠭᠤᠯᠤᠯ᠎ᠢ  ᠪᠠᠭᠤᠯᠭ᠋ᠠᠬᠤ ᠄

ᠳᠠᠭ᠋ᠠᠯᠳᠤᠭᠤᠯᠤᠯ 1.wps

ᠳᠠᠭ᠋ᠠᠯᠳᠤᠭᠤᠯᠤᠯ 2.wps

ᠳᠠᠭ᠋ᠠᠯᠳᠤᠭᠤᠯᠤᠯ 3.wps

 

ᠢᠷᠡᠯᠲᠡ᠄ ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠵᠠᠬ᠎ᠠ ᠲᠡᠯᠬᠡᠬᠦᠷ᠎ᠤᠨ ᠬᠢᠨᠠᠯᠳᠠ ᠬᠠᠮᠢᠶᠠᠷᠤᠯᠳᠠ ᠵᠢᠨ ᠲᠤᠪᠴᠢᠶ᠎ᠠ