ᠡᠯ᠎ᠡ ᠠᠢᠮᠠᠭ ᠬᠤᠲᠠ ᠵᠢᠴᠢ ᠮᠠᠨᠵᠤᠤᠷ ᠬᠤᠲᠠ ᠂ ᠡᠷᠢᠶᠡᠨ ᠬᠤᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ( ᠮᠡᠳᠡᠯᠭᠡ ᠶ᠋ᠢᠨ ᠦᠮᠴᠢᠯᠡᠯ᠎ᠦᠨ ᠡᠷᠬᠡ ᠶ᠋ᠢᠨ ᠲᠣᠪᠴᠢᠶ᠎ᠠ )᠎ᠳᠦ ᠄
ᠣᠳᠣ 《 ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠰ᠎ᠤᠨ ᠮᠡᠳᠡᠯᠭᠡ ᠶ᠋ᠢᠨ ᠦᠮᠴᠢᠯᠡᠯ᠎ᠦᠨ ᠡᠷᠬᠡ ᠶ᠋ᠢᠨ ᠡᠵᠡᠩᠨᠡᠯᠲᠡ ᠶ᠋ᠢᠨ ᠲᠥᠪ᠎ᠤᠨ ᠪᠦᠲᠦᠭᠡᠨ ᠪᠠᠢᠭᠤᠯᠤᠯᠲᠠ᠎ᠶ᠋ᠢᠨ ᠠᠵᠢᠯ᠎ᠤᠨ ᠵᠢᠯᠣᠭᠤᠳᠤᠮᠵᠢ 》 ᠶ᠋ᠢ ᠲᠠ ᠨᠠᠷ᠎ᠲᠤ ᠳᠠᠷᠤᠮᠠᠯᠯᠠᠨ ᠲᠠᠷᠬᠠᠭᠠᠪᠠ ᠂ ᠠᠵᠢᠯ᠎ᠤᠨ ᠪᠣᠳᠠᠲᠤ ᠪᠠᠢᠳᠠᠯ ᠲᠠᠢ᠎ᠪᠠᠨ ᠤᠶᠠᠯᠳᠤᠭᠤᠯᠵᠤ ᠂ ᠬᠢᠨᠠᠮᠠᠭᠠᠶ ᠰᠠᠢᠲᠤᠷ ᠲᠤᠭᠤᠱᠢᠯᠠᠭᠤᠯᠤᠨ ᠨᠠᠢᠳᠠᠪᠤᠷᠢᠵᠢᠭᠤᠯᠤᠭᠠᠷᠠᠢ ᠃
ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠤᠪᠴᠢᠶ᠎ᠠ
ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠮᠡᠳᠡᠯᠭᠡ᠎ᠶ᠋ᠢᠨ ᠦᠮᠴᠢᠯᠡᠯ᠎ᠤᠨ ᠡᠷᠬᠡ᠎ᠶ᠋ᠢᠨ ᠲᠤᠪᠴᠢᠶ᠎ᠠ
2025 ᠣᠨ᠎ᠤ 6 ᠳ᠋ᠤᠭᠠᠷ ᠰᠠᠷ᠎ᠠ᠎ᠶ᠋ᠢᠨ 23 ᠤ ᠡᠳᠦᠷ
( ᠲᠤᠰ ᠪᠢᠴᠢᠭ ᠮᠠᠲᠸᠷᠢᠶᠠᠯ ᠢ ᠰᠠᠨᠠᠭᠠᠴᠢᠯᠠᠭ᠎ᠠ᠎ᠠᠴᠠ᠎ᠪᠠᠨ ᠢᠯᠡ ᠪᠣᠯᠭᠠᠨ᠎ᠠ )
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠰ᠎ᠦᠨ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠡᠵᠡᠩᠨᠡᠯᠲᠡ ᠶ᠋ᠢᠨ ᠲᠥᠪ᠎ᠦᠨ ᠪᠠᠢᠭᠤᠯᠤᠯᠲᠠ᠎ᠶ᠋ᠢᠨ ᠠᠵᠢᠯ᠎ᠤᠨ ᠵᠢᠯᠣᠭᠣᠳᠤᠮᠵᠢ
ᠨᠢᠭᠡᠳᠦᠭᠡᠷ ᠪᠦᠯᠦᠭ ᠶᠡᠷᠦᠩᠬᠡᠢ ᠳᠦᠷᠢᠮ
ᠨᠢᠭᠡᠳᠦᠭᠡᠷ ᠵᠦᠢᠯ 《 ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰᠭᠠᠢ ᠠᠱᠢᠭ᠎ᠢ ᠠᠬᠢᠭᠤᠯᠬᠤ ᠪᠠ ᠬᠠᠮᠠᠭᠠᠯᠠᠬᠤ ᠳᠦᠷᠢᠮ 》᠎ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢᠨ ᠲᠥᠯᠥᠭᠡ ᠂ 《 ᠲᠤᠰᠭᠠᠢ ᠠᠱᠢᠭ᠎ᠢ᠋ ᠬᠤᠪᠢᠷᠠᠭᠤᠯᠤᠨ ᠬᠡᠷᠡᠭ᠌ᠯᠡᠬᠦ᠌ ᠶ᠋ᠢᠨ ᠱᠢᠨᠵᠢᠯᠡᠬᠦ᠌ ᠤᠬᠠᠭᠠᠨ ᠲᠸᠭ᠌ᠨᠢᠭ ᠮᠡᠷᠭᠡᠵᠢᠯ᠎ᠢᠶᠡᠷ ᠪᠦᠰᠡᠯᠡᠯᠲᠡ᠎ᠶᠢ ᠱᠢᠪᠲᠤᠯᠬᠤ ᠢᠨᠵᠧᠨᠧᠷᠢᠩ ᠢ ᠲᠥᠷᠭᠡᠨ ᠲᠥᠯᠬᠢᠨ ᠠᠬᠢᠭᠤᠯᠬᠤ ᠠᠷᠭ᠎ᠠ ᠬᠡᠮᠵᠢᠶ᠎ᠡ᠎ᠨᠦᠭᠦᠳ 》᠎ᠢ ᠲᠦᠷᠭᠡᠳᠭᠡᠨ ᠬᠡᠷᠡᠭ᠌ᠵᠢᠭᠦᠯᠵᠦ᠍ ᠂ ᠠᠵᠤ ᠦᠢᠯᠡᠰ᠎ᠤᠨ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠡᠵᠡᠩᠨᠡᠯᠲᠡ᠎ᠶ᠋ᠢᠨ ᠲᠥᠪ᠎ᠤᠨ ᠪᠠᠢᠭᠤᠯᠤᠯᠲᠠ ᠂ ᠡᠳᠦᠷ ᠲᠤᠲᠤᠮ᠎ᠤᠨ ᠬᠠᠮᠢᠶᠠᠷᠤᠯᠲᠠ ᠪᠠ ᠥᠨᠳᠥᠷ ᠪᠦᠲᠦᠮᠵᠢᠲᠡᠶ ᠠᠵᠢᠯᠯᠠᠭ᠎ᠠ᠎ᠨᠢ ᠵᠢᠯᠣᠭᠤᠳᠤᠨ ᠵᠢᠷᠤᠮᠵᠢᠭᠤᠯᠵᠤ ᠂ ᠲᠡᠭᠦᠨ᠎ᠤ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢ ᠬᠤᠪᠢᠷᠠᠭᠤᠯᠤᠨ ᠬᠡᠷᠡᠭ᠌ᠯᠡᠬᠦ᠌ ᠶ᠋ᠢᠨ ᠢᠳᠡᠪᠬᠢ ᠦᠢᠯᠡᠳᠦᠯ᠎ᠢ ᠭᠦᠢᠴᠡᠳ ᠪᠠᠳᠠᠷᠠᠭᠤᠯᠵᠤ ᠂ ᠠᠵᠤ ᠦᠢᠯᠡᠰ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠨᠠᠩ ᠰᠠᠢᠲᠤᠷ ᠲᠤᠯᠭᠠᠭᠤᠷᠢᠯᠠᠬᠤ ᠪᠠ ᠦᠢᠯᠡᠴᠢᠯᠡᠵᠦ᠍ ᠂ ᠤᠯᠤᠰ᠎ᠤᠨ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠲᠣᠪᠴᠢᠶ᠎ᠠ᠎ᠶ᠋ᠢᠨ ᠠᠯᠪᠠᠨ ᠬᠡᠷ᠎ᠤᠨ 《 ᠠᠵᠤ ᠦᠢᠯᠡᠰ᠎ᠤᠨ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠡᠵᠡᠩᠨᠡᠯᠲᠡ᠎ᠶ᠋ᠢᠨ ᠲᠥᠪ᠎ᠤᠨ ᠪᠥᠲᠥᠭᠡᠨ ᠪᠠᠢᠭᠤᠯᠤᠯᠲᠠ᠎ᠶ᠋ᠢᠨ ᠬᠠᠮᠢᠶᠠᠷᠤᠯᠲᠠ᠎ᠶ᠋ᠢᠨ ᠠᠵᠢᠯ᠎ᠤᠨ ᠵᠢᠯᠣᠭᠣᠳᠤᠮᠵᠢ ( ᠲᠦᠷ ᠬᠡᠷᠡᠭ᠌ᠵᠢᠭᠦᠯᠬᠦ᠌ ) 》 ᠶ᠋ᠢ ᠦᠨᠳᠦᠰᠦᠯᠡᠨ ᠂ ᠲᠣᠰ ᠵᠢᠯᠣᠭᠣᠳᠤᠮᠵᠢ ᠶ᠋ᠢ ᠲᠣᠭ᠍ᠲᠠᠭᠠᠪᠠ ᠃
ᠬᠤᠶᠠᠳᠤᠭᠠᠷ ᠵᠦᠢᠯ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠰ᠎ᠤᠨ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠡᠵᠡᠩᠨᠡᠯᠲᠡ ᠶ᠋ᠢᠨ ᠲᠥᠪ ( ᠳᠣᠷᠣᠭ᠍ᠰᠢ 《 ᠥᠪᠡᠷᠲᠡᠭᠡᠨ ᠵᠠᠰᠠᠬᠤ ᠣᠷᠣᠨ᠎ᠤ ᠡᠵᠡᠩᠨᠡᠯᠲᠡ ᠶ᠋ᠢᠨ ᠲᠥᠪ 》 ᠭᠡᠵᠦ᠍ ᠲᠣᠪᠴᠢᠯᠠᠨ᠎ᠠ ) ᠨᠢ ᠥᠪᠡᠷᠲᠡᠭᠡᠨ ᠵᠠᠰᠠᠬᠤ ᠣᠷᠣᠨ᠎ᠤ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠡᠵᠡᠩᠨᠡᠯᠲᠡ ᠶ᠋ᠢᠨ ᠲᠣᠭ᠍ᠲᠠᠯᠴᠠᠭ᠎ᠠ ᠶ᠋ᠢᠨ ᠴᠢᠬᠤᠯᠠ ᠪᠦᠷᠢᠯᠳᠦᠬᠦᠨ ᠬᠡᠰᠡᠭᠪᠣᠯᠤᠨᠠ ᠃ ᠲᠤᠰᠭᠠᠶ ᠠᠱᠢᠭ᠎ᠤᠨ ᠬᠡᠯᠬᠢᠶ᠎ᠡ ᠪᠠ ᠱᠢᠨ᠎ᠡ᠎ᠶ᠋ᠢ ᠡᠭᠦᠳᠬᠦ᠌ ᠬᠡᠯᠬᠢᠶ᠎ᠡ ᠂ ᠠᠵᠤ ᠦᠢᠯᠡᠰ᠎ᠤᠨ ᠬᠡᠯᠬᠢᠶ᠎ᠡ᠎ᠶ᠋ᠢᠨ ᠭᠦᠨᠵᠡᠭᠡᠶ ᠠᠭᠤᠰᠤᠯᠴᠠᠯ᠎ᠢ ᠠᠬᠢᠭᠤᠯᠵᠤ ᠂ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢ ᠥᠨᠳᠥᠷ ᠪᠦᠲᠦᠮᠵᠢᠲᠡᠶ᠎ᠪᠠᠷ ᠬᠤᠪᠢᠷᠠᠭᠤᠯᠬᠤ ᠪᠠ ᠬᠠᠮᠵᠢᠯᠴᠠᠨ ᠬᠡᠷᠡᠭ᠌ᠯᠡᠬᠦ᠌᠎ᠶ᠋ᠢ ᠠᠬᠢᠭᠤᠯᠵᠤ ᠂ ᠱᠢᠨᠵᠢᠯᠡᠬᠦ᠌ ᠤᠬᠠᠭᠠᠨ ᠲᠸᠭ᠌ᠨᠢᠭ ᠮᠡᠷᠭᠡᠵᠢᠯ᠎ᠤᠨ 《 ᠪᠦᠰᠡᠯᠡᠯᠲᠡ᠎ᠶ᠋ᠢ ᠱᠢᠪᠲᠤᠯᠬᠤ 》 ᠢᠨᠵᠧᠨᠧᠷᠢᠩ᠎ᠳᠤ ᠬᠦᠴᠦᠨ ᠨᠡᠮᠡᠷᠢᠯᠡᠬᠦ᠌᠎ᠪᠠᠷ ᠵᠣᠷᠢᠯᠭ᠎ᠠ ᠪᠣᠯᠭᠠᠵᠣ ᠂ ᠥᠪᠡᠷᠲᠡᠭᠡᠨ ᠵᠠᠰᠠᠬᠤ ᠣᠷᠣᠨ᠎ᠤ ᠭᠤᠤᠯᠳᠡᠯᠭ᠎ᠠ᠎ᠲᠠᠢ ᠪᠠ ᠳᠡᠪᠠᠭᠤᠯᠢᠭ ᠣᠨᠴᠠᠯᠢᠭ ᠲᠠᠢ ᠠᠵᠦ᠍ ᠦᠢᠯᠡᠰ᠎ᠤᠨ ᠬᠦᠳᠥᠴᠢ ᠠᠵᠦ᠍ ᠠᠬᠤᠢᠯᠠᠯ ᠂ ᠠᠵᠦ᠍ ᠦᠢᠯᠡᠰ᠎ᠤᠨ ᠬᠦᠷᠢᠶᠡᠯᠡᠩ ᠲᠤᠭᠤᠷᠢᠭ ᠂ ᠠᠵᠢᠯ ᠳᠦᠷᠦᠯ᠎ᠤᠨ ᠵᠤᠬᠢᠶᠡᠨ ᠪᠠᠢᠭᠤᠯᠥᠯᠳᠡ ᠂ ᠶᠡᠭᠡ ᠳᠡᠭᠡᠳᠦ ᠰᠣᠷᠭᠠᠭᠤᠯᠢ ᠬᠦᠷᠢᠶᠡᠯᠡᠩ ᠭᠠᠵᠡᠷ ᠵᠡᠷᠭᠡ᠎ᠳᠤ ᠳᠥᠱᠢᠭ᠌ᠯᠡᠡ ᠪᠦᠳᠦᠭᠡᠨ ᠪᠠᠢᠭᠤᠯᠥᠯᠳᠡ᠎ᠶ᠋ᠢᠨ ᠭᠤᠤᠯ ᠴᠣᠠᠠᠴᠠ ᠪᠤᠯᠭᠠᠵᠦ᠍ ᠂ ᠪᠥᠬᠦ᠌ ᠠᠵᠤ ᠦᠶ᠋ᠯᠡᠰ᠎ᠤᠨ ᠬᠡᠯᠬᠢᠶ᠎ᠡ᠎ᠶ᠋ᠢᠨ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠡᠵᠡᠩᠨᠡᠯᠲᠡ᠎ᠶ᠋ᠢᠨ ᠠᠮᠢ ᠠᠬᠤᠶ᠎ᠶ᠋ᠢ ᠪᠠᠢᠭᠤᠯᠬᠤ᠎ᠶ᠋ᠢᠨ ᠲᠣᠭᠤᠷᠢᠨ᠎ᠳᠤ ᠂ ᠮᠡᠷᠭᠡᠵᠢᠯ ᠂ ᠲᠤᠭ᠎ᠠ ᠪᠠᠷᠢᠮᠲᠠ ᠂ ᠴᠢᠳᠠᠪᠤᠷᠢᠲᠠᠨ ᠂ ᠬᠥᠷᠥᠩᠭᠡ ᠵᠡᠷᠭᠡ ᠬᠦᠴᠦᠨ ᠵᠦᠶ᠋ᠯ᠎ᠤᠨ ᠡᠬᠢ ᠪᠠᠶᠠᠯᠢᠭ᠎ᠢ ᠲᠥᠪᠯᠡᠷᠡᠭᠦᠯᠵᠦ᠍ ᠂ ᠠᠵᠤ ᠦᠢᠯᠡᠰ ᠂ ᠶᠡᠭᠡ ᠳᠡᠭᠡᠳᠦ ᠰᠤᠷᠭᠠᠭᠤᠯᠢ ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠢᠭᠤᠯᠤᠮᠵᠢ ᠪᠠ ᠳᠡᠭᠡᠳᠦ ᠳᠣᠤᠷᠠᠳᠤ ᠤᠷᠤᠰᠭᠠᠯ᠎ᠤᠨ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠬᠦᠴᠦᠨ ᠵᠦᠶ᠋ᠯ᠎ᠢ ᠨᠢᠭᠡᠲᠦᠭᠦᠯᠵᠦ᠍ ᠂ ᠠᠵᠤ ᠦᠶ᠋ᠯᠡᠰ᠎ᠤᠨ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠴᠢᠨᠠᠷ ᠰᠠᠢᠲᠠᠶ ᠡᠭᠦᠳᠦᠯᠲᠡ ᠂ ᠥᠨᠳᠥᠷ ᠦᠷ᠎ᠡ ᠠᠱᠢᠭ᠎ᠢ ᠬᠤᠪᠢᠷᠠᠭᠤᠯᠬᠤ ᠂ ᠬᠠᠮᠵᠢᠯᠴᠠᠨ ᠬᠡᠷᠡᠭ᠌ᠯᠡᠬᠦ᠌ ᠪᠠ ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠬᠦ᠌ ᠴᠢᠳᠠᠮᠵᠢ᠎ᠶ᠋ᠢᠨ ᠴᠢᠨᠠᠷᠲᠠᠶ ᠠᠴᠢᠶᠠᠯᠠᠪᠤᠷᠢ᠎ᠳᠤ ᠦᠶ᠋ᠯᠡᠴᠢᠯᠡᠨ᠎ᠡ ᠃
ᠭᠤᠷᠪᠠᠳᠤᠭᠠᠷ ᠵᠦᠢᠯ ᠦᠪᠡᠷᠲᠡᠭᠡᠨ ᠵᠠᠰᠠᠬᠤ ᠣᠷᠣᠨ᠎ᠤ ᠡᠵᠡᠩᠨᠡᠯᠲᠡ᠎ᠶ᠋ᠢᠨ ᠲᠥᠪ᠎ᠢ ᠪᠦᠲᠦᠭᠡᠨ ᠪᠠᠢᠭᠤᠯᠬᠤ ᠪᠠ ᠬᠠᠮᠢᠶᠠᠷᠬᠤ᠎ᠳᠤ 《 ᠵᠠᠰᠠᠭ᠎ᠤᠨ ᠣᠷᠳᠤᠨ᠎ᠠᠴᠠ ᠤᠳᠤᠷᠢᠳᠭᠤ ᠂ ᠵᠠᠬ᠎ᠠ ᠳᠡᠯᠭᠡᠭᠦᠷ᠎ᠢᠶᠠᠷ ᠭᠤᠣᠯᠯᠠᠭᠤᠯᠬᠤ ᠂ ᠠᠵᠤ ᠦᠢᠯᠡᠰ᠎ᠢ ᠲᠦᠪᠯᠡᠷᠡᠭᠦᠯᠬᠦ ᠂ ᠡᠬᠢ ᠪᠠᠶᠠᠯᠢᠭ᠎ᠢ ᠨᠢᠭᠡᠳᠦᠭᠦᠯᠬᠦ᠌ ᠂ ᠬᠠᠮᠵᠢᠯᠴᠠᠨ ᠬᠥᠭ᠌ᠵᠢᠭᠦᠯᠬᠦ᠌ 》 ᠵᠠᠷᠴᠢᠮ᠎ᠢ ᠵᠢᠷᠤᠮᠯᠠᠵᠤ ᠂ ᠥᠪᠡᠷᠲᠡᠭᠡᠨ ᠵᠠᠰᠠᠬᠤ ᠣᠷᠣᠨ ᠂ ᠠᠢᠮᠠᠭ ᠬᠤᠲᠠ ᠬᠤᠶᠠᠷ ᠱᠠᠲᠤᠨ᠎ᠤ ᠲᠤᠬᠠᠢᠯᠠᠭ᠍ᠰᠠᠨ ᠠᠵᠢᠯ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠵᠢᠯᠣᠭᠤᠳᠤᠯᠭ᠎ᠠ ᠪᠠ ᠬᠢᠨᠠᠯᠲᠠ ᠬᠠᠮᠢᠶᠠᠷᠤᠯᠲᠠ᠎ᠶ᠋ᠢ ᠬᠦᠯᠢᠶᠡᠵᠦ᠍ ᠂ ᠭᠤᠣᠯᠳᠠᠯᠭ᠎ᠠ᠎ᠲᠠᠢ ᠠᠵᠤ ᠦᠢᠯᠡᠰ᠎ᠲᠤ ᠠᠩᠬᠠᠷᠤᠯ᠎ᠢᠶᠠᠨ ᠲᠥᠪᠯᠡᠷᠡᠭᠦᠯᠦᠨ ᠂ ᠲᠤᠰᠭᠠᠢ ᠠᠱᠢᠭ᠎ᠤᠨ ᠡᠷᠬᠡ ᠠᠱᠢᠭ᠎ᠤᠨ ᠬᠤᠯᠪᠣᠭᠠᠰᠤ ᠪᠠ ᠮᠡᠳᠡᠭᠡ ᠵᠠᠩᠭᠢ᠎ᠶ᠋ᠢᠨ ᠴᠥᠷᠬᠡᠯᠡᠬᠦ᠌ ᠴᠢᠳᠠᠮᠵᠢ᠎ᠶ᠋ᠢ ᠪᠦᠲᠦᠮᠵᠢᠲᠡᠢ ᠪᠠᠳᠠᠷᠠᠭᠤᠯᠵᠤ ᠂ ᠠᠵᠤ ᠦᠢᠯᠡᠰ᠎ᠦ᠋ᠨ ᠥᠷᠲᠡᠭᠦ᠋ᠨ ᠬᠡᠯᠬᠢᠶᠡᠵᠢᠯᠦ᠋ᠨ ᠳᠡᠭᠡᠳᠦ ᠳᠡᠰ ᠲᠡᠢᠰᠢ ᠬᠥᠭ᠌ᠵᠢᠬᠦ᠌᠎ᠳᠤ ᠬᠦᠴᠦᠨ ᠨᠡᠮᠡᠷᠢᠯᠡᠵᠦ᠍ ᠂ ᠠᠵᠤ ᠦᠢᠯᠡᠰ᠎ᠦ᠋ᠨ ᠭᠣᠣᠯ ᠥᠷᠢᠰᠦᠯᠳᠦᠬᠦ᠌ ᠬᠦᠴᠦᠨ᠎ᠢ᠋ ᠴᠢᠩᠭᠠᠳᠭᠠᠨ᠎ᠠ ᠃
ᠬᠣᠶᠠᠳᠤᠭᠠᠷ ᠪᠦᠯᠦᠭ ᠭᠣᠤᠯ ᠡᠭᠦᠷᠭᠡ ᠬᠠᠷᠢᠭᠤᠴᠠᠯᠭ᠎ᠠ
ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ᠎ᠤ ᠡᠵᠡᠩᠨᠡᠯᠲᠡ᠎ᠶ᠋ᠢᠨ ᠲᠥᠪ ᠲᠤᠰ ᠪᠡᠶ᠎ᠡ᠎ᠶ᠋ᠢᠨ ᠴᠢᠳᠠᠮᠵᠢ᠎ᠶ᠋ᠢᠨ ᠪᠠᠢᠷᠢ ᠲᠣᠭ᠍ᠲᠠᠭᠠᠯᠲᠠᠳᠦᠪᠠᠨ ᠰᠠᠭᠤᠷᠢᠯᠠᠵᠤ ᠂ ᠠᠵᠤ ᠦᠢᠯᠡᠰ᠎ᠤᠨ ᠬᠡᠯᠬᠢᠶ᠎ᠡ᠎ᠶ᠋ᠢᠨ ᠳᠡᠭᠡᠳᠦ ᠳᠣᠣᠷᠠᠳᠣ ᠬᠡᠯᠬᠢᠶ᠎ᠡ ᠂ ᠠᠵᠤ ᠦᠢᠯᠡᠰ ᠂ ᠶᠡᠭᠡ ᠳᠡᠭᠡᠳᠦ ᠰᠤᠷᠭᠠᠭᠤᠯᠢ ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠎ᠶ᠋ᠢᠨ ᠡᠯ᠎ᠡ ᠲᠥᠷᠥᠯ᠎ᠤᠨ ᠱᠢᠨ᠎ᠡ᠎ᠶ᠋ᠢ ᠡᠭᠦᠳᠬᠦ᠌ ᠭᠤᠣᠯ ᠴᠣᠭ᠍ᠴᠠ᠎ᠶ᠋ᠢᠨ ᠬᠥᠭ᠌ᠵᠢᠯᠲᠡ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠳᠤ ᠦᠢᠯᠡᠴᠢᠯᠡᠬᠦ᠌᠎ᠪᠠᠷ ᠴᠢᠷᠮᠠᠢᠵᠤ ᠂ ᠲᠤᠰ ᠪᠡᠶ᠎ᠡ᠎ᠶ᠋ᠢᠨ ᠠᠵᠤ ᠦᠢᠯᠡᠰ᠎ᠤᠨ ᠪᠠᠢᠷᠢ ᠰᠠᠭᠤᠷᠢ ᠪᠠ ᠡᠬᠢ ᠪᠠᠶᠠᠯᠢᠭ᠎ᠤᠨ ᠳᠠᠪᠠᠭᠤᠯᠢᠭ᠎ᠲᠤ᠎ᠪᠠᠨ ᠰᠠᠭᠤᠷᠢᠯᠠᠵᠤ ᠂ ᠨᠥᠯᠥᠭᠡᠯᠡᠨ ᠳᠠᠢᠴᠢᠯᠠᠬᠤ ᠦᠢᠯᠡᠳᠦᠯ᠎ᠢᠶᠠᠨ ᠭᠦᠢᠴᠡᠳ ᠪᠠᠳᠠᠷᠠᠭᠤᠯᠵᠤ ᠂ ᠳᠣᠣᠷᠠᠬᠢ ᠭᠤᠣᠯ ᠡᠭᠦᠷᠭᠡ ᠬᠠᠷᠢᠭᠤᠴᠠᠯᠭ᠎ᠠ᠎ᠶ᠋ᠢ ᠡᠭᠦᠷᠭᠡᠯᠡᠨ᠎ᠡ ᠄
( ᠨᠢᠭᠡ ) ᠠᠵᠤ ᠦᠢᠯᠡᠰ᠎ᠤᠨ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠬᠠᠮᠵᠢᠯᠴᠠᠨ ᠬᠥᠭ᠌ᠵᠢᠬᠦ᠌᠎ᠶ᠋ᠢ ᠠᠬᠢᠭᠤᠯᠤᠨ᠎ᠠ ᠃ 《 ᠵᠠᠰᠠᠭ᠎ᠤᠨ ᠣᠷᠳᠣᠨ ᠂ ᠠᠵᠤ ᠦᠢᠯᠡᠰ ᠂ ᠶᠡᠭᠡ ᠳᠡᠭᠡᠳᠦ ᠰᠤᠷᠭᠠᠭᠤᠯᠢ ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠢᠭᠤᠯᠤᠮᠵᠢ ᠂ ᠮᠥᠩᠭᠦᠨ ᠭᠦᠢᠯᠭᠡᠭᠡᠨ᠎ᠤ ᠪᠠᠢᠭᠤᠯᠤᠮᠵᠢ ᠂ ᠦᠢᠯᠡᠴᠢᠯᠡᠭᠡᠨ᠎ᠤ ᠪᠠᠢᠭᠤᠯᠤᠮᠵᠢ ᠂ ᠬᠡᠷᠡᠭ᠌ᠯᠡᠭ᠌ᠴᠢᠳ ᠲᠤᠯᠤᠭᠠᠨ ᠲᠠᠯ᠎ᠠ᠎ᠪᠠᠷ᠎ᠢᠶᠠᠨ ᠬᠠᠮᠵᠢᠯᠴᠠᠭ᠍ᠰᠠᠨ ᠱᠢᠨ᠎ᠡ᠎ᠶ᠋ᠢ ᠡᠭᠦᠳᠬᠦ᠌ ᠠᠮᠢ ᠠᠬᠤᠢ᠎ᠶ᠋ᠢᠨ ᠲᠣᠭ᠍ᠲᠠᠯᠴᠠᠭ᠎ᠠ 》 ᠶ᠋ᠢᠨ ᠨᠢᠭ᠍ᠲᠠ ᠵᠣᠯᠭᠠᠯᠳᠤᠭ᠍ᠰᠠᠨ ᠂ ᠥᠨᠳᠥᠷ ᠪᠦᠲᠦᠮᠵᠢᠲᠡᠶ ᠬᠠᠮᠵᠢᠯᠴᠠᠭ᠍ᠰᠠᠨ ᠠᠵᠤ ᠦᠢᠯᠡᠰ᠎ᠤᠨ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠬᠠᠮᠵᠢᠯᠴᠠᠨ ᠬᠥᠭ᠌ᠵᠢᠬᠦ᠌ ᠲᠣᠭ᠍ᠲᠠᠴᠠ᠎ᠶ᠋ᠢ ᠪᠠᠢᠭᠤᠯᠵᠤ ᠂ ᠠᠵᠤ ᠦᠢᠯᠡᠰ᠎ᠤᠨ ᠬᠡᠯᠬᠢᠶ᠎ᠡ᠎ᠶ᠋ᠢᠨ ᠳᠡᠭᠡᠳᠦ ᠳᠣᠣᠷᠠᠳᠤ ᠤᠷᠤᠰᠭᠠᠯ᠎ᠤᠨ ᠡᠯ᠎ᠡ ᠲᠥᠷᠥᠯ᠎ᠤᠨ ᠱᠢᠨ᠎ᠡ᠎ᠶ᠋ᠢ ᠡᠭᠦᠳᠬᠦ᠌ ᠭᠤᠣᠯ ᠴᠣᠭ᠍ᠴᠠ᠎ᠶ᠋ᠢ ᠵᠣᠬᠢᠶᠠᠨ ᠪᠠᠢᠭᠤᠯᠵᠤ ᠬᠠᠮᠵᠢᠯᠴᠠᠨ ᠱᠢᠨ᠎ᠡ᠎ᠶ᠋ᠢ ᠡᠭᠦᠳᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠵᠦ᠍ ᠂ ᠠᠵᠤ ᠦᠢᠯᠡᠰ᠎ᠤᠨ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠱᠢᠨ᠎ᠡ᠎ᠶ᠋ᠢ ᠡᠭᠦᠳᠬᠦ᠌ ᠬᠤᠯᠪᠣᠭᠠᠲᠤ ᠴᠣᠭ᠍ᠴᠠ᠎ᠶ᠋ᠢ ᠪᠤᠢ ᠪᠣᠯᠭᠠᠵᠤ ᠂ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠪᠠᠷ ᠬᠤᠯᠪᠣᠭᠠᠰᠤ ᠪᠣᠯᠭᠠᠭ᠍ᠰᠠᠨ ᠡᠷᠬᠡ ᠠᠱᠢᠭ᠎ᠢ ᠬᠤᠪᠢᠶᠠᠯᠴᠠᠨ ᠡᠳ᠋ᠯᠡᠬᠦ᠌ ᠲᠣᠭ᠍ᠲᠠᠴᠠ᠎ᠶ᠋ᠢ ᠪᠤᠢ ᠪᠣᠯᠭᠠᠵᠤ ᠂ ᠠᠵᠤ ᠦᠢᠯᠡᠰ᠎ᠤᠨ ᠬᠡᠯᠬᠢᠶ᠎ᠡ᠎ᠶ᠋ᠢᠨ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢ ᠬᠠᠮᠲᠤᠷᠠᠨ ᠡᠭᠦᠳᠬᠦ ᠂ ᠬᠠᠮᠵᠢᠯᠴᠠᠨ ᠬᠡᠷᠡᠭ᠌ᠯᠡᠬᠦ ᠂ ᠬᠠᠮᠲᠤ᠎ᠪᠠᠷ ᠬᠠᠮᠠᠭᠠᠯᠠᠬᠤ ᠪᠠ ᠬᠤᠷᠠᠮᠳᠤᠭᠤᠯᠤᠨ ᠬᠠᠮᠢᠶᠠᠷᠬᠤ᠎ᠶ᠋ᠢ ᠠᠬᠢᠭᠤᠯᠵᠤ ᠂ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠮᠡᠳᠡᠭᠡ ᠵᠠᠩᠭᠢ᠎ᠶ᠋ᠢ ᠬᠠᠷᠢᠯᠴᠠᠨ ᠨᠡᠪᠲᠡᠷᠡᠯᠴᠡᠬᠦ ᠂ ᠠᠱᠢᠭ ᠲᠤᠰᠠ᠎ᠶ᠋ᠢ ᠬᠠᠮᠲᠤ᠎ᠳᠤ᠎ᠪᠠᠨ ᠡᠳ᠋ᠯᠡᠬᠦ᠌ ᠂ ᠲᠦᠭ᠌ᠰᠢᠭᠦᠷᠢ᠎ᠶ᠋ᠢ ᠬᠠᠮᠲᠤ᠎ᠪᠠᠷ ᠡᠭᠦᠷᠭᠡᠯᠡᠬᠦ᠌᠎ᠶ᠋ᠢ ᠪᠡᠶᠡᠯᠡᠭᠦᠯᠦᠨ᠎ᠡ ᠃
( ᠬᠣᠶᠠᠷ ) ᠠᠵᠤ ᠦᠢᠯᠡᠰ ᠂ ᠶᠡᠭᠡ ᠳᠡᠭᠡᠳᠦ ᠰᠤᠷᠭᠠᠭᠤᠯᠢ ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠢᠭᠤᠯᠤᠮᠵᠢ ᠶ᠋ᠢᠨ ᠰᠣᠯᠢᠯᠴᠠᠭ᠎ᠠ ᠬᠠᠮᠲᠤᠷᠠᠯᠴᠠᠭ᠎ᠠ᠎ᠶ᠋ᠢ ᠠᠬᠢᠭᠤᠯᠤᠨ᠎ᠠ ᠃ ᠠᠵᠤ ᠦᠢᠯᠡᠰ᠎ᠤᠨ ᠬᠡᠯᠬᠢᠶ᠎ᠡ᠎ᠶ᠋ᠢᠨ ᠳᠡᠭᠡᠳᠦ ᠳᠣᠤᠷᠠᠳᠤ ᠤᠷᠤᠰᠭᠠᠯ᠎ᠤᠨ ᠠᠵᠤ ᠠᠬᠤᠢᠯᠠᠯ᠎ᠢ ᠵᠣᠬᠢᠶᠠᠨ ᠪᠠᠢᠭᠤᠯᠤᠨ ᠬᠥᠲᠥᠯᠦᠨ ᠵᠢᠯᠣᠭᠤᠳᠴᠤ᠌ ᠪᠠᠢᠭᠠᠳ ᠳᠡᠭᠡᠳᠦ ᠰᠤᠷᠭᠠᠭᠤᠯᠢ ᠪᠠ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠎ᠶ᠋ᠢᠨ ᠲᠤᠰᠭᠠᠶ ᠠᠱᠢᠭ᠎ᠤᠨ ᠨᠦᠬᠡᠴᠡ᠎ᠶ᠋ᠢ ᠠᠮᠢᠯᠠᠭᠤᠯᠬᠤ ᠱᠢᠰᠲᠸᠮ᠎ᠢ ᠭᠦᠢᠴᠡᠳ ᠠᠱᠢᠭ᠍ᠯᠠᠨ ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠲᠠᠪᠴᠠᠩ᠎ᠢ ᠠᠱᠢᠭ᠍ᠯᠠᠨ ᠂ ᠠᠵᠤ ᠦᠢᠯᠡᠰ᠎ᠤᠨ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠬᠠᠩᠭᠠᠯᠭ᠎ᠠ ᠬᠡᠷᠡᠭ᠌ᠴᠡᠭᠡ᠎ᠶ᠋ᠢᠨ ᠮᠡᠳᠡᠭᠡ ᠵᠠᠩᠭᠢ ᠪᠠ ᠲᠤᠰᠭᠠᠶ ᠠᠱᠢᠭ᠎ᠤᠨ ᠠᠵᠤ ᠦᠢᠯᠡᠰᠵᠢᠭ᠌ᠰᠡᠨ ᠬᠡᠷᠡᠭ᠌ᠴᠡᠭᠡ ᠱᠠᠭᠠᠷᠳᠠᠯᠭ᠎ᠠ᠎ᠶ᠋ᠢᠨ ᠮᠡᠳᠡᠭᠡ ᠵᠠᠩᠭᠢ᠎ᠶ᠋ᠢ ᠨᠡᠢᠲᠡᠯᠡᠵᠦ᠍ ᠂ ᠲᠣᠰ ᠬᠦᠷᠢᠶᠡᠨ᠎ᠳᠠᠬᠢ ᠥᠨᠳᠥᠷ ᠦᠨ᠎ᠡ ᠥᠷᠲᠡᠭ᠎ᠲᠠᠢ ᠲᠤᠰᠭᠠᠶ ᠠᠱᠢᠭ᠎ᠤᠨ ᠮᠡᠷᠭᠡᠵᠢᠯ᠎ᠢ ᠭᠦᠨᠵᠡᠭᠡᠶ ᠠᠭᠤᠳᠠᠯᠵᠤ ᠂ ᠠᠵᠤ ᠦᠢᠯᠡᠰ ᠂ ᠶᠡᠭᠡ ᠳᠡᠭᠡᠳᠦ ᠰᠤᠷᠭᠠᠭᠤᠯᠢ ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠎ᠶ᠋ᠢ ᠵᠣᠯᠭᠠᠭᠤᠯᠬᠤ ᠠᠵᠢᠯᠯᠠᠭ᠎ᠠ᠎ᠶ᠋ᠢ ᠪᠠᠢᠩᠭᠤᠵᠢᠭᠤᠯᠤᠨ ᠥᠷᠨᠢᠭᠦᠯᠵᠦ᠍ ᠂ ᠰᠤᠷᠭᠠᠭᠤᠯᠢ ᠠᠵᠤ ᠠᠬᠤᠢᠯᠠᠯ᠎ᠤᠨ ᠬᠠᠮᠲᠤᠷᠠᠯᠴᠠᠭ᠎ᠠ ᠂ ᠴᠢᠳᠠᠪᠤᠷᠢᠲᠠᠨ᠎ᠤ ᠰᠣᠯᠢᠯᠴᠠᠭ᠎ᠠ ᠪᠠ ᠬᠥᠷᠥᠩᠭᠡ᠎ᠶ᠋ᠢᠨ ᠵᠣᠯᠭᠠᠯᠴᠠᠭ᠎ᠠ᠎ᠶ᠋ᠢ ᠠᠬᠢᠭᠤᠯᠤᠨ᠎ᠠ ᠃
( ᠭᠤᠷᠪᠠ ) ᠭᠤᠣᠯᠳᠠᠯᠭ᠎ᠠ᠎ᠲᠠᠢ ᠲᠥᠷᠥᠯ ᠵᠦᠢᠯ᠎ᠤᠨ ᠲᠤᠰᠭᠠᠢ ᠠᠱᠢᠭ᠎ᠤᠨ ᠮᠡᠷᠭᠡᠵᠢᠯ᠎ᠢ ᠬᠤᠪᠢᠷᠠᠭᠤᠯᠤᠨ ᠵᠣᠯᠭᠠᠭᠤᠯᠬᠤ᠎ᠶ᠋ᠢ ᠥᠨᠳᠥᠷ ᠪᠦᠲᠦᠮᠵᠢᠲᠡᠶ᠎ᠪᠠᠷ ᠥᠷᠨᠢᠭᠦᠯᠦᠨ᠎ᠡ᠃ ᠠᠵᠤ ᠦᠢᠯᠡᠰ᠎ᠤᠨ ᠬᠡᠯᠬᠢᠶᠡᠵᠢᠯ᠎ᠤᠨ ᠠᠵᠤ ᠠᠬᠤᠢᠯᠠᠯ᠎ᠤᠨ ᠲᠤᠰᠭᠠᠢ ᠠᠱᠢᠭ᠎ᠤᠨ ᠮᠡᠷᠭᠡᠵᠢᠯ᠎ᠤᠨ ᠬᠡᠷᠡᠭ᠌ᠴᠡᠭᠡ ᠱᠠᠭᠠᠷᠳᠠᠯᠭ᠎ᠠ ᠪᠠ ᠶᠡᠭᠡ ᠳᠡᠭᠡᠳᠦ ᠰᠤᠷᠭᠠᠭᠤᠯᠢ᠎ᠶ᠋ᠢᠨ ᠬᠦᠷᠢᠶᠡᠯᠡᠩ ᠭᠠᠵᠠᠷ᠎ᠤᠨ ᠲᠤᠰᠭᠠᠢ ᠠᠱᠢᠭ᠎ᠤᠨ ᠮᠡᠷᠭᠡᠵᠢᠯ᠎ᠢ ᠬᠤᠪᠢᠷᠠᠭᠤᠯᠤᠨ ᠬᠡᠷᠡᠭ᠌ᠯᠡᠬᠦ᠌ ᠬᠡᠷᠡᠭ᠌ᠴᠡᠭᠡ ᠱᠠᠭᠠᠷᠳᠠᠯᠭ᠎ᠠ᠎ᠶ᠋ᠢ ᠲᠣᠭ᠍ᠲᠠᠮᠠᠯ ᠬᠤᠭᠤᠴᠠᠭ᠎ᠠ᠎ᠲᠠᠢ᠎ᠪᠠᠷ ᠴᠤᠭ᠍ᠯᠠᠭᠤᠯᠤᠨ ᠡᠮᠬᠢᠯᠡᠵᠦ᠍ ᠂ ᠬᠤᠪᠢᠷᠠᠭᠤᠯᠵᠤ ᠪᠣᠯᠬᠤ ᠲᠤᠰᠭᠠᠢ ᠠᠱᠢᠭ᠎ᠤᠨ ᠡᠬᠢ ᠪᠠᠶᠠᠯᠢᠭ᠎ᠤᠨ ᠲᠣᠭᠤᠷᠢᠨ᠎ᠳᠤ ᠲᠤᠰᠭᠠᠢ ᠠᠱᠢᠭ᠎ᠤᠨ ᠮᠡᠷᠭᠡᠵᠢᠯ᠎ᠤᠨ ᠱᠢᠭ᠌ᠰᠢᠨ ᠰᠣᠩᠭᠤᠵᠤ ᠦᠨᠡᠯᠡᠬᠦ ᠂ ᠬᠠᠩᠭᠠᠯᠭ᠎ᠠ ᠬᠡᠷᠡᠭ᠌ᠴᠡᠭᠡ᠎ᠶ᠋ᠢ ᠵᠣᠯᠭᠠᠭᠤᠯᠬᠤ ᠂ ᠲᠣᠭ᠍ᠯᠠᠯᠲᠠ᠎ᠪᠠᠷ ᠲᠠᠨᠢᠯᠴᠠᠭᠤᠯᠬᠤ ᠂ ᠠᠷᠠᠯᠵᠢᠶ᠎ᠠ᠎ᠶ᠋ᠢ ᠵᠣᠬᠢᠴᠠᠭᠤᠯᠬᠤ ᠂ ᠪᠡᠯᠡ ᠣᠷᠣᠭᠤᠯᠵᠤ ᠪᠡᠯᠡ ᠲᠣᠬᠢᠷᠠᠭᠤᠯᠬᠤ᠎ᠶ᠋ᠢ ᠵᠣᠯᠭᠠᠭᠤᠯᠬᠤ ᠵᠡᠷᠭᠡ ᠠᠵᠢᠯᠯᠠᠭ᠎ᠠ᠎ᠶ᠋ᠢ ᠥᠷᠨᠢᠭᠦᠯᠵᠦ᠍ ᠂ ᠠᠵᠤ ᠦᠢᠯᠡᠰ᠎ᠤᠨ ᠣᠨᠴᠠᠯᠢᠭᠲᠤ ᠠᠩᠬᠠᠷᠤᠯ᠎ᠢᠶᠠᠨ ᠲᠥᠪᠯᠡᠷᠡᠭᠦᠯᠦᠨ ᠬᠤᠪᠢᠷᠠᠭᠤᠯᠤᠨ ᠵᠣᠯᠭᠠᠭᠤᠯᠬᠤ ᠦᠢᠯᠡᠴᠢᠯᠡᠭᠡᠨ᠎ᠤ ᠱᠢᠰᠲ᠋ᠧᠮᠲᠦ ᠴᠢᠨᠠᠷ ᠂ ᠨᠠᠷᠢᠯᠢᠭ ᠣᠨᠣᠪᠴᠢᠲᠤ ᠴᠢᠨᠠᠷ ᠪᠠ ᠲᠤᠰᠭᠠᠶ ᠮᠡᠷᠭᠡᠵᠢᠯ᠎ᠤᠨ ᠴᠢᠨᠠᠷ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍ ᠂ ᠪᠦᠲᠦᠮᠵᠢᠲᠡᠶ ᠠᠷᠭ᠎ᠠ ᠵᠠᠮ᠎ᠤᠨ ᠵᠠᠭ᠍ᠪᠤᠷ᠎ᠢ ᠰᠦᠪᠡᠭ᠌ᠴᠢᠯᠡᠨ ᠪᠦᠷᠢᠯᠳᠦᠭᠦᠯᠬᠦ᠌᠎ᠶ᠋ᠢᠨ ᠬᠠᠮᠲᠤ ᠠᠵᠤ ᠦᠢᠯᠡᠰ᠎ᠤᠨ ᠳᠤᠮᠳᠠ ᠢᠳᠡᠪᠬᠢᠲᠡᠶ ᠳᠡᠯᠭᠡᠷᠡᠭᠦᠯᠦᠨ᠎ᠡ ᠃
( ᠳᠥᠷᠪᠡ ) ᠲᠤᠰᠭᠠᠢ ᠠᠱᠢᠭ᠎ᠤᠨ ᠠᠵᠤ ᠦᠢᠯᠡᠰᠵᠢᠯᠲᠡ᠎ᠶ᠋ᠢᠨ ᠠᠬᠢᠴᠠ᠎ᠶ᠋ᠢ ᠲᠥᠷᠭᠡᠳᠭᠡᠨ᠎ᠡ ᠃ ᠵᠠᠬ᠎ᠠ ᠳᠡᠯᠭᠡᠭᠦᠷᠴᠢᠯᠡᠭ᠌ᠰᠡᠨ ᠠᠯᠤᠰ ᠢᠷᠡᠭᠡᠳᠦᠶ᠎ᠲᠠᠢ ᠴᠢᠨᠠᠷ ᠰᠠᠢᠲᠠᠶ ᠲᠤᠰᠭᠠᠶ ᠠᠱᠢᠭ᠎ᠤᠨ ᠮᠡᠷᠭᠡᠵᠢᠯ᠎ᠤᠨ ᠦᠷ᠎ᠡ ᠪᠦᠲᠦᠭᠡᠯ᠎ᠢ ᠱᠢᠩᠭᠡᠭᠡᠨ ᠠᠪᠴᠤ᠌ ᠂ ᠬᠠᠮᠵᠢᠯᠴᠠᠬᠤ ᠤᠬᠠᠭ᠍ᠳᠠᠬᠤᠨ᠎ᠢ ᠱᠢᠯᠭᠠᠨ ᠪᠠᠲᠤᠯᠠᠬᠤ ᠲᠥᠪ ᠂ ᠱᠢᠨ᠎ᠡ᠎ᠶ᠋ᠢ ᠡᠭᠦᠳᠬᠦ᠌ ᠲᠠᠪᠴᠠᠩ ᠂ ᠵᠠᠪᠰᠠᠷ᠎ᠤᠨ ᠲᠤᠷᠱᠢᠯᠲᠠ᠎ᠶ᠋ᠢᠨ ᠰᠠᠭᠤᠷᠢᠨ ᠭᠠᠵᠠᠷ ᠵᠡᠷᠭᠡ ᠡᠯ᠎ᠡ ᠲᠥᠷᠥᠯ᠎ᠤᠨ ᠱᠢᠨᠵᠢᠯᠡᠬᠦ᠌ ᠤᠬᠠᠭᠠᠨ ᠲᠸᠭ᠌ᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠬᠤᠪᠢᠷᠠᠭᠤᠯᠬᠤ ᠪᠠ ᠠᠵᠤ ᠦᠢᠯᠡᠰᠵᠢᠭᠦᠯᠬᠦ᠌ ᠲᠠᠪᠴᠠᠩ᠎ᠤᠨ ᠡᠬᠢ ᠪᠠᠶᠠᠯᠢᠭ᠎ᠢ ᠵᠣᠬᠢᠴᠠᠭᠤᠯᠵᠤ ᠂ ᠲᠤᠰᠭᠠᠶ ᠠᠱᠢᠭ᠎ᠤᠨ ᠠᠵᠤ ᠦᠢᠯᠡᠰᠵᠢᠭ᠌ᠰᠡᠨ ᠲᠥᠷᠥᠯ ᠵᠦᠢᠯ᠎ᠢ ᠨᠠᠢᠳᠠᠪᠤᠷᠢᠵᠢᠭᠤᠯᠤᠨ ᠬᠡᠷᠡᠭ᠌ᠵᠢᠭᠦᠯᠬᠦ᠌᠎ᠶ᠋ᠢ ᠠᠬᠢᠭᠤᠯᠵᠤ ᠂ ᠠᠵᠤ ᠦᠢᠯᠡᠰ᠎ᠤᠨ ᠬᠡᠯᠬᠢᠶ᠎ᠡ᠎ᠶ᠋ᠢᠨ ᠳᠡᠭᠡᠳᠦ ᠳᠣᠤᠷᠠᠳᠤ ᠤᠷᠤᠰᠭᠠᠯ᠎ᠤᠨ ᠲᠤᠰᠭᠠᠶ ᠠᠱᠢᠭ᠎ᠤᠨ ᠠᠵᠤ ᠦᠢᠯᠡᠰᠵᠢᠯᠲᠡ᠎ᠶ᠋ᠢᠨ ᠠᠬᠢᠴᠠ᠎ᠶ᠋ᠢ ᠪᠥᠬᠦ᠌ ᠲᠠᠯ᠎ᠠ᠎ᠪᠠᠷ ᠲᠦᠷᠭᠡᠳᠭᠡᠬᠦ᠌᠎ᠶ᠋ᠢ ᠬᠥᠲᠥᠯᠦᠨ ᠳᠠᠭᠠᠭᠤᠯᠵᠤ ᠳᠠᠢᠴᠢᠯᠠᠨ ᠂ ᠲᠤᠰᠭᠠᠶ ᠠᠱᠢᠭ ᠨᠢᠭ᠍ᠲᠠᠷᠠᠭ᠍ᠰᠠᠨ ᠬᠡᠯᠪᠡᠷᠢ᠎ᠶ᠋ᠢᠨ ᠦᠢᠯᠡᠳᠬᠦᠨ ᠪᠠ ᠱᠢᠨᠵᠢᠯᠡᠬᠦ᠌ ᠤᠬᠠᠭᠠᠨ ᠲᠸᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌᠎ᠪᠠᠷ ᠲᠤᠯᠭᠠᠭᠤᠷᠢᠯᠠᠯ ᠪᠣᠯᠭᠠᠭ᠍ᠰᠠᠨ ᠨᠠᠷᠠᠲᠤ ᠲᠠᠸᠠᠷ᠎ᠤᠨ ᠨᠠᠷᠠᠲᠤ ᠲᠥᠷᠥᠯ ᠲᠡᠮᠳᠡᠭ᠌ᠲᠦ᠍᠎ᠶ᠋ᠢ ᠪᠤᠢᠵᠢᠭᠤᠯᠤᠨ ᠳᠡᠯᠭᠡᠷᠡᠭᠦᠯᠦᠨ᠎ᠡ ᠃
( ᠲᠠᠪᠤ ) ᠭᠣᠣᠯᠳᠠᠯᠭ᠎ᠠ᠎ᠲᠠᠢ ᠠᠵᠤ ᠦᠢᠯᠡᠰ᠎ᠦᠨ ᠲᠤᠰᠭᠠᠢ ᠠᠱᠢᠭ᠎ᠤᠨ ᠲᠠᠪᠴᠠᠩ ᠵᠡᠷᠭᠡ ᠲᠤᠰᠭᠠᠢ ᠠᠱᠢᠭ᠎ᠢ ᠬᠣᠯᠪᠤᠭᠠᠯᠠᠨ ᠡᠵᠡᠩᠨᠡᠬᠦ᠌ ᠲᠣᠭ᠍ᠲᠠᠴᠠ᠎ᠶ᠋ᠢ ᠰᠦᠪᠡᠭ᠌ᠴᠢᠯᠡᠨ ᠪᠠᠢᠭᠤᠯᠵᠤ ᠂ ᠲᠤᠰᠭᠠᠢ ᠠᠱᠢᠭ᠎ᠤᠨ ᠵᠦᠪᠱᠢᠶᠡᠷᠡᠯ᠎ᠢ ᠠᠷᠠᠯᠵᠢᠶᠠᠯᠠᠬᠤ ᠪᠠ ᠲᠸᠭ᠌ᠨᠢᠭ ᠮᠡᠷᠭᠡᠵᠢᠯ᠎ᠢ ᠳᠡᠯᠭᠡᠷᠡᠭᠦᠯᠬᠦ᠌ ᠥᠪᠡᠷ᠎ᠤᠨ ᠥᠷᠲᠡᠭ᠎ᠢ ᠪᠠᠭᠤᠷᠠᠭᠤᠯᠵᠤ ᠂ ᠲᠤᠰᠭᠠᠢ ᠠᠱᠢᠭ᠎ᠤᠨ ᠲᠠᠪᠴᠠᠩ᠎ᠤᠨ ᠠᠵᠤ ᠦᠢᠯᠡᠰ᠎ᠦᠨ ᠬᠡᠯᠬᠢᠶ᠎ᠡ᠎ᠶ᠋ᠢᠨ ᠶᠡᠷᠦᠩᠬᠡᠢ ᠪᠠᠢᠷᠢᠱᠢᠯ᠎ᠢ ᠴᠢᠩᠭᠠᠷᠠᠭᠤᠯᠵᠤ ᠂ 《 ᠭᠠᠷ ᠭᠠᠷ᠎ᠢᠶᠠᠨ ᠬᠤᠯᠪᠣᠯᠴᠠᠬᠤ 》 ᠠᠷᠭ᠎ᠠ ᠮᠠᠶᠢᠭ᠎ᠢᠶᠠᠷ ᠠᠵᠤ ᠦᠢᠯᠡᠰ᠎ᠤᠨ ᠬᠡᠯᠬᠢᠶ᠎ᠡ᠎ᠶ᠋ᠢᠨ ᠲᠣᠮᠣ ᠳᠤᠮᠳᠠ ᠵᠢᠵᠢᠭ ᠠᠵᠤ ᠠᠬᠤᠢᠯᠠᠯ᠎ᠤᠨ ᠠᠭᠤᠰᠤᠯᠴᠠᠨ ᠬᠥᠭ᠌ᠵᠢᠬᠦ᠌᠎ᠶ᠋ᠢ ᠳᠠᠢᠴᠢᠯᠠᠵᠤ ᠂ ᠠᠵᠤ ᠦᠢᠯᠡᠰ᠎ᠤᠨ ᠡᠮᠬᠢ ᠵᠢᠷᠤᠮ᠎ᠲᠠᠢ ᠥᠷᠢᠰᠦᠯᠳᠦᠬᠦ ᠂ ᠬᠠᠮᠵᠢᠯᠴᠠᠨ ᠬᠥᠭ᠌ᠵᠢᠬᠦ ᠂ ᠬᠡᠯᠬᠢᠶ᠎ᠡ᠎ᠶ᠋ᠢ ᠬᠦᠴᠦᠷᠬᠡᠭ᠌ᠵᠢᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠤᠨ᠎ᠠ ᠃
( ᠵᠢᠷᠭᠤᠭ᠎ᠠ ) ᠠᠵᠤ ᠦᠢᠯᠡᠰ᠎ᠤᠨ ᠭᠤᠣᠯᠯᠠᠬᠤ ᠬᠦᠷᠢᠶᠠᠨ᠎ᠤ ᠲᠣᠭᠤᠷᠢᠨ᠎ᠳᠤ ᠲᠤᠰᠭᠠᠢ ᠠᠱᠢᠭ᠎ᠤᠨ ᠮᠡᠳᠡᠭᠡ ᠵᠠᠩᠭᠢ᠎ᠶ᠋ᠢ ᠵᠠᠳᠠᠯᠬᠤ ᠂ ᠲᠤᠰᠭᠠᠢ ᠠᠱᠢᠭ᠎ᠢᠶᠠᠷ ᠵᠠᠮᠴᠢᠯᠠᠬᠤ᠂ ᠵᠠᠳᠠᠯᠤᠨ ᠦᠨᠡᠯᠡᠬᠦ ᠂ ᠥᠷᠲᠡᠭ᠎ᠢ ᠦᠨᠡᠯᠡᠨ ᠵᠢᠱ᠌ᠢᠬᠦ ᠂ ᠦᠢᠯᠡᠳᠬᠦᠨ᠎ᠢ ᠭᠠᠳᠠᠭᠠᠳᠤ᠎ᠳᠤ ᠭᠠᠷᠭᠠᠬᠤ᠎ᠠᠴᠠ ᠡᠮᠦᠨᠡᠬᠢ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠲᠦᠭ᠌ᠰᠢᠭᠦᠷᠢ᠎ᠶ᠋ᠢ ᠤᠷᠢᠳᠴᠢᠯᠠᠨ ᠰᠡᠷᠡᠮᠵᠢᠯᠡᠭᠦᠯᠵᠦ᠍ ᠵᠢᠭ᠍ᠰᠠᠭᠠᠨ ᠪᠠᠢᠴᠠᠭᠠᠬᠤ ᠵᠡᠷᠭᠡ ᠦᠢᠯᠡᠴᠢᠯᠡᠭᠡ᠎ᠶ᠋ᠢ ᠥᠷᠨᠢᠭᠦᠯᠵᠦ᠍ ᠂ ᠠᠵᠤ ᠦᠢᠯᠡᠰ᠎ᠤᠨ ᠭᠤᠣᠯᠯᠠᠬᠤ ᠬᠦᠷᠢᠶᠡᠨ᠎ᠤ ᠲᠣᠭ᠎ᠠ ᠪᠠᠷᠢᠮᠳᠠ ᠶ᠋ᠢᠨ ᠬᠥᠮᠥᠷᠭᠡ᠎ᠶ᠋ᠢ ᠰᠦᠪᠡᠭ᠌ᠴᠢᠯᠡᠨ ᠪᠠᠢᠭᠤᠯᠵᠤ ᠂ ᠠᠵᠤ ᠦᠢᠯᠡᠰ᠎ᠤᠨ ᠬᠥᠭ᠌ᠵᠢᠯᠲᠡ᠎ᠳᠤ ᠬᠤᠳᠠᠯᠳᠤᠭᠠᠴᠢᠨ ᠤᠷᠢᠬᠤ ᠂ ᠣᠶᠤᠨ ᠤᠬᠠᠭᠠᠨ ᠡᠯᠰᠡᠬᠦ ᠂ ᠴᠢᠳᠠᠪᠤᠷᠢᠲᠠᠨ ᠡᠯᠰᠡᠬᠦ᠌ ᠵᠢᠴᠢ ᠠᠵᠤ ᠦᠢᠯᠡᠰ ᠂ ᠶᠡᠭᠡ ᠳᠡᠭᠡᠳᠦ ᠰᠤᠷᠭᠠᠭᠤᠯᠢ ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠎ᠶ᠋ᠢᠨ ᠬᠠᠮᠲᠤᠷᠠᠯᠴᠠᠭ᠎ᠠ ᠵᠡᠷᠭᠡ ᠲᠠᠯ᠎ᠠ᠎ᠪᠠᠷ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠰᠠᠨᠠᠯ ᠰᠠᠨᠠᠭᠤᠯᠭ᠎ᠠ ᠬᠠᠩᠭᠠᠨ᠎ᠠ ᠃
( ᠳᠣᠯᠣᠭ᠎ᠠ ) ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢ ᠳᠡᠰ ᠲᠥᠷᠥᠯ ᠬᠤᠪᠢᠶᠠᠨ ᠬᠠᠮᠢᠶᠠᠷᠬᠤ ᠂ ᠲᠤᠰᠭᠠᠶ ᠠᠱᠢᠭ ᠭᠤᠶᠤᠴᠢᠯᠠᠬᠤ ᠵᠢᠴᠢ ᠬᠡᠷᠡᠭ᠌ᠯᠡᠬᠦ ᠂ ᠲᠤᠰᠭᠠᠶ ᠠᠱᠢᠭ ᠨᠡᠭᠡᠭᠡᠯᠲᠡ ᠬᠢᠬᠦ᠌᠎ᠶ᠋ᠢ ᠵᠥᠪᠱᠢᠶᠡᠷᠡᠬᠦ ᠂ ᠲᠤᠰᠭᠠᠶ ᠠᠱᠢᠭ ᠨᠢᠭ᠍ᠲᠠᠷᠠᠭ᠍ᠰᠠᠨ ᠬᠡᠯᠪᠡᠷᠢ᠎ᠶ᠋ᠢᠨ ᠦᠢᠯᠡᠳᠬᠦᠨ᠎ᠢ ᠳᠠᠩᠰᠠᠯᠠᠭᠤᠯᠬᠤ ᠪᠠ ᠲᠠᠸᠠᠷ᠎ᠤᠨ ᠲᠡᠮᠳᠡᠭ᠎ᠤᠨ ᠨᠡᠷᠡᠲᠦ ᠲᠡᠮᠳᠡᠭ᠌ᠲᠦ᠍᠎ᠶ᠋ᠢ ᠪᠤᠢᠵᠢᠭᠤᠯᠬᠤ ᠵᠡᠷᠭᠡ ᠠᠵᠢᠯ᠎ᠤᠨ ᠲᠣᠭᠤᠷᠢᠨ᠎ᠳᠤ ᠠᠵᠤ ᠦᠢᠯᠡᠰ᠎ᠤᠨ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠠᠵᠢᠯ᠎ᠤᠨ ᠲᠥᠰᠦᠯ᠎ᠢ ᠲᠣᠭ᠍ᠲᠠᠭᠠᠨ ᠬᠡᠷᠡᠭ᠌ᠵᠢᠭᠦᠯᠵᠦ᠍ ᠂ ᠱᠢᠨ᠎ᠡ᠎ᠶ᠋ᠢ ᠡᠭᠦᠳᠬᠦ᠌ ᠭᠤᠤᠯ ᠴᠣᠭ᠍ᠴᠠ᠎ᠨᠢ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠠᠵᠢᠯ᠎ᠤᠨ ᠪᠠᠢᠭᠤᠯᠤᠮᠵᠢ ᠪᠠ ᠠᠵᠢᠯᠲᠠᠨ᠎ᠤ ᠲᠣᠬᠢᠷᠠᠭᠤᠯᠤᠯᠲᠠ᠎ᠶ᠋ᠢ ᠱᠢᠯᠢᠳᠡᠭ᠌ᠵᠢᠭᠦᠯᠬᠦ᠌᠎ᠶ᠋ᠢ ᠵᠢᠯᠣᠭᠤᠳᠴᠤ᠌ ᠂ ᠲᠤᠰᠭᠠᠶ ᠠᠱᠢᠭ ᠭᠤᠶᠤᠴᠢᠯᠠᠬᠤ᠎ᠳᠤ ᠴᠢᠩᠭ᠎ᠠ ᠦᠨᠡᠯᠡᠨ ᠵᠢᠱ᠌ᠢᠬᠦ ᠂ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠠᠰᠲᠤᠨᠢ ᠵᠢᠭ᠍ᠰᠠᠭᠠᠭ᠍ᠰᠠᠨ ᠬᠠᠮᠢᠶᠠᠷᠤᠯᠲᠠ ᠂ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢ ᠬᠤᠪᠢᠷᠠᠭᠤᠯᠤᠭ᠍ᠰᠠᠨ ᠠᠱᠢᠭ ᠣᠯᠵᠠᠪᠤᠷᠢ᠎ᠶ᠋ᠢ ᠬᠤᠪᠢᠶᠠᠨ ᠡᠳ᠋ᠯᠡᠬᠦ᠌ ᠵᠡᠷᠭᠡ ᠲᠦᠷᠢᠮ᠎ᠢ ᠪᠠᠢᠭᠤᠯᠤᠨ ᠪᠦᠷᠢᠨᠱᠢᠭᠦᠯᠦᠨ᠎ᠡ ᠃
( ᠨᠠᠢ᠍ᠮᠠ ) ᠱᠢᠨᠵᠢᠯᠡᠬᠦ᠌ ᠤᠬᠠᠭᠠᠨ ᠲᠸᠭ᠌ᠨᠢᠭ ᠮᠡᠷᠭᠡᠵᠢᠯ᠎ᠦᠨ ᠬᠡᠯᠪᠡᠷᠢ ᠂ ᠱᠢᠨ᠎ᠡ᠎ᠶ᠋ᠢ ᠡᠭᠦᠳᠬᠦ᠌ ᠬᠡᠯᠪᠡᠷᠢ ᠵᠡᠷᠭᠡ ᠠᠵᠤ ᠦᠢᠯᠡᠰ᠎ᠦᠨ ᠬᠡᠯᠬᠢᠶᠡᠵᠢᠯ᠎ᠦᠨ ᠳᠤᠮᠳᠠ ᠪᠠᠭ᠎ᠠ ᠠᠵᠤ ᠠᠬᠤᠢᠯᠠᠯ ᠢ ᠵᠣᠬᠢᠶᠠᠨ ᠪᠠᠢᠭᠤᠯᠤᠨ ᠥᠨᠳᠥᠷ ᠥᠷᠲᠡᠭ᠎ᠲᠡᠶ ᠲᠤᠰᠭᠠᠶ ᠠᠱᠢᠭ ᠢ ᠪᠣᠢᠵᠢᠭᠤᠯᠬᠤ ᠂ ᠲᠤᠰᠭᠠᠶ ᠠᠱᠢᠭ ᠢ ᠬᠤᠪᠢᠷᠠᠭᠤᠯᠬᠤ ᠂ ᠲᠤᠰᠭᠠᠶ ᠠᠱᠢᠭ ᠢ ᠠᠵᠤ ᠦᠢᠯᠡᠰᠵᠢᠭᠦᠯᠬᠦ᠌ ᠂ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠮᠥᠩᠭᠥᠨ ᠭᠦᠢᠯᠭᠡᠭᠡᠨ ᠵᠡᠷᠭᠡ ᠠᠵᠤ ᠦᠢᠯᠡᠰ᠎ᠦᠨ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠡᠵᠡᠩᠨᠡᠯᠲᠡ ᠶ᠋ᠢᠨ ᠬᠠᠮᠢᠶ᠎ᠠ ᠪᠦᠬᠦᠢ ᠪᠣᠯᠪᠠᠰᠤᠷᠠᠯ ᠵᠢᠴᠢ ᠦᠢᠯᠡᠴᠢᠯᠡᠭᠡᠨ ᠢ ᠥᠷᠨᠢᠭᠦᠯᠦᠨ᠎ᠡ ᠃
( ᠶᠢᠰᠦ ) ᠪᠤᠰᠤᠳ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠡᠵᠡᠩᠨᠡᠯᠲᠡ ᠶ᠋ᠢᠨ ᠬᠠᠮᠢᠶ᠎ᠠ ᠪᠦᠬᠦᠢ ᠦᠢᠯᠡᠴᠢᠯᠡᠭᠡ ᠃
ᠭᠤᠷᠪᠠᠳᠤᠭᠠᠷ ᠪᠦᠯᠦᠭ ᠪᠦᠲᠦᠭᠡᠨ ᠪᠠᠢᠭᠤᠯᠤᠯᠲᠠ᠎ᠶ᠋ᠢᠨ ᠭᠤᠣᠯ ᠴᠣᠭ᠍ᠴᠠ
ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ᠎ᠤ ᠡᠵᠡᠩᠨᠡᠯᠲᠡ᠎ᠶ᠋ᠢᠨ ᠲᠥᠪ᠎ᠤᠨ ᠪᠦᠲᠦᠭᠡᠨ ᠪᠠᠢᠭᠤᠯᠤᠯᠲᠠ᠎ᠶ᠋ᠢᠨ ᠭᠤᠣᠯ ᠴᠣᠭ᠍ᠴᠠ᠎ᠨᠢ ᠶᠡᠷᠦ᠍᠎ᠳᠦ ᠪᠡᠨ ᠠᠵᠢᠯ ᠲᠥᠷᠥᠯ᠎ᠤᠨ ᠳᠠᠭᠠᠭᠤᠯᠤᠭ᠍ᠴᠢ ᠠᠵᠤ ᠠᠬᠤᠢᠯᠠᠯ ᠂ ᠭᠤᠣᠯᠳᠠᠯᠭ᠎ᠠ᠎ᠲᠠᠢ ᠠᠵᠤ ᠦᠢᠯᠡᠰ᠎ᠤᠨ ᠲᠥᠪᠯᠡᠷᠡᠯ᠎ᠤᠨ ᠲᠥᠪᠯᠡᠷᠡᠭᠦᠯᠦᠭ᠌ᠰᠡᠨ ᠥᠪᠡᠷᠲᠡᠭᠡᠨ ᠵᠠᠰᠠᠬᠤ ᠣᠷᠣᠨ᠎ᠤ ᠳᠡᠰ᠎ᠠᠴᠠ ᠳᠡᠭᠡᠭ᠌ᠰᠢᠬᠢ ᠠᠵᠤ ᠦᠢᠯᠡᠰ᠎ᠤᠨ ᠬᠦᠷᠢᠶᠡᠯᠡᠩ ᠲᠣᠭᠤᠷᠢᠭ ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠴᠢᠳᠠᠪᠤᠷᠢ᠎ᠪᠠᠷ ᠲᠣᠪᠣᠢᠮ᠎ᠠ ᠶᠡᠭᠡ ᠳᠡᠭᠡᠳᠦ ᠰᠤᠷᠭᠠᠭᠤᠯᠢ᠎ᠶ᠋ᠢᠨ ᠬᠦᠷᠢᠶᠡᠯᠡᠩ ᠭᠠᠵᠠᠷ ᠂ ᠠᠵᠢᠯ ᠲᠥᠷᠥᠯ᠎ᠤᠨ ᠨᠡᠢᠭᠡᠮᠯᠢᠭ ᠵᠡᠷᠭᠡ ᠪᠠᠢᠬᠤ ᠬᠡᠷᠡᠭ᠌ᠲᠡᠢ ᠂ ᠡᠭᠦᠨ᠎ᠤ ᠬᠠᠮᠲᠤ ᠥᠪᠡᠷᠲᠡᠭᠡᠨ ᠵᠠᠰᠠᠬᠤ ᠣᠷᠣᠨ᠎ᠤ ᠬᠡᠪᠴᠢᠶᠡᠨ᠎ᠳᠤ ᠪᠤᠶᠤ ᠠᠵᠤ ᠦᠢᠯᠡᠰ᠎ᠤᠨ ᠬᠡᠯᠬᠢᠶ᠎ᠡ᠎ᠳᠤ ᠲᠣᠪᠣᠢᠮ᠎ᠠ ᠠᠵᠢᠯ ᠲᠥᠷᠥᠯ᠎ᠤᠨ ᠨᠥᠯᠥᠭᠡᠯᠡᠬᠦ᠌ ᠬᠦᠴᠦᠨ ᠂ ᠦᠢᠯᠡᠴᠢᠯᠡᠭᠡᠨ᠎ᠤ ᠱᠢᠨ᠎ᠡ᠎ᠶ᠋ᠢ ᠡᠭᠦᠳᠬᠦ᠌ ᠴᠢᠳᠠᠪᠤᠷᠢ ᠪᠠ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠡᠵᠡᠩᠨᠡᠯᠲᠡ ᠶ᠋ᠢᠨ ᠳᠠᠪᠠᠭᠤᠯᠢᠭ᠎ᠲᠠᠢ ᠪᠠᠢᠵᠤ ᠂ ᠠᠵᠤ ᠦᠢᠯᠡᠰ᠎ᠤᠨ ᠬᠡᠯᠬᠢᠶ᠎ᠡ᠎ᠶ᠋ᠢᠨ ᠳᠡᠭᠡᠳᠦ ᠳᠣᠤᠷᠠᠳᠤ ᠤᠷᠤᠰᠭᠠᠯ᠎ᠤᠨ ᠡᠯ᠎ᠡ ᠲᠥᠷᠥᠯ᠎ᠤᠨ ᠭᠤᠤᠯ ᠴᠣᠭ᠍ᠴᠠ᠎ᠶ᠋ᠢᠨ ᠬᠠᠮᠵᠢᠯᠴᠠᠨ ᠬᠥᠭ᠌ᠵᠢᠬᠦ᠌᠎ᠶ᠋ᠢ ᠬᠥᠲᠥᠯᠥᠨ ᠳᠠᠭᠠᠭᠤᠯᠵᠤ ᠳᠠᠢᠴᠢᠯᠠᠵᠤ ᠴᠢᠳᠠᠬᠤ ᠬᠡᠷᠡᠭ᠌ᠲᠡᠢ ᠃ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠦᠢᠯᠡᠴᠢᠯᠡᠭᠡᠨ᠎ᠤ ᠪᠠᠢᠭᠤᠯᠤᠮᠵᠢ᠎ᠶ᠋ᠢᠨ ᠥᠪᠡᠷᠲᠡᠭᠡᠨ ᠵᠠᠰᠠᠬᠤ ᠣᠷᠣᠨ᠎ᠤ ᠡᠵᠡᠩᠨᠡᠯᠲᠡ᠎ᠶ᠋ᠢᠨ ᠲᠥᠪ᠎ᠤᠨ ᠪᠦᠲᠦᠭᠡᠨ ᠪᠠᠢᠭᠤᠯᠤᠯᠲᠠ᠎ᠳᠤ ᠣᠷᠣᠯᠴᠠᠬᠤ᠎ᠶ᠋ᠢ ᠵᠣᠷᠢᠭ᠍ᠵᠢᠭᠤᠯᠤᠨ᠎ᠠ ᠃
ᠪᠦᠳᠦᠭᠡᠨ ᠪᠠᠢᠭᠤᠯᠥᠯᠳᠡ᠎ᠶ᠋ᠢᠨ ᠭᠤᠤᠯ ᠴᠣᠠᠠᠴᠠ᠎ᠨᠢ ᠲᠣᠣᠷᠡᠬᠢ ᠨᠦᠬᠦᠴᠡᠯ᠎ᠢ ᠪᠦᠷᠢᠯᠳᠦᠬᠦᠯᠬᠦ᠌ ᠭᠡᠷᠡᠭ᠌ᠳᠡᠢ ᠄
( ᠨᠢᠭᠡ ) ᠦᠢᠯᠡᠴᠢᠯᠡᠭᠡᠨ᠎ᠦ ᠠᠵᠤ ᠦᠢᠯᠡᠰ ᠨᠢ ᠵᠠᠷᠴᠢᠮ ᠳᠡᠭᠡᠷ᠎ᠡ᠎ᠪᠡᠨ ᠥᠪᠡᠷᠲᠡᠭᠡᠨ ᠵᠠᠰᠠᠬᠤ ᠣᠷᠣᠨ᠎ᠤ ᠲᠣᠳᠣᠷᠬᠠᠢᠯᠠᠭ᠍ᠰᠠᠨ ᠭᠣᠤᠯᠳᠠᠯᠭ᠎ᠠ᠎ᠲᠠᠶ ᠠᠵᠤ ᠦᠢᠯᠡᠰ ᠪᠤᠶᠤ ᠳᠠᠪᠠᠭᠤᠯᠢᠭ ᠣᠨᠴᠠᠯᠢᠭ᠍ᠲᠤ ᠠᠵᠤ ᠦᠢᠯᠡᠰ ᠪᠣᠯᠬᠤ ᠪᠥᠭᠡᠳ ᠠᠵᠤ ᠦᠢᠯᠡᠰ᠎ᠢ ᠲᠥᠯᠥᠪᠵᠢᠭᠦᠯᠦᠨ ᠪᠠᠢᠷᠢᠯᠠᠭᠤᠯᠬᠤ ᠂ ᠠᠵᠤ ᠦᠢᠯᠡᠰ᠎ᠦᠨ ᠲᠥᠷᠥ᠎ᠶ᠋ᠢᠨ ᠪᠣᠳᠣᠯᠭ᠎ᠠ ᠪᠠ ᠲᠣᠳᠣᠷᠬᠠᠢᠯᠠᠭ᠍ᠰᠠᠨ ᠭᠣᠤᠯᠳᠠᠯᠭ᠎ᠠ᠎ᠲᠠᠶ ᠬᠥᠭ᠌ᠵᠢᠯᠲᠡ᠎ᠶ᠋ᠢᠨ ᠠᠷᠭ᠎ᠠ ᠬᠡᠮᠵᠢᠶ᠎ᠡ᠎ᠲᠡᠶ ᠪᠠᠢᠬᠤ ᠬᠡᠷᠡᠭ᠌ᠲᠡᠶ ᠃
( ᠬᠣᠶᠠᠷ ) ᠠᠵᠤ ᠦᠢᠯᠡᠰ᠎ᠦᠨ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠡᠵᠡᠩᠨᠡᠯᠲᠡ᠎ᠶ᠋ᠢᠨ ᠲᠥᠪ᠎ᠦᠨ ᠡᠳᠦᠷ ᠲᠤᠲᠤᠮ᠎ᠤᠨ ᠲᠤᠬᠠᠢᠯᠠᠭ᠍ᠰᠠᠨ ᠠᠵᠢᠯ᠎ᠤᠨ ᠠᠵᠢᠯᠯᠠᠭ᠎ᠠ ᠲᠠᠶ ᠪᠡᠶ᠎ᠡ᠎ᠪᠡᠨ ᠳᠠᠭᠠᠭᠠᠭ᠍ᠰᠠᠨ ᠬᠠᠤᠯᠢ᠎ᠶ᠋ᠢᠨ ᠡᠷᠬᠡᠲᠡᠨ᠎ᠦ ᠪᠣᠳᠠᠲᠤ ᠴᠣᠭ᠍ᠴᠠ ᠪᠤᠶᠤ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠡᠵᠡᠩᠨᠡᠯᠲᠡ᠎ᠶ᠋ᠢᠨ ᠡᠭᠦᠷᠭᠡ ᠬᠠᠷᠢᠭᠤᠴᠠᠯᠭ᠎ᠠ᠎ᠶ᠋ᠢ ᠲᠣᠳᠣᠷᠬᠠᠢᠯᠠᠭ᠍ᠰᠠᠨ ᠳᠣᠲᠣᠭᠠᠳᠤ ᠪᠠᠢᠭᠤᠯᠤᠮᠵᠢ᠎ᠲᠡᠶ ᠪᠠᠢᠬᠤ ᠬᠡᠷᠡᠭ᠌ᠲᠡᠶ ᠃
( ᠭᠤᠷᠪᠠ ) ᠲᠣᠭ᠍ᠲᠠᠭ᠍ᠰᠠᠨ ᠮᠥᠷᠲᠡᠭᠡᠨ ᠬᠤᠯᠪᠣᠭ᠍ᠳᠠᠯ ᠪᠦᠬᠦᠢ ᠲᠤᠬᠠᠢᠯᠠᠭ᠍ᠰᠠᠨ ᠠᠵᠢᠯ᠎ᠢ ᠪᠡᠶ᠎ᠡ᠎ᠪᠠᠨ ᠳᠠᠭᠠᠭᠠᠵᠤ ᠥᠷᠨᠢᠭᠦᠯᠬᠦ᠌ ᠠᠵᠢᠯᠯᠠᠬᠤ ᠲᠠᠯᠠᠪᠤᠷ ᠪᠠ ᠠᠵᠢᠯᠯᠠᠬᠤ ᠨᠥᠬᠦᠴᠡᠯ ᠲᠡᠶ ᠪᠠᠢᠬᠤ ᠬᠡᠷᠡᠭ᠌ᠲᠡᠶ ᠃
( ᠳᠥᠷᠪᠡ ) ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠡᠵᠡᠩᠨᠡᠯᠲᠡ᠎ᠶ᠋ᠢᠨ ᠠᠵᠢᠯ᠎ᠤᠨ ᠴᠢᠳᠠᠪᠤᠷᠢ᠎ᠶ᠋ᠢ ᠪᠦᠷᠢᠯᠳᠦᠭᠦᠯᠦᠭ᠌ᠰᠡᠨ ᠪᠥᠭᠡᠳ ᠬᠠᠷᠢᠴᠠᠩᠭᠤᠶ᠎ᠪᠠᠷ ᠲᠣᠭ᠍ᠲᠠᠭᠤᠨ ᠴᠢᠳᠠᠪᠤᠷᠢᠲᠠᠨ᠎ᠤ ᠡᠩᠨᠡᠭᠡ᠎ᠲᠠᠢ ᠪᠠᠢᠬᠤ ᠬᠡᠷᠡᠭ᠌ᠲᠡᠶ ᠃
( ᠲᠠᠪᠤ ) ᠲᠤᠰᠭᠠᠶ ᠠᠵᠢᠯ᠎ᠤᠨ ᠵᠠᠷᠤᠳᠠᠯ᠎ᠲᠠᠶ ᠪᠠᠢᠵᠤ ᠂ ᠬᠠᠮᠢᠶ᠎ᠠ ᠪᠦᠬᠦᠢ ᠪᠦᠲᠦᠭᠡᠨ ᠪᠠᠢᠭᠤᠯᠤᠯᠲᠠ᠎ᠶ᠋ᠢᠨ ᠲᠥᠰᠦᠯ ᠂ ᠠᠵᠢᠯ᠎ᠤᠨ ᠲᠣᠭ᠍ᠲᠠᠴᠠ ᠪᠠ ᠳᠦᠷᠢᠮ ᠲᠣᠭ᠍ᠲᠠᠭᠠᠯ ᠵᠡᠷᠭᠡ᠎ᠶ᠋ᠢ ᠲᠣᠭ᠍ᠲᠠᠭᠠᠬᠤ ᠬᠡᠷᠡᠭ᠌ᠲᠡᠶ ᠃
ᠳᠥᠷᠪᠡᠳᠦᠭᠡᠷ ᠪᠦᠯᠦᠭ ᠮᠠᠭᠠᠳᠯᠠᠨ ᠲᠣᠭ᠍ᠲᠠᠭᠠᠬᠣ ᠬᠠᠮᠢᠶᠠᠷᠤᠯᠲᠠ
ᠵᠢᠷᠭᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ᠎ᠤ ᠡᠵᠡᠩᠨᠡᠯᠲᠡ᠎ᠶ᠋ᠢᠨ ᠲᠥᠪ 《 ᠪᠦᠲᠦᠭᠡᠨ ᠪᠠᠢᠭᠤᠯᠤᠯᠲᠠ᠎ᠶ᠋ᠢᠨ ᠭᠤᠣᠯ ᠴᠣᠭ᠍ᠴᠠ᠎ᠶ᠋ᠢᠨ ᠮᠡᠳᠡᠭᠦᠯᠦᠯᠳᠡ 》 ᠶᠣᠰᠣᠭᠠᠷ — 《 ᠠᠢᠮᠠᠭ ᠬᠤᠲᠠ᠎ᠶ᠋ᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ( ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠲᠣᠪᠴᠢᠶ᠎ᠠ ) ( ᠳᠣᠷᠣᠭ᠍ᠰᠢ 《 ᠠᠢᠮᠠᠭ ᠬᠤᠲᠠ᠎ᠶ᠋ᠢᠨ ᠲᠣᠪᠴᠢᠶ᠎ᠠ 》 ᠭᠡᠵᠦ᠍ ᠲᠣᠪᠴᠢᠯᠠᠨ᠎ᠠ )᠎ᠶ᠋ᠢᠨ ᠲᠠᠨᠢᠯᠴᠠᠭᠤᠯᠭ᠎ᠠ — 《 ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ( ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠲᠣᠪᠴᠢᠶ᠎ᠠ ) ( ᠳᠣᠷᠣᠭ᠍ᠰᠢ 《 ᠥᠪᠡᠷᠲᠡᠭᠡᠨ ᠵᠠᠰᠠᠬᠤ ᠣᠷᠣᠨ᠎ᠤ ᠲᠣᠪᠴᠢᠶ᠎ᠠ 》 ᠭᠡᠵᠦ᠍ ᠨᠡᠷᠡᠢᠳᠦᠨ᠎ᠡ )᠎ᠶ᠋ᠢᠨ ᠮᠠᠭᠠᠳᠯᠠᠨ ᠲᠣᠭ᠍ᠲᠠᠭᠠᠬᠤ ᠠᠷᠭ᠎ᠠ ᠮᠠᠶᠢᠭ᠎ᠢᠶᠠᠷ ᠲᠣᠭ᠍ᠲᠠᠭᠠᠨ᠎ᠠ ᠃ ᠥᠪᠡᠷᠲᠡᠭᠡᠨ ᠵᠠᠰᠠᠬᠤ ᠣᠷᠣᠨ᠎ᠤ ᠲᠣᠪᠴᠢᠶ᠎ᠠ᠎ᠠᠴᠠ ᠮᠠᠭᠠᠳᠯᠠᠨ ᠲᠣᠭ᠍ᠲᠠᠭᠠᠭ᠍ᠰᠠᠨ ᠥᠪᠡᠷᠲᠡᠭᠡᠨ ᠵᠠᠰᠠᠬᠤ ᠣᠷᠣᠨ᠎ᠤ ᠡᠵᠡᠩᠨᠡᠯᠲᠡ ᠶ᠋ᠢᠨ ᠲᠥᠪ᠎ᠢ ᠥᠪᠡᠷᠲᠡᠭᠡᠨ ᠵᠠᠰᠠᠬᠤ ᠣᠷᠣᠨ ᠂ ᠠᠢᠮᠠᠭ ᠬᠣᠲᠠ ᠬᠣᠶᠠᠷ ᠱᠠᠲᠤᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠠᠴᠠ ᠲᠤᠬᠠᠢᠯᠠᠭ᠍ᠰᠠᠨ ᠠᠵᠢᠯ᠎ᠤᠨ ᠵᠢᠯᠣᠭᠣᠳᠣᠯᠭ᠎ᠠ ᠪᠠ ᠡᠳᠦᠷ ᠲᠤᠲᠤᠮ᠎ᠤᠨ ᠬᠠᠮᠢᠶᠠᠷᠤᠯᠲᠠ᠎ᠶ᠋ᠢ ᠬᠠᠷᠢᠭᠤᠴᠠᠨ᠎ᠠ ᠃
ᠳᠣᠯᠣᠳᠤᠭᠠᠷ ᠵᠦᠢᠯ ᠥᠪᠡᠷᠲᠡᠭᠡᠨ ᠵᠠᠰᠠᠬᠤ ᠣᠷᠣᠨ᠎ᠤ ᠡᠵᠡᠩᠨᠡᠯᠲᠡ᠎ᠶ᠋ᠢᠨ ᠲᠥᠪ᠎ᠢ ᠮᠠᠭᠠᠳᠯᠠᠨ ᠲᠣᠭ᠍ᠲᠠᠭᠠᠬᠤ ᠳᠡᠰ ᠳᠠᠷᠠᠭᠠᠯᠠᠯ ᠪᠣᠯ ᠄
( ᠨᠢᠭᠡ ) ᠭᠤᠶᠤᠴᠢᠯᠠᠨ ᠮᠡᠳᠡᠭᠦᠯᠬᠦ ᠃ ᠠᠢᠮᠠᠭ ᠬᠣᠲᠠ᠎ᠶ᠋ᠢᠨ ᠲᠣᠪᠴᠢᠶ᠎ᠠ ᠲᠤᠰ ᠬᠠᠷᠢᠶ᠎ᠠ ᠣᠷᠣᠨ᠎ᠤ᠎ᠪᠠᠨ ᠭᠤᠶᠤᠴᠢᠯᠠᠨ ᠮᠡᠳᠡᠭᠦᠯᠬᠦ᠌ ᠠᠵᠢᠯ᠎ᠢ ᠬᠦᠯᠢᠶᠡᠨ ᠠᠪᠴᠤ᠌ ᠱᠢᠶ᠋ᠳᠪᠦᠷᠢᠯᠡᠨ᠎ᠡ ᠃ ᠭᠤᠶᠤᠴᠢᠯᠠᠨ ᠮᠡᠳᠡᠭᠦᠯᠬᠦ᠌ ᠨᠥᠬᠦᠴᠡᠯ᠎ᠳᠤ ᠨᠡᠢᠴᠡᠬᠦ᠌ ᠪᠥᠲᠥᠭᠡᠨ ᠪᠠᠢᠭᠤᠯᠤᠯᠲᠠ᠎ᠶ᠋ᠢᠨ ᠭᠤᠤᠯ ᠴᠣᠭ᠍ᠴᠠ᠎ᠨᠢ ᠠᠢᠮᠠᠭ ᠬᠤᠲᠠ᠎ᠶ᠋ᠢᠨ ᠲᠣᠪᠴᠢᠶ᠎ᠠ᠎ᠳᠤ ᠭᠤᠶᠤᠴᠢᠯᠠᠨ ᠮᠡᠳᠡᠭᠦᠯᠬᠦ᠌ ᠪᠢᠴᠢᠭ ᠵᠢᠴᠢ ᠬᠠᠮᠢᠶ᠎ᠠ ᠪᠥᠬᠦᠶ ᠭᠡᠷᠡᠴᠢᠯᠡᠬᠦ᠌ ᠮᠠᠲ᠋ᠧᠷᠢᠶᠠᠯ᠎ᠢᠶᠠᠨ ᠲᠤᠱᠢᠶᠠᠨ᠎ᠠ ᠃ ᠪᠦᠲᠦᠭᠡᠨ ᠪᠠᠢᠭᠤᠯᠤᠯᠲᠠ᠎ᠶ᠋ᠢᠨ ᠭᠣᠤᠯ ᠴᠣᠭ᠍ᠴᠠ ᠨᠢ ᠥᠪᠡᠷᠲᠡᠭᠡᠨ ᠵᠠᠰᠠᠬᠤ ᠣᠷᠣᠨ᠎ᠤ ᠱᠠᠲᠤᠨ᠎ᠠᠴᠠ ᠳᠡᠭᠡᠭ᠌ᠰᠢᠬᠢ ᠨᠢᠭᠡᠴᠢ ᠪᠣᠯ ᠂ ᠥᠪᠡᠷᠲᠡᠭᠡᠨ ᠵᠠᠰᠠᠬᠤ ᠣᠷᠣᠨ᠎ᠤ ᠲᠣᠪᠴᠢᠶ᠎ᠠ᠎ᠳᠤ ᠱᠢᠭᠤᠳ ᠭᠤᠶᠤᠴᠢᠯᠠᠯ᠎ᠢᠶᠠᠨ ᠲᠤᠱᠢᠶᠠᠵᠤ ᠪᠣᠯᠤᠨ᠎ᠠ ᠂ ᠭᠤᠶᠤᠴᠢᠯᠠᠨ ᠮᠡᠳᠡᠭᠦᠯᠦᠭ᠌ᠰᠡᠨ ᠮᠠᠲ᠋ᠧᠷᠢᠶᠠᠯ ᠢ ᠪᠠᠢᠭ᠎ᠠ ᠭᠠᠵᠠᠷ᠎ᠤᠨ ᠠᠢᠮᠠᠭ ᠬᠣᠲᠠ᠎ᠶ᠋ᠢᠨ ᠲᠣᠪᠴᠢᠶ᠎ᠠ᠎ᠳᠤ ᠳᠠᠩᠰᠠᠯᠠᠭᠤᠯᠬᠤ ᠬᠡᠷᠡᠭ᠌ᠲᠡᠶ ᠃
( ᠬᠣᠶᠠᠷ ) ᠲᠠᠨᠢᠯᠴᠠᠭᠤᠯᠬᠤ ᠃ ᠠᠢᠮᠠᠭ ᠬᠣᠲᠠ᠎ᠶ᠋ᠢᠨ ᠲᠣᠪᠴᠢᠶ᠎ᠠ ᠭᠤᠶᠤᠴᠢᠯᠠᠨ ᠮᠡᠳᠡᠭᠦᠯᠬᠦ᠌ ᠬᠢᠷᠢ ᠭᠡᠮ ᠢ ᠬᠢᠨᠠᠨ ᠬᠠᠷᠭᠤᠭᠤᠯᠵᠤ ᠂ ᠱᠢᠯᠢᠳᠡᠭ ᠢ ᠨᠢ ᠥᠪᠡᠷᠲᠡᠭᠡᠨ ᠵᠠᠰᠠᠬᠤ ᠣᠷᠣᠨ᠎ᠤ ᠲᠣᠪᠴᠢᠶ᠎ᠠ᠎ᠳᠤ ᠪᠠᠲᠤᠯᠠᠨ ᠲᠠᠨᠢᠯᠴᠠᠭᠤᠯᠤᠨ᠎ᠠ ᠃
( ᠭᠤᠷᠪᠠ ) ᠮᠠᠭᠠᠳᠯᠠᠨ ᠲᠣᠭ᠍ᠲᠠᠭᠠᠬᠤ ᠃ ᠥᠪᠡᠷᠲᠡᠭᠡᠨ ᠵᠠᠰᠠᠬᠤ ᠣᠷᠣᠨ᠎ᠤ ᠲᠣᠪᠴᠢᠶ᠎ᠠ᠎ᠠᠴᠠ ᠠᠢᠮᠠᠭ ᠬᠤᠲᠠ᠎ᠶ᠋ᠢᠨ ᠲᠣᠪᠴᠢᠶ᠎ᠠ ᠪᠠ ᠥᠪᠡᠷᠲᠡᠭᠡᠨ ᠵᠠᠰᠠᠬᠤ ᠣᠷᠣᠨ᠎ᠤ ᠱᠠᠲᠤᠨ᠎ᠠᠴᠠ ᠳᠡᠭᠡᠭ᠌ᠰᠢᠬᠢ ᠨᠢᠭᠡᠴᠢ᠎ᠶ᠋ᠢᠨ ᠥᠪᠡᠷᠲᠡᠭᠡᠨ ᠲᠠᠨᠢᠯᠴᠠᠭᠤᠯᠤᠭ᠍ᠰᠠᠨ ᠭᠤᠶᠤᠴᠢᠯᠠᠨ ᠮᠡᠳᠡᠭᠦᠯᠬᠦ᠌ ᠮᠠᠲ᠋ᠧᠷᠢᠶᠠᠯ᠎ᠢ ᠳᠠᠬᠢᠨ ᠬᠢᠨᠠᠬᠤ ᠂ ᠲᠤᠰᠭᠠᠶ ᠮᠡᠷᠭᠡᠵᠢᠯᠲᠡᠨ᠎ᠤ ᠬᠢᠨᠠᠨ ᠲᠣᠭ᠍ᠲᠠᠭᠠᠬᠤ᠎ᠶ᠋ᠢ ᠵᠣᠬᠢᠶᠠᠨ ᠪᠠᠢᠭᠤᠯᠵᠤ ᠂ ᠮᠠᠭᠠᠳᠯᠠᠨ ᠲᠣᠭ᠍ᠲᠠᠭᠠᠬᠤ᠎ᠪᠠᠷ ᠪᠠᠢᠭ᠎ᠠ ᠨᠡᠷᠡᠰ᠎ᠢ ᠲᠣᠭ᠍ᠲᠠᠭᠠᠬᠤ᠎ᠶ᠋ᠢᠨ ᠬᠠᠮᠲᠤ ᠨᠡᠢᠭᠡᠮ᠎ᠳᠤ 5 ᠠᠵᠢᠯᠯᠠᠬᠤ ᠡᠳᠦᠷ ᠢᠯᠡ ᠨᠡᠢᠲᠡᠯᠡᠨ᠎ᠡ ᠃ ᠨᠡᠢᠲᠡᠯᠡᠬᠦ᠌ ᠬᠤᠭᠤᠴᠠᠭ᠎ᠠ ᠨᠢ ᠳᠦᠭᠦᠷᠦᠭ᠌ᠰᠡᠨ ᠮᠥᠷᠲᠡᠭᠡᠨ ᠣᠨᠳᠣᠤ ᠰᠠᠨᠠᠯ ᠦᠭᠡᠶ ᠪᠣᠯ ᠵᠢᠩᠬᠢᠨᠢ᠎ᠪᠡᠷ ᠮᠠᠭᠠᠳᠯᠠᠨ ᠲᠣᠭ᠍ᠲᠠᠭᠠᠨ᠎ᠠ ᠃
ᠨᠠᠢ᠍ᠮᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ᠎ᠤ ᠡᠵᠡᠩᠨᠡᠯᠲᠡ᠎ᠶ᠋ᠢᠨ ᠲᠥᠪ ᠮᠠᠭᠠᠳᠯᠠᠨ ᠲᠣᠭ᠍ᠲᠠᠭᠠᠭ᠍ᠰᠠᠨ᠎ᠤ ᠳᠠᠷᠠᠭ᠎ᠠ ᠂ 《 ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ 》 + 《 ᠬᠠᠷᠢᠶ᠎ᠠ ᠠᠵᠤ ᠦᠢᠯᠡᠰ 》 + 《 ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠡᠵᠡᠩᠨᠡᠯᠲᠡ᠎ᠶ᠋ᠢᠨ ᠲᠥᠪ 》᠎ᠤᠨ ᠠᠷᠭ᠎ᠠ ᠮᠠᠶᠢᠭ᠎ᠢᠶᠠᠷ ᠨᠡᠷᠡᠢᠳᠦᠨ᠎ᠡ᠃
ᠶᠢᠰᠦᠳᠦᠭᠡᠷ ᠵᠦᠢᠯ ᠥᠪᠡᠷᠲᠡᠭᠡᠨ ᠵᠠᠰᠠᠬᠤ ᠣᠷᠣᠨ᠎ᠤ ᠡᠵᠡᠩᠨᠡᠯᠲᠡ ᠶ᠋ᠢᠨ ᠲᠥᠪ᠎ᠨᠢ ᠲᠤᠰ ᠵᠢᠭᠠᠨ ᠵᠢᠯᠤᠭᠤᠳᠤᠯᠭ᠎ᠠ ᠶ᠋ᠢᠨ ᠳᠥᠷᠪᠡᠳᠦᠭᠡᠷ ᠵᠦᠢᠯ᠎ᠤᠨ ᠬᠠᠮᠢᠶ᠎ᠠ ᠪᠦᠬᠦᠢ ᠱᠠᠭᠠᠷᠳᠠᠯᠭ᠎ᠠ ᠶᠣᠰᠤᠭᠠᠷ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠶ᠋ᠢᠨ ᠬᠠᠮᠲᠤ᠌ ᠂ ᠥᠪᠡᠷᠲᠡᠭᠡᠨ ᠵᠠᠰᠠᠬᠤ ᠣᠷᠣᠨ᠎ᠤ ᠲᠣᠪᠴᠢᠶ᠎ᠠ᠎ᠶ᠋ᠢᠨ ᠬᠠᠮᠢᠶ᠎ᠠ ᠪᠦᠬᠦᠢ ᠪᠠᠢᠷᠢᠯᠠᠭᠤᠯᠤᠯᠲᠠ᠎ᠶ᠋ᠢᠨ ᠱᠠᠭᠠᠷᠳᠠᠯᠭ᠎ᠠ᠎ᠶ᠋ᠢ ᠦᠨᠳᠦᠰᠦᠯᠡᠨ ᠂ ᠲᠤᠰᠭᠠᠢ ᠠᠱᠢᠭ᠎ᠢ ᠬᠤᠪᠢᠷᠠᠭᠤᠯᠤᠨ ᠬᠡᠷᠡᠭ᠌ᠯᠡᠬᠦ᠌ ᠵᠡᠷᠭᠡ ᠠᠵᠤ ᠦᠢᠯᠡᠰ᠎ᠤᠨ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠭᠤᠣᠯᠳᠠᠯᠭ᠎ᠠ᠎ᠲᠠᠢ ᠠᠵᠢᠯ ᠪᠠ ᠲᠤᠰᠭᠠᠢ ᠵᠦᠢᠯ᠎ᠤᠨ ᠡᠭᠦᠷᠭᠡ᠎ᠶ᠋ᠢ ᠬᠦᠴᠦᠲᠡᠢ ᠲᠤᠯᠭᠠᠭᠤᠷᠢᠯᠠᠨ᠎ᠠ ᠃
ᠠᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ᠎ᠤ ᠡᠵᠡᠩᠨᠡᠯᠲᠡ ᠶ᠋ᠢᠨ ᠲᠥᠪ᠎ᠦᠨ ᠪᠦᠲᠦᠭᠡᠨ ᠪᠠᠢᠭᠤᠯᠤᠯᠲᠠ᠎ᠶ᠋ᠢᠨ ᠦᠶᠡᠯᠡᠯ᠎ᠦᠨ ᠬᠤᠭᠤᠴᠠᠭ᠎ᠠ ᠨᠢ ᠭᠤᠷᠪᠠᠨ ᠵᠢᠯ ᠪᠣᠯᠤᠨ᠎ᠠ ᠃ ᠥᠪᠡᠷᠲᠡᠭᠡᠨ ᠵᠠᠰᠠᠬᠤ ᠣᠷᠣᠨ᠎ᠤ ᠡᠵᠡᠩᠨᠡᠯᠲᠡ ᠶ᠋ᠢᠨ ᠲᠥᠪ ᠨᠢ ᠵᠢᠯ᠎ᠦᠨ ᠡᠴᠦᠰ ᠪᠦᠷᠢᠳᠦ ᠥᠪᠡᠷ᠎ᠢ᠎ᠪᠡᠨ ᠦᠨᠡᠯᠡᠬᠦ᠌ ᠠᠵᠢᠯ ᠢ ᠥᠷᠨᠢᠭᠦᠯᠬᠦ᠌ ᠶ᠋ᠢᠨ ᠬᠠᠮᠲᠤ ᠵᠢᠯ᠎ᠦᠨ ᠡᠴᠦᠰ᠎ᠡᠴᠡ ᠡᠮᠦᠨ᠎ᠡ ᠠᠢᠮᠠᠭ ᠬᠣᠲᠠ᠎ᠶ᠋ᠢᠨ ᠲᠣᠪᠴᠢᠶ᠎ᠠ᠎ᠪᠠᠷ ᠬᠢᠨᠠᠭᠤᠯᠤᠭ᠍ᠰᠠᠨᠤ ᠳᠠᠷᠠᠭ᠎ᠠ ᠥᠪᠡᠷᠲᠡᠭᠡᠨ ᠵᠠᠰᠠᠬᠤ ᠣᠷᠣᠨ᠎ᠤ ᠲᠣᠪᠴᠢᠶ᠎ᠠ᠎ᠳᠤ ᠮᠡᠳᠡᠭᠦᠯᠦᠨ ᠬᠦᠷᠭᠡᠵᠦ᠍ ᠂ ᠥᠪᠡᠷᠲᠡᠭᠡᠨ ᠵᠠᠰᠠᠬᠤ ᠣᠷᠣᠨ᠎ᠤ ᠱᠠᠲᠤᠨ᠎ᠠᠴᠠ ᠳᠡᠭᠡᠭ᠌ᠰᠢᠬᠢ ᠥᠪᠡᠷ ᠢ᠎ᠪᠡᠨ ᠲᠠᠨᠢᠯᠴᠠᠭᠤᠯᠬᠤ ᠨᠢᠭᠡᠴᠢ᠎ᠶ᠋ᠢ ᠥᠪᠡᠷᠲᠡᠭᠡᠨ ᠵᠠᠰᠠᠬᠤ ᠣᠷᠣᠨ᠎ᠤ ᠲᠣᠪᠴᠢᠶ᠎ᠠ᠎ᠳᠤ ᠱᠢᠭᠤᠳ ᠳᠡᠭᠡᠷ᠎ᠡ ᠳᠤᠷᠠᠳᠤᠭ᠍ᠰᠠᠨ ᠮᠠᠲ᠋ᠧᠷᠢᠶᠠᠯ᠎ᠤᠳ ᠢ ᠮᠡᠳᠡᠭᠦᠯᠦᠨ ᠬᠦᠷᠭᠡᠬᠦ᠌᠎ᠶ᠋ᠢᠨ ᠬᠠᠮᠲᠤ ᠂ ᠰᠠᠭᠤᠭ᠎ᠠ ᠭᠠᠵᠠᠷ᠎ᠤᠨ ᠠᠢᠮᠠᠭ ᠬᠣᠲᠠ᠎ᠶ᠋ᠢᠨ ᠲᠣᠪᠴᠢᠶ᠎ᠠ᠎ᠳᠤ ᠵᠡᠷᠭᠡ᠎ᠳᠦ ᠨᠢ ᠬᠠᠭᠤᠯᠤᠨ ᠢᠯᠡᠭᠡᠨ᠎ᠡ ᠃ ᠥᠪᠡᠷᠲᠡᠭᠡᠨ ᠵᠠᠰᠠᠬᠤ ᠣᠷᠣᠨ᠎ᠤ ᠲᠣᠪᠴᠢᠶ᠎ᠠ ᠵᠢᠯ ᠪᠦᠷᠢ ᠬᠠᠮᠢᠶ᠎ᠠ ᠪᠦᠬᠦᠢ ᠨᠢᠭᠡᠴᠢ᠎ᠲᠠᠢ ᠬᠠᠮᠲᠤᠷᠠᠨ ᠲᠤᠰᠭᠠᠶ ᠮᠡᠷᠭᠡᠵᠢᠯᠲᠡᠨ᠎ᠢ ᠵᠣᠬᠢᠶᠠᠨ ᠪᠠᠢᠭᠤᠯᠵᠤ ᠠᠵᠤ ᠦᠢᠯᠡᠰ᠎ᠤᠨ ᠡᠵᠡᠩᠨᠡᠯᠲᠡ᠎ᠶ᠋ᠢᠨ ᠲᠥᠪ᠎ᠤᠨ ᠠᠮᠵᠢᠯᠲᠠ ᠪᠦᠲᠦᠮᠵᠢ᠎ᠶ᠋ᠢ ᠦᠨᠡᠯᠡᠨ ᠵᠢᠱ᠌ᠢᠬᠦ᠌ ᠬᠠᠮᠢᠶᠠᠷᠤᠯᠲᠠ ᠬᠢᠵᠦ᠍ ᠂ ᠡᠵᠡᠩᠨᠡᠯᠲᠡ᠎ᠨᠢ ᠰᠠᠢᠨ ᠂ ᠣᠨᠴᠠᠯᠢᠭ᠎ᠨᠢ ᠢᠯᠡ ᠲᠣᠳᠣ ᠪᠠᠢᠬᠤ ᠨᠡᠢᠲᠡᠯᠢᠭ ᠬᠡᠷᠡᠭ᠎ᠤᠨ ᠵᠢᠱ᠌ᠢᠶ᠎ᠡ᠎ᠶ᠋ᠢᠨ ᠬᠡᠯᠪᠡᠷᠢ᠎ᠪᠠᠷ ᠳᠠᠮᠵᠢᠭᠤᠯᠤᠨ ᠤᠬᠠᠭᠤᠯᠤᠨ ᠳᠡᠯᠭᠡᠷᠡᠭᠦᠯᠵᠦ᠍ ᠂ ᠰᠠᠭᠤᠷᠢ ᠨᠥᠬᠦᠴᠡᠯ᠎ᠨᠢ ᠬᠦᠷᠦᠯᠴᠡᠬᠦ᠌ ᠥᠬᠡᠶ ᠂ ᠬᠦᠢᠴᠡᠳᠭᠡᠭ᠌ᠰᠡᠨ ᠥᠬᠡᠶ ᠪᠤᠶᠤ ᠠᠵᠢᠯ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠡᠴᠡ ᠬᠤᠢᠷᠭᠤᠱᠢᠭ᠍ᠰᠠᠨᠳᠦ ᠥᠪᠡᠷᠲᠡᠭᠡᠨ ᠵᠠᠰᠠᠬᠤ ᠣᠷᠣᠨ᠎ᠤ ᠡᠵᠡᠩᠨᠡᠯᠲᠡ᠎ᠶ᠋ᠢᠨ ᠲᠥᠪ ᠵᠠᠷᠯᠢᠭ᠍ᠳᠠᠵᠤ ᠪᠠᠢᠭᠠᠳ ᠬᠤᠭᠤᠴᠠᠭ᠎ᠠ ᠬᠢᠵᠠᠭᠠᠷᠯᠠᠨ ᠴᠡᠭ᠌ᠴᠡᠯᠡᠨ ᠰᠠᠢᠵᠢᠷᠠᠭᠤᠯᠵᠤ ᠂ ᠴᠡᠭ᠌ᠴᠡᠯᠡᠨ ᠰᠠᠢᠵᠢᠷᠠᠭᠤᠯᠤᠭᠠᠳ ᠬᠢᠷᠢ ᠲᠡᠩᠴᠡᠭ᠌ᠰᠡᠨ ᠥᠬᠡᠶ ᠪᠣᠯ ᠬᠢᠷᠢ ᠬᠡᠮ᠎ᠢ᠎ᠨᠢ ᠬᠦᠴᠦᠨ ᠥᠬᠡᠶ ᠪᠣᠯᠭᠠᠨ᠎ᠠ ᠃
ᠠᠷᠪᠠᠨ ᠨᠢᠭᠡᠳᠦᠭᠡᠷ ᠵᠦᠢᠯ ᠪᠦᠲᠦᠭᠡᠨ ᠪᠠᠢᠭᠤᠯᠤᠯᠲᠠ᠎ᠶ᠋ᠢᠨ ᠦᠶᠡᠯᠡᠯ᠎ᠤᠨ ᠬᠤᠭᠤᠴᠠᠭᠠᠨ᠎ᠳᠤ ᠬᠦᠨᠳᠦ ᠨᠣᠴᠢᠲᠠᠶ ᠢᠲᠡᠭᠡᠯ ᠠᠯᠳᠠᠭ᠍ᠰᠠᠨ ᠂ ᠲᠤᠭ᠎ᠠ ᠪᠠᠷᠢᠮᠲᠠ᠎ᠶ᠋ᠢ ᠬᠠᠭᠤᠷᠮᠠᠭ᠍ᠯᠠᠨ ᠵᠣᠬᠢᠶᠠᠭ᠍ᠰᠠᠨ ᠂ ᠬᠡᠪ᠎ᠤᠨ ᠪᠤᠰᠤ ᠲᠤᠰᠭᠠᠶ ᠠᠱᠢᠭ ᠭᠤᠶᠤᠴᠢᠯᠠᠭ᠍ᠰᠠᠨ ᠵᠢᠴᠢ ᠲᠠᠸᠠᠷ᠎ᠤᠨ ᠲᠡᠮᠳᠡᠭ᠎ᠢ ᠮᠠᠭᠤ ᠰᠠᠨᠠᠭ᠎ᠠ᠎ᠪᠠᠷ ᠳᠠᠩᠰᠠᠯᠠᠭᠤᠯᠬᠤ ᠵᠡᠷᠭᠡ ᠬᠠᠤᠯᠢ ᠲᠣᠭ᠍ᠲᠠᠭᠠᠯ᠎ᠠᠴᠠ ᠵᠥᠷᠢᠴᠡᠭ᠌ᠰᠡᠨ ᠦᠢᠯᠡ ᠠᠵᠢᠯᠯᠠᠭ᠎ᠠ᠎ᠳᠤ ᠂ ᠦᠷ᠎ᠡ ᠳ᠋ᠦᠩ᠎ᠨᠢ ᠬᠦᠨᠳᠦ ᠨᠣᠴᠢᠲᠠᠶ ᠪᠦᠲᠦᠭᠡᠨ ᠪᠠᠢᠭᠤᠯᠤᠯᠲᠠ᠎ᠶ᠋ᠢᠨ ᠭᠤᠣᠯ ᠴᠣᠭ᠍ᠴᠠ᠎ᠳᠤ ᠂ ᠥᠪᠡᠷᠲᠡᠭᠡᠨ ᠵᠠᠰᠠᠬᠤ ᠣᠷᠣᠨ᠎ᠤ ᠡᠵᠡᠩᠨᠡᠯᠲᠡ ᠶ᠋ᠢᠨ ᠲᠥᠪ᠎ᠤᠨ ᠬᠢᠷᠢ ᠬᠡᠮ᠎ᠢ᠎ᠨᠢ ᠬᠦᠴᠦᠨ ᠦᠭᠡᠢ ᠪᠣᠯᠭᠠᠨ᠎ᠠ ᠃
ᠠᠷᠪᠠᠨ ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ᠎ᠤ ᠡᠵᠡᠩᠨᠡᠯᠲᠡ ᠶ᠋ᠢᠨ ᠲᠥᠪ ᠠᠵᠤ ᠦᠢᠯᠡᠰ᠎ᠤᠨ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠡᠵᠡᠩᠨᠡᠯᠲᠡ ᠶ᠋ᠢᠨ ᠲᠥᠪ᠎ᠤᠨ ᠣᠯᠠᠨ ᠨᠡᠢᠲᠡ᠎ᠶ᠋ᠢᠨ ᠦᠢᠯᠡᠴᠢᠯᠡᠭᠡᠨ᠎ᠤ ᠭᠠᠷᠴᠠᠭ᠎ᠢ ᠪᠠᠢᠭᠤᠯᠬᠤ᠎ᠶ᠋ᠢᠨ ᠬᠠᠮᠲᠤ ᠨᠡᠢᠲᠡᠯᠡᠵᠦ᠍ ᠂ ᠵᠢᠯ᠎ᠦᠨ ᠲᠣᠭ᠍ᠲᠠᠭᠠᠭ᠍ᠰᠠᠨ ᠣᠯᠠᠨ ᠨᠡᠢᠲᠡ᠎ᠶ᠋ᠢᠨ ᠦᠢᠯᠡᠴᠢᠯᠡᠭᠡᠨ᠎ᠤ ᠠᠵᠢᠯ᠎ᠤᠨ ᠲᠥᠯᠥᠪᠯᠡᠭᠡ ᠶ᠋ᠢᠨ ᠶᠣᠰᠣᠭᠠᠷ ᠂ ᠠᠵᠤ ᠦᠢᠯᠡᠰ᠎ᠤᠨ ᠬᠡᠯᠬᠢᠶ᠎ᠡ ᠳᠡᠭᠡᠷᠡᠬᠢ ᠭᠤᠣᠯ ᠴᠣᠭ᠍ᠴᠠ᠎ᠳᠤ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠡᠵᠡᠩᠨᠡᠯᠲᠡ ᠶ᠋ᠢᠨ ᠣᠯᠠᠨ ᠨᠡᠢᠲᠡ᠎ᠶ᠋ᠢᠨ ᠦᠢᠯᠡᠴᠢᠯᠡᠭᠡ᠎ᠶ᠋ᠢ ᠰᠠᠨᠠᠭᠠᠴᠢᠯᠠᠭ᠎ᠠ᠎ᠠᠴᠠ᠎ᠪᠠᠨ ᠬᠠᠩᠭᠠᠨ᠎ᠠ ᠃
ᠠᠷᠪᠠᠨ ᠭᠤᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠰ᠎ᠦᠨ ᠡᠵᠡᠩᠨᠡᠯᠲᠡ ᠶ᠋ᠢᠨ ᠲᠥᠪ ᠫᠠᠢᠰᠠ ᠡᠯᠭᠦᠬᠦ᠌ ᠂ ᠪᠢᠴᠢᠭ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠮᠠᠶᠢᠭ᠎ᠢᠶᠠᠷ ᠡᠯ᠎ᠡ ᠲᠥᠷᠥᠯ᠎ᠦᠨ ᠬᠤᠪᠢᠶᠠᠷᠢ ᠲᠥᠪ ᠢ ᠥᠪᠡᠷᠲᠡᠭᠡᠨ ᠪᠠᠢᠭᠤᠯᠵᠤ ᠪᠣᠯᠬᠤ ᠦᠭᠡᠶ ᠃
ᠲᠠᠪᠤᠳᠤᠭᠠᠷ ᠪᠦᠯᠦᠭ ᠦᠢᠯᠡᠴᠢᠯᠡᠭᠡᠨᠤᠪᠠᠲᠤᠯᠠᠭᠠ
ᠠᠷᠪᠠᠨ ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ᠎ᠤ ᠲᠣᠪᠴᠢᠶ᠎ᠠ ᠠᠵᠢᠯ᠎ᠤᠨ ᠦᠷ᠎ᠡ ᠪᠦᠲᠦᠮᠵᠢ᠎ᠪᠠᠷ ᠲᠣᠪᠤᠢᠮ᠎ᠠ ᠥᠪᠡᠷᠲᠡᠭᠡᠨ ᠵᠠᠰᠠᠬᠤ ᠣᠷᠣᠨ᠎ᠤ ᠡᠵᠡᠩᠨᠡᠯᠲᠡ᠎ᠶ᠋ᠢᠨ ᠲᠥᠪ᠎ᠢ ᠤᠯᠤᠰ᠎ᠤᠨ ᠲᠠᠰ᠎ᠤᠨ ᠠᠵᠤ ᠦᠶ᠋ᠯᠡᠰ᠎ᠤᠨ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠡᠵᠡᠩᠨᠡᠯᠲᠡ᠎ᠶ᠋ᠢᠨ ᠲᠥᠪ᠎ᠲᠤ ᠭᠤᠶᠤᠴᠢᠯᠠᠨ ᠮᠡᠳᠡᠭᠦᠯᠦᠨ᠎ᠡ ᠃
ᠠᠷᠪᠠᠨ ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ᠎ᠤ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠲᠤᠰᠭᠠᠶ ᠪᠡᠯᠡ ᠮᠥᠩᠭᠦ᠎ᠶ᠋ᠢ ᠲᠥᠷᠥᠯ ᠵᠦᠢᠯ᠎ᠤᠨ ᠬᠡᠯᠪᠡᠷᠢ᠎ᠪᠠᠷ ᠥᠪᠡᠷᠲᠡᠭᠡᠨ ᠵᠠᠰᠠᠬᠤ ᠣᠷᠣᠨ᠎ᠤ ᠡᠵᠡᠩᠨᠡᠯᠲᠡ ᠶ᠋ᠢᠨ ᠲᠥᠪ᠎ᠤᠨ ᠪᠦᠲᠦᠭᠡᠨ ᠪᠠᠢᠭᠤᠯᠤᠯᠲᠠ᠎ᠶ᠋ᠢ ᠳᠡᠮᠵᠢᠵᠦ᠍ ᠂ ᠨᠥᠬᠦᠴᠡᠯ᠎ᠲᠠᠢ ᠠᠢᠮᠠᠭ ᠬᠤᠲᠠᠪᠡᠯᠡ ᠮᠥᠩᠭᠦ᠎ᠶ᠋ᠢ ᠢᠵᠢ ᠪᠦᠷᠢᠳᠦᠭᠦᠯᠵᠦ᠍ ᠂ ᠠᠢᠮᠠᠭ ᠬᠤᠲᠠᠥᠪᠡᠷᠲᠡᠭᠡᠨ ᠵᠠᠰᠠᠬᠤ ᠣᠷᠣᠨ᠎ᠤ ᠡᠵᠡᠩᠨᠡᠯᠲᠡ ᠶ᠋ᠢᠨ ᠲᠥᠪ᠎ᠲᠤ ᠲᠤᠰᠭᠠᠢ ᠳᠡᠮᠵᠢᠯᠭᠡ ᠦᠵᠡᠭᠦᠯᠬᠦ᠌᠎ᠶ᠋ᠢ ᠵᠣᠷᠢᠬ᠍ᠵᠢᠭᠤᠯᠤᠨ᠎ᠠ ᠃
ᠠᠷᠪᠠᠨ ᠵᠢᠷᠭᠤᠳᠤᠭᠠᠷ ᠵᠦᠢᠯ ᠡᠯ᠎ᠡ ᠠᠢᠮᠠᠭ ᠬᠤᠲᠠ᠎ᠶ᠋ᠢᠨ ᠲᠣᠪᠴᠢᠶ᠎ᠠ ᠥᠪᠡᠷᠲᠡᠭᠡᠨ ᠵᠠᠰᠠᠬᠤ ᠣᠷᠣᠨ᠎ᠤ ᠡᠵᠡᠩᠨᠡᠯᠲᠡ᠎ᠶ᠋ᠢᠨ ᠲᠥᠪ ᠬᠢᠭᠡᠳ ᠡᠯ᠎ᠡ ᠲᠥᠷᠥᠯ᠎ᠤᠨ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠠᠵᠢᠯᠯᠠᠭᠠᠨ᠎ᠤ ᠲᠠᠪᠴᠠᠩ ᠂ ᠱᠢᠨᠵᠢᠯᠡᠬᠦ᠌ ᠤᠬᠠᠭᠠᠨ ᠲᠸᠭ᠌ᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠬᠤᠪᠢᠷᠠᠭᠤᠯᠬᠤ ᠲᠠᠪᠴᠠᠩ ᠂ ᠰᠠᠭᠤᠷᠢ ᠮᠥᠩᠭᠦ᠌ ᠂ ᠮᠥᠩᠭᠦᠨ ᠭᠦᠢᠯᠭᠡᠭᠡᠨ᠎ᠤ ᠪᠠᠢᠭᠤᠯᠤᠮᠵᠢ ᠵᠡᠷᠭᠡ᠎ᠯᠦᠭᠡ ᠨᠢᠭ᠍ᠲᠠ ᠬᠠᠮᠲᠤᠷᠠᠯᠴᠠᠬᠤ᠎ᠶ᠋ᠢ ᠵᠢᠯᠣᠭᠤᠳᠤᠨ ᠳᠡᠮᠵᠢᠵᠦ᠍ ᠂ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢ ᠬᠤᠪᠢᠷᠠᠭᠤᠯᠤᠨ ᠵᠣᠯᠭᠠᠭᠤᠯᠬᠤ ᠂ ᠪᠡᠯᠡ ᠣᠷᠣᠭᠤᠯᠵᠤ ᠪᠡᠯᠡ ᠲᠣᠬᠢᠷᠠᠭᠤᠯᠬᠤ ᠵᠡᠷᠭᠡ ᠦᠢᠯᠡᠴᠢᠯᠡᠭᠡ᠎ᠶ᠋ᠢ ᠥᠷᠨᠢᠭᠦᠯᠦᠨ᠎ᠡ ᠃
ᠠᠷᠪᠠᠨ ᠳᠣᠯᠣᠳᠤᠭᠠᠷ ᠵᠦᠢᠯ ᠡᠯ᠎ᠡ ᠠᠢᠮᠠᠭ ᠬᠤᠲᠠ᠎ᠶ᠋ᠢᠨ ᠲᠣᠪᠴᠢᠶ᠎ᠠ ᠥᠪᠡᠷᠲᠡᠭᠡᠨ ᠵᠠᠰᠠᠬᠤ ᠣᠷᠣᠨ᠎ᠤ ᠡᠵᠡᠩᠨᠡᠯᠲᠡ᠎ᠶ᠋ᠢᠨ ᠲᠥᠪ᠎ᠢ ᠢᠳᠡᠪᠬᠢᠲᠡᠶ᠎ᠪᠠᠷ ᠬᠥᠲᠥᠯᠦᠨ ᠵᠢᠯᠣᠭᠤᠳᠴᠤ᠌ ᠪᠠᠢᠭᠠᠳ ᠲᠤᠰᠭᠠᠶ ᠠᠱᠢᠭ᠎ᠤᠨ ᠠᠵᠤ ᠦᠢᠯᠡᠰᠵᠢᠯᠲᠡ᠎ᠶ᠋ᠢ ᠠᠬᠢᠭᠤᠯᠬᠤ ᠂ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠬᠡᠯᠬᠢᠶᠡᠵᠢᠯ᠎ᠢ ᠴᠢᠩᠭᠠᠳᠭᠠᠨ ᠦᠷ᠎ᠡ ᠠᠱᠢᠭ᠎ᠢ ᠨᠡᠮᠡᠭ᠌ᠳᠡᠭᠦᠯᠬᠦ᠌ ᠶ᠋ᠢ ᠲᠤᠯᠭᠠᠭᠤᠷᠢᠯᠠᠬᠤ ᠂ ᠳᠤᠮᠳᠠ ᠵᠢᠵᠢᠭ ᠠᠵᠤ ᠠᠬᠤᠢᠯᠠᠯ᠎ᠤᠨ ᠦᠰᠦᠨ ᠪᠤᠢᠵᠢᠬᠤ᠎ᠳᠤ ᠦᠢᠯᠡᠴᠢᠯᠡᠬᠦ ᠂ ᠶᠡᠭᠡ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ᠎ᠤᠨ ᠲᠤᠰᠭᠠᠶ ᠠᠱᠢᠭ᠎ᠢᠶᠠᠨ ᠬᠤᠪᠢᠷᠠᠭᠤᠯᠬᠤ᠎ᠶ᠋ᠢ ᠠᠬᠢᠭᠤᠯᠬᠤ ᠵᠡᠷᠭᠡ ᠠᠵᠢᠯ᠎ᠳᠤ ᠣᠷᠣᠯᠴᠠᠭᠤᠯᠤᠨ᠎ᠠ ᠃
ᠠᠷᠪᠠᠨ ᠨᠠᠢ᠍ᠮᠠᠳᠤᠭᠠᠷ ᠵᠦᠢᠯ ᠬᠤᠳᠠᠯ ᠬᠡᠯᠡᠵᠦ᠍ ᠬᠠᠭᠤᠷᠮᠠᠭ᠍ᠯᠠᠨ ᠵᠣᠬᠢᠶᠠᠭ᠍ᠰᠠᠨ ᠂ ᠱᠢᠬᠠᠨ ᠡᠵᠡᠯᠡᠵᠦ᠍ ᠨᠡᠭᠦᠯᠭᠡᠨ ᠬᠡᠷᠡᠭ᠌ᠯᠡᠭ᠌ᠰᠡᠨ ᠂ ᠮᠡᠬᠡᠯᠡᠨ ᠠᠪᠤᠭ᠍ᠰᠠᠨ ᠂ ᠦᠯᠡᠳᠡᠭᠡᠨ ᠠᠪᠤᠭ᠍ᠰᠠᠨ ᠪᠡᠯᠡ ᠮᠥᠩᠭᠦ ᠂ ᠨᠢᠭᠤᠴᠠ᠎ᠶ᠋ᠢ ᠵᠠᠳᠠᠷᠠᠭᠤᠯᠤᠭ᠍ᠰᠠᠨ ᠵᠡᠷᠭᠡ ᠬᠠᠤᠯᠢ ᠲᠣᠭ᠍ᠲᠠᠭᠠᠯ᠎ᠠᠴᠠ ᠵᠥᠷᠢᠴᠡᠭ᠌ᠰᠡᠨ ᠦᠢᠯᠡ ᠠᠵᠢᠯᠯᠠᠭ᠎ᠠ ᠣᠷᠣᠱᠢᠵᠤ ᠪᠠᠢᠪᠠᠯ ᠂ ᠥᠪᠡᠷᠲᠡᠭᠡᠨ ᠵᠠᠰᠠᠬᠤ ᠣᠷᠣᠨ᠎ᠤ ᠡᠵᠡᠩᠨᠡᠯᠲᠡ᠎ᠶ᠋ᠢᠨ ᠲᠥᠪ᠎ᠤᠨ ᠬᠢᠷᠢ ᠬᠡᠮ᠎ᠢ᠎ᠨᠢ ᠬᠦᠴᠦᠨ ᠦᠭᠡᠢ ᠪᠣᠯᠭᠠᠵᠤ ᠂ ᠡᠭᠦᠨ᠎ᠤ ᠬᠠᠮᠲᠤ ᠬᠤᠯᠪᠣᠭ᠍ᠳᠠᠯ ᠪᠦᠬᠦᠢ ᠬᠠᠤᠯᠢ ᠴᠠᠭᠠᠵᠠ ᠬᠠᠤᠯᠢ ᠲᠣᠭ᠍ᠲᠠᠭᠠᠯ᠎ᠤᠨ ᠲᠣᠭ᠍ᠲᠠᠭᠠᠯ ᠶᠣᠰᠣᠭᠠᠷ ᠵᠣᠬᠢᠴᠠᠩᠭᠤᠶ ᠬᠠᠷᠢᠭᠤᠴᠠᠯᠭ᠎ᠠ ᠨᠡᠬᠡᠮᠵᠢᠯᠡᠨ᠎ᠡ ; ᠶᠠᠯ᠎ᠠ ᠬᠢᠭ᠌ᠰᠡᠨ ᠰᠡᠵᠢᠭ᠌ᠯᠡᠯᠲᠡᠶ ᠪᠠᠢᠪᠠᠯ ᠂ ᠬᠠᠤᠯᠢ ᠶᠣᠰᠣᠭᠠᠷ ᠬᠤᠯᠪᠣᠭ᠍ᠳᠠᠯ ᠪᠦᠬᠦᠢ ᠪᠠᠢᠭᠤᠯᠭ᠎ᠠ᠎ᠳᠤ ᠱᠢᠯᠵᠢᠭᠦᠯᠦᠨ ᠬᠦᠷᠭᠡᠵᠦ᠍ ᠱᠢᠢᠳᠪᠦᠷᠢᠯᠡᠭᠦᠯᠦᠨ᠎ᠡ ᠃
ᠵᠢᠷᠭᠤᠳᠤᠭᠠᠷ ᠪᠦᠯᠦᠭ ᠳᠠᠭᠠᠯᠳᠤᠭᠤᠯᠤᠯ ᠳᠦᠷᠢᠮ
ᠠᠷᠪᠠ ᠶᠢᠰᠦᠳᠦᠭᠡᠷ ᠵᠦᠢᠯ ᠲᠣᠰ ᠵᠢᠯᠣᠭᠤᠳᠤᠮᠵᠢ᠎ᠶ᠋ᠢ ᠥᠪᠡᠷᠲᠡᠭᠡᠨ ᠵᠠᠰᠠᠬᠤ ᠣᠷᠣᠨ᠎ᠤ ᠲᠣᠪᠴᠢᠶ᠎ᠠ᠎ᠶ᠋ᠢᠨ ᠮᠡᠳᠡᠯᠭᠡ᠎ᠶ᠋ᠢᠨ ᠦᠮᠴᠢᠯᠡᠯ᠎ᠦᠨ ᠡᠷᠬᠡ᠎ᠶ᠋ᠢᠨ ᠬᠡᠷᠡᠭ᠌ᠯᠡᠯᠲᠡ᠎ᠶ᠋ᠢ ᠠᠬᠢᠭᠤᠯᠬᠤ ᠭᠠᠵᠠᠷ᠎ᠠᠴᠠ ᠬᠠᠷᠢᠭᠤᠴᠠᠨ ᠲᠠᠢᠯᠪᠤᠷᠢᠯᠠᠨ᠎ᠠ ᠃
ᠬᠤᠷᠢᠳᠤᠭᠠᠷ ᠵᠦᠢᠯ ᠲᠤᠰ ᠵᠢᠯᠤᠭᠤᠳᠤᠮᠵᠢ᠎ᠶ᠋ᠢ ᠳᠠᠷᠤᠮᠠᠯᠯᠠᠨ ᠲᠠᠷᠬᠠᠭᠠᠭ᠍ᠰᠠᠨ ᠡᠳᠦᠷ᠎ᠠᠴᠠ ᠡᠬᠢᠯᠡᠨ ᠬᠡᠷᠡᠭ᠌ᠵᠢᠭᠦᠯᠦᠨ᠎ᠡ ᠃