ᠬᠡᠯᠬᠢᠶᠡᠰᠦᠨ ᠨᠣᠮᠧᠷ᠄ 11150000MB1937153P/2025-06520
ᠭᠤᠣᠯ ᠰᠡᠳᠦᠪ᠎ᠤᠨ ᠠᠩᠭᠢᠯᠠᠯ᠄ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠂ ᠠᠮᠦᠷ ᠲᠦᠪᠰᠢᠨ ᠦᠢᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ
ᠨᠡᠢ᠌ᠲᠡᠯᠡᠭᠰᠡᠨ ᠪᠠᠢᠭᠤᠯᠤᠮᠵᠢ᠄ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ
ᠪᠢᠴᠢᠭ᠎ᠤᠨ ᠳ᠋ᠤᠭᠠᠷ᠄ ᠤᠯᠤᠰ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ᠎ᠶ᠋ᠢᠨ ᠵᠠᠷᠯᠢᠭ 113 ᠳ᠋ᠤᠭᠠᠷ ᠲᠣᠭᠠᠲᠤ
ᠪᠢᠴᠢᠭᠳᠡᠭᠰᠡᠨ ᠡᠳᠦᠷ᠄ 2025-12-12 00᠄ 00
ᠠᠯᠪᠠᠨ ᠪᠢᠴᠢᠭ᠎ᠦᠨ ᠬᠦᠴᠦᠨ ᠲᠠᠢ ᠬᠤᠭᠤᠴᠠᠭ᠎ᠠ᠄ ᠬᠦᠴᠦᠨ ᠲᠠᠢ
ᠢᠳᠡᠭᠡᠨ᠎ᠦ ᠨᠠᠢᠳᠠᠯᠭ᠎ᠠ᠎ᠪᠠᠷ ᠦᠢᠯᠡᠳᠪᠦᠷᠢᠯᠡᠬᠦ᠌ ᠬᠢᠨᠠᠯᠲᠠ ᠬᠠᠮᠢᠶᠠᠷᠤᠯᠲᠠ᠎ᠶᠢᠨ ᠠᠷᠭ᠎ᠠ
(2025 ᠣᠨ᠎ᠤ 12 ᠳ᠋ᠤᠭᠠᠷ ᠰᠠᠷ᠎ᠠ᠎ᠶ᠋ᠢᠨ 12᠎ᠤᠨ ᠡᠳᠦᠷ ᠤᠯᠤᠰ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ᠎ᠶ᠋ᠢᠨ ᠵᠠᠷᠯᠢᠭ 113 ᠳ᠋ᠤᠭᠠᠷ ᠲᠣᠭᠠᠲᠤ᠎ᠪᠠᠷ ᠨᠡᠢᠲᠡᠯᠡᠪᠡ 2026 ᠣᠨ᠎ᠤ 12 ᠳ᠋ᠤᠭᠠᠷ ᠰᠠᠷ᠎ᠠ᠎ᠶ᠋ᠢᠨ 1᠎ᠤ ᠡᠳᠦᠷ᠎ᠠᠴᠠ ᠡᠬᠢᠯᠡᠵᠦ᠍ ᠬᠡᠷᠡᠭ᠌ᠵᠢᠭᠦᠯᠦᠨ᠎ᠡ)
ᠨᠢᠭᠡᠳᠦᠭᠡᠷ ᠵᠤᠷᠪᠤᠰ ᠢᠳᠡᠭᠡᠨ ᠪᠠ ᠢᠳᠡᠭᠡᠨ᠎ᠦ ᠨᠡᠮᠡᠯᠲᠡ ᠡᠳ᠋ (ᠳᠣᠷᠣᠭ᠍ᠰᠢ ᠢᠳᠡᠭᠡᠨ ᠭᠡᠵᠦ᠍ ᠶᠡᠷᠦᠩᠬᠡᠢᠯᠡᠨ ᠨᠡᠷᠡᠢᠳᠦᠨ᠎ᠡ)᠎ᠶᠢᠨ ᠨᠠᠢᠳᠠᠯᠭ᠎ᠠ᠎ᠪᠠᠷ ᠦᠢᠯᠡᠳᠪᠦᠷᠢᠯᠡᠬᠦ᠌ ᠦᠢᠯᠡ ᠠᠵᠢᠯᠯᠠᠭ᠎ᠠ᠎ᠶ᠋ᠢ ᠵᠢᠷᠤᠮᠵᠢᠭᠤᠯᠵᠤ᠂ ᠢᠳᠡᠭᠡᠨ᠎ᠦ ᠨᠠᠢ᠌ᠳᠠᠯᠭ᠎ᠠ᠎ᠪᠠᠷ ᠦᠢᠯᠡᠳᠪᠦᠷᠢᠯᠡᠭᠦ ᠬᠢᠨᠠᠯᠲᠠ ᠬᠠᠮᠢᠶᠠᠷᠤᠯᠲᠠ᠎ᠶ᠋ᠢ ᠴᠢᠩᠭ᠋ᠠᠳᠬᠠᠵᠤ᠂ ᠢᠳᠡᠭᠡᠨ᠎ᠦ ᠠᠮᠤᠷ ᠲᠦᠪᠱᠢᠨ᠎ᠢ ᠪᠠᠲᠤᠯᠠᠬᠤ᠎ᠶ᠋ᠢᠨ ᠲᠥᠯᠥᠭᠡ᠂ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠢᠳᠡᠭᠡᠨ᠎ᠦ ᠠᠮᠤᠷ ᠲᠦᠪᠱᠢᠨ᠎ᠦ ᠬᠠᠤᠯᠢ》 ᠵᠢᠴᠢ ᠬᠡᠷᠡᠭ᠌ᠵᠢᠭᠦᠯᠬᠦ᠌ ᠳᠦᠷᠢᠮ ᠵᠡᠷᠭᠡ ᠬᠠᠤᠯᠢ ᠴᠠᠭᠠᠵᠠ᠂ ᠵᠠᠰᠠᠭ ᠵᠠᠬᠢᠷᠭᠠᠨ᠎ᠤ ᠬᠠᠤᠯᠢ ᠲᠣᠭ᠍ᠲᠠᠭᠠᠯ᠎ᠢ ᠦᠨᠳᠦᠰᠦᠯᠡᠨ᠂ ᠲᠤᠰ ᠠᠷᠭ᠎ᠠ᠎ᠶ᠋ᠢ ᠲᠣᠭ᠍ᠲᠠᠭᠠᠪᠠ᠃
ᠬᠣᠶᠠᠳᠤᠭᠠᠷ ᠵᠤᠷᠪᠤᠰ ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠬᠢᠯᠢ᠎ᠶ᠋ᠢᠨ ᠳᠣᠲᠣᠷ᠎ᠠ ᠢᠳᠡᠭᠡᠨ᠎ᠦ ᠨᠠᠢᠳᠠᠯᠭ᠎ᠠ᠎ᠪᠠᠷ ᠦᠢᠯᠡᠳᠪᠦᠷᠢᠯᠡᠬᠦ᠌ ᠠᠵᠢᠯᠯᠠᠭ᠎ᠠ ᠬᠢᠬᠦ᠌ ᠵᠢᠴᠢ ᠲᠡᠭᠦᠨ᠎ᠤ ᠬᠢᠨᠠᠯᠲᠠ ᠬᠠᠮᠢᠶᠠᠷᠤᠯᠲᠠ᠎ᠳᠤ ᠲᠤᠰ ᠠᠷᠭ᠎ᠠ ᠲᠣᠬᠢᠷᠠᠨ᠎ᠠ᠃
ᠲᠤᠰ ᠠᠷᠭ᠎ᠠ᠎ᠳᠤ ᠬᠡᠯᠡᠵᠦ᠍ ᠪᠠᠢᠭ᠎ᠠ ᠢᠳᠡᠭᠡᠨ᠎ᠦ ᠨᠠᠢᠳᠠᠯᠭ᠎ᠠ᠎ᠪᠠᠷ ᠦᠢᠯᠡᠳᠪᠦᠷᠢᠯᠡᠬᠦ᠌ ᠭᠡᠳᠡᠭ ᠨᠢ ᠨᠠᠢᠳᠠᠯᠭ᠎ᠠ ᠬᠦᠯᠢᠶᠡᠭ᠌ᠰᠡᠨ ᠲᠠᠯ᠎ᠠ ᠨᠢ ᠨᠠᠢᠳᠠᠯᠭ᠎ᠠ᠎ᠶ᠋ᠢᠨ ᠲᠠᠯ᠎ᠠ᠎ᠶᠢᠨ ᠱᠠᠭᠠᠷᠳᠠᠯᠭ᠎ᠠ ᠶᠣᠰᠣᠭᠠᠷ᠂ ᠢᠳᠡᠭᠡᠨ᠎ᠦ ᠪᠦᠬᠦᠨ᠎ᠢ ᠪᠤᠶᠤ ᠬᠡᠰᠡᠭ ᠭᠤᠭᠴᠣᠭᠠᠶᠢᠨ ᠦᠢᠯᠡᠳᠪᠦᠷᠢᠯᠡᠯ᠎ᠦᠨ ᠠᠵᠢᠯᠯᠠᠭ᠎ᠠ ᠬᠢᠬᠦ᠌᠎ᠶ᠋ᠢᠨ ᠬᠠᠮᠲᠤ ᠦᠢᠯᠡᠳᠪᠦᠷᠢᠯᠡᠭ᠌ᠰᠡᠨ ᠢᠳᠡᠭᠡᠨᠢᠲᠣᠰᠢᠶᠠᠬᠤ ᠦᠢᠯᠡ ᠠᠵᠢᠯᠯᠠᠭ᠎ᠠ᠎ᠶᠢ ᠵᠢᠭᠠᠵᠤ ᠪᠤᠶ᠃
《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠲᠠᠸᠠᠷ᠎ᠤᠨ ᠲᠡᠮᠳᠡᠭ᠎ᠦᠨ ᠬᠠᠤᠯᠢ》᠂ 《ᠬᠤᠳᠠᠯᠳᠤᠭᠠᠨ᠎ᠤ ᠣᠨᠴᠠᠭ᠋ᠠᠢ ᠵᠥᠪᠱᠢᠶᠡᠷᠡᠯ᠎ᠦᠨ ᠡᠵᠡᠩᠨᠡᠯᠲᠡ ᠬᠠᠮᠢᠶᠠᠷᠤᠯᠲᠠ᠎ᠶ᠋ᠢᠨ ᠳᠦᠷᠢᠮ》 ᠵᠡᠷᠭᠡ ᠬᠠᠤᠯᠢ ᠴᠠᠭᠠᠵᠠ ᠬᠠᠤᠯᠢ ᠲᠣᠭ᠍ᠲᠠᠭᠠᠯ᠎ᠤᠨ ᠶᠣᠰᠣᠭᠠᠷ᠂ ᠲᠠᠸᠠᠷ᠎ᠤᠨ ᠲᠡᠮᠳᠡᠭ᠎ᠦᠨ ᠵᠥᠪᠱᠢᠶᠡᠷᠡᠯ᠂ ᠣᠨᠴᠠᠭ᠋ᠠᠢ ᠵᠥᠪᠱᠢᠶᠡᠷᠡᠯ᠎ᠦᠨ ᠡᠵᠡᠩᠨᠡᠯᠲᠡ ᠵᠡᠷᠭᠡ ᠠᠷᠭ᠎ᠠ ᠮᠠᠶᠢᠭ᠎ᠢᠶᠠᠷ ᠢᠳᠡᠭᠡᠨ ᠦᠢᠯᠡᠳᠪᠦᠷᠢᠯᠡᠵᠦ᠍᠂ ᠡᠮᠦᠨᠡᠬᠢ ᠵᠦᠢ᠍ᠯ ᠵᠤᠷᠪᠤᠰ᠎ᠲᠤ ᠲᠤᠭᠲᠠᠭ᠋ᠠᠭᠰᠠᠨ ᠪᠠᠢᠳᠠᠯ᠎ᠳᠤ ᠨᠡᠢ᠌ᠴᠡᠭᠰᠡᠨ ᠪᠠᠢ᠌ᠪᠠᠯ ᠲᠤᠰ ᠠᠷᠭ᠎ᠠ ᠲᠣᠬᠢᠷᠠᠨ᠎ᠠ᠃
ᠭᠤᠷᠪᠠᠳᠤᠭᠠᠷ ᠵᠤᠷᠪᠤᠰ ᠨᠠᠢᠳᠠᠯᠭ᠎ᠠ᠎ᠶ᠋ᠢᠨ ᠲᠠᠯ᠎ᠠ ᠨᠢ ᠢᠳᠡᠭᠡᠨ ᠦᠢᠯᠡᠳᠪᠦᠷᠢᠯᠡᠵᠦ᠍ ᠡᠵᠡᠩᠨᠡᠬᠦ᠌ ᠵᠥᠪᠱᠢᠶᠡᠷᠡᠯ᠎ᠢ ᠬᠠᠤᠯᠢ ᠶᠣᠰᠣᠭᠠᠷ ᠣᠯᠤᠭ᠍ᠰᠠᠨ ᠪᠤᠶᠤ ᠵᠦᠪᠬᠡᠨ ᠤᠷᠢᠳᠴᠢᠯᠠᠨ ᠪᠣᠭᠣᠳᠠᠯᠯᠠᠭ᠍ᠰᠠᠨ ᠢᠳᠡᠭᠡᠨ᠎ᠤ ᠪᠣᠷᠣᠯᠠᠭᠤᠯᠭ᠎ᠠ᠎ᠶᠢ ᠳᠠᠩᠰᠠᠯᠠᠭᠤᠯᠵᠤ᠂ ᠨᠠᠢᠳᠠᠯᠭ᠎ᠠ ᠬᠦᠯᠢᠶᠡᠭ᠌ᠰᠡᠨ ᠲᠠᠯ᠎ᠠ᠎ᠶ᠋ᠢᠨ ᠬᠠᠤᠯᠢ ᠴᠠᠭᠠᠵᠠ ᠬᠠᠤᠯᠢ ᠲᠣᠭ᠍ᠲᠠᠭᠠᠯ᠂ ᠢᠳᠡᠭᠡᠨ᠎ᠦ ᠠᠮᠤᠷ ᠲᠦᠪᠰᠢᠨ᠎ᠦ ᠪᠠᠷᠢᠮᠵᠢᠶ᠎ᠠ ᠵᠢᠴᠢ ᠭᠡᠷ᠎ᠡ᠎ᠳᠦ ᠪᠣᠯᠵᠣᠨ ᠲᠣᠭ᠍ᠲᠠᠭ᠍ᠰᠠᠨ ᠶᠣᠰᠣᠭᠠᠷ ᠦᠢᠯᠡᠳᠪᠦᠷᠢᠯᠡᠬᠦ᠌ ᠴᠢᠳᠠᠪᠤᠷᠢ᠎ᠶ᠋ᠢ ᠪᠦᠷᠢᠳᠦᠭᠦᠯᠬᠦ᠌᠎ᠶ᠋ᠢᠨ ᠬᠠᠮᠲᠤ ᠢᠳᠡᠭᠡᠨ᠎ᠦ ᠠᠮᠤᠷ ᠲᠦᠪᠰᠢᠨ᠎ᠦ ᠭᠣᠤᠯ ᠴᠣᠭ᠍ᠴᠠ᠎ᠶ᠋ᠢᠨ ᠬᠠᠷᠢᠭᠤᠴᠠᠯᠭ᠎ᠠ᠎ᠪᠠᠨ ᠬᠡᠪ᠎ᠦᠨ ᠶᠣᠰᠣᠭᠠᠷ ᠭᠦᠢᠴᠡᠳᠭᠡᠵᠦ᠍ ᠳᠡᠢᠯᠬᠦ᠌᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃
ᠬᠠᠤᠯᠢ ᠴᠠᠭᠠᠵᠠ ᠬᠠᠤᠯᠢ ᠲᠣᠭ᠍ᠲᠠᠭᠠᠯ᠂ ᠢᠳᠡᠭᠡᠨ᠎ᠦ ᠠᠮᠤᠷ ᠲᠦᠪᠰᠢᠨ᠎ᠦ ᠪᠠᠷᠢᠮᠵᠢᠶ᠎ᠠ ᠪᠠ ᠢᠳᠡᠭᠡᠨ᠎ᠤ ᠦᠢ᠍ᠯᠡᠳᠪᠦᠷᠢᠯᠡᠯ᠎ᠦᠨ ᠵᠥᠪᠱᠢᠶᠡᠷᠡᠯ᠎ᠦᠨ ᠬᠣᠯᠪᠣᠭ᠍ᠳᠠᠯ ᠪᠦᠬᠦᠢ ᠱᠠᠭᠠᠷᠳᠠᠯᠭ᠎ᠠ᠎ᠶ᠋ᠢ ᠦᠨᠳᠦᠰᠦᠯᠡᠨ᠂ ᠪᠦᠷᠢᠨ ᠪᠦᠲᠦᠨ ᠤᠷ᠎ᠠ ᠮᠡᠷᠭᠡᠵᠢᠯ᠎ᠢᠶᠠᠷ ᠦᠢᠯᠡᠳᠪᠦᠷᠢᠯᠡᠬᠦ᠌ ᠴᠢᠬᠤᠯᠠᠲᠠᠶ ᠢᠳᠡᠭᠡᠨ᠎ᠤ ᠬᠡᠰᠡᠭ ᠭᠣᠭᠴᠣᠭ᠎ᠠ᠎ᠶ᠋ᠢ ᠨᠠᠢ᠌ᠳᠠᠯᠭ᠎ᠠ᠎ᠪᠠᠷ ᠦᠢᠯᠡᠳᠪᠦᠷᠢᠯᠡᠵᠦ᠍ ᠪᠣᠯᠬᠤ ᠦᠭᠡᠶ᠃
ᠳᠥᠷᠪᠡᠳᠦᠭᠡᠷ ᠵᠤᠷᠪᠤᠰ ᠨᠠᠢᠳᠠᠯᠭ᠎ᠠ ᠬᠦᠯᠢᠶᠡᠭ᠌ᠰᠡᠨ ᠲᠠᠯ᠎ᠠ ᠨᠢ ᠬᠠᠤᠯᠢ ᠶᠣᠰᠣᠭᠠᠷ ᠢᠳᠡᠭᠡᠨ᠎ᠤ ᠦᠢ᠍ᠯᠡᠳᠪᠦᠷᠢᠯᠡᠯ᠎ᠦᠨ ᠵᠥᠪᠱᠢᠶᠡᠷᠡᠯ ᠣᠯᠵᠤ᠂ ᠢᠳᠡᠭᠡᠨ᠎ᠦ ᠦᠢ᠍ᠯᠡᠳᠪᠦᠷᠢᠯᠡᠯ᠎ᠦᠨ ᠵᠥᠪᠱᠢᠶᠡᠷᠡᠯ᠎ᠦᠨ ᠦᠨᠡᠮᠯᠡᠯ᠎ᠦᠨ ᠬᠠᠭᠤᠯᠪᠤᠷᠢ ᠳᠡᠪᠲᠡᠷ᠎ᠲᠦ ᠲᠣᠳᠣᠷᠬᠠᠢᠯᠠᠭ᠍ᠰᠠᠨ ᠢᠳᠡᠭᠡᠨ᠎ᠦ ᠲᠥᠷᠥᠯ ᠢᠯᠭᠠᠯ ᠪᠣᠯᠤᠨ ᠲᠥᠷᠥᠯ ᠵᠦᠢ᠍ᠯ᠎ᠦᠨ ᠨᠠᠷᠢᠨ ᠵᠦᠢ᠍ᠯᠡᠰ ᠨᠢ ᠨᠠᠢᠳᠠᠯᠭ᠎ᠠ ᠬᠦᠯᠢᠶᠡᠭ᠌ᠰᠡᠨ ᠲᠠᠯ᠎ᠠ ᠶᠢᠨ ᠢᠳᠡᠭᠡᠨ᠎ᠦ ᠲᠥᠷᠥᠯ ᠢᠯᠭ᠋ᠠᠯ ᠪᠣᠯᠤᠨ ᠲᠥᠷᠥᠯ ᠵᠦᠢ᠍ᠯ᠎ᠢ ᠪᠠᠭᠲᠠᠭ᠋ᠠᠬᠤ᠎ᠶᠢᠨ ᠬᠠᠮᠲᠤ ᠵᠤᠬᠢᠴᠠᠩᠭᠤᠢ ᠦᠢ᠍ᠯᠡᠳᠪᠦᠷᠢᠯᠡᠯ᠎ᠦᠨ ᠴᠢᠳᠠᠪᠦᠷᠢ ᠪᠠ ᠢᠳᠡᠭᠡᠨ᠎ᠦ ᠠᠮᠤᠷ ᠲᠦᠪᠰᠢᠨ᠎ᠢ ᠪᠠᠲᠤᠯᠠᠬᠤ ᠴᠢᠳᠠᠪᠦᠷᠢ᠎ᠶᠢ ᠪᠦᠷᠢᠳᠦᠭᠦᠯᠬᠦ ᠬᠡᠷᠡᠭ᠌ᠲᠡᠶ᠃
ᠲᠠᠪᠤᠳᠤᠭᠠᠷ ᠵᠤᠷᠪᠤᠰ ᠨᠠᠢ᠌ᠳᠠᠯᠭ᠎ᠠ᠎ᠶᠢᠨ ᠬᠣᠶᠠᠷ ᠲᠠᠯ᠎ᠠ᠎ᠪᠠᠷ᠎ᠢᠶᠠᠨ 《ᠢᠳᠡᠭᠡᠨ᠎ᠦ ᠦᠢᠯᠡᠳᠪᠦᠷᠢᠯᠡᠯ ᠡᠵᠡᠩᠨᠡᠯᠲᠡ᠎ᠶ᠋ᠢᠨ ᠠᠵᠤ ᠠᠬᠤᠢᠯᠠᠯ ᠢᠳᠡᠭᠡᠨ᠎ᠦ ᠠᠮᠤᠷ ᠲᠦᠪᠱᠢᠨ᠎ᠦ ᠭᠣᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢᠨ ᠬᠢᠨᠠᠯᠲᠠ ᠬᠠᠮᠢᠶᠠᠷᠤᠯᠲᠠ᠎ᠶ᠋ᠢ ᠨᠠᠢᠳᠠᠪᠤᠷᠢᠵᠢᠭᠤᠯᠬᠤ ᠲᠣᠭ᠍ᠲᠠᠭᠠᠯ》 ᠶᠣᠰᠣᠭᠠᠷ᠂ ᠢᠳᠡᠭᠡᠨ᠎ᠦ ᠨᠠᠢ᠌ᠳᠠᠯᠭ᠎ᠠ᠎ᠪᠠᠷ ᠦᠢᠯᠡᠳᠪᠦᠷᠢᠯᠡᠬᠦ᠌ ᠠᠵᠢᠯᠯᠠᠭ᠎ᠠ᠎ᠳᠤ ᠴᠢᠭ᠌ᠯᠡᠭᠦᠯᠦᠨ᠂ ᠵᠣᠬᠢᠴᠠᠩᠭᠤᠶ ᠢᠳᠡᠭᠡᠨ᠎ᠦ ᠠᠮᠤᠷ ᠲᠦᠪᠱᠢᠨ᠎ᠦ ᠬᠠᠮᠢᠶᠠᠷᠤᠯᠲᠠ᠎ᠶ᠋ᠢᠨ ᠳᠦᠷᠢᠮ᠎ᠢ ᠪᠠᠢᠭᠤᠯᠤᠨ ᠪᠦᠷᠢᠨᠱᠢᠭᠦᠯᠵᠦ᠍᠂ ᠵᠣᠬᠢᠴᠠᠩᠭᠤᠶ ᠢᠳᠡᠭᠡᠨ᠎ᠦ ᠠᠮᠤᠷ ᠲᠦᠪᠱᠢᠨ᠎ᠦ ᠬᠠᠮᠢᠶᠠᠷᠤᠯᠲᠠ᠎ᠶ᠋ᠢᠨ ᠠᠵᠢᠯᠲᠠᠨ ᠲᠣᠬᠢᠷᠠᠭᠤᠯᠵᠤ᠂ 《ᠢᠳᠡᠭᠡᠨ᠎ᠦ ᠠᠮᠤᠷ ᠲᠦᠪᠱᠢᠨ᠎ᠦ ᠶᠡᠷᠦᠩᠬᠡᠶ ᠬᠢᠨᠠᠯᠲᠠ᠎ᠶ᠋ᠢᠨ ᠡᠭᠦᠷᠭᠡ ᠬᠠᠷᠢᠭᠤᠴᠠᠯᠭ᠎ᠠ》 《ᠢᠳᠡᠭᠡᠨ᠎ᠦ ᠠᠮᠤᠷ ᠲᠦᠪᠱᠢᠨ᠎ᠦ ᠠᠵᠢᠯᠲᠠᠨ᠎ᠤ ᠳᠦᠷᠢᠮ》 ᠵᠡᠷᠭᠡ᠎ᠶ᠋ᠢ ᠲᠣᠭ᠍ᠲᠠᠭᠠᠵᠤ᠂ ᠢᠳᠡᠭᠡᠨ᠎ᠦ ᠠᠮᠤᠷ ᠲᠦᠪᠱᠢᠨ᠎ᠦ ᠭᠣᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠬᠤ ᠬᠡᠷᠡᠭ᠌ᠲᠡᠶ᠃
ᠵᠢᠷᠭᠤᠳᠤᠭᠠᠷ ᠵᠤᠷᠪᠤᠰ ᠨᠠᠢ᠌ᠳᠠᠯᠭ᠎ᠠ᠎ᠶᠢᠨ ᠬᠣᠶᠠᠷ ᠲᠠᠯ᠎ᠠ᠎ᠪᠠᠷ᠎ᠢᠶᠠᠨ ᠬᠠᠤᠯᠢ ᠴᠠᠭᠠᠵᠠ ᠬᠠᠤᠯᠢ ᠲᠣᠭ᠍ᠲᠠᠭᠠᠯ᠂ ᠢᠳᠡᠭᠡᠨ᠎ᠦ ᠠᠮᠤᠷ ᠲᠦᠪᠰᠢᠨ᠎ᠦ ᠪᠠᠷᠢᠮᠵᠢᠶ᠎ᠠ ᠵᠢᠴᠢ ᠭᠡᠷ᠎ᠡ᠎ᠳᠦ ᠪᠣᠯᠵᠣᠨ ᠲᠣᠭ᠍ᠲᠠᠭ᠍ᠰᠠᠨ ᠶᠣᠰᠣᠭᠠᠷ ᠨᠠᠢ᠌ᠳᠠᠯᠭ᠎ᠠ᠎ᠪᠠᠷ ᠦᠢᠯᠡᠳᠪᠦᠷᠢᠯᠡᠬᠦ᠌ ᠠᠵᠢᠯᠯᠠᠭ᠎ᠠ ᠥᠷᠨᠢᠭᠦᠯᠬᠦ᠌ ᠬᠡᠷᠡᠭ᠌ᠲᠡᠶ᠃ ᠨᠠᠢ᠌ᠳᠠᠯᠭ᠎ᠠ᠎ᠶᠢᠨ ᠲᠠᠯ᠎ᠠ ᠨᠢ ᠨᠠᠢᠳᠠᠯᠭ᠎ᠠ ᠬᠦᠯᠢᠶᠡᠭ᠌ᠰᠡᠨ ᠲᠠᠯ᠎ᠠ᠎ᠶ᠋ᠢᠨ ᠦᠢᠯᠡᠳᠪᠦᠷᠢᠯᠡᠯ᠎ᠦᠨ ᠠᠵᠢᠯᠯᠠᠭ᠎ᠠ᠎ᠳᠤ ᠬᠢᠨᠠᠯᠲᠠ ᠲᠠᠯᠪᠢᠬᠤ᠎ᠶ᠋ᠢᠨ ᠬᠠᠮᠲᠤ ᠨᠠᠢ᠌ᠳᠠᠯᠭ᠎ᠠ᠎ᠪᠠᠷ ᠦᠢᠯᠡᠳᠪᠦᠷᠢᠯᠡᠭ᠌ᠰᠡᠨ ᠢᠳᠡᠭᠡᠨ᠎ᠦ ᠠᠮᠤᠷ ᠲᠦᠪᠱᠢᠨ᠎ᠳᠤ ᠬᠠᠷᠢᠭᠤᠴᠠᠬᠤ ᠬᠡᠷᠡᠭ᠌ᠲᠡᠢ᠃ ᠨᠠᠢᠳᠠᠯᠭ᠎ᠠ ᠬᠦᠯᠢᠶᠡᠭ᠌ᠰᠡᠨ ᠲᠠᠯ᠎ᠠ ᠨᠢ ᠨᠠᠢ᠌ᠳᠠᠯᠭ᠎ᠠ᠎ᠶᠢᠨ ᠲᠠᠯ᠎ᠠ᠎ᠶᠢᠨ ᠬᠢᠨᠠᠯᠲᠠ᠎ᠶᠢ ᠬᠦᠯᠢᠶᠡᠵᠦ᠍᠂ ᠦᠢᠯᠡᠳᠪᠦᠷᠢᠯᠡᠯ᠎ᠦ᠋ᠨ ᠠᠵᠢᠯᠯᠠᠭ᠎ᠠ᠎ᠳᠦ ᠬᠠᠷᠢᠭᠤᠴᠠᠬᠤ ᠬᠡᠷᠡᠭ᠌ᠲᠡᠢ᠃
ᠳᠣᠯᠣᠳᠤᠭᠠᠷ ᠵᠤᠷᠪᠤᠰ ᠨᠠᠢ᠌ᠳᠠᠯᠭ᠎ᠠ᠎ᠶᠢᠨ ᠲᠠᠯ᠎ᠠ ᠨᠢ ᠨᠠᠢ᠌ᠳᠠᠯᠭ᠎ᠠ ᠬᠦᠯᠢᠶᠡᠭᠰᠡᠨ ᠲᠠᠯ᠎ᠠ᠎ᠶᠢ ᠦᠳᠦᠭᠡᠬᠦ᠂ ᠠᠯᠪᠠᠳᠠᠬᠤ ᠪᠤᠶᠤ ᠬᠡᠯᠪᠡᠷᠢ ᠦᠭᠡᠷᠡᠲᠦᠭᠦᠯᠦᠨ ᠠᠯᠪᠠᠳᠠᠵᠦ ᠪᠠᠢ᠌ᠭ᠋ᠠᠳ ᠬᠠᠤᠯᠢ ᠴᠠᠭᠠᠵᠠ ᠬᠠᠤᠯᠢ ᠲᠣᠭ᠍ᠲᠠᠭᠠᠯ ᠪᠣᠯᠤᠨ ᠢᠳᠡᠭᠡᠨ᠎ᠦ ᠠᠮᠤᠷ ᠲᠦᠪᠱᠢᠨ᠎ᠦ ᠪᠠᠷᠢᠮᠵᠢᠶ᠎ᠠ᠎ᠶ᠋ᠢ ᠵᠦᠷᠢᠴᠡᠭᠰᠡᠨ ᠢᠳᠡᠭᠡᠨ ᠦᠢᠯᠡᠳᠪᠦᠷᠢᠯᠡᠬᠦ᠌ ᠠᠵᠢᠯᠯᠠᠭ᠎ᠠ ᠥᠷᠨᠢᠭᠦᠯᠵᠦ᠍ ᠪᠣᠯᠬᠤ ᠦᠭᠡᠶ᠃
ᠨᠠᠢ᠌ᠳᠠᠯᠭ᠎ᠠ᠎ᠶᠢᠨ ᠲᠠᠯ᠎ᠠ᠎ᠳᠤ ᠡᠮᠦᠨᠡᠬᠢ ᠵᠦᠢ᠍ᠯ ᠵᠤᠷᠪᠤᠰ᠎ᠤᠨ ᠲᠤᠭᠲᠠᠭ᠋ᠠᠯ᠎ᠳᠤ ᠴᠠᠭ᠋ᠠᠵᠠᠯᠠᠭᠰᠠᠨ ᠪᠠᠢᠳᠠᠯ ᠲᠠᠢ ᠪᠣᠯ᠂ ᠨᠠᠢᠳᠠᠯᠭ᠎ᠠ ᠬᠦᠯᠢᠶᠡᠭ᠌ᠰᠡᠨ ᠲᠠᠯ᠎ᠠ᠎ᠡᠴᠡ ᠲᠡᠭᠦᠨ᠎ᠢ ᠲᠡᠪᠴᠢᠬᠦ᠌ ᠪᠤᠶᠤ ᠲᠡᠭᠦᠨ᠎ᠳᠦ ᠦᠢ᠍ᠯᠡᠳᠪᠦᠷᠢᠯᠡᠬᠦ᠎ᠪᠠᠨ ᠵᠤᠭᠰᠤᠬᠤ ᠬᠡᠷᠡᠭ᠌ᠲᠡᠢ᠃
ᠨᠠᠶ᠋ᠮᠠᠳᠤᠭᠠᠷ ᠵᠤᠷᠪᠤᠰ ᠨᠠᠢ᠌ᠳᠠᠯᠭ᠎ᠠ᠎ᠶᠢᠨ ᠲᠠᠯ᠎ᠠ ᠨᠢ ᠲᠤᠰ ᠠᠷᠭ᠎ᠠ᠎ᠶ᠋ᠢᠨ ᠳᠥᠷᠪᠡᠳᠦᠭᠡᠷ ᠵᠤᠷᠪᠤᠰ᠎ᠦᠨ ᠲᠣᠭ᠍ᠲᠠᠭᠠᠯ ᠶᠣᠰᠣᠭᠠᠷ᠂ ᠨᠠᠢᠳᠠᠯᠭ᠎ᠠ ᠬᠦᠯᠢᠶᠡᠭ᠌ᠰᠡᠨ ᠲᠠᠯ᠎ᠠ᠎ᠶ᠋ᠢᠨ ᠬᠢᠷᠢ ᠭᠡᠮ᠎ᠦᠨ ᠭᠡᠷᠡᠴᠢᠯᠡᠯ ᠪᠠ ᠢᠳᠡᠭᠡᠨ᠎ᠦ ᠠᠮᠤᠷ ᠲᠦᠪᠱᠢᠨ᠎ᠢ ᠪᠠᠲᠤᠯᠠᠬᠤ ᠴᠢᠳᠠᠪᠤᠷᠢ᠎ᠶ᠋ᠢ ᠪᠠᠢᠴᠠᠭᠠᠨ ᠱᠢᠯᠭᠠᠬᠤ᠎ᠶ᠋ᠢᠨ ᠬᠠᠮᠲᠤ ᠲᠡᠮᠳᠡᠭ᠌ᠯᠡᠵᠦ᠍ ᠬᠠᠳᠠᠭᠠᠯᠠᠬᠤ ᠬᠡᠷᠡᠭ᠌ᠲᠡᠶ ᠃
ᠨᠠᠢᠳᠠᠯᠭ᠎ᠠ ᠬᠦᠯᠢᠶᠡᠭ᠌ᠰᠡᠨ ᠲᠠᠯ᠎ᠠ ᠨᠢ ᠲᠤᠰ ᠠᠷᠭ᠎ᠠ᠎ᠶ᠋ᠢᠨ ᠭᠤᠷᠪᠠᠳᠤᠭᠠᠷ ᠵᠤᠷᠪᠤᠰ᠎ᠦᠨ ᠲᠣᠭ᠍ᠲᠠᠭᠠᠯ ᠶᠣᠰᠣᠭᠠᠷ᠂ ᠨᠠᠢ᠌ᠳᠠᠯᠭ᠎ᠠ᠎ᠶᠢᠨ ᠲᠠᠯ᠎ᠠ᠎ᠶ᠋ᠢᠨ ᠬᠢᠷᠢ ᠭᠡᠮ᠎ᠦᠨ ᠭᠡᠷᠡᠴᠢᠯᠡᠯ᠎ᠢ ᠪᠠᠢᠴᠠᠭᠠᠨ ᠱᠢᠯᠭᠠᠬᠤ᠎ᠶ᠋ᠢᠨ ᠬᠠᠮᠲᠤ ᠲᠡᠮᠳᠡᠭ᠌ᠯᠡᠵᠦ᠍ ᠬᠠᠳᠠᠭᠠᠯᠠᠬᠤ ᠬᠡᠷᠡᠭ᠌ᠲᠡᠶ᠃
ᠲᠡᠮᠳᠡᠭ᠌ᠯᠡᠨ ᠬᠠᠳᠠᠭᠠᠯᠠᠬᠤ ᠬᠤᠭᠤᠴᠠᠭ᠎ᠠ ᠨᠢ ᠨᠠᠢ᠌ᠳᠠᠯᠭ᠎ᠠ᠎ᠪᠠᠷ ᠦᠢᠯᠡᠳᠪᠦᠷᠢᠯᠡᠭᠦᠯᠦᠭ᠌ᠰᠡᠨ ᠬᠠᠮᠤᠭ ᠰᠡᠭᠦᠯᠴᠢ᠎ᠶ᠋ᠢᠨ ᠪᠦᠯᠦᠭ ᠤᠳᠠᠭ᠎ᠠ᠎ᠶ᠋ᠢᠨ ᠦᠢᠯᠡᠳᠬᠦᠨ᠎ᠦ ᠴᠢᠨᠠᠷ᠎ᠢ ᠪᠠᠲᠤᠯᠠᠬᠤ ᠬᠤᠭᠤᠴᠠᠭ᠎ᠠ ᠳᠦᠭᠦᠷᠦᠭ᠌ᠰᠡᠨ᠎ᠦ ᠳᠠᠷᠠᠭᠠᠬᠢ ᠵᠢᠷᠭᠤᠭᠠᠨ ᠰᠠᠷ᠎ᠠ᠎ᠠᠴᠠ ᠳᠤᠲᠠᠭᠤ ᠪᠠᠢ᠌ᠵᠦ ᠪᠣᠯᠬᠤ ᠦᠭᠡᠶ; ᠴᠢᠨᠠᠷ᠎ᠢ ᠪᠠᠲᠤᠯᠠᠬᠤ ᠬᠤᠭᠤᠴᠠᠭ᠎ᠠ᠎ᠶ᠋ᠢ ᠲᠣᠳᠣᠷᠬᠠᠢᠯᠠᠭ᠍ᠰᠠᠨ ᠦᠭᠡᠶ ᠪᠣᠯ ᠬᠠᠳᠠᠭᠠᠯᠠᠬᠤ ᠬᠤᠭᠤᠴᠠᠭ᠎ᠠ ᠨᠢ ᠨᠠᠢ᠌ᠳᠠᠯᠭ᠎ᠠ᠎ᠪᠠᠷ ᠦᠢᠯᠡᠳᠪᠦᠷᠢᠯᠡᠭᠦᠯᠦᠭ᠌ᠰᠡᠨ ᠬᠠᠮᠤᠭ ᠰᠡᠭᠦᠯᠴᠢ᠎ᠶ᠋ᠢᠨ ᠪᠦᠯᠦᠭ ᠤᠳᠠᠭ᠎ᠠ᠎ᠶ᠋ᠢᠨ ᠦᠢᠯᠡᠳᠬᠦᠨ᠎ᠦ ᠦᠢ᠍ᠯᠡᠳᠪᠦᠷᠢᠯᠡᠭᠰᠡᠨ ᠬᠤᠭᠤᠴᠠᠭ᠎ᠠ᠎ᠶᠢᠨ ᠰᠡᠭᠦᠯᠴᠢ᠎ᠶ᠋ᠢᠨ ᠬᠣᠶᠠᠷ ᠵᠢᠯ᠎ᠡᠴᠡ ᠳᠤᠲᠠᠭᠤ ᠪᠠᠢ᠌ᠵᠦ ᠪᠣᠯᠬᠤ ᠦᠭᠡᠶ᠃
ᠶᠢᠰᠦᠳᠦᠭᠡᠷ ᠵᠤᠷᠪᠤᠰ ᠨᠠᠢ᠌ᠳᠠᠯᠭ᠎ᠠ᠎ᠶᠢᠨ ᠬᠤᠶᠠᠷ ᠲᠠᠯ᠎ᠠ᠎ᠪᠠᠷ᠎ᠢᠶᠠᠨ ᠢᠳᠡᠭᠡᠨ᠎ᠤ ᠨᠠᠢ᠌ᠳᠠᠯᠭ᠎ᠠ᠎ᠪᠠᠷ ᠦᠢᠯᠡᠳᠪᠦᠷᠢᠯᠡᠬᠦ᠌ ᠦᠢᠯᠡ ᠠᠵᠢᠯᠯᠠᠭ᠎ᠠ ᠬᠢᠬᠦ᠎ᠡᠴᠡ ᠡᠮᠦᠨ᠎ᠡ᠂ ᠨᠠᠢ᠌ᠳᠠᠯᠭ᠎ᠠ᠎ᠪᠠᠷ ᠦᠢᠯᠡᠳᠪᠦᠷᠢᠯᠡᠬᠦ᠌ ᠪᠢᠴᠢᠭ᠎ᠤᠨ ᠭᠡᠷ᠎ᠡ ᠲᠤᠭᠲᠠᠭ᠋ᠠᠬᠣ ᠬᠡᠷᠡᠭ᠌ᠲᠡᠶ᠃
ᠨᠠᠢ᠌ᠳᠠᠯᠭ᠎ᠠ᠎ᠪᠠᠷ ᠦᠢᠯᠡᠳᠪᠦᠷᠢᠯᠡᠬᠦ᠌ ᠭᠡᠷ᠎ᠡ ᠨᠢ ᠡᠩ᠎ᠦᠨ ᠪᠠᠢᠳᠠᠯ ᠳᠣᠣᠷ᠎ᠠ ᠳᠣᠣᠷᠠᠬᠢ ᠢᠳᠡᠭᠡᠨ᠎ᠦ᠌ ᠠᠮᠤᠷ ᠲᠦᠪᠰᠢᠨᠦ᠌ ᠬᠠᠮᠢᠶ᠎ᠠ ᠪᠦᠬᠦᠢ ᠵᠦᠢ᠍ᠯᠡᠰᠢ᠋ ᠪᠠᠭ᠍ᠲᠠᠭᠠᠨ᠎ᠠ᠄
(ᠨᠢᠭᠡ) ᠨᠠᠢ᠌ᠳᠠᠯᠭ᠎ᠠ᠎ᠶᠢᠨ ᠬᠣᠶᠠᠷ ᠲᠠᠯ᠎ᠠ᠎ᠶᠢᠨ ᠬᠢᠷᠢ ᠬᠡᠮ᠃
(ᠬᠤᠶᠠᠷ) ᠨᠠᠢ᠌ᠳᠠᠯᠭ᠎ᠠ᠎ᠪᠠᠷ ᠦᠢᠯᠡᠳᠪᠦᠷᠢᠯᠡᠭᠦᠯᠦᠭ᠌ᠰᠡᠨ ᠢᠳᠡᠭᠡᠨ᠎ᠤ ᠨᠡᠷᠡᠢᠳᠦᠯ᠂ ᠲᠥᠷᠥᠯ ᠵᠦᠢ᠍ᠯ᠂ ᠬᠡᠷᠡᠭᠵᠢᠭᠦᠯᠬᠦ ᠪᠠᠷᠢᠮᠵᠢᠶ᠎ᠠ;
(ᠭᠤᠷᠪᠠ) ᠢᠳᠡᠭᠡᠨ᠎ᠦ ᠲᠦᠭᠦᠬᠡᠶ ᠮᠠᠲ᠋ᠧᠷᠢᠶᠠᠯ᠂ ᠢᠳᠡᠭᠡᠨ᠎ᠦ ᠨᠡᠮᠡᠯᠲᠡ ᠡᠳ᠋᠂ ᠢᠳᠡᠭᠡᠨ᠎ᠲᠡᠶ ᠱᠢᠭᠤᠳ ᠬᠦᠷᠦᠯᠴᠡᠬᠦ᠌ ᠪᠣᠭᠣᠳᠠᠯ᠎ᠤᠨ ᠮᠠᠲ᠋ᠧᠷᠢᠶᠠᠯ ᠵᠡᠷᠭᠡ᠎ᠶᠢᠨ ᠬᠤᠳᠠᠯᠳᠤᠨ ᠠᠪᠬᠤ ᠵᠢᠴᠢ ᠬᠠᠩᠭᠠᠬᠤ ᠠᠷᠭ᠎ᠠ ᠮᠠᠶᠢᠭ;
(ᠲᠦᠷᠪᠡ) ᠨᠠᠢᠳᠠᠯᠭ᠎ᠠ᠎ᠶ᠋ᠢᠨ ᠲᠠᠯ᠎ᠠ ᠨᠢ ᠨᠠᠢᠳᠠᠯᠭ᠎ᠠ ᠬᠦᠯᠢᠶᠡᠭ᠌ᠰᠡᠨ ᠲᠠᠯ᠎ᠠ᠎ᠶ᠋ᠢᠨ ᠦᠢ᠍ᠯᠡᠳᠪᠦᠷᠢᠯᠡᠬᠦ ᠠᠵᠢᠯᠯᠠᠭ᠎ᠠ᠎ᠳᠤ ᠬᠢᠨᠠᠯᠲᠠ ᠲᠠᠯᠪᠢᠬᠤ ᠠᠭᠤᠯᠭ᠎ᠠ᠂ ᠠᠷᠭ᠎ᠠ ᠮᠠᠢᠭ᠂ ᠤᠳᠠᠭ᠎ᠠ ᠳᠠᠷᠠᠭ᠎ᠠ;
(ᠲᠠᠪᠤ) ᠢᠳᠡᠭᠡᠨ᠎ᠦ ᠠᠮᠤᠷ ᠲᠦᠪᠱᠢᠨ᠎ᠦ ᠠᠳᠠᠯ᠂ ᠢᠳᠡᠭᠡᠨ᠎ᠦ ᠠᠮᠤᠷ ᠲᠦᠪᠱᠢᠨ᠎ᠦ ᠭᠡᠨᠡᠳᠲᠡ᠎ᠶ᠋ᠢᠨ ᠬᠡᠷᠡᠭ᠎ᠢ ᠱᠢᠶ᠋ᠳᠪᠦᠷᠢᠯᠡᠬᠦ᠌ ᠠᠷᠭ᠎ᠠ ᠮᠠᠶᠢᠭ ᠵᠢᠴᠢ ᠬᠠᠷᠢᠭᠤᠴᠠᠯᠭ᠎ᠠ;
(ᠵᠢᠷᠭᠤᠭ᠎ᠠ) ᠨᠠᠢ᠌ᠳᠠᠯᠭ᠎ᠠ᠎ᠶᠢᠨ ᠬᠣᠶᠠᠷ ᠲᠠᠯ᠎ᠠ᠎ᠪᠠᠷ᠎ᠢᠶᠠᠨ ᠪᠣᠯᠵᠣᠨ ᠲᠣᠭ᠍ᠲᠠᠭ᠍ᠰᠠᠨ ᠪᠤᠰᠤᠳ ᠢᠳᠡᠭᠡᠨ᠎ᠤ ᠠᠮᠤᠷ ᠲᠥᠪᠱᠢᠨ᠎ᠦ ᠵᠦᠢ᠍ᠯᠡᠰ᠃
ᠭᠡᠷ᠎ᠡ᠎ᠳᠤ ᠪᠣᠯᠵᠣᠨ ᠲᠣᠭ᠍ᠲᠠᠭ᠍ᠰᠠᠨ ᠵᠦᠢ᠍ᠯᠡᠰ᠎ᠨᠢ ᠬᠠᠤᠯᠢ ᠴᠠᠭᠠᠵᠠ ᠬᠠᠤᠯᠢ ᠲᠣᠭ᠍ᠲᠠᠭᠠᠯ᠂ ᠢᠳᠡᠭᠡᠨ᠎ᠤ ᠠᠮᠤᠷ ᠲᠦᠪᠱᠢᠨ᠎ᠤ ᠪᠠᠷᠢᠮᠵᠢᠶ᠎ᠠ ᠵᠡᠷᠭᠡ ᠬᠠᠮᠢᠶ᠎ᠠ ᠪᠦᠬᠦᠢ ᠲᠣᠭ᠍ᠲᠠᠭᠠᠯ᠎ᠢ ᠵᠥᠷᠢᠴᠡᠵᠦ᠍ ᠪᠣᠯᠬᠤ ᠦᠭᠡᠢ᠃
ᠨᠠᠢ᠌ᠳᠠᠯᠭ᠎ᠠ᠎ᠶᠢᠨ ᠬᠣᠶᠠᠷ ᠲᠠᠯ᠎ᠠ᠎ᠪᠠᠷ᠎ᠢᠶᠠᠨ ᠲᠣᠭ᠍ᠲᠠᠭᠠᠰᠠᠨ ᠨᠠᠢᠳᠠᠯᠭ᠎ᠠ᠎ᠪᠠᠷ ᠦᠢᠯᠡᠳᠪᠦᠷᠢᠯᠡᠬᠦ᠌ ᠭᠡᠷ᠎ᠡ᠂ ᠡᠰᠡᠬᠦᠯ᠎ᠡ ᠲᠠᠸᠠᠷ᠎ᠤᠨ ᠲᠡᠮᠳᠡᠭ᠎ᠢ ᠵᠥᠪᠱᠢᠶᠡᠷᠡᠬᠦ᠌ ᠭᠡᠷ᠎ᠡ᠎ᠶᠢ ᠬᠠᠭᠤᠷᠮᠠᠭ᠎ᠢᠶᠠᠷ ᠵᠢᠭᠡᠯᠡᠬᠦ᠂ ᠣᠨᠴᠠᠭ᠋ᠠᠢ ᠵᠦᠪᠰᠢᠶᠡᠷᠡᠯ᠎ᠦᠨ ᠡᠵᠡᠩᠨᠡᠯᠲᠡ᠎ᠶ᠋ᠢᠨ ᠭᠡᠷ᠎ᠡ ᠲᠣᠭ᠍ᠲᠠᠭᠠᠬᠤ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ᠂ ᠥᠪᠡᠷ᠎ᠦᠨ ᠪᠡᠶ᠎ᠡ᠎ᠶ᠋ᠢᠨ ᠬᠠᠤᠯᠢ ᠶᠣᠰᠣᠭᠠᠷ ᠡᠭᠦᠷᠭᠡᠯᠡᠪᠡᠰᠦ ᠵᠣᠬᠢᠬᠤ ᠢᠳᠡᠭᠡᠨ᠎ᠦ ᠠᠮᠤᠷ ᠲᠦᠪᠱᠢᠨ᠎ᠦ ᠬᠠᠷᠢᠭᠤᠴᠠᠯᠭ᠎ᠠ᠎ᠶ᠋ᠢ ᠬᠥᠩᠭᠡᠷᠡᠭᠦᠯᠬᠦ᠌ ᠪᠤᠶᠤ ᠬᠡᠯᠲᠦᠷᠢᠭᠦᠯᠵᠦ᠍ ᠪᠤᠯᠠᠬᠤ ᠦᠭᠡᠢ᠃
ᠠᠷᠪᠠᠳᠤᠭᠠᠷ ᠵᠤᠷᠪᠤᠰ ᠨᠠᠢ᠌ᠳᠠᠯᠭ᠎ᠠ᠎ᠶᠢᠨ ᠬᠣᠶᠠᠷ ᠲᠠᠯ᠎ᠠ᠎ᠪᠠᠷ᠎ᠢᠶᠠᠨ ᠦᠢᠯᠡᠳᠪᠦᠷᠢᠯᠡᠯ᠎ᠦᠨ ᠭᠡᠷ᠎ᠡ ᠲᠣᠭ᠍ᠲᠠᠭ᠍ᠰᠠᠨ᠎ᠤ ᠳᠠᠷᠠᠭ᠋ᠠᠬᠢ ᠠᠷᠪᠠᠨ ᠠᠵᠢᠯᠯᠠᠬᠤ ᠡᠳᠦᠷ᠎ᠦᠨ ᠳᠣᠲᠣᠷ᠎ᠠ ᠲᠤᠰ ᠲᠤᠰ᠎ᠤᠨ ᠪᠠᠢᠭ᠎ᠠ ᠭᠠᠵᠠᠷ᠎ᠤᠨ ᠱᠢᠶᠠᠨ᠎ᠤ ᠳᠡᠰ᠎ᠦᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠲᠦ ᠮᠡᠳᠡᠭᠦᠯᠦᠯᠲᠡ ᠬᠢᠬᠦ ᠬᠡᠷᠡᠭ᠌ᠲᠡᠶ᠃ ᠨᠠᠢ᠌ᠳᠠᠯᠭ᠎ᠠ᠎ᠪᠠᠷ ᠦᠢᠯᠡᠳᠪᠦᠷᠢᠯᠡᠭᠦᠯᠬᠦ᠌ ᠮᠡᠳᠡᠭᠦᠯᠦᠯᠲᠡ᠎ᠶ᠋ᠢᠨ ᠠᠭᠤᠯᠭ᠎ᠠ᠎ᠳᠤ ᠨᠠᠢ᠌ᠳᠠᠯᠭ᠎ᠠ᠎ᠶᠢᠨ ᠬᠤᠶᠠᠷ ᠲᠠᠯ᠎ᠠ᠎ᠶᠢᠨ ᠨᠡᠷᠡᠢᠳᠦᠯ᠂ ᠬᠠᠶᠢᠭ᠂ ᠬᠠᠷᠢᠭᠤᠴᠠᠯᠭᠠᠲᠠᠨ᠂ ᠬᠠᠷᠢᠯᠴᠠᠬᠤ ᠠᠷᠭ᠎ᠠ ᠮᠠᠶᠢᠭ᠂ ᠢᠳᠡᠭᠡᠨ᠎ᠦ ᠦᠢ᠍ᠯᠡᠳᠪᠦᠷᠢᠯᠡᠯ ᠡᠵᠡᠩᠨᠡᠯᠲᠡ᠎ᠶᠢᠨ ᠵᠦᠪᠰᠢᠶᠡᠷᠡᠯ᠎ᠦᠨ ᠦᠨᠡᠮᠯᠡᠯ ᠪᠤᠶᠤ ᠵᠦᠪᠬᠡᠨ ᠤᠷᠢᠳᠴᠢᠯᠠᠨ ᠪᠣᠭᠣᠳᠠᠯᠯᠠᠭ᠍ᠰᠠᠨ ᠢᠳᠡᠭᠡᠨ᠎ᠢ ᠪᠣᠷᠣᠯᠠᠭᠤᠯᠬᠤ ᠳᠠᠩᠰᠠᠯᠠᠯᠲᠠ᠎ᠶᠢᠨ ᠳ᠋ᠤᠭ᠋ᠠᠷ᠂ ᠢᠳᠡᠭᠡᠨ᠎ᠦ ᠲᠥᠷᠥᠯ ᠢᠯᠭᠠᠯ᠂ ᠬᠡᠷᠡᠭ᠌ᠵᠢᠭᠦᠯᠬᠦ᠌ ᠪᠠᠷᠢᠮᠵᠢᠶ᠎ᠠ᠂ ᠭᠡᠷ᠎ᠡ᠎ᠶ᠋ᠢᠨ ᠬᠤᠭᠤᠴᠠᠭ᠎ᠠ ᠬᠢᠵᠠᠭᠠᠷ ᠵᠡᠷᠭᠡ᠎ᠶ᠋ᠢ ᠪᠠᠭ᠍ᠲᠠᠭᠠᠬᠤ ᠬᠡᠷᠡᠭ᠌ᠲᠡᠢ᠃
ᠡᠮᠦᠨᠡᠬᠢ ᠵᠦᠢ᠍ᠯ ᠵᠤᠷᠪᠤᠰ᠎ᠤᠨ ᠮᠡᠳᠡᠭᠦᠯᠦᠯᠲᠡ᠎ᠶᠢᠨ ᠠᠭᠤᠯᠭ᠎ᠠ᠎ᠳᠤ ᠬᠤᠪᠢᠷᠠᠯᠲᠠ ᠭᠠᠷᠣᠭᠰᠠᠨ᠂ ᠭᠡᠷ᠎ᠡ ᠳᠠᠭᠤᠰᠤᠭ᠍ᠰᠠᠨ ᠪᠤᠶᠤ ᠨᠠᠢ᠌ᠳᠠᠯᠭ᠎ᠠ᠎ᠶᠢᠨ ᠬᠤᠶᠠᠷ ᠲᠠᠯ᠎ᠠ᠎ᠶᠢᠨ ᠭᠡᠷᠡᠴᠢ ᠦᠨᠡᠮᠯᠡᠯ᠎ᠢᠶᠡᠨ ᠬᠦᠴᠦᠨ ᠦᠭᠡᠶ ᠪᠣᠯᠭᠠᠭ᠍ᠳᠠᠭ᠍ᠰᠠᠨ᠂ ᠬᠤᠷᠢᠶᠠᠭᠳᠠᠭᠰᠠᠨ ᠪᠣᠯ ᠬᠤᠪᠢᠷᠠᠯᠲᠠ ᠭᠠᠷᠤᠭ᠍ᠰᠠᠨ᠂ ᠭᠡᠷ᠎ᠡ ᠳᠠᠭᠤᠰᠤᠭ᠍ᠰᠠᠨ ᠪᠤᠶᠤ ᠭᠡᠷᠡᠴᠢ ᠦᠨᠡᠮᠯᠡᠯ᠎ᠢᠶᠡᠨ ᠬᠦᠴᠦᠨ ᠦᠭᠡᠶ ᠪᠣᠯᠭᠠᠭ᠍ᠳᠠᠭ᠍ᠰᠠᠨ᠂ ᠬᠤᠷᠢᠶᠠᠭᠳᠠᠭᠰᠠᠨ ᠡᠳᠦᠷ᠎ᠡᠴᠡ ᠡᠬᠢᠯᠡᠨ ᠠᠷᠪᠠᠨ ᠠᠵᠢᠯᠯᠠᠬᠤ ᠡᠳᠦᠷ᠎ᠦᠨ ᠳᠣᠲᠣᠷ᠎ᠠ ᠲᠤᠰ ᠲᠤᠰ᠎ᠤᠨ ᠪᠠᠢᠭ᠎ᠠ ᠭᠠᠵᠠᠷ᠎ᠤᠨ ᠱᠢᠶᠠᠨ᠎ᠤ ᠳᠡᠰ᠎ᠦᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠲᠦ ᠮᠡᠳᠡᠭᠦᠯᠦᠯᠲᠡ ᠬᠢᠬᠦ ᠬᠡᠷᠡᠭ᠌ᠲᠡᠶ᠃
ᠱᠢᠶᠠᠨ᠎ᠤ ᠳᠡᠰ᠎ᠡᠴᠡ ᠳᠡᠭᠡᠭ᠌ᠰᠢᠬᠢ ᠣᠷᠣᠨ ᠨᠤᠲᠤᠭ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠦᠳ᠎ᠦᠨ ᠮᠡᠳᠡᠭᠡ ᠵᠠᠩᠭᠢᠵᠢᠯᠲᠡ᠎ᠶ᠋ᠢᠨ ᠠᠷᠭ᠎ᠠ ᠮᠠᠶᠢᠭ ᠠᠪᠬᠤ᠎ᠶ᠋ᠢ ᠵᠣᠷᠢᠭᠵᠢᠭᠤᠯᠤᠭᠰᠠᠨ ᠨᠢ᠂ ᠨᠠᠢ᠌ᠳᠠᠯᠭ᠎ᠠ᠎ᠶᠢᠨ ᠬᠣᠶᠠᠷ ᠲᠠᠯ᠎ᠠ᠎ᠪᠠᠷ᠎ᠢᠶᠠᠨ ᠨᠠᠢᠳᠠᠯᠭ᠎ᠠ᠎ᠪᠠᠷ ᠦᠢᠯᠡᠳᠪᠦᠷᠢᠯᠡᠬᠦ᠌ ᠮᠡᠳᠡᠭᠦᠯᠦᠯᠲᠡ ᠵᠡᠷᠭᠡ ᠮᠠᠲ᠋ᠧᠷᠢᠶᠠᠯ᠎ᠢᠶᠠᠨ ᠲᠤᠱᠢᠶᠠᠬᠤ᠎ᠳᠤ ᠳᠥᠭᠥᠮ ᠦᠵᠡᠭᠦᠯᠦᠨ᠎ᠡ᠃
ᠠᠷᠪᠠᠨ ᠨᠢᠭᠡᠳᠦᠭᠡᠷ ᠵᠤᠷᠪᠤᠰ ᠨᠠᠢ᠌ᠳᠠᠯᠭ᠎ᠠ᠎ᠶᠢᠨ ᠲᠠᠯ᠎ᠠ᠂ ᠨᠠᠢᠳᠠᠯᠭ᠎ᠠ ᠬᠦᠯᠢᠶᠡᠭ᠌ᠰᠡᠨ ᠲᠠᠯ᠎ᠠ᠎ᠶ᠋ᠢᠨ ᠬᠠᠩᠭᠠᠭ᠍ᠰᠠᠨ ᠢᠳᠡᠭᠡᠨ᠎ᠦ ᠲᠦᠭᠦᠬᠡᠶ ᠮᠠᠲ᠋ᠧᠷᠢᠶᠠᠯ᠂ ᠢᠳᠡᠭᠡᠨ᠎ᠦ ᠨᠡᠮᠡᠯᠲᠡ ᠡᠳ᠋᠂ ᠢᠳᠡᠭᠡᠨ᠎ᠲᠡᠶ ᠱᠢᠭᠤᠳ ᠬᠦᠷᠦᠯᠴᠡᠬᠦ᠌ ᠪᠣᠭᠣᠳᠠᠯ᠎ᠤᠨ ᠮᠠᠲ᠋ᠧᠷᠢᠶᠠᠯ ᠨᠢ ᠢᠳᠡᠭᠡᠨ᠎ᠦ ᠠᠮᠤᠷ ᠲᠦᠪᠱᠢᠨ᠎ᠦ ᠪᠠᠷᠢᠮᠵᠢᠶ᠎ᠠ᠎ᠳᠤ ᠨᠡᠢᠴᠡᠭ᠌ᠰᠡᠨ ᠪᠠᠢᠬᠤ ᠬᠡᠷᠡᠭ᠌ᠲᠡᠶ᠂ ᠨᠠᠢ᠌ᠳᠠᠯᠭ᠎ᠠ᠎ᠶᠢᠨ ᠬᠣᠶᠠᠷ ᠲᠠᠯ᠎ᠠ᠎ᠪᠠᠷ᠎ᠢᠶᠠᠨ ᠲᠤᠰ ᠲᠤᠰ᠎ᠤᠨ ᠬᠠᠩᠭᠠᠭ᠍ᠰᠠᠨ ᠢᠳᠡᠭᠡᠨ᠎ᠦ ᠲᠦᠭᠦᠬᠡᠶ ᠮᠠᠲ᠋ᠧᠷᠢᠶᠠᠯ᠂ ᠢᠳᠡᠭᠡᠨ᠎ᠦ ᠨᠡᠮᠡᠯᠲᠡ ᠡᠳ᠋᠂ ᠢᠳᠡᠭᠡᠨ᠎ᠲᠡᠶ ᠱᠢᠭᠤᠳ ᠬᠦᠷᠦᠯᠴᠡᠬᠦ᠌ ᠪᠣᠭᠣᠳᠠᠯ᠎ᠤᠨ ᠮᠠᠲ᠋ᠧᠷᠢᠶᠠᠯᠳᠦᠪᠡᠨ ᠬᠠᠷᠢᠭᠤᠴᠠᠬᠤ ᠬᠡᠷᠡᠭ᠌ᠲᠡᠶ᠃
ᠨᠠᠢ᠌ᠳᠠᠯᠭ᠎ᠠ᠎ᠶᠢᠨ ᠲᠠᠯ᠎ᠠ ᠨᠢ ᠪᠠᠷᠠᠭ᠎ᠠ ᠬᠠᠩᠭᠠᠭ᠍ᠴᠢ ᠪᠣᠯᠤᠭ᠍ᠰᠠᠨ ᠪᠠᠢᠪᠠᠯ᠂ ᠨᠠᠢ᠌ᠳᠠᠯᠭ᠎ᠠ ᠬᠦᠯᠢᠶᠡᠭᠰᠡᠨ ᠲᠠᠯ᠎ᠠ ᠨᠢ ᠪᠠᠷᠠᠭ᠎ᠠ ᠣᠷᠣᠭᠣᠯᠬᠣ᠎ᠶᠢ ᠪᠠᠢᠴᠠᠭᠠᠨ ᠰᠢᠯᠭ᠋ᠠᠵᠤ ᠲᠡᠮᠳᠡᠭ᠌ᠯᠡᠬᠦ᠌ ᠡᠭᠦᠷᠭᠡ᠎ᠪᠡᠨ ᠬᠠᠤᠯᠢ ᠶᠣᠰᠣᠭᠠᠷ ᠭᠦᠢ᠍ᠴᠡᠳᠬᠡᠵᠦ᠂ ᠨᠠᠢ᠌ᠳᠠᠯᠭ᠎ᠠ᠎ᠶᠢᠨ ᠲᠠᠯ᠎ᠠ᠎ᠡᠴᠡ ᠲᠡᠪᠴᠢᠬᠦ᠂ ᠬᠠᠷᠱᠢᠯᠠᠬᠤ ᠪᠤᠶᠤ ᠨᠦᠯᠦᠭᠡᠯᠡᠵᠦ ᠪᠣᠯᠬᠤ ᠦᠭᠡᠶ᠃
ᠨᠠᠢ᠌ᠳᠠᠯᠭ᠎ᠠ ᠬᠦᠯᠢᠶᠡᠭᠰᠡᠨ ᠲᠠᠯ᠎ᠠ ᠥᠪᠡᠰᠦᠪᠡᠨ ᠬᠤᠳᠠᠯᠳᠤᠨ ᠠᠪᠤᠭᠰᠠᠨ ᠪᠠᠢ᠌ᠪᠠᠯ᠂ ᠪᠠᠷᠠᠭ᠎ᠠ ᠣᠷᠣᠭᠤᠯᠬᠤ ᠶᠢ ᠪᠠᠢ᠌ᠴᠠᠭ᠋ᠠᠨ ᠲᠡᠮᠳᠡᠭᠯᠡᠬᠦ ᠡᠭᠦᠷᠭᠡ ᠪᠡᠨ ᠬᠠᠤᠯᠢ ᠶᠣᠰᠣᠭᠠᠷ ᠭᠦᠢᠴᠡᠳᠬᠡᠵᠦ᠂ ᠨᠠᠢ᠌ᠳᠠᠯᠭ᠎ᠠ᠎ᠶᠢᠨ ᠲᠠᠯ᠎ᠠ᠎ᠡᠴᠡ ᠨᠠᠢ᠌ᠳᠠᠯᠭ᠎ᠠ ᠬᠦᠯᠢᠶᠡᠭᠰᠡᠨ ᠲᠠᠯ᠎ᠠ ᠶᠢᠨ ᠬᠤᠳᠠᠯᠳᠤᠨ ᠠᠪᠬᠤ ᠦᠢᠯᠡ ᠠᠵᠢᠯᠯᠠᠭ᠎ᠠ ᠪᠠ ᠪᠠᠷᠠᠭ᠎ᠠ ᠣᠷᠣᠭᠤᠯᠬᠤ᠎ᠳᠦ ᠪᠠᠢ᠌ᠴᠠᠭ᠋ᠠᠨ ᠰᠢᠯᠭ᠋ᠠᠭᠰᠠᠨ ᠪᠠᠢ᠌ᠳᠡᠯᠳᠤ ᠬᠢᠨᠠᠯᠲᠠ ᠲᠠᠯᠪᠢᠬᠤ ᠬᠡᠷᠡᠭᠲᠡᠶ᠃
ᠠᠷᠪᠠᠨ ᠬᠣᠶᠠᠳᠤᠭᠠᠷ ᠵᠤᠷᠪᠤᠰ ᠨᠠᠢ᠌ᠳᠠᠯᠭ᠎ᠠ᠎ᠪᠠᠷ ᠦᠢ᠍ᠯᠡᠳᠪᠦᠷᠢᠯᠡᠭᠦᠯᠦᠭᠰᠡᠨ ᠢᠳᠡᠭᠡᠨ᠎ᠤ ᠲᠡᠮᠳᠡᠭ ᠨᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠢᠳᠡᠭᠡᠨ᠎ᠤ ᠠᠮᠤᠷ ᠲᠦᠪᠰᠢᠨ᠎ᠤ ᠪᠠᠷᠢᠮᠵᠢᠶ᠎ᠠ ᠶᠢᠨ ᠲᠤᠭᠲᠠᠭ᠋ᠠᠯ᠎ᠳᠤ ᠨᠡᠢ᠌ᠴᠡᠭᠰᠡᠨ ᠪᠠᠢ᠌ᠬᠤ ᠬᠡᠷᠡᠭᠲᠡᠢ᠃
ᠨᠠᠢ᠌ᠳᠠᠯᠭ᠎ᠠ᠎ᠶᠢᠨ ᠬᠣᠶᠠᠷ ᠲᠠᠯ᠎ᠠ᠎ᠪᠠᠷ᠎ᠢᠶᠠᠨ ᠨᠠᠢ᠌ᠳᠠᠯᠭ᠎ᠠ᠎ᠪᠠᠷ ᠦᠢ᠍ᠯᠡᠳᠪᠦᠷᠢᠯᠡᠭᠦᠯᠦᠭᠰᠡᠨ ᠢᠳᠡᠭᠡᠨ᠎ᠤ ᠲᠡᠮᠳᠡᠭᠳᠤ ᠬᠢᠨᠠᠨ ᠬᠠᠷᠭᠤᠭᠤᠯᠬᠤ᠎ᠶᠢᠨ ᠬᠠᠮᠲᠤ ᠲᠡᠮᠳᠡᠭᠯᠡᠨ ᠬᠠᠳᠠᠭᠠᠯᠠᠬᠤ ᠬᠡᠷᠡᠭᠲᠡᠶ᠃ ᠲᠡᠮᠳᠡᠭᠯᠡᠨ ᠬᠠᠳᠠᠭᠠᠯᠠᠬᠤ ᠬᠤᠭᠤᠴᠠᠭ᠎ᠠ ᠨᠢ ᠦᠢᠯᠡᠳᠬᠦᠨ᠎ᠤ ᠶᠠᠰᠤ ᠴᠢᠨᠠᠷ᠎ᠤᠨ ᠬᠤᠭᠤᠴᠠᠭ᠎ᠠ ᠳᠦᠭᠦᠷᠦᠭᠰᠡᠨ᠎ᠤ ᠳᠠᠷᠠᠭᠠᠬᠢ ᠵᠢᠷᠭᠤᠭᠠᠨ ᠰᠠᠷ᠎ᠠ ᠠᠴᠠ ᠳᠤᠲᠠᠭᠤ ᠪᠠᠢ᠌ᠵᠦ ᠪᠣᠯᠬᠤ ᠦᠭᠡᠶ; ᠴᠢᠨᠠᠷ᠎ᠢ ᠪᠠᠲᠤᠯᠠᠬᠤ ᠬᠤᠭᠤᠴᠠᠭ᠎ᠠ᠎ᠶᠢ ᠲᠤᠲᠤᠷᠬᠠᠢ᠌ᠯᠠᠭᠰᠠᠨ ᠦᠭᠡᠶ ᠪᠣᠯ ᠬᠠᠳᠠᠭᠠᠯᠠᠬᠤ ᠬᠤᠭᠤᠴᠠᠭ᠎ᠠ ᠨᠢ ᠬᠣᠶᠠᠷ ᠵᠢᠯ ᠡᠴᠡ ᠳᠤᠲᠠᠭᠤ ᠪᠠᠢ᠌ᠵᠦ ᠪᠣᠯᠬᠤ ᠦᠭᠡᠶ᠃
ᠠᠷᠪᠠᠨ ᠭᠤᠷᠪᠠᠳᠤᠭᠠᠷ ᠵᠤᠷᠪᠤᠰ ᠨᠠᠢ᠌ᠳᠠᠯᠭ᠎ᠠ᠎ᠪᠠᠷ ᠦᠢᠯᠡᠳᠪᠦᠷᠢᠯᠡᠭᠦᠯᠦᠭ᠌ᠰᠡᠨ ᠣᠷᠢᠳᠴᠢᠯᠠᠨ ᠪᠣᠭᠣᠳᠠᠯᠯᠠᠭᠰᠠᠨ ᠢᠳᠡᠭᠡᠨ᠎ᠦ ᠱᠣᠱᠢᠭ᠎ᠠ ᠳᠡᠭᠡᠷᠡᠬᠢ ᠣᠢ᠌ᠷ᠎ᠠ ᠵᠡᠷᠭᠡᠯᠡᠳᠡᠭᠡ ᠣᠷᠣᠨ ᠪᠠᠢᠷᠢ᠎ᠳᠤ ᠨᠠᠢ᠌ᠳᠠᠯᠭ᠎ᠠ᠎ᠶᠢᠨ ᠲᠠᠯ᠎ᠠ᠎ᠶ᠋ᠢᠨ ᠨᠡᠷᠡᠢᠳᠦᠯ᠂ ᠬᠠᠶᠢᠭ᠂ ᠬᠠᠷᠢᠯᠴᠠᠬᠤ ᠠᠷᠭ᠎ᠠ ᠮᠠᠶᠢᠭ ᠪᠣᠯᠤᠨ ᠨᠠᠢᠳᠠᠯᠭ᠎ᠠ ᠬᠦᠯᠢᠶᠡᠭ᠌ᠰᠡᠨ ᠲᠠᠯ᠎ᠠ᠎ᠶ᠋ᠢᠨ ᠨᠡᠷᠡᠢᠳᠦᠯ᠂ ᠬᠠᠶᠢᠭ᠎ᠢ ᠲᠤᠲᠤᠷᠬᠠᠢ᠌ᠯᠠᠵᠦ᠂ ᠨᠡᠷᠡᠢᠳᠦᠯ᠎ᠤᠨ ᠡᠮᠦᠨ᠎ᠡ 《ᠨᠠᠢᠳᠠᠯᠭ᠎ᠠ᠎ᠶ᠋ᠢᠨ ᠲᠠᠯ᠎ᠠ᠂ ᠨᠠᠢᠳᠠᠯᠭ᠎ᠠ ᠬᠦᠯᠢᠶᠡᠭ᠌ᠰᠡᠨ ᠲᠠᠯ᠎ᠠ》 ᠪᠤᠶᠤ 《ᠨᠠᠢ᠌ᠳᠠᠯᠭ᠎ᠠ᠎ᠶᠢᠨ ᠨᠢᠭᠡᠴᠢ᠂ ᠨᠠᠢᠳᠠᠯᠭ᠎ᠠ ᠬᠦᠯᠢᠶᠡᠭ᠌ᠰᠡᠨ ᠨᠢᠭᠡᠴᠢ》 ᠵᠡᠷᠭᠡ ᠦᠰᠦᠭ᠎ᠢ ᠲᠠᠯᠪᠢᠬᠤ ᠬᠡᠷᠡᠭ᠌ᠲᠡᠶ᠃
ᠠᠷᠪᠠᠨ ᠳᠥᠷᠪᠡᠳᠦᠭᠡᠷ ᠵᠤᠷᠪᠤᠰ ᠨᠠᠢ᠌ᠳᠠᠯᠭ᠎ᠠ᠎ᠶᠢᠨ ᠲᠠᠯ᠎ᠠ ᠨᠢ ᠭᠤᠷᠪᠠᠳᠠᠬᠢ ᠡᠲᠡᠭᠡᠳ᠎ᠦᠨ ᠪᠠᠢᠭᠤᠯᠤᠮᠵᠢ᠎ᠶ᠋ᠢᠨ ᠦᠢᠯᠡᠳᠪᠦᠷᠢ᠎ᠳᠦ ᠰᠠᠭᠤᠬᠤ᠂ ᠲᠣᠭᠣᠷᠢᠨ ᠪᠠᠢᠴᠠᠭᠠᠬᠤ ᠵᠡᠷᠭᠡ ᠬᠡᠯᠪᠡᠷᠢ᠎ᠶ᠋ᠢ ᠬᠡᠷᠡᠭᠯᠡᠨ ᠨᠠᠢᠳᠠᠯᠭ᠎ᠠ ᠬᠦᠯᠢᠶᠡᠭ᠌ᠰᠡᠨ ᠲᠠᠯ᠎ᠠ᠎ᠶ᠋ᠢᠨ ᠦᠢᠯᠡᠳᠪᠦᠷᠢᠯᠡᠯ᠎ᠦᠨ ᠦᠢᠯᠡ ᠠᠵᠢᠯᠯᠠᠭ᠎ᠠ᠎ᠳᠤ ᠬᠢᠨᠠᠯᠲᠠ ᠲᠠᠯᠪᠢᠵᠤ ᠪᠣᠯᠤᠨ᠎ᠠ᠃ ᠨᠠᠢ᠌ᠳᠠᠯᠭ᠎ᠠ᠎ᠶᠢᠨ ᠲᠠᠯ᠎ᠠ᠎ᠶ᠋ᠢᠨ ᠮᠡᠳᠡᠭᠡ ᠵᠠᠩᠭᠢᠵᠢᠯᠲᠡ᠎ᠶ᠋ᠢᠨ ᠠᠷᠭ᠎ᠠ ᠪᠠᠷᠢᠯ ᠠᠪᠴᠣ ᠬᠢᠨᠠᠯᠲᠠ ᠲᠠᠯᠪᠢᠬᠤ᠎ᠶ᠋ᠢ ᠬᠡᠷᠡᠭ᠌ᠵᠢᠭᠦᠯᠬᠦ᠌᠎ᠶ᠋ᠢ ᠵᠣᠷᠢᠭᠵᠢᠭᠤᠯᠤᠨ᠎ᠠ᠃
ᠬᠢᠨᠠᠯᠲᠠ ᠲᠠᠯᠪᠢᠬᠤ ᠠᠭᠤᠯᠭ᠎ᠠ᠎ᠨᠢ ᠡᠩ᠎ᠤᠨ ᠪᠠᠢᠳᠠᠯ ᠳᠣᠣᠷ᠎ᠠ ᠨᠠᠢ᠌ᠳᠠᠯᠭ᠎ᠠ ᠬᠦᠯᠢᠶᠡᠭᠰᠡᠨ ᠲᠠᠯ᠎ᠠ᠎ᠶ᠋ᠢᠨ ᠲᠠᠯᠠᠪᠤᠷ ᠭᠠᠵᠠᠷ᠎ᠤᠨ ᠣᠷᠴᠢᠨ ᠲᠣᠭᠤᠷᠢᠨ᠂ ᠲᠥᠬᠦᠭᠡᠷᠦᠮᠵᠢ ᠪᠡᠯᠡᠳᠭᠡᠮᠵᠢ᠂ ᠠᠵᠢᠯᠲᠠᠨ᠎ᠤ ᠬᠠᠮᠢᠶᠠᠷᠤᠯᠲᠠ᠂ ᠲᠦᠭᠦᠬᠡᠶ ᠮᠠᠲ᠋ᠧᠷᠢᠶᠠᠯ᠎ᠢ ᠡᠵᠡᠮᠳᠡᠬᠦ᠂ ᠦᠢᠯᠡᠳᠪᠦᠷᠢᠯᠡᠯ᠎ᠤᠨ ᠵᠠᠩᠭᠢᠯᠠᠭ᠎ᠠ᠎ᠶ᠋ᠢᠨ ᠭᠤᠭ᠍ᠴᠤᠭ᠎ᠠ᠎ᠶ᠋ᠢ ᠡᠵᠡᠮᠳᠡᠬᠦ᠂ ᠱᠢᠯᠭᠠᠨ ᠪᠠᠢᠴᠠᠭᠠᠵᠤ ᠡᠵᠡᠮᠳᠡᠬᠦ᠂ ᠲᠡᠭᠡᠭᠡᠪᠦᠷᠢᠯᠡᠬᠦ᠌ ᠪᠠ ᠲᠤᠱᠢᠶᠠᠵᠤ ᠡᠵᠡᠮᠳᠡᠬᠦ᠂ ᠱᠣᠰᠢᠭ᠎ᠠ ᠪᠠ ᠲᠣᠳᠣᠷᠬᠠᠢᠯᠠᠯᠲᠠ᠎ᠶ᠋ᠢᠨ ᠪᠢᠴᠢᠭ᠎ᠢ ᠬᠠᠮᠢᠶᠠᠷᠬᠤ ᠵᠡᠷᠭᠡ ᠵᠦᠢ᠍ᠯᠡᠰ᠎ᠤᠨ ᠲᠦᠭ᠌ᠰᠢᠭᠦᠷᠢ᠎ᠶ᠋ᠢ ᠬᠠᠮᠢᠶᠠᠷᠤᠨ ᠡᠵᠡᠮᠳᠡᠵᠦ᠍ ᠪᠠᠢᠭ᠎ᠠ ᠪᠠᠢᠳᠠᠯ᠎ᠢ ᠪᠠᠭ᠍ᠲᠠᠭᠠᠨ᠎ᠠ᠃
ᠨᠠᠢᠳᠠᠯᠭ᠎ᠠ᠎ᠶ᠋ᠢᠨ ᠲᠠᠯ᠎ᠠ ᠨᠢ ᠨᠠᠢᠳᠠᠯᠭ᠎ᠠ ᠬᠦᠯᠢᠶᠡᠭ᠌ᠰᠡᠨ ᠲᠠᠯ᠎ᠠ᠎ᠶ᠋ᠢᠨ ᠦᠢᠯᠡᠳᠪᠦᠷᠢᠯᠡᠬᠦ᠌ ᠦᠢᠯᠡ ᠠᠵᠢᠯᠯᠠᠭ᠎ᠠ᠎ᠳᠤ ᠬᠢᠨᠠᠯᠲᠠ ᠲᠠᠯᠪᠢᠭ᠍ᠰᠠᠨ ᠪᠠᠢᠳᠠᠯ᠎ᠢᠶᠠᠨ ᠲᠡᠮᠳᠡᠭᠯᠡᠵᠦ᠂ ᠬᠠᠮᠢᠶ᠎ᠠ ᠪᠦᠬᠦᠢ ᠲᠡᠮᠳᠡᠭ᠌ᠯᠡᠯ᠎ᠢ ᠨᠠᠢ᠌ᠳᠠᠯᠭ᠎ᠠ᠎ᠶᠢᠨ ᠬᠣᠶᠠᠷ ᠲᠠᠯ᠎ᠠ᠎ᠪᠠᠷ᠎ᠢᠶᠠᠨ ᠨᠤᠲᠠᠯᠠᠬᠤ᠎ᠶ᠋ᠢᠨ ᠬᠠᠮᠲᠤ ᠲᠤᠰ ᠲᠤᠰ ᠦᠯᠡᠳᠡᠭᠡᠨ ᠬᠠᠳᠠᠭᠠᠯᠠᠬᠤ ᠬᠡᠷᠡᠭ᠌ᠲᠡᠶ᠃
ᠠᠷᠪᠠᠨ ᠲᠠᠪᠤᠳᠤᠭᠠᠷ ᠵᠤᠷᠪᠤᠰ ᠨᠠᠢ᠌ᠳᠠᠯᠭ᠎ᠠ᠎ᠶᠢᠨ ᠲᠠᠯ᠎ᠠ ᠨᠢ ᠢᠳᠡᠭᠡᠨ᠎ᠦ ᠠᠮᠤᠷ ᠲᠦᠪᠰᠢᠨ᠎ᠦ ᠪᠠᠢᠳᠠᠯ᠎ᠳᠤ ᠲᠣᠭ᠍ᠲᠠᠮᠠᠯ ᠬᠤᠭᠤᠴᠠᠭ᠎ᠠ᠎ᠲᠠᠶ᠎ᠪᠠᠷ ᠪᠠᠢᠴᠠᠭᠠᠯᠲᠠ ᠬᠢᠵᠦ᠍ ᠦᠨᠡᠯᠡᠬᠦ᠌ ᠬᠡᠷᠡᠭ᠌ᠲᠡᠶ᠃ ᠨᠠᠢᠳᠠᠯᠭ᠎ᠠ ᠬᠦᠯᠢᠶᠡᠭ᠌ᠰᠡᠨ ᠲᠠᠯ᠎ᠠ᠎ᠶ᠋ᠢᠨ ᠦᠢᠯᠡᠳᠪᠦᠷᠢᠯᠡᠬᠦ᠌ ᠨᠥᠬᠥᠴᠡᠯ᠎ᠳᠦ ᠬᠤᠪᠢᠷᠠᠯᠲᠠ ᠭᠠᠷᠣᠭ᠋ᠠᠳ ᠢᠳᠡᠭᠡᠨ᠎ᠦ ᠠᠮᠤᠷ ᠲᠦᠪᠰᠢᠨ᠎ᠦ ᠱᠠᠭᠠᠷᠳᠠᠯᠭ᠎ᠠ᠎ᠳᠤ ᠳᠠᠬᠢᠵᠤ ᠨᠡᠢᠴᠡᠬᠦ᠌ ᠦᠭᠡᠶ ᠪᠠᠢ᠌ᠳᠡᠯᠢ ᠢᠯᠡᠷᠡᠭᠦᠯᠦᠭᠰᠡᠨ ᠪᠣᠯ᠂ ᠨᠠᠢ᠌ᠳᠠᠯᠭ᠎ᠠ᠎ᠶᠢᠨ ᠲᠠᠯ᠎ᠠ᠎ᠠᠴᠠ ᠨᠠᠢᠳᠠᠯᠭ᠎ᠠ ᠬᠦᠯᠢᠶᠡᠭ᠌ᠰᠡᠨ ᠲᠠᠯ᠎ᠠ᠎ᠶᠢ ᠳᠠᠷᠤᠢᠬᠠᠨ ᠴᠡᠭ᠌ᠴᠡᠯᠡᠨ ᠰᠠᠢ᠌ᠵᠢᠷᠠᠭᠤᠯᠬᠤ ᠠᠷᠭ᠎ᠠ ᠬᠡᠮᠵᠢᠶ᠎ᠡ ᠠᠪᠤᠭᠤᠯᠬᠤ᠎ᠪᠠᠷ ᠱᠠᠭᠠᠷᠳᠠᠬᠤ ᠬᠡᠷᠡᠭ᠌ᠲᠡᠶ; ᠢᠳᠡᠭᠡᠨ᠎ᠦ ᠠᠮᠤᠷ ᠲᠦᠪᠰᠢᠨ᠎ᠦ ᠡᠨᠳᠡᠯ᠎ᠦᠨ ᠳᠠᠯᠳᠠ ᠲᠦᠭ᠌ᠰᠢᠭᠦᠷᠢ ᠭᠠᠷᠤᠭ᠍ᠰᠠᠨ ᠪᠣᠯ᠂ ᠨᠠᠢᠳᠠᠯᠭ᠎ᠠ ᠬᠦᠯᠢᠶᠡᠭ᠌ᠰᠡᠨ ᠲᠠᠯ᠎ᠠ᠎ᠶ᠋ᠢᠨ ᠦᠢᠯᠡᠳᠪᠦᠷᠢᠯᠡᠬᠦ᠌ ᠠᠵᠢᠯᠯᠠᠭ᠎ᠠ᠎ᠶᠢ ᠳᠠᠷᠤᠢᠬᠠᠨ ᠵᠣᠭ᠍ᠰᠣᠭᠠᠯᠭᠠᠬᠤᠪᠠᠷ ᠱᠠᠭᠠᠷᠳᠠᠬᠤ᠎ᠶᠢᠨ ᠬᠠᠮᠲᠤ ᠨᠠᠢᠳᠠᠯᠭ᠎ᠠ ᠬᠦᠯᠢᠶᠡᠭ᠌ᠰᠡᠨ ᠲᠠᠯ᠎ᠠ᠎ᠶ᠋ᠢᠨ ᠪᠠᠢᠭ᠎ᠠ ᠭᠠᠵᠠᠷ᠎ᠤᠨ ᠱᠢᠶᠠᠨ᠎ᠤ ᠳᠡᠰ᠎ᠦᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠲᠦ ᠮᠡᠳᠡᠭᠦᠯᠦᠯᠲᠡ ᠬᠢᠬᠦ ᠬᠡᠷᠡᠭ᠌ᠲᠡᠶ᠃
ᠠᠷᠪᠠᠨ ᠵᠢᠷᠭᠤᠳᠤᠭᠠᠷ ᠵᠤᠷᠪᠤᠰ ᠨᠠᠢᠳᠠᠯᠭ᠎ᠠ ᠬᠦᠯᠢᠶᠡᠭ᠌ᠰᠡᠨ ᠲᠠᠯ᠎ᠠ ᠨᠢ ᠤᠯᠤᠰ᠎ᠤᠨ ᠬᠣᠯᠪᠣᠭ᠍ᠳᠠᠯ ᠪᠦᠬᠦᠢ ᠲᠣᠭ᠍ᠲᠠᠭᠠᠯ ᠶᠣᠰᠣᠭᠠᠷ ᠨᠠᠢ᠌ᠳᠠᠯᠭ᠎ᠠ᠎ᠪᠠᠷ ᠦᠢᠯᠡᠳᠪᠦᠷᠢᠯᠡᠭᠦᠯᠦᠭ᠌ᠰᠡᠨ ᠢᠳᠡᠭᠡᠨ᠎ᠳᠦ ᠱᠢᠯᠭᠠᠨ ᠪᠠᠢᠴᠠᠭᠠᠯᠲᠠ ᠬᠢᠬᠦ᠌᠎ᠶ᠋ᠢᠨ ᠬᠠᠮᠲᠤ ᠱᠢᠯᠭᠠᠨ ᠪᠠᠢᠴᠠᠭᠠᠭ᠍ᠰᠠᠨ ᠲᠡᠮᠳᠡᠭ᠌ᠯᠡᠯ ᠪᠣᠯᠤᠨ ᠦᠢᠯᠡᠳᠬᠦᠨ᠎ᠦ ᠦᠯᠢᠭᠡᠷ ᠡᠳ᠋᠎ᠶᠢ ᠬᠠᠳᠠᠭᠠᠯᠠᠬᠤ ᠬᠡᠷᠡᠭ᠌ᠲᠡᠶ᠃ ᠨᠠᠢᠳᠠᠯᠭ᠎ᠠ᠎ᠶ᠋ᠢᠨ ᠲᠠᠯ᠎ᠠ ᠡᠴᠡ ᠬᠡᠷᠡᠭ᠌ᠴᠡᠭᠡ ᠪᠤᠶᠤ ᠭᠡᠷ᠎ᠡ᠎ᠳᠦ ᠪᠣᠯᠵᠣᠨ ᠲᠣᠭ᠍ᠲᠠᠭ᠍ᠰᠠᠨ ᠱᠠᠭᠠᠷᠳᠠᠯᠭ᠎ᠠ᠎ᠶᠢ ᠦᠨᠳᠦᠰᠦᠯᠡᠨ ᠨᠠᠢᠳᠠᠯᠭ᠎ᠠ ᠬᠦᠯᠢᠶᠡᠭ᠌ᠰᠡᠨ ᠲᠠᠯ᠎ᠠ᠎ᠡᠴᠡ ᠦᠯᠢᠭᠡᠷ ᠡᠳ᠋ ᠬᠠᠩᠭ᠋ᠠᠬᠤ᠎ᠶᠢᠨ ᠬᠠᠮᠲᠤ ᠥᠪᠡᠷ᠎ᠢᠶᠡᠨ ᠦᠯᠡᠳᠡᠭᠡᠨ᠎ᠡ᠃
ᠨᠠᠢ᠌ᠳᠠᠯᠭ᠎ᠠ᠎ᠶᠢᠨ ᠲᠠᠯ᠎ᠠ᠎ᠶᠢᠨ ᠬᠠᠩᠭᠠᠭ᠍ᠰᠠᠨ ᠦᠢᠯᠡᠳᠪᠦᠷᠢ᠎ᠡᠴᠡ ᠭᠠᠷᠭ᠋ᠠᠬᠤ ᠪᠠᠢ᠌ᠴᠠᠭ᠋ᠠᠯᠲᠠ᠎ᠶᠢᠨ ᠮᠡᠳᠡᠭᠦᠯᠦᠯᠲᠡ᠎ᠶᠢ ᠪᠠᠢᠴᠠᠭᠠᠨ ᠰᠢᠯᠭ᠋ᠠᠬᠤ᠎ᠶᠢᠨ ᠬᠠᠮᠲᠤ ᠢᠳᠡᠭᠡᠨ᠎ᠦ᠌ ᠠᠮᠤᠷ ᠲᠥᠪᠰᠢᠨᠢ᠋ ᠪᠠᠲᠤᠯᠠᠬᠤ ᠬᠡᠷᠡᠭ᠌ᠴᠡᠭᠡ ᠶᠣᠰᠣᠭᠠᠷ ᠦᠯᠢᠭᠡᠷ ᠡᠳ᠋᠎ᠶᠢ ᠰᠢᠯᠭ᠋ᠠᠨ ᠪᠠᠢᠴᠠᠭᠠᠵᠤ᠂ ᠨᠠᠢ᠌ᠳᠠᠯᠭ᠎ᠠ᠎ᠪᠠᠷ ᠦᠢᠯᠡᠳᠪᠦᠷᠢᠯᠡᠭᠦᠯᠦᠭ᠌ᠰᠡᠨ ᠢᠳᠡᠭᠡᠨ ᠨᠢ ᠬᠠᠤᠯᠢ ᠴᠠᠭᠠᠵᠠ ᠬᠠᠤᠯᠢ ᠲᠣᠭ᠍ᠲᠠᠭᠠᠯ ᠪᠠ ᠢᠳᠡᠭᠡᠨ᠎ᠦ᠌ ᠠᠮᠤᠷ ᠲᠦᠪᠰᠢᠨᠦ᠌ ᠪᠠᠷᠢᠮᠵᠢᠶᠠᠳ᠋ᠤ ᠨᠡᠢᠴᠡᠬᠦ᠌᠎ᠶᠢ ᠪᠠᠲᠤᠯᠠᠬᠤ ᠬᠡᠷᠡᠭ᠌ᠲᠡᠢ᠃
ᠱᠢᠯᠭᠠᠨ ᠪᠠᠢᠴᠠᠭᠠᠭ᠍ᠰᠠᠨ ᠲᠡᠮᠳᠡᠭ᠌ᠯᠡᠯ ᠪᠠ ᠦᠢᠯᠡᠳᠬᠦᠨ᠎ᠦ ᠦᠯᠢᠭᠡᠷ ᠡᠳ᠋᠎ᠶᠢ ᠦᠯᠡᠳᠡᠭᠡᠵᠦ᠍ ᠬᠠᠳᠠᠭᠠᠯᠠᠬᠤ ᠬᠤᠭᠤᠴᠠᠭ᠎ᠠ ᠨᠢ ᠦᠢᠯᠡᠳᠬᠦᠨ᠎ᠦ ᠶᠠᠰᠤ ᠴᠢᠨᠠᠷ᠎ᠤᠨ ᠬᠤᠭᠤᠴᠠᠭ᠎ᠠ ᠳᠦᠭᠦᠷᠦᠭ᠌ᠰᠡᠨ᠎ᠦ ᠳᠠᠷᠠᠭᠠᠬᠢ ᠵᠢᠷᠭᠤᠭᠠᠨ ᠰᠠᠷ᠎ᠠ᠎ᠠᠴᠠ ᠳᠣᠲᠠᠭᠤ ᠪᠠᠢ᠌ᠵᠦ ᠪᠣᠯᠬᠤ ᠦᠭᠡᠶ; ᠶᠠᠰᠤ ᠴᠢᠨᠠᠷ᠎ᠢ ᠪᠠᠲᠤᠯᠠᠬᠤ ᠬᠤᠭᠤᠴᠠᠭ᠎ᠠ᠎ᠶ᠋ᠢ ᠲᠤᠲᠤᠷᠬᠠᠢ᠌ᠯᠠᠭᠰᠠᠨ ᠦᠭᠡᠶ ᠪᠣᠯ ᠬᠠᠳᠠᠭᠠᠯᠠᠬᠤ ᠬᠤᠭᠤᠴᠠᠭ᠎ᠠ ᠨᠢ ᠬᠣᠶᠠᠷ ᠵᠢᠯ᠎ᠡᠴᠡ ᠳᠤᠲᠠᠭᠤ ᠪᠠᠢ᠌ᠵᠦ ᠪᠣᠯᠬᠤ ᠦᠭᠡᠶ᠃
ᠠᠷᠪᠠᠨ ᠳᠣᠯᠣᠳᠤᠭᠠᠷ ᠵᠤᠷᠪᠤᠰ ᠨᠠᠢ᠌ᠳᠠᠯᠭ᠎ᠠ᠎ᠶᠢᠨ ᠲᠠᠯ᠎ᠠ᠂ ᠨᠠᠢ᠌ᠳᠠᠯᠭ᠎ᠠ ᠬᠦᠯᠢᠶᠡᠭᠰᠡᠨ ᠲᠠᠯ᠎ᠠ ᠨᠠᠢ᠌ᠳᠠᠯᠭ᠎ᠠ᠎ᠪᠠᠷ ᠦᠢᠯᠡᠳᠪᠦᠷᠢᠯᠡᠭ᠌ᠰᠡᠨ ᠢᠳᠡᠭᠡᠨ ᠨᠢ ᠢᠳᠡᠭᠡᠨ᠎ᠦ ᠠᠮᠤᠷ ᠲᠦᠪᠱᠢᠨ᠎ᠦ ᠪᠠᠷᠢᠮᠵᠢᠶ᠎ᠠ᠎ᠳᠤ ᠨᠡᠢᠴᠡᠬᠦ᠌ ᠦᠭᠡᠢ ᠪᠤᠶᠤ ᠬᠥᠮᠦᠨ᠎ᠦ ᠪᠡᠶ᠎ᠡ᠎ᠶ᠋ᠢᠨ ᠡᠷᠡᠭᠦᠯ ᠮᠡᠨᠳᠦ᠍᠎ᠳᠤ ᠬᠣᠣᠷ ᠬᠥᠨᠥᠭᠡᠯ ᠣᠴᠠᠷᠠᠭᠤᠯᠵᠦ ᠮᠡᠳᠡᠬᠦ᠎ᠶᠢ ᠭᠡᠷᠡᠴᠢᠯᠡᠬᠦ᠌ ᠭᠡᠷᠡᠴᠢ ᠪᠠᠷᠢᠮᠲᠠ ᠲᠠᠢ ᠪᠠᠢᠪᠠᠯ ᠲᠡᠷᠡ ᠳᠠᠷᠤᠢ᠎ᠳᠤ ᠨᠥᠭᠦᠭᠡ ᠲᠠᠯ᠎ᠠ᠎ᠳᠤ ᠦᠢᠯᠡᠳᠪᠦᠷᠢᠯᠡᠯ ᠡᠵᠡᠩᠨᠡᠯᠲᠡ᠎ᠶ᠋ᠢᠨ ᠠᠵᠢᠯᠯᠠᠭ᠎ᠠ᠎ᠪᠠᠨ ᠵᠣᠭ᠍ᠰᠣᠭᠠᠬᠤ᠎ᠪᠠᠷ ᠮᠡᠳᠡᠭ᠌ᠳᠡᠬᠦ᠌ ᠬᠡᠷᠡᠭ᠌ᠲᠡᠢ᠃
ᠨᠠᠢ᠌ᠳᠠᠯᠭ᠎ᠠ᠎ᠶᠢᠨ ᠲᠠᠯ᠎ᠠ ᠨᠢ ᠨᠢᠭᠡᠨᠲᠡ ᠵᠠᠬ᠎ᠠ ᠳᠡᠯᠭᠡᠭᠦᠷ᠎ᠲᠦ ᠭᠠᠷᠭᠠᠨ ᠪᠣᠷᠣᠯᠠᠭᠤᠯᠤᠭ᠍ᠰᠠᠨ ᠢᠳᠡᠭᠡᠨ᠎ᠢᠶᠡᠨ ᠬᠠᠤᠯᠢ ᠶᠣᠰᠣᠭᠠᠷ ᠡᠭᠡᠭᠦᠯᠦᠨ ᠠᠪᠴᠢᠷᠠᠵᠤ᠂ ᠬᠠᠮᠢᠶ᠎ᠠ ᠪᠦᠬᠦᠢ ᠡᠵᠡᠩᠨᠡᠭ᠌ᠴᠢ ᠪᠣᠯᠤᠨ ᠬᠡᠷᠡᠭ᠌ᠯᠡᠭ᠌ᠴᠢᠳ᠎ᠲᠦ ᠮᠡᠳᠡᠭ᠌ᠳᠡᠬᠦ᠌᠎ᠶ᠋ᠢᠨ ᠬᠠᠮᠲᠤ ᠡᠭᠡᠭᠦᠯᠦᠨ ᠠᠪᠴᠢᠷᠠᠭ᠍ᠰᠠᠨ ᠪᠠ ᠮᠡᠳᠡᠭ᠌ᠳᠡᠭ᠌ᠰᠡᠨ ᠪᠠᠢᠳᠠᠯ᠎ᠢᠶᠠᠨ ᠲᠡᠮᠳᠡᠭ᠌ᠯᠡᠬᠦ᠌ ᠬᠡᠷᠡᠭ᠌ᠲᠡᠶ᠃ ᠨᠠᠢᠳᠠᠯᠭ᠎ᠠ ᠬᠦᠯᠢᠶᠡᠭ᠌ᠰᠡᠨ ᠲᠠᠯ᠎ᠠ ᠨᠢ ᠨᠠᠢ᠌ᠳᠠᠯᠭ᠎ᠠ᠎ᠶᠢᠨ ᠲᠠᠯ᠎ᠠ ᠲᠠᠢ ᠬᠠᠮᠵᠢᠯᠴᠠᠨ ᠡᠭᠡᠭᠦᠯᠦᠨ ᠠᠪᠴᠢᠷᠠᠬᠤ᠎ᠶ᠋ᠢ ᠬᠡᠷᠡᠭ᠌ᠵᠢᠭᠦᠯᠬᠦ᠌ ᠬᠡᠷᠡᠭ᠌ᠲᠡᠢ᠃
ᠠᠷᠪᠠᠨ ᠨᠠᠶ᠋ᠮᠠᠳᠤᠭᠠᠷ ᠵᠤᠷᠪᠤᠰ ᠨᠠᠢ᠌ᠳᠠᠯᠭ᠎ᠠ᠎ᠶᠢᠨ ᠬᠣᠶᠠᠷ ᠲᠠᠯ᠎ᠠ᠎ᠪᠠᠷ᠎ᠢᠶᠠᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠦᠨ ᠢᠳᠡᠭᠡᠨ᠎ᠦ ᠨᠠᠢᠳᠠᠯᠭ᠎ᠠ᠎ᠪᠠᠷ ᠦᠢᠯᠡᠳᠪᠦᠷᠢᠯᠡᠬᠦ᠌ ᠬᠢᠨᠠᠯᠲᠠ ᠬᠠᠮᠢᠶᠠᠷᠤᠯᠲᠠ᠎ᠶᠢ ᠬᠦᠯᠢᠶᠡᠨ ᠠᠪᠬᠤ ᠪᠠ ᠬᠠᠮᠵᠢᠯᠴᠠᠬᠤ ᠬᠡᠷᠡᠭ᠌ᠲᠡᠶ᠃
ᠠᠷᠪᠠ ᠶᠢᠰᠦᠳᠦᠭᠡᠷ ᠵᠤᠷᠪᠤᠰ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ ᠨᠢ ᠡᠳᠦᠷ ᠲᠤᠲᠤᠮ᠎ᠤᠨ ᠬᠢᠨᠠᠯᠲᠠ ᠪᠠᠢ᠌ᠴᠠᠭ᠋ᠠᠯᠲᠠ ᠳᠤᠮᠳᠠ ᠨᠠᠢ᠌ᠳᠠᠯᠭ᠎ᠠ᠎ᠶᠢᠨ ᠦᠢᠯᠡᠳᠪᠦᠷᠢᠯᠡᠯ᠎ᠦᠨ ᠪᠠᠢᠳᠠᠯ᠎ᠳᠤ ᠪᠠᠢᠴᠠᠭᠠᠯᠲᠠ ᠬᠢᠵᠦ᠍᠂ ᠪᠠᠢᠴᠠᠭᠠᠭ᠍ᠰᠠᠨ ᠦᠷ᠎ᠡ ᠳ᠋ᠦᠩ᠎ᠢᠶᠡᠨ ᠲᠡᠮᠳᠡᠭᠯᠡᠵᠦ᠂ ᠳᠠᠩᠰᠠ ᠡᠪᠬᠡᠮᠡᠯ ᠣᠷᠣᠭᠣᠯᠵᠦ ᠪᠠᠢᠴᠠᠭᠠᠬᠤ᠎ᠳᠤ ᠪᠡᠯᠡᠳᠭᠡᠬᠦ᠌ ᠬᠡᠷᠡᠭ᠌ᠲᠡᠶ᠃ ᠪᠠᠢ᠌ᠴᠠᠭ᠋ᠠᠯᠲᠠ᠎ᠶᠢᠨ ᠠᠭᠤᠯᠭ᠎ᠠ᠎ᠳᠤ ᠳᠣᠤᠷᠠᠬᠢ ᠭᠤᠤᠯᠳᠠᠯᠭ᠎ᠠ᠎ᠲᠠᠢ ᠵᠦᠶ᠋ᠯᠡᠰ᠎ᠢ ᠪᠠᠭ᠍ᠲᠠᠭᠠᠨ᠎ᠠ᠄
(ᠨᠢᠭᠡ) ᠨᠠᠢ᠌ᠳᠠᠯᠭ᠎ᠠ᠎ᠶᠢᠨ ᠬᠣᠶᠠᠷ ᠲᠠᠯ᠎ᠠ᠎ᠶᠢᠨ ᠬᠢᠷᠢ ᠬᠡᠮ;
(ᠬᠤᠶᠠᠷ) ᠨᠠᠢ᠌ᠳᠠᠯᠭ᠎ᠠ᠎ᠪᠠᠷ ᠦᠢᠯᠡᠳᠪᠦᠷᠢᠯᠡᠬᠦ᠌ ᠭᠡᠷ᠎ᠡ᠂ ᠨᠠᠢ᠌ᠳᠠᠯᠭ᠎ᠠ᠎ᠶᠢᠨ ᠬᠤᠭᠤᠴᠠᠭ᠎ᠠ ᠬᠢᠵᠠᠭ᠋ᠠᠷ᠂ ᠨᠠᠢ᠌ᠳᠠᠯᠭ᠎ᠠ᠎ᠪᠠᠷ ᠦᠢᠯᠡᠳᠪᠦᠷᠢᠯᠡᠭᠦᠯᠦᠭ᠌ᠰᠡᠨ ᠢᠳᠡᠭᠡᠨ᠎ᠤ ᠲᠥᠷᠥᠯ ᠵᠦᠢ᠍ᠯ᠂ ᠬᠡᠷᠡᠭᠵᠢᠭᠦᠯᠬᠦ ᠪᠠᠷᠢᠮᠵᠢᠶᠠᠵᠢᠴᠢ ᠨᠠᠢ᠌ᠳᠠᠯᠭ᠎ᠠ᠎ᠪᠠᠷ ᠦᠢ᠍ᠯᠡᠳᠪᠦᠷᠢᠯᠡᠬᠦ ᠮᠡᠳᠡᠭᠦᠯᠦᠯᠲᠡ᠎ᠶᠢᠨ ᠳᠦᠷᠢᠮ᠎ᠢ ᠬᠡᠷᠡᠭ᠌ᠵᠢᠭᠦᠯᠦᠭ᠌ᠰᠡᠨ ᠪᠠᠢᠳᠠᠯ;
(ᠭᠤᠷᠪᠠ) ᠨᠠᠢ᠌ᠳᠠᠯᠭ᠎ᠠ᠎ᠶᠢᠨ ᠬᠤᠶᠠᠷ ᠲᠠᠯ᠎ᠠ᠎ᠶᠢᠨ ᠢᠳᠡᠭᠡᠨ᠎ᠤ ᠠᠮᠤᠷ ᠲᠦᠪᠱᠢᠨ᠎ᠤ ᠬᠠᠮᠢᠶᠠᠷᠤᠯᠲᠠ᠎ᠶ᠋ᠢᠨ ᠳᠦᠷᠢᠮ᠎ᠤᠨ ᠪᠠᠢ᠌ᠭᠤᠯᠤᠯᠲᠠ ᠵᠢᠴᠢ ᠢᠳᠡᠭᠡᠨ᠎ᠤ ᠠᠮᠤᠷ ᠲᠦᠪᠱᠢᠨ᠎ᠤ ᠬᠠᠮᠢᠶᠠᠷᠤᠯᠲᠠ᠎ᠶ᠋ᠢᠨ ᠠᠵᠢᠯᠲᠠᠨ᠎ᠢ ᠲᠣᠬᠢᠷᠠᠭᠤᠯᠤᠭ᠍ᠰᠠᠨ ᠪᠠᠢᠳᠠᠯ;
(ᠲᠦᠷᠪᠡ) ᠨᠠᠢᠳᠠᠯᠭ᠎ᠠ᠎ᠶ᠋ᠢᠨ ᠲᠠᠯ᠎ᠠ ᠨᠢ ᠨᠠᠢᠳᠠᠯᠭ᠎ᠠ ᠬᠦᠯᠢᠶᠡᠭ᠌ᠰᠡᠨ ᠲᠠᠯ᠎ᠠ᠎ᠶ᠋ᠢᠨ ᠦᠢᠯᠡᠳᠪᠦᠷᠢᠯᠡᠯ᠎ᠤᠨ ᠠᠵᠢᠯᠯᠠᠭ᠎ᠠ᠎ᠳᠤ ᠬᠢᠨᠠᠯᠲᠠ ᠲᠠᠯᠪᠢᠭ᠍ᠰᠠᠨ ᠪᠠᠢᠳᠠᠯ;
(ᠲᠠᠪᠤ) ᠨᠠᠢᠳᠠᠯᠭ᠎ᠠ᠎ᠶ᠋ᠢᠨ ᠲᠠᠯ᠎ᠠ᠎ᠶ᠋ᠢᠨ ᠢᠳᠡᠭᠡᠨ᠎ᠤ ᠠᠮᠤᠷ ᠲᠦᠪᠱᠢᠨ᠎ᠤ ᠥᠪᠡᠷ᠎ᠢ᠎ᠪᠡᠨ ᠪᠠᠢᠴᠠᠭᠠᠬᠤ ᠠᠵᠢᠯ᠎ᠢ ᠥᠷᠨᠢᠭᠦᠯᠦᠭ᠌ᠰᠡᠨ ᠪᠠᠢᠳᠠᠯ;
(ᠵᠢᠷᠭᠤᠭ᠎ᠠ) ᠢᠳᠡᠭᠡᠨ᠎ᠤ ᠨᠠᠢ᠌ᠳᠠᠯᠭ᠎ᠠ᠎ᠪᠠᠷ ᠦᠢᠯᠡᠳᠪᠦᠷᠢᠯᠡᠬᠦ᠌ ᠲᠡᠮᠳᠡᠭ;
(ᠳᠤᠯᠤᠭ᠎ᠠ) ᠢᠳᠡᠭᠡᠨ᠎ᠤ ᠨᠠᠢ᠌ᠳᠠᠯᠭ᠎ᠠ᠎ᠪᠠᠷ ᠦᠢᠯᠡᠳᠪᠦᠷᠢᠯᠡᠭᠦᠯᠬᠦ᠌ᠶᠢ ᠱᠢᠯᠭᠠᠨ ᠪᠠᠢᠴᠠᠭᠠᠭ᠍ᠰᠠᠨ ᠲᠡᠮᠳᠡᠭ᠌ᠯᠡᠯ ᠵᠢᠴᠢ ᠦᠢᠯᠡᠳᠬᠦᠨ᠎ᠤ ᠦᠯᠢᠭᠡᠷ ᠡᠳ᠋;
(ᠨᠠᠢ᠍ᠮᠠ)《ᠢᠳᠡᠭᠡᠨ᠎ᠦ ᠦᠢᠯᠡᠳᠪᠦᠷᠢᠯᠡᠯ ᠡᠵᠡᠩᠨᠡᠯᠲᠡ᠎ᠳᠦ ᠬᠢᠨᠠᠯᠲᠠ ᠲᠠᠯᠪᠢᠵᠦ ᠪᠠᠢᠴᠠᠭᠠᠬᠤ ᠬᠠᠮᠢᠶᠠᠷᠤᠯᠲᠠ᠎ᠶ᠋ᠢᠨ ᠠᠷᠭ᠎ᠠ》᠎ᠶ᠋ᠢᠨ ᠲᠣᠭ᠍ᠲᠠᠭᠠᠯ ᠶᠣᠰᠣᠭᠠᠷ᠂ ᠭᠣᠤᠯᠳᠠᠯᠭ᠎ᠠ᠎ᠲᠠᠶ ᠪᠠᠢᠴᠠᠭᠠᠬᠤ ᠴᠢᠬᠤᠯᠠᠲᠠᠶ ᠪᠤᠰᠤᠳ ᠵᠦᠢ᠍ᠯᠡᠰ᠃
ᠬᠣᠷᠢᠳᠤᠭᠠᠷ ᠵᠤᠷᠪᠤᠰ ᠡᠯ᠎ᠡ ᠭᠠᠵᠠᠷ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠦᠳ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ᠂ ᠬᠡᠷᠡᠭ᠎ᠢ ᠪᠠᠢᠴᠠᠭᠠᠨ ᠱᠢᠶ᠋ᠳᠪᠦᠷᠢᠯᠡᠬᠦ᠌ ᠵᠡᠷᠭᠡ ᠠᠵᠢᠯ᠎ᠤᠨ ᠳᠤᠮᠳᠠ ᠮᠡᠳᠡᠭᠡ ᠵᠠᠩᠭᠢ᠎ᠶ᠋ᠢ ᠬᠠᠮᠲᠤᠪᠡᠷ ᠡᠳ᠋ᠯᠡᠬᠦ᠂ ᠬᠠᠤᠯᠢ ᠬᠡᠷᠡᠭ᠌ᠵᠢᠭᠦᠯᠬᠦ᠌ ᠬᠠᠮᠵᠢᠯᠴᠠᠭ᠎ᠠ᠎ᠪᠠᠨ ᠴᠢᠩᠭᠠᠳᠭᠠᠵᠤ᠂ ᠢᠳᠡᠭᠡᠨ᠎ᠦ ᠨᠠᠢ᠌ᠳᠠᠯᠭ᠎ᠠ᠎ᠪᠠᠷ ᠦᠢᠯᠡᠳᠪᠦᠷᠢᠯᠡᠬᠦ᠌ ᠠᠮᠤᠷ ᠲᠦᠪᠱᠢᠨ᠎ᠦ ᠲᠦᠭ᠌ᠰᠢᠭᠦᠷᠢ᠎ᠶ᠋ᠢ ᠬᠠᠮᠲᠤ᠎ᠪᠠᠷ ᠰᠡᠷᠭᠡᠢᠯᠡᠬᠦ᠌ ᠬᠡᠷᠡᠭ᠌ᠲᠡᠶ᠃
ᠱᠢᠶᠠᠨ᠎ᠤ ᠳᠡᠰ᠎ᠠᠴᠠ ᠳᠡᠭᠡᠭ᠌ᠰᠢᠬᠢ ᠣᠷᠣᠨ ᠨᠤᠲᠤᠭ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ ᠡᠴᠡ ᠨᠠᠢ᠌ᠳᠠᠯᠭ᠎ᠠ᠎ᠪᠠᠷ ᠦᠢᠯᠡᠳᠪᠦᠷᠢᠯᠡᠯ᠎ᠤᠨ ᠬᠠᠤᠯᠢ᠎ᠠᠴᠠ ᠵᠥᠷᠢᠴᠡᠭ᠌ᠰᠡᠨ ᠰᠦᠪᠡᠭ᠌ᠴᠢ᠎ᠶ᠋ᠢ ᠢᠯᠡᠷᠡᠭᠦᠯᠦᠭᠰᠡᠨ ᠪᠣᠯ᠂ ᠬᠠᠤᠯᠢ ᠶᠣᠰᠣᠭᠠᠷ ᠱᠢᠢᠳᠪᠦᠷᠢᠯᠡᠬᠦ᠌ ᠬᠡᠷᠡᠭ᠌ᠲᠡᠶ᠃ ᠨᠠᠢ᠌ᠳᠠᠯᠭ᠎ᠠ᠎ᠶᠢᠨ ᠲᠠᠯ᠎ᠠ ᠪᠤᠶᠤ ᠨᠠᠢᠳᠠᠯᠭ᠎ᠠ ᠬᠦᠯᠢᠶᠡᠭ᠌ᠰᠡᠨ ᠲᠠᠯ᠎ᠠ᠎ᠶ᠋ᠢᠨ ᠦᠢᠯᠡᠳᠪᠦᠷᠢᠯᠡᠯ ᠡᠵᠡᠩᠨᠡᠯᠲᠡ᠎ᠶ᠋ᠢᠨ ᠲᠠᠯᠠᠪᠤᠷ ᠨᠢ ᠲᠤᠰ ᠬᠠᠷᠢᠶ᠎ᠠ ᠣᠷᠣᠨ᠎ᠳᠦ ᠪᠠᠢᠬᠤ ᠦᠭᠡᠶ ᠪᠣᠯ᠂ ᠬᠠᠤᠯᠢ᠎ᠠᠴᠠ ᠵᠥᠷᠢᠴᠡᠭ᠌ᠰᠡᠨ ᠰᠦᠪᠡᠭ᠌ᠴᠢ᠎ᠶ᠋ᠢ ᠨᠠᠢ᠌ᠳᠠᠯᠭ᠎ᠠ᠎ᠶᠢᠨ ᠲᠠᠯ᠎ᠠ ᠪᠤᠶᠤ ᠨᠠᠢᠳᠠᠯᠭ᠎ᠠ ᠬᠦᠯᠢᠶᠡᠭ᠌ᠰᠡᠨ ᠲᠠᠯ᠎ᠠ᠎ᠶ᠋ᠢᠨ ᠦᠢᠯᠡᠳᠪᠦᠷᠢᠯᠡᠯ ᠡᠵᠡᠩᠨᠡᠯᠲᠡ᠎ᠶ᠋ᠢᠨ ᠲᠠᠯᠠᠪᠤᠷ ᠭᠠᠵᠠᠷ᠎ᠤᠨ ᠪᠠᠢᠭ᠎ᠠ ᠭᠠᠵᠠᠷ᠎ᠤᠨ ᠠᠳᠠᠯᠢ ᠳᠡᠰ᠎ᠦᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠲᠦ ᠴᠠᠭ ᠲᠤᠬᠠᠶ᠎ᠳᠤ ᠨᠢ ᠮᠡᠳᠡᠭ᠌ᠳᠡᠬᠦ᠌ ᠬᠡᠷᠡᠭ᠌ᠲᠡᠶ᠃ ᠮᠡᠳᠡᠭᠳᠡᠯ᠎ᠢ ᠬᠦᠯᠢᠶᠡᠨ ᠠᠪᠤᠭ᠍ᠰᠠᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ ᠬᠠᠤᠯᠢ ᠶᠣᠰᠣᠭᠠᠷ ᠬᠢᠨᠠᠨ ᠪᠠᠢᠴᠠᠭᠠᠬᠤ ᠠᠵᠢᠯ ᠥᠷᠨᠢᠭᠦᠯᠵᠦ᠍᠂ ᠢᠳᠡᠭᠡᠨ᠎ᠦ ᠠᠮᠤᠷ ᠲᠦᠪᠱᠢᠨ᠎ᠦ ᠲᠦᠭ᠌ᠰᠢᠭᠦᠷᠢ᠎ᠶ᠋ᠢ ᠴᠠᠭ ᠲᠤᠬᠠᠶ᠎ᠳᠤ ᠨᠢ ᠡᠵᠡᠮᠱᠢᠬᠦ᠌᠎ᠶ᠋ᠢᠨ ᠬᠠᠮᠲᠤ ᠨᠠᠢ᠌ᠳᠠᠯᠭ᠎ᠠ᠎ᠶᠢᠨ ᠲᠠᠯ᠎ᠠ ᠪᠤᠶᠤ ᠨᠠᠢ᠌ᠳᠠᠯᠭ᠎ᠠ ᠬᠦᠯᠢᠶᠡᠭᠰᠡᠨ ᠲᠠᠯ᠎ᠠ᠎ᠶ᠋ᠢᠨ ᠬᠠᠤᠯᠢ᠎ᠠᠴᠠ ᠵᠥᠷᠢᠴᠡᠭ᠌ᠰᠡᠨ ᠦᠢᠯᠡ ᠠᠵᠢᠯᠯᠠᠭ᠎ᠠ᠎ᠶ᠋ᠢ ᠬᠠᠤᠯᠢ ᠶᠣᠰᠣᠭᠠᠷ ᠱᠢᠶ᠋ᠳᠪᠦᠷᠢᠯᠡᠬᠦ᠌ ᠬᠡᠷᠡᠭ᠌ᠲᠡᠶ᠃
ᠬᠣᠷᠢᠨ ᠨᠢᠭᠡᠳᠦᠭᠡᠷ ᠵᠤᠷᠪᠤᠰ ᠱᠢᠶᠠᠨ᠎ᠤ ᠳᠡᠰ᠎ᠠᠴᠠ ᠳᠡᠭᠡᠭ᠌ᠰᠢᠬᠢ ᠣᠷᠣᠨ ᠨᠤᠲᠤᠭ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠦᠳ ᠨᠠᠢ᠌ᠳᠠᠯᠭ᠎ᠠ᠎ᠶᠢᠨ ᠬᠣᠶᠠᠷ ᠲᠠᠯ᠎ᠠ᠎ᠶ᠋ᠢᠨ ᠡᠳᠦᠷ ᠲᠤᠲᠤᠮ᠎ᠤᠨ ᠬᠢᠨᠠᠯᠲᠠ ᠪᠠᠢ᠌ᠴᠠᠭ᠋ᠠᠯᠲᠠ᠎ᠶᠢᠨ ᠦᠷ᠎ᠡ ᠳ᠋ᠦᠩ᠂ ᠬᠠᠤᠯᠢ᠎ᠠᠴᠠ ᠵᠥᠷᠢᠴᠡᠭ᠌ᠰᠡᠨ ᠦᠢᠯᠡ ᠠᠵᠢᠯᠯᠠᠭ᠎ᠠ᠎ᠶ᠋ᠢ ᠪᠠᠢᠴᠠᠭᠠᠨ ᠱᠢᠶ᠋ᠳᠪᠦᠷᠢᠯᠡᠭ᠌ᠰᠡᠨ ᠵᠡᠷᠭᠡ ᠪᠠᠢᠳᠠᠯ᠎ᠢᠶᠠᠨ ᠢᠳᠡᠭᠡᠨ᠎ᠦ ᠠᠮᠤᠷ ᠲᠦᠪᠱᠢᠨ᠎ᠦ ᠢᠲᠡᠭᠡᠮᠵᠢ᠎ᠶ᠋ᠢᠨ ᠳᠠᠩᠰᠠ ᠡᠪᠬᠡᠮᠡᠯ᠎ᠳᠦ ᠲᠡᠮᠳᠡᠭ᠌ᠯᠡᠬᠦ᠌ ᠬᠡᠷᠡᠭ᠌ᠲᠡᠶ᠃
ᠬᠣᠷᠢᠨ ᠬᠣᠶᠠᠳᠤᠭᠠᠷ ᠵᠤᠷᠪᠤᠰ ᠨᠠᠢ᠌ᠳᠠᠯᠭ᠎ᠠ᠎ᠶᠢᠨ ᠲᠠᠯ᠎ᠠ ᠨᠢ ᠲᠤᠰ ᠠᠷᠭ᠎ᠠ᠎ᠶ᠋ᠢᠨ ᠭᠤᠷᠪᠠᠳᠤᠭᠠᠷ ᠵᠤᠷᠪᠤᠰ᠎ᠦᠨ ᠨᠢᠭᠡᠳᠦᠭᠡᠷ ᠪᠠᠳᠠᠭ᠎ᠤᠨ ᠲᠣᠭ᠍ᠲᠠᠭᠠᠯ᠎ᠢ ᠵᠥᠷᠢᠴᠡᠭ᠌ᠰᠡᠨ ᠪᠣᠯ ᠱᠢᠶᠠᠨ᠎ᠤ ᠳᠡᠰ᠎ᠡᠴᠡ ᠳᠡᠭᠡᠭ᠌ᠰᠢᠬᠢ ᠣᠷᠣᠨ ᠨᠤᠲᠤᠭ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠡᠴᠡ ᠵᠠᠷᠯᠢᠭ᠍ᠳᠠᠵᠤ ᠪᠠᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠨ᠎ᠠ; ᠬᠤᠭᠤᠴᠠᠭ᠎ᠠ ᠥᠩᠭᠡᠷᠡᠭᠡᠳ ᠵᠠᠯᠠᠷᠠᠭᠤᠯᠬᠤ ᠦᠭᠡᠶ ᠪᠤᠶᠤ ᠦᠢᠯᠡ ᠪᠠᠢᠳᠠᠯ ᠨᠢ ᠬᠦᠨᠳᠦ ᠨᠣᠴᠢᠲᠠᠶ ᠪᠣᠯ ᠭᠤᠷᠪᠠᠨ ᠲᠦᠮᠡᠨ ᠲᠥᠭᠥᠷᠢᠭ᠎ᠡᠴᠡ ᠳᠡᠭᠡᠭ᠌ᠰᠢ ᠠᠷᠪᠠᠨ ᠲᠦᠮᠡᠨ ᠲᠥᠭᠥᠷᠢᠭ᠎ᠡᠴᠡ ᠳᠣᠷᠣᠭ᠍ᠰᠢ ᠵᠣᠭᠣᠰ᠎ᠢᠶᠡᠷ ᠲᠣᠷᠭᠠᠵᠤ ᠰᠢᠢ᠍ᠳᠬᠡᠨ᠎ᠡ᠃
ᠨᠠᠢᠳᠠᠯᠭ᠎ᠠ ᠬᠦᠯᠢᠶᠡᠭ᠌ᠰᠡᠨ ᠲᠠᠯ᠎ᠠ ᠨᠢ ᠲᠤᠰ ᠠᠷᠭ᠎ᠠ᠎ᠶ᠋ᠢᠨ ᠳᠥᠷᠪᠡᠳᠦᠭᠡᠷ ᠵᠤᠷᠪᠤᠰ᠎ᠦᠨ ᠲᠣᠭ᠍ᠲᠠᠭᠠᠯ᠎ᠢ ᠵᠥᠷᠢᠴᠡᠭ᠌ᠰᠡᠨ ᠪᠣᠯ ᠱᠢᠶᠠᠨ᠎ᠤ ᠳᠡᠰ᠎ᠠᠴᠠ ᠳᠡᠭᠡᠭ᠌ᠰᠢᠬᠢ ᠣᠷᠣᠨ ᠨᠤᠲᠤᠭ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠡᠴᠡ 《ᠢᠳᠡᠭᠡᠨ᠎ᠤ ᠦᠢ᠍ᠯᠡᠳᠪᠦᠷᠢᠯᠡᠯ᠎ᠦᠨ ᠵᠦᠪᠰᠢᠶᠡᠷᠡᠯ᠎ᠦᠨ ᠬᠠᠮᠢᠶᠠᠷᠤᠯᠲᠠ᠎ᠶ᠋ᠢᠨ ᠠᠷᠭ᠎ᠠ》᠎ᠶ᠋ᠢᠨ ᠳᠥᠴᠢ ᠶᠢᠰᠦᠳᠦᠭᠡᠷ ᠵᠤᠷᠪᠤᠰ᠂ ᠲᠠᠪᠢᠨ ᠭᠤᠷᠪᠠᠳᠤᠭᠠᠷ ᠵᠤᠷᠪᠤᠰ᠎ᠦᠨ ᠭᠤᠷᠪᠠᠳᠤᠭᠠᠷ ᠪᠠᠳᠠᠭ᠎ᠤᠨ ᠲᠣᠭ᠍ᠲᠠᠭᠠᠯ ᠶᠣᠰᠣᠭᠠᠷ ᠰᠢᠢ᠍ᠳᠬᠡᠨ ᠲᠣᠷᠭᠠᠬᠤ ᠬᠡᠷᠡᠭ᠌ᠲᠡᠶ᠃
ᠬᠣᠷᠢᠨ ᠭᠤᠷᠪᠠᠳᠤᠭᠠᠷ ᠵᠤᠷᠪᠤᠰ ᠳᠣᠤᠷᠠᠬᠢ ᠪᠠᠢᠳᠠᠯ᠎ᠤᠨ ᠨᠢᠭᠡ ᠨᠢ ᠪᠠᠢᠪᠠᠯ᠂ ᠱᠢᠶᠠᠨ᠎ᠤ ᠳᠡᠰ᠎ᠠᠴᠠ ᠳᠡᠭᠡᠭ᠌ᠰᠢᠬᠢ ᠣᠷᠣᠨ ᠨᠤᠲᠤᠭ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠡᠴᠡ ᠵᠠᠷᠯᠢᠭ᠍ᠳᠠᠨ ᠵᠠᠯᠠᠷᠠᠭᠤᠯᠵᠤ᠂ ᠲᠠᠪᠤᠨ ᠲᠦᠮᠡᠨ ᠲᠥᠭᠥᠷᠢᠭ᠎ᠡᠴᠡ ᠳᠣᠷᠣᠭ᠍ᠰᠢ ᠵᠣᠭᠣᠰ᠎ᠢᠶᠠᠷ ᠲᠣᠷᠭᠠᠵᠤ ᠰᠢᠢ᠍ᠳᠬᠡᠨ᠎ᠡ᠄
(ᠨᠢᠭᠡ) ᠨᠠᠢ᠌ᠳᠠᠯᠭ᠎ᠠ᠎ᠶᠢᠨ ᠲᠠᠯ᠎ᠠ ᠨᠢ ᠲᠤᠰ ᠠᠷᠭ᠎ᠠ᠎ᠶᠢᠨ ᠭᠤᠷᠪᠠᠳᠤᠭᠠᠷ ᠵᠤᠷᠪᠤᠰᠦ᠋ᠨ ᠬᠣᠶᠠᠳᠤᠭᠠᠷ ᠪᠠᠳᠠᠭ᠎ᠤ᠋ᠨ ᠲᠣᠭ᠍ᠲᠠᠭᠠᠯ᠎ᠢ᠋ ᠵᠥᠷᠢᠴᠡᠵᠦ᠂ ᠪᠦᠷᠢᠨ ᠪᠦᠲᠦᠨ ᠤᠷ᠎ᠠ ᠮᠡᠷᠭᠡᠵᠢᠯ᠎ᠢᠶᠠᠷ ᠦᠢᠯᠡᠳᠪᠦᠷᠢᠯᠡᠬᠦ᠌ ᠴᠢᠬᠤᠯᠠᠲᠠᠢ ᠢᠳᠡᠭᠡᠨ᠎ᠦ᠌ ᠬᠡᠰᠡᠭ ᠭᠣᠭᠴᠣᠭ᠎ᠠ᠎ᠶᠢ ᠨᠠᠢ᠌ᠳᠠᠯᠭ᠎ᠠ᠎ᠪᠠᠷ ᠦᠢ᠍ᠯᠡᠳᠪᠦᠷᠢᠯᠡᠭᠦᠯᠦᠭᠰᠡᠨ;
(ᠬᠤᠶᠠᠷ) ᠨᠠᠢ᠌ᠳᠠᠯᠭ᠎ᠠ᠎ᠶᠢᠨ ᠲᠠᠯ᠎ᠠ ᠨᠢ ᠨᠠᠢᠳᠠᠯᠭ᠎ᠠ ᠬᠦᠯᠢᠶᠡᠭ᠌ᠰᠡᠨ ᠲᠠᠯ᠎ᠠ ᠲᠤᠰ ᠠᠷᠭ᠎ᠠ᠎ᠶ᠋ᠢᠨ ᠳᠥᠷᠪᠡᠳᠦᠭᠡᠷ ᠵᠤᠷᠪᠤᠰ᠎ᠳᠤ ᠲᠣᠭ᠍ᠲᠠᠭᠠᠭ᠍ᠰᠠᠨ ᠦᠢᠯᠡᠳᠪᠦᠷᠢᠯᠡᠬᠦ᠌ ᠴᠢᠳᠠᠪᠤᠷᠢ ᠪᠠ ᠢᠳᠡᠭᠡᠨ᠎ᠦ ᠠᠮᠤᠷ ᠲᠦᠪᠱᠢᠨ᠎ᠢ ᠪᠠᠲᠤᠯᠠᠬᠤ ᠴᠢᠳᠠᠪᠤᠷᠢ ᠪᠠᠢᠬᠤ ᠦᠭᠡᠢ᠎ᠶ᠋ᠢ ᠲᠣᠳᠣᠷᠬᠠᠢ ᠮᠡᠳᠡᠵᠤ ᠪᠠᠢ᠌ᠭ᠋ᠠᠳ ᠮᠦᠨ ᠦᠢ᠍ᠯᠡᠳᠪᠦᠷᠢᠯᠡᠭᠦᠯᠦᠭᠰᠡᠨ;
(ᠭᠤᠷᠪᠠ) ᠨᠠᠢ᠌ᠳᠠᠯᠭ᠎ᠠ᠎ᠶᠢᠨ ᠲᠠᠯ᠎ᠠ᠂ ᠨᠠᠢᠳᠠᠯᠭ᠎ᠠ ᠬᠦᠯᠢᠶᠡᠭ᠌ᠰᠡᠨ ᠲᠠᠯ᠎ᠠ ᠨᠢ ᠲᠤᠰ ᠠᠷᠭ᠎ᠠ᠎ᠶ᠋ᠢᠨ ᠨᠠᠶ᠋ᠮᠠᠳᠤᠭᠠᠷ ᠵᠤᠷᠪᠤᠰ᠎ᠦᠨ ᠲᠣᠭ᠍ᠲᠠᠭᠠᠯ᠎ᠠᠴᠠ ᠵᠥᠷᠢᠴᠡᠵᠦ᠂ ᠨᠥᠭᠥᠭᠡ ᠲᠠᠯ᠎ᠠ᠎ᠶᠢᠨ ᠬᠢᠷᠢ ᠭᠡᠮ᠎ᠤᠨ ᠭᠡᠷᠡᠴᠢ ᠭᠡᠷᠡᠴᠢᠯᠡᠯ᠎ᠢ ᠬᠠᠤᠯᠢ ᠶᠣᠰᠣᠭᠠᠷ ᠪᠠᠢᠴᠠᠭᠠᠨ ᠱᠢᠯᠭᠠᠭ᠍ᠰᠠᠨ ᠦᠭᠡᠶ ᠪᠥᠭᠡᠳ ᠲᠡᠮᠳᠡᠭ᠌ᠯᠡᠵᠦ᠍ ᠬᠠᠳᠠᠭᠠᠯᠠᠭ᠍ᠰᠠᠨ ᠦᠭᠡᠶ᠂ ᠡᠰᠡᠬᠦᠯ᠎ᠡ ᠲᠡᠮᠳᠡᠭᠯᠡᠨ ᠬᠠᠳᠠᠭᠠᠯᠠᠬᠤ ᠬᠤᠭᠤᠴᠠᠭ᠎ᠠ ᠨᠢ ᠲᠣᠭ᠍ᠲᠠᠭᠠᠯ᠎ᠳᠤ ᠨᠡᠢᠴᠡᠬᠦ᠌ ᠦᠭᠡᠶ;
(ᠲᠦᠷᠪᠡ) ᠨᠠᠢ᠌ᠳᠠᠯᠭ᠎ᠠ᠎ᠶᠢᠨ ᠲᠠᠯ᠎ᠠ᠂ ᠨᠠᠢᠳᠠᠯᠭ᠎ᠠ ᠬᠦᠯᠢᠶᠡᠭ᠌ᠰᠡᠨ ᠲᠠᠯ᠎ᠠ ᠨᠢ ᠲᠤᠰ ᠠᠷᠭ᠎ᠠ᠎ᠶ᠋ᠢᠨ ᠶᠢᠰᠦᠳᠦᠭᠡᠷ ᠵᠤᠷᠪᠤᠰ᠎ᠦᠨ ᠳᠥᠷᠪᠡᠳᠦᠭᠡᠷ ᠪᠠᠳᠠᠭ᠎ᠤᠨ ᠲᠣᠭ᠍ᠲᠠᠭᠠᠯ᠎ᠢ ᠵᠥᠷᠢᠴᠡᠵᠦ᠂ ᠲᠤᠭᠲᠠᠭ᠋ᠠᠭᠰᠠᠨ ᠨᠠᠢᠳᠠᠯᠭ᠎ᠠ᠎ᠪᠠᠷ ᠦᠢ᠍ᠯᠡᠳᠪᠦᠷᠢᠯᠡᠬᠦ ᠭᠡᠷ᠎ᠡ᠂ ᠡᠰᠡᠬᠦᠯ᠎ᠡ ᠲᠠᠸᠠᠷ᠎ᠤᠨ ᠲᠡᠮᠳᠡᠭ᠌᠎ᠤᠨ ᠵᠦᠪᠰᠢᠶᠡᠷᠡᠯ᠎ᠦᠨ ᠭᠡᠷ᠎ᠡ᠎ᠶᠢ ᠬᠠᠭᠤᠷᠮᠠᠭᠯᠠᠨ ᠵᠢᠭᠡᠯᠡᠬᠦ᠂ ᠣᠨᠴᠠᠭ᠋ᠠᠢ ᠵᠥᠪᠱᠢᠶᠡᠷᠡᠬᠦ᠌ ᠡᠵᠡᠩᠨᠡᠯᠲᠡ᠎ᠶ᠋ᠢᠨ ᠭᠡᠷ᠎ᠡ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ᠂ ᠲᠤᠰ ᠪᠡᠶ᠎ᠡ᠎ᠶ᠋ᠢᠨ ᠬᠠᠤᠯᠢ ᠶᠣᠰᠣᠭᠠᠷ ᠡᠭᠦᠷᠭᠡᠯᠡᠪᠡᠰᠦ ᠵᠤᠬᠢᠬᠤ ᠢᠳᠡᠭᠡᠨ᠎ᠦ ᠠᠮᠤᠷ ᠲᠦᠪᠱᠢᠨ᠎ᠦ ᠬᠠᠷᠢᠭᠤᠴᠠᠯᠭ᠎ᠠ᠎ᠶ᠋ᠢ ᠬᠥᠩᠭᠡᠯᠡᠬᠦ᠌ ᠪᠤᠶᠤ ᠬᠡᠯᠲᠦᠷᠢᠭᠦᠯᠦᠭᠰᠡᠨ;
(ᠲᠠᠪᠤ) ᠨᠠᠢ᠌ᠳᠠᠯᠭ᠎ᠠ᠎ᠶᠢᠨ ᠲᠠᠯ᠎ᠠ ᠨᠢ ᠲᠤᠰ ᠠᠷᠭ᠎ᠠ᠎ᠶᠢᠨ ᠠᠷᠪᠠᠨ ᠨᠢᠭᠡᠳᠦᠭᠡᠷ ᠵᠤᠷᠪᠤᠰᠦ᠋ᠨ ᠬᠣᠶᠠᠳᠤᠭᠠᠷ ᠪᠠᠳᠠᠭ᠎ᠤ᠋ᠨ ᠲᠣᠭ᠍ᠲᠠᠭᠠᠯ᠎ᠢ ᠵᠥᠷᠢᠴᠡᠵᠦ᠂ ᠨᠡᠢ᠌ᠳᠠᠯᠭ᠎ᠠ ᠬᠦᠯᠢᠶᠡᠭᠰᠡᠨ ᠲᠠᠯ᠎ᠠ᠎ᠶᠢᠨ ᠬᠠᠤᠯᠢ ᠶᠣᠰᠣᠭᠠᠷ ᠪᠠᠷᠠᠭ᠎ᠠ ᠣᠷᠣᠭᠣᠯᠬᠣ᠎ᠶᠢ ᠪᠠᠢᠴᠠᠭᠠᠨ ᠰᠢᠯᠭ᠋ᠠᠵᠦ ᠲᠡᠮᠳᠡᠭ᠌ᠯᠡᠬᠦ᠌ ᠡᠭᠦᠷᠭᠡ᠎ᠪᠡᠨ ᠭᠦᠢᠴᠡᠳᠭᠡᠬᠦ᠌᠎ᠶᠢ ᠲᠡᠪᠴᠢᠭᠰᠡᠨ᠂ ᠬᠠᠷᠰᠢᠯᠠᠭᠰᠠᠨ᠂ ᠨᠦᠯᠦᠭᠡᠯᠡᠭᠰᠡᠨ᠃
ᠬᠣᠷᠢᠨ ᠳᠥᠷᠪᠡᠳᠦᠭᠡᠷ ᠵᠤᠷᠪᠤᠰ ᠳᠣᠤᠷᠠᠬᠢ ᠪᠠᠢᠳᠠᠯ᠎ᠤᠨ ᠨᠢᠭᠡ ᠨᠢ ᠪᠠᠢᠪᠠᠯ᠂ ᠱᠢᠶᠠᠨ᠎ᠤ ᠳᠡᠰ᠎ᠠᠴᠠ ᠳᠡᠭᠡᠭ᠌ᠰᠢᠬᠢ ᠣᠷᠣᠨ ᠨᠤᠲᠤᠭ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠢᠳᠡᠭᠡᠨ᠎ᠦ ᠠᠮᠤᠷ ᠲᠦᠪᠱᠢᠨ᠎ᠦ ᠬᠠᠤᠯᠢ》᠎ᠶ᠋ᠢᠨ ᠵᠠᠭᠤ ᠬᠣᠷᠢᠨ ᠵᠢᠷᠭᠤᠳᠤᠭᠠᠷ ᠵᠤᠷᠪᠤᠰ᠎ᠦᠨ ᠨᠢᠭᠡᠳᠦᠭᠡᠷ ᠪᠠᠳᠠᠭ᠎ᠤᠨ ᠲᠣᠭ᠍ᠲᠠᠭᠠᠯ ᠶᠣᠰᠣᠭᠠᠷ ᠲᠣᠷᠭ᠋ᠠᠵᠤ ᠰᠢᠢ᠍ᠳᠬᠡᠨ᠎ᠡ᠄
(ᠨᠢᠭᠡ) ᠨᠠᠢ᠌ᠳᠠᠯᠭ᠎ᠠ᠎ᠶᠢᠨ ᠲᠠᠯ᠎ᠠ ᠨᠢ ᠲᠤᠰ ᠠᠷᠭ᠎ᠠ᠎ᠶ᠋ᠢᠨ ᠲᠠᠪᠤᠳᠤᠭᠠᠷ ᠵᠤᠷᠪᠤᠰ᠎ᠦᠨ ᠲᠣᠭ᠍ᠲᠠᠭᠠᠯ᠎ᠢ ᠵᠦᠷᠢᠴᠡᠵᠦ᠂ ᠢᠳᠡᠭᠡᠨ᠎ᠦ ᠠᠮᠤᠷ ᠲᠦᠪᠰᠢᠨ᠎ᠦ ᠬᠠᠮᠢᠶᠠᠷᠤᠯᠲᠠ᠎ᠶ᠋ᠢᠨ ᠳᠦᠷᠢᠮ ᠪᠠᠢᠭᠤᠯᠤᠭ᠍ᠰᠠᠨ ᠦᠭᠡᠶ ᠪᠤᠶᠤ ᠢᠳᠡᠭᠡᠨ᠎ᠦ ᠠᠮᠤᠷ ᠲᠦᠪᠰᠢᠨ᠎ᠦ ᠬᠠᠮᠢᠶᠠᠷᠤᠯᠲᠠ᠎ᠶ᠋ᠢᠨ ᠠᠵᠢᠯᠲᠠᠨ ᠲᠣᠬᠢᠷᠠᠭᠤᠯᠤᠭ᠍ᠰᠠᠨ ᠦᠭᠡᠶ;
(ᠬᠤᠶᠠᠷ) ᠨᠠᠢ᠌ᠳᠠᠯᠭ᠎ᠠ᠎ᠶᠢᠨ ᠲᠠᠯ᠎ᠠ ᠨᠢ ᠲᠤᠰ ᠠᠷᠭ᠎ᠠ᠎ᠶ᠋ᠢᠨ ᠠᠷᠪᠠᠨ ᠲᠠᠪᠤᠳᠤᠭᠠᠷ ᠵᠤᠷᠪᠤᠰ᠎ᠦᠨ ᠲᠣᠭ᠍ᠲᠠᠭᠠᠯ᠎ᠢ ᠵᠥᠷᠢᠴᠡᠵᠦ᠂ ᠨᠠᠢ᠌ᠳᠠᠯᠭ᠎ᠠ᠎ᠪᠠᠷ ᠦᠢᠯᠡᠳᠪᠦᠷᠢᠯᠡᠭᠦᠯᠦᠭ᠌ᠰᠡᠨ ᠢᠳᠡᠭᠡᠨ᠎ᠦ ᠠᠮᠤᠷ ᠲᠦᠪᠰᠢᠨ᠎ᠦ ᠪᠠᠢᠳᠠᠯ᠎ᠳᠤ ᠲᠣᠭ᠍ᠲᠠᠮᠠᠯ ᠬᠤᠭᠤᠴᠠᠭ᠎ᠠ᠎ᠲᠠᠶ᠎ᠪᠠᠷ ᠪᠠᠢᠴᠠᠭᠠᠯᠲᠠ ᠬᠢᠭ᠌ᠰᠡᠨ ᠦᠭᠡᠶ;
(ᠭᠤᠷᠪᠠ) ᠨᠠᠢ᠌ᠳᠠᠯᠭ᠎ᠠ᠎ᠶᠢᠨ ᠲᠠᠯ᠎ᠠ᠂ ᠨᠠᠢᠳᠠᠯᠭ᠎ᠠ ᠬᠦᠯᠢᠶᠡᠭ᠌ᠰᠡᠨ ᠲᠠᠯ᠎ᠠ ᠨᠢ ᠲᠤᠰ ᠠᠷᠭ᠎ᠠ᠎ᠶ᠋ᠢᠨ ᠠᠷᠪᠠᠨ ᠵᠢᠷᠭᠤᠳᠤᠭᠠᠷ ᠵᠤᠷᠪᠤᠰ᠎ᠦᠨ ᠨᠢᠭᠡᠳᠦᠭᠡᠷ ᠪᠠᠳᠠᠭ᠂ ᠬᠣᠶᠠᠳᠤᠭᠠᠷ ᠪᠠᠳᠠᠭ᠎ᠤᠨ ᠲᠣᠭ᠍ᠲᠠᠭᠠᠯ᠎ᠠᠴᠠ ᠵᠥᠷᠢᠴᠡᠵᠦ᠍᠂ ᠵᠣᠬᠢᠴᠠᠩᠭᠤᠶ ᠱᠢᠯᠭᠠᠨ ᠪᠠᠢᠴᠠᠭᠠᠬᠤ ᠡᠭᠦᠷᠭᠡ᠎ᠪᠡᠨ ᠭᠦᠢᠴᠡᠳᠭᠡᠭ᠌ᠰᠡᠨ ᠦᠭᠡᠶ᠃
ᠬᠣᠷᠢᠨ ᠲᠠᠪᠤᠳᠤᠭᠠᠷ ᠵᠤᠷᠪᠤᠰ ᠨᠠᠢ᠌ᠳᠠᠯᠭ᠎ᠠ᠎ᠶᠢᠨ ᠲᠠᠯ᠎ᠠ᠂ ᠨᠠᠢᠳᠠᠯᠭ᠎ᠠ ᠬᠦᠯᠢᠶᠡᠭ᠌ᠰᠡᠨ ᠲᠠᠯ᠎ᠠ ᠨᠢ ᠲᠤᠰ ᠠᠷᠭ᠎ᠠ᠎ᠶ᠋ᠢᠨ ᠠᠷᠪᠠᠳᠤᠭᠠᠷ ᠵᠤᠷᠪᠤᠰ᠎ᠦᠨ ᠲᠣᠭ᠍ᠲᠠᠭᠠᠯ᠎ᠢ ᠵᠥᠷᠢᠴᠡᠵᠦ᠂ ᠮᠡᠳᠡᠭᠦᠯᠦᠯᠲᠡ᠎ᠶᠢᠨ ᠡᠭᠦᠷᠭᠡ᠎ᠪᠡᠨ ᠬᠠᠤᠯᠢ ᠶᠣᠰᠣᠭᠠᠷ ᠭᠦᠢᠴᠡᠳᠭᠡᠭ᠌ᠰᠡᠨ ᠦᠭᠡᠶ ᠪᠣᠯ ᠰᠢᠶᠠᠨ᠎ᠤ ᠳᠡᠰ᠎ᠠᠴᠠ ᠳᠡᠭᠡᠭ᠌ᠰᠢᠬᠢ ᠣᠷᠣᠨ ᠨᠤᠲᠤᠭ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠡᠴᠡ ᠵᠠᠷᠯᠢᠭ᠍ᠳᠠᠨ ᠵᠠᠯᠠᠷᠠᠭᠤᠯᠵᠤ᠂ ᠰᠡᠷᠡᠮᠵᠢ ᠥᠭ᠌ᠬᠦ ᠬᠡᠷᠡᠭ᠌ᠲᠡᠶ; ᠵᠠᠯᠠᠷᠠᠭᠤᠯᠬᠤ᠎ᠶᠢ ᠲᠡᠪᠴᠢᠭᠰᠡᠨ ᠪᠠᠢ᠌ᠪᠠᠯ ᠬᠣᠶᠠᠷ ᠮᠢᠩᠭᠠᠨ ᠲᠥᠭᠥᠷᠢᠭ᠎ᠡᠴᠡ ᠳᠡᠭᠡᠭ᠌ᠰᠢ ᠨᠢᠭᠡ ᠲᠦᠮᠡᠨ ᠲᠥᠭᠥᠷᠢᠭ᠎ᠡᠴᠡ ᠳᠣᠷᠣᠭ᠍ᠰᠢ ᠵᠣᠭᠣᠰ᠎ᠢᠶᠠᠷ ᠲᠣᠷᠭ᠋ᠠᠵᠤ ᠰᠢᠢ᠍ᠳᠬᠡᠨ᠎ᠡ᠃
ᠮᠡᠳᠡᠭᠦᠯᠦᠯᠲᠡ ᠬᠢᠬᠦ᠎ᠳᠦ ᠬᠤᠳᠠᠯ ᠬᠠᠭᠤᠷᠮᠠᠭ ᠮᠡᠳᠡᠭᠡ ᠵᠠᠩᠭᠢ ᠬᠠᠩᠭᠠᠭᠰᠠᠨ ᠪᠣᠯ ᠰᠢᠶᠠᠨ ᠤ ᠳᠡᠰ᠎ᠡᠴᠡ ᠳᠡᠭᠡᠭᠰᠢᠬᠢ ᠣᠷᠣᠨ ᠨᠤᠲᠤᠭ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶᠢᠨ ᠰᠠᠯᠠᠭ᠎ᠠ ᠮᠥᠴᠢᠷ ᠡᠴᠡ ᠲᠠᠪᠤᠨ ᠮᠢᠩᠭᠠᠨ ᠲᠥᠭᠥᠷᠢᠭ ᠡᠴᠡ ᠳᠡᠭᠡᠭᠰᠢ ᠭᠤᠷᠪᠠᠨ ᠲᠦᠮᠡᠨ ᠲᠥᠭᠥᠷᠢᠭ ᠡᠴᠡ ᠳᠣᠷᠣᠭᠰᠢ ᠵᠣᠭᠣᠰ ᠢᠶᠡᠷ ᠲᠤᠷᠠᠭ᠋ᠠᠵᠤ ᠰᠢᠢ᠍ᠳᠬᠡᠨ᠎ᠡ᠃
ᠬᠣᠷᠢᠨ ᠵᠢᠷᠭᠤᠳᠤᠭᠠᠷ ᠵᠤᠷᠪᠤᠰ ᠨᠠᠢ᠌ᠳᠠᠯᠭ᠎ᠠ᠎ᠶᠢᠨ ᠲᠠᠯ᠎ᠠ᠂ ᠨᠠᠢ᠌ᠳᠠᠯᠭ᠎ᠠ ᠬᠦᠯᠢᠶᠡᠭᠰᠡᠨ ᠲᠠᠯ᠎ᠠ ᠨᠢ ᠲᠤᠰ ᠠᠷᠭ᠎ᠠ᠎ᠶᠢᠨ ᠠᠷᠪᠠᠨ ᠨᠢᠭᠡᠳᠦᠭᠡᠷ ᠵᠤᠷᠪᠤᠰ᠎ᠤᠨ ᠨᠢᠭᠡᠳᠦᠭᠡᠷ ᠪᠠᠳᠠᠭ᠎ᠤᠨ ᠲᠣᠭᠲᠠᠭᠠᠯ ᠠᠴᠠ ᠵᠥᠷᠢᠴᠡᠵᠦ᠂ ᠬᠠᠩᠭᠠᠭᠰᠠᠨ ᠢᠳᠡᠭᠡᠨ᠎ᠤ ᠲᠦᠭᠦᠬᠡᠶ ᠮᠠᠲ᠋ᠧᠷᠢᠶᠠᠯ᠂ ᠢᠳᠡᠭᠡᠨ᠎ᠤ ᠨᠡᠮᠡᠯᠲᠡ ᠡᠳ᠋᠂ ᠢᠳᠡᠭᠡᠨ ᠲᠡᠶ ᠰᠢᠭᠤᠳ ᠬᠦᠷᠦᠯᠴᠡᠬᠦ ᠪᠣᠭᠣᠳᠠᠯ᠎ᠤᠨ ᠮᠠᠲ᠋ᠧᠷᠢᠶᠠᠯ ᠨᠢ ᠢᠳᠡᠭᠡᠨ᠎ᠤ ᠠᠮᠤᠷ ᠲᠦᠪᠰᠢᠨ᠎ᠤ ᠪᠠᠷᠢᠮᠵᠢᠶ᠎ᠠ᠎ᠳᠤ ᠨᠡᠢ᠌ᠴᠡᠬᠦ ᠦᠭᠡᠶ ᠪᠣᠯ ᠰᠢᠶᠠᠨ᠎ᠤ ᠳᠡᠰ᠎ᠡᠴᠡ ᠳᠡᠭᠡᠭᠰᠢᠬᠢ ᠣᠷᠣᠨ ᠨᠤᠲᠤᠭ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠰᠠᠯᠠᠭ᠎ᠠ ᠮᠥᠴᠢᠷ ᠡᠴᠡ 《ᠪᠦᠭᠦᠳᠡ ᠨᠠᠢ᠌ᠷᠠᠮᠳᠤᠬᠤ ᠳᠤᠮᠳᠠᠳᠤ ᠠᠷᠠᠳ ᠤᠯᠤᠰ ᠤᠨ ᠢᠳᠡᠭᠡᠨ᠎ᠤ ᠠᠮᠤᠷ ᠲᠦᠪᠰᠢᠨ᠎ᠤ ᠬᠠᠤᠯᠢ》᠎ᠶᠢᠨ ᠵᠠᠭᠤ ᠬᠣᠷᠢᠨ ᠲᠠᠪᠤᠳᠤᠭᠠᠷ ᠵᠤᠷᠪᠤᠰ᠎ᠤᠨ ᠨᠢᠭᠡᠳᠦᠭᠡᠷ ᠪᠠᠳᠠᠭ᠎ᠤᠨ ᠲᠣᠭᠲᠠᠭᠠᠯ ᠶᠣᠰᠣᠭᠠᠷ ᠨᠠᠢ᠌ᠳᠠᠯᠭ᠎ᠠ᠎ᠶᠢᠨ ᠲᠠᠯ᠎ᠠ᠂ ᠨᠠᠢ᠌ᠳᠠᠯᠭ᠎ᠠ ᠬᠦᠯᠢᠶᠡᠭᠰᠡᠨ ᠲᠠᠯ᠎ᠠ᠎ᠳᠤ ᠰᠢᠢ᠍ᠳᠬᠡᠯ ᠥᠭᠭᠦᠨ᠎ᠡ᠃
ᠬᠣᠷᠢᠨ ᠳᠣᠯᠣᠳᠤᠭᠠᠷ ᠵᠤᠷᠪᠤᠰ ᠨᠠᠢ᠌ᠳᠠᠯᠭ᠎ᠠ᠎ᠪᠠᠷ ᠦᠢᠯᠡᠳᠪᠦᠷᠢᠯᠡᠭᠦᠯᠦᠭ᠌ᠰᠡᠨ ᠣᠷᠢᠳᠴᠢᠯᠠᠨ ᠪᠣᠭᠣᠳᠠᠯᠯᠠᠭᠰᠠᠨ ᠢᠳᠡᠭᠡᠨ᠎ᠦ ᠱᠣᠱᠢᠭ᠎ᠠ ᠨᠢ ᠲᠤᠰ ᠠᠷᠭ᠎ᠠ᠎ᠶ᠋ᠢᠨ ᠠᠷᠪᠠᠨ ᠭᠤᠷᠪᠠᠳᠤᠭᠠᠷ ᠵᠤᠷᠪᠤᠰ᠎ᠦᠨ ᠲᠣᠭ᠍ᠲᠠᠭᠠᠯ᠎ᠳᠤ ᠨᠡᠢᠴᠡᠬᠦ᠌ ᠦᠭᠡᠶ ᠪᠣᠯ ᠱᠢᠶᠠᠨ᠎ᠤ ᠳᠡᠰ᠎ᠠᠴᠠ ᠳᠡᠭᠡᠭ᠌ᠰᠢᠬᠢ ᠣᠷᠣᠨ ᠨᠤᠲᠤᠭ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠡᠴᠡ 《ᠢᠳᠡᠭᠡᠨ᠎ᠦ ᠲᠡᠮᠳᠡᠭ᠎ᠦᠨ ᠬᠢᠨᠠᠯᠲᠠ ᠬᠠᠮᠢᠶᠠᠷᠤᠯᠲᠠ᠎ᠶ᠋ᠢᠨ ᠠᠷᠭ᠎ᠠ》᠎ᠶ᠋ᠢᠨ ᠬᠣᠯᠪᠣᠭ᠍ᠳᠠᠯ ᠪᠦᠬᠦᠢ ᠲᠣᠭ᠍ᠲᠠᠭᠠᠯ ᠶᠣᠰᠣᠭᠠᠷ ᠨᠠᠢ᠌ᠳᠠᠯᠭ᠎ᠠ᠎ᠶᠢᠨ ᠬᠣᠶᠠᠷ ᠲᠠᠯ᠎ᠠ᠎ᠳᠦ ᠰᠢᠢ᠍ᠳᠬᠡᠯ ᠥᠭᠭᠦᠨ᠎ᠡ᠃
ᠬᠣᠷᠢᠨ ᠨᠠᠶ᠋ᠮᠠᠳᠤᠭᠠᠷ ᠵᠤᠷᠪᠤᠰ ᠨᠠᠢ᠌ᠳᠠᠯᠭ᠎ᠠ᠎ᠪᠠᠷ ᠦᠢᠯᠡᠳᠪᠦᠷᠢᠯᠡᠭᠦᠯᠦᠭ᠌ᠰᠡᠨ ᠢᠳᠡᠭᠡᠨ ᠨᠢ ᠬᠠᠤᠯᠢ ᠴᠠᠭᠠᠵᠠ ᠬᠠᠤᠯᠢ ᠲᠣᠭ᠍ᠲᠠᠭᠠᠯ ᠪᠤᠶᠤ ᠢᠳᠡᠭᠡᠨ᠎ᠦ ᠠᠮᠤᠷ ᠲᠦᠪᠱᠢᠨ᠎ᠦ ᠪᠠᠷᠢᠮᠵᠢᠶ᠎ᠠ᠎ᠳᠤ ᠨᠡᠢᠴᠡᠬᠦ᠌ ᠦᠭᠡᠶ ᠪᠣᠯ ᠱᠢᠶᠠᠨ᠎ᠤ ᠳᠡᠰ᠎ᠠᠴᠠ ᠳᠡᠭᠡᠭ᠌ᠰᠢᠬᠢ ᠣᠷᠣᠨ ᠨᠤᠲᠤᠭ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠡᠴᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭ᠍ᠲᠠᠭᠠᠯ᠎ᠤᠨ ᠲᠣᠭ᠍ᠲᠠᠭᠠᠯ ᠶᠣᠰᠣᠭᠠᠷ ᠨᠠᠢ᠌ᠳᠠᠯᠭ᠎ᠠ᠎ᠶᠢᠨ ᠲᠠᠯ᠎ᠠ᠂ ᠨᠠᠢ᠌ᠳᠠᠯᠭ᠎ᠠ ᠬᠦᠯᠢᠶᠡᠭᠰᠡᠨ ᠲᠠᠯ᠎ᠠ᠎ᠳᠤ ᠰᠢᠢ᠍ᠳᠬᠡᠯ ᠥᠭᠭᠦᠨ᠎ᠡ᠃
ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠡᠴᠡ ᠡᠮᠦᠨᠡᠬᠢ ᠵᠦᠢ᠍ᠯ ᠵᠤᠷᠪᠤᠰ᠎ᠤᠨ ᠲᠣᠭ᠍ᠲᠠᠭᠠᠯ ᠶᠣᠰᠣᠭᠠᠷ ᠨᠠᠢᠳᠠᠯᠭ᠎ᠠ᠎ᠶ᠋ᠢᠨ ᠲᠠᠯ᠎ᠠ᠂ ᠨᠠᠢᠳᠠᠯᠭ᠎ᠠ ᠬᠦᠯᠢᠶᠡᠭᠰᠡᠨ ᠲᠠᠯ᠎ᠠ᠎ᠳᠤ ᠱᠢᠢᠳᠭᠡᠯ ᠥᠭ᠌ᠬᠦ᠎ᠳᠤ᠂ ᠳᠣᠣᠷ᠎ᠠ ᠵᠢᠭ᠍ᠰᠠᠭᠠᠭ᠍ᠰᠠᠨ ᠪᠠᠢᠳᠠᠯ᠎ᠤᠨ ᠨᠢᠭᠡ᠎ᠨᠢ ᠪᠠᠢᠪᠠᠯ᠂ ᠬᠠᠤᠯᠢ ᠶᠣᠰᠣᠭᠠᠷ ᠬᠦᠨᠳᠦ᠍᠎ᠪᠠᠷ ᠱᠢᠢᠳᠭᠡᠬᠦ᠌ ᠬᠡᠷᠡᠭ᠌ᠲᠡᠶ᠄
(ᠨᠢᠭᠡ) ᠨᠠᠢ᠌ᠳᠠᠯᠭ᠎ᠠ᠎ᠶᠢᠨ ᠲᠠᠯ᠎ᠠ ᠨᠢ ᠦᠳᠦᠭᠡᠬᠦ᠂ ᠠᠯᠪᠠᠳᠠᠬᠤ ᠪᠤᠶᠤ ᠬᠡᠯᠪᠡᠷᠢ ᠦᠭᠡᠷᠡᠲᠦᠭᠦᠯᠦᠨ ᠠᠯᠪᠠᠳᠠᠵᠦ ᠪᠠᠢ᠌ᠭ᠋ᠠᠳ ᠬᠠᠤᠯᠢ ᠴᠠᠭᠠᠵᠠ ᠬᠠᠤᠯᠢ ᠲᠣᠭ᠍ᠲᠠᠭᠠᠯ ᠪᠤᠶᠤ ᠢᠳᠡᠭᠡᠨ᠎ᠦ ᠠᠮᠤᠷ ᠲᠦᠪᠱᠢᠨ᠎ᠦ ᠪᠠᠷᠢᠮᠵᠢᠶ᠎ᠠ᠎ᠶ᠋ᠢ ᠵᠥᠷᠢᠴᠡᠭᠰᠡᠨ ᠢᠳᠡᠭᠡᠨ ᠦᠢᠯᠡᠳᠪᠦᠷᠢᠯᠡᠬᠦ᠌ ᠠᠵᠢᠯᠯᠠᠭ᠎ᠠ ᠥᠷᠨᠢᠭᠦᠯᠦᠭ᠌ᠰᠡᠨ᠎ᠳᠤ;
(ᠬᠤᠶᠠᠷ) ᠨᠠᠢᠳᠠᠯᠭ᠎ᠠ᠎ᠶ᠋ᠢᠨ ᠲᠠᠯ᠎ᠠ ᠨᠢ ᠲᠤᠰ ᠠᠷᠭ᠎ᠠ᠎ᠶ᠋ᠢᠨ ᠲᠣᠭ᠍ᠲᠠᠭᠠᠯ ᠶᠣᠰᠣᠭᠠᠷ ᠨᠠᠢᠳᠠᠯᠭ᠎ᠠ ᠬᠦᠯᠢᠶᠡᠭ᠌ᠰᠡᠨ ᠲᠠᠯ᠎ᠠ᠎ᠶ᠋ᠢᠨ ᠦᠢ᠍ᠯᠡᠳᠪᠦᠷᠢᠯᠡᠬᠦ ᠠᠵᠢᠯᠯᠠᠭ᠎ᠠ᠎ᠳᠤ ᠬᠢᠨᠠᠯᠲᠠ ᠲᠠᠯᠪᠢᠭ᠍ᠰᠠᠨ ᠦᠭᠡᠢ᠎ᠳᠦ;
(ᠭᠤᠷᠪᠠ) ᠨᠠᠢᠳᠠᠯᠭ᠎ᠠ ᠬᠦᠯᠢᠶᠡᠭ᠌ᠰᠡᠨ ᠲᠠᠯ᠎ᠠ ᠨᠢ ᠨᠠᠢᠳᠠᠯᠭ᠎ᠠ᠎ᠪᠡᠷ ᠦᠢᠯᠡᠳᠪᠦᠷᠢᠯᠡᠭ᠌ᠰᠡᠨ ᠢᠳᠡᠭᠡᠨ ᠨᠢ ᠬᠠᠤᠯᠢ ᠴᠠᠭᠠᠵᠠ ᠬᠠᠤᠯᠢ ᠲᠣᠭ᠍ᠲᠠᠭᠠᠯ ᠪᠤᠶᠤ ᠢᠳᠡᠭᠡᠨ᠎ᠦ ᠠᠮᠤᠷ ᠲᠦᠪᠱᠢᠨ᠎ᠦ ᠪᠠᠷᠢᠮᠵᠢᠶ᠎ᠠ᠎ᠳᠤ ᠨᠡᠢᠴᠡᠬᠦ᠌ ᠦᠭᠡᠢ ᠪᠠᠢᠬᠤ᠎ᠶ᠋ᠢ ᠮᠡᠳᠡᠵᠤ ᠪᠠᠢᠭᠠᠳ ᠮᠥᠨ ᠨᠠᠢᠳᠠᠯᠭ᠎ᠠ᠎ᠪᠠᠷ ᠦᠢ᠍ᠯᠡᠳᠪᠦᠷᠢᠯᠡᠬᠦ᠎ᠶᠢ ᠬᠦᠯᠢᠶᠠᠨ ᠠᠪᠤᠭᠰᠠᠨ᠎ᠳᠤ;
(ᠲᠦᠷᠪᠡ) ᠨᠠᠢᠳᠠᠯᠭ᠎ᠠ ᠬᠦᠯᠢᠶᠡᠭ᠌ᠰᠡᠨ ᠲᠠᠯ᠎ᠠ᠎ᠨᠢ ᠨᠠᠢᠳᠠᠯᠭ᠎ᠠ᠎ᠶ᠋ᠢᠨ ᠲᠠᠯ᠎ᠠ᠎ᠠᠴᠠ ᠲᠤᠰ ᠠᠷᠭ᠎ᠠ᠎ᠶ᠋ᠢᠨ ᠲᠣᠭ᠍ᠲᠠᠭᠠᠯ ᠶᠣᠰᠣᠭᠠᠷ ᠬᠢᠨᠠᠯᠲᠠ ᠲᠠᠯᠪᠢᠬᠤ᠎ᠠᠴᠠ ᠵᠠᠢ᠌ᠯᠠᠭᠰᠠᠨ᠎ᠳᠤ;
(ᠲᠠᠪᠤ) ᠬᠠᠤᠯᠢ ᠶᠣᠰᠣᠭᠠᠷ ᠬᠦᠨᠳᠦ᠍᠎ᠪᠡᠷ ᠰᠢᠢ᠍ᠳᠬᠡᠬᠦ ᠴᠢᠬᠤᠯᠠᠲᠠᠢ ᠪᠤᠰᠤᠳ ᠪᠠᠢᠳᠠᠯ᠃
ᠬᠣᠷᠢ ᠶᠢᠰᠦᠳᠦᠭᠡᠷ ᠵᠤᠷᠪᠤᠰ ᠬᠠᠤᠯᠢ ᠴᠠᠭᠠᠵᠠ᠂ ᠵᠠᠰᠠᠭ ᠵᠠᠬᠢᠷᠭᠠᠨ᠎ᠤ ᠬᠠᠤᠯᠢ ᠲᠣᠭ᠍ᠲᠠᠭᠠᠯ᠂ ᠰᠠᠯᠠᠭ᠎ᠠ ᠮᠥᠴᠢᠷ᠎ᠦᠨ ᠳᠦᠷᠢᠮ ᠲᠣᠭ᠍ᠲᠠᠭᠠᠯ᠂ ᠤᠯᠤᠰ᠎ᠤᠨ ᠬᠣᠯᠪᠣᠭ᠍ᠳᠠᠯ ᠪᠦᠬᠦᠢ ᠲᠣᠭ᠍ᠲᠠᠭᠠᠯ ᠨᠢ ᠣᠨᠴᠠᠭ᠋ᠠᠢ ᠢᠳᠡᠭᠡᠨ᠎ᠤ ᠦᠢᠯᠡᠳᠪᠦᠷᠢᠯᠡᠬᠦ᠌᠂ ᠪᠣᠯᠪᠠᠰᠤᠷᠠᠭᠤᠯᠬᠤ ᠲᠤᠬᠠᠶ ᠲᠣᠭ᠍ᠲᠠᠭᠠᠯ᠎ᠲᠠᠶ ᠪᠣᠯ ᠲᠡᠷᠡ ᠲᠣᠭ᠍ᠲᠠᠭᠠᠯ ᠶᠣᠰᠣᠭᠠᠷ ᠬᠢᠬᠦ᠌ ᠬᠡᠷᠡᠭ᠌ᠲᠡᠶ᠃
ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠬᠢᠯᠢ᠎ᠶ᠋ᠢᠨ ᠳᠣᠲᠣᠷ᠎ᠠ ᠨᠠᠢ᠌ᠳᠠᠯᠭ᠎ᠠ᠎ᠪᠠᠷ ᠦᠢ᠍ᠯᠡᠳᠪᠦᠷᠢᠯᠡᠬᠦ ᠨᠢ ᠵᠥᠪᠬᠡᠨ ᠭᠠᠳᠠᠭᠠᠳᠤ᠎ᠳᠤ ᠭᠠᠷᠭᠠᠬᠤ ᠢᠳᠡᠭᠡᠨ ᠵᠢᠴᠢ ᠬᠢᠯᠢ᠎ᠶ᠋ᠢᠨ ᠭᠠᠳᠠᠨᠠᠬᠢ ᠠᠵᠤ ᠠᠬᠤᠢᠯᠠᠯ᠎ᠤᠳ ᠬᠢᠯᠢ᠎ᠶ᠋ᠢᠨ ᠳᠣᠲᠣᠷᠠᠬᠢ ᠢᠳᠡᠭᠡᠨ ᠦᠢᠯᠡᠳᠪᠦᠷᠢᠯᠡᠭ᠌ᠴᠢᠳᠲᠦ ᠨᠠᠢ᠌ᠳᠠᠯᠭ᠎ᠠ᠎ᠪᠠᠷ ᠢᠳᠡᠭᠡᠨ ᠦᠢᠯᠡᠳᠪᠦᠷᠢᠯᠡᠭᠦᠯᠦᠭ᠌ᠰᠡᠨ᠎ᠳᠤ᠂ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠢᠳᠡᠭᠡᠨ᠎ᠦ ᠠᠮᠤᠷ ᠲᠦᠪᠱᠢᠨ᠎ᠦ ᠬᠠᠤᠯᠢ》 ᠵᠢᠴᠢ ᠬᠡᠷᠡᠭ᠌ᠵᠢᠭᠦᠯᠬᠦ᠌ ᠳᠦᠷᠢᠮ᠎ᠦᠨ ᠢᠳᠡᠭᠡᠨ᠎ᠦ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠬᠤ ᠬᠣᠯᠪᠣᠭ᠍ᠳᠠᠯ ᠪᠦᠬᠦᠢ ᠲᠣᠭ᠍ᠲᠠᠭᠠᠯ ᠶᠣᠰᠣᠭᠠᠷ ᠬᠡᠷᠡᠭ᠌ᠵᠢᠭᠦᠯᠬᠦ᠌ ᠬᠡᠷᠡᠭ᠌ᠲᠡᠶ᠃
ᠭᠤᠴᠢᠳᠤᠭᠠᠷ ᠵᠤᠷᠪᠤᠰ ᠲᠣᠰ ᠠᠷᠭ᠎ᠠ᠎ᠶ᠋ᠢ 2026 ᠣᠨ᠎ᠤ 12 ᠳ᠋ᠤᠭᠠᠷ ᠰᠠᠷ᠎ᠠ᠎ᠶ᠋ᠢᠨ 1᠎ᠤ ᠡᠳᠦᠷ᠎ᠠᠴᠠ ᠡᠬᠢᠯᠡᠵᠦ᠍ ᠬᠡᠷᠡᠭ᠌ᠵᠢᠭᠦᠯᠦᠨ᠎ᠡ᠃